ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ
ᠨᠡᠶ᠋ᠢᠲᠡᠯᠡᠭᠰᠡᠨ ᠴᠠᠭ᠄ 2019-05-27

      ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠯᠠᠩ᠎ᠤᠨ ᠶᠠᠮᠤᠨ᠎ᠤ ᠵᠠᠷᠯᠢᠭ 2010 ᠣᠨ᠎ᠤ 6 ᠲᠣᠭ᠋ᠠᠲᠤ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ》 ᠵᠢ ᠨᠢᠭᠡᠨᠲᠡ 2010 ᠣᠨ᠎ᠤ 1 ᠰᠠᠷ᠎ᠠ ᠵᠢᠨ 4᠎ᠤ ᠡᠳᠦᠷ᠎ᠤᠨ ᠲᠠᠷᠢᠶᠠᠯᠠᠩ᠎ᠤᠨ ᠶᠠᠮᠤᠨ᠎ᠤ ᠨᠢᠭᠡᠳᠦᠭᠡᠷ ᠤᠳᠠᠭ᠋ᠠᠨ᠎ᠤ ᠪᠠᠶ᠋ᠢᠩᠭᠤ ᠵᠢᠨ ᠬᠤᠷᠠᠯᠳᠤᠭ᠋ᠠᠨ ᠵᠶ᠋ᠠᠷ ᠬᠢᠨᠠᠨ ᠪᠠᠲᠤᠯᠠᠭᠰᠠᠨ᠎ᠢ ᠣᠳᠣ ᠨᠡᠶ᠋ᠢᠲᠡᠯᠡᠪᠡ᠂ 2010 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 2002 ᠣᠨ᠎ᠤ 5 ᠰᠠᠷ᠎ᠠ ᠵᠢᠨ 24᠎ᠤ ᠡᠳᠦᠷ᠎ᠤᠨ ᠲᠠᠷᠢᠶᠠᠯᠠᠩ᠎ᠤᠨ ᠶᠠᠮᠤᠨ᠎ᠤ ᠲᠠᠷᠬᠠᠭᠰᠠᠨ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ》 (ᠲᠠᠷᠢᠶᠠᠯᠠᠩ᠎ᠤᠨ ᠶᠠᠮᠤᠨ᠎ᠤ ᠵᠠᠷᠯᠢᠭ 14 ᠲᠣᠭ᠋ᠠᠲᠤ) ᠬᠠᠮᠲᠤᠳᠠ᠎ᠨᠢ ᠬᠦᠴᠦᠨ ᠦᠭᠡᠢ ᠪᠣᠯᠣᠨ᠎ᠠ᠃ ᠰᠠᠶ᠋ᠢᠳ ᠬᠠᠨ ᠴᠠᠩ ᠹᠦ᠋ ᠬᠣᠶᠠᠷ ᠮᠢᠩᠭ᠎ᠠ ᠠᠷᠪᠠᠨ ᠣᠨ᠎ᠤ ᠨᠢᠭᠡ ᠰᠠᠷ᠎ᠠ ᠵᠢᠨ ᠬᠣᠷᠢᠨ ᠨᠢᠭᠡᠨ᠎ᠤ ᠡᠳᠦᠷ
      ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ


      ᠨᠢᠭᠡᠳᠦᠭᠡᠷ ᠪᠦᠯᠦᠭ ᠶᠡᠷᠦᠩᠬᠡᠢ ᠵᠠᠷᠴᠢᠮ
      ᠨᠢᠭᠡᠳᠦᠭᠡᠷ ᠵᠦᠢ᠍ᠯ
ᠠᠮᠢᠲᠠᠨ᠎ᠤ ᠬᠢᠵᠢᠭ ᠪᠠᠶ᠋ᠢᠴᠠᠭ᠋ᠠᠯᠲᠠ᠎ᠤ ᠦᠢ᠍ᠯᠡ ᠠᠵᠢᠯᠯᠠᠭ᠎ᠠ ᠵᠢ ᠵᠣᠬᠢᠴᠠᠭᠤᠯᠬᠤ᠂ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠯᠠᠬᠤ ᠪᠣᠯᠣᠨ ᠤᠰᠠᠳᠬᠠᠬᠤ ᠵᠢ ᠴᠢᠩᠭ᠋ᠠᠳᠬᠠᠵᠤ᠂ ᠠᠮᠢᠲᠠᠨ ᠪᠣᠯᠣᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠠᠶᠤᠯ ᠦᠭᠡᠢ ᠪᠠᠶ᠋ᠢᠳᠠᠯ᠎ᠢ ᠪᠠᠲᠤᠯᠠᠵᠤ᠂ ᠬᠥᠮᠥᠨ᠎ᠤ ᠪᠡᠶ᠎ᠡ ᠵᠢᠨ ᠡᠷᠡᠭᠦᠯ ᠴᠢᠭᠢᠷᠠᠭ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠶᠤᠯ ᠦᠭᠡᠢ ᠪᠠᠶ᠋ᠢᠳᠠᠯ᠎ᠢ ᠬᠠᠮᠠᠭ᠋ᠠᠯᠠᠬᠤ ᠵᠢᠨ ᠲᠤᠯᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 (ᠳᠥᠭᠥᠮᠴᠢᠯᠡᠭᠡᠳ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》) ᠵᠢ ᠦᠨᠳᠦᠰᠦᠯᠡᠵᠦ ᠲᠤᠰ ᠬᠠᠤᠯᠢ ᠵᠢᠨ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠲᠤᠰ ᠠᠷᠭ᠎ᠠ ᠬᠡᠮᠵᠢᠶ᠎ᠡ ᠵᠢ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠵᠠᠭ᠋ᠠᠷ ᠳᠣᠲᠣᠷᠠᠬᠢ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠦᠢ᠍ᠯᠡ ᠠᠵᠢᠯᠯᠠᠭ᠋ᠠᠨ᠎ᠳᠤ ᠬᠡᠷᠡᠭᠯᠡᠨ᠎ᠡ᠃
      ᠭᠤᠷᠪᠠᠳᠤᠭ᠋ᠠᠷ ᠵᠦᠢ᠍ᠯ ᠲᠠᠷᠢᠶᠠᠯᠠᠩ᠎ᠤᠨ ᠶᠠᠮᠤᠨ᠎ᠠᠴᠠ ᠪᠦᠬᠦ ᠤᠯᠤᠰ᠎ᠤᠨ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠠᠵᠢᠯ᠎ᠢ ᠭᠣᠣᠯᠯᠠᠨ ᠬᠠᠷᠢᠭᠤᠴᠠᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠣᠣᠯᠯᠠᠭᠰᠠᠨ ᠪᠠᠶ᠋ᠢᠭᠤᠯᠤᠯᠭ᠎ᠠ᠎ᠠᠴᠠ ᠲᠤᠬᠠᠢ ᠵᠢᠨ ᠵᠠᠰᠠᠭ ᠵᠠᠬᠢᠷᠭ᠋ᠠᠨ᠎ᠤ ᠣᠷᠣᠨ᠎ᠤ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠠᠵᠢᠯ᠎ᠢ ᠭᠣᠣᠯᠯᠠᠨ ᠬᠠᠷᠢᠭᠤᠴᠠᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠭᠰᠠᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠ᠎ᠨᠢ ᠲᠤᠬᠠᠢ ᠵᠢᠨ ᠵᠠᠰᠠᠭ ᠵᠠᠬᠢᠷᠭ᠋ᠠᠨ᠎ᠤ ᠣᠷᠣᠨ᠎ᠤ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠬᠢᠵᠢᠭ᠎ᠤᠨ ᠪᠠᠶ᠋ᠢᠴᠠᠭ᠋ᠠᠯᠲᠠ ᠪᠣᠯᠣᠨ ᠬᠢᠨᠠᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
      ᠳᠥᠷᠪᠡᠳᠦᠭᠡᠷ ᠵᠦᠢ᠍ᠯ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠦᠷᠢᠶ᠎ᠡ ᠬᠡᠪᠴᠢᠶ᠎ᠡ᠂ ᠣᠤᠶᠤᠺᠲ ᠪᠣᠯᠣᠨ ᠵᠢᠷᠤᠮ᠎ᠢ ᠲᠠᠷᠢᠶᠠᠯᠠᠩ᠎ᠤᠨ ᠶᠠᠮᠤᠨ᠎ᠠᠴᠠ ᠪᠣᠯᠪᠠᠰᠤᠷᠠᠭᠤᠯᠵᠤ᠂ ᠥᠭᠡᠷᠡᠴᠢᠯᠡᠬᠦ ᠵᠢᠨ ᠬᠠᠮᠲᠤ ᠨᠡᠶ᠋ᠢᠲᠡᠯᠡᠨ᠎ᠡ᠃
      ᠲᠠᠪᠤᠳᠤᠭ᠋ᠠᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠰᠢᠭᠤᠳ ᠲᠣᠮᠢᠯᠠᠭᠰᠠᠨ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 ᠪᠣᠯᠣᠨ ᠲᠤᠰ ᠠᠷᠭ᠎ᠠ ᠬᠡᠮᠵᠢᠶᠡᠨ᠎ᠤ ᠲᠣᠭᠲᠠᠭ᠋ᠠᠯ᠎ᠤᠨ ᠳᠠᠭ᠋ᠠᠤ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠬᠢᠵᠢᠭ᠎ᠤᠨ ᠪᠠᠶ᠋ᠢᠴᠠᠭ᠋ᠠᠯᠲᠠ ᠬᠢᠵᠦ ᠭᠡᠷᠡᠴᠢᠯᠡᠭᠡ ᠣᠯᠭᠣᠨ ᠲᠡᠮᠳᠡᠭ ᠬᠠᠳᠠᠬᠤ ᠠᠵᠢᠯ᠎ᠢ ᠭᠦᠢ᠍ᠴᠡᠳᠬᠡᠨ᠎ᠡ᠃
      ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠬᠢᠵᠢᠭ᠎ᠤᠨ ᠪᠠᠶ᠋ᠢᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠮᠠᠯ ᠡᠮᠨᠡᠯᠭᠡ ᠵᠢᠨ ᠲᠤᠰᠬᠠᠢ ᠮᠡᠷᠭᠡᠵᠢᠯ᠎ᠤᠨ ᠬᠥᠮᠥᠨ᠎ᠤ ᠲᠣᠭᠲᠠᠭ᠋ᠠᠵᠤ ᠠᠯᠪᠠᠨ ᠶᠣᠰᠣᠨ᠎ᠤ ᠮᠠᠯ᠎ᠤᠨ ᠡᠮᠴᠢ ᠵᠢᠨ ᠬᠢᠵᠢᠭ᠎ᠤᠨ ᠪᠠᠶ᠋ᠢᠴᠠᠭ᠋ᠠᠯᠲᠠ ᠵᠢᠨ ᠠᠵᠢᠯ᠎ᠢ ᠬᠠᠪᠰᠤᠷᠤᠨ ᠭᠦᠢ᠍ᠴᠡᠳᠬᠡᠯᠭᠡᠵᠦ ᠪᠣᠯᠣᠨ᠎ᠠ᠃
    ᠵᠢᠷᠭᠤᠳᠤᠭ᠋ᠠᠷ ᠵᠦᠢ᠍ᠯ ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ᠎ᠨᠢ ᠶᠠᠪᠤᠴᠠ ᠵᠢᠨ ᠬᠢᠨᠠᠯᠲᠠ᠂ ᠡᠷᠡᠰᠳᠡᠯ᠎ᠢ ᠬᠢᠵᠠᠭ᠋ᠠᠯᠠᠬᠤ᠂ ᠪᠦᠰᠡᠴᠢᠯᠡᠭᠰᠡᠨ ᠪᠣᠯᠣᠨ ᠮᠥᠰᠬᠢᠯᠲᠡ ᠵᠢᠨ ᠬᠠᠮᠢᠶᠠᠷᠤᠯᠲᠠ ᠵᠢᠨ ᠤᠶᠠᠯᠳᠤᠭᠰᠠᠨ ᠵᠠᠷᠴᠢᠮ᠎ᠤᠳ᠎ᠢ ᠪᠠᠷᠢᠮᠲᠠᠯᠠᠨ᠎ᠠ᠃


      ᠬᠣᠶᠠᠳᠤᠭ᠋ᠠᠷ ᠪᠦᠯᠦᠭ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠭᠡ
    ᠳᠣᠯᠣᠳᠤᠭ᠋ᠠᠷ ᠵᠤᠷᠪᠤᠰ ᠠᠮᠢᠲᠠᠨ᠎ᠤ ᠬᠢᠵᠢᠭ ᠪᠠᠶ᠋ᠢᠴᠠᠭ᠋ᠠᠯᠲᠠ᠎ᠳᠤ ᠮᠡᠳᠡᠭᠦᠯᠭᠡ ᠵᠢᠨ ᠲᠣᠭᠲᠠᠯᠴᠠᠭ᠎ᠠ ᠵᠢ ᠪᠡᠶᠡᠯᠡᠭᠦᠯᠦᠨ᠎ᠡ᠃ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠ ᠬᠢᠵᠢᠭ ᠪᠠᠶ᠋ᠢᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠭᠡ ᠵᠢᠨ ᠴᠢᠭ᠎ᠢ ᠲᠣᠬᠢᠷᠠᠮᠵᠢᠲᠠᠢ ᠪᠠᠶ᠋ᠢᠷᠢᠯᠠᠭᠤᠯᠵᠤ ᠨᠡᠶ᠋ᠢᠭᠡᠮ ᠨᠡᠶ᠋ᠢᠲᠡ᠎ᠳᠤ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠭᠡ ᠵᠢᠨ ᠴᠢᠭ᠂ ᠬᠢᠵᠢᠭ ᠪᠠᠶ᠋ᠢᠴᠠᠭ᠋ᠠᠯᠲᠠ ᠵᠢᠨ ᠬᠦᠷᠢᠶ᠎ᠡ ᠬᠡᠪᠴᠢᠶ᠎ᠡ ᠪᠣᠯᠣᠨ ᠬᠢᠵᠢᠭ ᠪᠠᠶ᠋ᠢᠴᠠᠭ᠋ᠠᠯᠲᠠ ᠵᠢᠨ ᠣᠤᠶᠤᠺᠲ ᠵᠶ᠋ᠠᠨ ᠵᠠᠷᠯᠠᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠣᠣᠯᠳᠠᠯᠭ᠎ᠠ᠎ᠲᠠᠢ ᠪᠠᠶ᠋ᠢᠭᠤᠯᠤᠯᠭ᠎ᠠ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠭᠡ ᠵᠢᠨ ᠴᠢᠭ᠎ᠤᠨ ᠪᠦᠲᠦᠭᠡᠨ ᠪᠠᠶ᠋ᠢᠭᠤᠯᠤᠯᠲᠠ ᠪᠣᠯᠣᠨ ᠬᠠᠮᠢᠶᠠᠷᠤᠯᠲᠠ᠎ᠪᠠᠨ ᠴᠢᠩᠭ᠋ᠠᠳᠬᠠᠪᠠᠯ ᠵᠣᠬᠢᠨ᠎ᠠ᠃
    ᠨᠠᠢ᠍ᠮᠠᠳᠤᠭ᠋ᠠᠷ ᠵᠤᠷᠪᠤᠰ ᠳᠠᠷᠠᠭ᠋ᠠᠬᠢ ᠵᠢᠭᠰᠠᠭ᠋ᠠᠭᠰᠠᠨ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠤᠤᠯ ᠭᠠᠷᠤᠯᠲᠠ ᠵᠢᠨ ᠣᠷᠣᠨ᠎ᠠᠴᠠ ᠰᠠᠯᠭ᠋ᠠᠬᠤ᠎ᠳᠤ᠂ ᠪᠠᠷᠠᠭ᠋ᠠᠨ᠎ᠤ ᠡᠵᠡᠨ᠎ᠨᠢ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠪᠠᠶ᠋ᠢᠭ᠎ᠠ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠ᠎ᠳᠤ ᠬᠢᠵᠢᠭ᠎ᠤᠨ ᠪᠠᠶ᠋ᠢᠴᠠᠭ᠋ᠠᠯᠲᠠ ᠬᠢᠬᠦ ᠡᠷᠭᠦᠳᠡᠯ ᠳᠡᠪᠰᠢᠭᠦᠯᠦᠨ᠎ᠡ᠄
     (ᠨᠢᠭᠡ) ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠬᠤᠳᠠᠯᠳᠤᠬᠤ᠂ ᠲᠡᠭᠡᠭᠡᠪᠦᠷᠢᠯᠡᠬᠦ ᠪᠣᠯᠣᠨ ᠨᠢᠲᠤᠯᠭ᠋ᠠᠨ᠎ᠤ ᠵᠣᠷᠢᠭᠤᠯᠤᠯᠲᠠ᠎ᠲᠠᠢ᠂ ᠦᠷᠭᠦᠯᠵᠢᠯᠡᠨ ᠲᠡᠵᠢᠭᠡᠬᠦ ᠵᠣᠷᠢᠭᠤᠯᠤᠯᠲᠠ᠎ᠲᠠᠢ ᠠᠮᠢᠲᠠᠳ᠎ᠢ ᠭᠤᠷᠪᠠᠨ ᠬᠣᠨᠣᠭ᠎ᠤᠨ ᠡᠮᠦᠨ᠎ᠡ ᠬᠢᠵᠢᠭ ᠪᠠᠶ᠋ᠢᠴᠠᠭ᠋ᠠᠯᠲᠠ ᠵᠢᠨ ᠡᠷᠭᠦᠳᠡᠯ ᠵᠶ᠋ᠠᠨ ᠲᠤᠰᠢᠶᠠᠨ᠎ᠠ᠃
     (ᠬᠣᠶᠠᠷ) ᠰᠦᠨ᠎ᠤ ᠪᠣᠯᠣᠨ ᠦᠷᠡᠵᠢᠯ᠎ᠤᠨ ᠠᠮᠢᠲᠠᠨ᠎ᠢ ᠪᠣᠷᠣᠯᠠᠭᠤᠯᠬᠤ᠂ ᠲᠡᠭᠡᠭᠡᠪᠦᠷᠢᠯᠡᠬᠦ ᠪᠣᠯᠣᠨ ᠦᠷ᠎ᠡ ᠵᠢᠨ ᠰᠢᠩᠭᠡᠨ᠂ ᠥᠨᠳᠡᠭᠡ᠂ ᠦᠷ᠎ᠡ ᠬᠥᠪᠥᠷᠡᠯ᠂ ᠨᠡᠪᠴᠢᠭᠦᠯᠬᠦ ᠥᠨᠳᠡᠭᠡ ᠪᠣᠯᠣᠨ ᠦᠵᠡᠰᠬᠦᠯᠡᠩ᠂ ᠲᠣᠭᠯᠠᠯᠲᠠ᠂ ᠲᠡᠮᠡᠴᠡᠭᠡᠨ᠎ᠳᠤ ᠣᠷᠣᠯᠴᠠᠬᠤ ᠠᠮᠢᠲᠠᠳ᠎ᠢ ᠠᠷᠪᠠᠨ ᠲᠠᠪᠤᠨ ᠬᠣᠨᠣᠭ᠎ᠤᠨ ᠡᠮᠦᠨ᠎ᠡ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ᠎ᠪᠠᠷ ᠮᠡᠳᠡᠭᠦᠯᠦᠯᠭᠡ ᠥᠭᠬᠦ ᠬᠡᠷᠡᠭᠲᠡᠢ᠃
     (ᠭᠤᠷᠪᠠ) ᠵᠢᠷᠤᠮ᠎ᠳᠤ ᠵᠢᠭ᠋ᠠᠭᠰᠠᠨ ᠡᠪᠡᠳᠴᠢᠨ᠎ᠤ ᠪᠤᠰᠤ ᠤᠷᠤᠨ᠎ᠳᠤ ᠬᠢᠯᠪᠠᠷᠬᠠᠨ ᠨᠡᠷᠪᠡᠭᠳᠡᠳᠡᠭ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠲᠡᠭᠡᠭᠡᠪᠦᠷᠢᠯᠡᠨ ᠤᠷᠤᠭᠤᠯᠬᠤ ᠦᠶ᠎ᠠ᠎ᠳᠤ᠂ ᠪᠠᠷᠠᠭ᠋ᠠᠨ᠎ᠤ ᠡᠵᠡᠨ᠎ᠨᠢ ᠵᠢᠷᠤᠮ᠎ᠤᠨ ᠳᠠᠭ᠋ᠠᠤ ᠪᠠᠶ᠋ᠢᠭ᠎ᠠ ᠭᠠᠵᠠᠷ᠎ᠤᠨ ᠵᠶ᠋ᠠᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠬᠢᠵᠢᠭ᠎ᠤᠨ ᠪᠠᠢ᠌ᠴᠠᠭ᠋ᠠᠯᠲᠠ ᠬᠢᠯᠭᠡᠬᠦ᠎ᠠᠴᠠ ᠭᠠᠳᠠᠨ᠎ᠠ ᠲᠡᠭᠡᠭᠡᠪᠦᠷᠢᠯᠡᠬᠦ᠎ᠠᠴᠠ ᠭᠤᠷᠪᠠᠨ ᠬᠣᠨᠣᠭ᠎ᠤᠨ ᠡᠮᠦᠨ᠎ᠡ ᠣᠷᠣᠭᠤᠯᠬᠤ ᠮᠤᠵᠢ ᠵᠢᠨ ᠳᠡᠰ᠎ᠤᠨ ᠬᠢᠵᠢᠭ ᠪᠠᠶ᠋ᠢᠴᠠᠭ᠋ᠠᠯᠲᠠ ᠵᠢᠨ ᠬᠢᠨᠠᠯᠲᠠ ᠵᠢᠨ ᠠᠯᠪᠠᠨ᠎ᠳᠤ ᠬᠢᠵᠢᠭ ᠪᠠᠶ᠋ᠢᠴᠠᠭ᠋ᠠᠯᠭ᠋ᠠᠬᠤ᠎ᠪᠠᠷ ᠡᠷᠭᠦᠳᠡᠯ ᠳᠡᠪᠰᠢᠭᠦᠯᠬᠦ ᠬᠡᠷᠡᠭᠲᠡᠢ᠃
      ᠶᠢᠰᠦᠳᠦᠭᠡᠷ ᠵᠦᠢ᠍ᠯ ᠬᠠᠤᠯᠢ ᠵᠢᠨ ᠳᠠᠭ᠋ᠠᠤ ᠪᠠᠷᠢᠭᠰᠠᠨ ᠬᠡᠭᠡᠷ᠎ᠡ ᠵᠢᠨ ᠠᠮᠢᠲᠠᠨ᠎ᠳᠤ ᠪᠠᠷᠢᠭᠰᠠᠨ᠎ᠤ ᠳᠠᠷᠠᠭ᠋ᠠᠬᠢ ᠭᠤᠷᠪᠠᠨ ᠬᠣᠨᠣᠭ᠎ᠤᠨ ᠳᠣᠲᠣᠷ᠎ᠠ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠ᠎ᠳᠤ ᠡᠷᠭᠦᠳᠡᠯ ᠭᠠᠷᠭ᠋ᠠᠨ ᠬᠢᠵᠢᠭ᠎ᠤᠨ ᠪᠠᠶ᠋ᠢᠴᠠᠭ᠋ᠠᠯᠲᠠ ᠬᠢᠯᠭᠡᠨ᠎ᠡ᠃
      ᠠᠷᠪᠠᠳᠤᠭ᠋ᠠᠷ ᠵᠤᠷᠪᠤᠰ ᠨᠢᠲᠤᠯᠬᠤ ᠮᠠᠯ᠎ᠢ 6 ᠴᠠᠭ᠎ᠠᠴᠠ ᠡᠮᠦᠨ᠎ᠡ ᠪᠠᠶ᠋ᠢᠭ᠎ᠠ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠬᠢᠵᠢᠭ ᠪᠠᠶ᠋ᠢᠴᠠᠭ᠋ᠠᠯᠲᠠ ᠵᠢᠨ ᠡᠷᠭᠦᠳᠡᠯ ᠳᠡᠪᠰᠢᠭᠦᠯᠦᠨ᠎ᠡ; ᠪᠠᠴᠢᠮ ᠨᠢᠲᠤᠯᠬᠤ ᠠᠮᠢᠲᠠᠨ᠎ᠢ ᠬᠡᠵᠢᠶ᠎ᠡ ᠴᠦ᠍ ᠡᠷᠭᠦᠳᠡᠯ ᠭᠠᠷᠭ᠋ᠠᠵᠤ ᠪᠣᠯᠣᠨ᠎ᠠ᠃
      ᠠᠷᠪᠠᠨ ᠨᠢᠭᠡᠳᠦᠭᠡᠷ ᠵᠤᠷᠪᠤᠰ ᠬᠢᠵᠢᠭ᠎ᠤᠨ ᠪᠠᠶ᠋ᠢᠴᠠᠭ᠋ᠠᠯᠲᠠ ᠬᠢᠬᠦ ᠵᠢ ᠬᠦᠰᠡᠭᠴᠢᠳ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠦᠯᠭᠡ ᠵᠢᠨ ᠬᠠᠭᠤᠳᠠᠰᠤ ᠵᠢ ᠲᠤᠰᠢᠶᠠᠨ᠎ᠠ; ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠠᠯᠤᠰᠯᠠᠵᠤ ᠰᠦᠨ ᠬᠡᠷᠡᠭᠯᠡᠭᠡᠨ᠎ᠤ ᠠᠮᠢᠲᠠᠨ᠂ ᠦᠷ᠎ᠡ ᠵᠢᠨ ᠬᠡᠷᠡᠭᠯᠡᠭᠡᠨ᠎ᠤ ᠠᠮᠢᠲᠠᠨ ᠵᠢᠴᠢ ᠦᠷ᠎ᠡ ᠵᠢᠨ ᠰᠢᠩᠭᠡᠨ᠂ ᠦᠷ᠎ᠡ ᠬᠥᠪᠥᠷᠡᠯ᠂ ᠦᠷ᠎ᠡ ᠵᠢᠨ ᠥᠨᠳᠡᠭᠡ ᠲᠡᠭᠡᠭᠡᠪᠦᠷᠢᠯᠡᠬᠦ᠎ᠳᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠠᠴᠠ ᠣᠯᠭᠣᠭᠰᠠᠨ ᠮᠤᠵᠢ᠂ ᠥᠪᠡᠷᠳᠡᠭᠡᠨ ᠵᠠᠰᠠᠬᠤ ᠤᠷᠤᠨ ᠠᠯᠤᠰᠯᠠᠵᠤ ᠰᠦᠨ ᠬᠡᠷᠡᠭᠯᠡᠭᠡᠨ᠎ᠤ ᠠᠮᠢᠲᠠᠨ᠂ ᠦᠷ᠎ᠡ ᠵᠢᠨ ᠬᠡᠷᠡᠭᠯᠡᠭᠡᠨ᠎ᠤ ᠠᠮᠢᠲᠠᠨ ᠲᠡᠭᠡᠭᠡᠪᠦᠷᠢᠯᠡᠬᠦ ᠵᠢ ᠵᠥᠪᠰᠢᠶᠡᠷᠡᠭᠰᠡᠨ ᠮᠠᠶ᠋ᠢᠭᠲᠦ ᠵᠢ ᠲᠤᠰᠢᠶᠠᠬᠤ ᠬᠡᠷᠡᠭᠲᠡᠢ᠃
      ᠬᠢᠵᠢᠭ᠎ᠤᠨ ᠪᠠᠶ᠋ᠢᠴᠠᠭ᠋ᠠᠯᠲᠠ ᠬᠢᠬᠦ ᠡᠷᠭᠦᠳᠡᠯ᠎ᠢ ᠮᠡᠳᠡᠭᠦᠯᠭᠡ ᠵᠢᠨ ᠴᠢᠭ᠎ᠲᠤ ᠬᠦᠷᠴᠦ ᠬᠦᠰᠦᠨᠦᠭᠲᠦ ᠲᠠᠭᠯᠠᠬᠤ᠂ ᠹᠠᠺᠰ᠂ ᠤᠲᠠᠰᠤ᠎ᠪᠠᠷ ᠮᠡᠳᠡᠭᠳᠡᠵᠦ ᠡᠷᠭᠦᠳᠡᠯ ᠭᠠᠷᠭ᠋ᠠᠵᠤ ᠪᠣᠯᠣᠨ᠎ᠠ᠃ ᠤᠲᠠᠰᠤ᠎ᠪᠠᠷ ᠡᠷᠭᠦᠳᠡᠯ ᠭᠠᠷᠭ᠋ᠠᠭᠴᠢᠳ ᠭᠠᠵᠠᠷ᠎ᠲᠤ᠎ᠨᠢ ᠬᠦᠷᠴᠦ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠦᠯᠭᠡ ᠵᠢᠨ ᠬᠠᠭᠤᠳᠠᠰᠤ ᠵᠢ ᠲᠠᠭᠯᠠᠬᠤ ᠬᠡᠷᠡᠭᠲᠡᠢ᠃
      ᠠᠷᠪᠠᠨ ᠬᠣᠶᠠᠳᠤᠭ᠋ᠠᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠭᠡ ᠵᠢ ᠠᠪᠴᠤ ᠬᠡᠯᠡᠯᠴᠡᠭᠰᠡᠨ᠎ᠤ ᠳᠠᠷᠠᠭ᠎ᠠ ᠠᠯᠪᠠᠨ ᠲᠠᠯ᠎ᠠ ᠵᠢᠨ ᠮᠠᠯ᠎ᠤᠨ ᠡᠮᠴᠢ ᠲᠣᠮᠢᠯᠠᠵᠤ ᠭᠠᠵᠠᠷ᠎ᠲᠤ᠎ᠨᠢ ᠪᠤᠶᠤ ᠲᠣᠭᠲᠠᠭᠰᠠᠨ ᠴᠢᠭ᠎ᠲᠤ ᠬᠦᠷᠴᠦ ᠬᠢᠵᠢᠭ᠎ᠤᠨ ᠪᠠᠶ᠋ᠢᠴᠠᠭ᠋ᠠᠯᠲᠠ ᠬᠢᠨ᠎ᠡ; ᠮᠡᠳᠡᠭᠦᠯᠭᠡ ᠵᠢ ᠠᠪᠴᠤ ᠬᠡᠯᠡᠯᠴᠡᠭᠰᠡᠨ ᠦᠭᠡᠢ ᠪᠣᠯ ᠤᠴᠢᠷ ᠰᠢᠯᠲᠠᠭ᠋ᠠᠨ᠎ᠢ ᠲᠠᠶ᠋ᠢᠯᠪᠤᠷᠢᠯᠠᠨ᠎ᠠ᠃


      ᠭᠤᠷᠪᠠᠳᠤᠭ᠋ᠠᠷ ᠪᠦᠯᠦᠭ ᠡᠭᠦᠰᠦᠯ᠎ᠤᠨ ᠭᠠᠵᠠᠷ᠎ᠤᠨ ᠬᠢᠵᠢᠭ᠎ᠤᠨ ᠪᠠᠶ᠋ᠢᠴᠠᠭ᠋ᠠᠯᠲᠠ
      ᠠᠷᠪᠠᠨ ᠭᠤᠷᠪᠠᠳᠤᠭ᠋ᠠᠷ ᠵᠦᠢ᠍ᠯ
ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠠᠷᠠᠯᠵᠢᠶᠠᠯᠠᠬᠤ ᠪᠤᠶᠤ ᠲᠡᠭᠡᠭᠡᠪᠦᠷᠢᠯᠡᠬᠦ᠎ᠳᠤ ᠪᠠᠶ᠋ᠢᠭ᠎ᠠ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠬᠦᠷᠴᠦ ᠠᠯᠪᠠᠨ ᠶᠣᠰᠣᠨ᠎ᠤ ᠮᠠᠯ᠎ᠤᠨ ᠡᠮᠴᠢ ᠵᠢᠨ ᠰᠢᠯᠭ᠋ᠠᠯᠲᠠ ᠵᠢ ᠥᠩᠭᠡᠷᠡᠭᠦᠯᠵᠦ ᠲᠡᠭᠦᠨᠴᠢᠯᠡᠨ 《ᠠᠮᠢᠲᠠᠨ᠎ᠤ ᠬᠢᠵᠢᠭ ᠲᠠᠬᠤᠯ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠠᠪᠤᠭᠰᠠᠨ ᠬᠣᠶ᠋ᠢᠨ᠎ᠠ ᠤᠭ ᠭᠠᠵᠠᠷ᠎ᠠᠴᠠ ᠬᠥᠳᠡᠯᠵᠦ ᠪᠣᠯᠣᠨ᠎ᠠ᠃
    ᠠᠷᠪᠠᠨ ᠳᠥᠷᠪᠡᠳᠦᠭᠡᠷ ᠵᠤᠷᠪᠤᠰ ᠬᠤᠳᠠᠯᠳᠤᠬᠤ ᠪᠣᠯᠣᠨ ᠲᠡᠭᠡᠭᠡᠪᠦᠷᠢᠯᠡᠬᠦ ᠵᠣᠷᠢᠭᠤᠯᠤᠯᠲᠠ᠎ᠲᠠᠢ ᠠᠮᠢᠲᠠᠳ ᠬᠢᠵᠢᠭ ᠪᠠᠶ᠋ᠢᠴᠠᠭ᠋ᠠᠯᠲᠠ ᠵᠢ ᠥᠩᠭᠡᠷᠡᠭᠦᠯᠵᠦ ᠳᠠᠷᠠᠭ᠋ᠠᠬᠢ ᠨᠥᠬᠥᠴᠡᠯ᠎ᠢ ᠪᠦᠷᠢᠳᠦᠭᠦᠯᠦᠭᠰᠡᠨ ᠦᠶ᠎ᠡ᠎ᠳᠤ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ᠃
     (ᠨᠢᠭᠡ) ᠪᠢᠲᠡᠭᠦᠮᠵᠢᠯᠡᠭᠰᠡᠨ ᠪᠤᠰᠤ ᠣᠷᠣᠨ ᠪᠤᠶᠤ ᠡᠰᠡᠬᠦᠯ᠎ᠡ ᠠᠮᠢᠲᠠᠨ᠎ᠤ ᠬᠢᠵᠢᠭ ᠡᠪᠡᠳᠴᠢᠨ ᠢᠯᠡᠷᠡᠭᠰᠡᠨ ᠦᠭᠡᠢ ᠲᠡᠵᠢᠭᠡᠪᠦᠷᠢ ᠵᠢᠨ ᠹᠤᠷᠮ;
     (ᠬᠣᠶᠠᠷ) ᠤᠯᠤᠰ᠎ᠠᠴᠠ ᠲᠣᠭᠲᠠᠭ᠋ᠠᠭᠰᠠᠨ ᠵᠢᠷᠤᠮ᠎ᠤᠨ ᠳᠠᠭ᠋ᠠᠤ ᠬᠢᠵᠢᠭ ᠪᠠᠶ᠋ᠢᠴᠠᠭ᠋ᠠᠯᠲᠠ ᠵᠢᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ᠂ ᠲᠡᠭᠦᠨᠴᠢᠯᠡᠨ ᠦᠷ᠎ᠡ ᠳ᠋ᠦᠩ᠎ᠲᠠᠢ ᠬᠠᠮᠠᠭ᠋ᠠᠯᠠᠯᠲᠠ ᠵᠢᠨ ᠬᠤᠭᠤᠴᠠᠭ᠋ᠠᠨ᠎ᠳᠤ ᠪᠠᠶ᠋ᠢᠭ᠎ᠠ;
     (ᠭᠤᠷᠪᠠ) ᠺᠯᠢᠨᠢᠺ᠎ᠤᠨ ᠦᠵᠡᠯᠭᠡ᠎ᠪᠠᠷ ᠡᠷᠡᠭᠦᠯ ᠮᠡᠨᠳᠦ ᠲᠣᠭᠲᠠᠭ᠋ᠠᠭᠳᠠᠭᠰᠠᠨ;
     (ᠳᠥᠷᠪᠡ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠬᠢᠵᠢᠭ ᠲᠠᠬᠤᠯ᠎ᠢ ᠯᠠᠪᠤᠷᠠᠲ᠋ᠣᠷᠢ᠎ᠳᠤ ᠬᠢᠭᠰᠡᠨ ᠰᠢᠨᠵᠢᠯᠡᠭᠡᠨ᠎ᠤ ᠳ᠋ᠦᠩ᠎ᠢ ᠬᠦᠯᠢᠶᠡᠨ ᠵᠥᠪᠰᠢᠶᠡᠷᠡᠨ᠎ᠡ;
     (ᠲᠠᠪᠤ) ᠲᠡᠵᠢᠭᠡᠪᠦᠷᠢ ᠵᠢᠨ ᠹᠤᠷᠮ᠎ᠤᠨ ᠬᠣᠯᠪᠣᠭᠳᠠᠯ ᠪᠦᠬᠦᠢ ᠲᠡᠮᠳᠡᠭᠯᠡᠯ ᠪᠣᠯᠣᠨ ᠮᠠᠯ ᠰᠢᠪᠠᠭᠤᠨ᠎ᠤ ᠲᠡᠮᠳᠡᠭ᠎ᠨᠢ ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
      ᠰᠦᠨ᠎ᠤ ᠪᠣᠯᠣᠨ ᠦᠷ᠎ᠡ ᠵᠢᠨ ᠬᠡᠷᠡᠭᠯᠡᠭᠡᠨ᠎ᠤ ᠠᠮᠢᠲᠠᠨ ᠬᠢᠭᠡᠳ ᠡᠩᠬᠦᠷᠡᠢ ᠠᠮᠢᠲᠠᠨ᠎ᠨᠢ ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠡᠷᠡᠭᠦᠯ ᠴᠢᠭᠢᠷᠠᠭ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
      ᠠᠷᠪᠠᠨ ᠲᠠᠪᠤᠳᠤᠭ᠋ᠠᠷ ᠵᠦᠢ᠍ᠯ ᠬᠠᠤᠯᠢ ᠵᠦᠢ ᠵᠢᠨ ᠳᠠᠭ᠋ᠠᠤ ᠪᠠᠷᠢᠭᠰᠠᠨ ᠬᠡᠭᠡᠷ᠎ᠡ ᠵᠢᠨ ᠠᠮᠢᠲᠠᠨ᠎ᠳᠤ ᠬᠢᠵᠢᠭ ᠪᠠᠶ᠋ᠢᠴᠠᠭ᠋ᠠᠯᠲᠠ ᠵᠢᠨ ᠰᠢᠨᠵᠢᠯᠡᠭᠡ᠎ᠪᠠᠷ ᠳᠠᠮᠵᠢᠵᠤ ᠳᠠᠷᠠᠭ᠋ᠠᠬᠢ ᠨᠥᠬᠥᠴᠡᠯ᠎ᠢ ᠬᠠᠩᠭ᠋ᠠᠭᠰᠠᠨ᠎ᠤ ᠳᠠᠷᠠᠭ᠎ᠠ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠭᠡᠷᠡᠴᠢᠯᠡᠭᠡ》 ᠭᠠᠷᠭ᠋ᠠᠭᠤᠯᠵᠤ ᠠᠪᠤᠭᠰᠠᠨ᠎ᠤ ᠳᠠᠷᠠᠭ᠎ᠠ ᠰᠠᠶ᠋ᠢ ᠲᠡᠵᠢᠭᠡᠵᠦ᠂ ᠡᠵᠡᠩᠨᠡᠵᠦ᠂ ᠲᠡᠭᠡᠭᠡᠪᠦᠷᠢᠯᠡᠵᠦ ᠪᠣᠯᠣᠨ᠎ᠠ᠃ (ᠨᠢᠭᠡ) ᠪᠢᠲᠡᠭᠦᠮᠵᠢᠯᠡᠭᠰᠡᠨ ᠪᠤᠰᠤ ᠣᠷᠣᠨ᠎ᠠᠴᠠ ᠢᠷᠡᠭᠰᠡᠨ; (ᠬᠣᠶᠠᠷ) ᠺᠯᠢᠨᠢᠺ᠎ᠤᠨ ᠦᠵᠡᠯᠭᠡ᠎ᠪᠠᠷ ᠡᠷᠡᠭᠦᠯ ᠮᠡᠨᠳᠦ ᠲᠣᠭᠲᠠᠭ᠋ᠠᠭᠳᠠᠭᠰᠠᠨ; (ᠭᠤᠷᠪᠠ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠬᠢᠵᠢᠭ ᠲᠠᠬᠤᠯ᠎ᠢ ᠯᠠᠪᠤᠷᠠᠲ᠋ᠣᠷᠢ᠎ᠳᠤ ᠬᠢᠭᠰᠡᠨ ᠰᠢᠨᠵᠢᠯᠡᠭᠡᠨ᠎ᠤ ᠳ᠋ᠦᠩ᠎ᠢ ᠬᠦᠯᠢᠶᠡᠨ ᠵᠥᠪᠰᠢᠶᠡᠷᠡᠨ᠎ᠡ᠃
    ᠠᠷᠪᠠᠨ ᠵᠢᠷᠭᠤᠳᠤᠭ᠋ᠠᠷ ᠵᠦᠢ᠍ᠯ ᠦᠷ᠎ᠡ ᠵᠢᠨ ᠬᠡᠷᠡᠭᠯᠡᠭᠡᠨ᠎ᠤ ᠠᠮᠢᠲᠠᠨ᠎ᠤ ᠦᠷ᠎ᠡ ᠵᠢᠨ ᠰᠢᠩᠭᠡᠨ᠂ ᠥᠨᠳᠡᠭᠡ᠂ ᠦᠷ᠎ᠡ ᠬᠥᠪᠥᠷᠡᠯ᠂ ᠦᠷ᠎ᠡ ᠵᠢᠨ ᠥᠨᠳᠡᠭᠡ ᠵᠢ ᠬᠤᠳᠠᠯᠳᠤᠬᠤ᠂ ᠲᠡᠭᠡᠭᠡᠪᠦᠷᠢᠯᠡᠬᠦ᠎ᠳᠤ ᠬᠢᠵᠢᠭ᠎ᠤᠨ ᠪᠠᠶ᠋ᠢᠴᠠᠭ᠋ᠠᠯᠲᠠ ᠵᠢ ᠥᠩᠭᠡᠷᠡᠭᠦᠯᠵᠦ ᠳᠠᠷᠠᠭ᠋ᠠᠬᠢ ᠨᠥᠬᠥᠴᠡᠯ᠎ᠢ ᠪᠦᠷᠢᠳᠦᠭᠦᠯᠦᠭᠰᠡᠨ ᠦᠶ᠎ᠡ᠎ᠳᠤ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ᠃
     (ᠨᠢᠭᠡ) ᠪᠢᠲᠡᠭᠦᠮᠵᠢᠯᠡᠭᠰᠡᠨ ᠪᠤᠰᠤ ᠣᠷᠣᠨ ᠪᠤᠶᠤ ᠡᠰᠡᠬᠦᠯ᠎ᠡ ᠠᠮᠢᠲᠠᠨ᠎ᠤ ᠬᠢᠵᠢᠭ ᠡᠪᠡᠳᠴᠢᠨ ᠢᠯᠡᠷᠡᠭᠰᠡᠨ ᠦᠭᠡᠢ ᠲᠡᠵᠢᠭᠡᠪᠦᠷᠢ ᠵᠢᠨ ᠹᠤᠷᠮ;
     (ᠬᠣᠶᠠᠷ) ᠬᠠᠩᠭ᠋ᠠᠯᠭ᠎ᠠ ᠵᠢᠨ ᠠᠮᠢᠲᠠᠳ᠎ᠨᠢ ᠤᠯᠤᠰ᠎ᠠᠴᠠ ᠲᠣᠭᠲᠠᠭ᠋ᠠᠭᠰᠠᠨ ᠵᠢᠷᠤᠮ᠎ᠤᠨ ᠳᠠᠭ᠋ᠠᠤ ᠬᠢᠵᠢᠭ ᠪᠠᠶ᠋ᠢᠴᠠᠭ᠋ᠠᠯᠲᠠ ᠵᠢᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ᠂ ᠲᠡᠭᠦᠨᠴᠢᠯᠡᠨ ᠦᠷ᠎ᠡ ᠳ᠋ᠦᠩ᠎ᠲᠠᠢ ᠬᠠᠮᠠᠭ᠋ᠠᠯᠠᠯᠲᠠ ᠵᠢᠨ ᠬᠤᠭᠤᠴᠠᠭ᠋ᠠᠨ᠎ᠳᠤ ᠪᠠᠶ᠋ᠢᠭ᠎ᠠ;
     (ᠭᠤᠷᠪᠠ) ᠬᠠᠩᠭ᠋ᠠᠯᠭ᠎ᠠ ᠵᠢᠨ ᠠᠮᠢᠲᠠᠳ᠎ᠨᠢ ᠠᠮᠢᠲᠠᠨ᠎ᠤ ᠡᠷᠡᠭᠦᠯ ᠮᠡᠨᠳᠦ ᠵᠢᠨ ᠱᠠᠭ᠋ᠠᠷᠳᠠᠯᠭ᠎ᠠ᠎ᠳᠤ ᠲᠣᠬᠢᠷᠠᠭᠰᠠᠨ ᠪᠠᠶ᠋ᠢᠬᠤ;
     (ᠳᠥᠷᠪᠡ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠬᠢᠵᠢᠭ ᠲᠠᠬᠤᠯ᠎ᠢ ᠯᠠᠪᠤᠷᠠᠲ᠋ᠣᠷᠢ᠎ᠳᠤ ᠬᠢᠭᠰᠡᠨ ᠰᠢᠨᠵᠢᠯᠡᠭᠡᠨ᠎ᠤ ᠳ᠋ᠦᠩ᠎ᠢ ᠬᠦᠯᠢᠶᠡᠨ ᠵᠥᠪᠰᠢᠶᠡᠷᠡᠨ᠎ᠡ᠃
     (ᠲᠠᠪᠤ) ᠬᠠᠩᠭ᠋ᠠᠯᠭ᠎ᠠ ᠵᠢᠨ ᠠᠮᠢᠲᠠᠳ᠎ᠢ ᠠᠷᠠᠴᠢᠯᠠᠨ ᠲᠡᠵᠢᠭᠡᠭᠰᠡᠨ ᠲᠡᠮᠳᠡᠭᠯᠡᠯ᠎ᠲᠠᠢ ᠬᠣᠯᠪᠣᠭ᠎ᠠ᠎ᠲᠠᠢ ᠪᠢᠴᠢᠭ ᠪᠠᠷᠢᠮᠲᠠ ᠪᠣᠯᠣᠨ ᠮᠠᠯ ᠰᠢᠪᠠᠭᠤᠨ᠎ᠤ ᠲᠡᠮᠳᠡᠭ᠎ᠨᠢ ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
    ᠠᠷᠪᠠᠨ ᠳᠣᠯᠣᠳᠤᠭ᠋ᠠᠷ ᠵᠦᠢ᠍ᠯ ᠶᠠᠰᠤ᠂ ᠡᠪᠡᠷ᠂ ᠠᠷᠠᠰᠤ᠂ ᠨᠣᠣᠰᠣ᠂ ᠨᠣᠣᠯᠤᠷ᠎ᠤᠨ ᠵᠡᠷᠭᠡ ᠪᠦᠲᠦᠭᠡᠭᠳᠡᠬᠦᠨ᠎ᠢ ᠬᠤᠳᠠᠯᠳᠤᠬᠤ᠂ ᠲᠡᠭᠡᠭᠡᠪᠦᠷᠢᠯᠡᠬᠦ᠎ᠳᠤ ᠬᠢᠵᠢᠭ᠎ᠤᠨ ᠪᠠᠶ᠋ᠢᠴᠠᠭ᠋ᠠᠯᠲᠠ ᠵᠢ ᠥᠩᠭᠡᠷᠡᠭᠦᠯᠵᠦ ᠳᠠᠷᠠᠭ᠋ᠠᠬᠢ ᠨᠥᠬᠥᠴᠡᠯ᠎ᠢ ᠪᠦᠷᠢᠳᠦᠭᠦᠯᠦᠭᠰᠡᠨ ᠦᠶ᠎ᠡ᠎ᠳᠤ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ᠃
     (ᠨᠢᠭᠡ) ᠪᠢᠲᠡᠭᠦᠮᠵᠢᠯᠡᠭᠰᠡᠨ ᠪᠤᠰᠤ ᠣᠷᠣᠨ ᠪᠤᠶᠤ ᠡᠰᠡᠬᠦᠯ᠎ᠡ ᠠᠮᠢᠲᠠᠨ᠎ᠤ ᠬᠢᠵᠢᠭ ᠡᠪᠡᠳᠴᠢᠨ ᠢᠯᠡᠷᠡᠭᠰᠡᠨ ᠦᠭᠡᠢ ᠲᠡᠵᠢᠭᠡᠪᠦᠷᠢ ᠵᠢᠨ ᠹᠤᠷᠮ (ᠡᠷᠦᠬᠡ);
     (ᠬᠣᠶᠠᠷ) ᠬᠣᠯᠪᠣᠭᠳᠠᠬᠤ ᠳᠦᠷᠢᠮ ᠵᠢᠷᠤᠮ᠎ᠤᠨ ᠳᠠᠭ᠋ᠠᠤ ᠠᠷᠢᠭᠤᠳᠬᠠᠯ ᠬᠢᠵᠦ ᠬᠢᠷᠢ᠎ᠳᠤ ᠬᠦᠷᠦᠭᠰᠡᠨ;
     (ᠭᠤᠷᠪᠠ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃
      ᠠᠷᠪᠠᠨ ᠨᠠᠢ᠍ᠮᠠᠳᠤᠭ᠋ᠠᠷ ᠵᠦᠢ᠍ᠯ ᠬᠢᠵᠢᠭ ᠪᠠᠶ᠋ᠢᠴᠠᠭ᠋ᠠᠯᠲᠠ ᠵᠶ᠋ᠠᠷ ᠬᠢᠷᠢ᠎ᠳᠤ ᠬᠦᠷᠦᠭᠰᠡᠨ ᠦᠭᠡᠢ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠠᠯᠪᠠᠨ ᠶᠣᠰᠣᠨ᠎ᠤ ᠮᠠᠯ᠎ᠤᠨ ᠡᠮᠴᠢ᠎ᠠᠴᠠ ᠬᠢᠵᠢᠭ᠎ᠤᠨ ᠪᠠᠶ᠋ᠢᠴᠠᠭ᠋ᠠᠯᠲᠠ ᠵᠢᠨ ᠰᠢᠢ᠍ᠳᠦᠯ᠎ᠤᠨ ᠮᠡᠳᠡᠭᠳᠡᠯ ᠪᠢᠴᠢᠭ ᠪᠠᠭᠤᠯᠭ᠋ᠠᠬᠤ ᠵᠢᠨ ᠳᠠᠭ᠋ᠠᠤ ᠪᠠᠷᠠᠭ᠋ᠠᠨ᠎ᠤ ᠡᠵᠡᠨ᠎ᠢ ᠬᠢᠨᠠᠵᠤ ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠲᠤᠭ᠌ᠨᠢᠭ᠌᠎ᠤᠨ ᠦᠵᠡᠭᠦᠯᠦᠯᠲᠡ ᠵᠢᠨ ᠳᠠᠭ᠋ᠠᠤ ᠰᠢᠢ᠍ᠳᠪᠦᠷᠢᠯᠡᠨ᠎ᠡ᠃
    ᠠᠷᠪᠠ ᠶᠢᠰᠦᠳᠦᠭᠡᠷ ᠵᠦᠢ᠍ᠯ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠲᠡᠵᠢᠭᠡᠬᠦ ᠵᠣᠷᠢᠭᠤᠯᠤᠯᠲᠠ᠎ᠲᠠᠢ ᠰᠦᠨ᠎ᠤ ᠪᠤᠰᠤ᠂ ᠦᠷ᠎ᠡ ᠵᠢᠨ ᠬᠡᠷᠡᠭᠯᠡᠭᠡᠨ᠎ᠤ ᠪᠤᠰᠤ ᠠᠮᠢᠲᠠᠳ ᠲᠤᠬᠠᠢ ᠵᠢᠨ ᠭᠠᠵᠠᠷ᠎ᠲᠤ ᠬᠦᠷᠦᠭᠰᠡᠨ ᠬᠣᠶ᠋ᠢᠨ᠎ᠠ ᠪᠠᠷᠠᠭ᠋ᠠᠨ᠎ᠤ ᠡᠵᠡᠨ ᠪᠤᠶᠤ ᠡᠰᠡᠬᠦᠯ᠎ᠡ ᠲᠡᠭᠡᠭᠡᠪᠦᠷᠢᠯᠡᠭᠴᠢ᠎ᠠᠴᠠ 24 ᠴᠠᠭ᠎ᠤᠨ ᠳᠣᠲᠣᠷ᠎ᠠ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠮᠡᠳᠡᠭᠦᠯᠭᠡ ᠥᠭᠴᠦ ᠲᠡᠭᠦᠨᠴᠢᠯᠡᠨ ᠬᠢᠨᠠᠨ ᠰᠢᠯᠭ᠋ᠠᠯᠲᠠ ᠵᠢ ᠬᠦᠯᠢᠶᠡᠨ᠎ᠡ᠃
    ᠬᠣᠷᠢᠳᠤᠭ᠋ᠠᠷ ᠵᠦᠢ᠍ᠯ ᠮᠤᠵᠢ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠭᠠᠳᠠᠨ᠎ᠠ᠎ᠠᠴᠠ ᠣᠷᠣᠭᠤᠯᠬᠤ ᠰᠦᠨ᠎ᠤ᠂ ᠦᠷ᠎ᠡ ᠵᠢᠨ ᠬᠡᠷᠡᠭᠯᠡᠭᠡᠨ᠎ᠤ ᠠᠮᠢᠲᠠᠳ ᠭᠠᠵᠠᠷ᠎ᠲᠠᠭᠠᠨ ᠢᠷᠡᠭᠰᠡᠨ ᠬᠣᠶ᠋ᠢᠨ᠎ᠠ ᠪᠠᠶ᠋ᠢᠭ᠎ᠠ ᠭᠠᠵᠠᠷ᠎ᠤᠨ ᠵᠶ᠋ᠠᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠬᠢᠨᠠᠯᠲᠠ ᠵᠢᠨ ᠳᠣᠣᠷ᠎ᠠ ᠲᠤᠰᠠᠭ᠋ᠠᠷᠯᠠᠬᠤ ᠲᠠᠯᠠᠪᠤᠷ ᠪᠤᠶᠤ ᠲᠡᠵᠢᠭᠡᠯ᠎ᠤᠨ ᠹᠤᠷᠮ᠎ᠳᠤ (ᠲᠡᠵᠢᠭᠡᠯ᠎ᠤᠨ ᠲᠣᠭᠣᠷᠢᠭ) ᠲᠤᠰᠠᠭ᠋ᠠᠷᠯᠠᠨ ᠠᠵᠢᠭᠯᠠᠵᠤ᠂ ᠶᠡᠬᠡ ᠳᠤᠮᠳᠠ ᠣᠪᠣᠷ᠎ᠤᠨ ᠠᠮᠢᠲᠠᠳ᠎ᠤᠨ ᠲᠤᠰᠠᠭ᠋ᠠᠷᠯᠠᠨ ᠠᠵᠢᠭᠯᠠᠬᠤ ᠬᠤᠭᠤᠴᠠᠭ᠎ᠠ ᠵᠢ 45 ᠬᠣᠨᠣᠭ᠂ ᠪᠠᠭ᠎ᠠ ᠣᠪᠣᠷ᠎ᠤᠨ ᠠᠮᠢᠲᠠᠳ᠎ᠤᠨ ᠲᠤᠰᠠᠭ᠋ᠠᠷᠯᠠᠨ ᠠᠵᠢᠭᠯᠠᠬᠤ ᠬᠤᠭᠤᠴᠠᠭ᠎ᠠ ᠵᠢ 30 ᠬᠣᠨᠣᠭ ᠪᠠᠶ᠋ᠢᠯᠭ᠋ᠠᠬᠤ ᠬᠡᠷᠡᠭᠲᠡᠢ᠃ ᠲᠤᠰᠠᠭ᠋ᠠᠷᠯᠠᠨ ᠠᠵᠢᠭᠯᠠᠯᠲᠠ ᠵᠢ ᠳᠠᠮᠵᠢᠵᠤ ᠬᠢᠷᠢ᠎ᠳᠤ ᠨᠡᠶ᠋ᠢᠴᠡᠪᠡᠯ ᠰᠦᠷᠦᠭ᠎ᠲᠤ ᠨᠡᠶ᠋ᠢᠯᠡᠭᠦᠯᠦᠨ ᠲᠡᠵᠢᠭᠡᠨ ᠠᠷᠠᠴᠢᠯᠠᠵᠤ ᠪᠣᠯᠣᠨ᠎ᠠ; ᠬᠢᠷᠢ᠎ᠳᠤ ᠨᠡᠶ᠋ᠢᠴᠡᠬᠦ ᠦᠭᠡᠢ ᠪᠣᠯ ᠬᠣᠯᠪᠣᠭᠳᠠᠬᠤ ᠳᠦᠷᠢᠮ ᠵᠢᠷᠤᠮ᠎ᠤᠨ ᠳᠠᠭ᠋ᠠᠤ ᠰᠢᠢ᠍ᠳᠪᠦᠷᠢᠯᠡᠬᠦ ᠬᠡᠷᠡᠭᠲᠡᠢ᠃ ᠲᠤᠰᠠᠭ᠋ᠠᠷᠯᠠᠨ ᠠᠵᠢᠭᠯᠠᠵᠤ ᠬᠢᠷᠢ᠎ᠳᠤ ᠨᠡᠶ᠋ᠢᠴᠡᠭᠰᠡᠨ᠎ᠢ ᠦᠷᠭᠦᠯᠵᠢᠯᠡᠨ ᠮᠤᠵᠢ ᠵᠢᠨ ᠳᠣᠲᠣᠷ᠎ᠠ ᠦᠷᠭᠦᠯᠵᠢᠯᠡᠨ ᠲᠡᠭᠡᠭᠡᠪᠦᠷᠢᠯᠡᠬᠦ ᠭᠡᠪᠡᠯ ᠪᠠᠷᠠᠭ᠋ᠠᠨ᠎ᠤ ᠡᠵᠡᠨ ᠡᠷᠭᠦᠳᠡᠯ ᠭᠠᠷᠭ᠋ᠠᠨ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》᠎ᠪᠠᠨ ᠰᠣᠯᠢᠭᠤᠯᠬᠤ ᠬᠡᠷᠡᠭᠲᠡᠢ᠃ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠ᠎ᠨᠢ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠥᠭᠬᠦ᠎ᠳᠡᠭᠡᠨ ᠲᠥᠯᠥᠪᠦᠷᠢ ᠠᠪᠴᠤ ᠪᠣᠯᠬᠤ ᠦᠭᠡᠢ᠃


    ᠳᠥᠷᠪᠡᠳᠦᠭᠡᠷ ᠪᠦᠯᠦᠭ ᠨᠢᠲᠤᠯᠭ᠋ᠠᠨ᠎ᠤ ᠬᠢᠵᠢᠭ᠎ᠤᠨ ᠪᠠᠶ᠋ᠢᠴᠠᠭ᠋ᠠᠯᠲᠠ
      ᠬᠣᠷᠢᠨ ᠨᠢᠭᠡᠳᠦᠭᠡᠷ ᠵᠦᠢ᠍ᠯ
ᠰᠢᠶᠠᠨ᠎ᠤ ᠱᠠᠲᠤᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠨᠢ ᠬᠠᠤᠯᠢ ᠶᠣᠰᠣ᠎ᠪᠠᠷ ᠨᠢᠲᠤᠯᠭ᠋ᠠᠨ᠎ᠤ ᠲᠠᠯᠠᠪᠤᠷ (ᠦᠢ᠍ᠯᠡᠳᠪᠦᠷᠢ᠂ ᠴᠢᠭ)᠎ᠲᠤ ᠠᠯᠪᠠᠨ ᠶᠣᠰᠣᠨ᠎ᠤ ᠮᠠᠯ᠎ᠤᠨ ᠡᠮᠴᠢ ᠲᠣᠮᠢᠯᠠᠨ ᠰᠠᠭᠤᠯᠭ᠋ᠠᠵᠤ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ ᠬᠡᠷᠡᠭᠲᠡᠢ᠃ ᠨᠢᠲᠤᠯᠭ᠋ᠠᠨ᠎ᠤ ᠲᠠᠯᠠᠪᠤᠷ (ᠦᠢ᠍ᠯᠡᠳᠪᠦᠷᠢ᠂ ᠴᠢᠭ)᠎ᠨᠢ ᠨᠢᠲᠤᠯᠭ᠋ᠠᠨ᠎ᠤ ᠬᠦᠷᠢᠶ᠎ᠡ ᠬᠡᠪᠴᠢᠶᠡᠨ᠎ᠳᠡᠭᠡᠨ ᠲᠣᠬᠢᠷᠠᠭᠰᠠᠨ ᠠᠯᠪᠠᠨ ᠶᠣᠰᠣᠨ᠎ᠤ ᠮᠠᠯ᠎ᠤᠨ ᠡᠮᠴᠢ ᠵᠢᠨ ᠲᠠᠯᠠᠪᠤᠷ᠎ᠲᠤ ᠠᠵᠢᠯᠯᠠᠬᠤ ᠥᠷᠥᠭᠡ ᠪᠣᠯᠣᠨ ᠪᠠᠶ᠋ᠢᠴᠠᠭ᠋ᠠᠬᠤ ᠲᠠᠶ᠋ᠢᠰᠠ ᠵᠡᠷᠭᠡ ᠲᠥᠬᠥᠭᠡᠷᠦᠮᠵᠢ ᠵᠢ ᠬᠠᠩᠭ᠋ᠠᠬᠤ ᠬᠡᠷᠡᠭᠲᠡᠢ᠃ ᠲᠠᠯᠠᠪᠤᠷ (ᠦᠢ᠍ᠯᠡᠳᠪᠦᠷᠢ᠂ ᠴᠢᠭ)᠎ᠠᠴᠠ ᠭᠠᠷᠭ᠋ᠠᠬᠤ ᠠᠮᠢᠲᠠᠨ᠎ᠤ ᠪᠦᠲᠦᠭᠡᠭᠳᠡᠬᠦᠨ᠎ᠨᠢ ᠠᠯᠪᠠᠨ ᠶᠣᠰᠣᠨ᠎ᠤ ᠮᠠᠯ᠎ᠤᠨ ᠡᠮᠴᠢ ᠵᠢᠨ ᠬᠢᠨᠠᠨ ᠪᠠᠶ᠋ᠢᠴᠠᠭ᠋ᠠᠯᠲᠠ᠎ᠳᠤ ᠬᠢᠷᠢ ᠳ᠋ᠡᠩᠴᠡᠪᠠᠯ ᠬᠢᠵᠢᠭ᠎ᠤᠨ ᠪᠠᠶᠢᠴᠠᠭ᠋ᠠᠯᠲᠠ ᠵᠢᠨ ᠲᠡᠮᠳᠡᠭ ᠴᠣᠬᠣᠬᠤ ᠵᠢᠨ ᠳᠠᠭ᠋ᠠᠤ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠳᠠᠭ᠋ᠠᠯᠳᠤᠭᠤᠯᠤᠭᠰᠠᠨ ᠪᠠᠶ᠋ᠢᠬᠤ ᠬᠡᠷᠡᠭᠲᠡᠢ᠃
      ᠬᠣᠷᠢᠨ ᠬᠣᠶᠠᠳᠤᠭ᠋ᠠᠷ ᠵᠤᠷᠪᠤᠰ ᠨᠢᠲᠤᠯᠭ᠋ᠠᠨ᠎ᠤ ᠲᠠᠯᠠᠪᠤᠷ (ᠦᠢ᠍ᠯᠡᠳᠪᠦᠷᠢ᠂ ᠴᠢᠭ)᠎ᠲᠤ ᠣᠷᠣᠭᠤᠯᠬᠤ ᠠᠮᠢᠲᠠᠳ᠎ᠲᠤ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠳᠠᠭ᠋ᠠᠯᠳᠤᠭᠤᠯᠬᠤ ᠬᠡᠷᠡᠭᠲᠡᠢ ᠪᠥᠭᠡᠳ ᠲᠡᠭᠦᠨᠴᠢᠯᠡᠨ ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠮᠠᠯ ᠰᠢᠪᠠᠭᠤᠨ᠎ᠤ ᠢᠯᠭ᠋ᠠᠮᠵᠢ ᠲᠡᠮᠳᠡᠭ ᠬᠠᠳᠠᠭᠰᠠᠨ ᠪᠠᠶ᠋ᠢᠬᠤ ᠬᠡᠷᠡᠭᠲᠡᠢ᠃

ᠠᠯᠪᠠᠨ ᠶᠣᠰᠣᠨ᠎ᠤ ᠮᠠᠯ᠎ᠤᠨ ᠡᠮᠴᠢ᠎ᠠᠴᠠ ᠲᠠᠯᠠᠪᠤᠷ᠎ᠲᠤ ᠣᠷᠣᠭᠤᠯᠬᠤ ᠠᠮᠢᠲᠠᠨ᠎ᠤ ᠳᠠᠭ᠋ᠠᠯᠳᠤᠭᠰᠠᠨ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠪᠣᠯᠣᠨ ᠮᠠᠯ ᠰᠢᠪᠠᠭᠤᠨ᠎ᠤ ᠢᠯᠭ᠋ᠠᠮᠵᠢ ᠲᠡᠮᠳᠡᠭ᠎ᠢ ᠬᠢᠨᠠᠨ ᠰᠢᠯᠭ᠋ᠠᠵᠤ᠂ ᠨᠢᠲᠤᠯᠭ᠋ᠠᠨ᠎ᠳᠤ ᠪᠡᠯᠡᠳᠬᠡᠭᠰᠡᠨ ᠠᠮᠢᠲᠠᠨ᠎ᠤ ᠡᠷᠡᠭᠦᠯ ᠮᠡᠨᠳᠦ ᠵᠢᠨ ᠪᠠᠶ᠋ᠢᠳᠠᠯ᠎ᠢ ᠬᠢᠨᠠᠨ ᠨᠢᠭᠲᠠᠯᠠᠵᠤ ᠬᠠᠯᠳᠠᠪᠤᠷᠢᠲᠤ ᠡᠪᠡᠳᠴᠢᠨ᠎ᠤ ᠰᠡᠵᠢᠭ᠎ᠲᠠᠢ ᠠᠮᠢᠲᠠᠳ᠎ᠢ ᠲᠤᠰᠠᠭ᠋ᠠᠷᠯᠠᠨ ᠠᠵᠢᠭᠯᠠᠨ᠎ᠠ᠃
      ᠠᠯᠪᠠᠨ ᠶᠣᠰᠣᠨ᠎ᠤ ᠮᠠᠯ᠎ᠤᠨ ᠡᠮᠴᠢ᠎ᠠᠴᠠ ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ ᠵᠢᠷᠤᠮ᠎ᠤᠨ ᠳᠠᠭ᠋ᠠᠤ ᠠᠮᠢᠲᠠᠨ᠎ᠤ ᠨᠢᠲᠤᠯᠭ᠋ᠠᠨ᠎ᠤ ᠶᠠᠪᠤᠴᠠ ᠳᠤᠮᠳᠠ ᠨᠢᠭᠡᠨ ᠵᠡᠷᠭᠡ ᠬᠢᠵᠢᠭ᠎ᠤᠨ ᠰᠢᠯᠭ᠋ᠠᠯᠲᠠ ᠬᠢᠬᠦ ᠪᠥᠭᠡᠳ ᠱᠠᠭ᠋ᠠᠷᠳᠠᠯᠭ᠎ᠠ᠎ᠲᠠᠢ ᠦᠶ᠎ᠡ᠎ᠳᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠬᠡᠷᠡᠭᠲᠡᠢ᠃
      ᠬᠣᠷᠢᠨ ᠭᠤᠷᠪᠠᠳᠤᠭ᠋ᠠᠷ ᠵᠦᠢ᠍ᠯ ᠬᠢᠵᠢᠭ᠎ᠤᠨ ᠪᠠᠶ᠋ᠢᠴᠠᠭ᠋ᠠᠯᠲᠠ ᠳᠠᠷᠠᠭ᠋ᠠᠬᠢ ᠱᠠᠭ᠋ᠠᠷᠳᠠᠯᠭ᠎ᠠ ᠵᠢ ᠬᠠᠩᠭ᠋ᠠᠭᠰᠠᠨ ᠦᠶ᠎ᠡ᠎ᠳᠤ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ᠂ ᠶᠡᠬᠡ ᠪᠡᠶ᠎ᠡ (ᠭᠤᠤᠯᠤᠵᠠ) ᠪᠣᠯᠣᠨ ᠬᠡᠰᠡᠭᠴᠢᠯᠡᠨ ᠪᠠᠭᠯᠠᠭᠰᠠᠨ ᠠᠮᠢᠲᠠᠨ᠎ᠤ ᠪᠦᠲᠦᠭᠡᠭᠳᠡᠬᠦᠨ᠎ᠳᠤ ᠬᠢᠵᠢᠭ᠎ᠤᠨ ᠰᠢᠯᠭ᠋ᠠᠯᠲᠠ ᠵᠢᠨ ᠲᠠᠮᠠᠭ᠎ᠠ ᠳᠠᠷᠤᠬᠤ ᠪᠤᠶᠤ ᠡᠰᠡᠬᠦᠯ᠎ᠡ ᠪᠤᠰᠤᠳ ᠬᠢᠵᠢᠭ᠎ᠤᠨ ᠪᠠᠶ᠋ᠢᠴᠠᠭ᠋ᠠᠯᠲᠠ ᠵᠢᠨ ᠲᠡᠮᠳᠡᠭ ᠬᠠᠳᠠᠬᠤ ᠬᠡᠷᠡᠭᠲᠡᠢ᠄
     (ᠨᠢᠭᠡ) ᠵᠢᠷᠤᠮ᠎ᠳᠤ ᠵᠢᠭ᠋ᠠᠭᠰᠠᠨ ᠡᠪᠡᠳᠴᠢᠨ ᠪᠢᠰᠢ ᠪᠤᠶᠤ ᠰᠢᠮᠡᠭᠴᠢ ᠬᠣᠷᠣᠬᠠᠢ ᠵᠢᠨ ᠡᠪᠡᠳᠴᠢᠨ;
     (ᠬᠣᠶᠠᠷ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠬᠢᠵᠢᠭ᠎ᠤᠨ ᠪᠠᠶ᠋ᠢᠴᠠᠭ᠋ᠠᠯᠲᠠ ᠵᠢᠨ ᠬᠣᠯᠪᠣᠭᠳᠠᠬᠤ ᠵᠢᠷᠤᠮ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ;
     (ᠭᠤᠷᠪᠠ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃ ᠶᠠᠰᠤ᠂ ᠡᠪᠡᠷ᠂ ᠠᠷᠠᠰᠤ ᠨᠣᠣᠰᠣ᠂ ᠨᠣᠣᠯᠤᠷ᠎ᠤᠨ ᠬᠢᠵᠢᠭ᠎ᠤᠨ ᠪᠠᠶ᠋ᠢᠴᠠᠭ᠋ᠠᠯᠲᠠ᠎ᠨᠢ ᠲᠤᠰ ᠠᠷᠭ᠎ᠠ ᠬᠡᠮᠵᠢᠶᠡᠨ᠎ᠤ ᠠᠷᠪᠠᠨ ᠳᠣᠯᠣᠳᠤᠭ᠋ᠠᠷ ᠵᠤᠷᠪᠤᠰ᠎ᠤᠨ ᠬᠣᠯᠪᠣᠭᠳᠠᠯ ᠪᠦᠬᠦᠢ ᠵᠢᠷᠤᠮ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
      ᠬᠣᠷᠢᠨ ᠳᠥᠷᠪᠡᠳᠦᠭᠡᠷ ᠵᠦᠢ᠍ᠯ ᠬᠢᠵᠢᠭ᠎ᠤᠨ ᠪᠠᠶ᠋ᠢᠴᠠᠭ᠋ᠠᠯᠲᠠ᠎ᠪᠠᠷ ᠬᠢᠷᠢ᠎ᠳᠤ ᠬᠦᠷᠦᠭᠡ ᠦᠭᠡᠢ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠠᠯᠪᠠᠨ ᠶᠣᠰᠣᠨ᠎ᠤ ᠮᠠᠯ᠎ᠤᠨ ᠡᠮᠴᠢ᠎ᠠᠴᠠ ᠬᠢᠵᠢᠭ᠎ᠤᠨ ᠪᠠᠶ᠋ᠢᠴᠠᠭ᠋ᠠᠯᠲᠠ ᠵᠢᠨ ᠰᠢᠢ᠍ᠳᠦᠯ᠎ᠤᠨ ᠮᠡᠳᠡᠭᠳᠡᠯ ᠪᠢᠴᠢᠭ ᠪᠠᠭᠤᠯᠭ᠋ᠠᠬᠤ ᠵᠢᠨ ᠳᠠᠭ᠋ᠠᠤ ᠨᠢᠲᠤᠯᠭ᠋ᠠᠨ᠎ᠤ ᠲᠠᠯᠠᠪᠤᠷ (ᠦᠢ᠍ᠯᠡᠳᠪᠦᠷᠢ᠂ ᠴᠢᠭ) ᠪᠤᠶᠤ ᠪᠠᠷᠠᠭ᠋ᠠᠨ᠎ᠤ ᠡᠵᠡᠨ᠎ᠢ ᠬᠢᠨᠠᠵᠤ ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠲᠤᠭ᠌ᠨᠢᠭ᠌᠎ᠤᠨ ᠦᠵᠡᠭᠦᠯᠦᠯᠲᠡ ᠵᠢᠨ ᠳᠠᠭ᠋ᠠᠤ ᠰᠢᠢ᠍ᠳᠪᠦᠷᠢᠯᠡᠨ᠎ᠡ᠃
      ᠬᠣᠷᠢᠨ ᠲᠠᠪᠤᠳᠤᠭ᠋ᠠᠷ ᠵᠦᠢ᠍ᠯ ᠠᠯᠪᠠᠨ ᠶᠣᠰᠣᠨ᠎ᠤ ᠮᠠᠯ᠎ᠤᠨ ᠡᠮᠴᠢ᠎ᠠᠴᠠ ᠨᠢᠲᠤᠯᠭ᠋ᠠᠨ᠎ᠤ ᠲᠠᠯᠠᠪᠤᠷ (ᠦᠢ᠍ᠯᠡᠳᠪᠦᠷᠢ᠂ ᠴᠢᠭ)᠎ᠲᠤ ᠣᠷᠣᠭᠤᠯᠤᠭᠰᠠᠨ ᠠᠮᠢᠲᠠᠨ᠎ᠤ ᠳᠠᠭ᠋ᠠᠯᠳᠤᠭᠰᠠᠨ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠵᠢ ᠬᠤᠷᠢᠶᠠᠨ ᠠᠪᠴᠤ᠂ ᠨᠢᠲᠤᠯᠭ᠋ᠠᠨ᠎ᠤ ᠦᠶ᠎ᠡ ᠵᠢᠨ ᠬᠢᠵᠢᠭ᠎ᠤᠨ ᠪᠠᠶ᠋ᠢᠴᠠᠭ᠋ᠠᠯᠲᠠ ᠵᠢᠨ ᠲᠡᠮᠳᠡᠭᠯᠡᠯ ᠬᠢᠨ᠎ᠡ᠃ ᠬᠤᠷᠢᠶᠠᠵᠤ ᠠᠪᠤᠭᠰᠠᠨ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠵᠢ ᠠᠷᠪᠠᠨ ᠬᠣᠶᠠᠷ ᠰᠠᠷ᠎ᠠ᠎ᠠᠴᠠ ᠳᠡᠭᠡᠭᠰᠢ ᠬᠤᠭᠤᠴᠠᠭ᠎ᠠ ᠬᠠᠳᠠᠭ᠋ᠠᠯᠠᠬᠤ ᠬᠡᠷᠡᠭᠲᠡᠢ᠃
      ᠬᠣᠷᠢᠨ ᠵᠢᠷᠭᠤᠳᠤᠭ᠋ᠠᠷ ᠵᠦᠢ᠍ᠯ ᠬᠢᠵᠢᠭ᠎ᠤᠨ ᠪᠠᠶ᠋ᠢᠴᠠᠭ᠋ᠠᠯᠲᠠ᠎ᠪᠠᠷ ᠬᠢᠷᠢ᠎ᠳᠤ ᠬᠦᠷᠦᠭᠰᠡᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠨᠢ ᠣᠴᠢᠬᠤ ᠭᠠᠵᠠᠷ᠎ᠲᠠᠭᠠᠨ ᠬᠦᠷᠦᠭᠰᠡᠨ ᠬᠣᠶ᠋ᠢᠨ᠎ᠠ ᠲᠤᠬᠠᠢ ᠵᠢᠨ ᠭᠠᠵᠠᠷ᠎ᠲᠤ ᠰᠢᠭᠤᠳ ᠰᠠᠯᠭ᠋ᠠᠨ ᠪᠣᠷᠣᠯᠠᠭᠤᠯᠬᠤ ᠭᠡᠪᠡᠯ ᠪᠠᠷᠠᠭ᠎ᠠ ᠡᠵᠡᠮᠰᠢᠭᠴᠢ᠎ᠠᠴᠠ ᠲᠤᠰ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠡᠷᠭᠦᠳᠡᠯ ᠳᠡᠪᠰᠢᠭᠦᠯᠵᠦ ᠭᠡᠷᠡᠴᠢᠯᠡᠭᠡ᠎ᠪᠠᠨ ᠰᠣᠯᠢᠭᠤᠯᠬᠤ ᠬᠡᠷᠡᠭᠲᠡᠢ᠂ ᠭᠡᠷᠡᠴᠢᠯᠡᠭᠡ᠎ᠪᠠᠨ ᠰᠣᠯᠢᠭᠤᠯᠬᠤ᠎ᠳᠤ ᠲᠥᠯᠥᠪᠦᠷᠢ ᠠᠪᠴᠤ ᠪᠣᠯᠬᠤ ᠦᠭᠡᠢ᠃ ᠭᠡᠷᠡᠴᠢᠯᠡᠭᠡ ᠰᠣᠯᠢᠭᠤᠯᠬᠤ᠎ᠳᠤ ᠳᠠᠷᠠᠭ᠋ᠠᠬᠢ ᠨᠥᠬᠥᠴᠡᠯ᠎ᠢ ᠬᠠᠩᠭ᠋ᠠᠭᠰᠠᠨ ᠪᠠᠶ᠋ᠢᠬᠤ ᠬᠡᠷᠡᠭᠲᠡᠢ᠄
     (ᠨᠢᠭᠡ) ᠠᠩᠬᠠᠨ᠎ᠤ ᠣᠯᠭᠣᠭᠰᠠᠨ ᠬᠦᠴᠦᠨ᠎ᠲᠠᠢ ᠬᠤᠭᠤᠴᠠᠭ᠋ᠠᠨ᠎ᠳᠠᠭᠠᠨ ᠪᠠᠶ᠋ᠢᠭ᠎ᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠵᠢ ᠬᠠᠩᠭ᠋ᠠᠨ᠎ᠠ᠂ ᠬᠢᠵᠢᠭ᠎ᠤᠨ ᠪᠠᠶ᠋ᠢᠴᠠᠭ᠋ᠠᠯᠲᠠ ᠵᠢᠨ ᠲᠡᠮᠳᠡᠭ᠎ᠨᠢ ᠪᠦᠷᠢᠨ ᠪᠦᠲᠦᠨ᠂ ᠭᠡᠷᠡᠴᠢᠯᠡᠭᠡ ᠪᠣᠯᠣᠨ ᠪᠠᠷᠠᠭ᠎ᠠ᠎ᠨᠢ ᠬᠠᠷᠢᠯᠴᠠᠨ ᠲᠣᠬᠢᠷᠠᠭᠰᠠᠨ ᠪᠠᠶ᠋ᠢᠬᠤ;
     (ᠬᠣᠶᠠᠷ) ᠬᠣᠯᠪᠣᠭ᠎ᠠ᠎ᠲᠠᠢ ᠤᠯᠤᠰ ᠣᠷᠣᠨ᠎ᠤ ᠲᠣᠭᠲᠠᠭ᠋ᠠᠭᠰᠠᠨ ᠴᠢᠨᠠᠷ᠎ᠤᠨ ᠪᠠᠲᠤᠯᠠᠭ᠎ᠠ᠎ᠲᠠᠢ ᠬᠤᠭᠤᠴᠠᠭ᠋ᠠᠨ᠎ᠤ ᠳᠣᠲᠣᠷ᠎ᠠ ᠪᠠᠶ᠋ᠢᠬᠤ ᠪᠥᠭᠡᠳ ᠡᠪᠳᠡᠷᠡᠵᠦ ᠭᠡᠮᠲᠦᠭᠰᠡᠨ ᠦᠭᠡᠢ ᠪᠠᠶ᠋ᠢᠬᠤ᠃
      ᠬᠣᠷᠢᠨ ᠳᠣᠯᠣᠳᠤᠭ᠋ᠠᠷ ᠵᠦᠢ᠍ᠯ ᠬᠢᠵᠢᠭ᠎ᠤᠨ ᠪᠠᠶ᠋ᠢᠴᠠᠭ᠋ᠠᠯᠲᠠ᠎ᠪᠠᠷ ᠬᠢᠷᠢ᠎ᠳᠤ ᠬᠦᠷᠦᠭᠰᠡᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠨᠢ ᠣᠴᠢᠬᠤ ᠭᠠᠵᠠᠷ᠎ᠲᠠᠭᠠᠨ ᠬᠦᠷᠦᠭᠰᠡᠨ ᠬᠣᠶ᠋ᠢᠨ᠎ᠠ ᠠᠭᠤᠯᠬᠤ᠎ᠳᠤ ᠬᠠᠳᠠᠭ᠋ᠠᠯᠠᠭᠳᠠᠬᠤ ᠪᠤᠶᠤ ᠴᠢᠨᠠᠭᠰᠢ ᠵᠥᠭᠡᠭᠡᠪᠦᠷᠢᠯᠡᠬᠦ ᠪᠤᠶᠤ ᠲᠠᠷᠬᠠᠭ᠋ᠠᠨ ᠪᠣᠷᠣᠯᠠᠭᠤᠯᠤᠭᠳᠠᠬᠤ ᠪᠣᠯ ᠪᠠᠷᠠᠭ᠎ᠠ ᠡᠵᠡᠮᠰᠢᠭᠴᠢ᠎ᠠᠴᠠ ᠣᠷᠣᠭᠤᠯᠤᠭᠰᠠᠨ ᠭᠠᠵᠠᠷ᠎ᠤᠨ ᠵᠶ᠋ᠠᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ ᠰᠢᠨ᠎ᠡ᠎ᠪᠠᠷ ᠬᠢᠵᠢᠭ᠎ᠤᠨ ᠪᠠᠶ᠋ᠢᠴᠠᠭ᠋ᠠᠯᠲᠠ ᠵᠢᠨ ᠡᠷᠭᠦᠳᠡᠯ ᠳᠡᠪᠰᠢᠭᠦᠯᠦᠨ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ ᠬᠡᠷᠡᠭᠲᠡᠢ᠃ ᠣᠷᠣᠭᠤᠯᠤᠭᠰᠠᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠨᠢ ᠳᠠᠷᠠᠭ᠋ᠠᠬᠢ ᠨᠥᠬᠥᠴᠡᠯ᠎ᠳᠤ ᠨᠡᠶ᠋ᠢᠴᠡᠭᠰᠡᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ᠃
     (ᠨᠢᠭᠡ) ᠠᠩᠬᠠᠨ᠎ᠤ ᠣᠯᠭᠣᠭᠰᠠᠨ ᠬᠦᠴᠦᠨ᠎ᠲᠠᠢ ᠬᠤᠭᠤᠴᠠᠭ᠋ᠠᠨ᠎ᠳᠠᠭᠠᠨ ᠪᠠᠶ᠋ᠢᠭ᠎ᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠵᠢ ᠬᠠᠩᠭ᠋ᠠᠨ᠎ᠠ᠂ ᠬᠢᠵᠢᠭ᠎ᠤᠨ ᠪᠠᠶ᠋ᠢᠴᠠᠭ᠋ᠠᠯᠲᠠ ᠵᠢᠨ ᠲᠡᠮᠳᠡᠭ᠎ᠨᠢ ᠪᠦᠷᠢᠨ ᠪᠦᠲᠦᠨ᠂ ᠭᠡᠷᠡᠴᠢᠯᠡᠭᠡ ᠪᠣᠯᠣᠨ ᠪᠠᠷᠠᠭ᠎ᠠ᠎ᠨᠢ ᠬᠠᠷᠢᠯᠴᠠᠨ ᠲᠣᠬᠢᠷᠠᠭᠰᠠᠨ ᠪᠠᠶ᠋ᠢᠬᠤ;
     (ᠬᠣᠶᠠᠷ) ᠬᠣᠯᠪᠣᠭ᠎ᠠ᠎ᠲᠠᠢ ᠤᠯᠤᠰ ᠣᠷᠣᠨ᠎ᠤ ᠲᠣᠭᠲᠠᠭ᠋ᠠᠭᠰᠠᠨ ᠴᠢᠨᠠᠷ᠎ᠤᠨ ᠪᠠᠲᠤᠯᠠᠭ᠎ᠠ᠎ᠲᠠᠢ ᠬᠤᠭᠤᠴᠠᠭ᠋ᠠᠨ᠎ᠤ ᠳᠣᠲᠣᠷ᠎ᠠ ᠪᠠᠶ᠋ᠢᠬᠤ ᠪᠥᠭᠡᠳ ᠡᠪᠳᠡᠷᠡᠵᠦ ᠭᠡᠮᠲᠦᠭᠰᠡᠨ ᠦᠭᠡᠢ ᠪᠠᠶ᠋ᠢᠬᠤ᠃
     (ᠭᠤᠷᠪᠠ) ᠠᠭᠤᠯᠬᠤ᠎ᠠᠴᠠ ᠣᠷᠣᠭᠤᠯᠵᠤ ᠭᠠᠷᠭ᠋ᠠᠭᠰᠠᠨ ᠪᠦᠷᠢᠨ ᠲᠡᠮᠳᠡᠭᠯᠡᠯ᠎ᠲᠠᠢ ᠪᠠᠶ᠋ᠢᠬᠤ;
     (ᠳᠥᠷᠪᠡ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃


      ᠲᠠᠪᠤᠳᠤᠭ᠋ᠠᠷ ᠪᠦᠯᠦᠭ ᠤᠰᠤᠨ᠎ᠤ ᠣᠷᠴᠢᠨ᠎ᠤ ᠠᠮᠢᠲᠠᠨ᠎ᠤ ᠵᠢᠷᠠᠭ᠋ᠠᠬᠠᠢ ᠵᠢᠨ ᠲᠥᠷᠥᠯ᠎ᠤᠨ

ᠬᠢᠵᠢᠭ᠎ᠤᠨ ᠪᠠᠶ᠋ᠢᠴᠠᠭ᠋ᠠᠯᠲᠠ
      ᠬᠣᠷᠢᠨ ᠨᠠᠢ᠍ᠮᠠᠳᠤᠭ᠋ᠠᠷ ᠵᠦᠢ᠍ᠯ
ᠤᠰᠤᠨ ᠣᠷᠴᠢᠨ᠎ᠤ ᠠᠮᠢᠲᠠᠨ᠎ᠤ ᠲᠥᠷᠥᠭᠦᠯᠦᠭᠴᠢ ᠪᠡᠶ᠎ᠡ᠂ ᠨᠢᠯᠬ᠎ᠠ ᠪᠡᠶ᠎ᠡ᠂ ᠨᠢᠯᠬᠠᠨᠴᠠᠷ ᠪᠡᠶ᠎ᠡ᠂ ᠦᠷ᠎ᠡ ᠲᠣᠭᠲᠠᠭᠰᠠᠨ ᠥᠨᠳᠡᠭᠡ᠂ ᠬᠥᠪᠥᠷᠡᠯ ᠥᠨᠳᠡᠭᠡ ᠪᠣᠯᠣᠨ ᠪᠤᠰᠤᠳ ᠤᠳᠤᠮᠰᠢᠯ᠎ᠤᠨ ᠡᠭᠦᠯᠳᠡᠷᠵᠢᠭᠦᠯᠥᠯᠲᠡ ᠵᠢᠨ ᠮᠠᠲ᠋ᠧᠷᠢᠶᠠᠯ ᠵᠡᠷᠭᠡ ᠤᠰᠤᠨ᠎ᠤ ᠪᠦᠲᠦᠭᠡᠭᠳᠡᠬᠦᠨ᠎ᠤ ᠵᠢᠷᠠᠭ᠋ᠠᠬᠠᠢ ᠵᠡᠷᠭᠡ ᠵᠢ ᠪᠠᠷᠠᠭ᠎ᠠ ᠡᠵᠡᠮᠰᠢᠭᠴᠢ ᠬᠤᠳᠠᠯᠳᠤᠭ᠋ᠠᠯᠠᠬᠤ ᠪᠤᠶᠤ ᠲᠡᠭᠡᠭᠡᠪᠦᠷᠢᠯᠡᠬᠦ᠎ᠳᠤ 20 ᠬᠣᠨᠣᠭ᠎ᠤᠨ ᠡᠮᠦᠨ᠎ᠡ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠬᠢᠵᠢᠭ ᠪᠠᠶ᠋ᠢᠴᠠᠭ᠋ᠠᠯᠭ᠋ᠠᠬᠤ᠎ᠪᠠᠷ ᠡᠷᠭᠦᠳᠡᠯ ᠳᠡᠪᠰᠢᠭᠦᠯᠦᠨ᠎ᠡ; ᠬᠢᠵᠢᠭ ᠪᠠᠶ᠋ᠢᠴᠠᠭ᠋ᠠᠯᠲᠠ᠎ᠪᠠᠷ ᠬᠢᠷᠢ ᠬᠦᠷᠴᠦ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠠᠪᠤᠭᠰᠠᠨ ᠬᠣᠶ᠋ᠢᠨ᠎ᠠ ᠰᠠᠶ᠋ᠢ ᠭᠠᠷᠤᠯᠲᠠ ᠵᠢᠨ ᠣᠷᠣᠨ᠎ᠠᠴᠠ᠎ᠪᠠᠨ ᠰᠠᠯᠵᠤ ᠪᠣᠯᠣᠨ᠎ᠠ᠃
    ᠬᠣᠷᠢ ᠶᠢᠰᠦᠳᠦᠭᠡᠷ ᠵᠦᠢ᠍ᠯ ᠬᠠᠤᠯᠢ ᠶᠣᠰᠣ᠎ᠪᠠᠷ ᠪᠠᠷᠢᠭᠰᠠᠨ ᠤᠰᠤᠨ᠎ᠤ ᠵᠡᠷᠯᠢᠭ ᠠᠮᠢᠲᠠᠨ᠎ᠤ ᠵᠢᠷᠠᠭ᠋ᠠᠬᠠᠢ ᠵᠡᠷᠭᠡ ᠵᠢ ᠲᠡᠵᠢᠭᠡᠬᠦ᠂ ᠬᠤᠳᠠᠯᠳᠤᠬᠤ ᠪᠤᠶᠤ ᠲᠡᠭᠡᠭᠡᠪᠦᠷᠢᠯᠡᠬᠦ᠎ᠳᠤ ᠪᠠᠷᠠᠭ᠎ᠠ ᠡᠵᠡᠮᠰᠢᠭᠴᠢ 2 ᠬᠣᠨᠣᠭ᠎ᠤᠨ ᠳᠣᠲᠣᠷ᠎ᠠ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠬᠢᠵᠢᠭ ᠪᠠᠶ᠋ᠢᠴᠠᠭ᠋ᠠᠯᠭ᠋ᠠᠬᠤ᠎ᠪᠠᠷ ᠡᠷᠭᠦᠳᠡᠯ ᠳᠡᠪᠰᠢᠭᠦᠯᠦᠨ᠎ᠡ; ᠬᠢᠵᠢᠭ ᠪᠠᠶ᠋ᠢᠴᠠᠭ᠋ᠠᠯᠲᠠ᠎ᠪᠠᠷ ᠬᠢᠷᠢ ᠬᠦᠷᠴᠦ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠠᠪᠤᠭᠰᠠᠨ ᠬᠣᠶ᠋ᠢᠨ᠎ᠠ ᠰᠠᠶ᠋ᠢ ᠲᠡᠵᠢᠭᠡᠨ ᠠᠷᠠᠴᠢᠯᠠᠵᠤ ᠪᠠᠶ᠋ᠢᠬᠤ ᠲᠠᠯᠠᠪᠤᠷ᠎ᠲᠤ ᠦᠢ᠍ᠬᠦ ᠪᠤᠶᠤ ᠬᠤᠳᠠᠯᠳᠤᠵᠤ ᠲᠡᠭᠡᠭᠡᠪᠦᠷᠢᠯᠡᠵᠦ ᠪᠣᠯᠣᠨ᠎ᠠ᠃
      ᠬᠠᠤᠯᠢ ᠶᠣᠰᠣ᠎ᠪᠠᠷ ᠪᠠᠷᠢᠭᠰᠠᠨ ᠤᠰᠤᠨ᠎ᠤ ᠵᠡᠷᠯᠢᠭ ᠠᠮᠢᠲᠠᠨ᠎ᠤ ᠵᠢᠷᠠᠭ᠋ᠠᠬᠠᠢ ᠵᠡᠷᠭᠡ᠎ᠳᠤ ᠬᠢᠵᠢᠭ᠎ᠤᠨ ᠪᠠᠶ᠋ᠢᠴᠠᠭ᠋ᠠᠯᠲᠠ ᠬᠢᠬᠦ᠎ᠠᠴᠠ ᠡᠮᠦᠨ᠎ᠡ ᠪᠠᠷᠠᠭ᠎ᠠ ᠡᠵᠡᠮᠰᠢᠭᠴᠢ᠎ᠨᠢ ᠳᠠᠷᠠᠭ᠋ᠠᠬᠢ ᠨᠥᠬᠥᠴᠡᠯ᠎ᠢ ᠬᠠᠩᠭ᠋ᠠᠭᠰᠠᠨ ᠲᠦᠷ ᠵᠠᠭᠤᠷ᠎ᠠ ᠵᠢᠨ ᠬᠢᠵᠢᠭ ᠪᠠᠶ᠋ᠢᠴᠠᠭ᠋ᠠᠯᠲᠠ ᠵᠢᠨ ᠪᠦᠰᠡ᠎ᠳᠤ ᠲᠤᠰᠠᠭ᠋ᠠᠷᠯᠠᠨ᠎ᠠ᠃
     (ᠨᠢᠭᠡ) ᠪᠤᠰᠤᠳ ᠲᠡᠵᠢᠭᠡᠨ ᠠᠷᠠᠴᠢᠯᠠᠬᠤ ᠲᠠᠯᠠᠪᠤᠷ᠎ᠠᠴᠠ ᠹᠢᠽᠢᠺ᠎ᠤᠨ ᠲᠤᠰᠠᠭ᠋ᠠᠷᠯᠠᠬᠤ ᠲᠣᠨᠣᠭ ᠲᠥᠬᠥᠭᠡᠷᠦᠮᠵᠢ᠎ᠲᠠᠢ ᠪᠠᠶ᠋ᠢᠬᠤ;
     (ᠬᠣᠶᠠᠷ) ᠪᠡᠶ᠎ᠡ ᠳᠠᠭ᠋ᠠᠭ᠋ᠠᠭᠰᠠᠨ ᠤᠰᠤ ᠵᠢ ᠭᠠᠳᠠᠭᠰᠢᠯᠠᠭᠤᠯᠬᠤ ᠳᠣᠲᠣᠭᠰᠢᠯᠠᠭᠤᠯᠬᠤ ᠲᠥᠬᠥᠭᠡᠷᠦᠮᠵᠢ ᠬᠢᠭᠡᠳ ᠪᠣᠬᠢᠷ ᠤᠰᠤ ᠵᠢ ᠬᠣᠣᠷᠳᠠᠯ ᠦᠭᠡᠢ ᠴᠡᠪᠡᠷᠯᠡᠬᠦ ᠲᠣᠨᠣᠭ ᠲᠥᠬᠥᠭᠡᠷᠦᠮᠵᠢ᠎ᠲᠠᠢ ᠪᠥᠭᠡᠳ ᠵᠢᠭ᠋ᠠᠰᠤᠴᠢᠯᠠᠬᠤ ᠲᠤᠰᠬᠠᠢ ᠪᠠᠭ᠋ᠠᠵᠢ ᠲᠣᠨᠣᠭ᠎ᠲᠠᠢ ᠪᠠᠶ᠋ᠢᠬᠤ;
     (ᠭᠤᠷᠪᠠ) ᠲᠠᠷᠢᠶᠠᠯᠠᠩ᠎ᠤᠨ ᠶᠠᠮᠤᠨ᠎ᠠᠴᠠ ᠲᠣᠭᠲᠠᠭ᠋ᠠᠭᠰᠠᠨ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠪᠤᠰᠤᠳ ᠨᠥᠬᠥᠴᠡᠯ᠎ᠲᠠᠢ ᠪᠠᠶ᠋ᠢᠬᠤ᠃
      ᠭᠤᠴᠢᠳᠤᠭ᠋ᠠᠷ ᠵᠦᠢ᠍ᠯ ᠤᠰᠤᠨ᠎ᠤ ᠣᠷᠴᠢᠨ᠎ᠤ ᠵᠢᠷᠠᠭ᠋ᠠᠬᠠᠢ ᠵᠡᠷᠭᠡ᠎ᠳᠤ ᠬᠢᠵᠢᠭ᠎ᠤᠨ ᠪᠠᠶ᠋ᠢᠴᠠᠭ᠋ᠠᠯᠲᠠ ᠬᠢᠭᠡᠳ ᠳᠠᠷᠠᠭ᠋ᠠᠬᠢ ᠨᠥᠬᠥᠴᠡᠯ᠎ᠳᠤ ᠬᠦᠷᠦᠭᠰᠡᠨ᠎ᠢ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ᠃
     (ᠨᠢᠭᠡ) ᠲᠤᠰ ᠵᠢᠷᠠᠭ᠋ᠠᠬᠠᠢ ᠦᠷᠡᠵᠢᠭᠦᠯᠦᠭᠴᠢ ᠲᠠᠯᠠᠪᠤᠷ᠎ᠲᠤ ᠣᠶ᠋ᠢᠷ᠎ᠠ ᠵᠢᠨ ᠬᠤᠭᠤᠴᠠᠭ᠋ᠠᠨ᠎ᠳᠤ ᠤᠰᠤᠨ᠎ᠤ ᠠᠮᠢᠲᠠᠨ᠎ᠤ ᠬᠠᠯᠳᠠᠪᠤᠷᠢᠲᠤ ᠡᠪᠡᠳᠴᠢᠨ ᠢᠯᠡᠷᠡᠭᠡ ᠦᠭᠡᠢ;
     (ᠬᠣᠶᠠᠷ) ᠺᠯᠢᠨᠢᠺ᠎ᠤᠨ ᠦᠵᠡᠯᠭᠡ᠎ᠪᠠᠷ ᠡᠷᠡᠭᠦᠯ ᠮᠡᠨᠳᠦ ᠲᠣᠭᠲᠠᠭ᠋ᠠᠭᠳᠠᠭᠰᠠᠨ;
     (ᠭᠤᠷᠪᠠ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠤᠰᠤᠨ᠎ᠤ ᠠᠮᠢᠲᠠᠨ᠎ᠤ ᠬᠠᠯᠳᠠᠪᠤᠷᠢᠲᠤ ᠡᠪᠡᠳᠴᠢᠨ᠎ᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃ ᠬᠢᠵᠢᠭ ᠪᠠᠶ᠋ᠢᠴᠠᠭ᠋ᠠᠯᠲᠠ᠎ᠳᠤ ᠬᠢᠷᠢ᠎ᠳᠤ ᠬᠦᠷᠦᠭᠰᠡᠨ ᠦᠭᠡᠢ ᠪᠣᠯ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠪᠠᠷᠠᠭ᠎ᠠ ᠡᠵᠡᠮᠰᠢᠭᠴᠢ ᠵᠢ ᠬᠢᠨᠠᠵᠤ ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠲᠤᠭ᠌ᠨᠢᠭ᠌᠎ᠤᠨ ᠦᠵᠡᠭᠦᠯᠦᠯᠲᠡ ᠵᠢᠨ ᠳᠠᠭ᠋ᠠᠤ ᠰᠢᠢ᠍ᠳᠪᠦᠷᠢᠯᠡᠨ᠎ᠡ᠃
    ᠭᠤᠴᠢᠨ ᠨᠢᠭᠡᠳᠦᠭᠡᠷ ᠵᠦᠢ᠍ᠯ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠤᠰᠤᠨ ᠣᠷᠴᠢᠨ᠎ᠤ ᠠᠮᠢᠲᠠᠨ᠎ᠤ ᠵᠢᠷᠠᠭ᠋ᠠᠬᠠᠢ ᠵᠢᠨ ᠲᠥᠷᠥᠯ᠎ᠢ ᠣᠷᠣᠭᠤᠯᠵᠤ ᠭᠠᠵᠠᠷ᠎ᠲᠠᠭᠠᠨ ᠢᠷᠡᠭᠰᠡᠨ ᠬᠣᠶ᠋ᠢᠨ᠎ᠠ ᠪᠠᠷᠠᠭ᠋ᠠᠨ᠎ᠤ ᠡᠵᠡᠨ ᠪᠤᠶᠤ ᠡᠰᠡᠬᠦᠯ᠎ᠡ ᠲᠡᠭᠡᠭᠡᠪᠦᠷᠢᠯᠡᠭᠴᠢ᠎ᠠᠴᠠ 24 ᠴᠠᠭ᠎ᠤᠨ ᠳᠣᠲᠣᠷ᠎ᠠ ᠬᠣᠯᠪᠣᠭᠳᠠᠬᠤ ᠲᠣᠭᠲᠠᠭ᠋ᠠᠯ ᠵᠢᠷᠤᠮ᠎ᠤᠨ ᠳᠠᠭ᠋ᠠᠤ ᠮᠡᠳᠡᠭᠦᠯᠭᠡ ᠥᠭᠴᠦ ᠲᠤᠬᠠᠢ ᠵᠢᠨ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠬᠢᠨᠠᠨ ᠰᠢᠯᠭ᠋ᠠᠯᠲᠠ ᠵᠢ ᠬᠦᠯᠢᠶᠡᠨ᠎ᠡ᠃


      ᠵᠢᠷᠭᠤᠳᠤᠭ᠋ᠠᠷ ᠪᠦᠯᠦᠭ ᠵᠢᠷᠤᠮ᠎ᠳᠤ ᠵᠢᠭ᠋ᠠᠭᠰᠠᠨ ᠡᠪᠡᠳᠴᠢᠨ᠎ᠤ ᠪᠤᠰᠤ ᠤᠷᠤᠨ᠎ᠳᠠᠬᠢ ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ
      ᠭᠤᠴᠢᠨ ᠬᠣᠶᠠᠳᠤᠭ᠋ᠠᠷ ᠵᠦᠢ᠍ᠯ
ᠵᠢᠷᠤᠮ᠎ᠳᠤ ᠵᠢᠭ᠋ᠠᠭᠰᠠᠨ ᠡᠪᠡᠳᠴᠢᠨ᠎ᠤ ᠪᠤᠰᠤ ᠤᠷᠤᠨ᠎ᠳᠤ ᠠᠮᠠᠷᠬᠠᠨ ᠬᠠᠯᠳᠠᠪᠤᠷᠢᠯᠠᠳᠠᠭ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ ᠲᠡᠭᠡᠭᠡᠪᠦᠷᠢᠯᠡᠬᠦ᠎ᠳᠤ ᠤᠭ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠭᠠᠷᠭ᠋ᠠᠭᠰᠠᠨ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠳᠠᠭ᠋ᠠᠯᠳᠤᠬᠤ᠎ᠠᠴᠠ ᠭᠠᠳᠠᠨ᠎ᠠ ᠪᠠᠰᠠ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠬᠢᠵᠢᠭ ᠪᠠᠶ᠋ᠢᠴᠠᠭ᠋ᠠᠯᠲᠠ ᠵᠢᠨ ᠡᠷᠭᠦᠳᠡᠯ ᠳᠡᠪᠰᠢᠭᠦᠯᠬᠦ ᠬᠡᠷᠡᠭᠲᠡᠢ᠂ ᠲᠡᠭᠦᠨᠴᠢᠯᠡᠨ ᠲᠤᠰ ᠠᠷᠭ᠎ᠠ ᠬᠡᠮᠵᠢᠶᠡᠨ᠎ᠤ ᠭᠤᠴᠢᠨ ᠭᠤᠷᠪᠠᠳᠤᠭ᠋ᠠᠷ᠂ ᠭᠤᠴᠢᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ᠎ᠤᠨ ᠳᠠᠭ᠋ᠠᠤ ᠣᠷᠣᠭᠤᠯᠬᠤ ᠭᠠᠵᠠᠷ᠎ᠤᠨ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠵᠢ ᠭᠠᠷᠭ᠋ᠠᠭᠤᠯᠤᠭᠰᠠᠨ ᠪᠠᠶ᠋ᠢᠬᠤ ᠬᠡᠷᠡᠭᠲᠡᠢ᠃
    ᠭᠤᠴᠢᠨ ᠭᠤᠷᠪᠠᠳᠤᠭ᠋ᠠᠷ ᠵᠦᠢ᠍ᠯ ᠵᠢᠷᠤᠮ᠎ᠳᠤ ᠵᠢᠭ᠋ᠠᠭᠰᠠᠨ ᠡᠪᠡᠳᠴᠢᠨ᠎ᠤ ᠪᠤᠰᠤ ᠤᠷᠤᠨ᠎ᠳᠤ ᠠᠮᠠᠷᠬᠠᠨ ᠬᠠᠯᠳᠠᠪᠤᠷᠢᠯᠠᠳᠠᠭ ᠠᠮᠢᠲᠠᠨ ᠣᠷᠣᠭᠤᠯᠬᠤ᠎ᠳᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠲᠣᠭᠲᠠᠭ᠋ᠠᠭᠰᠠᠨ ᠲᠤᠰᠠᠭ᠋ᠠᠷᠯᠠᠬᠤ ᠲᠠᠯᠠᠪᠤᠷ᠎ᠲᠤ ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ ᠵᠢᠷᠤᠮ᠎ᠤᠨ ᠳᠠᠭ᠋ᠠᠤ ᠵᠢᠷᠤᠮ᠎ᠳᠤ ᠵᠢᠭ᠋ᠠᠭᠰᠠᠨ ᠡᠪᠡᠳᠴᠢᠨ᠎ᠤ ᠪᠤᠰᠤ ᠤᠷᠤᠨ᠎ᠤ ᠬᠢᠵᠢᠭ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ ᠵᠢᠨ ᠳᠠᠭ᠋ᠠᠤ ᠲᠤᠰᠠᠭ᠋ᠠᠷᠯᠠᠨ ᠬᠢᠵᠢᠭ᠎ᠤᠨ ᠪᠠᠶ᠋ᠢᠴᠠᠭ᠋ᠠᠯᠲᠠ ᠶᠠᠪᠤᠭᠳᠠᠭᠤᠯᠤᠨ᠎ᠠ᠃ ᠶᠡᠬᠡ ᠳᠤᠮᠳᠠ ᠣᠪᠣᠷ᠎ᠤᠨ ᠠᠮᠢᠲᠠᠳ᠎ᠤᠨ ᠬᠢᠵᠢᠭ ᠪᠠᠶ᠋ᠢᠴᠠᠭ᠋ᠠᠯᠲᠠ ᠵᠢᠨ ᠬᠤᠭᠤᠴᠠᠭ᠎ᠠ 45 ᠡᠳᠦᠷ᠂ ᠪᠠᠭ᠎ᠠ ᠣᠪᠣᠷ᠎ᠤᠨ ᠠᠮᠢᠲᠠᠳ᠎ᠤᠨ ᠬᠢᠵᠢᠭ ᠪᠠᠶ᠋ᠢᠴᠠᠭ᠋ᠠᠯᠲᠠ ᠵᠢᠨ ᠬᠤᠭᠤᠴᠠᠭ᠎ᠠ 30 ᠬᠣᠨᠣᠭ ᠪᠠᠶ᠋ᠢᠨ᠎ᠠ᠃ ᠲᠤᠰᠠᠭ᠋ᠠᠷᠯᠠᠭᠰᠠᠨ ᠬᠢᠵᠢᠭ᠎ᠤᠨ ᠪᠠᠶ᠋ᠢᠴᠠᠭ᠋ᠠᠯᠲᠠ ᠬᠢᠷᠢ᠎ᠳᠤ ᠬᠦᠷᠦᠭᠰᠡᠨ᠎ᠢ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ; ᠬᠢᠷᠢ ᠬᠦᠷᠦᠭᠰᠡᠨ ᠦᠭᠡᠢ ᠵᠢ ᠣᠷᠣᠭᠤᠯᠬᠤ ᠵᠢ ᠬᠣᠷᠢᠭᠯᠠᠵᠤ ᠲᠡᠭᠦᠨᠴᠢᠯᠡᠨ ᠬᠠᠤᠯᠢ ᠵᠢᠨ ᠳᠠᠭ᠋ᠠᠤ ᠰᠢᠢ᠍ᠳᠦᠨ᠎ᠡ᠃
      ᠭᠤᠴᠢᠨ ᠳᠥᠷᠪᠡᠳᠦᠭᠡᠷ ᠵᠦᠢ᠍ᠯ ᠵᠢᠷᠤᠮ᠎ᠳᠤ ᠵᠢᠭ᠋ᠠᠭᠰᠠᠨ ᠡᠪᠡᠳᠴᠢᠨ᠎ᠤ ᠪᠤᠰᠤ ᠤᠷᠤᠨ᠎ᠳᠤ ᠠᠮᠠᠷᠬᠠᠨ ᠬᠠᠯᠳᠠᠪᠤᠷᠢᠯᠠᠳᠠᠭ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ ᠲᠡᠭᠡᠭᠡᠪᠦᠷᠢᠯᠡᠬᠦ᠎ᠳᠤ ᠣᠷᠣᠭᠤᠯᠬᠤ ᠮᠤᠵᠢ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠲᠣᠭᠲᠠᠭ᠋ᠠᠭᠰᠠᠨ ᠲᠤᠰᠬᠠᠢ ᠭᠠᠵᠠᠷ᠎ᠲᠤ ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ ᠵᠢᠷᠤᠮ᠎ᠤᠨ ᠳᠠᠭ᠋ᠠᠤ ᠵᠢᠷᠤᠮ᠎ᠳᠤ ᠵᠢᠭ᠋ᠠᠭᠰᠠᠨ ᠡᠪᠡᠳᠴᠢᠨ᠎ᠤ ᠪᠤᠰᠤ ᠤᠷᠤᠨ᠎ᠤ ᠬᠢᠵᠢᠭ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ ᠵᠢᠨ ᠳᠠᠭ᠋ᠠᠤ ᠬᠢᠵᠢᠭ᠎ᠤᠨ ᠪᠠᠶ᠋ᠢᠴᠠᠭ᠋ᠠᠯᠲᠠ ᠶᠠᠪᠤᠭᠳᠠᠭᠤᠯᠤᠨ᠎ᠠ᠃ ᠬᠢᠵᠢᠭ ᠪᠠᠶ᠋ᠢᠴᠠᠭ᠋ᠠᠯᠲᠠ᠎ᠳᠤ ᠬᠢᠷᠢ ᠬᠦᠷᠪᠡᠯ ᠣᠷᠣᠭᠤᠯᠬᠤ ᠮᠤᠵᠢ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ; ᠬᠢᠷᠢ ᠬᠦᠷᠦᠭᠰᠡᠨ ᠦᠭᠡᠢ ᠵᠢ ᠣᠷᠣᠭᠤᠯᠬᠤ ᠵᠢ ᠬᠣᠷᠢᠭᠯᠠᠵᠤ ᠲᠡᠭᠦᠨᠴᠢᠯᠡᠨ ᠬᠠᠤᠯᠢ ᠵᠢᠨ ᠳᠠᠭ᠋ᠠᠤ ᠰᠢᠢ᠍ᠳᠦᠨ᠎ᠡ᠃


      ᠳᠣᠯᠣᠳᠤᠭ᠋ᠠᠷ ᠪᠦᠯᠦᠭ ᠰᠦᠨ ᠬᠡᠷᠡᠭᠯᠡᠭᠡᠨ᠎ᠤ ᠦᠷ᠎ᠡ ᠵᠢᠨ ᠬᠡᠷᠡᠭᠯᠡᠭᠡᠨ᠎ᠤ ᠠᠮᠢᠲᠠᠨ᠎ᠤ ᠬᠢᠵᠢᠭ᠎ᠤᠨ

ᠪᠠᠶ᠋ᠢᠴᠠᠭ᠋ᠠᠯᠲᠠ ᠵᠢ ᠵᠥᠪᠰᠢᠶᠡᠷᠡᠭᠦᠯᠬᠦ
      ᠭᠤᠴᠢᠨ ᠲᠠᠪᠤᠳᠤᠭ᠋ᠠᠷ ᠵᠦᠢ᠍ᠯ
ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠠᠯᠤᠰᠯᠠᠵᠤ ᠣᠷᠣᠭᠤᠯᠬᠤ ᠰᠦᠨ ᠬᠡᠷᠡᠭᠯᠡᠭᠡᠨ᠎ᠤ ᠠᠮᠢᠲᠠᠨ᠂ ᠦᠷ᠎ᠡ ᠵᠢᠨ ᠬᠡᠷᠡᠭᠯᠡᠭᠡᠨ᠎ᠤ ᠠᠮᠢᠲᠠᠨ ᠪᠣᠯᠣᠨ ᠦᠷ᠎ᠡ ᠵᠢᠨ ᠰᠢᠩᠭᠡᠨ᠂ ᠦᠷ᠎ᠡ ᠬᠥᠪᠥᠷᠡᠯ᠂ ᠦᠷ᠎ᠡ ᠵᠢᠨ ᠥᠨᠳᠡᠭᠡ ᠵᠢ ᠪᠠᠷᠠᠭ᠎ᠠ ᠡᠵᠡᠮᠰᠢᠭᠴᠢ᠎ᠠᠴᠠ 《ᠮᠤᠵᠢ ᠠᠯᠤᠰᠯᠠᠵᠤ ᠣᠷᠣᠭᠤᠯᠬᠤ ᠰᠦᠨ ᠬᠡᠷᠡᠭᠯᠡᠭᠡᠨ᠎ᠤ ᠪᠣᠯᠣᠨ ᠦᠷ᠎ᠡ ᠵᠢᠨ ᠬᠡᠷᠡᠭᠯᠡᠭᠡᠨ᠎ᠤ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠨᠠᠨ ᠵᠥᠪᠰᠢᠶᠡᠷᠡᠬᠦ ᠬᠦᠰᠦᠨᠦᠭᠲᠦ》 ᠵᠢ ᠲᠠᠭᠯᠠᠵᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠡᠷᠭᠦᠳᠡᠯ ᠳᠡᠪᠰᠢᠭᠦᠯᠦᠨ ᠬᠢᠨᠠᠨ ᠵᠥᠪᠰᠢᠶᠡᠷᠡᠭᠰᠡᠨ ᠭᠠᠷᠳᠠᠮ ᠭᠠᠷᠭ᠋ᠠᠭᠤᠯᠤᠨ᠎ᠠ᠃
      ᠭᠤᠴᠢᠨ ᠵᠢᠷᠭᠤᠳᠤᠭ᠋ᠠᠷ ᠵᠦᠢ᠍ᠯ ᠣᠷᠣᠭᠤᠯᠬᠤ ᠮᠤᠵᠢ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠨᠢ ᠡᠷᠭᠦᠳᠡᠯ ᠬᠦᠯᠢᠶᠡᠵᠦ ᠠᠪᠤᠭᠰᠠᠨ ᠡᠳᠦᠷ᠎ᠠᠴᠠ ᠡᠬᠢᠯᠡᠵᠦ 10 ᠠᠵᠢᠯ᠎ᠤᠨ ᠡᠳᠦᠷ ᠳᠣᠲᠣᠷ᠎ᠠ ᠣᠷᠣᠭᠤᠯᠵᠤ ᠪᠣᠯᠬᠤ ᠡᠰᠡᠬᠦ ᠰᠢᠢ᠍ᠳᠦᠯ ᠭᠠᠷᠭ᠋ᠠᠨ᠎ᠠ᠃ ᠳᠠᠷᠠᠭ᠋ᠠᠬᠢ ᠨᠥᠬᠥᠴᠡᠯ᠎ᠳᠤ ᠨᠡᠶ᠋ᠢᠴᠡᠭᠰᠡᠨ ᠪᠣᠯ 《ᠮᠤᠵᠢ ᠠᠯᠤᠰᠯᠠᠵᠤ ᠣᠷᠣᠭᠤᠯᠬᠤ ᠰᠦᠨ᠎ᠤ ᠬᠡᠷᠡᠭᠯᠡᠭᠡᠨ᠎ᠤ ᠪᠣᠯᠣᠨ ᠦᠷ᠎ᠡ ᠵᠢᠨ ᠬᠡᠷᠡᠭᠯᠡᠭᠡᠨ᠎ᠤ ᠠᠮᠢᠲᠠᠨ᠎ᠤ ᠬᠢᠵᠢᠭ᠎ᠤᠨ ᠬᠢᠨᠠᠨ ᠰᠢᠯᠭ᠋ᠠᠯᠲᠠ ᠵᠢᠨ ᠵᠥᠪᠰᠢᠶᠡᠷᠡᠯ᠎ᠤᠨ ᠬᠦᠰᠦᠨᠦᠭᠲᠦ》 ᠣᠯᠭᠣᠨ᠎ᠠ; ᠳᠠᠷᠠᠭ᠋ᠠᠬᠢ ᠨᠥᠬᠥᠴᠡᠯ᠎ᠳᠤ ᠬᠦᠷᠬᠦ ᠦᠭᠡᠢ ᠪᠣᠯ ᠡᠷᠭᠦᠳᠡᠯ ᠭᠠᠷᠭ᠋ᠠᠭᠴᠢ᠎ᠳᠤ ᠪᠢᠴᠢᠭ ᠵᠶ᠋ᠠᠷ ᠮᠡᠳᠡᠭᠳᠡᠵᠦ ᠤᠴᠢᠷ ᠰᠢᠯᠲᠠᠭ᠋ᠠᠨ᠎ᠢ ᠲᠣᠳᠣᠷᠬᠠᠶ᠋ᠢᠯᠠᠨ᠎ᠠ;
     (ᠨᠢᠭᠡ) ᠭᠠᠷᠭ᠋ᠠᠬᠤ ᠪᠤᠶᠤ ᠣᠷᠣᠭᠤᠯᠬᠤ ᠲᠡᠵᠢᠭᠡᠪᠦᠷᠢ ᠵᠢᠨ ᠹᠤᠷᠮ᠂ ᠲᠡᠵᠢᠭᠡᠪᠦᠷᠢ ᠵᠢᠨ ᠲᠣᠭᠣᠷᠢᠭ᠎ᠨᠢ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠨᠥᠬᠥᠴᠡᠯ᠎ᠤᠨ ᠭᠡᠷᠡᠴᠢᠯᠡᠭᠡ》 ᠠᠪᠤᠭᠰᠠᠨ ᠪᠠᠶ᠋ᠢᠬᠤ;
     (ᠬᠣᠶᠠᠷ) ᠣᠷᠣᠭᠤᠯᠬᠤ ᠲᠡᠵᠢᠭᠡᠪᠦᠷᠢ ᠵᠢᠨ ᠹᠤᠷᠮ᠂ ᠲᠡᠵᠢᠭᠡᠪᠦᠷᠢ ᠵᠢᠨ ᠲᠣᠭᠣᠷᠢᠭ᠎ᠤᠨ ᠬᠠᠰᠢᠶᠠᠯᠠᠭᠰᠠᠨ ᠠᠮᠢᠲᠠᠨ᠎ᠨᠢ ᠠᠮᠢᠲᠠᠨ᠎ᠤ ᠡᠷᠡᠭᠦᠯ ᠮᠡᠨᠳᠦ ᠵᠢᠨ ᠪᠠᠷᠢᠮᠵᠢᠶ᠎ᠠ ᠵᠢ ᠬᠠᠩᠭ᠋ᠠᠭᠰᠠᠨ ᠪᠠᠶ᠋ᠢᠬᠤ;
     (ᠭᠤᠷᠪᠠ) ᠰᠦᠨ᠎ᠤ ᠪᠣᠯᠣᠨ ᠦᠷ᠎ᠡ ᠵᠢᠨ ᠬᠡᠷᠡᠭᠯᠡᠭᠡᠨ᠎ᠤ ᠠᠮᠢᠲᠠᠨ᠎ᠢ ᠭᠠᠷᠭ᠋ᠠᠬᠤ ᠬᠣᠯᠪᠣᠭᠳᠠᠯ ᠪᠦᠬᠦᠢ ᠲᠡᠮᠳᠡᠭᠯᠡᠯ᠎ᠨᠢ ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ ᠵᠢᠷᠤᠮ᠎ᠤᠨ ᠳᠠᠭ᠋ᠠᠤ ᠪᠠᠶ᠋ᠢᠬᠤ;
     (ᠳᠥᠷᠪᠡ) ᠭᠠᠷᠭ᠋ᠠᠬᠤ ᠦᠷ᠎ᠡ ᠵᠢᠨ ᠰᠢᠩᠭᠡᠨ᠂ ᠦᠷ᠎ᠡ ᠬᠥᠪᠥᠷᠡᠯ᠂ ᠦᠷ᠎ᠡ ᠵᠢᠨ ᠥᠨᠳᠡᠭᠡ᠎ᠨᠢ ᠠᠮᠢᠲᠠᠨ᠎ᠤ ᠡᠷᠡᠭᠦᠯ ᠮᠡᠨᠳᠦ ᠵᠢᠨ ᠪᠠᠷᠢᠮᠵᠢᠶ᠎ᠠ ᠵᠢ ᠬᠠᠩᠭ᠋ᠠᠭᠰᠠᠨ ᠪᠠᠶ᠋ᠢᠬᠤ᠃
      ᠭᠤᠴᠢᠨ ᠳᠣᠯᠣᠳᠤᠭ᠋ᠠᠷ ᠵᠤᠷᠪᠤᠰ ᠪᠠᠷᠠᠭ᠋ᠠᠨ᠎ᠤ ᠡᠵᠡᠨ᠎ᠠᠴᠠ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠲᠠᠷᠬᠠᠭ᠋ᠠᠵᠤ ᠴᠣᠬᠣᠭᠰᠠᠨ 《ᠮᠤᠵᠢ ᠠᠯᠤᠰᠯᠠᠵᠤ ᠣᠷᠣᠭᠤᠯᠬᠤ ᠰᠦᠨ᠎ᠤ ᠬᠡᠷᠡᠭᠯᠡᠭᠡᠨ᠎ᠤ ᠪᠣᠯᠣᠨ ᠦᠷ᠎ᠡ ᠵᠢᠨ ᠬᠡᠷᠡᠭᠯᠡᠭᠡᠨ᠎ᠤ ᠠᠮᠢᠲᠠᠨ᠎ᠤ ᠬᠢᠵᠢᠭ᠎ᠤᠨ ᠬᠢᠨᠠᠨ ᠰᠢᠯᠭ᠋ᠠᠯᠲᠠ ᠵᠢᠨ ᠵᠥᠪᠰᠢᠶᠡᠷᠡᠯ᠎ᠤᠨ ᠬᠦᠰᠦᠨᠦᠭᠲᠦ》 ᠵᠢ ᠠᠪᠴᠤ ᠲᠤᠰ ᠠᠷᠭ᠎ᠠ ᠬᠡᠮᠵᠢᠶᠡᠨ᠎ᠤ ᠲᠣᠭᠲᠠᠭ᠋ᠠᠯ᠎ᠤᠨ ᠳᠠᠭ᠋ᠠᠤ ᠭᠠᠷᠬᠤ ᠭᠠᠵᠠᠷ᠎ᠤᠨ ᠰᠢᠶᠠᠨ᠎ᠤ ᠱᠠᠲᠤᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠡᠷᠭᠦᠳᠡᠯ ᠥᠭᠴᠦ ᠬᠢᠵᠢᠭ᠎ᠤᠨ ᠪᠠᠶ᠋ᠢᠴᠠᠭ᠋ᠠᠯᠲᠠ ᠬᠢᠯᠭᠡᠨ᠎ᠡ᠃ ᠭᠠᠷᠭ᠋ᠠᠬᠤ ᠭᠠᠵᠠᠷ᠎ᠤᠨ ᠰᠢᠶᠠᠨ᠎ᠤ ᠱᠠᠲᠤᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠨᠢ ᠲᠤᠰ ᠠᠷᠭ᠎ᠠ ᠬᠡᠮᠵᠢᠶ᠎ᠡ᠎ᠳᠤ ᠳᠤᠷᠠᠳᠤᠭᠰᠠᠨ ᠵᠢᠷᠤᠮ᠎ᠤᠨ ᠳᠠᠭ᠋ᠠᠤ ᠬᠢᠵᠢᠭ᠎ᠤᠨ ᠪᠠᠶ᠋ᠢᠴᠠᠭ᠋ᠠᠯᠲᠠ ᠬᠢᠨ᠎ᠡ᠃
    ᠭᠤᠴᠢᠨ ᠨᠠᠢ᠍ᠮᠠᠳᠤᠭ᠋ᠠᠷ ᠵᠦᠢ᠍ᠯ ᠮᠤᠵᠢ ᠠᠯᠤᠰᠯᠠᠵᠤ ᠣᠷᠣᠭᠤᠯᠬᠤ ᠰᠦᠨ᠎ᠤ ᠬᠡᠷᠡᠭᠯᠡᠭᠡᠨ᠎ᠤ ᠪᠣᠯᠣᠨ ᠦᠷ᠎ᠡ ᠵᠢᠨ ᠬᠡᠷᠡᠭᠯᠡᠭᠡᠨ᠎ᠤ ᠠᠮᠢᠲᠠᠨ᠎ᠢ 《ᠮᠤᠵᠢ ᠠᠯᠤᠰᠯᠠᠵᠤ ᠣᠷᠣᠭᠤᠯᠬᠤ ᠰᠦᠨ᠎ᠤ ᠬᠡᠷᠡᠭᠯᠡᠭᠡᠨ᠎ᠤ ᠪᠣᠯᠣᠨ ᠦᠷ᠎ᠡ ᠵᠢᠨ ᠬᠡᠷᠡᠭᠯᠡᠭᠡᠨ᠎ᠤ ᠠᠮᠢᠲᠠᠨ᠎ᠤ ᠬᠢᠵᠢᠭ᠎ᠤᠨ ᠬᠢᠨᠠᠨ ᠰᠢᠯᠭ᠋ᠠᠯᠲᠠ ᠵᠢᠨ ᠵᠥᠪᠰᠢᠶᠡᠷᠡᠯ᠎ᠤᠨ ᠬᠦᠰᠦᠨᠦᠭᠲᠦ》 ᠵᠢᠨ ᠬᠦᠴᠦᠨ᠎ᠲᠠᠢ ᠪᠠᠶ᠋ᠢᠬᠤ ᠬᠤᠭᠤᠴᠠᠭ᠋ᠠᠨ᠎ᠳᠤ ᠲᠡᠭᠡᠭᠡᠪᠦᠷᠢᠯᠡᠨ᠎ᠡ᠃ ᠬᠤᠭᠤᠴᠠᠭ᠎ᠠ ᠬᠡᠲᠦᠷᠡᠭᠰᠡᠨ ᠪᠠᠶ᠋ᠢᠪᠠᠯ ᠪᠠᠷᠠᠭ᠎ᠠ ᠡᠵᠡᠮᠰᠢᠭᠴᠢ᠎ᠠᠴᠠ ᠲᠠᠬᠢᠨ ᠵᠥᠪᠰᠢᠶᠡᠷᠡᠭᠦᠯᠵᠦ ᠭᠠᠷᠳᠠᠮ᠎ᠢ ᠪᠦᠷᠢᠳᠦᠭᠦᠯᠬᠦ ᠬᠡᠷᠡᠭᠲᠡᠢ᠃


      ᠨᠠᠢ᠍ᠮᠠᠳᠤᠭ᠋ᠠᠷ ᠪᠦᠯᠦᠭ ᠬᠢᠵᠢᠭ᠎ᠤᠨ ᠪᠠᠶ᠋ᠢᠴᠠᠭ᠋ᠠᠯᠲᠠ ᠵᠢ ᠬᠢᠨᠠᠵᠤ ᠬᠠᠮᠢᠶᠠᠷᠬᠤ
      ᠭᠤᠴᠢ ᠶᠢᠰᠦᠳᠦᠭᠡᠷ ᠵᠦᠢ᠍ᠯ
ᠨᠢᠲᠤᠯᠬᠤ᠂ ᠡᠵᠡᠩᠨᠡᠬᠦ᠂ ᠳᠡᠭᠡᠭᠡᠪᠦᠷᠢᠯᠡᠬᠦ ᠵᠢᠴᠢ ᠦᠵᠡᠭᠦᠯᠦᠯᠭᠡ᠂ ᠲᠤᠭᠯᠠᠯᠲᠠ ᠪᠠ ᠤᠷᠤᠯᠳᠤᠭ᠋ᠠᠨ᠎ᠳᠤ ᠤᠷᠤᠯᠴᠠᠬᠤ ᠠᠮᠢᠲᠠᠳ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠳᠠᠭ᠋ᠠᠯᠳᠤᠭᠰᠠᠨ ᠪᠠᠶ᠋ᠢᠬᠤ ᠬᠡᠷᠡᠭᠲᠡᠢ; ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠡᠵᠡᠩᠨᠡᠬᠦ ᠲᠡᠭᠡᠭᠡᠪᠦᠷᠢᠯᠡᠬᠦ᠎ᠳᠤ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠪᠣᠯᠣᠨ ᠬᠢᠵᠢᠭ ᠪᠠᠶ᠋ᠢᠴᠠᠭ᠋ᠠᠯᠲᠠ ᠵᠢᠨ ᠲᠡᠮᠳᠡᠭ ᠳᠠᠭ᠋ᠠᠯᠳᠤᠭᠰᠠᠨ ᠪᠠᠶ᠋ᠢᠬᠤ ᠬᠡᠷᠡᠭᠲᠡᠢ᠃
      ᠳᠤᠷᠠᠳᠤᠭᠰᠠᠨ ᠵᠦᠢ᠍ᠯ᠎ᠳᠤ ᠨᠡᠶ᠋ᠢᠴᠡᠭᠰᠡᠨ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠨᠢ ᠪᠠᠶ᠋ᠢᠴᠠᠭ᠋ᠠᠯᠲᠠ ᠵᠢᠨ ᠭᠡᠷᠡᠴᠢᠯᠡᠭᠡ᠂ ᠲᠡᠮᠳᠡᠭ᠎ᠢ ᠬᠢᠨᠠᠨ ᠰᠢᠯᠭ᠋ᠠᠵᠤ᠂ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠠᠴᠠ ᠳᠡᠭᠡᠵᠢ ᠠᠪᠴᠤ᠂ ᠦᠯᠡᠳᠡᠭᠡᠨ ᠰᠢᠨᠵᠢᠯᠡᠬᠦ᠂ ᠰᠤᠭᠤᠯᠤᠨ ᠰᠢᠯᠭ᠋ᠠᠵᠤ ᠪᠣᠯᠣᠨ᠎ᠠ᠃ ᠭᠡᠪᠡᠴᠦ ᠳᠠᠬᠢᠨ ᠰᠢᠯᠭ᠋ᠠᠭᠰᠠᠨ ᠬᠤᠷᠢᠶᠠᠮᠵᠢ ᠠᠪᠴᠤ ᠪᠣᠯᠬᠤ ᠦᠭᠡᠢ᠃
      ᠳᠥᠴᠢᠳᠦᠭᠡᠷ ᠵᠦᠢ᠍ᠯ ᠬᠢᠵᠢᠭ ᠪᠠᠶ᠋ᠢᠴᠠᠭ᠋ᠠᠬᠤ ᠶᠣᠰᠣᠲᠠᠢ ᠠᠲᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠦᠭᠡᠢ ᠠᠮᠢᠲᠠᠨ᠎ᠳᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠲᠤᠰ ᠵᠦᠢ᠍ᠯ᠎ᠤᠨ ᠬᠣᠶᠠᠳᠤᠭ᠋ᠠᠷ ᠵᠢᠭ᠋ᠠᠯᠲᠠ ᠵᠢᠨ ᠳᠠᠭ᠋ᠠᠤ ᠨᠥᠬᠥᠨ ᠰᠢᠯᠭ᠋ᠠᠬᠤ ᠵᠢᠨ ᠳᠠᠭ᠋ᠠᠤ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 ᠵᠢᠨ ᠶᠣᠰᠣ᠎ᠪᠠᠷ ᠰᠢᠢ᠍ᠳᠪᠦᠷᠢᠯᠡᠬᠦ ᠵᠢᠨ ᠬᠠᠮᠲᠤ ᠰᠢᠢ᠍ᠳᠬᠡᠯ ᠣᠨᠣᠭ᠋ᠠᠨ᠎ᠠ᠃ ᠳᠠᠷᠠᠭ᠋ᠠᠬᠢ ᠨᠥᠬᠥᠴᠡᠯ᠎ᠳᠤ ᠬᠦᠷᠦᠭᠰᠡᠨ᠎ᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ; ᠬᠢᠷᠢ᠎ᠳᠤ ᠬᠦᠷᠦᠭᠰᠡᠨ ᠦᠭᠡᠢ ᠵᠢ ᠲᠠᠷᠢᠶᠠᠯᠠᠩ᠎ᠤᠨ ᠶᠠᠮᠤᠨ᠎ᠤ ᠬᠣᠯᠪᠣᠭᠳᠠᠬᠤ ᠲᠣᠭᠲᠠᠭ᠋ᠠᠯ ᠵᠢᠷᠤᠮ᠎ᠤᠨ ᠳᠠᠭ᠋ᠠᠤ ᠰᠢᠢ᠍ᠳᠦᠨ᠎ᠡ᠃
     (ᠨᠢᠭᠡ) ᠠᠮᠢᠲᠠᠨ ᠰᠢᠪᠠᠭᠤᠨ᠎ᠤ ᠢᠯᠭ᠋ᠠᠮᠵᠢ ᠲᠡᠮᠳᠡᠭ᠎ᠨᠢ ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ;
     (ᠬᠣᠶᠠᠷ) ᠺᠯᠢᠨᠢᠺ᠎ᠤᠨ ᠦᠵᠡᠯᠭᠡ᠎ᠪᠠᠷ ᠡᠷᠡᠭᠦᠯ ᠮᠡᠨᠳᠦ ᠲᠣᠭᠲᠠᠭ᠋ᠠᠭᠳᠠᠭᠰᠠᠨ;
     (ᠭᠤᠷᠪᠠ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃
    ᠳᠥᠴᠢᠨ ᠨᠢᠭᠡᠳᠦᠭᠡᠷ ᠵᠦᠢ᠍ᠯ ᠬᠢᠵᠢᠭ ᠪᠠᠶ᠋ᠢᠴᠠᠭ᠋ᠠᠬᠤ ᠶᠣᠰᠣᠲᠠᠢ ᠠᠲᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠦᠭᠡᠢ ᠶᠠᠰᠤ᠂ ᠡᠪᠡᠷ᠂ ᠪᠣᠯᠪᠠᠰᠤᠷᠠᠭᠤᠯᠤᠭ᠎ᠠ ᠦᠭᠡᠢ ᠠᠷᠠᠰᠤ᠂ ᠨᠣᠣᠰᠣ᠂ ᠨᠣᠣᠯᠤᠷ ᠵᠡᠷᠭᠡ ᠪᠦᠲᠦᠭᠡᠭᠳᠡᠬᠦᠨ᠎ᠤ ᠵᠦᠢ᠍ᠯ ᠳᠠᠷᠠᠭ᠋ᠠᠬᠢ ᠨᠥᠬᠥᠴᠡᠯ᠎ᠢ ᠬᠠᠩᠭ᠋ᠠᠭᠰᠠᠨ᠎ᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ; ᠬᠢᠷᠢ᠎ᠳᠤ ᠬᠦᠷᠦᠭᠡ ᠦᠭᠡᠢ ᠵᠢ ᠬᠤᠷᠢᠶᠠᠮᠵᠢᠯᠠᠨ ᠠᠪᠴᠤ ᠤᠰᠠᠳᠬᠠᠨ᠎ᠠ᠃ ᠬᠠᠮᠲᠤᠳᠠ᠎ᠨᠢ 《ᠠᠮᠢᠲᠠᠨ᠎ᠤ ᠬᠢᠵᠢᠭ᠎ᠠᠴᠠ ᠤᠷᠢᠳᠴᠢᠯᠠᠨ

ᠰᠡᠷᠭᠡᠶ᠋ᠢᠯᠡᠬᠦ ᠬᠠᠤᠯᠢ》 ᠵᠢᠨ ᠳᠠᠭ᠋ᠠᠤ ᠰᠢᠢ᠍ᠳᠬᠡᠯ ᠣᠨᠣᠭ᠋ᠠᠨ᠎ᠠ᠃
     (ᠨᠢᠭᠡ) ᠪᠠᠷᠠᠭ᠎ᠠ ᠡᠵᠡᠮᠰᠢᠭᠴᠢ᠎ᠠᠴᠠ 5 ᠡᠳᠦᠷ᠎ᠤᠨ ᠳᠣᠲᠣᠷ᠎ᠠ ᠭᠠᠷᠭ᠋ᠠᠬᠤ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠭᠠᠷᠭ᠋ᠠᠭᠰᠠᠨ ᠪᠢᠲᠡᠭᠦᠮᠵᠢᠯᠡᠯ᠎ᠤᠨ ᠪᠤᠰᠤ ᠣᠷᠣᠨ᠎ᠤ ᠭᠡᠷᠡᠴᠢᠯᠡᠭᠡ ᠬᠠᠩᠭ᠋ᠠᠨ᠎ᠠ;
     (ᠬᠣᠶᠠᠷ) ᠭᠠᠳᠠᠷ ᠲᠠᠯ᠎ᠠ᠎ᠠᠴᠠ᠎ᠪᠠᠨ ᠡᠪᠳᠡᠷᠡᠵᠦ ᠭᠡᠮᠲᠦᠵᠦ ᠴᠢᠨᠠᠷ ᠬᠤᠪᠢᠷᠠᠭ᠎ᠠ ᠦᠭᠡᠢ ᠪᠠᠶ᠋ᠢᠬᠤ;
     (ᠭᠤᠷᠪᠠ) ᠬᠣᠯᠪᠣᠭᠳᠠᠬᠤ ᠳᠦᠷᠢᠮ ᠵᠢᠷᠤᠮ᠎ᠤᠨ ᠳᠠᠭ᠋ᠠᠤ ᠳᠠᠬᠢᠨ ᠠᠷᠢᠭᠤᠳᠬᠠᠯ ᠬᠢᠭᠰᠡᠨ;
     (ᠳᠥᠷᠪᠡ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃
      ᠳᠥᠴᠢᠨ ᠬᠣᠶᠠᠳᠤᠭ᠋ᠠᠷ ᠵᠦᠢ᠍ᠯ ᠬᠢᠵᠢᠭ ᠪᠠᠶ᠋ᠢᠴᠠᠭ᠋ᠠᠬᠤ ᠶᠣᠰᠣᠲᠠᠢ ᠠᠲᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠯᠭᠡᠭᠡ ᠦᠭᠡᠢ ᠦᠷ᠎ᠡ ᠵᠢᠨ ᠰᠢᠩᠭᠡᠨ᠂ ᠦᠷ᠎ᠡ ᠬᠥᠪᠥᠷᠡᠯ᠂ ᠦᠷ᠎ᠡ ᠵᠢᠨ ᠥᠨᠳᠡᠭᠡ ᠵᠡᠷᠭᠡ᠎ᠨᠢ ᠳᠠᠷᠠᠭ᠋ᠠᠬᠢ ᠨᠥᠬᠥᠴᠡᠯ᠎ᠳᠤ ᠨᠡᠶ᠋ᠢᠴᠡᠭᠰᠡᠨ ᠲᠣᠬᠢᠶᠠᠯᠳᠤᠯ᠎ᠳᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ; ᠨᠡᠶ᠋ᠢᠴᠡᠭᠰᠡᠨ ᠦᠭᠡᠢ ᠪᠣᠯ ᠬᠤᠷᠢᠶᠠᠮᠵᠢᠯᠠᠨ ᠠᠪᠴᠤ ᠤᠰᠠᠳᠬᠠᠨ᠎ᠠ᠃ ᠬᠠᠮᠲᠤᠳᠠ᠎ᠨᠢ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 ᠵᠢᠨ ᠳᠠᠭ᠋ᠠᠤ ᠰᠢᠢ᠍ᠳᠬᠡᠯ ᠣᠨᠣᠭ᠋ᠠᠨ᠎ᠠ᠃
     (ᠨᠢᠭᠡ) ᠪᠠᠷᠠᠭ᠎ᠠ ᠡᠵᠡᠮᠰᠢᠭᠴᠢ᠎ᠠᠴᠠ 5 ᠡᠳᠦᠷ᠎ᠤᠨ ᠳᠣᠲᠣᠷ᠎ᠠ ᠭᠠᠷᠭ᠋ᠠᠬᠤ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠭᠠᠷᠭ᠋ᠠᠭᠰᠠᠨ ᠪᠢᠲᠡᠭᠦᠮᠵᠢᠯᠡᠯ᠎ᠤᠨ ᠪᠤᠰᠤ ᠣᠷᠣᠨ᠎ᠤ ᠭᠡᠷᠡᠴᠢᠯᠡᠭᠡ ᠪᠣᠯᠣᠨ ᠶᠡᠬᠡ ᠪᠡᠶ᠎ᠡ (ᠭᠤᠤᠯᠤᠵᠠ) ᠵᠢᠨ ᠡᠷᠡᠭᠦᠯ ᠮᠡᠨᠳᠦ ᠵᠢᠨ ᠪᠠᠷᠢᠮᠵᠢᠶ᠎ᠠ᠎ᠳᠤ ᠨᠡᠶ᠋ᠢᠴᠡᠭᠰᠡᠨ ᠭᠡᠷᠡᠴᠢᠯᠡᠭᠡ ᠬᠠᠩᠭ᠋ᠠᠨ᠎ᠠ;
     (ᠬᠣᠶᠠᠷ) ᠲᠣᠭᠲᠠᠭ᠋ᠠᠭᠰᠠᠨ ᠴᠢᠨᠠᠷ᠎ᠤᠨ ᠪᠠᠲᠤᠯᠠᠭ᠋ᠠᠲᠤ ᠬᠤᠭᠤᠴᠠᠭ᠋ᠠᠨ᠎ᠤ ᠳᠣᠲᠣᠷ᠎ᠠ ᠭᠠᠳᠠᠷ ᠲᠠᠯ᠎ᠠ᠎ᠠᠴᠠ᠎ᠪᠠᠨ ᠡᠪᠳᠡᠷᠡᠵᠦ ᠭᠡᠮᠲᠦᠵᠦ ᠴᠢᠨᠠᠷ ᠬᠤᠪᠢᠷᠠᠭ᠎ᠠ ᠦᠭᠡᠢ ᠪᠠᠶ᠋ᠢᠬᠤ;
     (ᠭᠤᠷᠪᠠ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃
      ᠳᠥᠴᠢᠨ ᠭᠤᠷᠪᠠᠳᠤᠭ᠋ᠠᠷ ᠵᠦᠢ᠍ᠯ ᠬᠠᠤᠯᠢ ᠵᠢᠨ ᠳᠠᠭ᠋ᠠᠤ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ ᠶᠣᠰᠣᠲᠠᠢ ᠠᠲᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠯᠭᠡᠭᠡ ᠦᠭᠡᠢ ᠮᠢᠬ᠎ᠠ᠂ ᠳᠣᠲᠣᠷ᠎ᠠ ᠡᠷᠬᠡᠲᠡᠨ᠂ ᠥᠭᠡᠬᠦ᠂ ᠲᠣᠯᠣᠭ᠋ᠠᠢ᠂ ᠰᠢᠭᠢᠷ᠎ᠡ᠂ ᠴᠢᠰᠤ᠂

ᠰᠢᠷᠪᠦᠰᠦ ᠵᠡᠷᠭᠡ ᠵᠢ ᠳᠠᠷᠠᠭ᠋ᠠᠬᠢ ᠨᠥᠬᠥᠴᠡᠯ᠎ᠳᠤ ᠨᠡᠶ᠋ᠢᠴᠡᠭᠰᠡᠨ ᠲᠣᠬᠢᠶᠠᠯᠳᠤᠯ᠎ᠳᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠣᠨ᠎ᠠ ᠲᠡᠭᠦᠨᠴᠢᠯᠡᠨ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 ᠵᠢᠨ ᠳᠠᠯᠠᠨ ᠨᠠᠢ᠍ᠮᠠᠳᠤᠭ᠋ᠠᠷ ᠵᠦᠢ᠍ᠯ᠎ᠤᠨ ᠳᠠᠭ᠋ᠠᠤ ᠰᠢᠢ᠍ᠳᠬᠡᠯ ᠣᠨᠣᠭᠳᠠᠭᠤᠯᠤᠨ᠎ᠠ; ᠨᠡᠶ᠋ᠢᠴᠡᠭᠰᠡᠨ ᠦᠭᠡᠢ ᠪᠣᠯ ᠬᠤᠷᠢᠶᠠᠮᠵᠢᠯᠠᠨ ᠠᠪᠴᠤ ᠤᠰᠠᠳᠬᠠᠬᠤ ᠵᠢᠨ ᠳᠠᠭ᠋ᠠᠤ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 ᠵᠢᠨ ᠳᠠᠯᠠᠨ ᠵᠢᠷᠭᠤᠳᠤᠭ᠋ᠠᠷ ᠵᠦᠢ᠍ᠯ᠎ᠤᠨ ᠳᠠᠭ᠋ᠠᠤ ᠰᠢᠢ᠍ᠳᠬᠡᠯ ᠣᠨᠣᠭ᠋ᠠᠨ᠎ᠠ᠄
     (ᠨᠢᠭᠡ) ᠪᠠᠷᠠᠭ᠎ᠠ ᠡᠵᠡᠮᠰᠢᠭᠴᠢ᠎ᠠᠴᠠ 5 ᠡᠳᠦᠷ᠎ᠤᠨ ᠳᠣᠲᠣᠷ᠎ᠠ ᠭᠠᠷᠭ᠋ᠠᠬᠤ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠭᠠᠷᠭ᠋ᠠᠭᠰᠠᠨ ᠪᠢᠲᠡᠭᠦᠮᠵᠢᠯᠡᠯ᠎ᠤᠨ ᠪᠤᠰᠤ ᠣᠷᠣᠨ᠎ᠤ ᠭᠡᠷᠡᠴᠢᠯᠡᠭᠡ ᠬᠠᠩᠭ᠋ᠠᠨ᠎ᠠ;
     (ᠬᠣᠶᠠᠷ) ᠭᠠᠳᠠᠷ ᠲᠠᠯ᠎ᠠ᠎ᠠᠴᠠ᠎ᠪᠠᠨ ᠡᠪᠳᠡᠷᠡᠵᠦ ᠭᠡᠮᠲᠦᠵᠦ ᠴᠢᠨᠠᠷ ᠬᠤᠪᠢᠷᠠᠭ᠎ᠠ ᠦᠭᠡᠢ ᠪᠠᠶ᠋ᠢᠬᠤ;
     (ᠭᠤᠷᠪᠠ) ᠲᠠᠷᠢᠶᠠᠯᠠᠩ᠎ᠤᠨ ᠶᠠᠮᠤᠨ᠎ᠤ ᠲᠣᠭᠲᠠᠭ᠋ᠠᠯ᠎ᠤᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ ᠬᠢᠬᠦ ᠴᠢᠬᠤᠯᠠ᠎ᠲᠠᠢ ᠪᠣᠯ ᠰᠢᠨᠵᠢᠯᠡᠭᠡᠨ᠎ᠤ ᠦᠷ᠎ᠡ ᠳ᠋ᠦᠩ᠎ᠨᠢ ᠱᠠᠭ᠋ᠠᠷᠳᠠᠯᠭ᠎ᠠ ᠵᠢᠨ ᠳᠠᠭ᠋ᠠᠤ ᠪᠠᠶ᠋ᠢᠬᠤ ᠶᠣᠰᠣᠲᠠᠢ᠃
      ᠳᠥᠴᠢᠨ ᠳᠥᠷᠪᠡᠳᠦᠭᠡᠷ ᠵᠦᠢ᠍ᠯ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ᠂ ᠠᠭ᠋ᠠᠷ᠎ᠤᠨ ᠵᠠᠮ ᠵᠶ᠋ᠠᠷ ᠲᠡᠭᠡᠭᠡᠪᠦᠷᠢᠯᠡᠬᠦ᠎ᠳᠤ ᠬᠢᠵᠢᠭ᠎ᠤᠨ ᠪᠠᠶ᠋ᠢᠴᠠᠭ᠋ᠠᠯᠲᠠ ᠬᠢᠬᠦ ᠶᠣᠰᠣᠲᠠᠢ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠠᠴᠢᠶ᠎ᠠ ᠲᠡᠭᠡᠭᠡᠪᠦᠷᠢᠯᠡᠭᠦᠯᠦᠭᠴᠢ᠎ᠠᠴᠠ ᠪᠠᠷᠠᠭ᠎ᠠ ᠠᠴᠢᠶᠠᠯᠠᠭᠤᠯᠬᠤ ᠦᠶ᠎ᠡ᠎ᠳᠡᠭᠡᠨ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠬᠠᠩᠭ᠋ᠠᠨ᠎ᠠ᠃ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠪᠠᠶ᠋ᠢᠬᠤ ᠦᠭᠡᠢ ᠪᠣᠯ ᠠᠴᠢᠶᠠᠯᠠᠭᠴᠢ᠎ᠠᠴᠠ ᠠᠴᠢᠶᠠᠯᠠᠵᠤ ᠥᠭᠴᠦ ᠪᠣᠯᠬᠤ ᠦᠭᠡᠢ᠃
      ᠳᠥᠴᠢᠨ ᠲᠠᠪᠤᠳᠤᠭ᠋ᠠᠷ ᠵᠦᠢ᠍ᠯ ᠪᠠᠷᠠᠭ᠎ᠠ ᠡᠵᠡᠮᠰᠢᠭᠴᠢ ᠪᠤᠶᠤ ᠠᠴᠢᠶᠠᠯᠠᠭᠴᠢ ᠲᠡᠭᠡᠭᠡᠪᠦᠷᠢᠯᠡᠬᠦ᠎ᠠᠴᠠ ᠡᠮᠦᠨ᠎ᠡ ᠪᠤᠶᠤ ᠪᠠᠭᠤᠯᠭ᠋ᠠᠭᠰᠠᠨ᠎ᠤ ᠳᠠᠷᠠᠭ᠎ᠠ ᠊ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠵᠥᠭᠡᠭᠡᠪᠦᠷᠢᠯᠡᠭᠰᠡᠨ ᠲᠡᠭᠡᠭᠡᠪᠦᠷᠢ ᠵᠢᠨ ᠪᠠᠭ᠋ᠠᠵᠢ ᠬᠢᠭᠡᠳ ᠲᠡᠵᠢᠭᠡᠬᠦ᠎ᠳᠤ ᠬᠡᠷᠡᠭᠯᠡᠭᠰᠡᠨ ᠪᠠᠭ᠋ᠠᠵᠢ ᠬᠡᠷᠡᠭᠰᠡᠯ᠂ ᠠᠴᠢᠶᠠᠯᠠᠬᠤ᠎ᠳᠤ ᠬᠡᠷᠡᠭᠯᠡᠭᠰᠡᠨ ᠪᠠᠭ᠋ᠠᠵᠢ ᠬᠡᠷᠡᠭᠰᠡᠯ᠎ᠢ ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠲᠤᠭ᠌ᠨᠢᠭ᠌᠎ᠤᠨ ᠦᠵᠡᠭᠦᠯᠦᠯᠲᠡ ᠵᠢᠨ ᠳᠠᠭ᠋ᠠᠤ ᠠᠷᠢᠭᠤᠳᠬᠠᠯ ᠬᠢᠨ᠎ᠡ᠂ ᠲᠡᠭᠦᠨᠴᠢᠯᠡᠨ ᠠᠷᠢᠯᠭ᠋ᠠᠭᠰᠠᠨ ᠳᠡᠪᠢᠰᠬᠡᠷ ᠰᠢᠷᠢᠳᠡᠭ᠂ ᠢᠯᠭ᠋ᠠᠳᠠᠰᠤ᠂ ᠪᠣᠬᠢᠷ ᠡᠳ᠋ ᠵᠦᠢ᠍ᠯ ᠪᠦᠬᠦᠨ᠎ᠢ ᠬᠣᠣᠷᠳᠠᠯ ᠦᠭᠡᠢ ᠰᠢᠢ᠍ᠳᠪᠦᠷᠢᠯᠡᠨ᠎ᠡ᠃
      ᠳᠥᠴᠢᠨ ᠵᠢᠷᠭᠤᠳᠤᠭ᠋ᠠᠷ ᠵᠦᠢ᠍ᠯ ᠪᠢᠲᠡᠭᠦᠮᠵᠢᠯᠡᠭᠰᠡᠨ ᠣᠷᠣᠨ᠎ᠤ ᠬᠤᠳᠠᠯᠳᠤᠭ᠋ᠠᠨ᠎ᠤ ᠵᠣᠷᠢᠭᠤᠯᠤᠯᠲᠠ᠎ᠲᠠᠢ ᠥᠨᠳᠡᠭᠡ᠂ ᠲᠦᠭᠦᠬᠡᠢ ᠰᠦ ᠵᠢᠨ ᠠᠶᠠᠨ ᠲᠡᠭᠡᠭᠡᠪᠦᠷᠢ ᠵᠢᠨ ᠬᠢᠨᠠᠯᠲᠠ ᠵᠢ 《ᠬᠦᠨᠳᠦ ᠨᠣᠴᠢᠲᠠᠢ ᠬᠢᠵᠢᠭ᠎ᠤᠨ ᠪᠠᠶ᠋ᠢᠳᠠᠯ᠎ᠢ ᠪᠠᠴᠢᠮ ᠠᠷᠭ᠋ᠠᠴᠠᠭ᠋ᠠᠬᠤ ᠳᠦᠷᠢᠮ》᠎ᠤᠨ ᠳᠠᠭ᠋ᠠᠤ ᠰᠢᠢ᠍ᠳᠦᠨ᠎ᠡ᠃
      ᠳᠥᠴᠢᠨ ᠳᠣᠯᠣᠳᠤᠭ᠋ᠠᠷ ᠵᠦᠢ᠍ᠯ ᠬᠢᠵᠢᠭ᠎ᠤᠨ ᠪᠠᠶ᠋ᠢᠴᠠᠭ᠋ᠠᠯᠲᠠ᠎ᠪᠠᠷ ᠬᠢᠷᠢ᠎ᠳᠤ ᠨᠡᠶ᠋ᠢᠴᠡᠭᠰᠡᠨ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ ᠲᠣᠭᠲᠠᠭᠰᠠᠨ ᠬᠤᠭᠤᠴᠠᠭ᠋ᠠᠨ᠎ᠳᠠᠭᠠᠨ ᠪᠠᠭᠲᠠᠵᠤ ᠣᠴᠢᠬᠤ ᠭᠠᠵᠠᠷ᠎ᠲᠠᠭᠠᠨ ᠬᠦᠷᠬᠦ ᠬᠡᠷᠡᠭᠲᠡᠢ᠃ ᠬᠢᠵᠢᠭ᠎ᠤᠨ ᠪᠠᠶ᠋ᠢᠴᠠᠭ᠋ᠠᠯᠲᠠ᠎ᠪᠠᠷ ᠬᠢᠷᠢ᠎ᠳᠤ ᠨᠡᠶ᠋ᠢᠴᠡᠭᠰᠡᠨ ᠠᠮᠢᠲᠠᠨ ᠠᠶᠠᠨ ᠲᠡᠭᠡᠭᠡᠪᠦᠷᠢ ᠵᠢᠨ ᠵᠠᠮ ᠳᠤᠮᠳᠠ᠎ᠪᠠᠨ ᠡᠪᠡᠳᠴᠢᠨ᠎ᠤ ᠪᠠᠶ᠋ᠢᠳᠠᠯ ᠢᠯᠡᠷᠡᠪᠡᠯ ᠬᠣᠯᠪᠣᠭᠳᠠᠯ ᠪᠦᠬᠦᠢ ᠳᠦᠷᠢᠮ ᠵᠢᠷᠤᠮ᠎ᠤᠨ ᠳᠠᠭ᠋ᠠᠤ ᠮᠡᠳᠡᠭᠦᠯᠭᠡ ᠪᠢᠴᠢᠵᠦ ᠰᠢᠢ᠍ᠳᠪᠦᠷᠢᠯᠡᠭᠦᠯᠦᠨ᠎ᠡ᠃


    ᠶᠢᠰᠦᠳᠦᠭᠡᠷ ᠪᠦᠯᠦᠭ ᠶᠠᠯᠠᠳᠠᠨ ᠲᠣᠷᠭᠣᠭ᠋ᠠᠬᠤ ᠵᠠᠷᠴᠢᠮ
      ᠳᠥᠴᠢᠨ ᠨᠠᠢ᠍ᠮᠠᠳᠤᠭ᠋ᠠᠷ ᠵᠦᠢ᠍ᠯ
ᠲᠤᠰ ᠠᠷᠭ᠎ᠠ ᠬᠡᠮᠵᠢᠶᠡᠨ᠎ᠤ ᠠᠷᠪᠠ ᠶᠢᠰᠦᠳᠦᠭᠡᠷ ᠵᠦᠢ᠍ᠯ᠂ ᠭᠤᠴᠢᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠠᠯᠤᠰᠯᠠᠵᠤ᠂ ᠲᠡᠵᠢᠭᠡᠬᠦ ᠵᠣᠷᠢᠭᠤᠯᠤᠯᠲᠠ᠎ᠲᠠᠢ ᠣᠷᠣᠭᠤᠯᠬᠤ ᠰᠦᠨ᠎ᠤ ᠬᠡᠷᠡᠭᠯᠡᠭᠡᠨ᠎ᠤ ᠪᠤᠰᠤ᠂ ᠦᠷ᠎ᠡ ᠵᠢᠨ ᠬᠡᠷᠡᠭᠯᠡᠭᠡᠨ᠎ᠤ ᠪᠤᠰᠤ ᠠᠮᠢᠲᠠᠨ ᠪᠣᠯᠣᠨ ᠤᠰᠤᠨ᠎ᠤ ᠣᠷᠴᠢᠨ᠎ᠤ ᠠᠮᠢᠲᠠᠨ᠎ᠤ ᠵᠢᠷᠠᠭ᠋ᠠᠬᠠᠢ ᠵᠢᠨ ᠲᠥᠷᠥᠯ ᠵᠢ ᠣᠴᠢᠬᠤ ᠭᠠᠵᠠᠷ᠎ᠲᠠᠭᠠᠨ ᠬᠦᠷᠦᠭᠰᠡᠨ ᠬᠣᠶ᠋ᠢᠨ᠎ᠠ ᠪᠠᠶ᠋ᠢᠭ᠎ᠠ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠮᠡᠳᠡᠭᠦᠯᠦᠭᠰᠡᠨ ᠦᠭᠡᠢ ᠪᠣᠯ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠲᠠᠪᠤᠨ ᠵᠠᠭᠤᠨ ᠲᠥᠭᠥᠷᠢᠭ᠎ᠠᠴᠠ ᠳᠡᠭᠡᠭᠰᠢ᠂ ᠬᠣᠶᠠᠷ ᠮᠢᠩᠭ᠋ᠠᠨ ᠲᠥᠭᠥᠷᠢᠭ᠎ᠠᠴᠠ ᠳᠣᠷᠣᠭᠰᠢ ᠲᠣᠷᠭᠣᠭᠤᠯᠢ ᠣᠨᠣᠭᠳᠠᠭᠤᠯᠤᠨ᠎ᠠ᠃
      ᠳᠥᠴᠢ ᠶᠢᠰᠦᠳᠦᠭᠡᠷ ᠵᠦᠢ᠍ᠯ ᠲᠤᠰ ᠠᠷᠭ᠎ᠠ ᠬᠡᠮᠵᠢᠶᠡᠨ᠎ᠤ ᠬᠣᠷᠢᠳᠤᠭ᠋ᠠᠷ ᠵᠤᠷᠪᠤᠰ᠎ᠤᠨ ᠲᠣᠭᠲᠠᠭ᠋ᠠᠯ᠎ᠢ ᠵᠥᠷᠢᠴᠡᠵᠦ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠣᠲᠠ ᠠᠯᠤᠰᠯᠠᠵᠤ ᠣᠷᠣᠭᠤᠯᠬᠤ ᠰᠦᠨ᠎ᠤ ᠬᠡᠷᠡᠭᠯᠡᠭᠡᠨ᠎ᠤ᠂ ᠦᠷ᠎ᠡ ᠵᠢᠨ ᠬᠡᠷᠡᠭᠯᠡᠭᠡᠨ᠎ᠤ ᠠᠮᠢᠲᠠᠨ ᠣᠴᠢᠬᠤ ᠭᠠᠵᠠᠷ᠎ᠲᠠᠭᠠᠨ ᠬᠦᠷᠦᠭᠰᠡᠨ ᠬᠣᠶ᠋ᠢᠨ᠎ᠠ ᠲᠣᠭᠲᠠᠭ᠋ᠠᠯ ᠵᠢᠷᠤᠮ᠎ᠤᠨ ᠳᠠᠭ᠋ᠠᠤ ᠲᠤᠰᠠᠭ᠋ᠠᠷᠯᠠᠨ ᠠᠵᠢᠭᠯᠠᠯᠲᠠ ᠬᠢᠭᠰᠡᠨ ᠦᠭᠡᠢ ᠪᠠᠶ᠋ᠢᠪᠠᠯ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠵᠠᠷᠯᠢᠭᠳᠠᠨ ᠵᠠᠯᠠᠷᠠᠭᠤᠯᠵᠤ ᠬᠣᠶᠠᠷ ᠮᠢᠩᠭ᠋ᠠᠨ ᠲᠥᠭᠥᠷᠢᠭ᠎ᠠᠴᠠ ᠳᠣᠷᠣᠭᠰᠢ᠂ ᠨᠢᠭᠡ ᠲᠦᠮᠡᠨ ᠲᠥᠭᠥᠷᠢᠭ᠎ᠠᠴᠠ ᠳᠣᠷᠣᠭᠰᠢ ᠲᠣᠷᠭᠣᠭᠤᠯᠢ ᠣᠨᠣᠭᠳᠠᠭᠤᠯᠤᠨ᠎ᠠ᠃
      ᠲᠠᠪᠢᠳᠤᠭ᠋ᠠᠷ ᠵᠦᠢ᠍ᠯ ᠲᠤᠰ ᠠᠷᠭ᠎ᠠ ᠬᠡᠮᠵᠢᠶᠡᠨ᠎ᠤ ᠪᠤᠰᠤᠳ ᠲᠣᠭᠲᠠᠭ᠋ᠠᠯ ᠵᠢᠷᠤᠮ᠎ᠢ ᠵᠥᠷᠢᠴᠡᠪᠡᠯ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 ᠵᠢᠨ ᠬᠣᠯᠪᠣᠭᠳᠠᠬᠤ ᠲᠣᠭᠲᠠᠭ᠋ᠠᠯ᠎ᠤᠨ ᠳᠠᠭ᠋ᠠᠤ ᠰᠢᠢ᠍ᠳᠬᠡᠯ ᠣᠨᠣᠭᠳᠠᠭᠤᠯᠬᠤ ᠪᠣᠯᠣᠨ᠎ᠠ᠃


    ᠠᠷᠪᠠᠳᠤᠭ᠋ᠠᠷ ᠪᠦᠯᠦᠭ ᠨᠡᠮᠡᠯᠲᠡ ᠳᠦᠷᠢᠮ
      ᠲᠠᠪᠢᠨ ᠨᠢᠭᠡᠳᠦᠭᠡᠷ ᠵᠦᠢ᠍ᠯ
ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠭᠡᠷᠡᠴᠢ ᠲᠠᠮᠠᠭ᠎ᠠ ᠲᠡᠮᠳᠡᠭ᠎ᠤᠨ ᠬᠡᠪ ᠵᠠᠭᠪᠤᠷ᠎ᠢ ᠲᠠᠷᠢᠶᠠᠯᠠᠩ᠎ᠤᠨ ᠶᠠᠮᠤᠨ᠎ᠠᠴᠠ ᠨᠢᠭᠡᠳᠦᠯ᠎ᠲᠠᠢ ᠦᠢ᠍ᠯᠡᠳᠦᠨ᠎ᠡ᠃
      ᠲᠠᠪᠢᠨ ᠬᠣᠶᠠᠳᠤᠭ᠋ᠠᠷ ᠵᠦᠢ᠍ᠯ ᠤᠰᠤᠨ᠎ᠤ ᠣᠷᠴᠢᠨ᠎ᠤ ᠠᠮᠢᠲᠠᠨ᠎ᠤ ᠵᠢᠷᠠᠭ᠋ᠠᠬᠠᠢ ᠵᠢᠨ ᠲᠥᠷᠥᠯ᠎ᠤᠨ ᠡᠭᠦᠰᠦᠯ ᠭᠠᠵᠠᠷ᠎ᠤᠨ ᠬᠢᠵᠢᠭ᠎ᠤᠨ ᠪᠠᠶ᠋ᠢᠴᠠᠭ᠋ᠠᠯᠲᠠ ᠵᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠠᠳᠠᠯᠢ ᠳᠡᠰ᠎ᠤᠨ ᠵᠢᠭ᠋ᠠᠰᠤᠨ᠎ᠤ ᠠᠵᠢᠯ ᠲᠥᠷᠥᠯ᠎ᠤᠨ ᠬᠠᠮᠢᠶᠠᠷᠤᠯᠲᠠ ᠵᠢᠨ ᠠᠯᠪᠠᠨ᠎ᠳᠤ ᠨᠠᠶ᠋ᠢᠳᠠᠵᠤ ᠭᠦᠢ᠍ᠴᠡᠳᠬᠡᠨ᠎ᠡ᠃ ᠤᠰᠤᠨ᠎ᠤ ᠣᠷᠴᠢᠨ᠎ᠤ ᠵᠢᠷᠠᠭ᠋ᠠᠬᠠᠢ ᠵᠢᠨ ᠲᠥᠷᠥᠯ᠎ᠠᠴᠠ ᠪᠤᠰᠤᠳ ᠤᠰᠤᠨ᠎ᠤ ᠠᠮᠢᠲᠠᠨ ᠪᠣᠯᠣᠨ ᠪᠦᠲᠦᠭᠡᠭᠳᠡᠬᠦᠨ᠎ᠳᠤ ᠬᠢᠵᠢᠭ᠎ᠤᠨ ᠪᠠᠶ᠋ᠢᠴᠠᠭ᠋ᠠᠯᠲᠠ ᠬᠢᠬᠦ ᠦᠭᠡᠢ᠃
      ᠲᠠᠪᠢᠨ ᠭᠤᠷᠪᠠᠳᠤᠭ᠋ᠠᠷ ᠵᠦᠢ᠍ᠯ ᠲᠤᠰ ᠠᠷᠭ᠎ᠠ ᠬᠡᠮᠵᠢᠶ᠎ᠡ ᠵᠢ 2010 ᠣᠨ᠎ᠤ 3 ᠰᠠᠷ᠎ᠠ ᠵᠢᠨ 1᠎ᠠᠴᠠ ᠡᠬᠢᠯᠡᠵᠦ ᠬᠡᠷᠡᠭᠵᠢᠭᠦᠯᠦᠨ᠎ᠡ᠃ ᠲᠠᠷᠢᠶᠠᠯᠠᠩ᠎ᠤᠨ ᠶᠠᠮᠤᠨ᠎ᠤ 2002 ᠣᠨ᠎ᠤ 5 ᠰᠠᠷ᠎ᠠ ᠵᠢᠨ 24 ᠡᠳᠦᠷ ᠨᠡᠶ᠋ᠢᠲᠡᠯᠡᠭᠰᠡᠨ

《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠳᠦᠷᠢᠮ》 (ᠲᠠᠷᠢᠶᠠᠯᠠᠩ᠎ᠤᠨ ᠶᠠᠮᠤᠨ᠎ᠤ 14 ᠲᠣᠭ᠋ᠠᠲᠤ ᠵᠠᠷᠯᠢᠭ) ᠲᠤᠰ ᠠᠷᠭ᠎ᠠ ᠬᠡᠮᠵᠢᠶ᠎ᠡ ᠡᠬᠢᠯᠡᠵᠦ ᠬᠡᠷᠡᠭᠵᠢᠬᠦ ᠵᠢᠨ ᠳᠠᠭ᠋ᠠᠤ ᠬᠦᠴᠦᠨ ᠦᠭᠡᠢ ᠪᠣᠯᠣᠨ᠎ᠠ᠃


ᠢᠷᠡᠯᠲᠡ᠄ ᠥᠪᠥᠷ ᠮᠤᠩᠭᠤᠯ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠠᠷᠬᠡᠶ᠋ᠢᠯᠡᠬᠦ ᠬᠠᠤᠯᠢ
ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠤᠯᠦᠰ᠎ᠤᠨ ᠲᠤᠬ᠎ᠤᠨ ᠬᠠᠦᠯᠢ
ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ
ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠨᠡᠶ᠋ᠢᠲᠡ ᠵᠢᠨ ᠠᠰᠠᠷᠡᠮᠵᠢ ᠵᠢᠨ ᠣᠢ ᠵᠢᠨ ᠬᠠᠮᠢᠶᠡᠷᠦᠯᠳᠡ ᠵᠢᠨ ᠠᠷᠭ᠎ᠠ
ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠳᠦᠷᠢᠮ
 
            