ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠤᠩᠭᠤᠯ᠎ᠤᠨ ᠠᠷᠠᠳ᠎ᠤᠨ ᠲᠥᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ 《ᠥᠪᠥᠷ ᠮᠤᠩᠭᠤᠯ᠎ᠤᠨ ᠬᠥᠳᠡᠭᠡ ᠲᠤᠰᠬᠤᠨ ᠮᠠᠯᠵᠢᠬᠤ ᠤᠷᠤᠨ᠎ᠤ ᠬᠠᠮᠲᠦ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠢᠨ ᠬᠢᠨᠠᠨ ᠪᠣᠳᠣᠬᠣ ᠳᠥᠷᠢᠮ》 ᠵᠡᠷᠭᠡ 2 ᠬᠤᠪᠢ ᠤᠷᠤᠨ ᠨᠣᠲᠣᠭ᠎ᠤᠨ ᠴᠢᠨᠠᠷᠲᠠᠢ ᠬᠠᠤᠯᠢ ᠳᠥᠷᠢᠮ
ᠨᠡᠶ᠋ᠢᠲᠡᠯᠡᠭᠰᠡᠨ ᠴᠠᠭ᠄ 2019-05-20

     2018 ᠣᠨ᠎ᠤ 5 ᠰᠠᠷ᠎ᠠ ᠵᠢᠨ 31᠎ᠤ ᠡᠳᠦᠷ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠠᠪᠤᠳᠤᠭ᠋ᠠᠷ ᠤᠳᠠᠭ᠋ᠠᠨ᠎ᠤ ᠬᠤᠷᠠᠯ᠎ᠠᠴᠠ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠥᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠠᠴᠠ 〈ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠬᠥᠳᠡᠭᠡ ᠲᠣᠰᠬᠣᠨ ᠮᠠᠯᠵᠢᠬᠤ ᠤᠷᠤᠨ᠎ᠤ ᠬᠠᠮᠲᠦ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠢᠨ ᠬᠢᠨᠠᠨ ᠪᠣᠳᠣᠬᠣ ᠳᠥᠷᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠴᠠᠭ᠎ᠠ ᠲᠣᠰᠬᠣᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠲᠦᠷᠢᠮ〉 ᠵᠡᠷᠭᠡ 2 ᠬᠤᠪᠢ ᠣᠷᠣᠨ ᠨᠤᠲᠤᠭ᠎ᠤᠨ ᠴᠢᠨᠠᠷᠲᠠᠶ ᠬᠠᠤᠯᠢ ᠳᠦᠷᠢᠮ᠎ᠢ ᠬᠦᠴᠦᠨ ᠦᠭᠡᠢ ᠪᠣᠯᠭ᠋ᠠᠬᠤ ᠲᠤᠬᠠᠶ ᠰᠢᠢ᠍ᠳᠪᠥᠷᠢ》 ᠵᠢ ᠪᠠᠲᠣᠯᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠠᠪᠤᠳᠤᠭ᠋ᠠᠷ ᠲᠤᠭ᠋ᠠᠳᠤ ᠠᠯᠪᠠᠨ ᠵᠠᠷᠯᠠᠯ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠠᠪᠤᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠠᠴᠠ ᠳᠣᠣᠷ᠎ᠠ ᠵᠢᠭᠰᠠᠭ᠋ᠠᠭᠰᠠᠨ ᠣᠷᠣᠨ ᠨᠤᠲᠤᠭ᠎ᠤᠨ ᠬᠠᠤᠯᠢ ᠲᠣᠭᠲᠠᠭ᠋ᠠᠯ᠎ᠢ ᠬᠦᠴᠦᠨ ᠦᠬᠡᠢ ᠪᠣᠯᠭ᠋ᠠᠬᠤ᠎ᠪᠠᠷ ᠰᠢᠢ᠍ᠳᠪᠡ  ᠄
      ᠨᠢᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠬᠢᠨᠠᠨ ᠪᠤᠳᠤᠬᠤ ᠲᠦᠷᠢᠮ》 (1996 ᠣᠨ᠎ᠤ 9 ᠰᠠᠷ᠎ᠠ ᠵᠢᠨ 28᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠬᠣᠶᠠᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠠᠴᠠ ᠪᠠᠲᠤᠯᠠᠵᠤ᠂ 1997 ᠣᠨ᠎ᠤ 8 ᠰᠠᠷ᠎ᠠ ᠵᠢᠨ 2᠎ᠤ ᠡᠳᠦᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠳᠣᠯᠣᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠬᠢᠨᠠᠨ ᠪᠤᠳᠤᠬᠤ ᠲᠦᠷᠢᠮ》᠎ᠳᠤ ᠵᠠᠰᠠᠪᠤᠷᠢ ᠣᠷᠣᠭᠤᠯᠬᠤ ᠲᠤᠬᠠᠢ ᠰᠢᠢ᠍ᠳᠪᠥᠷᠢ ᠵᠢ ᠦᠨᠳᠦᠰᠦᠯᠡᠨ ᠠᠩᠬ᠎ᠠ ᠤᠳᠠᠭ᠎ᠠ ᠵᠠᠰᠠᠪᠠ᠃ 2010 ᠣᠨ᠎ᠤ 9 ᠰᠠᠷ᠎ᠠ ᠵᠢᠨ 17᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠳᠣᠯᠣᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠤ 《ᠬᠡᠰᠡᠭ ᠪᠥᠯᠦᠭ ᠣᠷᠣᠨ ᠨᠤᠲᠤᠭ᠎ᠤᠨ ᠴᠢᠨᠠᠷᠲᠠᠶ ᠬᠠᠤᠯᠢ ᠲᠦᠷᠢᠮ᠎ᠳᠤ ᠵᠠᠰᠠᠪᠤᠷᠢ ᠣᠷᠣᠭᠤᠯᠬᠤ ᠲᠤᠬᠠᠶ ᠰᠢᠢ᠍ᠳᠪᠥᠷᠢ (ᠬᠣᠶᠠᠷ)》 ᠵᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ)᠃
      ᠬᠣᠶᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠴᠠᠭ᠎ᠠ ᠲᠣᠰᠬᠣᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ》 (2000 ᠣᠨ᠎ᠤ 8 ᠰᠠᠷ᠎ᠠ ᠵᠢᠨ 6᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠳᠣᠯᠣᠳᠤᠭ᠋ᠠᠷ ᠬᠤᠷᠠᠯᠳᠤᠭ᠋ᠠᠨ᠎ᠠᠴᠠ   ᠪᠠᠲᠤᠯᠠᠵᠤ᠂ 2010 ᠣᠨ᠎ᠤ 9 ᠰᠠᠷ᠎ᠠ ᠵᠢᠨ 17᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠳᠣᠯᠣᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠤ 《ᠬᠡᠰᠡᠭ ᠪᠥᠯᠦᠭ ᠣᠷᠣᠨ ᠨᠤᠲᠤᠭ᠎ᠤᠨ ᠴᠢᠨᠠᠷᠲᠠᠶ ᠬᠠᠤᠯᠢ ᠲᠦᠷᠢᠮ᠎ᠳᠤ ᠵᠠᠰᠠᠪᠤᠷᠢ ᠣᠷᠣᠭᠤᠯᠬᠤ ᠲᠤᠬᠠᠶ ᠰᠢᠢ᠍ᠳᠪᠥᠷᠢ (ᠬᠣᠶᠠᠷ)》 ᠵᠢ ᠦᠨᠳᠦᠰᠦᠯᠡᠨ ᠵᠠᠰᠠᠪᠠ)᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ 《ᠥᠪᠥᠷ ᠮᠣᠩᠭᠣᠯ᠎ᠤᠨ ᠮᠠᠯᠴᠢᠨ ᠲᠠᠷᠢᠶᠠᠴᠢᠨ᠎ᠤ ᠳᠠᠷᠣᠭ᠋ᠠᠰᠤ ᠡᠭᠦᠷᠭᠡᠯᠡᠯ᠎ᠤᠨ ᠬᠢᠨᠠᠨ ᠬᠠᠮᠢᠶᠠᠷᠤᠯᠲᠠ ᠵᠢᠨ ᠳᠥᠷᠢᠮ》 ᠵᠡᠷᠭᠡ 7 ᠬᠤᠪᠢ ᠣᠷᠣᠨ ᠨᠤᠲᠤᠭ᠎ᠤᠨ ᠴᠢᠨᠠᠷᠲᠠᠶ ᠬᠠᠤᠯᠢ ᠳᠦᠷᠢᠮ᠎ᠢ ᠬᠦᠴᠦᠨ ᠦᠭᠡᠢ ᠪᠣᠯᠭ᠋ᠠᠬᠤ ᠲᠤᠬᠠᠢ ᠰᠢᠢ᠍ᠳᠪᠥᠷᠢ
ᠬᠥᠳᠡᠭᠡ ᠲᠣᠰᠬᠣᠨ᠎ᠢ ᠬᠠᠤᠯᠢ᠎ᠪᠠᠷ ᠵᠠᠰᠠᠬᠤ ᠵᠢ ᠲᠦᠯᠬᠢᠨ ᠠᠬᠢᠭᠤᠯᠵᠤ ᠬᠠᠤᠯᠢ᠎ᠪᠠᠷ ᠵᠠᠰᠠᠬᠤ ᠵᠢ ᠡᠷᠬᠡᠪᠰᠢ ᠪᠠᠷᠢᠮᠳᠠᠯᠠᠬᠤ ᠬᠡᠷᠡᠭᠲᠡᠢ
ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠤᠷᠤᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ
ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠠᠷᠬᠡᠶ᠋ᠢᠯᠡᠬᠦ ᠬᠠᠤᠯᠢ
 
            