ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠭᠠᠭ᠍ᠠᠢ ᠵᠢᠨ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ ᠵᠢᠨ ᠵᠢᠷᠤᠮ
ᠨᠡᠶ᠋ᠢᠲᠡᠯᠡᠭᠰᠡᠨ ᠴᠠᠭ᠄ 2020-05-11

      ᠭᠠᠭ᠍ᠠᠢ ᠵᠢᠨ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ ᠵᠢᠨ ᠵᠢᠷᠤᠮ
             农医发 [2010] 27号
     1. ᠬᠡᠷᠡᠭᠯᠡᠬᠦ ᠬᠦᠷᠢᠶ᠎ᠡ ᠬᠡᠪᠴᠢᠶ᠎ᠡ᠂ ᠡᠨᠡ ᠵᠢᠷᠤᠮ᠎ᠳᠤ ᠭᠠᠭ᠍ᠠᠢ ᠵᠢᠨ ᠨᠢᠲᠤᠯᠭ᠋ᠠᠨ᠎ᠤ ᠲᠠᠯᠠᠪᠤᠷ (ᠦᠢ᠍ᠯᠡᠳᠪᠦᠷᠢ᠂ ᠴᠢᠭ)᠎ᠲᠤ ᠣᠷᠣᠭᠤᠯᠬᠤ ᠵᠢ ᠬᠢᠨᠠᠵᠤ ᠰᠢᠯᠭ᠋ᠠᠬᠤ᠂ ᠨᠢᠲᠤᠯᠭ᠋ᠠᠨ᠎ᠤ ᠡᠮᠦᠨᠡᠬᠢ ᠦᠵᠡᠯᠭᠡ᠂ ᠬᠠᠮᠲᠤ᠎ᠳᠤ᠎ᠨᠢ ᠬᠢᠵᠢᠭ ᠪᠠᠶ᠋ᠢᠴᠠᠭ᠋ᠠᠯᠲᠠ᠂ ᠬᠢᠵᠢᠭ ᠪᠠᠶ᠋ᠢᠴᠠᠭ᠋ᠠᠯᠲᠠ ᠵᠢᠨ ᠦᠷ᠎ᠡ ᠳ᠋ᠦᠩ᠎ᠤᠨ ᠰᠢᠢ᠍ᠳᠪᠦᠷᠢᠯᠡᠯᠲᠡ ᠪᠣᠯᠣᠨ ᠬᠢᠵᠢᠭ ᠪᠠᠶ᠋ᠢᠴᠠᠭ᠋ᠠᠯᠲᠠ ᠵᠢᠨ ᠲᠡᠮᠳᠡᠭᠯᠡᠯ ᠵᠡᠷᠭᠡ ᠦᠢ᠍ᠯᠡ ᠠᠵᠢᠯᠯᠠᠭ᠋ᠠᠨ᠎ᠤ ᠵᠢᠷᠤᠮ᠎ᠢ ᠲᠣᠭᠲᠠᠭ᠋ᠠᠪᠠ᠃ ᠡᠨᠡ ᠵᠢᠷᠤᠮ᠎ᠢ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠵᠠᠭ᠋ᠠᠷ᠎ᠲᠤ ᠪᠠᠶ᠋ᠢᠬᠤ ᠭᠠᠭ᠍ᠠᠢ ᠵᠢᠨ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ᠎ᠳᠤ ᠬᠡᠷᠡᠭᠯᠡᠨ᠎ᠡ᠃
     2. ᠬᠢᠵᠢᠭ ᠪᠠᠶ᠋ᠢᠴᠠᠭ᠋ᠠᠯᠲᠠ ᠵᠢᠨ ᠣᠸᠶᠧᠺᠲ ᠬᠥᠯ ᠠᠮᠠᠨ᠎ᠤ ᠡᠪᠡᠳᠴᠢᠨ᠂ ᠭᠠᠭ᠍ᠠᠢ ᠵᠢᠨ ᠲᠣᠮᠣᠭᠤ᠂ ᠳᠡᠭᠡᠳᠦ ᠠᠩᠭᠢᠯᠠᠯ᠎ᠤᠨ ᠭᠠᠭ᠍ᠠᠢ ᠵᠢᠨ ᠴᠡᠩᠬᠡᠷ ᠴᠢᠬᠢᠨ᠎ᠤ ᠡᠪᠡᠳᠴᠢᠨ᠂ ᠬᠠᠷᠠᠤ᠂ ᠭᠠᠭ᠍ᠠᠢ ᠵᠢᠨ ᠶᠤᠯᠮ᠎ᠠ᠂ ᠭᠠᠭ᠍ᠠᠢ ᠵᠢᠨ ᠠᠭᠤᠰᠬᠢᠨ᠎ᠤ ᠲᠠᠬᠤᠯ᠂ ᠭᠠᠭ᠍ᠠᠢ ᠵᠢᠨ ᠳᠠᠭ᠋ᠠᠯᠳᠤᠭᠰᠠᠨ ᠲᠣᠮᠣᠭᠤ᠂ ᠭᠠᠭ᠍ᠠᠢ ᠵᠢᠨ Ⅱ ᠵᠡᠷᠭᠡᠯᠡᠯ᠎ᠤᠨ ᠳᠦᠦᠭᠡᠦᠷ ᠪᠠᠺᠲ᠋ᠧᠷᠢ ᠵᠢᠨ ᠡᠪᠡᠳᠴᠢᠨ᠂ ᠭᠠᠭ᠍ᠠᠢ ᠵᠢᠨ ᠮᠢᠺᠦᠫᠠᠯᠠᠰᠮ ᠡᠮᠭᠡᠭ᠂ ᠭᠠᠭ᠍ᠠᠢ ᠵᠢᠨ ᠴᠢᠰᠤ ᠰᠣᠷᠣᠭᠴᠢ ᠰᠠᠪᠬᠠᠨᠴᠢᠷ ᠪᠠᠺᠲ᠋ᠧᠷᠢ ᠵᠢᠨ ᠡᠪᠡᠳᠴᠢᠨ᠂ ᠬᠢᠯᠭ᠋ᠠᠰᠤᠨ ᠬᠤᠷᠣᠬᠠᠢ ᠵᠢᠨ ᠡᠪᠡᠳᠴᠢᠨ᠂ ᠭᠠᠭ᠍ᠠᠢ ᠵᠢᠨ ᠤᠭᠤᠲᠠᠨᠴᠠᠷ ᠠᠪᠠᠭ᠋ᠠᠯᠳᠠᠢ ᠵᠢᠨ ᠡᠪᠡᠳᠴᠢᠨ᠂ ᠲᠥᠭᠡᠯᠡᠭᠦᠷ ᠬᠤᠷᠣᠬᠠᠢ ᠵᠢᠨ ᠡᠪᠡᠳᠴᠢᠨ᠃
     3. ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠬᠦᠷᠬᠦ ᠪᠠᠷᠢᠮᠵᠢᠶ᠎ᠠ
     3.1 ᠲᠠᠯᠠᠪᠤᠷ (ᠦᠢ᠍ᠯᠡᠳᠪᠦᠷᠢ᠂ ᠴᠢᠭ)᠎ᠲᠤ ᠣᠷᠣᠭᠤᠯᠬᠤ ᠦᠶ᠎ᠡ᠎ᠳᠤ ᠬᠦᠴᠦᠨ ᠪᠦᠬᠦᠢ 《ᠠᠮᠢᠲᠠᠨ᠎ᠤ ᠬᠢᠵᠢᠭ ᠲᠠᠬᠤᠯ᠎ᠤᠨ ᠪᠠᠶ᠋ᠢᠴᠠᠭ᠋ᠠᠯᠲᠠ᠎ᠳᠤ ᠬᠢᠷᠢ᠎ᠳᠤ ᠨᠡᠶ᠋ᠢᠴᠡᠭᠰᠡᠨ ᠦᠨᠡᠮᠯᠡᠬᠦ》 ᠵᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠢ᠃ ᠮᠠᠯ ᠰᠢᠪᠠᠭᠤᠨ᠎ᠤ ᠱᠣᠰᠢᠭ᠎ᠠ᠎ᠨᠢ ᠤᠯᠤᠰ᠎ᠤᠨ ᠳᠦᠷᠢᠮ ᠲᠣᠭᠲᠠᠭ᠋ᠠᠯ᠎ᠤᠨ ᠳᠠᠭ᠋ᠠᠤ ᠪᠠᠶ᠋ᠢᠬᠤ ᠬᠡᠷᠡᠭᠲᠡᠢ᠃
     3.2 ᠵᠢᠷᠤᠮᠵᠢᠯ ᠦᠭᠡᠢ ᠬᠠᠯᠳᠠᠪᠤᠷᠢᠲᠤ ᠡᠪᠡᠳᠴᠢᠨ ᠪᠣᠯᠣᠨ ᠰᠢᠮᠡᠭᠴᠢ ᠬᠤᠷᠣᠬᠠᠢ ᠵᠢᠨ ᠡᠪᠡᠳᠴᠢᠨ᠃
     3.3 ᠬᠢᠵᠢᠭ ᠲᠠᠬᠤᠯ᠎ᠢ ᠯᠠᠪᠤᠷᠠᠲ᠋ᠣᠷᠢ᠎ᠳᠤ ᠬᠢᠭᠰᠡᠨ ᠰᠢᠨᠵᠢᠯᠡᠭᠡᠨ᠎ᠤ ᠳ᠋ᠦᠩ᠎ᠢ ᠬᠦᠯᠢᠶᠡᠨ ᠵᠥᠪᠰᠢᠶᠡᠷᠡᠨ᠎ᠡ᠃
     3.4 ᠲᠤᠰ ᠵᠢᠷᠤᠮ᠎ᠳᠤ ᠲᠣᠭᠲᠠᠭ᠋ᠠᠭᠰᠠᠨ ᠬᠢᠵᠢᠭ ᠪᠠᠶ᠋ᠢᠴᠠᠭ᠋ᠠᠯᠲᠠ ᠵᠢᠨ ᠠᠯᠬᠤᠮ ᠳᠠᠷᠠᠭ᠎ᠠ᠎ᠪᠠᠷ ᠭᠦᠢ᠍ᠴᠡᠳᠬᠡᠪᠡᠯ ᠬᠢᠵᠢᠭ ᠪᠠᠶ᠋ᠢᠴᠠᠭ᠋ᠠᠯᠲᠠ ᠵᠢᠨ ᠦᠷ᠎ᠡ ᠳ᠋ᠦᠩ᠎ᠨᠢ ᠲᠣᠭᠲᠠᠭ᠋ᠠᠯ᠎ᠳᠤ ᠨᠡᠶ᠋ᠢᠴᠡᠨ᠎ᠡ᠃
     4. ᠲᠠᠯᠠᠪᠤᠷ (ᠦᠢ᠍ᠯᠡᠳᠪᠦᠷᠢ᠂ ᠴᠢᠭ)᠎ᠲᠤ ᠣᠷᠣᠭᠤᠯᠬᠤ ᠰᠢᠯᠭ᠋ᠠᠨ ᠪᠠᠶ᠋ᠢᠴᠠᠭ᠋ᠠᠯᠲᠠ ᠵᠢ ᠬᠢᠨᠠᠬᠤ
     4.1 ᠲᠠᠯᠠᠪᠤᠷ (ᠦᠢ᠍ᠯᠡᠳᠪᠦᠷᠢ᠂ ᠴᠢᠭ)᠎ᠲᠤ ᠨᠡᠪᠲᠡᠷᠡᠭᠦᠯᠬᠦ ᠠᠮᠢᠲᠠᠨ᠎ᠤ ᠭᠡᠷᠡᠴᠢ ᠲᠡᠮᠳᠡᠭ᠂ ᠡᠳ᠋ ᠵᠦᠢ᠍ᠯ᠂ ᠭᠠᠭ᠍ᠠᠢ ᠵᠢᠨ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》 ᠪᠣᠯᠣᠨ ᠵᠡᠭᠦᠭᠰᠡᠨ ᠱᠣᠰᠢᠭ᠎ᠠ ᠲᠡᠮᠳᠡᠭ᠎ᠢ ᠰᠢᠯᠭ᠋ᠠᠨ᠎ᠠ᠃
     4.2 ᠭᠠᠭ᠍ᠠᠢ ᠵᠢᠨ ᠵᠠᠮ ᠲᠡᠭᠡᠭᠡᠪᠦᠷᠢᠯᠡᠯᠲᠡ ᠵᠢᠨ ᠳᠤᠮᠳᠠᠬᠢ ᠪᠠᠶ᠋ᠢᠳᠠᠯ᠎ᠢ ᠠᠰᠠᠭᠤᠵᠤ ᠯᠠᠪᠯᠠᠨ᠎ᠠ᠃
     4.3 ᠺᠯᠢᠨᠢᠺ᠎ᠤᠨ ᠦᠵᠡᠯᠭᠡ᠎ᠪᠠᠷ ᠭᠠᠭ᠍ᠠᠢ ᠵᠢᠨ ᠰᠦᠷᠦᠭ᠎ᠤᠨ ᠴᠤᠭ ᠵᠣᠯᠪᠣᠭ᠎ᠠ᠂ ᠭᠠᠳᠠᠷ ᠪᠠᠶ᠋ᠢᠳᠠᠯ᠂ ᠠᠮᠢᠰᠬᠤᠯ ᠪᠣᠯᠣᠨ ᠢᠯᠭ᠋ᠠᠳᠠᠰᠤ ᠵᠡᠷᠭᠡ ᠪᠠᠶ᠋ᠢᠳᠠᠯ᠎ᠢ ᠰᠢᠯᠭ᠋ᠠᠨ᠎ᠠ᠃
     4.4 ᠦᠷ᠎ᠡ ᠳ᠋ᠦᠩ᠎ᠢ ᠰᠢᠢ᠍ᠳᠬᠦ
     4.4.1 ᠬᠦᠴᠦᠨ ᠲᠡᠭᠦᠯᠳᠡᠷ ᠪᠦᠬᠦᠢ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠬᠢᠷᠢ᠎ᠳᠤ ᠨᠡᠶ᠋ᠢᠴᠡᠭᠰᠡᠨ ᠦᠨᠡᠮᠯᠡᠬᠦ》᠂ ᠭᠡᠷᠡᠴᠢ ᠪᠠᠷᠢᠮᠲᠠ ᠡᠳ᠋ ᠵᠦᠢ᠍ᠯ᠎ᠨᠢ ᠬᠤᠭᠤᠷᠣᠨᠳᠤ᠎ᠪᠠᠨ ᠠᠪᠴᠠᠯᠳᠤᠭᠰᠠᠨ᠂ ᠮᠠᠯ ᠰᠢᠪᠠᠭᠤᠨ᠎ᠤ ᠱᠣᠰᠢᠭ᠎ᠠ᠎ᠨᠢ ᠱᠠᠭ᠋ᠠᠷᠳᠠᠯᠭ᠎ᠠ᠎ᠳᠤ ᠨᠡᠶ᠋ᠢᠴᠡᠭᠰᠡᠨ᠂ ᠺᠯᠢᠨᠢᠺ᠎ᠤᠨ ᠦᠵᠡᠯᠭᠡ᠎ᠪᠠᠷ ᠡᠷᠡᠭᠦᠯ ᠮᠡᠨᠳᠦ ᠭᠠᠷᠤᠭᠰᠠᠨ ᠪᠠᠶ᠋ᠢᠪᠠᠯ᠂ ᠲᠠᠯᠠᠪᠤᠷ᠎ᠲᠤ ᠣᠷᠣᠭᠤᠯᠬᠤ ᠵᠢ ᠵᠥᠪᠰᠢᠶᠡᠷᠡᠵᠦ᠂ ᠲᠡᠭᠦᠨᠴᠢᠯᠡᠨ 《ᠠᠮᠢᠲᠠᠨ᠎ᠤ ᠬᠢᠵᠢᠭ᠎ᠤᠨ ᠪᠠᠶ᠋ᠢᠴᠠᠭ᠋ᠠᠯᠲᠠ ᠬᠢᠷᠢ᠎ᠳᠤ ᠨᠡᠶ᠋ᠢᠴᠡᠭᠰᠡᠨ ᠦᠨᠡᠮᠯᠡᠬᠦ》 ᠵᠢ ᠬᠤᠷᠢᠶᠠᠮᠵᠢᠯᠠᠨ ᠠᠪᠤᠨ᠎ᠠ᠃ ᠲᠠᠯᠠᠪᠤᠷ (ᠦᠢ᠍ᠯᠡᠳᠪᠦᠷᠢ᠂ ᠴᠢᠭ)᠎ᠨᠢ ᠭᠠᠭ᠍ᠠᠢ ᠵᠢ ᠤᠤᠯ ᠭᠠᠷᠤᠯᠲᠠ ᠵᠢᠨ ᠵᠦᠭ᠎ᠠᠴᠠ ᠨᠢᠲᠤᠯᠭ᠋ᠠᠨ᠎ᠤ ᠬᠠᠰᠢᠶᠠᠨ᠎ᠳᠤ ᠣᠷᠣᠭᠤᠯᠬᠤ᠎ᠳᠠᠭᠠᠨ ᠠᠳᠠᠯᠢ ᠪᠤᠰᠤ ᠡᠵᠡᠳ᠎ᠤᠨ᠂ ᠠᠳᠠᠯᠢ ᠪᠤᠰᠤ ᠵᠥᠪᠰᠢᠶᠡᠷᠡᠯ ᠵᠶ᠋ᠠᠷ ᠪᠠᠲᠤᠯᠠᠭᠳᠠᠭᠰᠠᠨ ᠭᠠᠭ᠍ᠠᠢ ᠵᠢᠨ ᠰᠦᠷᠦᠭ᠎ᠢ ᠬᠤᠭᠤᠷᠣᠨᠳᠤ᠎ᠨᠢ ᠬᠤᠯᠢᠵᠤ ᠬᠤᠳᠬᠤᠵᠤ ᠪᠣᠯᠬᠤ ᠦᠭᠡᠢ᠃
     4.4.2 ᠬᠢᠷᠢ᠎ᠳᠤ ᠬᠦᠷᠬᠦ ᠦᠭᠡᠢ᠂ ᠨᠥᠬᠦᠴᠡᠯ᠎ᠳᠤ ᠲᠣᠬᠢᠷᠠᠭᠰᠠᠨ ᠦᠭᠡᠢ ᠵᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠨ᠎ᠡ᠃
     4.5 ᠪᠠᠷᠠᠭ᠎ᠠ ᠡᠵᠡᠮᠰᠢᠭᠴᠢ ᠪᠠᠷᠠᠭ᠎ᠠ᠎ᠪᠠᠨ ᠪᠠᠭᠤᠯᠭ᠋ᠠᠭᠰᠠᠨ ᠬᠤᠶ᠋ᠢᠨ᠎ᠠ ᠲᠡᠭᠡᠭᠡᠪᠦᠷᠢ ᠵᠢᠨ ᠪᠠᠭ᠋ᠠᠵᠢ ᠬᠡᠷᠡᠭᠰᠡᠯ ᠪᠣᠯᠣᠨ ᠬᠤᠯᠪᠣᠭᠳᠠᠬᠤ ᠡᠳ᠋ ᠵᠦᠢ᠍ᠯ᠎ᠢ ᠠᠷᠢᠭᠤᠳᠬᠠᠯ ᠬᠢᠬᠦ᠎ᠳᠤ ᠬᠢᠨᠠᠯᠲᠠ ᠲᠠᠯᠪᠢᠨ᠎ᠠ᠃
     5. ᠬᠢᠵᠢᠭ ᠪᠠᠶ᠋ᠢᠴᠠᠭ᠋ᠠᠯᠲᠠ ᠵᠢᠨ ᠡᠷᠭᠦᠳᠡᠯ
     5.1 ᠡᠷᠭᠦᠳᠡᠯ᠎ᠢ ᠬᠦᠯᠢᠶᠡᠵᠦ ᠠᠪᠤᠭᠰᠠᠨ ᠦᠶ᠎ᠡ᠎ᠳᠤ ᠲᠠᠯᠠᠪᠤᠷ (ᠦᠢ᠍ᠯᠡᠳᠪᠦᠷᠢ᠂ ᠴᠢᠭ)᠎ᠤᠨ᠎ᠬᠢᠨ ᠨᠢᠲᠤᠯᠭ᠋ᠠᠨ᠎ᠠᠴᠠ ᠵᠢᠷᠭᠤᠭ᠋ᠠᠨ ᠴᠠᠭ᠎ᠤᠨ ᠡᠮᠦᠨ᠎ᠡ ᠬᠢᠵᠢᠭ ᠪᠠᠶ᠋ᠢᠴᠠᠭ᠋ᠠᠯᠭ᠋ᠠᠬᠤ᠎ᠪᠠᠷ ᠮᠡᠳᠡᠭᠦᠯᠭᠡ ᠭᠠᠷᠭ᠋ᠠᠵᠤ᠂ ᠬᠢᠵᠢᠭ ᠲᠠᠬᠤᠯ᠎ᠠᠴᠠ ᠤᠷᠢᠳᠴᠢᠯᠠᠨ ᠰᠡᠷᠭᠡᠶ᠋ᠢᠯᠡᠬᠦ ᠮᠠᠶᠢᠭᠲᠤ ᠵᠢ ᠪᠥᠭᠯᠡᠨ᠎ᠡ᠃ ᠠᠯᠪᠠᠨ ᠶᠣᠰᠣᠨ᠎ᠤ ᠮᠠᠯ᠎ᠤᠨ ᠡᠮᠴᠢ ᠬᠢᠵᠢᠭ ᠪᠠᠶ᠋ᠢᠴᠠᠭ᠋ᠠᠯᠭ᠋ᠠᠬᠤ ᠡᠷᠭᠦᠳᠡᠯ᠎ᠢ ᠣᠯᠣᠭᠰᠠᠨ᠎ᠤ ᠳᠠᠷᠠᠭ᠎ᠠ᠂ ᠬᠤᠯᠪᠣᠭᠳᠠᠯ ᠪᠦᠬᠦᠢ ᠪᠠᠶ᠋ᠢᠳᠠᠯ᠎ᠢ ᠦᠨᠳᠦᠰᠦᠯᠡᠵᠦ ᠬᠦᠯᠢᠶᠡᠨ ᠠᠪᠬᠤ ᠡᠰᠡᠬᠦ ᠵᠢ ᠲᠣᠭᠲᠠᠭ᠋ᠠᠨ᠎ᠠ᠃ ᠬᠦᠯᠢᠶᠡᠨ ᠠᠪᠤᠭᠰᠠᠨ ᠪᠣᠯ ᠴᠠᠭ ᠲᠤᠬᠠᠢ᠎ᠳᠤ᠎ᠨᠢ ᠨᠢᠲᠤᠯᠭ᠋ᠠᠨ᠎ᠠᠴᠠ ᠡᠮᠦᠨᠡᠬᠢ ᠪᠠᠶ᠋ᠢᠴᠠᠭ᠋ᠠᠯᠲᠠ ᠬᠢᠨ᠎ᠡ; ᠬᠦᠯᠢᠶᠡᠵᠦ ᠠᠪᠤᠭᠰᠠᠨ ᠦᠭᠡᠢ ᠪᠣᠯ ᠤᠴᠢᠷ ᠰᠢᠯᠲᠠᠭ᠋ᠠᠨ᠎ᠢ᠎ᠨᠢ ᠲᠣᠳᠣᠷᠬᠠᠶ᠋ᠢᠯᠠᠬᠤ ᠬᠡᠷᠡᠭᠲᠡᠢ᠃
     5.2 ᠡᠷᠭᠦᠳᠡᠯ᠎ᠤᠨ ᠬᠡᠯᠪᠡᠷᠢ ᠭᠠᠵᠠᠷ᠎ᠲᠤ᠎ᠨᠢ ᠡᠷᠭᠦᠳᠡᠯ ᠵᠶ᠋ᠠᠨ ᠲᠤᠰᠢᠶᠠᠨ᠎ᠠ᠃
     6. ᠨᠢᠲᠤᠯᠭ᠋ᠠᠨ᠎ᠤ ᠡᠮᠦᠨᠡᠬᠢ ᠪᠠᠶ᠋ᠢᠴᠠᠭ᠋ᠠᠯᠲᠠ
     6.1 ᠨᠢᠲᠤᠯᠭ᠋ᠠᠨ᠎ᠠᠴᠠ ᠡᠮᠦᠨᠡᠬᠢ ᠬᠤᠶᠠᠷ ᠴᠠᠭ᠎ᠤᠨ ᠳᠣᠲᠣᠷ᠎ᠠ ᠠᠯᠪᠠᠨ ᠶᠣᠰᠣᠨ᠎ᠤ ᠮᠠᠯ᠎ᠤᠨ ᠡᠮᠴᠢ 《ᠭᠠᠭ᠍ᠠᠢ ᠵᠢᠨ ᠤᠤᠯ ᠭᠠᠷᠤᠯᠲᠠ ᠵᠢᠨ ᠭᠠᠵᠠᠷ᠎ᠤᠨ ᠬᠢᠵᠢᠭ ᠪᠠᠶ᠋ᠢᠴᠠᠭ᠋ᠠᠯᠲᠠ ᠵᠢᠨ ᠵᠢᠷᠤᠮ》 ᠳᠣᠲᠣᠷᠠᠬᠢ 《ᠺᠯᠢᠨᠢᠺ᠎ᠤᠨ ᠦᠵᠡᠯᠭᠡ》 ᠵᠢᠨ ᠳᠠᠭ᠋ᠠᠤ》 ᠬᠡᠰᠡᠭᠴᠢᠯᠡᠭᠰᠡᠨ ᠰᠢᠯᠭ᠋ᠠᠯᠲᠠ ᠬᠢᠨ᠎ᠡ᠃
     6.2 ᠦᠷ᠎ᠡ ᠳ᠋ᠦᠩ᠎ᠢ ᠰᠢᠢ᠍ᠳᠬᠦ
     6.2.1 ᠬᠢᠷᠢ᠎ᠳᠤ ᠬᠦᠷᠦᠭᠰᠡᠨ᠎ᠢ ᠨᠢᠲᠤᠯᠭ᠋ᠠᠨ᠎ᠳᠤ ᠪᠡᠯᠡᠳᠬᠡᠨ᠎ᠡ᠃
     6.2.2 ᠬᠢᠷᠢ᠎ᠳᠤ ᠬᠦᠷᠦᠭᠰᠡᠨ ᠦᠭᠡᠢ ᠵᠢ ᠳᠠᠷᠠᠭ᠋ᠠᠬᠢ ᠲᠣᠭᠲᠠᠭ᠋ᠠᠯ ᠵᠶ᠋ᠠᠷ ᠰᠢᠢ᠍ᠳᠪᠦᠷᠢᠯᠡᠨ᠎ᠡ᠃
     6.2.2.1 ᠬᠥᠯ ᠠᠮᠠᠨ᠎ᠤ ᠡᠪᠡᠳᠴᠢᠨ᠂ ᠭᠠᠭ᠍ᠠᠢ ᠵᠢᠨ ᠲᠣᠮᠣᠭᠤ᠂ ᠳᠡᠭᠡᠳᠦ ᠠᠩᠭᠢᠯᠠᠯ᠎ᠤᠨ ᠭᠠᠭ᠍ᠠᠢ ᠵᠢᠨ ᠴᠡᠩᠬᠡᠷ ᠴᠢᠬᠢᠨ᠎ᠤ ᠡᠪᠡᠳᠴᠢᠨ᠂ ᠬᠠᠷᠠᠤ ᠵᠡᠷᠭᠡ ᠡᠪᠡᠳᠴᠢᠨ᠎ᠤ ᠪᠠᠶ᠋ᠢᠳᠠᠯ ᠢᠯᠡᠷᠡᠭᠰᠡᠨ ᠪᠠᠶ᠋ᠢᠪᠠᠯ ᠰᠢᠯᠵᠢᠭᠦᠯᠬᠦ ᠵᠢ ᠬᠢᠵᠠᠭ᠋ᠠᠷᠯᠠᠵᠤ ᠲᠡᠭᠦᠨᠴᠢᠯᠡᠨ 《ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》᠂ 《ᠬᠦᠨᠳᠦ ᠨᠣᠴᠢᠲᠠᠢ ᠬᠢᠵᠢᠭ᠎ᠤᠨ ᠪᠠᠶ᠋ᠢᠳᠠᠯ᠎ᠢ ᠪᠠᠴᠢᠮ ᠠᠷᠭ᠋ᠠᠴᠠᠭ᠋ᠠᠬᠤ ᠳᠦᠷᠢᠮ》᠂ 《ᠠᠮᠢᠲᠠᠨ᠎ᠤ ᠬᠢᠵᠢᠭ᠎ᠤᠨ ᠪᠠᠶ᠋ᠢᠳᠠᠯ᠎ᠤᠨ ᠮᠡᠳᠡᠭᠦᠯᠦᠯᠲᠡ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ》 ᠪᠣᠯᠣᠨ 《ᠡᠪᠡᠳᠴᠢᠨ᠎ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ᠎ᠳᠤ ᠬᠤᠣᠷᠳᠠᠭᠰᠠᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠪᠢᠣᠯᠣᠭᠢ ᠵᠢᠨ ᠠᠶᠤᠯ ᠦᠭᠡᠢ ᠰᠢᠢ᠍ᠳᠪᠦᠷᠢᠯᠡᠬᠦ ᠵᠢᠷᠤᠮ》 (GB16548) ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠨ᠎ᠡ᠃
     6.2.2.2 ᠭᠠᠭ᠍ᠠᠢ ᠵᠢᠨ ᠶᠤᠯᠮ᠎ᠠ᠂ ᠭᠠᠭ᠍ᠠᠢ ᠵᠢᠨ ᠠᠭᠤᠰᠬᠢᠨ᠎ᠤ ᠲᠠᠬᠤᠯ᠂ ᠭᠠᠭ᠍ᠠᠢ ᠵᠢᠨ Ⅱ ᠵᠡᠷᠭᠡᠯᠡᠯ᠎ᠤᠨ ᠳᠦᠦᠭᠡᠦᠷ ᠪᠠᠺᠲ᠋ᠧᠷᠢ ᠵᠢᠨ ᠡᠪᠡᠳᠴᠢᠨ᠂ ᠭᠠᠭ᠍ᠠᠢ ᠵᠢᠨ ᠮᠢᠺᠦᠫᠠᠯᠠᠰᠮ ᠡᠮᠭᠡᠭ᠂ ᠭᠠᠭ᠍ᠠᠢ ᠵᠢᠨ ᠴᠢᠰᠤ ᠰᠣᠷᠣᠭᠴᠢ ᠰᠠᠪᠬᠠᠨᠴᠢᠷ ᠪᠠᠺᠲ᠋ᠧᠷᠢ ᠵᠢᠨ ᠡᠪᠡᠳᠴᠢᠨ᠂ ᠭᠠᠭ᠍ᠠᠢ ᠵᠢᠨ ᠳᠠᠭ᠋ᠠᠯᠳᠤᠭᠰᠠᠨ ᠲᠣᠮᠣᠭᠤ ᠵᠡᠷᠭᠡ ᠡᠪᠡᠳᠴᠢᠨ ᠠᠵᠢᠭᠯᠠᠭᠳᠠᠭᠰᠠᠨ ᠪᠠᠶ᠋ᠢᠪᠠᠯ ᠡᠪᠡᠳᠴᠢᠨ᠎ᠳᠤ ᠨᠡᠷᠪᠡᠭᠳᠡᠭᠰᠡᠨ ᠭᠠᠭ᠍ᠠᠢ ᠵᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠨ᠎ᠡ᠃ ᠲᠡᠭᠦᠨᠴᠢᠯᠡᠨ ᠭᠠᠭ᠍ᠠᠢ ᠵᠢ ᠲᠤᠰᠠᠭ᠋ᠠᠷᠯᠠᠨ ᠠᠵᠢᠭᠯᠠᠵᠤ᠂ ᠰᠡᠵᠢᠭ ᠦᠭᠡᠢ ᠭᠡᠳᠡᠭ᠎ᠢ ᠨᠤᠲᠠᠯᠠᠭᠰᠠᠨ ᠬᠤᠶ᠋ᠢᠨ᠎ᠠ ᠨᠢᠲᠤᠯᠭ᠋ᠠᠨ᠎ᠳᠤ ᠥᠭᠬᠦ᠎ᠳᠤ ᠵᠥᠪᠰᠢᠶᠡᠷᠡᠨ᠎ᠡ; ᠲᠤᠰᠠᠭ᠋ᠠᠷᠯᠠᠭᠰᠠᠨ ᠬᠤᠭᠤᠴᠠᠭ᠋ᠠᠨ᠎ᠳᠤ ᠬᠡᠪ᠎ᠤᠨ ᠪᠤᠰᠤ ᠪᠠᠶ᠋ᠢᠳᠠᠯ ᠢᠯᠡᠷᠡᠪᠡᠯ 《ᠡᠪᠡᠳᠴᠢᠨ᠎ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ᠎ᠳᠤ ᠬᠤᠣᠷᠳᠠᠭᠰᠠᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠪᠢᠣᠯᠣᠭᠢ ᠵᠢᠨ ᠠᠶᠤᠯ ᠦᠭᠡᠢ ᠰᠢᠢ᠍ᠳᠪᠦᠷᠢᠯᠡᠬᠦ ᠵᠢᠷᠤᠮ》 (GB16548) ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠨ᠎ᠡ᠃
     6.2.2.3 ᠲᠤᠰ ᠵᠢᠷᠤᠮ᠎ᠳᠤ ᠵᠢᠭ᠋ᠠᠭᠰᠠᠨ ᠡᠪᠡᠳᠴᠢᠨ᠎ᠳᠤ ᠨᠡᠷᠪᠡᠭᠳᠡᠭᠰᠡᠨ ᠰᠡᠵᠢᠭ᠎ᠲᠠᠢ ᠪᠤᠶᠤ ᠺᠯᠢᠨᠢᠺ᠎ᠤᠨ ᠦᠵᠡᠯᠭᠡ᠎ᠪᠠᠷ ᠪᠤᠰᠤᠳ ᠬᠡᠪ᠎ᠤᠨ ᠪᠤᠰᠤ ᠪᠠᠶ᠋ᠢᠳᠠᠯ ᠢᠯᠡᠷᠡᠭᠰᠡᠨ ᠪᠠᠶ᠋ᠢᠪᠠᠯ᠂ ᠬᠤᠯᠪᠣᠭᠳᠠᠬᠤ ᠬᠢᠵᠢᠭ ᠰᠡᠷᠭᠡᠶ᠋ᠢᠯᠡᠬᠦ ᠲᠧᠭᠨᠢᠭ᠎ᠤᠨ ᠦᠵᠡᠭᠦᠯᠦᠯᠲᠡ ᠵᠢᠨ ᠳᠠᠭ᠋ᠠᠤ ᠯᠠᠪᠤᠷᠠᠲ᠋ᠣᠷᠢ ᠵᠢᠨ ᠰᠢᠨᠵᠢᠯᠡᠭᠡ᠎ᠪᠠᠷ ᠰᠢᠯᠭ᠋ᠠᠨ ᠲᠣᠭᠲᠠᠭ᠋ᠠᠵᠤ ᠬᠠᠮᠲᠤ᠎ᠳᠤ᠎ᠨᠢ ᠮᠡᠳᠡᠭᠦᠯᠭᠡ ᠵᠢᠨ ᠪᠢᠴᠢᠭ ᠭᠠᠷᠭ᠋ᠠᠵᠤ ᠥᠭᠬᠦ ᠬᠡᠷᠡᠭᠲᠡᠢ᠃ ᠯᠠᠪᠤᠷᠠᠲ᠋ᠣᠷᠢ ᠵᠢᠨ ᠰᠢᠨᠵᠢᠯᠡᠭᠡ ᠵᠢ ᠡᠷᠬᠡᠪᠰᠢ ᠣᠷᠣᠨ᠎ᠤ ᠳᠡᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠵᠢᠨ ᠠᠯᠪᠠᠨ᠎ᠠᠴᠠ ᠲᠣᠭᠲᠠᠭ᠋ᠠᠭᠰᠠᠨ ᠬᠢᠷᠢ ᠲᠦᠪᠰᠢᠨ ᠪᠦᠬᠦᠢ ᠯᠠᠪᠤᠷᠠᠲ᠋ᠣᠷᠢ᠎ᠪᠠᠷ ᠭᠦᠢ᠍ᠴᠡᠳᠬᠡᠨ᠎ᠡ᠃
     6.2.2.4 ᠲᠤᠰ ᠵᠢᠷᠤᠮ᠎ᠳᠤ ᠵᠢᠭ᠋ᠠᠭᠰᠠᠨ᠎ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶ᠋ᠢᠪᠠᠯ ᠲᠤᠰᠠᠭ᠋ᠠᠷᠯᠠᠨ ᠠᠵᠢᠭᠯᠠᠵᠤ᠂ ᠰᠡᠵᠢᠭ ᠦᠭᠡᠢ ᠭᠡᠳᠡᠭ᠎ᠢ ᠨᠤᠲᠠᠯᠠᠭᠰᠠᠨ ᠬᠤᠶ᠋ᠢᠨ᠎ᠠ ᠨᠢᠲᠤᠯᠭ᠋ᠠᠨ᠎ᠳᠤ ᠥᠭᠬᠦ ᠵᠢ ᠵᠥᠪᠰᠢᠶᠡᠷᠡᠨ᠎ᠡ; ᠲᠤᠰᠠᠭ᠋ᠠᠷᠯᠠᠭᠰᠠᠨ ᠬᠤᠭᠤᠴᠠᠭ᠋ᠠᠨ᠎ᠳᠤ ᠬᠡᠪ᠎ᠤᠨ ᠪᠤᠰᠤ ᠪᠠᠶ᠋ᠢᠳᠠᠯ ᠢᠯᠡᠷᠡᠪᠡᠯ᠂ 《ᠡᠪᠡᠳᠴᠢᠨ᠎ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ᠎ᠳᠤ ᠬᠤᠣᠷᠳᠠᠭᠰᠠᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠪᠢᠣᠯᠣᠭᠢ ᠵᠢᠨ ᠠᠶᠤᠯ ᠦᠭᠡᠢ ᠰᠢᠢ᠍ᠳᠪᠦᠷᠢᠯᠡᠬᠦ ᠵᠢᠷᠤᠮ》 (GB16548) ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠨ᠎ᠡ᠃
     6.2.2.5 ᠮᠢᠬᠠᠨ᠎ᠤ ᠠᠶᠤᠯ ᠦᠭᠡᠢ ᠪᠠᠶ᠋ᠢᠳᠠᠯ᠎ᠳᠤ ᠬᠤᠣᠷ ᠨᠥᠯᠥᠭᠡ ᠦᠵᠡᠭᠦᠯᠬᠦ ᠦᠭᠡᠢ ᠵᠢᠨ ᠲᠤᠯᠠᠳᠠ ᠦᠬᠦᠭᠰᠡᠨ ᠭᠠᠭ᠍ᠠᠢ᠎ᠲᠠᠢ ᠣᠶ᠋ᠢᠷᠠᠲᠤᠭᠰᠠᠨ ᠭᠠᠭ᠍ᠠᠢ ᠵᠢ ᠪᠠᠶ᠋ᠢᠳᠠᠯ᠎ᠢ ᠦᠵᠡᠵᠦ ᠪᠠᠴᠢᠮ ᠨᠢᠲᠤᠯᠭ᠋ᠠᠨ᠎ᠳᠤ ᠣᠷᠣᠭᠤᠯᠤᠨ᠎ᠠ᠃
     6.3 ᠲᠠᠯᠠᠪᠤᠷ (ᠦᠢ᠍ᠯᠡᠳᠪᠦᠷᠢ᠂ ᠴᠢᠭ)᠎ᠤᠨ ᠠᠯᠠᠰᠢᠨ᠎ᠳᠤ ᠭᠠᠷᠭ᠋ᠠᠭᠰᠠᠨ ᠡᠪᠡᠳᠴᠢᠨ᠎ᠲᠠᠢ ᠭᠠᠭ᠍ᠠᠢ ᠵᠢᠨ ᠨᠢᠲᠤᠯᠬᠤ᠎ᠪᠠᠷ ᠪᠡᠯᠡᠳᠬᠡᠭᠰᠡᠨ ᠬᠠᠰᠢᠶᠠᠯᠠᠭ᠎ᠠ᠂ ᠪᠠᠴᠢᠮ ᠨᠢᠲᠤᠯᠬᠤ ᠬᠠᠰᠢᠶᠠᠯᠠᠭ᠎ᠠ᠂ ᠲᠤᠰᠠᠭ᠋ᠠᠷᠯᠠᠬᠤ ᠬᠠᠰᠢᠶᠠᠯᠠᠭ᠎ᠠ ᠵᠡᠷᠭᠡ᠎ᠳᠤ ᠬᠢᠬᠦ ᠠᠷᠢᠭᠤᠳᠬᠠᠯ᠎ᠳᠤ ᠬᠠᠷᠠᠭ᠎ᠠ ᠬᠢᠨᠠᠯᠲᠠ ᠲᠠᠯᠪᠢᠨ᠎ᠠ᠃
     7. ᠬᠢᠵᠢᠭ ᠪᠠᠶ᠋ᠢᠴᠠᠭ᠋ᠠᠯᠲᠠ ᠪᠣᠯᠣᠨ ᠨᠢᠲᠤᠯᠭ᠋ᠠᠨ᠎ᠤ ᠦᠢ᠍ᠯᠡᠳᠦᠯ᠎ᠨᠢ ᠬᠠᠷᠢᠯᠴᠠᠨ ᠵᠣᠬᠢᠴᠠᠯᠳᠤᠭᠰᠠᠨ ᠪᠠᠶ᠋ᠢᠬᠤ ᠬᠡᠷᠡᠭᠲᠡᠢ᠃ ᠨᠢᠭᠡ ᠭᠠᠭ᠍ᠠᠢ ᠵᠢᠨ ᠲᠣᠯᠣᠭ᠋ᠠᠢ᠂ ᠰᠢᠭᠢᠷ᠎ᠡ᠂ ᠳᠣᠲᠣᠷ᠎ᠠ ᠴᠤᠯᠤ᠂ ᠭᠤᠯᠤᠤᠵᠠ ᠵᠡᠷᠭᠡ ᠵᠢ ᠨᠢᠭᠡᠳᠦᠯ᠎ᠲᠠᠢ ᠳ᠋ᠤᠭ᠋ᠠᠷᠯᠠᠵᠤ ᠬᠢᠵᠢᠭ ᠪᠠᠶ᠋ᠢᠴᠠᠭ᠋ᠠᠯᠲᠠ ᠬᠢᠬᠦ ᠬᠡᠷᠡᠭᠲᠡᠢ᠃
     7.1 ᠲᠣᠯᠣᠭ᠋ᠠᠢ ᠰᠢᠭᠢᠷ᠎ᠡ ᠪᠣᠯᠣᠨ ᠪᠡᠶ᠎ᠡ ᠵᠢᠨ ᠥᠩᠭᠡᠨ ᠲᠠᠯ᠎ᠠ ᠵᠢᠨ ᠪᠠᠶ᠋ᠢᠴᠠᠭ᠋ᠠᠯᠲᠠ
     7.1.1 ᠪᠡᠶ᠎ᠡ ᠴᠣᠭᠴᠠᠰ᠎ᠤᠨ ᠥᠩᠭᠡᠨ ᠲᠠᠯ᠎ᠠ ᠵᠢᠨ ᠪᠦᠷᠢᠨ ᠪᠦᠲᠦᠨ ᠪᠠᠶ᠋ᠢᠳᠠᠯ᠂ ᠥᠩᠭᠡ᠂ ᠲᠤᠰ ᠵᠢᠷᠤᠮ᠎ᠳᠤ ᠲᠣᠭᠲᠠᠭ᠋ᠠᠭᠰᠠᠨ ᠡᠪᠡᠳᠴᠢᠨ ᠲᠠᠬᠤᠯ᠎ᠠᠴᠠ ᠰᠢᠯᠲᠠᠭ᠋ᠠᠯᠠᠭᠰᠠᠨ ᠠᠷᠠᠰᠤᠨ᠎ᠤ ᠡᠪᠡᠳᠴᠢᠨ᠂ ᠦᠶ᠎ᠡ ᠭᠡᠰᠢᠭᠦᠦ ᠵᠢᠨ ᠪᠦᠳᠦᠭᠦᠷᠡᠯ ᠪᠠᠶ᠋ᠢᠬᠤ ᠡᠰᠡᠬᠦ ᠵᠢ ᠰᠢᠯᠭ᠋ᠠᠨ᠎ᠠ᠃
     7.1.2 ᠬᠤᠩᠰᠢᠶᠠᠷ᠂ ᠰᠢᠳᠦ ᠪᠤᠶ᠋ᠢᠯᠠ ᠪᠣᠯᠣᠨ ᠰᠢᠭᠢᠷ᠎ᠡ᠎ᠳᠤ ᠤᠰᠤᠨ ᠬᠠᠪᠤᠨ᠂ ᠰᠢᠷᠬᠠᠯᠠᠭ᠎ᠠ᠂ ᠲᠣᠯᠪᠤ ᠪᠠᠶ᠋ᠢᠬᠤ ᠡᠰᠡᠬᠦ ᠵᠢ ᠠᠵᠢᠭᠯᠠᠨ᠎ᠠ᠃
     7.1.3 ᠴᠢᠰᠤ ᠲᠠᠯᠪᠢᠭᠰᠠᠨ᠎ᠤ ᠳᠠᠷᠠᠭ᠎ᠠ ᠦᠰᠦ ᠵᠢ᠎ᠨᠢ ᠬᠤᠰᠤᠬᠤ᠎ᠠᠴᠠ ᠡᠮᠦᠨ᠎ᠡ᠂ ᠴᠢᠰᠤᠨ᠎ᠤ ᠰᠦᠪᠡ ᠵᠢᠨ ᠳᠠᠭ᠋ᠠᠤ ᠭᠤᠯᠳᠤ ᠴᠢᠭᠯᠡᠯ ᠵᠶ᠋ᠠᠷ ᠳᠣᠣᠷᠠᠳᠤ ᠬᠡᠰᠡᠭ ᠵᠦᠭ ᠡᠷᠡᠦ ᠵᠢᠨ ᠤᠭ ᠬᠦᠷᠲᠡᠯ᠎ᠡ ᠵᠦᠰᠦᠵᠦ ᠳᠣᠣᠷᠠᠳᠤ ᠡᠷᠡᠭᠦᠦ ᠵᠢᠨ ᠬᠤᠶᠠᠷ ᠬᠠᠵᠠᠭᠤ ᠵᠢᠨ ᠯᠢᠮᠹᠠ ᠵᠢᠨ ᠪᠤᠯᠴᠢᠷᠬᠠᠢ ᠵᠢ ᠬᠠᠭ᠋ᠠᠯᠵᠤ᠂ ᠬᠠᠪᠤᠳᠠᠷ ᠪᠠᠶ᠋ᠢᠬᠤ ᠡᠰᠡᠬᠦ ᠵᠢ ᠠᠵᠢᠭᠯᠠᠵᠤ᠂ ᠨᠧᠺᠷᠣᠽ (ᠬᠦᠷᠡᠩ᠂ ᠬᠠᠷ᠎ᠠ᠂ ᠪᠣᠷᠣ᠂ ᠰᠢᠷ᠎ᠠ)᠂ ᠬᠡᠷᠴᠢᠯᠡᠭᠡᠰᠦ᠎ᠳᠤ ᠤᠯᠠᠭ᠋ᠠᠨ ᠥᠩᠭᠡ ᠲᠣᠳᠣᠷᠠᠭᠰᠠᠨ ᠡᠰᠡᠬᠦ᠂ ᠡᠷᠭᠢᠨ ᠲᠣᠭᠤᠷᠢᠨ᠎ᠳᠤ᠎ᠨᠢ ᠤᠰᠤᠨ ᠬᠠᠪᠤᠨ᠂ ᠴᠠᠪᠠᠤᠭᠤᠷᠠᠭᠰᠠᠨ ᠪᠠᠶ᠋ᠢᠳᠠᠯ ᠪᠠᠶ᠋ᠢᠬᠤ ᠡᠰᠡᠬᠦ ᠵᠢ ᠰᠢᠯᠭ᠋ᠠᠨ᠎ᠠ᠃
     7.1.4 ᠲᠦᠭᠦᠰᠢᠨ᠎ᠤ ᠪᠤᠯᠴᠢᠷᠬᠠᠢ ᠵᠢ ᠭᠦᠢ᠍ᠴᠡᠳ ᠳᠡᠯᠭᠡᠨ ᠬᠠᠭ᠋ᠠᠯᠵᠤ ᠭᠠᠭ᠍ᠠᠢ ᠵᠢᠨ ᠤᠭᠤᠲᠠᠨᠴᠠᠷ ᠬᠤᠷᠣᠬᠠᠢ ᠵᠢᠨ ᠠᠪᠠᠭ᠋ᠠᠯᠳᠠᠢ ᠪᠠᠶ᠋ᠢᠬᠤ ᠡᠰᠡᠬᠦ ᠵᠢ ᠰᠢᠯᠭ᠋ᠠᠨ᠎ᠠ᠃
     7.2 ᠳᠣᠲᠣᠷ᠎ᠠ ᠡᠷᠬᠡᠲᠡᠨ᠎ᠤ ᠪᠠᠶ᠋ᠢᠴᠠᠭ᠋ᠠᠯᠲᠠ᠎ᠳᠤ ᠳᠣᠲᠣᠷ᠎ᠠ ᠡᠷᠬᠡᠲᠡᠨ᠎ᠢ ᠠᠪᠬᠤ᠎ᠠᠴᠠ ᠡᠮᠦᠨ᠎ᠡ ᠬᠡᠬᠦᠳᠡᠭ᠂ ᠬᠡᠪᠡᠯᠢ ᠵᠢᠨ ᠬᠥᠨᠳᠡᠢ᠎ᠳᠤ ᠬᠤᠷᠠᠭᠰᠠᠨ ᠤᠰᠤ᠂ ᠨᠠᠭ᠋ᠠᠯᠳᠤᠭᠰᠠᠨ ᠬᠡᠰᠡᠭ᠂ ᠰᠢᠷᠬᠡᠭᠯᠢᠭ ᠮᠡᠲᠦ ᠵᠢᠨ ᠨᠡᠪᠴᠢᠯᠲᠡ ᠪᠣᠳᠠᠰ ᠪᠠᠶ᠋ᠢᠬᠤ ᠡᠰᠡᠬᠦ ᠵᠢ ᠠᠵᠢᠭᠯᠠᠨ᠎ᠠ᠃ ᠳᠡᠯᠢᠭᠦᠦ᠂ ᠴᠢᠴᠠᠷᠬᠠᠢ ᠵᠢᠨ ᠯᠢᠮᠹᠠ ᠵᠢᠨ ᠪᠤᠯᠴᠢᠷᠬᠠᠢ ᠵᠢ ᠬᠠᠭ᠋ᠠᠯᠵᠤ ᠭᠡᠳᠡᠰᠦᠨ᠎ᠤ ᠬᠠᠷᠠᠤ ᠪᠠᠶ᠋ᠢᠬᠤ ᠡᠰᠡᠬᠦ ᠵᠢ ᠰᠢᠯᠭ᠋ᠠᠨ᠎ᠠ᠃ ᠳᠣᠲᠣᠷ᠎ᠠ ᠡᠷᠬᠡᠲᠡᠨ᠎ᠢ ᠭᠠᠷᠭ᠋ᠠᠵᠤ ᠠᠪᠤᠭᠰᠠᠨ ᠬᠤᠶ᠋ᠢᠨ᠎ᠠ ᠵᠢᠷᠦᠬᠡ᠂ ᠠᠭᠤᠰᠬᠢ᠂ ᠡᠯᠢᠭᠡ᠂ ᠳᠡᠯᠢᠭᠦᠦ᠂ ᠬᠤᠳᠣᠭᠤᠳᠤ᠂ ᠰᠠᠯᠪᠤᠷᠢ ᠮᠥᠭᠡᠷᠡᠭᠰᠡᠨ ᠬᠤᠭᠤᠯᠠᠢ᠂ ᠡᠯᠢᠭᠡᠨ᠎ᠤ ᠠᠮᠠᠰᠠᠷ᠎ᠤᠨ ᠯᠢᠮᠹᠠ ᠵᠢᠨ ᠪᠤᠯᠴᠢᠷᠬᠠᠢ ᠵᠢ ᠰᠢᠯᠭ᠋ᠠᠨ᠎ᠠ᠃
     7.2.1 ᠵᠢᠷᠦᠬᠡᠨ᠎ᠤ ᠰᠢᠯᠭ᠋ᠠᠯᠲᠠ᠎ᠳᠤ᠂ ᠦᠩᠬᠦᠯᠴᠡᠭ᠎ᠢ ᠬᠠᠭ᠋ᠠᠯᠵᠤ ᠵᠢᠷᠦᠬᠡᠨ᠎ᠤ ᠬᠡᠯᠪᠡᠷᠢ ᠥᠭᠡᠷᠡᠴᠢᠯᠡᠭᠳᠡᠭᠰᠡᠨ ᠡᠰᠡᠬᠦ᠂ ᠦᠩᠬᠦᠯᠴᠡᠭ ᠳᠣᠲᠣᠷ᠎ᠠ ᠬᠤᠷᠠᠮᠠᠯ ᠤᠰᠤ᠂ ᠱᠦᠭᠦᠷᠡᠯᠲᠡ᠂ ᠴᠢᠰᠤᠨ᠎ᠤ ᠴᠢᠨᠦᠷᠡᠯ᠂ ᠴᠢᠰᠤ ᠠᠯᠳᠠᠭᠳᠠᠯ᠂ ᠡᠪᠳᠡᠷᠡᠵᠦ ᠮᠠᠭᠤᠳᠠᠭᠰᠠᠨ ᠵᠦᠢ᠍ᠯ ᠪᠠᠶ᠋ᠢᠬᠤ ᠡᠰᠡᠬᠦ ᠵᠢ ᠠᠵᠢᠭᠯᠠᠨ᠎ᠠ᠃ ᠵᠡᠭᠦᠨ ᠲᠠᠯ᠎ᠠ ᠵᠢᠨ ᠭᠤᠯᠳᠤ ᠨᠤᠭᠤᠯᠤᠷᠭ᠎ᠠ᠎ᠲᠠᠢ ᠵᠡᠷᠭᠡᠴᠡᠭᠡ ᠵᠢᠷᠦᠬᠡᠨ᠎ᠤ ᠬᠤᠶ᠋ᠢᠲᠤ ᠬᠡᠰᠡᠭ᠎ᠤᠨ ᠪᠦᠷᠬᠦᠪᠴᠢ ᠵᠢ ᠭᠤᠯᠳᠤ ᠬᠠᠭ᠋ᠠᠯᠵᠤ ᠵᠢᠷᠦᠬᠡᠨ᠎ᠤ ᠳᠣᠲᠣᠷ᠎ᠠ ᠪᠦᠷᠬᠦᠪᠴᠢ᠂ ᠵᠢᠷᠦᠬᠡᠨ᠎ᠤ ᠪᠤᠯᠴᠢᠩ᠂ ᠴᠢᠰᠤᠨ᠎ᠤ ᠡᠭᠡᠳᠡᠯ᠂ ᠬᠤᠶᠠᠷ ᠱᠣᠷᠣᠯᠵᠢᠨ ᠳᠡᠯᠪᠡᠭᠡ ᠪᠣᠯᠣᠨ ᠵᠢᠷᠦᠬᠡᠨ᠎ᠤ ᠡᠷᠢᠶᠡᠨᠳᠡᠯ᠂ ᠪᠢᠣᠯᠣᠭᠢ ᠵᠢᠨ ᠢᠯᠡᠭᠦᠴᠡ ᠵᠦᠢ᠍ᠯ᠂ ᠰᠢᠮᠡᠭᠴᠢ ᠬᠤᠷᠣᠬᠠᠢ ᠪᠠᠶ᠋ᠢᠬᠤ ᠡᠰᠡᠬᠦ ᠵᠢ ᠰᠢᠯᠭ᠋ᠠᠨ᠎ᠠ᠃
     7.2.2 ᠠᠭᠤᠰᠬᠢᠨ᠎ᠤ ᠪᠠᠶ᠋ᠢᠴᠠᠭ᠋ᠠᠯᠲᠠ᠎ᠳᠤ ᠠᠭᠤᠰᠬᠢᠨ᠎ᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ ᠴᠢᠨᠠᠷ᠂ ᠠᠭᠤᠰᠬᠢᠨ᠎ᠤ ᠪᠦᠬᠦᠯᠢ ᠴᠣᠭᠴᠠᠰ᠎ᠲᠤ ᠡᠪᠳᠡᠷᠡᠵᠦ ᠭᠡᠮᠲᠦᠭᠰᠡᠨ ᠵᠦᠢ᠍ᠯ᠂ ᠠᠪᠴᠢᠯᠲᠠ᠂ ᠬᠠᠪᠤᠳᠴᠤ ᠬᠥᠭᠡᠭᠡᠭᠰᠡᠨ ᠵᠦᠢ᠍ᠯ᠂ ᠤᠰᠤᠨ ᠬᠠᠪᠤᠨ᠂ ᠴᠢᠰᠤᠨ᠎ᠤ ᠴᠢᠨᠦᠷᠡᠯ᠂ ᠢᠳᠡᠭᠡᠯᠡᠵᠦ ᠬᠤᠪᠢᠯᠠᠭᠰᠠᠨ ᠵᠦᠢ᠍ᠯ᠂ ᠪᠣᠳᠠᠲᠠᠢ ᠬᠤᠪᠢᠷᠠᠯ᠂ ᠬᠠᠲᠠᠭᠤᠷᠠᠯ᠂ ᠰᠢᠷᠬᠡᠭᠯᠢᠭ ᠮᠡᠲᠦ ᠵᠢᠨ ᠨᠡᠪᠴᠢᠯᠲᠡ ᠪᠣᠳᠠᠰ ᠪᠠᠶ᠋ᠢᠬᠤ ᠡᠰᠡᠬᠦ ᠵᠢ ᠰᠢᠯᠭ᠋ᠠᠨ᠎ᠠ᠃ ᠨᠢᠭᠡ ᠲᠠᠯ᠎ᠠ ᠵᠢᠨ ᠰᠠᠯᠪᠤᠷᠢ ᠮᠥᠭᠡᠷᠰᠦᠨ ᠬᠤᠭᠤᠯᠠᠢ ᠵᠢ ᠬᠠᠭ᠋ᠠᠯᠵᠤ ᠯᠢᠮᠹᠠ ᠵᠢᠨ ᠪᠤᠯᠴᠢᠷᠬᠠᠢ᠂ ᠴᠢᠰᠤ ᠠᠯᠳᠠᠭᠳᠠᠯ᠂ ᠴᠢᠰᠤᠨ᠎ᠤ ᠴᠢᠨᠦᠷᠡᠯ᠂ ᠬᠠᠪᠤᠳᠠᠷ ᠬᠥᠭᠡᠩᠭᠢ᠂ ᠭᠡᠮᠲᠦᠭᠰᠡᠨ ᠵᠦᠢ᠍ᠯ ᠪᠠᠶ᠋ᠢᠬᠤ ᠡᠰᠡᠬᠦ ᠵᠢ ᠰᠢᠯᠭ᠋ᠠᠨ᠎ᠠ᠃ ᠱᠠᠭ᠋ᠠᠷᠳᠠᠯᠭ᠎ᠠ᠎ᠲᠠᠢ ᠪᠣᠯ ᠮᠥᠭᠡᠷᠰᠦᠨ ᠬᠤᠭᠤᠯᠠᠢ᠂ ᠰᠠᠯᠪᠤᠷᠢ ᠮᠥᠭᠡᠷᠰᠦᠨ ᠬᠤᠭᠤᠯᠠᠢ ᠵᠢ ᠬᠠᠭ᠋ᠠᠯᠵᠤ ᠰᠢᠯᠭ᠋ᠠᠨ᠎ᠠ᠃
     7.2.3 ᠡᠯᠢᠭᠡᠨ᠎ᠤ ᠪᠠᠶ᠋ᠢᠴᠠᠭ᠋ᠠᠯᠲᠠ᠎ᠳᠤ ᠡᠯᠢᠭᠡᠨ᠎ᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ ᠴᠢᠨᠠᠷ ᠪᠠᠶ᠋ᠢᠬᠤ ᠡᠰᠡᠬᠦ ᠵᠢ ᠠᠵᠢᠭᠯᠠᠵᠤ᠂ ᠴᠢᠰᠤᠨ᠎ᠤ ᠴᠢᠨᠦᠷᠡᠯ᠂ ᠬᠠᠪᠤᠳᠠᠷ ᠬᠠᠪᠤᠨ᠂ ᠬᠤᠪᠢᠷᠠᠯ᠂ ᠰᠢᠷᠠᠯᠠᠭᠰᠠᠨ ᠵᠦᠢ᠍ᠯ᠂ ᠭᠡᠮᠲᠦᠯ᠂ ᠬᠠᠲᠠᠭᠤᠷᠠᠯ᠂ ᠬᠠᠪᠤᠩᠨᠠᠭᠰᠠᠨ ᠵᠦᠢ᠍ᠯ᠂ ᠪᠣᠯᠴᠤᠤ᠂ ᠰᠢᠷᠬᠡᠭᠯᠢᠭ ᠮᠡᠲᠦ ᠵᠢᠨ ᠨᠡᠪᠴᠢᠯᠲᠡ ᠪᠣᠳᠠᠰ᠂ ᠰᠢᠮᠡᠭᠴᠢ ᠬᠤᠷᠣᠬᠠᠢ ᠵᠡᠷᠭᠡ ᠡᠪᠡᠳᠴᠢᠨ᠎ᠤ ᠬᠤᠪᠢᠷᠠᠯ ᠪᠠᠶ᠋ᠢᠬᠤ ᠡᠰᠡᠬᠦ ᠵᠢ ᠰᠢᠯᠭ᠋ᠠᠨ᠎ᠠ᠃ ᠡᠯᠢᠭᠡᠨ᠎ᠤ ᠠᠮᠠᠰᠠᠷ᠎ᠤᠨ ᠯᠢᠮᠹᠠ ᠵᠢᠨ ᠪᠤᠯᠴᠢᠷᠬᠠᠢ ᠵᠢ ᠬᠠᠭ᠋ᠠᠯᠵᠤ᠂ ᠴᠢᠰᠤ ᠠᠯᠳᠠᠭᠳᠠᠯ᠂ ᠴᠢᠰᠤᠨ᠎ᠤ ᠴᠢᠨᠦᠷᠡᠯ᠂ ᠬᠠᠪᠤᠩᠨᠠᠭᠰᠠᠨ ᠵᠦᠢ᠍ᠯ᠂ ᠭᠡᠮᠲᠦᠯ ᠪᠠᠶ᠋ᠢᠬᠤ ᠡᠰᠡᠬᠦ ᠵᠢ ᠰᠢᠯᠭ᠋ᠠᠨ᠎ᠠ᠃ ᠱᠠᠭ᠋ᠠᠷᠳᠠᠯᠭ᠎ᠠ᠎ᠲᠠᠢ ᠦᠶ᠎ᠡ᠎ᠳᠤ ᠰᠥᠰᠥᠨ᠎ᠤ ᠭᠤᠤᠷᠰᠤ ᠵᠢ ᠬᠠᠭ᠋ᠠᠯᠵᠤ ᠰᠢᠯᠭ᠋ᠠᠨ᠎ᠠ᠃
     7.2.4 ᠳᠡᠯᠢᠭᠦᠦ ᠵᠢᠨ ᠪᠠᠶ᠋ᠢᠴᠠᠭ᠋ᠠᠯᠲᠠ᠎ᠳᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ ᠴᠢᠨᠠᠷ᠂ ᠬᠥᠭᠡᠭᠡᠵᠦ ᠬᠠᠪᠤᠳᠤᠭᠰᠠᠨ ᠵᠦᠢ᠍ᠯ᠂ ᠴᠢᠰᠤᠨ᠎ᠤ ᠴᠢᠨᠦᠷᠡᠯ᠂ ᠨᠧᠺᠷᠣᠽ᠂ ᠵᠠᠬ᠎ᠠ ᠳᠠᠭ᠋ᠠᠤ ᠴᠢᠰᠤ ᠠᠯᠳᠠᠭᠳᠠᠯ᠎ᠤᠨ ᠴᠢᠨᠠᠷ᠎ᠲᠠᠢ ᠦᠬᠦᠵᠢᠯᠲᠡ᠂ ᠮᠧᠪᠷᠠᠨ᠎ᠤ ᠡᠭᠦᠰᠦᠯᠲᠡ ᠵᠢᠴᠢ ᠨᠠᠭ᠋ᠠᠯᠳᠤᠩᠬᠠᠢ ᠬᠡᠰᠡᠭ ᠪᠠᠶ᠋ᠢᠬᠤ ᠡᠰᠡᠬᠦ ᠵᠢ ᠰᠢᠯᠭ᠋ᠠᠨ᠎ᠠ᠃ ᠱᠠᠭ᠋ᠠᠷᠳᠠᠯᠭ᠎ᠠ᠎ᠲᠠᠢ ᠦᠶ᠎ᠡ᠎ᠳᠤ ᠳᠡᠯᠢᠭᠦᠦ ᠵᠢᠨ ᠪᠣᠳᠠᠲᠠᠢ ᠴᠣᠭᠴᠠᠰ᠎ᠢ ᠬᠠᠭ᠋ᠠᠯᠵᠤ ᠰᠢᠯᠭ᠋ᠠᠨ᠎ᠠ᠃
     7.2.5 ᠬᠤᠳᠣᠭᠤᠳᠤ ᠭᠡᠳᠡᠰᠦᠨ᠎ᠤ ᠪᠠᠶ᠋ᠢᠴᠠᠭ᠋ᠠᠯᠲᠠ᠎ᠳᠤ ᠭᠡᠳᠡᠰᠦᠨ᠎ᠤ ᠰᠧᠷᠣᠽ᠂ ᠶᠡᠭᠡ ᠪᠠᠭ᠎ᠠ᠂ ᠥᠩᠭᠡ ᠲᠤᠶᠠᠭ᠎ᠠ᠂ ᠴᠢᠨᠠᠷ ᠴᠢᠨᠰᠠᠭ᠎ᠠ ᠵᠢ ᠠᠵᠢᠭᠯᠠᠵᠤ᠂ ᠴᠢᠰᠤᠨ᠎ᠤ ᠴᠢᠨᠦᠷᠡᠯ᠂ ᠴᠢᠰᠤ ᠠᠯᠳᠠᠭᠳᠠᠯ᠂ ᠦᠬᠦᠵᠢᠯᠲᠡ᠂ ᠴᠠᠪᠠᠤᠯᠢᠭ ᠨᠡᠪᠴᠢᠯᠲᠡ ᠪᠣᠯᠣᠨ ᠨᠠᠭ᠋ᠠᠯᠳᠤᠩᠬᠠᠢ ᠬᠡᠰᠡᠭ ᠪᠠᠶ᠋ᠢᠬᠤ ᠡᠰᠡᠬᠦ ᠵᠢ ᠰᠢᠯᠭ᠋ᠠᠨ᠎ᠠ᠃ ᠴᠢᠴᠠᠷᠬᠠᠢ ᠵᠢᠨ ᠯᠢᠮᠹᠠ ᠵᠢᠨ ᠪᠤᠯᠴᠢᠷᠬᠠᠢ᠎ᠳᠤ ᠤᠷᠲᠤ᠎ᠪᠠᠷ ᠵᠶ᠋ᠠᠨ 20 ᠰᠠᠨᠲ᠋ᠢᠮᠧᠳ᠋ᠷ᠎ᠠᠴᠠ ᠳᠣᠷᠣᠭᠰᠢ ᠦᠭᠡᠢ ᠨᠤᠮᠤᠯᠵᠢᠨ ᠬᠡᠯᠪᠡᠷᠢ ᠵᠢ ᠣᠭᠲᠣᠯᠣᠭ᠋ᠠᠰᠤ ᠭᠠᠷᠭ᠋ᠠᠵᠤ᠂ ᠴᠢᠰᠤᠨ᠎ᠤ ᠴᠢᠨᠦᠷᠡᠯ᠂ ᠴᠢᠰᠤ ᠠᠯᠳᠠᠭᠳᠠᠯ᠂ ᠦᠬᠦᠵᠢᠯᠲᠡ᠂ ᠰᠢᠷᠬᠠᠯᠠᠭ᠎ᠠ ᠵᠡᠷᠭᠡ ᠡᠪᠡᠳᠴᠢᠨ᠎ᠤ ᠬᠤᠪᠢᠷᠠᠯ ᠪᠠᠶ᠋ᠢᠬᠤ ᠡᠰᠡᠬᠦ ᠵᠢ ᠰᠢᠯᠭ᠋ᠠᠨ᠎ᠠ᠃ ᠱᠠᠭ᠋ᠠᠷᠳᠠᠯᠭ᠎ᠠ᠎ᠲᠠᠢ ᠦᠶ᠎ᠡ᠎ᠳᠤ ᠬᠤᠳᠣᠭᠤᠳᠤ ᠭᠡᠳᠡᠰᠦ᠎ᠳᠤ ᠲᠤᠶᠠᠴᠢᠯᠲᠠ ᠬᠢᠵᠦ ᠰᠠᠯᠢᠰᠤᠨ ᠪᠦᠷᠬᠦᠪᠴᠢ ᠴᠢᠰᠤᠨ᠎ᠤ ᠴᠢᠨᠦᠷᠡᠯ᠂ ᠴᠢᠰᠤ ᠠᠯᠳᠠᠭᠳᠠᠯ᠂ ᠤᠰᠤᠨ ᠬᠠᠪᠤᠨ᠂ ᠦᠬᠦᠵᠢᠯᠲᠡ᠂ ᠰᠢᠷᠬᠠᠯᠠᠭ᠎ᠠ ᠪᠠᠶ᠋ᠢᠬᠤ ᠡᠰᠡᠬᠦ ᠵᠢ ᠰᠢᠯᠭ᠋ᠠᠨ᠎ᠠ᠃
     7.3 ᠭᠤᠯᠤᠤᠵᠠ ᠵᠢᠨ ᠰᠢᠯᠭ᠋ᠠᠯᠲᠠ
     7.3.1᠂ ᠥᠭᠡᠬᠦ᠂ ᠪᠤᠯᠴᠢᠩ᠂ ᠯᠢᠮᠹᠠ ᠵᠢᠨ ᠪᠤᠯᠴᠢᠷᠬᠠᠢ ᠪᠣᠯᠣᠨ ᠬᠡᠬᠦᠳᠡᠭ᠂ ᠬᠡᠪᠡᠯᠢ ᠵᠢᠨ ᠬᠥᠨᠳᠡᠢ ᠵᠢᠨ ᠰᠧᠷᠣᠽ᠎ᠳᠤ ᠴᠢᠰᠤᠨ᠎ᠤ ᠴᠢᠨᠦᠷᠡᠯ᠂ ᠴᠢᠰᠤ ᠠᠯᠳᠠᠭᠳᠠᠯ᠂ ᠴᠥᠪᠥᠷᠢᠭᠦᠦ᠂ ᠬᠠᠪᠤᠳᠠᠷ ᠬᠠᠪᠤᠨ ᠪᠣᠯᠣᠨ ᠪᠤᠰᠤᠳ ᠬᠡᠪ᠎ᠤᠨ ᠪᠤᠰᠤ ᠵᠦᠢ᠍ᠯ ᠪᠠᠶ᠋ᠢᠬᠤ ᠡᠰᠡᠬᠦ ᠵᠢ ᠰᠢᠯᠭ᠋ᠠᠨ᠎ᠠ᠃
     7.3.1 ᠪᠦᠬᠦᠯᠢ ᠴᠣᠭᠴᠠ ᠵᠢᠨ ᠪᠠᠶ᠋ᠢᠴᠠᠭ᠋ᠠᠯᠲᠠ᠎ᠳᠤ ᠠᠷᠠᠰᠤ᠂ ᠠᠷᠠᠰᠤᠨ᠎ᠤ ᠳᠣᠣᠷᠠᠬᠢ ᠬᠡᠰᠡᠭ᠂ ᠥᠭᠡᠬᠦ᠂ ᠪᠤᠯᠴᠢᠩ᠂ ᠯᠢᠮᠹᠠ ᠵᠢᠨ ᠪᠤᠯᠴᠢᠷᠬᠠᠢ᠂ ᠠᠷᠤᠭ ᠶᠠᠰᠤ ᠪᠣᠯᠣᠨ ᠬᠡᠬᠦᠳᠡᠭ᠂ ᠬᠡᠪᠡᠯᠢ ᠵᠢᠨ ᠬᠥᠨᠳᠡᠢ ᠵᠢᠨ ᠰᠧᠷᠣᠽ᠎ᠳᠤ ᠴᠢᠰᠤᠨ᠎ᠤ ᠴᠢᠨᠦᠷᠡᠯ᠂ ᠴᠢᠰᠤ ᠠᠯᠳᠠᠭᠳᠠᠯ᠂ ᠴᠥᠪᠥᠷᠢᠭᠦᠦ᠂ ᠰᠢᠷᠠᠯᠠᠭᠰᠠᠨ ᠵᠦᠢ᠍ᠯ᠂ ᠬᠠᠪᠤᠳᠠᠷ ᠪᠣᠯᠣᠨ ᠪᠤᠰᠤᠳ ᠬᠡᠪ᠎ᠤᠨ ᠪᠤᠰᠤ ᠵᠦᠢ᠍ᠯ ᠪᠠᠶ᠋ᠢᠬᠤ ᠡᠰᠡᠬᠦ ᠵᠢ ᠰᠢᠯᠭ᠋ᠠᠨ᠎ᠠ᠃
     7.3.2 ᠯᠢᠮᠹᠠ ᠵᠢᠨ ᠪᠤᠯᠴᠢᠷᠬᠠᠢ ᠵᠢᠨ ᠪᠠᠶ᠋ᠢᠴᠠᠭ᠋ᠠᠯᠲᠠ᠎ᠳᠤ ᠬᠡᠪᠡᠯᠢ ᠵᠢᠨ ᠳᠣᠣᠷᠠᠳᠤ ᠬᠡᠰᠡᠭ᠎ᠤᠨ ᠠᠷᠠᠰᠤᠨ᠎ᠤ ᠳᠣᠣᠷᠠᠬᠢ ᠬᠤᠶ᠋ᠢᠲᠤ ᠮᠥᠴᠢ ᠵᠢᠨ ᠳᠣᠲᠣᠷ᠎ᠠ ᠲᠠᠯ᠎ᠠ ᠵᠢᠨ ᠴᠢᠮᠦᠭᠡᠨ ᠶᠠᠰᠤᠨ᠎ᠤ ᠳᠣᠣᠷᠠᠳᠤ ᠬᠡᠰᠡᠭ᠎ᠲᠠᠬᠢ ᠢᠯᠠ ᠲᠠᠯ᠎ᠠ ᠵᠢᠨ ᠯᠢᠮᠹᠠ ᠵᠢᠨ ᠪᠤᠯᠴᠢᠷᠬᠠᠢ ᠵᠢ ᠬᠠᠭ᠋ᠠᠯᠵᠤ᠂ ᠴᠢᠰᠤᠨ᠎ᠤ ᠴᠢᠨᠦᠷᠡᠯ᠂ ᠤᠰᠤᠨ ᠬᠠᠪᠤᠨ᠂ ᠴᠢᠰᠤ ᠠᠯᠳᠠᠭᠳᠠᠯ᠂ ᠦᠬᠦᠵᠢᠯᠲᠡ᠂ ᠮᠥᠭᠡᠷᠰᠦᠵᠢᠯᠲᠡ ᠵᠡᠷᠭᠡ ᠡᠪᠡᠳᠴᠢᠨ ᠬᠠᠯᠳᠠᠪᠤᠷᠢ ᠪᠠᠶ᠋ᠢᠬᠤ ᠡᠰᠡᠬᠦ ᠵᠢ ᠰᠢᠯᠭ᠋ᠠᠨ᠎ᠠ᠃ ᠱᠠᠭ᠋ᠠᠷᠳᠠᠯᠭ᠎ᠠ᠎ᠲᠠᠢ ᠦᠶ᠎ᠡ᠎ᠳᠤ ᠴᠢᠮᠦᠭᠡᠨ ᠶᠠᠰᠤᠨ᠎ᠤ ᠳᠣᠣᠷᠠᠳᠤ ᠬᠡᠰᠡᠭ᠎ᠤᠨ ᠭᠦᠨ᠎ᠳᠠᠬᠢ ᠯᠢᠮᠹᠠ ᠵᠢᠨ ᠪᠤᠯᠴᠢᠷᠬᠠᠢ᠂ ᠲᠠᠰᠢᠶᠠᠨ ᠶᠠᠰᠤᠨ᠎ᠤ ᠳᠣᠣᠷᠠᠳᠤ ᠬᠡᠰᠡᠭ᠎ᠤᠨ ᠯᠢᠮᠹᠠ ᠵᠢᠨ ᠪᠤᠯᠴᠢᠷᠬᠠᠢ ᠪᠣᠯᠣᠨ ᠲᠠᠰᠢᠶᠠᠨ᠎ᠤ ᠳᠣᠲᠣᠷ᠎ᠠ ᠪᠠᠶ᠋ᠢᠬᠤ ᠯᠢᠮᠹᠠ ᠵᠢᠨ ᠪᠤᠯᠴᠢᠷᠬᠠᠢ ᠵᠢ ᠬᠠᠭ᠋ᠠᠯᠵᠤ ᠰᠢᠯᠭ᠋ᠠᠨ᠎ᠠ᠃
     7.3.3 ᠰᠡᠭᠡᠷ ᠨᠢᠷᠤᠭᠤᠨ᠎ᠤ ᠦᠶ᠎ᠡ ᠵᠢᠨ ᠵᠠᠯᠭ᠋ᠠᠮᠠᠯ ᠬᠡᠰᠡᠭ᠎ᠤᠨ ᠬᠤᠶᠠᠷ ᠲᠠᠯ᠎ᠠ ᠵᠢᠨ ᠪᠤᠯᠴᠢᠩ᠎ᠢ ᠳᠠᠭ᠋ᠠᠭᠤᠯᠤᠨ 10 ᠰᠠᠨᠲ᠋ᠢᠮᠧᠳ᠋ᠷ ᠣᠷᠴᠢᠮ ᠬᠠᠭ᠋ᠠᠯᠵᠤ ᠭᠠᠭ᠍ᠠᠢ ᠵᠢᠨ ᠤᠭᠤᠲᠠᠨᠴᠠᠷ ᠬᠤᠷᠣᠬᠠᠢ ᠵᠢᠨ ᠠᠪᠠᠭ᠋ᠠᠯᠳᠠᠢ ᠪᠠᠶ᠋ᠢᠬᠤ ᠡᠰᠡᠬᠦ ᠵᠢ ᠰᠢᠯᠭ᠋ᠠᠨ᠎ᠠ᠃
     7.3.4 ᠳᠣᠲᠣᠷ᠎ᠠ ᠪᠥᠭᠡᠷ᠎ᠡ ᠵᠢᠨ ᠬᠤᠶᠠᠷ ᠲᠠᠯ᠎ᠠ ᠵᠢᠨ ᠪᠦᠷᠬᠦᠪᠴᠢ ᠵᠢ ᠱᠠᠭ᠋ᠠᠯᠵᠤ ᠪᠥᠭᠡᠷ᠎ᠡ ᠵᠢᠨ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠴᠢᠨᠠᠷ᠎ᠢ ᠠᠵᠢᠭᠯᠠᠵᠤ᠂ ᠴᠢᠰᠤ ᠬᠠᠩᠭ᠋ᠠᠮᠵᠢ᠂ ᠴᠢᠰᠤ ᠠᠯᠳᠠᠭᠳᠠᠯ᠂ ᠴᠢᠰᠤᠨ᠎ᠤ ᠴᠢᠨᠦᠷᠡᠯ᠂ ᠬᠠᠪᠤᠳᠠᠷ ᠬᠠᠪᠤᠨ ᠪᠠᠶ᠋ᠢᠬᠤ ᠡᠰᠡᠬᠦ ᠵᠢ ᠰᠢᠯᠭ᠋ᠠᠨ᠎ᠠ᠃ ᠱᠠᠭ᠋ᠠᠷᠳᠠᠯᠭ᠎ᠠ᠎ᠲᠠᠢ ᠦᠶ᠎ᠡ᠎ᠳᠤ ᠭᠤᠯᠳᠤ᠎ᠪᠠᠷ ᠬᠠᠭ᠋ᠠᠯᠤᠨ ᠣᠭᠲᠣᠯᠣᠭ᠋ᠠᠰᠤ ᠵᠢᠨ ᠬᠡᠰᠡᠭ᠎ᠲᠤ ᠥᠩᠭᠡ ᠵᠢᠨ ᠬᠤᠪᠢᠷᠠᠯ᠂ ᠴᠢᠰᠤ ᠠᠯᠳᠠᠭᠳᠠᠯ ᠪᠣᠯᠣᠨ ᠭᠦᠳᠦᠶ᠋ᠢᠵᠦ ᠭᠠᠷᠤᠭᠰᠠᠨ ᠵᠦᠢ᠍ᠯ ᠪᠠᠶ᠋ᠢᠬᠤ ᠡᠰᠡᠬᠦ ᠵᠢ ᠰᠢᠯᠭ᠋ᠠᠨ᠎ᠠ᠃
     7.4 ᠡᠷᠭᠢᠭᠦᠯᠭᠡᠨ ᠬᠤᠷᠣᠬᠠᠢ ᠵᠢᠨ ᠪᠠᠶ᠋ᠢᠴᠠᠭ᠋ᠠᠯᠲᠠ᠎ᠳᠤ ᠥᠷᠥᠴᠡᠨ᠎ᠤ ᠬᠤᠶᠠᠷ ᠬᠠᠵᠠᠭᠤ ᠵᠢᠨ ᠥᠨᠴᠥᠭ᠎ᠠᠴᠠ 30 ᠭ᠋ᠷᠡᠮ ᠣᠷᠴᠢᠮ ᠠᠪᠴᠤ ᠭᠤᠯᠤᠤᠵᠠ᠎ᠲᠠᠢ ᠨᠢᠭᠡᠳᠦᠯ᠎ᠲᠠᠢ ᠳ᠋ᠤᠭ᠋ᠠᠷᠯᠠᠨ ᠪᠤᠯᠴᠢᠩ᠎ᠤᠨ ᠭᠢᠯᠲᠠᠩ ᠬᠠᠯᠢᠰᠤ ᠵᠢ ᠱᠠᠭ᠋ᠠᠯᠵᠤ᠂ ᠬᠠᠷᠠᠵᠤ ᠠᠵᠢᠭᠯᠠᠬᠤ᠎ᠠᠴᠠ ᠭᠠᠳᠠᠨ᠎ᠠ ᠲᠣᠮᠣᠷᠠᠭᠤᠯᠤᠭᠴᠢ ᠰᠢᠯ ᠵᠶ᠋ᠠᠷ ᠰᠢᠯᠭ᠋ᠠᠨ᠎ᠠ᠃
     7.5 ᠠᠯᠪᠠᠨ ᠶᠣᠰᠣᠨ᠎ᠤ ᠮᠠᠯ᠎ᠤᠨ ᠡᠮᠴᠢ᠎ᠠᠴᠠ ᠳᠡᠭᠡᠷ᠎ᠡ ᠳᠤᠷᠠᠳᠤᠭᠰᠠᠨ ᠬᠢᠵᠢᠭ ᠪᠠᠶ᠋ᠢᠴᠠᠭ᠋ᠠᠯᠲᠠ ᠵᠢᠨ ᠪᠠᠶ᠋ᠢᠳᠠᠯ᠎ᠢ ᠳᠠᠬᠢᠨ ᠰᠢᠯᠭ᠋ᠠᠵᠤ ᠪᠦᠬᠦᠯᠢ ᠴᠣᠭᠴᠠ᠎ᠠᠴᠠ ᠦᠷ᠎ᠡ ᠳ᠋ᠦᠩ᠎ᠢ ᠮᠠᠭ᠋ᠠᠳᠯᠠᠬᠤ ᠬᠡᠷᠡᠭᠲᠡᠢ᠃
     7.6 ᠦᠷ᠎ᠡ ᠳ᠋ᠦᠩ᠎ᠢ ᠰᠢᠢ᠍ᠳᠬᠦ
     7.6.1 ᠬᠢᠷᠢ᠎ᠳᠤ ᠬᠦᠷᠦᠭᠰᠡᠨ᠎ᠢ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ ᠲᠠᠬᠤᠯ᠎ᠤᠨ ᠪᠠᠶ᠋ᠢᠴᠠᠭ᠋ᠠᠯᠲᠠ ᠬᠢᠷᠢ᠎ᠳᠤ ᠨᠡᠶ᠋ᠢᠴᠡᠭᠰᠡᠨ ᠦᠨᠡᠮᠯᠡᠬᠦ》 ᠣᠯᠭᠤᠵᠤ᠂ ᠲᠠᠮᠠᠭ᠎ᠠ ᠳᠠᠷᠤᠨ ᠪᠠᠲᠤᠯᠠᠵᠤ᠂ ᠰᠠᠪᠠᠯᠠᠭᠰᠠᠨ ᠮᠢᠬᠠᠨ ᠪᠦᠲᠦᠭᠡᠭᠳᠡᠬᠦᠨ᠎ᠳᠤ ᠬᠢᠵᠢᠭ ᠪᠠᠶ᠋ᠢᠴᠠᠭ᠋ᠠᠯᠲᠠ ᠵᠢᠨ ᠲᠡᠮᠳᠡᠭ᠎ᠢ ᠬᠡᠷᠡᠭᠯᠡᠨ᠎ᠡ᠃
     7.6.2 ᠬᠢᠷᠢ᠎ᠳᠤ ᠬᠦᠷᠦᠭᠡ ᠦᠭᠡᠢ ᠵᠢ ᠠᠯᠪᠠᠨ ᠶᠣᠰᠣᠨ᠎ᠤ ᠮᠠᠯ᠎ᠤᠨ ᠡᠮᠴᠢ᠎ᠠᠴᠠ 《ᠠᠮᠢᠲᠠᠨ᠎ᠤ ᠬᠢᠵᠢᠭ ᠲᠠᠬᠤᠯ᠎ᠤᠨ ᠪᠠᠶ᠋ᠢᠴᠠᠭ᠋ᠠᠯᠲᠠ ᠵᠢᠨ ᠮᠡᠳᠡᠭᠳᠡᠯ》 ᠪᠠᠭᠤᠯᠭ᠋ᠠᠵᠤ ᠳᠠᠷᠠᠭ᠋ᠠᠬᠢ ᠪᠠᠶ᠋ᠢᠳᠠᠯ ᠵᠶ᠋ᠠᠷ ᠰᠢᠢ᠍ᠳᠪᠦᠷᠢᠯᠡᠨ᠎ᠡ᠃
     .1᠂ 6.2.2.2 ᠪᠣᠯᠣᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠰᠢᠢ᠍ᠳᠪᠦᠷᠢᠯᠡᠨ᠎ᠡ᠃
     7.6.2.2 ᠲᠤᠰ ᠵᠢᠷᠤᠮ᠎ᠳᠤ ᠵᠢᠭ᠋ᠠᠭᠰᠠᠨ᠎ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶ᠋ᠢᠪᠠᠯ ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ (ᠦᠢ᠍ᠯᠡᠳᠪᠦᠷᠢ᠂ ᠴᠢᠭ)᠎ᠤᠨ᠎ᠬᠢᠨ ᠭᠠᠭ᠍ᠠᠢ ᠵᠢᠨ ᠶᠡᠭᠡ ᠪᠡᠶ᠎ᠡ (ᠭᠤᠤᠯᠤᠵᠠ) ᠪᠣᠯᠣᠨ ᠳᠠᠭ᠋ᠠᠯᠳᠤᠬᠤ ᠪᠦᠲᠦᠭᠡᠭᠳᠡᠬᠦᠨ᠎ᠢ 《ᠡᠪᠡᠳᠴᠢᠨ᠎ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ᠎ᠳᠤ ᠬᠤᠣᠷᠳᠠᠭᠰᠠᠨ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠤ ᠪᠢᠣᠯᠣᠭᠢ ᠵᠢᠨ ᠠᠶᠤᠯ ᠦᠭᠡᠢ ᠰᠢᠢ᠍ᠳᠪᠦᠷᠢᠯᠡᠬᠦ ᠵᠢᠷᠤᠮ》᠎ᠤᠨ ᠳᠠᠭ᠋ᠠᠤ ᠰᠢᠢ᠍ᠳᠪᠦᠷᠢᠯᠡᠵᠦ᠂ ᠪᠣᠬᠢᠷᠳᠠᠭᠰᠠᠨ ᠲᠠᠯᠠᠪᠤᠷ᠂ ᠪᠠᠭ᠋ᠠᠵᠢ ᠬᠡᠷᠡᠭᠰᠡᠯ᠎ᠢ ᠲᠣᠭᠲᠠᠭ᠋ᠠᠯ᠎ᠤᠨ ᠳᠠᠭ᠋ᠠᠤ ᠠᠷᠢᠭᠤᠳᠬᠠᠵᠤ᠂ ᠲᠡᠭᠦᠨᠴᠢᠯᠡᠨ 《ᠠᠮᠢᠳᠤ ᠪᠣᠳᠠᠰ᠎ᠤᠨ ᠠᠶᠤᠯ ᠦᠭᠡᠢ ᠰᠢᠢ᠍ᠳᠪᠦᠷᠢᠯᠡᠯᠲᠡ ᠵᠢᠨ ᠲᠡᠮᠳᠡᠭᠯᠡᠯ》᠎ᠢ ᠰᠠᠶ᠋ᠢᠨ ᠬᠢᠭᠰᠡᠨ ᠪᠠᠶ᠋ᠢᠬᠤ ᠬᠡᠷᠡᠭᠲᠡᠢ᠃
     7.6.3 ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ (ᠦᠢ᠍ᠯᠡᠳᠪᠦᠷᠢ᠂ ᠴᠢᠭ)᠎ᠤᠨ᠎ᠬᠢᠨ ᠡᠪᠡᠳᠴᠢᠨ ᠳᠠᠷᠬᠠᠯᠠᠯ᠎ᠳᠤ ᠠᠪᠲᠠᠭᠰᠠᠨ ᠠᠮᠢᠲᠠᠨ ᠪᠤᠶᠤ ᠬᠠᠶᠠᠭᠳᠠᠯ ᠵᠦᠢ᠍ᠯ᠎ᠢ ᠬᠤᠣᠷᠳᠠᠯ ᠦᠭᠡᠢ ᠰᠢᠢ᠍ᠳᠪᠦᠷᠢᠯᠡᠬᠦ ᠠᠵᠢᠯ᠎ᠢ ᠰᠠᠶ᠋ᠢᠨ ᠬᠢᠬᠦ ᠬᠡᠷᠡᠭᠲᠡᠢ᠃
     7.7 ᠠᠯᠪᠠᠨ ᠶᠣᠰᠣᠨ᠎ᠤ ᠮᠠᠯ᠎ᠤᠨ ᠡᠮᠴᠢ ᠨᠠᠷ ᠨᠢᠭᠡᠨ ᠵᠡᠷᠭᠡ ᠬᠢᠵᠢᠭ ᠪᠠᠶ᠋ᠢᠴᠠᠭ᠋ᠠᠯᠲᠠ ᠵᠢᠨ ᠶᠠᠪᠤᠴᠠ ᠳᠤᠮᠳᠠ ᠡᠷᠡᠭᠦᠯ ᠬᠠᠮᠠᠭ᠋ᠠᠯᠠᠯ ᠠᠶᠤᠯ ᠦᠭᠡᠢ ᠪᠠᠶ᠋ᠢᠳᠠᠯ᠎ᠢ ᠰᠠᠶ᠋ᠢᠨ ᠬᠢᠬᠦ ᠬᠡᠷᠡᠭᠲᠡᠢ᠃
     8. ᠬᠢᠵᠢᠭ ᠪᠠᠶ᠋ᠢᠴᠠᠭ᠋ᠠᠯᠲᠠ ᠵᠢᠨ ᠲᠡᠮᠳᠡᠭᠯᠡᠯ
     8.1 ᠠᠯᠪᠠᠨ ᠶᠣᠰᠣᠨ᠎ᠤ ᠮᠠᠯ᠎ᠤᠨ ᠡᠮᠴᠢ ᠨᠠᠷ ᠨᠢᠲᠤᠯᠭ᠋ᠠᠨ᠎ᠤ ᠲᠠᠯᠠᠪᠤᠷ (ᠦᠢ᠍ᠯᠡᠳᠪᠦᠷᠢ᠂ ᠴᠢᠭ)᠎ᠤᠨ ᠠᠯᠠᠰᠢᠨ᠎ᠳᠤ ᠭᠠᠷᠭ᠋ᠠᠭᠰᠠᠨ᠂ ᠪᠠᠴᠢᠮ ᠨᠢᠲᠤᠯᠬᠤ᠂ ᠠᠮᠢᠳᠤ ᠪᠣᠳᠠᠰ᠎ᠤᠨ ᠠᠶᠤᠯ ᠦᠭᠡᠢ ᠰᠢᠢ᠍ᠳᠪᠦᠷᠢᠯᠡᠯᠲᠡ ᠵᠢᠨ ᠬᠤᠯᠪᠣᠭᠳᠠᠯ ᠪᠦᠬᠦᠢ ᠲᠡᠮᠳᠡᠭᠯᠡᠯ᠎ᠳᠤ ᠬᠠᠷᠠᠭ᠎ᠠ ᠬᠢᠨᠠᠯᠲᠠ ᠲᠠᠯᠪᠢᠵᠤ ᠬᠥᠲᠥᠯᠥᠨ ᠤᠳᠤᠷᠢᠳᠤᠨ᠎ᠠ᠃
     8.2 ᠠᠯᠪᠠᠨ ᠶᠣᠰᠣᠨ᠎ᠤ ᠮᠠᠯ᠎ᠤᠨ ᠡᠮᠴᠢ ᠨᠠᠷ ᠲᠠᠯᠠᠪᠤᠷ᠎ᠲᠤ ᠨᠡᠪᠲᠡᠷᠡᠭᠦᠯᠬᠦ ᠰᠢᠯᠭ᠋ᠠᠨ ᠪᠠᠶ᠋ᠢᠴᠠᠭ᠋ᠠᠯᠲᠠ ᠵᠢ ᠬᠢᠨᠠᠬᠤ᠂ ᠬᠢᠵᠢᠭ ᠪᠠᠶ᠋ᠢᠴᠠᠭ᠋ᠠᠯᠲᠠ ᠵᠢᠨ ᠡᠷᠭᠦᠳᠡᠯ᠂ ᠨᠢᠲᠤᠯᠭ᠋ᠠᠨ᠎ᠤ ᠡᠮᠦᠨᠡᠬᠢ ᠪᠠᠶ᠋ᠢᠴᠠᠭ᠋ᠠᠯᠲᠠ᠂ ᠬᠢᠵᠢᠭ ᠪᠠᠶ᠋ᠢᠴᠠᠭ᠋ᠠᠯᠲᠠ ᠵᠡᠷᠭᠡ ᠲᠠᠯ᠎ᠠ᠎ᠤᠳ᠎ᠤᠨ ᠲᠡᠮᠳᠡᠭᠯᠡᠯ᠎ᠢ ᠬᠠᠮᠲᠤ᠎ᠳᠤ᠎ᠨᠢ ᠰᠠᠶ᠋ᠢᠲᠤᠷ ᠬᠢᠬᠦ ᠬᠡᠷᠡᠭᠲᠡᠢ᠃
     8.3 ᠬᠢᠵᠢᠭ ᠪᠠᠶ᠋ᠢᠴᠠᠭ᠋ᠠᠯᠲᠠ ᠵᠢᠨ ᠲᠡᠮᠳᠡᠭᠯᠡᠯ᠎ᠢ 12 ᠰᠠᠷ᠎ᠠ᠎ᠠᠴᠠ ᠳᠣᠷᠣᠭᠰᠢ ᠦᠭᠡᠢ ᠬᠠᠳᠠᠭ᠋ᠠᠯᠠᠬᠤ ᠬᠡᠷᠡᠭᠲᠡᠢ᠃

   

ᠢᠷᠡᠯᠲᠡ᠄ ᠦᠪᠦᠷ ᠮᠣᠩᠭᠣᠯ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ
          
ᠬᠠᠮᠢᠶ᠎ᠡ ᠪᠦᠬᠦᠢ ᠰᠣᠨᠢᠨ
ᠠᠹᠷᠢᠺᠠ ᠵᠢᠨ ᠭᠠᠬᠠᠶ ᠵᠢᠨ ᠬᠢᠵᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠡᠷᠡᠭᠵᠢᠭᠦᠯᠬᠦ ᠲᠥᠰᠦᠯ (2020 ᠣᠨ᠎ᠤ ᠬᠡᠪᠯᠡᠯ)
ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠪ
ᠬᠤᠨᠢ ᠢᠮᠠᠭ᠋ᠠᠨ᠎ᠤ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ ᠵᠢᠨ ᠵᠢᠷᠤᠮ
ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠮᠠᠯ ᠠᠵᠦ ᠠᠬᠤᠢ ᠵᠢᠨ ᠬᠠᠦᠯᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠢᠳᠡᠭᠡᠨ ᠡᠳ᠋ᠰᠢᠯᠡᠭᠦᠯᠬᠦ ᠵᠢᠵᠢᠭ ᠦᠢ᠍ᠯᠡᠳᠬᠡᠯ ᠪᠤᠯᠤᠨ ᠢᠳᠡᠭᠡᠨ᠎ᠤ ᠳᠡᠯᠭᠡᠭᠦᠷᠴᠢᠨ᠎ᠤ ᠬᠠᠮᠢᠶᠠᠷᠤᠯᠲᠠ ᠵᠢᠨ ᠳᠦᠷᠢᠮ
 
            