ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠳᠦᠷᠢᠮ
ᠨᠡᠶ᠋ᠢᠲᠡᠯᠡᠭᠰᠡᠨ ᠴᠠᠭ᠄ 2020-04-07

     2014 ᠣᠨ᠎ᠤ 9 ᠰᠠᠷ᠎ᠠ ᠵᠢᠨ 27᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠤᠶᠠᠳᠤᠭ᠋ᠠᠷ ᠤᠳᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠷᠪᠠᠨ ᠬᠤᠶᠠᠳᠤᠭ᠋ᠠᠷ ᠡᠭᠡᠯᠵᠢᠲᠦ ᠬᠤᠷᠠᠯ ᠵᠶ᠋ᠠᠷ ᠲᠤᠰ ᠳᠦᠷᠢᠮ᠎ᠢ 2014 ᠣᠨ᠎ᠤ 12 ᠳ᠋ᠤᠭ᠋ᠠᠷ ᠰᠠᠷ᠎ᠠ ᠵᠢᠨ 1᠎ᠠᠴᠠ ᠡᠬᠢᠯᠡᠨ ᠬᠡᠷᠡᠭᠵᠢᠭᠦᠯᠬᠦ᠎ᠪᠠᠷ ᠲᠣᠭᠲᠠᠪᠠ᠃ ᠡᠭᠦᠨ᠎ᠤ ᠳᠠᠭ᠋ᠠᠤ᠎ᠳᠤ 2002 ᠣᠨ᠎ᠤ 9 ᠰᠠᠷ᠎ᠠ ᠵᠢᠨ 27᠎ᠤ ᠡᠳᠦᠷ᠎ᠤᠨ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠶᠢᠰᠦᠳᠦᠭᠡᠷ ᠤᠳᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠭᠤᠴᠢᠨ ᠬᠤᠶᠠᠳᠤᠭ᠋ᠠᠷ ᠤᠳᠠᠭ᠋ᠠᠨ᠎ᠤ ᠡᠭᠡᠯᠵᠢᠲᠦ ᠬᠤᠷᠠᠯ ᠵᠶ᠋ᠠᠷ ᠪᠠᠲᠤᠯᠠᠭᠰᠠᠨ 《ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠠᠮᠢᠲᠠᠨ᠎ᠤ ᠬᠠᠯᠳᠠᠪᠤᠷᠢᠲᠤ ᠡᠪᠡᠳᠴᠢᠨ᠎ᠢ ᠤᠷᠢᠳᠴᠢᠯᠠᠨ ᠰᠡᠷᠭᠡᠶ᠋ᠢᠯᠡᠬᠦ ᠳᠦᠷᠢᠮ》 ᠬᠦᠴᠦᠨ ᠦᠭᠡᠢ ᠪᠣᠯᠬᠤ ᠪᠣᠯᠣᠨ᠎ᠠ᠃
      ᠭᠠᠷᠴᠠᠭ
      ᠨᠢᠭᠡᠳᠦᠭᠡᠷ ᠪᠦᠯᠦᠭ     ᠶᠡᠷᠦᠩᠬᠡᠢ ᠵᠠᠷᠴᠢᠮ
      ᠬᠤᠶᠠᠳᠤᠭ᠋ᠠᠷ ᠪᠦᠯᠦᠭ     ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ
      ᠭᠤᠷᠪᠠᠳᠤᠭ᠋ᠠᠷ ᠪᠦᠯᠦᠭ     ᠬᠦᠨᠳᠦ ᠨᠣᠴᠢᠲᠠᠢ᠎ᠤ ᠠᠮᠢᠲᠠᠨ᠎ᠤ ᠬᠢᠵᠢᠭ᠎ᠢ ᠰᠢᠢ᠍ᠳᠪᠦᠷᠢᠯᠡᠬᠦ
      ᠳᠥᠷᠪᠡᠳᠦᠭᠡᠷ ᠪᠦᠯᠦᠭ     ᠠᠮᠢᠲᠠᠨ ᠪᠤᠶᠤ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠬᠢᠵᠢᠭ᠎ᠢ ᠪᠠᠶ᠋ᠢᠴᠠᠭ᠋ᠠᠬᠤ
      ᠲᠠᠪᠤᠳᠤᠭ᠋ᠠᠷ ᠪᠦᠯᠦᠭ     ᠠᠮᠢᠲᠠᠨ᠎ᠤ ᠡᠮᠴᠢᠯᠡᠭᠡ
      ᠵᠢᠷᠭᠤᠳᠤᠭ᠋ᠠᠷ ᠪᠦᠯᠦᠭ     ᠠᠮᠢᠲᠠᠨ ᠪᠤᠶᠤ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠵᠥᠭᠡᠭᠡᠪᠦᠷᠢᠯᠡᠬᠦ᠎ᠳᠤ ᠲᠠᠯᠪᠢᠬᠤ ᠬᠢᠨᠠᠨ ᠰᠢᠯᠭ᠋ᠠᠯᠲᠠ
      ᠳᠣᠯᠣᠳᠤᠭ᠋ᠠᠷ ᠪᠦᠯᠦᠭ     ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ
      ᠨᠠᠢ᠍ᠮᠠᠳᠤᠭ᠋ᠠᠷ ᠪᠦᠯᠦᠭ     ᠠᠷᠭ᠎ᠠ ᠬᠡᠮᠵᠢᠶᠡᠨ᠎ᠤ ᠪᠠᠲᠤᠯᠭ᠋ᠠᠵᠢᠯᠲᠠ
      ᠶᠢᠰᠦᠳᠦᠭᠡᠷ ᠪᠦᠯᠦᠭ     ᠬᠠᠤᠯᠢ ᠵᠦᠢ ᠵᠢᠨ ᠬᠠᠷᠢᠭᠤᠴᠠᠯᠭ᠎ᠠ
      ᠠᠷᠪᠠᠳᠤᠭ᠋ᠠᠷ ᠪᠦᠯᠦᠭ     ᠨᠡᠮᠡᠯᠲᠡ ᠳᠦᠷᠢᠮ

      ᠨᠢᠭᠡᠳᠦᠭᠡᠷ ᠪᠦᠯᠦᠭ     ᠶᠡᠷᠦᠩᠬᠡᠢ ᠵᠠᠷᠴᠢᠮ

      ᠨᠢᠭᠡᠳᠦᠭᠡᠷ ᠵᠦᠢ᠍ᠯ     ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠬᠤ᠂ ᠰᠡᠷᠭᠡᠶ᠋ᠢᠯᠡᠬᠦ᠂ ᠬᠢᠵᠠᠭ᠋ᠠᠯᠠᠬᠤ ᠪᠣᠯᠣᠨ ᠤᠰᠠᠳᠬᠠᠬᠤ᠂ ᠲᠡᠵᠢᠭᠡᠪᠦᠷᠢ ᠵᠢᠨ ᠠᠵᠤ ᠠᠬᠤᠢ ᠵᠢᠨ ᠦᠢ᠍ᠯᠡᠰ᠎ᠢ ᠠᠬᠢᠭᠤᠯᠬᠤ᠂ ᠬᠥᠮᠥᠨ᠎ᠤ ᠪᠡᠶ᠎ᠡ ᠵᠢᠨ ᠡᠷᠡᠭᠦᠯ ᠮᠡᠨᠳᠦ ᠵᠢ ᠪᠠᠲᠤᠯᠠᠬᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠶᠤᠯ ᠦᠭᠡᠢ ᠵᠢ ᠪᠠᠲᠤᠯᠠᠬᠤ ᠵᠢᠨ ᠲᠥᠯᠥᠭᠡ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠶ᠋ᠢᠯᠡᠬᠦ ᠬᠠᠤᠯᠢ》᠂ 《ᠬᠦᠨᠳᠦ ᠨᠣᠴᠢᠲᠠᠢ ᠬᠢᠵᠢᠭ᠎ᠤᠨ ᠪᠠᠶ᠋ᠢᠳᠠᠯ᠎ᠢ ᠶᠠᠭ᠋ᠠᠷᠠᠯᠲᠠᠢ ᠠᠷᠭ᠋ᠠᠴᠠᠭ᠋ᠠᠬᠤ ᠳᠦᠷᠢᠮ》 ᠪᠣᠯᠣᠨ ᠤᠯᠤᠰ᠎ᠤᠨ ᠬᠤᠯᠪᠣᠭᠳᠠᠯ ᠪᠦᠬᠦᠢ ᠬᠠᠤᠯᠢ ᠵᠢᠷᠤᠮ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠪᠠᠶ᠋ᠢᠳᠠᠯ᠎ᠢ ᠦᠨᠳᠦᠰᠦᠯᠡᠵᠦ ᠲᠤᠰ ᠳᠦᠷᠢᠮ᠎ᠢ ᠲᠣᠭᠲᠠᠭ᠋ᠠᠪᠠ᠃
      ᠬᠤᠶᠠᠳᠤᠭ᠋ᠠᠷ ᠵᠦᠢ᠍ᠯ     ᠥᠪᠡᠷᠳᠡᠭᠡᠨ ᠵᠠᠰᠠᠬᠤ ᠤᠷᠤᠨ᠎ᠤ ᠵᠠᠬᠢᠷᠭ᠋ᠠᠨ᠎ᠳᠤ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠪᠤᠶᠤ ᠬᠢᠨᠠᠨ ᠬᠠᠮᠢᠶᠠᠷᠬᠤ ᠠᠵᠢᠯᠯᠠᠭ᠎ᠠ᠎ᠳᠤ ᠲᠤᠰ ᠳᠦᠷᠢᠮ᠎ᠢ ᠮᠥᠷᠳᠡᠨ᠎ᠡ᠃
      ᠭᠤᠷᠪᠠᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ᠎ᠢ ᠨᠢᠭᠡᠳᠦᠭᠰᠡᠨ ᠤᠳᠤᠷᠢᠳᠤᠯᠭ᠎ᠠ᠎ᠪᠠᠷ ᠪᠠᠬᠢᠵᠢᠭᠦᠯᠵᠦ᠂ ᠡᠳ᠋᠎ᠤᠨ ᠵᠠᠰᠠᠭ᠂ ᠨᠡᠶ᠋ᠢᠭᠡᠮ᠎ᠤᠨ ᠬᠥᠭᠵᠢᠯ᠎ᠤᠨ ᠲᠥᠯᠥᠪᠯᠡᠭᠡ᠎ᠳᠤ ᠨᠢᠭᠡᠳᠬᠡᠵᠦ᠂ ᠦᠨᠳᠦᠰᠦᠨ ᠱᠠᠲᠤᠨ᠎ᠤ ᠤᠷᠢᠳᠴᠢᠯᠠᠨ ᠰᠡᠷᠭᠡᠶ᠋ᠢᠯᠡᠬᠦ ᠪᠠᠭ ᠪᠣᠯᠣᠨ ᠳᠡᠳ᠋ ᠪᠦᠲᠦᠴᠡ ᠵᠢᠨ ᠪᠠᠷᠢᠯᠭ᠎ᠠ ᠪᠠᠶ᠋ᠢᠭᠤᠯᠤᠮᠵᠢ ᠵᠢ ᠪᠠᠬᠢᠵᠢᠭᠦᠯᠵᠦ᠂ ᠬᠦᠨᠳᠦ ᠨᠣᠴᠢᠲᠠᠢ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠲᠣᠭᠲᠠᠯᠴᠠᠭ᠎ᠠ ᠵᠢ ᠪᠤᠢ ᠪᠣᠯᠭ᠋ᠠᠵᠤ᠂ ᠬᠢᠵᠢᠭ ᠲᠠᠬᠤᠯ᠎ᠤᠨ ᠡᠰᠡᠷᠭᠦ ᠰᠡᠷᠭᠡᠶ᠋ᠢᠯᠡᠯᠲᠡ ᠵᠢᠨ ᠠᠵᠢᠯ᠎ᠢ ᠲᠥᠯᠥᠪᠯᠡᠭᠡ᠎ᠲᠠᠢ᠂ ᠵᠣᠬᠢᠶᠠᠨ ᠪᠠᠶ᠋ᠢᠭᠤᠯᠤᠯᠲᠠ᠎ᠲᠠᠢ ᠬᠢᠬᠦ ᠬᠡᠷᠡᠭᠲᠡᠢ᠃ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠣᠯᠠᠨ ᠲᠦᠮᠡᠨ᠎ᠢ ᠵᠣᠬᠢᠶᠠᠨ ᠪᠠᠶ᠋ᠢᠭᠤᠯᠵᠤ᠂ ᠬᠢᠵᠢᠭ ᠲᠠᠬᠤᠯ᠎ᠤᠨ ᠡᠰᠡᠷᠭᠦ ᠦᠢ᠍ᠯᠡ ᠠᠵᠢᠯᠯᠠᠭ᠎ᠠ᠎ᠳᠤ ᠲᠤᠰᠠᠯᠠᠯᠴᠠᠭ᠎ᠠ ᠦᠵᠡᠭᠦᠯᠵᠦ᠂ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠪᠡᠯ ᠵᠣᠬᠢᠨ᠎ᠠ᠃ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠣᠷᠣᠰᠢᠨ ᠰᠠᠭᠤᠭᠴᠢᠳ᠎ᠤᠨ ᠵᠥᠪᠯᠡᠯ᠎ᠠᠴᠠ ᠠᠷᠠᠳ ᠢᠷᠭᠡᠳ ᠪᠣᠯᠣᠨ ᠰᠠᠭᠤᠭ᠋ᠠᠯᠴᠢᠳ᠎ᠤᠨ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ᠎ᠢ ᠬᠠᠤᠯᠢ ᠲᠣᠭᠲᠠᠭ᠋ᠠᠮᠵᠢ ᠵᠢᠨ ᠳᠠᠭ᠋ᠠᠤ ᠤᠳᠤᠷᠢᠳᠴᠤ ᠬᠢᠬᠦ ᠡᠭᠦᠷᠭᠡ ᠬᠠᠷᠢᠭᠤᠴᠠᠯᠭ᠎ᠠ᠎ᠲᠠᠢ᠃
      ᠳᠥᠷᠪᠡᠳᠦᠭᠡᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠂ ᠮᠠᠯ ᠡᠮᠴᠢᠯᠡᠭᠡᠨ᠎ᠤ ᠠᠵᠢᠯ ᠡᠷᠬᠢᠯᠡᠭᠰᠡᠨ ᠠᠯᠪᠠᠨ᠎ᠤ᠎ᠬᠢᠨ ᠥᠪᠡᠷ᠎ᠤᠨ ᠬᠠᠷᠢᠶᠠᠲᠤ ᠭᠠᠵᠠᠷ᠎ᠲᠠᠬᠢ ᠬᠢᠵᠢᠭ ᠲᠠᠬᠤᠯ᠎ᠤᠨ ᠡᠰᠡᠷᠭᠦ ᠦᠢ᠍ᠯᠡ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠪᠣᠯᠣᠨ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠂ ᠬᠥᠭᠵᠢᠯ ᠰᠢᠨᠡᠴᠢᠯᠡᠭᠡᠨ᠎ᠤ᠎ᠬᠢᠨ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠲᠡᠭᠡᠭᠡᠪᠦᠷᠢ᠂ ᠡᠷᠡᠭᠦᠯ ᠬᠠᠮᠠᠭ᠋ᠠᠯᠠᠯ᠂ ᠪᠠᠶ᠋ᠢᠭ᠋ᠠᠯᠢ ᠣᠷᠴᠢᠨ᠎ᠤ᠎ᠬᠢᠨ᠂ ᠣᠢ ᠰᠢᠭᠤᠢ᠂ ᠬᠦᠨᠡᠰᠦ ᠪᠠ ᠡᠮ᠎ᠤᠨ ᠬᠢᠨᠠᠨ ᠬᠠᠮᠢᠶᠠᠷᠬᠤ ᠠᠯᠪᠠᠨ᠂ ᠦᠢ᠍ᠯᠡᠳᠪᠦᠷᠢ ᠬᠤᠳᠠᠯᠳᠤᠭ᠎ᠠ᠂ ᠴᠢᠨᠠᠷ ᠲᠧᠭᠨᠢᠭ᠎ᠤᠨ ᠬᠢᠨᠠᠯᠲᠠ ᠵᠢᠨ᠎ᠬᠢᠨ ᠪᠦᠭᠦᠳᠡ ᠥᠪᠡᠷ᠎ᠤᠨ ᠡᠭᠦᠷᠭᠡ ᠬᠠᠷᠢᠭᠤᠴᠠᠯᠭ᠎ᠠ ᠵᠢᠨ ᠳᠠᠭ᠋ᠠᠤ ᠬᠢᠵᠢᠭ ᠲᠠᠬᠤᠯ᠎ᠤᠨ ᠡᠰᠡᠷᠭᠦ ᠬᠤᠯᠪᠣᠭ᠋ᠠᠲᠠᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      ᠲᠠᠪᠤᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠪᠠᠶ᠋ᠢᠭᠤᠯᠤᠭᠰᠠᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠪᠠᠶ᠋ᠢᠭᠤᠯᠤᠯᠭ᠎ᠠ᠎ᠠᠴᠠ ᠠᠮᠢᠲᠠᠨ ᠪᠣᠯᠣᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠬᠢᠵᠢᠭ᠎ᠢ ᠰᠡᠷᠭᠡᠶ᠋ᠢᠯᠡᠬᠦ ᠠᠵᠢᠯᠯᠠᠭ᠎ᠠ ᠵᠢᠴᠢ ᠲᠤᠰ ᠠᠵᠢᠯ᠎ᠳᠤ ᠬᠤᠯᠪᠣᠭᠳᠠᠭᠰᠠᠨ ᠬᠠᠤᠯᠢ ᠲᠣᠭᠲᠠᠭ᠋ᠠᠮᠵᠢ ᠵᠢᠨ ᠠᠵᠢᠯ᠎ᠢ ᠬᠠᠷᠢᠭᠤᠴᠠᠬᠤ ᠬᠡᠷᠡᠭᠲᠡᠢ᠃ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠪᠠᠶ᠋ᠢᠭᠤᠯᠤᠭᠰᠠᠨ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠪᠠᠶ᠋ᠢᠭᠤᠯᠭ᠎ᠠ᠎ᠠᠴᠠ ᠠᠮᠢᠲᠠᠨ᠎ᠤ ᠬᠢᠵᠢᠭ᠎ᠢ ᠬᠢᠨᠠᠨ ᠪᠠᠶ᠋ᠢᠴᠠᠭ᠋ᠠᠬᠤ᠂ ᠣᠨᠣᠰᠢᠯᠠᠬᠤ᠂ ᠬᠠᠯᠳᠠᠪᠤᠷᠢᠲᠤ ᠡᠪᠡᠳᠴᠢᠨ᠎ᠤ ᠲᠤᠬᠠᠢ ᠪᠠᠶ᠋ᠢᠴᠠᠭ᠋ᠠᠯᠲᠠ᠂ ᠬᠢᠵᠢᠭ᠎ᠤᠨ ᠲᠤᠬᠠᠢ ᠲᠠᠶ᠋ᠢᠯᠤᠨ ᠬᠢᠭᠡᠳ ᠪᠤᠰᠤᠳ ᠤᠷᠢᠳᠴᠢᠯᠠᠨ ᠰᠡᠷᠭᠡᠶ᠋ᠢᠯᠡᠬᠦ ᠠᠵᠢᠯ᠂ ᠲᠡᠭᠦᠨ᠎ᠲᠠᠢ ᠬᠤᠯᠪᠣᠭ᠎ᠠ᠎ᠲᠠᠢ ᠪᠣᠯᠪᠠᠰᠤᠷᠠᠯ᠎ᠤᠨ ᠠᠩᠭᠢ ᠪᠣᠯᠣᠨ ᠲᠧᠭᠨᠢᠭ ᠮᠡᠷᠭᠡᠵᠢᠯ᠎ᠤᠨ ᠠᠵᠢᠯ᠎ᠢ ᠬᠠᠷᠢᠭᠤᠴᠠᠬᠤ ᠬᠡᠷᠡᠭᠲᠡᠢ᠃
      ᠵᠢᠷᠭᠤᠳᠤᠭ᠋ᠠᠷ ᠵᠦᠢ᠍ᠯ     ᠰᠤᠮᠤ ᠪᠠᠯᠭ᠋ᠠᠰᠤᠨ᠎ᠤ ᠮᠠᠯ ᠡᠮᠴᠢᠯᠡᠭᠡᠨ᠎ᠤ ᠭᠠᠵᠠᠷ (ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠰᠠᠯᠪᠤᠷᠢ) ᠪᠣᠯ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠮᠠᠯ ᠡᠮᠴᠢᠯᠡᠭᠡᠨ᠎ᠤ ᠬᠠᠮᠢᠶᠠᠷᠤᠯᠲᠠ ᠵᠢᠨ ᠭᠠᠵᠠᠷ᠎ᠠᠴᠠ ᠲᠣᠮᠢᠯᠠᠭᠰᠠᠨ ᠪᠠᠶ᠋ᠢᠭᠤᠯᠤᠮᠵᠢ ᠪᠣᠯᠣᠨ᠎ᠠ᠃ ᠥᠪᠡᠷ᠎ᠤᠨ ᠬᠠᠷᠢᠶᠠᠯᠠᠯ᠎ᠳᠠᠬᠢ ᠠᠮᠢᠲᠠᠨ᠎ᠤ ᠬᠢᠵᠢᠭ ᠪᠣᠯᠣᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠠᠵᠢᠯ᠎ᠢ ᠳᠠᠭ᠋ᠠᠭ᠋ᠠᠴᠢᠯᠠᠨ ᠬᠢᠵᠦ ᠬᠢᠨᠠᠯᠲᠠ ᠲᠠᠯᠪᠢᠬᠤ ᠡᠭᠦᠷᠭᠡ᠎ᠲᠠᠢ᠃
      ᠳᠣᠯᠣᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ᠎ᠳᠤ ᠱᠠᠭ᠋ᠠᠷᠳᠠᠭᠳᠠᠬᠤ ᠱᠠᠭ᠋ᠠᠷᠳᠠᠯᠭ᠎ᠠ ᠵᠢᠨ ᠳᠠᠭ᠋ᠠᠤ ᠭᠠᠴᠠᠭ᠎ᠠ ᠲᠣᠰᠬᠤᠨ᠎ᠳᠤ ᠠᠮᠢᠲᠠᠨ᠎ᠤ ᠬᠢᠵᠢᠭ᠎ᠠᠴᠠ ᠰᠡᠷᠭᠡᠶ᠋ᠢᠯᠡᠬᠦ ᠠᠵᠢᠯ᠎ᠤᠨ ᠥᠷᠥᠭᠡ ᠵᠢ ᠪᠠᠶ᠋ᠢᠭᠤᠯᠵᠤ᠂ ᠠᠵᠢᠯᠲᠠᠨ ᠲᠣᠬᠢᠷᠠᠭᠤᠯᠵᠤ᠂ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠢ᠃
      ᠨᠠᠢ᠍ᠮᠠᠳᠤᠭ᠋ᠠᠷ ᠵᠦᠢ᠍ᠯ     ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠬᠤᠯᠪᠣᠭ᠎ᠠ ᠪᠦᠬᠦᠢ ᠰᠠᠯᠠᠭ᠎ᠠ ᠮᠥᠴᠢᠷ᠂ ᠰᠣᠨᠢᠨ ᠮᠡᠳᠡᠭᠡᠨ᠎ᠤ᠎ᠬᠢᠨ ᠠᠮᠢᠲᠠᠨ᠎ᠤ ᠬᠢᠵᠢᠭ ᠲᠠᠬᠤᠯ᠎ᠠᠴᠠ ᠰᠡᠷᠭᠡᠶ᠋ᠢᠯᠡᠬᠦ ᠬᠠᠤᠯᠢ ᠲᠣᠭᠲᠠᠭ᠋ᠠᠮᠵᠢ ᠬᠢᠭᠡᠳ ᠠᠮᠢᠲᠠᠨ᠎ᠤ ᠬᠢᠵᠢᠭ᠎ᠤᠨ ᠬᠠᠮᠢᠶᠠᠲᠠᠢ ᠮᠡᠳᠡᠯᠭᠡ᠂ ᠤᠬᠠᠭᠤᠯᠭ᠎ᠠ ᠵᠢ ᠰᠠᠶ᠋ᠢᠲᠤᠷ ᠬᠢᠵᠦ ᠠᠷᠠᠳ ᠢᠷᠭᠡᠳ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠮᠡᠳᠡᠯᠭᠡ ᠪᠣᠯᠣᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃

      ᠬᠤᠶᠠᠳᠤᠭ᠋ᠠᠷ ᠪᠦᠯᠦᠭ     ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ

      ᠶᠢᠰᠦᠳᠦᠭᠡᠷ ᠵᠦᠢ᠍ᠯ     ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠮᠠᠯ ᠡᠮᠨᠡᠯᠭᠡ ᠵᠢᠨ ᠭᠤᠣᠯ ᠪᠣᠯᠬᠤ ᠰᠠᠯᠠᠭ᠎ᠠ ᠮᠥᠴᠢᠷ᠎ᠠᠴᠠ ᠤᠯᠤᠰ᠎ᠤᠨ ᠠᠮᠢᠲᠠᠨ᠎ᠤ ᠲᠠᠷᠬᠠᠯᠠᠭ᠎ᠠ᠎ᠠᠴᠠ ᠰᠡᠷᠭᠡᠶ᠋ᠢᠯᠡᠬᠦ ᠬᠥᠲᠥᠯᠪᠦᠷᠢ ᠵᠢᠨ ᠳᠠᠭ᠋ᠠᠤ ᠥᠪᠡᠷᠳᠡᠭᠡᠨ ᠵᠠᠰᠠᠬᠤ ᠤᠷᠤᠨ᠎ᠤ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ ᠥᠪᠡᠷᠳᠡᠭᠡᠨ ᠵᠠᠰᠠᠬᠤ ᠤᠷᠤᠨ᠎ᠤ ᠬᠠᠷᠢᠶ᠎ᠠ᠎ᠳᠤ ᠪᠠᠭᠲᠠᠬᠤ ᠠᠮᠢᠲᠠᠨ᠎ᠤ ᠬᠢᠵᠢᠭ ᠲᠠᠬᠤᠯ᠎ᠤᠨ ᠲᠠᠷᠬᠠᠯᠲᠠ ᠵᠢᠨ ᠪᠠᠶ᠋ᠢᠳᠠᠯ᠂ ᠬᠦᠴᠦᠲᠡᠢ ᠠᠷᠭ᠎ᠠ ᠬᠡᠮᠵᠢᠶ᠎ᠡ ᠠᠪᠬᠤ ᠵᠣᠬᠢᠰᠲᠠᠢ ᠠᠮᠢᠲᠠᠨ᠎ᠤ ᠬᠢᠵᠢᠭ ᠲᠠᠬᠤᠯ᠎ᠤᠨ ᠲᠥᠷᠥᠯ ᠵᠦᠢ᠍ᠯ᠂ ᠭᠠᠵᠠᠷ ᠣᠷᠣᠨ᠎ᠢ ᠡᠷᠬᠡᠪᠰᠢ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ ᠬᠤᠶ᠋ᠢᠨ᠎ᠠ ᠭᠦᠢ᠍ᠴᠡᠳᠬᠡᠬᠦ ᠵᠢᠨ ᠳᠠᠭ᠋ᠠᠤ ᠤᠯᠤᠰ᠎ᠤᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠭᠠᠵᠠᠷ᠎ᠲᠤ ᠪᠦᠷᠢᠳᠬᠡᠭᠦᠯᠬᠦ ᠬᠡᠷᠡᠭᠲᠡᠢ᠃
      ᠠᠷᠪᠠᠳᠤᠭ᠋ᠠᠷ ᠵᠦᠢ᠍ᠯ     ᠠᠶ᠋ᠢᠮᠠᠭ᠎ᠤᠨ ᠵᠠᠰᠠᠭ ᠵᠠᠬᠢᠷᠭ᠎ᠠ᠂ ᠬᠤᠲᠠ ᠪᠣᠯᠣᠨ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠭᠠᠵᠠᠷ᠎ᠠᠴᠠ ᠠᠮᠢᠲᠠᠨ᠎ᠤ ᠲᠠᠷᠬᠠᠯᠠᠭ᠎ᠠ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ᠎ᠤᠨ ᠲᠥᠯᠥᠪᠯᠡᠭᠡ ᠵᠢ ᠵᠣᠬᠢᠶᠠᠨ ᠪᠠᠶ᠋ᠢᠭᠤᠯᠵᠤ ᠪᠡᠶᠡᠯᠡᠭᠦᠯᠬᠦ ᠬᠡᠷᠡᠭᠲᠡᠢ᠃ ᠰᠤᠮᠤ᠂ ᠰᠢᠶᠠᠩ᠂ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠥᠪᠡᠷ᠎ᠤᠨ ᠬᠠᠷᠢᠶ᠎ᠠ ᠭᠠᠵᠠᠷ᠎ᠲᠤ ᠪᠠᠶ᠋ᠢᠭ᠎ᠠ ᠠᠮᠢᠲᠠᠨ ᠲᠡᠵᠢᠭᠡᠭᠴᠢ ᠪᠠᠶ᠋ᠢᠭᠤᠯᠭ᠎ᠠ ᠨᠢᠭᠡᠴᠢ᠂ ᠬᠤᠪᠢ ᠬᠥᠮᠥᠨ᠎ᠤ ᠠᠮᠢᠲᠠᠨ᠎ᠤ ᠲᠠᠷᠬᠠᠯᠠᠭ᠎ᠠ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠠᠮᠢᠲᠠᠨ ᠲᠡᠵᠢᠭᠡᠬᠦ ᠪᠤᠶᠤ ᠡᠵᠡᠩᠨᠡᠯᠲᠡ ᠵᠢᠨ ᠴᠢᠨᠠᠷᠲᠠᠢ ᠠᠮᠢᠲᠠᠨ ᠲᠡᠵᠢᠭᠡᠭᠴᠢ ᠪᠠᠶ᠋ᠢᠭᠤᠯᠭ᠎ᠠ ᠨᠢᠭᠡᠴᠢ᠂ ᠬᠤᠪᠢ ᠬᠥᠮᠥᠨ ᠬᠠᠤᠯᠢ ᠶᠣᠰᠣ᠎ᠪᠠᠷ ᠠᠮᠢᠲᠠᠨ᠎ᠤ ᠬᠢᠵᠢᠭ ᠲᠠᠷᠬᠠᠯᠠᠭ᠎ᠠ᠎ᠠᠴᠠ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠡᠭᠦᠷᠭᠡ ᠬᠠᠷᠢᠭᠤᠴᠠᠯᠭ᠎ᠠ ᠬᠦᠯᠢᠶᠡᠨ᠎ᠡ᠃
      ᠠᠷᠪᠠᠨ ᠨᠢᠭᠡᠳᠦᠭᠡᠷ ᠵᠦᠢ᠍ᠯ     ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠮᠠᠯ ᠡᠮᠨᠡᠯᠭᠡ ᠵᠢᠨ ᠭᠤᠣᠯ ᠪᠣᠯᠬᠤ ᠡᠷᠬᠡ ᠪᠦᠬᠦᠢ ᠪᠠᠶ᠋ᠢᠭᠤᠯᠭ᠎ᠠ᠎ᠨᠢ ᠬᠠᠷᠢᠶᠠᠲᠤ ᠨᠤᠲᠤᠭ᠎ᠤᠨ ᠵᠶ᠋ᠠᠨ ᠠᠮᠢᠲᠠᠨ᠎ᠤ ᠡᠪᠡᠳᠴᠢᠨ᠎ᠤ ᠲᠠᠩᠳᠠᠯᠲᠠ᠂ ᠲᠠᠷᠬᠠᠯᠠᠭ᠎ᠠ ᠰᠤᠳᠤᠯᠤᠯ᠎ᠤᠨ ᠲᠥᠯᠥᠪᠯᠡᠭᠡ ᠵᠢ ᠪᠣᠯᠪᠠᠰᠤᠷᠠᠭᠤᠯᠤᠨ᠎ᠠ᠃ ᠠᠶ᠋ᠢᠮᠠᠭ᠎ᠤᠨ ᠵᠠᠰᠠᠭ ᠵᠠᠬᠢᠷᠭ᠎ᠠ᠂ ᠬᠤᠲᠠ ᠪᠣᠯᠣᠨ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠭᠠᠵᠠᠷ᠎ᠠᠴᠠ ᠪᠦᠰᠡ ᠨᠤᠲᠤᠭ᠎ᠤᠨ ᠵᠶ᠋ᠠᠨ ᠠᠮᠢᠲᠠᠨ᠎ᠤ ᠡᠪᠡᠳᠴᠢᠨ᠎ᠤ ᠲᠠᠩᠳᠠᠯᠲᠠ᠂ ᠲᠠᠷᠬᠠᠯᠠᠭ᠎ᠠ ᠰᠤᠳᠤᠯᠤᠯ᠎ᠤᠨ ᠲᠥᠯᠥᠪᠯᠡᠭᠡ ᠵᠢ ᠪᠣᠯᠪᠠᠰᠤᠷᠠᠭᠤᠯᠤᠨ᠎ᠠ᠃ ᠬᠤᠰᠢᠭᠤ ᠱᠠᠲᠤᠨ᠎ᠠᠴᠠ ᠳᠡᠭᠡᠭᠰᠢᠬᠢ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠯᠪᠠᠨ᠎ᠤ᠎ᠬᠢᠨ ᠲᠥᠯᠥᠪᠯᠡᠭᠡᠨ᠎ᠤ ᠳᠠᠭ᠋ᠠᠤ ᠬᠢᠵᠢᠭ᠎ᠤᠨ ᠢᠯᠡᠷᠡᠯ᠂ ᠲᠠᠷᠬᠠᠯᠲᠠ᠂ ᠲᠠᠷᠬᠠᠯᠠᠭ᠎ᠠ ᠵᠢᠨ ᠨᠥᠯᠥᠭᠡ ᠵᠡᠷᠭᠡ ᠪᠠᠶ᠋ᠢᠳᠠᠯ᠎ᠢ ᠬᠢᠨᠠᠨ ᠰᠢᠯᠭ᠋ᠠᠵᠤ᠂ ᠡᠭᠦᠨ᠎ᠤ ᠳᠠᠭ᠋ᠠᠤ ᠬᠢᠭᠰᠡᠨ ᠮᠡᠳᠡᠭᠡᠯᠡᠯ᠎ᠢ ᠳᠡᠭᠡᠭᠰᠢ ᠮᠡᠳᠡᠭᠦᠯᠬᠦ ᠵᠢᠨ ᠬᠠᠮᠲᠤ ᠠᠳᠠᠯᠢ ᠳᠡᠰ᠎ᠤᠨ ᠮᠠᠯ ᠡᠮᠨᠡᠯᠭᠡ ᠵᠢᠨ ᠠᠯᠪᠠᠨ᠎ᠳᠤ ᠮᠡᠳᠡᠭᠳᠡᠬᠦ ᠬᠡᠷᠡᠭᠲᠡᠢ᠃
      ᠠᠷᠪᠠᠨ ᠬᠤᠶᠠᠳᠤᠭ᠋ᠠᠷ ᠵᠦᠢ᠍ᠯ     ᠬᠤᠰᠢᠭᠤ ᠱᠠᠲᠤᠨ᠎ᠤ ᠪᠣᠯᠣᠨ ᠲᠡᠭᠦᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠤᠯᠪᠣᠭᠳᠠᠯ ᠪᠦᠬᠦᠢ ᠪᠠᠶ᠋ᠢᠭᠤᠯᠭ᠎ᠠ ᠨᠢᠭᠡᠴᠢ ᠵᠢ ᠵᠣᠬᠢᠶᠠᠨ ᠪᠠᠶ᠋ᠢᠭᠤᠯᠵᠤ᠂ ᠬᠥᠮᠥᠨ ᠠᠮᠢᠲᠠᠨ᠎ᠳᠤ ᠨᠡᠶ᠋ᠢᠲᠡ᠎ᠪᠠᠷ ᠬᠠᠯᠳᠠᠪᠤᠷᠢᠯᠠᠬᠤ ᠬᠢᠵᠢᠭ ᠲᠠᠬᠤᠯ᠎ᠢ ᠤᠷᠢᠳᠴᠢᠯᠠᠨ ᠰᠡᠷᠭᠡᠶ᠋ᠢᠯᠡᠬᠦ ᠪᠠᠶ᠋ᠢᠭᠤᠯᠤᠮᠵᠢ ᠵᠢ ᠪᠤᠢ ᠪᠣᠯᠭ᠋ᠠᠵᠤ᠂ ᠤᠷᠢᠳᠴᠢᠯᠠᠨ ᠰᠡᠷᠭᠡᠶ᠋ᠢᠯᠡᠬᠦ ᠲᠥᠯᠥᠪᠯᠡᠭᠡ ᠵᠢ ᠪᠣᠯᠪᠠᠰᠤᠷᠠᠭᠤᠯᠬᠤ ᠵᠢᠨ ᠳᠠᠭ᠋ᠠᠤ ᠰᠡᠵᠢᠭ᠎ᠲᠠᠢ ᠠᠮᠢᠲᠠᠨ ᠪᠤᠶᠤ ᠬᠥᠮᠥᠨ᠎ᠳᠤ ᠪᠠᠶ᠋ᠢᠴᠠᠭ᠋ᠠᠯᠲᠠ ᠬᠢᠵᠦ ᠬᠤᠯᠪᠣᠭᠳᠠᠬᠤ ᠮᠡᠳᠡᠭᠡᠯᠡᠯ᠎ᠢ ᠴᠠᠭ ᠲᠤᠬᠠᠢ᠎ᠳᠤ᠎ᠨᠢ ᠨᠡᠶ᠋ᠢᠲᠡᠯᠡᠵᠦ᠂ ᠥᠪᠡᠷ᠎ᠤᠨ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ᠎ᠪᠠᠨ ᠪᠡᠶᠡᠯᠡᠭᠦᠯᠵᠦ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠭᠦᠢ᠍ᠴᠡᠳ ᠰᠠᠶ᠋ᠢᠨ ᠬᠢᠬᠦ ᠬᠡᠷᠡᠭᠲᠡᠢ᠃
      ᠠᠷᠪᠠᠨ ᠭᠤᠷᠪᠠᠳᠤᠭ᠋ᠠᠷ ᠵᠦᠢ᠍ᠯ     ᠮᠠᠯ ᠲᠡᠵᠢᠭᠡᠪᠦᠷᠢ ᠵᠢᠨ ᠠᠵᠤ ᠠᠬᠤᠢ (ᠹᠧᠷᠮ᠎ᠤᠨ ᠲᠠᠯᠠᠪᠤᠷ)᠂ ᠮᠠᠯ ᠲᠡᠵᠢᠭᠡᠪᠦᠷᠢ ᠵᠢᠨ ᠬᠠᠪᠰᠤᠷᠤᠨ ᠬᠤᠷᠰᠢᠶᠠᠯᠠᠯ ᠵᠡᠷᠭᠡ ᠮᠠᠯ ᠲᠡᠵᠢᠭᠡᠪᠦᠷᠢ ᠵᠢᠨ ᠪᠠᠶ᠋ᠢᠭᠤᠯᠭ᠎ᠠ ᠨᠢᠭᠡᠴᠢ ᠡᠷᠬᠡᠪᠰᠢ ᠲᠣᠬᠢᠷᠠᠮᠵᠢᠲᠠᠢ ᠪᠡᠯᠡᠳᠬᠡᠯ ᠲᠦᠬᠦᠭᠡᠷᠦᠮᠵᠢ ᠪᠣᠯᠣᠨ ᠮᠠᠯ ᠡᠮᠨᠡᠯᠭᠡ ᠵᠢᠨ ᠲᠤᠰᠬᠠᠢ ᠮᠡᠷᠭᠡᠵᠢᠯᠲᠡᠨ ᠲᠣᠬᠢᠷᠠᠭᠤᠯᠬᠤ ᠬᠡᠷᠡᠭᠲᠡᠢ᠃ ᠤᠯᠤᠰ᠎ᠤᠨ ᠪᠣᠯᠣᠨ ᠲᠤᠰ ᠳᠦᠷᠢᠮ᠎ᠤᠨ ᠳᠠᠭ᠋ᠠᠤ ᠠᠮᠢᠲᠠᠨ᠎ᠤ ᠬᠢᠵᠢᠭ ᠲᠠᠬᠤᠯ᠎ᠢ ᠤᠷᠢᠳᠴᠢᠯᠠᠨ ᠰᠡᠷᠭᠡᠶ᠋ᠢᠯᠡᠬᠦ᠂ ᠠᠷᠢᠭᠤᠳᠬᠠᠬᠤ᠂ ᠲᠤᠰᠠᠭ᠋ᠠᠷᠯᠠᠬᠤ᠂ ᠬᠢᠵᠢᠭ᠎ᠤᠨ ᠪᠠᠶ᠋ᠢᠴᠠᠭ᠋ᠠᠯᠲᠠ ᠬᠢᠬᠦ᠂ ᠲᠠᠶ᠋ᠢᠯᠤᠩᠨᠠᠬᠤ᠂ ᠤᠷᠢᠳᠴᠢᠯᠠᠨ ᠰᠡᠷᠭᠡᠶ᠋ᠢᠯᠡᠬᠦ ᠠᠵᠢᠯ᠎ᠤᠨ ᠲᠡᠮᠳᠡᠭᠯᠡᠯ ᠵᠡᠷᠭᠡ ᠠᠵᠢᠯ᠎ᠢ ᠰᠠᠶ᠋ᠢᠨ ᠬᠢᠬᠦ ᠬᠡᠷᠡᠭᠲᠡᠢ᠃
      ᠠᠷᠪᠠᠨ ᠳᠥᠷᠪᠡᠳᠦᠭᠡᠷ ᠵᠦᠢ᠍ᠯ     ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠮᠠᠯ ᠡᠮᠨᠡᠯᠭᠡ ᠵᠢᠨ ᠭᠤᠣᠯᠳᠠᠯᠭ᠎ᠠ᠎ᠲᠠᠢ ᠪᠠᠶ᠋ᠢᠭᠤᠯᠭ᠎ᠠ ᠨᠢᠭᠡᠴᠢ ᠲᠣᠬᠢᠷᠠᠮᠵᠢᠲᠠᠢ ᠪᠠᠶ᠋ᠢᠷᠢᠯᠠᠭᠤᠯᠤᠯ ᠬᠢᠵᠦ᠂ ᠬᠢᠵᠢᠭ ᠲᠠᠬᠤᠯ᠎ᠠᠴᠠ ᠤᠷᠢᠳᠴᠢᠯᠠᠭᠰᠠᠨ ᠰᠡᠷᠭᠡᠶ᠋ᠢᠯᠡᠯᠲᠡ ᠬᠢᠬᠦ᠎ᠳᠤ ᠳᠥᠭᠦᠮ ᠪᠠᠶ᠋ᠢᠯᠭ᠋ᠠᠬᠤ ᠵᠠᠷᠴᠢᠮ᠎ᠤᠨ ᠳᠠᠭ᠋ᠠᠤ ᠭᠠᠯᠵᠠᠭᠤ ᠡᠪᠡᠳᠴᠢᠨ᠎ᠤ ᠲᠠᠷᠬᠠᠯᠠᠵᠢᠭᠤᠯᠤᠯᠲᠠ᠎ᠠᠴᠠ ᠤᠷᠢᠳᠴᠢᠯᠠᠨ ᠰᠡᠷᠭᠡᠶ᠋ᠢᠯᠡᠬᠦ ᠴᠡᠭ᠎ᠢ ᠪᠠᠶ᠋ᠢᠭᠤᠯᠪᠠᠯ ᠵᠣᠬᠢᠨ᠎ᠠ᠃ ᠨᠣᠬᠠᠢ ᠵᠢᠨ ᠲᠥᠷᠥᠯ᠎ᠤᠨ ᠠᠮᠢᠲᠠᠨ ᠲᠡᠵᠢᠭᠡᠭᠴᠢ ᠥᠪᠡᠷ᠎ᠤᠨ ᠲᠡᠵᠢᠭᠡᠵᠦ ᠪᠠᠶ᠋ᠢᠭ᠎ᠠ ᠠᠮᠢᠲᠠᠨ᠎ᠳᠠᠭᠠᠨ ᠬᠢᠵᠢᠭ᠎ᠤᠨ ᠤᠷᠢᠳᠴᠢᠯᠠᠨ ᠰᠡᠷᠭᠡᠶ᠋ᠢᠯᠡᠬᠦ ᠲᠠᠷᠢᠯᠭ᠎ᠠ ᠬᠢᠵᠦ᠂ ᠰᠢᠮᠡᠭᠴᠢ ᠬᠤᠷᠣᠬᠠᠢ᠂ ᠢᠯᠭ᠋ᠠᠳᠠᠰᠤ ᠵᠡᠷᠭᠡ ᠵᠢ ᠵᠣᠬᠢᠰᠲᠠᠢ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠤᠪᠠᠯ ᠵᠣᠬᠢᠨ᠎ᠠ᠃
      ᠠᠷᠪᠠᠨ ᠲᠠᠪᠤᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠠᠯᠪᠠᠨ᠎ᠨᠢ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠨᠢᠭᠲᠠᠴᠠ ᠪᠣᠯᠣᠨ ᠴᠢᠨᠠᠷ᠎ᠤᠨ ᠦᠨᠡᠯᠡᠭᠡᠨ᠎ᠤ ᠲᠣᠭᠲᠠᠯᠴᠠᠭ᠎ᠠ ᠵᠢ ᠪᠤᠢ ᠪᠣᠯᠭ᠋ᠠᠬᠤ ᠬᠡᠷᠡᠭᠲᠡᠢ᠃ ᠤᠷᠢᠳᠴᠢᠯᠠᠨ ᠰᠡᠷᠭᠡᠶ᠋ᠢᠯᠡᠬᠦ ᠨᠢᠭᠲᠠᠴᠠ ᠪᠣᠯᠣᠨ ᠤᠷᠢᠳᠴᠢᠯᠠᠨ ᠰᠡᠷᠭᠡᠶ᠋ᠢᠯᠡᠬᠦ ᠴᠢᠨᠠᠷ᠎ᠨᠢ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠣᠯ ᠬᠤᠯᠪᠣᠭᠳᠠᠯ ᠪᠦᠬᠦᠢ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠠᠯ ᠡᠮᠨᠡᠯᠭᠡ ᠵᠢᠨ ᠭᠤᠣᠯ ᠪᠣᠯᠬᠤ ᠬᠠᠮᠢᠶᠠᠷᠤᠯᠲᠠ ᠵᠢᠨ ᠠᠯᠪᠠᠨ ᠪᠤᠶᠤ ᠰᠤᠮᠤ ᠰᠢᠶᠠᠩ᠎ᠤᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠬᠠᠷᠢᠭᠤᠴᠠᠯᠭ᠎ᠠ ᠵᠢᠨ ᠳᠠᠭ᠋ᠠᠤ ᠵᠠᠯᠠᠷᠠᠭᠤᠯᠬᠤ ᠠᠷᠭ᠎ᠠ ᠬᠡᠮᠵᠢᠶ᠎ᠡ ᠵᠣᠬᠢᠶᠠᠨ ᠪᠠᠶ᠋ᠢᠭᠤᠯᠵᠤ᠂ ᠠᠮᠢᠲᠠᠨ ᠠᠰᠠᠷᠠᠨ ᠲᠡᠵᠢᠭᠡᠬᠦ ᠪᠠᠶ᠋ᠢᠭᠤᠯᠭ᠎ᠠ ᠨᠢᠭᠡᠴᠢ ᠪᠤᠶᠤ ᠬᠤᠪᠢ ᠬᠥᠮᠥᠨ᠎ᠢ ᠱᠠᠭ᠋ᠠᠷᠳᠠᠵᠤ᠂ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯ ᠲᠥᠷᠥᠯ᠎ᠢ ᠳᠠᠬᠢᠨᠲᠠ ᠰᠢᠨ᠎ᠡ᠎ᠪᠠᠷ ᠬᠢᠬᠦ ᠪᠤᠶᠤ ᠨᠥᠬᠦᠨ ᠬᠢᠬᠦ ᠬᠡᠷᠡᠭᠲᠡᠢ᠃
      ᠠᠷᠪᠠᠨ ᠵᠢᠷᠭᠤᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠠᠯᠪᠠᠨ᠎ᠨᠢ ᠮᠠᠯ ᠠᠵᠤ ᠠᠬᠤᠢ᠂ ᠰᠢᠪᠠᠭᠤᠨ᠎ᠤ ᠠᠵᠤ ᠠᠬᠤᠢ ᠵᠢᠨ ᠲᠣᠳᠣᠷᠬᠠᠶ᠋ᠢᠯᠠᠯᠲᠠ ᠪᠣᠯᠣᠨ ᠠᠷᠠᠴᠢᠯᠠᠨ ᠲᠡᠵᠢᠭᠡᠬᠦ ᠭᠠᠵᠠᠷ᠎ᠤᠨ ᠳᠠᠩᠰᠠ ᠡᠪᠬᠡᠮᠡᠯ᠎ᠢ ᠪᠣᠯᠪᠠᠰᠤᠷᠠᠩᠭᠤᠢ ᠪᠣᠯᠭ᠋ᠠᠵᠤ᠂ ᠮᠡᠳᠡᠭᠡᠯᠡᠯ ᠴᠤᠭᠯᠠᠭᠤᠯᠬᠤ᠂ ᠳᠠᠮᠵᠢᠭᠤᠯᠬᠤ᠂ ᠮᠡᠳᠡᠭᠡᠯᠡᠯ᠎ᠤᠨ ᠰᠢᠨᠵᠢᠯᠡᠭᠡ᠂ ᠪᠤᠰᠤᠳ ᠬᠤᠯᠪᠣᠭᠳᠠᠬᠤ ᠲᠣᠨᠤᠭ ᠲᠦᠬᠦᠭᠡᠷᠦᠮᠵᠢ ᠵᠢ ᠰᠠᠶ᠋ᠢᠵᠢᠷᠠᠭᠤᠯᠵᠤ ᠠᠮᠢᠲᠠᠨ ᠪᠣᠯᠣᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠨᠡᠬᠡᠮᠵᠢᠯᠡᠨ ᠬᠠᠮᠢᠶᠠᠷᠴᠤ ᠴᠢᠳᠠᠬᠤᠶ᠋ᠢᠴᠠ ᠪᠣᠯᠭ᠋ᠠᠬᠤ ᠬᠡᠷᠡᠭᠲᠡᠢ᠃ ᠠᠮᠢᠲᠠᠨ᠎ᠤ ᠠᠵᠤ ᠠᠬᠤᠢ ᠡᠷᠬᠢᠯᠡᠵᠦ ᠪᠤᠢ ᠨᠢᠭᠡᠴᠢ᠂ ᠬᠤᠪᠢ ᠬᠥᠮᠥᠰ᠎ᠨᠢ ᠲᠥᠷᠥ ᠵᠢᠨ ᠬᠤᠯᠪᠣᠭᠳᠠᠬᠤ ᠵᠢᠷᠤᠮ᠎ᠤᠨ ᠳᠠᠭ᠋ᠠᠤ ᠳᠦᠷᠢᠮᠵᠢᠯ ᠪᠦᠬᠦᠢ ᠠᠷᠠᠴᠢᠯᠠᠨ ᠲᠡᠵᠢᠭᠡᠬᠦ ᠳᠠᠩᠰᠠ ᠡᠪᠬᠡᠮᠡᠯ᠎ᠢ ᠪᠤᠢ ᠪᠣᠯᠭ᠋ᠠᠵᠤ ᠲᠡᠵᠢᠭᠡᠵᠦ ᠪᠦᠬᠦᠢ ᠠᠮᠢᠲᠠᠨ᠎ᠳᠤ ᠠᠮᠢᠲᠠᠨ ᠪᠣᠯᠣᠨ ᠰᠢᠪᠠᠭᠤᠨ᠎ᠤ ᠲᠥᠷᠥᠯ᠎ᠤᠨ ᠲᠣᠳᠣᠷᠬᠠᠶ᠋ᠢᠯᠠᠯᠲᠠ ᠵᠢ ᠨᠡᠮᠡᠵᠦ ᠬᠢᠬᠦ ᠬᠡᠷᠡᠭᠲᠡᠢ᠃
      ᠠᠷᠪᠠᠨ ᠳᠣᠯᠣᠳᠤᠭ᠋ᠠᠷ ᠵᠦᠢ᠍ᠯ     ᠶᠠᠮᠠᠷ ᠨᠢᠭᠡᠨ ᠠᠵᠤ ᠠᠬᠤᠢ ᠵᠢᠨ ᠨᠢᠭᠡᠴᠢ᠂ ᠬᠤᠪᠢ ᠬᠥᠮᠥᠨ ᠠᠮᠢᠲᠠᠨ ᠪᠣᠯᠣᠨ ᠰᠢᠪᠠᠭᠤᠨ᠎ᠤ ᠲᠥᠷᠥᠯ᠎ᠤᠨ ᠠᠵᠤ ᠠᠬᠤᠢ ᠵᠢᠨ ᠢᠯᠭ᠋ᠠᠮᠵᠢ ᠲᠣᠳᠣᠷᠬᠠᠶ᠋ᠢᠯᠠᠯᠲᠠ ᠵᠢ ᠬᠢᠬᠦ ᠵᠣᠬᠢᠰᠲᠠᠢ ᠪᠣᠯᠪᠠᠴᠤ ᠬᠢᠭᠰᠡᠨ ᠦᠭᠡᠢ ᠲᠣᠬᠢᠶᠠᠯᠳᠤᠯ᠎ᠳᠤ ᠲᠡᠭᠦᠨ᠎ᠢ ᠪᠣᠷᠣᠯᠠᠭᠤᠯᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠠᠯᠠᠨ ᠨᠢᠲᠤᠯᠵᠤ ᠪᠣᠯᠬᠤ ᠦᠭᠡᠢ᠃ ᠬᠢᠵᠢᠭ ᠲᠠᠬᠤᠯ᠎ᠤᠨ ᠬᠢᠷᠢ᠎ᠳᠤ ᠨᠡᠶ᠋ᠢᠴᠡᠭᠰᠡᠨ ᠭᠡᠷᠡᠴᠢᠯᠡᠭᠡ ᠦᠭᠡᠢ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠡᠵᠡᠩᠨᠡᠬᠦ ᠪᠤᠶᠤ ᠵᠥᠭᠡᠭᠡᠪᠦᠷᠢᠯᠡᠵᠦ ᠪᠣᠯᠬᠤ ᠦᠭᠡᠢ᠃
      ᠠᠷᠪᠠᠨ ᠨᠠᠢ᠍ᠮᠠᠳᠤᠭ᠋ᠠᠷ ᠵᠦᠢ᠍ᠯ     ᠥᠪᠡᠷᠳᠡᠭᠡᠨ ᠵᠠᠰᠠᠬᠤ ᠤᠷᠤᠨ ᠠᠮᠢᠲᠠᠨ᠎ᠤ ᠬᠢᠵᠢᠭ ᠲᠠᠬᠤᠯ᠎ᠳᠤ ᠪᠦᠰᠡᠴᠢᠯᠡᠭᠰᠡᠨ ᠬᠠᠮᠢᠶᠠᠷᠤᠯᠲᠠ ᠬᠢᠬᠦ ᠬᠡᠷᠡᠭᠲᠡᠢ᠃ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠥᠪᠡᠷ᠎ᠤᠨ ᠵᠠᠬᠢᠷᠭ᠋ᠠᠨ᠎ᠤ ᠣᠷᠣᠨ᠎ᠳᠠᠭᠠᠨ ᠠᠮᠢᠲᠠᠨ᠎ᠤ ᠬᠢᠵᠢᠭ ᠲᠠᠬᠤᠯ᠎ᠤᠨ ᠪᠦᠰᠡᠴᠢᠯᠡᠭᠰᠡᠨ ᠬᠠᠮᠢᠶᠠᠷᠤᠯᠲᠠ ᠬᠢᠬᠦ ᠲᠥᠯᠥᠪᠯᠡᠭᠡ ᠪᠣᠯᠣᠨ ᠲᠥᠰᠥᠯ ᠪᠣᠯᠪᠠᠰᠤᠷᠠᠭᠤᠯᠵᠤ᠂ ᠠᠮᠢᠳᠤ ᠪᠣᠳᠠᠰ᠎ᠤᠨ ᠠᠶᠤᠯ ᠦᠭᠡᠢ ᠪᠠᠶ᠋ᠢᠳᠠᠯ᠎ᠤᠨ ᠲᠤᠰᠠᠭ᠋ᠠᠷᠯᠠᠬᠤ ᠪᠦᠰᠡ ᠪᠣᠯᠣᠨ ᠠᠮᠢᠲᠠᠨ᠎ᠤ ᠲᠣᠳᠣᠷᠬᠠᠢ ᠦᠭᠡᠢ ᠡᠪᠡᠳᠴᠢᠨ᠎ᠤ ᠣᠷᠣᠨ᠎ᠢ ᠠᠯᠭᠤᠷ ᠵᠶ᠋ᠠᠷ ᠪᠤᠢ ᠪᠣᠯᠭ᠋ᠠᠬᠤ ᠬᠡᠷᠡᠭᠲᠡᠢ᠃
      ᠠᠷᠪᠠ ᠶᠢᠰᠦᠳᠦᠭᠡᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠠᠮᠢᠲᠠᠨ᠎ᠤ ᠬᠠᠯᠳᠠᠪᠤᠷᠢᠲᠤ ᠡᠪᠡᠳᠴᠢᠨ᠎ᠤ ᠣᠨᠴᠠᠭ᠋ᠠᠢ ᠪᠠᠶ᠋ᠢᠳᠠᠯ᠎ᠤᠨ ᠲᠥᠪ᠎ᠢ ᠪᠠᠶ᠋ᠢᠭᠤᠯᠵᠤ᠂ ᠠᠮᠢᠲᠠᠨ᠎ᠤ ᠬᠢᠵᠢᠭ ᠲᠠᠬᠤᠯ᠎ᠤᠨ ᠣᠨᠴᠠᠭ᠋ᠠᠢ ᠪᠠᠶ᠋ᠢᠳᠠᠯ᠎ᠢ ᠨᠢᠭᠡᠳᠦᠯᠲᠡᠢ ᠵᠢᠯᠣᠭᠤᠳᠬᠤ ᠬᠡᠷᠡᠭᠲᠡᠢ᠃ ᠣᠨᠴᠠᠭ᠋ᠠᠢ ᠪᠠᠶ᠋ᠢᠳᠠᠯ᠎ᠤᠨ ᠲᠥᠪ᠎ᠤᠨ ᠠᠯᠪᠠᠨ ᠪᠠᠶ᠋ᠢᠭᠤᠯᠤᠮᠵᠢ ᠵᠢ ᠲᠤᠰ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠲᠣᠭᠲᠠᠭ᠋ᠠᠵᠤ᠂ ᠠᠮᠢᠲᠠᠨ᠎ᠤ ᠬᠢᠵᠢᠭ ᠲᠠᠬᠤᠯ᠎ᠤᠨ ᠣᠨᠴᠠᠭ᠋ᠠᠢ ᠪᠠᠶ᠋ᠢᠳᠠᠯ᠎ᠤᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃
      ᠬᠤᠷᠢᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠬᠢᠷᠭ᠋ᠠᠨ᠎ᠤ ᠪᠦᠰᠡ ᠨᠤᠲᠤᠭ᠎ᠲᠤ ᠪᠠᠶ᠋ᠢᠭ᠎ᠠ ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠤᠨ ᠣᠨᠴᠠᠭ᠋ᠠᠢ ᠪᠠᠶ᠋ᠢᠳᠠᠯ᠎ᠤᠨ ᠤᠷᠢᠳᠴᠢᠯᠠᠭᠰᠠᠨ ᠲᠥᠰᠥᠯ᠎ᠢ ᠪᠣᠯᠪᠠᠰᠤᠷᠠᠭᠤᠯᠵᠤ᠂ ᠳᠡᠭᠡᠳᠦ ᠨᠢᠭᠡ ᠱᠠᠲᠤᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠲᠡᠮᠳᠡᠭᠯᠡᠭᠦᠯᠦᠨ᠎ᠡ᠃ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠳᠠᠯᠢ ᠪᠤᠰᠤ ᠬᠢᠵᠢᠭ ᠲᠠᠬᠤᠯ᠎ᠤᠨ ᠲᠥᠷᠥᠯ ᠵᠦᠢ᠍ᠯ ᠪᠣᠯᠣᠨ ᠲᠡᠭᠦᠨ᠎ᠤ ᠲᠠᠷᠬᠠᠯᠠᠯᠲᠠ ᠵᠢᠨ ᠣᠨᠴᠠᠯᠢᠭ ᠪᠣᠯᠣᠨ ᠬᠤᠣᠷ ᠬᠥᠨᠥᠭᠡᠯ᠎ᠤᠨ ᠬᠡᠮᠵᠢᠶ᠎ᠡ ᠵᠡᠷᠭᠡ ᠵᠢ ᠦᠨᠳᠦᠰᠦᠯᠡᠵᠦ ᠬᠡᠷᠡᠭᠵᠢᠯᠲᠡ ᠵᠢᠨ ᠲᠥᠯᠥᠪᠯᠡᠭᠡ ᠵᠢ ᠲᠤᠰ᠎ᠲᠤ᠎ᠨᠢ ᠪᠣᠯᠪᠠᠰᠤᠷᠠᠭᠤᠯᠤᠨ᠎ᠠ᠃ ᠠᠮᠢᠲᠠᠨ᠎ᠤ ᠬᠢᠵᠢᠭ ᠲᠠᠬᠤᠯ᠎ᠤᠨ ᠣᠨᠴᠠᠭ᠋ᠠᠢ ᠪᠠᠶ᠋ᠢᠳᠠᠯ᠎ᠤᠨ ᠲᠥᠯᠥᠪᠯᠡᠭᠡ ᠪᠣᠯᠣᠨ ᠲᠡᠭᠦᠨ᠎ᠢ ᠬᠡᠷᠡᠭᠵᠢᠭᠦᠯᠬᠦ᠎ᠳᠡᠭᠡᠨ ᠬᠢᠵᠢᠭ᠎ᠤᠨ ᠲᠠᠷᠬᠠᠯᠲᠠ ᠵᠢᠨ ᠪᠠᠶ᠋ᠢᠳᠠᠯ ᠪᠣᠯᠣᠨ ᠬᠡᠷᠡᠭᠵᠢᠯᠲᠡ ᠵᠢᠨ ᠶᠠᠪᠤᠴᠠ ᠵᠢ ᠦᠨᠳᠦᠰᠦᠯᠡᠵᠦ ᠴᠠᠭ ᠲᠤᠬᠠᠢ᠎ᠳᠤ᠎ᠨᠢ ᠥᠭᠡᠷᠡᠴᠢᠯᠡᠵᠦ ᠰᠠᠶ᠋ᠢᠵᠢᠷᠠᠭᠤᠯᠬᠤ ᠬᠡᠷᠡᠭᠲᠡᠢ᠃
      ᠬᠤᠷᠢᠨ ᠨᠢᠭᠡᠳᠦᠭᠡᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠢ ᠪᠠᠴᠢᠮ ᠠᠷᠭ᠋ᠠᠴᠠᠭ᠋ᠠᠬᠤ ᠱᠠᠭ᠋ᠠᠷᠳᠠᠯᠭ᠎ᠠ ᠵᠢ ᠦᠨᠳᠦᠰᠦᠯᠡᠵᠦ᠂ ᠤᠯᠤᠰ᠎ᠤᠨ ᠳᠦᠷᠢᠮ ᠲᠣᠭᠲᠠᠭ᠋ᠠᠯ᠎ᠤᠨ ᠳᠠᠭ᠋ᠠᠤ ᠠᠮᠢᠲᠠᠨ᠎ᠤ ᠬᠢᠵᠢᠭ ᠲᠠᠬᠤᠯ᠎ᠤᠨ ᠮᠡᠷᠭᠡᠵᠢᠯᠲᠡᠨ᠎ᠤ ᠳᠤᠭᠤᠶ᠋ᠢᠯᠠᠩ ᠪᠣᠯᠣᠨ ᠪᠠᠴᠢᠮ ᠠᠷᠭ᠋ᠠᠴᠠᠭ᠋ᠠᠬᠤ ᠪᠠᠭ᠎ᠢ ᠪᠠᠶ᠋ᠢᠭᠤᠯᠪᠠᠯ ᠵᠣᠬᠢᠨ᠎ᠠ᠃ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠢ ᠪᠠᠴᠢᠮ ᠠᠷᠭ᠋ᠠᠴᠠᠭ᠋ᠠᠬᠤ ᠪᠡᠯᠡᠳᠬᠡᠯ ᠬᠥᠮᠥᠨ᠎ᠢ ᠲᠣᠬᠢᠷᠠᠭᠤᠯᠪᠠᠯ ᠵᠣᠬᠢᠨ᠎ᠠ᠃ ᠪᠠᠴᠢᠮ ᠠᠷᠭ᠋ᠠᠴᠠᠭ᠋ᠠᠬᠤ ᠪᠠᠭ ᠪᠣᠯᠣᠨ ᠪᠡᠯᠡᠳᠬᠡᠯ ᠬᠥᠮᠥᠨ᠎ᠢ ᠲᠣᠭᠲᠠᠭᠰᠠᠨ ᠬᠤᠭᠤᠴᠠᠭ᠋ᠠᠨ᠎ᠳᠤ ᠮᠡᠷᠭᠡᠵᠢᠯ ᠳᠡᠭᠡᠭᠰᠢᠯᠡᠭᠦᠯᠬᠦ ᠪᠣᠯᠣᠨ ᠰᠣᠷᠢᠯᠭ᠎ᠠ ᠬᠢᠯᠭᠡᠪᠡᠯ ᠵᠣᠬᠢᠨ᠎ᠠ᠃
      ᠬᠤᠷᠢᠨ ᠬᠤᠶᠠᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠬᠤᠯᠪᠣᠭᠳᠠᠬᠤ ᠠᠯᠪᠠᠨ ᠪᠠᠶ᠋ᠢᠭᠤᠯᠭ᠎ᠠ᠎ᠨᠢ ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠢ ᠪᠠᠴᠢᠮ ᠠᠷᠭ᠋ᠠᠴᠠᠭ᠋ᠠᠬᠤ ᠡᠳ᠋ ᠪᠣᠳᠠᠰ᠎ᠤᠨ ᠪᠡᠯᠡᠳᠬᠡᠯ ᠬᠠᠩᠭ᠋ᠠᠮᠵᠢ ᠵᠢᠨ ᠲᠣᠭᠲᠠᠯᠴᠠᠭ᠎ᠠ ᠵᠢ ᠪᠤᠢ ᠪᠣᠯᠭ᠋ᠠᠵᠤ᠂ ᠠᠮᠢᠲᠠᠨ᠎ᠤ ᠬᠢᠵᠢᠭ ᠲᠠᠬᠤᠯ᠎ᠤᠨ ᠬᠦᠨᠳᠦ ᠨᠣᠴᠢᠲᠠᠢ ᠪᠠᠶ᠋ᠢᠳᠠᠯ᠎ᠢ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠯ᠎ᠤᠨ ᠳᠠᠭ᠋ᠠᠤ ᠡᠮᠴᠢᠯᠡᠭᠡᠨ᠎ᠳᠤ ᠱᠠᠭ᠋ᠠᠷᠳᠠᠭᠳᠠᠬᠤ ᠮᠠᠲ᠋ᠧᠷᠢᠶᠠᠯ᠎ᠤᠨ ᠨᠥᠭᠡᠴᠡ ᠵᠢ ᠬᠠᠩᠭ᠋ᠠᠭᠰᠠᠨ ᠪᠠᠶ᠋ᠢᠪᠠᠯ ᠵᠣᠬᠢᠨ᠎ᠠ᠃
      ᠬᠤᠷᠢᠨ ᠭᠤᠷᠪᠠᠳᠤᠭ᠋ᠠᠷ ᠵᠦᠢ᠍ᠯ     ᠠᠮᠢᠲᠠᠨ᠎ᠢ ᠠᠷᠠᠴᠢᠯᠠᠨ ᠲᠡᠵᠢᠭᠡᠬᠦ ᠲᠠᠯᠠᠪᠤᠷ (ᠠᠷᠠᠴᠢᠯᠠᠨ ᠦᠷᠡᠵᠢᠭᠦᠯᠬᠦ ᠲᠣᠭᠤᠷᠢᠭ)᠂ ᠠᠮᠢᠲᠠᠳ᠎ᠤᠨ ᠲᠤᠰᠠᠭ᠋ᠠᠷᠯᠠᠬᠤ ᠲᠠᠯᠠᠪᠤᠷ᠂ ᠠᠮᠢᠲᠠᠨ᠎ᠤ ᠨᠢᠲᠤᠯᠭ᠋ᠠᠨ᠎ᠤ ᠭᠠᠵᠠᠷ (ᠲᠠᠯᠠᠪᠤᠷ)᠂ ᠠᠮᠢᠲᠠᠨ ᠪᠣᠯᠣᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠵᠠᠬ᠎ᠠ ᠵᠡᠭᠡᠯᠢ ᠵᠡᠷᠭᠡ᠎ᠨᠢ ᠬᠦᠨᠳᠦ ᠨᠣᠴᠢᠲᠠᠢ ᠬᠢᠵᠢᠭ ᠲᠠᠬᠤᠯ᠎ᠢ ᠪᠠᠴᠢᠮ ᠠᠷᠭ᠋ᠠᠴᠠᠭ᠋ᠠᠬᠤ ᠲᠥᠰᠥᠯ᠎ᠤᠨ ᠳᠠᠭ᠋ᠠᠤ ᠲᠤᠰ ᠪᠠᠶ᠋ᠢᠭᠤᠯᠤᠮᠵᠢ ᠵᠢᠨ ᠵᠶ᠋ᠠᠨ ᠬᠦᠨᠳᠦ ᠨᠣᠴᠢᠲᠠᠢ ᠬᠢᠵᠢᠭ ᠲᠠᠷᠬᠠᠯᠠᠭ᠎ᠠ ᠵᠢ ᠪᠠᠴᠢᠮ ᠠᠷᠭ᠋ᠠᠴᠠᠭ᠋ᠠᠬᠤ ᠠᠵᠢᠯ᠎ᠤᠨ ᠲᠥᠯᠥᠪᠯᠡᠭᠡ ᠵᠢ ᠪᠣᠯᠪᠠᠰᠤᠷᠠᠭᠤᠯᠵᠤ᠂ ᠠᠮᠢᠲᠠᠨ᠎ᠤ ᠬᠢᠵᠢᠭ ᠲᠠᠬᠤᠯ᠎ᠢ ᠪᠠᠴᠢᠮ ᠠᠷᠭ᠋ᠠᠴᠠᠭ᠋ᠠᠬᠤ ᠮᠡᠷᠭᠡᠵᠢᠯᠲᠡᠨ᠎ᠢ ᠪᠡᠯᠡᠳᠬᠡᠵᠦ᠂ ᠡᠮᠴᠢᠯᠡᠭᠡᠨ᠎ᠳᠤ ᠱᠠᠭ᠋ᠠᠷᠳᠠᠭᠳᠠᠬᠤ ᠮᠠᠲ᠋ᠧᠷᠢᠶᠠᠯ᠎ᠤᠨ ᠨᠥᠭᠡᠴᠡ ᠵᠢ ᠬᠠᠩᠭ᠋ᠠᠭᠰᠠᠨ ᠪᠠᠶ᠋ᠢᠪᠠᠯ ᠵᠣᠬᠢᠨ᠎ᠠ᠃
      ᠬᠤᠷᠢᠨ ᠳᠥᠷᠪᠡᠳᠦᠭᠡᠷ ᠵᠦᠢ᠍ᠯ     ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠮᠠᠯ ᠡᠮᠨᠡᠯᠭᠡ ᠵᠢᠨ ᠠᠵᠢᠯ ᠡᠷᠬᠢᠯᠡᠭᠰᠡᠨ ᠭᠤᠣᠯ ᠪᠣᠯᠬᠤ ᠡᠷᠬᠡᠲᠦ ᠪᠠᠶ᠋ᠢᠭᠤᠯᠭ᠎ᠠ ᠵᠢᠨ ᠵᠠᠷᠯᠠᠭᠰᠠᠨ ᠠᠮᠢᠲᠠᠨ᠎ᠤ ᠬᠢᠵᠢᠭ ᠲᠠᠬᠤᠯ᠎ᠤᠨ ᠲᠤᠬᠠᠢ ᠡᠷᠬᠡ ᠮᠡᠳᠡᠯᠲᠦ ᠵᠠᠷ᠎ᠢ ᠪᠤᠰᠤᠳ ᠠᠯᠪᠠᠨ ᠪᠠᠶ᠋ᠢᠭᠤᠯᠭ᠎ᠠ ᠪᠤᠶᠤ ᠬᠤᠪᠢ ᠬᠥᠮᠥᠨ ᠵᠠᠷᠯᠠᠵᠤ ᠪᠣᠯᠬᠤ ᠦᠭᠡᠢ᠃ ᠠᠮᠢᠲᠠᠨ᠎ᠤ ᠬᠢᠵᠢᠭ ᠲᠠᠬᠤᠯ ᠬᠢᠨᠠᠨ ᠰᠢᠨᠵᠢᠯᠡᠭᠡ᠂ ᠬᠢᠵᠢᠭ ᠲᠠᠬᠤᠯ᠎ᠤᠨ ᠬᠢᠨᠠᠨ ᠪᠠᠶ᠋ᠢᠴᠠᠭ᠋ᠠᠯᠲᠠ᠂ ᠬᠢᠵᠢᠭ ᠲᠠᠬᠤᠯ᠎ᠤᠨ ᠰᠤᠳᠤᠯᠭ᠎ᠠ ᠪᠣᠯᠣᠨ ᠣᠨᠣᠰᠢᠯᠠᠨ ᠵᠠᠰᠠᠯᠲᠠ ᠵᠢᠴᠢ ᠠᠮᠢᠲᠠᠨ᠎ᠤ ᠠᠷᠠᠴᠢᠯᠠᠭ᠎ᠠ᠂ ᠨᠢᠲᠤᠯᠭ᠎ᠠ᠂ ᠡᠵᠡᠩᠨᠡᠯᠲᠡ᠂ ᠲᠤᠰᠠᠭ᠋ᠠᠷᠯᠠᠯ᠂ ᠲᠡᠭᠡᠭᠡᠪᠦᠷᠢ ᠵᠡᠷᠭᠡ ᠠᠵᠢᠯ ᠠᠯᠪᠠ ᠡᠷᠬᠢᠯᠡᠵᠦ ᠪᠠᠶ᠋ᠢᠭ᠎ᠠ ᠪᠠᠶ᠋ᠢᠭᠤᠯᠭ᠎ᠠ ᠨᠢᠭᠡᠴᠢ ᠪᠣᠯᠣᠨ ᠬᠤᠪᠢ ᠬᠥᠮᠥᠨ᠂ ᠠᠮᠢᠲᠠᠨ᠎ᠤ ᠬᠢᠵᠢᠭ᠎ᠤᠨ ᠬᠠᠯᠳᠠᠪᠤᠷᠢ ᠠᠪᠤᠭᠰᠠᠨ ᠪᠤᠶᠤ ᠬᠢᠵᠢᠭ᠎ᠤᠨ ᠬᠠᠯᠳᠠᠪᠤᠷᠢ ᠠᠪᠤᠭᠰᠠᠨ ᠰᠡᠵᠢᠭ᠎ᠲᠠᠢ ᠪᠣᠯ ᠲᠡᠷᠡ ᠳᠠᠷᠤᠢ᠎ᠳᠠᠭᠠᠨ ᠪᠠᠶ᠋ᠢᠭ᠎ᠠ ᠭᠠᠵᠠᠷ᠎ᠤᠨ ᠵᠶ᠋ᠠᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠭ᠎ᠠ᠂ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ ᠪᠤᠶᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠪᠠᠶ᠋ᠢᠭᠤᠯᠤᠮᠵᠢ᠎ᠳᠤ ᠮᠡᠳᠡᠭᠦᠯᠵᠦ᠂ ᠲᠤᠰᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠲᠠᠷᠬᠠᠬᠤ᠎ᠠᠴᠠ ᠰᠡᠷᠭᠡᠶ᠋ᠢᠯᠡᠬᠦ ᠬᠡᠷᠡᠭᠲᠡᠢ᠃ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠤᠮᠵᠢ᠂ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠂ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠯᠪᠠ᠎ᠨᠢ ᠥᠪᠡᠷ᠎ᠤᠨ ᠬᠠᠷᠢᠯᠴᠠᠬᠤ ᠬᠠᠶᠢᠭ ᠪᠣᠯᠣᠨ ᠬᠠᠷᠢᠯᠴᠠᠬᠤ ᠠᠷᠭ᠎ᠠ ᠬᠡᠯᠪᠡᠷᠢ᠎ᠪᠠᠨ ᠨᠡᠶ᠋ᠢᠭᠡᠮ ᠨᠡᠶ᠋ᠢᠲᠡ᠎ᠳᠤ ᠵᠠᠷᠯᠠᠭᠰᠠᠨ ᠪᠠᠶ᠋ᠢᠬᠤ ᠬᠡᠷᠡᠭᠲᠡᠢ᠃ ᠠᠮᠢᠲᠠᠨ᠎ᠤ ᠬᠢᠵᠢᠭ ᠲᠠᠬᠤᠯ᠎ᠤᠨ ᠲᠠᠷᠬᠠᠯᠲᠠ ᠵᠢᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠢ ᠬᠦᠯᠢᠶᠡᠨ ᠠᠪᠤᠭᠰᠠᠨ ᠠᠯᠪᠠᠨ ᠪᠠᠶ᠋ᠢᠭᠤᠯᠭ᠎ᠠ᠎ᠨᠢ ᠱᠠᠭ᠋ᠠᠷᠳᠠᠯᠭ᠎ᠠ᠎ᠲᠠᠢ ᠬᠢᠨᠠᠯᠲᠠ ᠵᠢᠨ ᠠᠷᠭ᠎ᠠ ᠬᠡᠮᠵᠢᠶ᠎ᠡ ᠵᠢ ᠠᠪᠴᠤ᠂ ᠤᠯᠤᠰ᠎ᠤᠨ ᠬᠠᠤᠯᠢ ᠵᠦᠢ ᠵᠢᠨ ᠳᠠᠭ᠋ᠠᠤ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ ᠬᠡᠷᠡᠭᠲᠡᠢ᠃ ᠬᠢᠯᠢ᠎ᠪᠠᠷ ᠣᠷᠣᠵᠤ ᠭᠠᠷᠬᠤ ᠬᠢᠵᠢᠭ ᠲᠠᠬᠤᠯ᠎ᠤᠨ ᠬᠢᠨᠠᠨ ᠪᠠᠶ᠋ᠢᠴᠠᠭ᠋ᠠᠯᠲᠠ ᠵᠢᠨ ᠪᠠᠶ᠋ᠢᠭᠤᠯᠭ᠎ᠠ᠂ ᠣᠢ ᠰᠢᠭᠤᠢ ᠵᠢᠨ ᠠᠯᠪᠠᠨ᠎ᠤ᠎ᠬᠢᠨ ᠠᠮᠢᠲᠠᠨ᠎ᠤ ᠬᠢᠵᠢᠭ ᠲᠠᠬᠤᠯ᠎ᠢ ᠢᠯᠡᠷᠡᠭᠦᠯᠦᠭᠰᠡᠨ ᠪᠠᠶ᠋ᠢᠪᠠᠯ ᠴᠠᠭ ᠲᠤᠬᠠᠢ᠎ᠳᠤ᠎ᠨᠢ ᠪᠠᠶ᠋ᠢᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠ᠎ᠳᠤ ᠮᠡᠳᠡᠭᠳᠡᠬᠦ ᠬᠡᠷᠡᠭᠲᠡᠢ᠃
      ᠬᠤᠷᠢᠨ ᠲᠠᠪᠤᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠪᠠᠶ᠋ᠢᠭᠤᠯᠤᠮᠵᠢ ᠠᠮᠢᠲᠠᠨ᠎ᠤ ᠬᠢᠵᠢᠭ ᠲᠠᠬᠤᠯ᠎ᠤᠨ ᠲᠤᠬᠠᠢ ᠮᠡᠳᠡᠭᠦᠯᠦᠯᠲᠡ ᠵᠢ ᠬᠦᠯᠢᠶᠡᠵᠦ ᠠᠪᠤᠭᠰᠠᠨ᠎ᠤ ᠳᠠᠷᠠᠭ᠎ᠠ ᠴᠠᠭ ᠲᠤᠬᠠᠢ᠎ᠳᠤ᠎ᠨᠢ ᠬᠥᠮᠥᠨ ᠲᠣᠮᠢᠯᠠᠵᠤ ᠠᠬᠤᠢ ᠲᠠᠯᠠᠪᠠᠢ᠎ᠳᠤ᠎ᠨᠢ ᠬᠦᠷᠴᠦ ᠪᠠᠶ᠋ᠢᠴᠠᠭ᠋ᠠᠯᠲᠠ ᠬᠢᠬᠦ ᠬᠡᠷᠡᠭᠲᠡᠢ᠃ ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠤᠨ ᠰᠡᠵᠢᠭᠯᠡᠯ᠎ᠲᠠᠢ ᠪᠣᠯ ᠴᠠᠭ ᠳᠠᠷᠤᠢ᠎ᠳᠤ᠎ᠨᠢ ᠡᠪᠡᠳᠴᠢᠨ᠎ᠤ ᠪᠠᠷᠢᠮᠲᠠ ᠮᠠᠲ᠋ᠧᠷᠢᠶᠠᠯ᠎ᠢ ᠴᠤᠭᠯᠠᠭᠤᠯᠵᠤ ᠥᠪᠡᠷᠳᠡᠭᠡᠨ ᠵᠠᠰᠠᠬᠤ ᠤᠷᠤᠨ᠎ᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠯᠪᠠ᠎ᠪᠠᠷ ᠬᠦᠷᠴᠦ ᠨᠢᠭᠲᠠᠯᠠᠭᠤᠯᠬᠤ ᠬᠡᠷᠡᠭᠲᠡᠢ᠃
      ᠬᠤᠷᠢᠨ ᠵᠢᠷᠭᠤᠳᠤᠭ᠋ᠠᠷ ᠵᠦᠢ᠍ᠯ     ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠢ ᠮᠡᠳᠡᠭᠡᠯᠡᠬᠦ ᠦᠶ᠎ᠡ᠎ᠪᠠᠷ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠭ᠎ᠠ᠎ᠨᠢ ᠲᠡᠷᠡ ᠳᠠᠷᠤᠢ᠎ᠳᠤ᠎ᠨᠢ ᠲᠦᠷ ᠵᠠᠭᠤᠷ᠎ᠠ ᠵᠢᠨ ᠬᠢᠵᠠᠭ᠋ᠠᠯᠠᠨ ᠲᠤᠰᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠵᠢ ᠠᠪᠤᠪᠠᠯ ᠵᠣᠬᠢᠨ᠎ᠠ᠃ ᠱᠠᠭ᠋ᠠᠷᠳᠠᠯᠭ᠎ᠠ᠎ᠲᠠᠢ ᠦᠶ᠎ᠡ᠎ᠳᠤ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠢᠲᠡᠭᠦᠮᠵᠢᠯᠡᠬᠦ ᠵᠡᠷᠭᠡ ᠰᠢᠢ᠍ᠳᠪᠦᠷᠢ ᠭᠠᠷᠭ᠋ᠠᠵᠤ ᠠᠯᠠᠨ ᠤᠰᠠᠳᠬᠠᠯᠲᠠ ᠪᠤᠶᠤ ᠭᠠᠯᠳᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠃
      ᠬᠤᠷᠢᠨ ᠳᠣᠯᠣᠳᠤᠭ᠋ᠠᠷ ᠵᠦᠢ᠍ᠯ     ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠢ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠮᠠᠯ ᠡᠮᠨᠡᠯᠭᠡ ᠵᠢᠨ ᠭᠤᠣᠯ ᠪᠣᠯᠬᠤ ᠡᠷᠬᠡᠲᠦ ᠪᠠᠶ᠋ᠢᠭᠤᠯᠭ᠎ᠠ᠎ᠠᠴᠠ ᠪᠠᠲᠤᠯᠠᠨ ᠲᠣᠭᠲᠠᠭ᠋ᠠᠬᠤ ᠬᠡᠷᠡᠭᠲᠡᠢ᠃ ᠱᠠᠭ᠋ᠠᠷᠳᠠᠯᠭ᠎ᠠ᠎ᠲᠠᠢ ᠦᠶ᠎ᠡ᠎ᠳᠤ ᠤᠯᠤᠰ᠎ᠤᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠭ᠎ᠠ᠎ᠳᠤ ᠮᠡᠳᠡᠭᠦᠯᠦᠨ ᠨᠤᠲᠠᠯᠠᠭᠤᠯᠬᠤ ᠬᠡᠷᠡᠭᠲᠡᠢ᠃
      ᠬᠤᠷᠢᠨ ᠨᠠᠢ᠍ᠮᠠᠳᠤᠭ᠋ᠠᠷ ᠵᠦᠢ᠍ᠯ     ᠠᠮᠢᠲᠠᠨ᠎ᠤ ᠬᠦᠨᠳᠦ ᠨᠣᠴᠢᠲᠠᠢ ᠬᠢᠵᠢᠭ ᠲᠠᠬᠤᠯ᠎ᠢ ᠨᠤᠲᠠᠯᠠᠭᠰᠠᠨ ᠬᠤᠶ᠋ᠢᠨ᠎ᠠ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠯ᠎ᠤᠨ ᠳᠠᠭ᠋ᠠᠤ ᠠᠵᠢᠯ ᠵᠶ᠋ᠠᠨ ᠡᠬᠢᠯᠡᠭᠦᠯᠵᠦ᠂ ᠪᠢᠲᠡᠭᠦᠮᠵᠢᠯᠡᠬᠦ᠂ ᠲᠤᠰᠠᠭ᠋ᠠᠷᠯᠠᠬᠤ ᠴᠡᠭ ᠪᠠᠶ᠋ᠢᠭᠤᠯᠬᠤ᠂ ᠠᠯᠠᠨ ᠤᠰᠠᠳᠬᠠᠯᠲᠠ ᠬᠢᠬᠦ᠂ ᠬᠤᠣᠷᠳᠠᠯ ᠦᠭᠡᠢ ᠰᠢᠢ᠍ᠳᠪᠦᠷᠢᠯᠡᠬᠦ᠂ ᠠᠷᠢᠭᠤᠳᠬᠠᠬᠤ᠂ ᠬᠢᠵᠢᠭ᠎ᠤᠨ ᠪᠠᠶ᠋ᠢᠳᠠᠯ᠎ᠤᠨ ᠬᠢᠨᠠᠨ ᠰᠢᠨᠵᠢᠯᠡᠭᠡ᠂ ᠬᠠᠯᠳᠠᠪᠤᠷᠢᠲᠤ ᠡᠪᠡᠳᠴᠢᠨ᠎ᠤ ᠤᠬᠠᠭ᠋ᠠᠨ᠎ᠤ ᠪᠠᠶ᠋ᠢᠴᠠᠭ᠋ᠠᠯᠲᠠ ᠵᠡᠷᠭᠡ ᠠᠷᠭ᠎ᠠ ᠬᠡᠮᠵᠢᠶ᠎ᠡ ᠵᠢ ᠠᠪᠬᠤ ᠵᠢᠨ ᠳᠠᠭ᠋ᠠᠤ ᠬᠤᠯᠪᠣᠭᠳᠠᠯ ᠪᠦᠬᠦᠢ ᠪᠠᠶ᠋ᠢᠭᠤᠯᠭ᠎ᠠ ᠨᠢᠭᠡᠴᠢ ᠵᠢ ᠵᠣᠬᠢᠶᠠᠨ ᠪᠠᠶ᠋ᠢᠭᠤᠯᠵᠤ ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠢ ᠪᠠᠴᠢᠮ ᠠᠷᠭ᠋ᠠᠴᠠᠭ᠋ᠠᠬᠤ᠎ᠳᠤ ᠱᠠᠭ᠋ᠠᠷᠳᠠᠭᠳᠠᠬᠤ ᠡᠳ᠋ ᠮᠠᠲ᠋ᠧᠷᠢᠶᠠᠯ᠎ᠤᠨ ᠵᠣᠬᠢᠴᠠᠭᠤᠯᠤᠯᠲᠠ ᠪᠤᠶᠤ ᠲᠡᠭᠡᠭᠡᠪᠦᠷᠢᠯᠡᠯᠲᠡ᠂ ᠪᠠᠴᠢᠮ ᠬᠡᠷᠡᠭᠯᠡᠬᠦ ᠵᠠᠷᠤᠳᠠᠯ ᠮᠥᠩᠭᠦᠨ᠎ᠤ ᠲᠣᠬᠢᠷᠠᠭᠤᠯᠤᠯᠲᠠ᠂ ᠬᠢᠵᠢᠭ᠎ᠤᠨ ᠣᠷᠣᠨ᠎ᠤ ᠬᠥᠮᠥᠨ ᠠᠷᠠᠳ᠎ᠤᠨ ᠲᠡᠳᠬᠦᠯᠭᠡ᠂ ᠬᠢᠵᠢᠭ ᠲᠠᠬᠤᠯ᠎ᠤᠨ ᠬᠥᠮᠥᠨ᠎ᠳᠤ ᠬᠠᠯᠳᠠᠪᠤᠷᠢᠯᠠᠬᠤ᠎ᠠᠴᠠ ᠰᠡᠷᠭᠡᠶ᠋ᠢᠯᠡᠬᠦ᠂ ᠮᠢᠬᠠᠨ ᠪᠦᠲᠦᠭᠡᠭᠳᠡᠬᠦᠨ᠎ᠤ ᠬᠠᠩᠭ᠋ᠠᠯᠲᠠ ᠬᠢᠭᠡᠳ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠵᠠᠬ᠎ᠠ ᠵᠡᠭᠡᠯᠢ ᠵᠢᠨ ᠬᠢᠨᠠᠨ ᠬᠠᠮᠢᠶᠠᠷᠤᠯᠲᠠ ᠵᠢᠨ ᠠᠵᠢᠯ ᠵᠡᠷᠭᠡ ᠵᠢ ᠰᠠᠶ᠋ᠢᠲᠤᠷ ᠬᠢᠬᠦ ᠬᠡᠷᠡᠭᠲᠡᠢ᠃ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠯᠪᠠ᠎ᠨᠢ ᠠᠮᠢᠲᠠᠨ ᠬᠢᠭᠡᠳ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠬᠤᠳᠠᠯᠳᠤᠭ᠋ᠠᠨ᠎ᠤ ᠵᠠᠬ᠎ᠠ ᠵᠢ ᠬᠠᠭ᠋ᠠᠯᠭ᠋ᠠᠬᠤ ᠬᠡᠷᠡᠭᠲᠡᠢ᠃ ᠡᠷᠡᠭᠦᠯ ᠬᠠᠮᠠᠭ᠋ᠠᠯᠠᠯ᠎ᠤᠨ ᠭᠠᠵᠠᠷ᠎ᠨᠢ ᠬᠤᠯᠪᠣᠭᠳᠠᠯ ᠪᠦᠬᠦᠢ ᠬᠥᠮᠥᠨ ᠠᠷᠠᠳ᠎ᠤᠨ ᠬᠢᠵᠢᠭ ᠲᠠᠬᠤᠯ᠎ᠤᠨ ᠬᠢᠨᠠᠨ ᠰᠢᠨᠵᠢᠯᠡᠭᠡ ᠵᠢ ᠰᠠᠶ᠋ᠢᠨ ᠬᠢᠬᠦ ᠬᠡᠷᠡᠭᠲᠡᠢ᠃ ᠪᠤᠰᠤᠳ ᠵᠠᠰᠠᠭ ᠵᠠᠬᠢᠷᠭ᠋ᠠᠨ᠎ᠤ ᠠᠯᠪᠠᠨ ᠪᠠᠶ᠋ᠢᠭᠤᠯᠭ᠎ᠠ᠎ᠨᠢ ᠥᠪᠡᠷ ᠥᠪᠡᠷ᠎ᠤᠨ ᠬᠠᠷᠢᠭᠤᠴᠠᠯᠭ᠎ᠠ ᠵᠢᠨ ᠳᠠᠭ᠋ᠠᠤ ᠬᠠᠮᠢᠶᠠᠲᠠᠢ ᠠᠵᠢᠯ ᠲᠥᠷᠥᠯ᠎ᠢ ᠬᠠᠪᠰᠤᠷᠤᠨ ᠰᠢᠢ᠍ᠳᠬᠦ ᠬᠡᠷᠡᠭᠲᠡᠢ᠃

      ᠳᠥᠷᠪᠡᠳᠦᠭᠡᠷ ᠪᠦᠯᠦᠭ     ᠠᠮᠢᠲᠠᠨ ᠬᠢᠭᠡᠳ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠬᠢᠵᠢᠭ᠎ᠤᠨ ᠪᠠᠶ᠋ᠢᠴᠠᠭ᠋ᠠᠯᠲᠠ

      ᠬᠤᠷᠢ ᠶᠢᠰᠦᠳᠦᠭᠡᠷ ᠵᠦᠢ᠍ᠯ     ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ ᠬᠠᠤᠯᠢ ᠵᠦᠢ ᠵᠢᠨ ᠳᠠᠭ᠋ᠠᠤ ᠠᠮᠢᠲᠠᠨ ᠬᠢᠭᠡᠳ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠲᠤ ᠬᠢᠵᠢᠭ᠎ᠤᠨ ᠪᠠᠶ᠋ᠢᠴᠠᠭ᠋ᠠᠯᠲᠠ ᠬᠢᠵᠦ ᠬᠢᠷᠢ᠎ᠳᠤ ᠨᠡᠶ᠋ᠢᠴᠡᠭᠰᠡᠨ ᠪᠠᠶ᠋ᠢᠪᠠᠯ ᠭᠡᠷᠡᠴᠢᠯᠡᠭᠡ ᠣᠯᠭᠤᠵᠤ᠂ ᠮᠥᠨ ᠱᠣᠰᠢᠭ᠎ᠠ ᠲᠡᠮᠳᠡᠭ ᠵᠶ᠋ᠠᠷ ᠢᠯᠡᠷᠬᠡᠶ᠋ᠢᠯᠡᠬᠦ ᠬᠡᠷᠡᠭᠲᠡᠢ᠃
      ᠭᠤᠴᠢᠳᠤᠭ᠋ᠠᠷ ᠵᠦᠢ᠍ᠯ     ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ᠎ᠳᠤ ᠮᠡᠳᠡᠭᠦᠯᠭᠡ ᠵᠢᠨ ᠲᠣᠭᠲᠠᠯᠴᠠᠭ᠎ᠠ ᠵᠢ ᠪᠡᠶᠡᠯᠡᠭᠦᠯᠬᠦ ᠬᠡᠷᠡᠭᠲᠡᠢ᠃ ᠨᠢᠲᠤᠯᠬᠤ᠂ ᠪᠣᠷᠣᠯᠠᠭᠤᠯᠬᠤ ᠪᠣᠯᠣᠨ ᠠᠮᠢᠲᠠᠨ᠎ᠢ ᠲᠡᠭᠡᠭᠡᠪᠦᠷᠢᠯᠡᠬᠦ ᠡᠰᠡᠬᠦᠯ᠎ᠡ ᠪᠣᠷᠣᠯᠠᠭᠤᠯᠬᠤ ᠪᠤᠶᠤ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠵᠥᠭᠡᠭᠡᠪᠦᠷᠢᠯᠡᠬᠦ᠎ᠠᠴᠠ ᠡᠮᠦᠨ᠎ᠡ ᠪᠠᠷᠠᠭ᠋ᠠᠨ᠎ᠤ ᠡᠵᠡᠨ᠎ᠨᠢ ᠪᠠᠶ᠋ᠢᠭ᠎ᠠ ᠭᠠᠵᠠᠷ᠎ᠤᠨ ᠵᠶ᠋ᠠᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠳᠤ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ᠎ᠪᠠᠷ ᠮᠡᠳᠡᠭᠦᠯᠦᠯᠭᠡ ᠥᠭᠪᠡᠯ ᠵᠣᠬᠢᠨ᠎ᠠ᠃
      ᠭᠤᠴᠢᠨ ᠨᠢᠭᠡᠳᠦᠭᠡᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠭ᠎ᠠ᠎ᠨᠢ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠦᠯᠭᠡ ᠵᠢᠨ ᠴᠡᠭ᠎ᠢ ᠪᠠᠶ᠋ᠢᠭᠤᠯᠵᠤ ᠬᠠᠮᠢᠶᠠᠷᠬᠤ ᠠᠵᠢᠯ᠎ᠢ ᠴᠢᠩᠭ᠋ᠠᠳᠬᠠᠪᠠᠯ ᠵᠣᠬᠢᠨ᠎ᠠ᠃ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠨᠢ ᠠᠮᠢᠲᠠᠨ᠎ᠢ ᠲᠡᠵᠢᠭᠡᠨ ᠠᠷᠠᠴᠢᠯᠠᠬᠤ ᠭᠠᠵᠠᠷ᠎ᠤᠨ ᠬᠦᠷᠢᠶ᠎ᠡ ᠬᠡᠪᠴᠢᠶ᠎ᠡ᠂ ᠲᠠᠷᠬᠠᠯᠲᠠ᠂ ᠪᠦᠰᠡ ᠨᠤᠲᠤᠭ᠎ᠤᠨ ᠪᠠᠶ᠋ᠢᠭ᠋ᠠᠯᠢ ᠣᠷᠴᠢᠨ᠎ᠢ ᠦᠨᠳᠦᠰᠦᠯᠡᠵᠦ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠦᠯᠭᠡ ᠵᠢᠨ ᠴᠡᠭ᠎ᠢ ᠪᠠᠶ᠋ᠢᠭᠤᠯᠵᠤ᠂ ᠬᠢᠵᠢᠭ ᠪᠠᠶ᠋ᠢᠴᠠᠭ᠋ᠠᠯᠲᠠ ᠵᠢᠨ ᠬᠦᠷᠢᠶ᠎ᠡ ᠬᠡᠪᠴᠢᠶ᠎ᠡ ᠪᠣᠯᠣᠨ ᠣᠪᠶᠧᠺᠲ᠎ᠢ ᠨᠡᠶ᠋ᠢᠭᠡᠮ ᠨᠡᠶ᠋ᠢᠲᠡ᠎ᠳᠤ ᠵᠠᠷᠯᠠᠪᠠᠯ ᠵᠣᠬᠢᠨ᠎ᠠ᠃
      ᠭᠤᠴᠢᠨ ᠬᠤᠶᠠᠳᠤᠭ᠋ᠠᠷ ᠵᠦᠢ᠍ᠯ     ᠳᠣᠣᠷᠠᠬᠢ ᠠᠮᠢᠲᠠᠳ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ ᠤᠤᠯ᠎ᠤᠨ ᠪᠠᠶ᠋ᠢᠭ᠎ᠠ ᠭᠠᠷᠤᠯᠲᠠ ᠵᠢᠨ ᠣᠷᠣᠨ᠎ᠠᠴᠠ᠎ᠪᠠᠨ ᠰᠠᠯᠬᠤ ᠵᠢᠨ ᠦᠶ᠎ᠡ᠎ᠳᠤ ᠪᠠᠷᠠᠭ᠋ᠠᠨ᠎ᠤ ᠡᠵᠡᠨ᠎ᠨᠢ ᠳᠦᠷᠢᠮ ᠶᠣᠰᠣ᠎ᠪᠠᠷ ᠲᠣᠭᠲᠠᠭᠰᠠᠨ ᠬᠤᠭᠤᠴᠠᠭ᠋ᠠᠨ᠎ᠳᠤ ᠪᠠᠶ᠋ᠢᠭ᠎ᠠ ᠭᠠᠵᠠᠷ᠎ᠤᠨ ᠵᠶ᠋ᠠᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠳᠤ ᠮᠡᠳᠡᠭᠦᠯᠦᠯᠭᠡ ᠥᠭᠴᠦ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ ᠬᠡᠷᠡᠭᠲᠡᠢ᠄
     (ᠨᠢᠭᠡ) ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠪᠣᠷᠣᠯᠠᠭᠤᠯᠬᠤ᠂ ᠲᠡᠭᠡᠭᠡᠪᠦᠷᠢᠯᠡᠬᠦ ᠪᠣᠯᠣᠨ ᠨᠢᠲᠤᠯᠭ᠋ᠠᠨ᠎ᠤ ᠭᠠᠵᠠᠷ ᠬᠠᠩᠭ᠋ᠠᠭ᠋ᠠᠬᠤ᠂ ᠠᠮᠢᠲᠠᠨ᠎ᠢ ᠦᠷᠭᠦᠯᠵᠢᠯᠡᠨ ᠲᠡᠵᠢᠭᠡᠬᠦ ᠪᠣᠯᠪᠠᠯ ᠭᠤᠷᠪᠠᠨ ᠬᠤᠨᠤᠭ᠎ᠤᠨ ᠡᠮᠦᠨ᠎ᠡ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ᠎ᠪᠠᠷ ᠡᠷᠡᠮᠡᠯᠵᠡᠯᠡᠪᠡᠯ ᠵᠣᠬᠢᠨ᠎ᠠ᠃
     (ᠬᠤᠶᠠᠷ) ᠰᠦᠨ᠎ᠤ ᠪᠣᠯᠣᠨ ᠦᠷᠡᠵᠢᠯ᠎ᠤᠨ ᠠᠮᠢᠲᠠᠨ᠎ᠢ ᠪᠣᠷᠣᠯᠠᠭᠤᠯᠬᠤ᠂ ᠲᠡᠭᠡᠭᠡᠪᠦᠷᠢᠯᠡᠬᠦ ᠪᠣᠯᠣᠨ ᠦᠷ᠎ᠡ ᠵᠢᠨ ᠰᠢᠩᠭᠡᠨ᠂ ᠥᠨᠳᠡᠭᠡ᠂ ᠦᠷ᠎ᠡ ᠬᠥᠪᠥᠷᠡᠯ᠂ ᠨᠡᠪᠴᠢᠭᠦᠯᠬᠦ ᠥᠨᠳᠡᠭᠡ ᠪᠣᠯᠣᠨ ᠦᠵᠡᠰᠬᠦᠯᠡᠩ᠂ ᠲᠣᠭᠯᠠᠯᠲᠠ᠂ ᠲᠡᠮᠡᠴᠡᠭᠡᠨ᠎ᠳᠤ ᠣᠷᠣᠯᠴᠠᠬᠤ ᠠᠮᠢᠲᠠᠳ᠎ᠢ ᠠᠷᠪᠠᠨ ᠲᠠᠪᠤᠨ ᠬᠤᠨᠤᠭ᠎ᠤᠨ ᠡᠮᠦᠨ᠎ᠡ ᠬᠢᠵᠢᠭ᠎ᠤᠨ ᠪᠠᠶ᠋ᠢᠴᠠᠭ᠋ᠠᠯᠲᠠ ᠬᠢᠯᠭᠡᠬᠦ᠎ᠪᠠᠷ ᠮᠡᠳᠡᠭᠦᠯᠦᠯᠭᠡ ᠥᠭᠬᠦ ᠬᠡᠷᠡᠭᠲᠡᠢ᠃
      ᠭᠤᠴᠢᠨ ᠭᠤᠷᠪᠠᠳᠤᠭ᠋ᠠᠷ ᠵᠦᠢ᠍ᠯ     ᠵᠡᠷᠯᠢᠭ ᠠᠮᠢᠲᠠᠳ᠎ᠢ ᠬᠠᠤᠯᠢ ᠶᠣᠰᠣ᠎ᠪᠠᠷ ᠠᠩᠨᠠᠬᠤ᠎ᠳᠤ ᠠᠩᠨᠠᠬᠤ᠎ᠠᠴᠠ ᠡᠮᠦᠨ᠎ᠡ ᠭᠤᠷᠪᠠᠨ ᠬᠤᠨᠤᠭ᠎ᠤᠨ ᠳᠣᠲᠣᠷ᠎ᠠ ᠠᠩᠨᠠᠬᠤ ᠭᠠᠵᠠᠷ᠎ᠤᠨ ᠬᠤᠰᠢᠭᠤ ᠰᠢᠶᠠᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠳᠤ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠦᠯᠭᠡ ᠥᠭᠬᠦ ᠬᠡᠷᠡᠭᠲᠡᠢ᠃
      ᠭᠤᠴᠢᠨ ᠳᠥᠷᠪᠡᠳᠦᠭᠡᠷ ᠵᠦᠢ᠍ᠯ     ᠬᠢᠵᠢᠭ᠎ᠤᠨ ᠪᠠᠶ᠋ᠢᠴᠠᠭ᠋ᠠᠯᠲᠠ ᠬᠢᠬᠦ ᠵᠢ ᠬᠦᠰᠡᠭᠴᠢᠳ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠦᠯᠭᠡ ᠵᠢᠨ ᠬᠠᠭᠤᠳᠠᠰᠤ ᠵᠢ ᠲᠤᠰᠢᠶᠠᠨ᠎ᠠ᠃ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠠᠯᠤᠰᠯᠠᠵᠤ ᠰᠦᠨ ᠬᠡᠷᠡᠭᠯᠡᠭᠡᠨ᠎ᠤ ᠠᠮᠢᠲᠠᠨ᠂ ᠦᠷ᠎ᠡ ᠵᠢᠨ ᠬᠡᠷᠡᠭᠯᠡᠭᠡᠨ᠎ᠤ ᠠᠮᠢᠲᠠᠨ ᠵᠢᠴᠢ ᠦᠷ᠎ᠡ ᠵᠢᠨ ᠰᠢᠩᠭᠡᠨ᠂ ᠦᠷ᠎ᠡ ᠬᠥᠪᠥᠷᠡᠯ᠂ ᠦᠷ᠎ᠡ ᠵᠢᠨ ᠥᠨᠳᠡᠭᠡ ᠲᠡᠭᠡᠭᠡᠪᠦᠷᠢᠯᠡᠬᠦ᠎ᠳᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠠᠴᠠ ᠣᠯᠭᠤᠭᠰᠠᠨ ᠮᠤᠵᠢ᠂ ᠥᠪᠡᠷᠳᠡᠭᠡᠨ ᠵᠠᠰᠠᠬᠤ ᠤᠷᠤᠨ ᠠᠯᠤᠰᠯᠠᠵᠤ ᠰᠦᠨ ᠬᠡᠷᠡᠭᠯᠡᠭᠡᠨ᠎ᠤ ᠠᠮᠢᠲᠠᠨ᠂ ᠦᠷ᠎ᠡ ᠵᠢᠨ ᠬᠡᠷᠡᠭᠯᠡᠭᠡᠨ᠎ᠤ ᠠᠮᠢᠲᠠᠨ ᠲᠡᠭᠡᠭᠡᠪᠦᠷᠢᠯᠡᠬᠦ ᠵᠢ ᠵᠥᠪᠰᠢᠶᠡᠷᠡᠭᠰᠡᠨ ᠮᠠᠶᠢᠭᠲᠦ ᠵᠢ ᠲᠤᠰᠢᠶᠠᠬᠤ ᠬᠡᠷᠡᠭᠲᠡᠢ᠃ ᠬᠢᠵᠢᠭ᠎ᠤᠨ ᠪᠠᠶ᠋ᠢᠴᠠᠭ᠋ᠠᠯᠲᠠ ᠬᠢᠬᠦ ᠡᠷᠭᠦᠳᠡᠯ᠎ᠢ ᠮᠡᠳᠡᠭᠦᠯᠭᠡ ᠵᠢᠨ ᠴᠡᠭ᠎ᠲᠤ ᠬᠦᠷᠴᠦ ᠬᠦᠰᠦᠨᠦᠭᠲᠦ ᠲᠠᠭᠯᠠᠬᠤ᠂ ᠹᠠᠺᠰ᠂ ᠤᠲᠠᠰᠤ᠎ᠪᠠᠷ ᠮᠡᠳᠡᠭᠳᠡᠵᠦ ᠡᠷᠭᠦᠳᠡᠯ ᠭᠠᠷᠭ᠋ᠠᠵᠤ ᠪᠣᠯᠣᠨ᠎ᠠ᠃ ᠤᠲᠠᠰᠤ᠎ᠪᠠᠷ ᠡᠷᠭᠦᠳᠡᠯ ᠭᠠᠷᠭ᠋ᠠᠭᠴᠢᠳ ᠭᠠᠵᠠᠷ᠎ᠲᠤ᠎ᠨᠢ ᠬᠦᠷᠴᠦ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠦᠯᠭᠡ ᠵᠢᠨ ᠬᠠᠭᠤᠳᠠᠰᠤ ᠵᠢ ᠲᠠᠭᠯᠠᠬᠤ ᠬᠡᠷᠡᠭᠲᠡᠢ᠃
      ᠭᠤᠴᠢᠨ ᠲᠠᠪᠤᠳᠤᠭ᠋ᠠᠷ ᠵᠦᠢ᠍ᠯ     ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ ᠬᠢᠵᠢᠭ ᠪᠠᠶ᠋ᠢᠴᠠᠭ᠋ᠠᠯᠲᠠ ᠵᠢᠨ ᠮᠡᠳᠡᠭᠦᠯᠭᠡ ᠵᠢ ᠠᠪᠴᠤ ᠬᠡᠯᠡᠯᠴᠡᠭᠰᠡᠨ᠎ᠤ ᠳᠠᠷᠠᠭ᠎ᠠ ᠠᠯᠪᠠᠨ ᠲᠠᠯ᠎ᠠ ᠵᠢᠨ ᠮᠠᠯ᠎ᠤᠨ ᠡᠮᠴᠢ ᠲᠣᠮᠢᠯᠠᠵᠤ ᠭᠠᠵᠠᠷ᠎ᠲᠤ᠎ᠨᠢ ᠪᠤᠶᠤ ᠲᠣᠭᠲᠠᠭᠰᠠᠨ ᠴᠡᠭ᠎ᠲᠤ ᠬᠦᠷᠴᠦ ᠬᠢᠵᠢᠭ᠎ᠤᠨ ᠪᠠᠶ᠋ᠢᠴᠠᠭ᠋ᠠᠯᠲᠠ ᠬᠢᠨ᠎ᠡ᠃ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠪᠣᠯ ᠬᠢᠷᠢ᠎ᠳᠤ ᠬᠦᠷᠦᠭᠰᠡᠨ ᠭᠡᠷᠡᠴᠢᠯᠡᠭᠡ ᠣᠯᠭᠤᠵᠤ ᠬᠢᠵᠢᠭ ᠪᠠᠶ᠋ᠢᠴᠠᠭ᠋ᠠᠯᠲᠠ ᠵᠢᠨ ᠢᠯᠡᠷᠬᠡᠶ᠋ᠢᠯᠡᠯ ᠬᠠᠳᠠᠬᠤ ᠬᠡᠷᠡᠭᠲᠡᠢ᠃ ᠪᠠᠶ᠋ᠢᠴᠠᠭ᠋ᠠᠯᠲᠠ᠎ᠳᠤ ᠬᠢᠷᠢ ᠬᠦᠷᠦᠭᠰᠡᠨ ᠦᠭᠡᠢ ᠪᠣᠯ ᠪᠠᠷᠠᠭ᠋ᠠᠨ᠎ᠤ ᠡᠵᠡᠨ᠎ᠢ ᠬᠢᠨᠠᠯᠲᠠ᠎ᠳᠠᠭᠠᠨ ᠠᠪᠴᠤ ᠤᠯᠤᠰ᠎ᠤᠨ ᠬᠤᠯᠪᠣᠭ᠎ᠠ᠎ᠲᠠᠢ ᠲᠧᠭᠨᠢᠭ᠎ᠤᠨ ᠦᠵᠡᠭᠦᠯᠦᠯᠲᠡ ᠵᠢᠨ ᠳᠠᠭ᠋ᠠᠤ ᠠᠰᠠᠭᠤᠳᠠᠯ᠎ᠢ ᠰᠢᠢ᠍ᠳᠦᠨ᠎ᠡ᠃ ᠮᠡᠳᠡᠭᠦᠯᠭᠡ ᠵᠢ ᠠᠪᠴᠤ ᠬᠡᠯᠡᠯᠴᠡᠭᠰᠡᠨ ᠦᠭᠡᠢ ᠪᠣᠯ ᠤᠴᠢᠷ ᠰᠢᠯᠲᠠᠭ᠋ᠠᠨ᠎ᠢ ᠪᠢᠴᠢᠭ ᠵᠶ᠋ᠠᠷ ᠮᠡᠳᠡᠭᠳᠡᠨ᠎ᠡ᠃ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠠᠷᠠᠯᠵᠢᠶᠠᠯᠠᠬᠤ ᠪᠤᠶᠤ ᠲᠡᠭᠡᠭᠡᠪᠦᠷᠢᠯᠡᠬᠦ᠎ᠳᠤ ᠠᠮᠢᠲᠠᠨ᠎ᠤ ᠬᠢᠵᠢᠭ ᠲᠠᠬᠤᠯ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ ᠠᠪᠤᠭᠰᠠᠨ ᠬᠤᠶ᠋ᠢᠨ᠎ᠠ ᠤᠭ ᠭᠠᠵᠠᠷ᠎ᠠᠴᠠ ᠬᠥᠳᠡᠯᠵᠦ ᠪᠣᠯᠣᠨ᠎ᠠ᠃
      ᠭᠤᠴᠢᠨ ᠵᠢᠷᠭᠤᠳᠤᠭ᠋ᠠᠷ ᠵᠦᠢ᠍ᠯ     ᠥᠪᠡᠷᠳᠡᠭᠡᠨ ᠵᠠᠰᠠᠬᠤ ᠤᠷᠤᠨ᠎ᠠᠴᠠ ᠭᠠᠭ᠍ᠠᠢ᠂ ᠦᠬᠡᠷ᠂ ᠬᠤᠨᠢ ᠢᠮᠠᠭ᠎ᠠ᠂ ᠰᠢᠪᠠᠭᠤᠨ᠎ᠤ ᠲᠥᠷᠥᠯ᠎ᠤᠨ ᠠᠮᠢᠲᠠᠳ᠎ᠲᠤ ᠬᠠᠨᠳᠤᠭᠤᠯᠵᠤ ᠲᠣᠭᠲᠠᠭᠰᠠᠨ ᠨᠢᠲᠤᠯᠭ᠋ᠠᠨ᠎ᠤ ᠭᠠᠵᠠᠷ ᠭᠠᠷᠭ᠋ᠠᠬᠤ ᠬᠡᠷᠡᠭᠲᠡᠢ᠃ ᠭᠡᠪᠡᠴᠦ ᠲᠠᠷᠢᠶᠠᠯᠠᠩ ᠮᠠᠯᠵᠢᠬᠤ ᠣᠷᠣᠨ᠎ᠤ ᠥᠪᠡᠷᠲᠡᠭᠡᠨ ᠬᠡᠷᠡᠭᠯᠡᠬᠦ ᠢᠳᠡᠰᠢᠨ᠎ᠤ ᠨᠢᠲᠤᠯᠭ᠎ᠠ ᠪᠠᠭᠲᠠᠬᠤ ᠦᠭᠡᠢ᠃ ᠬᠤᠰᠢᠭᠤ ᠰᠢᠶᠠᠨ᠎ᠤ ᠳᠡᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ ᠲᠣᠭᠲᠠᠭᠰᠠᠨ ᠨᠢᠲᠤᠯᠭ᠋ᠠᠨ᠎ᠤ ᠭᠠᠵᠠᠷ᠎ᠲᠤ ᠬᠢᠵᠢᠭ ᠲᠠᠬᠤᠯ᠎ᠤᠨ ᠪᠠᠶ᠋ᠢᠴᠠᠭ᠋ᠠᠯᠲᠠ ᠵᠢ ᠲᠥᠪᠯᠡᠷᠡᠭᠦᠯᠦᠨ ᠭᠦᠢ᠍ᠴᠡᠳᠬᠡᠬᠦ ᠠᠯᠪᠠᠨ ᠶᠣᠰᠣᠨ᠎ᠤ ᠮᠠᠯ᠎ᠤᠨ ᠡᠮᠴᠢ ᠲᠣᠬᠢᠷᠠᠭᠤᠯᠤᠭᠰᠠᠨ ᠪᠠᠶ᠋ᠢᠬᠤ ᠬᠡᠷᠡᠭᠲᠡᠢ᠃
      ᠭᠤᠴᠢᠨ ᠳᠣᠯᠣᠳᠤᠭ᠋ᠠᠷ ᠵᠦᠢ᠍ᠯ     ᠬᠢᠵᠢᠭ ᠪᠠᠶ᠋ᠢᠴᠠᠭ᠋ᠠᠯᠲᠠ᠎ᠳᠤ ᠬᠢᠷᠢ᠎ᠳᠤ ᠬᠦᠷᠦᠭᠰᠡᠨ ᠮᠢᠬᠠᠨ ᠲᠥᠷᠥᠯ᠎ᠤᠨ ᠬᠦᠨᠡᠰᠦᠨ᠎ᠤ ᠪᠦᠲᠦᠭᠡᠭᠳᠡᠬᠦᠨ᠎ᠢ ᠪᠥᠭᠡᠮ ᠵᠶ᠋ᠠᠷ ᠪᠣᠯᠣᠨ ᠵᠢᠵᠢᠭᠯᠡᠨ ᠬᠤᠳᠠᠯᠳᠤᠬᠤ ᠵᠠᠬ᠎ᠠ ᠪᠤᠶᠤ ᠦᠢ᠍ᠯᠡᠳᠪᠦᠷᠢᠯᠡᠯ ᠪᠣᠯᠪᠠᠰᠤᠷᠠᠭᠤᠯᠤᠯᠲᠠ ᠵᠢᠨ ᠠᠵᠤ ᠠᠬᠤᠶ᠋ᠢᠯᠠᠯ᠎ᠳᠤ ᠣᠷᠣᠭᠤᠯᠤᠭᠰᠠᠨ ᠬᠤᠶ᠋ᠢᠨ᠎ᠠ ᠰᠢᠭᠤᠳ ᠭᠠᠵᠠᠷ ᠨᠤᠲᠤᠭ᠎ᠲᠠᠭᠠᠨ ᠬᠤᠪᠢᠶᠠᠨ ᠪᠣᠷᠣᠯᠠᠭᠤᠯᠬᠤ ᠪᠤᠶᠤ ᠨᠥᠭᠡᠴᠡᠯᠡᠵᠦ ᠬᠠᠳᠠᠭ᠋ᠠᠯᠠᠭᠰᠠᠨ ᠬᠤᠶ᠋ᠢᠨ᠎ᠠ ᠦᠷᠭᠦᠯᠵᠢᠯᠡᠨ ᠲᠡᠭᠡᠭᠡᠪᠦᠷᠢᠯᠡᠬᠦ ᠪᠤᠶᠤ ᠲᠠᠷᠬᠠᠨ ᠪᠣᠷᠣᠯᠠᠭᠤᠯᠪᠠᠯ ᠪᠠᠷᠠᠭ᠋ᠠᠨ᠎ᠤ ᠡᠵᠡᠨ᠎ᠨᠢ ᠬᠤᠳᠠᠯᠳᠤᠨ ᠠᠪᠤᠭᠴᠢ᠎ᠳᠤ ᠬᠢᠵᠢᠭ᠎ᠤᠨ ᠪᠠᠶ᠋ᠢᠴᠠᠭ᠋ᠠᠯᠲᠠ ᠵᠢᠨ ᠯᠠᠪᠯᠠᠭ᠋ᠠᠨ᠎ᠤ ᠡᠷᠬᠡ ᠵᠢᠨ ᠪᠢᠴᠢᠭ ᠣᠯᠭᠤᠨ᠎ᠠ᠃

      ᠲᠠᠪᠤᠳᠤᠭ᠋ᠠᠷ ᠪᠦᠯᠦᠭ     ᠠᠮᠢᠲᠠᠨ᠎ᠤ ᠣᠨᠣᠰᠢᠯᠠᠨ ᠵᠠᠰᠠᠯᠲᠠ

      ᠭᠤᠴᠢᠨ ᠨᠠᠢ᠍ᠮᠠᠳᠤᠭ᠋ᠠᠷ ᠵᠦᠢ᠍ᠯ     ᠥᠪᠡᠷᠳᠡᠭᠡᠨ ᠵᠠᠰᠠᠬᠤ ᠤᠷᠤᠨ᠎ᠠᠴᠠ ᠵᠥᠪᠰᠢᠶᠡᠷᠡᠯ᠎ᠤᠨ ᠳᠠᠭ᠋ᠠᠤ ᠠᠮᠢᠲᠠᠨ᠎ᠤ ᠡᠮᠴᠢᠯᠡᠭᠡᠨ᠎ᠤ ᠲᠣᠭᠲᠠᠯᠴᠠᠭ᠎ᠠ ᠵᠢ ᠪᠤᠢ ᠪᠣᠯᠭ᠋ᠠᠬᠤ ᠬᠡᠷᠡᠭᠲᠡᠢ᠃ ᠠᠮᠢᠲᠠᠨ᠎ᠤ ᠡᠮᠴᠢᠯᠡᠭᠡ ᠬᠢᠬᠦ ᠪᠠᠶ᠋ᠢᠭᠤᠯᠤᠮᠵᠢ᠎ᠨᠢ ᠬᠠᠤᠯᠢ ᠵᠢᠨ ᠨᠥᠬᠦᠴᠡᠯ ᠪᠣᠯᠣᠮᠵᠢ ᠵᠢ ᠪᠦᠷᠢᠳᠦᠭᠦᠯᠵᠦ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠭ᠎ᠠ ᠵᠢᠨ ᠲᠠᠷᠬᠠᠭᠰᠠᠨ ᠠᠮᠢᠲᠠᠨ᠎ᠤ ᠡᠮᠴᠢᠯᠡᠭᠡᠨ᠎ᠤ ᠭᠡᠷᠡᠴᠢᠯᠡᠭᠡ ᠵᠢ ᠠᠪᠬᠤ ᠵᠢᠨ ᠳᠠᠭ᠋ᠠᠤ ᠲᠣᠭᠲᠠᠭᠰᠠᠨ ᠡᠮᠴᠢᠯᠡᠭᠡᠨ᠎ᠤ ᠦᠢ᠍ᠯᠡ ᠠᠵᠢᠯᠯᠠᠭ᠋ᠠᠨ᠎ᠤ ᠬᠦᠷᠢᠶᠡᠨ᠎ᠳᠤ ᠡᠮᠴᠢᠯᠡᠭᠡ ᠵᠢ ᠶᠠᠪᠤᠭᠳᠠᠭᠤᠯᠬᠤ ᠬᠡᠷᠡᠭᠲᠡᠢ᠃
      ᠭᠤᠴᠢᠨ ᠶᠢᠰᠦᠳᠦᠭᠡᠷ ᠵᠦᠢ᠍ᠯ     ᠨᠢᠭᠡᠨᠲᠡ ᠪᠦᠷᠢᠳᠬᠡᠭᠦᠯᠦᠭᠰᠡᠨ ᠮᠡᠷᠭᠡᠵᠢᠯ᠎ᠤᠨ ᠮᠠᠯ᠎ᠤᠨ ᠡᠮᠴᠢ᠂ ᠮᠠᠯ ᠠᠮᠢᠲᠠᠨ᠎ᠢ ᠣᠨᠣᠰᠢᠯᠠᠨ ᠵᠠᠰᠠᠵᠤ ᠡᠮᠴᠢᠯᠡᠭᠡᠨ᠎ᠤ ᠦᠢ᠍ᠯᠡ ᠠᠵᠢᠯᠯᠠᠭ᠎ᠠ ᠬᠢᠵᠦ ᠪᠣᠯᠣᠨ᠎ᠠ᠃ ᠬᠥᠳᠡᠭᠡ ᠲᠣᠰᠬᠤᠨ᠎ᠤ ᠮᠠᠯ᠎ᠤᠨ ᠡᠮᠴᠢ ᠰᠤᠮᠤ᠂ ᠰᠢᠶᠠᠩ᠂ ᠪᠠᠯᠭ᠋ᠠᠰᠤ᠂ ᠭᠠᠴᠠᠭ᠎ᠠ ᠲᠣᠰᠬᠤᠨ᠎ᠳᠤ ᠮᠠᠯ ᠠᠮᠢᠲᠠᠨ᠎ᠤ ᠡᠮᠴᠢᠯᠡᠭᠡ ᠬᠢᠬᠦ ᠭᠡᠪᠡᠯ ᠤᠯᠤᠰ᠎ᠤᠨ ᠬᠤᠯᠪᠣᠭᠳᠠᠬᠤ ᠬᠠᠤᠯᠢ ᠵᠦᠢ ᠵᠢᠨ ᠳᠠᠭ᠋ᠠᠤ ᠪᠦᠷᠢᠳᠬᠡᠭᠦᠯᠬᠦ ᠬᠡᠷᠡᠭᠲᠡᠢ᠃
      ᠳᠥᠴᠢᠳᠦᠭᠡᠷ ᠵᠦᠢ᠍ᠯ     ᠪᠠᠶ᠋ᠢᠭᠤᠯᠭ᠎ᠠ ᠨᠢᠭᠡᠴᠢ ᠮᠠᠯ ᠡᠮᠨᠡᠯᠭᠡ ᠵᠢᠨ ᠬᠤᠯᠪᠣᠭ᠎ᠠ᠎ᠲᠠᠢ ᠲᠧᠭᠨᠢᠭ᠎ᠤᠨ ᠦᠵᠡᠭᠦᠯᠦᠯᠲᠡ ᠵᠢ ᠴᠢᠩᠭ᠎ᠠ ᠮᠥᠷᠳᠡᠵᠦ᠂ ᠤᠯᠤᠰ᠎ᠠᠴᠠ ᠲᠣᠭᠲᠠᠭ᠋ᠠᠭᠰᠠᠨ ᠮᠠᠯ᠎ᠤᠨ ᠡᠮ ᠪᠣᠯᠣᠨ ᠮᠠᠯ ᠡᠮᠨᠡᠯᠭᠡ ᠵᠢᠨ ᠲᠥᠬᠦᠭᠡᠷᠦᠮᠵᠢ ᠵᠢ ᠬᠡᠷᠡᠭᠯᠡᠵᠦ᠂ ᠡᠮᠴᠢᠯᠡᠭᠡᠨ᠎ᠤ ᠦᠢ᠍ᠯᠡ ᠠᠵᠢᠯᠯᠠᠭ᠋ᠠᠨ᠎ᠤ ᠳᠤᠮᠳᠠ ᠡᠷᠡᠭᠦᠯ ᠬᠠᠮᠠᠭ᠋ᠠᠯᠠᠯ᠎ᠤᠨ ᠠᠶᠤᠯ ᠦᠭᠡᠢ ᠪᠠᠶ᠋ᠢᠳᠠᠯ᠎ᠢ ᠪᠠᠲᠤᠯᠠᠵᠤ᠂ ᠠᠷᠢᠭᠤᠳᠬᠠᠬᠤ᠂ ᠲᠤᠰᠠᠭ᠋ᠠᠷᠯᠠᠬᠤ᠂ ᠡᠮᠴᠢᠯᠡᠭᠡᠨ᠎ᠤ ᠬᠠᠶᠠᠭᠳᠠᠯ ᠪᠣᠳᠠᠰ᠎ᠢ ᠰᠢᠢ᠍ᠳᠪᠦᠷᠢᠯᠡᠬᠦ ᠪᠣᠯᠣᠨ ᠡᠮᠴᠢᠯᠡᠭᠡᠨ᠎ᠤ ᠲᠡᠮᠳᠡᠭᠯᠡᠯ᠎ᠢ ᠰᠠᠶ᠋ᠢᠲᠤᠷ ᠬᠢᠬᠦ ᠬᠡᠷᠡᠭᠲᠡᠢ᠃
      ᠳᠥᠴᠢᠨ ᠨᠢᠭᠡᠳᠦᠭᠡᠷ ᠵᠦᠢ᠍ᠯ     ᠪᠠᠶ᠋ᠢᠭᠤᠯᠭ᠎ᠠ ᠨᠢᠭᠡᠴᠢ ᠳᠠᠷᠠᠭ᠋ᠠᠬᠢ ᠦᠢ᠍ᠯᠡᠳᠦᠯ᠎ᠢ ᠬᠢᠵᠦ ᠪᠣᠯᠬᠤ ᠦᠭᠡᠢ᠄
     (ᠨᠢᠭᠡ) ᠮᠡᠷᠭᠡᠵᠢᠯ᠎ᠤᠨ ᠮᠠᠯ᠎ᠤᠨ ᠡᠮᠴᠢ ᠵᠢ ᠤᠷᠢᠵᠤ ᠠᠵᠢᠯᠯᠠᠭᠤᠯᠬᠤ ᠬᠢᠷᠢ ᠬᠡᠮ᠎ᠤᠨ ᠵᠥᠪᠰᠢᠶᠡᠷᠡᠯ᠎ᠢ ᠣᠯᠵᠤ ᠠᠪᠤᠭ᠎ᠠ ᠦᠭᠡᠢ ᠪᠤᠶᠤ ᠪᠦᠷᠢᠳᠬᠡᠵᠦ ᠲᠡᠮᠳᠡᠭᠯᠡᠭᠦᠯᠦᠭᠡ ᠦᠭᠡᠢ ᠬᠥᠮᠥᠨ ᠵᠶ᠋ᠠᠷ ᠠᠮᠢᠲᠠᠨ ᠮᠠᠯ᠎ᠤᠨ ᠡᠮᠴᠢᠯᠡᠭᠡᠨ᠎ᠤ ᠦᠢ᠍ᠯᠡ ᠠᠵᠢᠯᠯᠠᠭ᠎ᠠ ᠶᠠᠪᠤᠭᠤᠯᠬᠤ᠃
     (ᠬᠤᠶᠠᠷ) ᠰᠠᠨᠠᠭ᠋ᠠᠨ ᠳᠤᠷ᠎ᠠ᠎ᠪᠠᠷ ᠡᠪᠡᠳᠴᠢᠯᠡᠵᠦ ᠦᠬᠦᠭᠰᠡᠨ ᠠᠮᠢᠲᠠᠨ᠂ ᠠᠮᠢᠲᠠᠨ᠎ᠤ ᠡᠮᠭᠡᠭ ᠪᠤᠶᠤ ᠡᠮᠴᠢᠯᠡᠭᠡᠨ᠎ᠤ ᠬᠠᠶᠠᠭᠳᠠᠯ ᠵᠦᠢ᠍ᠯ᠎ᠢ ᠬᠠᠶᠠᠬᠤ᠃
     (ᠭᠤᠷᠪᠠ) ᠠᠷᠢᠭᠤᠳᠬᠠᠯ ᠬᠢᠭᠡ ᠦᠭᠡᠢ ᠪᠤᠶᠤ ᠬᠢᠭᠰᠡᠨ ᠴᠦ᠍ ᠪᠠᠷᠢᠮᠵᠢᠶᠠᠨ᠎ᠳᠤ ᠨᠡᠶ᠋ᠢᠴᠡᠬᠦ ᠦᠭᠡᠢ ᠡᠮᠴᠢᠯᠡᠭᠡᠨ᠎ᠤ ᠪᠣᠬᠢᠷ ᠤᠰᠤ ᠵᠢ ᠳᠤᠷ᠎ᠠ᠎ᠪᠠᠷ ᠲᠠᠯᠪᠢᠬᠤ᠃
     (ᠳᠥᠷᠪᠡ) ᠬᠠᠭᠤᠷᠮᠠᠭ᠂ ᠴᠢᠨᠠᠷ ᠮᠠᠭᠤ ᠮᠠᠯ᠎ᠤᠨ ᠡᠮ ᠪᠣᠯᠣᠨ ᠤᠯᠤᠰ᠎ᠠᠴᠠ ᠬᠤᠷᠢᠭᠯᠠᠭᠰᠠᠨ ᠡᠮ᠎ᠤᠨ ᠪᠦᠲᠦᠭᠡᠭᠳᠡᠬᠦᠨ ᠵᠢᠴᠢ ᠪᠤᠰᠤᠳ ᠬᠢᠮᠢ ᠵᠢᠨ ᠨᠡᠶ᠋ᠢᠯᠡᠭ ᠪᠣᠳᠠᠰ᠎ᠢ ᠬᠡᠷᠡᠭᠯᠡᠬᠦ᠃
     (ᠲᠠᠪᠤ) ᠬᠠᠤᠯᠢ ᠲᠣᠭᠲᠠᠭ᠋ᠠᠮᠵᠢ᠎ᠳᠤ ᠵᠢᠭ᠋ᠠᠭᠰᠠᠨ ᠮᠠᠯ᠎ᠤᠨ ᠵᠣᠷᠢᠭᠤᠯᠤᠯᠲᠠ᠎ᠲᠠᠢ ᠪᠢᠣᠯᠣᠭᠢ ᠵᠢᠨ ᠪᠦᠲᠦᠭᠡᠭᠳᠡᠬᠦᠨ᠎ᠢ ᠬᠡᠷᠡᠭᠯᠡᠬᠦ ᠪᠤᠶᠤ ᠡᠵᠡᠩᠨᠡᠬᠦ᠃
     (ᠵᠢᠷᠭᠤᠭ᠎ᠠ) ᠡᠮᠴᠢᠯᠡᠭᠡᠨ᠎ᠤ ᠪᠣᠯᠣᠨ ᠡᠮ ᠬᠡᠷᠡᠭᠯᠡᠭᠰᠡᠨ ᠲᠡᠮᠳᠡᠭᠯᠡᠯ ᠪᠠᠶ᠋ᠢᠬᠤ ᠦᠭᠡᠢ᠃
     (ᠳᠣᠯᠤᠭ᠎ᠠ) ᠪᠤᠰᠤᠳ ᠬᠠᠤᠯᠢ᠂ ᠬᠠᠤᠯᠢ ᠲᠣᠭᠲᠠᠭ᠋ᠠᠮᠵᠢ᠂ ᠳᠦᠷᠢᠮ ᠭᠤᠷᠢᠮ ᠵᠥᠷᠢᠴᠡᠭᠰᠡᠨ ᠠᠵᠢᠯᠯᠠᠭ᠎ᠠ ᠪᠠᠶ᠋ᠢᠵᠤ ᠪᠣᠯᠬᠤ ᠦᠭᠡᠢ᠃
      ᠳᠥᠴᠢᠨ ᠬᠤᠶᠠᠳᠤᠭ᠋ᠠᠷ ᠵᠦᠢ᠍ᠯ     ᠪᠠᠶ᠋ᠢᠭᠤᠯᠭ᠎ᠠ ᠨᠢᠭᠡᠴᠢ ᠵᠢᠨ ᠪᠣᠯᠣᠨ ᠬᠥᠳᠡᠭᠡ ᠲᠣᠰᠬᠤᠨ᠎ᠤ ᠮᠠᠯ᠎ᠤᠨ ᠡᠮᠴᠢ᠎ᠠᠴᠠ ᠮᠠᠯ ᠠᠮᠢᠲᠠᠨ᠎ᠢ ᠬᠢᠵᠢᠭ᠎ᠤᠨ ᠬᠠᠯᠳᠠᠪᠤᠷᠢ ᠠᠪᠤᠭᠰᠠᠨ ᠪᠤᠶᠤ ᠬᠢᠵᠢᠭ᠎ᠤᠨ ᠬᠠᠯᠳᠠᠪᠤᠷᠢ ᠠᠪᠤᠭᠰᠠᠨ ᠰᠡᠵᠢᠭ᠎ᠲᠠᠢ ᠪᠠᠶ᠋ᠢᠳᠠᠯ᠎ᠢ ᠢᠯᠡᠷᠡᠭᠦᠯᠦᠭᠰᠡᠨ ᠪᠣᠯ ᠴᠠᠭ ᠲᠤᠬᠠᠢ᠎ᠳᠤ᠎ᠨᠢ ᠪᠠᠶ᠋ᠢᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠ᠂ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ ᠪᠤᠶᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠪᠠᠶ᠋ᠢᠭᠤᠯᠤᠮᠵᠢ᠎ᠳᠤ ᠮᠡᠳᠡᠭᠦᠯᠵᠦ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠬᠠᠭᠤᠯᠵᠤ᠂ ᠠᠮᠢᠲᠠᠨ᠎ᠤ ᠬᠢᠵᠢᠭ ᠲᠠᠬᠤᠯ᠎ᠤᠨ ᠳᠡᠯᠭᠡᠷᠡᠬᠦ ᠵᠢ ᠰᠡᠷᠭᠡᠶ᠋ᠢᠯᠡᠪᠡᠯ ᠵᠣᠬᠢᠨ᠎ᠠ᠃ ᠪᠠᠶ᠋ᠢᠭᠤᠯᠭ᠎ᠠ ᠨᠢᠭᠡᠴᠢ ᠵᠢᠨ ᠪᠣᠯᠣᠨ ᠬᠥᠳᠡᠭᠡ ᠲᠣᠰᠬᠤᠨ᠎ᠤ ᠮᠠᠯ᠎ᠤᠨ ᠡᠮᠴᠢ᠎ᠠᠴᠠ ᠤᠯᠤᠰ᠎ᠠᠴᠠ ᠲᠣᠭᠲᠠᠭ᠋ᠠᠭᠰᠠᠨ ᠠᠯᠠᠨ ᠤᠰᠠᠳᠬᠠᠪᠠᠯ ᠵᠣᠬᠢᠬᠤ ᠬᠢᠵᠢᠭ ᠲᠠᠬᠤᠯ ᠠᠪᠤᠭᠰᠠᠨ ᠮᠠᠯ ᠠᠮᠢᠲᠠᠨ ᠪᠤᠶᠤ ᠬᠠᠯᠳᠠᠪᠤᠷᠢ ᠠᠪᠤᠭᠰᠠᠨ ᠰᠡᠵᠢᠭ᠎ᠲᠠᠢ ᠪᠠᠶ᠋ᠢᠭ᠎ᠠ ᠮᠠᠯ ᠠᠮᠢᠲᠠᠨ᠎ᠢ ᠥᠪᠡᠷ᠎ᠤᠨ ᠳᠤᠷ᠎ᠠ᠎ᠪᠠᠷ ᠵᠶ᠋ᠠᠨ ᠡᠮᠨᠡᠵᠦ ᠪᠣᠯᠬᠤ ᠦᠭᠡᠢ᠃

    ᠵᠢᠷᠭᠤᠳᠤᠭ᠋ᠠᠷ ᠪᠦᠯᠦᠭ     ᠠᠮᠢᠲᠠᠨ ᠪᠣᠯᠣᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠲᠡᠭᠡᠭᠡᠪᠦᠷᠢᠯᠡᠬᠦ᠎ᠳᠤ ᠲᠠᠯᠪᠢᠬᠤ ᠬᠢᠵᠢᠭ ᠲᠠᠬᠤᠯ᠎ᠢ ᠤᠷᠢᠳᠴᠢᠯᠠᠨ ᠰᠡᠷᠭᠡᠶ᠋ᠢᠯᠡᠯᠲᠡ

      ᠳᠥᠴᠢᠨ ᠭᠤᠷᠪᠠᠳᠤᠭ᠋ᠠᠷ ᠵᠦᠢ᠍ᠯ     ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠪᠣᠯᠣᠨ ᠬᠢᠵᠢᠭ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠵᠦ᠂ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠲᠡᠭᠡᠭᠡᠪᠦᠷᠢᠯᠡᠬᠦ ᠲᠣᠭᠲᠠᠭᠰᠠᠨ ᠭᠠᠷᠴᠠ᠂ ᠵᠠᠮ᠎ᠤᠨ ᠠᠭᠤᠯᠵᠠᠷ᠎ᠲᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠨ ᠰᠢᠯᠭ᠋ᠠᠬᠤ ᠥᠷᠲᠡᠭᠡ ᠵᠢ ᠪᠠᠶ᠋ᠢᠭᠤᠯᠵᠤ ᠨᠡᠶ᠋ᠢᠭᠡᠮ ᠨᠡᠶ᠋ᠢᠲᠡ᠎ᠳᠤ ᠵᠠᠷᠯᠠᠬᠤ ᠬᠡᠷᠡᠭᠲᠡᠢ᠃ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠤᠯᠤᠰ᠎ᠤᠨ ᠬᠤᠯᠪᠣᠭᠳᠠᠯ ᠪᠦᠬᠦᠢ ᠳᠦᠷᠢᠮ ᠲᠣᠭᠲᠠᠭ᠋ᠠᠯ᠎ᠢ ᠦᠨᠳᠦᠰᠦᠯᠡᠵᠦ᠂ ᠲᠣᠭᠲᠠᠭᠰᠠᠨ ᠭᠠᠷᠴᠠ᠎ᠲᠠᠢ ᠵᠠᠮ᠂ ᠲᠡᠮᠦᠷ ᠵᠠᠮ᠂ ᠤᠰᠤᠨ ᠲᠡᠭᠡᠭᠡᠪᠦᠷᠢ᠂ ᠠᠭ᠋ᠠᠷ᠎ᠤᠨ ᠲᠡᠭᠡᠭᠡᠪᠦᠷᠢ ᠵᠢᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠨ ᠰᠢᠯᠭ᠋ᠠᠬᠤ ᠥᠷᠲᠡᠭᠡ ᠵᠢ ᠳᠦᠷᠢᠮᠵᠢᠯ᠎ᠤᠨ ᠳᠠᠭ᠋ᠠᠤ ᠪᠠᠶ᠋ᠢᠭᠤᠯᠬᠤ ᠬᠡᠷᠡᠭᠲᠡᠢ᠃
      ᠳᠥᠴᠢᠨ ᠳᠥᠷᠪᠡᠳᠦᠭᠡᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠥᠪᠡᠷᠳᠡᠭᠡᠨ ᠵᠠᠰᠠᠬᠤ ᠤᠷᠤᠨ᠎ᠠᠴᠠ ᠲᠣᠭᠲᠠᠭ᠋ᠠᠭᠰᠠᠨ ᠲᠤᠰᠬᠠᠢ ᠭᠠᠷᠴᠠ᠎ᠲᠠᠢ ᠵᠠᠮ᠎ᠠᠴᠠ ᠪᠤᠰᠤᠳ ᠰᠢᠶᠠᠩ᠎ᠤᠨ ᠳᠡᠰ᠎ᠠᠴᠠ ᠳᠡᠭᠡᠭᠰᠢᠬᠢ ᠥᠪᠡᠷᠳᠡᠭᠡᠨ ᠵᠠᠰᠠᠬᠤ ᠤᠷᠤᠨ᠎ᠤ ᠬᠢᠵᠠᠭ᠋ᠠᠷ᠎ᠤᠨ ᠵᠠᠮ᠎ᠤᠨ ᠠᠭᠤᠯᠵᠠᠷ᠎ᠲᠤ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠲᠡᠭᠡᠭᠡᠪᠦᠷᠢᠯᠡᠬᠦ ᠵᠢ ᠬᠤᠷᠢᠭᠯᠠᠭᠰᠠᠨ ᠢᠯᠡᠷᠬᠡᠶ᠋ᠢᠯᠡᠯ ᠬᠠᠳᠠᠭᠰᠠᠨ ᠪᠠᠶ᠋ᠢᠬᠤ ᠶᠣᠰᠣᠲᠠᠢ᠃
      ᠳᠥᠴᠢᠨ ᠲᠠᠪᠤᠳᠤᠭ᠋ᠠᠷ ᠵᠦᠢ᠍ᠯ     ᠠᠮᠢᠲᠠᠨ ᠬᠢᠭᠡᠳ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠡᠵᠡᠩᠨᠡᠬᠦ᠂ ᠲᠡᠭᠡᠭᠡᠪᠦᠷᠢᠯᠡᠬᠦ ᠵᠡᠷᠭᠡ ᠦᠢ᠍ᠯᠡ ᠠᠵᠢᠯᠯᠠᠭ᠎ᠠ ᠶᠠᠪᠤᠭᠤᠯᠵᠤ ᠪᠠᠶ᠋ᠢᠬᠤ ᠪᠠᠶ᠋ᠢᠭᠤᠯᠭ᠎ᠠ ᠨᠢᠭᠡᠴᠢ ᠪᠣᠯᠣᠨ ᠬᠤᠪᠢ ᠬᠥᠮᠥᠨ᠂ ᠪᠠᠶ᠋ᠢᠭ᠎ᠠ ᠭᠠᠵᠠᠷ ᠣᠷᠣᠨ᠎ᠤ᠎ᠪᠠᠨ ᠬᠤᠰᠢᠭᠤ ᠰᠢᠶᠠᠨ᠎ᠤ ᠳᠡᠰ᠎ᠠᠴᠠ ᠳᠡᠭᠡᠭᠰᠢᠬᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠬᠦᠷᠴᠦ ᠪᠢᠴᠢᠭ ᠵᠶ᠋ᠠᠷ ᠮᠡᠳᠡᠭᠳᠡᠬᠦ ᠬᠡᠷᠡᠭᠲᠡᠢ᠃
      ᠳᠥᠴᠢᠨ ᠵᠢᠷᠭᠤᠳᠤᠭ᠋ᠠᠷ ᠵᠦᠢ᠍ᠯ     ᠥᠪᠡᠷᠳᠡᠭᠡᠨ ᠵᠠᠰᠠᠬᠤ ᠤᠷᠤᠨ᠎ᠤ ᠬᠢᠯᠢ᠎ᠪᠠᠷ ᠠᠮᠢᠲᠠᠨ ᠪᠣᠯᠣᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠣᠷᠣᠭᠤᠯᠬᠤ᠎ᠳᠤ ᠲᠣᠭᠲᠠᠭ᠋ᠠᠭᠰᠠᠨ ᠲᠤᠰᠬᠠᠢ ᠭᠠᠷᠴᠠ᠎ᠲᠠᠢ ᠵᠠᠮ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠨ ᠰᠢᠯᠭ᠋ᠠᠬᠤ ᠥᠷᠲᠡᠭᠡᠨ᠎ᠳᠤ ᠭᠡᠷᠡᠴᠢ ᠪᠠᠷᠢᠮᠲᠠ᠂ ᠡᠳ᠋ ᠵᠦᠢ᠍ᠯ᠂ ᠭᠠᠷ᠎ᠤᠨ ᠦᠰᠦᠭ ᠪᠣᠯᠣᠨ ᠲᠡᠭᠡᠭᠡᠪᠦᠷᠢ ᠵᠢᠨ ᠮᠠᠰᠢᠨ᠎ᠤ ᠠᠷᠢᠭᠤᠳᠬᠠᠯ ᠬᠢᠭᠰᠡᠨ ᠲᠠᠯ᠎ᠠ᠎ᠪᠠᠷ ᠰᠢᠯᠭ᠋ᠠᠨ ᠪᠠᠶ᠋ᠢᠴᠠᠭ᠋ᠠᠯᠲᠠ ᠬᠦᠯᠢᠶᠡᠨ᠎ᠡ᠃ ᠬᠢᠨᠠᠨ ᠪᠠᠶ᠋ᠢᠴᠠᠭ᠋ᠠᠯᠲᠠ ᠪᠤᠶᠤ ᠠᠷᠢᠭᠤᠳᠬᠠᠯ ᠬᠢᠯᠭᠡᠭᠰᠡᠨ ᠦᠭᠡᠢ ᠪᠣᠯ ᠨᠡᠪᠲᠡᠷᠡᠭᠦᠯᠵᠦ ᠪᠣᠯᠬᠤ ᠦᠭᠡᠢ᠃ ᠶᠠᠮᠠᠷ ᠴᠦ᠍ ᠪᠠᠶ᠋ᠢᠭᠤᠯᠭ᠎ᠠ ᠨᠢᠭᠡᠴᠢ᠂ ᠬᠤᠪᠢ ᠬᠥᠮᠥᠨ ᠲᠣᠭᠲᠠᠭᠰᠠᠨ ᠭᠠᠷᠴᠠ᠎ᠳᠠᠬᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠨ ᠰᠢᠯᠭ᠋ᠠᠬᠤ ᠥᠷᠲᠡᠭᠡᠨ᠎ᠤ ᠪᠠᠶ᠋ᠢᠴᠠᠭ᠋ᠠᠯᠲᠠ ᠵᠢ ᠥᠩᠭᠡᠷᠡᠭᠦᠯᠦᠭᠰᠡᠨ ᠦᠭᠡᠢ᠎ᠪᠠᠷ ᠥᠪᠡᠷᠳᠡᠭᠡᠨ ᠵᠠᠰᠠᠬᠤ ᠤᠷᠤᠨ᠎ᠤ ᠬᠢᠯᠢ᠎ᠳᠤ ᠨᠡᠪᠲᠡᠷᠡᠭᠦᠯᠦᠭᠰᠡᠨ ᠠᠮᠢᠲᠠᠨ ᠪᠤᠶᠤ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠢ ᠬᠦᠯᠢᠶᠡᠵᠦ ᠠᠪᠴᠤ ᠪᠣᠯᠬᠤ ᠦᠭᠡᠢ᠃
      ᠳᠥᠴᠢᠨ ᠳᠣᠯᠣᠳᠤᠭ᠋ᠠᠷ ᠵᠦᠢ᠍ᠯ     ᠥᠪᠡᠷᠳᠡᠭᠡᠨ ᠵᠠᠰᠠᠬᠤ ᠤᠷᠤᠨ᠎ᠤ ᠭᠠᠳᠠᠨ᠎ᠠ᠎ᠠᠴᠠ ᠣᠷᠣᠭᠤᠯᠬᠤ ᠰᠦᠨ ᠬᠡᠷᠡᠭᠯᠡᠭᠡᠨ᠎ᠤ ᠠᠮᠢᠲᠠᠨ᠂ ᠦᠷ᠎ᠡ ᠵᠢᠨ ᠬᠡᠷᠡᠭᠯᠡᠭᠡᠨ᠎ᠤ ᠠᠮᠢᠲᠠᠨ ᠪᠣᠯᠣᠨ ᠦᠷ᠎ᠡ ᠵᠢᠨ ᠰᠢᠩᠭᠡᠨ᠂ ᠦᠷ᠎ᠡ ᠬᠥᠪᠥᠷᠡᠯ᠂ ᠦᠷ᠎ᠡ ᠵᠢᠨ ᠥᠨᠳᠡᠭᠡ᠎ᠨᠢ ᠥᠪᠡᠷᠳᠡᠭᠡᠨ ᠵᠠᠰᠠᠬᠤ ᠤᠷᠤᠨ᠎ᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠤ ᠵᠥᠪᠰᠢᠶᠡᠷᠡᠯ᠎ᠢ ᠠᠪᠤᠭᠰᠠᠨ ᠪᠠᠶ᠋ᠢᠬᠤ ᠶᠣᠰᠣᠲᠠᠢ᠃ ᠭᠠᠳᠠᠨ᠎ᠠ᠎ᠠᠴᠠ ᠣᠷᠣᠭᠤᠯᠬᠤ ᠦᠷ᠎ᠡ ᠵᠢᠨ ᠬᠡᠷᠡᠭᠯᠡᠭᠡᠨ᠎ᠤ ᠪᠣᠯᠣᠨ ᠰᠦᠨ ᠬᠡᠷᠡᠭᠯᠡᠭᠡᠨ᠎ᠤ ᠠᠮᠢᠲᠠᠨ ᠭᠠᠵᠠᠷ᠎ᠲᠠᠭᠠᠨ ᠢᠷᠡᠭᠰᠡᠨ ᠬᠤᠶ᠋ᠢᠨ᠎ᠠ ᠪᠠᠷᠠᠭ᠋ᠠᠨ᠎ᠤ ᠡᠵᠡᠨ᠎ᠨᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠵᠤ ᠲᠤᠰᠠᠭ᠋ᠠᠷᠯᠠᠨ ᠬᠢᠨᠠᠵᠤ ᠦᠵᠡᠬᠦ ᠬᠡᠷᠡᠭᠲᠡᠢ᠂ ᠲᠤᠰᠠᠭ᠋ᠠᠷᠯᠠᠯ᠎ᠤᠨ ᠬᠤᠭᠤᠴᠠᠭ᠎ᠠ ᠳᠠᠭᠤᠰᠤᠭᠰᠠᠨ ᠬᠤᠶ᠋ᠢᠨ᠎ᠠ ᠬᠢᠵᠢᠭ ᠲᠠᠬᠤᠯ᠎ᠤᠨ ᠪᠠᠶ᠋ᠢᠴᠠᠭ᠋ᠠᠯᠲᠠ᠎ᠪᠠᠷ ᠬᠢᠷᠢ᠎ᠳᠤ ᠨᠡᠶ᠋ᠢᠴᠡᠭᠰᠡᠨ ᠪᠣᠯ ᠰᠦᠷᠦᠭ᠎ᠲᠤ ᠨᠡᠶ᠋ᠢᠯᠡᠭᠦᠯᠵᠦ ᠲᠡᠵᠢᠭᠡᠵᠦ ᠪᠣᠯᠣᠨ᠎ᠠ᠃ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ᠎ᠳᠤ ᠬᠦᠷᠦᠭᠰᠡᠨ ᠦᠭᠡᠢ ᠪᠣᠯ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠬᠦ ᠬᠡᠷᠡᠭᠲᠡᠢ᠃
      ᠳᠥᠴᠢᠨ ᠨᠠᠢ᠍ᠮᠠᠳᠤᠭ᠋ᠠᠷ ᠵᠦᠢ᠍ᠯ     ᠲᠡᠵᠢᠭᠡᠯ ᠪᠣᠷᠳᠣᠭ᠋ᠠᠨ᠎ᠤ ᠵᠣᠷᠢᠭᠤᠯᠤᠯᠲᠠ᠎ᠲᠠᠢ᠎ᠪᠠᠷ ᠥᠪᠡᠷᠳᠡᠭᠡᠨ ᠵᠠᠰᠠᠬᠤ ᠤᠷᠤᠨ᠎ᠤ ᠭᠠᠳᠠᠨ᠎ᠠ᠎ᠠᠴᠠ ᠪᠤᠶᠤ ᠠᠶ᠋ᠢᠮᠠᠭ ᠬᠤᠲᠠ ᠠᠯᠤᠰᠯᠠᠵᠤ ᠣᠷᠣᠭᠤᠯᠬᠤ ᠰᠦᠨ ᠬᠡᠷᠡᠭᠯᠡᠭᠡᠨ᠎ᠤ ᠪᠤᠰᠤ᠂ ᠦᠷ᠎ᠡ ᠵᠢᠨ ᠬᠡᠷᠡᠭᠯᠡᠭᠡᠨ᠎ᠤ ᠪᠤᠰᠤ ᠠᠮᠢᠲᠠᠨ᠎ᠢ ᠭᠠᠵᠠᠷ᠎ᠲᠠᠭᠠᠨ ᠢᠷᠡᠭᠰᠡᠨ ᠬᠤᠶ᠋ᠢᠨ᠎ᠠ ᠬᠤᠷᠢᠨ ᠳᠥᠷᠪᠡᠨ ᠴᠠᠭ᠎ᠤᠨ ᠳᠣᠲᠣᠷ᠎ᠠ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠳᠡᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠮᠡᠳᠡᠭᠳᠡᠨ᠎ᠡ᠃ ᠠᠮᠢᠲᠠᠨ ᠣᠷᠣᠭᠤᠯᠬᠤ᠎ᠳᠠᠭᠠᠨ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠵᠤ ᠲᠤᠰᠠᠭ᠋ᠠᠷᠯᠠᠨ ᠬᠢᠨᠠᠵᠤ ᠦᠵᠡᠬᠦ ᠬᠡᠷᠡᠭᠲᠡᠢ᠂ ᠲᠤᠰᠠᠭ᠋ᠠᠷᠯᠠᠯ᠎ᠤᠨ ᠬᠤᠭᠤᠴᠠᠭ᠎ᠠ ᠳᠠᠭᠤᠰᠤᠭᠰᠠᠨ ᠬᠤᠶ᠋ᠢᠨ᠎ᠠ ᠬᠢᠵᠢᠭ ᠲᠠᠬᠤᠯ᠎ᠤᠨ ᠪᠠᠶ᠋ᠢᠴᠠᠭ᠋ᠠᠯᠲᠠ᠎ᠪᠠᠷ ᠬᠢᠷᠢ᠎ᠳᠤ ᠨᠡᠶ᠋ᠢᠴᠡᠭᠰᠡᠨ ᠪᠣᠯ ᠰᠦᠷᠦᠭ᠎ᠲᠤ ᠨᠡᠶ᠋ᠢᠯᠡᠭᠦᠯᠵᠦ ᠲᠡᠵᠢᠭᠡᠵᠦ ᠪᠣᠯᠣᠨ᠎ᠠ᠃ ᠬᠢᠵᠢᠭ᠎ᠤᠨ ᠪᠠᠶ᠋ᠢᠴᠠᠭ᠋ᠠᠯᠲᠠ᠎ᠳᠤ ᠬᠢᠷᠢ᠎ᠳᠤ ᠬᠦᠷᠦᠭᠰᠡᠨ ᠦᠭᠡᠢ ᠪᠣᠯ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠬᠦ ᠬᠡᠷᠡᠭᠲᠡᠢ᠃

      ᠳᠣᠯᠣᠳᠤᠭ᠋ᠠᠷ ᠪᠦᠯᠦᠭ     ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ

      ᠳᠥᠴᠢ ᠶᠢᠰᠦᠳᠦᠭᠡᠷ ᠵᠦᠢ᠍ᠯ     ᠠᠮᠢᠲᠠᠨ ᠠᠷᠠᠴᠢᠯᠠᠭᠴᠢ᠂ ᠪᠠᠷᠠᠭ᠋ᠠᠨ᠎ᠤ ᠡᠵᠡᠨ᠂ ᠲᠡᠭᠡᠭᠡᠪᠦᠷᠢᠯᠡᠭᠴᠢ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠬᠤᠣᠷᠳᠠᠯ ᠦᠭᠡᠢ ᠰᠢᠢ᠍ᠳᠪᠦᠷᠢᠯᠡᠬᠦ ᠬᠡᠷᠡᠭᠲᠡᠢ᠃ ᠶᠠᠮᠠᠷ ᠴᠦ᠍ ᠪᠠᠶ᠋ᠢᠭᠤᠯᠭ᠎ᠠ ᠨᠢᠭᠡᠴᠢ ᠪᠣᠯᠣᠨ ᠬᠤᠪᠢ ᠬᠥᠮᠥᠨ᠎ᠠᠴᠠ ᠡᠪᠡᠳᠴᠢᠨ ᠵᠶ᠋ᠠᠷ ᠦᠬᠦᠭᠰᠡᠨ᠂ ᠲᠣᠳᠣᠷᠬᠠᠢ ᠰᠢᠯᠲᠠᠭ᠋ᠠᠨ ᠦᠭᠡᠢ᠎ᠪᠠᠷ ᠦᠬᠦᠭᠰᠡᠨ᠂ ᠬᠡᠪ᠎ᠤᠨ ᠪᠤᠰᠤ᠎ᠪᠠᠷ ᠦᠬᠦᠭᠰᠡᠨ ᠪᠤᠶᠤ ᠬᠢᠵᠢᠭ ᠪᠠᠶ᠋ᠢᠴᠠᠭ᠋ᠠᠯᠲᠠ᠎ᠳᠤ ᠬᠢᠷᠢ ᠬᠦᠷᠦᠭᠰᠡᠨ ᠦᠭᠡᠢ ᠠᠮᠢᠲᠠᠨ᠎ᠢ ᠰᠠᠨᠠᠭ᠋ᠠᠨ ᠳᠤᠷ᠎ᠠ᠎ᠪᠠᠷ ᠬᠠᠶᠠᠬᠤ᠂ ᠰᠢᠢ᠍ᠳᠪᠦᠷᠢᠯᠡᠬᠦ ᠪᠣᠯᠣᠨ ᠬᠤᠳᠠᠯᠳᠤᠬᠤ᠂ ᠬᠤᠷᠢᠶᠠᠬᠤ᠂ ᠪᠣᠯᠪᠠᠰᠤᠷᠠᠭᠤᠯᠬᠤ ᠵᠢ ᠲᠠᠰ ᠬᠤᠷᠢᠭᠯᠠᠨ᠎ᠠ᠃
      ᠲᠠᠪᠢᠳᠤᠭ᠋ᠠᠷ ᠵᠦᠢ᠍ᠯ     ᠬᠤᠰᠢᠭᠤ ᠰᠢᠶᠠᠨ᠎ᠤ ᠳᠡᠰ᠎ᠤᠨ ᠠᠷᠠᠳ᠎ᠤᠨ ᠵᠠᠰᠠᠭ᠎ᠤᠨ ᠣᠷᠳᠣᠨ ᠨᠢᠭᠡᠳᠦᠯ᠎ᠲᠠᠢ ᠲᠥᠯᠥᠪᠯᠡᠵᠦ᠂ ᠵᠦᠢ᠍ᠲᠡᠢ ᠪᠠᠶ᠋ᠢᠷᠢᠯᠠᠭᠤᠯᠬᠤ ᠵᠠᠷᠴᠢᠮ᠎ᠤᠨ ᠳᠠᠭ᠋ᠠᠤ᠂ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢ ᠪᠦᠲᠦᠭᠡᠨ ᠪᠠᠶ᠋ᠢᠭᠤᠯᠬᠤ ᠠᠵᠢᠯ᠎ᠢ ᠵᠣᠬᠢᠶᠠᠨ ᠪᠠᠶ᠋ᠢᠭᠤᠯᠵᠤ᠂ ᠭᠦᠢ᠍ᠴᠡᠳᠬᠡᠬᠦ ᠪᠠᠶ᠋ᠢᠭᠤᠯᠭ᠎ᠠ ᠨᠢᠭᠡᠴᠢ ᠪᠣᠯᠣᠨ ᠲᠣᠳᠣᠷᠬᠠᠢ ᠬᠠᠷᠢᠭᠤᠴᠠᠯᠭ᠎ᠠ ᠵᠢ ᠲᠣᠳᠣᠳᠬᠠᠵᠤ ᠵᠠᠷᠤᠳᠠᠯ ᠮᠥᠩᠭᠦ ᠵᠢ ᠲᠣᠬᠢᠷᠠᠭᠤᠯᠵᠤ ᠥᠭᠬᠦ ᠬᠡᠷᠡᠭᠲᠡᠢ᠃ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ᠎ᠠᠴᠠ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢᠨ ᠦᠢ᠍ᠯᠡ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠡᠭᠦᠨᠴᠢᠯᠡᠨ ᠦᠢ᠍ᠯᠡ ᠠᠵᠢᠯᠯᠠᠭ᠋ᠠᠨ᠎ᠤ ᠨᠢᠭᠡᠴᠢ ᠵᠢᠨ ᠬᠠᠷᠢᠭᠤᠴᠠᠬᠤ ᠲᠣᠭᠤᠷᠢᠭ ᠪᠣᠯᠣᠨ ᠪᠠᠶ᠋ᠢᠷᠢᠰᠢᠯ᠂ ᠬᠠᠷᠢᠯᠴᠠᠬᠤ ᠬᠡᠯᠪᠡᠷᠢ ᠵᠢ ᠨᠡᠶ᠋ᠢᠭᠡᠮ ᠨᠡᠶ᠋ᠢᠲᠡ᠎ᠳᠤ ᠵᠠᠷᠯᠠᠬᠤ ᠬᠡᠷᠡᠭᠲᠡᠢ᠃ ᠥᠪᠡᠷᠳᠡᠭᠡᠨ ᠵᠠᠰᠠᠬᠤ ᠤᠷᠤᠨ᠎ᠠᠴᠠ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢ ᠨᠡᠶ᠋ᠢᠭᠡᠮ᠎ᠤᠨ ᠬᠥᠷᠥᠩᠭᠡ ᠣᠷᠤᠭᠤᠯᠤᠯᠲᠠ᠎ᠪᠠᠷ ᠪᠠᠶ᠋ᠢᠭᠤᠯᠬᠤ ᠵᠢ ᠵᠣᠷᠢᠭᠵᠢᠭᠤᠯᠤᠨ᠎ᠠ᠃
      ᠲᠠᠪᠢᠨ ᠨᠢᠭᠡᠳᠦᠭᠡᠷ ᠵᠦᠢ᠍ᠯ     ᠠᠮᠢᠲᠠᠨ᠎ᠤ ᠠᠷᠠᠴᠢᠯᠠᠭ᠎ᠠ ᠵᠢᠨ ᠲᠠᠯᠠᠪᠠᠢ (ᠲᠡᠵᠢᠭᠡᠨ ᠦᠷᠡᠵᠢᠭᠦᠯᠬᠦ ᠲᠣᠭᠤᠷᠢᠭ)᠂ ᠠᠮᠢᠲᠠᠨ᠎ᠤ ᠲᠤᠰᠠᠭ᠋ᠠᠷᠯᠠᠯᠲᠠ ᠵᠢᠨ ᠭᠠᠵᠠᠷ᠂ ᠠᠮᠢᠲᠠᠨ᠎ᠤ ᠨᠢᠲᠤᠯᠭ᠋ᠠᠨ᠎ᠤ ᠭᠠᠵᠠᠷ (ᠲᠠᠯᠠᠪᠤᠷ)᠎ᠨᠢ ᠤᠯᠤᠰ᠎ᠤᠨ ᠶᠠᠪᠤᠳᠠᠯ᠎ᠤᠨ ᠬᠤᠷᠢᠶᠠᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠤᠮᠵᠢ ᠵᠢᠨ ᠳᠦᠷᠢᠮ᠎ᠳᠤ ᠨᠡᠶ᠋ᠢᠴᠡᠭᠰᠡᠨ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠲᠣᠨᠤᠭ ᠲᠥᠬᠦᠭᠡᠷᠦᠮᠵᠢ ᠵᠢᠴᠢ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠴᠢᠳᠠᠮᠵᠢ᠎ᠲᠠᠢ ᠪᠠᠶ᠋ᠢᠬᠤ ᠬᠡᠷᠡᠭᠲᠡᠢ᠃ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠲᠣᠨᠤᠭ ᠲᠥᠬᠦᠭᠡᠷᠦᠮᠵᠢ ᠦᠭᠡᠢ ᠰᠢᠨᠵᠢᠯᠡᠬᠦ ᠤᠬᠠᠭ᠋ᠠᠨ᠎ᠤ ᠵᠢᠭ᠋ᠠᠨ ᠰᠤᠷᠭ᠋ᠠᠬᠤ ᠪᠠᠶ᠋ᠢᠭᠤᠯᠭ᠎ᠠ ᠨᠢᠭᠡᠴᠢ᠂ ᠠᠮᠢᠲᠠᠨ᠎ᠤ ᠡᠮᠴᠢᠯᠡᠭᠡᠨ᠎ᠤ ᠪᠠᠶ᠋ᠢᠭᠤᠯᠭ᠎ᠠ ᠨᠢᠭᠡᠴᠢ ᠵᠡᠷᠭᠡ᠎ᠨᠢ ᠡᠪᠡᠳᠴᠢᠨ ᠵᠶ᠋ᠠᠷ ᠦᠬᠦᠭᠰᠡᠨ ᠠᠮᠢᠲᠠᠳ᠎ᠢ ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢᠨ ᠦᠢ᠍ᠯᠡ ᠠᠵᠢᠯᠯᠠᠭ᠎ᠠ ᠶᠠᠪᠤᠭᠤᠯᠵᠤ ᠪᠠᠶ᠋ᠢᠬᠤ ᠪᠠᠶ᠋ᠢᠭᠤᠯᠭ᠎ᠠ ᠨᠢᠭᠡᠴᠢ᠎ᠳᠤ ᠳᠠᠭ᠋ᠠᠳᠬᠠᠵᠤ ᠰᠢᠢ᠍ᠳᠪᠦᠷᠢᠯᠡᠭᠦᠯᠬᠦ ᠬᠡᠷᠡᠭᠲᠡᠢ᠃ ᠰᠢᠢ᠍ᠳᠪᠦᠷᠢᠯᠡᠭᠦᠯᠦᠭᠰᠡᠨ ᠵᠠᠷᠤᠳᠠᠯ ᠮᠥᠩᠭᠦ ᠵᠢ ᠨᠠᠶ᠋ᠢᠳᠠᠭᠴᠢ ᠲᠠᠯ᠎ᠠ᠎ᠠᠴᠠ ᠬᠠᠷᠢᠭᠤᠴᠠᠨ᠎ᠠ᠃
      ᠲᠠᠪᠢᠨ ᠬᠤᠶᠠᠳᠤᠭ᠋ᠠᠷ ᠵᠦᠢ᠍ᠯ     ᠬᠤᠲᠠ ᠪᠠᠯᠭ᠋ᠠᠰᠤ ᠪᠣᠯᠣᠨ ᠬᠥᠳᠡᠭᠡ ᠲᠣᠰᠬᠤᠨ ᠮᠠᠯᠵᠢᠬᠤ ᠣᠷᠣᠨ᠎ᠤ ᠠᠮᠢᠲᠠᠨ ᠲᠡᠵᠢᠭᠡᠭᠴᠢ ᠬᠤᠪᠢ ᠬᠥᠮᠥᠨ ᠥᠪᠡᠷ᠎ᠤᠨ ᠦᠬᠦᠭᠰᠡᠨ ᠠᠮᠢᠲᠠᠨ ᠵᠶ᠋ᠠᠨ ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢ ᠠᠵᠢᠯᠯᠠᠭᠤᠯᠵᠤ ᠪᠠᠶ᠋ᠢᠭ᠎ᠠ ᠪᠠᠶ᠋ᠢᠭᠤᠯᠭ᠎ᠠ ᠨᠢᠭᠡᠴᠢ᠎ᠳᠤ ᠲᠡᠭᠡᠭᠡᠪᠦᠷᠢᠯᠡᠨ ᠬᠦᠷᠭᠡᠬᠦ ᠪᠤᠶᠤ ᠡᠰᠡᠬᠦᠯ᠎ᠡ ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢᠨ ᠦᠢ᠍ᠯᠡ ᠠᠵᠢᠯᠯᠠᠭ᠎ᠠ ᠡᠷᠬᠢᠯᠡᠵᠦ ᠪᠠᠶ᠋ᠢᠬᠤ ᠪᠠᠶ᠋ᠢᠭᠤᠯᠭ᠎ᠠ ᠨᠢᠭᠡᠴᠢ᠎ᠳᠤ ᠮᠡᠳᠡᠭᠳᠡᠨ᠎ᠡ᠃ ᠬᠤᠣᠷᠳᠠᠯ ᠦᠭᠡᠢ ᠰᠢᠢ᠍ᠳᠪᠦᠷᠢᠯᠡᠬᠦ ᠦᠢ᠍ᠯᠡ ᠠᠵᠢᠯᠯᠠᠭ᠎ᠠ ᠵᠢ ᠲᠥᠪᠯᠡᠷᠡᠭᠦᠯᠦᠨ ᠬᠢᠬᠦ ᠨᠥᠬᠦᠴᠡᠯ ᠪᠦᠷᠢᠳᠦᠭᠦᠯᠦᠭᠡ ᠦᠭᠡᠢ ᠲᠠᠷᠢᠶᠠᠯᠠᠩ ᠮᠠᠯᠵᠢᠬᠤ ᠣᠷᠣᠨ᠎ᠤ ᠠᠮᠢᠲᠠᠨ ᠲᠡᠵᠢᠭᠡᠭᠴᠢ ᠬᠤᠪᠢ ᠬᠥᠮᠥᠨ ᠥᠪᠡᠷ᠎ᠤᠨ ᠦᠬᠦᠭᠰᠡᠨ ᠠᠮᠢᠲᠠᠨ᠎ᠢ ᠲᠣᠭᠲᠠᠭᠰᠠᠨ ᠭᠠᠵᠠᠷ᠎ᠲᠤ ᠭᠦᠨ ᠪᠤᠯᠠᠬᠤ ᠠᠷᠭ᠎ᠠ᠎ᠪᠠᠷ ᠰᠢᠢ᠍ᠳᠪᠦᠷᠢᠯᠡᠬᠦ ᠬᠡᠷᠡᠭᠲᠡᠢ᠃
      ᠲᠠᠪᠢᠨ ᠭᠤᠷᠪᠠᠳᠤᠭ᠋ᠠᠷ ᠵᠦᠢ᠍ᠯ     ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢᠨ ᠦᠢ᠍ᠯᠡ ᠠᠵᠢᠯᠯᠠᠭ᠎ᠠ ᠡᠷᠬᠢᠯᠡᠵᠦ ᠪᠠᠶ᠋ᠢᠬᠤ ᠪᠠᠶ᠋ᠢᠭᠤᠯᠭ᠎ᠠ ᠨᠢᠭᠡᠴᠢ ᠮᠡᠳᠡᠭᠦᠯᠦᠯᠲᠡ ᠬᠦᠯᠢᠶᠡᠵᠦ ᠠᠪᠤᠭᠰᠠᠨ ᠬᠤᠶ᠋ᠢᠨ᠎ᠠ ᠴᠠᠭ ᠲᠤᠬᠠᠢ᠎ᠳᠤ᠎ᠨᠢ ᠬᠤᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠬᠡᠷᠡᠭᠲᠡᠢ᠃ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠷᠢᠶᠠᠵᠤ ᠲᠡᠭᠡᠭᠡᠪᠦᠷᠢᠯᠡᠬᠦ ᠪᠤᠶᠤ ᠬᠤᠣᠷᠳᠠᠯ ᠦᠭᠡᠢ ᠰᠢᠢ᠍ᠳᠪᠦᠷᠢᠯᠡᠬᠦ᠎ᠳᠤ ᠬᠤᠲᠠ ᠪᠠᠯᠭ᠋ᠠᠰᠤ᠂ ᠲᠠᠷᠢᠶᠠᠯᠠᠩ ᠮᠠᠯᠵᠢᠬᠤ ᠣᠷᠣᠨ᠎ᠤ ᠠᠮᠢᠲᠠᠨ ᠲᠡᠵᠢᠭᠡᠭᠴᠢ ᠬᠤᠪᠢ ᠬᠥᠮᠥᠨ᠎ᠠᠴᠠ ᠲᠥᠯᠥᠪᠦᠷᠢ ᠠᠪᠴᠤ ᠪᠣᠯᠬᠤ ᠦᠭᠡᠢ᠃
      ᠲᠠᠪᠢᠨ ᠳᠥᠷᠪᠡᠳᠦᠭᠡᠷ ᠵᠦᠢ᠍ᠯ     ᠣᠯᠠᠨ ᠨᠡᠶ᠋ᠢᠲᠡ ᠵᠢᠨ ᠲᠠᠯᠠᠪᠤᠷ᠎ᠲᠤ ᠡᠪᠡᠳᠴᠢᠨ ᠵᠶ᠋ᠠᠷ ᠦᠬᠦᠭᠰᠡᠨ ᠠᠮᠢᠲᠠᠨ᠎ᠤ ᠬᠠᠶᠠᠭᠳᠠᠯ᠎ᠢ ᠪᠠᠶ᠋ᠢᠭ᠎ᠠ ᠭᠠᠵᠠᠷ᠎ᠤᠨ ᠬᠤᠲᠠ ᠵᠢᠨ ᠳᠦᠷᠢ ᠲᠥᠷᠬᠦ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠠᠯᠪᠠ ᠬᠠᠷᠢᠭᠤᠴᠠᠨ ᠴᠡᠪᠡᠷᠯᠡᠵᠦ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠣᠯᠠᠨ ᠨᠡᠶ᠋ᠢᠲᠡ ᠵᠢᠨ ᠲᠣᠨᠤᠭ ᠲᠥᠬᠦᠭᠡᠷᠦᠮᠵᠢ ᠵᠢᠨ ᠦᠢ᠍ᠯᠡ ᠠᠵᠢᠯᠯᠠᠭ᠎ᠠ ᠶᠠᠪᠤᠭᠤᠯᠵᠤ ᠪᠠᠶ᠋ᠢᠭ᠎ᠠ ᠪᠠᠶ᠋ᠢᠭᠤᠯᠭ᠎ᠠ ᠨᠢᠭᠡᠴᠢ᠎ᠳᠤ ᠬᠦᠷᠭᠡᠨ ᠰᠢᠢ᠍ᠳᠪᠦᠷᠢᠯᠡᠭᠦᠯᠦᠨ᠎ᠡ᠃
      ᠲᠠᠪᠢᠨ ᠲᠠᠪᠤᠳᠤᠭ᠋ᠠᠷ ᠵᠦᠢ᠍ᠯ     ᠬᠤᠰᠢᠭᠤ ᠰᠢᠶᠠᠨ᠎ᠤ ᠳᠡᠰ᠎ᠤᠨ ᠠᠷᠠᠳ᠎ᠤᠨ ᠵᠠᠰᠠᠭ᠎ᠤᠨ ᠣᠷᠳᠣᠨ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠬᠠᠮᠢᠶᠠᠷᠤᠯᠲᠠ ᠵᠢᠨ ᠠᠷᠭ᠎ᠠ ᠵᠢ ᠪᠣᠯᠪᠠᠰᠤᠷᠠᠭᠤᠯᠵᠤ᠂ ᠡᠪᠡᠳᠴᠢᠨ ᠵᠶ᠋ᠠᠷ ᠦᠬᠦᠭᠰᠡᠨ ᠠᠮᠢᠲᠠᠨ᠎ᠢ ᠬᠤᠣᠷᠳᠠᠯ ᠦᠭᠡᠢ ᠰᠢᠢ᠍ᠳᠪᠦᠷᠢᠯᠡᠬᠦ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠤᠢ ᠪᠣᠯᠭ᠋ᠠᠵᠤ᠂ ᠭᠤᠣᠯ ᠪᠣᠯᠬᠤ ᠲᠠᠯᠠᠪᠤᠷ᠎ᠲᠤ ᠡᠷᠭᠢᠭᠦᠯ᠎ᠤᠨ ᠳᠦᠷᠢᠮ ᠭᠠᠷᠭ᠋ᠠᠵᠤ᠂ ᠢᠯᠡᠴᠢᠯᠡᠨ ᠮᠡᠳᠡᠭᠦᠯᠬᠦ᠂ ᠱᠠᠩᠨᠠᠨ ᠤᠷᠮᠠᠰᠢᠭᠤᠯᠬᠤ ᠵᠢ ᠬᠠᠪᠰᠤᠷᠭ᠋ᠠᠨ᠂ ᠬᠤᠯᠪᠣᠭᠳᠠᠯ ᠪᠦᠬᠦᠢ ᠠᠯᠪᠠᠨ᠎ᠤ᠎ᠬᠢᠨ᠎ᠢ ᠬᠤᠣᠷᠳᠠᠯ ᠦᠭᠡᠢ ᠰᠢᠢ᠍ᠳᠪᠦᠷᠢᠯᠡᠬᠦ ᠦᠢ᠍ᠯᠡ ᠠᠵᠢᠯᠯᠠᠭ᠋ᠠᠨ᠎ᠳᠤ ᠬᠢᠨᠠᠯᠲᠠ ᠲᠠᠯᠪᠢᠬᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠱᠠᠭ᠋ᠠᠷᠳᠠᠬᠤ ᠬᠡᠷᠡᠭᠲᠡᠢ᠃

    ᠨᠠᠢ᠍ᠮᠠᠳᠤᠭ᠋ᠠᠷ ᠪᠦᠯᠦᠭ     ᠪᠠᠲᠤᠯᠭ᠋ᠠᠵᠢᠭᠤᠯᠬᠤ ᠠᠷᠭ᠎ᠠ ᠬᠡᠮᠵᠢᠶ᠎ᠡ

      ᠲᠠᠪᠢᠨ ᠵᠢᠷᠭᠤᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠂ ᠠᠮᠢᠲᠠᠨ᠎ᠤ ᠬᠢᠵᠢᠭ ᠲᠠᠬᠤᠯ᠎ᠤᠨ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠯᠠᠬᠤ᠂ ᠤᠰᠠᠳᠬᠠᠬᠤ᠂ ᠬᠢᠵᠢᠭ᠎ᠤᠨ ᠪᠠᠶ᠋ᠢᠴᠠᠭ᠋ᠠᠯᠲᠠ ᠪᠣᠯᠣᠨ ᠬᠢᠨᠠᠨ ᠬᠠᠮᠢᠶᠠᠷᠬᠤ᠎ᠳᠤ ᠵᠠᠷᠤᠴᠠᠭᠤᠯᠬᠤ ᠵᠠᠷᠤᠳᠠᠯ ᠮᠥᠩᠭᠦ ᠵᠢ ᠡᠳ᠋᠎ᠤᠨ ᠵᠠᠰᠠᠭ᠎ᠤᠨ ᠲᠥᠰᠥᠪ᠎ᠤᠨ ᠲᠣᠭ᠋ᠠᠴᠠᠭ᠎ᠠ᠎ᠳᠤ ᠣᠷᠣᠭᠤᠯᠬᠤ ᠬᠡᠷᠡᠭᠲᠡᠢ᠃
      ᠲᠠᠪᠢᠨ ᠳᠣᠯᠣᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ ᠪᠠᠶ᠋ᠢᠭᠤᠯᠭ᠎ᠠ᠎ᠨᠢ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠪᠢᠣᠯᠣᠭᠢ ᠵᠢᠨ ᠪᠣᠳᠠᠰ᠎ᠤᠨ ᠬᠦᠢ᠍ᠲᠡᠨ ᠵᠥᠭᠡᠭᠡᠪᠦᠷᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠪᠣᠯᠣᠨ ᠠᠰᠢᠭᠯᠠᠵᠤ ᠬᠠᠮᠢᠶᠠᠷᠬᠤ ᠠᠵᠢᠯ᠎ᠢ ᠴᠢᠩᠭ᠋ᠠᠳᠬᠠᠵᠤ᠂ ᠲᠣᠬᠢᠷᠠᠭᠰᠠᠨ ᠬᠡᠮᠵᠢᠶᠡᠨ᠎ᠤ ᠬᠢᠵᠢᠭ ᠲᠠᠬᠤᠯ᠎ᠢ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠷᠯᠠᠬᠤ ᠪᠣᠯᠣᠨ ᠤᠰᠠᠳᠬᠠᠬᠤ᠎ᠳᠤ ᠵᠣᠷᠢᠭᠤᠯᠤᠯᠲᠠ᠎ᠲᠠᠢ ᠡᠮ᠎ᠤᠨ ᠪᠦᠲᠦᠭᠡᠭᠳᠡᠬᠦᠨ᠂ ᠪᠢᠣᠯᠣᠭᠢ ᠵᠢᠨ ᠪᠦᠲᠦᠭᠡᠭᠳᠡᠬᠦᠨ ᠪᠣᠯᠣᠨ ᠪᠤᠰᠤᠳ ᠬᠤᠯᠪᠣᠭ᠎ᠠ᠎ᠲᠠᠢ ᠪᠣᠳᠠᠰ᠎ᠤᠨ ᠨᠥᠭᠡᠴᠡ ᠬᠠᠳᠠᠭ᠋ᠠᠯᠠᠮᠵᠢ ᠵᠢ ᠪᠡᠯᠡᠳᠬᠡᠬᠦ ᠬᠡᠷᠡᠭᠲᠡᠢ᠃
      ᠲᠠᠪᠢᠨ ᠨᠠᠢ᠍ᠮᠠᠳᠤᠭ᠋ᠠᠷ ᠵᠦᠢ᠍ᠯ     ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠷᠯᠠᠬᠤ᠂ ᠤᠰᠠᠳᠬᠠᠬᠤ ᠶᠠᠪᠤᠴᠠ ᠵᠢᠨ ᠳᠤᠮᠳᠠ ᠬᠦᠴᠦ᠎ᠪᠠᠷ ᠠᠯᠠᠨ ᠤᠰᠠᠳᠬᠠᠬᠤ ᠭᠡᠰᠡᠨ ᠠᠮᠢᠲᠠᠨ᠂ ᠰᠢᠲᠠᠭ᠋ᠠᠵᠤ ᠠᠯᠭ᠎ᠠ ᠪᠣᠯᠭ᠋ᠠᠬᠤ ᠭᠡᠰᠡᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ ᠪᠣᠯᠣᠨ ᠬᠤᠯᠪᠣᠭᠳᠠᠬᠤ ᠶᠠᠭᠤᠮ᠎ᠠ ᠬᠡᠷᠡᠭᠯᠡᠯ ᠡᠰᠡᠬᠦᠯ᠎ᠡ ᠬᠠᠤᠯᠢ ᠵᠦᠢ ᠵᠢᠨ ᠳᠠᠭ᠋ᠠᠤ ᠡᠪᠡᠳᠴᠢᠨ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠳᠤᠮᠳᠠ ᠴᠣᠴᠢᠷᠳᠠᠵᠤ ᠦᠬᠦᠭᠰᠡᠨ ᠠᠮᠢᠲᠠᠨ᠎ᠢ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠᠶ᠋ᠢᠳᠠᠯ᠎ᠢ᠎ᠨᠢ ᠬᠠᠷᠠᠭ᠋ᠠᠯᠵᠠᠨ ᠨᠥᠬᠦᠪᠦᠷᠢ ᠣᠯᠭᠤᠨ᠎ᠠ᠃ ᠪᠣᠳᠠᠲᠠᠢ ᠨᠥᠬᠦᠪᠦᠷᠢ ᠣᠯᠭᠤᠬᠤ ᠠᠷᠭ᠎ᠠ ᠪᠠᠷᠢᠯ ᠪᠣᠯᠣᠨ ᠪᠠᠷᠢᠮᠵᠢᠶ᠎ᠠ ᠵᠢ ᠤᠯᠤᠰ᠎ᠤᠨ ᠪᠣᠯᠣᠨ ᠥᠪᠡᠷᠳᠡᠭᠡᠨ ᠵᠠᠰᠠᠬᠤ ᠤᠷᠤᠨ᠎ᠤ ᠬᠤᠯᠪᠣᠭᠳᠠᠬᠤ ᠳᠦᠷᠢᠮ᠎ᠤᠨ ᠳᠠᠭ᠋ᠠᠤ ᠰᠢᠢ᠍ᠳᠦᠨ᠎ᠡ᠃
      ᠲᠠᠪᠢ ᠶᠢᠰᠦᠳᠦᠭᠡᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠭᠠᠴᠠᠭ᠎ᠠ ᠲᠣᠰᠬᠤᠨ᠎ᠳᠠᠬᠢ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯᠲᠠᠨ᠎ᠤ ᠡᠩᠨᠡᠭᠡ ᠵᠢ ᠡᠯᠰᠡᠭᠦᠯᠵᠦ᠂ ᠲᠣᠳᠣᠷᠬᠠᠢ ᠠᠷᠭ᠎ᠠ ᠬᠡᠮᠵᠢᠶ᠎ᠡ ᠠᠪᠴᠤ ᠭᠠᠴᠠᠭ᠎ᠠ ᠲᠣᠰᠬᠤᠨ᠎ᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠪᠠᠲᠤᠯᠠᠭ᠎ᠠ ᠣᠯᠭᠤᠨ᠎ᠠ᠃ ᠭᠠᠴᠠᠭ᠎ᠠ ᠲᠣᠰᠬᠤᠨ᠎ᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠵᠢᠯᠲᠠᠨ᠎ᠤ ᠠᠵᠢᠯ᠎ᠤᠨ ᠨᠥᠬᠦᠪᠦᠷᠢ᠂ ᠲᠡᠳᠬᠦᠪᠦᠷᠢ ᠵᠢᠨ ᠳᠠᠭ᠋ᠠᠳᠬᠠᠯ᠂ ᠡᠮᠨᠡᠯᠭᠡ ᠵᠢᠨ ᠳᠠᠭ᠋ᠠᠳᠬᠠᠯ ᠵᠡᠷᠭᠡ ᠣᠯᠭᠤᠮᠵᠢ ᠪᠣᠯᠣᠨ ᠬᠠᠷᠠᠭ᠎ᠠ ᠬᠢᠨᠠᠯᠲᠠ ᠲᠠᠯᠪᠢᠬᠤ ᠲᠣᠳᠣᠷᠬᠠᠢ ᠠᠷᠭ᠎ᠠ ᠬᠡᠮᠵᠢᠶ᠎ᠡ ᠵᠢ ᠥᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
      ᠵᠢᠷᠠᠳᠤᠭ᠋ᠠᠷ ᠵᠦᠢ᠍ᠯ     ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ᠂ ᠬᠢᠵᠢᠭ ᠪᠠᠶ᠋ᠢᠴᠠᠭ᠋ᠠᠬᠤ᠂ ᠬᠢᠨᠠᠨ ᠬᠡᠮᠵᠢᠬᠦ᠂ ᠰᠢᠯᠭ᠋ᠠᠵᠤ ᠨᠤᠲᠠᠯᠠᠬᠤ᠂ ᠣᠨᠣᠰᠢᠯᠠᠨ ᠵᠠᠰᠠᠬᠤ᠂ ᠬᠢᠨᠠᠵᠤ ᠪᠠᠶ᠋ᠢᠴᠠᠭ᠋ᠠᠬᠤ᠂ ᠬᠢᠵᠢᠭ ᠲᠠᠬᠤᠯ᠎ᠢ ᠭᠠᠵᠠᠷ᠎ᠲᠤ᠎ᠨᠢ ᠰᠢᠢ᠍ᠳᠪᠦᠷᠢᠯᠡᠬᠦ ᠠᠵᠢᠯ ᠲᠥᠷᠥᠯ᠎ᠢ ᠭᠦᠢ᠍ᠴᠡᠳᠬᠡᠭᠴᠢ ᠪᠣᠯᠣᠨ ᠠᠵᠢᠯ᠎ᠤᠨ ᠳᠤᠮᠳᠠ᠎ᠪᠠᠨ ᠠᠮᠢᠲᠠᠨ᠎ᠤ ᠬᠢᠵᠢᠭ ᠲᠠᠬᠤᠯ᠎ᠲᠠᠢ ᠣᠶ᠋ᠢᠷᠠᠲᠤᠭᠰᠠᠨ ᠬᠥᠮᠥᠰ᠂ ᠬᠤᠯᠪᠣᠭ᠎ᠠ᠎ᠲᠠᠢ ᠪᠠᠶ᠋ᠢᠭᠤᠯᠭ᠎ᠠ ᠨᠢᠭᠡᠴᠢ᠎ᠨᠢ ᠤᠯᠤᠰ᠎ᠤᠨ ᠪᠣᠯᠣᠨ ᠥᠪᠡᠷᠳᠡᠭᠡᠨ ᠵᠠᠰᠠᠬᠤ ᠤᠷᠤᠨ᠎ᠤ ᠬᠤᠯᠪᠣᠭᠳᠠᠬᠤ ᠳᠦᠷᠢᠮ ᠲᠣᠭᠲᠠᠭ᠋ᠠᠯ᠎ᠤᠨ ᠳᠠᠭ᠋ᠠᠤ ᠡᠷᠡᠭᠦᠯ ᠬᠠᠮᠠᠭ᠋ᠠᠯᠠᠯ᠎ᠤᠨ ᠪᠣᠯᠣᠨ ᠡᠮ ᠡᠮᠨᠡᠯᠭᠡ᠂ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠠᠪᠤᠭᠰᠠᠨ ᠪᠠᠶ᠋ᠢᠬᠤ ᠬᠡᠷᠡᠭᠲᠡᠢ᠃
      ᠵᠢᠷᠠᠨ ᠨᠢᠭᠡᠳᠦᠭᠡᠷ ᠵᠦᠢ᠍ᠯ     ᠠᠮᠢᠲᠠᠨ᠎ᠤ ᠬᠢᠵᠢᠭ ᠲᠠᠬᠤᠯ ᠢᠯᠡᠷᠡᠭᠰᠡᠨ ᠦᠶ᠎ᠡ᠎ᠳᠤ ᠠᠭ᠋ᠠᠷ᠎ᠤᠨ ᠵᠠᠮ᠂ ᠲᠡᠮᠦᠷ ᠵᠠᠮ᠂ ᠵᠠᠰᠠᠮᠠᠯ ᠵᠠᠮ᠂ ᠤᠰᠤᠨ ᠲᠡᠭᠡᠭᠡᠪᠦᠷᠢ ᠵᠡᠷᠭᠡ ᠵᠠᠮ ᠲᠡᠭᠡᠭᠡᠪᠦᠷᠢ ᠵᠢᠨ ᠠᠯᠪᠠᠨ᠎ᠤ᠎ᠬᠢᠨ ᠠᠶᠠᠨ ᠲᠡᠭᠡᠭᠡᠪᠦᠷᠢ ᠵᠢᠨ ᠬᠢᠨᠠᠯᠲᠠ ᠵᠢᠨ ᠳᠠᠪᠠᠭᠤ ᠡᠷᠬᠡ᠎ᠪᠠᠨ ᠪᠠᠳᠠᠷᠠᠭᠤᠯᠵᠤ᠂ ᠡᠪᠡᠳᠴᠢᠨ᠎ᠤ ᠬᠠᠯᠳᠠᠪᠤᠷᠢ ᠠᠪᠤᠭᠰᠠᠨ ᠬᠥᠮᠥᠨ᠂ ᠡᠳ᠋ ᠪᠣᠳᠠᠰ ᠲᠡᠭᠡᠭᠡᠵᠦ ᠵᠥᠭᠡᠭᠡᠪᠦᠷᠢᠯᠡᠬᠦ ᠵᠢ ᠬᠢᠨᠠᠯᠲᠠ᠎ᠳᠠᠭᠠᠨ ᠠᠪᠴᠤ᠂ ᠠᠮᠢᠲᠠᠨ᠎ᠤ ᠬᠢᠵᠢᠭ ᠲᠠᠬᠤᠯ᠎ᠢ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠷᠯᠠᠬᠤ᠂ ᠤᠰᠠᠳᠬᠠᠬᠤ ᠠᠵᠢᠯ᠎ᠳᠤ ᠳᠥᠭᠦᠮ ᠨᠥᠬᠦᠴᠡᠯ ᠪᠦᠷᠢᠳᠦᠭᠦᠯᠬᠦ ᠬᠡᠷᠡᠭᠲᠡᠢ᠃

      ᠶᠢᠰᠦᠳᠦᠭᠡᠷ ᠪᠦᠯᠦᠭ     ᠬᠠᠤᠯᠢ ᠵᠢᠨ ᠬᠠᠷᠢᠭᠤᠴᠠᠯᠭ᠎ᠠ

      ᠵᠢᠷᠠᠨ ᠬᠤᠶᠠᠳᠤᠭ᠋ᠠᠷ ᠵᠦᠢ᠍ᠯ     ᠲᠤᠰ ᠳᠦᠷᠢᠮ᠎ᠢ ᠵᠥᠷᠢᠴᠡᠭᠰᠡᠨ ᠦᠢ᠍ᠯᠡᠳᠦᠯ᠎ᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》᠂ 《ᠬᠦᠨᠳᠦ ᠨᠣᠴᠢᠲᠠᠢ ᠠᠮᠢᠲᠠᠨ᠎ᠤ ᠬᠢᠵᠢᠭ ᠲᠠᠬᠤᠯ᠎ᠢ ᠪᠠᠴᠢᠮ ᠠᠷᠭ᠋ᠠᠴᠠᠭ᠋ᠠᠬᠤ ᠳᠦᠷᠢᠮ》 ᠵᠡᠷᠭᠡ ᠬᠤᠯᠪᠣᠭᠳᠠᠬᠤ ᠬᠠᠤᠯᠢ ᠲᠣᠭᠲᠠᠭ᠋ᠠᠮᠵᠢ ᠵᠢᠨ ᠳᠠᠭ᠋ᠠᠤ ᠰᠢᠢ᠍ᠳᠬᠡᠯ ᠣᠨᠣᠭᠳᠠᠭᠤᠯᠤᠭᠰᠠᠨ᠎ᠢ ᠶᠣᠰᠣ᠎ᠪᠠᠷ᠎ᠨᠢ ᠪᠣᠯᠭ᠋ᠠᠬᠤ ᠬᠡᠷᠡᠭᠲᠡᠢ᠃
      ᠵᠢᠷᠠᠨ ᠭᠤᠷᠪᠠᠳᠤᠭ᠋ᠠᠷ ᠵᠦᠢ᠍ᠯ     ᠲᠤᠰ ᠵᠦᠢ᠍ᠯ᠎ᠤᠨ ᠠᠷᠪᠠᠳᠤᠭ᠋ᠠᠷ ᠵᠤᠷᠪᠤᠰ᠎ᠤᠨ ᠬᠤᠶᠠᠳᠤᠭ᠋ᠠᠷ ᠵᠢᠭ᠋ᠠᠯᠲᠠ᠂ ᠠᠷᠪᠠᠨ ᠳᠥᠷᠪᠡᠳᠦᠭᠡᠷ ᠵᠤᠷᠪᠤᠰ᠎ᠤᠨ ᠬᠤᠶᠠᠳᠤᠭ᠋ᠠᠷ ᠵᠢᠭ᠋ᠠᠯᠲᠠ ᠵᠢ ᠵᠥᠷᠢᠴᠡᠵᠦ᠂ ᠠᠷᠠᠴᠢᠯᠠᠨ ᠲᠡᠵᠢᠭᠡᠵᠦ ᠪᠠᠶ᠋ᠢᠭ᠎ᠠ ᠮᠠᠯ ᠠᠮᠢᠲᠠᠨ᠎ᠳᠤ ᠠᠯᠪᠠᠳᠠᠨ ᠬᠢᠬᠦ ᠲᠥᠯᠥᠪᠯᠡᠭᠡ ᠵᠢᠨ ᠳᠠᠭ᠋ᠠᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠲᠠᠷᠢᠯᠭ᠎ᠠ ᠬᠢᠭᠡ ᠦᠭᠡᠢ ᠪᠣᠯ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠠᠴᠠ ᠰᠡᠷᠡᠮᠵᠢᠯᠡᠭᠦᠯᠦᠯᠦᠭᠡ ᠥᠭᠴᠦ ᠵᠠᠷᠯᠢᠭ ᠵᠶ᠋ᠠᠷ ᠵᠠᠯᠠᠷᠠᠭᠤᠯᠭ᠎ᠠ ᠬᠢᠯᠭᠡᠬᠦ ᠬᠡᠷᠡᠭᠲᠡᠢ᠃ ᠵᠠᠯᠠᠷᠠᠭᠤᠯᠤᠭ᠎ᠠ ᠬᠢᠬᠦ᠎ᠠᠴᠠ ᠲᠠᠲᠠᠭ᠋ᠠᠯᠵᠠᠭᠰᠠᠨ ᠬᠥᠮᠥᠨ᠎ᠢ 1000 ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠵᠤ ᠪᠣᠯᠣᠨ᠎ᠠ᠃
      ᠵᠢᠷᠠᠨ ᠳᠥᠷᠪᠡᠳᠦᠭᠡᠷ ᠵᠦᠢ᠍ᠯ     ᠲᠤᠰ ᠳᠦᠷᠢᠮ᠎ᠤᠨ ᠳᠥᠴᠢᠨ ᠨᠢᠭᠡᠳᠦᠭᠡᠷ ᠵᠦᠢ᠍ᠯ᠎ᠤᠨ ᠨᠢᠭᠡ᠂ ᠬᠤᠶᠠᠷ᠂ ᠭᠤᠷᠪᠠᠳᠤᠭ᠋ᠠᠷ ᠵᠤᠷᠪᠤᠰ᠎ᠢ ᠵᠥᠷᠢᠴᠡᠵᠦ᠂ ᠮᠡᠷᠭᠡᠵᠢᠯ᠎ᠤᠨ ᠮᠠᠯ᠎ᠤᠨ ᠡᠮᠴᠢ ᠵᠢ ᠤᠷᠢᠵᠤ ᠠᠵᠢᠯᠯᠠᠭᠤᠯᠬᠤ ᠬᠢᠷᠢ ᠬᠡᠮ᠎ᠤᠨ ᠵᠥᠪᠰᠢᠶᠡᠷᠡᠯ᠎ᠢ ᠣᠯᠵᠤ ᠠᠪᠤᠭ᠎ᠠ ᠦᠭᠡᠢ ᠪᠤᠶᠤ ᠪᠦᠷᠢᠳᠬᠡᠵᠦ ᠲᠡᠮᠳᠡᠭᠯᠡᠭᠦᠯᠦᠭᠡ ᠦᠭᠡᠢ ᠬᠥᠮᠥᠨ ᠵᠶ᠋ᠠᠷ ᠠᠮᠢᠲᠠᠨ ᠮᠠᠯ᠎ᠤᠨ ᠡᠮᠴᠢᠯᠡᠭᠡᠨ᠎ᠤ ᠦᠢ᠍ᠯᠡ ᠠᠵᠢᠯᠯᠠᠭ᠎ᠠ ᠶᠠᠪᠤᠭᠤᠯᠬᠤ᠂ ᠰᠠᠨᠠᠭ᠋ᠠᠨ ᠳᠤᠷ᠎ᠠ᠎ᠪᠠᠷ ᠡᠪᠡᠳᠴᠢᠯᠡᠵᠦ ᠦᠬᠦᠭᠰᠡᠨ ᠠᠮᠢᠲᠠᠨ᠂ ᠠᠮᠢᠲᠠᠨ᠎ᠤ ᠡᠮᠭᠡᠭ ᠪᠤᠶᠤ ᠡᠮᠴᠢᠯᠡᠭᠡᠨ᠎ᠤ ᠬᠠᠶᠠᠭᠳᠠᠯ ᠵᠦᠢ᠍ᠯ᠎ᠢ ᠬᠠᠶᠠᠭᠰᠠᠨ ᠪᠠᠶ᠋ᠢᠪᠠᠯ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ᠂ ᠬᠠᠤᠯᠢ ᠪᠤᠰᠤ ᠣᠷᠣᠯᠭ᠎ᠠ ᠵᠢ ᠬᠤᠷᠢᠶᠠᠵᠤ ᠲᠡᠭᠦᠨᠴᠢᠯᠡᠨ 3000 ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠵᠤ ᠪᠣᠯᠣᠨ᠎ᠠ᠃ ᠦᠢ᠍ᠯᠡᠳᠦᠯ᠎ᠨᠢ ᠬᠦᠨᠳᠦ ᠨᠣᠴᠢᠲᠠᠢ ᠪᠣᠯ ᠡᠮᠴᠢᠯᠡᠭᠡ ᠬᠢᠬᠦ ᠦᠢ᠍ᠯᠡ ᠠᠵᠢᠯᠯᠠᠭ᠎ᠠ ᠵᠢ ᠵᠠᠷᠯᠢᠭᠳᠠᠨ ᠵᠣᠭᠰᠣᠭ᠋ᠠᠬᠤ ᠬᠡᠷᠡᠭᠲᠡᠢ᠃ ᠲᠤᠰ ᠳᠦᠷᠢᠮ᠎ᠤᠨ ᠳᠥᠴᠢᠨ ᠨᠢᠭᠡᠳᠦᠭᠡᠷ ᠵᠦᠢ᠍ᠯ᠎ᠤᠨ ᠳᠥᠷᠪᠡ᠂ ᠲᠠᠪᠤ᠂ ᠵᠢᠷᠭᠤᠳᠤᠭ᠋ᠠᠷ ᠵᠤᠷᠪᠤᠰ᠎ᠢ ᠵᠥᠷᠢᠴᠡᠵᠦ ᠬᠠᠭᠤᠷᠮᠠᠭ᠂ ᠴᠢᠨᠠᠷ ᠮᠠᠭᠤ ᠮᠠᠯ᠎ᠤᠨ ᠡᠮ ᠪᠣᠯᠣᠨ ᠤᠯᠤᠰ᠎ᠠᠴᠠ ᠬᠤᠷᠢᠭᠯᠠᠭᠰᠠᠨ ᠡᠮ᠎ᠤᠨ ᠪᠦᠲᠦᠭᠡᠭᠳᠡᠬᠦᠨ ᠵᠢᠴᠢ ᠪᠤᠰᠤᠳ ᠬᠢᠮᠢ ᠵᠢᠨ ᠨᠡᠶ᠋ᠢᠯᠡᠭ ᠪᠣᠳᠠᠰ᠎ᠢ ᠬᠡᠷᠡᠭᠯᠡᠬᠦ᠂ ᠡᠵᠡᠩᠨᠡᠬᠦ ᠡᠰᠡᠬᠦᠯ᠎ᠡ ᠤᠯᠤᠰ᠎ᠤᠨ ᠲᠣᠭᠲᠠᠭ᠋ᠠᠯ᠎ᠢ ᠵᠥᠷᠢᠴᠡᠵᠦ ᠮᠠᠯ ᠡᠮᠨᠡᠯᠭᠡ ᠵᠢᠨ ᠪᠢᠣᠯᠣᠭᠢ ᠵᠢᠨ ᠪᠦᠲᠦᠭᠡᠭᠳᠡᠬᠦᠨ᠎ᠢ ᠬᠡᠷᠡᠭᠯᠡᠬᠦ᠂ ᠡᠮ ᠬᠡᠷᠡᠭᠯᠡᠭᠰᠡᠨ ᠲᠡᠮᠳᠡᠭᠯᠡᠯ ᠪᠠᠶ᠋ᠢᠬᠤ ᠦᠭᠡᠢ ᠵᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠲᠡᠭᠦᠨᠴᠢᠯᠡᠨ ᠨᠢᠭᠡ ᠲᠦᠮᠡᠨ ᠲᠥᠭᠦᠷᠢᠭ᠎ᠠᠴᠠ ᠳᠡᠭᠡᠭᠰᠢ ᠲᠠᠪᠤᠨ ᠲᠦᠮᠡᠨ ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠤᠨ᠎ᠠ᠃
      ᠵᠢᠷᠠᠨ ᠲᠠᠪᠤᠳᠤᠭ᠋ᠠᠷ ᠵᠦᠢ᠍ᠯ     ᠲᠤᠰ ᠳᠦᠷᠢᠮ᠎ᠤᠨ ᠳᠥᠴᠢᠨ ᠵᠢᠷᠭᠤᠳᠤᠭ᠋ᠠᠷ ᠵᠦᠢ᠍ᠯ᠎ᠢ ᠵᠥᠷᠢᠴᠡᠵᠦ᠂ ᠲᠣᠭᠲᠠᠭᠰᠠᠨ ᠬᠢᠨᠠᠨ ᠰᠢᠯᠭ᠋ᠠᠬᠤ ᠭᠠᠵᠠᠷ᠎ᠲᠤ ᠪᠠᠶ᠋ᠢᠴᠠᠭ᠋ᠠᠯᠭ᠋ᠠᠵᠤ ᠠᠷᠢᠭᠤᠳᠬᠠᠭᠰᠠᠨ ᠦᠭᠡᠢ ᠪᠤᠶᠤ ᠲᠣᠭᠲᠠᠭᠰᠠᠨ ᠬᠢᠨᠠᠨ ᠰᠢᠯᠭ᠋ᠠᠬᠤ ᠭᠠᠵᠠᠷ᠎ᠤᠨ ᠰᠢᠯᠭ᠋ᠠᠨ ᠪᠠᠶ᠋ᠢᠴᠠᠭ᠋ᠠᠯᠲᠠ ᠵᠢ ᠥᠩᠭᠡᠷᠡᠭᠦᠯᠦᠭᠡ ᠦᠭᠡᠢ᠎ᠪᠠᠷ ᠥᠪᠡᠷᠳᠡᠭᠡᠨ ᠵᠠᠰᠠᠬᠤ ᠤᠷᠤᠨ᠎ᠤ ᠬᠢᠯᠢ᠎ᠪᠠᠷ ᠣᠷᠣᠭᠤᠯᠤᠭᠰᠠᠨ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠ 1000 ᠲᠥᠭᠦᠷᠢᠭ᠎ᠠᠴᠠ ᠳᠡᠭᠡᠭᠰᠢ 1 ᠲᠦᠮᠡᠨ ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠤᠨ᠎ᠠ᠃ ᠠᠮᠢᠲᠠᠨ᠎ᠤ ᠬᠢᠵᠢᠭ ᠲᠠᠬᠤᠯ ᠡᠭᠦᠰᠬᠡᠭᠰᠡᠨ᠎ᠢ 1 ᠲᠦᠮᠡᠨ ᠲᠥᠭᠦᠷᠢᠭ᠎ᠠᠴᠠ ᠳᠡᠭᠡᠭᠰᠢ 5 ᠲᠦᠮᠡᠨ ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠤᠨ᠎ᠠ᠃
      ᠵᠢᠷᠠᠨ ᠵᠢᠷᠭᠤᠳᠤᠭ᠋ᠠᠷ ᠵᠦᠢ᠍ᠯ     ᠲᠤᠰ ᠳᠦᠷᠢᠮ᠎ᠤᠨ ᠳᠥᠴᠢᠨ ᠨᠠᠢ᠍ᠮᠠᠳᠤᠭ᠋ᠠᠷ ᠵᠦᠢ᠍ᠯ᠎ᠢ ᠵᠥᠷᠢᠴᠡᠵᠦ᠂ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠳᠡᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠳᠤ ᠮᠡᠳᠡᠭᠦᠯᠦᠭᠰᠡᠨ ᠦᠭᠡᠢ ᠵᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠲᠡᠭᠦᠨᠴᠢᠯᠡᠨ 500 ᠲᠥᠭᠦᠷᠢᠭ᠎ᠠᠴᠠ ᠳᠡᠭᠡᠭᠰᠢ 2000 ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠤᠨ᠎ᠠ᠃ ᠠᠮᠢᠲᠠᠨ᠎ᠤ ᠬᠢᠵᠢᠭ ᠲᠠᠬᠤᠯ ᠡᠭᠦᠰᠬᠡᠭᠰᠡᠨ᠎ᠢ 1 ᠲᠦᠮᠡᠨ ᠲᠥᠭᠦᠷᠢᠭ᠎ᠠᠴᠠ ᠳᠡᠭᠡᠭᠰᠢ 5 ᠲᠦᠮᠡᠨ ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠤᠨ᠎ᠠ᠃
      ᠵᠢᠷᠠᠨ ᠳᠣᠯᠣᠳᠤᠭ᠋ᠠᠷ ᠵᠦᠢ᠍ᠯ     ᠲᠤᠰ ᠳᠦᠷᠢᠮ᠎ᠤᠨ ᠳᠥᠴᠢ ᠶᠢᠰᠦᠳᠦᠭᠡᠷ ᠵᠦᠢ᠍ᠯ᠎ᠤᠨ ᠬᠤᠶᠠᠳᠤᠭ᠋ᠠᠷ ᠵᠤᠷᠪᠤᠰ᠎ᠢ ᠵᠥᠷᠢᠴᠡᠵᠦ᠂ ᠡᠪᠡᠳᠴᠢᠨ ᠵᠶ᠋ᠠᠷ ᠦᠬᠦᠭᠰᠡᠨ᠂ ᠲᠣᠳᠣᠷᠬᠠᠢ ᠰᠢᠯᠲᠠᠭ᠋ᠠᠨ ᠦᠭᠡᠢ᠎ᠪᠠᠷ ᠦᠬᠦᠭᠰᠡᠨ᠂ ᠬᠡᠪ᠎ᠤᠨ ᠪᠤᠰᠤ᠎ᠪᠠᠷ ᠦᠬᠦᠭᠰᠡᠨ ᠪᠤᠶᠤ ᠬᠢᠵᠢᠭ ᠪᠠᠶ᠋ᠢᠴᠠᠭ᠋ᠠᠯᠲᠠ᠎ᠳᠤ ᠬᠢᠷᠢ ᠬᠦᠷᠦᠭᠰᠡᠨ ᠦᠭᠡᠢ ᠠᠮᠢᠲᠠᠨ᠎ᠢ ᠰᠠᠨᠠᠭ᠋ᠠᠨ ᠳᠤᠷ᠎ᠠ᠎ᠪᠠᠷ ᠬᠠᠶᠠᠭᠰᠠᠨ᠂ ᠰᠢᠢ᠍ᠳᠪᠦᠷᠢᠯᠡᠭᠰᠡᠨ᠎ᠢ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠲᠡᠭᠦᠨᠴᠢᠯᠡᠨ 3000 ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠵᠤ ᠪᠣᠯᠣᠨ᠎ᠠ᠃ ᠠᠮᠢᠲᠠᠨ᠎ᠤ ᠬᠢᠵᠢᠭ ᠲᠠᠬᠤᠯ ᠡᠭᠦᠰᠬᠡᠭᠰᠡᠨ᠎ᠢ 1 ᠲᠦᠮᠡᠨ ᠲᠥᠭᠦᠷᠢᠭ᠎ᠠᠴᠠ ᠳᠡᠭᠡᠭᠰᠢ 5 ᠲᠦᠮᠡᠨ ᠲᠥᠭᠦᠷᠢᠭ᠎ᠠᠴᠠ ᠳᠣᠷᠣᠭᠰᠢ ᠲᠣᠷᠭ᠋ᠠᠭᠤᠯᠢ ᠣᠨᠣᠭᠳᠠᠭᠤᠯᠤᠨ᠎ᠠ᠃
      ᠵᠢᠷᠠᠨ ᠨᠠᠢ᠍ᠮᠠᠳᠤᠭ᠋ᠠᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠪᠠᠶ᠋ᠢᠭᠤᠯᠭ᠎ᠠ ᠪᠣᠯᠣᠨ ᠠᠵᠢᠯᠲᠠᠨ ᠲᠤᠰ ᠳᠦᠷᠢᠮ᠎ᠢ ᠵᠥᠷᠢᠴᠡᠵᠦ᠂ ᠳᠠᠷᠠᠭ᠋ᠠᠬᠢ ᠦᠢ᠍ᠯᠡᠳᠦᠯ᠎ᠤᠨ ᠠᠯᠢ ᠨᠢᠭᠡ ᠵᠢ ᠦᠢ᠍ᠯᠡᠳᠦᠭᠰᠡᠨ ᠪᠠᠶ᠋ᠢᠪᠠᠯ ᠠᠳᠠᠯᠢ ᠲᠦᠪᠰᠢᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠵᠠᠷᠯᠠᠨ ᠰᠢᠭᠦᠮᠵᠢᠯᠡᠨ᠎ᠡ᠃ ᠭᠤᠣᠯᠯᠠᠨ ᠬᠠᠷᠢᠭᠤᠴᠠᠵᠤ ᠪᠠᠶ᠋ᠢᠭ᠎ᠠ ᠬᠥᠮᠥᠨ ᠪᠤᠶᠤ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠢ ᠬᠠᠤᠯᠢ ᠶᠣᠰᠣ᠎ᠪᠠᠷ ᠰᠢᠢ᠍ᠳᠬᠡᠯ ᠣᠨᠣᠭᠳᠠᠭᠤᠯᠤᠨ᠎ᠠ᠄
     (ᠨᠢᠭᠡ) ᠴᠠᠭ ᠲᠤᠬᠠᠢ᠎ᠳᠤ᠎ᠨᠢ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠷᠯᠠᠬᠤ᠂ ᠠᠯᠠᠨ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠤᠭ᠎ᠠ ᠦᠭᠡᠢ᠃
     (ᠬᠤᠶᠠᠷ) ᠨᠥᠬᠦᠴᠡᠯ᠎ᠳᠤ ᠬᠦᠷᠦᠭᠡ ᠦᠭᠡᠢ᠎ᠳᠤ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠨᠥᠬᠦᠴᠡᠯ᠎ᠤᠨ ᠭᠡᠷᠡᠴᠢᠯᠡᠭᠡ᠂ ᠠᠮᠢᠲᠠᠨ᠎ᠤ ᠡᠮᠴᠢᠯᠡᠭᠡᠨ᠎ᠤ ᠵᠥᠪᠰᠢᠶᠡᠷᠡᠯ ᠣᠯᠭᠤᠬᠤ ᠪᠤᠶᠤ ᠡᠰᠡᠬᠦᠯ᠎ᠡ ᠨᠥᠬᠦᠴᠡᠯ᠎ᠳᠤ ᠬᠦᠷᠦᠭᠰᠡᠨ᠎ᠢ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠨᠥᠬᠦᠴᠡᠯ᠎ᠤᠨ ᠭᠡᠷᠡᠴᠢᠯᠡᠭᠡ᠂ ᠡᠮᠴᠢᠯᠡᠭᠡᠨ᠎ᠤ ᠵᠥᠪᠰᠢᠶᠡᠷᠡᠯ ᠣᠯᠭᠤᠭᠰᠠᠨ ᠦᠭᠡᠢ᠃
     (ᠭᠤᠷᠪᠠ) ᠡᠳᠡᠭᠡᠷ ᠳᠦᠷᠢᠮ᠎ᠤᠨ ᠳᠠᠭ᠋ᠠᠤ ᠥᠪᠡᠷ᠎ᠤᠨ ᠡᠭᠦᠷᠭᠡ᠎ᠪᠠᠨ ᠪᠡᠶᠡᠯᠡᠭᠦᠯᠦᠭᠡ ᠦᠭᠡᠢ ᠪᠤᠰᠤᠳ ᠦᠢ᠍ᠯᠡᠳᠦᠯ᠎ᠳᠤ᠃
      ᠵᠢᠷᠠ ᠶᠢᠰᠦᠳᠦᠭᠡᠷ ᠵᠦᠢ᠍ᠯ     ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠤᠣᠯ ᠪᠣᠯᠬᠤ ᠪᠠᠶ᠋ᠢᠭᠤᠯᠭ᠎ᠠ ᠪᠣᠯᠣᠨ ᠠᠵᠢᠯᠲᠠᠨ ᠲᠤᠰ ᠳᠦᠷᠢᠮ᠎ᠢ ᠵᠥᠷᠢᠴᠡᠵᠦ᠂ ᠳᠠᠷᠠᠭ᠋ᠠᠬᠢ ᠦᠢ᠍ᠯᠡᠳᠦᠯ᠎ᠤᠨ ᠠᠯᠢ ᠨᠢᠭᠡ ᠵᠢ ᠦᠢ᠍ᠯᠡᠳᠦᠭᠰᠡᠨ ᠪᠠᠶ᠋ᠢᠪᠠᠯ ᠠᠳᠠᠯᠢ ᠲᠦᠪᠰᠢᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠠᠳᠠᠯᠢ ᠲᠦᠪᠰᠢᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ᠎ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠵᠠᠷᠯᠠᠨ ᠰᠢᠭᠦᠮᠵᠢᠯᠡᠨ᠎ᠡ᠄ ᠭᠤᠣᠯᠯᠠᠨ ᠬᠠᠷᠢᠭᠤᠴᠠᠵᠤ ᠪᠠᠶ᠋ᠢᠭ᠎ᠠ ᠬᠥᠮᠥᠨ ᠪᠤᠶᠤ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠢ ᠬᠠᠤᠯᠢ ᠶᠣᠰᠣ᠎ᠪᠠᠷ ᠰᠢᠢ᠍ᠳᠬᠡᠯ ᠣᠨᠣᠭᠳᠠᠭᠤᠯᠤᠨ᠎ᠠ᠄
     (ᠨᠢᠭᠡ) ᠭᠠᠵᠠᠷ ᠳᠡᠭᠡᠷ᠎ᠡ᠎ᠨᠢ ᠬᠢᠵᠢᠭ᠎ᠤᠨ ᠪᠠᠶ᠋ᠢᠴᠠᠭ᠋ᠠᠯᠲᠠ ᠬᠢᠭᠰᠡᠨ ᠦᠭᠡᠢ ᠪᠤᠶᠤ ᠬᠢᠭᠰᠡᠨ ᠴᠦ᠍ ᠬᠢᠷᠢ᠎ᠳᠤ ᠨᠡᠶ᠋ᠢᠴᠡᠭᠰᠡᠨ ᠦᠭᠡᠢ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠬᠢᠵᠢᠭ ᠪᠠᠶ᠋ᠢᠴᠠᠭ᠋ᠠᠯᠲᠠ ᠵᠢᠨ ᠭᠡᠷᠡᠴᠢᠯᠡᠭᠡ ᠣᠯᠭᠤᠬᠤ᠂ ᠬᠢᠵᠢᠭ ᠪᠠᠶ᠋ᠢᠴᠠᠭ᠋ᠠᠯᠲᠠ ᠵᠢᠨ ᠲᠡᠮᠳᠡᠭ ᠣᠯᠭᠤᠬᠤ ᠪᠤᠶᠤ ᠡᠰᠡᠬᠦᠯ᠎ᠡ ᠬᠢᠨᠠᠨ ᠰᠢᠯᠭ᠋ᠠᠭ᠋ᠠᠳ ᠬᠢᠷᠢ᠎ᠳᠤ ᠬᠦᠷᠦᠭᠰᠡᠨ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠬᠢᠵᠢᠭ ᠪᠠᠶ᠋ᠢᠴᠠᠭ᠋ᠠᠯᠲᠠ ᠵᠢᠨ ᠭᠡᠷᠡᠴᠢᠯᠡᠭᠡ ᠣᠯᠭᠤᠬᠤ ᠦᠭᠡᠢ᠂ ᠬᠢᠵᠢᠭ ᠪᠠᠶ᠋ᠢᠴᠠᠭ᠋ᠠᠯᠲᠠ ᠵᠢᠨ ᠲᠡᠮᠳᠡᠭ ᠣᠯᠭᠤᠭᠰᠠᠨ ᠦᠭᠡᠢ᠃
     (ᠬᠤᠶᠠᠷ) ᠬᠢᠵᠢᠭ ᠪᠠᠶ᠋ᠢᠴᠠᠭ᠋ᠠᠯᠲᠠ ᠵᠢᠨ ᠭᠡᠷᠡᠴᠢᠯᠡᠭᠡ᠂ ᠬᠢᠵᠢᠭ ᠪᠠᠶ᠋ᠢᠴᠠᠭ᠋ᠠᠯᠲᠠ ᠵᠢᠨ ᠲᠡᠮᠳᠡᠭ ᠣᠯᠣᠭᠰᠠᠨ ᠳᠠᠭ᠋ᠠᠯᠲᠠ ᠪᠠᠷᠢᠮᠲᠠ᠎ᠲᠠᠢ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠳᠠᠬᠢᠨ ᠬᠢᠵᠢᠭ ᠪᠠᠶ᠋ᠢᠴᠠᠭ᠋ᠠᠯᠲᠠ ᠬᠢᠬᠦ᠃
     (ᠭᠤᠷᠪᠠ) ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ᠎ᠲᠠᠢ ᠬᠤᠯᠪᠣᠭ᠎ᠠ᠎ᠲᠠᠢ ᠦᠢ᠍ᠯᠡ ᠠᠵᠢᠯᠯᠠᠭ᠎ᠠ ᠶᠠᠪᠤᠭᠤᠯᠤᠭᠴᠢᠳ᠃
     (ᠳᠥᠷᠪᠡ) ᠡᠳᠡᠭᠡᠷ ᠳᠦᠷᠢᠮ᠎ᠤᠨ ᠳᠠᠭ᠋ᠠᠤ ᠥᠪᠡᠷ᠎ᠤᠨ ᠡᠭᠦᠷᠭᠡ᠎ᠪᠠᠨ ᠪᠡᠶᠡᠯᠡᠭᠦᠯᠦᠭᠡ ᠦᠭᠡᠢ ᠪᠤᠰᠤᠳ ᠦᠢ᠍ᠯᠡᠳᠦᠯ᠎ᠳᠤ᠃
      ᠳᠠᠯᠠᠳᠤᠭ᠋ᠠᠷ ᠵᠦᠢ᠍ᠯ     ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠠᠯᠪᠠᠨ ᠪᠠᠶ᠋ᠢᠭᠤᠯᠭ᠎ᠠ ᠪᠣᠯᠣᠨ ᠠᠵᠢᠯᠲᠠᠨ ᠲᠤᠰ ᠳᠦᠷᠢᠮ᠎ᠢ ᠵᠥᠷᠢᠴᠡᠵᠦ᠂ ᠳᠠᠷᠠᠭ᠋ᠠᠬᠢ ᠦᠢ᠍ᠯᠡᠳᠦᠯ᠎ᠤᠨ ᠠᠯᠢ ᠨᠢᠭᠡ ᠵᠢ ᠦᠢ᠍ᠯᠡᠳᠦᠭᠰᠡᠨ ᠪᠠᠶ᠋ᠢᠪᠠᠯ ᠠᠳᠠᠯᠢ ᠲᠦᠪᠰᠢᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠠᠳᠠᠯᠢ ᠲᠦᠪᠰᠢᠨ᠎ᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ᠎ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠵᠠᠷᠯᠠᠨ ᠰᠢᠭᠦᠮᠵᠢᠯᠡᠨ᠎ᠡ᠃ ᠭᠤᠣᠯᠯᠠᠨ ᠬᠠᠷᠢᠭᠤᠴᠠᠵᠤ ᠪᠠᠶ᠋ᠢᠭ᠎ᠠ ᠬᠥᠮᠥᠨ ᠪᠤᠶᠤ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠢ ᠬᠠᠤᠯᠢ ᠶᠣᠰᠣ᠎ᠪᠠᠷ ᠰᠢᠢ᠍ᠳᠬᠡᠯ ᠣᠨᠣᠭᠳᠠᠭᠤᠯᠤᠨ᠎ᠠ᠄
     (ᠨᠢᠭᠡ) ᠠᠮᠢᠲᠠᠨ᠎ᠤ ᠬᠢᠵᠢᠭ ᠲᠠᠬᠤᠯ᠎ᠤᠨ ᠲᠠᠩᠳᠠᠯᠲᠠ᠂ ᠰᠢᠨᠵᠢᠯᠡᠭᠡᠨ᠎ᠤ ᠪᠣᠯᠣᠨ ᠦᠵᠡᠯᠭᠡ ᠬᠢᠭᠰᠡᠨ᠎ᠤ ᠦᠷ᠎ᠡ ᠳ᠋ᠦᠩ᠎ᠢ ᠬᠠᠭᠤᠷᠠᠮᠴᠢ᠎ᠪᠠᠷ ᠦᠢ᠍ᠯᠡᠳᠬᠦ᠃
     (ᠬᠤᠶᠠᠷ) ᠠᠮᠢᠲᠠᠨ᠎ᠤ ᠬᠢᠵᠢᠭ ᠲᠠᠬᠤᠯ ᠢᠯᠡᠷᠡᠭᠰᠡᠨ ᠲᠣᠬᠢᠶᠠᠯᠳᠤᠯ᠎ᠳᠤ ᠴᠠᠭ ᠲᠤᠬᠠᠢ᠎ᠳᠤ᠎ᠨᠢ ᠣᠨᠣᠰᠢᠯᠠᠭ᠎ᠠ᠂ ᠪᠠᠶ᠋ᠢᠴᠠᠭ᠋ᠠᠨ ᠰᠤᠳᠤᠯᠤᠯᠲᠠ ᠬᠢᠭᠰᠡᠨ ᠦᠭᠡᠢ ᠪᠠᠶ᠋ᠢᠬᠤ᠃
     (ᠭᠤᠷᠪᠠ) ᠡᠳᠡᠭᠡᠷ ᠳᠦᠷᠢᠮ᠎ᠤᠨ ᠳᠠᠭ᠋ᠠᠤ ᠥᠪᠡᠷ᠎ᠤᠨ ᠡᠭᠦᠷᠭᠡ᠎ᠪᠠᠨ ᠪᠡᠶᠡᠯᠡᠭᠦᠯᠦᠭᠡ ᠦᠭᠡᠢ ᠪᠤᠰᠤᠳ ᠦᠢ᠍ᠯᠡᠳᠦᠯ᠎ᠳᠤ᠃

      ᠠᠷᠪᠠᠳᠤᠭ᠋ᠠᠷ ᠪᠦᠯᠦᠭ     ᠳᠠᠭ᠋ᠠᠯᠲᠠ ᠳᠦᠷᠢᠮ

      ᠳᠠᠯᠠᠨ ᠨᠢᠭᠡᠳᠦᠭᠡᠷ ᠵᠦᠢ᠍ᠯ     ᠲᠤᠰ ᠳᠦᠷᠢᠮ᠎ᠤᠨ ᠳᠣᠲᠣᠷ᠎ᠠ ᠳᠠᠷᠠᠭ᠋ᠠᠬᠢ ᠨᠡᠷ᠎ᠡ ᠲᠣᠮᠢᠶᠠᠨ᠎ᠤ ᠬᠡᠷᠡᠭᠯᠡᠭᠡᠨ᠎ᠤ ᠠᠭᠤᠯᠭ᠎ᠠ᠄
     (ᠨᠢᠭᠡ) 《ᠠᠮᠢᠲᠠᠨ᠎ᠤ ᠬᠥᠳᠡᠯᠦᠯ᠎ᠢ ᠵᠣᠭᠰᠣᠭ᠋ᠠᠬᠤ》 ᠭᠡᠳᠡᠭ᠎ᠨᠢ ᠳᠡᠭᠡᠵᠢ ᠠᠪᠬᠤ᠂ ᠣᠨᠣᠰᠢᠯᠠᠬᠤ᠂ ᠡᠮᠴᠢᠯᠡᠬᠦ᠂ ᠬᠢᠵᠢᠭ ᠪᠠᠶ᠋ᠢᠴᠠᠭ᠋ᠠᠯᠲᠠ ᠬᠢᠬᠦ᠎ᠳᠤ ᠳᠥᠭᠦᠮ ᠪᠠᠶ᠋ᠢᠯᠭ᠋ᠠᠬᠤ ᠵᠢᠨ ᠤᠯᠠᠮ᠎ᠠᠴᠠ ᠬᠥᠮᠥᠨ᠎ᠤ ᠬᠦᠴᠦ ᠪᠤᠶᠤ ᠪᠠᠭ᠋ᠠᠵᠢ ᠬᠡᠷᠡᠭᠯᠡᠯ᠂ ᠡᠮ ᠵᠶ᠋ᠠᠷ ᠠᠮᠢᠲᠠᠨ᠎ᠤ ᠬᠥᠳᠡᠯᠦᠯ᠎ᠢ ᠵᠣᠭᠰᠣᠭ᠋ᠠᠬᠤ ᠵᠢ ᠬᠡᠯᠡᠨ᠎ᠡ᠃
     (ᠬᠤᠶᠠᠷ) ᠠᠮᠢᠳᠤ ᠪᠣᠳᠠᠰ᠎ᠤᠨ ᠠᠶᠤᠯ ᠦᠭᠡᠢ ᠪᠦᠰᠡ ᠭᠡᠳᠡᠭ᠎ᠨᠢ ᠢᠵᠢᠯᠢ ᠲᠥᠷᠥᠯ᠎ᠤᠨ ᠠᠮᠢᠳᠤ ᠪᠣᠳᠠᠰ᠎ᠤᠨ ᠬᠠᠮᠢᠶᠠᠷᠤᠯᠲᠠ ᠵᠢᠨ ᠲᠣᠭᠲᠠᠯᠴᠠᠭ᠋ᠠᠨ᠎ᠳᠤ ᠨᠢᠭᠡ ᠲᠥᠷᠥᠯ᠎ᠤᠨ ᠪᠤᠶᠤ ᠣᠯᠠᠨ ᠲᠥᠷᠥᠯ᠎ᠤᠨ ᠲᠣᠭᠲᠠᠭᠰᠠᠨ ᠠᠮᠢᠲᠠᠨ᠎ᠤ ᠬᠢᠵᠢᠭ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠳᠠᠯ᠂ ᠲᠣᠳᠣᠷᠬᠠᠢ ᠠᠮᠢᠲᠠᠨ᠎ᠤ ᠪᠦᠯᠦᠭ᠂ ᠲᠡᠭᠦᠨᠴᠢᠯᠡᠨ ᠣᠨᠴᠠ ᠲᠣᠭᠲᠠᠭ᠋ᠠᠭᠰᠠᠨ ᠠᠮᠢᠲᠠᠨ᠎ᠤ ᠬᠢᠵᠢᠭ᠎ᠲᠤ ᠱᠠᠭ᠋ᠠᠷᠳᠠᠯᠭ᠎ᠠ ᠪᠦᠬᠦᠢ ᠲᠠᠩᠳᠠᠯᠲᠠ᠂ ᠬᠢᠵᠠᠭ᠋ᠠᠯᠠᠬᠤ ᠪᠣᠯᠣᠨ ᠠᠮᠢᠳᠤ ᠪᠣᠳᠠᠰ᠎ᠤᠨ ᠠᠶᠤᠯ ᠦᠭᠡᠢ ᠵᠢᠨ ᠠᠷᠭ᠎ᠠ ᠬᠡᠮᠵᠢᠶ᠎ᠡ ᠠᠪᠤᠭᠰᠠᠨ ᠨᠢᠭᠡ ᠪᠤᠶᠤ ᠣᠯᠠᠨ ᠲᠥᠷᠥᠯ᠎ᠤᠨ ᠠᠮᠢᠲᠠᠨ᠎ᠢ ᠲᠡᠵᠢᠭᠡᠨ ᠦᠷᠡᠵᠢᠭᠦᠯᠬᠦ᠂ ᠨᠢᠲᠤᠯᠤᠨ ᠪᠣᠯᠪᠠᠰᠤᠷᠠᠭᠤᠯᠬᠤ ᠵᠡᠷᠭᠡ ᠦᠢ᠍ᠯᠡᠳᠪᠦᠷᠢᠯᠡᠯ᠎ᠤᠨ ᠨᠢᠭᠡᠴᠢ ᠵᠢ ᠬᠡᠯᠡᠵᠦ ᠪᠠᠶ᠋ᠢᠨ᠎ᠠ᠃
     (ᠭᠤᠷᠪᠠ) 《ᠠᠮᠢᠲᠠᠨ᠎ᠤ ᠲᠣᠳᠣᠷᠬᠠᠢ ᠦᠭᠡᠢ ᠬᠢᠵᠢᠭ᠎ᠤᠨ ᠣᠷᠣᠨ》 ᠭᠡᠳᠡᠭ ᠪᠣᠯ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠲᠤᠰ ᠨᠤᠲᠤᠭ᠎ᠤᠨ ᠬᠢᠭᠡᠳ ᠵᠠᠬ᠎ᠠ ᠬᠢᠵᠠᠭ᠋ᠠᠷ ᠣᠷᠣᠨ ᠲᠡᠭᠦᠨᠴᠢᠯᠡᠨ ᠭᠠᠳᠠᠭ᠋ᠠᠳᠤ ᠵᠢᠨ ᠲᠣᠳᠣᠷᠬᠠᠢ ᠣᠷᠣᠨ ᠨᠤᠲᠤᠭ᠎ᠤᠨ ᠬᠡᠪᠴᠢᠶᠡᠨ᠎ᠳᠤ ᠶᠠᠮᠠᠷ ᠨᠢᠭᠡᠨ ᠡᠰᠡᠬᠦᠯ᠎ᠡ ᠬᠡᠳᠦᠨ ᠲᠥᠷᠥᠯ᠎ᠤᠨ ᠠᠮᠢᠲᠠᠨ᠎ᠤ ᠬᠢᠵᠢᠭ ᠲᠠᠬᠤᠯ ᠢᠯᠡᠷᠡᠭᠡ ᠦᠭᠡᠢ ᠪᠤᠶᠤ ᠠᠮᠢᠲᠠᠨ ᠬᠢᠭᠡᠳ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠂ ᠮᠠᠯ ᠠᠮᠢᠲᠠᠨ᠎ᠤ ᠭᠠᠷᠤᠯ᠎ᠲᠠᠢ ᠲᠡᠵᠢᠭᠡᠯ᠂ ᠠᠮᠢᠲᠠᠨ᠎ᠤ ᠤᠳᠤᠮ᠎ᠤᠨ ᠮᠠᠲ᠋ᠧᠷᠢᠶᠠᠯ᠂ ᠮᠠᠯ᠎ᠤᠨ ᠡᠮ (ᠠᠮᠢᠳᠤ ᠪᠣᠳᠠᠰ᠎ᠤᠨ ᠪᠦᠲᠦᠭᠡᠭᠳᠡᠬᠦᠨ ᠪᠠᠭᠲᠠᠨ᠎ᠠ)᠎ᠤᠨ ᠭᠦᠶᠦᠯᠭᠡ ᠵᠢᠨ ᠲᠠᠯ᠎ᠠ᠎ᠪᠠᠷ ᠠᠯᠪᠠᠨ ᠶᠣᠰᠣ᠎ᠪᠠᠷ ᠬᠢᠨᠠᠯᠲᠠ᠎ᠳᠠᠭᠠᠨ ᠠᠪᠴᠤ ᠬᠢᠵᠢᠭ ᠲᠠᠬᠤᠯ᠎ᠢ ᠬᠢᠵᠠᠭ᠋ᠠᠷᠯᠠᠬᠤ ᠲᠠᠯ᠎ᠠ᠎ᠪᠠᠷ ᠲᠣᠳᠣᠷᠬᠠᠢ ᠦᠷ᠎ᠡ ᠳ᠋ᠦᠩ᠎ᠳᠤ ᠬᠦᠷᠦᠭᠰᠡᠨ᠂ ᠤᠯᠤᠰ᠎ᠤᠨ ᠬᠡᠮᠵᠢᠶᠡᠨ᠎ᠳᠤ ᠬᠦᠯᠢᠶᠡᠨ ᠵᠥᠪᠰᠢᠶᠡᠷᠡᠭᠳᠡᠭᠰᠡᠨ ᠨᠤᠲᠤᠭ ᠣᠷᠣᠨ᠎ᠢ ᠬᠡᠯᠡᠵᠦ ᠪᠠᠶ᠋ᠢᠨ᠎ᠠ᠃
     (ᠳᠥᠷᠪᠡ) 《ᠠᠯᠪᠠᠨ ᠶᠣᠰᠣᠨ᠎ᠤ ᠮᠠᠯ᠎ᠤᠨ ᠡᠮᠴᠢ》 ᠭᠡᠵᠤ ᠮᠠᠯ ᠡᠮᠨᠡᠯᠭᠡ ᠵᠢᠨ ᠭᠤᠣᠯ ᠪᠣᠯᠬᠤ ᠠᠯᠪᠠᠨ᠎ᠠᠴᠠ ᠲᠣᠮᠢᠯᠠᠭᠰᠠᠨ᠂ ᠲᠣᠭᠲᠠᠭᠰᠠᠨ ᠬᠢᠷᠢ ᠬᠡᠮ᠎ᠤᠨ ᠨᠥᠬᠦᠴᠡᠯ ᠪᠦᠷᠢᠳᠦᠭᠦᠯᠦᠭᠰᠡᠨ᠂ ᠬᠢᠵᠢᠭ ᠪᠠᠶ᠋ᠢᠴᠠᠭ᠋ᠠᠯᠲᠠ ᠵᠢᠨ ᠭᠡᠷᠡᠴᠢᠯᠡᠭᠡ ᠣᠯᠭᠤᠬᠤ ᠮᠠᠯ ᠡᠮᠨᠡᠯᠭᠡ ᠵᠢᠨ ᠠᠵᠢᠯᠲᠠᠨ᠎ᠢ ᠬᠡᠯᠡᠵᠦ ᠪᠠᠶ᠋ᠢᠨ᠎ᠠ᠃
     (ᠲᠠᠪᠤ) 《ᠮᠡᠷᠭᠡᠵᠢᠯ᠎ᠤᠨ ᠮᠠᠯ᠎ᠤᠨ ᠡᠮᠴᠢ》 ᠭᠡᠵᠤ ᠮᠠᠯ ᠡᠮᠨᠡᠯᠭᠡ ᠵᠢᠨ ᠤᠷ᠎ᠠ ᠴᠢᠳᠠᠪᠤᠷᠢ ᠵᠢ ᠪᠦᠷᠢᠳᠦᠭᠦᠯᠦᠭᠰᠡᠨ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠮᠠᠯ᠎ᠤᠨ ᠡᠮᠴᠢ ᠵᠢᠨ ᠬᠢᠷᠢ ᠬᠡᠮ᠎ᠤᠨ ᠭᠡᠷᠡᠴᠢᠯᠡᠭᠡ ᠠᠪᠤᠭᠰᠠᠨ᠂ ᠬᠠᠤᠯᠢ ᠲᠣᠭᠲᠠᠭ᠋ᠠᠮᠵᠢ ᠵᠢᠨ ᠳᠠᠭ᠋ᠠᠤ ᠮᠠᠯ᠎ᠤᠨ ᠡᠮᠴᠢᠯᠡᠭᠡ ᠪᠤᠶᠤ ᠠᠮᠢᠲᠠᠨ᠎ᠤ ᠡᠷᠡᠭᠦᠯ ᠮᠡᠨᠳᠦ ᠵᠢᠨ ᠦᠢ᠍ᠯᠡ ᠠᠵᠢᠯᠯᠠᠭ᠎ᠠ ᠶᠠᠪᠤᠭᠤᠯᠵᠤ ᠪᠠᠶ᠋ᠢᠭ᠎ᠠ ᠮᠡᠯ᠎ᠤᠨ ᠡᠮᠴᠢ ᠵᠢ ᠬᠡᠯᠡᠵᠦ ᠪᠠᠶ᠋ᠢᠨ᠎ᠠ᠃
     (ᠵᠢᠷᠭᠤᠭ᠎ᠠ) 《ᠬᠥᠳᠡᠭᠡ ᠲᠣᠰᠬᠤᠨ᠎ᠤ ᠮᠠᠯ᠎ᠤᠨ ᠡᠮᠴᠢ》 ᠭᠡᠵᠤ ᠮᠠᠯ᠎ᠤᠨ ᠡᠮᠴᠢ ᠵᠢᠨ ᠬᠢᠷᠢ ᠬᠡᠮ᠎ᠤᠨ ᠭᠡᠷᠡᠴᠢᠯᠡᠭᠡ ᠠᠪᠤᠭ᠎ᠠ ᠦᠭᠡᠢ᠂ ᠨᠡᠷ᠎ᠡ᠎ᠪᠠᠨ ᠪᠦᠷᠢᠳᠬᠡᠭᠦᠯᠵᠦ ᠬᠥᠳᠡᠭᠡ ᠲᠣᠰᠬᠤᠨ᠎ᠳᠤ ᠮᠠᠯ ᠡᠮᠴᠢᠯᠡᠭᠡᠨ᠎ᠤ ᠦᠢ᠍ᠯᠡ ᠠᠵᠢᠯᠯᠠᠭ᠎ᠠ ᠶᠠᠪᠤᠭᠤᠯᠵᠤ ᠪᠠᠶ᠋ᠢᠭ᠎ᠠ ᠬᠥᠮᠥᠨ᠎ᠢ ᠵᠢᠭ᠋ᠠᠵᠤ ᠪᠠᠶ᠋ᠢᠨ᠎ᠠ᠃
     (ᠳᠣᠯᠤᠭ᠎ᠠ) 《ᠴᠣᠴᠢᠷᠳᠠᠭᠰᠠᠨ᠎ᠠᠴᠠ ᠪᠣᠯᠣᠭᠰᠠᠨ ᠠᠮᠢᠲᠠᠨ᠎ᠤ ᠦᠬᠦᠯ》 ᠭᠡᠵᠤ ᠠᠮᠢᠲᠠᠨ ᠭᠠᠳᠠᠨ᠎ᠠ ᠣᠷᠴᠢᠨ᠎ᠤ ᠨᠥᠯᠥᠭᠡᠯᠡᠯ᠎ᠠᠴᠠ ᠪᠣᠯᠵᠤ ᠰᠡᠷᠡᠯᠲᠡ ᠠᠪᠴᠤ ᠴᠣᠴᠢᠷᠳᠠᠵᠤ ᠦᠬᠦᠭᠰᠡᠨ᠎ᠢ ᠬᠡᠯᠡᠨ᠎ᠡ᠃ ᠵᠢᠱ᠌ᠢᠶᠡᠯᠡᠪᠡᠯ ᠡᠪᠡᠳᠴᠢᠨ ᠬᠢᠵᠢᠭ᠎ᠤᠨ ᠲᠠᠷᠢᠯᠭ᠎ᠠ ᠲᠠᠷᠢᠬᠤ ᠦᠶ᠎ᠡ᠎ᠳᠤ ᠠᠶᠤᠵᠤ ᠴᠣᠴᠢᠷᠳᠠᠭᠰᠠᠨ᠎ᠠᠴᠠ ᠪᠣᠯᠵᠤ ᠦᠬᠦᠭᠰᠡᠨ ᠭᠡᠬᠦ ᠮᠡᠲᠦ᠃
      ᠳᠠᠯᠠᠨ ᠬᠤᠶᠠᠳᠤᠭ᠋ᠠᠷ ᠵᠦᠢ᠍ᠯ     ᠲᠤᠰ ᠳᠦᠷᠢᠮ᠎ᠢ 2014 ᠣᠨ᠎ᠤ 12 ᠰᠠᠷ᠎ᠠ ᠵᠢᠨ 01᠎ᠠᠴᠠ ᠡᠬᠢᠯᠡᠵᠦ ᠬᠡᠷᠡᠭᠵᠢᠭᠦᠯᠦᠨ᠎ᠡ᠃ 2002 ᠣᠨ᠎ᠤ 09 ᠰᠠᠷ᠎ᠠ ᠵᠢᠨ 27᠎ᠤ ᠡᠳᠦᠷ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠥᠯᠤᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠭᠤᠴᠢᠨ ᠬᠤᠶᠠᠳᠤᠭ᠋ᠠᠷ ᠤᠳᠠᠭ᠋ᠠᠨ᠎ᠤ ᠬᠤᠷᠠᠯ ᠵᠶ᠋ᠠᠷ ᠪᠠᠲᠤᠯᠠᠭᠰᠠᠨ 《ᠥᠪᠥᠷ ᠮᠣᠩᠭᠤᠯ᠎ᠤᠨ ᠥᠪᠡᠷᠳᠡᠭᠡᠨ ᠵᠠᠰᠠᠬᠤ ᠤᠷᠤᠨ ᠠᠮᠢᠲᠠᠨ᠎ᠤ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠳᠦᠷᠢᠮ》 ᠬᠠᠮᠲᠤ᠎ᠳᠤ᠎ᠨᠢ ᠬᠦᠴᠦᠨ ᠦᠭᠡᠢ ᠪᠣᠯᠣᠨ᠎ᠠ᠃

ᠢᠷᠡᠯᠲᠡ᠄ 《ᠦᠪᠦᠷ ᠮᠣᠩᠭᠣᠯ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ》 ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠡᠷ᠎ᠤᠨ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ ᠵᠢᠨ ᠵᠢᠷᠤᠮ
ᠭᠠᠭ᠍ᠠᠢ ᠵᠢᠨ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ ᠵᠢᠨ ᠵᠢᠷᠤᠮ
ᠠᠹᠷᠢᠺᠠ ᠵᠢᠨ ᠭᠠᠬᠠᠶ ᠵᠢᠨ ᠬᠢᠵᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠡᠷᠡᠭᠵᠢᠭᠦᠯᠬᠦ ᠲᠥᠰᠦᠯ (2020 ᠣᠨ᠎ᠤ ᠬᠡᠪᠯᠡᠯ)
ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠪ
ᠬᠤᠨᠢ ᠢᠮᠠᠭ᠋ᠠᠨ᠎ᠤ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ ᠵᠢᠨ ᠵᠢᠷᠤᠮ
 
            