ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ ᠪᠡᠭᠡᠵᠢᠩ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2022-03-08

      ᠰᠢ ᠵᠢᠨ ᠫᠢᠩ ᠸᠠᠩ ᠶᠠᠩ ᠸᠠᠩ ᠬᠤ᠌ ᠨᠢᠩ ᠵᠤᠤ ᠯᠧ ᠵᠶ᠋ᠢ ᠬᠠᠨ ᠵᠧᠩ ᠸᠠᠩ ᠴᠢ ᠱᠠᠨ ᠨᠠᠷ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠵᠠᠢ

      ᠯᠢ ᠺᠧ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠵᠦ ᠯᠢ ᠵᠠᠨ ᠱᠤ᠌ ᠬᠤᠷᠠᠯ᠎ᠢ ᠡᠷᠬᠢᠯᠡᠪᠡ

      ᠣᠷᠣᠨ ᠨᠤᠲᠤᠭ᠎ᠤᠨ ᠵᠣᠬᠢᠶᠠᠨ ᠪᠠᠶ᠋ᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠳᠤᠬᠠᠢ ᠲᠥᠰᠦᠯ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠣᠷᠣᠨ ᠲᠤᠭ᠎ᠠ ᠪᠣᠯᠤᠨ ᠰᠣᠩᠭᠤᠭᠤᠯᠢ ᠵᠢᠨ ᠠᠰᠠᠭᠤᠳᠠᠯ᠎ᠤᠨ ᠲᠣᠭᠲᠠᠭ᠋ᠠᠯ᠎ᠤᠨ ᠲᠤᠬᠠᠢ ᠲᠥᠰᠦᠯ᠎ᠤᠨ ᠲᠣᠳᠣᠷᠬᠠᠶ᠋ᠢᠯᠠᠯᠲᠠ ᠵᠡᠷᠭᠡ ᠵᠢ ᠰᠣᠨᠣᠰᠪᠠ


      ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ ᠵᠢᠨ 5᠎ᠤ ᠴᠠᠬᠢᠯᠭ᠋ᠠᠨ ᠮᠡᠳᠡᠭᠡ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ 5᠎ᠤ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ 3000 ᠰᠢᠬᠠᠮ ᠲᠥᠯᠥᠭᠡᠯᠡᠭᠴᠢ ᠠᠷᠠᠳ ᠲᠦᠮᠡᠨ᠎ᠤ ᠬᠦᠨᠳᠦ ᠨᠠᠶ᠋ᠢᠳᠠᠯᠭ᠎ᠠ ᠵᠢ ᠡᠭᠦᠷᠭᠡᠯᠡᠨ ᠶᠡᠭᠡ ᠬᠤᠷᠠᠯ᠎ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠭᠡᠨ᠎ᠡ᠃


11图片1.jpg
  

      3 ᠰᠠᠷ᠎ᠠ ᠵᠢᠨ 5᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠨᠠᠮ ᠪᠠ ᠲᠦᠷᠦ ᠵᠢᠨ ᠤᠳᠤᠷᠢᠳᠬᠤ ᠬᠥᠮᠦᠨ ᠰᠢ ᠵᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠌ ᠨᠢᠩ᠂ ᠵᠤᠤ ᠯᠧ ᠵᠶ᠋ᠢ᠂ ᠬᠠᠨ ᠵᠧᠩ᠂ ᠸᠠᠩ ᠴᠢ ᠱᠠᠨ ᠨᠠᠷ ᠬᠤᠷᠠᠯ᠎ᠳᠤ ᠣᠷᠣᠯᠴᠠᠵᠤ᠂ ᠯᠢ ᠵᠠᠨ ᠱᠤ᠌ ᠬᠤᠷᠠᠯ᠎ᠢ ᠡᠷᠬᠢᠯᠡᠪᠡ᠃

      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ


11图片2.jpg
   

      3 ᠰᠠᠷ᠎ᠠ ᠵᠢᠨ 5᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ ᠲᠡᠬᠡᠷ᠎ᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃

      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ

 

      ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠲᠦᠮᠡᠨ ᠬᠥᠮᠦᠨ᠎ᠤ ᠶᠣᠰᠣᠯᠠᠯ᠎ᠤᠨ ᠲᠠᠩᠬᠢᠮ᠎ᠳᠤ ᠠᠭᠤᠷ ᠠᠮᠢᠰᠬᠤᠯ ᠥᠪᠡᠲᠡᠭᠰᠢ ᠶᠡᠭᠡ ᠪᠥᠭᠡᠳ ᠬᠥᠷ ᠬᠥᠭᠵᠢᠶᠡᠨ ᠵᠶ᠋ᠠᠷ ᠪᠢᠯᠬᠠᠵᠤ᠂ ᠲᠡᠷᠢᠭᠦᠯᠡᠭᠴᠢᠳ᠎ᠤᠨ ᠲᠠᠶ᠋ᠢᠰᠠᠨ᠎ᠤ ᠬᠥᠰᠢᠭᠡ ᠵᠢᠨ ᠭᠤᠤᠯ ᠳᠤᠮᠳᠠ ᠡᠯᠬᠦᠭᠳᠡᠭᠰᠡᠨ ᠤᠯᠤᠰ᠎ᠤᠨ ᠰᠦᠯᠳᠡ ᠬᠢᠭᠡᠳ ᠬᠤᠷᠴᠠ ᠤᠯᠠᠭ᠋ᠠᠨ ᠲᠤᠭ ᠦᠩᠬᠡ ᠢᠯᠭ᠋ᠠᠷᠠᠨ ᠬᠡᠷᠡᠯ ᠳᠠᠳᠠᠨ ᠬᠢᠯᠠᠯᠵᠠᠨ᠎ᠠ᠃

      ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠪᠠᠶ᠋ᠢᠩᠭᠤ ᠵᠢᠨ ᠲᠡᠷᠢᠭᠦᠯᠡᠭᠴᠢ᠂ ᠭᠦᠢ᠍ᠴᠡᠳᠭᠡᠭᠴᠢ ᠲᠡᠷᠢᠭᠦᠯᠡᠭᠴᠢ ᠯᠢ ᠵᠠᠨ ᠱᠤ᠌ ᠬᠤᠷᠠᠯ᠎ᠢ ᠡᠷᠬᠢᠯᠡᠪᠡ᠃ ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠪᠠᠶ᠋ᠢᠩᠭᠤ ᠵᠢᠨ ᠲᠡᠷᠢᠭᠦᠯᠡᠭᠴᠢ᠂ ᠭᠦᠢ᠍ᠴᠡᠳᠭᠡᠭᠴᠢ ᠲᠡᠷᠢᠭᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠶ᠋ᠢ ᠪᠢᠩ ᠰᠢᠤᠸᠠᠨ᠂ ᠡ᠋ᠶ᠋ᠢᠯᠢᠭᠧᠩ · ᠢᠮᠢᠩᠪᠠᠭ᠍ᠠᠢ᠂ ᠸᠠᠨ ᠧ ᠰᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠧᠷᠡᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠧᠩ᠂ ᠡᠤ ᠸᠧᠢ ᠬᠤᠸᠠ᠂ ᠶᠠᠩ ᠵᠧᠨ ᠡᠤ ᠲᠡᠷᠢᠭᠦᠯᠡᠭᠴᠢᠳ᠎ᠤᠨ ᠲᠠᠶ᠋ᠢᠰᠠᠨ᠎ᠤ ᠭᠦᠢ᠍ᠴᠡᠳᠭᠡᠭᠴᠢ ᠲᠡᠷᠢᠭᠦᠯᠡᠭᠴᠢ ᠵᠢᠨ ᠰᠠᠭᠤᠳᠠᠯ᠎ᠳᠤ ᠰᠠᠭ᠋ᠠᠲᠠᠪᠠ᠃


11图片3.jpg


 
       3 ᠰᠠᠷ᠎ᠠ ᠵᠢᠨ 5᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠪᠠᠶ᠋ᠢᠩᠭᠤ ᠵᠢᠨ ᠲᠡᠷᠢᠭᠦᠯᠡᠭᠴᠢ᠂ ᠭᠦᠢ᠍ᠴᠡᠳᠭᠡᠭᠴᠢ ᠲᠡᠷᠢᠭᠦᠯᠡᠭᠴᠢ ᠯᠢ ᠵᠠᠨ ᠱᠤ᠌ ᠬᠤᠷᠠᠯ᠎ᠢ ᠡᠷᠬᠢᠯᠡᠪᠡ᠃

      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ


      ᠰᠢ ᠵᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠌ ᠨᠢᠩ᠂ ᠵᠤᠤ ᠯᠧ ᠵᠶ᠋ᠢ᠂ ᠬᠠᠨ ᠵᠧᠩ᠂ ᠸᠠᠩ ᠴᠢ ᠱᠠᠨ ᠪᠣᠯᠤᠨ ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ ᠲᠡᠷᠢᠭᠦᠯᠡᠭᠴᠢ ᠵᠢᠨ ᠲᠠᠶ᠋ᠢᠰᠠᠨ᠎ᠳᠤ ᠰᠠᠭ᠋ᠠᠲᠠᠵᠠᠢ᠃

      ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ᠎ᠳᠤ ᠤᠷᠤᠯᠴᠠᠬᠤ ᠶᠤᠰᠤᠳᠠᠢ ᠲᠥᠯᠥᠭᠡᠯᠡᠭᠴᠢ 2951 ᠬᠦᠮᠦᠨ ᠪᠤᠢ᠃ 5᠎ᠤ ᠦᠳᠡ ᠵᠢᠨ ᠡᠮᠦᠨᠡᠬᠢ ᠬᠤᠷᠠᠯ᠎ᠳᠤ 2790 ᠬᠥᠮᠦᠨ ᠣᠷᠣᠯᠴᠠᠵᠤ᠂ 161 ᠬᠥᠮᠦᠨ ᠣᠷᠣᠯᠴᠠᠭᠰᠠᠨ ᠥᠬᠡᠶ᠂ ᠣᠷᠣᠯᠴᠠᠭᠰᠠᠨ ᠬᠥᠮᠦᠨ᠎ᠤ ᠲᠤᠭ᠎ᠠ ᠬᠠᠤᠯᠢ᠎ᠳᠤ ᠲᠣᠭᠲᠠᠭ᠋ᠠᠭᠰᠠᠨ ᠬᠥᠮᠦᠨ᠎ᠤ ᠲᠤᠭ᠎ᠠ᠎ᠳᠤ ᠨᠡᠶ᠋ᠢᠴᠡᠪᠡ᠃

ᠦᠳᠡ ᠵᠢᠨ ᠡᠮᠦᠨᠡᠬᠢ 9 ᠴᠠᠭ᠎ᠲᠤ ᠯᠢ ᠵᠠᠨ ᠱᠤ᠌᠄ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ ᠡᠬᠢᠯᠡᠯ᠎ᠡ ᠭᠡᠵᠦ ᠨᠡᠶ᠋ᠢᠲᠡᠯᠡᠪᠡ᠃ ᠪᠦᠭᠦᠳᠡᠭᠡᠷ ᠵᠶ᠋ᠠᠨ ᠪᠣᠰᠴᠤ ᠵᠣᠭᠰᠣᠨ ᠤᠯᠤᠰ᠎ᠤᠨ ᠰᠦᠯᠳᠡ ᠳᠠᠭᠤᠤ ᠵᠢ ᠬᠠᠩᠬᠢᠨᠠᠳᠠᠯ᠎ᠠ ᠳᠠᠭᠤᠯᠠᠪᠠ᠃

      ᠬᠤᠷᠠᠯ᠎ᠤᠨ ᠵᠥᠪᠯᠡᠬᠦ ᠵᠦᠢ᠍ᠯ᠎ᠢ ᠦᠨᠳᠦᠰᠦᠯᠡᠵᠦ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ ᠲᠡᠬᠡᠷ᠎ᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠵᠡᠢ᠃ ᠢᠯᠡᠳᠭᠡᠯ᠎ᠨᠢ ᠭᠤᠷᠪᠠᠨ ᠬᠡᠰᠡᠭ ᠵᠶ᠋ᠠᠷ ᠪᠦᠷᠢᠯᠳᠦᠪᠡ᠄ ᠨᠢᠭᠡ᠂ 2021 ᠣᠨ᠎ᠤ ᠠᠵᠢᠯ᠎ᠤᠨ ᠡᠷᠭᠢᠴᠡᠭᠦᠯᠦᠯ; ᠬᠤᠶᠠᠷ᠂ 2022 ᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠷᠦᠩᠬᠡᠶ ᠱᠠᠭ᠋ᠠᠷᠳᠠᠯᠭ᠎ᠠ ᠪᠠ ᠲᠥᠷᠥ ᠵᠢᠨ ᠪᠣᠳᠣᠯᠭ᠎ᠠ ᠵᠢᠨ ᠬᠠᠨᠳᠤᠰᠢ; ᠭᠤᠷᠪᠠ᠂ 2022 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ᠃

      ᠯᠢ ᠺᠧ ᠴᠢᠶᠠᠩ ᠢᠯᠡᠳᠭᠡᠯ᠎ᠳᠡᠭᠡᠨ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠬᠥᠰᠢᠶ᠎ᠡ ᠳᠡᠮᠳᠡᠭ᠎ᠤᠨ ᠠᠴᠢ ᠬᠤᠯᠪᠣᠭᠳᠠᠯ᠎ᠲᠠᠢ ᠨᠢᠭᠡ ᠵᠢᠯ ᠪᠣᠯᠤᠨ᠎ᠠ᠃ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠦᠪᠡᠳᠡᠭᠰᠢ ᠶᠡᠭᠡ᠎ᠪᠠᠷ ᠪᠡᠯᠭᠡᠯᠡᠵᠦ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠵᠢᠷᠭᠤᠳᠤᠭ᠋ᠠᠷ ᠪᠦᠬᠦᠳᠠ ᠬᠤᠷᠠᠯ᠎ᠢ ᠠᠮᠵᠢᠯᠲᠠ᠎ᠲᠠᠢ ᠬᠤᠷᠠᠯᠳᠤᠭᠤᠯᠵᠤ᠂ ᠨᠠᠮ᠎ᠤᠨ ᠭᠤᠷᠪᠠᠳᠤᠭ᠋ᠠᠷ ᠲᠡᠦᠬᠡᠨ ᠰᠢᠢ᠍ᠳᠪᠦᠷᠢ ᠵᠢ ᠲᠣᠭᠲᠠᠭ᠋ᠠᠵᠤ᠂ ᠲᠣᠭᠲᠠᠭᠰᠠᠨ ᠬᠤᠭᠤᠴᠠᠭ᠋ᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠲᠣᠭᠲᠠᠭᠰᠠᠨ ᠬᠤᠭᠤᠴᠠᠭ᠋ᠠᠨ᠎ᠳᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠬᠰᠢᠯᠠᠬᠤ ᠰᠢᠨ᠎ᠡ ᠠᠶᠠᠨ ᠵᠶ᠋ᠠᠨ ᠡᠬᠢᠯᠡᠭᠦᠯᠪᠡ᠃ ᠨᠢᠭᠡ ᠵᠢᠯ᠎ᠤᠨ ᠲᠤᠷᠰᠢ᠂ ᠨᠠᠷᠢᠨ ᠪᠤᠳᠤᠯᠢᠶᠠᠨᠲᠠᠶ ᠪᠡᠷᠭᠡ ᠬᠠᠳᠠᠭᠤᠵᠢᠯᠳᠠᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠳᠠᠯ ᠪᠣᠯᠤᠨ ᠠᠯᠢ ᠣᠯᠠᠨ ᠠᠶᠤᠯ ᠲᠦᠭᠰᠢᠭᠦᠷᠢ ᠥᠷᠢᠰᠥᠯᠳᠦᠭᠡᠨ᠎ᠤ ᠡᠮᠦᠨ᠎ᠡ᠂ ᠤᠯᠤᠰ ᠳᠠᠶᠠᠭ᠋ᠠᠷ ᠵᠶ᠋ᠠᠨ ᠬᠠᠮᠲᠤ᠎ᠪᠠᠷ ᠴᠢᠷᠮᠠᠶ᠋ᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠵᠦ᠂ ᠪᠥᠬᠦ ᠵᠢᠯ᠎ᠤᠨ ᠭᠤᠤᠯ ᠬᠠᠷᠠᠯᠲᠠ ᠡᠭᠦᠷᠭᠡ ᠵᠢ ᠨᠡᠯᠢᠶᠡᠳ ᠰᠠᠶ᠋ᠢᠨ ᠪᠡᠶᠡᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠰᠠᠶ᠋ᠢᠨ ᠰᠠᠶ᠋ᠢᠬᠠᠨ ᠡᠬᠢᠯᠡᠯᠲᠡ᠎ᠲᠠᠢ ᠪᠣᠯᠭ᠋ᠠᠵᠤ᠂ ᠮᠠᠨ᠎ᠤ ᠤᠯᠤᠰ᠎ᠤᠨ ᠬᠥᠭᠵᠢᠯᠲᠡ ᠪᠠᠰᠠ ᠴᠢᠬᠤᠯᠠ ᠶᠡᠭᠡ ᠰᠢᠨ᠎ᠡ ᠠᠮᠵᠢᠯᠲᠠ ᠤᠯᠵᠠᠢ ᠬᠡᠵᠥ ᠵᠢᠭ᠋ᠠᠵᠥ ᠭᠠᠷᠭ᠋ᠠᠪᠠ᠃

      ᠯᠢ ᠺᠧ ᠴᠢᠶᠠᠩ ᠢᠯᠡᠳᠬᠡᠯ᠎ᠳᠡᠭᠡᠨ᠂ ᠪᠢᠳᠡ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》᠂ 《ᠵᠢᠷᠭᠤᠭ᠎ᠠ ᠵᠢ ᠪᠠᠲᠤᠯᠠᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠬᠤᠷᠸ᠎ᠠ ᠲᠦᠷᠦ ᠵᠢᠨ ᠪᠤᠳᠤᠯᠭ᠎ᠠ ᠵᠢᠨ ᠦᠶᠡᠯᠡᠯ ᠠᠯᠤᠰᠯᠠᠬᠤ ᠪᠠ ᠦᠶᠡᠯᠡᠯ ᠦᠭᠰᠦᠬᠦ ᠲᠤᠬᠢᠷᠠᠭᠤᠯᠤᠯᠳᠠ ᠵᠢ ᠴᠢᠬᠤᠯᠠᠴᠢᠯᠠᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠭᠤᠣᠯᠳᠠᠭᠤ ᠳᠣᠣᠷᠠᠬᠢ ᠠᠵᠢᠯ᠎ᠢ ᠬᠢᠪᠡ᠄ ᠨᠢᠭᠡ᠎ᠳᠤ᠂ ᠬᠤᠷᠸ᠎ᠠ ᠲᠦᠷᠦ ᠵᠢᠨ ᠪᠤᠳᠤᠯᠭ᠎ᠠ ᠵᠢᠨ ᠦᠷᠭᠦᠯᠵᠢᠯᠡᠬᠦ ᠴᠢᠨᠠᠷ ᠬᠠᠨᠳᠤᠯᠭ᠋ᠠᠲᠤ ᠴᠢᠨᠠᠷ᠎ᠢ ᠪᠠᠲᠤᠯᠠᠵᠤ᠂ ᠠᠵᠤ ᠠᠬᠤᠢ ᠵᠢᠨ ᠡᠷᠬᠢᠯᠳᠠ ᠵᠣᠬᠢᠰᠲᠠᠢ ᠬᠡᠪᠴᠢᠶᠡᠨ᠎ᠳᠤ ᠪᠠᠶ᠋ᠢᠬᠤ ᠵᠢ ᠠᠬᠢᠭᠤᠯᠪᠠ; ᠬᠤᠶᠠᠷ᠎ᠲᠤ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠠᠴᠠ ᠮᠤᠯᠳᠤᠷᠠᠭᠤᠯᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠨᠠᠶ᠋ᠢᠳᠠᠪᠤᠷᠢᠵᠢᠭᠤᠯᠵᠤ᠂ ᠠᠵᠤ ᠠᠬᠤᠶ ᠵᠢᠨ ᠰᠡᠷᠭᠦᠯᠲᠡ ᠵᠢᠨ ᠰᠠᠭᠤᠷᠢ ᠵᠢ ᠪᠠᠬᠢᠵᠢᠭᠦᠯᠪᠠ; ᠭᠤᠷᠪᠠ᠎ᠳᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠨᠡᠭᠡᠭᠡᠯᠲᠡ ᠵᠢ ᠥᠷᠭᠡᠳᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠠᠶ᠋ᠢᠵᠢᠷᠠᠭᠤᠯᠪᠠ; ᠳᠥᠷᠪᠡ᠎ᠳᠤ᠂ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠠᠵᠤ ᠦᠶᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠪᠠ; ᠲᠠᠪᠤ᠎ᠳᠤ᠂ ᠬᠤᠳᠠ ᠬᠥᠳᠡᠭᠡ ᠵᠢᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠠᠵᠤ ᠠᠬᠤᠢ ᠵᠢᠨ ᠪᠠᠶ᠋ᠢᠷᠢᠰᠢᠭᠤᠯᠤᠯᠳᠠ ᠵᠢ ᠲᠠᠰᠤᠷᠠᠯᠳᠠ ᠦᠭᠡᠢ ᠰᠢᠯᠢᠳᠡᠭᠵᠢᠭᠦᠯᠪᠠ; ᠵᠢᠷᠭᠤᠭ᠎ᠠ᠎ᠳᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠦᠷᠭᠦᠯᠵᠢᠯᠡᠬᠦ ᠬᠥᠭᠵᠢᠯᠲᠡ ᠵᠢ ᠠᠬᠢᠭᠤᠯᠪᠠ; ᠲᠤᠯᠤᠭ᠎ᠠ᠎ᠳᠤ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠶ᠋ᠢᠵᠢᠷᠠᠭᠤᠯᠵᠤ᠂ ᠨᠡᠶ᠋ᠢᠭᠡᠮ᠎ᠤᠨ ᠦᠢ᠍ᠯᠡᠰ᠎ᠢ ᠲᠦᠷᠭᠡᠳᠭᠡᠨ ᠬᠦᠭᠵᠢᠬᠦᠯᠪᠠ; ᠨᠠᠢ᠍ᠮᠠ᠎ᠳᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠪᠠ ᠵᠠᠰᠠᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠨᠡᠶ᠋ᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠᠶ᠋ᠢᠳᠠᠯ᠎ᠢ ᠪᠠᠲᠤᠯᠠᠵᠠᠢ ᠭᠡᠵᠤ ᠵᠢᠭ᠋ᠠᠵᠤ ᠭᠠᠷᠭ᠋ᠠᠪᠠ᠃

      ᠯᠢ ᠺᠧ ᠴᠢᠶᠠᠩ ᠢᠯᠡᠳᠭᠡᠯ᠎ᠳᠡᠭᠡᠨ᠂ ᠠᠮᠵᠢᠯᠲᠠ᠎ᠪᠠᠨ ᠨᠤᠲᠠᠯᠠᠬᠤ ᠵᠢᠨ ᠬᠠᠮᠲᠤ᠂ ᠪᠢᠳᠠ ᠪᠠᠰᠠ ᠲᠤᠯᠭ᠋ᠠᠷᠠᠵᠤ ᠪᠠᠶ᠋ᠢᠭ᠎ᠠ ᠠᠰᠠᠭᠤᠳᠠᠯ ᠪᠣᠯᠤᠨ ᠥᠷᠢᠰᠥᠯᠳᠦᠭᠡᠨ᠎ᠢ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠢ᠃ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠰᠠᠭᠤᠳᠠᠯ ᠥᠷᠢᠰᠥᠯᠳᠦᠭᠡᠨ᠎ᠳᠤ ᠰᠢᠭᠤᠳ ᠬᠠᠨᠳᠤᠵᠤ᠂ ᠪᠦᠬᠦ ᠬᠦᠴᠦᠨ ᠵᠶ᠋ᠠᠷ ᠵᠶ᠋ᠠᠨ ᠠᠵᠢᠯ ᠵᠶ᠋ᠠᠨ ᠰᠠᠶ᠋ᠢᠲᠤᠷ ᠬᠢᠵᠦ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠶᠠᠭ᠋ᠠᠬᠢᠭᠰᠠᠨ ᠴᠤ᠌ ᠬᠥᠰᠡᠷᠳᠡᠭᠦᠯᠬᠦ ᠦᠭᠡᠢ ᠪᠠᠶ᠋ᠢᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃

      ᠯᠢ ᠺᠧ ᠴᠢᠶᠠᠩ ᠢᠯᠡᠳᠭᠡᠯ᠎ᠳᠡᠭᠡᠨ᠂ 2022 ᠣᠨ᠎ᠤ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠢ 5.5% ᠣᠷᠴᠢᠮ ᠨᠡᠮᠡᠭᠳᠡᠭᠦᠯᠦᠨ᠎ᠡ; ᠬᠤᠲᠠ ᠪᠠᠯᠭ᠋ᠠᠰᠤᠨ᠎ᠤ 1100 ᠲᠦᠮᠡ᠎ᠠᠴᠠ ᠳᠡᠭᠡᠭᠰᠢ ᠬᠥᠮᠦᠨ᠎ᠳᠤ ᠰᠢᠨ᠎ᠡ᠎ᠪᠠᠷ ᠠᠵᠢᠯ ᠣᠯᠭᠤᠵᠤ᠂ ᠬᠤᠲᠠ ᠪᠠᠯᠭ᠋ᠠᠰᠤᠨ᠎ᠤ ᠪᠠᠶ᠋ᠢᠴᠠᠭ᠋ᠠᠭᠰᠠᠨ ᠠᠵᠢᠯ ᠠᠯᠳᠠᠯᠲᠠ ᠵᠢᠨ ᠨᠣᠷᠮ᠎ᠠ ᠵᠢ ᠪᠦᠬᠦ ᠵᠢᠯ᠎ᠳᠤ 5.5% ᠵᠢᠨ ᠳᠣᠲᠣᠷ᠎ᠠ ᠡᠵᠡᠮᠳᠡᠨ᠎ᠡ; ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠥᠰᠥᠯᠲᠡ ᠵᠢ 3% ᠣᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠢᠵᠢᠯᠢ ᠠᠯᠬᠤᠮ᠎ᠲᠠᠢ ᠪᠠᠶ᠋ᠢᠯᠭ᠋ᠠᠨ᠎ᠠ; ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠲᠣᠭᠲᠠᠭᠤᠨ ᠪᠠᠶ᠋ᠢᠳᠠᠯ᠎ᠢ ᠪᠠᠲᠤᠯᠠᠨ ᠶᠠᠰᠤ ᠴᠢᠨᠠᠷ᠎ᠢ ᠳᠡᠭᠡᠭᠰᠢᠯᠡᠭᠦᠯᠵᠦ᠂ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠶ᠋ᠢᠯᠭ᠋ᠠᠨ᠎ᠠ; ᠠᠮᠤ ᠪᠤᠳᠠᠭ᠋ᠠᠨ᠎ᠤ ᠤᠨᠠᠯᠲᠠ 1.3 ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ ᠪᠠᠶ᠋ᠢᠬᠤ ᠵᠢ ᠪᠠᠲᠤᠯᠠᠨ᠎ᠠ; ᠠᠮᠢ ᠠᠬᠤᠢ ᠣᠷᠴᠢᠨ ᠲᠤᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠵᠤ᠂ ᠭᠤᠣᠯ ᠪᠤᠯᠬᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠦᠷᠭᠦᠯᠵᠢᠯᠡᠨ ᠪᠠᠭᠤᠷᠠᠭᠤᠯᠤᠨ᠎ᠠ; ᠡᠨᠧᠷᠭᠢ ᠵᠢᠨ ᠬᠤᠷᠣᠭᠳᠠᠯ᠎ᠤᠨ ᠬᠦᠴᠦᠯᠡᠴᠡ ᠵᠢᠨ ᠬᠠᠷᠠᠯᠲᠠ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠨᠢᠭᠡᠳᠦᠯᠲᠡᠶ ᠲᠥᠯᠥᠪᠵᠢᠬᠦᠯᠤᠨ ᠬᠢᠨᠡᠨ ᠪᠠᠶ᠋ᠢᠴᠠᠭ᠋ᠠᠬᠤ ᠵᠢᠨ ᠬᠠᠮᠲᠤ ᠵᠣᠬᠢᠰᠲᠠᠶ ᠬᠠᠷᠢᠮᠠᠬᠠᠶ ᠴᠢᠨᠠᠷ ᠦᠯᠡᠳᠡᠭᠡᠵᠦ᠂ ᠰᠢᠨ᠎ᠡ᠎ᠪᠠᠷ ᠨᠡᠮᠡᠭᠳᠡᠬᠦ ᠲᠠᠬᠢᠯᠳᠠ ᠡᠨᠧᠷᠭᠢ ᠪᠠ ᠲᠦᠭᠦᠬᠡᠶ ᠮᠠᠲ᠋ᠧᠷᠢᠶᠠᠯ᠎ᠤᠨ ᠬᠡᠷᠡᠭᠯᠡᠬᠦ ᠡᠨᠧᠷᠭᠢ ᠵᠢ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠶ ᠬᠡᠮᠵᠢᠶ᠎ᠡ ᠵᠢ ᠡᠵᠡᠮᠳᠡᠬᠦ᠎ᠳᠤ ᠣᠷᠣᠭᠤᠯᠬᠤ ᠥᠬᠡᠶ ᠭᠡᠵᠤ ᠲᠤᠷᠠᠳᠪᠠ᠃

      ᠯᠢ ᠺᠧ ᠴᠢᠶᠠᠩ ᠢᠯᠡᠳᠭᠡᠯ᠎ᠳᠡᠭᠡᠨ᠂ 2022 ᠣᠨ᠎ᠳᠤ ᠡᠯ᠎ᠡ ᠵᠦᠢ᠍ᠯ᠎ᠤᠨ ᠠᠵᠢᠯ ᠵᠶ᠋ᠠᠨ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠄ ᠬᠤᠷᠸ᠎ᠠ ᠠᠵᠤ ᠠᠬᠤᠢ ᠵᠢᠨ ᠶᠡᠭᠡ ᠲᠠᠯ᠎ᠠ ᠵᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠵᠢᠨ ᠡᠷᠭᠢᠯᠲᠡ ᠵᠣᠬᠢᠰᠲᠠᠢ ᠬᠡᠪᠴᠢᠶᠡᠨ᠎ᠳᠤ ᠪᠠᠶ᠋ᠢᠬᠤ ᠵᠢ ᠪᠠᠲᠤᠯᠠᠨ᠎ᠠ; ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠵᠢ ᠪᠠᠲᠤᠯᠠᠨ᠂ ᠬᠤᠷᠸ᠎ᠠ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ; ᠥᠭᠡᠷᠡᠴᠢᠯᠡᠯᠲᠡ ᠵᠢ ᠡᠷᠡᠰ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠨᠡᠩ ᠶᠡᠭᠡ᠎ᠪᠠᠷ ᠬᠥᠭᠵᠢᠭᠡᠨ᠎ᠡ; ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠦᠭᠵᠢᠯᠳᠠ ᠵᠢᠨ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠪᠣᠳᠠᠲᠤ ᠴᠣᠭᠴᠠ ᠵᠢᠨ ᠠᠵᠤ ᠠᠬᠤᠢ ᠵᠢᠨ ᠰᠠᠭᠤᠷᠢ ᠵᠢ ᠪᠠᠬᠢᠵᠢᠭᠦᠯᠦᠨ ᠪᠤᠵᠠᠭ᠋ᠠᠶ᠋ᠢᠷᠠᠭᠤᠯᠤᠨ᠎ᠠ; ᠳᠣᠲᠣᠭ᠋ᠠᠳᠤ ᠬᠡᠷᠡᠭᠴᠡᠭᠡ ᠵᠢ ᠥᠷᠭᠡᠳᠭᠡᠬᠦ ᠪᠠᠶ᠋ᠢᠯᠳᠤᠬᠤ ᠪᠤᠳᠤᠯᠭ᠎ᠠ ᠵᠢ ᠡᠷᠡᠰ ᠬᠡᠷᠡᠭᠵᠢᠭᠦᠯᠵᠦ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢ ᠠᠬᠢᠭᠤᠯᠤᠨ᠎ᠠ; ᠲᠠᠷᠢᠶᠠᠯᠠᠩ᠎ᠤᠨ ᠦᠢ᠍ᠯᠡᠳᠪᠦᠷᠢᠯᠡᠯ᠎ᠢ ᠬᠦᠴᠤᠯᠡᠨ ᠰᠠᠶ᠋ᠢᠲᠤᠷ ᠠᠳᠬᠤᠵᠤ᠂ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ; ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠭᠡᠵᠦ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠲᠣᠭᠲᠠᠭᠤᠨ ᠬᠥᠭᠵᠢᠯᠲᠡ ᠵᠢ ᠠᠬᠢᠭᠤᠯᠤᠨ᠎ᠠ; ᠠᠮᠢ ᠠᠬᠤᠶ ᠣᠷᠴᠢᠨ ᠲᠣᠭᠤᠷᠢᠨ᠎ᠢ ᠦᠷᠭᠦᠯᠵᠢᠯᠡᠨ ᠰᠠᠶ᠋ᠢᠵᠢᠷᠠᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠤᠨ᠎ᠠ; ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠵᠤ᠂ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠨ ᠰᠢᠨ᠎ᠡ ᠵᠢ ᠡᠭᠦᠳᠦᠨ᠎ᠡ ᠭᠡᠵᠤ ᠵᠢᠭ᠋ᠠᠵᠤ ᠭᠠᠷᠭ᠋ᠠᠪᠠ᠃

ᠢᠯᠡᠳᠭᠡᠯ᠎ᠳᠤ᠂ ᠯᠢ ᠺᠧ ᠴᠢᠶᠠᠩ ᠪᠠᠰᠠ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ᠂ ᠦᠨᠳᠦᠰᠦᠲᠡᠨ᠂ ᠱᠠᠰᠢᠨ ᠰᠤᠷᠲᠠᠬᠤᠨ ᠪᠣᠯᠤᠨ ᠬᠠᠷᠢᠶᠠᠲᠤ ᠨᠠᠷ᠎ᠤᠨ ᠠᠵᠢᠯ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠤᠨ ᠴᠡᠷᠢᠭ ᠠᠩᠬᠢ ᠵᠢᠨ ᠪᠠᠶ᠋ᠢᠭᠤᠯᠤᠯᠲᠠ᠂ ᠰᠢᠶᠠᠩᠭ᠋ᠠᠩ᠂ ᠣᠣᠮᠧᠨ᠎ᠤ ᠬᠥᠭᠵᠢᠯᠲᠡ ᠪᠣᠯᠤᠨ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠬᠠᠷᠢᠴᠠᠭ᠎ᠠ ᠵᠢᠴᠢ ᠮᠠᠨ᠎ᠤ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠲᠦᠷᠦ ᠵᠢᠨ ᠪᠤᠳᠤᠯᠭ᠎ᠠ ᠵᠡᠷᠭᠡ ᠵᠢᠨ ᠲᠤᠬᠠᠢ ᠲᠣᠳᠣᠷᠬᠠᠶ᠋ᠢᠯᠠᠨ ᠥᠭᠦᠯᠡᠵᠡᠢ᠃

      ᠬᠤᠷᠠᠯ᠎ᠤᠨ ᠵᠥᠪᠯᠡᠬᠦ  ᠵᠦᠢ᠍ᠯ᠎ᠢ ᠦᠨᠳᠦᠰᠦᠯᠡᠨ᠂ ᠶᠡᠭᠡ ᠬᠤᠷᠠᠯ᠎ᠠᠴᠠ ᠲᠥᠷᠥ ᠵᠢᠨ ᠶᠠᠪᠤᠳᠠᠯ᠎ᠤᠨ ᠬᠤᠷᠢᠶᠠᠨ᠎ᠤ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠬᠡᠷᠡᠭᠵᠢᠭᠦᠯᠦᠭᠰᠡᠨ ᠪᠠᠶ᠋ᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢᠨ ᠲᠥᠰᠦᠯ᠎ᠤᠨ ᠮᠡᠳᠡᠭᠦᠯᠦᠯᠲᠡ ᠵᠢᠴᠢ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢᠨ ᠲᠥᠰᠦᠯ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 2021 ᠣᠨ᠎ᠤ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠢ ᠬᠡᠷᠡᠭᠵᠢᠭᠦᠯᠦᠭᠰᠡᠨ ᠪᠠᠶ᠋ᠢᠳᠠᠯ ᠬᠢᠭᠡᠳ 2022 ᠣᠨ᠎ᠤ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠤᠨ ᠲᠥᠰᠦᠯ᠎ᠤᠨ ᠮᠡᠳᠡᠭᠦᠯᠦᠯᠲᠡ ᠵᠢᠴᠢ 2022 ᠣᠨ᠎ᠤ ᠲᠥᠪ᠎ᠤᠨ ᠪᠠ ᠣᠷᠣᠨ ᠨᠤᠲᠤᠭ᠎ᠤᠨ ᠲᠥᠰᠦᠪ᠎ᠤᠨ ᠲᠥᠰᠦᠯ᠎ᠢ ᠬᠢᠨᠠᠨ ᠪᠠᠶ᠋ᠢᠴᠠᠭ᠋ᠠᠨ᠎ᠠ᠃

      ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠨᠠᠶ᠋ᠢᠳᠠᠯᠭ᠎ᠠ᠎ᠪᠠᠷ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠳᠡᠳ᠋ ᠬᠤᠷᠢᠶᠠᠨ ᠳᠠᠷᠤᠭ᠎ᠠ ᠸᠠᠩ ᠴᠧᠨ ᠲᠤᠰ ᠲᠤᠰ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠥᠰᠦᠯ᠎ᠤᠨ ᠲᠣᠳᠣᠷᠬᠠᠶ᠋ᠢᠯᠠᠯᠲᠠ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠤᠷᠤᠨ ᠲᠤᠭ᠎ᠠ ᠪᠣᠯᠤᠨ ᠰᠣᠩᠭᠤᠭᠤᠯᠢ ᠵᠢᠨ ᠠᠰᠠᠭᠤᠳᠠᠯ᠎ᠤᠨ ᠲᠤᠭᠲᠠᠭ᠋ᠠᠯ᠎ᠤᠨ ᠲᠤᠬᠠᠢ ᠲᠥᠰᠦᠯ᠎ᠤᠨ ᠲᠣᠳᠣᠷᠬᠠᠶ᠋ᠢᠯᠠᠯᠲᠠ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠠᠷᠭ᠎ᠠ ᠵᠢᠨ ᠲᠤᠬᠠᠢ ᠲᠥᠰᠦᠯ᠎ᠤᠨ ᠲᠣᠳᠣᠷᠬᠠᠶ᠋ᠢᠯᠠᠯᠲᠠ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠠᠷᠭ᠎ᠠ ᠵᠢᠨ ᠲᠤᠬᠠᠢ ᠲᠥᠰᠦᠯ᠎ᠤᠨ ᠲᠣᠳᠣᠷᠬᠠᠶ᠋ᠢᠯᠠᠯᠲᠠ ᠬᠢᠪᠡ᠃

      ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠥᠰᠦᠯ᠎ᠤᠨ ᠲᠣᠳᠣᠷᠬᠠᠶ᠋ᠢᠯᠠᠯᠲᠠ᠎ᠳᠤ᠂ ᠣᠷᠣᠨ ᠨᠤᠲᠤᠭ᠎ᠤᠨ ᠵᠣᠬᠢᠶᠠᠨ ᠪᠠᠶ᠋ᠢᠭᠤᠯᠤᠯᠳᠠ ᠵᠢᠨ ᠬᠠᠤᠯᠢ ᠪᠣᠯ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠲᠠ ᠪᠠ ᠠᠵᠢᠯ᠎ᠤᠨ ᠳᠦᠷᠢᠮ᠎ᠤᠨ ᠲᠤᠬᠠᠢ ᠦᠨᠳᠦᠰᠦᠨ ᠬᠠᠤᠯᠢ ᠴᠠᠭ᠋ᠠᠵᠠ ᠮᠥᠨ᠂ ᠣᠷᠣᠨ ᠨᠤᠲᠤᠭ᠎ᠤᠨ ᠵᠠᠰᠠᠭ᠎ᠤᠨ ᠡᠷᠬᠡ ᠵᠢᠨ ᠪᠠᠶ᠋ᠢᠭᠤᠯᠤᠯᠲᠠ ᠵᠢᠨ ᠲᠤᠬᠠᠢ ᠦᠨᠳᠦᠰᠦᠨ ᠬᠠᠤᠯᠢ ᠵᠢᠨ ᠬᠠᠤᠯᠢ ᠲᠣᠭᠲᠠᠭ᠋ᠠᠯᠲᠠ ᠵᠢᠨ ᠬᠡᠷᠡᠭᠵᠢᠭᠦᠯᠦᠯᠲᠡ ᠮᠥᠨ᠂ ᠣᠷᠣᠨ ᠨᠤᠲᠤᠭ᠎ᠤᠨ ᠡᠯ᠎ᠡ ᠱᠠᠲᠤᠨ᠎ᠤ ᠤᠯᠤᠰ᠎ᠤᠨ ᠡᠷᠬᠡᠲᠦ ᠪᠠᠶ᠋ᠢᠭᠤᠯᠭ᠎ᠠ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠡᠷᠬᠡ ᠲᠤᠰᠢᠶᠠᠯ ᠵᠶ᠋ᠠᠨ ᠬᠡᠷᠡᠭᠵᠢᠭᠦᠯᠬᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠬᠤᠯᠠ ᠲᠦᠷᠢᠮ᠎ᠤᠨ ᠪᠠᠲᠤᠯᠠᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠤᠯᠤᠰ᠎ᠤᠨ ᠲᠦᠷᠦ ᠵᠢᠨ ᠡᠷᠬᠡᠲᠦ ᠪᠠᠶ᠋ᠢᠭᠤᠯᠭ᠎ᠠ ᠵᠢᠨ ᠠᠵᠢᠯ ᠪᠣᠯᠤᠨ ᠪᠦᠲᠦᠭᠡᠡ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠯᠢ ᠤᠯᠠᠨ ᠴᠢᠬᠤᠯᠠ ᠶᠡᠭᠡ ᠪᠠᠶ᠋ᠢᠷᠢᠯᠠᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠵᠢᠯ᠎ᠢ ᠠᠬᠢᠭᠤᠯᠵᠤ᠂ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠵᠠᠢ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠠ ᠲᠥᠪ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ᠎ᠳᠤ᠂ ᠦᠢ᠍ᠯᠡᠳᠦᠯᠭᠡ ᠵᠢᠨ ᠲᠤᠷᠰᠢᠯᠭ᠎ᠠ᠎ᠪᠠᠨ ᠨᠠᠷᠢᠨ ᠬᠢᠨᠠᠮᠠᠭ᠋ᠠᠢ ᠳ᠋ᠦᠩᠨᠡᠭᠰᠡᠨ ᠰᠠᠭᠤᠷᠢᠨ ᠳᠡᠭᠡᠷ᠎ᠡ᠂ ᠣᠷᠣᠨ ᠨᠤᠲᠤᠭ᠎ᠤᠨ ᠵᠣᠬᠢᠶᠠᠨ ᠪᠠᠶ᠋ᠢᠭᠤᠯᠤᠯᠲᠠ ᠵᠢᠨ ᠬᠠᠤᠯᠢ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠭᠡᠵᠤ ᠵᠢᠭ᠋ᠠᠵᠤ ᠭᠠᠷᠭ᠋ᠠᠪᠠ᠃ ᠲᠥᠰᠦᠯ᠎ᠳᠤ ᠨᠡᠶ᠋ᠢᠳᠡ 48 ᠵᠦᠢ᠍ᠯ ᠪᠤᠢ᠂ ᠭᠤᠣᠯ ᠵᠠᠰᠠᠪᠤᠷᠢ ᠣᠷᠣᠭᠤᠯᠬᠤ ᠠᠭᠤᠯᠭ᠎ᠠ᠎ᠳᠤ᠄ 《ᠶᠡᠷᠦᠩᠬᠡᠢ ᠲᠦᠷᠢᠮ》 ᠭᠡᠬᠦ ᠪᠦᠯᠦᠭ᠎ᠤᠨ ᠠᠭᠤᠯᠭ᠎ᠠ ᠵᠢ ᠲᠡᠭᠦᠯᠳᠡᠷᠵᠢᠭᠦᠯᠦᠨ᠎ᠡ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶᠠᠨ᠎ᠤ ᠵᠣᠬᠢᠶᠠᠨ ᠪᠠᠶ᠋ᠢᠭᠤᠯᠬᠤ᠂ ᠡᠷᠬᠡ ᠲᠤᠰᠢᠶᠠᠯ ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠬᠤ᠂ ᠡᠷᠬᠡ ᠲᠤᠰᠢᠶᠠᠯ ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ; ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠥᠭᠡᠷᠡᠴᠢᠯᠡᠯᠲᠡ᠎ᠳᠤ ᠵᠣᠬᠢᠴᠠᠬᠤ ᠬᠤᠯᠪᠣᠭᠳᠠᠯ ᠪᠦᠬᠦᠢ ᠠᠭᠤᠯᠭ᠎ᠠ ᠵᠢ ᠨᠡᠮᠡᠬᠦ ᠴᠢᠬᠤᠯᠠᠲᠠᠢ; ᠣᠷᠣᠨ ᠪᠦᠰᠡ ᠵᠢᠨ ᠬᠥᠭᠵᠢᠯᠲᠡ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠲᠣᠳᠣᠷᠬᠠᠶ᠋ᠢᠯᠠᠨ᠎ᠠ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠡᠷᠭᠡ ᠠᠭᠤᠯᠭ᠎ᠠ ᠵᠢ ᠲᠡᠭᠦᠯᠳᠡᠷᠵᠢᠭᠦᠯᠬᠦ ᠵᠢᠨ ᠬᠠᠮᠲᠤ ᠬᠤᠯᠪᠣᠭᠳᠠᠯ ᠪᠦᠬᠦᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃

      ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠤᠷᠤᠨ ᠲᠤᠭ᠎ᠠ ᠪᠣᠯᠤᠨ ᠰᠣᠩᠭᠤᠭᠤᠯᠢ ᠵᠢᠨ ᠠᠰᠠᠭᠤᠳᠠᠯ᠎ᠤᠨ ᠲᠣᠭᠲᠠᠭ᠋ᠠᠯ᠎ᠤᠨ ᠲᠤᠬᠠᠢ ᠲᠥᠰᠦᠯ᠎ᠤᠨ ᠲᠣᠳᠣᠷᠬᠠᠶ᠋ᠢᠯᠠᠯᠲᠠ᠎ᠳᠤ᠂ ᠦᠨᠳᠦᠰᠦᠨ ᠬᠠᠤᠯᠢ ᠪᠣᠯᠤᠨ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠦᠨᠳᠦᠰᠦᠯᠡᠪᠠᠯ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠤᠰᠢᠶᠠᠯ᠎ᠤᠨ ᠬᠤᠭᠤᠴᠠᠭ᠎ᠠ᠎ᠨᠢ 2023 ᠣᠨ᠎ᠤ 3 ᠰᠠᠷ᠎ᠠ᠎ᠳᠤ ᠳᠠᠭᠤᠰᠴᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ 2023 ᠣᠨ᠎ᠤ 1 ᠰᠠᠷ᠎ᠠ᠎ᠳᠤ ᠰᠣᠩᠭᠤᠨ ᠭᠠᠷᠭ᠋ᠠᠨ᠎ᠠ᠃ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠠᠵᠢᠯ᠎ᠢ ᠰᠠᠶ᠋ᠢᠲᠤᠷ ᠬᠢᠬᠦ᠎ᠨᠢ ᠨᠠᠮ ᠪᠠ ᠲᠦᠷᠦ ᠵᠢᠨ ᠤᠯᠤᠰ ᠲᠥᠷᠥ ᠵᠢᠨ ᠠᠮᠢᠳᠤᠷᠠᠯ᠎ᠳᠠᠬᠢ ᠨᠢᠭᠡᠨ ᠶᠡᠭᠡ ᠶᠠᠪᠤᠳᠠᠯ ᠮᠥᠨ᠂ ᠨᠠᠮ᠎ᠤᠨ ᠣᠷᠳᠣ ᠬᠤᠭᠤᠴᠠᠭ᠎ᠠ᠎ᠪᠠᠷ ᠲᠥᠷᠥ ᠪᠠᠷᠢᠬᠤ ᠰᠠᠭᠤᠷᠢ ᠵᠢ ᠪᠠᠬᠢᠵᠢᠭᠦᠯᠬᠦ᠂ ᠤᠯᠤᠰ᠎ᠤᠨ ᠲᠦᠷᠦ ᠵᠢᠨ ᠡᠷᠬᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠥᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠂ ᠡᠯ᠎ᠡ ᠲᠠᠯ᠎ᠠ ᠵᠢᠨ ᠣᠶᠤᠨ ᠤᠬᠠᠭ᠋ᠠᠨ ᠪᠠ ᠬᠦᠴᠦᠨ ᠴᠢᠳᠠᠯ᠎ᠢ ᠨᠢᠭᠲᠠᠷᠠᠭᠤᠯᠤᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠲᠤᠶ᠋ᠢᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃ ᠦᠨᠳᠦᠰᠦᠨ ᠬᠠᠤᠯᠢ᠂ ᠰᠣᠩᠭᠤᠭᠤᠯᠢ ᠵᠢᠨ ᠬᠠᠤᠯᠢ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠯ᠎ᠡ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠤ ᠰᠠᠨᠠᠯ᠎ᠢ ᠥᠷᠭᠡᠨ ᠵᠶ᠋ᠠᠷ ᠬᠤᠷᠢᠶᠠᠭᠰᠠᠨ ᠰᠠᠭᠤᠷᠢᠨ ᠳᠡᠭᠡᠷ᠎ᠡ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠶᠠᠨ ᠳᠠᠷᠤᠭ᠎ᠠ ᠵᠢᠨ ᠬᠤᠷᠠᠯ᠎ᠠᠴᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠣᠷᠣᠨ ᠲᠤᠭ᠎ᠠ ᠪᠣᠯᠤᠨ ᠰᠣᠩᠭᠤᠭᠤᠯᠢ ᠵᠢᠨ ᠠᠰᠠᠭᠤᠳᠠᠯ᠎ᠤᠨ ᠲᠣᠭᠲᠠᠭ᠋ᠠᠯ᠎ᠤᠨ ᠲᠤᠬᠠᠢ ᠲᠥᠰᠦᠯ᠎ᠢ ᠲᠤᠭᠤᠷᠪᠢᠵᠤ᠂ 2021 ᠣᠨ᠎ᠤ 12 ᠰᠠᠷ᠎ᠠ᠎ᠳᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠭᠤᠴᠢᠨ ᠬᠤᠶᠠᠳᠤᠭ᠋ᠠᠷ ᠬᠤᠷᠠᠯ᠎ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠬᠤᠷᠠᠯ᠎ᠠᠴᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ᠎ᠳᠤ ᠳᠡᠪᠰᠢᠭᠦᠯᠦᠨ ᠬᠢᠨᠠᠨ ᠵᠥᠪᠯᠡᠭᠦᠯᠬᠦ᠎ᠪᠠᠷ ᠲᠣᠭᠲᠠᠵᠠᠢ ᠭᠡᠵᠦ ᠵᠢᠭ᠋ᠠᠵᠤ ᠭᠠᠷᠭ᠋ᠠᠪᠠ᠃

      ᠰᠢᠶᠠᠩᠭ᠋ᠠᠩ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠠᠷᠭ᠎ᠠ ᠵᠢᠨ ᠲᠤᠬᠠᠢ ᠲᠥᠰᠦᠯ᠎ᠤᠨ ᠲᠣᠳᠣᠷᠬᠠᠶ᠋ᠢᠯᠠᠯᠲᠠ ᠪᠠ ᠣᠣᠮᠧᠨ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠠᠷᠭ᠎ᠠ ᠵᠢᠨ ᠲᠤᠬᠠᠢ ᠲᠥᠰᠦᠯ᠎ᠤᠨ ᠲᠣᠳᠣᠷᠬᠠᠶ᠋ᠢᠯᠠᠯᠲᠠ᠎ᠳᠤ᠂ ᠰᠣᠩᠭᠤᠭᠤᠯᠢ ᠵᠢᠨ ᠬᠠᠤᠯᠢ ᠵᠢᠨ ᠲᠣᠭᠲᠠᠭ᠋ᠠᠯ ᠶᠣᠰᠣᠭ᠋ᠠᠷ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠣᠣᠮᠧᠨ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ᠎ᠬᠢᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠰᠤᠩᠭᠤᠭᠤᠯᠢ᠎ᠳᠤ ᠤᠷᠤᠯᠴᠠᠬᠤ ᠲᠥᠯᠥᠭᠡᠯᠡᠭᠴᠢ ᠵᠢᠨ ᠤᠷᠤᠨ ᠲᠤᠭ᠎ᠠ ᠪᠠ ᠲᠥᠯᠥᠭᠡᠯᠡᠭᠴᠢ ᠵᠢ ᠰᠣᠩᠭᠤᠨ ᠭᠠᠷᠭ᠋ᠠᠬᠤ ᠠᠷᠭ᠎ᠠ ᠵᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠠᠴᠠ ᠠᠰ᠎ᠲᠤᠨᠢ ᠲᠣᠭᠲᠠᠭ᠋ᠠᠨ᠎ᠠ᠃ ᠡᠶ᠋ᠢᠮᠦ᠎ᠠᠴᠠ᠂ ᠲᠤᠰ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠤᠰᠢᠶᠠᠯ᠎ᠤᠨ ᠬᠤᠭᠤᠴᠠᠭ᠎ᠠ ᠳᠠᠭᠤᠰᠬᠤ᠎ᠠᠴᠠ ᠡᠮᠦᠨ᠎ᠡ᠂ ᠰᠢᠶᠠᠩᠭ᠋ᠠᠩ᠂ ᠣᠣᠮᠧᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠠᠷᠭ᠎ᠠ ᠵᠢ ᠲᠣᠭᠲᠠᠭ᠋ᠠᠬᠤ ᠴᠢᠬᠤᠯᠠᠲᠠᠢ᠃ ᠬᠤᠯᠪᠣᠭᠳᠠᠯ ᠪᠦᠬᠦᠢ ᠠᠵᠢᠯ᠎ᠤᠨ ᠲᠤᠬᠢᠷᠠᠭᠤᠯᠤᠯᠲᠠ ᠵᠢ ᠦᠨᠳᠦᠰᠦᠯᠡᠵᠦ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠬᠤᠷᠢᠶ᠎ᠠ᠂ ᠰᠢᠶᠠᠩᠭ᠋ᠠᠩ ᠣᠣᠮᠧᠨ᠎ᠤ ᠦᠨᠳᠦᠰᠦ ᠪᠤᠯᠬᠤ ᠬᠠᠤᠯᠢ ᠴᠠᠭ᠋ᠠᠵᠠ ᠵᠢᠨ ᠬᠤᠷᠢᠶ᠎ᠠ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠣᠣᠮᠧᠨ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠠᠷᠭ᠎ᠠ ᠵᠢᠨ ᠲᠥᠰᠦᠯ᠎ᠢ ᠬᠠᠮᠲᠤ᠎ᠪᠠᠷ ᠰᠤᠳᠤᠯᠤᠨ ᠲᠤᠭᠤᠷᠪᠢᠭᠰᠠᠨ ᠪᠥᠭᠡᠳ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ᠂ ᠣᠣᠮᠧᠨ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ ᠪᠠ ᠣᠣᠮᠧᠨ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠠᠴᠠ ᠰᠠᠨᠠᠯ ᠬᠤᠷᠢᠶᠠᠵᠠᠢ ᠭᠡᠵᠦ ᠵᠢᠭ᠋ᠠᠵᠤ ᠭᠠᠷᠭ᠋ᠠᠪᠠ᠃

      ᠲᠡᠷᠢᠭᠦᠯᠡᠭᠴᠢ ᠵᠢᠨ ᠲᠠᠶ᠋ᠢᠰᠠᠨ᠎ᠳᠤ ᠰᠠᠭ᠋ᠠᠲᠠᠭᠰᠠᠳ᠎ᠲᠤ ᠪᠠᠰᠠ᠄ ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠤᠩ ᠵᠥᠩ᠂ ᠶᠠᠩ ᠵᠢᠶᠧ ᠊ᠤᠤᠢ᠂ ᠶᠠᠩ ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠌ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠨ᠂ ᠸᠧᠶ ᠹᠧᠩ ᠾᠧ᠂ ᠸᠠᠩ ᠶᠦᠩ᠂ ᠸᠠᠩ ᠢ᠂ ᠰᠢᠶᠣᠤ ᠵᠢᠶᠧ᠂ ᠵᠣᠣ ᠺᠧ ᡁᠢ᠂ ᠵᠧᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠣᠣ᠂ ᠫᠠᠪᠠᠯᠠ · ᠭᠧᠯᠧᠭᠨᠡᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠣᠣ ᠯᠦᠩ᠂ ᠯᠢ ᠪᠢᠨ᠂ ᠪᠠᠭ᠋ᠠᠲᠤᠷ᠂ ᠸᠠᠩ ᠶᠦᠩ ᠴᠢᠩ᠂ ᠾᠧ ᠯᠢ ᠹᠧᠩ᠂ ᠰᠤ᠌ ᠬᠤᠶ᠂ ᠵᠧᠩ ᠵᠢᠶᠠᠨ ᠪᠠᠩ᠂ ᠭᠦ᠌ ᠱᠧᠩ ᠽᠤ᠌᠂ ᠯᠢᠦ ᠰᠢᠨ ᠴᠧᠩ᠂ ᠾᠧ ᠸᠧᠶ᠂ ᠱᠤᠤ ᠬᠤᠩ᠂ ᠭᠤᠤ ᠶᠦᠨ ᠯᠦᠩ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠨᠡᠷ ᠪᠤᠢ᠃

      ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠾᠧ ᠢ ᠴᠧᠩ ᠬᠤᠷᠠᠯ᠎ᠳᠤ ᠰᠤᠯᠠ ᠣᠷᠣᠯᠴᠠᠭᠰᠠᠨ ᠪᠥᠭᠡᠳ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠵᠠᠢ᠃

      ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠤᠷᠢᠶᠠᠨ᠎ᠤ ᠲᠠᠪᠤᠳᠤᠭ᠋ᠠᠷ ᠬᠤᠷᠠᠯ᠎ᠳᠤ ᠣᠷᠣᠯᠴᠠᠵᠤ ᠪᠠᠶ᠋ᠢᠭ᠎ᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠶᠡᠭᠡ ᠬᠤᠷᠠᠯ᠎ᠳᠤ ᠰᠤᠯᠠ ᠣᠷᠣᠯᠴᠠᠵᠠᠢ᠃

ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ ᠴᠡᠷᠢᠭ᠎ᠤᠨ ᠬᠤᠯᠪᠣᠭᠳᠠᠯ ᠪᠦᠬᠦᠢ ᠨᠢᠭᠡᠴᠢ᠂ ᠡᠯ᠎ᠡ ᠠᠷᠠᠳ᠎ᠤᠨ ᠪᠦᠯᠬᠦᠮ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠶᠡᠭᠡ ᠬᠤᠷᠠᠯ᠎ᠳᠤ ᠰᠤᠯᠠ ᠣᠷᠣᠯᠴᠠᠭᠰᠠᠨ ᠪᠤᠶᠤ ᠶᠡᠭᠡ ᠬᠤᠷᠠᠯ᠎ᠢ ᠰᠤᠯᠠ ᠰᠣᠨᠣᠰᠴᠠᠢ᠃

      ᠳᠤᠮᠳᠠᠳᠤ ᠤᠯᠤᠰ᠎ᠲᠤ ᠰᠠᠭᠤᠭ᠎ᠠ ᠭᠠᠳᠠᠭ᠋ᠠᠳᠤ ᠵᠢᠨ ᠡᠯᠴᠢᠨ ᠰᠠᠶ᠋ᠢᠳ ᠶᠡᠭᠡ ᠬᠤᠷᠠᠯ᠎ᠢ ᠰᠤᠯᠠ ᠰᠣᠨᠣᠰᠴᠠᠢ᠃ 
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠲᠠ ᠦᠭᠡᠢ ᠪᠠᠬᠢᠵᠢᠭᠦᠯᠵᠥ ᠠᠭᠤᠤ ᠶᠡᠭᠡ ᠡᠬᠡ ᠤᠯᠤᠰ ᠵᠶ᠋ᠠᠨ ᠬᠠᠮᠲᠤ᠎ᠪᠠᠷ ᠪᠥᠲᠥᠭᠡᠨ ᠪᠠᠶ᠋ᠢᠭᠤᠯᠵᠤ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠤᠬ᠍ᠴᠠᠯᠠᠬᠤ ᠬᠡᠷᠡᠭᠳᠡᠢ
ᠰᠢ ᠵᠢᠨ ᠫᠢᠩ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠪᠦᠬᠦᠳᠡ ᠬᠤᠷᠠᠯ᠎ᠳᠤ ᠣᠷᠣᠯᠴᠠᠬᠤ᠎ᠳᠠᠭᠠᠨ ᠬᠠᠤᠯᠢ᠎ᠪᠠᠷ ᠴᠡᠷᠢᠭ᠎ᠢ ᠵᠠᠰᠠᠬᠤ ᠪᠠᠶ᠋ᠢᠯᠳᠤᠬᠤ ᠪᠤᠳᠤᠯᠭ᠎ᠠ ᠵᠢ ᠲᠤᠭᠤᠰᠢᠯᠠᠭᠤᠯᠵᠥ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠶ᠋ᠢᠭᠤᠯᠤᠯᠲᠠ ᠵᠢᠨ ᠬᠠᠤᠯᠢᠵᠢᠯ᠎ᠤᠨ ᠳᠦᠪᠰᠢᠨ᠎ᠢ ᠳᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ
ᠰᠢ ᠵᠢᠨ ᠫᠢᠩ ᠤᠯᠤᠰ ᠲᠦᠷᠦ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠥ ᠪᠠᠶ᠋ᠢᠭ᠎ᠠ ᠬᠥᠳᠡᠭᠡ ᠠᠵᠤ ᠠᠬᠤᠢ ᠵᠢᠨ ᠡᠲᠡᠭᠡᠳ ᠨᠡᠶ᠋ᠢᠭᠡᠮ᠎ᠤᠨ ᠠᠰᠠᠷᠠᠮᠵᠢ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠡᠲᠡᠭᠡᠳ᠎ᠤᠨ ᠭᠡᠰᠢᠭᠦᠳ᠎ᠢ ᠡᠷᠬᠢᠨ ᠦᠵᠡᠬᠦ᠎ᠳᠡᠭᠡᠨ ᠬᠦᠳᠡᠭᠡ ᠠᠵᠤ ᠠᠬᠤᠢ ᠵᠢᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠶᠠᠪᠤᠳᠠᠯ᠎ᠢ ᠨᠡᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠥ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠶ ᠭᠡᠵᠦ ᠴᠢᠬᠤᠯᠠᠴᠢᠯᠠᠪᠠ ᠸᠠᠩ ᠶᠠᠩ ᠡᠷᠬᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
ᠰᠢᠨᠬᠤᠸᠠ ᠬᠣᠷᠢᠶ᠎ᠠ ᠡᠷᠬᠡ ᠣᠯᠵᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠢ ᠨᠡᠪᠲᠡᠷᠡᠭᠦᠯᠪᠡ
 
            