ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
218 ᠳ᠋ᠤᠭ᠋ᠠᠷ ᠲᠤᠭ᠋ᠠᠳᠤ
《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠵᠢᠨ ᠠᠷᠭ᠎ᠠ》 ᠵᠢ 2016 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 66 ᠳ᠋ᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠨᠢᠭᠡᠨᠲᠡ ᠬᠢᠨᠠᠨ ᠵᠦᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ 2016 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠤᠷᠤᠨ᠎ᠤ ᠤᠷᠤᠯᠠᠬ᠍ᠴᠢ ᠲᠡᠷᠢᠭᠦᠯᠡᠭᠴᠢ ᠪᠦ᠋ ᠰᠢᠶᠣᠣ ᠯᠢᠨ 2016 ᠣᠨ᠎ᠤ 4 ᠳ᠋ᠤᠭᠡᠷ ᠰᠠᠷ᠎ᠠ ᠵᠢᠨ 1᠎ᠤ ᠡᠳᠦᠷ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ ᠦᠬᠡᠷ ᠬᠤᠨᠢ ᠢᠮᠠᠭ᠎ᠠ ᠨᠢᠳᠣᠯᠬᠤ ᠠᠵᠢᠯᠯᠠᠭ᠎ᠠ ᠵᠢ ᠵᠢᠷᠤᠮᠵᠢᠭᠤᠯᠤᠨ᠂ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠶᠠᠰᠤ ᠴᠢᠨᠠᠷ᠎ᠢ ᠪᠠᠲᠤᠯᠠᠵᠤ᠂ ᠦᠬᠡᠷ ᠬᠤᠨᠢ ᠢᠮᠠᠭ᠎ᠠ ᠨᠢᠳᠣᠯᠬᠤ ᠠᠵᠢᠯ ᠲᠦᠷᠦᠯ᠎ᠤᠨ ᠡᠷᠡᠭᠦᠯ ᠵᠶ᠋ᠠᠷ ᠬᠦᠭᠵᠢᠬᠦ ᠪᠠ ᠣᠯᠠᠨ ᠨᠡᠶ᠋ᠢᠲᠡ ᠵᠢᠨ ᠪᠡᠶ᠎ᠡ ᠮᠠᠬᠠᠪᠤᠳ᠎ᠤᠨ ᠡᠷᠡᠭᠦᠯ ᠴᠢᠬᠢᠷᠠᠭ᠎ᠢ ᠪᠠᠲᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠵᠦᠢ᠍ᠯ᠎ᠤᠨ ᠠᠮᠦᠷ ᠲᠥᠪᠰᠢᠨ᠎ᠤ ᠬᠠᠤᠯᠢ》᠂ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠂
《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠬᠢᠵᠢᠭ᠎ᠢ ᠰᠡᠷᠭᠡᠶ᠋ᠢᠯᠡᠬᠦ ᠳᠦᠷᠢᠮ》 ᠪᠠ
ᠤᠯᠤᠰ᠎ᠤᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ᠎ᠤ ᠪᠤᠲᠠᠲᠠᠢ᠎ᠲᠠᠢ᠎ᠪᠠᠨ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠤᠲᠤᠷᠠᠬᠢ ᠦᠬᠡᠷ ᠬᠤᠨᠢ ᠢᠮᠠᠭ᠎ᠠ ᠨᠢᠳᠣᠯᠬᠤ ᠠᠵᠢᠯᠯᠠᠭ᠎ᠠ ᠵᠢᠴᠢ ᠲᠡᠭᠦᠨ᠎ᠤ ᠬᠢᠨᠠᠯᠲᠠ ᠬᠠᠮᠢᠶᠠᠷᠤᠯᠲᠠ᠎ᠳᠤ ᠲᠤᠰ ᠠᠷᠭ᠎ᠠ ᠵᠢ ᠵᠢᠷᠤᠮᠯᠡᠨ᠎ᠡ᠃
ᠲᠤᠰ ᠠᠷᠭ᠎ᠠ᠎ᠳᠤ ᠬᠡᠯᠡᠵᠦ ᠪᠠᠶ᠋ᠢᠭ᠎ᠠ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠭᠡᠳᠡᠭ᠎ᠨᠢ ᠦᠬᠡᠷ ᠬᠤᠨᠢ ᠢᠮᠠᠭ᠎ᠠ ᠵᠢ ᠨᠢᠳᠤᠯᠤᠭᠰᠠᠨᠤ ᠳᠠᠷᠠᠭ᠋ᠠᠬᠢ ᠡᠳ᠋ᠰᠢᠭᠦᠯᠦᠭᠡᠳᠦᠢ ᠭᠡᠨᠭᠭᠦᠳᠡᠭ᠂ ᠮᠢᠬ᠎ᠠ᠂ ᠥᠭᠡᠬᠦ᠂ ᠲᠤᠳᠣᠷ ᠡᠷᠬᠡᠲᠡᠨ᠂ ᠴᠢᠰᠤ᠂
ᠶᠠᠰᠤ᠂ ᠲᠤᠯᠤᠭ᠋ᠠᠢ᠂ ᠰᠢᠬᠢᠷ᠎ᠠ᠂ ᠠᠷᠠᠰᠤ᠂ ᠰᠡᠭᠦᠯ ᠵᠡᠷᠭᠡ ᠵᠢ ᠵᠢᠭ᠋ᠠᠵᠤ ᠪᠣᠢ᠃
ᠭᠤᠷᠪᠠᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠠᠴᠠ ᠦᠬᠡᠷ ᠬᠤᠨᠢ ᠢᠮᠠᠭ᠎ᠠ ᠵᠢ ᠲᠣᠭᠲᠠᠭᠰᠠᠨ ᠭᠠᠵᠠᠷ᠎ᠲᠤ ᠨᠢᠳᠤᠯᠬᠤ᠂ ᠲᠦᠪᠯᠡᠷᠡᠭᠦᠯᠦᠨ ᠬᠢᠵᠢᠭ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠦᠨ᠎ᠡ᠃
ᠲᠣᠭᠲᠠᠭᠰᠠᠨ ᠭᠠᠵᠠᠷ᠎ᠤᠨ ᠵᠦᠪᠰᠢᠶᠡᠷᠡᠯ ᠦᠭᠡᠢ᠎ᠪᠠᠷ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠦᠬᠡᠷ ᠬᠤᠨᠢ ᠢᠮᠠᠭ᠎ᠠ ᠨᠢᠳᠤᠯᠬᠤ ᠠᠵᠢᠯ᠎ᠢ ᠡᠷᠬᠢᠯᠡᠵᠦ ᠪᠣᠯᠬᠤ ᠦᠭᠡᠢ᠂ ᠡᠭᠦᠨ᠎ᠳᠤ ᠮᠠᠯᠵᠢᠬᠤ ᠲᠠᠷᠢᠶᠠᠯᠠᠬᠤ ᠣᠷᠣᠨ᠎ᠳᠠᠬᠢ ᠬᠤᠪᠢ ᠬᠦᠮᠦᠨ᠎ᠤ ᠦᠪᠡᠰᠦᠪᠡᠨ ᠨᠢᠳᠤᠯᠵᠤ ᠦᠪᠡᠰᠦᠪᠡᠨ ᠢᠳᠡᠬᠦ ᠵᠢ ᠪᠠᠭᠲᠠᠭ᠋ᠠᠬᠤ ᠦᠭᠡᠢ᠃
《ᠲᠠᠷᠢᠶᠠᠴᠢᠨ ᠠᠶ᠋ᠢᠯ᠎ᠤᠨ ᠪᠠᠶᠠᠰᠤᠯ》᠂ 《ᠮᠠᠯᠵᠢᠨ ᠠᠶ᠋ᠢᠯ᠎ᠤᠨ ᠵᠢᠭᠤᠯᠴᠢᠯᠠᠯ》 ᠵᠡᠷᠭᠡ᠎ᠳᠤ ᠬᠤᠯᠪᠣᠭᠳᠠᠭᠰᠠᠨ ᠦᠬᠡᠷ ᠬᠤᠨᠢ ᠢᠮᠠᠭ᠎ᠠ ᠨᠢᠳᠤᠯᠬᠤ ᠵᠢ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠰ ᠭᠠᠵᠠᠷ ᠣᠷᠣᠨ᠎ᠤ ᠪᠣᠳᠠᠳᠤ ᠪᠠᠶ᠋ᠢᠳᠠᠯ ᠵᠶ᠋ᠠᠨ ᠦᠨᠳᠦᠰᠦᠯᠡᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ᠃
ᠳᠥᠷᠪᠡᠳᠦᠭᠡᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠪᠣᠯ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠦᠷ ᠲᠥᠪᠰᠢᠨ᠎ᠤ ᠬᠠᠷᠢᠭᠤᠴᠠᠯᠭ᠎ᠠ ᠵᠢᠨ ᠭᠤᠣᠯ ᠴᠣᠭᠴᠠ ᠪᠣᠯᠬᠤᠷ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠵᠦ᠂ ᠨᠡᠶ᠋ᠢᠭᠡᠮ᠎ᠤᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠤᠲᠤᠷᠠᠬᠢ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠵᠢᠨ ᠠᠵᠢᠯ᠎ᠢ ᠨᠢᠭᠡᠲᠦᠯᠲᠡᠢ ᠵᠣᠬᠢᠶᠠᠨ ᠪᠠᠶ᠋ᠢᠭᠤᠯᠵᠤ᠂ ᠤᠳᠤᠷᠢᠳᠴᠤ᠂ ᠵᠣᠬᠢᠴᠠᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠵᠢ ᠬᠢᠨᠠᠨ ᠬᠠᠮᠢᠶᠠᠷᠬᠤ ᠪᠠ ᠨᠢᠳᠤᠯᠬᠤ ᠮᠡᠷᠭᠡᠵᠢᠯ᠎ᠤᠨ ᠵᠢᠯᠤᠭᠤᠳᠤᠯᠭ᠎ᠠ ᠬᠢᠬᠦ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠦᠰᠦᠪ᠎ᠲᠤ ᠣᠷᠤᠭᠤᠯᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠬᠥᠭᠵᠢᠭᠦᠯᠦᠯᠲᠡ ᠦᠭᠡᠷᠡᠴᠢᠯᠡᠯᠲᠡ᠂ ᠠᠵᠤ ᠠᠬᠤᠢ ᠪᠠ ᠮᠡᠳᠡᠭᠡ ᠵᠠᠩᠬᠢᠵᠢᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠨ᠂ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ᠎ᠤᠨ ᠬᠥᠭᠵᠢᠯᠲᠡ ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃
ᠳᠤᠯᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ ᠲᠤᠳᠤᠷᠠᠬᠢ ᠦᠬᠡᠷ ᠬᠤᠨᠢ ᠢᠮᠠᠭ᠎ᠠ ᠨᠢᠳᠤᠯᠬᠤ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠭᠰᠠᠨ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠲᠤᠳᠤᠷᠠᠬᠢ ᠦᠬᠡᠷ ᠬᠤᠨᠢ ᠢᠮᠠᠭ᠎ᠠ ᠨᠢᠳᠤᠯᠬᠤ ᠵᠢᠨ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠭᠰᠠᠨ ᠠᠮᠢᠲᠠᠨ᠎ᠤ ᠬᠢᠵᠢᠭ᠎ᠢ ᠰᠡᠷᠭᠡᠶ᠋ᠢᠯᠡᠨ ᠡᠵᠡᠮᠳᠡᠬᠦ ᠪᠠᠶ᠋ᠢᠭᠤᠯᠤᠮᠵᠢ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠤᠲᠤᠷᠠᠬᠢ ᠦᠬᠡᠷ ᠬᠤᠨᠢ ᠢᠮᠠᠭ᠎ᠠ ᠨᠢᠳᠤᠯᠬᠤ ᠮᠡᠷᠭᠡᠵᠢᠯ᠎ᠤᠨ ᠵᠢᠯᠤᠭᠤᠳᠤᠯᠭ᠎ᠠ ᠬᠢᠬᠦ ᠵᠢ ᠬᠠᠷᠢᠭᠤᠴᠠᠬᠤ ᠬᠡᠷᠡᠭᠲᠡᠢ᠃
ᠢᠳᠡᠭᠡᠨ᠎ᠤ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠳᠤᠲᠤᠭ᠋ᠠᠲᠤ ᠵᠢ ᠬᠠᠮᠠᠭ᠋ᠠᠯᠠᠬᠤ᠂ ᠲᠦᠯᠦᠪᠵᠢᠭᠦᠯᠭᠡ᠂ ᠦᠨᠳᠦᠰᠦᠲᠡᠨ᠎ᠤ ᠬᠡᠷᠡᠭ ᠡᠷᠬᠢᠯᠡᠬᠦ᠂ ᠬᠤᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠦᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ᠂ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ᠎ᠯᠤᠭ᠎ᠠ ᠬᠠᠮᠢᠶᠠᠳᠠᠭᠰᠠᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠳ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢ ᠬᠠᠮᠵᠢᠯᠴᠠᠨ ᠦᠬᠡᠷ ᠬᠤᠨᠢ ᠢᠮᠠᠭ᠎ᠠ ᠨᠢᠳᠤᠯᠬᠤ ᠵᠢᠨ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠨᠠᠢ᠍ᠮᠠᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠠᠴᠠ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠮᠡᠷᠭᠡᠵᠢᠯ᠎ᠳᠤ ᠰᠢᠨ᠎ᠡ ᠵᠢ ᠡᠭᠦᠳᠬᠦ ᠪᠠ ᠮᠡᠷᠭᠡᠵᠢᠯ᠎ᠤᠨ ᠦᠭᠡᠷᠡᠴᠢᠯᠡᠯᠲᠡ ᠬᠢᠬᠦ ᠵᠢ ᠬᠦᠲᠦᠯᠦᠨ ᠵᠢᠯᠤᠭᠤᠳᠴᠤ ᠵᠣᠷᠢᠬ᠍ᠵᠢᠭᠤᠯᠤᠨ ᠳᠡᠮᠵᠢᠵᠦ᠂ ᠮᠧᠬᠠᠨᠢᠬ᠍ᠵᠢᠭᠤᠯᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠡᠷᠡᠲᠦ ᠲᠦᠷᠦᠯ ᠲᠡᠮᠲᠡᠭᠵᠢᠭᠦᠯᠬᠦ ᠪᠠ ᠮᠡᠳᠡᠭᠡ ᠵᠠᠩᠬᠢᠵᠢᠭᠤᠯᠬᠤ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃
ᠶᠢᠰᠦᠳᠦᠭᠡᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠬᠡᠪᠴᠢᠶᠡᠵᠢᠯ᠂ ᠦᠢ᠍ᠯᠡᠳᠪᠦᠷᠢᠯᠡᠯ ᠪᠠ ᠮᠡᠷᠭᠡᠵᠢᠯ᠎ᠤᠨ ᠨᠦᠬᠦᠴᠡᠯ ᠵᠢᠴᠢ ᠶᠠᠰᠤ ᠴᠢᠨᠠᠷ᠎ᠤᠨ ᠠᠮᠦᠷ ᠲᠥᠪᠰᠢᠨ᠎ᠤ ᠬᠠᠮᠢᠶᠠᠷᠤᠯᠲᠠ ᠵᠢᠨ ᠪᠠᠶ᠋ᠢᠳᠠᠯ᠎ᠢ᠎ᠨᠢ ᠦᠨᠳᠦᠰᠦᠯᠡᠨ᠂ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢ ᠲᠦᠷᠦᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠢ᠃
ᠠᠷᠪᠠᠳᠤᠭ᠋ᠠᠷ ᠵᠦᠢ᠍ᠯ ᠬᠠᠤᠯᠢ ᠶᠤᠰᠤᠭ᠋ᠠᠷ ᠪᠠᠶ᠋ᠢᠭᠤᠯᠤᠭᠰᠠᠨ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ᠎ᠤᠨ ᠨᠡᠶ᠋ᠢᠭᠡᠮᠯᠢᠭ᠎ᠤᠳ ᠠᠵᠢᠯ ᠲᠦᠷᠦᠯ᠎ᠤᠨ ᠦᠪᠡᠷ᠎ᠢ᠎ᠪᠠᠨ ᠱᠠᠭ᠋ᠠᠷᠳᠠᠬᠤ᠎ᠪᠠᠨ ᠴᠢᠩᠭ᠋ᠠᠳᠬᠠᠵᠤ᠂ ᠠᠵᠢᠯ ᠲᠦᠷᠦᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ᠎ᠪᠠᠨ ᠠᠬᠢᠭᠤᠯᠤᠨ᠂ ᠨᠡᠶ᠋ᠢᠭᠡᠮᠯᠢᠭ᠎ᠤᠨ ᠭᠡᠰᠢᠭᠦᠳ᠎ᠲᠤ ᠮᠡᠳᠡᠭᠡ ᠵᠠᠩᠭᠢ᠂ ᠮᠡᠷᠭᠡᠵᠢᠯ᠂ ᠪᠣᠯᠪᠠᠰᠤᠷᠠᠭᠤᠯᠤᠯ ᠵᠡᠷᠭᠡ ᠦᠢ᠍ᠯᠡᠴᠢᠯᠡᠭᠡ ᠵᠢ ᠬᠠᠩᠭ᠋ᠠᠵᠤ᠂ ᠮᠢᠬᠠᠨ᠎ᠤ ᠢᠳᠡᠭᠡᠨ᠎ᠤ ᠵᠦᠢ᠍ᠯ᠎ᠤᠨ ᠠᠮᠦᠷ ᠲᠥᠪᠰᠢᠨ᠎ᠤ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠬᠦ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠯᠠᠯᠦ ᠵᠢᠨ ᠦᠬᠡᠷ ᠬᠤᠨᠢ ᠢᠮᠠᠭ᠎ᠠ ᠨᠢᠳᠤᠯᠬᠤ ᠠᠵᠢᠯ᠎ᠢ ᠡᠷᠬᠢᠯᠡᠭᠰᠡᠳ᠎ᠨᠢ ᠲᠤᠰ ᠠᠷᠭ᠎ᠠ ᠵᠢᠨ ᠲᠣᠭᠲᠠᠭ᠋ᠠᠯ᠎ᠳᠤ ᠨᠡᠶ᠋ᠢᠴᠡᠬᠦ᠎ᠠᠴᠠ ᠭᠠᠳᠠᠨ᠎ᠠ᠂ ᠪᠠᠰᠠ ᠤᠯᠤᠰ ᠪᠠ ᠦᠪᠡᠷᠲᠡᠭᠡᠨ ᠵᠠᠰᠠᠬᠤ ᠣᠷᠣᠨ᠎ᠤ ᠯᠠᠯᠦ ᠵᠢᠨ ᠢᠳᠡᠭᠡᠨ᠎ᠤ ᠵᠦᠢ᠍ᠯ᠎ᠤᠨ ᠬᠠᠮᠢᠶᠠᠷᠤᠯᠲᠠ᠎ᠳᠤ ᠬᠤᠯᠪᠣᠭᠳᠠᠭᠰᠠᠨ ᠲᠣᠭᠲᠠᠭ᠋ᠠᠯ ᠪᠠ ᠴᠦᠬᠡᠨ ᠲᠣᠭ᠋ᠠᠲᠤ ᠦᠨᠳᠦᠰᠦᠲᠡᠨ᠎ᠤ ᠯᠠᠯᠦ ᠵᠢᠨ ᠢᠳᠡᠭᠡᠨ᠎ᠤ ᠵᠦᠢ᠍ᠯ᠎ᠢ ᠢᠳᠡᠬᠦ ᠵᠠᠩ ᠵᠠᠩᠰᠢᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
ᠬᠤᠶᠠᠳᠤᠭ᠋ᠠᠷ ᠪᠦᠯᠦᠭ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ
(ᠲᠠᠯᠠᠪᠠᠢ) ᠵᠢ ᠪᠠᠶ᠋ᠢᠭᠤᠯᠬᠤ
ᠠᠷᠪᠠᠨ ᠬᠤᠶᠠᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠳᠣᠣᠷ᠎ᠠ ᠵᠢᠭᠰᠠᠭ᠋ᠠᠭᠰᠠᠨ ᠨᠦᠬᠦᠴᠡᠯ᠎ᠢ ᠪᠦᠷᠢᠯᠳᠦᠭᠦᠯᠬᠦ ᠬᠡᠷᠡᠭᠲᠡᠢ᠄
(ᠨᠢᠭᠡ) 《ᠠᠮᠢᠲᠠᠨ᠎ᠤ ᠬᠢᠵᠢᠭ᠎ᠢ ᠰᠡᠷᠭᠡᠶ᠋ᠢᠯᠡᠬᠦ ᠨᠦᠬᠦᠴᠡᠯ᠎ᠢ ᠬᠢᠨᠠᠨ ᠪᠠᠶ᠋ᠢᠴᠠᠭ᠋ᠠᠬᠤ ᠠᠷᠭ᠎ᠠ》 ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ;
(ᠬᠤᠶᠠᠷ) ᠣᠷᠴᠢᠨ ᠲᠣᠭᠤᠷᠢᠨ᠎ᠤ ᠨᠦᠯᠦᠭᠡᠯᠡᠯ᠎ᠢ ᠦᠨᠡᠯᠡᠬᠦ ᠭᠠᠷᠳᠠᠮ ᠪᠣᠯᠣᠨ ᠲᠦᠯᠦᠪᠵᠢᠭᠦᠯᠦᠨ ᠭᠠᠵᠠᠷ ᠰᠤᠩᠭᠤᠬᠤ ᠰᠠᠨᠠᠯ᠎ᠤᠨ ᠪᠢᠴᠢᠭ᠎ᠢ ᠬᠠᠤᠯᠢ ᠶᠤᠰᠤᠭ᠋ᠠᠷ ᠤᠯᠤᠭᠰᠠᠨ ᠪᠠᠶ᠋ᠢᠬᠤ;
(ᠭᠤᠷᠪᠠ) ᠨᠢᠳᠤᠯᠬᠤ ᠬᠡᠪᠴᠢᠶᠡᠵᠢᠯᠯᠦᠭᠡ ᠵᠣᠬᠢᠴᠠᠭᠰᠠᠨ᠂ ᠤᠰᠤᠨ᠎ᠤ ᠴᠢᠨᠠᠷ᠎ᠨᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠯᠤᠭ᠎ᠠ ᠨᠡᠶ᠋ᠢᠴᠡᠭᠰᠡᠨ ᠤᠰᠤᠨ᠎ᠤ ᠰᠤᠷᠪᠤᠯᠵᠢ ᠵᠢᠨ ᠨᠦᠬᠦᠴᠡᠯ᠎ᠲᠠᠢ ᠪᠠᠶ᠋ᠢᠬᠤ;
(ᠳᠥᠷᠪᠡ) ᠤᠯᠤᠰ᠎ᠤᠨ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠢᠳᠤᠯᠬᠤ᠎ᠳᠤ ᠪᠡᠯᠡᠳᠭᠡᠭᠰᠡᠨ ᠬᠠᠰᠢᠶ᠎ᠠ᠂ ᠲᠤᠰᠠᠭ᠋ᠠᠷᠯᠠᠭᠰᠠᠨ ᠬᠠᠰᠢᠶ᠎ᠠ᠂ ᠨᠢᠳᠤᠯᠬᠤ᠎ᠳᠤ ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ ᠨᠢᠳᠤᠯᠬᠤ
ᠲᠠᠰᠤᠯᠭ᠎ᠠ᠂ ᠬᠢᠵᠢᠭ ᠪᠠᠶ᠋ᠢᠴᠠᠭ᠋ᠠᠨ ᠰᠢᠯᠭ᠋ᠠᠬᠤ ᠲᠠᠰᠤᠭ ᠵᠢᠴᠢ ᠦᠬᠡᠷ ᠬᠤᠨᠢ ᠢᠮᠠᠭ᠎ᠠ ᠨᠢᠳᠤᠯᠬᠤ ᠪᠡᠯᠡᠳᠭᠡᠮᠵᠢ ᠲᠥᠭᠦᠭᠡᠷᠦᠮᠵᠢ ᠪᠣᠯᠣᠨ ᠠᠴᠢᠬᠤ ᠪᠠᠭ᠋ᠠᠵᠢ᠎ᠲᠠᠢ ᠪᠠᠶ᠋ᠢᠬᠤ;
(ᠲᠠᠪᠤ) ᠰᠢᠯᠭ᠋ᠠᠨ ᠬᠢᠨᠠᠵᠤ ᠬᠢᠷᠢ ᠲᠡᠩᠴᠡᠭᠰᠡᠨ ᠪᠠ ᠠᠵᠤ ᠠᠬᠤᠶ᠋ᠢᠯᠠᠯ᠎ᠤᠨ ᠬᠡᠪᠴᠢᠶᠡᠵᠢᠯᠯᠦᠭᠡ ᠵᠣᠬᠢᠴᠠᠯᠳᠤᠭᠰᠠᠨ ᠬᠢᠵᠢᠭ ᠪᠠᠶ᠋ᠢᠴᠠᠭ᠋ᠠᠨ ᠰᠢᠯᠭ᠋ᠠᠬᠤ ᠠᠵᠢᠯᠲᠠᠨ᠎ᠲᠠᠢ ᠪᠠᠶ᠋ᠢᠬᠤ;
(ᠵᠢᠷᠭᠤᠭ᠎ᠠ) ᠬᠠᠤᠯᠢ ᠶᠤᠰᠤᠭ᠋ᠠᠷ ᠡᠷᠡᠭᠦᠯ ᠮᠡᠨᠳᠦ ᠵᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ ᠪᠣᠯᠣᠨ ᠠᠵᠢᠯ᠎ᠤᠨ ᠪᠠᠶ᠋ᠢᠷᠢ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠢᠳᠤᠯᠬᠤ ᠮᠡᠷᠭᠡᠵᠢᠯ᠎ᠤᠨ ᠠᠵᠢᠯᠲᠠᠨ᠎ᠲᠠᠢ ᠪᠠᠶ᠋ᠢᠬᠤ;
(ᠳᠤᠯᠤᠭ᠎ᠠ) ᠤᠯᠤᠰ᠎ᠤᠨ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠬᠢᠵᠢᠭ ᠪᠠᠶ᠋ᠢᠴᠠᠭ᠋ᠠᠨ ᠰᠢᠯᠭ᠋ᠠᠬᠤ ᠲᠥᠭᠦᠭᠡᠷᠦᠮᠵᠢ᠂ ᠠᠷᠢᠭᠤᠳᠬᠠᠬᠤ ᠪᠡᠯᠡᠳᠭᠡᠮᠵᠢ᠂ ᠬᠦᠢ᠍ᠲᠡᠨ ᠵᠶ᠋ᠠᠷ ᠬᠠᠳᠠᠭ᠋ᠠᠯᠠᠬᠤ ᠪᠡᠯᠡᠳᠭᠡᠮᠵᠢ᠂ ᠤᠬᠢᠶᠠᠯᠭ᠎ᠠ ᠬᠢᠬᠦ ᠪᠡᠯᠡᠳᠭᠡᠮᠵᠢ᠂ ᠰᠦᠨ᠎ᠤ ᠬᠦᠴᠢᠯ᠎ᠢ ᠭᠠᠳᠠᠭᠰᠢᠯᠠᠭᠤᠯᠬᠤ ᠦᠢ᠍ᠯᠡᠳᠪᠦᠷᠢ ᠵᠢᠨ ᠲᠠᠰᠤᠭ᠎ᠲᠠᠢ ᠪᠠᠶ᠋ᠢᠬᠤ;
(ᠨᠠᠢ᠍ᠮᠠ) ᠡᠪᠡᠳᠴᠢᠨ ᠬᠢᠵᠢᠭ᠎ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠪᠡᠯᠡᠳᠭᠡᠮᠵᠢ ᠪᠤᠶᠤ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠲᠠᠯᠠᠪᠠᠢᠯᠤᠭᠠ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠨᠠᠶ᠋ᠢᠳᠠᠯᠭ᠎ᠠ ᠵᠢᠨ ᠭᠡᠷ᠎ᠡ ᠲᠣᠭᠲᠠᠭᠰᠠᠨ ᠪᠠᠶ᠋ᠢᠬᠤ;
(ᠶᠢᠰᠦ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠦᠬᠦᠴᠡᠯ᠎ᠲᠠᠢ ᠪᠠᠶ᠋ᠢᠬᠤ᠃
ᠠᠷᠪᠠᠨ ᠭᠤᠷᠪᠠᠳᠤᠭ᠋ᠠᠷ ᠵᠦᠢ᠍ᠯ ᠠᠯᠤᠰ ᠬᠢᠵᠠᠭ᠋ᠠᠷ ᠪᠣᠯᠣᠨ ᠵᠠᠮ ᠬᠠᠷᠢᠯᠴᠠᠭ᠎ᠠ ᠳᠦᠭᠦᠮ ᠦᠭᠡᠢ ᠮᠠᠯᠵᠢᠬᠤ ᠲᠠᠷᠢᠶᠠᠯᠠᠬᠤ ᠣᠷᠣᠨ᠎ᠳᠤ ᠵᠦᠪᠬᠡᠨ ᠲᠤᠰ ᠭᠠᠵᠠᠷ᠎ᠤᠨ ᠵᠠᠬ᠎ᠠ ᠳᠡᠯᠭᠡᠭᠦᠷ (ᠰᠤᠮᠤ ᠰᠢᠶᠠᠩ ᠪᠠᠯᠭ᠋ᠠᠰᠤ᠎ᠠᠴᠠ ᠳᠣᠷᠤᠭᠰᠢᠬᠢ)᠎ᠲᠤ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠠᠩᠭ᠋ᠠᠬᠤ ᠵᠢᠵᠢᠭ ᠬᠡᠯᠪᠡᠷᠢ ᠵᠢᠨ ᠦᠬᠡᠷ ᠬᠤᠨᠢ ᠢᠮᠠᠭ᠎ᠠ ᠨᠢᠳᠤᠯᠬᠤ ᠲᠠᠯᠠᠪᠠᠢ ᠵᠢ ᠪᠠᠶ᠋ᠢᠭᠤᠯᠵᠤ ᠪᠣᠯᠣᠨ᠎ᠠ᠃
ᠠᠷᠪᠠᠨ ᠳᠦᠷᠪᠡᠳᠦᠭᠡᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠵᠢᠵᠢᠭ ᠬᠡᠯᠪᠡᠷᠢ ᠵᠢᠨ ᠲᠠᠯᠠᠪᠠᠢ᠎ᠨᠢ ᠳᠣᠣᠷ᠎ᠠ ᠵᠢᠭᠰᠠᠭ᠋ᠠᠭᠰᠠᠨ ᠨᠦᠬᠦᠴᠡᠯ᠎ᠢ ᠪᠦᠷᠢᠯᠳᠦᠭᠦᠯᠬᠦ ᠬᠡᠷᠡᠭᠲᠡᠢ᠄
(ᠨᠢᠭᠡ) 《ᠠᠮᠢᠲᠠᠨ᠎ᠤ ᠬᠢᠵᠢᠭ᠎ᠢ ᠰᠡᠷᠭᠡᠶ᠋ᠢᠯᠡᠬᠦ ᠨᠦᠬᠦᠴᠡᠯ᠎ᠢ ᠬᠢᠨᠠᠨ ᠪᠠᠶ᠋ᠢᠴᠠᠭ᠋ᠠᠬᠤ ᠠᠷᠭ᠎ᠠ》 ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ;
(ᠬᠤᠶᠠᠷ) ᠲᠣᠭᠲᠠᠮᠠᠯ ᠨᠢᠳᠤᠯᠬᠤ ᠲᠠᠯᠠᠪᠤᠷ᠎ᠲᠠᠢ ᠪᠠᠶ᠋ᠢᠬᠤ;
(ᠭᠤᠷᠪᠠ) ᠲᠤᠰᠠᠭ᠋ᠠᠷᠯᠠᠭᠰᠠᠨ ᠨᠢᠳᠤᠯᠬᠤ᠎ᠳᠤ ᠪᠡᠯᠡᠳᠭᠡᠭᠰᠡᠨ ᠬᠠᠰᠢᠶ᠎ᠠ᠂ ᠲᠤᠰᠠᠭ᠋ᠠᠷᠯᠠᠭᠰᠠᠨ ᠬᠠᠰᠢᠶ᠎ᠠ᠂ ᠨᠢᠳᠤᠯᠬᠤ᠎ᠳᠤ ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ ᠨᠢᠳᠤᠯᠬᠤ ᠲᠠᠰᠤᠯᠭ᠎ᠠ᠎ᠲᠠᠢ ᠪᠠᠶ᠋ᠢᠬᠤ;
(ᠳᠥᠷᠪᠡ) ᠠᠵᠤ ᠠᠬᠤᠶ᠋ᠢᠯᠠᠯ᠎ᠤᠨ ᠬᠡᠪᠴᠢᠶᠡᠵᠢᠯᠯᠦᠭᠡ ᠵᠣᠬᠢᠴᠠᠯᠳᠤᠭᠰᠠᠨ ᠰᠢᠯᠭ᠋ᠠᠨ ᠬᠢᠨᠠᠵᠤ ᠬᠢᠷᠢ ᠲᠡᠩᠴᠡᠭᠰᠡᠨ ᠬᠢᠵᠢᠭ ᠪᠠᠶ᠋ᠢᠴᠠᠭ᠋ᠠᠨ ᠰᠢᠯᠭ᠋ᠠᠬᠤ ᠠᠵᠢᠯᠲᠠᠨ᠎ᠲᠠᠢ ᠪᠠᠶ᠋ᠢᠬᠤ;
(ᠲᠠᠪᠤ) ᠬᠠᠤᠯᠢ ᠶᠤᠰᠤᠭ᠋ᠠᠷ ᠡᠷᠡᠭᠦᠯ ᠮᠡᠨᠳᠦ ᠵᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ ᠪᠣᠯᠣᠨ ᠠᠵᠢᠯ᠎ᠤᠨ ᠪᠠᠶ᠋ᠢᠷᠢ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠢᠳᠤᠯᠬᠤ ᠮᠡᠷᠭᠡᠵᠢᠯ᠎ᠤᠨ ᠠᠵᠢᠯᠲᠠᠨ᠎ᠲᠠᠢ ᠪᠠᠶ᠋ᠢᠬᠤ;
(ᠵᠢᠷᠭᠤᠭ᠎ᠠ) ᠦᠨᠳᠦᠰᠦᠨ ᠡᠷᠡᠭᠦᠯ ᠬᠠᠮᠠᠭ᠋ᠠᠯᠠᠯ᠎ᠤᠨ ᠨᠦᠬᠦᠴᠡᠯ ᠪᠣᠯᠣᠨ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠡᠯᠡᠳᠭᠡᠮᠵᠢ᠎ᠲᠠᠢ ᠪᠠᠶ᠋ᠢᠬᠤ;
(ᠳᠤᠯᠤᠭ᠎ᠠ) ᠡᠪᠡᠳᠴᠢᠨ ᠬᠢᠵᠢᠭ᠎ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠪᠡᠯᠡᠳᠭᠡᠮᠵᠢ᠎ᠲᠠᠢ ᠪᠣᠶᠣ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠲᠠᠯᠠᠪᠠᠢᠯᠤᠭᠠ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠨᠠᠶ᠋ᠢᠳᠠᠯᠭ᠎ᠠ ᠵᠢᠨ ᠭᠡᠷ᠎ᠡ ᠲᠣᠭᠲᠠᠭᠰᠠᠨ ᠪᠠᠶ᠋ᠢᠬᠤ;
(ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠦᠬᠦᠴᠡᠯ᠎ᠲᠠᠢ ᠪᠠᠶ᠋ᠢᠬᠤ᠃
ᠠᠷᠪᠠᠨ ᠲᠠᠪᠤᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢ ᠰᠢᠨ᠎ᠡ᠎ᠪᠠᠷ ᠪᠠᠶ᠋ᠢᠭᠤᠯᠬᠤ᠂ ᠦᠭᠡᠷᠡᠴᠢᠯᠡᠨ ᠪᠠᠶ᠋ᠢᠭᠤᠯᠬᠤ᠂ ᠦᠷᠭᠡᠳᠭᠡᠨ ᠪᠠᠶ᠋ᠢᠭᠤᠯᠬᠤ᠎ᠳᠤ ᠭᠤᠶᠤᠴᠢᠯᠠᠭᠴᠢ᠎ᠠᠴᠠ ᠦᠢ᠍ᠯᠡᠳᠪᠦᠷᠢ (ᠲᠠᠯᠠᠪᠠᠢ) ᠵᠢᠨ ᠬᠠᠶᠢᠭ᠎ᠤᠨ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠪᠢᠴᠢᠭ ᠵᠶ᠋ᠠᠷ ᠭᠤᠶᠤᠴᠢᠯᠠᠯ ᠭᠠᠷᠭ᠋ᠠᠵᠤ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠲᠤᠰ ᠠᠷᠭ᠎ᠠ ᠪᠣᠯᠣᠨ ᠦᠪᠡᠷᠲᠡᠭᠡᠨ ᠵᠠᠰᠠᠬᠤ ᠣᠷᠣᠨ᠎ᠤ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ᠎ᠤᠨ ᠬᠥᠭᠵᠢᠯᠲᠡ ᠵᠢᠨ ᠲᠦᠯᠦᠪᠵᠢᠭᠦᠯᠭᠡ ᠶᠤᠰᠤᠭ᠋ᠠᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠨ ᠬᠢᠨᠠᠨ ᠪᠠᠶ᠋ᠢᠴᠠᠭ᠋ᠠᠵᠤ᠂ ᠪᠢᠴᠢᠭ ᠵᠶ᠋ᠠᠷ ᠲᠣᠭᠲᠠᠭ᠋ᠠᠯ ᠭᠠᠷᠭ᠋ᠠᠨ᠎ᠠ᠂ ᠨᠦᠬᠦᠴᠡᠯ᠎ᠳᠤ ᠨᠡᠶ᠋ᠢᠴᠡᠭᠰᠡᠨ ᠦᠭᠡᠢ ᠪᠠᠶ᠋ᠢᠪᠠᠯ᠂ ᠪᠢᠴᠢᠭ ᠵᠶ᠋ᠠᠷ ᠰᠢᠯᠲᠠᠭ᠋ᠠᠨ᠎ᠢ᠎ᠨᠢ ᠲᠠᠶ᠋ᠢᠯᠪᠤᠷᠢᠯᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢ ᠪᠠᠶ᠋ᠢᠭᠤᠯᠬᠤ ᠪᠠᠷᠢᠯᠭ᠎ᠠ ᠵᠢᠨ ᠠᠵᠢᠯ ᠳᠠᠭᠤᠰᠤᠭᠰᠠᠨ᠎ᠤ ᠳᠠᠷᠠᠭ᠎ᠠ᠂ ᠭᠤᠶᠤᠴᠢᠯᠠᠭᠴᠢ᠎ᠠᠴᠠ ᠰᠢᠯᠭ᠋ᠠᠨ ᠬᠤᠷᠢᠶᠠᠬᠤ ᠪᠢᠴᠢᠭ᠎ᠤᠨ ᠭᠤᠶᠤᠴᠢᠯᠠᠯ ᠭᠠᠷᠭ᠋ᠠᠵᠤ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠬᠤᠷᠢᠨ ᠡᠳᠦᠷ᠎ᠤᠨ ᠳᠤᠲᠤᠷ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠨ ᠰᠢᠯᠭ᠋ᠠᠨ ᠬᠤᠷᠢᠶᠠᠨ᠎ᠠ᠂ ᠰᠢᠯᠭ᠋ᠠᠨ ᠬᠤᠷᠢᠬᠤ᠎ᠳᠤ ᠬᠢᠷᠢ ᠲᠡᠩᠴᠡᠭᠰᠡᠨ ᠪᠠᠶ᠋ᠢᠪᠠᠯ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠪᠣᠯᠣᠨ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶ᠋ᠢᠰᠠ ᠵᠢ ᠣᠯᠭᠤᠨ᠎ᠠ; ᠰᠢᠯᠭ᠋ᠠᠨ ᠬᠤᠷᠢᠶᠠᠬᠤ᠎ᠳᠤ ᠬᠢᠷᠢ ᠲᠡᠩᠴᠡᠭᠰᠡᠨ ᠦᠭᠡᠢ ᠪᠣᠯ᠂ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠰᠢᠯᠲᠠᠭ᠋ᠠᠨ᠎ᠢ᠎ᠨᠢ ᠲᠠᠶ᠋ᠢᠯᠪᠤᠷᠢᠯᠠᠬᠤ ᠬᠡᠷᠡᠭᠲᠡᠢ᠃
ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠢᠯᠭ᠋ᠠᠨ ᠬᠤᠷᠢᠶᠠᠬᠤ᠎ᠳᠤ ᠬᠢᠷᠢ ᠲᠡᠩᠴᠡᠭᠰᠡᠨ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠨᠡᠷᠡᠰ᠎ᠢ ᠴᠠᠭ ᠲᠣᠬᠠᠢᠳᠤᠨᠢ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠬᠦ ᠬᠡᠷᠡᠭᠲᠡᠢ᠃
ᠠᠷᠪᠠᠨ ᠳᠤᠯᠤᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠪᠦᠬᠦ ᠣᠷᠣᠨ᠎ᠤ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ ᠲᠠᠮᠠᠭ᠎ᠠ᠂ ᠲᠡᠮᠲᠡᠭ ᠫᠠᠶ᠋ᠢᠰᠠ ᠵᠢ ᠨᠢᠭᠡᠲᠦᠯᠲᠡᠢ ᠳ᠋ᠤᠭ᠋ᠠᠷᠯᠠᠵᠤ᠂ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ ᠮᠢᠬᠠᠨ᠎ᠤ ᠵᠦᠢ᠍ᠯ᠎ᠤᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠵᠤ ᠬᠢᠷᠢ ᠲᠡᠩᠴᠡᠭᠰᠡᠨ ᠦᠨᠡᠮᠯᠡᠯ᠂ ᠬᠢᠵᠢᠭ ᠪᠠᠶ᠋ᠢᠴᠠᠭ᠋ᠠᠨ ᠰᠢᠯᠭ᠋ᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠭᠰᠡᠨ ᠲᠠᠮᠠᠭ᠎ᠠ᠂ ᠲᠡᠮᠲᠡᠭ ᠫᠠᠶ᠋ᠢᠰᠠ ᠵᠡᠷᠭᠡ ᠵᠢ ᠨᠢᠭᠡᠲᠦᠯᠲᠡᠢ ᠵᠣᠬᠢᠶᠠᠬᠤ ᠵᠢ ᠬᠠᠷᠢᠭᠤᠴᠠᠨ᠎ᠠ᠃
ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠵᠢᠨ ᠦᠨᠡᠮᠯᠡᠯ᠂ ᠲᠠᠮᠠᠭ᠎ᠠ ᠪᠠ ᠲᠡᠮᠲᠡᠭ ᠫᠠᠶ᠋ᠢᠰᠠ ᠵᠢᠨ ᠬᠠᠮᠢᠶᠠᠷᠤᠯᠲᠠ ᠬᠡᠷᠡᠭᠯᠡᠯᠲᠡ ᠵᠢᠨ ᠳᠦᠷᠢᠮ᠎ᠢ ᠪᠠᠶ᠋ᠢᠭᠤᠯᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠤᠲᠤᠷᠠᠬᠢ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ ᠬᠢᠵᠢᠭ ᠪᠠᠶ᠋ᠢᠴᠠᠭ᠋ᠠᠨ ᠰᠢᠯᠭ᠋ᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠭᠰᠡᠨ ᠲᠠᠮᠠᠭ᠎ᠠ᠂ ᠲᠡᠮᠲᠡᠭ ᠫᠠᠶ᠋ᠢᠰᠠ ᠵᠡᠷᠭᠡ ᠵᠢ ᠣᠯᠭᠤᠬᠤ ᠵᠢ ᠬᠠᠷᠢᠭᠤᠴᠠᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠎ᠳᠤ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠨᠡᠷᠡᠶ᠋ᠢᠳᠦᠯ᠂ ᠬᠠᠶᠢᠭ᠂ ᠬᠠᠤᠯᠢ ᠶᠤᠰᠤᠨ᠎ᠤ ᠲᠦᠯᠦᠭᠡᠯᠡᠭᠴᠢ (ᠬᠠᠷᠢᠭᠤᠴᠠᠯᠭ᠋ᠠᠲᠠᠨ) ᠨᠢᠳᠤᠯᠬᠤ ᠲᠦᠷᠦᠯ ᠵᠡᠷᠭᠡ ᠵᠦᠢ᠍ᠯᠡᠰ᠎ᠢ ᠲᠤᠳᠤᠷᠬᠠᠢ ᠲᠡᠮᠲᠡᠭᠯᠡᠬᠦ ᠬᠡᠷᠡᠭᠲᠡᠢ᠃
ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶ᠋ᠢᠰᠠ ᠵᠢ ᠦᠢ᠍ᠯᠡᠳᠪᠦᠷᠢ (ᠲᠠᠯᠠᠪᠠᠢ) ᠵᠢᠨ ᠲᠣᠭᠤᠷᠢᠭ᠎ᠤᠨ ᠢᠯᠡᠷᠬᠡᠢ ᠭᠠᠵᠠᠷ᠎ᠲᠤ ᠡᠯᠭᠦᠵᠦ ᠲᠠᠯᠪᠢᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠵᠢᠨ ᠦᠨᠡᠮᠯᠡᠯ᠂ ᠲᠠᠮᠠᠭ᠎ᠠ ᠪᠣᠯᠣᠨ ᠲᠡᠮᠲᠡᠭ ᠫᠠᠶ᠋ᠢᠰᠠ ᠵᠢ ᠳᠦᠷᠢᠶᠡᠰᠦᠯᠡᠬᠦ᠂ ᠵᠢᠭᠡᠯᠡᠭᠦᠯᠬᠦ ᠪᠠ ᠰᠢᠯᠵᠢᠭᠦᠯᠦᠨ ᠥᠭᠴᠦ ᠪᠣᠯᠬᠤ ᠦᠭᠡᠢ᠃ ᠶᠠᠮᠠᠷᠪᠠ ᠨᠢᠭᠡᠴᠡ ᠪᠣᠯᠣᠨ ᠬᠤᠪᠢ ᠬᠦᠮᠦᠨ
ᠭᠡᠳ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠵᠢᠨ ᠦᠨᠡᠮᠯᠡᠯ᠂ ᠲᠠᠮᠠᠭ᠎ᠠ ᠪᠣᠯᠣᠨ ᠲᠡᠮᠲᠡᠭ ᠫᠠᠶ᠋ᠢᠰᠠ ᠵᠢ ᠬᠠᠭᠤᠷᠮᠠᠭ ᠵᠶ᠋ᠠᠷ ᠵᠣᠬᠢᠶᠠᠬᠤ᠂ ᠦᠭᠡᠷᠡᠴᠢᠯᠡᠨ ᠵᠣᠬᠢᠶᠠᠬᠤ᠂ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠃
ᠬᠤᠷᠢᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠨᠡᠷᠡᠶ᠋ᠢᠳᠦᠯ᠂ ᠬᠠᠤᠯᠢ ᠶᠤᠰᠤᠨ᠎ᠤ ᠲᠦᠯᠦᠭᠡᠯᠡᠭᠴᠢ (ᠬᠠᠷᠢᠭᠤᠴᠠᠯᠭ᠋ᠠᠲᠠᠨ)᠎ᠨᠢ ᠬᠤᠪᠢᠷᠠᠯᠲᠠ ᠭᠠᠷᠤᠭᠰᠠᠨ ᠪᠠᠶ᠋ᠢᠪᠠᠯ᠂ ᠡᠵᠡᠩᠨᠡᠯᠲᠡ ᠵᠢᠨ ᠦᠨᠡᠮᠯᠡᠯ ᠤᠯᠤᠭᠰᠠᠨ ᠡᠳᠦᠷ᠎ᠠᠴᠠ᠎ᠪᠠᠨ ᠡᠬᠢᠯᠡᠨ ᠬᠤᠷᠢᠨ ᠡᠳᠦᠷ᠎ᠤᠨ ᠳᠤᠲᠤᠷ᠎ᠠ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠵᠶ᠋ᠠᠨ ᠬᠠᠯᠠᠬᠤ ᠭᠠᠷᠳᠠᠮ᠎ᠢ ᠭᠦᠢ᠍ᠴᠡᠳᠭᠡᠬᠦ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠬᠢᠵᠢᠭ ᠪᠠᠶ᠋ᠢᠴᠠᠭ᠋ᠠᠬᠤ ᠠᠵᠢᠯᠲᠠᠨ ᠪᠣᠯᠣᠨ ᠨᠢᠳᠤᠯᠬᠤ ᠮᠡᠷᠭᠡᠵᠢᠯ᠎ᠤᠨ ᠠᠵᠢᠯᠲᠠᠨ᠎ᠤ ᠬᠤᠪᠢ ᠬᠦᠮᠦᠨ᠎ᠤ ᠰᠡᠷᠭᠡᠶ᠋ᠢᠯᠡᠨ ᠬᠠᠮᠠᠭ᠋ᠠᠯᠠᠬᠤ ᠵᠢ ᠴᠢᠩᠭ᠋ᠠᠳᠬᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠡᠶ᠎ᠡ ᠵᠢᠨ ᠪᠠᠶ᠋ᠢᠴᠠᠭ᠋ᠠᠯᠲᠠ ᠬᠢᠵᠦ᠂ ᠠᠵᠢᠯ᠎ᠤᠨ ᠨᠦᠯᠦᠭᠡᠨᠤ ᠡᠪᠡᠳᠴᠢᠨ ᠣᠯᠬᠤ᠎ᠠᠴᠠ ᠰᠡᠷᠭᠡᠶ᠋ᠢᠯᠡᠬᠦ ᠬᠡᠷᠡᠭᠲᠡᠢ᠃
ᠭᠤᠷᠪᠠᠳᠤᠭ᠋ᠠᠷ ᠪᠦᠯᠦᠭ ᠦᠬᠡᠷ ᠬᠤᠨᠢ ᠢᠮᠠᠭ᠎ᠠ ᠵᠢ ᠲᠣᠭᠲᠠᠭᠰᠠᠨ ᠭᠠᠵᠠᠷ᠎ᠲᠤ ᠨᠢᠳᠤᠯᠬᠤ
ᠬᠤᠷᠢᠨ ᠬᠤᠶᠠᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠤᠯᠤᠰ᠂ ᠦᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠠᠵᠢᠯ ᠲᠦᠷᠦᠯ᠎ᠤᠨ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ ᠪᠣᠯᠣᠨ ᠠᠵᠢᠯᠯᠠᠭ᠋ᠠᠨ᠎ᠤ ᠳᠦᠷᠢᠮ ᠶᠤᠰᠤᠭ᠋ᠠᠷ ᠦᠢ᠍ᠯᠡᠳᠪᠦᠷᠢᠯᠡᠯ ᠵᠶ᠋ᠠᠨ ᠵᠣᠬᠢᠶᠠᠨ ᠪᠠᠶ᠋ᠢᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠬᠤ ᠵᠢᠨ ᠬᠠᠮᠲᠤ᠂ ᠨᠢᠳᠤᠯᠬᠤ ᠦᠢ᠍ᠯᠡᠳᠪᠦᠷᠢ ᠵᠢᠨ ᠲᠠᠰᠤᠭ᠎ᠲᠤ ᠦᠬᠡᠷ ᠬᠤᠨᠢ ᠢᠮᠠᠭ᠎ᠠ ᠨᠢᠳᠤᠯᠬᠤ ᠬᠢᠵᠢᠭ ᠪᠠᠶ᠋ᠢᠴᠠᠭ᠋ᠠᠨ ᠰᠢᠯᠭ᠋ᠠᠬᠤ ᠠᠵᠢᠯᠯᠠᠭ᠋ᠠᠨ᠎ᠤ ᠤᠷ᠎ᠠ ᠮᠡᠷᠭᠡᠰᠢᠯ᠎ᠤᠨ ᠴᠤᠪᠤᠷᠠᠯ ᠵᠢᠷᠤᠭ᠂ ᠣᠷᠣᠨ ᠪᠠᠶ᠋ᠢᠷᠢ ᠵᠢᠨ ᠵᠢᠷᠤᠭ᠎ᠢ ᠳᠤᠲᠤᠷᠬᠠᠶ᠋ᠢᠯᠠᠬᠤ ᠬᠡᠷᠡᠭᠲᠡᠢ᠃
ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠠᠮᠢᠲᠠᠨ᠎ᠤ ᠠᠰᠠᠷᠠᠮᠵᠢ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠢᠳᠤᠯᠬᠤ ᠠᠷᠭ᠎ᠠ ᠮᠠᠶᠢᠭ᠎ᠢ ᠬᠡᠷᠡᠭᠯᠡᠬᠦ ᠬᠡᠷᠡᠭᠲᠡᠢ᠃
ᠬᠤᠷᠢᠨ ᠭᠤᠷᠪᠠᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠳᠤ ᠨᠢᠳᠤᠯᠤᠭᠰᠠᠨ ᠦᠬᠡᠷ ᠬᠤᠨᠢ ᠢᠮᠠᠭᠠᠳᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠭᠠᠷᠭ᠋ᠠᠭᠰᠠᠨ 《ᠠᠮᠢᠲᠠᠨ᠎ᠤ ᠬᠢᠵᠢᠭ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠭᠡᠷᠡᠴᠢ》 ᠵᠢ ᠳᠠᠭ᠋ᠠᠯᠳᠤᠭᠤᠯᠬᠤ ᠵᠢᠨ ᠬᠠᠮᠲᠤ᠂ ᠮᠠᠯ ᠵᠢᠭᠦᠷᠲᠡᠨ᠎ᠤ ᠢᠯᠭ᠋ᠠᠬᠤ ᠲᠡᠮᠲᠡᠭ᠎ᠢ ᠵᠡᠭᠦᠯᠭᠡᠬᠦ ᠬᠡᠷᠡᠭᠲᠡᠢ᠃
ᠬᠤᠷᠢᠨ ᠳᠦᠷᠪᠡᠳᠦᠭᠡᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠶᠠᠰᠤ ᠴᠢᠨᠠᠷ᠎ᠢ ᠤᠬᠤᠴᠢᠯᠠᠨ ᠮᠦᠷᠳᠡᠬᠦ ᠳᠦᠷᠢᠮ᠎ᠢ ᠪᠠᠶ᠋ᠢᠭᠤᠯᠬᠤ ᠬᠡᠷᠡᠭᠲᠡᠢ᠃ ᠦᠬᠡᠷ ᠬᠤᠨᠢ ᠢᠮᠠᠭ᠎ᠠ ᠵᠢᠨ ᠦᠢ᠍ᠯᠡᠳᠪᠦᠷᠢ (ᠲᠠᠯᠠᠪᠠᠢ)᠎ᠳᠤ ᠣᠷᠤᠭᠤᠯᠵᠤ ᠢᠷᠡᠭᠰᠡᠨ ᠴᠠᠭ᠂ ᠢᠷᠡᠯᠲᠡ᠂ ᠲᠤᠭ᠎ᠠ ᠲᠤᠯᠤᠭ᠋ᠠᠢ᠂ 《ᠠᠮᠢᠲᠠᠨ᠎ᠤ ᠬᠢᠵᠢᠭ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠭᠡᠷᠡᠴᠢ》᠂ ᠮᠠᠯ
ᠵᠢᠭᠦᠷᠲᠡᠨ᠎ᠤ ᠢᠯᠭ᠋ᠠᠬᠤ ᠲᠡᠮᠲᠡᠭ ᠵᠢᠴᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠦᠢ᠍ᠯᠡᠳᠪᠦᠷᠢ (ᠲᠠᠯᠠᠪᠠᠢ)᠎ᠠᠴᠠ ᠭᠠᠷᠤᠭᠰᠠᠨ ᠴᠠᠭ᠂ ᠡᠭᠦᠯᠳᠡᠷ ᠤᠭᠰᠠᠭ᠎ᠠ᠂ ᠲᠤᠭ᠎ᠠ ᠬᠡᠮᠵᠢᠶ᠎ᠡ᠂ ᠭᠦᠢ᠍ᠯᠭᠡᠭᠡᠨ᠎ᠤ ᠬᠠᠨᠳᠤᠰᠢ ᠪᠣᠯᠣᠨ ᠬᠢᠵᠢᠭ ᠪᠠᠶ᠋ᠢᠴᠠᠭ᠋ᠠᠨ ᠰᠢᠯᠭ᠋ᠠᠬᠤ᠂ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠵᠡᠷᠭᠡ ᠠᠭᠤᠯᠭ᠎ᠠ ᠵᠢ ᠦᠨᠡᠨ ᠪᠣᠲᠠᠲᠠᠢ᠎ᠪᠠᠷ ᠲᠡᠮᠲᠡᠭᠯᠡᠬᠦ ᠵᠢᠨ ᠬᠠᠮᠲᠤ᠂ ᠬᠠᠮᠢᠶ᠎ᠠ ᠪᠦᠬᠦᠢ ᠭᠡᠷᠡᠴᠢ ᠪᠠᠷᠢᠮᠲᠠ ᠵᠢ ᠬᠠᠳᠠᠭ᠋ᠠᠯᠠᠬᠤ ᠬᠡᠷᠡᠭᠲᠡᠢ᠃ ᠲᠡᠮᠲᠡᠭᠯᠡᠯ ᠪᠣᠯᠣᠨ ᠭᠡᠷᠡᠴᠢ ᠪᠠᠷᠢᠮᠲᠠ ᠵᠢ ᠬᠠᠳᠠᠭ᠋ᠠᠯᠠᠬᠤ ᠬᠤᠭᠤᠴᠠᠭ᠎ᠠ᠎ᠪᠠᠨ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠴᠢᠨᠠᠷ ᠪᠠᠲᠤᠯᠠᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠋ᠠᠬᠢ ᠵᠢᠷᠭᠤᠭ᠋ᠠᠨ ᠰᠠᠷ᠎ᠠ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ; ᠲᠤᠳᠤᠷᠬᠠᠢ ᠴᠢᠨᠠᠷ ᠪᠠᠲᠤᠯᠠᠬᠤ ᠬᠤᠭᠤᠴᠠᠭ᠎ᠠ ᠪᠠᠶ᠋ᠢᠬᠤ ᠦᠭᠡᠢ ᠪᠣᠯ᠂ ᠬᠠᠳᠠᠭ᠋ᠠᠯᠠᠬᠤ ᠬᠤᠭᠤᠴᠠᠭ᠎ᠠ ᠵᠢ ᠬᠤᠶᠠᠷ ᠵᠢᠯ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃
ᠬᠤᠷᠢᠨ ᠲᠠᠪᠤᠳᠤᠭ᠋ᠠᠷ ᠵᠦᠢ᠍ᠯ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠢ᠄
(ᠨᠢᠭᠡ) ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠤᠰᠤ ᠣᠷᠤᠭᠤᠯᠬᠤ ᠪᠣᠶᠣ ᠪᠤᠰᠤᠳ ᠪᠤᠳᠠᠰ ᠣᠷᠤᠭᠤᠯᠵᠤ ᠪᠣᠯᠬᠤ ᠦᠭᠡᠢ;
(ᠬᠤᠶᠠᠷ) ᠴᠢᠬ ᠲᠣᠭᠲᠠᠭ᠋ᠠᠭᠰᠠᠨ ᠦᠭᠡᠢ᠎ᠪᠠᠷ ᠦᠬᠡᠷ ᠬᠤᠨᠢ ᠢᠮᠠᠭ᠎ᠠ ᠨᠢᠳᠤᠯᠬᠤ ᠠᠵᠢᠯ ᠡᠷᠬᠢᠯᠡᠵᠦ ᠪᠠᠶ᠋ᠢᠬᠤ ᠨᠢᠭᠡᠴᠡ ᠪᠤᠶᠤ ᠬᠤᠪᠢ ᠬᠦᠮᠦᠨ᠎ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠠᠳᠠᠭ᠋ᠠᠯᠠᠬᠤ ᠪᠡᠯᠡᠳᠭᠡᠮᠵᠢ ᠬᠠᠩᠭ᠋ᠠᠵᠤ ᠪᠣᠯᠬᠤ ᠦᠭᠡᠢ;
(ᠭᠤᠷᠪᠠ) ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠤᠰᠤ ᠣᠷᠤᠭᠤᠯᠤᠭᠰᠠᠨ ᠪᠣᠶᠣ ᠪᠤᠰᠤᠳ ᠪᠤᠳᠠᠰ ᠣᠷᠤᠭᠤᠯᠤᠭᠰᠠᠨ ᠨᠢᠭᠡᠴᠡ ᠪᠣᠶᠣ ᠬᠤᠪᠢ ᠬᠦᠮᠦᠨ᠎ᠳᠤ ᠲᠠᠯᠠᠪᠤᠷ ᠬᠠᠩᠭ᠋ᠠᠵᠤ ᠪᠣᠯᠬᠤ ᠦᠭᠡᠢ᠃
ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠵᠢ ᠨᠢᠳᠤᠯᠵᠤ ᠪᠣᠯᠬᠤ ᠦᠭᠡᠢ᠃
ᠬᠤᠷᠢᠨ ᠵᠢᠷᠭᠤᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ᠎ᠤ ᠦᠪᠡᠷ ᠵᠶ᠋ᠠᠨ ᠪᠠᠶ᠋ᠢᠴᠠᠭ᠋ᠠᠬᠤ ᠳᠦᠷᠢᠮ᠎ᠢ ᠪᠠᠶ᠋ᠢᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ᠎ᠤ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠨ ᠦᠨᠡᠯᠡᠬᠦ ᠬᠡᠷᠡᠭᠲᠡᠢ᠃ ᠦᠢ᠍ᠯᠡᠳᠪᠦᠷᠢᠯᠡᠯ᠎ᠤᠨ ᠨᠦᠬᠦᠴᠡᠯ᠎ᠨᠢ ᠬᠤᠪᠢᠷᠠᠯᠲᠠ ᠭᠠᠷᠴᠤ᠂ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠣᠯᠣᠭᠰᠠᠨ ᠪᠠᠶ᠋ᠢᠪᠠᠯ᠂ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠳᠠᠷᠦ᠋ᠢ᠍ᠬᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ; ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠠᠮᠦᠷ ᠲᠥᠪᠰᠢᠨ᠎ᠤ ᠡᠨᠳᠡᠯ ᠡᠭᠦᠰᠬᠦ ᠳᠠᠯᠳᠠ ᠲᠥᠭᠰᠢᠭᠦᠷᠢ᠎ᠲᠠᠢ ᠪᠠᠶ᠋ᠢᠪᠠᠯ ᠳᠠᠷᠦ᠋ᠢ᠍ᠬᠠᠨ ᠨᠢᠳᠤᠯᠬᠤ ᠠᠵᠢᠯᠯᠠᠭ᠎ᠠ᠎ᠪᠠᠨ ᠵᠣᠭᠰᠤᠭ᠋ᠠᠬᠤ ᠵᠢᠨ ᠬᠠᠮᠲᠤ᠂ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠬᠦ ᠬᠡᠷᠡᠭᠲᠡᠢ᠃
ᠬᠤᠷᠢᠨ ᠳᠤᠯᠤᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠦᠬᠡᠷ ᠬᠤᠨᠢ ᠢᠮᠠᠭ᠎ᠠ ᠬᠤᠳᠠᠯᠳᠤᠨ ᠠᠪᠬᠤ᠂ ᠨᠢᠳᠤᠯᠬᠤ᠂ ᠪᠤᠷᠤᠯᠠᠭᠤᠯᠬᠤ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠣᠬᠠᠢᠳᠤᠨᠢ ᠮᠡᠳᠡᠭᠦᠯᠦᠨ ᠬᠦᠷᠭᠡᠬᠦ ᠬᠡᠷᠡᠭᠲᠡᠢ᠃
ᠬᠤᠷᠢᠨ ᠨᠠᠢ᠍ᠮᠠᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠡᠭᠡᠭᠦᠯᠦᠨ ᠠᠪᠬᠤ ᠳᠦᠷᠢᠮ᠎ᠢ ᠪᠠᠶ᠋ᠢᠭᠤᠯᠵᠤ᠂ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠣᠷᠤᠰᠢᠵᠤ ᠪᠠᠶ᠋ᠢᠭ᠎ᠠ ᠠᠮᠦᠷ ᠲᠥᠪᠰᠢᠨ᠎ᠤ ᠳᠠᠯᠳᠠ ᠭᠡᠮ᠎ᠢ ᠢᠯᠡᠷᠡᠭᠦᠯᠦᠨ᠂ ᠣᠯᠠᠨ ᠨᠡᠶ᠋ᠢᠲᠡ ᠵᠢᠨ ᠡᠷᠡᠭᠦᠯ ᠮᠡᠨᠳᠦ ᠪᠣᠯᠣᠨ ᠠᠮᠢ ᠨᠠᠰᠤᠨ᠎ᠤ ᠠᠮᠦᠷ ᠲᠥᠪᠰᠢᠨ᠎ᠳᠤ ᠬᠤᠬᠢᠷᠠᠯ ᠤᠴᠠᠷᠠᠭᠤᠯᠬᠤ ᠪᠣᠯᠣᠮᠵᠢ᠎ᠲᠠᠢ ᠪᠣᠯ ᠳᠠᠷᠦ᠋ᠢ᠍ᠬᠠᠨ ᠦᠢ᠍ᠯᠡᠳᠪᠦᠷᠢᠯᠡᠯ ᠵᠶ᠋ᠠᠨ ᠵᠣᠭᠰᠤᠭ᠋ᠠᠵᠤ᠂ ᠪᠣᠷᠤᠯᠠᠭᠤᠯᠤᠭᠴᠢ ᠪᠣᠯᠣᠨ ᠬᠡᠷᠡᠭᠯᠡᠭᠴᠢ᠎ᠳᠤ ᠮᠡᠳᠡᠭᠳᠡᠬᠦ ᠬᠡᠷᠡᠭᠲᠡᠢ᠂ ᠨᠢᠭᠡᠨᠲᠡ ᠵᠠᠬ᠎ᠠ ᠳᠡᠯᠭᠡᠭᠦᠷ᠎ᠲᠤ ᠭᠠᠷᠭ᠋ᠠᠵᠤ ᠪᠣᠷᠤᠯᠠᠭᠤᠯᠤᠭᠰᠠᠨ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠡᠭᠡᠭᠦᠯᠦᠨ ᠠᠪᠬᠤ ᠵᠢᠨ ᠬᠠᠮᠲᠤ᠂ ᠡᠭᠡᠭᠦᠯᠦᠨ ᠠᠪᠤᠬᠰᠠᠨ ᠪᠠ ᠮᠡᠳᠡᠭᠳᠡᠭᠰᠡᠨ ᠪᠠᠶ᠋ᠢᠳᠠᠯ ᠵᠶ᠋ᠠᠨ ᠲᠡᠮᠲᠡᠭᠯᠡᠵᠦ᠂ ᠡᠭᠡᠭᠦᠯᠦᠨ ᠠᠪᠤᠬᠰᠠᠨ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠬᠡᠷᠡᠭᠲᠡᠢ᠃
ᠬᠤᠷᠢ ᠶᠢᠰᠦᠳᠦᠭᠡᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠤᠯᠤᠰ᠎ᠤᠨ ᠲᠣᠭᠲᠠᠭ᠋ᠠᠯ ᠶᠤᠰᠤᠭ᠋ᠠᠷ ᠡᠪᠡᠳᠴᠢᠨ ᠬᠢᠵᠢᠭ᠎ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠬᠡᠷᠡᠭᠲᠡᠢ᠃ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠵᠠᠷᠤᠳᠠᠯ ᠪᠣᠯᠣᠨ ᠬᠤᠬᠢᠷᠠᠯ᠎ᠢ ᠤᠯᠤᠰ ᠪᠠ ᠦᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠤᠨ ᠲᠣᠭᠲᠠᠭ᠋ᠠᠯ ᠶᠤᠰᠤᠭ᠋ᠠᠷ ᠨᠦᠬᠦᠪᠦᠷᠢᠯᠡᠬᠦ ᠬᠡᠷᠡᠭᠲᠡᠢ᠃
ᠳᠦᠷᠪᠡᠳᠦᠭᠡᠷ ᠪᠦᠯᠦᠭ ᠲᠣᠭᠲᠠᠭᠰᠠᠨ ᠭᠠᠵᠠᠷ᠎ᠲᠤ ᠨᠢᠲᠦᠯᠤᠬᠰᠠᠨ ᠦᠬᠡᠷ ᠬᠤᠨᠢ ᠢᠮᠠᠭ᠎ᠠ ᠵᠢᠨ ᠬᠢᠵᠢᠭ᠎ᠢ ᠪᠠᠶ᠋ᠢᠴᠠᠭ᠋ᠠᠨ ᠰᠢᠯᠭ᠋ᠠᠬᠤ
ᠭᠤᠴᠢᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠨᠢᠲᠦᠯᠦᠭ᠍ᠰᠠᠨ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠶᠠᠰᠤ ᠴᠢᠨᠠᠷ᠎ᠢ ᠡᠵᠡᠮᠳᠡᠬᠦ ᠰᠢᠰᠲ᠋ᠧᠮᠵᠢ ᠵᠢ ᠪᠠᠶ᠋ᠢᠭᠤᠯᠵᠤ᠂ ᠦᠬᠡᠷ ᠬᠤᠨᠢ ᠢᠮᠠᠭ᠎ᠠ ᠨᠢᠳᠤᠯᠵᠤ ᠬᠢᠵᠢᠭ ᠪᠠᠶ᠋ᠢᠴᠠᠭ᠋ᠠᠨ ᠰᠢᠯᠭ᠋ᠠᠬᠤ ᠬᠠᠷᠢᠭᠤᠴᠠᠯᠭ᠋ᠠᠲᠠᠨ᠎ᠢ ᠲᠤᠳᠤᠷᠬᠠᠶ᠋ᠢᠯᠠᠬᠤ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠰᠢᠯᠭ᠋ᠠᠨ ᠬᠢᠨᠠᠬᠤ᠎ᠳᠤ ᠬᠢᠷᠢ ᠲᠡᠩᠴᠡᠭᠰᠡᠨ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠬᠢᠵᠢᠭ ᠪᠠᠶ᠋ᠢᠴᠠᠭ᠋ᠠᠨ ᠰᠢᠯᠭ᠋ᠠᠬᠤ ᠠᠵᠢᠯᠲᠠᠨ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠲᠣᠭᠲᠠᠭ᠋ᠠᠭᠰᠠᠨ ᠬᠢᠵᠢᠭ ᠪᠠᠶ᠋ᠢᠴᠠᠭ᠋ᠠᠨ ᠰᠢᠯᠭ᠋ᠠᠬᠤ ᠳᠦᠷᠢᠮ ᠲᠣᠭᠲᠠᠭ᠋ᠠᠯ ᠶᠤᠰᠤᠭ᠋ᠠᠷ᠂ ᠨᠢᠳᠤᠯᠤᠭᠰᠠᠨ ᠦᠬᠡᠷ ᠬᠤᠨᠢ ᠢᠮᠠᠭᠠᠳᠤ ᠵᠡᠷᠭᠡ᠎ᠪᠡᠷ ᠬᠢᠵᠢᠭ ᠪᠠᠶ᠋ᠢᠴᠠᠭ᠋ᠠᠨ ᠰᠢᠯᠭ᠋ᠠᠬᠤ ᠵᠢᠨ ᠬᠠᠮᠲᠤ᠂ ᠬᠢᠵᠢᠭ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠪᠢᠴᠢᠬᠦ ᠬᠡᠷᠡᠭᠲᠡᠢ᠃
ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠬᠢᠵᠢᠭ ᠪᠠᠶ᠋ᠢᠴᠠᠭ᠋ᠠᠨ ᠰᠢᠯᠭ᠋ᠠᠬᠤ ᠠᠵᠢᠯᠲᠠᠨ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠲᠣᠭᠲᠠᠭ᠋ᠠᠯ ᠶᠤᠰᠤᠭ᠋ᠠᠷ᠂ ᠬᠢᠵᠢᠭ ᠪᠠᠶ᠋ᠢᠴᠠᠭ᠋ᠠᠨ ᠰᠢᠯᠭ᠋ᠠᠭᠰᠠᠨ ᠶᠠᠪᠤᠴᠠ ᠪᠣᠯᠣᠨ ᠦᠷ᠎ᠡ ᠳ᠋ᠦᠩ᠎ᠢ ᠦᠨᠡᠨ ᠪᠣᠲᠠᠲᠠᠢ᠎ᠪᠠᠷ ᠲᠡᠮᠲᠡᠭᠯᠡᠬᠦ ᠵᠢᠨ ᠬᠠᠮᠲᠤ᠂ ᠬᠢᠵᠢᠭ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ᠎ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠭᠤᠴᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠳᠤ ᠠᠯᠪᠠᠨ᠎ᠤ ᠮᠠᠯ᠎ᠤᠨ ᠡᠮᠴᠢ ᠵᠢ ᠲᠣᠮᠢᠯᠠᠨ ᠰᠠᠭᠤᠯᠭ᠋ᠠᠵᠤ᠂ ᠦᠬᠡᠷ ᠬᠤᠨᠢ ᠢᠮᠠᠭ᠎ᠠ ᠨᠢᠳᠤᠯᠵᠤ ᠬᠢᠵᠢᠭ ᠪᠠᠶ᠋ᠢᠴᠠᠭ᠋ᠠᠨ ᠰᠢᠯᠭ᠋ᠠᠬᠤ ᠶᠠᠪᠤᠴᠠ ᠵᠢ ᠲᠣᠭᠤᠷᠢᠨ ᠬᠢᠨᠠᠬᠤ ᠪᠠ ᠰᠤᠭᠤᠴᠠᠨ ᠪᠠᠶ᠋ᠢᠴᠠᠭ᠋ᠠᠬᠤ ᠬᠡᠷᠡᠭᠲᠡᠢ᠃
ᠠᠯᠪᠠᠨ᠎ᠤ ᠮᠠᠯ᠎ᠤᠨ ᠡᠮᠴᠢ᠎ᠠᠴᠠ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢᠨ ᠭᠠᠷᠭ᠋ᠠᠭᠰᠠᠨ ᠬᠢᠵᠢᠭ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠬᠢᠨᠠᠨ ᠬᠠᠷᠭᠤᠭᠤᠯᠵᠤ᠂ ᠦᠯᠢᠭᠡᠷ ᠠᠪᠴᠤ ᠪᠠᠶ᠋ᠢᠴᠠᠭ᠋ᠠᠨ ᠰᠢᠯᠭ᠋ᠠᠬᠤ᠂ ᠲᠣᠭᠤᠷᠢᠨ ᠬᠢᠨᠠᠬᠤ ᠵᠡᠷᠭᠡ ᠠᠷᠭ᠎ᠠ ᠬᠡᠮᠵᠢᠶ᠎ᠡ᠎ᠯᠦᠭᠡ ᠤᠶᠠᠯᠳᠤᠭᠤᠯᠵᠤ ᠢᠯᠭ᠋ᠠᠨ ᠲᠣᠭᠲᠠᠭ᠋ᠠᠨ᠂ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ 《ᠠᠮᠢᠲᠠᠨ᠎ᠤ ᠬᠢᠵᠢᠭ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠭᠡᠷᠡᠴᠢ》 ᠭᠠᠷᠭ᠋ᠠᠵᠤ ᠥᠭᠬᠦ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠬᠢᠵᠢᠭ ᠪᠠᠶ᠋ᠢᠴᠠᠭ᠋ᠠᠨ ᠰᠢᠯᠭ᠋ᠠᠭᠰᠠᠨ ᠦᠭᠡᠢ ᠪᠣᠶᠣ ᠬᠢᠵᠢᠭ ᠪᠠᠶ᠋ᠢᠴᠠᠭ᠋ᠠᠨ ᠰᠢᠯᠭ᠋ᠠᠬᠤ᠎ᠳᠤ ᠬᠢᠷᠢ ᠲᠡᠩᠴᠡᠭᠰᠡᠨ ᠦᠭᠡᠢ ᠪᠣᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠠᠴᠠ ᠭᠠᠷᠭ᠋ᠠᠵᠤ ᠪᠣᠯᠬᠤ ᠦᠭᠡᠢ᠃
ᠭᠤᠴᠢᠨ ᠳᠦᠷᠪᠡᠳᠦᠭᠡᠷ ᠵᠦᠢ᠍ᠯ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠪᠣᠷᠤᠯᠠᠭᠤᠯᠬᠤ᠂ ᠮᠢᠬᠠᠨ ᠢᠳᠡᠭᠡᠨ᠎ᠤ ᠵᠦᠢ᠍ᠯ ᠦᠢ᠍ᠯᠡᠳᠪᠦᠷᠢᠯᠡᠨ ᠡᠳ᠋ᠰᠢᠭᠦᠯᠬᠦ ᠠᠵᠢᠯ᠎ᠢ ᠡᠷᠬᠢᠯᠡᠵᠦ ᠪᠠᠶ᠋ᠢᠭ᠎ᠠ ᠨᠢᠭᠡᠴᠡ ᠪᠣᠯᠣᠨ ᠬᠤᠪᠢ ᠬᠦᠮᠦᠨ ᠵᠢᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠡᠵᠡᠩᠨᠡᠭᠴᠢ᠂ ᠨᠡᠶ᠋ᠢᠲᠡ ᠵᠢᠨ ᠬᠤᠭᠤᠯᠠ ᠵᠢᠨ ᠨᠢᠭᠡᠴᠡ᠎ᠨᠦᠭᠦᠳ ᠲᠣᠭᠲᠠᠭ᠋ᠠᠯ ᠶᠤᠰᠤᠭ᠋ᠠᠷ ᠬᠢᠵᠢᠭ ᠪᠠᠶ᠋ᠢᠴᠠᠭ᠋ᠠᠭᠰᠠᠨ ᠦᠭᠡᠢ ᠪᠣᠶᠣ ᠬᠢᠵᠢᠭ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠡᠵᠡᠩᠨᠡᠵᠦ ᠪᠣᠯᠬᠤ ᠦᠭᠡᠢ᠂ ᠡᠰᠡᠭᠦᠯ᠎ᠡ ᠪᠠᠶ᠋ᠢᠴᠠᠭ᠋ᠠᠨ ᠰᠢᠯᠭ᠋ᠠᠭᠰᠠᠨ ᠦᠭᠡᠢ ᠪᠣᠶᠣ ᠪᠠᠶ᠋ᠢᠴᠠᠭ᠋ᠠᠨ ᠰᠢᠯᠭ᠋ᠠᠬᠤ᠎ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠦᠢ᠍ᠯᠡᠳᠪᠦᠷᠢᠯᠡᠨ ᠡᠵᠡᠩᠨᠡᠵᠦ ᠪᠣᠯᠬᠤ ᠦᠭᠡᠢ᠃
ᠲᠠᠪᠤᠳᠤᠭ᠋ᠠᠷ ᠪᠦᠯᠦᠭ ᠬᠢᠨᠠᠯᠲᠠ ᠬᠠᠮᠢᠶᠠᠷᠤᠯᠲᠠ
ᠭᠤᠴᠢᠨ ᠲᠠᠪᠤᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠯᠤᠰ᠎ᠤᠨ ᠦᠬᠡᠷ ᠬᠤᠨᠢ ᠢᠮᠠᠭ᠎ᠠ ᠨᠢᠳᠤᠯᠬᠤ ᠶᠠᠰᠤ ᠴᠢᠨᠠᠷ᠎ᠤᠨ ᠠᠮᠦᠷ ᠲᠥᠪᠰᠢᠨ᠎ᠢ ᠬᠢᠨᠠᠨ ᠡᠵᠡᠮᠳᠡᠬᠦ ᠲᠦᠯᠦᠪᠯᠡᠭᠡ ᠵᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ᠎ᠤ
ᠦᠬᠡᠷ ᠬᠤᠨᠢ ᠢᠮᠠᠭ᠎ᠠ ᠨᠢᠳᠤᠯᠬᠤ ᠶᠠᠰᠤ ᠴᠢᠨᠠᠷ᠎ᠤᠨ ᠠᠮᠦᠷ ᠲᠥᠪᠰᠢᠨ᠎ᠢ ᠬᠢᠨᠠᠨ ᠡᠵᠡᠮᠳᠡᠬᠦ ᠲᠦᠰᠦᠯ᠎ᠢ ᠲᠣᠭᠲᠠᠭ᠋ᠠᠬᠤ ᠪᠠ ᠬᠡᠷᠡᠭᠵᠢᠭᠦᠯᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠨᠢᠳᠤᠯᠬᠤ ᠭᠤᠭᠴᠤᠭ᠎ᠠ᠎ᠳᠠᠬᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠦᠷ ᠲᠥᠪᠰᠢᠨ᠎ᠤ ᠣᠨ᠎ᠤ ᠰᠤᠭᠤᠴᠠᠨ ᠪᠠᠶ᠋ᠢᠴᠠᠭ᠋ᠠᠬᠤ ᠲᠦᠯᠦᠪᠯᠡᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠢ᠃
ᠭᠤᠴᠢᠨ ᠵᠢᠷᠭᠤᠳᠤᠭ᠋ᠠᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ᠎ᠳᠤ ᠬᠠᠤᠯᠢ ᠶᠤᠰᠤᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ᠎ᠳᠤ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠄
(ᠨᠢᠭᠡ) ᠦᠬᠡᠷ ᠬᠤᠨᠢ ᠢᠮᠠᠭ᠎ᠠ ᠨᠢᠳᠤᠯᠬᠤ ᠵᠡᠷᠭᠡ ᠬᠤᠯᠪᠣᠭᠳᠠᠯ ᠪᠦᠬᠦᠢ ᠲᠠᠯᠠᠪᠣᠷ᠎ᠲᠤ ᠣᠴᠢᠵᠤ ᠲᠣᠬᠠᠢ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠬᠤ ᠠᠵᠢᠯ᠎ᠢ ᠬᠡᠷᠡᠭᠵᠢᠭᠦᠯᠬᠦ;
(ᠬᠤᠶᠠᠷ) ᠬᠤᠯᠪᠣᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ᠎ᠠᠴᠠ ᠪᠠᠶ᠋ᠢᠳᠠᠯ᠎ᠢ ᠣᠶ᠋ᠢᠯᠠᠭ᠋ᠠᠬᠤ;
(ᠭᠤᠷᠪᠠ) ᠬᠤᠯᠪᠣᠭᠳᠠᠯ ᠪᠦᠬᠦᠢ ᠲᠡᠮᠲᠡᠭᠯᠡᠯ᠂ ᠫᠢᠶᠤᠤ ᠪᠠᠷᠢᠮᠲᠠ ᠵᠢᠴᠢ ᠪᠤᠰᠤᠳ ᠮᠠᠲ᠋ᠧᠷᠢᠶᠠᠯ᠎ᠢ ᠡᠷᠢᠵᠦ ᠦᠵᠡᠬᠦ᠂ ᠪᠠᠭᠤᠯᠭ᠋ᠠᠬᠤ;
(ᠳᠥᠷᠪᠡ) ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠵᠢᠨ ᠠᠰᠢᠭ ᠰᠢᠮ᠎ᠡ᠎ᠠᠴᠠ ᠲᠣᠭᠲᠠᠭ᠋ᠠᠯ ᠶᠤᠰᠤᠭ᠋ᠠᠷ ᠦᠯᠢᠭᠡᠷ ᠠᠪᠬᠤ᠂ ᠦᠯᠡᠳᠡᠭᠡᠨ ᠰᠢᠯᠭ᠋ᠠᠬᠤ᠂ ᠰᠤᠭᠤᠴᠠᠨ ᠪᠠᠶ᠋ᠢᠴᠠᠭ᠋ᠠᠬᠤ;
(ᠲᠠᠪᠤ) ᠬᠢᠨᠠᠯᠲᠠ ᠲᠠᠯᠪᠢᠵᠤ ᠰᠤᠭᠤᠴᠠᠨ ᠪᠠᠶ᠋ᠢᠴᠠᠭ᠋ᠠᠬᠤ ᠶᠠᠪᠤᠴᠠ᠎ᠳᠤ ᠢᠯᠡᠷᠡᠭᠦᠯᠦᠭᠰᠡᠨ ᠬᠤᠣᠷ ᠬᠦᠨᠦᠭᠡᠯ᠎ᠲᠠᠢ ᠪᠤᠳᠠᠰ ᠠᠭᠤᠯᠤᠭᠰᠠᠨ ᠪᠣᠶᠣ ᠠᠭᠤᠯᠵᠤ ᠪᠠᠶ᠋ᠢᠬᠤ ᠰᠡᠵᠢᠭ᠎ᠲᠠᠢ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠭᠡᠷᠡᠴᠢ ᠪᠠᠷᠢᠮᠲᠠ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠬᠡᠷᠡᠭᠯᠡᠬᠦ ᠬᠡᠷᠡᠭᠲᠡᠢ᠃
ᠭᠤᠴᠢᠨ ᠳᠤᠯᠤᠳᠤᠭ᠋ᠠᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠬᠠᠤᠯᠢ ᠬᠡᠷᠡᠭᠵᠢᠭᠦᠯᠦᠭᠴᠢ᠎ᠨᠢ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ᠎ᠳᠡᠭᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠬᠤ ᠬᠡᠷᠡᠭᠲᠡᠢ᠃ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠬᠠᠤᠯᠢ ᠶᠤᠰᠤᠭ᠋ᠠᠷ ᠬᠢᠬᠦ ᠬᠢᠨᠠᠨ ᠪᠠᠶ᠋ᠢᠴᠠᠭ᠋ᠠᠯᠲᠠ᠎ᠳᠤ ᠬᠤᠯᠪᠤᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ ᠬᠠᠮᠵᠢᠯᠴᠠᠬᠤ ᠬᠡᠷᠡᠭᠲᠡᠢ᠂ ᠲᠡᠪᠴᠢᠬᠦ ᠪᠠ ᠬᠠᠷᠰᠢᠯᠠᠵᠤ ᠪᠣᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠬᠢᠨᠠᠨ ᠪᠠᠶ᠋ᠢᠴᠠᠭ᠋ᠠᠬᠤ ᠳᠤᠮᠳᠠ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠲᠤᠰ ᠠᠷᠭ᠎ᠠ᠎ᠳᠤ ᠲᠣᠭᠲᠠᠭ᠋ᠠᠭᠰᠠᠨ ᠨᠦᠬᠦᠴᠡᠯ᠎ᠢ ᠪᠦᠷᠢᠯᠳᠦᠭᠦᠯᠬᠦ᠎ᠪᠠᠨ ᠪᠣᠯᠢᠭᠰᠠᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠵᠦ ᠴᠡᠭᠴᠡᠯᠡᠨ ᠵᠠᠯᠠᠷᠠᠭᠤᠯᠬᠤ ᠬᠡᠷᠡᠭᠲᠡᠢ; ᠬᠤᠭᠤᠴᠠᠭ᠎ᠠ᠎ᠨᠢ ᠦᠩᠭᠡᠷᠡᠭᠡᠳ ᠮᠦᠨᠬᠦ ᠲᠤᠰ ᠠᠷᠭ᠎ᠠ᠎ᠳᠤ ᠲᠣᠭᠲᠠᠭ᠋ᠠᠭᠰᠠᠨ ᠨᠦᠬᠦᠴᠡᠯ᠎ᠳᠤ ᠬᠦᠷᠴᠦ ᠳᠡᠶ᠋ᠢᠯᠦᠭᠰᠡᠨ ᠦᠭᠡᠢ ᠪᠣᠯ᠂ ᠣᠣᠯ᠎ᠤᠨ ᠦᠨᠡᠮᠯᠡᠯ ᠣᠯᠭᠤᠭᠰᠠᠨ ᠪᠠᠶ᠋ᠢᠭᠤᠯᠭ᠎ᠠ᠎ᠠᠴᠠ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠎ᠢ ᠬᠦᠴᠦᠨ ᠦᠭᠡᠢ ᠪᠣᠯᠭ᠋ᠠᠬᠤ ᠪᠠ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶ᠋ᠢᠰᠠ ᠵᠢ᠎ᠨᠢ ᠬᠤᠷᠢᠶᠠᠨ ᠠᠪᠬᠤ ᠬᠡᠷᠡᠭᠲᠡᠢ᠃
ᠭᠤᠴᠢ ᠶᠢᠰᠦᠳᠦᠭᠡᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠬᠢᠨᠠᠨ ᠪᠠᠶ᠋ᠢᠴᠠᠭ᠋ᠠᠬᠤ᠎ᠳᠤ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ᠎ᠨᠢ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ ᠬᠠᠤᠯᠢ ᠶᠤᠰᠤᠭ᠋ᠠᠷ ᠲᠣᠳᠤᠭ᠋ᠠᠲᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠢ᠃
ᠵᠢᠷᠭᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠳᠦᠴᠢᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠵᠦ᠂ ᠴᠢᠬ ᠲᠣᠭᠲᠠᠭ᠋ᠠᠭᠰᠠᠨ ᠦᠭᠡᠢ᠎ᠪᠠᠷ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠡᠷᠬᠢᠯᠡᠪᠡᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠳᠦᠷᠪᠡᠳᠦᠭᠡᠷ ᠵᠦᠢ᠍ᠯ᠎ᠤᠨ ᠨᠢᠭᠡᠳᠦᠭᠡᠷ ᠵᠣᠷᠪᠤᠰ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠬᠠᠭᠤᠷᠮᠠᠭ ᠵᠶ᠋ᠠᠷ ᠵᠣᠬᠢᠶᠠᠭᠰᠠᠨ᠂ ᠦᠭᠡᠷᠡᠴᠢᠯᠡᠨ ᠵᠣᠬᠢᠶᠠᠭᠰᠠᠨ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠣᠯᠬᠤ ᠦᠨᠡᠮᠯᠡᠯ ᠪᠤᠶᠤ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶ᠋ᠢᠰᠠ ᠵᠢ ᠬᠠᠭᠤᠷᠮᠠᠭᠯᠠᠨ ᠬᠡᠷᠡᠭᠯᠡᠬᠦ ᠪᠤᠶᠤ ᠬᠡᠷᠡᠭᠯᠡᠪᠡᠯ᠂ ᠳᠡᠭᠡᠷᠡᠬᠢ ᠵᠣᠷᠪᠤᠰ᠎ᠤᠨ ᠲᠣᠭᠲᠠᠭ᠋ᠠᠯ ᠶᠤᠰᠤᠭ᠋ᠠᠷ ᠰᠢᠳᠭᠡᠨ ᠲ᠋ᠣᠷᠭ᠋ᠠᠬᠤ ᠬᠡᠷᠡᠭᠲᠡᠢ᠃
ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠪᠤᠶᠤ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶ᠋ᠢᠰᠠ ᠵᠢ ᠳᠦᠷᠢᠶᠡᠰᠦᠯᠡᠭᠦᠯᠬᠦ᠂ ᠵᠢᠭᠡᠯᠡᠭᠦᠯᠬᠦ᠂ ᠰᠢᠯᠵᠢᠭᠦᠯᠦᠨ ᠥᠭᠭᠦᠭᠰᠡᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠳᠦᠷᠪᠡᠳᠦᠭᠡᠷ ᠵᠦᠢ᠍ᠯ᠎ᠤᠨ ᠭᠤᠷᠪᠠᠳᠤᠭ᠋ᠠᠷ ᠵᠣᠷᠪᠤᠰ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠳᠦᠴᠢᠨ ᠨᠢᠭᠡᠳᠦᠭᠡᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠣᠯᠬᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠄
(ᠨᠢᠭᠡ) ᠤᠯᠤᠰ᠂ ᠦᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠠᠵᠢᠯ ᠲᠦᠷᠦᠯ᠎ᠤᠨ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ ᠪᠣᠯᠣᠨ ᠠᠵᠢᠯᠯᠠᠭ᠋ᠠᠨ᠎ᠤ ᠳᠦᠷᠢᠮ ᠶᠤᠰᠤᠭ᠋ᠠᠷ ᠦᠢ᠍ᠯᠡᠳᠪᠦᠷᠢᠯᠡᠯ ᠵᠶ᠋ᠠᠨ ᠵᠣᠬᠢᠶᠠᠨ ᠪᠠᠶ᠋ᠢᠭᠤᠯᠤᠭᠰᠠᠨ ᠦᠭᠡᠢ;
(ᠬᠤᠶᠠᠷ) ᠨᠢᠳᠤᠯᠬᠤ ᠦᠬᠡᠷ ᠬᠤᠨᠢ ᠢᠮᠠᠭ᠎ᠠ ᠵᠢᠨ ᠢᠷᠡᠯᠲᠡ᠂ ᠲᠤᠭ᠎ᠠ ᠲᠤᠯᠤᠭ᠋ᠠᠢ ᠪᠣᠯᠣᠨ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠭᠦᠢ᠍ᠯᠭᠡᠭᠡᠨ᠎ᠤ ᠬᠠᠨᠳᠤᠰᠢ ᠵᠢ ᠦᠨᠡᠨ ᠪᠤᠲᠠᠲᠠᠢ᠎ᠪᠠᠷ ᠲᠡᠮᠲᠡᠭᠯᠡᠭᠰᠡᠨ ᠦᠭᠡᠢ;
(ᠭᠤᠷᠪᠠ) ᠤᠯᠤᠰ᠎ᠤᠨ ᠲᠣᠭᠲᠠᠭ᠋ᠠᠯ ᠶᠤᠰᠤᠭ᠋ᠠᠷ ᠡᠪᠡᠳᠴᠢᠨ ᠬᠢᠵᠢᠭ᠎ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠭᠰᠡᠨ ᠦᠭᠡᠢ᠃
ᠳᠦᠴᠢᠨ ᠬᠤᠶᠠᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠠᠮᠦᠷ ᠲᠥᠪᠰᠢᠨ᠎ᠤ ᠳᠠᠯᠳᠠ ᠭᠡᠮ ᠣᠷᠤᠰᠢᠵᠤ᠂ ᠣᠯᠠᠨ ᠨᠡᠶ᠋ᠢᠲᠡ ᠵᠢᠨ ᠡᠷᠡᠭᠦᠯ ᠮᠡᠨᠳᠦ ᠪᠣᠯᠣᠨ ᠠᠮᠢ ᠨᠠᠰᠤᠨ᠎ᠤ ᠠᠮᠦᠷ ᠲᠥᠪᠰᠢᠨ᠎ᠳᠤ ᠬᠤᠬᠢᠷᠠᠯ ᠤᠴᠠᠷᠠᠭᠤᠯᠵᠤ ᠮᠡᠳᠡᠬᠦ ᠪᠣᠯᠣᠮᠵᠢ᠎ᠲᠠᠢ ᠪᠠᠶ᠋ᠢᠬᠤ ᠵᠢ ᠢᠯᠡᠷᠡᠭᠦᠯᠦᠭᠰᠡᠨ ᠪᠠᠶ᠋ᠢᠲᠠᠯ᠎ᠠ᠂ ᠦᠢ᠍ᠯᠡᠳᠪᠦᠷᠢᠯᠡᠯ ᠵᠶ᠋ᠠᠨ ᠵᠣᠭᠰᠤᠭ᠋ᠠᠬᠤ᠂ ᠡᠭᠡᠭᠦᠯᠦᠨ ᠠᠪᠬᠤ ᠠᠷᠭ᠎ᠠ ᠬᠡᠮᠵᠢᠶ᠎ᠠ ᠠᠪᠤᠭᠰᠠᠨ ᠦᠭᠡᠢ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠦᠮᠡᠨ ᠲᠦᠭᠦᠷᠢᠭ᠎ᠠᠴᠠ ᠳᠡᠭᠡᠭᠰᠢ 3 ᠲᠦᠮᠡᠨ ᠲᠦᠭᠦᠷᠢᠭ᠎ᠠᠴᠠ ᠳᠤᠷᠤᠭᠰᠢᠬᠢ ᠵᠤᠭᠤᠰ ᠵᠶ᠋ᠠᠷ ᠲᠣᠷᠭ᠋ᠠᠬᠤ ᠬᠡᠷᠡᠭᠲᠡᠢ᠃
ᠳᠦᠴᠢᠨ ᠭᠤᠷᠪᠠᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠮᠢᠬᠠᠨ᠎ᠤ ᠵᠦᠢ᠍ᠯ᠎ᠤᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠰᠠᠨ ᠦᠭᠡᠢ ᠪᠤᠶᠤ ᠮᠢᠬᠠᠨ᠎ᠤ ᠵᠦᠢ᠍ᠯ᠎ᠤᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭ᠋ᠠᠳ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠦᠢ᠍ᠯᠡᠳᠪᠦᠷᠢ (ᠲᠠᠯᠠᠪᠠᠢ)᠎ᠠᠴᠠ ᠭᠠᠷᠭ᠋ᠠᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠳᠦᠴᠢᠨ ᠳᠦᠷᠪᠡᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠵᠦ᠂ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠂ ᠪᠤᠰᠤᠳ ᠨᠢᠭᠡᠴᠡ ᠪᠣᠶᠣ ᠬᠤᠪᠢ ᠬᠦᠮᠦᠨ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠤᠰᠤ ᠤᠷᠤᠭᠤᠯᠬᠤ ᠪᠤᠶᠤ ᠪᠤᠰᠤᠳ ᠪᠤᠳᠠᠰ ᠣᠷᠤᠭᠤᠯᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠳᠤᠯᠤᠳᠤᠭ᠋ᠠᠷ ᠵᠦᠢ᠍ᠯ᠎ᠤᠨ ᠨᠢᠭᠡᠳᠦᠭᠡᠷ ᠵᠣᠷᠪᠤᠰ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠤᠰᠤ ᠤᠷᠤᠭᠤᠯᠬᠤ ᠪᠣᠶᠣ ᠪᠤᠰᠤᠳ ᠪᠤᠳᠠᠰ ᠣᠷᠤᠭᠤᠯᠪᠠᠯ᠂ ᠳᠡᠭᠡᠷᠡᠬᠢ ᠵᠣᠷᠪᠤᠰ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ᠎ᠠᠴᠠ ᠭᠠᠳᠠᠨ᠎ᠠ᠂ ᠪᠠᠰᠠ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠳᠤᠯᠤᠳᠤᠭ᠋ᠠᠷ ᠵᠦᠢ᠍ᠯ᠎ᠤᠨ ᠬᠤᠶᠠᠳᠤᠭ᠋ᠠᠷ ᠵᠣᠷᠪᠤᠰ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠳᠦᠴᠢᠨ ᠲᠠᠪᠤᠳᠤᠭ᠋ᠠᠷ ᠵᠦᠢ᠍ᠯ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ)᠎ᠨᠢ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠵᠢ ᠨᠢᠳᠤᠯᠤᠭᠰᠠᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠳᠦᠴᠢᠨ ᠵᠢᠷᠭᠤᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠵᠦ᠂ ᠶᠠᠮᠠᠷᠪᠠ ᠨᠢᠭᠡᠴᠡ ᠪᠤᠶᠤ ᠬᠤᠪᠢ ᠬᠦᠮᠦᠨ᠎ᠨᠢ ᠲᠣᠭᠲᠠᠭᠰᠠᠨ ᠭᠠᠵᠠᠷ᠎ᠤᠨ ᠵᠦᠪᠰᠢᠶᠡᠷᠡᠯ ᠦᠭᠡᠢ᠎ᠪᠠᠷ ᠦᠬᠡᠷ ᠬᠤᠨᠢ ᠢᠮᠠᠭ᠎ᠠ ᠨᠢᠳᠣᠯᠬᠤ ᠠᠵᠢᠯ᠎ᠢ ᠡᠷᠬᠢᠯᠡᠵᠦ ᠪᠠᠶ᠋ᠢᠭ᠎ᠠ ᠨᠢᠭᠡᠴᠡ ᠪᠣᠶᠣ ᠬᠤᠪᠢ ᠬᠦᠮᠦᠨ᠎ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠬᠠᠳᠠᠭ᠋ᠠᠯᠠᠬᠤ ᠪᠡᠯᠡᠳᠭᠡᠮᠵᠢ ᠬᠠᠩᠭ᠋ᠠᠭᠰᠠᠨ᠂ ᠡᠰᠡᠭᠦᠯ᠎ᠡ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠨᠢᠭᠡᠴᠡ ᠪᠤᠶᠤ ᠬᠤᠪᠢ ᠬᠦᠮᠦᠨ᠎ᠳᠤ ᠲᠠᠯᠠᠪᠤᠷ ᠬᠠᠩᠭ᠋ᠠᠭᠰᠠᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠢᠳᠤ ᠭᠠᠭ᠍ᠠᠢ ᠨᠢᠳᠤᠯᠬᠤ ᠬᠠᠮᠢᠶᠠᠷᠤᠯᠲᠠ ᠵᠢᠨ ᠳᠦᠷᠢᠮ》᠎ᠤᠨ ᠭᠤᠴᠢᠳᠤᠭ᠋ᠠᠷ ᠵᠦᠢ᠍ᠯ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠳᠦᠴᠢᠨ ᠳᠤᠯᠤᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠵᠦ᠂ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠪᠣᠷᠤᠯᠠᠭᠤᠯᠬᠤ᠂ ᠮᠢᠬᠠᠨ ᠢᠳᠡᠭᠡᠨ᠎ᠤ ᠵᠦᠢ᠍ᠯ ᠦᠢ᠍ᠯᠡᠳᠪᠦᠷᠢᠯᠡᠨ ᠡᠳ᠋ᠰᠢᠭᠦᠯᠬᠦ ᠠᠵᠢᠯ᠎ᠢ ᠡᠷᠬᠢᠯᠡᠵᠦ ᠪᠠᠶ᠋ᠢᠭ᠎ᠠ ᠨᠢᠭᠡᠴᠡ ᠪᠤᠯᠤᠨ ᠬᠤᠪᠢ ᠬᠦᠮᠦᠨ ᠵᠢᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠵᠢᠨ ᠡᠵᠡᠩᠨᠡᠭᠴᠢ᠂ ᠨᠡᠶ᠋ᠢᠲᠡ ᠵᠢᠨ ᠬᠤᠭᠤᠯᠠᠨ᠎ᠤ ᠨᠢᠭᠡᠴᠡ᠎ᠨᠢ ᠲᠣᠭᠲᠠᠭ᠋ᠠᠯ ᠶᠤᠰᠤᠭ᠋ᠠᠷ ᠬᠢᠵᠢᠭ ᠪᠠᠶ᠋ᠢᠴᠠᠭ᠋ᠠᠭᠰᠠᠨ ᠦᠭᠡᠢ ᠪᠣᠶᠣ ᠬᠢᠵᠢᠭ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠡᠵᠡᠩᠨᠡᠵᠦ ᠪᠠᠶ᠋ᠢᠬᠤ᠂ ᠡᠰᠡᠭᠦᠯ᠎ᠡ ᠪᠠᠶ᠋ᠢᠴᠠᠭ᠋ᠠᠨ ᠰᠢᠯᠭ᠋ᠠᠭᠰᠠᠨ ᠦᠭᠡᠢ ᠪᠣᠶᠣ ᠪᠠᠶ᠋ᠢᠴᠠᠭ᠋ᠠᠨ ᠰᠢᠯᠭ᠋ᠠᠭ᠋ᠠᠳ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢ ᠦᠢ᠍ᠯᠡᠳᠪᠦᠷᠢᠯᠡᠨ ᠡᠵᠡᠩᠨᠡᠪᠡᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠵᠦᠢ᠍ᠯ᠎ᠤᠨ ᠠᠮᠦᠷ ᠲᠥᠪᠰᠢᠨ᠎ᠤ ᠬᠠᠤᠯᠢ》 ᠵᠢᠨ ᠵᠠᠭᠤ ᠬᠤᠷᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠶᠤᠰᠤᠭ᠋ᠠᠷ ᠰᠢᠳᠭᠡᠨ ᠲᠣᠷᠭ᠋ᠠᠬᠤ ᠬᠡᠷᠡᠭᠲᠡᠢ᠃
ᠳᠦᠴᠢᠨ ᠨᠠᠢ᠍ᠮᠠᠳᠤᠭ᠋ᠠᠷ ᠵᠦᠢ᠍ᠯ ᠦᠬᠡᠷ ᠬᠤᠨᠢ ᠢᠮᠠᠭ᠎ᠠ ᠨᠢᠳᠤᠯᠬᠤ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠦᠴᠢᠷ ᠵᠢᠴᠢ ᠲᠡᠭᠦᠨ᠎ᠤ ᠠᠵᠢᠯᠲᠠᠳ᠎ᠲᠤ ᠳᠣᠣᠷᠠᠬᠢ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠣᠯᠴᠢᠯᠠᠨ ᠬᠠᠮᠢᠶᠠᠷᠤᠭᠴᠢ ᠪᠣᠯᠣᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦ ᠬᠡᠷᠡᠭᠲᠡᠢ; ᠶᠠᠯᠠᠳᠤ ᠬᠦᠷᠦᠭᠰᠡᠨ ᠪᠤᠯ᠂ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄
(ᠨᠢᠭᠡ) ᠲᠣᠭᠲᠠᠭ᠋ᠠᠭᠰᠠᠨ ᠳᠡᠰ ᠳᠠᠷᠠᠭ᠋ᠠᠯᠠᠯ ᠪᠣᠯᠣᠨ ᠨᠦᠬᠦᠴᠡᠯ ᠶᠣᠰᠤᠭ᠋ᠠᠷ ᠲᠣᠭᠲᠠᠭᠰᠠᠨ ᠭᠠᠵᠠᠷ᠎ᠲᠤ ᠦᠬᠡᠷ ᠬᠤᠨᠢ ᠢᠮᠠᠭ᠎ᠠ ᠨᠢᠳᠤᠯᠬᠤ ᠦᠢ᠍ᠯᠡᠳᠪᠦᠷᠢ (ᠲᠠᠯᠠᠪᠠᠢ) ᠵᠢ ᠬᠢᠨᠠᠨ ᠪᠠᠶ᠋ᠢᠴᠠᠭ᠋ᠠᠵᠤ᠂ ᠵᠥᠪᠰᠢᠶᠡᠷᠡᠭᠰᠡᠨ ᠦᠭᠡᠢ;
(ᠬᠤᠶᠠᠷ) ᠬᠠᠤᠯᠢ ᠶᠤᠰᠤᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠦᠭᠡᠢ᠎ᠠᠴᠠ ᠪᠣᠯᠵᠤ ᠦᠬᠡᠷ ᠬᠤᠨᠢ ᠢᠮᠠᠭ᠎ᠠ ᠵᠢᠨ ᠠᠰᠢᠭ ᠰᠢᠮᠡᠳᠤ ᠶᠠᠰᠤ ᠴᠢᠨᠠᠷ᠎ᠤᠨ ᠠᠮᠦᠷ ᠲᠥᠪᠰᠢᠨ᠎ᠤ ᠠᠳᠡᠯ ᠭᠠᠷᠤᠭᠰᠠᠨ;
(ᠭᠤᠷᠪᠠ) ᠬᠠᠤᠯᠢ᠎ᠠᠴᠠ ᠵᠦᠷᠢᠴᠡᠨ ᠨᠢᠳᠤᠯᠬᠤ᠂ ᠡᠵᠡᠩᠨᠡᠬᠦ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠤᠭᠰᠠᠨ ᠪᠤᠶᠤ ᠣᠯᠵᠤ ᠮᠡᠳᠡᠭᠡᠳ ᠬᠠᠤᠯᠢ ᠶᠤᠰᠤᠭ᠋ᠠᠷ ᠪᠠᠶ᠋ᠢᠴᠠᠭ᠋ᠠᠨ ᠰᠢᠳᠭᠡᠭᠰᠡᠨ ᠦᠭᠡᠢ;
(ᠳᠥᠷᠪᠡ) ᠦᠬᠡᠷ ᠬᠤᠨᠢ ᠢᠮᠠᠭ᠎ᠠ ᠵᠢᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠦᠷ ᠲᠥᠪᠰᠢᠨ᠎ᠤ ᠠᠳᠡᠯ᠎ᠢ ᠨᠢᠭᠤᠨ ᠳᠠᠯᠳᠠᠯᠠᠭ᠋ᠠᠳ ᠮᠡᠳᠡᠭᠦᠯᠦᠭᠰᠡᠨ ᠦᠭᠡᠢ;
(ᠲᠠᠪᠤ) ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠤᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠵᠢ ᠵᠦᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠳᠤᠯᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠦᠴᠢ ᠶᠢᠰᠦᠳᠦᠭᠡᠷ ᠵᠦᠢ᠍ᠯ ᠦᠬᠡᠷ᠂ ᠬᠤᠨᠢ ᠢᠮᠠᠭ᠎ᠠ᠎ᠠᠴᠠ ᠪᠤᠰᠤᠳ ᠭᠡᠷ᠎ᠤᠨ ᠲᠡᠵᠢᠭᠡᠪᠦᠷᠢ (ᠠᠮᠢᠳᠤ ᠭᠠᠭ᠍ᠠᠢ᠎ᠠᠴᠠ ᠪᠣᠰᠣᠳ)᠂ ᠭᠡᠷ᠎ᠤᠨ ᠵᠢᠭᠦᠷᠲᠡᠨ᠎ᠢ ᠨᠢᠳᠤᠯᠬᠤ᠎ᠳᠤ ᠲᠤᠰ ᠠᠷᠭ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠲᠠᠪᠢᠳᠤᠭ᠋ᠠᠷ ᠵᠦᠢ᠍ᠯ ᠲᠤᠰ ᠠᠷᠭ᠎ᠠ ᠵᠢ 2016 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃