ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠵᠢᠨ ᠭᠤᠴᠢᠨ ᠲᠤᠯᠤᠳᠤᠭ᠋ᠠᠷ ᠤᠳᠠᠭ᠎ᠠ ᠵᠢᠨ ᠬᠠᠮᠳᠤ ᠵᠢᠨ ᠰᠤᠷᠤᠯᠴᠠᠯᠭ᠎ᠠ ᠲᠡᠭᠡᠷ᠎ᠠ ᠴᠢᠬᠤᠯᠠᠴᠢᠯᠠᠬᠰᠠᠨ᠎ᠨᠢ ᠲᠤᠮᠳᠠᠳᠤ ᠤᠯᠤᠰ᠎ᠤᠨ ᠬᠦᠮᠦᠨ᠎ᠤ ᠡᠷᠬᠡ ᠵᠢᠨ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2022-02-28

      ᠰᠢᠨᠬᠤᠸᠠ ᠬᠤᠷᠢᠶᠠᠨ᠎ᠤ ᠪᠡᠭᠡᠵᠢᠩ᠎ᠤᠨ 2 ᠰᠠᠷ᠎ᠠ ᠵᠢᠨ 26᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ 2 ᠰᠠᠷ᠎ᠠ ᠵᠢᠨ 25᠎ᠤ ᠦᠳᠡ ᠵᠢᠨ ᠬᠤᠶ᠋ᠢᠨ᠎ᠠ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠬᠥᠭᠵᠢᠯᠲᠡ ᠵᠢᠨ ᠵᠠᠮ᠎ᠤᠨ ᠲᠤᠬᠠᠢ ᠭᠤᠴᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ ᠬᠥᠮᠦᠨ᠎ᠤ ᠡᠷᠬᠡ ᠵᠢ ᠬᠦᠨᠳᠦᠳᠭᠡᠨ ᠪᠠᠲᠤᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠴᠥᠬᠦᠷᠡᠰᠢ ᠦᠭᠡᠢ ᠬᠥᠭᠡᠭᠡᠴᠡᠯᠳᠦᠯ ᠮᠥᠨ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ᠎ᠳᠤ᠂ ᠨᠠᠮ᠎ᠠᠴᠠ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠥᠮᠦᠨ᠎ᠤ ᠡᠷᠬᠡ ᠵᠢ ᠲᠡᠮᠡᠴᠡᠨ ᠤᠯᠬᠤ᠂ ᠬᠥᠮᠦᠨ᠎ᠤ ᠡᠷᠬᠡ ᠵᠢ ᠬᠦᠨᠳᠦᠳᠭᠡᠬᠦ᠂ ᠬᠥᠮᠦᠨ᠎ᠤ ᠡᠷᠬᠡ ᠵᠢ ᠪᠠᠲᠤᠯᠠᠬᠤ᠂ ᠬᠥᠮᠦᠨ᠎ᠤ ᠡᠷᠬᠡ ᠵᠢ ᠬᠥᠭᠵᠢᠭᠦᠯᠬᠦ ᠵᠢᠨ ᠲᠥᠯᠥᠭᠡ ᠬᠢᠭᠰᠡᠨ ᠴᠥᠬᠦᠷᠡᠰᠢ ᠦᠭᠡᠢ ᠴᠢᠷᠮᠠᠶ᠋ᠢᠯᠭ᠎ᠠ ᠲᠤᠭᠤᠰᠢᠯᠠᠬᠳᠠᠵᠤ ᠪᠤᠢ᠃ ᠮᠠᠨ᠎ᠤ ᠤᠯᠤᠰ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ ᠰᠢᠨ᠎ᠡ ᠠᠶᠠᠨ᠎ᠢ ᠡᠬᠢᠯᠡᠭᠦᠯᠪᠡ᠂ ᠪᠢᠳᠡ ᠬᠥᠮᠦᠨ᠎ᠤ ᠡᠷᠬᠡ ᠵᠢᠨ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠴᠢᠨᠠᠷ ᠪᠠ ᠲᠤᠯᠭ᠋ᠠᠮ ᠴᠢᠨᠠᠷ᠎ᠢ ᠭᠦᠨᠵᠡᠭᠡᠢ ᠲᠠᠨᠢᠵᠤ᠂ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠬᠥᠮᠦᠨ᠎ᠤ ᠡᠷᠬᠡ ᠵᠢ ᠬᠦᠨᠳᠦᠳᠭᠡᠨ ᠪᠠᠲᠤᠯᠠᠬᠤ ᠵᠢ ᠨᠡᠩ ᠴᠢᠬᠤᠯᠠᠴᠢᠯᠠᠵᠤ᠂ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃

      ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠰᠤᠳᠤᠯᠭ᠋ᠠᠨ᠎ᠤ ᠨᠡᠶ᠋ᠢᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠯᠦ᠍ ᠭᠤᠸᠠᠩ ᠵᠢᠨ ᠨᠥᠬᠦᠷ ᠲᠤᠰ ᠠᠰᠠᠭᠤᠳᠠᠯ᠎ᠤᠨ ᠲᠤᠬᠠᠢ ᠲᠠᠶ᠋ᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠥᠬᠦᠳ ᠲᠡᠭᠦᠨ᠎ᠤ ᠲᠠᠶ᠋ᠢᠯᠤᠮᠵᠢ ᠵᠢ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃

      ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠮᠦᠨ᠎ᠤ ᠡᠷᠬᠡ ᠵᠢ ᠬᠦᠨᠳᠦᠳᠭᠡᠨ ᠪᠠᠲᠤᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠴᠥᠬᠦᠷᠡᠰᠢ ᠦᠭᠡᠢ ᠬᠥᠭᠡᠭᠡᠴᠡᠯᠳᠦᠯ ᠮᠥᠨ᠃ ᠮᠠᠨ᠎ᠤ ᠨᠠᠮ ᠪᠠᠶ᠋ᠢᠭᠤᠯᠤᠭᠳᠠᠭᠰᠠᠨ ᠡᠳᠦᠷ᠎ᠠᠴᠠ᠎ᠪᠠᠨ ᠠᠪᠤᠭ᠋ᠠᠳ 《ᠠᠷᠠᠳᠴᠢᠯᠠᠯ᠎ᠢ ᠲᠡᠮᠡᠴᠡᠨ ᠤᠯᠬᠤ᠂ ᠬᠥᠮᠦᠨ᠎ᠤ ᠡᠷᠬᠡ ᠵᠢ ᠲᠡᠮᠡᠴᠡᠨ ᠤᠯᠬᠤ》 ᠲᠤᠭ᠎ᠢ ᠥᠨᠳᠥᠷ ᠮᠠᠨᠳᠤᠭᠤᠯᠵᠤ᠂ ᠤᠯᠤᠰ ᠵᠶ᠋ᠠᠨ ᠠᠪᠤᠷᠠᠵᠤ ᠠᠷᠠᠳ ᠵᠶ᠋ᠠᠨ ᠠᠪᠤᠷᠠᠬᠤ᠂ ᠬᠥᠮᠦᠨ᠎ᠤ ᠡᠷᠬᠡ ᠵᠢ ᠲᠡᠮᠡᠴᠡᠨ ᠤᠯᠬᠤ ᠵᠣᠷᠢᠯᠲᠠ᠎ᠪᠠᠨ ᠲᠣᠳᠣᠷᠬᠠᠢ ᠢᠯᠡᠷᠬᠡᠶ᠋ᠢᠯᠡᠭᠰᠡᠨ ᠶᠤᠮ᠃ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠴᠠᠭ ᠦᠶ᠎ᠡ᠎ᠳᠤ᠂ ᠨᠡᠶ᠋ᠢᠭᠡᠮ ᠵᠢᠷᠤᠮ᠎ᠤᠨ ᠬᠤᠪᠢᠰᠬᠠᠯ ᠪᠠ ᠪᠦᠳᠦᠭᠡᠨ ᠪᠠᠶ᠋ᠢᠭᠤᠯᠤᠯᠲᠠ ᠵᠢᠨ ᠴᠠᠭ ᠦᠶ᠎ᠡ᠎ᠳᠤ᠂ ᠥᠭᠡᠷᠡᠴᠢᠯᠡᠯᠲᠡ ᠨᠡᠭᠡᠭᠡᠯᠳᠠ ᠪᠠ ᠨᠡᠶ᠋ᠢᠭᠡᠮ ᠵᠢᠷᠤᠮ᠎ᠤᠨ ᠤᠳᠤᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ᠎ᠳᠤ᠂ ᠮᠠᠨ᠎ᠤ ᠨᠠᠮ ᠴᠥᠮ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠣᠯᠭᠤᠬᠤ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠪᠠᠲᠤ ᠡᠵᠡᠮᠳᠡᠵᠦ᠂ ᠠᠷᠠᠳ ᠲᠦᠮᠡᠨ᠎ᠢ ᠤᠳᠤᠷᠢᠳᠤᠨ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠠᠭᠤᠤ ᠶᠡᠭᠡ ᠢᠯᠠᠯᠲᠠ ᠵᠢ ᠣᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠤᠯᠤᠰ ᠬᠡᠷ᠂ ᠨᠡᠶ᠋ᠢᠭᠡᠮ ᠨᠠᠶ᠋ᠢᠳᠠ ᠪᠠ ᠥᠪᠡᠷ᠎ᠤᠨ ᠬᠤᠪᠢ ᠵᠠᠶᠠᠭ᠎ᠠ᠎ᠪᠠᠨ ᠡᠵᠡᠨ ᠮᠡᠳᠡᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠵᠢᠨ ᠡᠷᠬᠡ ᠪᠠ ᠪᠤᠰᠤᠳ ᠡᠯ᠎ᠡ ᠵᠦᠢ᠍ᠯ᠎ᠤᠨ ᠦᠨᠳᠦᠰᠦᠨ ᠡᠷᠬᠡ ᠵᠢᠨ ᠪᠠᠲᠤᠯᠠᠭ᠎ᠠ ᠲᠠᠰᠤᠷᠠᠯᠳᠠ ᠦᠭᠡᠢ ᠤᠷᠤᠭᠰᠢ ᠠᠬᠢᠪᠠ ᠭᠡᠵᠤ ᠴᠢᠬᠤᠯᠠᠴᠢᠯᠠᠵᠠᠢ᠃

      ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠬᠥᠮᠦᠨ᠎ᠤ ᠡᠷᠬᠡ ᠵᠢ ᠬᠦᠨᠳᠦᠳᠭᠡᠨ ᠪᠠᠲᠤᠯᠠᠬᠤ ᠵᠢ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠵᠢᠨ ᠴᠢᠬᠤᠯᠠ ᠠᠵᠢᠯ ᠪᠣᠯᠭ᠋ᠠᠬᠤ ᠵᠢ ᠪᠠᠷᠢᠮᠲᠠᠯᠠᠵᠤ᠂ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠤᠯᠬᠤ ᠵᠢ ᠠᠬᠢᠭᠤᠯᠪᠠ᠃ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠲᠤᠶ᠋ᠢᠯ᠎ᠤᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠵᠦ᠂ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ᠎ᠳᠤ ᠨᠡᠩ ᠪᠠᠲᠤ ᠪᠠᠬᠢ ᠪᠣᠳᠠᠰ᠎ᠤᠨ ᠰᠠᠭᠤᠷᠢ ᠵᠢ ᠲᠠᠯᠪᠢᠵᠤ ᠥᠭᠴᠡᠢ᠃ ᠪᠢᠳᠡ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠦᠭᠡᠢ ᠬᠥᠭᠵᠢᠭᠦᠯᠵᠦ᠂ ᠬᠥᠮᠦᠨ᠎ᠤ ᠡᠷᠬᠡ ᠵᠢᠨ ᠬᠠᠤᠯᠢᠵᠢᠯ᠎ᠤᠨ ᠪᠠᠲᠤᠯᠠᠭ᠎ᠠ ᠵᠢ ᠠᠬᠢᠭᠤᠯᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠡᠷᠡᠰ ᠬᠠᠮᠠᠭ᠋ᠠᠯᠠᠵᠤ᠂ ᠠᠷᠠᠳ ᠲᠦᠮᠡᠨ ᠨᠡᠩ ᠥᠷᠭᠡᠨ ᠳᠡᠯᠭᠡᠷ᠂ ᠨᠡᠩ ᠪᠦᠷᠢᠨ ᠭᠦᠢ᠍ᠴᠡᠳ᠂ ᠨᠡᠩ ᠪᠦᠬᠦ ᠲᠠᠯ᠎ᠠ ᠵᠢᠨ ᠠᠷᠠᠳᠴᠢᠯᠠᠯ᠎ᠤᠨ ᠡᠷᠬᠡ ᠵᠢ ᠡᠳ᠋ᠯᠡᠪᠡ᠃ ᠪᠢᠳᠡ ᠨᠡᠩ ᠭᠦᠢ᠍ᠴᠡᠳ᠂ ᠨᠡᠩ ᠴᠢᠨᠠᠷ ᠰᠠᠶ᠋ᠢᠲᠠᠢ ᠠᠵᠢᠯ ᠣᠯᠭᠤᠯᠲᠠ ᠵᠢ ᠪᠡᠶᠡᠯᠡᠭᠦᠯᠬᠦ ᠵᠢ ᠠᠬᠢᠭᠤᠯᠵᠤ᠂ ᠳᠡᠯᠡᠬᠡᠢ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ ᠰᠤᠷᠭ᠋ᠠᠨ ᠬᠥᠮᠦᠵᠢᠯ᠎ᠤᠨ ᠰᠢᠰᠲ᠋ᠧᠮ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠰᠢᠰᠲ᠋ᠧᠮ᠎ᠢ ᠪᠠᠶ᠋ᠢᠭᠤᠯᠵᠤ᠂ ᠠᠷᠠᠳ᠎ᠤᠨ ᠠᠮᠢᠳᠤᠷᠠᠯ᠎ᠤᠨ ᠣᠷᠴᠢᠨ ᠨᠥᠬᠦᠴᠡᠯ᠎ᠤᠨ ᠴᠢᠨᠠᠷ ᠴᠢᠨᠰᠠᠭ᠎ᠠ ᠵᠢ ᠶᠡᠭᠡ᠎ᠪᠠᠷ ᠰᠠᠶ᠋ᠢᠵᠢᠷᠠᠭᠤᠯᠪᠠ᠃ ᠪᠢᠳᠡ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠬᠦᠴᠦᠲᠡᠶ ᠠᠷᠭ᠋ᠠᠴᠡᠭ᠋ᠠᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭ᠋ᠠᠯᠠᠪᠠ᠃ ᠪᠢᠳᠠ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠪᠠ ᠱᠠᠰᠢᠨ ᠰᠤᠷᠲᠠᠬᠤᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠶ᠋ᠢᠬᠤ ᠵᠢ ᠪᠠᠷᠢᠮᠲᠠᠯᠠᠨ᠂ ᠤᠯᠠᠨ ᠲᠦᠮᠡᠨ᠎ᠤ ᠱᠠᠰᠢᠨ ᠰᠢᠲᠦᠯᠭᠡ ᠵᠢ ᠬᠦᠨᠳᠦᠳᠭᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠪᠠ᠃ ᠪᠢᠳᠡ ᠬᠠᠤᠯᠢ ᠴᠠᠭ᠋ᠠᠵᠠ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠠᠮᠤᠭᠤᠯᠠᠩᠳᠤ ᠳᠤᠮᠳᠠᠳᠤ ᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠭᠦᠨᠵᠡᠭᠡᠶ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ ᠥᠷᠨᠢᠭᠦᠯᠵᠦ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠡᠶ᠋ᠢᠭᠡᠮ᠎ᠤᠨ ᠣᠷᠳᠣ ᠬᠤᠭᠤᠴᠠᠭ᠋ᠠᠨ᠎ᠤ ᠲᠣᠭᠲᠠᠭᠤᠨ᠎ᠢ ᠪᠠᠲᠤᠯᠠᠵᠤ᠂ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠪᠠ᠃ ᠮᠠᠨ᠎ᠤ ᠤᠯᠤᠰ ᠪᠣᠯ ᠳᠡᠯᠡᠬᠡᠢ ᠳᠡᠭᠡᠷᠡᠬᠢ ᠴᠤᠷ᠎ᠤᠨ ᠭᠠᠭᠴᠠ ᠲᠦᠷᠪᠡᠨ ᠬᠤᠭᠤᠴᠠᠭ᠎ᠠ ᠤᠯᠤᠰ᠎ᠤᠨ ᠬᠥᠮᠦᠨ᠎ᠤ ᠡᠷᠬᠡ ᠵᠢᠨ ᠠᠵᠢᠯᠯᠠᠭ᠋ᠠᠨ᠎ᠤ ᠲᠥᠯᠥᠪᠯᠡᠭᠡ ᠵᠢ ᠦᠷᠬᠦᠯᠵᠢᠯᠡᠨ ᠲᠣᠭᠲᠠᠭ᠋ᠠᠵᠤ ᠬᠡᠷᠡᠭᠵᠢᠭᠦᠯᠦᠭᠰᠡᠨ ᠭᠤᠣᠯ ᠪᠤᠯᠬᠤ ᠲᠤᠮᠤ ᠤᠯᠤᠰ ᠪᠣᠯᠤᠨ᠎ᠠ᠃ ᠪᠢᠳᠡ ᠪᠦᠬᠦ ᠪᠥᠮᠪᠥᠷᠴᠡᠭ᠎ᠤᠨ ᠬᠥᠮᠦᠨ᠎ᠤ ᠡᠷᠬᠡ ᠵᠢᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠳᠡᠯᠡᠬᠡᠢ ᠵᠢᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ᠎ᠳᠤ ᠳᠤᠮᠳᠠᠳᠤ ᠤᠯᠤᠰ᠎ᠤᠨ ᠬᠤᠪᠢ ᠨᠡᠮᠡᠷᠢ ᠵᠢ ᠦᠵᠡᠭᠦᠯᠵᠦ᠂ ᠳᠤᠮᠳᠠᠳᠤ ᠤᠯᠤᠰ᠎ᠤᠨ ᠲᠥᠰᠦᠯ᠎ᠢ ᠬᠠᠩᠭ᠋ᠠᠪᠠ ᠭᠡᠵᠤ ᠵᠢᠭ᠋ᠠᠵᠤ ᠭᠠᠷᠭ᠋ᠠᠵᠠᠢ᠃

      ᠰᠢ ᠵᠢᠨ ᠫᠢᠩ᠂ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠦᠢ᠍ᠯᠡᠳᠦᠯᠭᠡ ᠳᠤᠮᠳᠠ᠂ ᠪᠢᠳᠡ ᠮᠠᠷᠺᠰ᠎ᠤᠨ ᠦᠵᠡᠯ᠎ᠤᠨ ᠬᠥᠮᠦᠨ᠎ᠤ ᠡᠷᠬᠡ ᠵᠢᠨ ᠦᠵᠡᠯᠲᠡ ᠵᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠵᠤ᠂ ᠮᠠᠨ᠎ᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠥᠮᠦᠨ᠎ᠤ ᠡᠷᠬᠡ ᠵᠢ ᠬᠦᠨᠳᠦᠳᠭᠡᠬᠦ ᠪᠠ ᠪᠠᠲᠤᠯᠠᠬᠤ ᠠᠮᠵᠢᠯᠲᠠ᠎ᠲᠠᠢ ᠲᠤᠷᠰᠢᠯᠭ᠎ᠠ ᠵᠢ ᠳ᠋ᠦᠩᠨᠡᠵᠦ᠂ ᠬᠥᠮᠦᠨ ᠲᠥᠷᠥᠯᠬᠢᠲᠡᠨ᠎ᠤ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ ᠵᠶ᠋ᠠᠷ ᠲᠤᠯᠢ ᠪᠣᠯᠭ᠋ᠠᠵᠤ᠂ ᠴᠠᠭ ᠦᠶ᠎ᠡ ᠵᠢᠨ ᠤᠷᠤᠰᠬᠠᠯ᠎ᠢ ᠲᠠᠭ᠋ᠠᠭᠰᠠᠠ᠂ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠲᠤᠬᠢᠷᠠᠭᠰᠠᠠ ᠬᠥᠮᠦᠨ᠎ᠤ ᠡᠷᠬᠡ ᠵᠢᠨ ᠬᠥᠭᠵᠢᠯᠲᠡ ᠵᠢᠨ ᠵᠠᠮ᠎ᠢ ᠨᠡᠭᠡᠭᠡᠵᠡᠢ᠃ ᠨᠢᠭᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠳᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠪᠠᠶ᠋ᠢᠭᠤᠯᠤᠯ᠎ᠨᠢ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠨᠡᠶ᠋ᠢᠭᠡᠮ ᠵᠢᠷᠤᠮ᠎ᠤᠨ ᠰᠢᠨᠵᠢ ᠴᠢᠨᠠᠷ᠎ᠢ ᠲᠣᠭᠲᠠᠭ᠋ᠠᠵᠤ᠂ ᠪᠢᠳᠡᠨ᠎ᠤ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ ᠵᠢ ᠪᠠᠲᠤᠯᠠᠵᠤ᠂ ᠡᠷᠬᠡ ᠲᠡᠭᠰᠢ ᠬᠠᠮᠲᠤ᠎ᠪᠠᠷ ᠡᠳ᠋ᠯᠡᠬᠦ ᠬᠦᠮᠦᠨ᠎ᠤ ᠡᠷᠬᠡ ᠵᠢ ᠪᠠᠷᠢᠮᠲᠠᠯᠠᠵᠤ᠂ ᠡᠯ᠎ᠡ ᠲᠦᠷᠦᠯ᠎ᠤᠨ ᠬᠥᠮᠦᠨ᠎ᠤ ᠡᠷᠬᠡ ᠵᠢᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠲᠠᠰᠤᠷᠠᠯᠲᠠ ᠦᠭᠡᠢ ᠰᠠᠶ᠋ᠢᠲᠤᠷ ᠪᠡᠶᠡᠯᠡᠭᠦᠯᠵᠦ᠂ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠵᠦ ᠴᠢᠳᠠᠬᠤ ᠵᠢ ᠲᠣᠭᠲᠠᠭ᠋ᠠᠭᠰᠠᠨ ᠶᠤᠮ᠃ ᠬᠤᠶᠠᠷ᠎ᠲᠤ᠂ ᠠᠷᠠᠳ ᠲᠦᠮᠡᠨ᠎ᠤ ᠭᠤᠤᠯ ᠴᠣᠭᠴᠠ ᠵᠢᠨ ᠪᠠᠶ᠋ᠢᠷᠢ ᠰᠠᠭᠤᠷᠢ ᠵᠢ ᠬᠦᠨᠳᠦᠳᠭᠡᠬᠦ ᠵᠢ ᠪᠠᠷᠢᠮᠲᠠᠯᠠᠬᠤ ᠬᠡᠷᠡᠭᠳᠠᠢ᠃ ᠠᠷᠠᠳᠴᠢ ᠴᠢᠨᠠᠷ ᠪᠣᠯ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠬᠥᠭᠵᠢᠯᠲᠡ ᠵᠢᠨ ᠵᠠᠮ᠎ᠤᠨ ᠬᠠᠮᠤᠭ᠎ᠤᠨ ᠢᠯᠡᠷᠬᠡᠶ ᠣᠨᠴᠠᠯᠢᠭ ᠰᠢᠨᠵᠢ ᠮᠥᠨ᠃ ᠪᠢᠳᠡ ᠠᠷᠠᠳ᠎ᠤᠨ ᠠᠷᠠᠳᠴᠢᠯᠠᠯ᠎ᠤᠨ ᠡᠷᠬᠡ ᠵᠢ ᠪᠠᠲᠤᠯᠠᠵᠤ᠂ ᠥᠷᠭᠡᠨ ᠤᠯᠠᠨ ᠠᠷᠠᠳ ᠲᠦᠮᠡᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠭᠦᠢ᠍ᠴᠡᠳ ᠬᠥᠭᠵᠢᠭᠡᠵᠦ᠂ ᠠᠷᠠᠳ ᠲᠦᠮᠡᠨ᠎ᠢ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢᠨ ᠭᠤᠣᠯ ᠣᠷᠣᠯᠴᠠᠭᠴᠢ᠂ ᠠᠬᠢᠭᠤᠯᠤᠭᠴᠢ᠂ ᠠᠰᠢᠭ ᠬᠦᠷᠳᠡᠭᠴᠢ ᠪᠣᠯᠭ᠋ᠠᠵᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ᠂ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠬᠤ ᠵᠢ ᠦᠨᠡᠨ ᠬᠦ᠌ ᠠᠬᠢᠭᠤᠯᠬᠤ ᠬᠡᠷᠡᠭᠳᠠᠢ᠃ ᠭᠤᠷᠪᠠ᠎ᠳᠤ᠂ ᠮᠠᠨ᠎ᠤ ᠤᠯᠤᠰ᠎ᠤᠨ ᠪᠣᠳᠠᠲᠤ ᠪᠠᠶ᠋ᠢᠳᠠᠯ᠎ᠠᠴᠠ ᠡᠭᠦᠰᠭᠦ ᠵᠢ ᠪᠠᠷᠢᠮᠲᠠᠯᠠᠬᠤ ᠬᠡᠷᠡᠭᠳᠠᠢ᠃ ᠪᠢᠳᠡ ᠬᠥᠮᠦᠨ᠎ᠤ ᠡᠷᠬᠡ ᠵᠢᠨ ᠲᠦᠭᠡᠮᠡᠯ ᠴᠢᠨᠠᠷ᠎ᠤᠨ ᠵᠠᠷᠴᠢᠮ᠎ᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠮᠠᠨ᠎ᠤ ᠤᠯᠤᠰ᠎ᠤᠨ ᠤᠯᠤᠰ᠎ᠤᠨ ᠪᠠᠶ᠋ᠢᠳᠠᠯ ᠪᠠ ᠠᠷᠠᠳ ᠲᠦᠮᠡᠨ᠎ᠤ ᠱᠠᠭ᠋ᠠᠷᠳᠠᠯᠭ᠎ᠠ᠎ᠠᠴᠠ ᠡᠭᠦᠰᠦᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠠᠷᠠᠳ ᠲᠦᠮᠡᠨ᠎ᠤ ᠥᠷᠭᠡᠨ ᠳᠡᠯᠭᠡᠷ ᠪᠥᠭᠡᠳ ᠪᠦᠷᠢᠨ ᠭᠦᠢ᠍ᠴᠡᠳ᠂ ᠦᠨᠡᠨ ᠪᠣᠳᠠᠲᠠᠢ᠂ ᠪᠦᠲᠦᠮᠵᠢᠲᠡᠢ ᠪᠥᠭᠡᠳ ᠬᠡᠷᠡᠭᠴᠡᠭᠡ᠎ᠲᠠᠢ ᠬᠥᠮᠦᠨ᠎ᠤ ᠡᠷᠬᠡ ᠵᠢ ᠬᠠᠤᠯᠢ ᠶᠣᠰᠣᠭ᠋ᠠᠷ ᠡᠳ᠋ᠯᠡᠬᠦ ᠵᠢ ᠪᠠᠲᠤᠯᠠᠬᠤ ᠬᠡᠷᠡᠭᠳᠠᠢ᠃ ᠳᠥᠷᠪᠡ᠎ᠳᠤ᠂ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠵᠢᠨ ᠡᠷᠬᠡ᠎ᠪᠠᠷ ᠲᠡᠷᠢᠭᠦᠨ ᠴᠢᠬᠤᠯᠠ ᠦᠨᠳᠦᠰᠦᠨ ᠬᠥᠮᠦᠨ᠎ᠤ ᠡᠷᠬᠡ ᠪᠣᠯᠭ᠋ᠠᠬᠤ ᠵᠢ ᠪᠠᠷᠢᠮᠲᠠᠯᠠᠬᠤ ᠬᠡᠷᠡᠭᠳᠠᠢ᠃ ᠣᠷᠣᠰᠢᠨ ᠲᠣᠭᠲᠠᠨᠢᠬᠤ ᠪᠣᠯ ᠠᠯᠢᠪᠠ ᠬᠥᠮᠦᠨ᠎ᠤ ᠡᠷᠬᠡ ᠵᠢ ᠡᠳ᠋ᠯᠡᠬᠦ ᠵᠢᠨ ᠰᠠᠭᠤᠷᠢ ᠮᠥᠨ᠂ ᠠᠷᠠᠳ ᠲᠦᠮᠡᠨ ᠵᠣᠯ ᠵᠢᠷᠭ᠋ᠠᠯ᠎ᠲᠠᠢ ᠠᠮᠢᠳᠤᠷᠠᠬᠤ ᠪᠣᠯ ᠬᠠᠮᠤᠭ᠎ᠤᠨ ᠶᠡᠭᠡ ᠬᠥᠮᠦᠨ᠎ᠤ ᠡᠷᠬᠡ ᠮᠥᠨ᠃ ᠪᠢᠳᠡ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ ᠲᠦᠮᠡᠨ᠎ᠤ ᠲᠥᠯᠥᠭᠡ ᠬᠥᠭᠵᠢᠭᠦᠯᠬᠦ᠂ ᠬᠥᠭᠵᠢᠭᠦᠯᠬᠦ᠎ᠳᠤ ᠠᠷᠠᠳ ᠲᠦᠮᠡᠨ᠎ᠳᠤ ᠲᠦᠰᠢᠭᠯᠡᠬᠦ᠂ ᠬᠥᠭᠵᠢᠯᠲᠡ ᠵᠢᠨ ᠦᠷ᠎ᠡ ᠪᠦᠲᠦᠭᠡᠯ᠎ᠢ ᠠᠷᠠᠳ ᠲᠦᠮᠡᠨ ᠬᠠᠮᠳᠦ᠎ᠪᠠᠷ ᠡᠳ᠋ᠯᠡᠬᠦ ᠵᠢ ᠪᠠᠷᠢᠮᠲᠠᠯᠠᠵᠤ᠂ ᠨᠡᠩ ᠴᠢᠨᠠᠷ ᠰᠠᠶ᠋ᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠵᠢ ᠴᠢᠷᠮᠠᠶ᠋ᠢᠨ ᠪᠡᠶᠡᠯᠡᠭᠦᠯᠵᠦ᠂ ᠬᠥᠭᠵᠢᠯᠲᠡ ᠵᠢᠨ ᠳᠤᠮᠳᠠ ᠥᠷᠭᠡᠨ ᠤᠯᠠᠨ ᠠᠷᠠᠳ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠩ ᠲᠡᠭᠦᠯᠳᠡᠷ᠂ ᠨᠡᠩ ᠪᠠᠲᠤᠯᠠᠭ᠎ᠠ᠎ᠲᠠᠢ᠂ ᠨᠡᠩ ᠦᠷᠭᠦᠯᠵᠢᠯᠡᠬᠦ ᠪᠣᠯᠭ᠋ᠠᠬᠤ ᠬᠡᠷᠡᠭᠳᠠᠢ᠃ ᠲᠠᠪᠤ᠎ᠳᠤ᠂ ᠬᠥᠮᠦᠨ᠎ᠤ ᠡᠷᠬᠡ ᠵᠢ ᠬᠠᠤᠯᠢ᠎ᠪᠠᠷ ᠪᠠᠲᠤᠯᠠᠬᠤ ᠵᠢ ᠪᠠᠷᠢᠮᠲᠠᠯᠠᠬᠤ ᠬᠡᠷᠡᠭᠳᠠᠢ᠃ ᠪᠢᠳᠡ ᠬᠠᠤᠯᠢ ᠴᠠᠭ᠋ᠠᠵᠠ ᠵᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ ᠵᠢ ᠪᠠᠷᠢᠮᠲᠠᠯᠠᠵᠤ᠂ ᠬᠥᠮᠦᠨ᠎ᠤ ᠡᠷᠬᠡ ᠵᠢ ᠬᠦᠨᠳᠦᠳᠭᠡᠨ ᠪᠠᠲᠤᠯᠠᠬᠤ ᠵᠢ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠰᠠᠬᠢᠬᠤ ᠡᠯ᠎ᠡ ᠭᠤᠭᠴᠤᠭ᠎ᠠ᠎ᠳᠤ ᠲᠤᠭᠤᠰᠢᠯᠠᠭᠤᠯᠵᠤ᠂ ᠡᠷᠬᠡ ᠵᠢᠨ ᠲᠥᠪ ᠭᠤᠣᠯᠴᠢ᠂ ᠠᠵᠠ ᠲᠣᠬᠢᠶᠠᠯ᠎ᠤᠨ ᠲᠥᠪ ᠭᠤᠣᠯᠴᠢ᠂ ᠲᠦᠷᠢᠮ᠎ᠤᠨ ᠲᠥᠪ ᠭᠤᠣᠯᠴᠢ ᠪᠠᠶ᠋ᠢᠬᠤ ᠬᠠᠤᠯᠢ ᠴᠠᠭ᠋ᠠᠵᠠ ᠵᠢᠨ ᠪᠠᠶ᠋ᠢᠭᠤᠯᠤᠯ᠎ᠢ ᠲᠦᠷᠭᠡᠳᠭᠡᠨ ᠲᠡᠭᠦᠯᠳᠡᠷᠵᠢᠭᠦᠯᠵᠦ᠂ ᠠᠷᠠᠳ ᠢᠷᠭᠡᠨ᠎ᠤ ᠪᠡᠶ᠎ᠡ ᠵᠢᠨ ᠡᠷᠬᠡ᠂ ᠡᠳ᠋ ᠬᠥᠷᠤᠩᠭᠡ ᠵᠢᠨ ᠡᠷᠬᠡ᠂ ᠨᠡᠷ᠎ᠡ ᠬᠦᠨᠳᠦ ᠵᠢᠨ ᠡᠷᠬᠡ ᠵᠢ ᠪᠠᠲᠤᠯᠠᠵᠤ᠂ ᠠᠷᠠᠳ ᠢᠷᠭᠡᠨ᠎ᠤ ᠠᠷᠠᠳᠴᠢᠯᠠᠭᠰᠠᠨ ᠰᠣᠩᠭᠤᠭᠤᠯᠢ᠎ᠳᠤ ᠤᠷᠤᠯᠴᠠᠬᠤ᠂ ᠠᠷᠠᠳᠴᠢᠯᠠᠯ ᠵᠶ᠋ᠠᠷ ᠵᠥᠪᠯᠡᠬᠦ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠮᠢᠶᠠᠷᠬᠤ᠂ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠡᠷᠭᠡ ᠦᠨᠳᠦᠰᠦᠨ ᠤᠯᠤᠰ ᠲᠦᠷᠤ ᠵᠢᠨ ᠡᠷᠬᠡ ᠵᠢ ᠪᠠᠲᠤᠯᠠᠵᠤ᠂ ᠠᠷᠠᠳ ᠢᠷᠭᠡᠨ᠎ᠤ ᠠᠵᠤ ᠠᠬᠤᠢ᠂ ᠰᠣᠶᠣᠯ᠂ ᠨᠡᠶ᠋ᠢᠭᠡᠮ᠂ ᠣᠷᠴᠢᠨ ᠲᠤᠭᠤᠷᠢᠨ ᠵᠡᠷᠭᠡ ᠡᠯ᠎ᠡ ᠲᠠᠯ᠎ᠠ ᠵᠢᠨ ᠡᠷᠬᠡ ᠵᠢ ᠪᠠᠲᠤᠯᠠᠵᠤ᠂ ᠬᠥᠮᠦᠨ᠎ᠤ ᠡᠷᠬᠡ ᠵᠢᠨ ᠬᠠᠤᠯᠢᠵᠢᠭᠰᠠᠨ ᠪᠠᠲᠤᠯᠠᠭ᠎ᠠ ᠵᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ᠃ ᠵᠢᠷᠭᠤᠭ᠎ᠠ᠎ᠳᠤ᠂ ᠪᠦᠬᠦ ᠪᠥᠮᠪᠥᠷᠴᠡᠭ᠎ᠤᠨ ᠬᠥᠮᠦᠨ᠎ᠤ ᠡᠷᠬᠡ ᠵᠢᠨ ᠵᠠᠰᠠᠯᠲᠠ᠎ᠳᠤ ᠢᠳᠡᠪᠬᠢᠲᠡᠢ ᠣᠷᠣᠯᠴᠠᠬᠤ ᠵᠢ ᠪᠠᠷᠢᠮᠲᠠᠯᠠᠬᠤ ᠬᠡᠷᠡᠭᠳᠠᠢ᠃ ᠪᠢᠳᠡ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠬᠥᠮᠦᠨ᠎ᠤ ᠡᠷᠬᠡ ᠵᠢ ᠪᠠᠭᠲᠠᠭ᠋ᠠᠭᠰᠠᠨ ᠪᠦᠬᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠪᠠ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠬᠡᠷᠡᠭᠳᠠᠢ᠃ ᠳᠡᠭᠡᠷᠡᠬᠢ 6 ᠵᠦᠢ᠍ᠯ ᠪᠣᠯ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠬᠥᠭᠵᠢᠯᠲᠡ ᠵᠢᠨ ᠭᠤᠣᠯ ᠣᠨᠴᠠᠯᠢᠭ ᠪᠤᠯᠬᠤ ᠪᠦᠭᠡᠳ ᠪᠠᠰᠠ ᠴᠤ᠌ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠢ ᠠᠬᠢᠭᠤᠯᠬᠤ ᠦᠢ᠍ᠯᠡᠳᠦᠯᠭᠡ ᠵᠢᠨ ᠳᠤᠮᠳᠠ ᠣᠯᠤᠭᠰᠠᠨ ᠡᠷᠬᠢᠮ ᠨᠠᠨᠳᠢᠨ ᠲᠤᠷᠰᠢᠯᠭ᠎ᠠ ᠮᠥᠨ᠂ ᠰᠢᠨ᠎ᠡ ᠦᠢ᠍ᠯᠡᠳᠦᠯᠭᠡ᠎ᠲᠠᠢ ᠤᠶᠠᠯᠳᠤᠭᠤᠯᠤᠨ ᠲᠠᠰᠤᠷᠠᠯᠳᠠ ᠦᠭᠡᠢ ᠰᠠᠶ᠋ᠢᠲᠤᠷ ᠪᠠᠷᠢᠮᠲᠠᠯᠠᠵᠤ᠂ ᠰᠠᠶ᠋ᠢᠲᠤᠷ ᠬᠥᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠰᠢ ᠵᠢᠨ ᠫᠢᠩ᠂ ᠬᠥᠮᠦᠨ᠎ᠤ ᠡᠷᠬᠡ ᠵᠢᠨ ᠦᠢ᠍ᠯᠡᠰ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠬᠥᠭᠵᠢᠯᠲᠡ ᠵᠢᠨ ᠵᠠᠮ᠎ᠢ ᠪᠠᠷᠢᠮᠲᠠᠯᠠᠵᠤ᠂ ᠠᠷᠠᠳ ᠲᠦᠮᠡᠨ᠎ᠤ ᠴᠢᠨᠠᠷᠯᠢᠭ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠳᠤ ᠵᠣᠬᠢᠴᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠣᠯᠠᠨ ᠲᠠᠯ᠎ᠠ ᠵᠢᠨ ᠡᠷᠬᠡ ᠵᠢᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠠᠵᠤ ᠠᠬᠤᠢ ᠵᠢᠨ ᠬᠥᠭᠵᠢᠯᠲᠡ᠂ ᠠᠷᠠᠳᠴᠢᠯᠠᠯ ᠬᠠᠤᠯᠢᠵᠢᠯ᠂ ᠦᠵᠡᠯ ᠰᠠᠨᠠᠭ᠎ᠠ ᠰᠣᠶᠣᠯ᠂ ᠲᠥᠪ ᠭᠤᠣᠯᠴᠢ ᠰᠢᠳᠤᠷᠭᠤ ᠶᠣᠰᠣ᠂ ᠨᠡᠶ᠋ᠢᠭᠡᠮ᠎ᠤᠨ ᠵᠠᠰᠠᠯᠲᠠ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠪᠠᠶ᠋ᠢᠭᠤᠯᠤᠯᠲᠠ ᠵᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂ ᠠᠵᠢᠯ ᠣᠯᠭᠤᠯᠲᠠ᠂ ᠣᠷᠣᠯᠭ᠎ᠠ ᠵᠢᠨ ᠬᠤᠪᠢᠶᠠᠷᠢᠯᠠᠯᠲᠠ᠂ ᠰᠤᠷᠭ᠋ᠠᠨ ᠬᠦᠮᠦᠵᠢᠯ᠂ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡ᠂ ᠤᠷᠤᠨ ᠰᠠᠭᠤᠴᠠ᠂ ᠨᠠᠰᠤᠵᠢᠯ᠎ᠤᠨ ᠠᠰᠠᠷᠠᠮᠵᠢ᠂ ᠨᠢᠯᠬ᠎ᠠ ᠬᠡᠦᠬᠡᠳ᠎ᠢ ᠲᠡᠳᠬᠦᠬᠦ ᠵᠡᠷᠭᠡ ᠡᠯ᠎ᠡ ᠲᠠᠯ᠎ᠠ ᠵᠢᠨ ᠠᠵᠢᠯ᠎ᠢ ᠪᠦᠬᠦ ᠲᠠᠯ᠎ᠠ᠎ᠪᠠᠷ ᠰᠠᠶ᠋ᠢᠳᠤᠷ ᠬᠢᠵᠤ᠂ ᠪᠣᠳᠠᠰ᠎ᠤᠨ ᠪᠣᠯᠪᠠᠰᠤᠨ᠂ ᠤᠯᠤᠰ ᠲᠦᠷᠦ ᠵᠢᠨ ᠪᠣᠯᠪᠠᠰᠤᠨ᠂ ᠤᠶᠦᠠ᠎ᠤ ᠪᠣᠯᠪᠠᠰᠤᠨ᠂ ᠨᠡᠶ᠋ᠢᠭᠡᠮ᠎ᠤᠨ ᠪᠣᠯᠪᠠᠰᠤᠨ᠂ ᠠᠮᠢ ᠠᠬᠤᠢ ᠵᠢᠨ ᠪᠣᠯᠪᠠᠰᠤᠨ᠎ᠢ ᠵᠣᠬᠢᠴᠠᠩᠭᠤᠢ ᠬᠥᠭᠵᠢᠭᠦᠯᠬᠦ ᠳᠤᠮᠳᠠ ᠡᠯ᠎ᠡ ᠵᠦᠢ᠍ᠯ᠎ᠤᠨ ᠬᠥᠮᠦᠨ᠎ᠤ ᠡᠷᠬᠡ ᠵᠢ ᠪᠠᠲᠤᠯᠠᠬᠤ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃

      ᠰᠢ ᠵᠢᠨ ᠫᠢᠩ᠂ ᠬᠥᠮᠦᠨ᠎ᠤ ᠡᠷᠬᠡ ᠵᠢᠨ ᠬᠠᠤᠯᠢᠵᠢᠯ᠎ᠤᠨ ᠪᠠᠲᠤᠯᠠᠭ᠎ᠠ ᠵᠢ ᠴᠢᠩᠭ᠋ᠠᠳᠬᠠᠬᠤ᠎ᠳᠤ᠂ ᠬᠠᠤᠯᠢᠵᠢᠯ᠎ᠤᠨ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠮᠦᠨ᠎ᠤ ᠡᠷᠬᠡ ᠵᠢᠨ ᠬᠠᠤᠯᠢᠵᠢᠯ᠎ᠤᠨ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠬᠦᠯᠵᠤ᠂ ᠬᠦᠮᠦᠨ᠎ᠤ ᠡᠷᠭᠡ ᠵᠢ ᠬᠦᠨᠳᠤᠳᠭᠡᠨ ᠪᠠᠳᠤᠯᠠᠬᠤ ᠵᠢ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠰᠠᠬᠢᠬᠤ ᠪᠦᠬᠦ ᠬᠡᠯᠬᠢᠶ᠎ᠡ᠂ ᠪᠦᠬᠦ ᠶᠠᠪᠤᠴᠠ᠂ ᠪᠦᠬᠦ ᠲᠠᠯ᠎ᠠ᠎ᠳᠤ ᠪᠦᠷᠬᠦᠬᠦᠯᠬᠦ ᠵᠢ ᠪᠠᠶᠠᠯᠡᠬᠦᠯᠵᠤ᠂ ᠠᠷᠠᠳ ᠤᠯᠠᠨ᠎ᠳᠤ ᠬᠠᠤᠯᠢ ᠴᠠᠭ᠋ᠠᠵᠠ ᠵᠢᠨ ᠲᠦᠷᠢᠮ᠂ ᠬᠠᠤᠯᠢ ᠬᠡᠷᠡᠭᠵᠢᠭᠦᠯᠬᠦ ᠲᠣᠭᠲᠠᠭ᠋ᠠᠯ᠂ ᠬᠠᠤᠯᠢ ᠴᠠᠭ᠋ᠠᠵᠠ ᠵᠢᠨ ᠬᠡᠷᠡᠭ ᠨᠢᠬᠡᠪᠦᠷᠢ ᠲᠡᠭᠡᠷ᠎ᠡ᠎ᠠᠴᠠ ᠲᠥᠪ ᠭᠤᠣᠯᠴᠢ ᠰᠢᠳᠤᠷᠭᠤ ᠶᠣᠰᠣ ᠵᠢ ᠮᠡᠳᠡᠷᠡᠭᠦᠯᠬᠦ ᠬᠡᠷᠡᠭᠲᠡᠢ᠃ ᠬᠠᠤᠯᠢᠵᠢᠯ᠎ᠤᠨ ᠬᠦᠷᠢᠶᠡᠨ᠎ᠳᠠᠬᠢ ᠠᠷᠠᠳ ᠤᠯᠠᠨ᠎ᠤ ᠲᠤᠰᠬᠠᠯ ᠶᠡᠬᠡᠲᠡᠢ ᠲᠤᠪᠤᠶ᠋ᠢᠮ᠎ᠠ ᠠᠰᠠᠭᠤᠳᠠᠯ᠎ᠢ ᠰᠢᠰᠲ᠋ᠧᠮ᠎ᠲᠠᠢ ᠰᠤᠳᠤᠯᠤᠨ ᠰᠦᠪᠡᠭᠴᠢᠯᠡᠬᠦ ᠪᠠ ᠰᠢᠢ᠍ᠳᠪᠦᠷᠢᠯᠡᠵᠦ᠂ ᠠᠷᠠᠳ ᠤᠯᠠᠨ᠎ᠤ ᠬᠦᠰᠡᠯ ᠱᠠᠭ᠋ᠠᠷᠳᠠᠯᠭ᠎ᠠ᠎ᠳᠤ ᠬᠠᠤᠯᠢ ᠶᠣᠰᠣᠭ᠋ᠠᠷ ᠲᠥᠪ ᠭᠤᠣᠯᠴᠢ᠎ᠪᠠᠷ ᠬᠠᠨᠳᠤᠵᠤ᠂ ᠬᠠᠤᠯᠢ ᠪᠠᠷᠢᠬᠤ᠎ᠨᠢ ᠭᠤᠣᠯᠴᠢ ᠪᠤᠰᠤ᠎ᠠᠴᠠ ᠪᠤᠯᠵᠤ ᠠᠷᠠᠳ ᠤᠯᠠᠨ᠎ᠤ ᠰᠡᠳᠭᠢᠯ᠎ᠢ ᠭᠤᠮᠤᠳᠠᠭ᠋ᠠᠬᠤ᠂ ᠠᠷᠠᠳ ᠤᠯᠠᠨ᠎ᠤ ᠡᠷᠬᠡ ᠠᠰᠢᠭ᠎ᠢ ᠬᠤᠬᠢᠷᠠᠭᠤᠯᠬᠤ ᠶᠠᠪᠤᠳᠠᠯ ᠡᠭᠦᠰᠭᠦ ᠵᠢ ᠡᠷᠡᠰ ᠬᠤᠷᠢᠭᠯᠠᠬᠤ ᠬᠡᠷᠡᠭᠲᠡᠢ᠃ ᠤᠯᠠᠨ ᠲᠦᠮᠡᠨ᠎ᠤ ᠬᠠᠤᠯᠢ ᠶᠤᠰᠤᠨ᠎ᠤ ᠡᠷᠬᠡ᠎ᠳᠤ ᠬᠠᠯᠳᠠᠬᠰᠡᠨ ᠠᠯᠢᠪᠠ ᠦᠢ᠍ᠯᠡ ᠠᠵᠢᠯᠯᠠᠭ᠎ᠠ᠂ ᠤᠯᠨᠨ ᠲᠦᠮᠡᠨ᠎ᠤ ᠡᠷᠭᠡ ᠠᠰᠢᠭ᠎ᠲᠤ ᠬᠠᠯᠳᠠᠬᠰᠡᠨ ᠦᠢ᠍ᠯᠡ ᠠᠵᠢᠯᠯᠠᠭ᠎ᠠ ᠵᠢ ᠦᠯᠦ ᠤᠶ᠋ᠢᠰᠢᠶᠠᠬᠤ᠂ ᠦᠯᠦ ᠬᠠᠶ᠋ᠢᠬᠤᠷᠬᠤ ᠠᠯᠢᠪᠠ ᠦᠵᠡᠭᠳᠡᠯ᠎ᠢ ᠴᠥᠮ ᠡᠷᠬᠡᠪᠰᠢ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠡᠷᠡᠰ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃

      ᠰᠢ ᠵᠢᠨ ᠫᠢᠩ᠂ ᠬᠥᠮᠦᠨ᠎ᠤ ᠡᠷᠬᠡ ᠵᠢᠨ ᠲᠤᠬᠠᠢ ᠵᠥᠪ ᠦᠵᠡᠯᠲᠡ ᠵᠢ ᠪᠠᠳᠠᠷᠠᠭᠤᠯᠬᠤ᠎ᠳᠤ᠂ ᠬᠥᠮᠦᠨ᠎ᠤ ᠡᠷᠬᠡ ᠵᠢᠨ ᠲᠤᠬᠠᠢ ᠤᠬᠠᠭᠤᠯᠭ᠎ᠠ ᠪᠠ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠬᠥᠮᠦᠨ᠎ᠤ ᠡᠷᠬᠡ ᠵᠢ ᠬᠦᠨᠳᠦᠳᠭᠡᠬᠦ ᠪᠠ ᠪᠠᠲᠤᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠪᠦᠬᠦ ᠠᠷᠠᠳ ᠲᠦᠮᠡᠨ ᠢᠯᠠᠩᠭᠤᠶ᠎ᠠ ᠥᠷᠭᠡᠨ ᠤᠯᠠᠨ ᠵᠠᠯᠠᠭᠤᠴᠤᠳ ᠪᠠᠭ᠋ᠠᠴᠤᠳ᠎ᠤᠨ ᠳᠤᠮᠳᠠ ᠬᠥᠮᠦᠨ᠎ᠤ ᠡᠷᠬᠡ ᠵᠢᠨ ᠮᠡᠳᠡᠯᠭᠡ ᠵᠢᠨ ᠬᠥᠮᠦᠵᠢᠯ᠎ᠢ ᠥᠷᠨᠢᠭᠦᠯᠵᠦ᠂ ᠮᠠᠷᠺᠰ᠎ᠤᠨ ᠦᠵᠡᠯ᠎ᠤᠨ ᠬᠥᠮᠦᠨ᠎ᠤ ᠡᠷᠬᠡ ᠵᠢᠨ ᠦᠵᠡᠯᠲᠡ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠦᠵᠡᠯᠲᠡ ᠵᠢᠨ ᠬᠥᠮᠦᠵᠢᠯ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠣᠷᠣᠭᠤᠯᠬᠤ ᠬᠡᠷᠡᠭᠲᠡᠢ᠃ ᠠᠯᠪᠠᠨ ᠲᠤᠰᠢᠶᠠᠯᠲᠠᠨ ᠢᠯᠠᠩᠭᠤᠶ᠎ᠠ ᠦᠨᠳᠦᠰᠦᠨ ᠱᠠᠲᠤᠨ᠎ᠤ ᠠᠯᠪᠠᠲᠠᠨ᠎ᠳᠤ ᠬᠠᠨᠳᠤᠭᠤᠯᠤᠨ ᠬᠥᠮᠦᠨ᠎ᠤ ᠡᠷᠬᠡ ᠵᠢᠨ ᠮᠡᠳᠡᠯᠭᠡ ᠵᠢᠨ ᠪᠣᠯᠪᠠᠰᠤᠷᠠᠯ᠎ᠢ ᠴᠢᠩᠭ᠋ᠠᠳᠬᠠᠬᠤ ᠬᠡᠷᠡᠭᠲᠡᠶ᠃ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ᠎ᠢ ᠪᠠᠳᠠᠷᠠᠭᠤᠯᠵᠤ᠂ ᠡᠮᠡᠭᠲᠡᠶ᠋ᠢᠴᠦᠳ ᠬᠡᠦᠬᠡᠳ᠂ ᠨᠠᠰᠤᠲᠠᠶ᠋ᠢᠴᠤᠳ᠂ ᠵᠡᠮᠳᠡᠭᠴᠦᠳ ᠵᠡᠷᠭᠡ ᠣᠨᠴᠠᠭ᠋ᠠᠢ ᠬᠥᠮᠦᠰ᠎ᠤᠨ ᠡᠷᠬᠡ ᠠᠰᠢᠭ᠎ᠢ ᠨᠡᠩ ᠪᠠᠲᠤᠯᠠᠭ᠎ᠠ᠎ᠲᠠᠢ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢᠨ ᠠᠮᠢᠳᠤᠯᠢᠭ ᠦᠢ᠍ᠯᠡᠳᠦᠯᠭᠡ᠎ᠳᠤ ᠲᠦᠰᠢᠭᠯᠡᠵᠤ᠂ ᠡᠭᠦᠳᠦᠯᠲᠡ ᠵᠢᠨ ᠴᠢᠨᠠᠷᠲᠠᠢ ᠤᠬᠠᠭᠳᠠᠬᠤᠨ᠎ᠢ ᠰᠢᠷᠭ᠋ᠠᠭ᠋ᠠᠨ ᠪᠣᠯᠪᠠᠰᠤᠷᠠᠭᠤᠯᠵᠤ᠂ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠰᠢᠨᠵᠢᠯᠡᠭᠡᠨ᠎ᠤ ᠰᠠᠯᠠᠭ᠋ᠠᠨ᠎ᠤ ᠰᠢᠰᠲ᠋ᠧᠮ᠂ ᠡᠷᠳᠡᠮ ᠰᠢᠨᠵᠢᠯᠡᠭᠡᠨ᠎ᠤ ᠰᠢᠰᠲ᠋ᠧᠮ᠂ ᠦᠭᠡ ᠶᠠᠷᠢᠶ᠎ᠠ ᠵᠢᠨ ᠰᠢᠰᠲ᠋ᠧᠮ᠎ᠢ ᠬᠥᠭᠵᠢᠭᠦᠯᠬᠦ ᠬᠡᠷᠡᠭᠲᠡᠢ᠃ ᠬᠥᠮᠦᠨ᠎ᠤ ᠡᠷᠬᠡ ᠵᠢᠨ ᠤᠶᠤᠨ᠎ᠤ ᠬᠥᠮᠥᠷᠭᠡ ᠪᠠ ᠬᠥᠮᠦᠨ᠎ᠤ ᠡᠷᠬᠡ ᠵᠢᠨ ᠰᠤᠳᠤᠯᠭ᠋ᠠᠨ᠎ᠤ ᠰᠠᠭᠤᠷᠢᠨ᠎ᠤ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠢᠭᠡ ᠪᠦᠯᠦᠭ ᠤᠨᠤᠯ᠎ᠨᠢ ᠯᠠᠪᠳᠠᠭᠤᠨ ᠪᠠᠲᠤᠲᠠᠢ᠂ ᠡᠷᠳᠡᠮ ᠰᠢᠨᠵᠢᠯᠡᠭᠡᠨ᠎ᠨᠢ ᠨᠠᠷᠢᠨ ᠨᠢᠭᠲᠠ᠂ ᠤᠯᠠᠨ ᠤᠯᠤᠰ᠎ᠤᠨ ᠲᠦᠷᠢᠮ᠎ᠢ ᠰᠠᠶ᠋ᠢᠨ ᠮᠡᠳᠡᠳᠡᠭ᠂ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠦᠯᠢᠭᠡᠷ᠎ᠢ ᠶᠠᠷᠢᠵᠤ ᠴᠢᠳᠠᠳᠠᠭ ᠳᠡᠭᠡᠳᠦ ᠲᠡᠰ᠎ᠤᠨ ᠬᠥᠮᠦᠨ᠎ᠤ ᠡᠷᠬᠡ ᠵᠢᠨ ᠲᠤᠰᠬᠠᠢ ᠮᠡᠷᠭᠡᠵᠢᠯᠲᠡᠨ᠎ᠤ ᠡᠩᠨᠡᠭᠡ ᠵᠢ ᠬᠦᠴᠦᠯᠡᠨ ᠬᠥᠮᠦᠵᠢᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃

      ᠰᠢ ᠵᠢᠨ ᠫᠢᠩ᠂ ᠪᠦᠬᠦ ᠪᠥᠮᠪᠥᠷᠴᠡᠭ᠎ᠤᠨ ᠬᠥᠮᠦᠨ᠎ᠤ ᠡᠷᠬᠡ ᠵᠢᠨ ᠵᠠᠰᠠᠯᠲᠠ ᠵᠢ ᠢᠳᠡᠪᠬᠢᠲᠡᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠥᠷᠲᠡᠭ᠎ᠤᠨ ᠦᠵᠡᠯᠲᠡ ᠵᠢ ᠪᠠᠳᠠᠷᠠᠭᠤᠯᠵᠤ᠂ ᠡᠷᠬᠡ ᠲᠡᠭᠰᠢ ᠬᠠᠷᠢᠯᠴᠠᠨ ᠢᠲᠡᠭᠡᠯᠴᠡᠬᠦ᠂ ᠪᠠᠭᠲᠠᠭ᠋ᠠᠮᠵᠢᠲᠠᠢ ᠬᠠᠷᠢᠯᠴᠠᠨ ᠲᠤᠯᠢ ᠪᠤᠯᠭ᠋ᠠᠬᠤ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ᠂ ᠬᠠᠮᠲᠤ᠎ᠪᠠᠷ ᠬᠥᠭᠵᠢᠬᠦ ᠤᠢ᠍ᠢ᠍ᠯᠠᠭ᠋ᠠᠭᠳᠠᠬᠤᠨ᠎ᠢ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠬᠥᠮᠦᠨ᠎ᠤ ᠡᠷᠬᠡ ᠵᠢᠨ ᠵᠠᠰᠠᠯᠲᠠ ᠨᠡᠩ ᠡᠷᠬᠡ ᠲᠡᠭᠰᠢ ᠲᠥᠪ ᠭᠤᠣᠯᠴᠢ ᠵᠦᠢ ᠵᠣᠬᠢᠰᠲᠠᠢ ᠪᠠᠭᠲᠠᠭ᠋ᠠᠮᠵᠢᠲᠠᠢ ᠴᠢᠭᠯᠡᠯ ᠲᠡᠶ᠋ᠢᠰᠢ ᠬᠥᠭᠵᠢᠬᠦ ᠵᠢ ᠠᠬᠢᠭᠤᠯᠬᠤ ᠬᠡᠷᠡᠭᠲᠡᠢ᠃ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠬᠥᠮᠦᠨ᠎ᠤ ᠡᠷᠬᠡ ᠵᠢᠨ ᠬᠡᠷᠡᠭ ᠶᠠᠪᠤᠳᠠᠯ᠎ᠳᠤ ᠢᠳᠡᠪᠬᠢᠲᠡᠢ ᠣᠷᠣᠯᠴᠠᠵᠤ᠂ ᠡᠯ᠎ᠡ ᠤᠯᠤᠰ ᠢᠯᠠᠩᠭᠤᠶ᠎ᠠ ᠬᠥᠭᠵᠢᠵᠦ ᠪᠠᠶ᠋ᠢᠭ᠎ᠠ ᠤᠯᠤᠰ᠎ᠤᠳ᠎ᠲᠠᠢ ᠤᠯᠠᠨ ᠤᠯᠤᠰ᠎ᠤᠨ ᠬᠥᠮᠦᠨ᠎ᠤ ᠡᠷᠬᠡ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠭᠡᠨ ᠵᠶ᠋ᠠᠷ ᠥᠷᠨᠢᠭᠦᠯᠵᠦ᠂ ᠪᠦᠲᠦᠭᠡᠯᠴᠢ ᠴᠢᠨᠠᠷᠲᠠᠢ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

      ᠰᠢ ᠵᠢᠨ ᠫᠢᠩ᠂ ᠬᠥᠮᠦᠨ᠎ᠤ ᠡᠷᠬᠡ ᠪᠣᠯ ᠲᠡᠦᠬᠡ ᠵᠢᠨ᠂ ᠪᠣᠳᠠᠲᠠᠢ᠂ ᠠᠬᠤᠶ᠋ᠢᠴᠢ ᠶᠤᠮ᠂ ᠠᠳᠠᠯᠢ ᠪᠤᠰᠤ ᠤᠯᠤᠰ᠎ᠤᠨ ᠨᠡᠶ᠋ᠢᠭᠡᠮ ᠤᠯᠤᠰ ᠲᠦᠷᠦ ᠵᠢᠨ ᠨᠥᠬᠦᠴᠡᠯ ᠪᠣᠯᠤᠨ ᠲᠡᠦᠬᠡ ᠰᠣᠶᠣᠯ᠎ᠤᠨ ᠤᠯᠠᠮᠵᠢᠯᠠᠯ᠎ᠠᠴᠠ ᠰᠠᠯᠵᠤ ᠬᠥᠮᠦᠨ᠎ᠤ ᠡᠷᠬᠡ ᠵᠢ ᠬᠡᠢ ᠬᠤᠭᠤᠰᠣᠨ ᠵᠶ᠋ᠠᠷ ᠶᠠᠷᠢᠵᠤ ᠪᠣᠯᠬᠤ ᠦᠭᠡᠢ᠃ ᠨᠢᠭᠡ ᠤᠯᠤᠰ᠎ᠤᠨ ᠬᠥᠮᠦᠨ᠎ᠤ ᠡᠷᠬᠡ᠎ᠲᠠᠢ ᠪᠠᠶ᠋ᠢᠬᠤ ᠡᠰᠡᠬᠦ ᠵᠢ ᠦᠨᠡᠯᠡᠬᠦ᠎ᠳᠤ ᠪᠤᠰᠤᠳ ᠤᠯᠤᠰ᠎ᠤᠨ ᠪᠠᠷᠢᠮᠵᠢᠶ᠎ᠠ᠎ᠪᠠᠷ ᠬᠡᠮᠵᠢᠵᠦ ᠪᠣᠯᠬᠤ ᠦᠭᠡᠢ᠂ ᠨᠡᠩ ᠴᠤ᠌ ᠬᠤᠶᠠᠷ ᠵᠦᠢ᠍ᠯ᠎ᠤᠨ ᠤᠨᠳᠤᠤ ᠪᠠᠷᠢᠮᠵᠢᠶ᠎ᠠ ᠲᠣᠭᠲᠠᠭ᠋ᠠᠵᠤ ᠪᠣᠯᠬᠤ ᠦᠭᠡᠢ᠂ ᠴᠢᠨᠠᠭᠰᠢᠯᠠᠪᠠᠯ ᠬᠥᠮᠦᠨ᠎ᠤ ᠡᠷᠬᠡ ᠵᠢ ᠪᠤᠰᠤᠳ ᠤᠯᠤᠰ᠎ᠤᠨ ᠳᠣᠲᠣᠭ᠋ᠠᠳᠤ ᠵᠠᠰᠠᠭ᠎ᠲᠤ ᠭᠠᠷ ᠲᠦᠷᠦᠭᠦ ᠤᠯᠤᠰ ᠲᠦᠷᠦ ᠵᠢᠨ ᠪᠠᠭ᠋ᠠᠵᠢ ᠪᠣᠯᠭ᠋ᠠᠵᠤ ᠪᠤᠯᠬᠤ ᠦᠭᠡᠢ᠃ ᠪᠠᠶ᠋ᠢᠯᠳᠤᠬᠤ ᠪᠤᠳᠤᠯᠭ᠎ᠠ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠵᠦ᠂ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠦᠯᠢᠭᠡᠷ᠎ᠢ ᠬᠦᠴᠦᠯᠡᠨ ᠰᠠᠶ᠋ᠢᠲᠤᠷ ᠶᠠᠷᠢᠵᠤ᠂ ᠳᠦᠷᠰᠦᠯᠢᠭ᠂ ᠦᠨᠡᠨ ᠪᠣᠳᠠᠲᠠᠢ ᠢᠯᠡᠳᠭᠡᠬᠦ ᠬᠡᠯᠪᠡᠷᠢ ᠵᠢ ᠬᠡᠷᠡᠭᠯᠡᠵᠦ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠦᠵᠡᠯᠲᠡ ᠵᠢᠨ ᠲᠠᠲᠠᠬᠤ ᠬᠦᠴᠦᠨ᠂ ᠪᠠᠭ᠍ᠠᠷᠠᠭᠤᠯᠬᠤ ᠬᠦᠴᠤᠨ᠂ ᠨᠥᠯᠥᠭᠡᠯᠡᠬᠦ ᠬᠦᠴᠦᠨ᠎ᠢ ᠴᠢᠩᠭ᠋ᠠᠳᠬᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃

      ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠡᠦᠬᠡᠲᠦ ᠬᠠᠷᠢᠭᠤᠴᠠᠯᠭ᠎ᠠ ᠵᠢ ᠡᠭᠦᠷᠭᠡᠯᠡᠵᠦ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠤᠯᠤᠰ᠎ᠤᠨ ᠬᠥᠮᠦᠨ᠎ᠤ ᠡᠷᠬᠡ ᠵᠢᠨ ᠠᠵᠢᠯᠯᠠᠭ᠋ᠠᠨ᠎ᠤ ᠲᠥᠯᠥᠪᠯᠡᠭᠡ ᠵᠢ ᠦᠨᠡᠨ ᠬᠦ᠌ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠮᠠᠷᠺᠰ᠎ᠤᠨ ᠦᠵᠡᠯ᠎ᠤᠨ ᠬᠥᠮᠦᠨ᠎ᠤ ᠡᠷᠬᠡ ᠵᠢᠨ ᠦᠵᠡᠯᠲᠡ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠥᠮᠦᠨ᠎ᠤ ᠡᠷᠬᠡ ᠵᠢᠨ ᠦᠵᠡᠯᠲᠡ ᠵᠢ ᠤᠬᠠᠮᠰᠠᠷ᠎ᠠᠴᠠ᠎ᠪᠠᠨ ᠰᠤᠷᠤᠯᠴᠠᠵᠤ᠂ ᠲᠠᠨᠢᠯᠲᠠ᠎ᠪᠠᠨ ᠳᠡᠭᠡᠭᠰᠢᠯᠡᠭᠦᠯᠦᠨ᠂ ᠢᠲᠡᠭᠡᠯ ᠵᠶ᠋ᠠᠨ ᠨᠡᠮᠡᠭᠳᠡᠭᠦᠯᠵᠦ᠂ ᠬᠥᠮᠦᠨ᠎ᠤ ᠡᠷᠬᠡ ᠵᠢ ᠬᠦᠨᠳᠦᠳᠭᠡᠨ ᠪᠠᠲᠤᠯᠠᠬᠤ ᠡᠯ᠎ᠡ ᠵᠦᠢ᠍ᠯ᠎ᠤᠨ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠰᠠᠶ᠋ᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ᠎ᠤᠨ᠎ᠬᠢᠨ ᠬᠥᠮᠦᠨ᠎ᠤ ᠡᠷᠬᠡ ᠵᠢ ᠬᠦᠨᠳᠦᠳᠭᠡᠨ ᠪᠠᠲᠤᠯᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠮᠠᠨ᠎ᠤ ᠤᠯᠤᠰ᠎ᠤᠨ ᠬᠥᠮᠦᠨ᠎ᠤ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠠᠮᠳᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠬᠤᠷᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠡᠯᠡᠬᠡᠢ ᠵᠢᠨ ᠲᠡᠷᠢᠭᠦᠨ ᠵᠡᠷᠭᠡ ᠵᠢᠨ ᠠᠵᠤ ᠠᠬᠤᠶ᠋ᠢᠯᠠᠯ᠎ᠢ ᠲᠦᠷᠭᠡᠳᠬᠡᠨ ᠪᠠᠶ᠋ᠢᠭᠤᠯᠵᠤ ᠰᠠᠭᠤᠷᠢ ᠰᠢᠨᠵᠢᠯᠡᠭᠡᠨ᠎ᠤ ᠰᠠᠯᠠᠭ᠎ᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠬᠤ ᠬᠡᠷᠡᠭᠳᠠᠢ ᠯᠢ ᠺᠧ ᠴᠢᠶᠠᠩ ᠸᠠᠩ ᠬᠤ᠌ ᠨᠢᠩ ᠬᠠᠨ ᠵᠧᠩ ᠤᠷᠤᠯᠴᠠᠵᠠᠢ
ᠰᠢ ᠵᠢᠨ ᠫᠢᠩ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠵᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠬᠦᠰᠡᠯᠡᠩ ᠢᠲᠡᠭᠡᠯ ᠪᠢᠰᠢᠷᠡᠯ᠎ᠤᠨ ᠦᠨᠳᠦᠰᠦ ᠰᠠᠭᠤᠷᠢ ᠵᠢ ᠪᠠᠳᠤ ᠴᠤᠭᠴᠠᠯᠠᠵᠤ ᠵᠠᠰᠠᠭ᠎ᠤᠨ ᠠᠵᠢᠯ᠎ᠤᠨ ᠪᠦᠲᠦᠮᠵᠢ ᠵᠢᠨ ᠵᠦᠪ ᠦᠵᠡᠯᠲᠡ ᠵᠢ ᠪᠤᠢ ᠪᠤᠯᠭ᠋ᠠᠨ ᠦᠢ᠍ᠯᠡᠳᠦᠯᠭᠡᠵᠢᠭᠦᠯᠵᠤ ᠰᠢᠨ᠎ᠡ ᠴᠠᠭ ᠦᠶ᠎ᠡ ᠰᠢᠨ᠎ᠡ ᠠᠶᠠᠨ᠎ᠳᠤ ᠦᠯᠦ ᠤᠰᠤᠯᠳᠠᠬᠤ ᠲᠡᠮᠡᠴᠡᠯ᠎ᠤᠨ ᠤᠯᠠ ᠮᠥᠷ ᠵᠶ᠋ᠠᠨ ᠦᠯᠡᠳᠡᠭᠡᠬᠦ ᠬᠡᠷᠡᠭᠳᠠᠢ ᠭᠡᠵᠦ ᠴᠢᠬᠤᠯᠠᠴᠢᠯᠠᠪᠠ ᠸᠠᠩ ᠬᠤ᠌ ᠨᠢᠩ ᠣᠷᠣᠯᠴᠠᠵᠠᠢ
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ ᠪᠡᠭᠡᠵᠢᠩ᠎ᠳᠤ ᠡᠬᠢᠯᠡᠪᠡ
ᠰᠢ ᠵᠢᠨ ᠫᠢᠩ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠲᠠ ᠦᠭᠡᠢ ᠪᠠᠬᠢᠵᠢᠭᠦᠯᠵᠥ ᠠᠭᠤᠤ ᠶᠡᠭᠡ ᠡᠬᠡ ᠤᠯᠤᠰ ᠵᠶ᠋ᠠᠨ ᠬᠠᠮᠲᠤ᠎ᠪᠠᠷ ᠪᠥᠲᠥᠭᠡᠨ ᠪᠠᠶ᠋ᠢᠭᠤᠯᠵᠤ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠤᠬ᠍ᠴᠠᠯᠠᠬᠤ ᠬᠡᠷᠡᠭᠳᠡᠢ
ᠰᠢ ᠵᠢᠨ ᠫᠢᠩ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠪᠦᠬᠦᠳᠡ ᠬᠤᠷᠠᠯ᠎ᠳᠤ ᠣᠷᠣᠯᠴᠠᠬᠤ᠎ᠳᠠᠭᠠᠨ ᠬᠠᠤᠯᠢ᠎ᠪᠠᠷ ᠴᠡᠷᠢᠭ᠎ᠢ ᠵᠠᠰᠠᠬᠤ ᠪᠠᠶ᠋ᠢᠯᠳᠤᠬᠤ ᠪᠤᠳᠤᠯᠭ᠎ᠠ ᠵᠢ ᠲᠤᠭᠤᠰᠢᠯᠠᠭᠤᠯᠵᠥ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠶ᠋ᠢᠭᠤᠯᠤᠯᠲᠠ ᠵᠢᠨ ᠬᠠᠤᠯᠢᠵᠢᠯ᠎ᠤᠨ ᠳᠦᠪᠰᠢᠨ᠎ᠢ ᠳᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ
 
            