ᠺᠠᠳ᠋ᠷ ᠠᠵᠢᠯᠲᠠᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠣᠯᠤᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠬᠦ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠦᠷᠲᠡᠭᠡ᠎ᠨᠢ ᠰᠠᠬᠢᠯᠭ᠎ᠠ ᠪᠠᠲᠤ ᠵᠢᠨ ᠬᠢᠵᠠᠭ᠋ᠠᠷᠯᠠᠯ᠎ᠢ ᠬᠦᠯᠢᠶᠡᠬᠦ᠂ ᠬᠠᠷᠢᠭᠤᠴᠠᠯᠭ᠎ᠠ ᠵᠢ ᠨᠠᠢ᠌ᠳᠠᠪᠣᠷᠢᠵᠢᠭᠤᠯᠬᠤ᠂ ᠬᠡᠪ ᠰᠤᠷᠲᠠᠯ᠎ᠤᠨ ᠪᠠᠶ᠋ᠢᠭᠤᠯᠤᠯᠲᠠ᠂ ᠬᠠᠮᠢᠶᠠᠷᠤᠯᠲᠠ᠎ᠪᠠᠨ ᠵᠢᠷᠦᠮᠵᠢᠭᠤᠯᠬᠤ ᠵᠡᠷᠭᠡ ᠲᠠᠯ᠎ᠠ ᠵᠢᠨ ᠠᠵᠢᠯ ᠵᠶ᠋ᠠᠷ ᠳᠠᠮᠵᠢᠨ᠂ ᠦᠷ᠎ᠡ ᠠᠰᠢᠭ ᠰᠠᠶ᠋ᠢᠲᠠᠶ ᠠᠷᠢᠭᠤᠨ ᠴᠢᠬᠡᠴᠢ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠢᠨ᠎ᠡ ᠳᠦᠷᠢ ᠲᠥᠷᠬᠦ ᠵᠢ ᠪᠠᠶ᠋ᠢᠭᠤᠯᠬᠤ᠎ᠪᠠᠷ ᠴᠢᠷᠮᠠᠢ᠌ᠵᠦ ᠪᠠᠢ᠌ᠨ᠎ᠠ᠃
ᠨᠢᠭᠡ᠎ᠳᠤ᠂ ᠰᠠᠬᠢᠯᠭ᠎ᠠ ᠪᠠᠲᠤ ᠵᠢᠨ ᠬᠢᠵᠠᠭ᠋ᠠᠷᠯᠠᠯ᠎ᠳᠤ ᠠᠩᠬᠠᠷᠤᠯ ᠵᠶ᠋ᠠᠨ ᠬᠠᠨᠳᠣᠭᠣᠯᠵᠦ᠂ ᠲᠦᠷᠢᠮ ᠲᠣᠭᠲᠠᠭ᠋ᠠᠯ ᠶᠣᠰᠣᠭ᠋ᠠᠷ ᠨᠠᠮ᠎ᠢ ᠵᠠᠰᠠᠬᠤ ᠵᠢ ᠴᠢᠩᠭ᠋ᠠᠳᠬᠠᠵᠤ᠂ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠵᠤ᠂ ᠨᠠᠮ᠎ᠤᠨ ᠬᠡᠰᠢᠭᠦᠳ᠎ᠤᠨ ᠨᠠᠮᠴᠢ ᠴᠢᠨᠠᠷ᠎ᠤᠨ ᠤᠬᠠᠮᠰᠠᠷ᠂ ᠤᠯᠤᠰ ᠲᠦᠷᠦ ᠵᠢᠨ ᠤᠬᠠᠮᠰᠠᠷ ᠪᠠ ᠵᠣᠬᠢᠶᠠᠨ ᠪᠠᠶ᠋ᠢᠭᠤᠯᠤᠯᠲᠠ ᠵᠢᠨ ᠦᠵᠡᠯᠲᠡ ᠵᠢ ᠦᠨᠡᠨ ᠬᠦ᠌ ᠳᠡᠭᠡᠭᠰᠢᠯᠡᠭᠦᠯᠵᠦ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ᠂ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ ᠪᠣᠯᠤᠨ ᠠᠮᠢᠳᠤᠷᠠᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ ᠠᠵᠢᠯᠯᠠᠵᠤ᠂ ᠨᠠᠮ᠎ᠤᠨ ᠳᠣᠲᠣᠭ᠋ᠠᠳᠤ ᠵᠢᠨ ᠬᠢᠨᠠᠯᠲᠠ᠂ ᠣᠯᠠᠨ ᠲᠦᠮᠡᠨ᠎ᠤ ᠬᠢᠨᠠᠯᠲᠠ ᠵᠢ ᠥᠪᠡᠷ᠎ᠤᠨ ᠤᠬᠠᠮᠰᠠᠷ᠎ᠠᠴᠠ᠎ᠪᠠᠨ ᠬᠦᠯᠢᠶᠡᠵᠦ ᠠᠪᠤᠨ᠎ᠠ᠃
ᠬᠣᠶᠠᠷ᠎ᠲᠤ᠂ ᠬᠠᠷᠢᠭᠤᠴᠠᠯᠭ᠎ᠠ ᠵᠢ ᠨᠡᠢ᠌ᠲᠡᠪᠦᠷᠢᠵᠢᠭᠣᠯᠬᠤᠳᠤ ᠠᠩᠬᠠᠷᠤᠯ ᠵᠶ᠋ᠠᠨ ᠬᠠᠨᠳᠤᠭᠤᠯᠵᠤ᠂ ᠡᠭᠦᠷᠭᠡ ᠬᠠᠷᠢᠭᠤᠴᠠᠯᠭ᠎ᠠ ᠵᠢ ᠴᠢᠩᠭ᠋ᠠᠳᠬᠠᠨ᠎ᠠ᠃ ᠥᠷᠲᠡᠭᠡ ᠵᠢᠨ ᠨᠠᠮ᠎ᠤᠨ ᠡᠭᠦᠷ᠎ᠠᠴᠠ ᠪᠥᠬᠦ ᠥᠷᠲᠡᠭᠡ ᠵᠢᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ᠂ ᠢᠯᠵᠠᠷᠠᠯ᠎ᠢ ᠡᠰᠡᠷᠭᠦᠴᠡᠬᠦ ᠠᠵᠢᠯ᠎ᠢ ᠨᠢᠭᠡᠳᠦᠯᠲᠡᠢ ᠤᠳᠤᠷᠢᠳᠴᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠭᠦᠢ᠍ᠴᠡᠳᠭᠡᠬᠦ ᠵᠢ ᠪᠠᠷᠢᠮᠲᠠᠯᠠᠵᠤ᠂ ᠥᠷᠲᠡᠭᠡ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠰᠠᠯᠠᠭ᠎ᠠ ᠲᠡᠰᠦᠬ᠎ᠤᠨ ᠬᠠᠷᠢᠭᠤᠴᠠᠯᠭ᠋ᠠᠲᠠᠨ᠎ᠠᠴᠠ
《ᠨᠢᠭᠡ ᠪᠠᠶ᠋ᠢᠷᠢ ᠬᠣᠶᠠᠷ ᠬᠠᠷᠢᠭᠤᠴᠠᠯᠭ᠎ᠠ》 ᠵᠢ ᠴᠢᠩᠭ᠎ᠠ ᠭᠦᠢ᠍ᠴᠡᠳᠬᠡᠬᠦ ᠬᠡᠷᠡᠭᠲᠡᠶ᠂ ᠨᠠᠮ᠎ᠤᠨ ᠰᠤᠷᠲᠠᠯ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠤᠯᠤᠨ ᠲᠤᠬᠠᠶ᠋ᠢᠯᠠᠭᠰᠠᠨ ᠠᠵᠢᠯ᠎ᠢ ᠵᠡᠷᠭᠡ᠎ᠪᠡᠷ ᠴᠢᠩᠭ᠎ᠠ ᠠᠳᠬᠤᠬᠤ ᠵᠢ ᠪᠡᠶᠡᠯᠡᠭᠦᠯᠬᠦ ᠬᠡᠷᠡᠭᠲᠡᠶ᠃
ᠭᠤᠷᠪᠠ᠎ᠳᠤ᠂ ᠤᠬᠠᠭᠤᠯᠤᠨ ᠰᠤᠷᠲᠠᠯᠴᠢᠯᠠᠬᠤ᠎ᠳᠤ ᠠᠩᠬᠠᠷᠤᠯ ᠵᠶ᠋ᠠᠨ ᠬᠠᠨᠳᠤᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠵᠢ ᠴᠢᠩᠭ᠋ᠠᠳᠬᠠᠨ᠎ᠠ᠃ ᠨᠠᠮ᠎ᠤᠨ ᠰᠠᠬᠢᠯᠭ᠎ᠠ᠂ ᠵᠠᠰᠠᠭ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠭᠣᠣᠯᠳᠠᠯᠭ᠎ᠠ᠎ᠲᠠᠢ ᠥᠷᠨᠢᠭᠦᠯᠵᠦ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠨᠠᠮᠴᠢ ᠴᠢᠨᠠᠷ᠎ᠤᠨ ᠤᠬᠠᠮᠰᠠᠷ᠂ ᠤᠯᠤᠰ ᠲᠦᠷᠦ ᠵᠢᠨ ᠤᠬᠠᠮᠰᠠᠷ ᠪᠠ ᠵᠣᠬᠢᠶᠠᠨ ᠪᠠᠶ᠋ᠢᠭᠤᠯᠤᠯᠲᠠ ᠵᠢᠨ ᠦᠵᠡᠯᠲᠡ ᠵᠢ ᠳᠡᠭᠡᠭᠰᠢᠯᠡᠭᠦᠯᠦᠨ᠎ᠡ᠃ ᠤᠯᠤᠰ ᠲᠦᠷᠦ ᠵᠢᠨ ᠰᠠᠬᠢᠯᠭ᠎ᠠ ᠪᠠᠲᠤ ᠵᠢᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠵᠠᠰᠠᠭ᠎ᠤᠨ ᠵᠠᠷᠯᠢᠭ᠎ᠤᠨ ᠰᠠᠭ᠋ᠠᠳ ᠦᠭᠡᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠰᠤᠷᠭ᠋ᠠᠨ ᠬᠥᠮᠦᠵᠢᠯ᠎ᠤᠨ ᠪᠣᠳᠠᠲᠤ ᠦᠷ᠎ᠡ ᠪᠥᠳᠥᠮᠵᠢᠳᠥ ᠴᠢᠨᠠᠷ᠎ᠢ ᠳᠡᠭᠡᠭᠰᠢᠯᠡᠭᠦᠯᠵᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠢ᠌ᠭᠤᠯᠭ᠎ᠠ ᠨᠢᠭᠡᠴᠢ ᠵᠢᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃
ᠳᠥᠷᠪᠡ᠎ᠳᠤ᠂ ᠡᠳᠦᠷ ᠲᠤᠲᠤᠮ᠎ᠤᠨ ᠬᠢᠨᠠᠨ ᠪᠠᠢ᠌ᠴᠠᠭ᠋ᠠᠯᠲᠠ᠎ᠳᠤ ᠠᠩᠬᠠᠷᠤᠯ ᠵᠶ᠋ᠠᠨ ᠬᠠᠨᠳᠣᠭᠤᠯᠵᠤ᠂ ᠰᠠᠬᠢᠯᠭ᠎ᠠ ᠪᠠᠲᠤ ᠵᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠨ᠎ᠠ ᠂ ᠰᠠᠬᠢᠯᠭ᠎ᠠ ᠪᠠᠲᠤ ᠵᠢ ᠵᠥᠷᠢᠴᠡᠭᠰᠡᠨ ᠠᠰᠠᠭᠤᠳᠠᠯ᠎ᠢ ᠡᠷᠡᠰ ᠪᠠᠶ᠋ᠢᠴᠠᠭ᠋ᠠᠨ ᠰᠢᠢ᠍ᠳᠪᠥᠷᠢᠯᠡᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠠᠵᠢᠯ᠎ᠢ ᠠᠬᠢᠭᠤᠯᠤᠨ᠎ᠠ᠃ 《ᠲᠦᠷᠪᠡᠨ ᠰᠤᠷᠲᠠᠯ》᠎ᠤᠨ ᠠᠰᠠᠭᠤᠳᠠᠯ ᠲᠤᠪᠤᠢ᠍ᠢ᠍ᠮ᠎ᠠ᠂ ᠰᠠᠬᠢᠯᠭ᠎ᠠ ᠪᠠᠲᠤ ᠵᠢ ᠵᠥᠷᠢᠴᠡᠵᠦ ᠪᠠᠶ᠋ᠢᠭ᠎ᠠ ᠠᠰᠠᠭᠤᠳᠠᠯ ᠭᠠᠷᠤᠭᠰᠠᠨ ᠰᠠᠯᠠᠭ᠎ᠠ ᠲᠠᠰᠤᠭ ᠪᠠ ᠬᠤᠪᠢ ᠬᠥᠮᠦᠨ᠎ᠢ ᠱᠠᠳᠤ ᠱᠠᠳᠣ᠎ᠪᠠᠷ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠪᠠᠶ᠋ᠢᠪᠠᠯ ᠵᠠᠪᠠᠯ ᠪᠠᠢ᠌ᠴᠠᠭ᠋ᠠᠵᠤ᠂ ᠢᠯᠵᠢᠷᠠᠯ ᠳᠤᠷᠤᠢ᠌ᠲᠠᠯᠢ ᠵᠠᠪᠠᠯ ᠠᠷᠢᠯᠭ᠋ᠠᠨ ᠰᠢᠢ᠍ᠳᠭᠡᠨ᠎ᠡ᠃
ᠲᠠᠪᠤ᠎ᠳᠤ᠂ ᠪᠠᠶ᠋ᠢᠭᠤᠯᠭ᠎ᠠ ᠵᠢᠨ ᠣᠪᠣᠷ ᠰᠤᠷᠲᠠᠯ᠎ᠤᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠬᠠᠨᠳᠤᠭᠤᠯᠵᠤ᠂ ᠤᠷᠳᠤ ᠬᠤᠭᠤᠴᠠᠭ᠋ᠠᠳᠤ ᠪᠦᠲᠦᠮᠵᠢᠲᠡᠢ ᠲᠣᠭᠲᠠᠴᠠ ᠵᠢ ᠴᠢᠩᠭ᠋ᠠᠳᠬᠠᠨ᠎ᠠ᠃ 《ᠳᠥᠷᠪᠡᠨ ᠰᠤᠷᠲᠠᠯ》᠎ᠢ ᠴᠢᠩᠭ᠎ᠠ ᠠᠳᠬᠤᠨ ᠵᠠᠰᠠᠨ ᠵᠠᠯᠠᠷᠠᠭᠤᠯᠵᠤ᠂ ᠨᠠᠮ᠎ᠤᠨ ᠣᠯᠠᠨ ᠲᠦᠮᠡᠨᠴᠢ ᠱᠤᠭᠤᠮ᠎ᠤᠨ ᠬᠥᠮᠦᠵᠢᠯ᠎ᠤᠨ ᠦᠢ᠍ᠯᠡᠳᠦᠯᠭᠡᠵᠢᠭᠦᠯᠬᠦ ᠠᠵᠢᠯᠯᠠᠭ᠎ᠠ ᠵᠢᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠂ 《ᠤᠯᠠᠨ ᠲᠦᠮᠡᠨ᠎ᠲᠠᠢ ᠬᠠᠷᠢᠯᠴᠠᠬᠤ》 ᠠᠵᠢᠯ᠎ᠢ ᠢᠳᠡᠪᠬᠢᠲᠡᠶ ᠥᠷᠨᠢᠭᠦᠯᠦᠨ᠎ᠡ᠃ ᠠᠯᠢ ᠤᠯᠡᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠥᠬᠥ ᠥᠷᠲᠡᠭᠡᠨ᠎ᠤ ᠺᠠᠳ᠋ᠷ᠂ ᠠᠵᠢᠯᠲᠠᠨ ᠠᠵᠢᠯᠴᠢᠨ᠎ᠤ ᠬᠠᠤᠯᠢ᠎ᠪᠠᠷ ᠵᠠᠰᠠᠬᠤ ᠣᠶ᠋ᠢᠯᠠᠭ᠋ᠠᠭᠳᠠᠬᠤᠨ᠎ᠢ ᠦᠨᠡᠨ ᠬᠦ᠌ ᠴᠢᠩᠭ᠋ᠠᠳᠬᠠᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠣᠯᠤᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠎ᠡ᠃