(2015 ᠤᠨ᠎ᠤ 5 ᠳ᠋ᠤᠭ᠋ᠠᠷ ᠰᠠᠷ᠎ᠡ ᠵᠢᠨ 22᠎ᠤᠨ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠡ ᠵᠢᠨ ᠠᠷᠪᠠᠨ ᠵᠢᠷᠭᠤᠳᠤᠭ᠋ᠠᠷ ᠬᠤᠷᠠᠯ᠎ᠠᠴᠠ ᠪᠠᠳᠤᠯᠠᠪᠠ)
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠯᠪᠠᠨ ᠵᠠᠷ
ᠠᠷᠪᠠᠳᠤᠭ᠋ᠠᠷ ᠲᠤᠭ᠋ᠠᠳᠦ
2015 ᠤᠨ᠎ᠤ 5 ᠳ᠋ᠤᠭ᠋ᠠᠷ ᠰᠠᠷ᠎ᠡ ᠵᠢᠨ 22᠎ᠤᠨ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠡ ᠵᠢᠨ ᠠᠷᠪᠠᠨ ᠵᠢᠷᠭᠤᠳᠤᠭ᠋ᠠᠷ ᠬᠤᠷᠠᠯ᠎ᠠᠴᠠ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠢᠳᠡᠭᠡᠨ ᠡᠳ᠋ᠰᠢᠯᠡᠬᠦᠯᠬᠦ ᠵᠢᠵᠢᠭ ᠦᠢ᠍ᠯᠡᠳᠭᠡᠯ ᠪᠤᠯᠤᠨ ᠢᠳᠡᠭᠡᠨ᠎ᠤ ᠲᠡᠯᠭᠡᠬᠦᠷᠴᠢᠨᠤ ᠬᠠᠮᠢᠶᠠᠷᠤᠯᠳᠠ ᠵᠢᠨ ᠲᠦᠷᠢᠮ》᠎ᠢ ᠪᠠᠳᠤᠯᠠᠪᠠ᠃ ᠤᠳᠤ ᠨᠡᠶ᠋ᠢᠳᠡᠯᠡᠶᠡ᠂ 2015 ᠤᠨ᠎ᠤ 10 ᠳ᠋ᠤᠭ᠋ᠠᠷ ᠰᠠᠷ᠎ᠡ ᠵᠢᠨ 1᠎ᠤ ᠡᠳᠦᠷ᠎ᠠᠴᠠ ᠡᠬᠢᠯᠡᠨ ᠬᠡᠷᠡᠭᠵᠢᠬᠦᠯᠳᠦᠭᠡᠢ
2015 ᠤᠨ᠎ᠤ 5 ᠳ᠋ᠤᠭ᠋ᠠᠷ ᠰᠠᠷ᠎ᠡ ᠵᠢᠨ 22᠎ᠤᠨ ᠡᠳᠦᠷ
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ ᠢᠳᠡᠭᠡᠨ ᠡᠳ᠋ᠰᠢᠬᠦᠯᠬᠦ ᠵᠢᠵᠢᠭ ᠦᠢ᠍ᠯᠡᠳᠬᠡᠯ ᠪᠣᠯᠣᠨ ᠢᠳᠡᠭᠡᠨ᠎ᠤ ᠳᠡᠯᠭᠡᠬᠦᠷᠴᠢᠨᠤ ᠦᠢ᠍ᠯᠡᠳᠪᠦᠷᠢᠯᠡᠯ ᠡᠵᠡᠩᠨᠡᠯᠲᠠ ᠵᠢᠨ ᠠᠵᠢᠯᠯᠠᠭ᠎ᠠ ᠵᠢ ᠵᠢᠷᠣᠮᠵᠢᠭᠤᠯᠵᠣ᠂ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠯᠠᠨ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠴᠢᠬᠢᠷᠠᠭ ᠪᠠ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠦᠯᠦᠭᠡ᠂ 《ᠪᠦᠭᠦᠲᠠ ᠨᠠᠶ᠋ᠢᠷᠠᠮᠳᠠᠬᠤ ᠲᠤᠮᠳᠠᠲᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠪᠠ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ᠎ᠤ ᠪᠤᠲᠠᠲᠣ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠲᠤᠰ ᠲᠦᠷᠢᠮ᠎ᠢ ᠲᠤᠭᠲᠠᠭ᠋ᠠᠪᠠ᠃
ᠬᠤᠶᠠᠳᠤᠭ᠋ᠠᠷ ᠵᠦᠢ᠍ᠯ ᠦᠪᠡᠷᠲᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ᠎ᠤ ᠲᠤᠲᠤᠷᠠᠬᠢ ᠢᠳᠡᠭᠡᠨ ᠡᠳ᠋ᠰᠢᠬᠦᠯᠬᠦ ᠵᠢᠵᠢᠭ ᠦᠢ᠍ᠯᠡᠳᠬᠡᠯ (ᠲᠤᠷᠤᠭᠰᠢ ᠢᠳᠡᠭᠡᠨ᠎ᠤ ᠵᠢᠵᠢᠭ ᠦᠢ᠍ᠯᠡᠳᠭᠡᠯ ᠭᠡᠵᠤ ᠲᠦᠭᠦᠮᠴᠢᠯᠡᠨ᠎ᠡ) ᠪᠠ ᠢᠳᠡᠭᠡᠨ᠎ᠤ ᠳᠡᠯᠭᠡᠬᠦᠷᠴᠢᠨᠤ ᠦᠢ᠍ᠯᠡᠳᠪᠦᠷᠢᠯᠡᠯ ᠡᠵᠡᠩᠨᠡᠯᠲᠠ ᠵᠢᠴᠢ ᠬᠢᠨᠠᠯᠲᠠ ᠬᠠᠮᠢᠶᠠᠷᠤᠯᠲᠠ᠎ᠳᠤ ᠲᠤᠰ ᠲᠦᠷᠢᠮ᠎ᠢ ᠬᠡᠷᠡᠭᠯᠡᠨ᠎ᠡ᠃
ᠲᠤᠰ ᠲᠦᠷᠢᠮ᠎ᠳᠠᠬᠢ ᠢᠳᠡᠭᠡᠨ᠎ᠤ ᠵᠢᠵᠢᠭ ᠦᠢ᠍ᠯᠡᠳᠭᠡᠯ ᠭᠡᠳᠡᠭ᠎ᠨᠢ ᠲᠤᠭᠲᠠᠭᠰᠠᠨ ᠦᠢ᠍ᠯᠡᠳᠪᠦᠷᠢᠯᠡᠯ᠎ᠤᠨ ᠲᠠᠯᠠᠪᠤᠷ᠎ᠲᠠᠢ᠂ ᠢᠳᠡᠭᠡᠨ᠎ᠤ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠵᠦᠪᠰᠢᠶᠡᠷᠡᠯ᠎ᠤᠨ ᠨᠦᠬᠦᠴᠡᠯ᠎ᠳᠤ ᠬᠦᠷᠬᠦ ᠦᠭᠡᠢ᠂ ᠦᠢ᠍ᠯᠡᠳᠭᠦᠨ᠎ᠤ ᠤᠷᠢᠳᠴᠢᠯᠡᠨ ᠲᠤᠭᠲᠠᠭ᠋ᠠᠭᠰᠠᠨ ᠪᠤᠭᠤᠳᠠᠯ ᠦᠭᠡᠢ ᠪᠤᠶᠤ ᠲᠦᠭᠦᠮ ᠪᠤᠭᠤᠳᠠᠯ᠎ᠲᠠᠢ ᠢᠳᠡᠭᠡᠨ ᠡᠳ᠋ᠰᠢᠬᠦᠯᠬᠦ ᠡᠵᠡᠩᠨᠡᠭᠴᠢ ᠵᠢ ᠵᠢᠭ᠋ᠠᠨᠡ᠃
ᠲᠤᠰ ᠲᠦᠷᠢᠮ᠎ᠳᠠᠬᠢ ᠢᠳᠡᠭᠡᠨ᠎ᠤ ᠳᠡᠯᠭᠡᠬᠦᠷᠴᠢᠨ ᠭᠡᠳᠡᠭ᠎ᠨᠢ ᠲᠡᠯᠭᠡᠭᠦᠷ ᠭᠠᠷᠭ᠋ᠠᠨ ᠢᠳᠡᠭᠡᠨ ᠪᠤᠷᠤᠯᠠᠭᠤᠯᠬᠤ᠂ ᠲᠤᠬᠠᠢ ᠵᠢᠨ ᠲᠠᠯᠠᠪᠤᠷᠲᠤᠨᠢ ᠢᠳᠡᠭᠡᠨ ᠦᠢ᠍ᠯᠡᠳᠴᠤ ᠪᠤᠷᠤᠯᠠᠭᠤᠯᠬᠤ ᠵᠢᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠬᠤ ᠪᠤᠯᠪᠠᠴᠤ 《ᠢᠳᠡᠭᠡᠨ᠎ᠤ ᠵᠦᠢ᠍ᠯᠡᠰ᠎ᠤᠨ ᠡᠵᠡᠩᠨᠡᠯᠲᠠ ᠵᠢᠨ ᠵᠦᠪᠰᠢᠶᠡᠷᠡᠯ᠎ᠤᠨ ᠦᠨᠡᠮᠯᠡᠯ》 ᠤᠯᠤᠭᠰᠡᠨ ᠦᠭᠡᠢ ᠢᠳᠡᠭᠡᠨ᠎ᠤ ᠵᠦᠢ᠍ᠯᠡᠰ᠎ᠢ ᠡᠵᠡᠩᠨᠡᠭᠴᠢ ᠵᠢ ᠵᠢᠭ᠋ᠠᠨᠡ᠃
ᠭᠤᠷᠪᠠᠳᠤᠭ᠋ᠠᠷ ᠵᠦᠢ᠍ᠯ ᠬᠤᠰᠢᠭᠤ ᠰᠢᠶᠡᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠲᠤᠰ ᠵᠠᠰᠠᠭ ᠵᠠᠬᠢᠷᠭ᠋ᠠᠨ᠎ᠤ ᠤᠷᠤᠨ᠎ᠤ ᠲᠤᠲᠤᠷᠠᠬᠢ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠢᠳᠡᠭᠡᠨ᠎ᠤ ᠠᠮᠤᠷ ᠲᠦᠪᠰᠢᠨ᠎ᠢ ᠬᠢᠨᠠᠨ ᠬᠠᠮᠢᠶᠠᠷᠬᠤ ᠠᠵᠢᠯ᠎ᠢ ᠨᠢᠭᠡᠲᠦᠯᠲᠠᠢ ᠤᠳᠤᠷᠢᠳᠤᠨ ᠵᠤᠬᠢᠴᠠᠭᠤᠯᠵᠤ᠂ ᠢᠳᠡᠭᠡᠨ᠎ᠤ ᠠᠮᠤᠷ ᠲᠦᠪᠰᠢᠨ᠎ᠢ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃
ᠲᠦᠷᠪᠡᠳᠦᠭᠡᠷ ᠵᠦᠢ᠍ᠯ ᠬᠤᠰᠢᠭᠤ ᠰᠢᠶᠡᠨ᠎ᠤ ᠱᠠᠲᠤᠨ᠎ᠠᠴᠠ ᠲᠡᠭᠡᠭᠰᠢᠬᠢ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠢᠳᠡᠭᠡᠨ᠎ᠤ ᠠᠮᠤᠷ ᠲᠦᠪᠰᠢᠨ᠎ᠢ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠨ᠎ᠡ᠃
ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠮᠢᠶᠠᠷᠤᠯᠲᠠ ᠵᠢᠨ ᠬᠡᠷᠡᠭᠴᠡᠭᠡ᠎ᠪᠠᠨ ᠦᠨᠳᠦᠰᠦᠯᠡᠵᠤ ᠰᠤᠮᠤ ᠰᠢᠶᠠᠩ ᠪᠠᠯᠭ᠋ᠠᠰᠤ ᠪᠤᠶᠤ ᠤᠨᠴᠠᠭ᠋ᠠᠢ ᠲᠤᠭᠲᠠᠭ᠋ᠠᠭᠰᠠᠨ ᠤᠷᠤᠨ᠎ᠳᠤ ᠲᠤᠮᠢᠯᠠᠭᠰᠠᠨ ᠪᠠᠶ᠋ᠢᠭᠤᠯᠭ᠎ᠠ ᠪᠠᠶ᠋ᠢᠭᠤᠯᠬᠤ ᠬᠡᠷᠡᠭᠲᠠᠢ᠃
ᠲᠠᠷᠢᠶᠠᠯᠠᠩ ᠮᠠᠯ ᠠᠵᠤ ᠠᠬᠤᠢ᠂ ᠡᠷᠡᠭᠦᠯ ᠬᠠᠮᠠᠭ᠋ᠠᠯᠠᠯ᠂ ᠶᠠᠰᠤ ᠴᠢᠨᠠᠷ ᠮᠡᠷᠭᠡᠵᠢᠯ᠎ᠤᠨ ᠬᠢᠨᠠᠯᠲᠠ ᠲᠠᠯᠪᠢᠬᠤ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ᠂ ᠲᠤᠲᠤᠭ᠋ᠠᠲᠤ ᠵᠢ ᠬᠠᠮᠠᠭ᠋ᠠᠯᠠᠬᠤ᠂ ᠰᠤᠷᠭ᠋ᠠᠨ ᠬᠦᠮᠦᠵᠢᠯ᠂ ᠬᠤᠲᠠ ᠵᠢᠨ ᠬᠠᠮᠢᠶᠠᠷᠤᠯᠲᠠ᠂ ᠦᠨᠳᠦᠰᠦᠲᠡᠨ᠎ᠤ ᠬᠡᠷᠡᠭ ᠡᠷᠬᠢᠯᠡᠬᠦ ᠵᠡᠷᠭᠡ ᠰᠠᠯᠠᠭ᠎ᠠ ᠮᠦᠴᠢᠷ ᠢᠳᠡᠭᠡᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠤᠭᠲᠠᠭ᠋ᠠᠯ ᠵᠢᠴᠢ ᠬᠠᠮᠢᠶ᠎ᠠ ᠪᠦᠬᠦᠢ ᠲᠤᠭᠲᠠᠭ᠋ᠠᠯ ᠶᠤᠰᠤᠭ᠋ᠠᠷ᠂ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠲᠤᠲᠤᠷ᠎ᠠ᠎ᠪᠠᠨ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠳᠡᠯᠭᠡᠬᠦᠷᠴᠢᠨᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠬᠡᠷᠡᠭᠲᠠᠢ᠃
ᠲᠠᠪᠤᠳᠤᠭ᠋ᠠᠷ ᠵᠦᠢ᠍ᠯ ᠬᠤᠰᠢᠭᠤ ᠰᠢᠶᠡᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠬᠠᠮᠢᠶ᠎ᠡ ᠪᠦᠬᠦᠢ ᠰᠠᠯᠠᠭ᠎ᠠ ᠮᠦᠴᠢᠷ ᠤᠯᠠᠨ ᠲᠦᠮᠡᠨ᠎ᠤ ᠠᠮᠢᠳᠤᠷᠠᠯ᠎ᠳᠤ ᠲᠦᠭᠦᠮ᠂ ᠠᠵᠤ ᠠᠬᠤᠢ ᠵᠢᠨ ᠬᠦᠭᠵᠢᠯᠲᠠ ᠪᠠ ᠨᠡᠶ᠋ᠢᠭᠡᠮ᠎ᠤᠨ ᠠᠵᠢᠯ ᠤᠯᠭᠤᠯᠳᠠ ᠵᠢ ᠠᠬᠢᠭᠤᠯᠬᠤ ᠵᠠᠷᠴᠢᠮ ᠶᠤᠰᠤᠭ᠋ᠠᠷ᠂ ᠨᠢᠭᠡᠲᠦᠯᠲᠠᠢ ᠲᠦᠯᠦᠪᠵᠢᠭᠦᠯᠵᠤ᠂ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠦᠢ᠍ᠯᠡᠳᠪᠦᠷᠢᠯᠡᠵᠤ ᠡᠵᠡᠩᠨᠡᠬᠦ᠎ᠳᠤ ᠲᠤᠬᠢᠷᠠᠬᠤ ᠲᠦᠪᠯᠡᠷᠡᠭᠰᠡᠨ ᠲᠠᠯᠠᠪᠤᠷ᠂ ᠵᠠᠭᠡᠯᠢ ᠲᠤᠭᠤᠷᠢᠭ ᠪᠠᠶ᠋ᠢᠭᠤᠯᠬᠤ ᠪᠠ ᠦᠭᠡᠷᠡᠴᠢᠯᠡᠨ ᠪᠠᠶ᠋ᠢᠭᠤᠯᠬᠤ ᠵᠢᠨ ᠬᠠᠮᠲᠤ ᠰᠠᠭᠤᠷᠢ ᠲᠦᠬᠦᠭᠡᠷᠦᠮᠵᠢ ᠵᠢᠴᠢ ᠢᠵᠢ ᠲᠦᠬᠦᠭᠡᠷᠦᠮᠵᠢ ᠵᠢ ᠲᠡᠭᠦᠯᠳᠡᠷᠵᠢᠭᠦᠯᠵᠤ᠂ ᠬᠡᠪᠴᠢᠶᠡᠵᠢᠭᠰᠡᠨ᠂ ᠬᠤᠯᠪᠤᠭ᠋ᠠᠲᠤ ᠡᠵᠡᠩᠨᠡᠯᠲᠠ ᠵᠢ ᠠᠬᠢᠭᠤᠯᠬᠤ ᠬᠡᠷᠡᠭᠲᠠᠢ᠃
ᠬᠤᠲᠠ ᠵᠢᠨ ᠬᠠᠷᠢᠶ᠎ᠡ ᠲᠤᠭᠤᠷᠢᠭ᠎ᠤᠨ ᠠᠷᠠᠳ᠎ᠤᠨ ᠵᠠᠰᠠᠭ᠎ᠤᠨ ᠤᠷᠳᠤᠨ᠂ ᠬᠤᠰᠢᠭᠤ ᠰᠢᠶᠡᠨ᠎ᠤ ᠪᠠᠶ᠋ᠢᠭ᠎ᠠ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ ᠬᠤᠲᠠ ᠪᠠᠯᠭ᠋ᠠᠰᠤᠨ᠎ᠤ ᠲᠦᠯᠦᠪᠵᠢᠭᠦᠯᠭᠡ ᠵᠢ ᠦᠨᠳᠦᠰᠦᠯᠡᠵᠤ ᠢᠳᠡᠭᠡᠨ᠎ᠤ ᠲᠡᠯᠭᠡᠭᠦᠷᠴᠢᠨᠤ ᠢᠳᠡᠭᠡᠨ᠎ᠤ ᠡᠵᠡᠩᠨᠡᠯᠲᠠ ᠵᠢᠨ ᠤᠷᠤᠨ ᠬᠡᠪᠴᠢᠶ᠎ᠡ ᠪᠠ ᠴᠠᠭ ᠬᠤᠭᠤᠴᠠᠭ᠎ᠠ ᠵᠢ ᠲᠤᠭᠲᠠᠭ᠋ᠠᠬᠤ ᠵᠢᠨ ᠬᠠᠮᠲᠤ ᠨᠡᠶ᠋ᠢᠭᠡᠮ ᠨᠡᠶ᠋ᠢᠳᠡ᠎ᠳᠤ ᠵᠠᠷᠯᠠᠨ ᠨᠡᠶ᠋ᠢᠳᠡᠯᠡᠬᠦ ᠬᠡᠷᠡᠭᠲᠠᠢ᠃
ᠵᠢᠷᠭᠤᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠳᠡᠯᠭᠡᠬᠦᠷᠴᠢᠨ ᠢᠳᠡᠭᠡᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠤᠭᠲᠠᠭ᠋ᠠᠯ ᠪᠠ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠡ ᠶᠤᠰᠤᠭ᠋ᠠᠷ ᠦᠢ᠍ᠯᠡᠳᠪᠦᠷᠢᠯᠡᠯ ᠡᠵᠡᠩᠨᠡᠯᠲᠠ ᠵᠢᠨ ᠠᠵᠢᠯᠯᠠᠭ᠎ᠠ ᠬᠢᠵᠤ᠂ ᠬᠤᠲᠠ ᠵᠢᠨ ᠦᠩᠭᠡ ᠦᠵᠡᠮᠵᠢ ᠵᠢᠨ ᠬᠠᠮᠢᠶᠠᠷᠤᠯᠲᠠ ᠵᠢᠴᠢ ᠬᠤᠯᠪᠤᠭᠳᠠᠯ ᠪᠦᠬᠦᠢ ᠲᠤᠭᠲᠠᠭ᠋ᠠᠯ᠎ᠢ ᠵᠢᠷᠦᠮᠯᠡᠵᠤ᠂ ᠦᠢ᠍ᠯᠡᠳᠪᠦᠷᠢᠯᠡᠵᠤ ᠡᠵᠡᠩᠨᠡᠭᠰᠡᠨ ᠢᠳᠡᠭᠡᠨ᠎ᠤ ᠡᠷᠡᠭᠦᠯ ᠬᠠᠮᠠᠭ᠋ᠠᠯᠠᠯ᠂ ᠬᠤᠤᠷ᠎ᠠ ᠦᠭᠡᠢ᠂ ᠬᠦᠨᠦᠭᠡᠯ ᠦᠭᠡᠢ ᠪᠠᠶ᠋ᠢᠬᠤ ᠵᠢ ᠪᠠᠲᠤᠯᠠᠬᠤ ᠬᠡᠷᠡᠭᠲᠠᠢ᠃
ᠲᠤᠯᠤᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ᠎ᠤᠨ ᠦᠢ᠍ᠯᠡᠳᠪᠦᠷᠢᠯᠡᠯ᠎ᠤᠨ ᠨᠦᠬᠦᠴᠡᠯ ᠵᠶ᠋ᠠᠨ ᠰᠠᠶ᠋ᠢᠵᠢᠷᠠᠭᠤᠯᠵᠤ᠂ ᠦᠢ᠍ᠯᠡᠳᠪᠦᠷᠢᠯᠡᠯ᠎ᠤᠨ ᠴᠢᠳᠠᠪᠤᠷᠢ᠎ᠪᠠᠨ ᠲᠡᠭᠡᠭᠰᠢᠯᠡᠭᠦᠯᠵᠤ᠂ ᠡᠵᠡᠩᠨᠡᠯᠲᠠ ᠵᠢᠨ ᠬᠡᠪᠴᠢᠶ᠎ᠡ᠎ᠪᠠᠨ ᠦᠷᠭᠡᠳᠭᠡᠵᠤ᠂ ᠢᠳᠡᠭᠡᠨ᠎ᠤ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠵᠤ ᠲᠡᠰ ᠲᠡᠪᠰᠢᠬᠦ ᠵᠢ ᠵᠤᠷᠢᠬ᠍ᠵᠢᠭᠤᠯᠤᠨᠡ᠃
ᠨᠠᠢ᠍ᠮᠠᠳᠤᠭ᠋ᠠᠷ ᠵᠦᠢ᠍ᠯ ᠢᠳᠡᠭᠡᠨ᠎ᠤ ᠠᠵᠢᠯ ᠲᠦᠷᠦᠯ᠎ᠤᠨ ᠨᠡᠶ᠋ᠢᠭᠡᠮᠯᠢᠭ᠎ᠤᠨ ᠤᠷᠤᠨ ᠨᠤᠲᠤᠭ᠎ᠤᠨ ᠢᠳᠡᠭᠡᠨ᠎ᠤ ᠪᠠᠷᠢᠮᠵᠢᠶ᠎ᠡ ᠪᠠ ᠢᠳᠡᠭᠡᠨ᠎ᠤ ᠠᠵᠢᠯ ᠲᠦᠷᠦᠯ᠎ᠤᠨ ᠵᠢᠷᠣᠮᠵᠢᠯᠢ ᠲᠤᠭᠲᠠᠭ᠋ᠠᠬᠤ᠎ᠳᠤ ᠤᠷᠤᠯᠴᠠᠬᠤ ᠵᠢ ᠵᠤᠷᠢᠬ᠍ᠵᠢᠭᠤᠯᠵᠤ᠂ ᠢᠳᠡᠭᠡᠨ᠎ᠤ ᠠᠮᠤᠷ ᠲᠦᠪᠰᠢᠨ᠎ᠤ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠤ᠂ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠳᠡᠯᠭᠡᠬᠦᠷᠴᠢᠨᠤ ᠬᠠᠤᠯᠢ ᠶᠤᠰᠤᠭ᠋ᠠᠷ ᠦᠢ᠍ᠯᠡᠳᠪᠦᠷᠢᠯᠡᠨ ᠡᠵᠡᠩᠨᠡᠬᠦ ᠵᠢ ᠬᠦᠳᠦᠯᠦᠨ ᠵᠢᠷᠣᠮᠵᠢᠭᠤᠯᠵᠣ᠂ ᠠᠵᠢᠯ ᠲᠦᠷᠦᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠡ᠃
ᠶᠢᠰᠦᠳᠦᠭᠡᠷ ᠵᠦᠢ᠍ᠯ ᠷᠠᠳᠢᠣ᠋ ᠨᠡᠪᠲᠡᠷᠡᠭᠦᠯᠭᠡ᠂ ᠲᠧᠯᠸᠢᠰ᠂ ᠰᠤᠨᠢᠨ ᠰᠡᠳᠭᠦᠯ᠂ ᠰᠦᠯᠵᠢᠶ᠎ᠡ ᠵᠡᠷᠭᠡ ᠰᠤᠨᠢᠨ ᠮᠡᠳᠡᠭᠡᠨ᠎ᠤ ᠵᠠᠭᠤᠴᠢᠯᠠᠭᠤᠷ ᠢᠳᠡᠭᠡᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠤᠭᠲᠠᠭ᠋ᠠᠯ ᠵᠢᠴᠢ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠡ ᠪᠠ ᠮᠡᠳᠡᠯᠭᠡ ᠵᠢᠨ ᠲᠤᠬᠠᠢ ᠨᠡᠶ᠋ᠢᠲᠠ ᠵᠢᠨ ᠠᠰᠠᠷᠠᠮᠵᠢ ᠵᠢᠨ ᠤᠬᠠᠭᠤᠯᠭ᠎ᠠ ᠦᠷᠨᠢᠭᠦᠯᠵᠤ᠂ ᠠᠮᠤᠷ ᠲᠦᠪᠰᠢᠨ ᠢᠳᠡᠭᠡᠨ ᠤᠮᠳᠠᠭ᠋ᠠᠨ᠎ᠤ ᠠᠷᠭ᠎ᠠ ᠬᠡᠯᠪᠡᠷᠢ ᠵᠢ ᠰᠠᠨᠠᠭ᠋ᠠᠴᠢᠯᠠᠨ ᠰᠡᠳᠦᠵᠤ᠂ ᠤᠯᠠᠨ ᠨᠡᠶ᠋ᠢᠲᠠ ᠵᠢᠨ ᠢᠳᠡᠭᠡᠨ᠎ᠤ ᠠᠮᠤᠷ ᠲᠦᠪᠰᠢᠨ᠎ᠤ ᠤᠬᠠᠮᠰᠠᠷ ᠪᠠ ᠦᠪᠡᠷ᠎ᠢ᠎ᠪᠠᠨ ᠬᠠᠮᠠᠭ᠋ᠠᠯᠠᠬᠤ ᠴᠢᠳᠡᠪᠤᠷᠢ ᠵᠢ ᠨᠡᠮᠡᠭᠳᠡᠭᠦᠯᠵᠤ᠂ ᠢᠳᠡᠭᠡᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠠᠴᠠ ᠵᠦᠷᠢᠴᠡᠭᠰᠡᠨ ᠠᠵᠢᠯᠯᠠᠭ᠎ᠠ᠎ᠳᠤ ᠶᠠᠷᠢᠶ᠎ᠡ ᠬᠡᠯᠡᠯᠴᠡᠭᠡᠨ᠎ᠤ ᠬᠢᠨᠠᠯᠲᠠ ᠲᠠᠯᠪᠢᠬᠤ ᠬᠡᠷᠡᠭᠲᠠᠢ᠃
ᠠᠷᠪᠠᠳᠤᠭ᠋ᠠᠷ ᠵᠦᠢ᠍ᠯ ᠶᠠᠮᠠᠷᠪᠡ ᠨᠢᠭᠡᠴᠡ ᠪᠠ ᠬᠤᠪᠢ ᠬᠦᠮᠦᠨ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠳᠡᠯᠭᠡᠬᠦᠷᠴᠢᠨᠤ ᠦᠢ᠍ᠯᠡᠳᠪᠦᠷᠢᠯᠡᠯ ᠡᠵᠡᠩᠨᠡᠯᠲᠠ ᠲᠤᠮᠳᠠᠬᠢ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠵᠠᠭ᠋ᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ᠎ᠲᠠᠢ᠃ ᠪᠠᠶ᠋ᠢᠴᠠᠭ᠋ᠠᠨ ᠬᠡᠷᠡᠴᠢᠯᠡᠭᠡᠳ ᠦᠨᠡᠨ ᠪᠤᠯᠬᠤ ᠵᠠᠭ᠋ᠠᠯᠳᠤᠯᠭ᠎ᠠ ᠵᠢ᠂ ᠬᠦᠯᠢᠶᠡᠨ ᠠᠪᠤᠭᠰᠠᠨ ᠰᠠᠯᠠᠭ᠎ᠠ ᠮᠦᠴᠢᠷ᠎ᠨᠢ ᠬᠠᠮᠢᠶ᠎ᠡ ᠪᠦᠬᠦᠢ ᠲᠤᠭᠲᠠᠭ᠋ᠠᠯ ᠶᠤᠰᠤᠭ᠋ᠠᠷ ᠬᠦᠬᠢᠭᠦᠯᠬᠦ ᠬᠡᠷᠡᠭᠲᠠᠢ᠃
ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠳᠡᠯᠭᠡᠬᠦᠷᠴᠢᠨᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠰᠠᠯᠠᠭ᠎ᠠ ᠮᠦᠴᠢᠷ ᠲᠤᠰ ᠰᠠᠯᠠᠭ᠎ᠠ ᠮᠦᠴᠢᠷ᠎ᠤᠨ ᠵᠶ᠋ᠠᠨ ᠢᠮᠧᠯ᠂ ᠨᠢᠭᠡᠴᠡ ᠵᠢᠨ ᠬᠠᠶᠢᠭ ᠪᠠ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠠ ᠵᠢ ᠬᠦᠯᠢᠶᠡᠨ ᠠᠪᠬᠤ ᠤᠳᠠᠰᠤ᠎ᠪᠠᠨ ᠨᠡᠶ᠋ᠢᠲᠡᠯᠡᠬᠦ ᠬᠡᠷᠡᠭᠲᠠᠢ᠃
ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠠ ᠵᠢ ᠬᠦᠯᠢᠶᠡᠨ ᠠᠪᠤᠭᠰᠠᠨ ᠰᠠᠯᠠᠭ᠎ᠠ ᠮᠦᠴᠢᠷ ᠵᠠᠭ᠋ᠠᠯᠳᠤᠭᠰᠠᠨ ᠬᠦᠮᠦᠨ᠂ ᠢᠯᠡᠴᠢᠯᠡᠨ ᠮᠡᠳᠡᠭᠦᠯᠦᠭᠰᠡᠨ ᠬᠦᠮᠦᠨ᠎ᠤ ᠨᠢᠭᠤᠴᠠ ᠵᠢ ᠬᠠᠮᠠᠭ᠋ᠠᠯᠠᠵᠤ᠂ ᠲᠡᠳᠡᠨ᠎ᠤ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠠᠢ᠃
ᠬᠤᠶᠠᠳᠤᠭ᠋ᠠᠷ ᠪᠦᠯᠦᠭ ᠢᠳᠡᠭᠡᠨ᠎ᠤ ᠵᠢᠵᠢᠭ ᠦᠢ᠍ᠯᠡᠳᠭᠡᠯ᠎ᠤᠨ ᠡᠳ᠋ᠰᠢᠭᠦᠯᠦᠯᠲᠠ
ᠠᠷᠪᠠᠨ ᠨᠢᠭᠡᠳᠦᠭᠡᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠡᠷᠬᠢᠯᠡᠵᠤ ᠢᠳᠡᠭᠡᠨ ᠡᠳ᠋ᠰᠢᠬᠦᠯᠬᠦ᠎ᠳᠤ ᠲᠤᠤᠷᠠᠬᠢ ᠨᠦᠬᠦᠴᠡᠯ᠎ᠢ ᠪᠦᠷᠢᠯᠳᠦᠭᠦᠯᠬᠦ ᠬᠡᠷᠡᠭᠲᠠᠢ᠄
(ᠨᠢᠭᠡ) ᠡᠳ᠋ᠰᠢᠭᠦᠯᠬᠦ ᠢᠳᠡᠭᠡᠨ᠎ᠤ ᠲᠦᠷᠦᠯ ᠵᠦᠢ᠍ᠯ᠂ ᠳᠤᠭ᠎ᠠ ᠬᠡᠮᠵᠢᠶ᠎ᠡ᠂ ᠶᠠᠰᠤ ᠴᠢᠨᠠᠷ᠎ᠤᠨ ᠱᠠᠭ᠋ᠠᠷᠳᠠᠯᠭ᠎ᠠ᠎ᠲᠠᠢ ᠬᠠᠷᠢᠯᠴᠠᠨ ᠵᠤᠬᠢᠴᠠᠭᠰᠠᠨ ᠡᠳ᠋ᠰᠢᠭᠦᠯᠬᠦ᠂ ᠪᠤᠭᠤᠳᠠᠯᠯᠠᠬᠤ᠂ ᠬᠠᠳᠠᠭ᠋ᠠᠯᠠᠬᠤ ᠵᠡᠷᠭᠡ ᠲᠠᠯᠠᠪᠤᠷ᠎ᠲᠠᠢ ᠪᠠᠶ᠋ᠢᠬᠤ ᠵᠢᠨ ᠬᠠᠮᠲᠤ ᠬᠤᠤᠷ ᠬᠦᠨᠦᠭᠡᠯ᠎ᠲᠠᠢ ᠲᠠᠯᠠᠪᠤᠷ ᠵᠢᠴᠢ ᠪᠤᠰᠤᠳ ᠪᠤᠬᠢᠷᠳᠤᠯ᠎ᠤᠨ ᠰᠤᠷᠪᠤᠯᠵᠢ᠎ᠠᠴᠠ ᠲᠤᠭᠲᠠᠭᠰᠠᠨ ᠵᠠᠢᠲᠠᠢ ᠪᠠᠶ᠋ᠢᠬᠤ ᠵᠢ ᠪᠠᠲᠤᠯᠠᠨ᠎ᠡ;
(ᠬᠤᠶᠠᠷ) ᠡᠳ᠋ᠰᠢᠭᠦᠯᠬᠦ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠡ᠎ᠲᠠᠢ ᠬᠠᠷᠢᠯᠴᠠᠨ ᠵᠤᠬᠢᠴᠠᠭᠰᠠᠨ ᠤᠭᠢᠶᠠᠬᠤ᠂ ᠠᠷᠢᠭᠤᠳᠬᠠᠬᠤ᠂ ᠰᠡᠷᠢᠭᠦᠨ ᠬᠠᠳᠠᠭ᠋ᠠᠯᠠᠬᠤ᠂ ᠵᠦᠭᠡᠭᠡᠪᠦᠷᠢᠯᠡᠬᠦ᠂ ᠢᠯᠵᠢᠷᠡᠬᠦ ᠵᠢ ᠰᠡᠷᠭᠡᠶ᠋ᠢᠯᠡᠬᠦ᠂ ᠲᠤᠭᠤᠰᠤ ᠵᠢ ᠰᠡᠷᠭᠡᠶ᠋ᠢᠯᠡᠬᠦ᠂ ᠢᠯᠠᠭ᠎ᠠ᠎ᠠᠴᠠ ᠰᠡᠷᠭᠡᠶ᠋ᠢᠯᠡᠬᠦ᠂ ᠬᠤᠯᠤᠭ᠋ᠠᠨᠡᠠᠴᠠ ᠰᠡᠷᠭᠡᠶ᠋ᠢᠯᠡᠬᠦ᠂ ᠪᠤᠬᠢᠷᠳᠤᠯ᠎ᠢ ᠰᠡᠷᠭᠡᠶ᠋ᠢᠯᠡᠬᠦ ᠵᠢᠴᠢ ᠬᠠᠶᠠᠭᠳᠠᠮᠠᠯ ᠤᠰᠤ᠎ᠪᠠᠨ ᠰᠢᠢ᠍ᠳᠪᠦᠷᠢᠯᠡᠬᠦ᠂ ᠬᠤᠭ ᠲᠠᠯᠪᠢᠬᠤ ᠵᠡᠷᠭᠡ ᠪᠡᠯᠡᠳᠭᠡᠯ ᠲᠦᠬᠦᠭᠡᠷᠦᠮᠵᠢ᠎ᠲᠠᠢ ᠪᠠᠶ᠋ᠢᠬᠤ;
(ᠭᠤᠷᠪᠠ) ᠵᠤᠬᠢᠰᠲᠠᠢ ᠪᠡᠯᠡᠳᠭᠡᠯ ᠲᠦᠬᠦᠭᠡᠷᠦᠮᠵᠢ ᠵᠢᠨ ᠪᠠᠶ᠋ᠢᠷᠢᠯᠠᠭᠤᠯᠤᠯᠲᠠ ᠪᠠ ᠭᠠᠷ ᠤᠷᠠᠯᠠᠯ᠎ᠤᠨ ᠴᠤᠪᠤᠷᠠᠯ᠎ᠲᠠᠢ᠂ ᠢᠳᠡᠭᠡᠨ᠎ᠲᠠᠢ ᠰᠢᠭᠤᠳ ᠬᠦᠷᠦᠯᠴᠡᠵᠤ ᠪᠠᠶ᠋ᠢᠭ᠎ᠠ ᠦᠢ᠍ᠯᠡᠳᠪᠦᠷᠢᠯᠡᠯ᠎ᠤᠨ ᠲᠦᠬᠦᠭᠡᠷᠦᠮᠵᠢ᠂ ᠰᠠᠪᠠ ᠬᠡᠷᠡᠭᠰᠡᠯ᠎ᠨᠢ ᠬᠤᠤᠷ᠎ᠠ ᠦᠭᠡᠢ᠂ ᠬᠦᠨᠦᠭᠡᠯ ᠦᠭᠡᠢ᠂ ᠢᠯᠵᠢᠷᠠᠵᠤ ᠢᠳᠡᠭᠳᠡᠬᠦ᠎ᠳᠤ ᠲᠡᠰᠪᠦᠷᠢᠲᠠᠢ᠂ ᠠᠮᠠᠷᠬᠠᠨ ᠵᠢᠪᠡᠷᠡᠬᠦ ᠦᠭᠡᠢ᠂ ᠡᠷᠡᠭᠦᠯ ᠬᠠᠮᠠᠭ᠋ᠠᠯᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ;
(ᠲᠦᠷᠪᠡ) ᠢᠳᠡᠭᠡᠨ᠎ᠢ ᠪᠤᠭᠤᠳᠠᠯᠯᠠᠬᠤ᠎ᠳᠤ ᠬᠡᠷᠡᠭᠯᠡᠬᠦ ᠰᠠᠪᠠ ᠪᠡ ᠬᠡᠷᠡᠭᠰᠡᠯ᠎ᠨᠢ ᠠᠷᠢᠭᠤᠨ ᠴᠠᠪᠡᠷ᠂ ᠬᠤᠤᠷ᠎ᠠ ᠦᠭᠡᠢ᠂ ᠬᠦᠨᠦᠭᠡᠯ ᠦᠭᠡᠢ ᠡᠷᠡᠭᠦᠯ ᠬᠠᠮᠠᠭ᠋ᠠᠯᠠᠯ᠎ᠤᠨ ᠱᠠᠭ᠋ᠠᠷᠳᠠᠯᠭ᠎ᠠ ᠪᠠ ᠢᠳᠡᠭᠡᠨ᠎ᠤ ᠪᠤᠭᠤᠳᠠᠯ᠎ᠤᠨ ᠪᠠᠷᠢᠮᠵᠢᠶ᠎ᠡ᠎ᠳᠤ ᠨᠡᠶ᠋ᠢᠴᠡᠬᠦ᠃
ᠠᠷᠪᠠᠨ ᠬᠤᠶᠠᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ᠎ᠨᠢ ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠲᠠᠩᠰᠠᠯᠠᠭᠤᠯᠬᠤ ᠵᠢᠨ ᠬᠠᠮᠲᠤ 《ᠢᠳᠡᠭᠡᠨ᠎ᠤ ᠵᠢᠵᠢᠭ ᠦᠢ᠍ᠯᠡᠳᠭᠡᠯ᠎ᠤᠨ ᠲᠠᠩᠰᠠᠯᠠᠭᠤᠯᠣᠭᠰᠠᠨ ᠦᠨᠡᠮᠯᠡᠯ》 ᠤᠯᠤᠭᠰᠠᠨ᠎ᠤ ᠲᠠᠷᠠᠭ᠎ᠠ᠂ ᠢᠳᠡᠭᠡᠨ ᠡᠳ᠋ᠰᠢᠭᠦᠯᠵᠤ ᠪᠤᠯᠤᠨ᠎ᠡ᠃
ᠠᠷᠪᠠᠨ ᠭᠤᠷᠪᠠᠳᠤᠭ᠋ᠠᠷ ᠵᠦᠢ᠍ᠯ 《ᠢᠳᠡᠭᠡᠨ᠎ᠤ ᠵᠢᠵᠢᠭ ᠦᠢ᠍ᠯᠡᠳᠭᠡᠯ᠎ᠤᠨ ᠲᠠᠩᠰᠠᠯᠠᠭᠤᠯᠣᠭᠰᠠᠨ ᠦᠨᠡᠮᠯᠡᠯ》 ᠭᠤᠶᠤᠴᠢᠯᠠᠬᠤ᠎ᠳᠤ ᠲᠠᠩᠰᠠᠯᠠᠬᠤ ᠪᠠᠶ᠋ᠢᠭᠤᠯᠭ᠎ᠠ᠎ᠳᠤ ᠡᠵᠡᠩᠨᠡᠭᠴᠢ ᠵᠢᠨ ᠪᠡᠶ᠎ᠡ ᠵᠢᠨ ᠦᠨᠡᠮᠯᠡᠯ᠎ᠤᠨ ᠤᠭ ᠲᠠᠪᠲᠡᠷ ᠵᠢᠴᠢ ᠲᠠᠷᠤᠮᠠᠯᠯᠠᠭᠰᠠᠨ ᠲᠠᠪᠲᠡᠷ᠂ ᠬᠠᠶᠢᠭ᠂ ᠡᠳ᠋ᠰᠢᠭᠦᠯᠬᠦ ᠭᠠᠵᠠᠷ᠂ ᠡᠳ᠋ᠰᠢᠭᠦᠯᠬᠦ ᠢᠳᠡᠭᠡᠨ᠎ᠤ ᠨᠠᠷᠠᠶ᠋ᠢᠳᠤᠯ ᠵᠢᠴᠢ ᠲᠦᠷᠦᠯ ᠵᠦᠢ᠍ᠯ᠂ ᠬᠡᠷᠡᠭᠯᠡᠬᠦ ᠢᠳᠡᠭᠡᠨ᠎ᠤ ᠨᠡᠮᠡᠯᠲᠠ ᠡᠳ᠋᠎ᠤᠨ ᠨᠡᠷᠡᠶ᠋ᠢᠳᠤᠯ ᠪᠠ ᠲᠦᠷᠦᠯ ᠵᠦᠢ᠍ᠯ᠂ ᠠᠵᠢᠯᠯᠠᠭᠴᠢᠳ᠎ᠤᠨ ᠡᠷᠡᠭᠦᠯ ᠮᠡᠨᠲᠤ ᠵᠢᠨ ᠬᠡᠷᠡᠴᠢ ᠵᠡᠷᠭᠡ ᠮᠠᠲ᠋ᠧᠷᠢᠶᠠᠯ᠎ᠢ ᠲᠤᠰᠢᠶᠠᠬᠤ ᠬᠡᠷᠡᠭᠲᠠᠢ᠃
ᠠᠷᠪᠠᠨ ᠲᠦᠷᠪᠡᠳᠦᠭᠡᠷ ᠵᠦᠢ᠍ᠯ ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ᠎ᠤ ᠵᠢᠵᠢᠭ ᠦᠢ᠍ᠯᠡᠳᠭᠡᠯ᠎ᠤᠨ ᠭᠤᠶᠤᠴᠢᠯᠠᠭᠴᠢ ᠵᠢᠨ ᠲᠤᠰᠢᠶᠠᠭᠰᠠᠨ ᠬᠤᠯᠪᠤᠭᠳᠠᠯ ᠪᠦᠬᠦᠢ ᠮᠠᠲ᠋ᠧᠷᠢᠶᠠᠯ᠎ᠢ ᠬᠠᠤᠯᠢ ᠶᠤᠰᠤᠭ᠋ᠠᠷ ᠬᠢᠨᠠᠨ ᠬᠠᠷᠭᠤᠭᠤᠯᠵᠤ᠂ ᠴᠢᠬᠤᠯᠠᠲᠠᠢ ᠦᠶᠡᠰ ᠭᠤᠶᠤᠴᠢᠯᠠᠭᠴᠢ ᠵᠢᠨ ᠦᠢ᠍ᠯᠡᠳᠪᠦᠷᠢᠯᠡᠯ ᠡᠵᠡᠩᠨᠡᠯᠲᠠ ᠵᠢᠨ ᠲᠠᠯᠠᠪᠤᠷ᠎ᠲᠤ ᠬᠦᠷᠴᠦ ᠲᠤᠬᠠᠢ ᠵᠢᠨ ᠲᠠᠯᠠᠪᠠᠢ᠎ᠳᠤ᠎ᠨᠢ ᠬᠠᠷᠭᠤᠭᠤᠯᠣᠨ ᠪᠠᠶ᠋ᠢᠴᠠᠭ᠋ᠠᠨᠡ; ᠲᠤᠰ ᠲᠦᠷᠢᠮ᠎ᠤᠨ ᠠᠷᠪᠠᠨ ᠨᠢᠭᠡᠳᠦᠭᠡᠷ ᠵᠦᠢ᠍ᠯ᠎ᠳᠤ ᠲᠤᠭᠲᠠᠭ᠋ᠠᠭᠰᠠᠨ ᠨᠦᠬᠦᠴᠡᠯ᠎ᠳᠤ ᠨᠡᠶ᠋ᠢᠴᠡᠪᠡᠯ᠂ ᠲᠠᠩᠰᠠᠯᠠᠭᠤᠯᠬᠤ ᠵᠢ ᠵᠦᠪᠰᠢᠶᠡᠷᠡᠨ᠎ᠡ; ᠲᠤᠭᠲᠠᠭ᠋ᠠᠭᠰᠠᠨ ᠨᠦᠬᠦᠴᠡᠯ᠎ᠳᠤ ᠨᠡᠶ᠋ᠢᠴᠡᠬᠦ ᠦᠭᠡᠢ ᠪᠤᠯ᠂ ᠲᠠᠩᠰᠠᠯᠠᠵᠤ ᠦᠭᠬᠦ ᠦᠭᠡᠢ ᠪᠦᠭᠡᠳ ᠪᠢᠴᠢᠭ ᠵᠶ᠋ᠠᠷ ᠰᠢᠯᠲᠠᠭ᠋ᠠᠨ᠎ᠢ᠎ᠨᠢ ᠲᠤᠳᠤᠷᠬᠠᠶ᠋ᠢᠯᠡᠨ ᠦᠭᠭᠦᠨ᠎ᠡ᠃
ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠩᠰᠠᠯᠠᠭᠤᠯᠬᠤ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠲᠤᠲᠤᠷ᠎ᠠ ᠲᠠᠩᠰᠠᠯᠠᠬᠤ ᠪᠤᠶᠤ ᠦᠯᠦ ᠲᠠᠩᠰᠠᠯᠠᠬᠤ ᠲᠤᠭᠲᠠᠭ᠋ᠠᠯ ᠭᠠᠷᠭ᠋ᠠᠬᠤ ᠵᠢᠨ ᠬᠠᠮᠲᠤ ᠶᠠᠮᠠᠷ᠎ᠴᠤ ᠰᠦᠢ᠍ᠳᠭᠡᠯ ᠬᠤᠷᠢᠶᠡᠵᠤ ᠪᠤᠯᠬᠤ ᠦᠭᠡᠢ ᠪᠤᠶᠤ ᠬᠡᠯᠪᠡᠷᠢ ᠵᠢ᠎ᠨᠢ ᠬᠤᠪᠢᠷᠠᠭᠤᠯᠣᠨ ᠬᠤᠷᠢᠶᠡᠵᠤ ᠪᠤᠯᠬᠤ ᠦᠭᠡᠢ᠃
ᠠᠷᠪᠠᠨ ᠲᠠᠪᠤᠳᠤᠭ᠋ᠠᠷ ᠵᠦᠢ᠍ᠯ ᠦᠪᠡᠷᠲᠡᠭᠡᠨ ᠵᠠᠰᠠᠬᠤ ᠤᠷᠤᠨ ᠢᠳᠡᠭᠡᠨ᠎ᠤ ᠵᠢᠵᠢᠭ ᠦᠢ᠍ᠯᠡᠳᠭᠡᠯ᠎ᠤᠨ ᠡᠳ᠋ᠰᠢᠭᠦᠯᠦᠭᠰᠡᠨ ᠢᠳᠡᠭᠡᠨ᠎ᠳᠤ ᠲᠦᠷᠦᠯ ᠵᠦᠢ᠍ᠯ᠎ᠤᠨ ᠭᠠᠷᠴᠠᠭ ᠵᠶ᠋ᠠᠷ ᠬᠠᠮᠢᠶᠠᠷᠬᠤ ᠲᠦᠷᠢᠮ᠎ᠢ ᠬᠡᠷᠡᠭᠵᠢᠭᠦᠯᠦᠨ᠎ᠡ᠃ ᠢᠳᠡᠭᠡᠨ᠎ᠤ ᠵᠢᠵᠢᠭ ᠦᠢ᠍ᠯᠡᠳᠭᠡᠯ᠎ᠤᠨ ᠡᠳ᠋ᠰᠢᠭᠦᠯᠬᠦ ᠵᠢ ᠴᠠᠭ᠋ᠠᠵᠠᠯᠠᠬᠤ ᠢᠳᠡᠭᠡᠨ᠎ᠤ ᠲᠦᠷᠦᠯ ᠵᠦᠢ᠍ᠯ᠎ᠤᠨ ᠭᠠᠷᠴᠠᠭ᠎ᠢ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ ᠨᠠᠶ᠋ᠢᠷᠠᠭᠤᠯᠤᠨ ᠵᠤᠬᠢᠶᠠᠬᠤ ᠵᠢᠨ ᠬᠠᠮᠲᠤ ᠨᠡᠶ᠋ᠢᠭᠡᠮ ᠨᠠᠶ᠋ᠢᠳᠠ᠎ᠳᠤ ᠵᠠᠷᠯᠠᠨ ᠢᠯᠡ ᠨᠡᠶ᠋ᠢᠳᠡᠯᠡᠨ᠎ᠡ᠃
ᠠᠷᠪᠠᠨ ᠵᠢᠷᠭᠤᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠲᠤᠤᠷᠠᠬᠢ ᠲᠤᠭᠲᠠᠭ᠋ᠠᠯ᠎ᠢ ᠵᠢᠷᠤᠮᠯᠠᠬᠤ ᠬᠡᠷᠡᠭᠲᠠᠢ᠄
(ᠨᠢᠭᠡ) ᠡᠳ᠋ᠰᠢᠭᠦᠯᠬᠦ ᠢᠳᠡᠭᠡᠨ᠎ᠤ ᠬᠡᠷᠡᠭᠯᠡᠵᠤ ᠪᠠᠶ᠋ᠢᠭ᠎ᠠ ᠲᠦᠭᠦᠭᠡᠢ ᠡᠳ᠋᠂ ᠢᠳᠡᠭᠡᠨ᠎ᠤ ᠨᠡᠮᠡᠯᠲᠠ ᠡᠳ᠋᠎ᠨᠢ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠲᠤᠭᠲᠠᠭ᠋ᠠᠯ ᠪᠠ ᠬᠠᠮᠢᠶ᠎ᠠ ᠪᠦᠬᠦᠢ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠡ᠎ᠳᠤ ᠨᠡᠶ᠋ᠢᠴᠡᠬᠦ;
(ᠬᠤᠶᠠᠷ) ᠪᠠᠷᠠᠭ᠎ᠠ ᠤᠷᠤᠭᠤᠯᠬᠤ ᠵᠢ ᠲᠡᠮᠳᠡᠭᠯᠡᠬᠦ ᠡᠬᠡ ᠲᠠᠩᠰᠠ ᠪᠠᠶ᠋ᠢᠭᠤᠯᠵᠤ᠂ ᠢᠳᠡᠭᠡᠨ᠎ᠤ ᠲᠦᠭᠦᠭᠡᠢ ᠡᠳ᠋᠂ ᠢᠳᠡᠭᠡᠨ᠎ᠤ ᠨᠡᠮᠡᠯᠲᠡ ᠡᠳ᠋᠎ᠤᠨ ᠨᠡᠷᠡᠶ᠋ᠢᠳᠤᠯ᠂ ᠲᠤᠭᠲᠠᠭ᠋ᠠᠭᠰᠠᠨ ᠪᠠᠷᠢᠮᠵᠢᠶ᠎ᠡ᠂ ᠲᠤᠭ᠎ᠠ᠂ ᠪᠠᠷᠠᠭ᠎ᠠ ᠬᠠᠩᠭ᠋ᠠᠭᠴᠢ ᠵᠢᠨ ᠨᠡᠷᠡᠶ᠋ᠢᠳᠤᠯ ᠵᠢᠴᠢ ᠬᠠᠷᠢᠯᠴᠠᠬᠤ ᠠᠷᠭ᠎ᠠ ᠬᠡᠯᠪᠡᠷᠢ᠂ ᠪᠠᠷᠠᠭ᠎ᠠ ᠤᠷᠤᠭᠤᠯᠤᠭᠰᠠᠨ ᠴᠠᠭ ᠬᠤᠭᠤᠴᠠᠭ᠎ᠠ ᠵᠢ ᠦᠨᠡᠨ ᠪᠤᠲᠠᠲᠠᠢ ᠲᠡᠮᠳᠡᠭᠯᠡᠬᠦ᠃ ᠡᠬᠡ ᠲᠠᠩᠰᠠ ᠵᠢ ᠦᠯᠡᠳᠡᠭᠡᠬᠦ ᠬᠤᠭᠤᠴᠠᠭ᠎ᠠ᠎ᠨᠢ ᠬᠤᠶᠠᠷ ᠵᠢᠯ᠎ᠠᠴᠠ ᠲᠤᠤᠷ᠎ᠠ ᠪᠤᠰᠤ ᠪᠠᠶ᠋ᠢᠬᠤ;
(ᠭᠤᠷᠪᠠ) ᠢᠳᠡᠭᠡᠨ ᠡᠳ᠋ᠰᠢᠬᠦᠯᠬᠦ ᠵᠢ ᠲᠡᠮᠳᠡᠭᠯᠡᠬᠦ ᠲᠦᠷᠢᠮ ᠪᠠᠶ᠋ᠢᠭᠤᠯᠵᠤ᠂ ᠡᠳ᠋ᠰᠢᠭᠦᠯᠬᠦ ᠲᠤᠮᠲᠠ ᠤᠭ ᠨᠠᠮᠠᠯᠳᠠ ᠡᠳ᠋᠎ᠢ ᠤᠷᠤᠭᠤᠯᠤᠭᠰᠠᠨ ᠲᠤᠭ᠎ᠠ ᠬᠡᠮᠵᠢᠶ᠎ᠡ᠂ ᠦᠢ᠍ᠯᠡᠳᠪᠦᠷᠢᠯᠡᠭᠰᠡᠨ ᠴᠠᠭ ᠬᠤᠭᠤᠴᠠᠭ᠎ᠠ᠂ ᠢᠳᠡᠭᠡᠨ᠎ᠤ ᠨᠡᠮᠡᠯᠲᠠ ᠡᠳ᠋᠎ᠤᠨ ᠨᠡᠷᠡᠶ᠋ᠢᠳᠦᠯ᠂ ᠬᠡᠷᠡᠭᠯᠡᠭᠰᠡᠨ ᠬᠡᠮᠵᠢᠶ᠎ᠡ᠂ ᠬᠡᠷᠡᠭᠯᠡᠭᠰᠡᠨ ᠬᠦᠮᠦᠨ ᠵᠡᠷᠭᠡ ᠠᠭᠤᠯᠭ᠎ᠠ ᠵᠢ ᠦᠨᠡᠨ ᠪᠤᠲᠠᠲᠠᠢ ᠲᠡᠮᠳᠡᠭᠯᠡᠬᠦ᠃ ᠲᠡᠮᠳᠡᠭᠯᠡᠭᠰᠡᠨ ᠮᠠᠲ᠋ᠧᠷᠢᠶᠠᠯ᠎ᠢ ᠬᠠᠳᠠᠭ᠋ᠠᠯᠠᠬᠤ ᠬᠤᠭᠤᠴᠠᠭ᠎ᠠ᠎ᠨᠢ ᠬᠤᠶᠠᠷ ᠵᠢᠯ᠎ᠠᠴᠠ ᠲᠤᠤᠷ᠎ᠠ ᠪᠤᠰᠤ ᠪᠠᠶ᠋ᠢᠬᠤ;
(ᠲᠦᠷᠪᠠ) ᠲᠦᠭᠦᠮ ᠪᠤᠭᠤᠳᠠᠯᠯᠠᠭᠰᠠᠨ ᠢᠳᠡᠭᠡᠨ ᠦᠢ᠍ᠯᠡᠳᠪᠦᠷᠢᠯᠡᠬᠦ᠎ᠳᠤ ᠦᠢ᠍ᠯᠡᠳᠪᠦᠷᠢᠯᠡᠭᠴᠢ ᠵᠢᠨ ᠨᠡᠷᠡᠶ᠋ᠢᠳᠦᠯ᠂ ᠬᠠᠶᠢᠭ᠂ ᠲᠤᠭᠲᠠᠭ᠋ᠠᠭᠰᠠᠨ ᠪᠠᠷᠢᠮᠵᠢᠶ᠎ᠡ᠂ ᠦᠢ᠍ᠯᠡᠳᠪᠦᠷᠢᠯᠡᠭᠰᠡᠨ ᠴᠠᠭ ᠬᠤᠭᠤᠴᠠᠭ᠎ᠠ᠂ ᠴᠢᠨᠠᠷ᠎ᠢ ᠪᠠᠲᠤᠯᠠᠬᠤ ᠬᠤᠭᠤᠴᠠᠭ᠎ᠠ ᠵᠡᠷᠭᠡ ᠮᠡᠳᠡᠭᠡ ᠵᠠᠩᠭᠢ ᠵᠢ ᠲᠤᠳᠤᠷᠬᠠᠶ᠋ᠢᠯᠠᠭᠰᠠᠨ ᠲᠡᠮᠳᠡᠭ᠎ᠢ ᠲᠠᠭ᠋ᠠᠯᠳᠤᠭᠤᠯᠬᠤ ᠬᠡᠷᠡᠭᠲᠠᠢ;
(ᠲᠠᠪᠤ) ᠢᠳᠡᠭᠡᠨ ᠡᠳ᠋ᠰᠢᠭᠦᠯᠬᠦ ᠠᠵᠢᠯᠲᠡᠨ ᠠᠷᠢᠭᠤᠨ ᠴᠡᠪᠡᠷ ᠠᠵᠢᠯ᠎ᠤᠨ ᠬᠤᠪᠴᠠᠰᠤ ᠮᠠᠯᠠᠭ᠋ᠠᠢ ᠡᠮᠤᠰᠴᠤ᠂ ᠠᠮᠠᠪᠴᠢ ᠵᠡᠭᠦᠨ᠂ ᠬᠤᠪᠢ ᠬᠦᠮᠦᠨ᠎ᠤ ᠡᠷᠡᠭᠦᠯ ᠬᠠᠮᠠᠭ᠋ᠠᠯᠠᠯ᠎ᠢ ᠪᠠᠲᠤᠯᠠᠬᠤ;
(ᠵᠢᠷᠭᠤᠭ᠎ᠠ) ᠤᠰᠤ ᠬᠡᠷᠡᠭᠯᠡᠬᠦ᠎ᠨᠢ ᠤᠯᠤᠰ᠎ᠤᠨ ᠲᠤᠭᠲᠠᠭ᠋ᠠᠭᠰᠠᠨ ᠠᠮᠢᠳᠤᠷᠠᠯ᠎ᠤᠨ ᠤᠤᠭᠤᠬᠤ ᠤᠰᠤᠨ᠎ᠤ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠡ᠎ᠳᠤ ᠨᠡᠶ᠋ᠢᠴᠡᠬᠦ;
(ᠲᠤᠯᠤᠭ᠎ᠠ) ᠢᠳᠡᠭᠡᠨ᠎ᠤ ᠨᠡᠮᠡᠯᠲᠡ ᠡᠳ᠋᠎ᠢ ᠲᠤᠰᠠᠭ᠋ᠠᠷ ᠲᠦᠬᠦᠭᠡᠷᠦᠮᠵᠢ᠎ᠳᠤ ᠬᠠᠳᠠᠭ᠋ᠠᠯᠠᠬᠤ;
(ᠨᠠᠢ᠍ᠮᠠ) ᠡᠳ᠋ᠰᠢᠭᠦᠯᠬᠦ ᠤᠷᠤᠨ ᠪᠤᠯᠤᠨ ᠠᠮᠢᠳᠤᠷᠠᠯ᠎ᠤᠨ ᠤᠷᠤᠨ᠎ᠢ ᠰᠠᠯᠭ᠋ᠠᠬᠤ᠂ ᠲᠦᠭᠦᠭᠡᠢ ᠪᠠ ᠪᠤᠯᠭᠤᠭᠰᠠᠨ ᠢᠳᠡᠭᠡᠨ ᠪᠤᠯᠪᠠᠰᠤᠷᠠᠭᠤᠯᠬᠤ ᠪᠠᠭ᠋ᠠᠵᠢ ᠰᠠᠪᠡ ᠵᠢ ᠰᠠᠯᠭ᠋ᠠᠨ ᠬᠡᠷᠡᠭᠯᠡᠬᠦ;
(ᠶᠢᠰᠦ) ᠢᠳᠡᠭᠡᠨ ᠲᠡᠭᠡᠭᠡᠪᠤᠷᠢᠯᠡᠬᠦ ᠲᠡᠷᠭᠡ ᠪᠠ ᠢᠳᠡᠭᠡᠨ ᠲᠡᠭᠡᠭᠡᠵᠤ ᠪᠠᠭᠤᠯᠭ᠋ᠠᠬᠤ ᠲᠦᠬᠦᠭᠡᠷᠦᠮᠵᠢ᠂ ᠰᠠᠪᠠ ᠵᠢᠨ ᠠᠷᠢᠭᠤᠨ ᠴᠡᠪᠡᠷ ᠡᠷᠡᠭᠦᠯ ᠬᠠᠮᠠᠭ᠋ᠠᠯᠠᠯ᠎ᠢ ᠪᠠᠲᠤᠯᠠᠵᠤ᠂ ᠢᠳᠡᠭᠡᠨ᠎ᠢ ᠬᠤᠤᠷᠠᠲᠠᠢ᠂ ᠬᠦᠨᠦᠭᠡᠯ᠎ᠲᠠᠢ ᠪᠤᠳᠠᠰ᠎ᠲᠠᠢ ᠬᠠᠮᠲᠤᠪᠡᠷ ᠲᠡᠭᠡᠭᠡᠪᠤᠷᠢᠯᠡᠵᠤ ᠪᠤᠯᠬᠤ ᠦᠭᠡᠢ᠃
ᠠᠷᠪᠠᠨ ᠲᠤᠯᠤᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ᠎ᠳᠤ ᠲᠤᠤᠷᠠᠬᠢ ᠦᠢ᠍ᠯᠡ ᠠᠵᠢᠯᠯᠠᠭ᠎ᠠ ᠪᠠᠶ᠋ᠢᠬᠤ ᠵᠢ ᠴᠢᠩᠭ᠎ᠠ ᠴᠠᠭ᠋ᠠᠵᠠᠯᠡᠨᠡ᠄
(ᠨᠢᠭᠡ) ᠢᠳᠡᠭᠡᠨ᠎ᠤ ᠪᠤᠰᠤ ᠲᠦᠭᠦᠭᠡᠢ ᠡᠳ᠋᠂ ᠪᠤᠴᠠᠭ᠋ᠠᠨ ᠬᠤᠷᠢᠶᠠᠭᠰᠠᠨ ᠢᠳᠡᠭᠡᠨ ᠪᠤᠶᠤ ᠴᠢᠨᠠᠷ᠎ᠢ ᠪᠠᠲᠤᠯᠠᠬᠤ ᠬᠤᠭᠤᠴᠠᠭ᠎ᠠ᠎ᠨᠢ ᠬᠡᠲᠤᠷᠡᠭᠰᠡᠨ ᠢᠳᠡᠭᠡᠨ ᠵᠶ᠋ᠠᠷ ᠲᠦᠭᠦᠭᠡᠢ ᠡᠳ᠋ ᠪᠤᠯᠭ᠋ᠠᠨ ᠢᠳᠡᠭᠡᠨ ᠡᠳ᠋ᠰᠢᠬᠦᠯᠬᠦ;
(ᠬᠤᠶᠠᠷ) ᠢᠯᠵᠢᠷᠠᠵᠤ ᠴᠢᠨᠠᠷ ᠬᠤᠪᠢᠷᠠᠭᠰᠠᠨ᠂ ᠢᠰᠭᠦᠯᠡᠩ ᠪᠤᠯᠤᠭᠰᠠᠨ᠂ ᠢᠯᠵᠢᠷᠠᠵᠤ ᠬᠤᠷᠤᠬᠠᠶ᠋ᠢᠳᠤᠭᠰᠠᠨ᠂ ᠠᠷᠢᠭᠤᠨ ᠴᠡᠪᠡᠷ ᠪᠤᠰᠤ᠂ ᠤᠨᠳᠤᠤ ᠪᠤᠳᠠᠰ ᠬᠤᠯᠢᠯᠳᠤᠭᠰᠠᠨ᠂ ᠬᠡᠪ᠎ᠤᠨ ᠪᠤᠰᠤ ᠦᠵᠡᠭᠳᠡᠬᠦ ᠲᠦᠭᠦᠭᠡᠢ ᠡᠳ᠋ ᠵᠶ᠋ᠠᠷ ᠢᠳᠡᠭᠡᠨ ᠡᠳ᠋ᠰᠢᠬᠦᠯᠬᠦ;
(ᠭᠤᠷᠪᠠ) ᠡᠪᠡᠳᠴᠢᠨ ᠵᠶ᠋ᠠᠷ ᠦᠬᠦᠭᠰᠡᠨ᠂ ᠬᠤᠤᠷᠠᠳᠠᠭᠳᠠᠵᠤ ᠦᠬᠦᠭᠰᠡᠨ᠂ ᠦᠬᠦᠭᠰᠡᠨ ᠰᠢᠯᠲᠠᠭ᠋ᠠᠨ᠎ᠨᠢ ᠲᠤᠳᠤᠷᠬᠠᠢ ᠪᠤᠰᠤ ᠪᠤᠶᠤ ᠰᠢᠯᠭ᠋ᠠᠨ ᠪᠠᠶ᠋ᠢᠴᠠᠭ᠋ᠠᠯᠲᠠ᠂ ᠬᠢᠵᠢᠭ᠎ᠤᠨ ᠪᠠᠶ᠋ᠢᠴᠠᠭ᠋ᠠᠯᠲᠠ ᠵᠢ ᠲᠠᠮᠵᠢᠬᠰᠡᠨ ᠦᠭᠡᠢ ᠵᠢᠭᠦᠷᠲᠡᠨ᠂ ᠲᠡᠵᠢᠭᠡᠪᠦᠷᠢ᠂ ᠠᠷᠢᠶᠠᠲᠡᠨ᠂ ᠤᠰᠤᠨ᠎ᠤ ᠭᠠᠷᠤᠯᠲᠠ ᠵᠡᠷᠭᠡ ᠠᠮᠢᠲᠡᠨᠤ ᠮᠢᠬ᠎ᠠ ᠵᠢᠴᠢ ᠪᠦᠲᠦᠭᠡᠭᠳᠡᠭᠦᠨ ᠵᠶ᠋ᠠᠷ ᠢᠳᠡᠭᠡᠨ ᠡᠳ᠋ᠰᠢᠬᠦᠯᠬᠦ;
(ᠲᠦᠷᠪᠠ) ᠬᠦᠮᠦᠨ᠎ᠤ ᠪᠡᠶ᠎ᠡ ᠵᠢᠨ ᠡᠷᠡᠭᠦᠯ ᠴᠢᠬᠢᠷᠠᠭ᠎ᠲᠤ ᠬᠤᠤᠷᠠᠲᠠᠢ ᠬᠢᠮᠢ ᠵᠢᠨ ᠵᠦᠢ᠍ᠯᠡᠰ᠂ ᠤᠬᠢᠶᠠᠯᠭ᠎ᠠ ᠵᠢᠨ ᠡᠳ᠋ ᠵᠶ᠋ᠠᠷ ᠤᠬᠢᠶᠠᠵᠤ ᠰᠢᠢ᠍ᠳᠪᠦᠷᠢᠯᠡᠭᠰᠡᠨ ᠢᠳᠡᠭᠡᠨ᠎ᠤ ᠲᠦᠭᠦᠭᠡᠢ ᠡᠳ᠋᠎ᠢ ᠬᠡᠷᠡᠭᠯᠡᠨ ᠢᠳᠡᠭᠡᠨ ᠡᠳ᠋ᠰᠢᠬᠦᠯᠬᠦ;
(ᠲᠠᠪᠤ) ᠪᠤᠬᠢᠷᠳᠤᠭᠰᠠᠨ ᠪᠤᠭᠤᠳᠠᠯ᠎ᠤᠨ ᠬᠡᠷᠡᠭᠰᠡᠯ᠂ ᠰᠡᠪᠠ᠂ ᠪᠠᠭ᠋ᠠᠵᠢ ᠵᠢ ᠬᠡᠷᠡᠭᠯᠡᠨ ᠢᠳᠡᠭᠡᠨ ᠡᠳ᠋ᠰᠢᠬᠦᠯᠬᠦ;
(ᠵᠢᠷᠭᠤᠭ᠎ᠠ) ᠡᠪᠡᠳᠴᠢᠨ ᠡᠭᠦᠰᠭᠡᠬᠦ ᠴᠢᠨᠠᠷᠲᠠᠢ ᠮᠢᠺᠷᠤᠪ᠂ ᠲᠠᠷᠢᠶᠠᠨ ᠡᠮ᠎ᠤᠨ ᠦᠯᠡᠳᠡᠪᠦᠷᠢ᠂ ᠮᠠᠯ᠎ᠤᠨ ᠡᠮ᠎ᠤᠨ ᠦᠯᠡᠳᠡᠪᠦᠷᠢ᠂ ᠬᠦᠨᠲᠦ ᠲᠡᠮᠦᠷᠯᠢᠭ᠂ ᠠᠮᠢᠲᠤ ᠪᠤᠳᠠᠰ᠎ᠤᠨ ᠬᠤᠤᠷᠠᠳᠤ ᠡᠯᠧᠮᠧᠨ᠋ᠲ᠂ ᠪᠤᠬᠢᠷᠳᠤᠯ᠎ᠲᠠᠢ ᠪᠤᠳᠠᠰ ᠵᠢᠴᠢ ᠠᠭᠤᠯᠤᠭᠳᠠᠬᠤᠨ᠎ᠨᠢ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠡ᠎ᠠᠴᠠ ᠬᠡᠲᠦᠷᠡᠭᠰᠡᠨ ᠬᠦᠮᠦᠨ᠎ᠤ ᠪᠡᠶ᠎ᠡ ᠵᠢᠨ ᠡᠷᠡᠭᠦᠯ ᠴᠢᠬᠢᠷᠠᠭ᠎ᠢ ᠬᠤᠬᠢᠷᠠᠭᠤᠯᠬᠤ ᠪᠤᠳᠠᠰ᠎ᠢ ᠬᠡᠷᠡᠭᠯᠡᠵᠤ ᠢᠳᠡᠭᠡᠨ ᠡᠳ᠋ᠰᠢᠬᠦᠯᠬᠦ;
(ᠲᠤᠯᠤᠭ᠎ᠠ) ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶᠡᠨ᠎ᠤ ᠲᠤᠭᠲᠠᠭ᠋ᠠᠯ᠎ᠠᠴᠠ ᠵᠦᠷᠢᠴᠡᠨ ᠢᠳᠡᠭᠡᠨ᠎ᠤ ᠨᠡᠮᠡᠯᠲᠠ ᠡᠳ᠋᠎ᠢ ᠬᠡᠷᠡᠭᠯᠡᠬᠦ ᠪᠤᠶᠤ ᠲᠤᠷ᠎ᠠ᠎ᠪᠠᠷ ᠬᠡᠷᠡᠭᠯᠡᠨ ᠢᠳᠡᠭᠡᠨ ᠡᠳ᠋ᠰᠢᠭᠦᠯᠬᠦ;
(ᠨᠠᠢ᠍ᠮᠠ) ᠢᠳᠡᠭᠡᠨ ᠡᠳ᠋ᠰᠢᠭᠦᠯᠬᠦ᠎ᠳᠤ ᠬᠠᠭᠤᠷᠮᠠᠭ ᠡᠳ᠋᠂ ᠡᠯᠳᠡᠪ ᠵᠦᠢ᠍ᠯ᠎ᠢ ᠬᠤᠯᠢᠬᠤ᠃
ᠭᠤᠷᠪᠠᠳᠤᠭ᠋ᠠᠷ ᠪᠦᠯᠦᠭ ᠢᠳᠡᠭᠡᠨ᠎ᠤ ᠲᠡᠯᠭᠡᠭᠦᠷᠴᠢᠨᠤ ᠡᠵᠡᠩᠨᠡᠯᠲᠠ
ᠠᠷᠪᠠᠨ ᠨᠠᠢ᠍ᠮᠠᠳᠤᠭ᠋ᠠᠷ ᠵᠦᠢ᠍ᠯ ᠦᠪᠡᠷᠲᠡᠭᠡᠨ ᠵᠠᠰᠠᠬᠤ ᠤᠷᠤᠨ ᠢᠳᠡᠭᠡᠨ᠎ᠤ ᠲᠡᠯᠭᠡᠭᠦᠷᠴᠢᠨᠢ ᠲᠠᠩᠰᠡᠯᠠᠨ ᠲᠡᠮᠳᠡᠭᠯᠡᠬᠦ ᠲᠦᠷᠢᠮ᠎ᠢ ᠬᠡᠷᠡᠭᠵᠢᠭᠦᠯᠵᠤ᠂ ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ᠎ᠤᠨ ᠠᠵᠢᠯᠲᠡᠨ ᠲᠡᠯᠭᠡᠭᠦᠷ᠎ᠤᠨ ᠭᠠᠵᠠᠷ ᠬᠦᠷᠴᠤ ᠲᠡᠯᠭᠡᠭᠦᠷᠴᠢᠨᠤ ᠪᠡᠶ᠎ᠡ ᠵᠢᠨ ᠦᠨᠡᠮᠯᠡᠯ᠂ ᠡᠷᠡᠭᠦᠯ ᠮᠡᠨᠲᠤ ᠵᠢᠨ ᠦᠨᠡᠮᠯᠡᠯ᠂ ᠢᠳᠡᠭᠡᠨ᠎ᠤ ᠢᠷᠡᠯᠲᠠ ᠵᠡᠷᠭᠡ ᠬᠢᠨᠠᠨ ᠬᠠᠮᠢᠶᠠᠷᠬᠤ ᠮᠡᠳᠡᠭᠡ ᠵᠠᠩᠭᠢ ᠵᠢ ᠴᠤᠭᠯᠠᠭᠤᠯᠬᠤ ᠵᠢᠨ ᠬᠠᠮᠲᠤ ᠲᠠᠩᠰᠡᠯᠠᠨ ᠲᠡᠮᠳᠡᠭᠯᠡᠬᠦ ᠭᠠᠷᠳᠠᠮ ᠭᠦᠢ᠍ᠴᠡᠳᠭᠡᠨ᠎ᠡ᠃ ᠢᠳᠡᠭᠡᠨ᠎ᠤ ᠲᠡᠯᠭᠡᠭᠦᠷᠴᠢᠨ ᠬᠢᠨᠠᠨ ᠬᠠᠮᠢᠶᠠᠷᠬᠤ ᠠᠵᠢᠯᠲᠡᠨ᠎ᠤ ᠱᠠᠭ᠋ᠠᠷᠳᠠᠯᠭ᠎ᠠ ᠶᠤᠰᠤᠭ᠋ᠠᠷ ᠮᠡᠳᠡᠭᠡ ᠵᠠᠩᠭᠢ ᠵᠢ ᠦᠨᠡᠨ ᠪᠤᠲᠠᠲᠠᠢ᠎ᠪᠠᠷ ᠬᠠᠩᠭ᠋ᠠᠵᠤ᠂ ᠬᠤᠯᠪᠤᠭᠳᠠᠯ ᠪᠦᠬᠦᠢ ᠦᠨᠡᠮᠯᠡᠯ ᠵᠶ᠋ᠠᠨ ᠦᠵᠡᠭᠦᠯᠬᠦ ᠬᠡᠷᠡᠭᠲᠠᠢ᠃ ᠦᠪᠡᠷ ᠵᠶ᠋ᠠᠨ ᠦᠢ᠍ᠯᠡᠳᠪᠦᠷᠢᠯᠡᠭᠰᠡᠨ ᠤᠯᠠᠷᠢᠯ᠎ᠤᠨ ᠴᠢᠨᠠᠷᠲᠠᠢ ᠲᠠᠷᠢᠶᠠᠯᠠᠩ᠎ᠤᠨ ᠲᠤᠰᠠᠯᠠᠬᠤ ᠠᠵᠤ ᠠᠬᠤᠢ ᠵᠢᠨ ᠪᠦᠲᠦᠭᠡᠭᠳᠡᠭᠦᠨ᠎ᠢ ᠪᠤᠷᠤᠯᠠᠭᠤᠯᠬᠤ᠎ᠳᠤ᠂ ᠲᠠᠩᠰᠡᠯᠠᠨ ᠲᠡᠮᠳᠡᠭᠯᠡᠬᠦ ᠭᠠᠷᠲᠡᠮ ᠬᠢᠬᠦ ᠦᠭᠡᠢ ᠪᠠᠶ᠋ᠢᠵᠤ ᠪᠤᠯᠤᠨ᠎ᠡ᠃
ᠢᠳᠡᠭᠡᠨ᠎ᠤ ᠲᠡᠯᠭᠡᠭᠦᠷᠴᠢᠨ ᠲᠦᠪᠯᠡᠷᠡᠩᠭᠦᠢ ᠠᠷᠠᠯᠵᠢᠶᠡᠨ᠎ᠤ ᠵᠠᠬ᠎ᠠ ᠲᠡᠯᠭᠡᠭᠦᠷ᠂ ᠫᠦᠰᠠ ᠵᠡᠷᠭᠡ ᠲᠤᠭᠲᠠᠮᠠᠯ ᠲᠠᠯᠠᠪᠤᠷ᠎ᠲᠤ ᠡᠵᠡᠩᠨᠡᠬᠦ ᠪᠤᠶᠤ ᠵᠠᠰᠠᠭ᠎ᠤᠨ ᠤᠷᠳᠤᠨ᠎ᠤ ᠨᠡᠶ᠋ᠢᠲᠡᠯᠡᠭᠰᠡᠨ ᠤᠷᠤᠨ ᠪᠠ ᠴᠠᠭ ᠬᠤᠭᠤᠴᠠᠭ᠋ᠠᠨ ᠲᠤᠲᠤᠷ᠎ᠠ ᠡᠵᠡᠩᠨᠡᠯᠲᠠ ᠵᠢᠨ ᠠᠵᠢᠯᠯᠠᠭ᠎ᠠ ᠬᠢᠬᠦ ᠬᠡᠷᠡᠭᠲᠠᠢ᠃
ᠠᠷᠪᠠ ᠶᠢᠰᠦᠳᠦᠭᠡᠷ ᠵᠦᠢ᠍ᠯ ᠢᠳᠡᠭᠡᠨ᠎ᠤ ᠲᠡᠯᠭᠡᠭᠦᠷᠴᠢᠨ ᠡᠵᠡᠩᠨᠡᠯᠲᠠ ᠵᠢᠨ ᠠᠵᠢᠯᠯᠠᠭ᠎ᠠ ᠬᠢᠬᠦ᠎ᠳᠤ ᠲᠤᠤᠷᠠᠬᠢ ᠱᠠᠭ᠋ᠠᠷᠳᠠᠯᠭ᠎ᠠ᠎ᠳᠤ ᠨᠡᠶ᠋ᠢᠴᠡᠬᠦ ᠬᠡᠷᠡᠭᠲᠠᠢ᠄
(ᠨᠢᠭᠡ) ᠪᠤᠷᠤᠭ᠋ᠠᠨ᠎ᠠᠴᠠ ᠰᠡᠷᠭᠡᠶ᠋ᠢᠯᠡᠬᠦ᠂ ᠲᠤᠭᠤᠰᠤ ᠵᠢ ᠰᠡᠷᠭᠡᠶ᠋ᠢᠯᠡᠬᠦ᠂ ᠬᠤᠷᠤᠬᠠᠢ ᠵᠢ ᠰᠡᠷᠭᠡᠶ᠋ᠢᠯᠡᠬᠦ᠂ ᠢᠯᠠᠭ᠎ᠠ ᠵᠢ ᠰᠡᠷᠭᠡᠶ᠋ᠢᠯᠡᠬᠦ᠂ ᠬᠤᠯᠤᠭ᠋ᠠᠨᠡᠠᠴᠠ ᠰᠡᠷᠭᠡᠶ᠋ᠢᠯᠡᠬᠦ᠂ ᠪᠤᠬᠢᠷᠳᠤᠯ᠎ᠢ ᠰᠡᠷᠭᠡᠶ᠋ᠢᠯᠡᠬᠦ ᠵᠡᠷᠭᠡ ᠲᠦᠬᠦᠭᠡᠷᠦᠮᠵᠢ ᠵᠢᠴᠢ ᠴᠢᠩᠭ᠎ᠠ ᠪᠢᠲᠡᠭᠦᠮᠵᠢᠯᠡᠭᠰᠡᠨ ᠬᠠᠶᠠᠭᠳᠠᠮᠠᠯ ᠪᠤᠳᠠᠰ᠎ᠤᠨ ᠰᠠᠪᠠ ᠲᠤᠬᠢᠷᠠᠭᠤᠯᠬᠤ;
(ᠬᠤᠶᠠᠷ) ᠡᠳ᠋ᠰᠢᠭᠦᠯᠬᠦ ᠴᠢᠬᠤᠯᠠᠲᠠᠢ ᠢᠳᠡᠭᠡᠨ ᠪᠤᠯᠤᠨ ᠰᠢᠭᠤᠳ ᠢᠳᠡᠬᠦ ᠢᠳᠡᠭᠡᠨ᠂ ᠲᠦᠭᠦᠭᠡᠢ ᠡᠳ᠋ ᠪᠤᠯᠤᠨ ᠪᠦᠲᠦᠭᠡᠭᠳᠡᠭᠦᠨ᠎ᠢ ᠰᠠᠯᠭ᠋ᠠᠨ ᠲᠠᠯᠪᠢᠵᠤ᠂ ᠢᠳᠡᠭᠡᠨ᠎ᠢ ᠬᠤᠤᠷᠠᠲᠠᠢ ᠪᠤᠳᠠᠰ᠂ ᠠᠷᠢᠭᠤᠨ ᠴᠡᠪᠡᠷ ᠪᠤᠰᠤ ᠪᠤᠳᠠᠰ᠎ᠲᠠᠢ ᠬᠦᠷᠦᠯᠴᠡᠬᠦ᠎ᠠᠴᠠ ᠵᠠᠶ᠋ᠢᠯᠠᠰᠬᠢᠬᠦ;
(ᠭᠤᠷᠪᠠ) ᠬᠡᠷᠡᠭᠯᠡᠬᠦ ᠤᠰᠤ᠎ᠨᠢ ᠤᠯᠤᠰ᠎ᠤᠨ ᠲᠤᠭᠲᠠᠭ᠋ᠠᠭᠰᠠᠨ ᠠᠮᠢᠳᠤᠷᠠᠯ᠎ᠤᠨ ᠤᠤᠭᠤᠬᠤ ᠤᠰᠤᠨ᠎ᠤ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠡ᠎ᠳᠤ ᠨᠡᠶ᠋ᠢᠴᠡᠬᠦ;
(ᠲᠦᠷᠪᠡ) ᠢᠳᠡᠭᠡᠨ᠎ᠢ ᠬᠠᠳᠠᠭ᠋ᠠᠯᠠᠬᠤ᠂ ᠲᠡᠭᠡᠭᠡᠪᠦᠷᠢᠯᠡᠬᠦ ᠪᠠ ᠲᠡᠭᠡᠭᠡᠵᠤ ᠪᠠᠭᠤᠯᠭ᠋ᠠᠬᠤ ᠪᠠᠭ᠋ᠠᠵᠢ ᠰᠠᠪᠠ ᠪᠠ ᠲᠦᠬᠦᠭᠡᠷᠦᠮᠵᠢ᠎ᠨᠢ ᠬᠤᠤᠷ᠎ᠠ ᠦᠭᠡᠢ᠂ ᠬᠦᠨᠦᠭᠡᠯ ᠦᠭᠡᠢ᠂ ᠠᠷᠢᠭᠤᠨ ᠴᠡᠪᠡᠷ ᠪᠠᠶ᠋ᠢᠬᠤ;
(ᠲᠠᠪᠤ) ᠢᠳᠡᠭᠡᠨ᠎ᠢ ᠪᠤᠷᠤᠯᠠᠭᠤᠯᠬᠤ᠎ᠳᠤ ᠬᠤᠤᠷ᠎ᠠ ᠦᠭᠡᠢ᠂ ᠬᠦᠨᠦᠭᠡᠯ ᠦᠭᠡᠢ᠂ ᠠᠷᠢᠭᠤᠨ ᠴᠡᠪᠡᠷ ᠪᠤᠭᠤᠳᠠᠯᠯᠠᠬᠤ ᠬᠡᠷᠡᠭᠰᠡᠯ᠎ᠢ ᠬᠡᠷᠡᠭᠯᠡᠬᠦ;
(ᠵᠢᠷᠭᠤᠭ᠎ᠠ) ᠢᠳᠡᠭᠡᠨ ᠤᠷᠤᠭᠤᠯᠤᠭᠰᠡᠨ ᠪᠢᠴᠢᠭ ᠪᠠᠷᠢᠮᠲᠠ ᠬᠡᠷᠡᠴᠢ ᠵᠢ ᠦᠯᠡᠳᠡᠭᠡᠬᠦ ᠬᠤᠭᠤᠴᠠᠭ᠎ᠠ᠎ᠨᠢ ᠨᠢᠭᠡ ᠵᠢᠯ᠎ᠠᠴᠠ ᠲᠤᠤᠷ᠎ᠠ ᠪᠠᠶ᠋ᠢᠵᠤ ᠪᠤᠯᠬᠤ ᠦᠭᠡᠢ᠃
ᠬᠤᠷᠢᠳᠤᠭ᠋ᠠᠷ ᠵᠦᠢ᠍ᠯ ᠲᠤᠬᠠᠢ ᠵᠢᠨ ᠲᠠᠯᠠᠪᠤᠷ᠎ᠲᠤ ᠬᠢᠵᠤ ᠪᠤᠷᠤᠯᠠᠭᠤᠯᠬᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠵᠤ ᠪᠠᠶ᠋ᠢᠭ᠎ᠠ ᠲᠡᠯᠭᠡᠭᠦᠷᠴᠢᠨ ᠢᠳᠡᠭᠡᠨ᠎ᠤ ᠡᠵᠡᠩᠨᠡᠯᠲᠠ ᠲᠤᠮᠲᠠ ᠲᠤᠰ ᠲᠦᠷᠢᠮ᠎ᠤᠨ ᠠᠷᠪᠠ ᠶᠢᠰᠦᠳᠦᠭᠡᠷ ᠵᠦᠢ᠍ᠯ᠎ᠤᠨ ᠲᠤᠭᠲᠠᠭ᠋ᠠᠯ᠎ᠳᠤ ᠨᠡᠶ᠋ᠢᠴᠡᠬᠦ᠎ᠠᠴᠠ ᠭᠠᠳᠠᠨ᠎ᠡ᠂ ᠪᠠᠰᠠ ᠲᠤᠤᠷᠠᠬᠢ ᠱᠠᠭ᠋ᠠᠷᠳᠠᠯᠭ᠎ᠠ᠎ᠳᠤ ᠨᠡᠶ᠋ᠢᠴᠡᠬᠦ ᠬᠡᠷᠡᠭᠲᠠᠢ᠄
(ᠨᠢᠭᠡ) ᠢᠳᠡᠭᠡᠨ᠎ᠤ ᠡᠷᠡᠭᠦᠯ ᠬᠠᠮᠠᠭ᠋ᠠᠯᠠᠯ᠎ᠤᠨ ᠨᠦᠬᠦᠴᠡᠯ᠎ᠳᠤ ᠨᠡᠶ᠋ᠢᠴᠡᠭᠰᠡᠨ ᠢᠳᠡᠭᠡᠨ ᠬᠢᠬᠦ ᠪᠠ ᠪᠤᠷᠤᠯᠠᠭᠤᠯᠬᠤ ᠲᠢᠩᠰᠠ᠂ ᠫᠧᠩ᠂ ᠲᠡᠷᠭᠡ᠂ ᠲᠠᠶ᠋ᠢᠰᠠ ᠵᠡᠷᠭᠡ ᠲᠦᠬᠦᠭᠡᠷᠦᠮᠵᠢ᠎ᠲᠠᠢ ᠪᠠᠶ᠋ᠢᠬᠤ;
(ᠬᠤᠶᠠᠷ) ᠢᠳᠡᠭᠡᠨ᠎ᠲᠠᠢ ᠬᠦᠷᠦᠯᠴᠡᠬᠦ ᠰᠠᠪᠠ ᠬᠡᠷᠡᠭᠰᠡᠯ᠂ ᠠᠵᠢᠯᠯᠠᠬᠤ ᠲᠠᠶ᠋ᠢᠰᠠ ᠵᠢᠴᠢ ᠪᠠᠷᠠᠭ᠋ᠠᠨ᠎ᠤ ᠲᠠᠯᠪᠢᠭᠤᠷ᠂ ᠬᠤᠷᠭᠤ᠎ᠨᠢ ᠢᠳᠡᠭᠡᠨ᠎ᠤ ᠡᠷᠡᠭᠦᠯ ᠬᠠᠮᠠᠭ᠋ᠠᠯᠠᠯ᠎ᠤᠨ ᠨᠦᠬᠦᠴᠡᠯ᠎ᠳᠤ ᠨᠡᠶ᠋ᠢᠴᠡᠬᠦ;
(ᠭᠤᠷᠪᠠ) ᠬᠡᠷᠡᠭᠯᠡᠬᠦ ᠬᠤᠭᠤᠯᠠᠨ᠎ᠤ ᠰᠠᠪᠠ ᠬᠡᠷᠡᠭᠰᠡᠯ᠎ᠢ ᠲᠦᠢ᠍ᠯᠪᠤᠷᠢᠲᠠᠢ᠎ᠪᠠᠷ ᠤᠭᠢᠶᠠᠬᠤ᠂ ᠠᠷᠢᠭᠤᠳᠬᠠᠬᠤ;
(ᠲᠦᠷᠪᠡ) ᠬᠡᠷᠡᠭᠯᠡᠬᠦ ᠤᠬᠢᠶᠠᠯᠭ᠎ᠠ ᠵᠢᠨ ᠡᠳ᠋᠂ ᠠᠷᠢᠭᠤᠳᠬᠠᠬᠤ ᠡᠳ᠋᠎ᠨᠢ ᠬᠦᠮᠦᠨ᠎ᠤ ᠪᠡᠶ᠎ᠡ᠎ᠳᠤ ᠠᠮᠤᠷ ᠲᠦᠪᠰᠢᠨ᠂ ᠬᠦᠨᠦᠭᠡᠯ ᠦᠭᠡᠢ ᠪᠠᠶ᠋ᠢᠬᠤ᠂ ᠬᠤᠷᠤᠬᠠᠢ ᠠᠯᠠᠬᠤ ᠡᠳ᠋᠂ ᠬᠤᠯᠤᠭ᠋ᠠᠨᠡ ᠠᠯᠠᠬᠤ ᠡᠳ᠋ ᠵᠡᠷᠭᠡ ᠵᠢ ᠰᠠᠶ᠋ᠢᠨ ᠬᠠᠳᠠᠭ᠋ᠠᠯᠠᠨ ᠬᠠᠮᠢᠶᠠᠷᠴᠤ᠂ ᠢᠳᠡᠭᠡᠨ᠎ᠤ ᠡᠵᠡᠩᠨᠡᠯᠲᠠ ᠵᠢᠨ ᠲᠠᠯᠠᠪᠤᠷ᠎ᠲᠤ ᠲᠠᠯᠪᠢᠵᠤ ᠪᠤᠯᠬᠤ ᠦᠭᠡᠢ;
(ᠲᠠᠪᠤ) ᠢᠳᠡᠭᠡᠨ᠎ᠤ ᠡᠵᠡᠩᠨᠡᠭᠴᠢ ᠴᠡᠪᠡᠷᠬᠡᠨ ᠠᠵᠢᠯ᠎ᠤᠨ ᠬᠤᠪᠴᠠᠰᠤ ᠮᠠᠯᠠᠭ᠋ᠠᠢ ᠡᠮᠤᠰᠴᠤ᠂ ᠠᠮᠠᠪᠴᠢ ᠵᠡᠭᠦᠵᠤ᠂ ᠬᠤᠪᠢ ᠬᠦᠮᠦᠨ᠎ᠤ ᠡᠷᠡᠭᠦᠯ ᠬᠠᠮᠠᠭ᠋ᠠᠯᠠᠯ᠎ᠢ ᠪᠠᠲᠤᠯᠠᠬᠤ ᠬᠡᠷᠡᠭᠲᠠᠢ᠃
ᠬᠤᠷᠢᠨ ᠨᠢᠭᠡᠳᠦᠭᠡᠷ ᠵᠦᠢ᠍ᠯ ᠢᠳᠡᠭᠡᠨ᠎ᠤ ᠲᠡᠯᠭᠡᠭᠦᠷᠴᠢᠨ ᠲᠤᠤᠷᠠᠬᠢ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠴᠢᠩᠭ᠎ᠠ ᠴᠠᠭ᠋ᠠᠵᠠᠯᠠᠨᠡ᠄
(ᠨᠢᠭᠡ) ᠴᠢᠨᠠᠷ᠎ᠢ ᠪᠠᠲᠤᠯᠠᠬᠤ ᠬᠤᠭᠤᠴᠠᠭ᠎ᠠ᠎ᠠᠴᠠ᠎ᠨᠢ ᠬᠡᠲᠦᠷᠡᠭᠰᠡᠨ ᠢᠳᠡᠭᠡᠨ᠎ᠢ ᠦᠢ᠍ᠯᠡᠳᠬᠦ᠂ ᠡᠵᠡᠩᠨᠡᠬᠦ;
(ᠬᠤᠶᠠᠷ) ᠬᠦᠢ᠍ᠲᠡᠨ ᠮᠢᠬᠠᠯᠢᠭ ᠢᠳᠡᠭᠡᠨ᠎ᠢ ᠲᠤᠬᠠᠢ ᠵᠢᠨ ᠲᠠᠯᠠᠪᠤᠷ᠎ᠲᠤ ᠦᠢ᠍ᠯᠡᠳᠬᠦ;
(ᠭᠤᠷᠪᠠ) ᠪᠠᠶ᠋ᠢᠭ᠋ᠠᠯᠢᠯᠢᠭ ᠬᠤᠤᠷᠠᠲᠠᠢ ᠪᠦᠷᠢᠯᠳᠦᠭᠦᠨ᠎ᠲᠠᠢ ᠤᠷᠭᠤᠮᠠᠯ᠂ ᠠᠮᠢᠲᠡᠨᠢ ᠬᠡᠷᠡᠭᠯᠡᠨ ᠢᠳᠡᠭᠡᠨ ᠦᠢ᠍ᠯᠡᠳᠬᠦ;
(ᠲᠦᠷᠪᠡ) ᠢᠳᠡᠭᠡᠨ᠎ᠤ ᠨᠡᠮᠡᠯᠲᠠ ᠡᠳ᠋᠎ᠢ ᠬᠡᠪᠴᠢᠶ᠎ᠡ ᠪᠠ ᠬᠡᠮᠵᠢᠶ᠎ᠡ᠎ᠠᠴᠠ᠎ᠨᠢ ᠬᠡᠲᠤᠷᠡᠭᠦᠯᠦᠨ ᠬᠡᠷᠡᠭᠯᠡᠵᠤ ᠢᠳᠡᠭᠡᠨ ᠦᠢ᠍ᠯᠡᠳᠬᠦ;
(ᠲᠠᠪᠤ) ᠢᠳᠡᠭᠡᠨ᠎ᠤ ᠨᠡᠮᠡᠯᠲᠠ ᠡᠳ᠋᠎ᠠᠴᠠ ᠭᠠᠳᠠᠨᠠᠬᠢ ᠬᠢᠮᠢ ᠵᠢᠨ ᠪᠤᠳᠠᠰ᠎ᠢ ᠬᠡᠷᠡᠭᠯᠡᠨ ᠢᠳᠡᠭᠡᠨ ᠦᠢ᠍ᠯᠡᠳᠬᠦ᠃
ᠳᠦᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ
ᠬᠤᠷᠢᠨ ᠬᠤᠶᠠᠳᠤᠭ᠋ᠠᠷ ᠵᠦᠢ᠍ᠯ ᠬᠤᠰᠢᠭᠤ ᠰᠢᠶᠡᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠲᠤᠰ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ᠂ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ᠎ᠢ ᠵᠤᠬᠢᠶᠠᠨ ᠪᠠᠶ᠋ᠢᠭᠤᠯᠤᠨ ᠲᠤᠰ ᠵᠠᠰᠠᠭ ᠵᠠᠬᠢᠷᠭ᠋ᠠᠨ᠎ᠤ ᠤᠷᠤᠨ᠎ᠤ ᠢᠳᠡᠭᠡᠨ᠎ᠤ ᠠᠮᠤᠷ ᠲᠦᠪᠰᠢᠨ᠎ᠤ ᠤᠨ᠎ᠤ ᠬᠢᠨᠠᠨ ᠬᠠᠮᠢᠶᠠᠷᠬᠤ ᠲᠦᠯᠦᠪᠯᠡᠭᠡ ᠲᠤᠭᠲᠠᠭ᠋ᠠᠵᠤ᠂ ᠨᠡᠶ᠋ᠢᠭᠡᠮ᠎ᠳᠤ ᠵᠠᠷᠯᠠᠬᠤ ᠵᠢᠨ ᠬᠠᠮᠲᠤ ᠵᠤᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠠᠢ᠃
ᠬᠤᠷᠢᠨ ᠭᠤᠷᠪᠠᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠢ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠵᠤ ᠪᠠᠶ᠋ᠢᠭ᠎ᠠ ᠰᠠᠯᠠᠭ᠎ᠠ ᠮᠦᠴᠢᠷ ᠬᠢᠨᠠᠨ ᠪᠠᠶ᠋ᠢᠴᠠᠭ᠋ᠠᠬᠤ ᠦᠶᠡᠰ᠂ ᠲᠡᠭᠦᠨ᠎ᠤ ᠬᠠᠤᠯᠢ ᠬᠡᠷᠡᠭᠵᠢᠭᠦᠯᠬᠦ ᠠᠵᠢᠯᠲᠡᠨ ᠬᠤᠶᠠᠷ ᠬᠦᠮᠦᠨ᠎ᠠᠴᠠ ᠴᠦᠭᠡᠨ ᠪᠠᠶ᠋ᠢᠵᠤ ᠪᠤᠯᠬᠤ ᠦᠭᠡᠢ ᠪᠦᠭᠡᠳ ᠪᠠᠶ᠋ᠢᠴᠠᠭ᠋ᠠᠭᠳᠠᠭᠴᠢ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠦᠵᠡᠭᠦᠯᠬᠦ ᠬᠡᠷᠡᠭᠲᠠᠢ᠃
ᠬᠢᠨᠠᠨ ᠪᠠᠶ᠋ᠢᠴᠠᠭ᠋ᠠᠬᠤ ᠠᠵᠢᠯ᠎ᠨᠢ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠬᠠᠤᠯᠢ ᠶᠤᠰᠤᠨ᠎ᠤ ᠦᠢ᠍ᠯᠡᠳᠪᠦᠷᠢᠯᠡᠯ ᠡᠵᠡᠩᠨᠡᠯᠲᠠ ᠵᠢᠨ ᠠᠵᠢᠯᠯᠠᠭ᠎ᠠ ᠵᠢ ᠬᠠᠷᠰᠢᠯᠡᠵᠤ ᠪᠤᠯᠬᠤ ᠦᠭᠡᠢ᠃
ᠬᠤᠷᠢᠨ ᠲᠦᠷᠪᠡᠳᠦᠭᠡᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠢ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠵᠤ ᠪᠠᠶ᠋ᠢᠭ᠎ᠠ ᠰᠠᠯᠠᠭ᠎ᠠ ᠮᠦᠴᠢᠷ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠢᠳᠡᠭᠡᠨ᠎ᠤ ᠠᠮᠤᠷ ᠲᠦᠪᠰᠢᠨ᠎ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠦᠶᠡᠰ᠂ ᠲᠤᠤᠷᠠᠬᠢ ᠠᠷᠭ᠎ᠠ ᠬᠡᠮᠵᠢᠶ᠎ᠡ ᠵᠢ ᠠᠪᠬᠤ ᠡᠷᠬᠡ᠎ᠲᠠᠢ᠄
(ᠨᠢᠭᠡ) ᠦᠢ᠍ᠯᠡᠳᠪᠦᠷᠢᠯᠡᠯ ᠡᠵᠡᠩᠨᠡᠯᠲᠠ ᠵᠢᠨ ᠲᠠᠯᠠᠪᠤᠷ᠎ᠲᠤ ᠬᠦᠷᠴᠤ ᠲᠤᠬᠠᠢ ᠵᠢᠨ ᠲᠠᠯᠠᠪᠤᠷᠲᠤᠨᠢ ᠪᠠᠶ᠋ᠢᠴᠠᠭ᠋ᠠᠬᠤ;
(ᠬᠤᠶᠠᠷ) ᠦᠢ᠍ᠯᠡᠳᠪᠦᠷᠢᠯᠡᠵᠤ ᠡᠵᠡᠩᠨᠡᠭᠰᠡᠨ ᠢᠳᠡᠭᠡᠨ᠎ᠠᠴᠠ ᠦᠯᠢᠭᠡᠷ ᠠᠪᠴᠣ ᠰᠢᠯᠭ᠋ᠠᠨ ᠪᠠᠶ᠋ᠢᠴᠠᠭ᠋ᠠᠬᠤ;
(ᠭᠤᠷᠪᠠ) ᠬᠠᠮᠢᠶ᠎ᠠ ᠪᠦᠬᠦᠢ ᠭᠡᠷ᠎ᠡ᠂ ᠪᠢᠴᠢᠭ ᠪᠠᠷᠢᠮᠲᠠ᠂ ᠲᠠᠩᠰᠠ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠎ᠢ ᠪᠠᠶ᠋ᠢᠴᠠᠭ᠋ᠠᠨ ᠬᠢᠨᠠᠵᠣ᠂ ᠬᠠᠭᠤᠯᠤᠨ ᠪᠠᠭᠤᠯᠭ᠋ᠠᠵᠤ᠂ ᠬᠠᠮᠢᠶ᠎ᠠ ᠪᠦᠬᠦᠢ ᠠᠵᠢᠯᠲᠡᠨ᠎ᠠᠴᠠ ᠬᠤᠯᠪᠤᠭᠳᠠᠯ ᠪᠦᠬᠦᠢ ᠪᠠᠶ᠋ᠢᠳᠠᠯ᠎ᠢ ᠤᠶ᠋ᠢᠯᠠᠭ᠋ᠠᠬᠤ;
(ᠲᠦᠷᠪᠡ) ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠡ᠎ᠳᠤ ᠨᠡᠶ᠋ᠢᠴᠡᠬᠦ ᠦᠭᠡᠢ ᠵᠢ ᠬᠡᠷᠡᠴᠢᠯᠡᠭᠰᠡᠨ ᠢᠳᠡᠭᠡᠨ ᠵᠢᠴᠢ ᠬᠠᠤᠯᠢ᠎ᠠᠴᠠ ᠵᠦᠷᠢᠴᠡᠨ ᠬᠡᠷᠡᠭᠯᠡᠭᠰᠡᠨ ᠢᠳᠡᠭᠡᠨ᠎ᠤ ᠲᠦᠭᠦᠭᠡᠢ ᠮᠠᠲ᠋ᠧᠷᠢᠶᠠᠯ᠂ ᠢᠳᠡᠭᠡᠨ᠎ᠤ ᠨᠡᠮᠡᠯᠲᠠ ᠡᠳ᠋᠂ ᠢᠳᠡᠭᠡᠨ᠎ᠤ ᠬᠤᠯᠪᠤᠭᠳᠠᠯ ᠪᠦᠬᠦᠢ ᠪᠦᠲᠦᠭᠡᠭᠳᠡᠭᠦᠨ᠎ᠢ ᠪᠠᠶ᠋ᠢᠴᠠᠭ᠋ᠠᠨ ᠪᠢᠲᠡᠭᠦᠮᠵᠢᠯᠡᠬᠦ᠂ ᠪᠠᠷᠢᠴᠠᠭ᠋ᠠᠨ᠎ᠳᠤ ᠦᠯᠡᠳᠡᠭᠡᠬᠦ;
(ᠲᠠᠪᠤ) ᠬᠠᠤᠯᠢ ᠪᠤᠰᠤ᠎ᠪᠠᠷ ᠢᠳᠡᠭᠡᠨ ᠡᠳ᠋ᠰᠢᠭᠦᠯᠵᠤ ᠪᠠᠶ᠋ᠢᠭ᠎ᠠ ᠲᠠᠯᠠᠪᠤᠷ᠎ᠢ ᠪᠠᠶ᠋ᠢᠴᠠᠭ᠋ᠠᠨ ᠪᠢᠲᠡᠭᠦᠮᠵᠢᠯᠡᠬᠦ᠃
ᠬᠤᠷᠢᠨ ᠲᠠᠪᠤᠳᠤᠭ᠋ᠠᠷ ᠵᠦᠢ᠍ᠯ ᠬᠤᠰᠢᠭᠤ ᠰᠢᠶᠡᠨ᠎ᠤ ᠱᠠᠲᠤᠨ᠎ᠠᠴᠠ ᠲᠡᠭᠡᠭᠰᠢᠬᠢ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠯ ᠪᠦᠷᠢ ᠢᠳᠡᠭᠡᠨ᠎ᠳᠤ ᠬᠢᠨᠠᠯᠲᠠ ᠲᠠᠯᠪᠢᠨ ᠦᠯᠢᠭᠡᠷ ᠠᠪᠴᠤ ᠰᠢᠯᠭ᠋ᠠᠨ ᠪᠠᠶ᠋ᠢᠴᠠᠭ᠋ᠠᠬᠤ ᠲᠦᠯᠦᠪᠯᠡᠭᠡ ᠲᠤᠭᠲᠠᠭ᠋ᠠᠵᠤ᠂ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠦᠢ᠍ᠯᠡᠳᠪᠦᠷᠢᠯᠡᠵᠤ ᠡᠵᠡᠩᠨᠡᠭᠰᠡᠨ ᠢᠳᠡᠭᠡᠨ᠎ᠳᠤ ᠲᠤᠭᠲᠠᠮᠠᠯ ᠬᠤᠭᠤᠴᠠᠭ᠎ᠠ ᠪᠤᠶᠤ ᠲᠤᠭᠲᠠᠮᠠᠯ ᠪᠤᠰᠤ ᠬᠤᠭᠤᠴᠠᠭ᠎ᠠ᠎ᠲᠠᠢ᠎ᠪᠠᠷ ᠦᠯᠢᠭᠡᠷ ᠠᠪᠴᠤ ᠰᠢᠯᠭ᠋ᠠᠨ ᠪᠠᠶ᠋ᠢᠴᠠᠭ᠋ᠠᠬᠤ ᠵᠢᠨ ᠬᠠᠮᠲᠤ ᠵᠣᠬᠢᠰᠳᠠᠢ ᠠᠷᠭ᠎ᠠ ᠬᠡᠯᠪᠡᠷᠢ ᠵᠢ ᠰᠤᠩᠭᠤᠨ ᠰᠢᠯᠭ᠋ᠠᠨ ᠪᠠᠶ᠋ᠢᠴᠠᠭ᠋ᠠᠭᠰᠡᠨ ᠦᠷ᠎ᠡ ᠳ᠋ᠦᠩ ᠵᠶ᠋ᠠᠨ ᠨᠡᠶ᠋ᠢᠲᠡᠯᠡᠬᠦ ᠬᠡᠷᠡᠭᠲᠠᠢ᠃
ᠬᠢᠨᠠᠯᠲᠠ ᠲᠠᠯᠪᠢᠨ ᠦᠯᠢᠭᠡᠷ ᠠᠪᠴᠤ ᠰᠢᠯᠭ᠋ᠠᠨ ᠪᠠᠶ᠋ᠢᠴᠠᠭ᠋ᠠᠬᠤ᠎ᠳᠤ ᠢᠳᠡᠭᠡᠨ᠎ᠢ ᠰᠢᠯᠭ᠋ᠠᠨ ᠪᠠᠶ᠋ᠢᠴᠠᠭ᠋ᠠᠬᠤ ᠬᠢᠷᠢ ᠭᠡᠮ᠎ᠲᠠᠢ ᠪᠠᠶ᠋ᠢᠭᠤᠯᠤᠮᠵᠢ᠎ᠳᠤ ᠨᠡᠶ᠋ᠢᠲᠠᠬᠤ ᠬᠡᠷᠡᠭᠲᠠᠢ᠂ ᠲᠤᠬᠠᠢ ᠵᠢᠨ ᠬᠦᠮᠦᠨ ᠰᠢᠯᠭ᠋ᠠᠨ ᠪᠠᠶ᠋ᠢᠴᠠᠭ᠋ᠠᠭᠰᠠᠨ ᠦᠷ᠎ᠡ ᠳ᠋ᠦᠩ᠎ᠳᠤ ᠰᠠᠨᠠᠯ᠎ᠲᠠᠢ ᠪᠤᠯ᠂ ᠲᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠡᠵᠤ ᠪᠤᠯᠤᠨ᠎ᠡ᠃
ᠰᠢᠯᠭ᠋ᠠᠨ ᠪᠠᠶ᠋ᠢᠴᠠᠭ᠋ᠠᠭ᠋ᠠᠳ ᠬᠢᠷᠢ ᠲᠠᠩᠴᠡᠭᠰᠡᠨ ᠦᠭᠡᠢ ᠢᠳᠡᠭᠡᠨ᠎ᠢ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠰᠢᠢ᠍ᠳᠪᠦᠷᠢᠯᠡᠨ᠎ᠡ᠃
ᠬᠢᠨᠠᠯᠲᠠ ᠲᠠᠯᠪᠢᠨ ᠦᠯᠢᠭᠡᠷ ᠠᠪᠴᠤ ᠰᠢᠯᠭ᠋ᠠᠨ ᠪᠠᠶ᠋ᠢᠴᠠᠭ᠋ᠠᠬᠤ᠎ᠳᠤ ᠦᠯᠢᠭᠡᠷ ᠠᠪᠤᠭᠰᠠᠨ ᠰᠦᠢ᠍ᠳᠭᠡᠯ ᠲᠤᠰᠢᠶᠠᠬᠤ ᠬᠡᠷᠡᠭᠲᠠᠢ ᠪᠦᠭᠡᠳ ᠲᠤᠬᠠᠢ ᠵᠢᠨ ᠬᠦᠮᠦᠨ᠎ᠠᠴᠠ ᠶᠠᠮᠠᠷᠪᠠ ᠰᠦᠢ᠍ᠳᠭᠡᠯ ᠬᠤᠷᠢᠶᠠᠵᠤ ᠪᠤᠯᠬᠤ ᠦᠭᠡᠢ᠃
ᠬᠤᠷᠢᠨ ᠵᠢᠷᠭᠤᠳᠤᠭ᠋ᠠᠷ ᠵᠦᠢ᠍ᠯ ᠬᠤᠰᠢᠭᠤ ᠰᠢᠶᠡᠨ᠎ᠤ ᠱᠠᠲᠤᠨ᠎ᠠᠴᠠ ᠲᠡᠭᠡᠭᠰᠢᠬᠢ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠯ ᠪᠦᠷᠢ ᠢᠳᠡᠭᠡᠨ᠎ᠤ ᠠᠮᠤᠷ ᠲᠦᠪᠰᠢᠨ᠎ᠤ ᠬᠦᠮᠦᠵᠢᠯ᠎ᠤᠨ ᠪᠤᠯᠪᠠᠰᠤᠷᠠᠯ᠎ᠤᠨ ᠲᠦᠯᠦᠪᠯᠡᠭᠡ ᠲᠤᠭᠲᠠᠭ᠋ᠠᠵᠤ᠂ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠠᠵᠢᠯᠯᠠᠭᠴᠢᠳ᠎ᠲᠤ ᠢᠳᠡᠭᠡᠨ᠎ᠤ ᠠᠮᠤᠷ ᠲᠦᠪᠰᠢᠨ᠎ᠤ ᠮᠡᠳᠡᠯᠭᠡ ᠵᠢᠴᠢ ᠢᠳᠡᠭᠡᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠤᠨ ᠪᠤᠯᠪᠠᠰᠤᠷᠠᠯ ᠬᠦᠷᠲᠡᠭᠡᠬᠦ ᠬᠡᠷᠡᠭᠲᠠᠢ᠃
ᠬᠤᠷᠢᠨ ᠲᠤᠯᠤᠳᠤᠭ᠋ᠠᠷ ᠵᠦᠢ᠍ᠯ ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠦᠨᠡᠨᠴᠢ ᠢᠲᠡᠭᠡᠮᠵᠢ ᠵᠢ ᠲᠡᠮᠳᠡᠭᠯᠡᠬᠦ ᠲᠦᠷᠢᠮ᠎ᠢ ᠬᠡᠷᠡᠭᠵᠢᠭᠦᠯᠵᠤ᠂ ᠡᠳᠦᠷ ᠲᠤᠲᠤᠮ᠎ᠤᠨ ᠬᠢᠨᠠᠨ ᠪᠠᠶ᠋ᠢᠴᠠᠭ᠋ᠠᠯᠲᠠ ᠵᠢᠨ ᠦᠷ᠎ᠡ ᠳ᠋ᠦᠩ᠂ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠭᠡᠭᠰᠡᠨ ᠵᠡᠷᠭᠡ ᠪᠠᠶ᠋ᠢᠳᠠᠯ᠎ᠢ ᠲᠡᠮᠳᠡᠭᠯᠡᠵᠤ᠂ ᠦᠨᠡᠨᠴᠢ ᠢᠲᠡᠭᠡᠮᠵᠢ ᠵᠢ ᠲᠡᠮᠳᠡᠭᠯᠡᠭᠰᠡᠨ ᠪᠠᠶ᠋ᠢᠳᠠᠯ᠎ᠢ ᠦᠨᠳᠦᠰᠦᠯᠡᠵᠤ᠂ ᠡᠷᠡᠭᠦᠯ ᠪᠤᠰᠤ ᠢᠳᠡᠭᠡᠮᠵᠢ ᠵᠢᠨ ᠲᠡᠮᠳᠡᠭᠯᠡᠯ᠎ᠲᠠᠢ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨ᠎ᠳᠤ ᠬᠢᠨᠠᠯᠲᠠ ᠪᠠᠶ᠋ᠢᠴᠠᠭ᠋ᠠᠯᠲᠠ ᠪᠠ ᠴᠡᠭᠴᠡᠯᠡᠨ ᠦᠭᠡᠷᠡᠴᠢᠯᠡᠬᠦ ᠵᠢᠯᠤᠭᠤᠳᠤᠯᠭ᠎ᠠ᠎ᠪᠠᠨ ᠴᠢᠩᠭ᠋ᠠᠳᠬᠠᠬᠤ ᠬᠡᠷᠡᠭᠲᠠᠢ᠃
ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠤ ᠦᠨᠡᠨᠴᠢ ᠢᠲᠡᠭᠡᠮᠵᠢ ᠵᠢᠨ ᠪᠠᠶ᠋ᠢᠳᠠᠯ᠎ᠢ ᠲᠤᠬᠢᠷᠠᠭᠰᠠᠨ ᠴᠠᠭ᠎ᠲᠤ ᠨᠡᠶ᠋ᠢᠳᠡᠯᠡᠬᠦ ᠬᠡᠷᠡᠭᠲᠠᠢ᠃
ᠬᠤᠷᠢᠨ ᠨᠠᠢ᠍ᠮᠠᠳᠤᠭ᠋ᠠᠷ ᠵᠦᠢ᠍ᠯ ᠬᠤᠳᠠᠯᠳᠤᠭ᠋ᠠᠨ᠎ᠤ ᠲᠠᠯᠠᠪᠠᠢ᠂ ᠬᠠᠮ ᠲᠡᠯᠭᠡᠭᠦᠷ᠂ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠂ ᠲᠦᠪᠯᠡᠷᠡᠭᠦᠯᠦᠨ ᠡᠵᠡᠩᠨᠡᠬᠦ ᠲᠤᠭᠤᠷᠢᠭ᠎ᠢ ᠨᠡᠭᠡᠭᠡᠨ ᠡᠷᠬᠢᠯᠡᠵᠤ ᠪᠠᠶ᠋ᠢᠭ᠎ᠠ ᠡᠷᠬᠢᠯᠡᠭᠴᠢ᠎ᠨᠢ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ᠎ᠢ ᠬᠠᠪᠰᠤᠷᠤᠨ ᠲᠤᠤᠷᠠᠬᠢ ᠡᠭᠦᠷᠭᠡ ᠵᠢ ᠭᠦᠢ᠍ᠴᠡᠳᠭᠡᠬᠦ ᠬᠡᠷᠡᠭᠲᠠᠢ᠄
(ᠨᠢᠭᠡ) ᠢᠳᠡᠭᠡᠨ᠎ᠤ ᠲᠡᠯᠭᠡᠭᠦᠷᠴᠢᠨᠤ ᠠᠵᠢᠯᠯᠠᠭᠴᠢᠳ᠎ᠤᠨ ᠡᠷᠡᠭᠦᠯ ᠮᠡᠨᠲᠤ ᠵᠢᠨ ᠬᠡᠷᠡᠴᠢ ᠵᠢ ᠪᠠᠶ᠋ᠢᠴᠠᠭ᠋ᠠᠨ ᠰᠢᠯᠭ᠋ᠠᠬᠤ;
(ᠬᠤᠶᠠᠷ) ᠢᠳᠡᠭᠡᠨ᠎ᠤ ᠲᠡᠯᠭᠡᠭᠦᠷᠴᠢᠨᠤ ᠦᠢ᠍ᠯᠡᠳᠪᠦᠷᠢᠯᠡᠯ ᠡᠵᠡᠩᠨᠡᠯᠲᠠ ᠵᠢᠨ ᠤᠷᠴᠢᠨ ᠲᠤᠭᠤᠷᠢᠨ ᠪᠠ ᠨᠦᠬᠦᠴᠡᠯ᠎ᠢ ᠪᠠᠶ᠋ᠢᠴᠠᠭ᠋ᠠᠨ᠂ ᠲᠤᠰ ᠲᠦᠷᠢᠮ᠎ᠤᠨ ᠲᠤᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠢᠯᠡᠷᠡᠭᠦᠯᠪᠡᠯ᠂ ᠴᠠᠭ ᠲᠤᠬᠠᠢᠳᠤᠨᠢ ᠬᠤᠷᠢᠭᠯᠠᠬᠤ ᠵᠢᠨ ᠬᠠᠮᠲᠤ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠬᠡᠷᠡᠭᠲᠠᠢ;
(ᠭᠤᠷᠪᠠ) ᠢᠳᠡᠭᠡᠨ᠎ᠤ ᠲᠡᠯᠭᠡᠭᠦᠷᠴᠢᠨᠤ ᠲᠠᠩᠰᠠ ᠡᠪᠭᠡᠮᠡᠯ ᠪᠠᠶ᠋ᠢᠭᠤᠯᠵᠤ᠂ ᠢᠳᠡᠭᠡᠨ᠎ᠤ ᠲᠡᠯᠭᠡᠭᠦᠷᠴᠢᠨᠤ ᠦᠨᠳᠦᠰᠦᠨ ᠪᠠᠶ᠋ᠢᠳᠠᠯ᠂ ᠡᠵᠡᠩᠨᠡᠯᠲᠠ ᠵᠢᠨ ᠲᠦᠷᠦᠯ ᠵᠦᠢ᠍ᠯ᠂ ᠲᠠᠸᠠᠷ᠎ᠤᠨ ᠮᠡᠳᠡᠭᠡ ᠵᠠᠩᠭᠢ ᠵᠢ ᠲᠡᠮᠳᠡᠭᠯᠡᠵᠤ᠂ ᠢᠳᠡᠭᠡᠨ᠎ᠤ ᠲᠡᠯᠭᠡᠭᠦᠷᠴᠢᠨᠢ ᠦᠢ᠍ᠯᠡᠳᠪᠦᠷᠢᠯᠡᠯ ᠡᠵᠡᠩᠨᠡᠯᠲᠠ ᠵᠢᠨ ᠲᠡᠮᠳᠡᠭᠯᠡᠯ᠂ ᠪᠠᠷᠠᠭ᠎ᠠ ᠤᠷᠤᠭᠤᠯᠬᠤ ᠵᠢ ᠪᠠᠶ᠋ᠢᠴᠠᠭ᠋ᠠᠨ ᠰᠢᠯᠭ᠋ᠠᠬᠤ ᠵᠡᠷᠭᠡ ᠢᠳᠡᠭᠡᠨ᠎ᠤ ᠠᠮᠤᠷ ᠲᠦᠪᠰᠢᠨ᠎ᠢ ᠪᠠᠲᠤᠯᠠᠬᠤ ᠬᠠᠮᠢᠶ᠎ᠠ ᠪᠦᠬᠦᠢ ᠲᠦᠷᠢᠮ ᠪᠠᠶ᠋ᠢᠭᠤᠯᠬᠤ ᠵᠢ ᠵᠢᠯᠤᠭᠤᠳᠬᠤ ᠵᠢᠨ ᠬᠠᠮᠲᠤ ᠱᠠᠯᠠᠪᠳᠠᠭᠤᠯᠣᠨ᠎ᠠ᠃
ᠬᠤᠷᠢ ᠶᠢᠰᠦᠳᠦᠭᠡᠷ ᠵᠦᠢ᠍ᠯ ᠢᠳᠡᠭᠡᠨ᠎ᠤ ᠲᠡᠯᠭᠡᠭᠦᠷᠴᠢᠨᠤ ᠠᠵᠢᠯᠯᠠᠭᠴᠢᠳ ᠪᠠ ᠢᠳᠡᠭᠡᠨ᠎ᠤ ᠲᠡᠯᠭᠡᠭᠦᠷᠴᠢᠨ ᠵᠢᠯ ᠪᠦᠷᠢ ᠨᠢᠭᠡ ᠣᠳᠠᠭ᠎ᠠ ᠵᠢᠨ ᠡᠷᠡᠭᠦᠯ ᠮᠡᠨᠲᠤ ᠵᠢᠨ ᠪᠠᠶ᠋ᠢᠴᠠᠭ᠋ᠠᠯᠲᠠ ᠬᠢᠬᠦ ᠬᠡᠷᠡᠭᠲᠠᠢ᠂ ᠡᠷᠡᠭᠦᠯ ᠮᠡᠨᠲᠤ ᠵᠢᠨ ᠬᠡᠷᠡᠴᠢ ᠵᠢ ᠤᠯᠤᠭᠰᠠᠨ᠎ᠤ ᠲᠠᠷᠠᠭ᠎ᠠ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠠ ᠵᠢᠨ ᠠᠵᠢᠯᠯᠠᠭ᠎ᠠ ᠡᠷᠬᠢᠯᠡᠵᠦ ᠪᠤᠯᠤᠨ᠎ᠡ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠲᠤᠭᠲᠠᠭ᠋ᠠᠭᠰᠠᠨ ᠢᠳᠡᠭᠡᠨ᠎ᠤ ᠠᠮᠤᠷ ᠲᠦᠪᠰᠢᠨ᠎ᠢ ᠨᠦᠯᠦᠭᠡᠯᠡᠬᠦ ᠡᠪᠳᠴᠢᠨ᠎ᠲᠠᠢ ᠬᠦᠮᠦᠨ ᠰᠢᠭᠤᠳ ᠢᠳᠡᠬᠦ ᠢᠳᠡᠭᠡᠨ᠎ᠲᠠᠢ ᠬᠦᠷᠦᠯᠴᠡᠬᠦ ᠠᠵᠢᠯ᠎ᠢ ᠬᠢᠵᠤ ᠪᠤᠯᠬᠤ ᠦᠭᠡᠢ᠃
ᠭᠤᠴᠢᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ᠎ᠨᠢ ᠢᠯᠡᠷᠭᠡᠢ ᠪᠠᠶ᠋ᠢᠷᠢᠨ᠎ᠳᠤ 《ᠢᠳᠡᠭᠡᠨ᠎ᠤ ᠵᠢᠵᠢᠭ ᠦᠢ᠍ᠯᠡᠳᠭᠡᠯ᠎ᠤᠨ ᠲᠠᠩᠰᠠᠯᠠᠭᠤᠯᠣᠭᠰᠠᠨ ᠦᠨᠡᠮᠯᠡᠯ》 ᠪᠠ ᠠᠵᠢᠯᠯᠠᠭᠴᠢᠳ᠎ᠤᠨ ᠡᠷᠡᠭᠦᠯ ᠮᠡᠨᠲᠤ ᠵᠢᠨ ᠬᠡᠷᠡᠴᠢ᠎ᠪᠠᠨ ᠲᠠᠯᠪᠢᠬᠤ ᠬᠡᠷᠡᠭᠲᠠᠢ᠃
ᠢᠳᠡᠭᠡᠨ᠎ᠤ ᠲᠡᠯᠭᠡᠭᠦᠷᠴᠢᠨ ᠲᠤᠰ ᠪᠡᠶ᠎ᠡ ᠵᠢᠨ ᠡᠷᠡᠭᠦᠯ ᠮᠡᠨᠲᠤ ᠵᠢᠨ ᠬᠡᠷᠡᠴᠢ᠎ᠪᠠᠨ ᠪᠠᠶ᠎ᠠ᠎ᠳᠡᠭᠡᠨ ᠠᠪᠴᠤ ᠶᠠᠪᠤᠬᠤ ᠬᠡᠷᠡᠭᠲᠠᠢ᠃ ᠯᠠᠯᠤ ᠵᠢᠨ ᠢᠳᠡᠭᠡᠨ ᠦᠢ᠍ᠯᠡᠳᠪᠦᠷᠢᠯᠡᠵᠤ ᠪᠤᠯᠪᠠᠰᠤᠷᠠᠭᠤᠯᠬᠤ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨ ᠢᠯᠡᠷᠭᠡᠢ ᠪᠠᠶ᠋ᠢᠷᠢᠨ᠎ᠳᠤ ᠯᠠᠯᠤ ᠵᠢᠨ ᠰᠢᠨᠵᠢ ᠲᠡᠮᠳᠡᠭ᠎ᠲᠠᠢ ᠫᠠᠶ᠋ᠢᠰᠠ ᠵᠢ ᠡᠯᠭᠦᠬᠦ ᠬᠡᠷᠡᠭᠲᠠᠢ᠃
ᠭᠤᠴᠢᠨ ᠨᠢᠭᠡᠳᠦᠭᠡᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨ᠎ᠨᠢ ᠢᠳᠡᠭᠡᠨ᠎ᠤ ᠠᠮᠤᠷ ᠲᠦᠪᠰᠢᠨ᠎ᠤ ᠠᠲᠡᠯ ᠡᠭᠦᠰᠪᠡᠯ᠂ ᠡᠵᠡᠩᠨᠡᠭᠴᠢ ᠲᠠᠷᠤᠢ ᠲᠦᠷᠭᠡᠨ ᠰᠢᠢ᠍ᠳᠪᠦᠷᠢᠯᠡᠵᠤ᠂ ᠢᠳᠡᠭᠡᠨ᠎ᠳᠤ ᠬᠤᠤᠷᠠᠳᠠᠭᠳᠠᠭᠰᠠᠨ ᠠᠵᠢᠯᠲᠡᠨᠢ ᠴᠠᠭ ᠲᠤᠬᠠᠢᠳᠤᠨᠢ ᠠᠪᠤᠷᠠᠨ᠂ ᠢᠳᠡᠭᠡᠨ᠎ᠤ ᠬᠤᠤᠷᠠᠳᠠᠯ ᠡᠭᠦᠰᠭᠡᠵᠤ ᠮᠡᠳᠡᠬᠦ ᠢᠳᠡᠭᠡᠨ ᠵᠢᠴᠢ ᠲᠦᠭᠦᠭᠡᠢ ᠡᠳ᠋᠎ᠢ ᠪᠢᠲᠡᠭᠦᠮᠵᠢᠯᠡᠨ ᠬᠠᠳᠠᠭ᠋ᠠᠯᠠᠵᠤ᠂ ᠠᠳᠡᠯ᠎ᠤᠨ ᠦᠷᠭᠡᠳᠬᠦ ᠵᠢ ᠰᠡᠷᠭᠡᠶ᠋ᠢᠯᠡᠬᠦ ᠵᠢᠨ ᠬᠠᠮᠲᠤ ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠬᠡᠷᠡᠭᠲᠠᠢ᠃
ᠬᠤᠰᠢᠭᠤ ᠰᠢᠶᠡᠨ᠎ᠤ ᠱᠠᠲᠤᠨ᠎ᠤ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ᠎ᠤ ᠠᠮᠤᠷ ᠲᠦᠪᠰᠢᠨ᠎ᠤ ᠠᠳᠡᠯ᠎ᠤᠨ ᠮᠡᠳᠡᠭᠦᠯᠦᠯᠲᠠ ᠵᠢ ᠳᠣᠰᠣᠨ ᠤᠯᠤᠭᠰᠡᠨᠤ ᠲᠠᠷᠠᠭ᠎ᠠ᠂ ᠲᠠᠷᠤᠢ ᠲᠦᠷᠭᠡᠨ ᠵᠤᠬᠢᠴᠠᠩᠭᠤᠢ ᠠᠷᠭ᠎ᠠ ᠬᠡᠮᠵᠢᠶ᠎ᠡ ᠠᠪᠴᠤ᠂ ᠠᠳᠡᠯ᠎ᠤᠨ ᠠᠶᠤᠯ᠎ᠢ ᠪᠠᠭ᠋ᠠᠰᠬᠠᠬᠤ ᠵᠢᠨ ᠬᠠᠮᠲᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠤ ᠴᠠᠭ ᠲᠠᠷᠤᠢ᠎ᠳᠤ᠎ᠨᠢ ᠮᠡᠳᠡᠭᠦᠯᠬᠦ ᠬᠡᠷᠡᠭᠲᠠᠢ᠃ ᠶᠠᠮᠠᠷᠪᠠ ᠵᠤᠬᠢᠶᠠᠨ ᠪᠠᠶ᠋ᠢᠭᠤᠯᠤᠯᠲᠠ᠂ ᠨᠢᠭᠡᠴᠡ ᠪᠤᠶᠤ ᠬᠤᠪᠢ ᠬᠦᠮᠦᠨ ᠢᠳᠡᠭᠡᠨ᠎ᠤ ᠠᠮᠤᠷ ᠲᠦᠪᠰᠢᠨ᠎ᠤ ᠠᠳᠡᠯ᠎ᠢ ᠨᠢᠭᠤᠬᠤ᠂ ᠬᠤᠳᠠᠯ ᠵᠶ᠋ᠠᠷ ᠮᠡᠳᠡᠭᠦᠯᠬᠦ᠂ ᠤᠷᠦ᠋ᠢ᠍ᠳᠠᠭᠤᠯᠵᠤ ᠮᠡᠳᠡᠭᠦᠯᠵᠤ ᠪᠤᠯᠬᠤ ᠦᠭᠡᠢ᠂ ᠪᠢᠴᠢᠭ ᠪᠠᠷᠢᠮᠲᠠ᠂ ᠪᠤᠲᠠᠲᠤ ᠡᠳ᠋ ᠵᠡᠷᠭᠡ ᠬᠠᠮᠢᠶ᠎ᠠ ᠪᠦᠬᠦᠢ ᠬᠡᠷᠡᠴᠢ ᠪᠠᠷᠢᠮᠲᠠ ᠵᠢ ᠰᠦᠢ᠍ᠳᠭᠡᠵᠤ ᠪᠤᠯᠬᠤ ᠦᠭᠡᠢ᠃
ᠲᠠᠪᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠬᠤᠶᠠᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ 《ᠢᠳᠡᠭᠡᠨ᠎ᠤ ᠵᠢᠵᠢᠭ ᠦᠢ᠍ᠯᠡᠳᠭᠡᠯ᠎ᠤᠨ ᠲᠠᠩᠰᠠᠯᠠᠭᠤᠯᠣᠭᠰᠠᠨ ᠦᠨᠡᠮᠯᠡᠯ》 ᠤᠯᠤᠭᠰᠠᠨ ᠦᠭᠡᠢ᠎ᠪᠠᠷ ᠢᠳᠡᠭᠡᠨ ᠡᠳ᠋ᠰᠢᠭᠦᠯᠪᠡᠯ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠤᠯᠢ᠎ᠠᠴᠠ ᠵᠦᠷᠢᠴᠡᠨ ᠣᠯᠣᠭᠰᠡᠨ ᠤᠯᠵᠠᠪᠤᠷᠢ᠂ ᠬᠠᠤᠯᠢ᠎ᠠᠴᠠ ᠵᠦᠷᠢᠴᠡᠨ ᠡᠳ᠋ᠰᠢᠭᠦᠯᠦᠭᠰᠡᠨ ᠢᠳᠡᠭᠡᠨ ᠪᠠ ᠬᠠᠤᠯᠢ ᠵᠢ ᠵᠦᠷᠢᠴᠡᠨ ᠡᠳ᠋ᠰᠢᠭᠦᠯᠬᠦ᠎ᠳᠤ ᠬᠡᠷᠡᠭᠯᠡᠭᠰᠡᠨ ᠪᠠᠭ᠋ᠠᠵᠢ᠂ ᠪᠡᠯᠡᠳᠭᠡᠯ ᠲᠦᠬᠦᠭᠡᠷᠦᠮᠵᠢ᠂ ᠲᠦᠭᠦᠭᠡᠢ ᠡᠳ᠋ ᠵᠡᠷᠭᠡ ᠪᠤᠳᠠᠰ᠎ᠢ ᠬᠤᠷᠢᠶᠠᠨ ᠠᠪᠬᠤ ᠵᠢᠨ ᠬᠠᠮᠲᠤ 1 ᠲᠦᠮᠡᠨ ᠲᠦᠭᠦᠷᠢᠭ᠎ᠠᠴᠠ ᠲᠡᠭᠡᠭᠰᠢ 5 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨᠡ᠃
ᠭᠤᠴᠢᠨ ᠭᠤᠷᠪᠠᠳᠤᠭ᠋ᠠᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠲᠤᠰ ᠲᠦᠷᠢᠮ᠎ᠤᠨ ᠠᠷᠪᠠᠨ ᠵᠢᠷᠭᠤᠳᠤᠭ᠋ᠠᠷ ᠵᠦᠢ᠍ᠯ᠎ᠤᠨ ᠲᠤᠭᠲᠠᠭ᠋ᠠᠯ᠎ᠠᠴᠠ ᠵᠦᠷᠢᠴᠡᠨ ᠢᠳᠡᠭᠡᠨ ᠡᠳ᠋ᠰᠢᠭᠦᠯᠪᠡᠯ᠂ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠱᠠᠭ᠋ᠠᠷᠳᠠᠨᠡ; ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ᠂ 2000 ᠲᠦᠭᠦᠷᠢᠭ᠎ᠠᠴᠠ ᠲᠡᠭᠡᠭᠰᠢ 1 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨᠡ᠃
ᠭᠤᠴᠢᠨ ᠲᠦᠷᠪᠡᠳᠦᠭᠡᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠲᠤᠰ ᠲᠦᠷᠢᠮ᠎ᠤᠨ ᠠᠷᠪᠠᠨ ᠲᠤᠯᠤᠳᠤᠭ᠋ᠠᠷ ᠵᠦᠢ᠍ᠯ᠎ᠤᠨ ᠲᠤᠭᠲᠠᠭ᠋ᠠᠯ᠎ᠠᠴᠠ ᠵᠦᠷᠢᠴᠡᠨ ᠢᠳᠡᠭᠡᠨ ᠡᠳ᠋ᠰᠢᠭᠦᠯᠪᠡᠯ᠂ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠤᠯᠢ᠎ᠠᠴᠠ ᠵᠦᠷᠢᠴᠡᠨ ᠣᠯᠣᠭᠰᠡᠨ ᠤᠯᠵᠠᠪᠤᠷᠢ᠂ ᠬᠠᠤᠯᠢ᠎ᠠᠴᠠ ᠵᠦᠷᠢᠴᠡᠨ ᠡᠵᠡᠩᠨᠡᠭᠰᠡᠨ ᠢᠳᠡᠭᠡᠨ ᠵᠢᠴᠢ ᠦᠢ᠍ᠯᠡᠳᠪᠦᠷᠢᠯᠡᠯ᠎ᠳᠤ ᠬᠡᠷᠡᠭᠯᠡᠭᠰᠡᠨ ᠲᠦᠭᠦᠭᠡᠢ ᠡᠳ᠋᠎ᠢ᠎ᠨᠢ ᠬᠤᠷᠢᠶᠠᠨ ᠠᠪᠬᠤ ᠵᠢᠨ ᠬᠠᠮᠲᠤ 1 ᠲᠦᠮᠡᠨ ᠲᠦᠭᠦᠷᠢᠭ᠎ᠠᠴᠠ ᠲᠡᠭᠡᠭᠰᠢ 3 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨᠡ; ᠦᠢ᠍ᠯᠡ ᠪᠠᠶ᠋ᠢᠳᠠᠯ᠎ᠨᠢ ᠬᠦᠨᠲᠦ ᠨᠤᠴᠢᠲᠠᠢ ᠪᠤᠯ᠂ 《ᠢᠳᠡᠭᠡᠨ᠎ᠤ ᠵᠢᠵᠢᠭ ᠦᠢ᠍ᠯᠡᠳᠭᠡᠯ᠎ᠤᠨ ᠲᠠᠩᠰᠠᠯᠠᠭᠤᠯᠣᠭᠰᠠᠨ ᠦᠨᠡᠮᠯᠡᠯ》᠎ᠢ᠎ᠨᠢ ᠬᠤᠷᠢᠶᠠᠨ ᠠᠪᠴᠤ ᠬᠦᠴᠦᠨ ᠦᠭᠡᠢ ᠪᠤᠯᠭ᠋ᠠᠨᠡ᠃
ᠭᠤᠴᠢᠨ ᠲᠠᠪᠤᠳᠤᠭ᠋ᠠᠷ ᠵᠦᠢ᠍ᠯ ᠢᠳᠡᠭᠡᠨ᠎ᠤ ᠲᠡᠯᠭᠡᠭᠦᠷᠴᠢᠨ ᠲᠤᠰ ᠲᠦᠷᠢᠮ᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠬᠤᠶᠠᠳᠤᠭ᠋ᠠᠷ ᠪᠠᠳᠠᠭ᠎ᠤᠨ ᠲᠤᠭᠲᠠᠭ᠋ᠠᠯ᠎ᠠᠴᠠ ᠵᠦᠷᠢᠴᠡᠪᠡᠯ᠂ ᠬᠤᠲᠠ ᠵᠢᠨ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠬᠠᠤᠯᠢ ᠶᠤᠰᠤᠭ᠋ᠠᠷ ᠪᠠᠶ᠋ᠢᠴᠠᠭ᠋ᠠᠨ ᠰᠢᠢ᠍ᠳᠭᠡᠨ᠎ᠡ᠃
ᠭᠤᠴᠢᠨ ᠵᠢᠷᠭᠤᠳᠤᠭ᠋ᠠᠷ ᠵᠦᠢ᠍ᠯ ᠢᠳᠡᠭᠡᠨ᠎ᠤ ᠲᠡᠯᠭᠡᠭᠦᠷᠴᠢᠨ ᠲᠤᠰ ᠲᠦᠷᠢᠮ᠎ᠤᠨ ᠠᠷᠪᠠ ᠶᠢᠰᠦᠳᠦᠭᠡᠷ ᠵᠦᠢ᠍ᠯ᠎ᠤᠨ ᠲᠤᠭᠲᠠᠭ᠋ᠠᠯ᠎ᠠᠴᠠ ᠵᠦᠷᠢᠴᠡᠪᠡᠯ᠂ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠱᠠᠭ᠋ᠠᠷᠳᠠᠨᠡ; ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ᠂ 300 ᠲᠦᠭᠦᠷᠢᠭ᠎ᠠᠴᠠ ᠲᠡᠭᠡᠭᠰᠢ 500 ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨᠡ᠃
ᠭᠤᠴᠢᠨ ᠲᠤᠯᠤᠳᠤᠭ᠋ᠠᠷ ᠵᠦᠢ᠍ᠯ ᠢᠳᠡᠭᠡᠨ᠎ᠤ ᠲᠡᠯᠭᠡᠭᠦᠷᠴᠢᠨ ᠲᠤᠰ ᠲᠦᠷᠢᠮ᠎ᠤᠨ ᠬᠤᠷᠢᠳᠤᠭ᠋ᠠᠷ ᠵᠦᠢ᠍ᠯ᠎ᠤᠨ ᠲᠤᠭᠲᠠᠭ᠋ᠠᠯ᠎ᠠᠴᠠ ᠵᠦᠷᠢᠴᠡᠪᠡᠯ᠂ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠱᠠᠭ᠋ᠠᠷᠳᠠᠨᠡ; ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ 500 ᠲᠦᠭᠦᠷᠢᠭ᠎ᠠᠴᠠ ᠲᠡᠭᠡᠭᠰᠢ 1000 ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨᠡ᠃
ᠭᠤᠴᠢᠨ ᠨᠠᠢ᠍ᠮᠠᠳᠤᠭ᠋ᠠᠷ ᠵᠦᠢ᠍ᠯ ᠢᠳᠡᠭᠡᠨ᠎ᠤ ᠲᠡᠯᠭᠡᠭᠦᠷᠴᠢᠨ ᠲᠤᠰ ᠲᠦᠷᠢᠮ᠎ᠤᠨ ᠬᠤᠷᠢᠨ ᠨᠢᠭᠡᠳᠦᠭᠡᠷ ᠵᠦᠢ᠍ᠯ᠎ᠤᠨ ᠲᠤᠭᠲᠠᠭ᠋ᠠᠯ᠎ᠠᠴᠠ ᠵᠦᠷᠢᠴᠡᠪᠡᠯ᠂ ᠢᠳᠡᠭᠡᠨ ᠪᠠ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠡᠵᠡᠩᠨᠡᠯᠲᠠ ᠵᠢᠨ ᠠᠵᠢᠯᠯᠠᠭ᠎ᠠ ᠵᠢ᠎ᠨᠢ ᠵᠤᠭᠰᠤᠭ᠋ᠠᠬᠤ᠎ᠪᠠᠷ ᠵᠠᠷᠯᠢᠬᠳᠠᠨ᠎ᠠ; ᠦᠢ᠍ᠯᠡ ᠪᠠᠶ᠋ᠢᠳᠠᠯ᠎ᠨᠢ ᠬᠦᠨᠲᠦ ᠨᠤᠴᠢᠲᠠᠢ ᠪᠤᠯ᠂ ᠬᠠᠤᠯᠢ᠎ᠠᠴᠠ ᠵᠦᠷᠢᠴᠡᠨ ᠤᠯᠤᠭᠰᠠᠨ ᠤᠯᠵᠠᠪᠣᠷᠢ᠂ ᠬᠠᠤᠯᠢ᠎ᠠᠴᠠ ᠵᠦᠷᠢᠴᠡᠨ ᠡᠵᠡᠩᠨᠡᠭᠰᠡᠨ ᠢᠳᠡᠭᠡᠨ ᠪᠠ ᠡᠵᠡᠩᠨᠡᠯᠲᠠ᠎ᠳᠤ ᠬᠡᠷᠡᠭᠯᠡᠭᠰᠡᠨ ᠪᠠᠭ᠋ᠠᠵᠢ᠂ ᠪᠡᠯᠡᠳᠭᠡᠯ ᠲᠦᠬᠦᠭᠡᠷᠦᠮᠵᠢ᠂ ᠲᠦᠭᠦᠭᠡᠢ ᠡᠳ᠋ ᠵᠡᠷᠭᠡ ᠪᠤᠳᠠᠰ᠎ᠢ ᠬᠤᠷᠢᠶᠠᠨ ᠠᠪᠬᠤ ᠵᠢᠨ ᠬᠠᠮᠲᠤ 1000 ᠲᠦᠭᠦᠷᠢᠭ᠎ᠠᠴᠠ ᠲᠡᠭᠡᠭᠰᠢ 3000 ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨᠡ᠃
ᠭᠤᠴᠢ ᠶᠢᠰᠦᠳᠦᠭᠡᠷ ᠵᠦᠢ᠍ᠯ 《ᠢᠳᠡᠭᠡᠨ᠎ᠤ ᠵᠢᠵᠢᠭ ᠦᠢ᠍ᠯᠡᠳᠭᠡᠯ᠎ᠤᠨ ᠲᠠᠩᠰᠠᠯᠠᠭᠤᠯᠣᠭᠰᠠᠨ ᠦᠨᠡᠮᠯᠡᠯ》᠎ᠢ᠎ᠨᠢ ᠬᠤᠷᠢᠶᠠᠨ ᠠᠪᠴᠤ ᠬᠦᠴᠦᠨ ᠦᠭᠡᠢ ᠪᠤᠯᠭ᠋ᠠᠭᠰᠠᠨ ᠢᠳᠡᠭᠡᠨ᠎ᠤ ᠵᠢᠵᠢᠭ ᠦᠢ᠍ᠯᠡᠳᠭᠡᠯ᠎ᠤᠨ ᠡᠵᠡᠩᠨᠡᠭᠴᠢ ᠬᠤᠶᠠᠷ ᠵᠢᠯ᠎ᠤᠨ ᠲᠤᠲᠤᠷ᠎ᠠ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠠ ᠵᠢᠨ ᠠᠵᠢᠯᠯᠠᠭ᠎ᠠ ᠡᠷᠬᠢᠯᠡᠵᠦ ᠪᠤᠯᠬᠤ ᠦᠭᠡᠢ; ᠢᠳᠡᠭᠡᠨ᠎ᠤ ᠠᠮᠤᠷ ᠲᠦᠪᠰᠢᠨ᠎ᠤ ᠶᠠᠯᠠᠳᠤ ᠬᠦᠷᠴᠤ ᠬᠠᠤᠯᠢ ᠶᠤᠰᠤᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠡᠵᠡᠩᠨᠡᠭᠴᠢ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠠ ᠵᠢᠨ ᠠᠵᠢᠯᠯᠠᠭ᠎ᠠ ᠵᠢ ᠡᠭᠦᠷᠢᠲᠠ ᠬᠢᠵᠤ ᠪᠤᠯᠬᠤ ᠦᠭᠡᠢ᠃
ᠲᠦᠴᠢᠳᠦᠭᠡᠷ ᠵᠦᠢ᠍ᠯ ᠬᠤᠰᠢᠭᠤ ᠰᠢᠶᠡᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨ᠎ᠳᠠᠬᠢ ᠢᠳᠡᠭᠡᠨ᠎ᠤ ᠠᠮᠤᠷ ᠲᠦᠪᠰᠢᠨ᠎ᠤ ᠬᠢᠨᠠᠨ ᠬᠠᠮᠢᠶᠠᠷᠬᠤ ᠲᠤᠰᠢᠶᠡᠯ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠭᠦᠢ᠍ᠴᠡᠳᠭᠡᠭᠰᠡᠨ ᠦᠭᠡᠢ᠎ᠠᠴᠠ ᠪᠤᠯᠵᠤ᠂ ᠲᠤᠰ ᠵᠠᠰᠠᠭ ᠵᠠᠬᠢᠷᠭ᠋ᠠᠨ᠎ᠤ ᠤᠷᠤᠨ᠎ᠳᠤ ᠢᠳᠡᠭᠡᠨ᠎ᠤ ᠠᠮᠤᠷ ᠲᠦᠪᠰᠢᠨ᠎ᠤ ᠠᠳᠡᠯ ᠡᠭᠦᠰᠭᠡᠵᠤ᠂ ᠡᠷᠡᠭᠦᠯ ᠪᠤᠰᠤ ᠨᠡᠶ᠋ᠢᠭᠡᠮ᠎ᠳᠤ ᠨᠦᠯᠦᠭᠡ ᠭᠠᠷᠭ᠋ᠠᠭᠰᠠᠨ ᠪᠤᠯ ᠰᠢᠭᠤᠳ ᠬᠠᠷᠢᠭᠤᠴᠠᠵᠤ ᠪᠠᠶ᠋ᠢᠭ᠎ᠠ ᠭᠤᠤᠯ ᠬᠠᠷᠢᠭᠤᠴᠠᠯᠭ᠋ᠠᠲᠠᠨ ᠪᠠ ᠪᠤᠰᠤᠳ ᠰᠢᠭᠤᠳ ᠬᠠᠷᠢᠭᠤᠴᠠᠯᠭ᠋ᠠᠲᠡᠨᠳᠤ ᠬᠠᠤᠯᠢ ᠶᠤᠰᠤᠭ᠋ᠠᠷ ᠶᠡᠭᠡ ᠣᠰᠣᠯ ᠲᠡᠮᠳᠡᠭᠯᠡᠬᠦ᠂ ᠲᠡᠰ ᠪᠠᠭᠤᠷᠠᠭᠤᠯᠬᠤ᠂ ᠲᠤᠰᠢᠶᠠᠯ᠎ᠠᠴᠠ᠎ᠨᠢ ᠤᠭᠴᠠᠷᠠᠭᠤᠯᠬᠤ ᠪᠤᠶᠤ ᠠᠵᠢᠯ᠎ᠠᠴᠠ᠎ᠨᠢ ᠬᠦᠭᠡᠭᠡᠬᠦ ᠰᠢᠢ᠍ᠳᠭᠡᠯ ᠦᠭᠭᠦᠨ᠎ᠡ᠃
ᠲᠦᠴᠢᠨ ᠨᠢᠭᠡᠳᠦᠭᠡᠷ ᠵᠦᠢ᠍ᠯ ᠢᠳᠡᠭᠡᠨ᠎ᠤ ᠵᠢᠵᠢᠭ ᠦᠢ᠍ᠯᠡᠳᠭᠡᠯ ᠪᠠ ᠢᠳᠡᠭᠡᠨ᠎ᠤ ᠲᠡᠯᠭᠡᠭᠦᠷᠴᠢᠨᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠴᠢ ᠠᠵᠢᠯᠲᠡᠨ ᠲᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠡᠯ᠂ ᠲᠡᠭᠦᠨ᠎ᠤ ᠲᠡᠭᠡᠲᠤ ᠱᠠᠲᠤᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠵᠠᠯᠠᠷᠠᠭᠤᠯᠬᠤ᠎ᠪᠠᠷ ᠵᠠᠷᠯᠢᠬᠳᠡᠨᠡ; ᠦᠢ᠍ᠯᠡ ᠪᠠᠶ᠋ᠢᠳᠠᠯ᠎ᠨᠢ ᠬᠦᠨᠲᠦ ᠨᠤᠴᠢᠲᠠᠢ ᠪᠤᠯ ᠰᠢᠭᠤᠳ ᠬᠠᠷᠢᠭᠤᠴᠠᠵᠤ ᠪᠠᠶ᠋ᠢᠭ᠎ᠠ ᠭᠤᠤᠯ ᠬᠠᠷᠢᠭᠤᠴᠠᠯᠭ᠋ᠠᠲᠠᠨ ᠪᠠ ᠪᠤᠰᠤᠳ ᠰᠢᠭᠤᠳ ᠬᠠᠷᠢᠭᠤᠴᠠᠯᠭ᠋ᠠᠲᠡᠨᠳᠤ ᠵᠠᠰᠠᠭ ᠵᠠᠬᠢᠷᠭ᠋ᠠᠨ᠎ᠤ ᠰᠢᠢ᠍ᠳᠭᠡᠯ ᠦᠭᠭᠦᠨ᠎ᠡ; ᠶᠠᠯᠠᠳᠤ ᠬᠦᠷᠦᠭᠰᠡᠨ ᠪᠤᠯ᠂ ᠬᠠᠤᠯᠢ ᠶᠤᠰᠤᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠢᠳᠡᠭᠡᠨ᠎ᠤ ᠵᠢᠵᠢᠭ ᠦᠢ᠍ᠯᠡᠳᠭᠡᠯᠢ ᠲᠠᠩᠰᠠᠯᠠᠬᠤ᠂ ᠬᠢᠨᠠᠨ ᠪᠠᠶ᠋ᠢᠴᠠᠭ᠋ᠠᠬᠤ ᠦᠶᠡᠰ ᠪᠤᠰᠤᠳ ᠬᠦᠮᠦᠨ᠎ᠤ ᠡᠳ᠋ ᠪᠤᠳᠠᠰ᠎ᠢ ᠠᠪᠤᠭᠰᠠᠨ ᠪᠤᠶᠤ ᠪᠤᠰᠤᠳ ᠬᠠᠤᠯᠢ ᠪᠤᠰᠤ ᠤᠯᠵᠠᠪᠤᠷᠢ ᠤᠯᠤᠭᠰᠠᠨ;
(ᠬᠤᠶᠠᠷ) ᠢᠳᠡᠭᠡᠨ᠎ᠤ ᠠᠮᠤᠷ ᠲᠦᠪᠰᠢᠨ᠎ᠤ ᠠᠳᠡᠯ᠎ᠢ ᠨᠢᠭᠤᠨ ᠲᠠᠯᠳᠠᠯᠠᠭᠰᠠᠨ᠂ ᠬᠤᠳᠠᠯ ᠵᠶ᠋ᠠᠷ ᠮᠡᠳᠡᠭᠦᠯᠦᠭᠰᠡᠨ᠂ ᠤᠷᠦ᠋ᠢ᠍ᠲᠠᠭᠤᠯᠵᠤ ᠮᠡᠳᠡᠭᠦᠯᠦᠭᠰᠡᠨ;
(ᠭᠤᠷᠪᠠ) ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠤᠰᠤᠯᠳᠠᠵᠤ᠂ ᠡᠷᠬᠡ ᠲᠤᠰᠢᠶᠠᠯ ᠵᠶ᠋ᠠᠨ ᠲᠤᠷ᠎ᠠ᠎ᠪᠠᠷ ᠬᠡᠷᠡᠭᠯᠡᠵᠤ᠂ ᠭᠤᠶᠠᠴᠢᠯᠠᠨ ᠬᠠᠤᠯᠢ ᠶᠤᠰᠤ ᠵᠢ ᠵᠦᠷᠢᠴᠡᠭᠰᠡᠨ᠃
ᠵᠢᠷᠭᠤᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
ᠲᠦᠴᠢᠨ ᠬᠤᠶᠠᠳᠤᠭ᠋ᠠᠷ ᠵᠦᠢ᠍ᠯ ᠲᠤᠰ ᠲᠦᠷᠢᠮ᠎ᠢ 2015 ᠤᠨ᠎ᠤ 10 ᠳ᠋ᠤᠭ᠋ᠠᠷ ᠰᠠᠷ᠎ᠠ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃