(1997 ᠤᠨ᠎ᠤ 7 ᠰᠠᠷ᠎ᠠ ᠵᠢᠨ 3᠎ᠤ ᠡᠳᠤᠷ ᠨᠠᠢ᠍ᠮᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠭᠡᠰᠢᠭᠦᠨ᠎ᠤ ᠬᠤᠷᠠᠯ᠎ᠤᠨ ᠬᠣᠷᠢᠨ ᠵᠢᠷᠭᠤᠳᠤᠭ᠋ᠠᠷ ᠬᠤᠷᠠᠯ᠎ᠠᠴᠠ ᠵᠦᠪᠰᠢᠶᠡᠷᠡᠭᠰᠡᠨ 2007 ᠤᠨ᠎ᠤ 8 ᠰᠠᠷ᠎ᠠ ᠵᠢᠨ 30᠎ᠤ ᠡᠳᠤᠷ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠭᠡᠰᠢᠭᠦᠨ᠎ᠤ ᠬᠤᠷᠠᠯ᠎ᠤᠨ ᠬᠣᠷᠢᠨ ᠶᠢᠰᠦᠳᠦᠭᠡᠷ ᠬᠤᠷᠠᠯ᠎ᠤᠨ ᠬᠢᠨᠠᠨ ᠵᠠᠰᠠᠯᠲᠠ)
ᠭᠠᠷᠴᠠᠭ
ᠨᠢᠭᠡᠳᠦᠭᠡᠷ ᠪᠦᠯᠦᠭ ᠶᠡᠷᠦᠩᠭᠡᠢ ᠳᠦᠷᠢᠮ
ᠬᠤᠶᠠᠳᠤᠭ᠋ᠠᠷ ᠪᠦᠯᠦᠭ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ
ᠭᠤᠷᠪᠠᠳᠤᠭ᠋ᠠᠷ ᠪᠦᠯᠦᠭ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ᠂ ᠮᠡᠳᠡᠭᠳᠡᠬᠦ ᠪᠠ ᠨᠡᠶ᠋ᠢᠳᠡᠯᠡᠬᠦ
ᠳᠦᠷᠪᠡᠳᠦᠭᠡᠷ ᠪᠦᠯᠦᠭ ᠠᠮᠢᠲᠠᠨ᠎ᠤ ᠬᠢᠵᠢᠭ ᠡᠪᠡᠳᠴᠢᠨ᠎ᠢ ᠬᠢᠵᠠᠭ᠋ᠠᠷᠯᠠᠬᠤ ᠪᠠ ᠠᠷᠢᠯᠭ᠋ᠠᠬᠤ
ᠲᠠᠪᠤᠳᠤᠭ᠋ᠠᠷ ᠪᠦᠯᠦᠭ ᠠᠮᠢᠲᠠᠨ ᠪᠠ ᠠᠮᠢᠲᠠᠨ᠎ᠤ ᠠᠰᠢᠬ ᠰᠢᠮ᠎ᠠ ᠵᠢᠨ ᠬᠢᠵᠢᠭ᠎ᠢ ᠪᠠᠶ᠋ᠢᠴᠠᠭ᠋ᠠᠬᠤ
ᠵᠢᠷᠭᠤᠳᠤᠭ᠋ᠠᠷ ᠪᠦᠯᠦᠭ ᠠᠮᠢᠲᠠᠨ᠎ᠢ ᠤᠨᠤᠰᠢᠯᠠᠨ ᠡᠮᠨᠡᠯᠭᠡ
ᠳᠤᠯᠤᠳᠤᠭ᠋ᠠᠷ ᠪᠦᠯᠦᠭ ᠬᠢᠨᠠᠵᠦ ᠬᠠᠮᠢᠶᠠᠷᠬᠤ
ᠨᠠᠢ᠍ᠮᠠᠳᠤᠭ᠋ᠠᠷ ᠪᠦᠯᠦᠭ ᠪᠠᠳᠤᠯᠠᠬᠤ ᠠᠷᠭ᠎ᠠ ᠬᠡᠮᠵᠢᠶ᠎ᠡ
ᠶᠢᠰᠦᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠠᠷᠪᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠨᠢᠭᠡᠳᠦᠭᠡᠷ ᠪᠦᠯᠦᠭ ᠶᠡᠷᠦᠩᠭᠡᠢ ᠳᠦᠷᠢᠮ
ᠨᠢᠭᠡᠳᠦᠭᠡᠷ ᠵᠦᠢ᠍ᠯ ᠠᠮᠢᠳᠠᠨ᠎ᠤ ᠬᠢᠵᠢᠭ᠎ᠢ ᠰᠠᠷᠬᠡᠶ᠋ᠢᠯᠡᠬᠦ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠠᠷᠬᠡᠶ᠋ᠢᠯᠡᠵᠦ᠂ ᠬᠢᠵᠠᠭ᠋ᠠᠷᠯᠠᠬᠤ ᠪᠠ ᠠᠷᠢᠯᠭ᠋ᠠᠵᠦ᠂ ᠲᠡᠵᠢᠭᠡᠨ ᠦᠷᠡᠵᠢᠭᠦᠯᠬᠦ
ᠦᠢ᠍ᠯᠡᠰ᠎ᠤᠨ ᠬᠦᠭᠵᠢᠯᠲᠡ ᠵᠢ ᠠᠭᠢᠭᠤᠯᠵᠤ᠂ ᠬᠦᠮᠦᠨ᠎ᠤ ᠪᠡᠶ᠎ᠡ ᠵᠢᠨ ᠡᠷᠡᠭᠦᠯ ᠮᠡᠨᠳᠦ ᠵᠢ ᠬᠠᠮᠠᠭ᠋ᠠᠯᠠᠵᠤ᠂ ᠣᠯᠠᠨ ᠨᠡᠶ᠋ᠢᠳᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠦᠯᠦᠭᠡ ᠲᠤᠰ ᠬᠠᠤᠯᠢ ᠵᠢ ᠲᠤᠭᠲᠠᠭ᠋ᠠᠪᠠ᠃
ᠬᠤᠶᠠᠳᠤᠭ᠋ᠠᠷ ᠵᠦᠢ᠍ᠯ ᠲᠤᠰ ᠬᠠᠤᠯᠢ ᠵᠢ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠳᠤᠭ ᠳᠡᠪᠢᠰᠭᠡᠷ ᠳᠤᠲᠤᠷᠠᠬᠢ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠪᠠ ᠲᠡᠭᠦᠨ᠎ᠢ ᠬᠢᠨᠠᠵᠤ ᠬᠠᠮᠢᠶᠠᠷᠬᠤ ᠠᠵᠢᠯᠯᠠᠭ᠎ᠠ᠎ᠳᠤ ᠬᠡᠷᠡᠭᠯᠡᠨ᠎ᠠ ᠬᠢᠯᠢ᠎ᠪᠠᠷ ᠤᠷᠤᠭᠤᠯᠵᠤ ᠭᠠᠷᠭ᠋ᠠᠬᠤ ᠠᠮᠢᠲᠠᠨ᠂ ᠠᠮᠢᠲᠠᠨ᠎ᠤ ᠠᠰᠢᠭ ᠰᠢᠮ᠎ᠡ ᠵᠢᠨ ᠬᠢᠵᠢᠭ᠎ᠢ ᠪᠠᠶ᠋ᠢᠴᠠᠭ᠋ᠠᠬᠤ᠎ᠳᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠤᠷᠤᠭᠤᠯᠵᠤ ᠭᠠᠷᠭ᠋ᠠᠬᠤ ᠠᠮᠢᠲᠠᠨ ᠤᠷᠭᠤᠮᠠᠯ᠎ᠤᠨ ᠬᠢᠵᠢᠭ᠎ᠢ
ᠪᠠᠶ᠋ᠢᠴᠠᠭ᠋ᠠᠬᠤ ᠬᠠᠤᠯᠢ》 ᠵᠢ ᠬᠡᠷᠡᠭᠯᠡᠨ᠎ᠠ᠃
ᠭᠤᠷᠪᠠᠳᠤᠭ᠋ᠠᠷ ᠵᠦᠢ᠍ᠯ ᠲᠤᠰ ᠬᠠᠤᠯᠢ᠎ᠳᠤ ᠬᠡᠯᠡᠵᠦ ᠪᠠᠶ᠋ᠢᠭ᠎ᠠ ᠠᠮᠢᠲᠠᠨ ᠭᠡᠳᠡᠭ ᠪᠤᠯ ᠳᠠᠵᠢᠭᠡᠪᠦᠷᠢ ᠮᠠᠯ ᠵᠢᠭᠦᠷᠳᠡᠨ ᠪᠠ ᠬᠦᠮᠦᠨ᠎ᠤ ᠬᠦᠴᠤ᠎ᠪᠠᠷ ᠠᠷᠠᠴᠢᠯᠠᠵᠤ ᠲᠡᠵᠢᠭᠡᠭᠰᠡᠨ᠂ ᠬᠠᠤᠯᠢ ᠶᠤᠰᠤᠭ᠋ᠠᠷ ᠠᠩᠨᠠᠵᠤ ᠪᠠᠷᠢᠭᠰᠠᠨ ᠪᠤᠰᠤᠳ ᠠᠮᠢᠲᠠᠨ᠎ᠢ ᠵᠢᠭ᠋ᠠᠵᠤ ᠪᠠᠶ᠋ᠢᠨ᠎ᠠ ᠲᠤᠰ ᠬᠠᠤᠯᠢ᠎ᠳᠤ ᠬᠡᠯᠡᠵᠦ ᠪᠠᠶ᠋ᠢᠭ᠎ᠠ ᠠᠮᠢᠲᠠᠨ᠎ᠤ ᠠᠰᠢᠭ ᠰᠢᠮ᠎ᠡ ᠭᠡᠳᠡᠭ ᠪᠤᠯ ᠠᠮᠢᠲᠠᠨ᠎ᠤ ᠮᠢᠬ᠎ᠠ᠂ ᠲᠦᠭᠦᠬᠡᠢ
ᠠᠷᠠᠰᠤ᠂ ᠴᠤᠯᠭᠤᠢ ᠨᠤᠤᠰᠤ᠂ ᠨᠤᠣᠯᠤᠭᠤᠷ᠂ ᠳᠤᠳᠤᠷ ᠡᠷᠬᠡᠳᠡᠨ᠂ ᠦᠭᠡᠬᠦ᠂ ᠴᠢᠰᠤ᠂ ᠦᠷ᠎ᠡ ᠵᠢᠨ ᠰᠢᠩᠭᠡᠨ᠂ ᠦᠨᠳᠡᠭᠡ᠂
ᠬᠦᠪᠦᠷᠡᠯ᠂ ᠶᠠᠰᠤ᠂ ᠲᠤᠭᠤᠷᠠᠢ᠂ ᠲᠤᠯᠤᠭ᠋ᠠᠢ᠂ ᠡᠪᠡᠷ᠂ ᠰᠢᠷᠪᠦᠰᠦ ᠵᠢᠴᠢ ᠠᠮᠢᠲᠠᠨ᠎ᠤ ᠬᠢᠵᠢᠭ ᠡᠪᠡᠳᠴᠢᠨ᠎ᠢ ᠬᠠᠯᠳᠠᠭ᠋ᠠᠨ ᠳᠡᠯᠭᠡᠷᠡᠭᠦᠯᠵᠦ ᠮᠡᠳᠡᠬᠦ ᠰᠦ᠂ ᠦᠨᠳᠡᠭᠡ ᠵᠡᠷᠭᠡ ᠵᠢ ᠵᠢᠭ᠋ᠠᠵᠤ ᠪᠠᠶ᠋ᠢᠨ᠎ᠠ ᠲᠤᠰ ᠬᠠᠤᠯᠢ᠎ᠳᠤ ᠬᠡᠯᠡᠵᠦ ᠪᠠᠶ᠋ᠢᠭ᠎ᠠ ᠠᠮᠢᠲᠠᠨ᠎ᠤ ᠬᠢᠵᠢᠭ ᠡᠪᠡᠳᠴᠢᠨ ᠭᠡᠳᠡᠭ ᠪᠤᠯ ᠠᠮᠢᠲᠠᠨ᠎ᠤ ᠬᠠᠯᠳᠠᠪᠤᠷᠢᠳᠤ ᠡᠪᠡᠳᠴᠢᠨ᠂ ᠰᠢᠮᠡᠭᠦᠷ ᠬᠤᠷᠤᠬᠠᠶ᠋ᠢᠲᠤ ᠡᠪᠡᠳᠴᠢᠨ᠎ᠢ ᠵᠢᠭ᠋ᠠᠵᠤ ᠪᠠᠶ᠋ᠢᠨ᠎ᠠ ᠲᠤᠰ ᠬᠠᠤᠯᠢ᠎ᠳᠤ ᠬᠡᠯᠡᠵᠦ ᠪᠠᠶ᠋ᠢᠭ᠎ᠠ ᠠᠮᠢᠲᠠᠨ᠎ᠤ ᠬᠢᠵᠢᠭ᠎ᠢ ᠰᠠᠷᠬᠡᠶ᠋ᠢᠯᠡᠬᠦ ᠭᠡᠳᠡᠭ ᠪᠤᠯ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ᠂ ᠠᠷᠢᠯᠭ᠋ᠠᠬᠤ ᠪᠠ ᠠᠮᠢᠲᠠᠨ᠂ ᠠᠮᠢᠲᠠᠨ᠎ᠤ ᠠᠰᠢᠭ ᠰᠢᠮ᠎ᠡ ᠵᠢᠨ ᠬᠢᠵᠢᠭ᠎ᠢ ᠪᠠᠶ᠋ᠢᠴᠠᠭ᠋ᠠᠬᠤ ᠵᠢ ᠵᠢᠭ᠋ᠠᠵᠤ ᠪᠠᠶ᠋ᠢᠨ᠎ᠠ᠃
ᠳᠦᠷᠪᠡᠳᠦᠭᠡᠷ ᠵᠦᠢ᠍ᠯ ᠠᠮᠢᠲᠠᠨ᠎ᠤ ᠬᠢᠵᠢᠭ ᠡᠪᠡᠳᠴᠢᠨ᠎ᠠᠴᠠ ᠲᠡᠵᠢᠭᠡᠨ ᠦᠷᠡᠵᠢᠬᠦᠯᠬᠦ ᠦᠢ᠍ᠯᠡᠰ᠎ᠤᠨ ᠦᠢ᠍ᠯᠡᠳᠪᠦᠷᠢᠯᠡᠯ ᠪᠠ ᠬᠦᠮᠦᠨ᠎ᠤ ᠪᠡᠶ᠎ᠡ ᠵᠢᠨ ᠡᠷᠡᠭᠦᠯ ᠮᠡᠨᠳᠦ᠎ᠳᠤ ᠤᠴᠠᠷᠠᠭᠤᠯᠬᠤ ᠬᠤᠤᠷ ᠬᠦᠨᠦᠭᠡᠯ᠎ᠤᠨ ᠬᠡᠮᠵᠢᠶ᠎ᠡ ᠵᠢ ᠦᠨᠳᠦᠰᠦᠯᠡᠨ᠂ ᠲᠤᠰ ᠬᠠᠤᠯᠢ᠎ᠳᠤ ᠬᠠᠮᠢᠶᠠᠷᠬᠤ᠎ᠪᠠᠷ ᠲᠣᠭᠲᠠᠭ᠋ᠠᠭᠰᠠᠨ ᠠᠮᠢᠲᠠᠨ᠎ᠤ ᠬᠢᠵᠢᠭ ᠡᠪᠡᠳᠴᠢᠨ᠎ᠢ ᠳᠤᠤᠷ᠎ᠠ ᠵᠢᠭᠰᠠᠭ᠋ᠠᠭᠰᠠᠨ ᠭᠤᠷᠪᠠᠨ ᠲᠦᠷᠦᠯ᠎ᠳᠤ ᠬᠤᠪᠢᠶᠠᠨ᠎ᠠ᠃
(ᠨᠢᠭᠡ) ᠨᠢᠭᠡᠳᠦᠭᠡᠷ ᠲᠦᠷᠦᠯ᠎ᠤᠨ ᠬᠢᠵᠢᠭ ᠡᠪᠡᠳᠴᠢᠨ ᠭᠡᠳᠡᠭ ᠪᠤᠯ ᠠᠯᠪᠠᠳᠠᠯᠭ᠎ᠠ᠎ᠪᠠᠷ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ᠂ ᠠᠷᠢᠯᠭ᠋ᠠᠬᠤ ᠵᠡᠷᠭᠡ ᠪᠠᠴᠢᠮ ᠪᠦᠭᠡᠳ ᠴᠢᠩᠭ᠎ᠠ ᠠᠷᠭ᠎ᠠ ᠬᠡᠮᠵᠢᠶ᠎ᠡ ᠠᠪᠬᠤ ᠴᠢᠬᠤᠯᠠᠲᠠᠢ ᠬᠦᠮᠦᠨ ᠪᠣᠯᠤᠨ ᠮᠠᠯ᠎ᠳᠤ ᠬᠦᠨᠳᠦ ᠨᠣᠴᠢᠲᠠᠢ ᠬᠤᠤᠷ ᠬᠦᠨᠦᠭᠡᠯ ᠤᠴᠠᠷᠠᠭᠤᠯᠳᠠᠭ ᠬᠢᠵᠢᠭ ᠡᠪᠡᠳᠴᠢᠨ᠎ᠢ ᠵᠢᠭ᠋ᠠᠵᠤ ᠪᠠᠶ᠋ᠢᠨ᠎ᠠ;
(ᠬᠤᠶᠠᠷ) ᠬᠤᠶᠠᠳᠤᠭ᠋ᠠᠷ ᠲᠦᠷᠦᠯ᠎ᠤᠨ ᠬᠢᠵᠢᠭ ᠡᠪᠡᠳᠴᠢᠨ ᠭᠡᠳᠡᠭ ᠪᠤᠯ ᠴᠢᠩᠭ᠎ᠠ ᠬᠢᠵᠠᠭ᠋ᠠᠷᠯᠠᠬᠤ᠂ ᠠᠷᠢᠯᠭ᠋ᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠡᠷᠬᠠᠨ ᠳᠠᠯᠭᠡᠷᠡᠬᠦ ᠵᠢ᠎ᠨᠢ ᠰᠡᠷᠬᠡᠶ᠋ᠢᠯᠡᠨ ᠬᠤᠷᠢᠭᠯᠠᠬᠤ ᠴᠢᠬᠤᠯᠠᠲᠠᠢ ᠠᠵᠤ ᠠᠬᠤᠢ ᠵᠢᠨ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ ᠬᠢᠵᠢᠭ ᠡᠪᠡᠳᠴᠢᠨ᠎ᠢ ᠵᠢᠭ᠋ᠠᠵᠤ ᠪᠠᠶ᠋ᠢᠨ᠎ᠠ;
(ᠭᠤᠷᠪᠠ) ᠭᠤᠷᠪᠠᠳᠤᠭ᠋ᠠᠷ ᠲᠦᠷᠦᠯ᠎ᠤᠨ ᠬᠢᠵᠢᠭ ᠡᠪᠡᠳᠴᠢᠨ ᠭᠡᠳᠡᠭ ᠪᠤᠯ ᠦᠷᠬᠦᠯᠵᠢ ᠳᠤᠬᠢᠶᠠᠯᠳᠤᠳᠠᠭ ᠪᠦᠭᠡᠳ ᠤᠯᠠᠨᠳᠠ ᠡᠭᠦᠰᠳᠡᠭ᠂ ᠠᠵᠤ ᠠᠬᠤᠢ ᠵᠢᠨ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ᠂ ᠬᠢᠵᠠᠭ᠋ᠠᠷᠯᠠᠬᠤ ᠪᠠ ᠴᠡᠪᠡᠷᠰᠢᠬᠦᠯᠬᠦ ᠴᠢᠬᠤᠯᠠᠲᠠᠢ ᠬᠢᠵᠢᠭ ᠡᠪᠡᠳᠴᠢᠨ᠎ᠢ ᠵᠢᠭ᠋ᠠᠵᠤ ᠪᠠᠶ᠋ᠢᠨ᠎ᠠ᠃ ᠡᠮᠦᠨᠡᠬᠢ ᠪᠠᠳᠠᠭ᠎ᠲᠤ ᠳᠤᠷᠠᠳᠤᠭᠰᠠᠨ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠲᠦᠷᠦᠯ᠎ᠤᠨ ᠠᠮᠢᠲᠠᠨ᠎ᠤ ᠬᠢᠵᠢᠭ ᠡᠪᠡᠳᠴᠢᠨ᠎ᠤ ᠪᠤᠳᠠᠳᠠᠢ ᠡᠪᠡᠳᠴᠢᠨ᠎ᠤ ᠲᠦᠷᠦᠯ᠎ᠤᠨ ᠨᠡᠷᠡᠰ᠎ᠤᠨ ᠵᠢᠭᠰᠠᠭ᠋ᠠᠯᠲᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠵᠦ ᠨᠡᠶ᠋ᠢᠳᠡᠯᠡᠨ᠎ᠡ᠃
ᠲᠠᠪᠤᠳᠤᠭ᠋ᠠᠷ ᠵᠦᠢ᠍ᠯ ᠤᠯᠤᠰ᠎ᠠᠴᠠ ᠠᠮᠢᠲᠠᠨ᠎ᠤ ᠬᠢᠵᠢᠭ ᠡᠪᠡᠳᠴᠢᠨ᠎ᠳᠤ ᠤᠷᠢᠳᠴᠢᠯᠠᠨ ᠰᠡᠷᠬᠡᠶ᠋ᠢᠯᠡᠬᠦ᠎ᠪᠠᠷ ᠭᠤᠤᠯ ᠪᠤᠯᠭ᠋ᠠᠬᠤ ᠴᠢᠭᠯᠡᠯᠲᠡ ᠵᠢ ᠬᠡᠷᠡᠭᠵᠢᠭᠦᠯᠦᠨ᠎ᠡ᠃
ᠵᠢᠷᠭᠤᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠎ᠤᠨ ᠲᠤᠬᠠᠢ ᠨᠢᠭᠡᠳᠦᠯᠳᠡᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠦᠨᠳᠦᠰᠦᠨ ᠱᠠᠳᠤᠨ᠎ᠤ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠵᠦ ᠵᠠᠰᠠᠬᠤ ᠲᠦᠯᠦᠪᠵᠢᠭᠦᠯᠭᠡ ᠲᠤᠭᠲᠠᠭ᠋ᠠᠬᠤ ᠵᠢᠨ ᠬᠠᠮᠳᠤ ᠵᠤᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠢ᠃ ᠰᠢᠶᠠᠩ᠎ᠤᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠂ ᠬᠤᠳᠠ ᠵᠢᠨ ᠵᠡᠬᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ ᠤᠯᠠᠨ ᠲᠦᠮᠡᠨ᠎ᠢ ᠵᠤᠬᠢᠶᠠᠨ ᠪᠠᠶ᠋ᠢᠭᠤᠯᠵᠦ᠂ ᠲᠤᠰ ᠬᠠᠷᠢᠶ᠎ᠠ ᠤᠷᠤᠨ᠎ᠤ ᠳᠤᠲᠤᠷᠠᠬᠢ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ ᠪᠠ ᠬᠢᠵᠠᠭ᠋ᠠᠷᠯᠠᠬᠤ ᠠᠵᠢᠯ᠎ᠢ ᠬᠠᠪᠰᠤᠷᠴᠤ ᠰᠠᠶ᠋ᠢᠳᠤᠷ ᠬᠢᠬᠦ ᠬᠡᠷᠡᠭᠲᠡᠢ᠃
ᠳᠤᠯᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠦᠬᠦ ᠤᠯᠤᠰ᠎ᠤᠨ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠎ᠢ ᠡᠷᠬᠢᠯᠡᠨ ᠬᠠᠮᠢᠶᠠᠷᠦᠨ᠎ᠠ᠃ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭ᠋ᠠᠨ᠎ᠤ ᠤᠷᠤᠨ᠎ᠤ ᠳᠤᠲᠤᠷᠠᠬᠢ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠎ᠢ ᠡᠷᠬᠢᠯᠡᠨ ᠬᠠᠮᠢᠶᠠᠷᠤᠨ᠎ᠠ᠃ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠪᠤᠰᠤᠳ ᠰᠠᠯᠠᠭ᠎ᠠ ᠮᠦᠴᠢᠷ᠎ᠤᠳ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠤᠲᠤᠷ᠎ᠠ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠎ᠢ ᠰᠠᠶ᠋ᠢᠳᠤᠷ ᠬᠢᠨ᠎ᠠ᠃ ᠴᠡᠷᠢᠭ ᠠᠩᠭᠢ ᠪᠠ ᠵᠠᠪᠰᠡᠭᠲᠦ ᠴᠠᠭᠳᠠᠭ᠋ᠠᠨ᠎ᠤ ᠴᠡᠷᠢᠭ ᠠᠩᠭᠢ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢᠳᠦ ᠰᠠᠯᠠᠭ᠎ᠠ ᠮᠦᠴᠢᠷ᠎ᠤᠳ ᠴᠡᠷᠢᠭ ᠠᠩᠭᠢ ᠪᠠ ᠵᠡᠪᠰᠡᠭᠲᠦ ᠴᠠᠭᠳᠠᠭ᠋ᠠᠨ᠎ᠤ ᠴᠡᠷᠢᠭ ᠠᠩᠭᠢ ᠵᠢᠨ ᠵᠢᠩᠬᠢᠨᠢ ᠠᠯᠪᠠᠨ᠎ᠳᠤ ᠪᠠᠶ᠋ᠢᠭ᠎ᠠ ᠠᠮᠢᠳᠠᠨ ᠵᠢᠴᠢ ᠦᠪᠡᠰᠦᠪᠡᠨ ᠳᠡᠵᠢᠭᠡᠵᠦ ᠬᠡᠷᠡᠭᠯᠡᠬᠦ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠎ᠢ ᠲᠤᠰ ᠲᠤᠰ ᠬᠠᠷᠢᠭᠤᠴᠠᠨ᠎ᠠ᠃
ᠨᠠᠢ᠍ᠮᠠᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠪᠠᠶ᠋ᠢᠭᠤᠯᠤᠭᠰᠠᠨ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠠᠮᠢᠲᠠᠨ᠂ ᠠᠮᠢᠲᠠᠨ᠎ᠤ ᠠᠰᠢᠭ ᠰᠢᠮ᠎ᠡ ᠵᠢᠨ ᠬᠢᠵᠢᠭ᠎ᠢ ᠪᠠᠶ᠋ᠢᠴᠠᠭ᠋ᠠᠬᠤ ᠠᠵᠢᠯ ᠪᠠ ᠠᠮᠢᠲᠠᠨ᠎ᠤ ᠬᠢᠵᠢᠭ᠎ᠢ ᠰᠠᠷᠬᠡᠶ᠋ᠢᠯᠡᠬᠦ᠎ᠳᠤ ᠬᠤᠯᠪᠤᠭᠳᠠᠬᠤ ᠪᠤᠰᠤᠳ ᠬᠢᠨᠠᠵᠤ ᠬᠠᠮᠢᠶᠠᠷᠬᠤ ᠬᠠᠤᠯᠢ ᠬᠡᠷᠡᠭᠵᠢᠬᠦᠯᠬᠦ ᠠᠵᠢᠯ᠎ᠢ ᠬᠠᠷᠢᠭᠤᠴᠠᠨ᠎ᠠ᠃
ᠶᠢᠰᠦᠳᠦᠭᠡᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠯ ᠶᠤᠰᠤᠭ᠋ᠠᠷ᠂ ᠨᠢᠭᠡᠳᠦᠯᠳᠡᠢ ᠲᠦᠯᠦᠪᠵᠢᠭᠦᠯᠬᠦ᠂ ᠵᠦᠢ ᠵᠤᠬᠢᠰᠲᠠᠢ ᠪᠠᠶ᠋ᠢᠷᠢᠯᠠᠭᠤᠯᠬᠤ᠂ ᠶᠡᠷᠦᠩᠬᠡᠶ᠋ᠢᠯᠡᠨ ᠳᠤᠬᠢᠷᠠᠭᠤᠯᠬᠤ ᠵᠠᠷᠴᠢᠮ᠎ᠢ ᠦᠨᠳᠦᠰᠦᠯᠡᠵᠦ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠵᠢ ᠪᠠᠶ᠋ᠢᠭᠤᠯᠤᠨ᠂ ᠠᠮᠢᠲᠠᠨ᠎ᠤ ᠬᠢᠵᠢᠭ ᠡᠪᠡᠳᠴᠢᠨ᠎ᠢ ᠬᠢᠨᠠᠨ ᠬᠡᠮᠵᠢᠬᠦ᠂ ᠰᠢᠯᠭ᠋ᠠᠨ ᠬᠡᠮᠵᠢᠬᠦ᠂ ᠤᠨᠤᠰᠢᠯᠠᠬᠤ᠂ ᠲᠠᠬᠤᠯ ᠡᠪᠡᠳᠴᠢᠨ᠎ᠤ ᠰᠤᠳᠤᠯᠤᠯ᠎ᠤᠨ ᠪᠠᠶ᠋ᠢᠴᠠᠭ᠋ᠠᠯᠲᠠ ᠬᠢᠬᠦ᠂ ᠬᠢᠵᠢᠭ᠎ᠤᠨ ᠪᠠᠶ᠋ᠢᠳᠠᠯ᠎ᠢ ᠮᠡᠳᠡᠭᠦᠯᠬᠦ ᠵᠢᠴᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠵᠡᠷᠭᠡ ᠪᠤᠰᠤᠳ ᠮᠡᠷᠭᠡᠵᠢᠯ᠎ᠤᠨ ᠠᠵᠢᠯ᠎ᠢ ᠡᠭᠦᠷᠭᠡᠯᠡᠨ᠎ᠡ᠃
ᠠᠷᠪᠠᠳᠤᠭ᠋ᠠᠷ ᠵᠦᠢ᠍ᠯ ᠤᠯᠤᠰ᠎ᠠᠴᠠ ᠠᠮᠢᠲᠠᠨ᠎ᠤ ᠬᠢᠵᠢᠭ ᠡᠪᠡᠳᠴᠢᠨ᠎ᠤ ᠲᠤᠬᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠪᠠ ᠤᠯᠠᠨ ᠤᠯᠤᠰ᠎ᠤᠨ ᠬᠠᠮᠳᠤᠷᠠᠯᠴᠠᠭ᠎ᠠ ᠰᠤᠯᠢᠯᠴᠠᠭ᠎ᠠ ᠬᠢᠬᠦ ᠵᠢ ᠳᠠᠮᠵᠢᠨ ᠵᠤᠷᠢᠬ᠍ᠵᠢᠭᠤᠯᠵᠤ᠂ ᠲᠡᠷᠢᠭᠦᠨ᠎ᠤ ᠬᠡᠷᠡᠭᠯᠡᠭᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠳᠡᠯᠭᠡᠷᠡᠭᠦᠯᠦᠨ᠂ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠬᠦ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠬᠦᠯᠵᠦ᠂ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠨ ᠵᠠᠰᠠᠬᠤ ᠰᠢᠨᠵᠢᠯᠡᠬᠦ ᠤᠬᠠᠭ᠋ᠠᠨ ᠮᠡᠷᠬᠡᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠠᠷᠪᠠᠨ ᠨᠢᠭᠡᠳᠦᠭᠡᠷ ᠵᠦᠢ᠍ᠯ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠂ ᠠᠮᠢᠲᠠᠨ᠎ᠤ ᠬᠢᠵᠢᠭ᠎ᠢ ᠰᠡᠷᠭᠡᠶ᠋ᠢᠯᠡᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠤᠮᠳᠠ ᠠᠮᠵᠢᠯᠲᠠ ᠪᠦᠲᠦᠮᠵᠢ ᠭᠠᠷᠭ᠋ᠠᠭᠰᠠᠨ ᠪᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠣᠨ ᠬᠤᠪᠢ ᠬᠦᠮᠦᠨ᠎ᠢ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠬᠦᠬᠢᠬᠦᠯᠦᠨ ᠱᠠᠩᠨᠠᠨ᠎ᠠ᠃
ᠬᠤᠶᠠᠳᠤᠭ᠋ᠠᠷ ᠪᠦᠯᠦᠭ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ
ᠠᠷᠪᠠᠨ ᠬᠤᠶᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ᠎ᠤ ᠬᠢᠵᠢᠭ ᠡᠪᠡᠳᠴᠢᠨ᠎ᠤ ᠪᠠᠶ᠋ᠢᠳᠠᠯ᠎ᠳᠤ ᠲᠦᠭᠰᠢᠭᠦᠷᠢ ᠵᠢᠨ ᠦᠨᠡᠯᠡᠯᠲᠡ ᠬᠢᠵᠦ᠂ ᠦᠨᠡᠯᠡᠯᠲᠡ ᠵᠢᠨ ᠳ᠋ᠦᠩ᠎ᠢ ᠦᠨᠳᠦᠰᠦᠯᠡᠨ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠵᠢ ᠲᠤᠭᠳᠠᠭ᠋ᠠᠨ᠎ᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ᠎ᠤᠨ ᠳᠤᠲᠤᠭ᠋ᠠᠳᠤ ᠭᠠᠳᠠᠭ᠋ᠠᠳᠤ ᠵᠢᠨ ᠠᠮᠢᠲᠠᠨ᠎ᠤ ᠬᠢᠵᠢᠭ᠎ᠤᠨ ᠪᠠᠶ᠋ᠢᠳᠠᠯ ᠪᠠ ᠲᠡᠵᠢᠭᠡᠨ ᠦᠷᠡᠵᠢᠬᠦᠯᠬᠦ ᠦᠢ᠍ᠯᠡᠰ᠎ᠤᠨ ᠦᠢ᠍ᠯᠡᠳᠪᠦᠷᠢᠯᠡᠯ ᠵᠢᠴᠢ ᠬᠦᠮᠦᠨ᠎ᠤ ᠪᠡᠶ᠎ᠡ ᠵᠢᠨ ᠡᠷᠡᠭᠦᠯ ᠮᠡᠨᠳᠦ ᠵᠢ ᠬᠠᠮᠠᠭ᠋ᠠᠯᠠᠬᠤ ᠬᠡᠷᠡᠭᠴᠡᠭᠡ ᠵᠢ ᠦᠨᠳᠦᠰᠦᠯᠡᠨ᠂ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠮᠡᠷᠬᠡᠵᠢᠯ᠎ᠤᠨ ᠵᠢᠷᠤᠮᠵᠢᠯ᠎ᠢ ᠴᠠᠭ ᠲᠤᠬᠠᠢᠳᠤᠨᠢ ᠲᠤᠭᠲᠠᠭ᠋ᠠᠵᠤ ᠨᠡᠶ᠋ᠢᠳᠡᠯᠡᠨ᠎ᠡ᠃
ᠠᠷᠪᠠᠨ ᠭᠤᠷᠪᠠᠳᠤᠭ᠋ᠠᠷ ᠵᠦᠢ᠍ᠯ ᠤᠯᠤᠰ᠎ᠠᠴᠠ ᠳᠡᠵᠢᠭᠡᠨ ᠦᠷᠡᠵᠢᠬᠦᠯᠬᠦ ᠦᠢ᠍ᠯᠡᠰ᠎ᠤᠨ ᠦᠢ᠍ᠯᠡᠳᠪᠦᠷᠢᠯᠡᠯ ᠪᠠ ᠬᠦᠮᠦᠨ᠎ᠤ ᠪᠡᠶ᠎ᠡ ᠵᠢᠨ ᠡᠷᠡᠭᠦᠯ ᠮᠡᠨᠳᠦ᠎ᠳᠤ ᠬᠦᠨᠳᠦ ᠨᠤᠴᠢᠳᠠᠢ ᠬᠤᠤᠷ ᠬᠦᠨᠦᠭᠡᠯ ᠤᠴᠠᠷᠠᠭᠤᠯᠬᠤ ᠠᠮᠢᠲᠠᠨ᠎ᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠴᠠᠷᠤᠯᠲᠠ ᠬᠢᠯᠭᠡᠨ᠎ᠡ᠃ ᠲᠥᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠴᠢᠬᠤᠯᠠᠲᠠᠢ ᠠᠮᠢᠲᠠᠨ᠎ᠤ ᠬᠢᠵᠢᠭ ᠡᠪᠡᠳᠴᠢᠨ᠎ᠤ ᠲᠦᠷᠦᠯ ᠪᠠ ᠤᠷᠤᠨ ᠪᠦᠰᠡ ᠵᠢ ᠲᠤᠭᠳᠠᠭ᠋ᠠᠬᠤ ᠵᠢᠨ ᠬᠠᠮᠲᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠤᠯᠤᠰ᠎ᠤᠨ ᠠᠮᠢᠳ᠋ᠨᠨᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠲᠦᠯᠦᠪᠯᠡᠭᠡ ᠵᠢ ᠲᠣᠭᠲᠠᠭ᠋ᠠᠨ᠎ᠠ᠃ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ᠎ᠤᠨ ᠠᠮᠢᠳ᠋ᠨᠨᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠲᠦᠯᠦᠪᠯᠡᠭᠡ ᠵᠢ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠤᠷᠤᠨ᠎ᠤ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠲᠦᠯᠦᠪᠯᠡᠭᠡ ᠵᠢ ᠲᠣᠭᠲᠠᠭ᠋ᠠᠨ᠎ᠠ; ᠡᠭᠦᠨ᠎ᠤ ᠬᠠᠮᠲᠤ ᠲᠤᠰ ᠵᠠᠰᠠᠭ ᠵᠠᠬᠢᠷᠭ᠋ᠠᠨ᠎ᠤ ᠤᠷᠤᠨ᠎ᠤ ᠳᠤᠲᠤᠷᠠᠬᠢ ᠠᠮᠢᠲᠠᠨ᠎ᠤ ᠬᠢᠵᠢᠭ ᠡᠪᠡᠳᠴᠢᠨ᠎ᠤ ᠳᠡᠯᠭᠡᠷᠡᠬᠦ ᠪᠠᠶ᠋ᠢᠳᠠᠯ᠎ᠢ ᠦᠨᠳᠦᠰᠦᠯᠡᠨ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠠᠮᠢᠲᠠᠨ᠎ᠤ ᠬᠢᠵᠢᠭ ᠡᠪᠡᠳᠴᠢᠨ᠎ᠤ ᠲᠦᠷᠦᠯ ᠪᠠ ᠤᠷᠤᠨ ᠪᠦᠰᠡ ᠵᠢ ᠨᠡᠮᠡᠭᠳᠡᠬᠦᠯᠵᠦ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠵᠦ ᠵᠦᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠬᠦᠯᠬᠦ ᠪᠦᠭᠡᠳ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
ᠠᠷᠪᠠᠨ ᠳᠦᠷᠪᠡᠳᠦᠭᠡᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ᠎ᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠲᠦᠯᠦᠪᠯᠡᠭᠡ ᠵᠢ ᠵᠤᠬᠢᠶᠠᠨ ᠪᠠᠶ᠋ᠢᠭᠤᠯᠵᠦ ᠬᠡᠷᠡᠭᠵᠢᠬᠦᠯᠦᠨ᠎ᠠ᠃ ᠰᠢᠶᠠᠩ᠎ᠤᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠂ ᠬᠤᠳᠠ ᠵᠢᠨ ᠵᠠᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠲᠤᠰ ᠬᠠᠷᠢᠶ᠎ᠠ ᠤᠷᠤᠨ᠎ᠤ ᠳᠤᠲᠤᠷᠠᠬᠢ ᠠᠮᠢᠲᠠᠨ ᠳᠡᠵᠢᠭᠡᠵᠦ ᠪᠠᠶ᠋ᠢᠭ᠎ᠠ ᠨᠢᠭᠡᠴᠢ ᠪᠠ ᠬᠤᠪᠢ ᠬᠦᠮᠦᠨ᠎ᠢ ᠵᠤᠬᠢᠶᠠᠨ ᠪᠠᠶ᠋ᠢᠭᠤᠯᠵᠤ ᠪᠠᠶ᠋ᠢᠭ᠋ᠠᠳ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠠᠵᠢᠯ᠎ᠢ ᠰᠠᠶ᠋ᠢᠳᠤᠷ ᠬᠢᠬᠦ ᠬᠡᠷᠡᠭᠲᠡᠢ᠍ᠠᠮᠢᠲᠠᠨ ᠳᠡᠵᠢᠬᠡᠵᠦ ᠪᠠᠶ᠋ᠢᠭ᠎ᠠ ᠨᠢᠭᠡᠴᠢ ᠪᠠ ᠬᠤᠪᠢ ᠬᠦᠮᠦᠨ ᠠᠮᠢᠲᠠᠨ᠎ᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠡᠭᠦᠷᠬᠡ᠎ᠪᠠᠨ ᠬᠠᠤᠯᠢ ᠶᠤᠰᠤᠭ᠋ᠠᠷ ᠭᠦᠢ᠍ᠴᠡᠳᠬᠡᠵᠦ᠂ ᠮᠡᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠱᠠᠭ᠋ᠠᠷᠳᠠᠯᠭ᠎ᠠ ᠶᠤᠰᠤᠭ᠋ᠠᠷ ᠠᠯᠪᠠᠳᠠᠯᠭ᠎ᠠ᠎ᠪᠠᠷ ᠴᠠᠷᠤᠯᠲᠠ ᠬᠢᠯᠬᠡᠬᠦ ᠠᠵᠢᠯ᠎ᠢ ᠰᠠᠶ᠋ᠢᠳᠤᠷ ᠬᠢᠬᠦ ᠬᠡᠷᠡᠭᠲᠡᠢ ᠠᠯᠪᠠᠳᠠᠯᠭ᠎ᠠ᠎ᠪᠠᠷ ᠴᠠᠷᠤᠯᠲᠠ ᠬᠢᠯᠭᠡᠭᠰᠡᠨ ᠠᠮᠢᠲᠠᠨ᠎ᠳᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠲᠠᠭ᠋ᠠᠯ ᠶᠤᠰᠤᠭ᠋ᠠᠷ ᠴᠠᠷᠤᠯᠲᠠ ᠬᠢᠯᠭᠡᠭᠰᠡᠨ ᠳᠠᠩᠰᠠ ᠪᠠᠶ᠋ᠢᠭᠤᠯᠵᠤ᠂ ᠮᠠᠯ ᠵᠢᠭᠦᠷᠲᠡᠨ᠎ᠢ ᠢᠯᠭ᠋ᠠᠬᠤ ᠳᠡᠮᠳᠡᠭ ᠲᠠᠯᠪᠢᠵᠤ᠂ ᠮᠦᠷᠳᠡᠵᠦ ᠪᠤᠯᠬᠤ ᠬᠠᠮᠢᠶᠠᠷᠤᠯᠲᠠ ᠵᠢ ᠬᠡᠷᠡᠭᠵᠢᠭᠦᠯᠦᠨ᠎ᠡ᠃
ᠠᠷᠪᠠᠨ ᠲᠠᠪᠤᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠬᠢᠨᠡᠨ ᠬᠡᠮᠵᠢᠬᠦ ᠲᠤᠤᠷ ᠰᠦᠯᠵᠢᠶ᠎ᠡ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠬᠢᠨᠡᠨ ᠬᠡᠮᠵᠢᠬᠦ ᠠᠵᠢᠯ᠎ᠢ ᠴᠢᠩᠭ᠋ᠠᠳᠬᠠᠬᠤ ᠬᠡᠷᠡᠭᠲᠡᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ᠎ᠤᠨ ᠠᠮᠢᠲᠠᠨ᠎ᠤ ᠬᠢᠵᠢᠭ ᠡᠪᠡᠳᠴᠢᠨ᠎ᠢ ᠬᠢᠨᠡᠨ ᠬᠡᠮᠵᠢᠬᠦ ᠲᠦᠯᠦᠪᠯᠡᠭᠡ ᠵᠢ ᠲᠤᠭᠳᠠᠭ᠋ᠠᠬᠤ ᠬᠡᠷᠡᠭᠲᠡᠢ᠃ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ᠎ᠤᠨ ᠠᠮᠢᠲᠠᠨ᠎ᠤ ᠬᠢᠵᠢᠭ ᠡᠪᠡᠳᠴᠢᠨ᠎ᠢ ᠬᠢᠨᠡᠨ ᠬᠡᠮᠵᠢᠬᠦ ᠲᠦᠯᠦᠪᠯᠡᠭᠡ ᠵᠢ ᠦᠨᠳᠦᠰᠦᠯᠡᠵᠦ᠂ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠠᠮᠢᠲᠠᠨ᠎ᠤ ᠬᠢᠵᠢᠭ ᠡᠪᠡᠳᠴᠢᠨ᠎ᠢ ᠬᠢᠨᠠᠨ ᠬᠡᠮᠵᠢᠬᠦ ᠲᠦᠯᠦᠪᠯᠡᠭᠡ ᠵᠢ ᠲᠤᠭᠲᠠᠭ᠋ᠠᠬᠤ ᠬᠡᠷᠡᠭᠲᠡᠢ᠃ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠲᠠᠭ᠋ᠠᠯ ᠶᠤᠰᠤᠭ᠋ᠠᠷ ᠠᠮᠢᠲᠠᠨ᠎ᠤ ᠬᠢᠵᠢᠭ ᠡᠪᠡᠳᠴᠢᠨ᠎ᠤ ᠡᠭᠦᠰᠬᠦ᠂ ᠳᠡᠯᠭᠡᠷᠡᠬᠦ ᠵᠡᠷᠭᠡ ᠪᠠᠶ᠋ᠢᠳᠠᠯ᠎ᠢ ᠬᠢᠨᠠᠨ ᠬᠡᠮᠵᠢᠬᠦ ᠬᠡᠷᠡᠭᠲᠡᠢ; ᠠᠮᠢᠲᠠᠨ᠎ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭ᠋ᠠᠷᠯᠠᠬᠤ᠂ ᠲᠡᠭᠡᠭᠡᠪᠦᠷᠢᠯᠡᠬᠦ ᠪᠠ ᠠᠮᠢᠲᠠᠨ᠎ᠤ ᠠᠰᠢᠭ ᠰᠢᠮ᠎ᠡ ᠵᠢ ᠦᠢ᠍ᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭ᠋ᠠᠯᠠᠬᠤ ᠵᠡᠷᠭᠡ ᠠᠵᠢᠯᠯᠠᠭ᠎ᠠ ᠬᠢᠳᠡᠭ ᠨᠢᠭᠡᠴᠢ ᠪᠤᠯᠤᠨ ᠬᠤᠪᠢ ᠬᠦᠮᠦᠨ ᠳᠡᠪᠴᠢᠬᠦ ᠪᠤᠶᠤ ᠬᠠᠷᠰᠢᠯᠠᠵᠤ ᠪᠤᠯᠬᠤ ᠦᠭᠡᠢ᠃
ᠠᠷᠪᠠᠨ ᠵᠢᠷᠭᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠠ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ᠎ᠤ ᠬᠢᠵᠢᠭ ᠡᠪᠡᠳᠴᠢᠨ ᠡᠭᠦᠰᠬᠦ᠂ ᠳᠡᠯᠭᠡᠷᠡᠬᠦ ᠬᠠᠨᠳᠤᠰᠢ ᠵᠢᠨ ᠲᠤᠬᠠᠢ ᠲᠦᠰᠦᠭᠡᠯᠡᠯᠲᠡ ᠵᠢ ᠦᠨᠳᠦᠰᠦᠯᠡᠨ᠂ ᠠᠮᠢᠲᠠᠨ᠎ᠤ ᠬᠢᠵᠢᠭ᠎ᠤᠨ ᠪᠠᠶ᠋ᠢᠳᠠᠯ᠎ᠤᠨ ᠲᠤᠬᠠᠢ ᠤᠷᠢᠳᠴᠢᠯᠠᠭᠰᠠᠨ ᠰᠡᠷᠡᠮᠵᠢᠯᠡᠭᠦᠯᠦᠯ᠎ᠢ ᠴᠠᠭ ᠲᠤᠬᠠᠢᠳᠤᠨᠢ ᠭᠠᠷᠭ᠋ᠠᠬᠤ ᠬᠡᠷᠡᠭᠲᠡᠢ᠃ ᠣᠷᠤᠨ ᠨᠤᠳᠤᠭ᠎ᠤᠨ ᠡᠯ᠎ᠠ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠠᠮᠢᠲᠠᠨ᠎ᠤ ᠬᠢᠵᠢᠭ᠎ᠤᠨ ᠪᠠᠶ᠋ᠢᠳᠠᠯ᠎ᠤᠨ ᠲᠤᠬᠠᠢ ᠤᠷᠢᠳᠴᠢᠯᠠᠭᠰᠠᠨ ᠰᠡᠷᠡᠮᠵᠢᠯᠡᠭᠦᠯᠦᠯ᠎ᠢ ᠤᠯᠤᠭᠰᠠᠨ᠎ᠤ ᠳᠠᠷᠠᠭ᠎ᠠ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃
ᠠᠷᠪᠠᠨ ᠳᠤᠯᠤᠳᠤᠭ᠋ᠠᠷ ᠵᠦᠢ᠍ᠯ ᠠᠮᠢᠲᠠᠨ᠎ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭ᠋ᠠᠷᠯᠠᠬᠤ᠂
ᠲᠡᠭᠡᠭᠡᠪᠦᠷᠢᠯᠡᠬᠦ ᠪᠠ ᠠᠮᠢᠲᠠᠨ᠎ᠤ ᠠᠰᠢᠭ ᠰᠢᠮ᠎ᠡ ᠵᠢ ᠦᠢ᠍ᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭ᠋ᠠᠯᠠᠬᠤ ᠵᠡᠷᠭᠡ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠢ ᠪᠤᠯᠤᠨ ᠬᠤᠪᠢ ᠬᠦᠮᠦᠨ ᠲᠤᠰ ᠬᠠᠤᠯᠢ ᠪᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠲᠠᠭ᠋ᠠᠯ ᠶᠤᠰᠤᠭ᠋ᠠᠷ ᠴᠠᠷᠤᠯᠲᠠ ᠬᠢᠯᠭᠡᠬᠦ᠂ ᠠᠷᠢᠭᠤᠳᠬᠠᠬᠤ ᠵᠡᠷᠭᠡ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ ᠠᠵᠢᠯ᠎ᠢ ᠰᠠᠶ᠋ᠢᠳᠤᠷ ᠬᠢᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠡᠭᠦᠯᠳᠡᠷ᠎ᠤᠨ ᠪᠠ ᠰᠠᠭ᠋ᠠᠯᠢ ᠵᠢᠨ ᠠᠮᠢᠲᠠᠨ ᠪᠤᠯᠤᠨ ᠡᠩᠭᠦᠷᠡᠢ ᠠᠮᠢᠲᠠᠨ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠭᠰᠠᠨ ᠡᠷᠡᠭᠦᠯ᠎ᠤᠨ ᠪᠠᠷᠢᠮᠵᠢᠶ᠎ᠡ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠍ᠡᠭᠦᠯᠳᠡᠷᠤᠨ ᠪᠠ ᠰᠠᠭ᠋ᠠᠯᠢ ᠵᠢᠨ ᠠᠮᠢᠲᠠᠨ᠎ᠢ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ᠎ᠳᠤ ᠲᠤᠭᠳᠠᠮᠠᠯ ᠬᠤᠭᠤᠴᠠᠭ᠎ᠠ᠎ᠲᠠᠢ ᠰᠢᠯᠭ᠋ᠠᠨ ᠬᠡᠮᠵᠢᠯᠲᠡ ᠬᠢᠯᠭᠡᠬᠦ ᠬᠡᠷᠡᠭᠲᠡᠢ; ᠰᠢᠯᠭ᠋ᠠᠨ ᠬᠡᠮᠵᠢᠭᠡᠳ ᠬᠢᠷᠢ ᠲᠡᠩᠴᠡᠬᠦ ᠦᠭᠡᠢ ᠪᠠᠶ᠋ᠢᠪᠠᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠲᠠᠭ᠋ᠠᠯ ᠶᠤᠰᠤᠭ᠋ᠠᠷ ᠰᠢᠢ᠍ᠳᠪᠦᠷᠢᠯᠡᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠠᠮᠢᠲᠠᠨ ᠳᠡᠵᠢᠬᠡᠬᠦ ᠳᠡᠯᠡᠪᠠᠢ (ᠲᠡᠵᠢᠭᠡᠨ ᠦᠷᠡᠵᠢᠬᠦᠯᠬᠦ ᠵᠢᠵᠢᠭ ᠲᠤᠭᠤᠷᠢᠭ) ᠪᠠ ᠳᠤᠰᠠᠭ᠋ᠠᠷᠯᠠᠬᠤ ᠲᠠᠯᠠᠪᠤᠷ ᠭᠠᠵᠠᠷ᠂ ᠠᠮᠢᠲᠠᠨ᠎ᠢ ᠨᠢᠲᠤᠯᠠᠵᠤ ᠊ᠤᠯᠪᠠᠰᠤᠷᠠᠭᠤᠯᠬᠤ ᠲᠠᠯᠠᠪᠤᠷ ᠭᠠᠵᠠᠷ ᠪᠤᠯᠤᠨ ᠠᠮᠢᠲᠠᠨ ᠪᠠ ᠠᠮᠢᠲᠠᠨ᠎ᠤ ᠠᠰᠢᠭ ᠰᠢᠮ᠎ᠡ ᠵᠢ ᠬᠤᠤᠷ ᠦᠭᠡᠶ᠋ᠢᠵᠢᠭᠦᠯᠦᠨ ᠰᠢᠢ᠍ᠳᠪᠦᠷᠢᠯᠡᠬᠦ ᠲᠠᠯᠠᠪᠤᠷ ᠭᠠᠵᠠᠷ᠎ᠨᠢ ᠳᠤᠤᠷ᠎ᠠ ᠵᠢᠭᠰᠠᠭ᠋ᠠᠭᠰᠠᠨ ᠠᠮᠢᠲᠠᠨ᠎ᠤ ᠬᠢᠵᠢᠭ᠎ᠢ ᠰᠠᠷᠬᠡᠶ᠋ᠢᠯᠡᠬᠦ ᠨᠦᠭᠦᠴᠡᠯ᠎ᠳᠤ ᠨᠡᠶ᠋ᠢᠴᠡᠭᠰᠠᠨ ᠪᠠᠶ᠋ᠢᠬᠤ ᠬᠡᠷᠡᠭᠲᠡᠢ᠄
(ᠨᠢᠭᠡ) ᠲᠠᠯᠠᠪᠤᠷ ᠭᠠᠵᠠᠷ᠎ᠤᠨ ᠪᠠᠶ᠋ᠢᠷᠢ ᠬᠢᠭᠡᠳ ᠰᠠᠭᠤᠭ᠋ᠠᠯᠢ ᠠᠷᠠᠳ᠎ᠤᠨ ᠠᠮᠢᠲᠤᠷᠠᠯ᠎ᠤᠨ ᠲᠤᠭᠤᠷᠢᠭ᠂ ᠠᠮᠢᠳᠤᠷᠠᠯ᠎ᠤᠨ ᠤᠰᠤ ᠤᠮᠳᠠ ᠵᠢᠨ ᠰᠤᠷᠪᠤᠯᠵᠢ ᠭᠠᠵᠠᠷ᠂ ᠰᠤᠷᠭ᠋ᠠᠭᠤᠯᠢ᠂ ᠡᠮᠨᠡᠯᠭᠡ ᠵᠢᠨ ᠬᠤᠷᠢᠶ᠎ᠠ ᠵᠡᠷᠭᠡ ᠣᠯᠠᠨ ᠨᠡᠶ᠋ᠢᠳᠡ ᠵᠢᠨ ᠲᠠᠯᠠᠪᠤᠷ ᠭᠠᠵᠠᠷ᠎ᠤᠨ ᠬᠤᠭᠤᠷᠤᠨᠳᠤᠬᠢ ᠵᠠᠢ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠭᠰᠠᠨ ᠪᠡᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ;
(ᠬᠤᠶᠠᠷ) ᠦᠢ᠍ᠯᠡᠳᠪᠦᠷᠢᠯᠡᠯ᠎ᠤᠨ ᠲᠤᠭᠤᠷᠢᠭ᠎ᠢ ᠪᠢᠳᠡᠬᠦᠮᠵᠢᠯᠡᠨ ᠲᠤᠰᠠᠭ᠋ᠠᠷᠯᠠᠭᠰᠠᠨ᠂ ᠪᠠᠷᠢᠯᠭ᠎ᠠ ᠵᠢᠨ ᠵᠢᠷᠤᠭ ᠲᠦᠯᠦᠪᠯᠡᠭᠡ ᠪᠠ ᠤᠷᠠᠯᠠᠯ᠎ᠤᠨ ᠶᠠᠪᠤᠴᠠ᠎ᠨᠢ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ;
(ᠭᠤᠷᠪᠠ) ᠪᠤᠬᠢᠷᠳᠤᠯ ᠤᠰᠤ᠂ ᠪᠤᠬᠢᠷᠳᠤᠯ ᠪᠤᠳᠠᠰ᠂ ᠡᠪᠡᠳᠴᠢᠯᠡᠵᠦ ᠦᠭᠦᠭᠰᠡᠨ ᠠᠮᠢᠲᠠᠨ᠂ ᠬᠢᠵᠢᠭ ᠬᠠᠯᠳᠠᠪᠤᠷᠢᠯᠠᠭᠰᠠᠨ ᠠᠮᠢᠲᠠᠨ᠎ᠤ ᠠᠰᠢᠭ ᠰᠢᠮ᠎ᠡ ᠵᠢ ᠬᠤᠤᠷ ᠦᠭᠡᠶ᠋ᠢᠵᠢᠭᠦᠯᠦᠨ ᠰᠢᠢ᠍ᠳᠪᠦᠷᠢᠯᠡᠬᠦ ᠵᠣᠬᠢᠴᠠᠩᠭᠤᠢ ᠪᠡᠯᠡᠳᠬᠡᠮᠵᠢ ᠲᠦᠭᠦᠭᠡᠷᠦᠮᠵᠢ ᠪᠠ ᠤᠬᠢᠶᠠᠵᠤ ᠠᠷᠢᠭᠤᠳᠬᠠᠬᠤ ᠪᠡᠯᠡᠳᠬᠡᠮᠵᠢ ᠲᠦᠭᠦᠭᠡᠷᠦᠮᠵᠢ᠎ᠲᠠᠢ ᠪᠠᠶ᠋ᠢᠬᠤ;
(ᠳᠦᠷᠪᠡ) ᠲᠡᠭᠦᠨ᠎ᠳᠤ ᠦᠢ᠍ᠯᠡᠴᠢᠯᠡᠬᠦ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠮᠡᠷᠭᠡᠵᠢᠯᠲᠡᠨ᠎ᠲᠠᠢ ᠪᠠᠶ᠋ᠢᠬᠤ;
(ᠲᠠᠪᠤ) ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠪᠦᠷᠢᠨ ᠲᠡᠭᠦᠯᠳᠡᠷ ᠳᠦᠷᠢᠮ᠎ᠲᠠᠢ ᠪᠠᠶ᠋ᠢᠬᠤ;
(ᠵᠢᠷᠭᠤᠭ᠎ᠠ) ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠭᠰᠠᠨ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠪᠤᠰᠤᠳ ᠨᠦᠭᠦᠴᠡᠯ᠎ᠢ ᠪᠦᠷᠢᠳᠦᠭᠦᠯᠦᠭᠰᠡᠨ ᠪᠠᠶ᠋ᠢᠬᠤ᠃
ᠬᠤᠷᠢᠳᠤᠭ᠋ᠠᠷ ᠵᠦᠢ᠍ᠯ ᠠᠮᠢᠲᠠᠨ ᠳᠡᠵᠢᠬᠡᠬᠦ ᠳᠡᠯᠡᠪᠠᠢ (ᠲᠡᠵᠢᠭᠡᠨ ᠦᠷᠡᠵᠢᠬᠦᠯᠬᠦ ᠵᠢᠵᠢᠭ ᠲᠤᠭᠤᠷᠢᠭ) ᠪᠠ ᠳᠤᠰᠠᠭ᠋ᠠᠷᠯᠠᠬᠤ ᠲᠠᠯᠠᠪᠤᠷ ᠭᠠᠵᠠᠷ᠂ ᠠᠮᠢᠲᠠᠨ᠎ᠢ ᠨᠢᠳᠤᠯᠵᠤ ᠪᠤᠯᠪᠠᠰᠤᠷᠠᠭᠤᠯᠬᠤ ᠲᠠᠯᠠᠪᠤᠷ ᠭᠠᠵᠠᠷ ᠪᠤᠯᠤᠨ ᠠᠮᠢᠲᠠᠨ ᠪᠠ ᠠᠮᠢᠲᠠᠨ᠎ᠤ ᠠᠰᠢᠭ ᠰᠢᠮ᠎ᠡ ᠵᠢ ᠬᠤᠣᠷ ᠦᠭᠡᠶ᠋ᠢᠵᠢᠭᠦᠯᠦᠨ ᠰᠢᠢ᠍ᠳᠪᠦᠷᠢᠯᠡᠬᠦ ᠲᠠᠯᠠᠪᠤᠷ ᠭᠠᠵᠠᠷ ᠪᠠᠶ᠋ᠢᠭᠤᠯᠬᠤ᠎ᠳᠤ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠬᠤ ᠭᠡᠷᠡᠭᠲᠡᠢ ᠪᠦᠭᠡᠳ ᠬᠤᠯᠪᠤᠭᠳᠠᠯ ᠪᠦᠬᠦᠢ ᠮᠠᠲ᠋ᠧᠷᠢᠶᠡᠯᠢ ᠳᠠᠭ᠋ᠠᠯᠳᠤᠭᠤᠯᠬᠤ ᠬᠡᠷᠡᠭᠲᠡᠢ᠃ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰ ᠬᠠᠤᠯᠢ ᠪᠠ 《ᠪᠦᠬᠦᠳᠡ ᠨᠡᠶ᠋ᠢᠷᠡᠮᠳᠡᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠦᠪᠰᠢᠶᠠᠷᠠᠯ᠎ᠤᠨ ᠬᠠᠤᠯᠢ》 ᠵᠢᠨ ᠲᠤᠭᠲᠠᠭ᠋ᠠᠯ ᠶᠤᠰᠤᠭ᠋ᠠᠷ ᠬᠢᠨᠠᠨ ᠪᠠᠶ᠋ᠢᠴᠠᠭ᠋ᠠᠬᠤ ᠬᠡᠷᠡᠭᠲᠡᠢ᠃ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠪᠠᠶ᠋ᠢᠪᠠᠯ᠂ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠤᠨ ᠬᠢᠷᠢ ᠲᠡᠩᠴᠡᠭᠰᠡᠨ ᠦᠨᠡᠮᠯᠡᠯ ᠤᠯᠭᠤᠨ᠎ᠠ;
ᠬᠢᠷᠢ ᠲᠡᠩᠴᠡᠭᠰᠡᠨ ᠦᠭᠡᠢ ᠪᠠᠶ᠋ᠢᠪᠠᠯ ᠭᠤᠶᠤᠴᠢᠯᠠᠭᠴᠢ᠎ᠳᠤ ᠮᠡᠳᠡᠭᠳᠡᠬᠦ ᠵᠢᠨ ᠬᠠᠮᠳᠤ ᠤᠴᠢᠷ ᠰᠢᠯᠲᠠᠭ᠋ᠠᠨ ᠵᠶ᠋ᠠᠨ ᠲᠣᠳᠤᠷᠬᠠᠶ᠋ᠢᠯᠠᠬᠤ ᠬᠡᠷᠡᠭᠲᠡᠢ᠃ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠯᠳᠠ ᠬᠢᠯᠭᠡᠬᠦ ᠴᠢᠬᠤᠯᠠᠲᠠᠢ ᠪᠠᠶ᠋ᠢᠪᠠᠯ᠂ ᠭᠤᠶᠤᠴᠢᠯᠠᠭᠴᠢ᠎ᠨᠢ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠤᠨ ᠬᠢᠷᠢ ᠲᠡᠩᠴᠡᠭᠰᠡᠨ ᠦᠨᠡᠮᠯᠡᠯ ᠵᠶ᠋ᠠᠷ ᠵᠶ᠋ᠠᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠪᠦᠷᠢᠳᠬᠡᠭᠦᠯᠦᠨ ᠳᠠᠩᠰᠠᠯᠠᠭᠤᠯᠬᠤ ᠭᠠᠷ ᠬᠦᠢ᠍ᠴᠡᠳᠬᠡᠯ ᠬᠢᠯᠭᠡᠬᠦ᠎ᠪᠠᠷ ᠭᠤᠶᠤᠴᠢᠯᠠᠯ ᠭᠠᠷᠭ᠋ᠠᠨ᠎ᠠ᠃ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠤᠨ ᠬᠢᠷᠢ ᠲᠡᠩᠴᠡᠭᠰᠡᠨ ᠦᠨᠡᠮᠯᠡᠯ᠎ᠳᠤ ᠭᠤᠶᠤᠴᠢᠯᠠᠭᠴᠢ ᠵᠢᠨ ᠨᠡᠷᠡᠶ᠋ᠢᠳᠦᠯ᠂ ᠲᠠᠯᠠᠪᠠᠢ (ᠦᠢ᠍ᠯᠡᠳᠪᠦᠷᠢ) ᠵᠢᠨ ᠬᠠᠶᠢᠭ ᠵᠡᠷᠭᠡ ᠵᠦᠢ᠍ᠯᠡᠰ᠎ᠢ ᠳᠤᠲᠤᠷᠬᠠᠢ ᠲᠡᠮᠲᠡᠭᠯᠡᠭᠰᠡᠨ ᠪᠠᠶ᠋ᠢᠬᠤ ᠬᠡᠷᠡᠭᠲᠡᠢ᠃ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠡᠵᠡᠩᠨᠡᠬᠦ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠭᠰᠠᠨ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠢ ᠪᠦᠷᠢᠳᠦᠭᠦᠯᠬᠦ ᠵᠢᠨ ᠬᠠᠮᠳᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠬᠢᠨᠠᠯᠲᠠ ᠪᠠᠶ᠋ᠢᠴᠠᠭ᠋ᠠᠯᠲᠠ ᠵᠢ ᠬᠦᠯᠢᠶᠡᠬᠦ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠳᠡᠭᠡᠭᠡᠪᠦᠷᠢᠯᠡᠬᠦ ᠪᠠᠭ᠋ᠠᠵᠢ ᠬᠡᠷᠡᠭᠰᠡᠯ᠂ ᠳᠡᠪᠢᠰᠬᠦ ᠡᠳ᠋᠂ ᠪᠤᠭᠤᠳᠠᠯᠯᠠᠬᠤ ᠡᠳ᠋᠂ ᠰᠠᠪᠠ ᠵᠡᠷᠭᠡ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠭᠰᠠᠨ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠱᠠᠭ᠋ᠠᠷᠳᠠᠯᠭ᠎ᠠ᠎ᠳᠤ ᠨᠠᠶ᠋ᠢᠴᠡᠭᠰᠡᠨ ᠪᠠᠶ᠋ᠢᠬᠤ ᠬᠡᠷᠡᠭᠲᠡᠢ᠃ ᠬᠢᠵᠢᠭ ᠬᠠᠯᠳᠠᠪᠤᠷᠢᠯᠠᠭᠰᠠᠨ ᠠᠮᠢᠲᠠᠨ ᠵᠢᠴᠢ ᠲᠡᠭᠦᠨ᠎ᠤ ᠢᠯᠭ᠋ᠠᠳᠠᠰᠤ᠂ ᠬᠢᠵᠢᠭ ᠬᠠᠯᠳᠠᠪᠤᠷᠢᠯᠠᠭᠰᠠᠨ ᠠᠮᠢᠲᠠᠨ᠎ᠤ ᠠᠰᠢᠭ ᠰᠢᠮ᠎ᠡ᠂ ᠡᠪᠡᠳᠴᠢᠯᠡᠵᠦ ᠦᠬᠦᠭᠰᠡᠨ ᠪᠤᠶᠤ ᠦᠭᠦᠭᠰᠡᠨ ᠰᠢᠯᠳᠠᠭ᠋ᠠᠨ᠎ᠨᠢ ᠳᠤᠳᠤᠷᠬᠠᠢ ᠦᠭᠡᠢ ᠠᠮᠢᠲᠠᠨ᠎ᠤ ᠦᠬᠦᠳᠡᠯ᠂ ᠲᠡᠭᠡᠭᠡᠪᠦᠷᠢᠯᠡᠬᠦ ᠪᠠᠭ᠋ᠠᠵᠢ ᠬᠡᠷᠡᠭᠰᠡᠯ᠎ᠳᠠᠬᠢ ᠠᠮᠢᠲᠠᠨ᠎ᠤ ᠢᠯᠭ᠋ᠠᠳᠠᠰᠤ ᠪᠤᠯᠤᠨ ᠳᠡᠪᠢᠰᠬᠦ ᠡᠳ᠋᠂ ᠪᠤᠭᠤᠳᠠᠯᠯᠠᠬᠤ ᠡᠳ᠋᠂ ᠰᠠᠪᠠ ᠵᠡᠷᠭᠡ ᠪᠤᠬᠢᠷᠳᠤᠭᠰᠠᠨ ᠪᠤᠳᠠᠰᠤᠳᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠲᠠᠭ᠋ᠠᠯ ᠶᠣᠰᠤᠭ᠋ᠠᠷ ᠰᠢᠢ᠍ᠳᠪᠤᠷᠢᠯᠡᠬᠦ ᠬᠡᠷᠡᠭᠲᠡᠢ᠂ ᠳᠤᠷ᠎ᠠ᠎ᠪᠠᠷ ᠵᠶ᠋ᠠᠨ ᠰᠢᠢ᠍ᠳᠪᠦᠷᠢᠯᠡᠵᠦ ᠪᠤᠯᠬᠤ ᠦᠭᠡᠢ᠃
ᠬᠤᠷᠢᠨ ᠬᠤᠶᠠᠳᠤᠭ᠋ᠠᠷ ᠵᠦᠢ᠍ᠯ ᠠᠮᠢᠲᠠᠨ᠎ᠤ ᠡᠪᠡᠳᠴᠢᠨ᠎ᠤ ᠮᠡᠲ᠋ᠧᠷᠢᠶᠠᠯ ᠪᠤᠶᠤ ᠡᠪᠡᠳᠴᠢᠨ ᠡᠭᠦᠰᠬᠡᠬᠦ ᠮᠢᠺᠷᠤᠪᠢ ᠴᠤᠭᠯᠠᠭᠤᠯᠬᠤ᠂ ᠬᠠᠳᠠᠭ᠋ᠠᠯᠠᠬᠤ᠂ ᠲᠡᠭᠡᠭᠡᠪᠦᠷᠢᠯᠡᠬᠦ ᠪᠠ ᠡᠪᠡᠳᠴᠢᠨ ᠡᠭᠦᠰᠬᠡᠬᠦ ᠮᠢᠺᠷᠤᠪ᠎ᠤᠨ ᠰᠤᠳᠤᠯᠭ᠋ᠠᠨ᠂ ᠵᠢᠭ᠋ᠠᠨ ᠰᠤᠷᠭ᠋ᠠᠯᠲᠠ᠂ ᠰᠢᠯᠭ᠋ᠠᠠ ᠬᠡᠮᠵᠢᠯᠲᠡ᠂ ᠤᠨᠤᠰᠢᠯᠠᠯᠲᠠ ᠵᠡᠷᠭᠡ ᠠᠵᠢᠯᠯᠠᠭ᠎ᠠ ᠬᠢᠬᠦ᠎ᠳᠤ ᠤᠯᠤᠰ᠎ᠤᠨ ᠡᠪᠡᠳᠴᠢᠨ ᠡᠭᠦᠰᠬᠡᠬᠦ ᠮᠢᠺᠷᠤᠪ᠎ᠤᠨ ᠲᠤᠷᠰᠢᠯᠲᠠ ᠵᠢᠨ ᠲᠠᠰᠤᠭ᠎ᠤᠨ ᠬᠠᠮᠢᠶᠠᠷᠤᠯᠲᠠ ᠵᠢᠨ ᠬᠤᠯᠪᠤᠭᠳᠠᠯ ᠪᠦᠬᠦᠢ ᠲᠤᠭᠲᠠᠭ᠋ᠠᠯ᠎ᠢ ᠵᠢᠷᠤᠮᠯᠠᠬᠤ ᠭᠡᠷᠡᠭᠲᠡᠢ᠃
ᠬᠤᠷᠢᠨ ᠭᠤᠷᠪᠠᠳᠤᠭ᠋ᠠᠷ ᠵᠦᠢ᠍ᠯ ᠬᠦᠮᠦᠨ ᠮᠠᠯ᠎ᠳᠤ ᠪᠦᠷ ᠬᠠᠯᠳᠠᠪᠤᠷᠢᠯᠠᠳᠠᠭ ᠬᠠᠯᠳᠠᠪᠤᠷᠢᠳᠦ ᠡᠪᠡᠳᠴᠢᠨ᠎ᠲᠠᠢ ᠬᠦᠮᠦᠨ ᠠᠮᠢᠲᠠᠨ᠎ᠢ ᠤᠨᠤᠰᠢᠯᠠᠨ ᠡᠮᠨᠡᠬᠦ ᠵᠢᠴᠢ ᠠᠮᠠᠷᠬᠠᠨ ᠬᠠᠯᠳᠠᠪᠤᠷᠢᠯᠠᠳᠠᠭ ᠠᠮᠢᠲᠠᠨ᠎ᠢ ᠳᠡᠵᠢᠭᠡᠬᠦ᠂ ᠨᠢᠳᠦᠯᠬᠤ᠂ ᠡᠵᠡᠩᠨᠡᠬᠦ᠂ ᠲᠤᠰᠠᠭ᠋ᠠᠷᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠵᠢ ᠰᠢᠭᠤᠳ ᠬᠢᠵᠦ ᠪᠤᠯᠬᠤ ᠦᠬᠡᠢ᠂ ᠬᠦᠮᠦᠨ ᠮᠠᠯ᠎ᠳᠤ ᠪᠦᠷ ᠬᠠᠯᠳᠠᠪᠤᠷᠢᠯᠠᠳᠠᠭ ᠬᠠᠯᠳᠠᠪᠤᠷᠢᠳᠦ ᠡᠪᠡᠳᠴᠢᠨ᠎ᠤ ᠨᠡᠷᠡᠰ᠎ᠤᠨ ᠵᠢᠭᠰᠠᠭ᠋ᠠᠯᠲᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠥᠷᠦ ᠵᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭ᠋ᠠᠯᠠᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠳᠤᠭᠲᠠᠭ᠋ᠠᠵᠤ ᠨᠠᠶ᠋ᠢᠳᠡᠯᠡᠨᠡ᠃
ᠬᠤᠷᠢᠨ ᠳᠦᠷᠪᠡᠳᠦᠭᠡᠷ ᠵᠦᠢ᠍ᠯ ᠤᠯᠤᠰ᠎ᠠᠴᠠ ᠠᠮᠢᠲᠠᠨ᠎ᠤ ᠬᠢᠵᠢᠭ ᠡᠪᠡᠳᠴᠢᠨ᠎ᠳᠤ ᠤᠷᠤᠨ ᠪᠦᠰᠡᠴᠢᠯᠡᠭᠰᠡᠨ ᠬᠠᠮᠢᠶᠠᠷᠤᠯᠲᠠ ᠶᠠᠪᠤᠭᠤᠯᠵᠤ᠂ ᠲᠤᠭᠲᠠᠭ᠋ᠠᠭᠰᠠᠨ ᠠᠮᠢᠲᠠᠨ᠎ᠤ ᠬᠢᠵᠢᠭ ᠡᠪᠡᠳᠴᠢᠨ ᠦᠭᠡᠢ ᠤᠷᠤᠨ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ ᠲᠤᠭᠲᠠᠭ᠋ᠠᠭᠰᠠᠨ ᠠᠮᠢᠲᠠᠨ᠎ᠤ ᠬᠢᠵᠢᠭ ᠡᠪᠡᠳᠴᠢᠨ ᠦᠭᠡᠢ ᠤᠷᠤᠨ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠲᠠᠭ᠋ᠠᠭᠰᠠᠨ ᠪᠠᠷᠢᠮᠵᠢᠶ᠎ᠡ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠂ ᠲᠡᠭᠦᠨ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠨᠡᠶ᠋ᠢᠳᠡᠯᠡᠨ᠎ᠠ ᠳ᠋ᠤᠰ ᠬᠠᠤᠯᠢ᠎ᠳᠤ ᠬᠡᠯᠡᠵᠦ ᠪᠠᠶ᠋ᠢᠭ᠎ᠠ ᠲᠤᠭᠲᠠᠭ᠋ᠠᠭᠰᠠᠨ ᠠᠮᠢᠲᠠᠨ᠎ᠤ ᠬᠢᠵᠢᠭ ᠡᠪᠡᠳᠴᠢᠨ ᠦᠭᠡᠢ ᠤᠷᠤᠨ ᠭᠡᠳᠡᠭ ᠪᠤᠯ ᠪᠠᠶ᠋ᠢᠭ᠋ᠠᠯᠢ ᠵᠢᠨ ᠬᠠᠯᠬᠠᠪᠴᠢ᠎ᠲᠠᠢ ᠪᠤᠶᠤ ᠵᠣᠬᠢᠶᠠᠮᠠᠯ ᠠᠷᠭ᠎ᠠ ᠬᠡᠮᠵᠢᠶ᠎ᠡ ᠠᠪᠤᠭ᠋ᠠᠳ ᠵᠤᠬᠢᠬᠤ ᠬᠤᠭᠤᠴᠠᠭ᠋ᠠᠨ᠎ᠳᠤ ᠲᠤᠭᠲᠠᠭ᠋ᠠᠭᠰᠠᠨ ᠨᠢᠭᠡ ᠪᠤᠶᠤ ᠬᠡᠳᠦᠨ ᠵᠦᠢ᠍ᠯ᠎ᠤᠨ ᠠᠮᠢᠲᠠᠨ᠎ᠤ ᠬᠢᠵᠢᠭ ᠡᠪᠡᠳᠴᠢᠨ ᠡᠭᠦᠰᠦᠭᠰᠡᠨ ᠦᠭᠡᠢ ᠪᠦᠭᠡᠳ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠤᠷᠤᠨ ᠪᠦᠰᠡ ᠵᠢ ᠵᠢᠭ᠋ᠠᠵᠤ ᠪᠠᠶ᠋ᠢᠨ᠎ᠠ᠃
ᠬᠤᠷᠢᠨ ᠲᠠᠪᠤᠳᠤᠭ᠋ᠠᠷ ᠵᠦᠢ᠍ᠯ ᠳᠤᠤᠷ᠎ᠠ ᠵᠢᠭᠰᠠᠭ᠋ᠠᠭᠰᠠᠨ ᠠᠮᠢᠲᠠᠡᠢ ᠠᠯᠠᠵᠤ ᠨᠢᠳᠤᠯᠬᠤ᠂ ᠡᠵᠡᠩᠨᠡᠬᠦ᠂ ᠳᠡᠭᠡᠭᠡᠪᠦᠷᠢᠯᠡᠬᠦ ᠪᠠ ᠳᠤᠤᠷ᠎ᠠ ᠵᠢᠭᠰᠠᠭ᠋ᠠᠭᠰᠠᠨ ᠠᠮᠢᠲᠠᠨ᠎ᠤ ᠠᠰᠢᠭ ᠰᠢᠮ᠎ᠡ ᠵᠢ ᠦᠢ᠍ᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭ᠋ᠠᠯᠠᠬᠤ᠂ ᠲᠡᠭᠡᠭᠡᠪᠦᠷᠢᠯᠡᠬᠦ ᠵᠢ ᠴᠠᠭ᠋ᠠᠵᠠᠯᠠᠨ᠎ᠠ᠄
(ᠨᠢᠭᠡ) ᠬᠢᠵᠢᠭ᠎ᠤᠨ ᠬᠤᠷᠢᠭ᠋ᠠᠳᠤ ᠤᠷᠤᠨ᠎ᠳᠤ ᠡᠭᠦᠰᠦᠭᠰᠡᠨ ᠠᠮᠢᠲᠠᠨ᠎ᠤ ᠬᠢᠵᠢᠭ ᠡᠪᠡᠳᠴᠢᠨ᠎ᠲᠠᠢ ᠬᠤᠯᠪᠤᠭᠳᠠᠬᠤ ᠵᠦᠢ᠍ᠯ;
(ᠬᠤᠶᠠᠷ) ᠬᠢᠵᠢᠭ᠎ᠤᠨ ᠤᠷᠤᠨ᠎ᠳᠠᠬᠢ ᠠᠮᠠᠷᠬᠠᠨ ᠬᠠᠯᠳᠠᠪᠤᠷᠢᠯᠠᠭᠳᠠᠬᠤ ᠵᠦᠢ᠍ᠯ;
(ᠭᠤᠷᠪᠠ) ᠬᠠᠤᠯᠢ ᠶᠤᠰᠤᠭ᠋ᠠᠷ ᠬᠢᠵᠢᠭ᠎ᠤᠨ ᠪᠠᠶ᠋ᠢᠴᠠᠭ᠋ᠠᠯᠲᠠ ᠬᠢᠬᠦ ᠶᠤᠰᠤᠲᠠᠢ ᠪᠠᠶ᠋ᠢᠳᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠦᠭᠡᠢ ᠪᠤᠶᠤ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠵᠦᠢ᠍ᠯ;
(ᠳᠦᠷᠪᠡ) ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ᠎ᠲᠠᠢ ᠵᠦᠢ᠍ᠯ;
(ᠲᠠᠪᠤ) ᠡᠪᠡᠳᠴᠢᠯᠡᠵᠦ ᠦᠬᠦᠭᠰᠡᠨ ᠪᠤᠶᠤ ᠦᠭᠦᠭᠰᠡᠨ ᠰᠢᠯᠲᠠᠭ᠋ᠠᠨ᠎ᠨᠢ ᠳᠤᠳᠤᠷᠬᠠᠢ ᠦᠭᠡᠢ ᠵᠦᠢ᠍ᠯ;
(ᠵᠢᠷᠭᠤᠭ᠎ᠠ) ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠬᠤᠯᠪᠤᠭᠳᠠᠯ ᠪᠦᠬᠦᠢ ᠲᠤᠭᠲᠠᠭ᠋ᠠᠯ᠎ᠳᠤ ᠦᠯᠦ ᠨᠡᠶ᠋ᠢᠴᠡᠬᠦ ᠪᠤᠰᠤᠳ ᠵᠦᠢ᠍ᠯ᠎ᠤᠳ᠃
ᠭᠤᠷᠪᠠᠳᠤᠭ᠋ᠠᠷ ᠪᠦᠯᠦᠭ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ᠂ ᠮᠡᠳᠡᠭᠳᠡᠬᠦ ᠪᠠ ᠨᠡᠶ᠋ᠢᠳᠡᠯᠡᠬᠦ
ᠬᠤᠷᠢᠨ ᠵᠢᠷᠭᠤᠳᠤᠭ᠋ᠠᠷ ᠵᠦᠢ᠍ᠯ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠬᠢᠨᠠᠨ ᠬᠡᠮᠵᠢᠬᠦ᠂ ᠬᠢᠵᠢᠭ᠎ᠢ ᠰᠢᠯᠭ᠋ᠠᠨ ᠪᠠᠶ᠋ᠢᠴᠠᠭ᠋ᠠᠬᠤ᠂ ᠬᠢᠵᠢᠭ ᠡᠪᠡᠳᠴᠢᠨ᠎ᠢ ᠰᠤᠳᠤᠯᠬᠤ ᠪᠠ ᠤᠨᠤᠰᠢᠯᠠᠨ ᠡᠮᠨᠡᠬᠦ ᠵᠢᠴᠢ ᠠᠮᠢᠲᠠᠨ᠎ᠢ ᠳᠡᠵᠢᠭᠡᠬᠦ᠂ ᠨᠢᠲᠤᠯᠠᠬᠤ᠂ ᠡᠵᠡᠩᠨᠡᠬᠦ᠂ ᠲᠤᠰᠠᠭ᠋ᠠᠷᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠢ ᠪᠠ ᠬᠤᠪᠢ ᠬᠦᠮᠦᠨ ᠠᠮᠢᠲᠠᠨ᠎ᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ᠎ᠲᠠᠢ ᠵᠦᠢ᠍ᠯ ᠪᠠᠶ᠋ᠢᠬᠤ ᠵᠢ ᠤᠯᠵᠤ ᠮᠡᠳᠡᠪᠡᠯ᠂ ᠲᠡᠷᠡ ᠲᠤᠤᠷ᠎ᠠ᠎ᠨᠢ ᠲᠤᠬᠠᠢ ᠵᠢᠨ ᠭᠠᠵᠠᠷ᠎ᠤᠨ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠠᠮᠢᠲᠡᠨᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠪᠤᠶᠤ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ᠎ᠳᠤ ᠮᠡᠳᠡᠭᠦᠯᠬᠦ ᠵᠢᠨ ᠬᠠᠮᠳᠤ ᠲᠤᠰᠠᠭ᠋ᠠᠷᠯᠠᠬᠤ ᠵᠡᠷᠭᠡ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠢᠲᠠᠨ᠎ᠤ ᠬᠢᠵᠢᠭ᠎ᠤᠨ ᠪᠠᠶ᠋ᠢᠳᠠᠯ᠎ᠤᠨ ᠲᠠᠷᠬᠠᠨ ᠳᠡᠯᠭᠡᠷᠡᠬᠦ ᠵᠢ ᠰᠡᠷᠬᠡᠶ᠋ᠢᠯᠡᠨ ᠬᠤᠷᠢᠭᠯᠠᠬᠤ ᠬᠡᠷᠡᠭᠲᠡᠢ᠂ ᠠᠮᠢᠲᠠᠨ᠎ᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ᠎ᠲᠠᠢ ᠵᠦᠢ᠍ᠯ ᠪᠠᠶ᠋ᠢᠬᠤ ᠵᠢ ᠪᠤᠰᠤᠳ ᠨᠢᠭᠡᠴᠢ ᠪᠤᠶᠤ ᠬᠤᠪᠢ ᠬᠦᠮᠦᠨ ᠤᠯᠵᠤ ᠮᠡᠳᠡᠪᠡᠯ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠂ ᠠᠮᠢᠲᠠᠨ᠎ᠤ ᠬᠢᠵᠢᠭ᠎ᠤᠨ ᠪᠠᠶ᠋ᠢᠳᠠᠯ᠎ᠤᠨ ᠮᠡᠳᠡᠭᠦᠯᠦᠯᠲᠡ ᠵᠢ ᠤᠯᠤᠭᠰᠠᠨ ᠨᠢᠭᠡᠴᠢ ᠴᠠᠭ ᠲᠤᠬᠠᠢᠳᠤᠨᠢ ᠴᠢᠬᠤᠯᠠ ᠪᠥᠬᠦᠢ ᠵᠠᠷᠯᠠᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠬᠤ ᠵᠢᠨ ᠬᠠᠮᠳᠤ ᠤᠯᠤᠰ᠎ᠤᠨ ᠲᠤᠭᠲᠠᠭ᠋ᠠᠭᠰᠠᠨ ᠵᠢᠷᠤᠮ ᠵᠶ᠋ᠠᠷ ᠳᠡᠭᠡᠭᠰᠢ ᠮᠡᠳᠡᠭᠦᠯᠬᠦ ᠬᠡᠷᠡᠭᠲᠡᠢ᠃
ᠬᠤᠷᠢᠨ ᠳᠤᠯᠤᠳᠤᠭ᠋ᠠᠷ ᠵᠦᠢ᠍ᠯ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠮᠠᠭ᠋ᠠᠳᠯᠠᠨ ᠲᠤᠭᠳᠠᠭ᠋ᠠᠨ᠎ᠠ; ᠲᠡᠭᠦᠨ᠎ᠤ ᠳᠤᠲᠤᠷ᠎ᠡ᠎ᠬᠢ ᠠᠮᠢᠲᠠᠨ᠎ᠤ ᠬᠦᠨᠳᠦ ᠶᠡᠭᠡ ᠬᠢᠵᠢᠭ᠎ᠤᠨ ᠪᠠᠶ᠋ᠢᠳᠠᠯ᠎ᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠮᠠᠭ᠋ᠠᠳᠯᠠᠨ ᠲᠤᠭᠲᠠᠭ᠋ᠠᠵᠤ᠂ ᠴᠢᠬᠤᠯᠠᠲᠠᠢ ᠦᠶ᠎ᠠ᠎ᠳᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠵᠦ ᠮᠠᠭ᠋ᠠᠳᠯᠠᠨ ᠲᠤᠭᠲᠠᠭ᠋ᠠᠯᠭ᠋ᠠᠨᠠ᠃
ᠬᠤᠷᠢᠨ ᠨᠠᠢ᠍ᠮᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ᠎ᠤ ᠬᠦᠨᠳᠦ ᠶᠡᠭᠡ ᠬᠢᠵᠢᠭ᠎ᠤᠨ ᠪᠠᠶ᠋ᠢᠳᠠᠯ᠎ᠤᠨ ᠡᠭᠦᠰᠦᠭᠰᠡᠨ ᠪᠠ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠴᠡᠷᠢᠭ ᠠᠩᠭᠢ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠴᠠᠭ ᠲᠤᠬᠠᠢᠳᠤᠨᠢ ᠮᠡᠳᠡᠭᠳᠡᠬᠦ ᠬᠡᠷᠡᠭᠳᠡᠢ; ᠬᠦᠮᠦᠨ ᠮᠠᠯ᠎ᠳᠤ ᠪᠦᠷ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ ᠡᠭᠦᠰᠦᠭᠰᠡᠨ ᠪᠠᠶ᠋ᠢᠪᠠᠯ᠂ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠣᠯᠤᠨ ᠠᠳᠠᠯᠢ ᠱᠠᠳᠤᠨ᠎ᠤ ᠡᠷᠡᠭᠦᠯ ᠬᠠᠮᠠᠭ᠋ᠠᠯᠠᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠴᠠᠭ ᠲᠤᠬᠠᠢᠳᠤᠨᠢ ᠬᠠᠷᠢᠯᠴᠠᠨ ᠮᠡᠳᠡᠭᠳᠡᠬᠦ ᠬᠡᠷᠡᠭᠲᠡᠢ᠂ ᠲᠥᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠮᠠᠨ᠎ᠤ ᠤᠯᠤᠰ᠎ᠤᠨ ᠪᠠᠶ᠋ᠢᠭᠤᠯᠤᠭᠰᠠᠨ ᠪᠤᠶᠤ ᠤᠷᠤᠯᠴᠠᠭᠰᠠᠨ ᠭᠡᠷ᠎ᠡ᠂ ᠬᠡᠯᠡᠯᠴᠡᠭᠡᠷ᠎ᠤᠨ ᠶᠤᠰᠤᠭ᠋ᠠᠷ ᠠᠮᠢᠲᠠᠨ᠎ᠤ ᠬᠦᠨᠳᠦ ᠶᠡᠭᠡ ᠬᠢᠵᠢᠭ᠎ᠤᠨ ᠪᠠᠶ᠋ᠢᠳᠠᠯ᠎ᠤᠨ ᠡᠭᠦᠰᠦᠭᠰᠡᠨ ᠪᠠ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ᠎ᠢ ᠬᠤᠯᠪᠤᠭᠳᠠᠯ ᠪᠦᠬᠦᠢ ᠤᠯᠠᠨ ᠤᠯᠤᠰ᠎ᠤᠨ ᠵᠤᠬᠢᠶᠠᠨ ᠪᠠᠶ᠋ᠢᠭᠤᠯᠤᠯᠲᠠ ᠪᠤᠶᠤ ᠠᠷᠠᠯᠵᠢᠶᠠᠨ᠎ᠤ ᠡᠲᠡᠭᠡᠳ᠎ᠲᠤ ᠴᠠᠭ ᠲᠤᠬᠠᠢᠳᠤᠨᠢ ᠮᠡᠳᠡᠭᠳᠡᠬᠦ ᠬᠡᠷᠡᠭᠲᠡᠢ᠃
ᠬᠤᠷᠢ ᠶᠢᠰᠦᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠦᠬᠦ ᠤᠯᠤᠰ᠎ᠤᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠨᠡᠶ᠋ᠢᠭᠡᠮ ᠳᠠᠶᠠᠭ᠋ᠠᠷ᠎ᠲᠤ ᠴᠠᠭ ᠲᠤᠬᠠᠢᠳᠤᠨᠢ ᠨᠡᠶ᠋ᠢᠲᠡᠯᠡᠬᠦ ᠠᠵᠢᠯ᠎ᠢ ᠬᠠᠷᠢᠭᠤᠴᠠᠨ᠎ᠠ᠂ ᠭᠡᠷᠡᠭᠴᠡᠭᠡ᠎ᠪᠠᠨ ᠦᠨᠳᠦᠰᠦᠯᠡᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠡ ᠵᠢᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠡᠷᠭᠡ ᠤᠯᠭᠤᠵᠤ ᠲᠤᠰ ᠵᠠᠰᠠᠭ ᠵᠠᠬᠢᠷᠭ᠋ᠠᠨ᠎ᠤ ᠤᠷᠤᠨ᠎ᠤ ᠬᠡᠪᠴᠢᠶᠡᠨ᠎ᠳᠠᠬᠢ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠨᠡᠶ᠋ᠢᠲᠡᠯᠡᠭᠦᠯᠦᠭᠰᠡᠨ ᠴᠦ᠍ ᠪᠤᠯᠤᠨ᠎ᠠ ᠪᠤᠰᠤᠳ ᠨᠢᠭᠡᠴᠢ ᠪᠠ ᠬᠤᠪᠢ ᠬᠦᠮᠦᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠨᠡᠶ᠋ᠢᠲᠡᠯᠡᠵᠦ ᠪᠤᠯᠬᠤ ᠦᠭᠡᠢ᠃
ᠭᠤᠴᠢᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠦᠮᠦᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ ᠦᠭᠡᠢ ᠨᠢᠭᠤᠵᠤ᠂ ᠬᠤᠳᠠᠯ ᠵᠶ᠋ᠠᠷ ᠮᠡᠳᠡᠭᠦᠯᠵᠦ᠂ ᠤᠳᠠᠭ᠋ᠠᠰᠢᠷᠠᠭᠤᠯᠤᠨ ᠮᠡᠳᠡᠭᠦᠯᠵᠦ᠂ ᠣᠷᠬᠢᠭᠳᠠᠭᠤᠯᠤᠨ ᠮᠡᠳᠡᠭᠦᠯᠵᠦ ᠪᠤᠯᠬᠤ ᠦᠭᠡᠢ᠂ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ ᠦᠭᠡᠢ ᠨᠢᠭᠤᠬᠤ᠂ ᠬᠤᠳᠠᠯ ᠵᠶ᠋ᠠᠷ ᠮᠡᠳᠡᠭᠦᠯᠬᠦ᠂ ᠤᠳᠠᠭ᠋ᠠᠰᠢᠷᠠᠭᠤᠯᠤᠨ ᠮᠡᠳᠡᠭᠦᠯᠭᠦ᠎ᠪᠠᠷ ᠪᠤᠰᠤᠳ ᠬᠦᠮᠦᠨ᠎ᠳᠤ ᠰᠠᠨᠠᠭᠤᠯᠵᠤ ᠪᠤᠯᠬᠤ ᠦᠭᠡᠢ᠂ ᠪᠤᠰᠤᠳ᠎ᠤᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ ᠵᠢ ᠬᠠᠷᠰᠢᠯᠠᠵᠤ ᠪᠤᠯᠬᠤ ᠦᠭᠡᠢ᠃
ᠳᠦᠷᠪᠡᠳᠦᠭᠡᠷ ᠪᠦᠯᠦᠭ ᠠᠮᠢᠲᠠᠨ᠎ᠤ ᠬᠢᠵᠢᠭ ᠡᠪᠡᠳᠴᠢᠨ᠎ᠢ ᠬᠢᠵᠠᠭ᠋ᠠᠷᠯᠠᠬᠤ ᠪᠠ ᠠᠷᠢᠯᠭ᠋ᠠᠬᠤ
ᠭᠤᠴᠢᠨ ᠨᠢᠭᠡᠳᠦᠭᠡᠷ ᠵᠦᠢ᠍ᠯ ᠨᠢᠭᠡᠳᠦᠭᠡᠷ ᠲᠦᠷᠦᠯ᠎ᠤᠨ ᠠᠮᠢᠲᠠᠨ᠎ᠤ ᠬᠢᠵᠢᠭ ᠡᠪᠡᠳᠴᠢᠨ ᠡᠭᠦᠰᠬᠦ ᠦᠶ᠎ᠡ᠎ᠳᠤ᠂ ᠲᠤᠤᠷ᠎ᠠ ᠵᠢᠭᠰᠠᠭ᠋ᠠᠭᠰᠠᠨ ᠬᠢᠵᠠᠭ᠋ᠠᠷᠯᠠᠬᠤ ᠪᠠ ᠠᠷᠢᠯᠭ᠋ᠠᠬᠤ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠄
(ᠨᠢᠭᠡ) ᠲᠤᠬᠠᠢ ᠵᠢᠨ ᠭᠠᠵᠠᠷ᠎ᠤᠨ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠡᠷᠡ ᠳᠠᠷᠤᠢ᠎ᠳᠤ᠎ᠨᠢ ᠬᠦᠮᠦᠨ ᠲᠤᠮᠢᠯᠠᠨ ᠲᠤᠬᠠᠢ ᠵᠢᠨ ᠭᠠᠵᠠᠷ᠎ᠲᠤᠨᠢ ᠤᠴᠢᠭᠤᠯᠵᠤ᠂ ᠬᠢᠵᠢᠭ᠎ᠤᠨ ᠴᠡᠭ᠂ ᠬᠢᠵᠢᠭᠳᠦ ᠤᠷᠤᠨ᠂ ᠰᠦᠷᠳᠡᠭᠦᠯᠦᠯ᠎ᠳᠤ ᠤᠴᠠᠷᠠᠭᠰᠠᠨ ᠤᠷᠤᠨ᠎ᠢ ᠵᠠᠭ᠋ᠠᠭᠯᠠᠨ ᠲᠤᠭᠲᠠᠭ᠋ᠠᠵᠤ᠂ ᠬᠢᠵᠢᠭ᠎ᠤᠨ ᠡᠭᠦᠰᠦᠯ᠎ᠢ ᠪᠠᠶ᠋ᠢᠴᠠᠭ᠋ᠠᠵᠤ᠂ ᠬᠢᠵᠢᠭᠲᠦ ᠣᠷᠤᠨ᠎ᠢ ᠪᠢᠲᠡᠭᠦᠮᠵᠢᠯᠡᠭᠦᠯᠬᠦ᠎ᠪᠠᠷ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠴᠠᠭ ᠲᠤᠬᠠᠢᠳᠤᠨᠢ ᠮᠡᠳᠡᠭᠦᠯᠦᠨ ᠭᠤᠶᠤᠴᠢᠯᠠᠬᠤ ᠬᠡᠷᠡᠭᠲᠡᠢ᠍ᠬᠢᠵᠢᠭᠳᠦ ᠤᠷᠤᠨ᠎ᠤ ᠬᠦᠷᠢᠶ᠎ᠡ ᠬᠡᠪᠴᠢᠶ᠎ᠡ᠎ᠨᠢ ᠬᠤᠶᠠᠷ᠎ᠠᠴᠠ ᠳᠡᠭᠡᠭᠰᠢ ᠵᠠᠰᠠᠭ ᠵᠠᠬᠢᠷᠭ᠋ᠠᠨ᠎ᠤ ᠤᠷᠤᠨ᠎ᠳᠤ ᠬᠤᠯᠪᠤᠭᠳᠠᠭᠰᠠᠨ ᠪᠠᠶ᠋ᠢᠪᠠᠯ᠂ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠤᠷᠤᠨ᠎ᠤ ᠬᠠᠮᠳᠤ ᠵᠢᠨ ᠳᠡᠭᠡᠷ᠎ᠡ ᠨᠢᠭᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠬᠢᠵᠢᠭᠳᠦ ᠤᠷᠤᠨ᠎ᠢ ᠪᠢᠲᠡᠭᠦᠮᠵᠢᠯᠡᠨ᠎ᠡ᠂ ᠡᠰᠡᠭᠦᠯ᠎ᠡ ᠬᠤᠯᠪᠤᠭᠳᠠᠯ ᠪᠦᠬᠦᠢ ᠡᠯ᠎ᠡ ᠵᠠᠰᠠᠭ ᠵᠠᠬᠢᠷᠭ᠋ᠠᠨ᠎ᠤ ᠤᠷᠤᠨ᠎ᠤ ᠳᠡᠭᠡᠷ᠎ᠡ ᠨᠢᠭᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠬᠠᠮᠳᠤᠪᠡᠷ ᠬᠢᠵᠢᠭᠳᠦ ᠤᠷᠤᠨ᠎ᠢ ᠪᠢᠲᠡᠭᠦᠮᠵᠢᠯᠡᠨ᠎ᠡ ᠴᠢᠬᠤᠯᠠᠲᠠᠢ ᠦᠶ᠎ᠡ᠎ᠳᠤ ᠳᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠳᠤᠤᠷᠠᠳᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠬᠢᠵᠢᠭᠳᠦ ᠤᠷᠤᠨ᠎ᠢ ᠪᠢᠲᠡᠭᠦᠮᠵᠢᠯᠡᠬᠦ ᠶᠠᠪᠤᠳᠠᠯ᠎ᠢ ᠬᠠᠷᠢᠭᠤᠴᠠᠭᠤᠯᠤᠨ᠎ᠠ᠃
(ᠬᠤᠶᠠᠷ) ᠰᠢᠶᠠᠨ᠎ᠤ ᠱᠠᠳᠤᠨ᠎ᠠᠴᠠ ᠳᠡᠭᠡᠭᠰᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ ᠲᠡᠷᠡ ᠳᠠᠷᠤᠢ᠎ᠳᠤ᠎ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠵᠢ ᠵᠤᠬᠢᠶᠠᠨ ᠪᠠᠶ᠋ᠢᠭᠤᠯᠵᠤ ᠪᠠᠶ᠋ᠢᠭ᠋ᠠᠳ ᠪᠢᠲᠡᠭᠦᠮᠵᠢᠯᠡᠬᠦ᠂ ᠲᠤᠰᠠᠭ᠋ᠠᠷᠯᠠᠬᠤ᠂ ᠠᠯᠠᠬᠤ᠂ ᠤᠰᠠᠳᠬᠠᠬᠤ᠂ ᠠᠷᠢᠭᠤᠳᠬᠠᠬᠤ᠂ ᠬᠤᠣᠷ ᠦᠭᠡᠶ᠋ᠢᠵᠢᠭᠦᠯᠦᠨ ᠰᠢᠢ᠍ᠳᠪᠦᠷᠢᠯᠡᠬᠦ᠂ ᠴᠠᠷᠤᠯᠲᠠ ᠵᠢᠨ
ᠪᠠᠴᠢᠮ ᠲᠠᠷᠢᠯᠭ᠎ᠠ ᠬᠢᠬᠦ ᠵᠡᠷᠭᠡ ᠠᠯᠪᠠᠳᠠᠯᠭ᠎ᠠ ᠵᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠢᠵᠢᠭ ᠡᠪᠡᠳᠴᠢᠨ᠎ᠢ ᠥᠳᠲᠡᠷ ᠲᠦᠷᠭᠡᠨ ᠠᠷᠢᠯᠭ᠋ᠠᠬᠤ ᠬᠡᠷᠡᠭᠲᠡᠢ᠃
(ᠭᠤᠷᠪᠠ) ᠪᠢᠲᠡᠭᠦᠮᠵᠢᠯᠡᠵᠦ ᠪᠠᠶ᠋ᠢᠭ᠎ᠠ ᠬᠤᠭᠤᠴᠠᠭ᠋ᠠᠨ᠎ᠳᠤ ᠬᠢᠵᠢᠭ ᠬᠠᠯᠳᠠᠪᠤᠷᠢᠯᠠᠭᠰᠠᠨ᠂ ᠬᠢᠵᠢᠭ ᠬᠠᠯᠳᠠᠪᠤᠷᠢᠯᠠᠭᠰᠠᠨ ᠰᠡᠵᠢᠭᠯᠡᠯ᠎ᠲᠠᠢ ᠪᠠ ᠠᠮᠠᠷᠬᠠᠨ ᠬᠠᠯᠳᠠᠪᠤᠷᠢᠯᠠᠬᠳᠠᠬᠤ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠬᠢᠵᠢᠭᠳᠦ ᠤᠷᠤᠨ᠎ᠠᠴᠠ ᠭᠠᠷᠭ᠋ᠠᠬᠤ ᠵᠢ ᠴᠠᠭ᠋ᠠᠵᠠᠯᠠᠵᠤ᠂ ᠬᠢᠵᠢᠭᠳᠦ ᠪᠤᠰᠤ ᠤᠷᠤᠨ᠎ᠤ ᠠᠮᠠᠷᠬᠠᠨ ᠬᠠᠯᠳᠠᠪᠤᠷᠢᠯᠠᠭᠳᠠᠬᠤ ᠠᠮᠢᠲᠠᠨ᠎ᠤ ᠬᠢᠵᠢᠭᠳᠦ ᠤᠷᠤᠨ᠎ᠳᠤ ᠤᠷᠤᠬᠤ ᠵᠢ ᠴᠠᠭ᠋ᠠᠵᠠᠯᠠᠬᠤ ᠵᠢᠨ ᠬᠠᠮᠳᠤ ᠠᠮᠢᠲᠠᠨ᠎ᠤ ᠬᠢᠵᠢᠭ ᠡᠪᠡᠳᠴᠢᠨ᠎ᠢ ᠠᠷᠢᠯᠭ᠋ᠠᠬᠤ ᠬᠡᠷᠡᠭᠴᠡᠭᠡ ᠵᠢ ᠦᠨᠳᠦᠰᠦᠯᠡᠨ ᠬᠢᠵᠢᠭᠲᠦ ᠤᠷᠤᠨ ᠵᠶ᠋ᠠᠷ ᠤᠷᠤᠵᠦ ᠭᠠᠷᠬᠤ ᠬᠦᠮᠦᠨ᠂ ᠲᠡᠭᠡᠭᠡᠪᠦᠷᠢᠯᠡᠬᠦ ᠪᠠᠭ᠋ᠠᠵᠢ ᠬᠡᠷᠡᠭᠰᠡᠯ ᠵᠢᠴᠢ ᠬᠤᠯᠪᠤᠭᠳᠠᠯ ᠪᠦᠬᠦᠢ ᠡᠳ᠋ ᠪᠤᠳᠠᠰ᠎ᠲᠤ ᠠᠷᠢᠭᠤᠳᠬᠠᠬᠤ ᠪᠤᠶᠤ ᠪᠤᠰᠤᠳ ᠬᠢᠵᠠᠭ᠋ᠠᠷᠯᠠᠬᠤ ᠴᠢᠨᠠᠷᠲᠠᠢ ᠠᠷᠭ᠎ᠠ ᠬᠡᠮᠵᠢᠶ᠎ᠡ ᠠᠪᠤᠨ᠎ᠠ᠃
ᠭᠤᠴᠢᠨ ᠬᠤᠶᠠᠳᠤᠭ᠋ᠠᠷ ᠵᠦᠢ᠍ᠯ ᠬᠤᠶᠠᠳᠤᠭ᠋ᠠᠷ ᠲᠦᠷᠦᠯ᠎ᠤᠨ ᠠᠮᠢᠲᠠᠨ᠎ᠤ ᠬᠢᠵᠢᠭ ᠡᠪᠡᠳᠴᠢᠨ ᠡᠭᠦᠰᠬᠦ ᠦᠶ᠎ᠡ᠎ᠳᠤ᠂ ᠲᠤᠤᠷ᠎ᠠ ᠵᠢᠭᠰᠠᠭ᠋ᠠᠭᠰᠠᠨ ᠬᠢᠵᠠᠭ᠋ᠠᠷᠯᠠᠬᠤ ᠪᠠ ᠠᠷᠢᠯᠭ᠋ᠠᠬᠤ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠄
(ᠨᠢᠭᠡ) ᠲᠤᠬᠠᠢ ᠵᠢᠨ ᠭᠠᠵᠠᠷ᠎ᠤᠨ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠵᠢᠭ᠎ᠤᠨ ᠴᠡᠭ᠂ ᠬᠢᠵᠢᠭᠳᠦ ᠤᠷᠤᠨ᠂ ᠰᠦᠷᠳᠡᠭᠦᠯᠦᠯ᠎ᠳᠤ ᠤᠴᠠᠷᠠᠭᠰᠠᠠ ᠤᠷᠤᠨ᠎ᠢ ᠵᠠᠭ᠋ᠠᠭᠯᠠᠨ ᠲᠤᠭᠲᠠᠭ᠋ᠠᠬᠤ ᠬᠡᠷᠡᠭᠲᠡᠢ᠃
(ᠬᠤᠶᠠᠷ) ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ ᠬᠡᠷᠡᠭᠴᠡᠭᠡ᠎ᠪᠠᠨ ᠦᠨᠳᠦᠰᠦᠯᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠵᠢ ᠵᠤᠬᠢᠶᠠᠨ ᠪᠠᠶ᠋ᠢᠭᠤᠯᠵᠤ ᠪᠠᠶ᠋ᠢᠭ᠋ᠠᠳ ᠲᠤᠰᠠᠭ᠋ᠠᠷᠯᠠᠬᠤ᠂ ᠠᠯᠠᠬᠤ᠂ ᠤᠰᠠᠳᠬᠠᠬᠤ᠂ ᠠᠷᠢᠭᠤᠳᠬᠠᠬᠤ᠂ ᠬᠤᠤᠷ ᠦᠭᠡᠶ᠋ᠢᠵᠢᠭᠦᠯᠦᠨ ᠰᠢᠢ᠍ᠳᠪᠦᠷᠢᠯᠡᠬᠦ᠂ ᠴᠠᠷᠤᠯᠲᠠ ᠵᠢᠨ ᠪᠠᠴᠢᠮ ᠲᠠᠷᠢᠯᠭ᠎ᠠ ᠬᠢᠬᠦ᠂ ᠠᠮᠠᠷᠬᠠᠨ ᠬᠠᠯᠳᠠᠪᠤᠷᠢᠯᠠᠭᠳᠠᠬᠤ ᠠᠮᠢᠲᠠᠨ ᠪᠠ ᠠᠮᠢᠲᠠᠨ᠎ᠤ ᠠᠰᠢᠭ ᠰᠢᠮ᠎ᠡ ᠵᠢᠴᠢ ᠬᠤᠯᠪᠤᠭᠳᠠᠯ ᠪᠦᠬᠦᠢ ᠡᠳ᠋ ᠪᠤᠳᠠᠰ᠎ᠢ ᠤᠷᠤᠭᠤᠯᠵᠤ ᠭᠠᠷᠭ᠋ᠠᠬᠤ ᠵᠢ ᠬᠢᠵᠠᠭ᠋ᠠᠷᠯᠠᠬᠤ ᠵᠡᠷᠭᠡ ᠬᠢᠵᠠᠭ᠋ᠠᠷᠯᠠᠬᠤ᠂ ᠠᠷᠢᠯᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠬᠢᠵᠢᠭ᠎ᠤᠨ ᠴᠡᠭ᠂ ᠬᠢᠵᠢᠭᠳᠦ ᠤᠷᠤᠨ᠂ ᠰᠦᠷᠳᠡᠭᠦᠯᠦᠯ᠎ᠳᠤ ᠤᠴᠠᠷᠠᠭᠰᠠᠨ ᠤᠷᠤᠨ ᠵᠶ᠋ᠠᠷ ᠵᠠᠭ᠋ᠠᠭᠯᠠᠨ ᠲᠣᠭᠲᠠᠭ᠋ᠠᠭᠰᠠᠨ᠎ᠢ ᠬᠦᠴᠦᠨ ᠦᠭᠡᠢ ᠪᠤᠯᠭ᠋ᠠᠬᠤ ᠪᠠ ᠬᠢᠵᠢᠭᠳᠦ ᠤᠷᠤᠨ᠎ᠤ ᠪᠢᠲᠡᠭᠦᠮᠵᠢᠯᠡᠯ᠎ᠢ ᠲᠠᠶ᠋ᠢᠯᠬᠤ᠎ᠳᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠲᠠᠭ᠋ᠠᠭᠰᠠᠨ ᠪᠠᠷᠢᠮᠵᠢᠶ᠎ᠡ ᠪᠠ ᠵᠢᠷᠤᠮ᠎ᠤᠨ ᠶᠤᠰᠤᠭ᠋ᠠᠷ ᠵᠢᠱ᠌ᠢᠯᠲᠠ ᠬᠢᠭᠰᠡᠨ᠎ᠤ ᠰᠡᠭᠦᠯᠡᠷ᠂ ᠤᠤᠯ᠎ᠤᠨ ᠰᠢᠢ᠍ᠳᠪᠤᠷᠢ ᠭᠠᠷᠭ᠋ᠠᠭᠰᠠᠨ ᠪᠠᠶ᠋ᠢᠭᠤᠯᠭ᠎ᠠ᠎ᠠᠴᠠ ᠰᠢᠢ᠍ᠳᠪᠦᠷᠢ ᠭᠠᠷᠭ᠋ᠠᠬᠤ ᠵᠢᠨ ᠬᠠᠮᠳᠤ ᠨᠡᠶ᠋ᠢᠲᠡᠯᠡᠨ᠎ᠡ᠃
ᠭᠤᠴᠢᠨ ᠳᠦᠷᠪᠡᠳᠦᠭᠡᠷ ᠵᠦᠢ᠍ᠯ ᠭᠤᠷᠪᠠᠳᠤᠭ᠋ᠠᠷ ᠲᠦᠷᠦᠯ᠎ᠤᠨ ᠬᠢᠵᠢᠭ ᠡᠪᠡᠳᠴᠢᠨ ᠡᠭᠦᠰᠬᠦ ᠦᠶ᠎ᠡ᠎ᠳᠤ᠂ ᠲᠤᠬᠠᠢ ᠵᠢᠨ ᠭᠠᠵᠠᠷ᠎ᠤᠨ ᠰᠢᠶᠠᠨ᠂ ᠰᠢᠶᠠᠩ᠎ᠤᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠰᠠᠷᠬᠡᠶ᠋ᠢᠯᠡᠨ ᠵᠠᠰᠠᠬᠤ ᠪᠠ ᠴᠡᠪᠡᠷᠰᠢᠬᠦᠯᠬᠦ ᠠᠵᠢᠯ᠎ᠢ ᠵᠤᠬᠢᠶᠠᠨ ᠪᠠᠶ᠋ᠢᠭᠤᠯᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠬᠤᠶᠠᠳᠤᠭ᠋ᠠᠷ᠂ ᠭᠤᠷᠪᠠᠳᠤᠭ᠋ᠠᠷ ᠲᠦᠷᠦᠯ᠎ᠤᠨ ᠠᠮᠢᠲᠠᠨ᠎ᠤ ᠬᠢᠵᠢᠭ ᠡᠪᠡᠳᠴᠢᠨ ᠳᠣᠯ᠎ᠬᠢᠨ ᠳᠡᠯᠭᠡᠷᠡᠭᠰᠡᠨ ᠦᠶ᠎ᠡ᠎ᠳᠤ ᠨᠢᠭᠡᠳᠦᠭᠡᠷ ᠲᠦᠷᠦᠯ᠎ᠤᠨ ᠠᠮᠢᠲᠠᠨ᠎ᠤ ᠬᠢᠵᠢᠭ ᠡᠪᠡᠳᠴᠢᠨ᠎ᠢ ᠰᠢᠢ᠍ᠳᠪᠦᠷᠢᠯᠡᠬᠦ ᠶᠤᠰᠤᠭ᠋ᠠᠷ ᠰᠢᠢ᠍ᠳᠪᠦᠷᠢᠯᠡᠨ᠎ᠠ᠃
ᠭᠤᠴᠢᠨ ᠵᠢᠷᠭᠤᠳᠤᠭ᠋ᠠᠷ ᠵᠦᠢ᠍ᠯ ᠠᠮᠢᠲᠠᠨ᠎ᠤ ᠬᠢᠵᠢᠭ ᠡᠪᠡᠳᠴᠢᠨ᠎ᠢ ᠬᠢᠵᠠᠭ᠋ᠠᠷᠯᠠᠬᠤ᠂ ᠠᠷᠢᠯᠭ᠋ᠠᠬᠤ ᠵᠢᠨ ᠲᠦᠯᠦᠭᠡ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠲᠤᠬᠠᠢ ᠵᠢᠨ ᠭᠠᠵᠠᠷ᠎ᠤᠨ ᠬᠠᠤᠯᠢ ᠶᠤᠰᠤᠭ᠋ᠠᠷ ᠪᠠᠶ᠋ᠢᠭᠤᠯᠤᠭᠰᠠᠨ ᠤᠳᠤ ᠪᠠᠶ᠋ᠢᠭ᠎ᠠ ᠪᠠᠶ᠋ᠢᠴᠠᠭ᠋ᠠᠬᠤ ᠦᠷᠳᠡᠭᠡᠨ᠎ᠳᠤ ᠬᠦᠮᠦᠨ ᠲᠤᠮᠢᠯᠡᠨ ᠬᠢᠨᠠᠨ ᠪᠠᠶ᠋ᠢᠴᠠᠭ᠋ᠠᠬᠤ ᠡᠭᠦᠷᠭᠡ ᠬᠦᠢ᠍ᠴᠡᠳᠬᠡᠭᠦᠯᠬᠦ ᠬᠡᠷᠡᠭᠲᠡᠢ; ᠴᠢᠬᠤᠯᠠᠲᠠᠢ ᠦᠶ᠎ᠡ᠎ᠳᠤ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠠᠷᠡᠭᠦᠯᠦᠭᠡᠳ ᠠᠮᠢᠲᠠᠨ᠎ᠤ ᠡᠷᠡᠭᠦᠯ ᠬᠠᠮᠠᠭ᠋ᠠᠯᠠᠯ᠎ᠢ ᠬᠢᠨᠠᠨ ᠪᠠᠶ᠋ᠢᠴᠠᠭ᠋ᠠᠬᠤ ᠲᠦᠷ ᠴᠠᠭ᠎ᠤᠨ ᠦᠷᠳᠡᠭᠡ ᠪᠠᠶ᠋ᠢᠭᠤᠯᠵᠤ᠂ ᠬᠢᠨᠠᠨ ᠪᠠᠶ᠋ᠢᠴᠠᠭ᠋ᠠᠬᠤ ᠡᠭᠦᠷᠭᠡ ᠵᠢ ᠭᠦᠢ᠍ᠴᠡᠳᠬᠡᠵᠦ ᠪᠤᠯᠤᠨ᠎ᠠ᠃
ᠭᠤᠴᠢᠨ ᠳᠤᠯᠤᠳᠤᠭ᠋ᠠᠷ ᠵᠦᠢ᠍ᠯ ᠬᠦᠮᠦᠨ ᠮᠠᠯ᠎ᠳᠤ ᠪᠦᠷ ᠬᠠᠯᠳᠠᠪᠤᠷᠢᠯᠠᠳᠠᠭ ᠬᠠᠯᠳᠠᠪᠤᠷᠢᠳᠤ ᠡᠪᠡᠳᠴᠢᠨ ᠡᠭᠦᠰᠬᠦ ᠦᠶ᠎ᠡ᠎ᠳᠤ᠂ ᠡᠷᠡᠭᠦᠯ ᠬᠠᠮᠠᠭ᠋ᠠᠯᠠᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠵᠢᠭᠳᠦ ᠤᠷᠤᠨ᠎ᠳᠠᠬᠢ ᠠᠮᠠᠷᠬᠠᠨ ᠬᠠᠯᠳᠠᠪᠤᠷᠢᠯᠠᠭᠳᠠᠬᠤ ᠬᠦᠮᠦᠰ᠎ᠲᠤ ᠬᠢᠨᠠᠨ ᠬᠡᠮᠵᠢᠯᠲᠡ ᠬᠢᠬᠦ ᠠᠵᠢᠯ᠎ᠢ ᠵᠤᠬᠢᠶᠠᠨ ᠪᠠᠶ᠋ᠢᠭᠤᠯᠬᠤ ᠵᠢᠨ ᠬᠠᠮᠳᠤ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠨᠠᠢ᠍ᠮᠠᠳᠤᠭ᠋ᠠᠷ ᠵᠦᠢ᠍ᠯ ᠬᠢᠵᠢᠭᠳᠦ ᠤᠷᠤᠨ᠎ᠳᠠᠬᠢ ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠲᠡᠬᠦᠨ᠎ᠤ ᠮᠡᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠬᠠᠤᠯᠢ ᠶᠤᠰᠤᠭ᠋ᠠᠷ ᠲᠤᠭᠲᠠᠭ᠋ᠠᠭᠰᠠᠨ ᠠᠮᠢᠲᠠᠨ᠎ᠤ ᠬᠢᠵᠢᠭ ᠡᠪᠡᠳᠴᠢᠨ᠎ᠢ ᠬᠢᠵᠠᠭ᠋ᠠᠷᠯᠠᠬᠤ᠂ ᠠᠷᠢᠯᠭ᠋ᠠᠬᠤ ᠬᠤᠯᠪᠤᠭᠳᠠᠯ ᠪᠦᠬᠦᠢ ᠲᠤᠭᠲᠠᠭ᠋ᠠᠯ᠎ᠢ ᠵᠢᠷᠤᠮᠯᠠᠬᠤ ᠬᠡᠷᠡᠭᠲᠡᠢ᠍ᠶᠠᠮᠠᠷᠪᠠ ᠨᠢᠭᠡᠴᠢ ᠪᠠ ᠬᠤᠪᠢ ᠬᠦᠮᠦᠨ ᠨᠢᠭᠡᠨᠲᠡ ᠬᠠᠤᠯᠢ ᠶᠤᠰᠤᠭ᠋ᠠᠷ ᠲᠤᠰᠠᠭ᠋ᠠᠷᠯᠠᠭᠰᠠᠨ᠂ ᠪᠢᠲᠡᠭᠦᠮᠵᠢᠯᠡᠭᠰᠡᠨ᠂ ᠰᠢᠢ᠍ᠳᠪᠦᠷᠢᠯᠡᠭᠰᠡᠨ ᠠᠮᠢᠲᠠᠨ ᠪᠠ ᠠᠮᠢᠲᠠᠨ᠎ᠤ ᠠᠰᠢᠭ ᠰᠢᠮ᠎ᠡ ᠵᠢ ᠨᠢᠭᠤᠵᠤ ᠳᠠᠯᠳᠠᠯᠠᠬᠤ᠂ ᠰᠢᠯᠵᠢᠭᠦᠯᠬᠦ ᠪᠠ ᠬᠤᠯᠠᠭ᠋ᠠᠶ᠋ᠢᠯᠠᠨ ᠮᠠᠯᠲᠠᠵᠤ ᠪᠣᠯᠬᠤ ᠦᠭᠡᠢ᠃
ᠭᠤᠴᠢ ᠶᠢᠰᠦᠳᠦᠭᠡᠷ ᠵᠦᠢ᠍ᠯ ᠠᠮᠢᠲᠠᠨ᠎ᠤ ᠬᠢᠵᠢᠭ᠎ᠤᠨ ᠪᠠᠶ᠋ᠢᠳᠠᠯ ᠭᠠᠷᠬᠤ ᠦᠶ᠎ᠡ᠎ᠳᠤ᠂ ᠠᠭ᠋ᠠᠷ᠎ᠤᠨ ᠠᠶᠠᠯᠠᠯ᠂
ᠲᠡᠮᠦᠷ ᠵᠠᠮ᠂ ᠵᠠᠰᠠᠮᠠᠯ ᠵᠠᠮ᠂ ᠤᠰᠤᠨ ᠵᠠᠮ ᠵᠡᠷᠭᠡ ᠲᠡᠭᠡᠭᠡᠪᠦᠷᠢ ᠵᠢᠨ ᠰᠠᠯᠠᠭ᠎ᠠ ᠮᠦᠴᠢᠷ᠎ᠤᠳ ᠬᠢᠵᠢᠭ ᠡᠪᠡᠳᠴᠢᠨ᠎ᠢ ᠬᠢᠵᠠᠭ᠋ᠠᠷᠯᠠᠬᠤ᠂ ᠠᠷᠢᠯᠭ᠋ᠠᠬᠤ ᠠᠵᠢᠯᠳᠡᠨ ᠪᠠ ᠬᠤᠯᠪᠤᠭᠳᠠᠯ ᠪᠦᠬᠦᠢ ᠡᠳ᠋ ᠪᠤᠳᠠᠰ᠎ᠢ ᠲᠡᠭᠡᠭᠡᠪᠦᠷᠢᠯᠡᠨ ᠬᠦᠷᠭᠡᠬᠦ ᠠᠵᠢᠯ᠎ᠢ ᠡ᠊ᠩ ᠲᠡᠷᠢᠭᠦᠨ᠎ᠳᠤ ᠵᠣᠬᠢᠶᠠᠨ ᠪᠠᠶ᠋ᠢᠭᠤᠯᠬᠤ ᠬᠡᠷᠡᠭᠲᠡᠢ᠃
ᠳᠦᠴᠢᠳᠦᠭᠡᠷ ᠵᠦᠢ᠍ᠯ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠲᠦᠷᠦᠯ᠎ᠤᠨ ᠠᠮᠢᠲᠠᠨ᠎ᠤ ᠬᠢᠵᠢᠭ ᠡᠪᠡᠳᠴᠢᠨ ᠬᠡᠨᠡᠳᠳᠡ ᠡᠭᠦᠰᠴᠦ᠂ ᠮᠠᠰᠢ ᠲᠦᠷᠬᠡᠨ ᠳᠠᠷᠬᠠᠭ᠋ᠠᠳ ᠳᠡᠵᠢᠭᠡᠨ ᠦᠷᠡᠵᠢᠬᠦᠯᠬᠦ ᠦᠢ᠍ᠯᠡᠰ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠳᠤ ᠬᠦᠨᠳᠦ ᠨᠤᠴᠢᠳᠠᠢ ᠰᠦᠷᠳᠡᠭᠦᠯᠦᠯ᠂ ᠬᠤᠤᠷ ᠬᠦᠨᠦᠭᠡᠯ ᠤᠴᠠᠷᠠᠭᠤᠯᠤᠭᠰᠠᠨ᠂ ᠴᠢᠨᠠᠭᠰᠢᠯᠠᠪᠠᠯ ᠤᠯᠠᠨ ᠨᠡᠶ᠋ᠢᠳᠡ ᠵᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠳᠤ ᠬᠤᠤᠷ ᠬᠦᠨᠦᠬᠡᠯ ᠤᠴᠠᠷᠠᠭᠤᠯᠵᠦ ᠮᠡᠳᠡᠬᠦ ᠬᠦᠨᠳᠦ ᠶᠡᠭᠡ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠪᠣᠢ ᠪᠣᠯᠭ᠋ᠠᠭᠰᠠᠨ ᠪᠠᠶ᠋ᠢᠪᠠᠯ᠂ ᠬᠠᠤᠯᠢ ᠴᠠᠭ᠋ᠠᠵᠠ ᠪᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠯ ᠶᠤᠰᠤᠭ᠋ᠠᠷ ᠪᠠᠴᠢᠮ ᠠᠷᠭ᠋ᠠᠴᠠᠬᠤ ᠠᠷᠭ᠎ᠠ ᠬᠡᠮᠵᠢᠶ᠎ᠡ ᠠᠪᠤᠨ᠎ᠠ᠃
ᠲᠠᠪᠤᠳᠤᠭ᠋ᠠᠷ ᠪᠦᠯᠦᠭ ᠠᠮᠢᠲᠠᠨ ᠪᠠ ᠠᠮᠢᠲᠠᠨ᠎ᠤ ᠠᠰᠢᠬ ᠰᠢᠮ᠎ᠠ ᠵᠢᠨ ᠬᠢᠵᠢᠭ᠎ᠢ ᠪᠠᠶ᠋ᠢᠴᠠᠭ᠋ᠠᠬᠤ
ᠳᠦᠴᠢᠨ ᠨᠢᠭᠡᠳᠦᠭᠡᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠳᠠᠯᠪᠢᠬᠤ ᠪᠠᠶ᠋ᠢᠭᠤᠯᠤᠮᠵᠢ ᠲᠤᠰ ᠬᠠᠤᠯᠢ ᠪᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠠᠮᠢᠲᠠᠨ ᠪᠠ ᠠᠮᠢᠲᠠᠨ᠎ᠤ ᠠᠰᠢᠭ ᠰᠢᠮᠡᠳᠤ ᠬᠢᠵᠢᠭ᠎ᠤᠨ ᠪᠠᠶ᠋ᠢᠴᠠᠭ᠋ᠠᠯᠲᠠ ᠬᠢᠨ᠎ᠠ ᠊ᠠᠮᠢᠲᠠᠨᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠠᠯᠪᠠᠨ᠎ᠤ ᠮᠠᠯ᠎ᠤᠨ ᠡᠮᠴᠢ ᠠᠮᠢᠲᠠᠨ ᠪᠠ ᠠᠮᠢᠲᠠᠨ᠎ᠤ ᠠᠰᠢᠭ ᠰᠢᠮᠡᠳᠤ ᠪᠤᠳᠠᠳᠠᠢ ᠬᠢᠵᠢᠭ᠎ᠤᠨ ᠪᠠᠶ᠋ᠢᠴᠠᠭ᠋ᠠᠯᠲᠠ ᠬᠢᠨ᠎ᠠ ᠊ᠠᠯᠪᠠᠨᠤ ᠮᠠᠯ᠎ᠤᠨ ᠡᠮᠴᠢ᠎ᠨᠢ ᠲᠤᠭᠲᠠᠭ᠋ᠠᠭᠰᠠᠨ ᠬᠢᠷᠢ ᠬᠡᠮ᠎ᠤᠨ ᠨᠦᠭᠦᠴᠡᠯ᠎ᠢ ᠪᠦᠷᠢᠳᠦᠭᠦᠯᠵᠦ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠤᠯᠭᠤᠬᠤ ᠬᠢᠷᠢ ᠬᠡᠮ᠎ᠤᠨ ᠦᠨᠡᠮᠯᠡᠯ᠎ᠢ ᠤᠯᠤᠭᠰᠠᠨ ᠪᠠᠶ᠋ᠢᠬᠤ ᠬᠡᠷᠡᠭᠲᠡᠢ᠂ ᠪᠤᠳᠠᠳᠠᠢ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠵᠢᠯᠲᠠᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠠᠢ ᠬᠠᠮᠳᠤᠷᠠᠵᠤ ᠲᠤᠭᠲᠠᠭ᠋ᠠᠨ᠎ᠠ ᠳ᠋ᠤᠰ ᠬᠠᠤᠯᠢ᠎ᠳᠤ ᠬᠡᠯᠡᠵᠦ ᠪᠠᠶ᠋ᠢᠭ᠎ᠠ ᠠᠯᠪᠠᠨ᠎ᠤ ᠮᠠᠯ᠎ᠤᠨ ᠡᠮᠴᠢ ᠭᠡᠳᠡᠭ᠎ᠨᠢ ᠲᠤᠭᠲᠠᠭ᠋ᠠᠭᠰᠠᠨ ᠬᠢᠷᠢ ᠬᠡᠮ᠎ᠤᠨ ᠨᠦᠭᠦᠴᠡᠯ᠎ᠢ ᠪᠦᠷᠢᠳᠦᠭᠦᠯᠦᠭᠰᠡᠨ ᠪᠦᠭᠡᠳ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠮᠢᠯᠠᠭᠰᠠᠨ᠂ ᠬᠢᠵᠢᠭ᠎ᠤᠨ ᠪᠠᠶ᠋ᠢᠴᠠᠭ᠋ᠠᠯᠲᠠ ᠵᠡᠷᠭᠡ ᠵᠢᠨ ᠭᠡᠷᠡᠴᠢᠯᠡᠯ ᠬᠢᠵᠦ ᠦᠭᠬᠦ ᠠᠵᠢᠯ᠎ᠢ ᠬᠠᠷᠢᠭᠤᠴᠠᠬᠤ ᠤᠯᠤᠰ᠎ᠤᠨ ᠮᠠᠯ ᠡᠮᠨᠡᠯᠭᠡ ᠵᠢᠨ ᠠᠵᠢᠯᠳᠠᠨ᠎ᠢ ᠵᠢᠭ᠋ᠠᠵᠤ ᠪᠠᠶ᠋ᠢᠨ᠎ᠠ᠃
ᠳᠦᠴᠢᠨ ᠬᠤᠶᠠᠳᠤᠭ᠋ᠠᠷ ᠵᠦᠢ᠍ᠯ ᠠᠮᠢᠲᠠᠨ᠎ᠢ ᠨᠢᠳᠤᠯᠬᠤ᠂ ᠬᠤᠳᠠᠯᠳᠤᠬᠤ ᠪᠠ ᠲᠡᠭᠡᠭᠡᠪᠦᠷᠢᠯᠡᠬᠦ ᠵᠢᠴᠢ ᠠᠮᠢᠲᠠᠨ᠎ᠤ ᠠᠰᠢᠭ ᠰᠢᠮ᠎ᠡ ᠵᠢ ᠬᠤᠳᠠᠯᠳᠤᠬᠤ ᠪᠠ ᠲᠡᠭᠡᠭᠡᠪᠦᠷᠢᠯᠡᠬᠦ᠎ᠠᠴᠠ ᠡᠮᠦᠨ᠎ᠡ᠂ ᠪᠠᠷᠠᠭ᠋ᠠᠨ᠎ᠤ ᠡᠵᠡᠨ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠲᠤᠬᠠᠢ ᠵᠢᠨ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠡᠯᠲᠠ ᠲᠠᠯᠪᠢᠬᠤ ᠪᠠᠶ᠋ᠢᠭᠤᠯᠤᠮᠵᠢ᠎ᠳᠤ ᠬᠢᠵᠢᠭ᠎ᠤᠨ ᠪᠠᠶ᠋ᠢᠴᠠᠭ᠋ᠠᠯᠲᠠ ᠬᠢᠯᠬᠡᠬᠦ᠎ᠪᠠᠷ ᠮᠡᠳᠡᠭᠦᠯᠬᠦ ᠬᠡᠷᠡᠭᠲᠡᠢ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠡᠯᠲᠠ ᠲᠠᠯᠪᠢᠬᠤ ᠪᠠᠶ᠋ᠢᠭᠤᠯᠤᠮᠵᠢ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ ᠮᠡᠳᠡᠭᠦᠯᠦᠯᠲᠡ ᠵᠢ ᠤᠯᠤᠭᠰᠠᠨ᠎ᠤ ᠳᠠᠷᠠᠭ᠎ᠠ᠂ ᠴᠠᠭ ᠲᠤᠬᠠᠢᠳᠤᠨᠢ ᠠᠯᠪᠠᠨ᠎ᠤ ᠮᠠᠯ᠎ᠤᠨ ᠡᠮᠴᠢ ᠵᠢ ᠲᠤᠮᠢᠯᠠᠵᠤ ᠠᠮᠢᠲᠠᠨ᠂ ᠠᠮᠢᠲᠠᠨ᠎ᠤ ᠠᠰᠢᠭ ᠰᠢᠮᠡᠳᠤ ᠲᠤᠬᠠᠢ ᠵᠢᠨ ᠲᠠᠯᠠᠪᠤᠷᠲᠤᠨᠢ ᠬᠢᠵᠢᠭ᠎ᠤᠨ ᠪᠠᠶ᠋ᠢᠴᠠᠭ᠋ᠠᠯᠲᠠ ᠬᠢᠬᠦ ᠬᠡᠷᠡᠭᠲᠡᠢ; ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠳᠡᠩᠴᠡᠪᠠᠯ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ ᠬᠢᠵᠦ ᠦᠭᠬᠦᠭᠡᠳ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠡᠮᠳᠡᠭ ᠲᠠᠯᠪᠢᠨ᠎ᠠ ᠳ᠋ᠤᠬᠠᠢ ᠵᠢᠨ ᠲᠠᠯᠠᠪᠤᠷᠲᠤᠨᠢ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠠᠯᠪᠠᠨ᠎ᠤ ᠮᠠᠯ᠎ᠤᠨ ᠡᠮᠴᠢ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠡᠮᠳᠡᠭ ᠳᠡᠭᠡᠷ᠎ᠡ ᠭᠠᠷᠤᠨ ᠦᠰᠦᠭ ᠵᠢᠷᠤᠬᠤ ᠪᠤᠶᠤ ᠳᠠᠮᠠᠭ᠎ᠠ ᠳᠠᠷᠤᠬᠤ ᠵᠢᠨ ᠬᠠᠮᠳᠤ ᠬᠢᠵᠢᠭ᠎ᠤᠨ ᠪᠠᠶ᠋ᠢᠴᠠᠭ᠋ᠠᠯᠲᠠ ᠵᠢᠨ ᠳ᠋ᠦᠩ᠎ᠳᠤ ᠬᠠᠷᠢᠭᠤᠴᠠᠬᠤ ᠬᠡᠷᠡᠭᠲᠡᠢ᠃
ᠳᠦᠴᠢᠨ ᠭᠤᠷᠪᠠᠳᠤᠭ᠋ᠠᠷ ᠵᠦᠢ᠍ᠯ ᠨᠢᠳᠤᠯᠬᠤ᠂ ᠡᠵᠡᠩᠨᠡᠬᠦ᠂ ᠳᠡᠭᠡᠭᠡᠪᠦᠷᠢᠯᠡᠬᠦ ᠵᠢᠴᠢ ᠦᠵᠡᠭᠦᠯᠦᠯᠭᠡ᠂ ᠲᠤᠭᠯᠠᠯᠲᠠ ᠪᠠ ᠤᠷᠤᠯᠳᠤᠭ᠋ᠠᠨ᠎ᠳᠤ ᠤᠷᠤᠯᠴᠠᠬᠤ ᠠᠮᠢᠲᠠᠨ᠎ᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠬᠡᠷᠡᠴᠢᠯᠡᠯ ᠲᠠᠭ᠋ᠠᠯᠳᠤᠭᠤᠯᠤᠭᠰᠠᠨ ᠪᠠᠶ᠋ᠢᠬᠤ ᠬᠡᠷᠡᠭᠲᠡᠢ; ᠡᠵᠡᠩᠨᠡᠬᠦ ᠪᠠ ᠳᠡᠭᠡᠭᠡᠪᠦᠷᠢᠯᠡᠬᠦ ᠠᠮᠢᠲᠠᠨ᠎ᠤ ᠠᠰᠢᠭ ᠰᠢᠮᠡᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠬᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠡᠮᠳᠡᠭ ᠲᠠᠭ᠋ᠠᠯᠳᠤᠭᠤᠯᠤᠭᠰᠠᠨ ᠪᠠᠶ᠋ᠢᠬᠤ ᠬᠡᠷᠡᠭᠲᠡᠢ᠍ᠡᠮᠦᠨᠠᠬᠢ ᠪᠠᠳᠠᠭ᠎ᠲᠤ ᠳᠤᠭᠳᠠᠭ᠋ᠠᠭᠰᠠᠨ ᠠᠮᠢᠲᠠᠨ᠂ ᠠᠮᠢᠲᠠᠨ᠎ᠤ ᠠᠰᠢᠭ ᠰᠢᠮ᠎ᠡ ᠵᠢᠨ ᠲᠤᠬᠠᠢ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠠᠯ᠂ ᠬᠢᠵᠢᠭ᠎ᠤᠨ ᠪᠠᠶ᠋ᠢᠴᠠᠭ᠋ᠠᠯᠲᠠ ᠭᠢᠭᠰᠡᠨ ᠳᠡᠮᠳᠡᠭ᠎ᠢ ᠪᠠᠶ᠋ᠢᠴᠠᠭ᠋ᠠᠨ ᠰᠢᠯᠭ᠋ᠠᠵᠤ᠂ ᠬᠢᠨᠠᠯᠲᠠ ᠲᠠᠯᠪᠢᠵᠤ ᠰᠤᠭᠤᠯᠤᠨ ᠪᠠᠶ᠋ᠢᠴᠠᠭ᠋ᠠᠵᠤ ᠪᠤᠯᠤᠨ᠎ᠠ᠂ ᠭᠡᠬᠦ᠎ᠳᠡᠭᠡᠨ ᠳᠠᠪᠬᠤᠷᠳᠠᠭᠤᠯᠤᠨ ᠬᠢᠵᠢᠭ᠎ᠤᠨ ᠪᠠᠶ᠋ᠢᠴᠠᠭ᠋ᠠᠯᠲᠠ ᠬᠢᠵᠦ ᠰᠦᠢ᠍ᠳᠬᠡᠯ ᠬᠤᠷᠢᠶᠠᠵᠤ ᠪᠤᠯᠬᠤ ᠦᠭᠡᠢ᠃
ᠳᠦᠴᠢᠨ ᠳᠦᠷᠪᠡᠳᠦᠭᠡᠷ ᠵᠦᠢ᠍ᠯ ᠠᠮᠢᠲᠠᠨ ᠪᠠ ᠠᠮᠢᠳᠠᠨ᠎ᠤ ᠠᠰᠢᠭ ᠰᠢᠮ᠎ᠡ ᠵᠢ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ᠂ ᠠᠭ᠋ᠠᠷ ᠵᠶ᠋ᠠᠷ ᠲᠡᠭᠡᠭᠡᠪᠦᠷᠢᠯᠡᠬᠦ᠎ᠳᠤ ᠬᠦᠷᠪᠡᠯ᠂ ᠨᠠᠶ᠋ᠢᠳᠠᠨ ᠲᠡᠭᠡᠭᠡᠪᠦᠷᠢᠯᠡᠭᠦᠯᠦᠭᠴᠢ ᠲᠡᠭᠡᠭᠡᠪᠦᠷᠢᠯᠡᠭᠦᠯᠬᠦ ᠦᠶ᠎ᠡ᠎ᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠬᠡᠷᠡᠴᠢᠯᠡᠯ ᠬᠠᠩᠭ᠋ᠠᠬᠤ ᠬᠡᠷᠡᠭᠲᠡᠢ; ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ ᠦᠭᠡᠢ ᠪᠣᠯ᠂ ᠳᠠᠭ᠋ᠠᠭ᠋ᠠᠨ ᠲᠡᠭᠡᠭᠡᠪᠦᠷᠢᠯᠡᠭᠴᠢ ᠳᠠᠭ᠋ᠠᠭ᠋ᠠᠨ ᠲᠡᠭᠡᠭᠡᠪᠦᠷᠢᠯᠡᠵᠦ ᠪᠤᠯᠬᠤ ᠦᠭᠡᠢ᠃ ᠠᠴᠢᠶᠠᠯᠠᠬᠤ᠎ᠠᠴᠠ ᠡᠮᠦᠨ᠎ᠡ ᠪᠤᠶᠤ ᠠᠴᠢᠶ᠎ᠠ ᠪᠠᠭᠤᠯᠭ᠋ᠠᠭᠰᠠᠨ᠎ᠤ ᠳᠠᠷᠠᠭ᠎ᠠ ᠲᠡᠭᠡᠭᠡᠪᠦᠷᠢᠯᠡᠬᠦ ᠪᠠᠭ᠋ᠠᠵᠢ ᠬᠡᠷᠡᠭᠰᠡᠯ᠎ᠢ ᠴᠠᠭ ᠲᠤᠬᠠᠢᠳᠤᠨᠢ ᠤᠬᠢᠶᠠᠨ ᠴᠡᠪᠡᠷᠯᠡᠵᠤ᠂ ᠠᠷᠢᠭᠤᠳᠬᠠᠬᠤ ᠬᠡᠷᠡᠭᠲᠡᠢ᠃
ᠳᠦᠴᠢᠨ ᠲᠠᠪᠤᠳᠤᠭ᠋ᠠᠷ ᠵᠦᠢ᠍ᠯ ᠲᠤᠭᠳᠠᠭ᠋ᠠᠭᠰᠠᠨ ᠠᠮᠢᠲᠠᠨ᠎ᠤ ᠬᠢᠵᠢᠭ ᠡᠪᠡᠳᠴᠢᠨ ᠦᠭᠡᠢ ᠤᠷᠤᠨ᠎ᠳᠤ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠲᠡᠭᠡᠭᠡᠪᠦᠷᠢᠯᠡᠨ ᠤᠷᠤᠭᠤᠯᠬᠤ ᠦᠶ᠎ᠠ᠎ᠳᠤ᠂ ᠪᠠᠷᠠᠭ᠋ᠠᠨ᠎ᠤ ᠡᠵᠡᠨ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠲᠤᠭᠳᠠᠭ᠋ᠠᠭᠰᠠᠨ ᠠᠮᠢᠲᠠᠨ᠎ᠤ ᠬᠢᠵᠢᠭ ᠡᠪᠡᠳᠴᠢᠨ ᠦᠭᠡᠢ ᠤᠷᠤᠨ᠎ᠤ ᠪᠠᠶ᠋ᠢᠭ᠎ᠠ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠳᠤ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ᠎ᠪᠠᠷ ᠮᠡᠳᠡᠭᠦᠯᠬᠦ ᠬᠡᠷᠡᠭᠲᠡᠢ᠂ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠳᠡᠩᠴᠡᠪᠡᠯ ᠰᠠᠶᠢ ᠤᠷᠤᠭᠤᠯᠵᠤ ᠪᠤᠯᠤᠨ᠎ᠠ; ᠬᠢᠵᠢᠭ᠎ᠤᠨ ᠪᠠᠶ᠋ᠢᠴᠠᠭ᠋ᠠᠯᠲᠠ᠎ᠳᠤ ᠬᠡᠷᠡᠭᠰᠡᠬᠦ ᠵᠠᠷᠤᠳᠡᠯᠢ ᠲᠤᠭᠳᠠᠭ᠋ᠠᠭᠰᠠᠨ ᠠᠮᠢᠲᠠᠨ᠎ᠤ ᠬᠢᠵᠢᠭ ᠡᠪᠡᠳᠴᠢᠨ ᠦᠭᠡᠢ ᠤᠷᠤᠨ᠎ᠤ ᠪᠠᠶ᠋ᠢᠭ᠎ᠠ ᠭᠠᠵᠠᠷ᠎ᠤᠨ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠡᠳ᠋᠎ᠤᠨ ᠵᠠᠰᠠᠭ᠎ᠤᠨ ᠲᠦᠰᠦᠪ᠎ᠲᠤ ᠤᠷᠤᠭᠤᠯᠤᠨ᠎ᠠ᠃
ᠳᠦᠴᠢᠨ ᠵᠢᠷᠭᠤᠳᠤᠭ᠋ᠠᠷ ᠵᠦᠢ᠍ᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠨ ᠰᠠᠭ᠋ᠠᠯᠢ ᠵᠢᠨ ᠠᠮᠢᠲᠠᠨ᠂ ᠡᠭᠦᠯᠳᠡᠷ᠎ᠤᠨ ᠠᠮᠢᠲᠠᠨ ᠵᠢᠴᠢ ᠲᠡᠭᠦᠨ᠎ᠤ ᠦᠷ᠎ᠡ ᠵᠢᠨ ᠰᠢᠩᠭᠡᠨ᠂ ᠬᠦᠪᠦᠷᠡᠯ᠂ ᠦᠷ᠎ᠡ ᠵᠢᠨ ᠦᠨᠳᠡᠭᠡ ᠵᠢ ᠤᠷᠤᠭᠤᠯᠬᠤ᠎ᠳᠤ᠂ ᠲᠡᠭᠡᠭᠡᠪᠦᠷᠢᠯᠡᠨ ᠤᠷᠤᠭᠤᠯᠬᠤ ᠭᠠᠵᠠᠷ᠎ᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠳᠤ ᠬᠢᠨᠠᠨ ᠵᠦᠪᠰᠢᠶᠡᠷᠡᠭᠦᠯᠬᠦ ᠭᠠᠷ ᠭᠦᠢ᠍ᠴᠡᠳᠬᠡᠯ ᠬᠢᠯᠭᠡᠬᠦ᠎ᠪᠠᠷ ᠭᠤᠶᠤᠴᠢᠯᠠᠯ ᠭᠠᠷᠭ᠋ᠠᠬᠤ ᠵᠢᠨ ᠬᠠᠮᠳᠤ ᠲᠤᠰ ᠬᠠᠤᠯᠢ ᠵᠢᠨ ᠳᠦᠴᠢᠨ ᠬᠤᠶᠠᠳᠤᠭ᠋ᠠᠷ ᠵᠦᠢ᠍ᠯ᠎ᠤᠨ ᠳᠤᠭᠳᠠᠭ᠋ᠠᠯ ᠶᠤᠰᠤᠭ᠋ᠠᠷ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠬᠡᠷᠡᠴᠢᠯᠡᠯ ᠣᠯᠬᠤ ᠬᠡᠷᠡᠭᠲᠡᠢ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠨ ᠤᠷᠤᠭᠤᠯᠤᠭᠰᠠᠨ ᠰᠠᠭ᠋ᠠᠯᠢ ᠵᠢᠨ ᠠᠮᠢᠲᠠᠨ᠂ ᠡᠭᠦᠯᠳᠡᠷ᠎ᠤᠨ ᠠᠮᠢᠲᠠᠨ᠎ᠢ ᠲᠡᠭᠡᠭᠡᠪᠦᠷᠢᠯᠡᠨ ᠤᠷᠤᠭᠤᠯᠬᠤ ᠭᠠᠵᠠᠷ᠎ᠲᠤ ᠬᠦᠷᠭᠡᠭᠰᠡᠨ᠎ᠤ ᠳᠠᠷᠠᠭ᠎ᠠ᠂ ᠪᠠᠷᠠᠭ᠋ᠠᠨ᠎ᠤ ᠡᠵᠡᠨ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ᠂ ᠤᠷᠤᠭᠤᠯᠵᠤ ᠠᠪᠴᠢᠷᠠᠭᠰᠠᠨ ᠰᠠᠭ᠋ᠠᠯᠢ ᠵᠢᠨ ᠠᠮᠢᠲᠠᠨ᠂ ᠡᠭᠦᠯᠳᠡᠷ᠎ᠤᠨ ᠠᠮᠢᠲᠠᠨ᠎ᠢ ᠲᠤᠰᠠᠭ᠋ᠠᠷᠯᠠᠨ ᠠᠵᠢᠭᠯᠠᠵᠤ ᠪᠠᠶ᠋ᠢᠴᠠᠭ᠋ᠠᠬᠤ ᠬᠡᠷᠡᠭᠲᠡᠢ᠃
ᠳᠦᠴᠢᠨ ᠳᠣᠯᠤᠳᠤᠭ᠋ᠠᠷ ᠵᠦᠢ᠍ᠯ ᠠᠩᠨᠠᠵᠤ ᠪᠠᠷᠢᠭᠰᠠᠨ ᠠᠮᠢᠲᠠᠨ᠎ᠤ ᠬᠢᠵᠢᠭ ᠡᠪᠡᠳᠴᠢᠨ᠎ᠢ ᠲᠠᠷᠬᠠᠭ᠋ᠠᠵᠤ ᠮᠡᠳᠡᠬᠦ ᠬᠡᠭᠡᠷ᠎ᠡ ᠵᠢᠨ ᠠᠮᠢᠲᠠᠨ᠎ᠢ ᠪᠣᠯ ᠠᠩᠨᠠᠵᠤ ᠪᠠᠷᠢᠭᠰᠠᠨ ᠭᠠᠵᠠᠷ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠳᠤ ᠮᠡᠳᠡᠭᠦᠯᠦᠨ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ ᠬᠡᠷᠡᠭᠲᠡᠢ᠂ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠲᠡᠩᠴᠡᠪᠡᠯ ᠰᠠᠶᠢ ᠲᠡᠵᠢᠭᠡᠵᠦ᠂ ᠡᠵᠡᠩᠨᠡᠵᠤ᠂ ᠲᠡᠭᠡᠭᠡᠪᠦᠷᠢᠯᠡᠵᠦ ᠪᠣᠯᠤᠨ᠎ᠠ᠃
ᠳᠦᠴᠢᠨ ᠨᠠᠢ᠍ᠮᠠᠳᠤᠭ᠋ᠠᠷ ᠵᠦᠢ᠍ᠯ ᠪᠠᠷᠠᠭ᠋ᠠᠠᠤ ᠡᠵᠡᠨ᠎ᠨᠢ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠳᠡᠩᠴᠡᠭᠰᠡᠨ ᠦᠭᠡᠢ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠬᠢᠨᠠᠯᠲᠠ ᠳᠤᠤᠷ᠎ᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠰᠢᠢ᠍ᠳᠪᠦᠷᠢᠯᠡᠬᠦ ᠬᠡᠷᠡᠭᠲᠡᠢ᠂ ᠰᠢᠢ᠍ᠳᠪᠦᠷᠢᠯᠡᠬᠦ ᠵᠠᠷᠤᠳᠡᠯᠢ ᠪᠠᠷᠠᠭ᠋ᠠᠨ᠎ᠤ ᠡᠵᠡᠨ ᠡᠭᠦᠷᠭᠡᠯᠡᠨ᠎ᠡ᠃
ᠳᠦᠴᠢ ᠶᠢᠰᠦᠳᠦᠭᠡᠷ ᠵᠦᠢ᠍ᠯ ᠬᠠᠤᠯᠢ ᠶᠤᠰᠤᠭ᠋ᠠᠷ ᠬᠢᠵᠢᠭ᠎ᠤᠨ ᠪᠠᠶ᠋ᠢᠴᠠᠭ᠋ᠠᠯᠲᠠ ᠬᠢᠬᠦ᠎ᠳᠤ ᠰᠦᠢ᠍ᠳᠬᠡᠯ ᠬᠤᠷᠢᠶᠠᠬᠤ ᠴᠢᠬᠤᠯᠠᠲᠠᠢ ᠪᠠᠶ᠋ᠢᠪᠠᠯ᠂ ᠲᠡᠭᠦᠨ᠎ᠤ ᠵᠦᠢ᠍ᠯᠡᠰ ᠪᠠ ᠪᠠᠷᠢᠮᠵᠢᠶ᠎ᠡ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠂ ᠪᠠᠷᠠᠭ᠋ᠠᠨ᠎ᠤ ᠦᠨ᠎ᠡ ᠵᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
ᠵᠢᠷᠭᠤᠳᠤᠭ᠋ᠠᠷ ᠪᠦᠯᠦᠭ ᠠᠮᠢᠲᠠᠨ᠎ᠢ ᠤᠨᠤᠰᠢᠯᠠᠨ ᠡᠮᠨᠡᠯᠭᠡ
ᠲᠠᠪᠢᠳᠤᠭ᠋ᠠᠷ ᠵᠦᠢ᠍ᠯ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠡᠷᠬᠢᠯᠡᠬᠦ ᠪᠠᠶ᠋ᠢᠭᠤᠯᠤᠮᠵᠢ ᠳᠤᠤᠷ᠎ᠠ ᠵᠢᠭᠰᠠᠭ᠋ᠠᠭᠰᠠᠨ ᠨᠦᠭᠦᠴᠡᠯ᠎ᠢ ᠪᠦᠷᠢᠳᠦᠭᠦᠯᠬᠦ ᠬᠡᠷᠡᠭᠲᠡᠢ᠄
(ᠨᠢᠭᠡ) ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ᠎ᠲᠠᠢ ᠳᠤᠬᠢᠷᠠᠯᠴᠠᠭᠰᠠᠨ ᠪᠦᠭᠡᠳ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠳᠤ ᠨᠡᠶ᠋ᠢᠴᠡᠭᠰᠡᠨ ᠲᠠᠯᠠᠪᠤᠷ ᠭᠠᠵᠠᠷ᠎ᠲᠠᠢ ᠪᠠᠶ᠋ᠢᠬᠤ;
(ᠬᠤᠶᠠᠷ) ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ᠎ᠲᠠᠢ ᠳᠤᠬᠢᠷᠠᠯᠴᠠᠭᠰᠠᠨ ᠠᠵᠢᠯ ᠡᠷᠬᠢᠯᠡᠬᠦ ᠮᠠᠯ᠎ᠤᠨ ᠡᠮᠴᠢ᠎ᠲᠠᠢ ᠪᠠᠶ᠋ᠢᠬᠤ;
(ᠭᠤᠷᠪᠠ) ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ᠎ᠲᠠᠢ ᠳᠤᠬᠢᠷᠠᠯᠴᠠᠭᠰᠠᠨ ᠮᠠᠯ ᠡᠮᠨᠡᠯᠭᠡ ᠵᠢᠨ ᠪᠠᠭ᠋ᠠᠵᠢ ᠬᠡᠷᠡᠭᠰᠡᠯ ᠪᠠ ᠲᠣᠨᠤᠭ ᠲᠦᠭᠦᠭᠡᠷᠦᠮᠵᠢ᠎ᠲᠠᠢ ᠪᠠᠶ᠋ᠢᠬᠤ;
(ᠳᠦᠷᠪᠡ) ᠪᠦᠷᠢᠨ ᠳᠦᠭᠦᠷ ᠬᠠᠮᠢᠶᠠᠷᠤᠯᠲᠠ ᠵᠢᠨ ᠳᠦᠷᠢᠮ᠎ᠲᠠᠢ ᠪᠠᠶ᠋ᠢᠬᠤ᠃
ᠲᠠᠪᠢᠨ ᠨᠢᠭᠡᠳᠦᠭᠡᠷ ᠵᠦᠢ᠍ᠯ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠵᠢ ᠡᠷᠬᠢᠯᠡᠬᠦ ᠪᠠᠶ᠋ᠢᠭᠤᠯᠤᠮᠵᠢ ᠪᠠᠶ᠋ᠢᠭᠤᠯᠬᠤ᠎ᠳᠤ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠠᠷᠠᠯ᠎ᠤᠨ ᠦᠨᠡᠮᠯᠡᠯ ᠭᠤᠶᠤᠴᠢᠯᠠᠬᠤ ᠬᠡᠷᠡᠭᠲᠡᠢ᠂ ᠭᠤᠶᠤᠴᠢᠯᠠᠯ᠎ᠢ ᠰᠢᠢ᠍ᠳᠪᠤᠷᠢᠯᠡᠬᠦ᠎ᠪᠠᠷ ᠬᠦᠯᠢᠶᠡᠨ ᠠᠪᠤᠭᠰᠠᠨ ᠮᠠᠯ ᠡᠮᠨᠡᠯᠭᠡ ᠵᠢᠨ ᠡᠷᠬᠢᠯᠠᠨ ᠬᠠᠮᠢᠶᠠᠷᠬᠤ ᠰᠠᠯᠠᠭ᠎ᠠ ᠮᠦᠴᠢᠷ ᠲᠤᠰ ᠬᠠᠤᠯᠢ ᠪᠠ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠦᠪᠰᠢᠶᠠᠷᠠᠯ᠎ᠤᠨ ᠬᠠᠤᠯᠢ》 ᠵᠢᠨ ᠲᠤᠭᠳᠠᠭ᠋ᠠᠯ ᠶᠤᠰᠤᠭ᠋ᠠᠷ ᠬᠢᠨᠠᠨ ᠪᠠᠶ᠋ᠢᠴᠠᠭ᠋ᠠᠬᠤ ᠬᠡᠷᠡᠭᠲᠡᠢ ᠬᠢᠨᠠᠨ ᠪᠠᠶ᠋ᠢᠴᠠᠭ᠋ᠠᠭ᠋ᠠᠳ ᠬᠢᠷᠢ ᠳᠡᠩᠴᠡᠪᠠᠯ᠂ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠡᠷᠡᠯ᠎ᠤᠨ ᠦᠨᠡᠮᠯᠡᠯ ᠤᠯᠭᠤᠨ᠎ᠠ; ᠬᠢᠷᠢ ᠳᠡᠩᠴᠡᠭᠰᠡᠨ ᠦᠭᠡᠢ ᠪᠠᠶ᠋ᠢᠪᠠᠯ ᠭᠤᠶᠤᠴᠢᠯᠠᠭᠴᠢ᠎ᠳᠤ ᠮᠡᠳᠡᠭᠳᠡᠬᠦ ᠵᠢᠨ ᠬᠠᠮᠳᠤ ᠤᠴᠢᠷ ᠰᠢᠯᠳᠠᠭ᠋ᠠᠨ ᠵᠶ᠋ᠠᠨ ᠳᠤᠳᠤᠷᠬᠠᠶ᠋ᠢᠯᠠᠬᠤ ᠬᠡᠷᠡᠭᠲᠡᠢ ᠭᠤᠶᠤᠴᠢᠯᠠᠭᠴᠢ᠎ᠨᠢ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠡᠷᠡᠯ᠎ᠤᠨ ᠦᠨᠡᠮᠯᠡᠯ ᠵᠶ᠋ᠠᠷ ᠵᠶ᠋ᠠᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠪᠦᠷᠢᠳᠬᠡᠭᠦᠯᠦᠨ ᠳᠠᠩᠰᠠᠯᠠᠭᠤᠯᠬᠤ ᠭᠠᠷ ᠭᠦᠢ᠍ᠴᠡᠳᠬᠡᠯ ᠬᠢᠯᠭᠡᠬᠦ᠎ᠪᠠᠷ ᠭᠤᠶᠤᠴᠢᠯᠠᠯ ᠭᠠᠷᠭ᠋ᠠᠨ᠎ᠠ᠂ ᠡᠵᠡᠩᠨᠡᠯᠲᠠ ᠵᠢᠨ ᠦᠨᠡᠮᠯᠡᠯ ᠤᠯᠤᠭᠰᠠᠨ᠎ᠤ ᠳᠠᠷᠠᠭ᠎ᠠ ᠰᠠᠶᠢ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠡᠷᠬᠢᠯᠡᠵᠦ ᠪᠤᠯᠤᠨ᠎ᠠ᠃
ᠲᠠᠪᠢᠨ ᠬᠤᠶᠠᠳᠤᠭ᠋ᠠᠷ ᠵᠦᠢ᠍ᠯ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠡᠷᠡᠯ᠎ᠤᠨ ᠦᠨᠡᠮᠯᠡᠯ᠎ᠳᠤ ᠤᠨᠤᠰᠢᠯᠠᠨ ᠡᠮᠨᠡᠬᠦ ᠪᠠᠶ᠋ᠢᠭᠤᠯᠤᠮᠵᠢ ᠵᠢᠨ ᠨᠡᠷᠡᠶ᠋ᠢᠳᠦᠯ᠂ ᠤᠨᠤᠰᠢᠯᠠᠨ ᠡᠮᠨᠡᠬᠦ ᠠᠵᠢᠯᠯᠠᠭ᠎ᠠ ᠵᠢᠨ ᠬᠦᠷᠢᠶ᠎ᠡ ᠬᠡᠪᠴᠢᠶ᠎ᠡ᠂ ᠠᠵᠢᠯ ᠡᠷᠬᠢᠯᠡᠬᠦ ᠭᠠᠵᠠᠷ ᠪᠠ ᠬᠠᠤᠯᠢ᠎ᠪᠠᠷ ᠲᠣᠭᠲᠠᠭ᠋ᠠᠭᠰᠠᠨ ᠲᠦᠯᠦᠭᠡᠯᠡᠭᠴᠢ (ᠬᠠᠷᠢᠭᠤᠴᠠᠯᠭ᠋ᠠᠳᠠᠨ) ᠵᠡᠷᠭᠡ ᠵᠦᠢ᠍ᠯᠡᠰ᠎ᠢ ᠲᠤᠳᠤᠷᠬᠠᠢ ᠲᠡᠮᠲᠡᠭᠯᠡᠭᠰᠡᠨ ᠪᠠᠶ᠋ᠢᠬᠤ ᠬᠡᠷᠡᠭᠲᠡᠢ᠂ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠠᠷᠠᠯ᠎ᠤᠨ ᠦᠨᠡᠮᠯᠡᠯ᠎ᠳᠤ ᠲᠣᠳᠤᠷᠬᠠᠶ᠋ᠢᠯᠠᠨ ᠲᠡᠮᠲᠡᠭᠯᠡᠭᠰᠡᠨ ᠵᠦᠢ᠍ᠯᠡᠰ ᠵᠶ᠋ᠠᠨ ᠬᠤᠪᠢᠷᠠᠭᠤᠯᠤᠭᠰᠠᠨ ᠪᠠᠶ᠋ᠢᠪᠠᠯ᠂ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠠᠷᠠᠯ᠎ᠤᠨ ᠦᠨᠡᠮᠯᠡᠯ᠎ᠢ ᠬᠤᠪᠢᠷᠠᠭᠤᠯᠬᠤ ᠪᠤᠶᠤ ᠰᠤᠯᠢᠬᠤ᠎ᠪᠠᠷ ᠭᠤᠶᠤᠴᠢᠯᠠᠬᠤ ᠵᠢᠨ ᠬᠠᠮᠳᠦ ᠬᠠᠤᠯᠢ ᠶᠤᠰᠤᠭ᠋ᠠᠷ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠯᠲᠠ᠎ᠪᠠᠨ ᠬᠤᠪᠢᠷᠠᠭᠤᠯᠬᠤ ᠭᠠᠷ ᠭᠦᠢ᠍ᠴᠡᠳᠬᠡᠯ ᠬᠢᠯᠭᠡᠬᠦ ᠬᠡᠷᠡᠭᠲᠡᠢ᠃
ᠲᠠᠪᠢᠨ ᠭᠤᠷᠪᠠᠳᠤᠭ᠋ᠠᠷ ᠵᠦᠢ᠍ᠯ ᠠᠮᠢᠲᠠᠨ᠎ᠢ ᠤᠨᠤᠰᠢᠯᠠᠨ ᠡᠮᠨᠡᠬᠦ ᠪᠠᠶ᠋ᠢᠭᠤᠯᠤᠮᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠳᠤᠭᠳᠠᠭ᠋ᠠᠯ ᠶᠤᠰᠤᠭ᠋ᠠᠷ ᠤᠨᠤᠰᠢᠯᠠᠨ ᠡᠮᠨᠡᠬᠦ ᠠᠵᠢᠯᠯᠠᠭ᠋ᠠᠨ᠎ᠤ ᠳᠤᠮᠳᠠᠬᠢ ᠡᠷᠡᠭᠦᠯ ᠬᠠᠮᠠᠭ᠋ᠠᠯᠠᠯ ᠠᠮᠤᠷ ᠲᠦᠪᠰᠢᠨ᠎ᠤ ᠰᠡᠷᠬᠡᠶ᠋ᠢᠯᠡᠨ ᠬᠠᠮᠠᠭ᠋ᠠᠯᠠᠬᠤ᠂ ᠠᠷᠢᠭᠤᠳᠬᠠᠬᠤ᠂ ᠲᠤᠰᠠᠭ᠋ᠠᠷᠯᠠᠬᠤ ᠪᠠ ᠡᠮᠴᠢᠯᠡᠭᠡᠨ᠎ᠤ ᠬᠠᠶᠠᠭᠳᠠᠮᠠᠯ ᠪᠤᠳᠠᠰ᠎ᠢ ᠰᠢᠢ᠍ᠳᠪᠦᠷᠢᠯᠡᠬᠦ ᠵᠡᠷᠭᠡ ᠠᠵᠢᠯ᠎ᠢ ᠰᠠᠶ᠋ᠢᠳᠤᠷ ᠬᠢᠬᠦ ᠬᠡᠷᠡᠭᠲᠡᠢ᠃
ᠲᠠᠪᠢᠨ ᠳᠦᠷᠪᠡᠳᠦᠭᠡᠷ ᠵᠦᠢ᠍ᠯ ᠤᠯᠤᠰ᠎ᠠᠴᠠ ᠠᠵᠢᠯ ᠡᠷᠬᠢᠯᠡᠬᠦ ᠮᠠᠯ᠎ᠤᠨ ᠡᠮᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠳᠦᠷᠢᠮ᠎ᠢ ᠬᠡᠷᠡᠭᠵᠢᠬᠦᠯᠦᠨ᠎ᠠ᠂ ᠮᠠᠯ ᠡᠮᠨᠡᠯᠭᠡ ᠵᠢᠨ ᠬᠤᠯᠪᠤᠭᠳᠡᠯ ᠪᠦᠬᠦᠢ ᠲᠤᠰᠬᠠᠢ ᠮᠡᠷᠬᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠠᠷᠬᠡᠵᠢᠯ᠎ᠠᠴᠠ ᠳᠡᠭᠡᠭᠰᠢ ᠰᠤᠷᠤᠯᠭ᠎ᠠ ᠵᠢᠨ ᠨᠠᠮᠳᠠᠷ᠎ᠲᠠᠢ ᠪᠠᠶ᠋ᠢᠪᠠᠯ᠂ ᠠᠵᠢᠯ ᠡᠷᠬᠢᠯᠡᠬᠦ ᠮᠠᠯ᠎ᠤᠨ ᠡᠮᠴᠢ ᠵᠢᠨ ᠬᠢᠷᠢ ᠬᠡᠮ᠎ᠤᠨ ᠰᠢᠯᠭ᠋ᠠᠯᠲᠠ᠎ᠳᠤ ᠤᠷᠤᠯᠴᠠᠬᠤ᠎ᠪᠠᠷ ᠭᠤᠶᠤᠴᠢᠯᠠᠵᠤ ᠪᠤᠯᠤᠨ᠎ᠠ; ᠰᠢᠯᠭ᠋ᠠᠯᠲᠠ᠎ᠳᠤ ᠬᠢᠷᠢ ᠳᠡᠩᠴᠡᠭᠰᠡᠨ ᠪᠠᠶ᠋ᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠠᠵᠢᠯ ᠡᠷᠬᠢᠯᠡᠬᠦ ᠮᠠᠯ᠎ᠤᠨ ᠡᠮᠴᠢ ᠵᠢᠨ ᠬᠢᠷᠢ ᠬᠡᠮ᠎ᠤᠨ ᠦᠨᠡᠮᠯᠡᠯ ᠤᠯᠭᠤᠨ᠎ᠠ; ᠠᠮᠢᠲᠠᠨ᠎ᠢ ᠤᠨᠤᠰᠢᠯᠠᠨ ᠡᠮᠨᠡᠬᠦ ᠠᠵᠢᠯ ᠡᠷᠬᠢᠯᠡᠬᠦ᠎ᠳᠤ ᠪᠠᠰᠠ ᠲᠤᠬᠠᠢ ᠵᠢᠨ ᠭᠠᠵᠠᠷ᠎ᠤᠨ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠳᠠᠩᠰᠠᠯᠠᠭᠤᠯᠬᠤ᠎ᠪᠠᠷ ᠭᠤᠶᠤᠴᠢᠯᠠᠬᠤ ᠬᠡᠷᠡᠭᠲᠡᠢ᠂ ᠠᠵᠢᠯ ᠡᠷᠬᠢᠯᠡᠬᠦ ᠮᠠᠯ᠎ᠤᠨ ᠡᠮᠴᠢ ᠵᠢᠨ ᠬᠢᠷᠢ ᠬᠡᠮ᠎ᠤᠨ ᠰᠢᠯᠭ᠋ᠠᠯᠲᠠ ᠪᠠ ᠳᠠᠩᠰᠠᠯᠠᠭᠤᠯᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠵᠢᠯᠲᠠᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠠᠢ ᠵᠦᠪᠳᠡᠯᠴᠡᠨ ᠳᠤᠭᠳᠠᠭ᠋ᠠᠨ᠎ᠠ᠂ ᠲᠤᠰ ᠬᠠᠤᠯᠢ᠎ᠳᠤ ᠬᠡᠯᠡᠵᠦ ᠪᠠᠶ᠋ᠢᠭ᠎ᠠ ᠠᠵᠢᠯ ᠡᠷᠬᠢᠯᠡᠬᠦ ᠮᠠᠯ᠎ᠤᠨ ᠡᠮᠴᠢ ᠭᠡᠳᠡᠭ᠎ᠨᠢ ᠠᠮᠢᠲᠠᠨ᠎ᠢ ᠤᠨᠤᠰᠢᠯᠠᠨ ᠡᠮᠨᠡᠬᠦ ᠪᠠ ᠠᠮᠢᠲᠠᠨ᠎ᠢ ᠡᠷᠡᠭᠦᠯᠵᠢᠭᠦᠯᠬᠦ ᠵᠡᠷᠭᠡ ᠡᠵᠡᠩᠨᠡᠯᠲᠡ ᠵᠢᠨ ᠠᠵᠢᠯᠯᠠᠭ᠎ᠠ ᠡᠷᠬᠢᠯᠡᠳᠡᠭ ᠮᠠᠯ᠎ᠤᠨ ᠡᠮᠴᠢ ᠵᠢ ᠵᠢᠭ᠋ᠠᠵᠤ ᠪᠠᠶ᠋ᠢᠨ᠎ᠠ᠃
ᠲᠠᠪᠢᠨ ᠲᠠᠪᠤᠳᠤᠭ᠋ᠠᠷ ᠵᠦᠢ᠍ᠯ ᠳᠠᠩᠰᠠᠯᠠᠭᠤᠯᠤᠭᠰᠠᠨ ᠠᠵᠢᠯ ᠡᠷᠬᠢᠯᠡᠬᠦ ᠮᠠᠯ᠎ᠤᠨ ᠡᠮᠴᠢ ᠰᠠᠶᠢ ᠠᠮᠢᠲᠠᠨ᠎ᠢ ᠤᠨᠤᠰᠢᠯᠠᠨ ᠡᠮᠨᠡᠬᠦ᠂ ᠮᠠᠯ᠎ᠤᠨ ᠡᠮ᠎ᠤᠨ ᠵᠤᠷ ᠪᠢᠴᠢᠬᠦ ᠵᠡᠷᠭᠡ ᠠᠵᠢᠯᠯᠠᠭ᠎ᠠ ᠵᠢ ᠡᠷᠬᠢᠯᠡᠵᠦ ᠪᠤᠯᠤᠨ᠎ᠠ᠂ ᠭᠡᠪᠡᠴᠦ ᠲᠤᠰ ᠬᠠᠤᠯᠢ ᠵᠢᠨ ᠲᠠᠪᠢᠨ ᠳᠤᠯᠤᠳᠤᠭ᠋ᠠᠷ ᠵᠦᠢ᠍ᠯ᠎ᠳᠤ ᠬᠦᠳᠡᠭᠡ ᠲᠤᠰᠬᠤᠨ᠎ᠤ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠬᠦᠮᠦᠰ᠎ᠤᠨ ᠲᠤᠬᠠᠢ ᠠᠰᠲᠠᠭ᠋ᠠᠨ ᠲᠤᠭᠳᠠᠭ᠋ᠠᠯ᠎ᠲᠠᠢ ᠪᠠᠶ᠋ᠢᠪᠠᠯ ᠲᠡᠷᠡ ᠲᠤᠭᠳᠠᠭ᠋ᠠᠯ᠎ᠢ ᠵᠢᠷᠤᠮᠯᠠᠨ᠎ᠠ᠂ ᠠᠵᠢᠯ ᠡᠷᠬᠢᠯᠡᠬᠦ ᠮᠠᠯ᠎ᠤᠨ ᠡᠮᠴᠢ᠂ ᠬᠦᠳᠡᠭᠡ ᠲᠤᠰᠬᠤᠨ᠎ᠤ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠠᠵᠢᠯᠳᠡᠨ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠤᠷᠳᠤᠨ ᠪᠤᠶᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠱᠠᠭ᠋ᠠᠷᠳᠠᠯᠭ᠎ᠠ ᠶᠤᠰᠤᠭ᠋ᠠᠷ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠪᠠ ᠠᠷᠢᠯᠭ᠋ᠠᠬᠤ ᠠᠵᠢᠯᠯᠠᠭ᠎ᠠ᠎ᠳᠤ ᠤᠷᠤᠯᠴᠠᠬᠤ ᠬᠡᠷᠡᠭᠲᠡᠢ᠃
ᠲᠠᠪᠢᠨ ᠵᠢᠷᠭᠤᠳᠤᠭ᠋ᠠᠷ ᠵᠦᠢ᠍ᠯ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠡᠷᠬᠢᠯᠡᠬᠦ᠎ᠳᠤ ᠠᠮᠢᠲᠠᠠᠢ ᠤᠨᠤᠰᠢᠯᠠᠨ ᠡᠮᠨᠡᠬᠦ᠎ᠳᠤ ᠬᠤᠯᠪᠤᠭᠳᠠᠬᠤ ᠠᠵᠢᠯᠯᠠᠬᠤ ᠮᠡᠷᠭᠡᠵᠢᠯ᠎ᠤᠨ ᠵᠢᠷᠤᠮᠵᠢᠯ᠎ᠢ ᠵᠢᠷᠤᠮᠯᠠᠵᠤ᠂ ᠤᠯᠤᠰ᠎ᠤᠨ ᠲᠤᠭᠳᠠᠭ᠋ᠠᠯ᠎ᠳᠤ ᠨᠡᠶ᠋ᠢᠴᠡᠭᠰᠡᠨ ᠮᠠᠯ᠎ᠤᠨ ᠡᠮ ᠪᠠ ᠮᠠᠯ ᠡᠮᠨᠡᠯᠭᠡ ᠵᠢᠨ ᠪᠠᠭ᠋ᠠᠵᠢ ᠬᠡᠷᠡᠭᠰᠡᠯ᠎ᠢ ᠬᠡᠷᠡᠭᠯᠡᠬᠦ ᠬᠡᠷᠡᠭᠲᠡᠢ᠃
ᠲᠠᠪᠢᠨ ᠳᠤᠯᠤᠳᠤᠭ᠋ᠠᠷ ᠵᠦᠢ᠍ᠯ ᠬᠦᠳᠡᠭᠡ ᠲᠤᠰᠬᠤᠨ᠎ᠤ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠠᠵᠢᠯᠳᠠᠨ ᠬᠦᠳᠡᠭᠡ ᠲᠤᠰᠬᠤᠨ᠎ᠳᠤ ᠠᠮᠢᠲᠠᠨ᠎ᠢ ᠤᠨᠤᠰᠢᠯᠠᠨ ᠡᠮᠨᠡᠬᠦ ᠦᠢ᠍ᠯᠡᠴᠢᠯᠡᠬᠡᠨ᠎ᠤ ᠠᠵᠢᠯᠯᠠᠭ᠎ᠠ ᠵᠢ ᠡᠷᠬᠢᠯᠡᠵᠦ ᠪᠤᠯᠤᠨ᠎ᠠ᠂ ᠪᠤᠳᠠᠳᠠᠢ ᠬᠠᠮᠢᠶᠠᠷᠤᠯᠲᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠳᠤᠭᠳᠠᠭ᠋ᠠᠨ᠎ᠠ᠃
ᠳᠤᠯᠤᠳᠤᠭ᠋ᠠᠷ ᠪᠦᠯᠦᠭ ᠬᠢᠨᠠᠵᠦ ᠬᠠᠮᠢᠶᠠᠷᠬᠤ
ᠲᠠᠪᠢᠨ ᠨᠠᠢ᠍ᠮᠠᠳᠤᠭ᠋ᠠᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠲᠤᠰ ᠬᠠᠤᠯᠢ ᠵᠢᠨ ᠲᠣᠭᠲᠠᠭ᠋ᠠᠯ ᠶᠤᠰᠤᠭ᠋ᠠᠷ᠂ ᠠᠮᠢᠲᠠᠨ᠎ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭ᠋ᠠᠷᠯᠠᠬᠤ᠂ ᠲᠡᠭᠡᠭᠡᠪᠦᠷᠢᠯᠡᠬᠦ ᠪᠠ ᠠᠮᠢᠲᠠᠨ᠎ᠤ ᠠᠰᠢᠭ ᠰᠢᠮ᠎ᠡ ᠵᠢ ᠦᠢ᠍ᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭ᠋ᠠᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠵᠢᠨ ᠳᠤᠮᠳᠠᠬᠢ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠎ᠢ ᠬᠢᠨᠡᠵᠤ ᠬᠠᠮᠢᠶᠠᠷᠤᠨ᠎ᠠ᠃
ᠲᠠᠪᠢ ᠶᠢᠰᠦᠳᠦᠭᠡᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠬᠢᠨᠡᠨ ᠪᠠᠶ᠋ᠢᠴᠠᠭ᠋ᠠᠬᠤ ᠡᠭᠦᠷᠭᠡ ᠬᠦᠢ᠍ᠴᠡᠳᠬᠡᠬᠦ᠎ᠳᠡᠭᠡᠨ ᠳᠤᠤᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠴᠤ ᠪᠤᠯᠤᠨ᠎ᠠ᠂ ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ ᠡᠬᠦᠨ᠎ᠢ ᠳᠡᠪᠴᠢᠬᠦ ᠪᠤᠶᠤ ᠬᠠᠷᠰᠢᠯᠠᠵᠤ ᠪᠤᠯᠬᠤ ᠦᠭᠡᠢ᠄
(ᠨᠢᠭᠡ) ᠠᠮᠢᠲᠠᠨ᠂ ᠠᠮᠢᠲᠠᠨ᠎ᠤ ᠠᠰᠢᠭ ᠰᠢᠮ᠎ᠡ᠎ᠠᠴᠠ ᠲᠤᠭᠲᠠᠭ᠋ᠠᠯ ᠶᠤᠰᠤᠭ᠋ᠠᠷ ᠦᠯᠢᠭᠡᠷ ᠠᠪᠬᠤ᠂ ᠦᠯᠡᠳᠡᠭᠡᠨ ᠰᠢᠯᠭ᠋ᠠᠬᠤ᠂ ᠰᠤᠭᠤᠯᠤᠨ ᠪᠠᠶ᠋ᠢᠴᠠᠭ᠋ᠠᠬᠤ;
(ᠬᠤᠶᠠᠷ) ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ᠎ᠲᠠᠢ ᠠᠮᠢᠲᠠᠨ᠂ ᠠᠮᠢᠲᠠᠨ᠎ᠤ ᠠᠰᠢᠭ ᠰᠢᠮ᠎ᠡ ᠪᠠ ᠲᠡᠭᠦᠨ᠎ᠳᠤ ᠬᠤᠯᠪᠤᠭᠳᠠᠬᠤ ᠡᠳ᠋ ᠪᠤᠳᠠᠰ᠎ᠢ ᠲᠤᠰᠠᠭ᠋ᠠᠷᠯᠠᠬᠤ᠂ ᠪᠠᠶ᠋ᠢᠴᠠᠭ᠋ᠠᠨ ᠪᠢᠳᠡᠭᠦᠮᠵᠢᠯᠡᠬᠦ᠂ ᠳᠠᠷᠤᠵᠤ ᠠᠪᠬᠤ ᠪᠠ ᠰᠢᠢ᠍ᠳᠪᠦᠷᠢᠯᠡᠬᠦ;
(ᠭᠤᠷᠪᠠ) ᠬᠠᠤᠯᠢ ᠶᠤᠰᠤᠭ᠋ᠠᠷ ᠬᠢᠵᠢᠭ᠎ᠤᠨ ᠪᠠᠶ᠋ᠢᠴᠠᠭ᠋ᠠᠯᠲᠠ ᠬᠢᠯᠬᠡᠬᠦ ᠬᠡᠷᠡᠭᠲᠡᠢ ᠪᠠᠶ᠋ᠢᠳᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠦᠭᠡᠢ ᠠᠮᠢᠲᠠᠨ᠎ᠳᠤ ᠪᠠᠶ᠋ᠢᠴᠠᠭ᠋ᠠᠯᠳᠠ ᠵᠢ ᠨᠦᠬᠦᠵᠦ ᠬᠢᠬᠦ;
(ᠳᠦᠷᠪᠡ) ᠬᠠᠤᠯᠢ ᠶᠤᠰᠤᠭ᠋ᠠᠷ ᠬᠢᠵᠢᠭ᠎ᠤᠨ ᠪᠠᠶ᠋ᠢᠴᠠᠭ᠋ᠠᠯᠲᠠ ᠬᠢᠯᠬᠡᠬᠦ ᠬᠡᠷᠡᠭᠲᠡᠢ ᠪᠠᠶ᠋ᠢᠳᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠦᠭᠡᠢ ᠠᠮᠢᠲᠠᠨ᠎ᠤ ᠠᠰᠢᠭ ᠰᠢᠮᠡᠳᠤ ᠪᠠᠶ᠋ᠢᠴᠠᠭ᠋ᠠᠯᠲᠠ ᠵᠢ ᠨᠦᠬᠦᠵᠦ ᠬᠢᠬᠦ ᠨᠦᠭᠦᠴᠡᠯ᠎ᠢ ᠪᠦᠷᠢᠳᠦᠭᠦᠯᠦᠭᠰᠡᠨ ᠪᠠᠶ᠋ᠢᠪᠠᠯ ᠪᠠᠶ᠋ᠢᠴᠠᠭ᠋ᠠᠯᠲᠠ ᠵᠢ ᠨᠦᠭᠦᠨ ᠬᠢᠵᠦ᠂ ᠪᠠᠶ᠋ᠢᠴᠠᠭ᠋ᠠᠯᠲᠠ ᠵᠢ ᠨᠦᠭᠦᠵᠦ ᠬᠢᠬᠦ ᠨᠦᠭᠦᠴᠡᠯ᠎ᠢ ᠪᠦᠷᠢᠳᠦᠭᠦᠯᠦᠭᠰᠡᠨ ᠦᠭᠡᠢ ᠪᠠᠶ᠋ᠢᠪᠠᠯ ᠲᠡᠭᠦᠨ᠎ᠢ ᠬᠤᠷᠢᠶᠠᠨ ᠠᠪᠴᠤ ᠤᠰᠠᠳᠬᠠᠬᠤ;
(ᠲᠠᠪᠤ) ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠬᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠳᠡᠮᠳᠡᠭ ᠪᠠ ᠮᠠᠯ ᠵᠢᠭᠦᠷᠳᠡᠨ᠎ᠢ ᠢᠯᠭ᠋ᠠᠬᠤ ᠳᠡᠮᠳᠡᠭ᠎ᠢ ᠪᠠᠶ᠋ᠢᠴᠠᠭ᠋ᠠᠨ ᠰᠢᠯᠭ᠋ᠠᠬᠤ;
(ᠵᠢᠷᠭᠤᠭ᠎ᠠ) ᠬᠤᠯᠪᠤᠭᠳᠠᠯ ᠪᠦᠬᠦᠢ ᠲᠠᠯᠠᠪᠤᠷ ᠭᠠᠵᠠᠷ᠎ᠲᠤ ᠤᠷᠤᠵᠤ ᠪᠠᠶ᠋ᠢᠴᠠᠭ᠋ᠠᠨ ᠭᠡᠷᠡᠴᠢ ᠠᠪᠴᠤ᠂ ᠠᠮᠢᠲᠠᠨ᠎ᠤ ᠬᠢᠵᠢᠭ᠎ᠢ ᠰᠡᠷᠬᠡᠶ᠋ᠢᠯᠡᠬᠦ᠎ᠳᠤ ᠬᠤᠯᠪᠤᠭᠳᠠᠬᠤ ᠮᠡᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠪᠠᠭᠤᠯᠭ᠋ᠠᠬᠤ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠡᠯᠲᠡ ᠲᠠᠯᠪᠢᠬᠤ ᠪᠠᠶ᠋ᠢᠭᠤᠯᠤᠮᠵᠢ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠬᠡᠷᠡᠭᠴᠡᠭᠡ ᠵᠢ ᠦᠨᠳᠦᠰᠦᠯᠡᠵᠦ᠂ ᠲᠤᠬᠠᠢ ᠵᠢᠨ ᠭᠠᠵᠠᠷ᠎ᠤᠨ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠠᠷᠡᠭᠦᠯᠦᠭᠡᠳ ᠲᠡᠷᠭᠡᠨ ᠦᠷᠳᠡᠭᠡ᠂ ᠭᠠᠷᠠᠮ᠂ ᠨᠢᠰᠬᠡᠯ᠎ᠤᠨ ᠪᠠᠭᠤᠳᠠᠯ ᠵᠡᠷᠭᠡ ᠬᠤᠯᠪᠤᠭᠳᠠᠯ ᠪᠦᠬᠦᠢ ᠲᠠᠯᠠᠪᠤᠷ ᠭᠠᠵᠠᠷ᠎ᠲᠤ ᠠᠯᠪᠠᠨ᠎ᠤ ᠮᠠᠯ᠎ᠤᠨ ᠡᠮᠴᠢ ᠵᠢ ᠲᠤᠮᠢᠯᠠᠨ ᠰᠠᠭᠤᠯᠭ᠋ᠠᠵᠤ ᠪᠤᠯᠤᠨ᠎ᠠ᠃
ᠵᠢᠷᠠᠳᠤᠭ᠋ᠠᠷ ᠵᠦᠢ᠍ᠯ ᠠᠯᠪᠠᠨ᠎ᠤ ᠮᠠᠯ᠎ᠤᠨ ᠡᠮᠴᠢ ᠠᠮᠢᠲᠠᠨ᠎ᠤ ᠬᠢᠵᠢᠭ᠎ᠢ ᠰᠠᠷᠬᠡᠶ᠋ᠢᠯᠡᠬᠦ ᠠᠵᠢᠯ᠎ᠢ ᠬᠢᠨᠡᠨ ᠪᠠᠶ᠋ᠢᠴᠠᠭ᠋ᠠᠬᠤ ᠡᠭᠦᠷᠭᠡ ᠭᠦᠢ᠍ᠴᠡᠳᠬᠡᠬᠦ᠎ᠳᠡᠭᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠨ ᠦᠵᠡᠭᠦᠯᠵᠦ᠂ ᠨᠢᠭᠡᠳᠦᠯᠳᠡᠢ ᠳᠡᠮᠳᠡᠭ ᠵᠡᠭᠦᠬᠦ ᠬᠡᠷᠡᠭᠲᠡᠢ᠍ᠠᠮᠢᠲᠠᠨᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠴᠢ ᠲᠡᠭᠦᠨ᠎ᠤ ᠠᠵᠢᠯᠳᠠᠨ ᠠᠮᠢᠲᠠᠨ᠎ᠤ ᠬᠢᠵᠢᠭ᠎ᠢ ᠰᠡᠷᠬᠡᠶ᠋ᠢᠯᠡᠬᠦ᠎ᠳᠤ ᠬᠤᠯᠪᠤᠭᠳᠠᠬᠤ ᠡᠵᠡᠩᠨᠡᠯᠲᠠ ᠵᠢᠨ ᠴᠢᠨᠠᠷᠲᠠᠢ ᠠᠵᠢᠯᠯᠠᠭ᠎ᠠ ᠵᠢ ᠡᠷᠬᠢᠯᠡᠵᠦ ᠪᠤᠯᠬᠤ ᠦᠭᠡᠢ᠂ ᠬᠢᠨᠡᠨ ᠪᠠᠶ᠋ᠢᠴᠠᠭ᠋ᠠᠬᠤ᠎ᠳᠠᠭᠠᠨ ᠶᠠᠮᠠᠷ ᠴᠦ᠍ ᠰᠦᠢ᠍ᠳᠬᠡᠯ ᠬᠤᠷᠢᠶᠠᠵᠤ ᠪᠤᠯᠬᠤ ᠦᠭᠡᠢ᠃
ᠵᠢᠷᠠᠨ ᠨᠢᠭᠡᠳᠦᠭᠡᠷ ᠵᠦᠢ᠍ᠯ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠭᠢᠭᠰᠡᠨ ᠳᠡᠮᠳᠡᠭ ᠪᠤᠶᠤ ᠮᠠᠯ ᠵᠢᠭᠦᠷᠳᠡᠨ᠎ᠢ ᠢᠯᠭ᠋ᠠᠬᠤ ᠳᠡᠮᠳᠡᠭ᠎ᠢ ᠰᠢᠯᠵᠢᠭᠦᠯᠦᠨ ᠦᠭᠬᠦ᠂ ᠬᠠᠭᠤᠷᠮᠠᠬᠯᠠᠨ ᠵᠤᠬᠢᠶᠠᠬᠤ ᠪᠤᠶᠤ ᠬᠤᠪᠢᠷᠠᠭᠤᠯᠤᠨ ᠵᠤᠬᠢᠶᠠᠬᠤ ᠵᠢ ᠴᠠᠭ᠋ᠠᠵᠠᠯᠠᠨ᠎ᠠ ᠬᠢᠵᠢᠭ᠋ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠠᠮᠳᠡᠭᠢ ᠬᠠᠮᠢᠶᠠᠷᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠳᠤᠭᠳᠠᠭ᠋ᠠᠨ᠎ᠠ᠃
ᠨᠠᠢ᠍ᠮᠠᠳᠤᠭ᠋ᠠᠷ ᠪᠦᠯᠦᠭ ᠪᠠᠳᠤᠯᠠᠬᠤ ᠠᠷᠭ᠎ᠠ ᠬᠡᠮᠵᠢᠶ᠎ᠡ
ᠵᠢᠷᠠᠨ ᠬᠤᠶᠠᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠠᠮᠢᠳ᠋ᠨᠨᠤ ᠬᠢᠵᠢᠭ᠎ᠢ ᠰᠡᠷᠬᠡᠶ᠋ᠢᠯᠡᠬᠦ ᠠᠵᠢᠯ᠎ᠢ ᠲᠤᠰ ᠱᠠᠳᠤᠨ᠎ᠤ ᠤᠯᠤᠰ ᠠᠷᠠᠳ᠎ᠤᠨ ᠠᠵᠤ ᠠᠬᠤᠢ ᠪᠠ ᠨᠠᠶ᠋ᠢᠭᠡᠮ᠎ᠤᠨ ᠬᠦᠭᠵᠢᠯᠲᠡ ᠵᠢᠨ ᠲᠦᠯᠦᠪᠵᠢᠭᠦᠯᠭᠡ ᠪᠤᠯᠤᠨ ᠤᠨ᠎ᠤ ᠳᠦᠯᠦᠪᠯᠡᠭᠡ᠎ᠳᠡᠭᠡᠨ ᠤᠷᠤᠭᠤᠯᠬᠤ ᠬᠡᠷᠡᠭᠲᠡᠢ᠃
ᠵᠢᠷᠠᠨ ᠭᠤᠷᠪᠠᠳᠤᠭ᠋ᠠᠷ ᠵᠦᠢ᠍ᠯ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠠ ᠰᠢᠶᠠᠩ᠎ᠤᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠦᠳᠦᠮᠵᠢᠳᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠴᠠᠭ᠎ᠠ ᠵᠢᠨ ᠱᠠᠳᠤᠨ᠎ᠤ ᠬᠢᠵᠢᠭ ᠰᠡᠷᠬᠡᠶ᠋ᠢᠯᠡᠭᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠂ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠠᠵᠢᠯ᠎ᠤᠨ ᠭᠡᠷᠡᠭᠴᠡᠭᠡ᠎ᠪᠠᠨ ᠦᠨᠳᠦᠰᠦᠯᠡᠵᠦ᠂ ᠰᠢᠶᠠᠩ᠂ ᠪᠠᠯᠭ᠋ᠠᠰᠤ ᠪᠤᠶᠤ ᠤᠨᠴᠠᠭ᠋ᠠᠢ ᠲᠤᠭᠳᠠᠭ᠋ᠠᠭᠰᠠᠨ ᠤᠷᠤᠨ᠎ᠳᠤ ᠮᠠᠯ ᠡᠮᠨᠡᠯᠭᠡ ᠵᠢᠨ ᠪᠠᠶ᠋ᠢᠭᠤᠯᠤᠮᠵᠢ ᠵᠢ ᠲᠤᠮᠢᠯᠠᠨ ᠰᠠᠭᠤᠯᠭ᠋ᠠᠵᠤ ᠪᠤᠯᠤᠨ᠎ᠠ᠃
ᠵᠢᠷᠠᠨ ᠳᠦᠷᠪᠡᠳᠦᠭᠡᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠲᠤᠰ ᠱᠠᠳᠤᠨ᠎ᠤ ᠵᠠᠰᠠᠭ᠎ᠤᠨ ᠤᠷᠳᠤᠨ᠎ᠤ ᠲᠤᠰᠢᠶᠠᠯ ᠬᠠᠷᠢᠭᠤᠴᠠᠯᠭ᠎ᠠ ᠵᠢᠨ ᠶᠤᠰᠤᠭ᠋ᠠᠷ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ᠂ ᠠᠷᠢᠯᠭ᠋ᠠᠬᠤ᠂ ᠬᠢᠵᠢᠭ᠎ᠤᠨ ᠪᠠᠶ᠋ᠢᠴᠠᠭ᠋ᠠᠯᠲᠠ ᠬᠢᠬᠦ ᠪᠠ ᠬᠢᠨᠠᠵᠦ ᠬᠠᠮᠢᠶᠠᠷᠬᠤ ᠠᠵᠢᠯ᠎ᠳᠤ ᠬᠡᠷᠡᠭᠰᠡᠬᠦ ᠵᠠᠷᠤᠳᠠᠯ᠎ᠢ ᠲᠤᠰ ᠱᠠᠳᠤᠨ᠎ᠤ ᠡᠳ᠋᠎ᠤᠨ ᠵᠠᠰᠠᠭ᠎ᠤᠨ ᠲᠦᠰᠦᠪ᠎ᠲᠤ ᠤᠷᠤᠭᠤᠯᠬᠤ ᠬᠡᠷᠡᠭᠲᠡᠢ᠃
ᠵᠢᠷᠡᠨ ᠲᠠᠪᠤᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠪᠠᠴᠢᠮ ᠠᠷᠭ᠋ᠠᠴᠠᠵᠤ ᠰᠢᠢ᠍ᠳᠪᠦᠷᠢᠯᠡᠬᠦ ᠠᠵᠢᠯ᠎ᠳᠤ ᠬᠡᠷᠡᠭᠰᠡᠬᠦ ᠬᠢᠵᠢᠭ᠎ᠢ ᠰᠡᠷᠬᠡᠶ᠋ᠢᠯᠡᠬᠦ ᠡᠳ᠋ ᠪᠠᠷᠠᠭ᠎ᠠ ᠵᠢ ᠨᠦᠭᠡᠴᠡᠯᠡᠬᠦ ᠬᠡᠷᠡᠭᠲᠡᠢ᠃
ᠵᠢᠷᠠᠨ ᠵᠢᠷᠭᠤᠳᠤᠭ᠋ᠠᠷ ᠵᠦᠢ᠍ᠯ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ ᠪᠠ ᠬᠢᠵᠠᠭ᠋ᠠᠷᠯᠠᠬᠤ᠂ ᠠᠷᠢᠯᠭ᠋ᠠᠬᠤ ᠶᠠᠪᠤᠴᠠ᠎ᠳᠤ ᠠᠯᠪᠠᠳᠠᠯᠭ᠎ᠠ᠎ᠪᠠᠷ ᠠᠯᠠᠭᠰᠠᠨ ᠠᠮᠢᠲᠠᠨ᠂ ᠤᠰᠠᠳᠬᠠᠭᠰᠠᠨ ᠠᠮᠢᠲᠠᠨ᠎ᠤ ᠠᠰᠢᠭ ᠰᠢᠮ᠎ᠡ ᠪᠤᠯᠤᠨ ᠬᠤᠯᠪᠤᠭᠳᠠᠯ ᠪᠦᠬᠦᠢ ᠡᠳ᠋ ᠪᠤᠳᠠᠰ᠎ᠲᠤ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠲᠦᠯᠦᠪᠦᠷᠢ ᠦᠭᠬᠦ ᠬᠡᠷᠡᠭᠲᠡᠢ᠂ ᠲᠦᠯᠦᠪᠦᠷᠢ ᠦᠭᠬᠦ ᠪᠤᠳᠠᠳᠠᠢ ᠪᠠᠷᠢᠮᠵᠢᠶ᠎ᠡ ᠪᠠ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠳᠤᠭᠳᠠᠭ᠋ᠠᠨ᠎ᠠ᠂ ᠬᠠᠤᠯᠢ ᠶᠤᠰᠤᠭ᠋ᠠᠷ ᠠᠯᠪᠠᠳᠠᠯᠭ᠎ᠠ ᠵᠢᠨ ᠴᠠᠷᠤᠯᠲᠠ ᠬᠢᠭᠰᠡᠨ᠎ᠠᠴᠠ ᠪᠤᠯᠵᠤ ᠠᠮᠢᠲᠠᠨ ᠰᠡᠷᠡᠯᠵᠢᠵᠦ ᠦᠬᠦᠭᠰᠡᠨ ᠪᠠᠶ᠋ᠢᠪᠠᠯ ᠲᠦᠯᠦᠪᠦᠷᠢ ᠦᠭᠬᠦᠨ᠎ᠡ ᠳ᠋ᠦ᠍ᠯᠦᠪᠦᠷᠢ ᠦᠭᠬᠦ ᠪᠤᠳᠠᠳᠠᠢ ᠪᠠᠷᠢᠮᠵᠢᠶ᠎ᠡ ᠪᠠ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠨ᠎ᠠ᠃
ᠵᠢᠷᠠᠨ ᠳᠤᠯᠤᠳᠤᠭ᠋ᠠᠷ ᠵᠦᠢ᠍ᠯ ᠠᠮᠢᠲᠠᠨ᠎ᠤ ᠬᠢᠵᠢᠭ ᠡᠪᠡᠳᠴᠢᠨ᠎ᠳᠤ ᠤᠷᠢᠳᠴᠢᠯᠠᠨ ᠰᠡᠷᠬᠡᠶ᠋ᠢᠯᠡᠯᠲᠡ ᠬᠢᠬᠦ᠂ ᠬᠢᠵᠢᠭ᠎ᠤᠨ ᠪᠠᠶ᠋ᠢᠴᠠᠭ᠋ᠠᠯᠲᠠ ᠬᠢᠬᠦ᠂ ᠬᠢᠨᠠᠨ ᠪᠠᠶ᠋ᠢᠴᠠᠭ᠋ᠠᠯᠲᠠ ᠬᠢᠬᠦ᠂ ᠲᠤᠬᠠᠢ ᠵᠢᠨ ᠲᠠᠯᠠᠪᠤᠷᠲᠤᠨᠢ ᠬᠢᠵᠢᠭ᠎ᠤᠨ ᠪᠠᠶ᠋ᠢᠳᠠᠯ᠎ᠢ ᠰᠢᠢ᠍ᠳᠪᠦᠷᠢᠯᠡᠬᠦ ᠠᠵᠢᠯ ᠬᠢᠬᠦ ᠵᠢᠴᠢ ᠠᠵᠢᠯ᠎ᠤᠨ ᠳᠤᠮᠳᠠ᠎ᠪᠠᠨ ᠠᠮᠢᠲᠠᠨ᠎ᠤ ᠬᠢᠵᠢᠭ ᠡᠪᠡᠳᠴᠢᠨ᠎ᠤ ᠡᠪᠡᠳᠴᠢᠨ ᠡᠭᠦᠰᠭᠡᠭᠴᠢ᠎ᠲᠠᠢ ᠬᠥᠷᠥᠯᠴᠡᠬᠦ ᠬᠦᠮᠦᠨ᠎ᠳᠤ ᠬᠤᠯᠪᠤᠭᠳᠠᠯ ᠪᠦᠬᠦᠢ ᠨᠢᠭᠡᠴᠢ᠎ᠠᠴᠠ ᠤᠯᠤᠰ᠎ᠤᠨ ᠲᠤᠭᠳᠠᠭ᠋ᠠᠯ ᠶᠤᠰᠤᠭ᠋ᠠᠷ ᠡᠷᠡᠭᠦᠯ ᠬᠠᠮᠠᠭ᠋ᠠᠯᠠᠯ᠎ᠤᠨ ᠰᠡᠷᠬᠡᠶ᠋ᠢᠯᠡᠨ ᠬᠠᠮᠠᠭ᠋ᠠᠯᠠᠯᠲᠠ ᠵᠢᠨ ᠪᠦᠳᠦᠮᠵᠢᠲᠡᠢ ᠠᠷᠭ᠎ᠠ ᠬᠡᠮᠵᠢᠶ᠎ᠡ ᠪᠠ ᠡᠮᠴᠢᠯᠡᠭᠡ ᠡᠷᠡᠭᠦᠯᠵᠢᠯ᠎ᠤᠨ ᠪᠦᠳᠦᠮᠵᠢᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃
ᠶᠢᠰᠦᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠵᠢᠷᠠᠨ ᠨᠠᠢ᠍ᠮᠠᠳᠤᠭ᠋ᠠᠷ ᠵᠦᠢ᠍ᠯ ᠤᠷᠤᠨ ᠨᠤᠲᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠭᠦᠨ᠎ᠤ ᠠᠵᠢᠯᠲᠠᠨ ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠢ᠍ᠳᠭᠡᠯ ᠦᠭᠭᠦᠨ᠎ᠡ᠃
ᠵᠢᠷᠠ ᠶᠢᠰᠦᠳᠦᠭᠡᠷ ᠵᠦᠢ᠍ᠯ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠢᠴᠢ ᠲᠡᠭᠦᠨ᠎ᠤ ᠠᠵᠢᠯᠳᠠᠨ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ; ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠢ᠍ᠳᠭᠡᠯ ᠦᠭᠬᠦᠨ᠎ᠡ᠄
(ᠨᠢᠭᠡ) ᠰᠡᠷᠬᠡᠶ᠋ᠢᠯᠡᠬᠦ᠂ ᠬᠢᠵᠠᠭ᠋ᠠᠷᠯᠠᠬᠤ᠂ ᠠᠷᠢᠯᠭ᠋ᠠᠬᠤ ᠵᠡᠷᠭᠡ ᠠᠷᠭ᠎ᠠ ᠬᠡᠮᠵᠢᠶ᠎ᠡ ᠵᠢ ᠴᠠᠭ ᠲᠤᠬᠠᠢᠳᠤᠨᠢ ᠠᠪᠤᠭᠰᠠᠨ ᠦᠭᠡᠢ᠃
(ᠬᠤᠶᠠᠷ) ᠨᠦᠭᠦᠴᠡᠯ᠎ᠳᠤ ᠨᠡᠶ᠋ᠢᠴᠡᠭᠦ ᠦᠭᠡᠢ ᠪᠠᠶ᠋ᠢᠳᠠᠯ᠎ᠠ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠳᠤ ᠨᠠᠶ᠋ᠢᠴᠡᠭᠰᠡᠨ ᠦᠨᠡᠮᠯᠡᠯ᠂ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠠᠷᠠᠯ᠎ᠤᠨ ᠦᠨᠡᠮᠯᠡᠯ ᠤᠯᠭᠤᠭᠰᠠᠨ᠂ ᠡᠰᠡᠭᠦᠯ᠎ᠠ ᠨᠦᠭᠦᠴᠡᠯ᠎ᠳᠤ ᠨᠡᠶ᠋ᠢᠴᠡᠭᠰᠡᠨ ᠪᠠᠶ᠋ᠢᠳᠠᠯ᠎ᠠ ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠳᠤ ᠨᠠᠶ᠋ᠢᠴᠡᠭᠰᠡᠨ ᠦᠨᠡᠮᠯᠡᠯ᠂ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠠᠷᠠᠯ᠎ᠤᠨ ᠦᠨᠡᠮᠯᠡᠯ ᠤᠯᠭᠤᠭᠰᠠᠨ ᠦᠭᠡᠢ;
(ᠭᠤᠷᠪᠠ) ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠲᠤᠰᠢᠶᠠᠯ ᠬᠠᠷᠢᠭᠤᠴᠠᠯᠭ᠎ᠠ᠎ᠪᠠᠨ ᠦᠯᠦ ᠭᠦᠢ᠍ᠴᠡᠳᠬᠡᠭᠰᠡᠨ ᠪᠤᠰᠤᠳ ᠦᠢ᠍ᠯᠡ ᠠᠵᠢᠯᠯᠠᠭ᠎ᠠ᠃
ᠳᠠᠯᠠᠳᠤᠭ᠋ᠠᠷ ᠵᠦᠢ᠍ᠯ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠴᠢ ᠲᠡᠭᠦᠨ᠎ᠤ ᠠᠵᠢᠯᠳᠠᠨ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠠ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ; ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠢ᠍ᠳᠭᠡᠯ ᠦᠭᠬᠦᠨ᠎ᠡ᠄
(ᠨᠢᠭᠡ) ᠲᠤᠬᠠᠢ ᠵᠢᠨ ᠲᠠᠯᠠᠪᠤᠷ᠎ᠤᠨ ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠦᠭᠡᠢ ᠪᠤᠶᠤ ᠬᠢᠵᠢᠭ᠎ᠤᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠦᠭᠡᠢ ᠠᠮᠢᠲᠠᠨ᠂ ᠠᠮᠢᠲᠠᠨ᠎ᠤ ᠠᠰᠢᠭ ᠰᠢᠮᠡᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ ᠤᠯᠭᠤᠵᠤ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠡᠮᠳᠡᠭ ᠲᠠᠯᠪᠢᠭᠰᠠᠨ᠂ ᠡᠰᠡᠭᠦᠯ᠎ᠡ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠠᠮᠢᠲᠠᠨ᠂ ᠠᠮᠢᠲᠠᠨ᠎ᠤ ᠠᠰᠢᠭ ᠰᠢᠮᠡᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ ᠤᠯᠭᠤᠭᠰᠠᠨ ᠦᠭᠡᠢ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠡᠮᠳᠡᠭ ᠲᠠᠯᠪᠢᠭᠰᠠᠨ ᠦᠭᠡᠢ;
(ᠬᠤᠶᠠᠷ) ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠡᠮᠳᠡᠭ᠎ᠲᠠᠢ ᠠᠮᠢᠲᠠᠨ᠂ ᠠᠮᠢᠲᠠᠨ᠎ᠤ ᠠᠰᠢᠭ ᠰᠢᠮᠡᠳᠤ ᠬᠢᠵᠢᠭ᠎ᠤᠨ ᠪᠠᠶ᠋ᠢᠴᠠᠭ᠋ᠠᠯᠲᠠ ᠵᠢ ᠳᠠᠪᠬᠤᠷᠳᠠᠭᠤᠯᠤᠨ ᠬᠢᠭᠰᠡᠨ;
(ᠭᠤᠷᠪᠠ) ᠠᠮᠢᠲᠠᠨ᠎ᠤ ᠬᠢᠵᠢᠭ᠎ᠢ ᠰᠡᠷᠬᠡᠶ᠋ᠢᠯᠡᠬᠦ᠎ᠳᠤ ᠬᠤᠯᠪᠤᠭᠳᠠᠬᠤ ᠡᠵᠡᠩᠨᠡᠯᠲᠡ ᠵᠢᠨ ᠴᠢᠨᠡᠷ᠎ᠲᠠᠢ ᠠᠵᠢᠯᠯᠠᠭ᠎ᠠ ᠬᠢᠭᠰᠡᠨ᠂ ᠡᠰᠡᠭᠦᠯ᠎ᠡ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠂ ᠪᠠᠷᠠᠭ᠋ᠠᠨ᠎ᠤ ᠦᠨ᠎ᠡ ᠵᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ᠎ᠠᠴᠠ ᠭᠠᠳᠠᠭᠤᠷ ᠰᠦᠢ᠍ᠳᠬᠡᠯ ᠨᠡᠮᠡᠵᠦ ᠬᠤᠷᠢᠶᠠᠬᠰᠠᠨ᠂ ᠳᠠᠪᠬᠤᠷᠳᠠᠭᠤᠯᠤᠨ ᠰᠦᠢ᠍ᠳᠬᠡᠯ ᠬᠤᠷᠢᠶᠠᠬᠰᠠᠨ;
(ᠳᠦᠷᠪᠡ) ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠲᠤᠰᠢᠶᠠᠯ ᠬᠠᠷᠢᠭᠤᠴᠠᠯᠭ᠎ᠠ᠎ᠪᠠᠨ ᠦᠯᠦ ᠭᠦᠢ᠍ᠴᠡᠳᠬᠡᠭᠰᠡᠨ ᠪᠤᠰᠤᠳ ᠦᠢ᠍ᠯᠡ ᠠᠵᠢᠯᠯᠠᠭ᠎ᠠ᠃
ᠳᠠᠯᠨᠨ ᠨᠢᠭᠡᠳᠦᠭᠡᠷ ᠵᠦᠢ᠍ᠯ ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠵᠢᠴᠢ ᠲᠡᠭᠦᠨ᠎ᠤ ᠠᠵᠢᠯᠳᠠᠨ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠳᠤᠤᠷ᠎ᠡ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠭᠢᠭᠰᠡᠨ ᠪᠠᠶ᠋ᠢᠪᠠᠯ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠡ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ; ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠢ᠍ᠳᠭᠡᠯ ᠦᠭᠬᠦᠨ᠎ᠡ᠄
(ᠨᠢᠭᠡ) ᠠᠮᠢᠲᠠᠨ᠎ᠤ ᠬᠢᠵᠢᠭ ᠡᠪᠡᠳᠴᠢᠨ᠎ᠢ ᠬᠢᠨᠠᠨ ᠬᠡᠮᠵᠢᠬᠦ᠂ ᠰᠢᠯᠭ᠋ᠠᠨ ᠬᠡᠮᠵᠢᠬᠦ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠤᠶᠤ ᠬᠢᠨᠠᠨ ᠬᠡᠮᠵᠢᠭᠰᠡᠨ᠂ ᠰᠢᠯᠭ᠋ᠠᠨ ᠬᠡᠮᠵᠢᠭᠰᠡᠨ ᠳ᠋ᠦᠩ᠎ᠢ ᠬᠠᠭᠤᠷᠮᠠᠭᠯᠠᠨ ᠵᠤᠬᠢᠶᠠᠭᠰᠨᠨ;
(ᠬᠤᠶᠠᠷ) ᠠᠮᠢᠲᠠᠨ᠎ᠤ ᠬᠢᠵᠢᠭ᠎ᠤᠨ ᠪᠠᠶ᠋ᠢᠳᠠᠯ ᠡᠭᠦᠰᠦᠭᠰᠡᠨ ᠦᠶ᠎ᠡ᠎ᠳᠤ ᠴᠠᠭ ᠲᠤᠬᠠᠢᠳᠤᠨᠢ ᠤᠨᠤᠰᠢᠯᠠᠵᠤ᠂ ᠪᠠᠶ᠋ᠢᠴᠠᠭ᠋ᠠᠯᠲᠠ ᠬᠢᠭᠰᠡᠨ ᠦᠭᠡᠢ;
(ᠭᠤᠷᠪᠠ) ᠲᠤᠰ ᠬᠠᠤᠯᠢ ᠵᠢᠨ ᠲᠤᠭᠲᠠᠭ᠋ᠠᠯ ᠶᠤᠰᠤᠭ᠋ᠠᠷ ᠲᠤᠰᠢᠶᠠᠯ ᠬᠠᠷᠢᠭᠤᠴᠠᠯᠭ᠎ᠠ᠎ᠪᠠᠨ ᠦᠯᠦ ᠭᠦᠢ᠍ᠴᠡᠳᠬᠡᠭᠰᠡᠨ ᠪᠤᠰᠤᠳ ᠦᠢ᠍ᠯᠡ ᠠᠵᠢᠯᠯᠠᠭ᠎ᠠ᠃
ᠳᠠᠯᠨᠨ ᠬᠤᠶᠠᠳᠤᠭ᠋ᠠᠷ ᠵᠦᠢ᠍ᠯ ᠤᠷᠤᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ᠎ᠤ ᠠᠵᠢᠯᠳᠠᠨ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ ᠦᠭᠡᠢ ᠨᠢᠭᠤᠬᠤ᠂ ᠬᠤᠳᠠᠯ ᠵᠶ᠋ᠠᠷ ᠮᠡᠳᠡᠭᠦᠯᠬᠦ᠂ ᠤᠳᠠᠭ᠋ᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ ᠪᠤᠶᠤ ᠮᠡᠳᠡᠭᠦᠯᠬᠦ ᠦᠭᠡᠢ ᠨᠢᠭᠤᠬᠤ᠂ ᠬᠤᠳᠠᠯ ᠵᠶ᠋ᠠᠷ ᠮᠡᠳᠡᠭᠦᠯᠬᠦ᠂ ᠤᠳᠠᠭ᠋ᠠᠰᠢᠷᠠᠭᠤᠯᠤᠨ ᠮᠡᠳᠡᠭᠦᠯᠭᠦ᠎ᠪᠠᠷ ᠪᠤᠰᠤᠳ ᠬᠦᠮᠦᠨ᠎ᠳᠤ ᠰᠠᠨᠠᠭᠤᠯᠤᠭᠰᠠᠨ᠂ ᠡᠰᠡᠭᠦᠯ᠎ᠡ ᠪᠤᠰᠤᠳ ᠬᠦᠮᠦᠨ᠎ᠤ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ ᠵᠢ ᠬᠠᠷᠰᠢᠯᠠᠭᠰᠠᠨ ᠪᠠᠶ᠋ᠢᠪᠠᠯ᠂ ᠳᠡᠭᠡᠷ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠵᠠᠷᠯᠢᠭᠳᠠᠨ ᠵᠠᠯᠠᠷᠠᠭᠤᠯᠤᠭᠤᠯᠵᠦ᠂ ᠵᠠᠷᠯᠠᠨ ᠰᠢᠭᠦᠮᠵᠢᠯᠡᠨ᠎ᠠ; ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠢ᠍ᠳᠭᠡᠯ ᠦᠭᠭᠦᠨ᠎ᠡ᠃
ᠳᠠᠯᠨᠨ ᠭᠤᠷᠪᠠᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠡᠯᠳᠡ ᠳᠠᠯᠪᠢᠬᠤ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠤᠨ᠎ᠠ; ᠵᠠᠯᠠᠷᠠᠭᠤᠯᠬᠤ ᠵᠢ ᠳᠡᠪᠴᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠤᠷᠤᠯᠠᠨ ᠰᠢᠢ᠍ᠳᠪᠦᠷᠢᠯᠡᠵᠦ᠂ ᠰᠢᠢ᠍ᠳᠪᠦᠷᠢᠯᠡᠬᠦ᠎ᠳᠤ ᠬᠡᠷᠡᠭᠰᠡᠬᠦ ᠵᠠᠷᠤᠳᠡᠯᠢ ᠬᠠᠤᠯᠢ ᠵᠢ ᠵᠦᠷᠢᠴᠡᠭᠰᠡᠨ ᠦᠢ᠍ᠯᠡ ᠠᠵᠢᠯᠯᠠᠭ᠋ᠠᠲᠠᠨ ᠡᠭᠦᠷᠭᠡᠯᠡᠨ᠎ᠡ᠂ ᠮᠢᠩᠭ᠋ᠠᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠳᠬᠡᠵᠦ ᠪᠤᠯᠤᠨ᠎ᠠ᠄
(ᠨᠢᠭᠡ) ᠳᠡᠵᠢᠭᠡᠵᠦ ᠪᠠᠶ᠋ᠢᠭ᠎ᠠ ᠠᠮᠢᠲᠠᠨ᠎ᠳᠠᠭᠠᠨ ᠠᠮᠢᠲᠠᠨ᠎ᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠴᠠᠷᠤᠯᠲᠠ ᠬᠢᠬᠦ ᠲᠦᠯᠦᠪᠯᠡᠭᠡ ᠶᠤᠰᠤᠭ᠋ᠠᠷ ᠴᠠᠷᠤᠯᠲᠠ ᠵᠢᠨ ᠲᠠᠷᠢᠯᠭ᠎ᠠ ᠬᠢᠯᠭᠡᠭᠰᠡᠨ ᠦᠭᠡᠢ;
(ᠬᠤᠶᠠᠷ) ᠡᠭᠦᠯᠳᠡᠷ᠎ᠤᠨ᠂ ᠰᠠᠭ᠋ᠠᠯᠢ ᠵᠢᠨ ᠠᠮᠢᠲᠠᠨ᠎ᠢ ᠰᠢᠯᠭ᠋ᠠᠨ ᠬᠡᠮᠵᠢᠭᠰᠡᠨ ᠦᠭᠡᠢ ᠪᠤᠶᠤ ᠰᠢᠯᠭ᠋ᠠᠨ ᠬᠡᠮᠵᠢᠭᠡᠳ ᠬᠢᠷᠢ ᠲᠡᠩᠴᠡᠭᠰᠡᠨ ᠦᠭᠡᠢ ᠪᠠᠶ᠋ᠢᠳᠠᠯ᠎ᠠ ᠳᠤᠭᠲᠠᠭ᠋ᠠᠯ ᠶᠤᠰᠤᠭ᠋ᠠᠷ ᠰᠢᠢ᠍ᠳᠪᠦᠷᠢᠯᠡᠭᠰᠡᠨ ᠦᠭᠡᠢ;
(ᠭᠤᠷᠪᠠ) ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠳᠡᠭᠡᠭᠡᠪᠦᠷᠢᠯᠡᠬᠦ ᠪᠠᠭ᠋ᠠᠵᠢ ᠬᠡᠷᠡᠭᠰᠡᠯ᠎ᠢ ᠠᠴᠢᠶᠠᠯᠠᠬᠤ᠎ᠠᠴᠠ ᠡᠮᠦᠨ᠎ᠡ ᠪᠠ ᠠᠴᠢᠶ᠎ᠠ ᠪᠠᠭᠤᠯᠭ᠋ᠠᠭᠰᠠᠨ᠎ᠤ ᠳᠠᠷᠠᠭ᠎ᠠ ᠴᠠᠭ ᠲᠤᠬᠠᠢᠳᠤᠨᠢ ᠤᠬᠢᠶᠠᠨ ᠴᠡᠪᠡᠷᠯᠡᠵᠦ᠂ ᠠᠷᠢᠭᠤᠳᠬᠠᠭᠰᠠᠨ ᠦᠭᠡᠢ᠃
ᠳᠠᠯᠠᠨ ᠳᠦᠷᠪᠡᠳᠦᠭᠡᠷ ᠵᠦᠢ᠍ᠯ ᠲᠤᠰ ᠬᠠᠤᠯᠢ ᠵᠢᠨ ᠲᠤᠭᠲᠠᠭ᠋ᠠᠯ᠎ᠢ ᠵᠦᠷᠢᠴᠡᠵᠦ᠂ ᠠᠯᠪᠠᠳᠠᠯᠭ᠎ᠠ᠎ᠪᠠᠷ ᠴᠠᠷᠤᠯᠲᠠ ᠬᠢᠯᠭᠡᠭᠰᠡᠨ ᠠᠮᠢᠲᠠᠨ᠎ᠳᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠲᠠᠭ᠋ᠠᠯ ᠶᠤᠰᠤᠭ᠋ᠠᠷ ᠴᠠᠷᠤᠯᠲᠠ ᠬᠢᠯᠭᠡᠭᠰᠡᠨ ᠳᠠᠩᠰᠠ ᠪᠠᠶ᠋ᠢᠭᠤᠯᠤᠭᠰᠠᠨ ᠦᠭᠡᠢ᠂ ᠮᠠᠯ ᠵᠢᠭᠦᠷᠳᠡᠨ᠎ᠢ ᠢᠯᠭ᠋ᠠᠬᠤ ᠳᠡᠮᠳᠡᠭ ᠲᠠᠯᠪᠢᠭᠰᠠᠨ ᠦᠭᠡᠢ ᠪᠠᠶ᠋ᠢᠪᠠᠯ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠮᠠᠯ ᠠᠵᠦ ᠠᠬᠤᠢ ᠵᠢᠨ ᠬᠠᠤᠯᠢ》 ᠵᠢᠨ ᠬᠤᠯᠪᠤᠭᠳᠠᠯ ᠪᠦᠬᠦᠢ ᠳᠤᠭᠳᠠᠭ᠋ᠠᠯ ᠶᠣᠰᠤᠭ᠋ᠠᠷ ᠰᠢᠢ᠍ᠳᠭᠡᠨ᠎ᠡ᠃
ᠳᠠᠯᠠᠨ ᠲᠠᠪᠤᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠬᠢᠵᠢᠭ ᠬᠠᠯᠳᠠᠪᠤᠷᠢᠯᠠᠭᠰᠠᠨ ᠠᠮᠢᠲᠠᠨ ᠪᠠ ᠲᠡᠭᠦᠨ᠎ᠤ ᠢᠯᠭ᠋ᠠᠳᠠᠰᠤ᠂ ᠬᠢᠵᠢᠭ ᠬᠠᠯᠳᠠᠪᠤᠷᠢᠯᠠᠭᠰᠠᠨ ᠠᠮᠢᠲᠠᠨ᠎ᠤ ᠠᠰᠢᠭ ᠰᠢᠮ᠎ᠡ᠂ ᠡᠪᠡᠳᠴᠢᠯᠡᠵᠦ ᠦᠭᠦᠭᠰᠡᠨ ᠪᠤᠶᠤ ᠦᠭᠦᠭᠰᠡᠨ ᠰᠢᠯᠳᠠᠭ᠋ᠠᠨ᠎ᠨᠢ ᠳᠤᠳᠤᠷᠬᠠᠢ ᠦᠭᠡᠢ ᠠᠮᠢᠲᠠᠨ᠎ᠤ ᠦᠬᠦᠳᠡᠯ᠂ ᠳᠡᠭᠡᠭᠡᠪᠦᠷᠢᠯᠡᠬᠦ ᠪᠠᠭ᠋ᠠᠵᠢ ᠬᠡᠷᠡᠭᠰᠡᠯ᠎ᠳᠠᠬᠢ ᠠᠮᠢᠲᠠᠨ᠎ᠤ ᠢᠯᠭ᠋ᠠᠳᠠᠰᠤ ᠪᠤᠯᠤᠨ ᠳᠠᠪᠢᠰᠬᠦ ᠡᠳ᠋᠂ ᠪᠤᠭᠤᠳᠠᠯᠯᠠᠬᠤ ᠡᠳ᠋᠂ ᠰᠠᠪᠠ ᠵᠡᠷᠭᠡ ᠪᠤᠬᠢᠷᠳᠤᠭᠰᠠᠨ ᠪᠤᠳᠠᠰ ᠵᠢᠴᠢ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠪᠤᠰᠤᠳ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠰᠢᠢ᠍ᠳᠪᠦᠷᠢᠯᠡᠭᠰᠡᠨ ᠦᠭᠡᠢ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠳᠠᠯᠪᠢᠬᠤ ᠪᠠᠶ᠋ᠢᠭᠤᠯᠤᠮᠵᠢ᠎ᠠᠴᠠ ᠵᠠᠷᠯᠢᠭᠳᠠᠨ ᠬᠤᠣᠷ ᠦᠭᠡᠶ᠋ᠢᠵᠢᠭᠦᠯᠦᠨ ᠰᠢᠢ᠍ᠳᠪᠦᠷᠢᠯᠡᠬᠦᠯᠦᠨ᠎ᠡ᠂ ᠰᠢᠢ᠍ᠳᠪᠦᠷᠢᠯᠡᠬᠦ᠎ᠳᠤ ᠬᠡᠷᠡᠭᠰᠡᠬᠦ ᠰᠦᠢ᠍ᠳᠬᠡᠯ᠎ᠢ ᠬᠠᠤᠯᠢ ᠵᠢ ᠵᠦᠷᠢᠴᠡᠭᠰᠡᠨ ᠦᠢ᠍ᠯᠠ ᠠᠵᠢᠯᠯᠠᠭ᠋ᠠᠲᠠᠨ ᠡᠭᠦᠷᠭᠡᠯᠡᠨ᠎ᠡ᠂ ᠭᠤᠷᠪᠠᠨ ᠮᠢᠩᠭ᠋ᠠᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠳᠤᠷᠭ᠋ᠠᠬᠤᠪᠠᠷ ᠰᠢᠳᠬᠡᠵᠦ ᠪᠤᠯᠤᠨ᠎ᠠ᠃
ᠳᠠᠯᠠᠨ ᠵᠢᠷᠭᠤᠳᠤᠭ᠋ᠠᠷ ᠵᠦᠢ᠍ᠯ ᠲᠤᠰ ᠬᠠᠤᠯᠢ ᠵᠢᠨ ᠬᠤᠷᠢᠨ ᠲᠠᠪᠤᠳᠤᠭ᠋ᠠᠷ ᠵᠦᠢ᠍ᠯ᠎ᠤᠨ ᠳᠤᠭᠳᠠᠭ᠋ᠠᠯ᠎ᠢ ᠵᠦᠷᠢᠴᠡᠵᠦ᠂ ᠠᠮᠢᠲᠠᠨ᠎ᠢ ᠨᠢᠳᠤᠯᠵᠦ᠂ ᠡᠵᠡᠩᠨᠡᠵᠦ᠂ ᠳᠡᠭᠡᠭᠡᠪᠦᠷᠢᠯᠡᠭᠰᠡᠨ ᠪᠤᠶᠤ ᠠᠮᠢᠲᠠᠨ᠎ᠤ ᠠᠰᠢᠭ ᠰᠢᠮ᠎ᠡ ᠵᠢ ᠦᠢ᠍ᠯᠡᠳᠪᠦᠷᠢᠯᠡᠵᠦ᠂ ᠡᠵᠡᠩᠨᠡᠵᠦ᠂ ᠪᠤᠯᠪᠠᠰᠤᠷᠠᠭᠤᠯᠵᠦ᠂ ᠬᠠᠳᠠᠭ᠋ᠠᠯᠠᠵᠤ᠂ ᠳᠡᠭᠡᠭᠡᠪᠦᠷᠢᠯᠡᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠨᠦᠬᠦᠵᠦ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ ᠪᠠ ᠠᠮᠢᠲᠠᠨ᠂ ᠠᠮᠢᠲᠠᠨ᠎ᠤ ᠠᠰᠢᠭ ᠰᠢᠮ᠎ᠡ ᠵᠢ᠎ᠨᠢ ᠬᠤᠷᠢᠶᠠᠨ ᠠᠪᠴᠤ᠂ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠳᠡᠩᠴᠡᠭᠰᠡᠨ ᠠᠳᠠᠯᠢ ᠲᠦᠷᠦᠯ᠎ᠤᠨ ᠠᠮᠢᠲᠠᠨ᠂ ᠠᠮᠢᠲᠠᠨ᠎ᠤ ᠠᠰᠢᠭ ᠰᠢᠮ᠎ᠡ ᠵᠢᠨ ᠪᠠᠷᠠᠭ᠋ᠠᠨ᠎ᠤ ᠦᠷᠳᠡᠭ᠎ᠤᠨ ᠵᠣᠭᠤᠰ᠎ᠤᠨ ᠲᠣᠭ᠋ᠠᠨ᠎ᠤ ᠨᠢᠭᠡ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠲᠡᠭᠦᠨ᠎ᠤ ᠳᠤᠲᠤᠷᠠᠬᠢ ᠬᠠᠤᠯᠢ ᠶᠣᠰᠤᠭ᠋ᠠᠷ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ ᠶᠤᠰᠤᠲᠠᠢ ᠪᠠᠶ᠋ᠢᠳᠠᠯ᠎ᠠ ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠦᠭᠡᠢ ᠵᠢ᠎ᠨᠢ ᠲᠤᠰ ᠬᠠᠤᠯᠢ ᠵᠢᠨ ᠳᠠᠯᠠᠨ ᠨᠠᠢ᠍ᠮᠠᠳᠤᠭ᠋ᠠᠷ ᠵᠦᠢ᠍ᠯ᠎ᠤᠨ ᠲᠤᠭᠳᠠᠭ᠋ᠠᠯ ᠶᠤᠰᠤᠭ᠋ᠠᠷ ᠰᠢᠢ᠍ᠳᠭᠡᠨ᠎ᠡ᠃
ᠳᠠᠯᠨᠨ ᠳᠤᠯᠤᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠮᠢᠩᠭ᠋ᠠᠨ ᠲᠦᠭᠦᠷᠢᠭ᠎ᠠᠴᠠ ᠳᠡᠭᠡᠭᠰᠢ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠳᠤᠷᠭ᠋ᠠᠬᠤᠪᠠᠷ ᠰᠢᠢ᠍ᠳᠭᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠤᠴᠢᠳᠠᠢ ᠪᠠᠶ᠋ᠢᠪᠠᠯ᠂ ᠲᠦᠮᠡᠨ ᠲᠦᠭᠦᠷᠢᠭ᠎ᠠᠴᠠ ᠳᠡᠭᠡᠭᠰᠢ ᠠᠷᠪᠠᠨ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ᠄
(ᠨᠢᠭᠡ) ᠠᠮᠢᠲᠠᠨ᠎ᠤ ᠬᠢᠵᠢᠭ᠎ᠢ ᠰᠡᠷᠬᠡᠶ᠋ᠢᠯᠡᠬᠦ ᠨᠦᠭᠦᠴᠡᠯ᠎ᠳᠤ ᠨᠡᠶ᠋ᠢᠴᠡᠭᠰᠡᠨ ᠦᠨᠡᠮᠯᠡᠯ ᠣᠯᠤᠭᠰᠠᠨ ᠦᠭᠡᠢ᠎ᠪᠠᠷ ᠠᠮᠢᠲᠠᠨ ᠳᠡᠵᠢᠭᠡᠬᠦ ᠲᠠᠯᠠᠪᠠᠢ (ᠳᠡᠵᠢᠭᠡᠨ ᠦᠷᠡᠵᠢᠭᠦᠯᠬᠦ ᠵᠢᠵᠢᠭ ᠲᠤᠭᠤᠷᠢᠭ) ᠪᠠ ᠲᠤᠰᠠᠭ᠋ᠠᠷᠯᠠᠬᠤ ᠲᠠᠯᠠᠪᠤᠷ ᠭᠠᠵᠠᠷ᠂ ᠠᠮᠢᠲᠠᠨ᠎ᠢ ᠨᠢᠲᠤᠯᠠᠵᠤ ᠪᠤᠯᠪᠠᠰᠤᠷᠠᠭᠤᠯᠬᠤ ᠲᠠᠯᠠᠪᠤᠷ ᠭᠠᠵᠠᠷ ᠵᠢᠴᠢ ᠠᠮᠢᠲᠠᠨ ᠪᠠ ᠠᠮᠢᠲᠠᠨ᠎ᠤ ᠠᠰᠢᠭ ᠰᠢᠮ᠎ᠡ ᠵᠢ ᠬᠤᠣᠷ ᠦᠭᠡᠶ᠋ᠢᠵᠢᠭᠦᠯᠦᠨ ᠰᠢᠢ᠍ᠳᠪᠦᠷᠢᠯᠡᠬᠦ ᠲᠠᠯᠠᠪᠤᠷ ᠭᠠᠵᠠᠷ᠎ᠢ ᠡᠷᠬᠢᠯᠡᠨ ᠪᠠᠶ᠋ᠢᠭᠤᠯᠤᠭᠰᠠᠨ;
(ᠬᠤᠶᠠᠷ) ᠬᠢᠨᠠᠨ ᠵᠦᠪᠰᠢᠶᠠᠷᠡᠭᠦᠯᠬᠦ ᠭᠠᠷ ᠭᠦᠢ᠍ᠴᠡᠳᠬᠡᠯ ᠬᠢᠯᠭᠡᠭᠰᠡᠨ ᠦᠭᠡᠢ᠎ᠪᠠᠷ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠨ ᠰᠠᠭ᠋ᠠᠯᠢ ᠵᠢᠨ ᠠᠮᠢᠲᠠᠨ᠂ ᠡᠭᠦᠯᠳᠡᠷ᠎ᠤᠨ ᠠᠮᠢᠲᠠᠨ ᠵᠢᠴᠢ ᠲᠡᠭᠦᠨ᠎ᠤ ᠦᠷ᠎ᠡ ᠵᠢᠨ ᠰᠢᠩᠭᠡᠨ᠂ ᠬᠦᠪᠦᠷᠡᠯ᠂ ᠦᠷ᠎ᠡ ᠵᠢᠨ ᠦᠨᠳᠡᠭᠡ ᠵᠢ ᠤᠷᠤᠭᠤᠯᠤᠭᠰᠠᠨ;
(ᠭᠤᠷᠪᠠ) ᠬᠢᠵᠢᠭ᠎ᠤᠨ ᠪᠠᠶ᠋ᠢᠴᠠᠭ᠋ᠠᠯᠲᠠ ᠬᠢᠯᠭᠡᠭᠰᠡᠨ ᠦᠭᠡᠢ᠎ᠪᠠᠷ᠂ ᠲᠤᠭᠲᠠᠭ᠋ᠠᠭᠰᠠᠨ ᠠᠮᠢᠲᠠᠨ᠎ᠤ ᠬᠢᠵᠢᠭ ᠡᠪᠡᠳᠴᠢᠨ ᠦᠭᠡᠢ ᠤᠷᠤᠨ᠎ᠳᠤ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠵᠦᠭᠡᠭᠡᠪᠦᠷᠢᠯᠡᠵᠦ ᠤᠷᠤᠭᠤᠯᠤᠭᠰᠠᠨ᠃
ᠳᠠᠯᠠᠨ ᠨᠠᠢ᠍ᠮᠠᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠨᠢᠳᠤᠯᠬᠤ᠂ ᠡᠵᠡᠩᠨᠡᠬᠦ᠂ ᠳᠡᠭᠡᠭᠡᠪᠦᠷᠢᠯᠡᠬᠦ ᠠᠮᠢᠲᠠᠨ᠎ᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ ᠳᠠᠭ᠋ᠠᠯᠳᠤᠭᠤᠯᠤᠭᠰᠠᠨ ᠦᠭᠡᠢ᠂ ᠡᠵᠡᠩᠨᠡᠬᠦ ᠪᠠ ᠳᠡᠭᠡᠭᠡᠪᠦᠷᠢᠯᠡᠬᠦ ᠠᠮᠢᠲᠠᠨ᠎ᠤ ᠠᠰᠢᠭ ᠰᠢᠮᠡᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠠᠮᠳᠡᠭ ᠳᠠᠭ᠋ᠠᠯᠳᠤᠭᠤᠯᠤᠭᠰᠠᠨ ᠦᠭᠡᠢ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ ᠳᠡᠩᠴᠡᠭᠰᠡᠨ ᠠᠳᠠᠯᠢ ᠲᠦᠷᠦᠯ᠎ᠤᠨ ᠠᠮᠢᠲᠠᠨ᠂ ᠠᠮᠢᠲᠠᠨ᠎ᠤ ᠠᠰᠢᠭ ᠰᠢᠮ᠎ᠡ ᠵᠢᠨ ᠪᠠᠷᠠᠭ᠋ᠠᠨ᠎ᠤ ᠦᠷᠳᠡᠭ᠎ᠤᠨ ᠵᠣᠭᠤᠰ᠎ᠤᠨ ᠲᠣᠭ᠋ᠠᠨ᠎ᠤ ᠵᠠᠭᠤᠨ᠎ᠤ ᠠᠷᠪᠠ᠎ᠠᠴᠠ ᠳᠡᠭᠡᠭᠰᠢ ᠵᠠᠭᠤᠨ᠎ᠤ ᠲᠠᠪᠢ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ; ᠪᠠᠷᠠᠭ᠋ᠠᠨ᠎ᠤ ᠡᠵᠡᠨ᠎ᠠᠴᠠ ᠪᠤᠰᠤᠳ ᠳᠠᠭ᠋ᠠᠭ᠋ᠠᠨ ᠲᠡᠭᠡᠭᠡᠪᠦᠷᠢᠯᠡᠭᠴᠢ ᠵᠢ ᠳᠡᠭᠡᠭᠡᠪᠦᠷᠢᠯᠡᠬᠦ ᠰᠦᠢ᠍ᠳᠬᠡᠯ᠎ᠤᠨ ᠬᠢᠨᠢ ᠨᠢᠭᠡ ᠳᠠᠬᠢᠨ᠎ᠠᠴᠠ ᠳᠠᠭᠡᠭᠰᠢ ᠭᠤᠷᠪᠠᠨ ᠳᠠᠬᠢᠨ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ ᠳ᠋ᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠦᠵᠡᠭᠦᠯᠦᠯᠭᠡ᠂ ᠲᠤᠭᠯᠠᠯᠲᠠ ᠪᠠ ᠤᠷᠤᠯᠳᠤᠭ᠋ᠠᠨ᠎ᠳᠤ ᠤᠷᠤᠯᠴᠠᠬᠤ ᠠᠮᠢᠲᠠᠨ᠎ᠳᠤ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ ᠳᠠᠭ᠋ᠠᠯᠳᠤᠭᠤᠯᠤᠭᠰᠠᠨ ᠦᠭᠡᠢ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠮᠢᠩᠭ᠋ᠠᠨ ᠲᠦᠭᠦᠷᠢᠭ᠎ᠠᠴᠠ ᠳᠡᠭᠡᠭᠰᠢ ᠭᠤᠷᠪᠠᠨ ᠮᠢᠩᠭ᠋ᠠᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ᠃
ᠳᠠᠯ᠎ᠠ ᠶᠢᠰᠦᠳᠦᠭᠡᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠡᠮᠳᠡᠭ ᠪᠤᠶᠤ ᠮᠠᠯ ᠵᠢᠭᠦᠷᠲᠡᠨ᠎ᠢ ᠢᠯᠭ᠋ᠠᠬᠤ ᠲᠡᠮᠳᠡᠭ᠎ᠢ ᠰᠢᠯᠵᠢᠭᠦᠯᠦᠨ ᠥᠭᠭᠦᠭᠰᠡᠨ᠂ ᠬᠠᠭᠤᠷᠮᠠᠭᠯᠠᠨ ᠵᠤᠬᠢᠶᠠᠭᠰᠠᠨ ᠪᠤᠶᠤ ᠬᠤᠪᠢᠷᠠᠭᠤᠯᠦᠨ ᠵᠤᠬᠢᠶᠠᠭᠰᠠᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠴᠤ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠭᠡᠷᠡᠴᠢᠯᠡᠯ᠂ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠳᠠᠮᠳᠡᠭ ᠪᠤᠶᠤ ᠮᠠᠯ ᠵᠢᠭᠦᠷᠳᠡᠨ᠎ᠢ ᠢᠯᠭ᠋ᠠᠬᠤ ᠳᠡᠮᠳᠡᠭ᠎ᠢ᠎ᠨᠢ ᠬᠤᠷᠢᠶᠠᠨ ᠠᠪᠴᠤ᠂ ᠭᠤᠷᠪᠠᠨ ᠮᠢᠩᠭ᠋ᠠᠨ ᠲᠦᠭᠦᠷᠢᠭ᠎ᠠᠴᠠ ᠳᠡᠭᠡᠭᠰᠢ ᠭᠤᠷᠪᠠᠨ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
ᠨᠠᠶᠠᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠵᠡᠷᠯᠢᠭ᠍ᠳᠠᠨ ᠵᠠᠯᠠᠷᠠᠭᠤᠯᠤᠭᠤᠯᠵᠤ᠂ ᠮᠢᠩᠭ᠋ᠠᠨ ᠲᠦᠭᠦᠷᠢᠭ᠎ᠠᠴᠠ ᠳᠡᠭᠡᠭᠰᠢ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ᠄
(ᠨᠢᠭᠡ) ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠲᠡᠬᠦᠨ᠎ᠤ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠬᠠᠤᠯᠢ ᠶᠤᠰᠤᠭ᠋ᠠᠷ ᠭᠠᠷᠭ᠋ᠠᠭᠰᠠᠨ ᠠᠮᠢᠲᠠᠨ᠎ᠤ ᠬᠢᠵᠢᠭ ᠡᠪᠡᠳᠴᠢᠨ᠎ᠢ ᠬᠢᠵᠠᠭ᠋ᠠᠷᠯᠠᠬᠤ᠂ ᠠᠷᠢᠯᠭ᠋ᠠᠬᠤ ᠲᠤᠬᠠᠢ ᠬᠤᠯᠪᠤᠭᠳᠠᠯ ᠪᠦᠬᠦᠢ ᠲᠤᠭᠳᠠᠭ᠋ᠠᠯ᠎ᠢ ᠵᠢᠷᠤᠮᠯᠠᠭᠰᠠᠨ ᠦᠭᠡᠢ;
(ᠬᠤᠶᠠᠷ) ᠨᠢᠭᠡᠨᠲᠡ ᠬᠠᠤᠯᠢ ᠶᠤᠰᠤᠭ᠋ᠠᠷ ᠲᠤᠰᠠᠭ᠋ᠠᠷᠯᠠᠵᠤ᠂ ᠪᠢᠳᠡᠭᠦᠮᠵᠢᠯᠡᠵᠦ᠂ ᠰᠢᠢ᠍ᠳᠪᠦᠷᠢᠯᠡᠭᠰᠡᠨ ᠠᠮᠢᠲᠠᠨ᠂ ᠠᠮᠢᠲᠠᠨ᠎ᠤ ᠠᠰᠢᠭ ᠰᠢᠮ᠎ᠡ ᠵᠢ ᠨᠢᠭᠤᠨ ᠳᠠᠯᠳᠠᠯᠠᠵᠤ᠂ ᠰᠢᠯᠵᠢᠭᠦᠯᠵᠦ᠂ ᠬᠤᠯᠠᠭ᠋ᠠᠶ᠋ᠢᠯᠠᠨ ᠮᠠᠯᠲᠠᠭᠰᠠᠨ;
(ᠭᠤᠷᠪᠠ) ᠠᠮᠢᠲᠠᠨ᠎ᠤ ᠬᠢᠵᠢᠭ᠎ᠤᠨ ᠪᠠᠶ᠋ᠢᠳᠠᠯ᠎ᠢ ᠨᠡᠶ᠋ᠢᠳᠡᠯᠡᠭᠰᠡᠨ᠃
ᠨᠠᠶᠠᠨ ᠨᠢᠭᠡᠳᠦᠭᠡᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠠᠷᠠᠯ᠎ᠤᠨ ᠦᠨᠡᠮᠯᠡᠯ ᠤᠯᠤᠭᠰᠠᠨ ᠦᠭᠡᠢ᠎ᠪᠠᠷ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠬᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠤᠨᠤᠰᠢᠯᠠᠨ ᠡᠮᠨᠡᠬᠦ ᠠᠵᠢᠯᠯᠠᠭ᠎ᠠ ᠵᠢ᠎ᠨᠢ ᠵᠡᠷᠯᠢᠭ᠍ᠳᠠᠨ ᠵᠤᠭᠰᠤᠭ᠋ᠠᠵᠤ᠂ ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠤᠨ᠎ᠠ; ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ᠎ᠨᠢ ᠭᠤᠷᠪᠠᠨ ᠲᠦᠮᠡᠨ ᠲᠦᠭᠦᠷᠢᠭ᠎ᠠᠴᠠ ᠳᠡᠭᠡᠭᠰᠢ ᠪᠠᠶ᠋ᠢᠪᠠᠯ᠂ ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ᠎ᠤᠨ ᠬᠢᠨᠢ ᠨᠢᠭᠡ ᠳᠠᠬᠢᠨ᠎ᠠᠴᠠ ᠳᠡᠭᠡᠭᠰᠢ ᠭᠤᠷᠪᠠᠨ ᠳᠠᠬᠢᠨ᠎ᠠᠴᠠ ᠳᠤᠭᠤᠭᠰᠢ ᠵᠤᠭᠤᠰ ᠵᠶ᠋ᠠᠷ ᠳᠤᠷᠭ᠋ᠠᠬᠤᠪᠠᠷ ᠨᠡᠶ᠋ᠢᠯᠡᠭᠦᠯᠦᠨ ᠰᠢᠢ᠍ᠳᠭᠡᠨ᠎ᠡ; ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ ᠪᠠᠶ᠋ᠢᠬᠤ ᠦᠭᠡᠢ ᠪᠤᠶᠤ ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ᠎ᠨᠢ ᠭᠤᠷᠪᠠᠨ ᠲᠦᠮᠡᠨ ᠲᠦᠭᠦᠷᠢᠭ᠎ᠲᠤ ᠬᠦᠷᠬᠦ ᠦᠭᠡᠢ ᠪᠠᠶ᠋ᠢᠪᠠᠯ᠂ ᠭᠤᠷᠪᠠᠨ ᠮᠢᠩᠭ᠋ᠠᠨ ᠲᠦᠭᠦᠷᠢᠭ᠎ᠠᠴᠠ ᠳᠡᠭᠡᠭᠰᠢ ᠭᠤᠷᠪᠠᠨ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠂ ᠠᠮᠢᠲᠠᠨ᠎ᠢ ᠤᠨᠤᠰᠢᠯᠠᠨ ᠡᠮᠨᠡᠬᠦ ᠪᠠᠶ᠋ᠢᠭᠤᠯᠤᠮᠵᠢ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠠᠮᠢᠲᠠᠨ᠎ᠤ ᠬᠢᠵᠢᠭ ᠡᠪᠡᠳᠴᠢᠨ᠎ᠢ ᠲᠠᠷᠬᠠᠭ᠋ᠠᠨ ᠳᠡᠯᠭᠡᠷᠡᠭᠦᠯᠦᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠡᠯᠳᠠ ᠲᠠᠯᠪᠢᠬᠤ ᠪᠠᠶ᠋ᠢᠭᠤᠯᠤᠮᠵᠢ᠎ᠠᠴᠠ ᠵᠡᠷᠯᠢᠭ᠍ᠳᠠᠨ ᠵᠠᠯᠠᠷᠠᠭᠤᠯᠤᠭᠤᠯᠵᠤ᠂ ᠲᠦᠮᠡᠨ ᠲᠦᠭᠦᠷᠢᠭ᠎ᠠᠴᠠ ᠳᠡᠭᠡᠭᠰᠢ ᠲᠠᠪᠤᠨ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠤᠴᠢᠳᠠᠢ ᠪᠠᠶ᠋ᠢᠪᠠᠯ᠂ ᠦᠨᠡᠮᠯᠡᠯ ᠤᠯᠭᠤᠭᠰᠠᠨ ᠪᠠᠶ᠋ᠢᠭᠤᠯᠭ᠎ᠠ᠎ᠠᠴᠠ ᠠᠮᠢᠲᠠᠨ᠎ᠢ ᠤᠨᠤᠰᠢᠯᠠᠨ ᠡᠮᠨᠡᠬᠦ ᠵᠦᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠤᠯᠭ᠋ᠠᠨ᠎ᠠ᠃
ᠨᠠᠶᠠᠨ ᠬᠤᠶᠠᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠮᠠᠯ ᠡᠮᠨᠡᠯᠭᠡ ᠵᠢᠨ ᠠᠵᠢᠯ ᠡᠷᠬᠢᠯᠡᠬᠦ ᠳᠠᠩᠰᠠᠯᠡᠯᠲᠠ ᠬᠢᠯᠭᠡᠭᠰᠡᠨ ᠦᠭᠡᠢ᠎ᠪᠠᠷ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠬᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠵᠢ᠎ᠨᠢ ᠵᠠᠷᠯᠢᠭᠳᠠᠨ ᠵᠤᠭᠰᠤᠭ᠋ᠠᠵᠦ᠂ ᠬᠠᠤᠯᠢ ᠵᠢ ᠵᠦᠷᠢᠴᠡᠵᠦ ᠤᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠴᠤ᠂ ᠮᠢᠩᠭ᠋ᠠᠨ ᠲᠦᠭᠦᠷᠢᠭ᠎ᠠᠴᠠ ᠳᠡᠭᠡᠭᠰᠢ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ ᠠᠵᠢᠯ ᠡᠷᠬᠢᠯᠡᠬᠦ ᠮᠠᠯ᠎ᠤᠨ ᠡᠮᠴᠢ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠠᠴᠠ ᠳᠣᠩᠭᠤᠳᠴᠤ᠂ ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠎ᠠ ᠵᠢ᠎ᠨᠢ ᠵᠢᠷᠭᠤᠭ᠋ᠠᠨ ᠰᠠᠷ᠎ᠠ᠎ᠠᠴᠠ ᠳᠡᠭᠡᠭᠰᠢ ᠨᠢᠭᠡ ᠵᠢᠯ᠎ᠠᠴᠠ ᠳᠤᠭᠤᠭᠰᠢ ᠬᠤᠭᠤᠴᠠᠭ᠎ᠠ᠎ᠲᠠᠢ ᠵᠠᠷᠯᠢᠭᠳᠠᠨ ᠲᠦᠷ ᠵᠤᠭᠰᠤᠭ᠋ᠠᠨ᠎ᠠ; ᠦᠢ᠍ᠯᠡ ᠪᠠᠶ᠋ᠢᠳᠠᠯ᠎ᠨᠢ ᠬᠦᠨᠳᠦ ᠨᠤᠴᠢᠳᠠᠢ ᠪᠠᠶ᠋ᠢᠪᠠᠯ᠂ ᠦᠨᠡᠮᠯᠡᠯ ᠤᠯᠭᠤᠭᠰᠠᠨ ᠪᠠᠶ᠋ᠢᠭᠤᠯᠭ᠎ᠠ᠎ᠠᠴᠠ ᠳᠠᠩᠰᠠᠯᠠᠭᠤᠯᠤᠭᠰᠠᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠤᠯᠭ᠋ᠠᠨ᠎ᠠ᠄
(ᠨᠢᠭᠡ) ᠠᠮᠢᠲᠠᠨ᠎ᠢ ᠤᠨᠤᠰᠢᠯᠠᠨ ᠡᠮᠨᠡᠬᠦ ᠠᠵᠢᠯᠯᠠᠭ᠋ᠠᠨ᠎ᠤ ᠬᠤᠯᠪᠤᠭᠳᠠᠯ ᠪᠥᠬᠦᠢ ᠮᠡᠷᠬᠡᠵᠢᠯ᠎ᠤᠨ ᠵᠢᠷᠥᠮᠵᠢᠯᠢ ᠵᠦᠷᠢᠴᠡᠵᠦ᠂ ᠠᠮᠢᠲᠠᠨ᠎ᠤ ᠬᠢᠵᠢᠭ ᠡᠪᠡᠳᠴᠢᠨ᠎ᠢ ᠳᠠᠷᠬᠠᠭ᠋ᠠᠵᠦ᠂ ᠳᠡᠯᠭᠡᠷᠡᠬᠦᠯᠦᠭᠰᠡᠨ ᠪᠤᠶᠤ ᠲᠠᠷᠬᠠᠭ᠋ᠠᠵᠤ᠂ ᠳᠡᠯᠭᠡᠷᠡᠭᠦᠯᠬᠦ ᠪᠤᠯᠤᠯᠴᠠᠭ᠎ᠠ᠎ᠲᠠᠢ ᠪᠤᠯᠭ᠋ᠠᠭᠰᠠᠨ;
(ᠬᠤᠶᠠᠷ) ᠤᠯᠤᠰ᠎ᠤᠨ ᠳᠤᠭᠳᠠᠭ᠋ᠠᠯ᠎ᠳᠤ ᠨᠡᠶ᠋ᠢᠴᠡᠬᠦ ᠦᠭᠡᠢ ᠮᠠᠯ᠎ᠤᠨ ᠡᠮ ᠪᠠ ᠮᠠᠯ ᠡᠮᠨᠡᠯᠭᠡ ᠵᠢᠨ ᠪᠠᠭ᠋ᠠᠵᠢ ᠬᠡᠷᠡᠭᠰᠡᠯ᠎ᠢ ᠬᠡᠷᠡᠭᠯᠡᠭᠰᠡᠨ;
(ᠭᠤᠷᠪᠠ) ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠤᠷᠳᠤᠨ ᠪᠤᠶᠦ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠱᠠᠭ᠋ᠠᠷᠳᠠᠯᠭ᠎ᠠ ᠶᠤᠰᠤᠭ᠋ᠠᠷ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠬᠡᠶ᠋ᠢᠯᠡᠬᠦ᠂ ᠬᠢᠵᠠᠭ᠋ᠠᠷᠯᠠᠬᠤ ᠪᠠ ᠠᠷᠢᠯᠭ᠋ᠠᠬᠤ ᠠᠵᠢᠯᠯᠠᠭ᠎ᠠ᠎ᠳᠤ ᠤᠷᠤᠯᠴᠠᠭᠰᠠᠨ ᠦᠭᠡᠢ᠃
ᠨᠠᠶᠠᠨ ᠭᠤᠷᠪᠠᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠠᠮᠢᠲᠠᠨ᠎ᠤ ᠬᠢᠵᠢᠭ ᠡᠪᠡᠳᠴᠢᠨ᠎ᠢ ᠰᠤᠳᠤᠯᠬᠤ᠂ ᠤᠨᠤᠰᠢᠯᠠᠨ ᠡᠮᠨᠡᠬᠦ ᠪᠠ ᠠᠮᠢᠲᠠᠨ᠎ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭ᠋ᠠᠷᠯᠠᠬᠤ᠂ ᠳᠡᠭᠡᠭᠡᠪᠦᠷᠢᠯᠡᠬᠦ ᠵᠢᠴᠢ ᠠᠮᠢᠳ᠋ᠨᠨᠤ ᠠᠰᠢᠭ ᠰᠢᠮ᠎ᠡ ᠵᠢ ᠦᠢ᠍ᠯᠡᠳᠪᠤᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭ᠋ᠠᠯᠠᠬᠤ ᠵᠡᠷᠭᠡ ᠠᠵᠢᠯᠯᠠᠭ᠎ᠠ
ᠡᠷᠬᠢᠯᠡᠵᠦ ᠪᠠᠶ᠋ᠢᠭ᠎ᠠ ᠨᠢᠭᠡᠴᠢ ᠪᠤᠯᠣᠨ ᠬᠤᠪᠢ ᠬᠦᠮᠦᠨ ᠳᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠡᠯᠲᠡ ᠲᠠᠯᠪᠢᠬᠤ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠵᠠᠯᠠᠷᠠᠭᠤᠯᠬᠤ ᠵᠢ ᠳᠡᠪᠴᠢᠭᠰᠡᠨ ᠪᠠᠶ᠋ᠢᠪᠠᠯ᠂ ᠬᠠᠤᠯᠢ ᠵᠢ ᠵᠦᠷᠢᠴᠡᠭᠰᠡᠨ ᠦᠢ᠍ᠯᠡ ᠠᠵᠢᠯᠯᠠᠭ᠎ᠠ ᠬᠢᠭᠰᠡᠨ ᠨᠢᠭᠡᠴᠢ ᠵᠢ ᠮᠢᠩᠭ᠋ᠠᠨ ᠲᠦᠭᠦᠷᠢᠭ᠎ᠠᠴᠠ ᠳᠡᠭᠡᠭᠰᠢ ᠲᠦᠮᠡᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠳᠬᠡᠵᠦ᠂ ᠬᠠᠤᠯᠢ ᠵᠢ ᠵᠦᠷᠢᠴᠡᠭᠰᠡᠨ ᠦᠢ᠍ᠯᠡ ᠠᠵᠢᠯᠯᠠᠭ᠎ᠠ ᠬᠢᠭᠰᠡᠨ ᠬᠤᠪᠢ ᠬᠦᠮᠦᠨ᠎ᠢ ᠲᠠᠪᠤᠨ ᠵᠠᠭᠤᠨ ᠲᠦᠭᠦᠷᠢᠭ᠎ᠠᠴᠠ ᠳᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ᠄
(ᠨᠢᠭᠡ) ᠠᠮᠢᠲᠠᠨ᠎ᠤ ᠬᠢᠵᠢᠭ᠎ᠤᠨ ᠪᠠᠶ᠋ᠢᠳᠠᠯ᠎ᠢ ᠮᠡᠳᠡᠭᠦᠯᠬᠦ ᠡᠭᠦᠷᠭᠡ᠎ᠪᠠᠨ ᠭᠦᠢ᠍ᠴᠡᠳᠭᠡᠭᠰᠡᠨ ᠦᠭᠡᠢ;
(ᠬᠤᠶᠠᠷ) ᠠᠮᠢᠳᠠᠨ᠎ᠤ ᠬᠢᠵᠢᠭ᠎ᠢ ᠰᠡᠷᠬᠡᠶ᠋ᠢᠯᠡᠬᠦ ᠠᠵᠢᠯᠯᠠᠭ᠎ᠠ᠎ᠳᠤ ᠬᠤᠯᠪᠤᠭᠳᠠᠬᠤ ᠮᠡᠲ᠋ᠧᠷᠢᠶᠠᠯ᠎ᠢ ᠦᠨᠡᠨ ᠮᠦᠨ ᠵᠶ᠋ᠠᠷ᠎ᠨᠢ ᠬᠠᠩᠭ᠋ᠠᠬᠰᠠᠨ ᠦᠭᠡᠢ;
(ᠭᠤᠷᠪᠡ) ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠨ ᠬᠢᠨᠠᠨ ᠪᠠᠶ᠋ᠢᠴᠠᠭ᠋ᠠᠬᠤ ᠵᠢ ᠳᠡᠪᠴᠢᠭᠰᠡᠨ;
(ᠳᠦᠷᠪᠡ) ᠠᠮᠢᠲᠠᠨ᠎ᠤ ᠬᠢᠵᠢᠭ ᠡᠪᠡᠳᠴᠢᠨ᠎ᠢ ᠰᠡᠷᠬᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠵᠢᠨ ᠠᠮᠢᠲᠠᠨ᠎ᠤ ᠬᠢᠵᠢᠭ ᠡᠪᠡᠳᠴᠢᠨ᠎ᠢ ᠬᠢᠨᠠᠨ ᠬᠡᠮᠵᠢᠬᠦ᠂ ᠰᠢᠯᠭ᠋ᠠᠨ ᠬᠡᠮᠵᠢᠬᠦ ᠵᠢ ᠳᠡᠪᠴᠢᠭᠰᠡᠨ᠃
ᠨᠠᠶᠠᠨ ᠳᠦᠷᠪᠡᠳᠦᠭᠡᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠶᠡᠯ᠎ᠡ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ ᠳ᠋ᠤᠰ ᠬᠠᠤᠯᠢ ᠵᠢᠨ ᠲᠤᠭᠳᠠᠭ᠋ᠠᠯ᠎ᠢ ᠵᠦᠷᠢᠴᠡᠵᠦ᠂ ᠠᠮᠢᠲᠠᠨ᠎ᠤ ᠬᠢᠵᠢᠭ ᠡᠪᠡᠳᠴᠢᠨ᠎ᠢ ᠳᠠᠷᠬᠠᠭ᠋ᠠᠵᠦ᠂ ᠳᠡᠯᠭᠡᠷᠡᠭᠦᠯᠭᠦᠵᠡᠷᠭᠡᠳᠤ ᠬᠦᠷᠭᠡᠵᠦ᠂ ᠪᠤᠰᠤᠳ᠎ᠤᠨ ᠪᠡᠶ᠎ᠡ ᠮᠠᠬᠠᠪᠤᠳ᠂
ᠡᠳ᠋ ᠬᠦᠷᠦᠩᠭᠡ᠎ᠳᠤ ᠬᠤᠭᠢᠷᠠᠯ ᠤᠴᠠᠷᠠᠭᠤᠯᠤᠭᠰᠠᠨ ᠪᠠᠶ᠋ᠢᠪᠠᠯ ᠬᠠᠤᠯᠢ ᠶᠣᠰᠤᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ᠃
ᠠᠷᠪᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠨᠠᠶᠠᠨ ᠲᠠᠪᠤᠳᠤᠭ᠋ᠠᠷ ᠵᠦᠢ᠍ᠯ ᠲᠤᠰ ᠬᠠᠤᠯᠢ ᠵᠢ 2008 ᠤᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠭᠡᠷᠡᠭᠵᠢᠭᠦᠯᠦᠨ᠎ᠠ᠃