ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠦᠷᠲᠡᠭᠡ᠎ᠨᠢ 2018 ᠣᠨ᠎ᠤ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠠᠵᠢᠯ᠎ᠤᠨ ᠬᠢᠨᠠᠨ ᠵᠢᠯᠤᠭᠤᠳᠤᠯᠭ᠎ᠠ ᠵᠢ ᠰᠠᠢ᠌ᠲᠤᠷ ᠬᠢᠬᠦ ᠬᠡᠷᠡᠭᠲᠡᠢ
ᠨᠡᠶ᠋ᠢᠲᠡᠯᠡᠭᠰᠡᠨ ᠴᠠᠭ᠄ 2019-05-20


     2018 ᠣᠨ᠎ᠤ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠠᠵᠢᠯ᠎ᠤᠨ ᠬᠢᠨᠠᠨ ᠵᠢᠯᠤᠭᠤᠳᠤᠯᠭ᠎ᠠ ᠵᠢ ᠰᠠᠢ᠌ᠲᠤᠷ ᠬᠢᠬᠦ ᠵᠢᠨ ᠲᠥᠯᠥᠭᠡ᠂ ᠮᠠᠯᠴᠢᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠰᠠᠢ᠌ᠲᠤᠷ ᠬᠠᠮᠠᠭ᠋ᠠᠯᠠᠵᠤ᠂ ᠳᠠᠷᠤᠭ᠋ᠠᠰᠤ ᠵᠢ ᠬᠦᠩᠬᠡᠯᠡᠵᠦ ᠮᠠᠯᠴᠢᠨ ᠲᠠᠷᠢᠶᠠᠴᠢᠳ᠎ᠲᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢᠨ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠲᠠᠷᠢᠶᠠᠯᠠᠩ ᠬᠥᠳᠡᠭᠡ ᠲᠤᠰᠬᠤᠨ᠎ᠤ ᠶᠠᠮᠤᠨ᠎ᠤ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠤᠨ ᠬᠢᠨᠠᠨ ᠬᠠᠮᠢᠶᠠᠷᠤᠯᠲᠠ ᠵᠢᠨ ᠠᠯᠪᠠᠨ ᠭᠡᠷ᠎ᠤᠨ ᠲᠠᠷᠬᠠᠭ᠋ᠠᠭᠰᠠᠨ 《2018 ᠣᠨ᠎ᠤ ᠲᠠᠷᠢᠶᠠᠴᠢᠳ᠎ᠤᠨ ᠳᠠᠷᠤᠭ᠋ᠠᠰᠤ ᠡᠭᠦᠷᠭᠡᠯᠡᠯ᠎ᠢ ᠲᠤᠰᠬᠠᠶ ᠵᠥᠢ᠍ᠯ ᠵᠶ᠋ᠡᠷ ᠵᠠᠰᠠᠬᠤ᠂ ᠠᠵᠢᠯ᠎ᠢ ᠬᠢᠨᠠᠨ ᠵᠢᠯᠣᠭᠣᠳᠬᠤ ᠵᠢᠴᠢ ᠬᠢᠨᠠᠨ ᠰᠢᠯᠭ᠋ᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠲᠠᠷᠢᠶᠠᠯᠠᠩ ᠡᠭᠦᠷᠭᠡᠯᠡᠯ ᠠᠯᠪᠠᠨ [2018] 22 ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠣᠷᠴᠢᠮ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠦᠷᠲᠡᠭᠡ᠎ᠨᠢ ᠲᠤᠰᠬᠠᠶ ᠪᠢᠴᠢᠭ ᠮᠠᠲ᠋ᠧᠷᠢᠶᠠᠯ ᠪᠠᠭᠤᠯᠭ᠋ᠠᠵᠤ᠂ ᠡᠯ᠎ᠡ ᠠᠶ᠋ᠢᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ 2018 ᠣᠨ᠎ᠤ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠠᠵᠢᠯ᠎ᠤᠨ ᠬᠢᠨᠠᠨ ᠵᠢᠯᠤᠭᠤᠳᠤᠯᠭ᠎ᠠ ᠵᠢ ᠨᠠᠷᠢᠨ ᠬᠢᠨᠠᠮᠠᠭ᠋ᠠᠶ ᠰᠠᠶ᠋ᠢᠲᠤᠷ ᠬᠢᠬᠦ ᠵᠢ ᠱᠠᠭ᠋ᠠᠷᠳᠠᠵᠤ᠂ ᠮᠠᠯᠴᠢᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃
      ᠨᠢᠭᠡ᠎ᠳᠤ᠂ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠠᠵᠢᠯ᠎ᠤᠨ ᠬᠢᠨᠠᠨ ᠵᠢᠯᠤᠭᠤᠳᠤᠯᠭ᠎ᠠ ᠵᠢᠨ ᠠᠭᠤᠯᠭ᠎ᠠ᠄ ᠡᠯ᠎ᠡ ᠠᠶ᠋ᠢᠮᠠᠭ ᠬᠣᠲᠠ᠎ᠨᠢ ᠲᠦᠷᠢᠮ ᠳᠤᠭᠲᠠᠭ᠋ᠠᠯ᠎ᠤᠨ ᠪᠠᠶ᠋ᠢᠭᠤᠯᠤᠯᠲᠠ᠂ ᠭᠤᠤᠯᠳᠠᠯᠭ᠋ᠠᠳᠤ ᠠᠵᠢᠯ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠪᠤᠯᠤᠨ ᠠᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠡᠷᠭᠡ ᠵᠢᠨ ᠲᠣᠭᠣᠷᠢᠨ᠎ᠳᠤ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠠᠵᠢᠯ᠎ᠢ ᠬᠢᠨᠠᠨ ᠵᠢᠯᠤᠭᠤᠳᠤᠨ᠎ᠠ᠃ ᠲᠦᠷᠢᠮ ᠳᠣᠭᠳᠠᠭ᠋ᠠᠯ᠎ᠤᠨ ᠪᠠᠶ᠋ᠢᠭᠤᠯᠤᠯᠲᠠ ᠵᠢᠨ ᠠᠭᠤᠯᠭ᠎ᠠ᠎ᠳᠤ᠂ ᠠᠶ᠋ᠢᠮᠠᠭ ᠬᠣᠲᠠ ᠵᠢᠨ ᠳᠠᠷᠤᠭ᠋ᠠᠰᠤ ᠵᠢ ᠬᠥᠩᠭᠡᠯᠡᠬᠦ ᠠᠵᠢᠯ᠎ᠤᠨ ᠪᠠᠶ᠋ᠢᠭᠤᠯᠤᠮᠵᠢ ᠵᠢ ᠲᠤᠬᠢᠷᠠᠭᠤᠯᠬᠤ ᠪᠠ ᠪᠤᠳᠠᠳᠤ ᠠᠵᠢᠯ᠎ᠢ ᠰᠤᠳᠤᠯᠤᠨ ᠪᠠᠶ᠋ᠢᠷᠢᠯᠠᠭᠤᠯᠬᠤ ᠵᠡᠷᠭᠡ ᠪᠠᠭᠲᠠᠨ᠎ᠠ : ᠭᠤᠤᠯᠳᠠᠯᠭ᠋ᠠᠳᠤ ᠠᠵᠢᠯ ᠭᠡᠪᠡᠯ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭᠳᠠᠬᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠳᠤᠷ᠎ᠠ᠎ᠪᠠᠷ ᠵᠶ᠋ᠠᠨ ᠬᠤᠪᠢᠶᠠᠷᠯᠠᠨ ᠨᠤᠭᠲᠠᠭᠤᠯᠬᠤ ᠠᠰᠠᠭᠤᠳᠠᠯ᠎ᠢ ᠵᠠᠰᠠᠬᠤ᠂ ᠭᠠᠴᠠᠭ᠎ᠠ ᠲᠣᠰᠬᠣᠨ᠎ᠤ ᠱᠠᠲᠤᠨ᠎ᠠᠴᠠ ᠵᠤᠬᠢᠶᠠᠨ ᠪᠠᠢ᠌ᠭᠤᠯᠵᠦ ᠳᠠᠷᠤᠭ᠋ᠠᠰᠤ ᠡᠭᠦᠷᠭᠡᠯᠡᠯ᠎ᠢ ᠴᠡᠭᠴᠡᠯᠡᠨ ᠵᠠᠰᠠᠬᠤ᠂ ᠨᠢᠭᠡ ᠤᠴᠢᠷ᠎ᠢ ᠨᠢᠭᠡ ᠵᠥᠪᠯᠡᠵᠦ ᠪᠡᠯᠡ ᠮᠥᠩᠭᠥ ᠪᠠ ᠬᠥᠳᠡᠯᠮᠦᠷᠢ ᠬᠦᠴᠦ ᠵᠢ ᠬᠤᠷᠠᠮᠳᠤᠭᠤᠯᠬᠤ᠂ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠶᠡᠷᠦᠩᠬᠡᠶ᠋ᠢᠯᠡᠨ ᠵᠠᠰᠠᠬᠤ᠂ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠰᠢᠯᠭ᠋ᠠᠬᠤ ᠵᠡᠷᠭᠡ   ᠪᠠᠭᠲᠠᠨ᠎ᠠ᠃ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠳᠤ᠂ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠳᠤ ᠣᠨ᠎ᠤ ᠪᠠᠶ᠋ᠢᠴᠠᠭ᠋ᠠᠯᠲᠠ ᠬᠢᠵᠦ᠂ ᠠᠰᠠᠭᠤᠳᠠᠯ᠎ᠢ ᠪᠠᠶ᠋ᠢᠴᠠᠭ᠋ᠠᠨ ᠰᠢᠢ᠍ᠳᠪᠥᠷᠢᠯᠡᠬᠦ᠂ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠳᠡᠭᠡᠭᠰᠢ ᠮᠡᠳᠡᠭᠦᠯᠬᠦ ᠪᠠ ᠨᠡᠪᠲᠡᠷᠡᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠦᠷᠨᠢᠭᠦᠯᠬᠦ᠂ ᠳᠠᠷᠤᠭ᠋ᠠᠰᠤ ᠡᠭᠦᠷᠭᠡᠯᠡᠯ᠎ᠤᠨ ᠲᠤᠬᠠᠢ ᠵᠠᠬᠢᠳᠠᠯ ᠰᠤᠷᠪᠤᠯᠵᠢᠯᠠᠭ᠎ᠠ ᠵᠢ ᠱᠠᠯᠠᠪᠳᠠᠨ ᠰᠢᠢ᠍ᠳᠪᠥᠷᠢᠯᠡᠵᠦ ᠪᠠᠢ᠌ᠴᠠᠭ᠋ᠠᠨ ᠰᠢᠢ᠍ᠳᠪᠦᠷᠢᠯᠡᠬᠦ ᠵᠡᠷᠭᠡ ᠪᠠᠭᠲᠠᠨ᠎ᠠ᠃ ᠠᠵᠢᠯ᠎ᠤᠨ ᠲᠠᠯ᠎ᠠ᠎ᠪᠠᠷ᠎ᠬᠢ ᠰᠢᠨ᠎ᠡ ᠵᠢ ᠡᠭᠦᠳᠬᠦ᠎ᠳᠤ ᠡᠯ᠎ᠡ ᠠᠶ᠋ᠢᠮᠠᠭ ᠬᠤᠳᠠ᠂ ᠬᠣᠰᠢᠭᠤ ᠰᠢᠶᠠᠨ᠎ᠠᠴᠠ ᠥᠪᠡᠷᠰᠡᠳ᠎ᠤᠨ ᠪᠠᠢ᠌ᠳᠠᠯ᠎ᠳᠠᠭᠠᠨ ᠳᠣᠬᠢᠷᠠᠭᠤᠯᠤᠨ ᠣᠨᠴᠠᠯᠢᠭ᠎ᠲᠠᠢ᠂ ᠭᠢᠯᠠᠰ ᠴᠡᠭ᠎ᠲᠠᠢ ᠰᠢᠨ᠎ᠡ ᠵᠢ ᠡᠭᠦᠳᠬᠦ ᠴᠢᠨᠠᠷᠲᠠᠶ ᠠᠵᠢᠯ᠎ᠢ ᠦᠷᠨᠢᠭᠦᠯᠬᠦ ᠵᠡᠷᠭᠡ ᠪᠠᠭᠲᠠᠨ᠎ᠠ᠃
      ᠬᠣᠶᠠᠷ᠎ᠲᠤ᠂ ᠬᠢᠨᠠᠨ ᠵᠢᠯᠣᠭᠣᠳᠬᠤ ᠠᠯᠬᠤᠮ ᠳᠠᠷᠠᠭ᠎ᠠ
1. ᠠᠶ᠋ᠢᠮᠠᠭ ᠬᠣᠲᠠ ᠥᠪᠡᠷᠰᠡᠳ ᠵᠶ᠋ᠡᠨ ᠦᠨᠡᠯᠡᠬᠦ
      ᠡᠯ᠎ᠡ ᠠᠶ᠋ᠢᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠦᠷᠲᠡᠭᠡ᠎ᠨᠢ 《ᠲᠠᠷᠢᠶᠠᠴᠢᠳ᠎ᠤᠨ ᠳᠠᠷᠤᠭ᠋ᠠᠰᠤ ᠡᠭᠦᠷᠭᠡᠯᠡᠯ᠎ᠢ ᠬᠥᠩᠭᠡᠷᠡᠭᠦᠯᠬᠦ ᠠᠵᠢᠯ᠎ᠢ ᠬᠢᠨᠠᠨ ᠵᠢᠯᠤᠭᠤᠳᠬᠤ ᠦᠨᠡᠯᠡᠯᠲᠡ ᠵᠢᠨ ᠬᠦᠰᠦᠨᠦᠭᠲᠦ》 ᠵᠢᠨ ᠠᠭᠤᠯᠭ᠎ᠠ ᠵᠢ ᠦᠨᠳᠦᠰᠦᠯᠡᠵᠦ᠂ ᠲᠦᠷᠦᠯ ᠳᠠᠷᠠᠭ᠋ᠠᠯᠠᠨ ᠥᠪᠡᠷ᠎ᠢ᠎ᠪᠠᠨ ᠦᠨᠡᠯᠡᠬᠦ ᠪᠠ ᠳ᠋ᠦᠩᠨᠡᠯᠲᠡ ᠬᠢᠵᠦ᠂ ᠦᠨᠡᠯᠡᠯᠲᠡ ᠵᠢᠨ ᠬᠦᠰᠦᠨᠦᠭᠲᠦ ᠵᠢ ᠲᠠᠭᠯᠠᠬᠤ ᠵᠢᠨ ᠬᠠᠮᠲᠦ ᠬᠢᠨᠠᠨ   ᠵᠢᠯᠤᠭᠤᠳᠤᠯᠭ᠎ᠠ ᠵᠢᠨ ᠥᠪᠡᠷ᠎ᠤᠨ ᠦᠨᠡᠯᠡᠯᠲᠡ ᠵᠢᠨ ᠮᠡᠳᠡᠭᠦᠯᠦᠯᠲᠠ ᠪᠢᠴᠢᠨ᠎ᠡ᠃

2.   ᠶᠡᠷᠦᠩᠬᠡᠢ᠌ᠯᠡᠨ ᠦᠨᠡᠯᠡᠨ ᠳᠤᠭᠲᠠᠭ᠋ᠠᠬᠤ
      ᠥᠪᠡᠷᠲᠡᠭᠡᠨ ᠵᠠᠰᠠᠬᠤ ᠣᠷᠣᠨ᠎ᠨᠢ ᠡᠯ᠎ᠡ ᠠᠶ᠋ᠢᠮᠠᠭ ᠬᠣᠲᠠ ᠵᠢᠨ ᠥᠪᠡᠷ᠎ᠤᠨ   ᠦᠨᠡᠯᠡᠯᠲᠡ ᠵᠢᠨ ᠬᠤᠪᠢ ᠤᠯᠤᠭᠰᠠᠨ ᠪᠠᠶ᠋ᠢᠳᠠᠯ ᠪᠠ ᠬᠢᠨᠠᠨ ᠵᠢᠯᠤᠭᠤᠳᠤᠯᠭ᠎ᠠ ᠵᠢᠨ ᠥᠪᠡᠷ᠎ᠤᠨ ᠦᠨᠡᠯᠡᠯᠲᠡ ᠵᠢᠨ ᠮᠡᠳᠡᠭᠦᠯᠦᠯᠲᠡ᠎ᠳᠤ ᠬᠢᠭᠰᠡᠨ ᠶᠡᠷᠦᠩᠭᠡᠢ ᠦᠨᠡᠯᠡᠯᠲᠡ ᠵᠢᠴᠢ ᠬᠤᠷᠢᠶᠠᠩᠭᠤᠢ᠌ᠯᠠᠯ᠎ᠢ ᠦᠨᠳᠦᠰᠦᠯᠡᠵᠦ᠂ ᠡᠭᠦᠨ᠎ᠤ ᠬᠠᠮᠳᠦ ᠬᠡᠰᠡᠭ ᠪᠥᠯᠦᠭ ᠠᠶ᠋ᠢᠮᠠᠭ ᠬᠤᠳᠠ᠂ ᠬᠣᠰᠢᠭᠤ ᠰᠢᠶᠠᠨ᠎ᠳᠤ ᠭᠣᠣᠯᠳᠠᠯᠭ᠎ᠠ᠎ᠲᠠᠢ ᠰᠤᠭᠤᠴᠢᠨ ᠪᠠᠢ᠌ᠴᠠᠭ᠋ᠠᠯᠲᠠ ᠬᠢᠨ᠎ᠡ᠃

3. ᠪᠠᠶ᠋ᠢᠳᠠᠯ᠎ᠢ ᠨᠡᠪᠲᠡᠷᠡᠭᠦᠯᠬᠦ
      ᠥᠪᠡᠷᠲᠡᠭᠡᠨ ᠵᠠᠰᠠᠬᠤ ᠣᠷᠣᠨ᠎ᠨᠢ ᠶᠡᠷᠦᠩᠭᠡᠢ ᠰᠢᠯᠭ᠋ᠠᠨ ᠲᠣᠭᠲᠠᠭ᠋ᠠᠯᠲᠠ ᠪᠠ   ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ᠂ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠠᠵᠢᠯ᠎ᠢ ᠬᠢᠨᠠᠨ ᠵᠢᠯᠤᠭᠤᠳᠤᠭᠰᠠᠨ ᠪᠠᠶ᠋ᠢᠳᠠᠯ᠎ᠢ ᠨᠡᠪᠲᠡᠷᠡᠭᠦᠯᠬᠦ ᠬᠡᠷᠡᠭᠲᠡᠶ᠃

      ᠭᠤᠷᠪᠠ᠎ᠳᠤ᠂ ᠬᠢᠨᠠᠨ ᠵᠢᠯᠣᠭᠣᠳᠬᠤ ᠱᠠᠭ᠋ᠠᠷᠳᠠᠯᠭ᠎ᠠ
      ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠬᠠᠮᠢᠶᠠᠷᠤᠯᠲᠠ ᠵᠢᠨ ᠦᠷᠲᠡᠭᠡ᠎ᠨᠢ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠠᠵᠢᠯ᠎ᠤᠨ ᠬᠢᠨᠠᠨ ᠵᠢᠯᠤᠭᠤᠳᠤᠯᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠢᠨᠠᠨ ᠵᠢᠯᠣᠭᠣᠳᠬᠤ᠎ᠪᠠᠷ ᠳᠠᠮᠵᠢᠨ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠡᠭᠦᠷᠭᠡ ᠵᠢ ᠲᠤᠳᠤᠷᠬᠠᠢ᠌ᠯᠠᠵᠤ᠂ ᠮᠠᠯᠴᠢᠨ ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠢ ᠭᠦᠨᠵᠡᠭᠡᠶ ᠦᠷᠨᠢᠭᠦᠯᠦᠨ᠎ᠡ᠃   ᠠᠶ᠋ᠢᠮᠠᠭ ᠬᠣᠲᠠ ᠵᠢᠨ ᠪᠤᠳᠠᠳᠤ ᠪᠠᠢ᠌ᠳᠠᠯ ᠵᠶ᠋ᠠᠨ ᠦᠨᠳᠦᠰᠦᠯᠡᠨ ᠦᠪᠡᠷ᠎ᠤᠨ ᠦᠨᠡᠯᠡᠯᠲᠡ᠎ᠠᠴᠠ ᠬᠢᠨᠠᠨ ᠵᠢᠯᠤᠭᠤᠳᠤᠯᠭ᠎ᠠ ᠵᠢᠨ ᠥᠪᠡᠷ᠎ᠤᠨ ᠦᠨᠡᠯᠡᠯᠲᠡ ᠵᠢᠨ ᠮᠡᠳᠡᠭᠦᠯᠦᠯᠲᠡ ᠵᠢ ᠪᠥᠷᠢᠯᠳᠦᠭᠦᠯᠵᠦ᠂ ᠠᠵᠢᠯ᠎ᠤᠨ ᠶᠠᠪᠤᠴᠠ ᠪᠠ ᠦᠷ᠎ᠡ ᠪᠦᠲᠦᠮᠵᠢ ᠵᠢ   ᠲᠤᠰᠬᠠᠬᠤ ᠬᠠᠮᠢᠶ᠎ᠠ ᠪᠥᠬᠥᠶ ᠮᠠᠲ᠋ᠧᠷᠢᠶᠠᠯ᠎ᠢ ᠵᠥᠪ ᠣᠨᠣᠪᠴᠢᠲᠠᠶ ᠬᠠᠩᠭ᠋ᠠᠨ᠎ᠠ᠃ ᠬᠢᠨᠠᠨ   ᠵᠢᠯᠤᠭᠤᠳᠤᠯᠭ᠎ᠠ ᠵᠢᠨ ᠥᠪᠡᠷ᠎ᠤᠨ ᠦᠨᠡᠯᠡᠯᠲᠡ ᠵᠢᠨ ᠮᠡᠳᠡᠭᠦᠯᠦᠯᠲᠡ᠂ 《ᠮᠠᠯᠴᠢᠨ   ᠲᠠᠷᠢᠶᠠᠴᠢᠨ᠎ᠤ ᠳᠠᠷᠤᠭ᠋ᠠᠰᠤ ᠡᠭᠦᠷᠭᠡᠯᠡᠯ᠎ᠤᠨ ᠬᠢᠨᠠᠯᠲᠠ ᠵᠢᠨ ᠠᠵᠢᠯ᠎ᠢ ᠬᠢᠨᠠᠨ ᠵᠢᠯᠤᠭᠤᠳᠤᠭᠰᠠᠨ ᠦᠨᠡᠯᠡᠯᠲᠡ ᠵᠢᠨ ᠬᠦᠰᠦᠨᠦᠭᠲᠦ》 ᠪᠠ ᠬᠣᠯᠪᠣᠭᠳᠠᠯ ᠪᠦᠬᠦᠢ ᠮᠠᠲ᠋ᠧᠷᠢᠶᠠᠯ᠎ᠢ 2018 ᠣᠨ᠎ᠤ 11 ᠰᠠᠷ᠎ᠠ ᠵᠢᠨ 15᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠨ ᠬᠠᠮᠢᠶᠠᠷᠤᠯᠲᠠ ᠵᠢᠨ ᠦᠷᠲᠡᠭᠡ᠎ᠳᠤ ᠮᠡᠳᠡᠭᠦᠯᠦᠨ ᠬᠦᠷᠭᠡᠬᠦ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠤᠩᠭᠤᠯ᠎ᠤᠨ ᠠᠷᠠᠳ᠎ᠤᠨ ᠲᠥᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ 《ᠥᠪᠥᠷ ᠮᠤᠩᠭᠤᠯ᠎ᠤᠨ ᠬᠥᠳᠡᠭᠡ ᠲᠤᠰᠬᠤᠨ ᠮᠠᠯᠵᠢᠬᠤ ᠤᠷᠤᠨ᠎ᠤ ᠬᠠᠮᠲᠦ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠢᠨ ᠬᠢᠨᠠᠨ ᠪᠣᠳᠣᠬᠣ ᠳᠥᠷᠢᠮ》 ᠵᠡᠷᠭᠡ 2 ᠬᠤᠪᠢ ᠤᠷᠤᠨ ᠨᠣᠲᠣᠭ᠎ᠤᠨ ᠴᠢᠨᠠᠷᠲᠠᠢ ᠬᠠᠤᠯᠢ ᠳᠥᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ 《ᠥᠪᠥᠷ ᠮᠣᠩᠭᠣᠯ᠎ᠤᠨ ᠮᠠᠯᠴᠢᠨ ᠲᠠᠷᠢᠶᠠᠴᠢᠨ᠎ᠤ ᠳᠠᠷᠣᠭ᠋ᠠᠰᠤ ᠡᠭᠦᠷᠭᠡᠯᠡᠯ᠎ᠤᠨ ᠬᠢᠨᠠᠨ ᠬᠠᠮᠢᠶᠠᠷᠤᠯᠲᠠ ᠵᠢᠨ ᠳᠥᠷᠢᠮ》 ᠵᠡᠷᠭᠡ 7 ᠬᠤᠪᠢ ᠣᠷᠣᠨ ᠨᠤᠲᠤᠭ᠎ᠤᠨ ᠴᠢᠨᠠᠷᠲᠠᠶ ᠬᠠᠤᠯᠢ ᠳᠦᠷᠢᠮ᠎ᠢ ᠬᠦᠴᠦᠨ ᠦᠭᠡᠢ ᠪᠣᠯᠭ᠋ᠠᠬᠤ ᠲᠤᠬᠠᠢ ᠰᠢᠢ᠍ᠳᠪᠥᠷᠢ
ᠬᠥᠳᠡᠭᠡ ᠲᠣᠰᠬᠣᠨ᠎ᠢ ᠬᠠᠤᠯᠢ᠎ᠪᠠᠷ ᠵᠠᠰᠠᠬᠤ ᠵᠢ ᠲᠦᠯᠬᠢᠨ ᠠᠬᠢᠭᠤᠯᠵᠤ ᠬᠠᠤᠯᠢ᠎ᠪᠠᠷ ᠵᠠᠰᠠᠬᠤ ᠵᠢ ᠡᠷᠬᠡᠪᠰᠢ ᠪᠠᠷᠢᠮᠳᠠᠯᠠᠬᠤ ᠬᠡᠷᠡᠭᠲᠡᠢ
ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠤᠷᠤᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ
ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ
 
            