ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠥᠳᠡᠭᠡ ᠲᠣᠰᠬᠣᠨ᠎ᠢ ᠬᠠᠤᠯᠢ᠎ᠪᠠᠷ ᠵᠠᠰᠠᠬᠤ ᠵᠢ ᠲᠦᠯᠬᠢᠨ ᠠᠬᠢᠭᠤᠯᠵᠤ ᠬᠠᠤᠯᠢ᠎ᠪᠠᠷ ᠵᠠᠰᠠᠬᠤ ᠵᠢ ᠡᠷᠬᠡᠪᠰᠢ ᠪᠠᠷᠢᠮᠳᠠᠯᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2019-05-20

      ᠨᠢᠭᠡ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠮᠠᠯᠴᠢᠨ ᠲᠠᠷᠢᠶᠠᠴᠢᠨ᠎ᠤ ᠡᠷᠬᠡ ᠠᠰᠢᠭ᠎ᠢ ᠬᠠᠮᠠᠭ᠋ᠠᠯᠠᠬᠤ᠂ ᠬᠥᠳᠡᠭᠡ ᠲᠣᠰᠬᠤᠨ ᠮᠠᠯᠵᠢᠬᠤ ᠣᠷᠣᠨ᠎ᠤ ᠨᠡᠶ᠋ᠢᠭᠡᠮ᠎ᠤᠨ ᠵᠥᠷᠢᠴᠡᠯ᠎ᠢ ᠰᠢᠢ᠍ᠳᠪᠥᠷᠢᠯᠡᠬᠦ ᠵᠡᠷᠭᠡ ᠲᠠᠯ᠎ᠠ᠎ᠳᠠᠬᠢ ᠡᠷᠬᠡ ᠬᠥᠨᠳᠦᠳᠦ ᠪᠠᠶ᠋ᠢᠷᠢ ᠰᠠᠭᠤᠷᠢ ᠵᠢ ᠴᠢᠩᠭ᠋ᠠᠳᠬᠠᠨ᠎ᠠ᠃
    ᠬᠣᠶᠠᠷ᠎ᠲᠤ᠂ ᠬᠥᠳᠡᠭᠡ ᠲᠣᠰᠬᠣᠨ ᠮᠠᠯᠵᠢᠬᠤ ᠣᠷᠣᠨ᠎ᠤ ᠦᠨᠳᠦᠰᠦᠨ ᠱᠠᠲᠤᠨ᠎ᠤ   ᠺᠠᠲᠠᠷᠴᠤᠳ᠎ᠤᠨ ᠬᠠᠤᠯᠢ᠎ᠪᠠᠷ ᠵᠠᠰᠠᠬᠤ ᠦᠵᠡᠯᠲᠡ ᠵᠢ ᠴᠢᠩᠭ᠋ᠠᠳᠬᠠᠵᠦ᠂ ᠠᠷᠠᠳ᠎ᠤᠨ ᠲᠥᠯᠥᠭᠡ ᠬᠠᠤᠯᠢ᠎ᠪᠠᠷ ᠵᠠᠰᠠᠬᠤ ᠤᠬᠠᠮᠰᠠᠷ᠎ᠢ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠮᠠᠯ ᠠᠵᠤ ᠠᠬᠤᠶ ᠲᠠᠷᠢᠶᠠᠯᠠᠩ᠎ᠳᠤ ᠬᠣᠯᠪᠣᠭᠳᠠᠬᠤ ᠡᠯ᠎ᠡ ᠵᠦᠢ᠍ᠯ᠎ᠤᠨ ᠠᠵᠢᠯ᠎ᠢ ᠬᠠᠤᠯᠢᠵᠢᠭᠤᠯᠬᠤ ᠵᠠᠮ᠎ᠳᠤ ᠣᠷᠣᠭᠤᠯᠬᠤ ᠬᠡᠷᠡᠭᠲᠡᠶ᠃
      ᠭᠤᠷᠪᠠ᠎ᠳᠤ᠂ ᠲᠠᠷᠢᠶᠠᠯᠠᠩ ᠮᠠᠯ ᠠᠵᠤ ᠠᠬᠤᠶ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠬᠥᠳᠡᠭᠡ ᠲᠤᠰᠬᠤᠨ ᠮᠠᠯᠵᠢᠬᠤ ᠣᠷᠣᠨ᠎ᠤ ᠦᠨᠳᠦᠰᠦᠨ ᠱᠠᠲᠤᠨ᠎ᠳᠤ ᠬᠦᠷᠲᠡᠯ᠎ᠡ ᠭᠦᠨᠵᠡᠭᠡᠢ᠌ᠷᠡᠭᠦᠯᠦᠨ ᠲᠦᠯᠬᠢᠨ ᠠᠬᠢᠭᠤᠯᠵᠤ᠂ ᠬᠢᠨᠠᠨ ᠬᠠᠮᠢᠶᠠᠷᠬᠤ ᠠᠷᠭ᠎ᠠ᠎ᠳᠤ ᠰᠢᠨ᠎ᠡ ᠵᠢ ᠡᠭᠦᠳᠴᠦ᠂ ᠲᠠᠷᠢᠶᠠᠯᠠᠩ ᠮᠠᠯ ᠠᠵᠤ ᠠᠬᠤᠶ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ ᠵᠢ ᠡᠮᠬᠢᠯᠡᠨ ᠴᠡᠭᠴᠡᠯᠡᠵᠦ᠂ ᠬᠠᠤᠯᠢ ᠬᠡᠷᠡᠭᠵᠢᠭᠦᠯᠬᠦ ᠬᠦᠴᠦᠨ ᠵᠶ᠋ᠠᠨ ᠳᠣᠷᠣᠭᠰᠢᠯᠠᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃
      ᠲᠦᠷᠪᠡ᠎ᠳᠤ᠂ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠵᠢᠭᠤᠷᠠᠯᠳᠤᠭ᠋ᠠᠨ᠎ᠢ ᠡᠶᠡᠳᠡᠭᠦᠯᠬᠦ᠂ ᠬᠣᠰᠢᠭᠤ᠂ ᠰᠢᠶᠠᠨ᠂ ᠲᠣᠭᠣᠷᠢᠭ (ᠬᠣᠲᠠ)᠎ᠤᠨ ᠭᠠᠵᠠᠷ ᠰᠢᠷᠣᠶ ᠵᠢᠨ ᠬᠥᠨᠳᠡᠯᠡᠨ᠎ᠠᠴᠠ ᠲᠠᠰᠤᠯᠬᠤ᠂ ᠬᠠᠤᠯᠢ ᠴᠠᠭ᠋ᠠᠵᠠ ᠵᠢᠨ ᠪᠠᠲᠤᠯᠠᠭ᠎ᠠ᠎ᠲᠠᠢ ᠬᠥᠳᠡᠭᠡ ᠲᠤᠰᠬᠤᠨ ᠮᠠᠯᠵᠢᠬᠤ ᠣᠷᠣᠨ᠎ᠤ ᠭᠠᠵᠠᠷ ᠰᠢᠷᠣᠶ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
      ᠲᠠᠪᠤ᠎ᠳᠤ᠂ ᠬᠥᠳᠡᠭᠡ ᠲᠣᠰᠬᠤᠨ ᠮᠠᠯᠵᠢᠬᠤ ᠣᠷᠣᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠮᠠᠯᠴᠢᠨ ᠲᠠᠷᠢᠶᠠᠴᠢᠨ᠎ᠤ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠥᠷᠭᠡᠨ ᠤᠯᠠᠨ ᠮᠠᠯᠴᠢᠨ ᠲᠠᠷᠢᠶᠠᠴᠢᠨ᠎ᠤ ᠬᠠᠤᠯᠢ ᠵᠢ ᠬᠦᠨᠳᠦᠳᠬᠡᠬᠦ᠂ ᠬᠠᠤᠯᠢ ᠵᠢ ᠰᠤᠷᠬᠤ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠤᠬᠠᠮᠰᠠᠷ᠎ᠢ ᠨᠡᠮᠡᠭᠳᠡᠭᠦᠯᠬᠦ ᠬᠡᠷᠡᠭᠲᠡᠶ᠃ ᠬᠥᠳᠡᠭᠡ ᠲᠣᠰᠬᠣᠨ ᠮᠠᠯᠵᠢᠬᠤ ᠣᠷᠣᠨ᠎ᠤ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ᠎ᠳᠤ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠪᠠ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠬᠤ᠎ᠪᠠᠨ ᠴᠢᠩᠭ᠋ᠠᠳᠬᠠᠨ᠎ᠠ᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠤᠷᠤᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ
ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠠᠷᠬᠡᠶ᠋ᠢᠯᠡᠬᠦ ᠬᠠᠤᠯᠢ
ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠤᠯᠦᠰ᠎ᠤᠨ ᠲᠤᠬ᠎ᠤᠨ ᠬᠠᠦᠯᠢ
ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ
 
            