ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠪ
ᠨᠡᠶ᠋ᠢᠲᠡᠯᠡᠭᠰᠡᠨ ᠴᠠᠭ᠄ 2020-06-03

     1 ᠶᠡᠷᠦᠩᠬᠡᠢ ᠵᠠᠷᠴᠢᠮ ᠠᠹᠷᠢᠺᠠ ᠵᠢᠨ ᠭᠠᠬᠠᠢ ᠵᠢᠨ ᠬᠢᠵᠢᠭ ᠪᠣᠯ ᠠᠹᠷᠢᠺᠠ ᠵᠢᠨ ᠭᠠᠬᠠᠢ ᠵᠢᠨ ᠬᠢᠵᠢᠭ᠎ᠤᠨ ᠤᠯᠠᠮ᠎ᠠᠴᠠ ᠡᠭᠦᠰᠦᠭᠰᠡᠨ ᠨᠢᠭᠡᠨ ᠵᠦᠢ᠍ᠯ᠎ᠤᠨ ᠲᠦᠷᠭᠡᠨ ᠴᠢᠨᠠᠷᠲᠠᠢ᠂ ᠬᠠᠯᠠᠭᠤᠷᠠᠯ ᠡᠭᠦᠰᠳᠡᠭ᠂ ᠥᠨᠳᠥᠷ ᠮᠡᠳᠡᠷᠡᠮᠵᠢ᠎ᠲᠠᠢ ᠠᠮᠢᠲᠠᠨ᠎ᠤ ᠬᠠᠯᠳᠠᠪᠤᠷᠢᠲᠤ ᠡᠪᠡᠳᠴᠢᠨ ᠶᠤᠮ᠃ ᠣᠯᠠᠨ ᠤᠯᠤᠰ᠎ᠤᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ

(OIE)᠎ᠠᠴᠠ ᠲᠡᠭᠦᠨ᠎ᠢ ᠬᠠᠤᠯᠢᠨ᠎ᠳᠤ ᠵᠢᠭ᠋ᠠᠭᠰᠠᠨ ᠠᠮᠢᠲᠠᠨ᠎ᠤ ᠬᠠᠯᠳᠠᠪᠤᠷᠢᠲᠤ ᠡᠪᠡᠳᠴᠢᠨ ᠵᠶ᠋ᠠᠷ ᠲᠣᠭᠲᠠᠭ᠋ᠠᠭᠰᠠᠨ ᠶᠤᠮ᠃ ᠮᠠᠨ᠎ᠤ ᠤᠯᠤᠰ ᠲᠡᠭᠦᠨ᠎ᠢ ᠨᠢᠭᠡᠳᠦᠭᠡᠷ ᠲᠥᠷᠥᠯ᠎ᠤᠨ ᠠᠮᠢᠲᠠᠨ᠎ᠤ ᠬᠠᠯᠳᠠᠪᠤᠷᠢᠲᠤ ᠡᠪᠡᠳᠴᠢᠨ ᠵᠶ᠋ᠠᠷ ᠵᠢᠭᠰᠠᠭ᠋ᠠᠵᠤ᠂ ᠭᠣᠣᠯᠳᠠᠯᠭ᠎ᠠ᠎ᠲᠠᠢ ᠰᠡᠷᠭᠡᠶ᠋ᠢᠯᠡᠪᠡᠯ ᠵᠣᠬᠢᠬᠤ ᠭᠠᠳᠠᠨ᠎ᠠ᠎ᠠᠴᠠ ᠨᠡᠪᠲᠡᠷᠡᠬᠦ ᠠᠮᠢᠲᠠᠨ᠎ᠤ ᠬᠢᠵᠢᠭ᠎ᠤᠨ ᠲᠥᠷᠥᠯ᠎ᠤᠨ ᠨᠢᠭᠡ᠎ᠪᠠᠷ ᠲᠣᠭᠲᠠᠭ᠋ᠠᠭᠰᠠᠨ ᠶᠤᠮ᠃
     1.1 ᠵᠣᠬᠢᠶᠠᠵᠤ ᠪᠣᠯᠪᠠᠰᠤᠷᠠᠭᠤᠯᠬᠤ ᠵᠢᠨ ᠵᠣᠷᠢᠯᠭ᠎ᠠ
      ᠴᠠᠭ ᠲᠤᠬᠠᠢ᠎ᠳᠤ᠎ᠨᠢ ᠴᠣᠴᠢᠮᠠᠭ ᠢᠯᠡᠷᠡᠬᠦ ᠠᠹᠷᠢᠺᠠ ᠵᠢᠨ ᠭᠠᠬᠠᠢ ᠵᠢᠨ ᠬᠢᠵᠢᠭ᠎ᠢ ᠤᠰᠠᠳᠬᠠᠵᠤ ᠭᠠᠬᠠᠢ ᠵᠢᠨ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ ᠵᠢ ᠪᠠᠲᠤᠯᠠᠭ᠋ᠠᠵᠢᠭᠤᠯᠬᠤ᠎ᠳᠤ ᠣᠷᠣᠰᠢᠨ᠎ᠠ᠃
     1.2 ᠵᠣᠬᠢᠶᠠᠵᠤ ᠪᠣᠯᠪᠠᠰᠤᠷᠠᠭᠤᠯᠬᠤ ᠵᠢᠨ ᠦᠨᠳᠦᠰᠦᠯᠡᠯ
     《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠠᠮᠢᠲᠠᠨ ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠬᠠᠤᠯᠢ》 《ᠬᠦᠨᠳᠦ ᠨᠣᠴᠢᠲᠠᠢ ᠬᠢᠵᠢᠭ᠎ᠤᠨ ᠪᠠᠶ᠋ᠢᠳᠠᠯ᠎ᠢ ᠪᠠᠴᠢᠮ ᠠᠷᠭ᠋ᠠᠴᠠᠭ᠋ᠠᠬᠤ ᠳᠦᠷᠢᠮ》 《ᠠᠮᠢᠲᠠᠨ᠎ᠤ ᠬᠦᠨᠳᠦ ᠨᠣᠴᠢᠲᠠᠢ ᠬᠠᠯᠳᠠᠪᠤᠷᠢᠲᠤ ᠡᠪᠡᠳᠴᠢᠨ᠎ᠤ ᠦᠶ᠎ᠡ ᠵᠢᠨ ᠤᠯᠤᠰ᠎ᠤᠨ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠯ》 ᠪᠣᠯᠣᠨ 《ᠤᠯᠤᠰ᠎ᠤᠨ ᠳᠤᠮᠳᠠ᠂ ᠤᠷᠲᠤ ᠬᠤᠭᠤᠴᠠᠭ᠋ᠠᠨ᠎ᠤ ᠠᠮᠢᠲᠠᠨ᠎ᠤ ᠬᠠᠯᠳᠠᠪᠤᠷᠢᠲᠤ ᠡᠪᠡᠳᠴᠢᠨ᠎ᠠᠴᠠ ᠤᠷᠢᠳᠴᠢᠯᠠᠨ ᠰᠡᠷᠭᠡᠶ᠋ᠢᠯᠡᠬᠦ ᠲᠥᠯᠥᠪᠯᠡᠭᠡ》

(2012 — 2020 ᠣᠨ)》 ᠵᠢ ᠦᠨᠳᠦᠰᠦᠯᠡᠨ ᠲᠤᠰ ᠲᠥᠰᠥᠯ᠎ᠢ ᠪᠣᠯᠪᠠᠰᠤᠷᠠᠭᠤᠯᠪᠠ᠃
     1.3 ᠠᠵᠢᠯᠯᠠᠬᠤ ᠵᠠᠷᠴᠢᠮ
      ᠭᠠᠵᠠᠷ ᠣᠷᠣᠨ᠎ᠤ ᠬᠠᠮᠢᠶᠠᠷᠤᠯᠲᠠ ᠵᠢᠨ ᠵᠠᠷᠴᠢᠮ᠎ᠤᠨ ᠳᠠᠭ᠋ᠠᠤ᠂ ᠵᠠᠰᠠᠭ᠎ᠤᠨ ᠭᠠᠵᠠᠷ᠎ᠤᠨ ᠨᠢᠭᠡᠳᠦᠭᠰᠡᠨ ᠤᠳᠤᠷᠢᠳᠤᠯᠭ᠎ᠠ ᠵᠢ ᠬᠡᠷᠡᠭᠵᠢᠭᠦᠯᠵᠦ᠂ ᠪᠠᠢ᠌ᠭᠤᠯᠭ᠎ᠠ ᠨᠢᠭᠡᠴᠢ᠎ᠤᠳ ᠬᠤᠪᠢᠶᠠᠨ ᠬᠠᠷᠢᠭᠤᠴᠠᠵᠤ᠂ ᠤᠷᠢᠳᠴᠢᠯᠠᠨ ᠰᠡᠷᠭᠡᠶ᠋ᠢᠯᠡᠨ ᠬᠢᠵᠠᠭ᠋ᠠᠷᠯᠠᠬᠤ ᠬᠠᠷᠢᠭᠤᠴᠠᠯᠭ᠎ᠠ ᠵᠢᠨ ᠳᠦᠷᠢᠮ᠎ᠢ ᠦᠨᠡᠨ ᠪᠣᠳᠠᠲᠠᠢ ᠬᠡᠷᠡᠭᠵᠢᠭᠦᠯᠵᠦ᠂ ᠰᠡᠷᠭᠡᠶ᠋ᠢᠯᠡᠬᠦ᠂ ᠬᠢᠵᠠᠭ᠋ᠠᠷᠯᠠᠬᠤ ᠵᠢ ᠬᠣᠯᠪᠣᠭ᠋ᠠᠯᠠᠨ᠂ ᠰᠡᠷᠭᠡᠶ᠋ᠢᠯᠡᠨ ᠬᠢᠵᠠᠭ᠋ᠠᠷᠯᠠᠬᠤ ᠵᠢᠨ ᠬᠠᠮᠲᠤᠷᠠᠭᠰᠠᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠵᠤ 《ᠤᠳᠤᠷᠢᠳᠤᠯᠭ᠎ᠠ᠎ᠪᠠᠨ ᠪᠡᠬᠢᠵᠢᠭᠦᠯᠬᠦ᠂ ᠨᠢᠭᠲᠠ ᠤᠶᠠᠯᠳᠤᠬᠤ᠂ ᠰᠢᠨᠵᠢᠯᠡᠬᠦ ᠤᠬᠠᠭ᠋ᠠᠨ᠎ᠳᠤ ᠲᠦᠰᠢᠭᠯᠡᠬᠦ᠂ ᠬᠠᠤᠯᠢ ᠶᠣᠰᠣ᠎ᠪᠠᠷ ᠰᠡᠷᠭᠡᠶ᠋ᠢᠯᠡᠬᠦ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ᠂ ᠣᠯᠠᠨ ᠵᠶ᠋ᠠᠷ ᠵᠶ᠋ᠠᠨ ᠬᠢᠵᠠᠭ᠋ᠠᠷᠯᠠᠬᠤ᠂ ᠲᠠᠰᠤᠷᠬᠠᠢ ᠰᠢᠢ᠍ᠳᠬᠦ》 ᠰᠡᠷᠭᠡᠶ᠋ᠢᠯᠡᠨ ᠬᠢᠵᠠᠭ᠋ᠠᠷᠯᠠᠬᠤ ᠴᠢᠭᠯᠡᠯᠲᠡ ᠵᠢ ᠬᠡᠷᠡᠭᠵᠢᠭᠦᠯᠦᠨ᠎ᠡ᠃ 《ᠡᠷᠲᠡ᠂ ᠬᠤᠷᠳᠤᠨ᠂ ᠴᠢᠩᠭ᠎ᠠ᠂ ᠪᠠᠭ᠎ᠠ》 ᠱᠠᠭ᠋ᠠᠷᠳᠠᠯᠭ᠎ᠠ ᠵᠢᠨ ᠳᠠᠭ᠋ᠠᠤ ᠡᠷᠲᠡ ᠢᠯᠡᠷᠡᠭᠦᠯᠵᠦ᠂ ᠬᠤᠷᠳᠤᠨ ᠰᠡᠷᠭᠡᠭ ᠪᠠᠶ᠋ᠢᠬᠤ᠂ ᠴᠢᠩᠭ᠎ᠠ ᠰᠢᠢ᠍ᠳᠴᠦ ᠬᠣᠬᠢᠷᠠᠯ᠎ᠢ ᠪᠠᠭ᠋ᠠᠰᠬᠠᠬᠤ ᠬᠡᠷᠡᠭᠲᠡᠢ᠃
     1.4 ᠬᠡᠷᠡᠭᠯᠡᠬᠦ ᠬᠦᠷᠢᠶ᠎ᠡ ᠬᠡᠪᠴᠢᠶ᠎ᠡ
      ᠲᠤᠰ ᠲᠥᠰᠥᠯ᠎ᠢ ᠮᠠᠨ᠎ᠤ ᠤᠯᠤᠰ᠎ᠤᠨ ᠴᠣᠴᠢᠮᠠᠭ ᠢᠯᠡᠷᠡᠭᠰᠡᠨ ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠠᠵᠢᠯ᠎ᠳᠤ ᠬᠡᠷᠡᠭᠯᠡᠨ᠎ᠡ᠃
     2 ᠵᠣᠬᠢᠶᠠᠨ ᠪᠠᠶ᠋ᠢᠭᠤᠯᠵᠤ ᠬᠠᠮᠢᠶᠠᠷᠬᠤ
     2.1 ᠪᠠᠴᠢᠮ ᠠᠷᠭ᠋ᠠᠴᠠᠭ᠋ᠠᠬᠤ ᠵᠢ ᠤᠳᠤᠷᠢᠳᠬᠤ ᠪᠠᠶ᠋ᠢᠭᠤᠯᠤᠮᠵᠢ
      ᠲᠠᠷᠢᠶᠠᠯᠠᠩ᠎ᠤᠨ ᠶᠠᠮᠤᠨ᠎ᠨᠢ ᠤᠯᠤᠰ᠎ᠤᠨ ᠶᠠᠪᠤᠳᠠᠯ᠎ᠤᠨ ᠬᠣᠷᠢᠶᠠᠨ᠎ᠤ ᠨᠢᠭᠡᠳᠦᠯ᠎ᠲᠠᠢ ᠤᠳᠤᠷᠢᠳᠤᠯᠭ᠎ᠠ ᠳᠣᠣᠷ᠎ᠠ ᠵᠣᠬᠢᠶᠠᠨ ᠪᠠᠶ᠋ᠢᠭᠤᠯᠤᠯᠲᠠ ᠵᠢ ᠬᠠᠷᠢᠭᠤᠴᠠᠵᠤ ᠪᠦᠬᠦ ᠤᠯᠤᠰ᠎ᠤᠨ ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠲᠠᠢ ᠵᠣᠬᠢᠴᠠᠵᠤ᠂ ᠲᠡᠭᠦᠨᠴᠢᠯᠡᠨ ᠴᠣᠴᠢᠮᠠᠭ ᠢᠯᠡᠷᠡᠭᠰᠡᠨ ᠬᠢᠵᠢᠭ᠎ᠤᠨ ᠪᠠᠶ᠋ᠢᠳᠠᠯ᠎ᠢ ᠰᠢᠢ᠍ᠳᠪᠦᠷᠢᠯᠡᠬᠦ ᠠᠵᠢᠯ᠎ᠤᠨ ᠱᠠᠭ᠋ᠠᠷᠳᠠᠯᠭ᠎ᠠ᠎ᠪᠠᠷ ᠤᠯᠤᠰ᠎ᠤᠨ ᠶᠠᠪᠤᠳᠠᠯ᠎ᠤᠨ ᠬᠣᠷᠢᠶᠠᠨ᠎ᠳᠤ ᠤᠯᠤᠰ᠎ᠤᠨ ᠶᠠᠪᠤᠳᠠᠯ᠎ᠤᠨ ᠬᠣᠷᠢᠶᠠᠨ᠎ᠤ ᠠᠮᠢᠲᠠᠨ᠎ᠤ ᠬᠢᠵᠢᠭ᠎ᠤᠨ ᠬᠦᠨᠳᠦ ᠨᠣᠴᠢᠲᠠᠢ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠣᠳᠬᠤ ᠲᠥᠪ᠎ᠤᠨ ᠵᠢᠯᠣᠭᠣᠳᠤᠯᠭ᠎ᠠ ᠵᠢ᠎ᠲᠠᠭᠠᠨ ᠮᠥᠷᠳᠡᠬᠦ ᠰᠠᠨᠠᠭ᠋ᠠᠴᠢᠯᠠᠭ᠎ᠠ ᠭᠠᠷᠭ᠋ᠠᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠠᠯᠪᠠᠨ᠎ᠨᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯ᠎ᠲᠠᠢ ᠵᠢᠯᠣᠭᠣᠳᠤᠯᠭ᠎ᠠ ᠳᠣᠣᠷ᠎ᠠ ᠵᠣᠬᠢᠶᠠᠨ ᠪᠠᠶ᠋ᠢᠭᠤᠯᠬᠤ ᠠᠵᠢᠯ᠎ᠢ ᠬᠠᠷᠢᠭᠤᠴᠠᠵᠤ᠂ ᠲᠤᠬᠠᠢ ᠵᠢᠨ ᠵᠠᠰᠠᠭ ᠵᠠᠬᠢᠷᠭ᠋ᠠᠨ᠎ᠤ ᠣᠷᠣᠨ᠎ᠳᠠᠬᠢ ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠲᠠᠢ ᠵᠣᠬᠢᠴᠠᠵᠤ᠂ ᠲᠡᠭᠦᠨᠴᠢᠯᠡᠨ ᠴᠣᠴᠢᠮᠠᠭ ᠢᠯᠡᠷᠡᠭᠰᠡᠨ ᠬᠢᠵᠢᠭ᠎ᠤᠨ ᠪᠠᠶ᠋ᠢᠳᠠᠯ᠎ᠢ ᠰᠢᠢ᠍ᠳᠪᠦᠷᠢᠯᠡᠬᠦ ᠠᠵᠢᠯ᠎ᠤᠨ ᠱᠠᠭ᠋ᠠᠷᠳᠠᠯᠭ᠎ᠠ᠎ᠪᠠᠷ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠣᠷᠣᠨ ᠨᠤᠲᠤᠭ᠎ᠤᠨ ᠠᠮᠢᠲᠠᠨ᠎ᠤ ᠬᠢᠵᠢᠭ᠎ᠤᠨ ᠬᠦᠨᠳᠦ ᠨᠣᠴᠢᠲᠠᠢ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠣᠳᠬᠤ ᠲᠥᠪ᠎ᠤᠨ ᠵᠢᠯᠣᠭᠣᠳᠤᠯᠭ᠎ᠠ ᠵᠢ᠎ᠲᠠᠭᠠᠨ ᠮᠥᠷᠳᠡᠬᠦ ᠰᠠᠨᠠᠭ᠋ᠠᠴᠢᠯᠠᠭ᠎ᠠ ᠭᠠᠷᠭ᠋ᠠᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠠᠷᠭ᠋ᠠᠴᠠᠭ᠋ᠠᠬᠤ ᠵᠢᠯᠣᠭᠣᠳᠬᠤ ᠲᠥᠪ᠎ᠨᠢ ᠪᠦᠷᠢᠯᠳᠦᠬᠦᠨ ᠵᠶ᠋ᠠᠨ ᠲᠣᠳᠣᠷᠬᠠᠶ᠋ᠢᠯᠠᠵᠤ᠂ ᠬᠣᠯᠪᠣᠭᠳᠠᠬᠤ ᠡᠯ᠎ᠡ ᠪᠠᠢ᠌ᠭᠤᠯᠭ᠎ᠠ ᠨᠢᠭᠡᠴᠢ᠎ᠨᠢ ᠬᠠᠮᠲᠤ ᠵᠢᠨ ᠠᠵᠢᠯᠯᠠᠭ᠎ᠠ᠎ᠪᠠᠨ ᠪᠡᠬᠢᠵᠢᠭᠦᠯᠦᠨ ᠵᠣᠬᠢᠴᠠᠭᠤᠯᠵᠤ᠂ ᠣᠯᠠᠨ ᠪᠠᠶ᠋ᠢᠭᠤᠯᠤᠯᠭ᠎ᠠ ᠨᠢᠭᠡᠴᠢ ᠬᠠᠮᠲᠤ᠎ᠪᠠᠷ ᠵᠶ᠋ᠠᠨ ᠣᠷᠣᠯᠴᠠᠵᠤ ᠬᠠᠮᠲᠤ᠎ᠪᠠᠷ ᠵᠶ᠋ᠠᠨ ᠰᠡᠷᠭᠡᠶ᠋ᠢᠯᠡᠬᠦ᠂ ᠬᠠᠮᠲᠤ᠎ᠪᠠᠷ ᠵᠶ᠋ᠠᠨ ᠬᠢᠵᠠᠭ᠋ᠠᠯᠠᠬᠤ ᠵᠣᠬᠢᠴᠠᠭᠤᠯᠤᠯᠲᠠ ᠵᠢᠨ ᠲᠣᠭᠲᠠᠯᠴᠠᠭ᠎ᠠ ᠵᠢ ᠪᠦᠷᠢᠨᠰᠢᠭᠦᠯᠬᠦ ᠬᠡᠷᠡᠭᠲᠡᠢ᠃
     2.2 ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ
      ᠲᠠᠷᠢᠶᠠᠯᠠᠩ᠎ᠤᠨ ᠶᠠᠮᠤᠨ᠎ᠨᠢ ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠵᠤ ᠬᠠᠷᠢᠭᠤᠴᠠᠨ᠎ᠠ᠂ ᠲᠡᠭᠦᠨᠴᠢᠯᠡᠨ ᠪᠠᠶ᠋ᠢᠴᠠᠭ᠋ᠠᠨ ᠰᠢᠯᠭ᠋ᠠᠵᠤ ᠬᠢᠨᠠᠨ ᠵᠢᠯᠣᠭᠣᠳᠤᠨ᠎ᠠ; ᠴᠠᠭ ᠳᠠᠷᠤᠢ᠎ᠳᠤ᠎ᠨᠢ ᠠᠹᠷᠢᠺᠠ ᠵᠢᠨ ᠭᠠᠬᠠᠢ ᠵᠢᠨ ᠬᠢᠵᠢᠭ᠎ᠤᠨ ᠮᠡᠳᠡᠭᠡᠯᠡᠯ᠎ᠢ ᠨᠡᠶ᠋ᠢᠲᠡᠯᠡᠵᠦ᠂ ᠣᠯᠠᠨ ᠤᠯᠤᠰ᠎ᠤᠨ ᠬᠣᠯᠪᠣᠭᠳᠠᠬᠤ ᠪᠠᠶ᠋ᠢᠭᠤᠯᠤᠯᠭ᠎ᠠ᠂ ᠤᠯᠤᠰ ᠪᠣᠯᠣᠨ ᠣᠷᠣᠨ ᠨᠤᠲᠤᠭ᠎ᠲᠤ ᠬᠢᠵᠢᠭ᠎ᠤᠨ ᠪᠠᠶ᠋ᠢᠳᠠᠯ᠎ᠢ ᠵᠠᠷᠯᠠᠨ᠎ᠠ; ᠶᠠᠭ᠋ᠠᠷᠠᠯ᠎ᠲᠠᠢ ᠵᠣᠬᠢᠶᠠᠨ ᠪᠠᠶ᠋ᠢᠭᠤᠯᠵᠤ᠂ ᠠᠷᠢᠭᠤᠳᠬᠠᠯ᠎ᠤᠨ ᠡᠮ ᠵᠡᠷᠭᠡ ᠪᠠᠴᠢᠮ ᠠᠷᠭ᠋ᠠᠴᠠᠭ᠋ᠠᠬᠤ᠎ᠳᠤ ᠵᠣᠷᠢᠭᠤᠯᠤᠯᠲᠠ᠎ᠲᠠᠢ ᠡᠳ᠋ ᠵᠦᠢ᠍ᠯ᠎ᠢ ᠬᠤᠪᠢᠶᠠᠷᠢᠯᠠᠨ᠎ᠠ; ᠬᠢᠵᠢᠭ᠎ᠤᠨ ᠪᠠᠶ᠋ᠢᠳᠠᠯ᠎ᠲᠠᠢ ᠬᠣᠯᠪᠣᠭ᠎ᠠ᠎ᠲᠠᠢ ᠣᠨᠴᠠᠭ᠋ᠠᠢ ᠪᠠᠶ᠋ᠢᠳᠠᠯ᠎ᠤᠨ ᠬᠢᠨᠠᠯᠲᠠ ᠵᠢᠨ ᠠᠷᠭ᠎ᠠ ᠬᠡᠮᠵᠢᠶ᠎ᠡ ᠵᠢ ᠰᠠᠨᠠᠭ᠋ᠠᠴᠢᠯᠠᠬᠤ ᠪᠤᠶᠤ ᠵᠣᠭᠰᠣᠭ᠋ᠠᠨ᠎ᠠ; ᠤᠰᠠᠳᠬᠠᠬᠤ ᠪᠤᠶᠤ ᠨᠥᠬᠥᠨ ᠲᠥᠯᠥᠪᠦᠷᠢ᠎ᠠᠴᠠ ᠪᠣᠯᠣᠭᠰᠠᠨ ᠵᠠᠷᠤᠳᠠᠯ ᠵᠢᠴᠢ ᠬᠢᠵᠢᠭ᠎ᠠᠴᠠ ᠪᠣᠯᠣᠭᠰᠠᠨ ᠬᠣᠬᠢᠷᠠᠯ᠎ᠤᠨ ᠦᠨᠡᠯᠡᠭᠡ ᠵᠢ ᠵᠣᠬᠢᠶᠠᠨ ᠪᠠᠶ᠋ᠢᠭᠤᠯᠵᠤ ᠭᠦᠢ᠍ᠴᠡᠳᠬᠡᠨ᠎ᠡ; ᠡᠯ᠎ᠡ ᠭᠠᠵᠠᠷ᠎ᠤᠨ ᠮᠠᠯ ᠡᠮᠨᠡᠯᠭᠡ ᠵᠢᠨ ᠠᠯᠪᠠᠨ᠎ᠨᠢ ᠬᠢᠯᠢ ᠵᠢᠨ ᠰᠢᠯᠭ᠋ᠠᠨ ᠨᠡᠪᠲᠡᠷᠡᠭᠦᠯᠬᠦ᠂ ᠬᠢᠵᠢᠭ ᠪᠠᠶ᠋ᠢᠴᠠᠭ᠋ᠠᠯᠲᠠ ᠵᠢᠨ ᠬᠣᠯᠪᠣᠭᠳᠠᠬᠤ ᠪᠠᠢ᠌ᠭᠤᠯᠭ᠎ᠠ᠎ᠲᠠᠢ ᠢᠳᠡᠪᠬᠢᠲᠡᠢ ᠬᠠᠮᠲᠤᠷᠠᠨ ᠠᠵᠢᠯᠯᠠᠵᠤ᠂ ᠬᠠᠮᠲᠤ᠎ᠪᠠᠷ ᠠᠹᠷᠢᠺᠠ ᠵᠢᠨ ᠭᠠᠬᠠᠢ ᠵᠢᠨ ᠬᠢᠵᠢᠭ᠎ᠤᠨ ᠨᠡᠪᠲᠡᠷᠡᠨ ᠣᠷᠣᠬᠤ ᠡᠷᠡᠰᠳᠡᠯ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠵᠦ᠂ ᠴᠣᠴᠢᠮᠠᠭ ᠢᠯᠡᠷᠡᠭᠰᠡᠨ ᠬᠢᠵᠢᠭ᠎ᠤᠨ ᠪᠠᠶ᠋ᠢᠳᠠᠯ᠎ᠢ ᠪᠠᠴᠢᠮ ᠰᠢᠢ᠍ᠳᠪᠦᠷᠢᠯᠡᠬᠦ ᠪᠣᠯᠭ᠋ᠠᠵᠤ᠂ ᠦᠨᠡᠨ ᠪᠣᠳᠠᠲᠠᠢ᠎ᠪᠠᠷ ᠬᠢᠵᠢᠭ᠎ᠢ ᠬᠢᠨᠠᠨ ᠰᠢᠯᠭ᠋ᠠᠬᠤ᠂ ᠬᠠᠯᠳᠠᠪᠤᠷᠢᠲᠤ ᠡᠪᠡᠳᠴᠢᠨ᠎ᠢ ᠪᠠᠶ᠋ᠢᠴᠠᠭ᠋ᠠᠬᠤ᠂ ᠰᠢᠯᠭ᠋ᠠᠨ ᠢᠯᠭ᠋ᠠᠷᠠᠭᠤᠯᠬᠤ᠂ ᠠᠷᠢᠭᠤᠳᠬᠠᠬᠤ᠂ ᠬᠢᠵᠢᠭ᠎ᠤᠨ ᠪᠠᠶ᠋ᠢᠴᠠᠭ᠋ᠠᠯᠲᠠ ᠵᠢ ᠬᠢᠨᠠᠨ ᠬᠠᠮᠢᠶᠠᠷᠬᠤ᠂ ᠤᠰᠠᠳᠬᠠᠬᠤ ᠵᠡᠷᠭᠡ ᠡᠯ᠎ᠡ ᠵᠦᠢ᠍ᠯ᠎ᠤᠨ ᠶᠡᠷᠦᠩᠬᠡᠶ᠋ᠢᠯᠡᠭᠰᠡᠨ ᠴᠢᠨᠠᠷ᠎ᠲᠠᠢ ᠰᠡᠷᠭᠡᠶ᠋ᠢᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠪᠡᠶᠡᠯᠡᠭᠦᠯᠦᠨ᠎ᠡ᠃ ᠮᠠᠯ ᠡᠮᠨᠡᠯᠭᠡ ᠵᠢᠨ ᠠᠯᠪᠠᠨ᠎ᠨᠢ ᠬᠢᠯᠢ ᠵᠢᠨ ᠰᠢᠯᠭ᠋ᠠᠨ ᠨᠡᠪᠲᠡᠷᠡᠭᠦᠯᠬᠦ᠂ ᠬᠢᠵᠢᠭ ᠪᠠᠶ᠋ᠢᠴᠠᠭ᠋ᠠᠯᠲᠠ᠂ ᠪᠣᠭᠣᠮᠲᠠ᠂ ᠣᠢ ᠰᠢᠭᠤᠢ ᠵᠢᠨ ᠬᠣᠯᠪᠣᠭᠳᠠᠬᠤ ᠪᠠᠢ᠌ᠭᠤᠯᠭ᠎ᠠ᠎ᠨᠤᠭᠤᠳ᠎ᠲᠠᠢ ᠵᠣᠬᠢᠴᠠᠵᠤ᠂ ᠡᠯ᠎ᠡ ᠪᠠᠢ᠌ᠭᠤᠯᠭ᠎ᠠ ᠨᠢᠭᠡᠴᠢ ᠵᠢᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠳᠠᠭ᠋ᠠᠤ ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠵᠤ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠴᠡᠷᠢᠭ ᠠᠩᠭᠢ᠂ ᠵᠡᠪᠰᠡᠭᠲᠦ ᠴᠠᠭᠳᠠᠭ᠋ᠠᠨ᠎ᠤ ᠴᠡᠷᠢᠭ ᠠᠩᠭᠢ ᠬᠠᠤᠯᠢ ᠶᠣᠰᠣ᠎ᠪᠠᠷ ᠴᠣᠴᠢᠮᠠᠭ ᠢᠯᠡᠷᠡᠭᠰᠡᠨ ᠠᠹᠷᠢᠺᠠ ᠵᠢᠨ ᠭᠠᠬᠠᠢ ᠵᠢᠨ ᠬᠢᠵᠢᠭ᠎ᠤᠨ ᠪᠠᠴᠢᠮ ᠠᠷᠭ᠋ᠠᠴᠠᠭ᠋ᠠᠬᠤ ᠠᠵᠢᠯ᠎ᠳᠤ ᠣᠷᠣᠯᠴᠠᠬᠤ ᠬᠡᠷᠡᠭᠲᠡᠢ᠃
     3 ᠬᠢᠵᠢᠭ᠎ᠢ ᠬᠢᠨᠠᠨ ᠰᠢᠯᠭ᠋ᠠᠬᠤ ᠪᠣᠯᠣᠨ ᠮᠡᠳᠡᠭᠦᠯᠭᠡ ᠪᠢᠴᠢᠬᠦ
     3.1 ᠣᠯᠠᠨ ᠤᠯᠤᠰ᠎ᠤᠨ ᠬᠢᠵᠢᠭ᠎ᠤᠨ ᠪᠠᠶ᠋ᠢᠳᠠᠯ᠎ᠢ ᠬᠠᠷᠠᠵᠤ ᠬᠢᠨᠠᠬᠤ ᠳᠤᠮᠳᠠᠳᠤ ᠤᠯᠤᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ ᠪᠣᠯᠣᠨ ᠡᠪᠡᠳᠴᠢᠨ ᠲᠠᠷᠬᠠᠯᠠᠯ᠎ᠤᠨ ᠤᠬᠠᠭ᠋ᠠᠨ᠎ᠤ ᠲᠥᠪ᠎ᠨᠢ ᠠᠹᠷᠢᠺᠠ ᠵᠢᠨ ᠭᠠᠬᠠᠢ ᠵᠢᠨ ᠬᠢᠵᠢᠭ ᠬᠥᠳᠡᠯᠦᠯ ᠪᠠᠶ᠋ᠢᠳᠠᠯ᠎ᠢ ᠬᠢᠨᠠᠮᠠᠭ᠋ᠠᠢ ᠬᠠᠷᠠᠨ ᠬᠢᠨᠠᠵᠤ ᠠᠹᠷᠢᠺᠠ ᠵᠢᠨ ᠭᠠᠬᠠᠢ ᠵᠢᠨ ᠬᠢᠵᠢᠭ᠎ᠤᠨ ᠮᠠᠨ᠎ᠤ ᠤᠯᠤᠰ᠎ᠲᠤ ᠣᠷᠣᠬᠤ ᠡᠷᠡᠰᠳᠡᠯ᠎ᠢ ᠰᠢᠨᠵᠢᠯᠡᠬᠦ ᠤᠬᠠᠭ᠋ᠠᠨᠴᠢ᠎ᠪᠠᠷ ᠮᠠᠭ᠋ᠠᠳᠯᠠᠯ ᠬᠢᠵᠦ᠂ ᠴᠠᠭ ᠲᠤᠬᠠᠢ᠎ᠳᠤ᠎ᠨᠢ ᠬᠣᠯᠪᠣᠭᠳᠠᠬᠤ ᠠᠷᠭ᠎ᠠ ᠠᠷᠭ᠎ᠠ ᠬᠡᠮᠵᠢᠶᠡᠨ᠎ᠤ ᠲᠤᠬᠠᠢ ᠰᠠᠨᠠᠭᠤᠯᠭ᠎ᠠ ᠭᠠᠷᠭ᠋ᠠᠨ᠎ᠠ᠃ ᠬᠢᠯᠢ ᠬᠢᠵᠠᠭ᠋ᠠᠷ ᠣᠷᠣᠨ ᠣᠨᠴᠠᠭ᠋ᠠᠶ᠋ᠢᠯᠠᠨ ᠬᠢᠵᠢᠭ᠎ᠤᠨ ᠲᠠᠷᠬᠠᠯᠠᠯ᠎ᠲᠠᠢ ᠤᠯᠤᠰ ᠣᠷᠣᠨ᠎ᠲᠠᠢ ᠬᠢᠯᠢ ᠨᠡᠶ᠋ᠢᠯᠡᠵᠦ ᠪᠠᠶ᠋ᠢᠬᠤ ᠭᠠᠵᠠᠷ ᠣᠷᠣᠨ᠂ ᠲᠡᠭᠦᠨᠴᠢᠯᠡᠨ ᠵᠠᠰᠠᠮᠠᠯ ᠵᠠᠮ᠎ᠤᠨ ᠪᠣᠭᠣᠮᠲᠠ᠂ ᠲᠡᠮᠦᠷ ᠵᠠᠮ᠎ᠤᠨ ᠪᠣᠭᠣᠮᠲᠠ᠂ ᠣᠯᠠᠨ ᠤᠯᠤᠰ᠎ᠤᠨ ᠨᠢᠰᠬᠦ ᠣᠩᠭᠣᠴᠠᠨ᠎ᠤ ᠪᠠᠭᠤᠳᠠᠯ᠂ ᠳᠠᠯᠠᠢ ᠵᠢᠨ ᠭᠠᠷᠠᠮ᠎ᠤᠨ ᠪᠠᠶ᠋ᠢᠭ᠎ᠠ ᠭᠠᠵᠠᠷ᠎ᠤᠨ ᠮᠠᠯ ᠡᠮᠨᠡᠯᠭᠡ ᠵᠢᠨ ᠠᠯᠪᠠᠨ᠎ᠨᠢ ᠬᠢᠯᠢ ᠵᠢᠨ ᠰᠢᠯᠭ᠋ᠠᠨ ᠨᠡᠪᠲᠡᠷᠡᠭᠦᠯᠬᠦ᠂ ᠬᠢᠵᠢᠭ ᠪᠠᠶ᠋ᠢᠴᠠᠭ᠋ᠠᠯᠲᠠ᠂ ᠣᠢ ᠰᠢᠭᠤᠢ ᠵᠢᠨ ᠬᠣᠯᠪᠣᠭᠳᠠᠬᠤ ᠪᠠᠢ᠌ᠭᠤᠯᠭ᠎ᠠ᠎ᠨᠤᠭᠤᠳ᠎ᠲᠠᠢ ᠢᠳᠡᠪᠬᠢᠲᠡᠢ ᠵᠣᠬᠢᠴᠠᠵᠤ᠂ ᠭᠡᠷ᠎ᠤᠨ ᠲᠡᠵᠢᠭᠡᠪᠦᠷᠢ ᠭᠠᠬᠠᠢ ᠪᠣᠯᠣᠨ ᠵᠡᠷᠯᠢᠭ ᠭᠠᠬᠠᠢ ᠵᠢᠨ ᠡᠷᠡᠭᠦᠯ ᠮᠡᠨᠳᠦ ᠵᠢᠨ ᠪᠠᠶ᠋ᠢᠳᠠᠯ᠎ᠢ ᠬᠠᠷᠠᠵᠤ ᠬᠢᠨᠠᠬᠤ ᠬᠡᠷᠡᠭᠲᠡᠢ᠃
     3.2 ᠬᠢᠵᠢᠭ᠎ᠤᠨ ᠪᠠᠶ᠋ᠢᠳᠠᠯ᠎ᠢ ᠬᠢᠨᠠᠨ ᠰᠢᠯᠭ᠋ᠠᠬᠤ
      ᠳᠤᠮᠳᠠᠳᠤ ᠤᠯᠤᠰ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠵᠦ ᠬᠢᠵᠠᠭ᠋ᠠᠷᠯᠠᠬᠤ ᠲᠥᠪ᠂ ᠳᠤᠮᠳᠠᠳᠤ ᠤᠯᠤᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ ᠪᠣᠯᠣᠨ ᠡᠪᠡᠳᠴᠢᠨ ᠲᠠᠷᠬᠠᠯᠠᠯ᠎ᠤᠨ ᠤᠬᠠᠭ᠋ᠠᠨ᠎ᠤ ᠲᠥᠪ᠂ ᠣᠷᠣᠨ ᠨᠤᠲᠤᠭ᠎ᠤᠨ ᠡᠯ᠎ᠡ ᠱᠠᠲᠤᠨ᠎ᠤ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠵᠦ ᠬᠢᠵᠠᠭ᠋ᠠᠷᠯᠠᠬᠤ ᠪᠠᠶ᠋ᠢᠭᠤᠯᠤᠮᠵᠢ ᠵᠡᠷᠭᠡ ᠬᠣᠯᠪᠣᠭᠳᠠᠬᠤ ᠪᠠᠢ᠌ᠭᠤᠯᠭ᠎ᠠ᠎ᠨᠤᠭᠤᠳ ᠨᠢᠭᠲᠠ ᠬᠣᠷᠰᠢᠵᠤ ᠠᠹᠷᠢᠺᠠ ᠵᠢᠨ ᠭᠠᠬᠠᠢ ᠵᠢᠨ ᠬᠢᠵᠢᠭ᠎ᠤᠨ ᠪᠠᠶ᠋ᠢᠳᠠᠯ᠎ᠢ ᠬᠢᠨᠠᠨ ᠰᠢᠯᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
     3.3 ᠬᠢᠵᠢᠭ᠎ᠤᠨ ᠪᠠᠶ᠋ᠢᠳᠠᠯ᠎ᠤᠨ ᠮᠡᠳᠡᠭᠦᠯᠭᠡ ᠪᠣᠯᠣᠨ ᠨᠣᠲᠠᠯᠠᠭ᠎ᠠ
      ᠶᠠᠮᠠᠷ ᠴᠦ᠍ ᠪᠠᠢ᠌ᠭᠤᠯᠭ᠎ᠠ ᠪᠣᠯᠣᠨ ᠬᠤᠪᠢ ᠬᠥᠮᠥᠨ ᠬᠡᠷᠪᠡ ᠲᠣᠳᠣᠷᠬᠠᠢ ᠰᠢᠯᠲᠠᠭ᠋ᠠᠨ ᠦᠭᠡᠢ᠎ᠪᠠᠷ ᠦᠬᠦᠭᠰᠡᠨ ᠲᠡᠵᠢᠭᠡᠪᠦᠷᠢ ᠭᠠᠬᠠᠢ᠂ ᠬᠡᠪ᠎ᠤᠨ ᠪᠤᠰᠤ᠎ᠪᠠᠷ ᠦᠬᠦᠭᠰᠡᠨ ᠵᠡᠷᠯᠢᠭ ᠭᠠᠬᠠᠢ ᠵᠢ ᠢᠯᠡᠷᠡᠭᠦᠯᠪᠡᠯ ᠴᠠᠭ ᠳᠠᠷᠤᠢ᠎ᠳᠤ᠎ᠨᠢ ᠲᠤᠬᠠᠢ ᠵᠢᠨ ᠭᠠᠵᠠᠷ᠎ᠤᠨ ᠵᠶ᠋ᠠᠨ ᠮᠠᠯ ᠡᠮᠨᠡᠯᠭᠡ ᠵᠢᠨ ᠠᠯᠪᠠᠨ᠎ᠳᠤ ᠮᠡᠳᠡᠭᠦᠯᠬᠦ ᠬᠡᠷᠡᠭᠲᠡᠢ᠃ ᠡᠯ᠎ᠡ ᠱᠠᠲᠤᠨ᠎ᠤ ᠮᠠᠯ ᠡᠮᠨᠡᠯᠭᠡ ᠵᠢᠨ ᠠᠯᠪᠠᠨ᠎ᠨᠢ ᠬᠢᠵᠢᠭ᠎ᠤᠨ ᠰᠡᠵᠢᠭ ᠪᠦᠬᠦᠢ ᠮᠡᠳᠡᠭᠦᠯᠭᠡ ᠵᠢ ᠣᠯᠣᠭᠰᠠᠨ ᠳᠠᠷᠤᠢ ᠤᠯᠤᠰ᠎ᠤᠨ ᠠᠮᠢᠲᠠᠨ᠎ᠤ ᠬᠢᠵᠢᠭ᠎ᠤᠨ ᠮᠡᠳᠡᠭᠦᠯᠦᠯᠲᠡ ᠵᠢᠨ ᠱᠠᠭ᠋ᠠᠷᠳᠠᠯᠭ᠎ᠠ ᠶᠣᠰᠣ᠎ᠪᠠᠷ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠵᠦ᠂ ᠲᠠᠷᠢᠶᠠᠯᠠᠩ᠎ᠤᠨ ᠶᠠᠮᠤᠨ᠎ᠤ ᠮᠠᠯ ᠡᠮᠨᠡᠯᠭᠡ ᠵᠢᠨ ᠲᠣᠪᠴᠢᠶ᠎ᠠ ᠪᠣᠯᠣᠨ ᠳᠤᠮᠳᠠᠳᠤ ᠤᠯᠤᠰ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠲᠥᠪ᠎ᠲᠤ ᠮᠡᠳᠡᠭᠦᠯᠬᠦ ᠬᠡᠷᠡᠭᠲᠡᠢ᠃ ᠲᠤᠬᠠᠢ ᠵᠢᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠪᠠᠢ᠌ᠭᠤᠯᠭ᠎ᠠ᠎ᠨᠢ ᠤᠷᠢᠳᠴᠢᠯᠠᠨ ᠰᠡᠷᠭᠡᠶ᠋ᠢᠯᠡᠬᠦ ᠲᠤᠭ᠌ᠨᠢᠭ᠌᠎ᠤᠨ ᠦᠵᠡᠭᠦᠯᠦᠯᠲᠡ ᠵᠢᠨ ᠱᠠᠭ᠋ᠠᠷᠳᠠᠯᠭ᠎ᠠ ᠵᠢᠨ ᠳᠠᠭ᠋ᠠᠤ ᠳᠡᠭᠡᠵᠢ ᠠᠪᠴᠤ᠂ ᠮᠤᠵᠢ ᠵᠢᠨ ᠳᠡᠰ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠪᠠᠶ᠋ᠢᠭᠤᠯᠤᠯᠭ᠎ᠠ᠎ᠪᠠᠷ ᠰᠢᠯᠭ᠋ᠠᠨ ᠲᠣᠭᠲᠠᠭ᠋ᠠᠯᠭ᠋ᠠᠭᠰᠠᠨ᠎ᠤ ᠳ᠋ᠦᠩ᠎ᠳᠤ ᠠᠹᠷᠢᠺᠠ ᠵᠢᠨ ᠭᠠᠬᠠᠢ ᠵᠢᠨ ᠬᠢᠵᠢᠭ᠎ᠤᠨ ᠰᠡᠵᠢᠭ ᠢᠯᠡᠷᠡᠪᠡᠯ ᠳᠠᠷᠤᠢ ᠲᠦᠷᠭᠡᠨ ᠳᠤᠮᠳᠠᠳᠤ ᠤᠯᠤᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ ᠪᠣᠯᠣᠨ ᠡᠪᠡᠳᠴᠢᠨ ᠲᠠᠷᠬᠠᠯᠠᠯ᠎ᠤᠨ ᠤᠬᠠᠭ᠋ᠠᠨ᠎ᠤ ᠲᠥᠪ᠎ᠲᠤ ᠮᠡᠳᠡᠭᠦᠯᠦᠨ ᠨᠤᠲᠠᠯᠠᠭᠤᠯᠬᠤ ᠬᠡᠷᠡᠭᠲᠡᠢ᠃ ᠲᠠᠷᠢᠶᠠᠯᠠᠩ᠎ᠤᠨ ᠶᠠᠮᠤᠨ᠎ᠠᠴᠠ ᠨᠤᠲᠠᠯᠠᠭ᠋ᠠᠨ᠎ᠤ ᠳ᠋ᠦᠩ᠎ᠢ ᠦᠨᠳᠦᠰᠦᠯᠡᠵᠦ ᠪᠠᠲᠤᠯᠠᠨ ᠲᠣᠭᠲᠠᠭ᠋ᠠᠬᠤ ᠵᠢᠨ ᠳᠠᠭ᠋ᠠᠤ ᠬᠢᠵᠢᠭ᠎ᠤᠨ ᠪᠠᠶ᠋ᠢᠳᠠᠯ᠎ᠢ ᠵᠠᠷᠯᠠᠨ᠎ᠠ᠃
     4 ᠬᠢᠵᠢᠭ᠎ᠤᠨ ᠪᠠᠶ᠋ᠢᠳᠠᠯ᠎ᠳᠤ ᠬᠠᠨᠳᠤᠬᠤ
     4.1 ᠬᠢᠵᠢᠭ ᠲᠠᠷᠬᠠᠯᠠᠯ᠎ᠤᠨ ᠵᠡᠷᠭᠡᠯᠡᠯ ᠠᠹᠷᠢᠺᠠ ᠵᠢᠨ ᠭᠠᠬᠠᠢ ᠵᠢᠨ ᠬᠢᠵᠢᠭ᠎ᠤᠨ ᠰᠢᠨᠵᠢ ᠴᠢᠨᠠᠷ᠂ ᠠᠶᠤᠯ᠎ᠲᠠᠢ ᠬᠡᠮᠵᠢᠶ᠎ᠡ ᠪᠣᠯᠣᠨ ᠬᠣᠯᠪᠣᠭᠳᠠᠬᠤ ᠬᠦᠷᠢᠶ᠎ᠡ ᠬᠡᠪᠴᠢᠶ᠎ᠡ ᠵᠢ ᠦᠨᠳᠦᠰᠦᠯᠡᠵᠦ ᠠᠹᠷᠢᠺᠠ ᠵᠢᠨ ᠭᠠᠬᠠᠢ ᠵᠢᠨ ᠬᠢᠵᠢᠭ᠎ᠢ ᠭᠤᠷᠪᠠᠨ ᠳᠡᠰ᠎ᠲᠤ ᠬᠤᠪᠢᠶᠠᠨ ᠦᠵᠡᠳᠡᠭ᠄ ᠬᠢᠵᠢᠭ᠎ᠤᠨ ᠪᠠᠶ᠋ᠢᠳᠠᠯ ᠣᠨᠴᠠᠭ᠋ᠠᠢ ᠬᠦᠨᠳᠦ (Ⅰ ᠵᠡᠷᠭᠡᠯᠡᠯ) ᠬᠢᠵᠢᠭ᠎ᠤᠨ ᠪᠠᠶ᠋ᠢᠳᠠᠯ ᠮᠠᠰᠢ ᠬᠦᠨᠳᠦ (II ᠵᠡᠷᠭᠡᠯᠡᠯ) ᠬᠢᠵᠢᠭ᠎ᠤᠨ ᠪᠠᠶ᠋ᠢᠳᠠᠯ ᠨᠡᠯᠢᠶᠡᠳ ᠬᠦᠨᠳᠦ (III ᠵᠡᠷᠭᠡᠯᠡᠯ)᠃
     4.1.1 ᠣᠨᠴᠠᠭ᠋ᠠᠢ ᠬᠦᠨᠳᠦ (Ⅰ ᠵᠡᠷᠭᠡᠯᠡᠯ) ᠬᠢᠵᠢᠭ᠎ᠤᠨ ᠪᠠᠶ᠋ᠢᠳᠠᠯ ᠬᠢᠵᠢᠭ᠎ᠤᠨ ᠪᠠᠶ᠋ᠢᠳᠠᠯ᠎ᠨᠢ 15 ᠬᠣᠨᠣᠭ᠎ᠤᠨ ᠳᠣᠲᠣᠷ᠎ᠠ 2᠎ᠠᠴᠠ ᠳᠡᠭᠡᠭᠰᠢ (2 ᠪᠠᠭᠲᠠᠨ᠎ᠠ) ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠪᠦᠰᠡ᠎ᠳᠤ ᠢᠯᠡᠷᠡᠵᠦ ᠲᠡᠭᠦᠨᠴᠢᠯᠡᠨ ᠬᠠᠯᠳᠠᠪᠤᠷᠢᠯᠠᠨ ᠳᠡᠯᠭᠡᠷᠡᠵᠦ ᠪᠠᠶ᠋ᠢᠬᠤ
     4.1.2 ᠬᠢᠵᠢᠭ᠎ᠤᠨ ᠪᠠᠶ᠋ᠢᠳᠠᠯ ᠮᠠᠰᠢ ᠬᠦᠨᠳᠦ (II ᠵᠡᠷᠭᠡᠯᠡᠯ) ᠬᠢᠵᠢᠭ᠎ᠤᠨ ᠪᠠᠶ᠋ᠢᠳᠠᠯ᠎ᠨᠢ 15 ᠬᠣᠨᠣᠭ᠎ᠤᠨ ᠳᠣᠲᠣᠷ᠎ᠠ ᠨᠢᠭᠡ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠪᠦᠰᠡ᠂ ᠨᠢᠭᠡ᠎ᠠᠴᠠ ᠳᠡᠭᠡᠭᠰᠢ (1 ᠪᠠᠭᠲᠠᠨ᠎ᠠ) ᠰᠢᠶᠠᠨ᠎ᠤ ᠱᠠᠲᠤᠨ᠎ᠤ ᠪᠦᠰᠡ ᠨᠤᠲᠤᠭ᠎ᠲᠤ ᠬᠢᠵᠢᠭ᠎ᠤᠨ ᠪᠠᠶ᠋ᠢᠳᠠᠯ ᠢᠯᠡᠷᠡᠭᠰᠡᠨ᠃
     4.1.3 ᠬᠢᠵᠢᠭ᠎ᠤᠨ ᠪᠠᠶ᠋ᠢᠳᠠᠯ ᠨᠡᠯᠢᠶᠡᠳ ᠬᠦᠨᠳᠦ (III ᠵᠡᠷᠭᠡᠯᠡᠯ) ᠵᠠᠰᠠᠮᠠᠯ ᠵᠠᠮ᠎ᠤᠨ ᠪᠣᠭᠣᠮᠲᠠ᠂ ᠲᠡᠮᠦᠷ ᠵᠠᠮ᠎ᠤᠨ ᠪᠣᠭᠣᠮᠲᠠ ᠪᠣᠯᠣᠨ ᠭᠠᠷᠠᠮ᠎ᠤᠨ ᠪᠣᠭᠣᠮᠲᠠ (ᠠᠭ᠋ᠠᠷ᠎ᠤᠨ ᠪᠣᠭᠣᠮᠲᠠ᠂ ᠳᠠᠯᠠᠢ ᠵᠢᠨ ᠪᠣᠭᠣᠮᠲᠠ)᠎ᠪᠠᠷ ᠣᠷᠣᠭᠤᠯᠤᠭᠰᠠᠨ ᠠᠮᠢᠳᠤ ᠭᠠᠬᠠᠢ᠎ᠠᠴᠠ ᠠᠹᠷᠢᠺᠠ ᠵᠢᠨ ᠭᠠᠬᠠᠢ ᠵᠢᠨ ᠬᠢᠵᠢᠭ᠎ᠢ ᠪᠠᠶ᠋ᠢᠴᠠᠭ᠋ᠠᠵᠤ ᠢᠯᠡᠷᠡᠭᠦᠯᠦᠭᠰᠡᠨ᠃
     4.1.4 ᠠᠹᠷᠢᠺᠠ ᠵᠢᠨ ᠭᠠᠬᠠᠢ ᠵᠢᠨ ᠬᠢᠵᠢᠭ ᠮᠠᠨ᠎ᠤ ᠤᠯᠤᠰ᠎ᠲᠤ ᠠᠩᠬ᠎ᠠ ᠨᠡᠪᠲᠡᠷᠡᠨ ᠣᠷᠣᠭᠰᠠᠨ ᠪᠤᠶᠤ ᠪᠤᠰᠤᠳ ᠴᠣᠴᠢᠮᠠᠭ ᠢᠯᠡᠷᠡᠭᠰᠡᠨ ᠬᠢᠵᠢᠭ᠎ᠤᠨ ᠪᠠᠶ᠋ᠢᠳᠠᠯ᠎ᠢ ᠲᠠᠷᠢᠶᠠᠯᠠᠩ᠎ᠤᠨ ᠶᠠᠮᠤᠨ᠎ᠠᠴᠠ ᠪᠣᠳᠠᠲᠠᠢ ᠪᠠᠶ᠋ᠢᠳᠠᠯ᠎ᠢ ᠦᠨᠳᠦᠰᠦᠯᠡᠨ ᠪᠠᠲᠤᠯᠠᠨ ᠲᠣᠭᠲᠠᠭ᠋ᠠᠨ᠎ᠠ᠃
     4.2 ᠵᠡᠷᠭᠡᠯᠡᠯ᠎ᠤᠨ ᠵᠣᠬᠢᠴᠠᠭᠤᠯᠤᠯᠲᠠ ᠠᠹᠷᠢᠺᠠ ᠵᠢᠨ ᠭᠠᠬᠠᠢ ᠵᠢᠨ ᠬᠢᠵᠢᠭ ᠢᠯᠡᠷᠡᠭᠰᠡᠨ ᠦᠶ᠎ᠡ᠎ᠳᠤ ᠬᠠᠷᠢᠶ᠎ᠠ ᠭᠠᠵᠠᠷ ᠣᠷᠣᠨ᠎ᠤ ᠬᠠᠮᠢᠶᠠᠷᠤᠯᠲᠠ᠂ ᠵᠡᠷᠭᠡᠯᠡᠯ ᠲᠣᠭᠲᠠᠭ᠋ᠠᠯᠲᠠ ᠵᠢᠨ ᠬᠠᠷᠢᠭᠤ ᠠᠷᠭ᠎ᠠ ᠬᠡᠮᠵᠢᠶᠡᠨ᠎ᠤ ᠵᠠᠷᠴᠢᠮ᠎ᠤᠨ ᠳᠠᠭ᠋ᠠᠤ ᠪᠠᠴᠢᠮ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠣᠯᠪᠣᠭᠳᠠᠬᠤ ᠡᠯ᠎ᠡ ᠪᠠᠢ᠌ᠭᠤᠯᠭ᠎ᠠ ᠨᠢᠭᠡᠴᠢ ᠵᠢᠷᠤᠮ᠎ᠤᠨ ᠳᠠᠭ᠋ᠠᠤ ᠠᠵᠢᠯ ᠵᠶ᠋ᠠᠨ ᠡᠬᠢᠯᠡᠭᠦᠯᠵᠦ 《ᠠᠮᠢᠲᠠᠨ᠎ᠤ ᠬᠦᠨᠳᠦ ᠨᠣᠴᠢᠲᠠᠢ ᠬᠠᠯᠳᠠᠪᠤᠷᠢᠲᠤ ᠡᠪᠡᠳᠴᠢᠨ᠎ᠤ ᠦᠶ᠎ᠡ ᠵᠢᠨ ᠤᠯᠤᠰ᠎ᠤᠨ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠯ》 ᠪᠣᠯᠣᠨ ᠲᠤᠰ ᠲᠥᠰᠥᠯ᠂ ᠲᠡᠭᠦᠨᠴᠢᠯᠡᠨ ᠬᠢᠵᠢᠭ᠎ᠤᠨ ᠬᠥᠭᠵᠢᠯᠲᠡ ᠵᠢᠨ ᠪᠠᠶ᠋ᠢᠳᠠᠯ ᠬᠢᠭᠡᠳ ᠡᠷᠡᠰᠳᠡᠯ᠎ᠤᠨ ᠰᠤᠳᠤᠯᠭ᠋ᠠᠨ᠎ᠤ ᠦᠷ᠎ᠡ ᠳ᠋ᠦᠩ᠎ᠢ ᠦᠨᠳᠦᠰᠦᠯᠡᠵᠦ ᠴᠠᠭ ᠲᠤᠬᠠᠢ᠎ᠳᠤ᠎ᠨᠢ ᠵᠡᠷᠭᠡᠯᠡᠯ᠎ᠤᠨ ᠵᠣᠬᠢᠴᠠᠭᠤᠯᠤᠯᠲᠠ ᠬᠢᠬᠦ ᠬᠡᠷᠡᠭᠲᠡᠢ᠃
     4.2.1 ᠣᠨᠴᠠᠭ᠋ᠠᠢ ᠬᠦᠨᠳᠦ ᠬᠢᠵᠢᠭ᠎ᠤᠨ ᠪᠠᠶ᠋ᠢᠳᠠᠯ᠎ᠳᠤ ᠬᠠᠨᠳᠤᠬᠤ (I ᠵᠡᠷᠭᠡᠯᠡᠯ) ᠲᠠᠷᠢᠶᠠᠯᠠᠩ᠎ᠤᠨ ᠶᠠᠮᠤᠨ᠎ᠠᠴᠠ ᠨᠡᠶ᠋ᠢᠭᠡᠮ ᠨᠡᠶ᠋ᠢᠲᠡ᠎ᠳᠤ I ᠵᠡᠷᠭᠡᠯᠡᠯ᠎ᠤᠨ ᠬᠢᠵᠢᠭ᠎ᠤᠨ ᠪᠠᠶ᠋ᠢᠳᠠᠯ᠎ᠢ ᠤᠷᠢᠳᠴᠢᠯᠠᠭᠰᠠᠨ ᠰᠡᠷᠭᠡᠶ᠋ᠢᠯᠡᠬᠦ ᠵᠠᠷᠯᠠᠯ ᠨᠡᠶ᠋ᠢᠲᠡᠯᠡᠨ᠎ᠡ᠃ ᠪᠦᠬᠦ ᠤᠯᠤᠰ ᠵᠶ᠋ᠠᠷ ᠵᠶ᠋ᠠᠨ ᠲᠡᠷᠡ ᠳᠠᠷᠤᠢ ᠵᠢᠷᠤᠮ᠎ᠤᠨ ᠳᠠᠭ᠋ᠠᠤ ᠠᠹᠷᠢᠺᠠ ᠵᠢᠨ ᠭᠠᠬᠠᠢ ᠵᠢᠨ ᠬᠢᠵᠢᠭ᠎ᠢ ᠤᠷᠢᠳᠴᠢᠯᠠᠨ ᠰᠡᠷᠭᠡᠶ᠋ᠢᠯᠡᠬᠦ ᠡᠳᠦᠷ᠎ᠤᠨ ᠲᠠᠶ᠋ᠢᠯᠤᠨ᠎ᠤ ᠠᠵᠢᠯ᠎ᠤᠨ ᠰᠢᠰᠲ᠋ᠧᠮ᠎ᠢ ᠡᠬᠢᠯᠡᠭᠦᠯᠦᠨ᠎ᠡ᠃ ᠬᠢᠵᠢᠭ᠎ᠤᠨ ᠪᠠᠶ᠋ᠢᠳᠠᠯ ᠢᠯᠡᠷᠡᠭᠰᠡᠨ ᠮᠤᠵᠢ ᠠᠮᠢᠳᠤ ᠭᠠᠬᠠᠢ ᠪᠣᠯᠣᠨ ᠬᠣᠯᠪᠣᠭᠳᠠᠬᠤ ᠪᠦᠲᠦᠭᠡᠭᠳᠡᠬᠦᠨ᠎ᠢ ᠮᠤᠵᠢ ᠠᠯᠤᠰᠯᠠᠵᠤ ᠭᠠᠷᠭ᠋ᠠᠬᠤ ᠵᠢ ᠲᠦᠷ ᠵᠣᠭᠰᠣᠭ᠋ᠠᠨ᠎ᠠ᠂ ᠬᠢᠵᠢᠭ᠎ᠤᠨ ᠪᠠᠶ᠋ᠢᠳᠠᠯ ᠢᠯᠡᠷᠡᠭᠰᠡᠨ ᠰᠢᠶᠠᠨ᠎ᠤ ᠳᠣᠲᠣᠷᠠᠬᠢ ᠠᠮᠢᠳᠤ ᠭᠠᠬᠠᠢ ᠪᠣᠯᠣᠨ ᠬᠣᠯᠪᠣᠭ᠎ᠠ᠎ᠲᠠᠢ ᠪᠦᠲᠦᠭᠡᠭᠳᠡᠬᠦᠨ᠎ᠢ ᠰᠢᠶᠠᠨ ᠠᠯᠤᠰᠯᠠᠵᠤ ᠭᠠᠷᠭ᠋ᠠᠬᠤ ᠵᠢ ᠲᠦᠷ ᠵᠣᠭᠰᠣᠭ᠋ᠠᠨ᠎ᠠ᠃ ᠪᠦᠬᠦ ᠤᠯᠤᠰ᠎ᠤᠨ ᠬᠡᠪᠴᠢᠶᠡᠨ᠎ᠳᠤ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠪᠠᠶ᠋ᠢᠴᠠᠭ᠋ᠠᠯᠲᠠ ᠪᠣᠯᠣᠨ ᠰᠢᠯᠭ᠋ᠠᠨ ᠢᠯᠭ᠋ᠠᠷᠠᠭᠤᠯᠬᠤ ᠠᠵᠢᠯ᠎ᠢ ᠬᠢᠨ᠎ᠡ᠃ ᠡᠯ᠎ᠡ ᠬᠣᠯᠪᠣᠭᠳᠠᠬᠤ ᠪᠠᠢ᠌ᠭᠤᠯᠭ᠎ᠠ ᠨᠢᠭᠡᠴᠢ ᠬᠠᠷᠢᠭᠤᠴᠠᠯᠭ᠎ᠠ ᠵᠢᠨ ᠳᠠᠭ᠋ᠠᠤ ᠠᠵᠢᠯ ᠵᠶ᠋ᠠᠨ ᠬᠤᠪᠢᠶᠠᠷᠢᠯᠠᠵᠤ ᠬᠠᠮᠲᠤ᠎ᠪᠠᠷ ᠠᠹᠷᠢᠺᠠ ᠵᠢᠨ ᠭᠠᠬᠠᠢ ᠵᠢᠨ ᠬᠢᠵᠢᠭ᠎ᠢ ᠤᠷᠢᠳᠴᠢᠯᠠᠨ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃
     4.2.2 ᠮᠠᠰᠢ ᠬᠦᠨᠳᠦ ᠬᠢᠵᠢᠭ᠎ᠤᠨ ᠪᠠᠶ᠋ᠢᠳᠠᠯ᠎ᠳᠤ ᠬᠠᠨᠳᠤᠬᠤ (II ᠵᠡᠷᠭᠡᠯᠡᠯ) ᠲᠠᠷᠢᠶᠠᠯᠠᠩ᠎ᠤᠨ ᠶᠠᠮᠤᠨ᠎ᠠᠴᠠ ᠨᠡᠶ᠋ᠢᠭᠡᠮ ᠨᠡᠶ᠋ᠢᠲᠡ᠎ᠳᠤ II ᠵᠡᠷᠭᠡᠯᠡᠯ᠎ᠤᠨ ᠬᠢᠵᠢᠭ᠎ᠤᠨ ᠪᠠᠶ᠋ᠢᠳᠠᠯ᠎ᠢ ᠤᠷᠢᠳᠴᠢᠯᠠᠭᠰᠠᠨ ᠰᠡᠷᠭᠡᠶ᠋ᠢᠯᠡᠬᠦ ᠵᠠᠷᠯᠠᠯ ᠨᠡᠶ᠋ᠢᠲᠡᠯᠡᠨ᠎ᠡ᠃ ᠬᠢᠵᠢᠭ᠎ᠤᠨ ᠪᠠᠶ᠋ᠢᠳᠠᠯ ᠢᠯᠡᠷᠡᠭᠰᠡᠨ ᠮᠤᠵᠢ᠎ᠳᠠᠬᠢ ᠮᠤᠵᠢ ᠵᠢᠨ ᠱᠠᠲᠤᠨ᠎ᠤ ᠮᠠᠯ ᠡᠮᠨᠡᠯᠭᠡ ᠵᠢᠨ ᠠᠯᠪᠠᠨ᠎ᠨᠢ ᠠᠹᠷᠢᠺᠠ ᠵᠢᠨ ᠭᠠᠬᠠᠢ ᠵᠢᠨ ᠬᠢᠵᠢᠭ᠎ᠢ ᠤᠷᠢᠳᠴᠢᠯᠠᠨ ᠰᠡᠷᠭᠡᠶ᠋ᠢᠯᠡᠬᠦ ᠡᠳᠦᠷ᠎ᠤᠨ ᠲᠠᠶ᠋ᠢᠯᠤᠨ᠎ᠤ ᠠᠵᠢᠯ᠎ᠤᠨ ᠰᠢᠰᠲ᠋ᠧᠮ᠎ᠢ ᠡᠬᠢᠯᠡᠭᠦᠯᠦᠨ᠎ᠡ᠃ ᠬᠢᠵᠢᠭ᠎ᠤᠨ ᠪᠠᠶ᠋ᠢᠳᠠᠯ ᠢᠯᠡᠷᠡᠭᠰᠡᠨ ᠰᠢᠶᠠᠨ᠎ᠤ ᠳᠣᠲᠣᠷᠠᠬᠢ ᠠᠮᠢᠳᠤ ᠭᠠᠬᠠᠢ ᠪᠣᠯᠣᠨ ᠬᠣᠯᠪᠣᠭ᠎ᠠ᠎ᠲᠠᠢ ᠪᠦᠲᠦᠭᠡᠭᠳᠡᠬᠦᠨ᠎ᠢ ᠰᠢᠶᠠᠨ ᠠᠯᠤᠰᠯᠠᠵᠤ ᠭᠠᠷᠭ᠋ᠠᠬᠤ ᠵᠢ ᠲᠦᠷ ᠵᠣᠭᠰᠣᠭ᠋ᠠᠨ᠎ᠠ᠃ ᠬᠣᠯᠪᠣᠭᠳᠠᠬᠤ ᠮᠤᠵᠢ᠎ᠨᠢ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠪᠠᠶ᠋ᠢᠴᠠᠭ᠋ᠠᠯᠲᠠ ᠪᠣᠯᠣᠨ ᠰᠢᠯᠭ᠋ᠠᠨ ᠢᠯᠭ᠋ᠠᠷᠠᠭᠤᠯᠬᠤ ᠠᠵᠢᠯ᠎ᠢ ᠬᠢᠨ᠎ᠡ᠃ ᠡᠯ᠎ᠡ ᠬᠣᠯᠪᠣᠭᠳᠠᠬᠤ ᠪᠠᠢ᠌ᠭᠤᠯᠭ᠎ᠠ᠎ᠨᠢ ᠬᠠᠷᠢᠭᠤᠴᠠᠯᠭ᠎ᠠ ᠵᠢᠨ ᠳᠠᠭ᠋ᠠᠤ ᠠᠵᠢᠯ ᠵᠶ᠋ᠠᠨ ᠬᠤᠪᠢᠶᠠᠷᠢᠯᠠᠵᠤ ᠬᠠᠮᠲᠤ᠎ᠪᠠᠷ ᠠᠹᠷᠢᠺᠠ ᠵᠢᠨ ᠭᠠᠬᠠᠢ ᠵᠢᠨ ᠬᠢᠵᠢᠭ᠎ᠢ ᠤᠷᠢᠳᠴᠢᠯᠠᠨ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃
     4.2.3 ᠨᠡᠯᠢᠶᠡᠳ ᠬᠦᠨᠳᠦ ᠬᠢᠵᠢᠭ᠎ᠤᠨ ᠪᠠᠶ᠋ᠢᠳᠠᠯ᠎ᠳᠤ ᠬᠠᠨᠳᠤᠬᠤ (III ᠵᠡᠷᠭᠡᠯᠡᠯ) ᠲᠠᠷᠢᠶᠠᠯᠠᠩ᠎ᠤᠨ ᠶᠠᠮᠤᠨ᠎ᠠᠴᠠ ᠨᠡᠶ᠋ᠢᠭᠡᠮ ᠨᠡᠶ᠋ᠢᠲᠡ᠎ᠳᠤ III ᠵᠡᠷᠭᠡᠯᠡᠯ᠎ᠤᠨ ᠬᠢᠵᠢᠭ᠎ᠤᠨ ᠪᠠᠶ᠋ᠢᠳᠠᠯ᠎ᠢ ᠤᠷᠢᠳᠴᠢᠯᠠᠭᠰᠠᠨ ᠰᠡᠷᠭᠡᠶ᠋ᠢᠯᠡᠬᠦ ᠵᠠᠷᠯᠠᠯ ᠨᠡᠶ᠋ᠢᠲᠡᠯᠡᠨ᠎ᠡ᠃ ᠬᠣᠯᠪᠣᠭᠳᠠᠬᠤ ᠪᠣᠭᠣᠮᠲᠠ ᠭᠠᠷᠠᠮ᠎ᠤᠨ ᠪᠠᠶ᠋ᠢᠭ᠎ᠠ ᠮᠠᠯ ᠡᠮᠨᠡᠯᠭᠡ ᠵᠢᠨ ᠠᠯᠪᠠᠨ᠎ᠨᠢ ᠬᠢᠯᠢ ᠵᠢᠨ ᠰᠢᠯᠭ᠋ᠠᠨ ᠨᠡᠪᠲᠡᠷᠡᠭᠦᠯᠬᠦ᠂ ᠬᠢᠵᠢᠭ ᠪᠠᠶ᠋ᠢᠴᠠᠭ᠋ᠠᠯᠲᠠ ᠵᠢᠨ ᠪᠠᠢ᠌ᠭᠤᠯᠭ᠎ᠠ ᠨᠢᠭᠡᠴᠢ᠎ᠲᠠᠢ ᠢᠳᠡᠪᠬᠢᠲᠡᠢ ᠵᠣᠬᠢᠴᠠᠵᠤ᠂ ᠠᠹᠷᠢᠺᠠ ᠵᠢᠨ ᠭᠠᠬᠠᠢ ᠵᠢᠨ ᠬᠢᠵᠢᠭ᠎ᠢ ᠤᠷᠢᠳᠴᠢᠯᠠᠨ ᠰᠡᠷᠭᠡᠶ᠋ᠢᠯᠡᠬᠦ ᠡᠳᠦᠷ᠎ᠤᠨ ᠲᠠᠶ᠋ᠢᠯᠤᠨ᠎ᠤ ᠠᠵᠢᠯ᠎ᠤᠨ ᠰᠢᠰᠲ᠋ᠧᠮ᠎ᠢ ᠡᠬᠢᠯᠡᠭᠦᠯᠵᠦ᠂ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠪᠠᠶ᠋ᠢᠴᠠᠭ᠋ᠠᠯᠲᠠ ᠪᠣᠯᠣᠨ ᠰᠢᠯᠭ᠋ᠠᠨ ᠢᠯᠭ᠋ᠠᠷᠠᠭᠤᠯᠬᠤ ᠠᠵᠢᠯ᠎ᠢ ᠬᠢᠨ᠎ᠡ᠂ ᠬᠣᠯᠪᠣᠭᠳᠠᠬᠤ ᠪᠣᠭᠣᠮᠲᠠ ᠭᠠᠷᠠᠮ᠎ᠤᠨ ᠪᠠᠶ᠋ᠢᠭ᠎ᠠ ᠰᠢᠶᠠᠨ᠎ᠤ ᠳᠣᠲᠣᠷᠠᠬᠢ ᠠᠮᠢᠳᠤ ᠭᠠᠬᠠᠢ ᠪᠣᠯᠣᠨ ᠬᠣᠯᠪᠣᠭ᠎ᠠ᠎ᠲᠠᠢ ᠪᠦᠲᠦᠭᠡᠭᠳᠡᠬᠦᠨ᠎ᠢ ᠭᠠᠷᠭ᠋ᠠᠬᠤ ᠵᠢ ᠵᠣᠭᠰᠣᠭ᠋ᠠᠨ᠎ᠠ᠃ ᠡᠯ᠎ᠡ ᠬᠣᠯᠪᠣᠭᠳᠠᠬᠤ ᠪᠠᠢ᠌ᠭᠤᠯᠭ᠎ᠠ ᠨᠢᠭᠡᠴᠢ ᠬᠠᠷᠢᠭᠤᠴᠠᠯᠭ᠎ᠠ ᠵᠢᠨ ᠳᠠᠭ᠋ᠠᠤ ᠠᠵᠢᠯ ᠵᠶ᠋ᠠᠨ ᠬᠤᠪᠢᠶᠠᠷᠢᠯᠠᠵᠤ ᠬᠠᠮᠲᠤ᠎ᠪᠠᠷ ᠠᠹᠷᠢᠺᠠ ᠵᠢᠨ ᠭᠠᠬᠠᠢ ᠵᠢᠨ ᠬᠢᠵᠢᠭ᠎ᠢ ᠤᠷᠢᠳᠴᠢᠯᠠᠨ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃
     4.3 ᠪᠠᠴᠢᠮ ᠠᠷᠭ᠋ᠠᠴᠠᠭ᠋ᠠᠬᠤ ᠵᠢ ᠵᠣᠭᠰᠣᠭ᠋ᠠᠬᠤ ᠠᠹᠷᠢᠺᠠ ᠵᠢᠨ ᠭᠠᠬᠠᠢ ᠵᠢᠨ ᠬᠢᠵᠢᠭ᠎ᠢ ᠬᠢᠵᠠᠭ᠋ᠠᠯᠠᠬᠤ ᠦᠢ᠍ᠯᠡᠳᠦᠯ ᠦᠷ᠎ᠡ ᠳ᠋ᠦᠩ᠎ᠳᠤ ᠬᠦᠷᠦᠭᠰᠡᠨ ᠬᠣᠶ᠋ᠢᠨ᠎ᠠ ᠵᠣᠬᠢᠴᠠᠭᠰᠠᠨ ᠮᠠᠯ ᠡᠮᠨᠡᠯᠭᠡ ᠵᠢᠨ ᠠᠯᠪᠠᠨ᠎ᠠᠴᠠ ᠬᠢᠵᠢᠭ᠎ᠤᠨ ᠬᠢᠵᠠᠭ᠋ᠠᠷᠯᠠᠯᠲᠠ᠎ᠳᠤ ᠦᠨᠡᠯᠡᠭᠡ ᠬᠢᠵᠦ᠂ ᠪᠠᠴᠢᠮ ᠠᠷᠭ᠋ᠠᠴᠠᠭ᠋ᠠᠬᠤ ᠵᠢ ᠵᠣᠭᠰᠣᠭ᠋ᠠᠬᠤ᠎ᠳᠤ ᠬᠠᠨᠳᠤᠭᠤᠯᠤᠨ ᠰᠠᠨᠠᠭᠤᠯᠭ᠎ᠠ ᠭᠠᠷᠭ᠋ᠠᠵᠤ᠂ ᠵᠢᠷᠤᠮ᠎ᠤᠨ ᠳᠠᠭ᠋ᠠᠤ ᠳᠡᠭᠡᠭᠰᠢ ᠮᠡᠳᠡᠭᠦᠯᠵᠦ ᠵᠥᠪᠰᠢᠶᠡᠷᠡᠭᠦᠯᠦᠭᠰᠡᠨ ᠬᠣᠶ᠋ᠢᠨ᠎ᠠ ᠵᠠᠷᠯᠠᠨ᠎ᠠ᠃
     5 ᠪᠠᠴᠢᠮ ᠰᠢᠢ᠍ᠳᠪᠦᠷᠢᠯᠡᠬᠦ
     5.1 ᠬᠢᠵᠢᠭ᠎ᠤᠨ ᠰᠡᠵᠢᠭ ᠪᠦᠬᠦᠢ ᠪᠠᠶ᠋ᠢᠳᠠᠯ᠎ᠳᠤ ᠴᠢᠭᠯᠡᠭᠦᠯᠦᠭᠰᠡᠨ ᠪᠠᠴᠢᠮ ᠰᠢᠢ᠍ᠳᠪᠦᠷᠢᠯᠡᠯᠲᠡ ᠡᠪᠡᠳᠴᠢᠨ᠎ᠤ ᠢᠯᠡᠷᠡᠯ᠎ᠲᠠᠢ ᠹᠤᠷᠮ (ᠡᠷᠦᠬᠡ) ᠠᠮᠢᠲᠠᠳ᠎ᠢ ᠴᠢᠩᠭ᠎ᠠ ᠲᠤᠰᠠᠭ᠋ᠠᠷᠯᠠᠨ᠂ ᠬᠠᠷᠠᠭ᠋ᠠᠨ᠎ᠳᠠᠭᠠᠨ ᠠᠪᠴᠤ᠂ ᠡᠪᠡᠳᠴᠢᠨ᠎ᠤ ᠢᠯᠡᠷᠡᠯ᠎ᠲᠠᠢ ᠹᠤᠷᠮ (ᠡᠷᠦᠬᠡ) ᠵᠢᠴᠢ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠤᠬᠠᠭ᠋ᠠᠨ᠎ᠲᠠᠢ ᠬᠣᠯᠪᠣᠭ᠎ᠠ᠎ᠲᠠᠢ ᠲᠡᠵᠢᠭᠡᠨ ᠦᠷᠡᠵᠢᠭᠦᠯᠬᠦ ᠹᠤᠷᠮ (ᠡᠷᠦᠬᠡ)᠎ᠠᠴᠠ ᠳᠡᠭᠡᠵᠢ ᠠᠪᠴᠤ ᠰᠢᠯᠭ᠋ᠠᠨ ᠲᠣᠭᠲᠠᠭ᠋ᠠᠨ᠎ᠠ᠃ ᠬᠠᠯᠳᠠᠪᠤᠷᠢᠲᠤ ᠡᠪᠡᠳᠴᠢᠨ᠎ᠳᠤ ᠠᠮᠠᠷᠬᠠᠨ ᠨᠡᠷᠪᠡᠭᠳᠡᠳᠡᠭ ᠠᠮᠢᠲᠠᠨ ᠪᠣᠯᠣᠨ ᠲᠡᠭᠦᠨ᠎ᠤ ᠪᠦᠲᠦᠭᠡᠭᠳᠡᠬᠦᠨ᠂ ᠲᠡᠵᠢᠭᠡᠯ ᠪᠣᠷᠳᠣᠭ᠎ᠠ ᠬᠢᠭᠡᠳ ᠳᠡᠪᠢᠰᠬᠡᠷ ᠰᠢᠷᠢᠳᠡᠭ᠂ ᠬᠠᠶᠠᠭᠳᠠᠯ ᠪᠣᠳᠠᠰ ᠵᠡᠷᠭᠡ ᠬᠣᠯᠪᠣᠭ᠎ᠠ᠎ᠲᠠᠢ ᠡᠳ᠋ ᠵᠦᠢ᠍ᠯ᠎ᠢ ᠰᠢᠯᠵᠢᠭᠦᠯᠬᠦ ᠵᠡᠷᠭᠡ ᠵᠢ ᠴᠢᠩᠭ᠎ᠠ ᠬᠣᠷᠢᠭᠯᠠᠵᠤ᠂ ᠲᠡᠭᠦᠨᠴᠢᠯᠡᠨ ᠭᠠᠳᠠᠭ᠋ᠠᠳᠤ ᠳᠣᠲᠣᠭ᠋ᠠᠳᠤ ᠣᠷᠴᠢᠨ ᠲᠣᠭᠣᠷᠢᠨ᠎ᠳᠤ ᠴᠢᠩᠭ᠎ᠠ ᠠᠷᠢᠭᠤᠳᠬᠠᠯ ᠬᠢᠨ᠎ᠡ᠃ ᠱᠠᠭ᠋ᠠᠷᠳᠠᠯᠭ᠎ᠠ᠎ᠲᠠᠢ ᠪᠣᠯ ᠪᠢᠲᠡᠭᠦᠮᠵᠢᠯᠡᠨ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃
     5.2 ᠬᠢᠵᠢᠭ᠎ᠤᠨ ᠪᠠᠶ᠋ᠢᠳᠠᠯ᠎ᠢ ᠣᠨᠣᠰᠢᠯᠠᠵᠤ ᠪᠠᠴᠢᠮ ᠰᠢᠢ᠍ᠳᠪᠦᠷᠢᠯᠡᠬᠦ ᠬᠢᠵᠢᠭ᠎ᠤᠨ ᠪᠠᠶ᠋ᠢᠳᠠᠯ᠎ᠢ ᠣᠨᠣᠰᠢᠯᠠᠨ ᠨᠤᠲᠠᠯᠠᠭᠰᠠᠨ ᠬᠣᠶ᠋ᠢᠨ᠎ᠠ ᠰᠢᠶᠠᠨ᠎ᠤ ᠱᠠᠲᠤᠨ᠎ᠠᠴᠠ ᠳᠡᠭᠡᠭᠰᠢᠬᠢ ᠮᠠᠯ ᠡᠮᠨᠡᠯᠭᠡ ᠵᠢᠨ ᠭᠣᠣᠯ ᠪᠣᠯᠬᠤ ᠠᠯᠪᠠᠨ᠎ᠨᠢ ᠳᠠᠷᠤᠢ ᠲᠦᠷᠭᠡᠨ ᠬᠢᠵᠢᠭ᠎ᠤᠨ ᠴᠢᠭ᠂ ᠬᠢᠵᠢᠭ᠎ᠤᠨ ᠣᠷᠣᠨ ᠪᠣᠯᠣᠨ ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠎ᠢ ᠵᠠᠭ᠋ᠠᠭᠯᠠᠨ ᠲᠣᠭᠲᠠᠭ᠋ᠠᠵᠤ᠂ ᠬᠢᠵᠢᠭ᠎ᠤᠨ ᠡᠭᠦᠰᠦᠯ᠎ᠢ ᠪᠠᠶ᠋ᠢᠴᠠᠭ᠋ᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠶᠠᠭ᠋ᠠᠷᠠᠯ᠎ᠲᠠᠢ ᠬᠠᠷᠢᠭᠤ ᠠᠷᠭ᠎ᠠ ᠬᠡᠮᠵᠢᠶ᠎ᠡ ᠠᠪᠬᠤ ᠵᠢ ᠰᠠᠨᠠᠯ ᠪᠣᠯᠭ᠋ᠠᠨ᠎ᠠ᠂ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠬᠠᠤᠯᠢ ᠲᠣᠭᠲᠠᠭ᠋ᠠᠮᠵᠢ ᠵᠢᠨ ᠳᠠᠭ᠋ᠠᠤ ᠰᠢᠢ᠍ᠳᠪᠦᠷᠢ ᠭᠠᠷᠭ᠋ᠠᠨ᠎ᠠ᠃
     5.2.1 ᠬᠢᠵᠢᠭ᠎ᠤᠨ ᠴᠢᠭ᠂ ᠬᠢᠵᠢᠭ᠎ᠤᠨ ᠣᠷᠣᠨ ᠪᠣᠯᠣᠨ ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠎ᠢ ᠵᠠᠭ᠋ᠠᠭᠯᠠᠨ ᠲᠣᠭᠲᠠᠭ᠋ᠠᠬᠤ᠄ ᠡᠪᠡᠳᠴᠢᠨ᠎ᠲᠠᠢ ᠭᠠᠬᠠᠢ ᠢᠯᠡᠷᠡᠭᠰᠡᠨ ᠭᠠᠵᠠᠷ᠃ ᠬᠠᠷᠢᠴᠠᠩᠭᠤᠢ ᠪᠡᠶ᠎ᠡ ᠳᠠᠭ᠋ᠠᠭ᠋ᠠᠭᠰᠠᠨ ᠲᠣᠮᠣ ᠬᠡᠮᠵᠢᠶᠡᠨ᠎ᠤ ᠠᠷᠠᠴᠢᠯᠠᠨ ᠲᠡᠵᠢᠭᠡᠬᠦ ᠹᠤᠷᠮ (ᠡᠷᠦᠬᠡ)᠂ ᠡᠪᠡᠳᠴᠢᠲᠡᠢ ᠭᠠᠬᠠᠢ ᠵᠢᠨ ᠢᠯᠡᠷᠡᠭᠰᠡᠨ ᠭᠠᠵᠠᠷ᠎ᠤᠨ ᠹᠤᠷᠮ (ᠡᠷᠦᠬᠡ) ᠵᠶ᠋ᠠᠷ ᠬᠢᠵᠢᠭ᠎ᠤᠨ ᠴᠢᠭ ᠪᠣᠯᠭ᠋ᠠᠬᠤ; ᠰᠤᠯᠠ ᠲᠡᠵᠢᠭᠡᠵᠦ ᠪᠠᠶ᠋ᠢᠬᠤ ᠭᠠᠬᠠᠢ ᠪᠣᠯᠣᠨ ᠡᠪᠡᠳᠴᠢᠨ᠎ᠲᠠᠢ ᠭᠠᠬᠠᠢ ᠵᠢᠨ ᠢᠯᠡᠷᠡᠭᠰᠡᠨ ᠭᠠᠵᠠᠷ᠎ᠤᠨ ᠪᠠᠶ᠋ᠢᠭ᠋ᠠᠯᠢ ᠵᠢᠨ ᠲᠣᠰᠬᠤᠨ ᠵᠶ᠋ᠠᠷ ᠬᠢᠵᠢᠭ᠎ᠤᠨ ᠴᠢᠭ ᠪᠣᠯᠭ᠋ᠠᠬᠤ; ᠪᠡᠯᠴᠢᠭᠡᠵᠦ ᠲᠡᠵᠢᠭᠡᠭᠰᠡᠨ ᠭᠠᠬᠠᠢ ᠪᠣᠯᠣᠨ ᠡᠪᠡᠳᠴᠢᠨ᠎ᠲᠠᠢ ᠭᠠᠬᠠᠢ ᠵᠢᠨ ᠢᠯᠡᠷᠡᠭᠰᠡᠨ ᠭᠠᠵᠠᠷ᠎ᠤᠨ ᠬᠥᠳᠡᠯᠭᠡᠭᠡᠨ᠎ᠤ ᠲᠠᠯᠠᠪᠤᠷ ᠵᠶ᠋ᠠᠷ ᠬᠢᠵᠢᠭ᠎ᠤᠨ ᠴᠢᠭ ᠪᠣᠯᠭ᠋ᠠᠬᠤ; ᠲᠡᠭᠡᠭᠡᠪᠦᠷᠢᠯᠡᠬᠦ ᠶᠠᠪᠤᠴᠠ ᠳᠤᠮᠳᠠ ᠬᠢᠵᠢᠭ᠎ᠤᠨ ᠪᠠᠶ᠋ᠢᠳᠠᠯ ᠢᠯᠡᠷᠡᠭᠰᠡᠨ ᠪᠣᠯ᠂ ᠡᠪᠡᠳᠴᠢᠨ ᠢᠯᠡᠷᠡᠭᠰᠡᠨ ᠭᠠᠬᠠᠢ ᠵᠢ ᠲᠡᠭᠡᠭᠡᠭᠰᠡᠨ ᠮᠠᠰᠢᠨ᠂ ᠣᠩᠭᠣᠴᠠ᠂ ᠨᠢᠰᠬᠦ ᠣᠩᠭᠣᠴᠠ ᠵᠡᠷᠭᠡ ᠲᠡᠭᠡᠭᠡᠪᠦᠷᠢ ᠵᠢᠨ ᠪᠠᠭ᠋ᠠᠵᠢ ᠬᠡᠷᠡᠭᠰᠡᠯ ᠵᠶ᠋ᠠᠷ ᠬᠢᠵᠢᠭ᠎ᠤᠨ ᠴᠢᠭ ᠪᠣᠯᠭ᠋ᠠᠬᠤ; ᠵᠠᠬ᠎ᠠ ᠳᠡᠯᠭᠡᠭᠦᠷ᠎ᠲᠤ ᠬᠢᠵᠢᠭ᠎ᠤᠨ ᠪᠠᠶ᠋ᠢᠳᠠᠯ ᠢᠯᠡᠷᠡᠪᠡᠯ ᠡᠪᠡᠳᠴᠢᠨ᠎ᠲᠠᠢ ᠭᠠᠬᠠᠢ ᠵᠢᠨ ᠢᠯᠡᠷᠡᠭᠰᠡᠨ ᠵᠠᠬ᠎ᠠ ᠳᠡᠯᠭᠡᠭᠦᠷ ᠵᠶ᠋ᠠᠷ ᠬᠢᠵᠢᠭ᠎ᠤᠨ ᠴᠢᠭ ᠪᠣᠯᠭ᠋ᠠᠬᠤ; ᠨᠢᠲᠤᠯᠭ᠋ᠠᠨ᠎ᠤ ᠶᠠᠪᠤᠴᠠ᠎ᠳᠤ ᠬᠢᠵᠢᠭ᠎ᠤᠨ ᠪᠠᠶ᠋ᠢᠳᠠᠯ ᠢᠯᠡᠷᠡᠭᠰᠡᠨ ᠪᠣᠯ ᠨᠢᠲᠤᠯᠭ᠋ᠠᠨ᠎ᠤ ᠦᠢ᠍ᠯᠡᠳᠪᠦᠷᠢ (ᠲᠠᠯᠠᠪᠤᠷ)᠎ᠪᠠᠷ ᠬᠢᠵᠢᠭ᠎ᠤᠨ ᠴᠢᠭ ᠪᠣᠯᠭ᠋ᠠᠬᠤ; ᠬᠢᠵᠢᠭ᠎ᠤᠨ ᠣᠷᠣᠨ᠄ ᠬᠢᠵᠢᠭ᠎ᠤᠨ ᠴᠢᠭ᠎ᠠᠴᠠ ᠭᠠᠳᠠᠭᠰᠢ 3 ᠺᠢᠯᠤᠮᠧᠲᠷ ᠲᠡᠯᠡᠭᠰᠡᠨ ᠭᠠᠵᠠᠷ ᠣᠷᠣᠨ᠎ᠢ ᠵᠢᠭ᠋ᠠᠨ᠎ᠠ᠃ ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠄ ᠬᠢᠵᠢᠭ᠎ᠤᠨ ᠣᠷᠣᠨ᠎ᠠᠴᠠ ᠭᠠᠳᠠᠭᠰᠢ 10 ᠺᠢᠯᠤᠮᠧᠲᠷ ᠲᠡᠯᠡᠭᠰᠡᠨ ᠭᠠᠵᠠᠷ ᠣᠷᠣᠨ᠎ᠢ ᠵᠢᠭ᠋ᠠᠨ᠎ᠠ᠃ ᠵᠡᠷᠯᠢᠭ ᠭᠠᠬᠠᠢ ᠵᠢᠨ ᠬᠥᠳᠡᠯᠭᠡᠭᠡᠨ᠎ᠳᠤ ᠣᠷᠣᠰᠢᠬᠤ ᠭᠠᠵᠠᠷ ᠣᠷᠣᠨ᠎ᠤ ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠎ᠢ ᠬᠢᠵᠢᠭ᠎ᠤᠨ ᠣᠷᠣᠨ᠎ᠠᠴᠠ ᠭᠠᠳᠠᠭᠰᠢ 50 ᠺᠢᠯᠤᠮᠧᠲᠷ ᠲᠡᠯᠡᠭᠰᠡᠨ ᠭᠠᠵᠠᠷ ᠣᠷᠣᠨ ᠵᠶ᠋ᠠᠷ ᠲᠣᠭᠲᠠᠭ᠋ᠠᠨ᠎ᠠ᠃ ᠬᠢᠵᠢᠭ᠎ᠤᠨ ᠴᠢᠭ᠂ ᠬᠢᠵᠢᠭ᠎ᠤᠨ ᠣᠷᠣᠨ ᠪᠣᠯᠣᠨ ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠎ᠢ ᠵᠠᠭ᠋ᠠᠭᠯᠠᠨ ᠲᠣᠭᠲᠠᠭ᠋ᠠᠬᠤ᠎ᠳᠤ ᠲᠤᠬᠠᠢ ᠵᠢᠨ ᠭᠠᠵᠠᠷ᠎ᠤᠨ ᠪᠠᠶ᠋ᠢᠭ᠋ᠠᠯᠢ ᠵᠢᠨ ᠬᠠᠯᠬᠠᠪᠴᠢ (ᠵᠢᠱ᠌ᠢᠶᠡᠯᠡᠪᠡᠯ ᠭᠣᠣᠯ ᠭᠣᠷᠣᠬ᠎ᠠ᠂ ᠠᠭᠤᠯᠠ ᠨᠢᠷᠤᠭᠤ ᠵᠡᠷᠭᠡ)᠂ ᠬᠥᠮᠥᠨ᠎ᠤ ᠬᠦᠴᠦ᠎ᠪᠠᠷ ᠭᠠᠷᠭ᠋ᠠᠭᠰᠠᠨ ᠬᠠᠯᠬᠠᠪᠴᠢ (ᠵᠠᠮ᠂ ᠲᠣᠣᠷ ᠬᠠᠰᠢᠶ᠎ᠠ ᠵᠡᠷᠭᠡ)᠂ ᠵᠡᠷᠯᠢᠭ ᠭᠠᠬᠠᠢ ᠵᠢᠨ ᠲᠠᠷᠬᠠᠯᠲᠠ ᠵᠢᠨ ᠪᠠᠶ᠋ᠢᠳᠠᠯ᠂ ᠲᠡᠭᠦᠨᠴᠢᠯᠡᠨ ᠬᠢᠵᠢᠭ᠎ᠤᠨ ᠪᠠᠶ᠋ᠢᠳᠠᠯ᠎ᠤᠨ ᠮᠥᠷᠳᠡᠨ ᠪᠠᠶ᠋ᠢᠴᠠᠭ᠋ᠠᠯᠲᠠ ᠪᠣᠯᠣᠨ ᠡᠷᠡᠰᠳᠡᠯ᠎ᠤᠨ ᠰᠢᠨᠵᠢᠯᠡᠭᠡᠨ᠎ᠤ ᠦᠷ᠎ᠡ ᠳ᠋ᠦᠩ ᠵᠡᠷᠭᠡ ᠲᠠᠯ᠎ᠠ᠎ᠠᠴᠠ ᠶᠡᠷᠦᠩᠬᠡᠢ ᠦᠨᠡᠯᠡᠭᠡ ᠬᠢᠭᠰᠡᠨ᠎ᠤ ᠳᠠᠷᠠᠭ᠎ᠠ ᠵᠠᠭ᠋ᠠᠭᠯᠠᠨ ᠲᠣᠭᠲᠠᠭ᠋ᠠᠨ᠎ᠠ᠃
     5.2.2 ᠪᠢᠲᠡᠭᠦᠮᠵᠢᠯᠡᠬᠦ ᠬᠢᠵᠢᠭ᠎ᠤᠨ ᠪᠠᠶ᠋ᠢᠳᠠᠯ ᠢᠯᠡᠷᠡᠭᠰᠡᠨ ᠭᠠᠵᠠᠷ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠮᠠᠯ ᠡᠮᠨᠡᠯᠭᠡ ᠵᠢᠨ ᠭᠣᠣᠯ ᠪᠣᠯᠬᠤ ᠠᠯᠪᠠᠨ᠎ᠨᠢ ᠠᠳᠠᠯᠢ ᠲᠦᠪᠰᠢᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠢᠵᠢᠭ᠎ᠤᠨ ᠣᠷᠣᠨ᠎ᠢ ᠪᠢᠲᠡᠭᠦᠮᠵᠢᠯᠡᠭᠦᠯᠬᠦ᠎ᠪᠠᠷ ᠮᠡᠳᠡᠭᠦᠯᠦᠨ᠎ᠡ᠂ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠶᠣᠰᠣ᠎ᠪᠠᠷ ᠪᠢᠲᠡᠭᠦᠮᠵᠢᠯᠡᠬᠦ ᠵᠠᠷᠯᠢᠭ ᠪᠠᠭᠤᠯᠭ᠋ᠠᠨ᠎ᠠ᠃ ᠬᠢᠵᠢᠭ᠎ᠤᠨ ᠪᠠᠶ᠋ᠢᠳᠠᠯ᠎ᠨᠢ ᠵᠠᠰᠠᠭ ᠵᠠᠬᠢᠷᠭ᠋ᠠᠨ᠎ᠤ ᠭᠠᠵᠠᠷ ᠠᠯᠤᠰᠯᠠᠭᠰᠠᠨ ᠪᠣᠯ ᠬᠣᠯᠪᠣᠭᠳᠠᠬᠤ ᠵᠠᠰᠠᠭ ᠵᠠᠬᠢᠷᠭ᠋ᠠᠨ᠎ᠤ ᠣᠷᠣᠨ᠎ᠤ ᠬᠠᠮᠲᠤ ᠵᠢᠨ ᠳᠡᠭᠡᠳᠦ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠢᠵᠢᠭ᠎ᠤᠨ ᠣᠷᠣᠨ᠎ᠢ ᠪᠢᠲᠡᠭᠦᠮᠵᠢᠯᠡᠨ᠎ᠡ᠂ ᠡᠰᠡᠬᠦᠯ᠎ᠡ ᠬᠣᠯᠪᠣᠭᠳᠠᠬᠤ ᠵᠠᠰᠠᠭ ᠵᠠᠬᠢᠷᠭ᠋ᠠᠨ᠎ᠤ ᠣᠷᠣᠨ᠎ᠤ ᠳᠡᠭᠡᠳᠦ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠷᠠᠵᠤ ᠬᠢᠵᠢᠭ᠎ᠤᠨ ᠣᠷᠣᠨ᠎ᠢ ᠪᠢᠲᠡᠭᠦᠮᠵᠢᠯᠡᠨ᠎ᠡ᠃ ᠱᠠᠭ᠋ᠠᠷᠳᠠᠯᠭ᠎ᠠ᠎ᠲᠠᠢ ᠪᠣᠯ ᠳᠡᠭᠡᠳᠦ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠱᠠᠭ᠋ᠠᠷᠳᠠᠵᠤ ᠪᠠᠶ᠋ᠢᠭ᠋ᠠᠳ ᠳᠣᠣᠷᠠᠳᠤ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠵᠢᠭ᠎ᠤᠨ ᠣᠷᠣᠨ᠎ᠢ ᠪᠢᠲᠡᠭᠦᠮᠵᠢᠯᠡᠭᠦᠯᠵᠦ ᠪᠣᠯᠣᠨ᠎ᠠ᠃
     5.2.3 ᠬᠢᠵᠢᠭ᠎ᠤᠨ ᠴᠢᠭ᠎ᠲᠤ ᠠᠪᠬᠤ ᠶᠣᠰᠣᠲᠠᠢ ᠠᠷᠭ᠎ᠠ ᠬᠡᠮᠵᠢᠶ᠎ᠡ ᠬᠢᠵᠢᠭ᠎ᠤᠨ ᠪᠠᠶ᠋ᠢᠳᠠᠯ ᠢᠯᠡᠷᠡᠭᠰᠡᠨ ᠭᠠᠵᠠᠷ ᠣᠷᠣᠨ᠎ᠳᠠᠬᠢ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠤᠯᠢ ᠲᠣᠭᠲᠠᠭ᠋ᠠᠮᠵᠢ ᠵᠢᠨ ᠳᠠᠭ᠋ᠠᠤ ᠴᠠᠭ ᠲᠤᠬᠠᠢ᠎ᠳᠤ᠎ᠨᠢ ᠵᠣᠬᠢᠶᠠᠨ ᠪᠠᠶ᠋ᠢᠭᠤᠯᠵᠤ᠂ ᠬᠢᠵᠢᠭ᠎ᠤᠨ ᠴᠢᠭ᠎ᠲᠠᠬᠢ ᠪᠤᠢ ᠪᠦᠬᠦᠢ ᠭᠠᠬᠠᠢ ᠵᠢ ᠠᠯᠠᠨ ᠤᠰᠠᠳᠬᠠᠨ᠎ᠠ᠂ ᠲᠡᠭᠦᠨᠴᠢᠯᠡᠨ ᠡᠪᠡᠳᠴᠢᠯᠡᠵᠦ ᠦᠬᠦᠭᠰᠡᠨ ᠪᠦᠬᠦ ᠭᠠᠬᠠᠢ᠂ ᠤᠰᠠᠳᠬᠠᠬᠤ ᠭᠡᠵᠤ ᠪᠤᠢ ᠭᠠᠬᠠᠢ ᠪᠤᠶᠤ ᠪᠦᠲᠦᠭᠡᠭᠳᠡᠬᠦᠨ᠎ᠤ ᠵᠦᠢ᠍ᠯ᠎ᠢ ᠬᠣᠣᠷᠳᠠᠯ ᠦᠭᠡᠢ ᠰᠢᠢ᠍ᠳᠪᠦᠷᠢᠯᠡᠬᠦ ᠬᠡᠷᠡᠭᠲᠡᠢ᠃   ᠪᠣᠬᠢᠷᠲᠤᠭᠰᠠᠨ ᠪᠤᠶᠤ ᠪᠤᠬᠢᠷᠲᠤᠵᠤ ᠮᠡᠳᠡᠬᠦ ᠡᠳ᠋ ᠵᠦᠢ᠍ᠯ᠂ ᠵᠠᠮ ᠲᠡᠭᠡᠭᠡᠪᠦᠷᠢ ᠵᠢᠨ ᠪᠠᠭ᠋ᠠᠵᠢ᠂ ᠡᠳ᠋ᠯᠡᠯ ᠬᠡᠷᠡᠭᠯᠡᠯ᠂ ᠭᠠᠬᠠᠢ ᠵᠢᠨ ᠪᠠᠶ᠋ᠢᠷᠢ᠂ ᠲᠠᠯᠠᠪᠤᠷ᠎ᠲᠤ ᠴᠢᠩᠭ᠎ᠠ ᠬᠢᠨᠠᠮᠠᠭ᠋ᠠᠢ ᠪᠦᠷᠢᠨ ᠭᠦᠢ᠍ᠴᠡᠳ ᠠᠷᠢᠭᠤᠳᠬᠠᠯ ᠬᠢᠨ᠎ᠡ᠃ ᠣᠷᠣᠵᠤ ᠭᠠᠷᠬᠤ ᠬᠥᠮᠥᠨ᠂ ᠲᠡᠷᠭᠡ ᠤᠨᠤᠭ᠎ᠠ ᠪᠣᠯᠣᠨ ᠬᠣᠯᠪᠣᠭ᠎ᠠ᠎ᠲᠠᠢ ᠲᠣᠨᠣᠭ ᠲᠥᠬᠥᠭᠡᠷᠦᠮᠵᠢ ᠵᠢ ᠵᠢᠷᠤᠮ᠎ᠤᠨ ᠳᠠᠭ᠋ᠠᠤ ᠠᠷᠢᠭᠤᠳᠬᠠᠯ ᠬᠢᠨ᠎ᠡ᠃ ᠬᠠᠯᠳᠠᠪᠤᠷᠢ᠎ᠳᠤ ᠠᠮᠠᠷᠬᠠᠨ ᠨᠡᠷᠪᠡᠭᠳᠡᠳᠡᠭ ᠠᠮᠢᠲᠠᠨ᠎ᠢ ᠣᠷᠣᠭᠤᠯᠵᠤ ᠭᠠᠷᠭ᠋ᠠᠬᠤ ᠪᠣᠯᠣᠨ ᠬᠣᠯᠪᠣᠭᠳᠠᠬᠤ ᠪᠠᠷᠠᠭ᠎ᠠ ᠪᠦᠲᠦᠭᠡᠭᠳᠡᠬᠦᠨ᠎ᠢ ᠭᠠᠷᠭ᠋ᠠᠬᠤ ᠵᠢ ᠬᠣᠷᠢᠭᠯᠠᠨ᠎ᠠ᠃
     5.2.4 ᠬᠢᠵᠢᠭ᠎ᠤᠨ ᠣᠷᠣᠨ᠎ᠳᠤ ᠠᠪᠬᠤ ᠶᠣᠰᠣᠲᠠᠢ ᠠᠷᠭ᠎ᠠ ᠬᠡᠮᠵᠢᠶ᠎ᠡ ᠬᠢᠵᠢᠭ᠎ᠤᠨ ᠪᠠᠶ᠋ᠢᠳᠠᠯ ᠢᠯᠡᠷᠡᠭᠰᠡᠨ ᠭᠠᠵᠠᠷ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠣᠣᠯ ᠪᠣᠯᠬᠤ ᠠᠯᠪᠠᠨ᠎ᠨᠢ ᠵᠢᠷᠤᠮ᠎ᠤᠨ ᠳᠠᠭ᠋ᠠᠤ ᠪᠤᠶᠤ ᠱᠠᠭ᠋ᠠᠷᠳᠠᠯᠭ᠎ᠠ ᠶᠣᠰᠣ᠎ᠪᠠᠷ ᠨᠡᠶ᠋ᠢᠭᠡᠮ ᠲᠣᠭᠣᠷᠢᠭ᠎ᠤᠨ ᠣᠷᠴᠢᠨ ᠲᠣᠭᠣᠷᠢᠨ᠎ᠳᠤ ᠰᠡᠷᠡᠮᠵᠢᠯᠡᠯ᠎ᠤᠨ ᠫᠠᠶ᠋ᠢᠰᠠ ᠢᠯᠡᠷᠬᠡᠶ᠋ᠢᠯᠡᠯ ᠵᠣᠬᠢᠶᠠᠬᠤ᠂ ᠬᠢᠵᠢᠭ᠎ᠤᠨ ᠣᠷᠣᠨ᠎ᠳᠤ ᠣᠷᠣᠵᠤ ᠭᠠᠷᠬᠤ ᠵᠠᠮ᠎ᠤᠨ ᠠᠭᠤᠯᠵᠠᠷ᠎ᠲᠤ ᠲᠦᠷ ᠴᠠᠭ᠎ᠤᠨ ᠠᠷᠢᠭᠤᠳᠬᠠᠯ᠎ᠤᠨ ᠭᠠᠵᠠᠷ ᠭᠠᠷᠭ᠋ᠠᠬᠤ᠂ ᠬᠢᠨᠠᠵᠤ ᠪᠠᠶ᠋ᠢᠴᠠᠭ᠋ᠠᠬᠤ ᠠᠵᠢᠯ᠎ᠢ ᠭᠦᠢ᠍ᠴᠡᠳᠬᠡᠵᠦ᠂ ᠣᠷᠣᠵᠤ ᠭᠠᠷᠬᠤ ᠬᠥᠮᠥᠨ ᠪᠣᠯᠣᠨ ᠲᠡᠷᠭᠡ ᠤᠨᠤᠭ᠎ᠠ᠎ᠳᠤ ᠠᠷᠢᠭᠤᠳᠬᠠᠯ ᠬᠢᠨ᠎ᠡ᠃ ᠬᠠᠯᠳᠠᠪᠤᠷᠢ᠎ᠳᠤ ᠠᠮᠠᠷᠬᠠᠨ ᠨᠡᠷᠪᠡᠭᠳᠡᠳᠡᠭ ᠠᠮᠢᠲᠠᠨ᠎ᠢ ᠣᠷᠣᠭᠤᠯᠵᠤ ᠭᠠᠷᠭ᠋ᠠᠬᠤ ᠪᠣᠯᠣᠨ ᠬᠣᠯᠪᠣᠭᠳᠠᠬᠤ ᠪᠠᠷᠠᠭ᠎ᠠ ᠪᠦᠲᠦᠭᠡᠭᠳᠡᠬᠦᠨ᠎ᠢ ᠭᠠᠷᠭ᠋ᠠᠬᠤ ᠵᠢ ᠬᠣᠷᠢᠭᠯᠠᠨ᠎ᠠ᠃ ᠠᠮᠢᠳᠤ ᠭᠠᠬᠠᠢ ᠵᠢᠨ ᠬᠤᠳᠠᠯᠳᠤᠭ᠋ᠠᠨ᠎ᠤ ᠵᠠᠬ᠎ᠠ ᠪᠣᠯᠣᠨ ᠨᠢᠲᠤᠯᠭ᠋ᠠᠨ᠎ᠤ ᠲᠠᠯᠠᠪᠤᠷ᠎ᠢ ᠬᠠᠭ᠋ᠠᠨ᠎ᠠ᠃ ᠭᠠᠬᠠᠢ ᠵᠢᠨ ᠠᠷᠠᠴᠢᠯᠠᠵᠤ ᠲᠡᠵᠢᠭᠡᠬᠦ ᠹᠤᠷᠮ (ᠡᠷᠦᠬᠡ) ᠵᠡᠷᠭᠡ᠎ᠳᠤ ᠴᠢᠩᠭ᠎ᠠ ᠠᠷᠢᠭᠤᠳᠬᠠᠯ ᠬᠢᠨ᠎ᠡ᠂ ᠲᠡᠭᠦᠨᠴᠢᠯᠡᠨ ᠳᠡᠭᠡᠵᠢ ᠠᠪᠴᠤ ᠰᠢᠯᠭ᠋ᠠᠨ ᠲᠣᠭᠲᠠᠭ᠋ᠠᠬᠤ ᠪᠣᠯᠣᠨ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠤᠬᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠵᠢᠨ ᠠᠵᠢᠯ᠎ᠢ ᠰᠠᠶ᠋ᠢᠲᠤᠷ ᠬᠢᠨ᠎ᠡ᠂ ᠰᠢᠯᠭ᠋ᠠᠨ ᠲᠣᠭᠲᠠᠭ᠋ᠠᠬᠤ ᠪᠤᠶᠤ ᠪᠠᠶ᠋ᠢᠴᠠᠭ᠋ᠠᠨ ᠰᠤᠳᠤᠯᠤᠯᠲᠠ ᠵᠢᠨ ᠦᠷ᠎ᠡ ᠳ᠋ᠦᠩ᠎ᠢ ᠦᠨᠳᠦᠰᠦᠯᠡᠵᠦ ᠤᠰᠠᠳᠬᠠᠨ ᠴᠡᠪᠡᠷᠯᠡᠬᠦ ᠬᠦᠷᠢᠶ᠎ᠡ ᠬᠡᠪᠴᠢᠶ᠎ᠡ ᠵᠢ ᠲᠣᠭᠲᠠᠭ᠋ᠠᠨ᠎ᠠ᠃
     5.2.5 ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠎ᠳᠤ ᠠᠪᠬᠤ ᠶᠣᠰᠣᠲᠠᠢ ᠠᠷᠭ᠎ᠠ ᠬᠡᠮᠵᠢᠶ᠎ᠡ
      ᠬᠠᠯᠳᠠᠪᠤᠷᠢ᠎ᠳᠤ ᠠᠮᠠᠷᠬᠠᠨ ᠨᠡᠷᠪᠡᠭᠳᠡᠳᠡᠭ ᠠᠮᠢᠲᠠᠨ᠎ᠢ ᠣᠷᠣᠭᠤᠯᠵᠤ ᠭᠠᠷᠭ᠋ᠠᠬᠤ ᠪᠣᠯᠣᠨ ᠬᠣᠯᠪᠣᠭᠳᠠᠬᠤ ᠪᠠᠷᠠᠭ᠎ᠠ ᠪᠦᠲᠦᠭᠡᠭᠳᠡᠬᠦᠨ᠎ᠢ ᠭᠠᠷᠭ᠋ᠠᠬᠤ ᠵᠢ ᠬᠣᠷᠢᠭᠯᠠᠨ᠎ᠠ᠃ ᠠᠮᠢᠳᠤ ᠭᠠᠬᠠᠢ ᠵᠢᠨ ᠬᠤᠳᠠᠯᠳᠤᠭ᠋ᠠᠨ᠎ᠤ ᠵᠠᠬ᠎ᠠ ᠵᠢ ᠬᠠᠭ᠋ᠠᠨ᠎ᠠ᠃ ᠬᠢᠵᠢᠭ᠎ᠤᠨ ᠪᠠᠶ᠋ᠢᠳᠠᠯ ᠢᠯᠡᠷᠡᠭᠰᠡᠨ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠴᠠᠭ ᠲᠤᠬᠠᠢ᠎ᠳᠤ᠎ᠨᠢ ᠭᠠᠬᠠᠢ ᠵᠢᠨ ᠠᠷᠠᠴᠢᠯᠠᠵᠤ ᠲᠡᠵᠢᠭᠡᠬᠦ ᠹᠤᠷᠮ (ᠡᠷᠦᠬᠡ)᠂ ᠨᠢᠲᠤᠯᠭ᠋ᠠᠨ᠎ᠤ ᠲᠠᠯᠠᠪᠤᠷ᠎ᠲᠤ ᠪᠦᠬᠦ ᠲᠠᠯ᠎ᠠ ᠺᠯᠢᠨᠢᠺ᠎ᠤᠨ ᠬᠢᠨᠠᠯᠲᠠ ᠲᠠᠯᠪᠢᠵᠤ᠂ ᠬᠢᠵᠢᠭ᠎ᠤᠨ ᠪᠠᠶ᠋ᠢᠳᠠᠯ᠎ᠤᠨ ᠬᠠᠨᠳᠤᠰᠢ ᠵᠢ ᠴᠠᠭ ᠳᠠᠷᠤᠢ᠎ᠳᠤ᠎ᠨᠢ ᠡᠵᠡᠮᠳᠡᠵᠦ᠂ ᠤᠷᠢᠳᠴᠢᠯᠠᠨ ᠰᠡᠷᠭᠡᠶ᠋ᠢᠯᠡᠵᠦ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠡᠷᠴᠢᠮᠵᠢᠭᠦᠯᠦᠨ᠎ᠡ᠃
     5.3 ᠵᠡᠷᠯᠢᠭ ᠠᠮᠢᠲᠠᠨ ᠪᠣᠯᠣᠨ ᠰᠢᠪᠠᠵᠢ ᠵᠢ ᠬᠢᠵᠠᠭ᠋ᠠᠯᠠᠬᠤ ᠡᠯ᠎ᠡ ᠭᠠᠵᠠᠷ᠎ᠤᠨ ᠮᠠᠯ ᠡᠮᠨᠡᠯᠭᠡ ᠵᠢᠨ ᠠᠯᠪᠠᠨ᠎ᠨᠢ ᠣᠢ ᠰᠢᠭᠤᠢ ᠵᠢᠨ ᠪᠠᠶ᠋ᠢᠭᠤᠯᠤᠯᠭ᠎ᠠ᠎ᠲᠠᠢ ᠵᠣᠬᠢᠴᠠᠵᠤ ᠬᠢᠵᠢᠭ᠎ᠤᠨ ᠣᠷᠣᠨ᠂ ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠎ᠳᠠᠬᠢ ᠵᠡᠷᠯᠢᠭ ᠭᠠᠬᠠᠢ ᠵᠢᠨ ᠲᠠᠷᠬᠠᠴᠠ᠎ᠳᠤ ᠪᠠᠶ᠋ᠢᠴᠠᠭ᠋ᠠᠯᠲᠠ ᠪᠣᠯᠣᠨ ᠬᠢᠨᠠᠨ ᠬᠡᠮᠵᠢᠯᠲᠡ ᠬᠢᠨ᠎ᠡ᠃ ᠲᠡᠵᠢᠭᠡᠪᠦᠷᠢ ᠵᠢᠨ ᠹᠤᠷᠮ ᠡᠷᠦᠬᠡ᠎ᠨᠢ ᠠᠷᠭ᠎ᠠ ᠬᠡᠮᠵᠢᠶ᠎ᠡ ᠠᠪᠴᠤ ᠭᠡᠷ᠎ᠤᠨ ᠲᠡᠵᠢᠭᠡᠪᠦᠷᠢ ᠭᠠᠬᠠᠢ ᠪᠣᠯᠣᠨ ᠵᠡᠷᠯᠢᠭ ᠭᠠᠬᠠᠢ ᠵᠢᠨ ᠣᠶ᠋ᠢᠷᠠᠳᠠᠬᠤ ᠵᠢ ᠰᠡᠷᠭᠡᠶ᠋ᠢᠯᠡᠨ᠎ᠡ᠃ ᠬᠤᠪᠢᠯᠵᠠ᠎ᠲᠠᠢ ᠭᠠᠵᠠᠷ᠎ᠤᠨ ᠬᠢᠵᠢᠭ᠎ᠤᠨ ᠴᠢᠭ᠂ ᠬᠢᠵᠢᠭ᠎ᠤᠨ ᠣᠷᠣᠨ᠂ ᠰᠦᠷᠳᠡᠭᠦᠯᠦᠯ᠎ᠳᠤ ᠤᠴᠠᠷᠠᠵᠤ ᠮᠡᠳᠡᠬᠦ ᠣᠷᠣᠨ᠎ᠤ ᠭᠠᠬᠠᠢ ᠵᠢᠨ ᠲᠡᠵᠢᠭᠡᠪᠦᠷᠢ ᠵᠢᠨ ᠹᠤᠷᠮ (ᠡᠷᠦᠬᠡ)᠎ᠨᠢ ᠬᠤᠪᠢᠯᠵᠠ ᠵᠡᠷᠭᠡ ᠬᠣᠷᠣᠬᠠᠢ ᠰᠢᠪᠠᠵᠢ ᠤᠰᠠᠳᠬᠠᠬᠤ ᠠᠷᠭ᠎ᠠ ᠬᠡᠮᠵᠢᠶ᠎ᠡ ᠠᠪᠴᠤ᠂ ᠮᠠᠯ ᠡᠮᠨᠡᠯᠭᠡ ᠵᠢᠨ ᠠᠯᠪᠠᠨ᠎ᠨᠢ ᠬᠢᠨᠠᠨ ᠰᠢᠨᠵᠢᠯᠡᠭᠡ ᠪᠣᠯᠣᠨ ᠡᠷᠡᠰᠳᠡᠯ᠎ᠤᠨ ᠦᠨᠡᠯᠡᠭᠡ ᠵᠢᠨ ᠠᠵᠢᠯ ᠲᠥᠷᠥᠯ᠎ᠢ ᠰᠠᠶ᠋ᠢᠲᠤᠷ ᠬᠢᠬᠦ ᠬᠡᠷᠡᠭᠲᠡᠢ᠃ ᠲᠤᠬᠠᠢ ᠵᠢᠨ ᠭᠠᠵᠠᠷ᠎ᠤᠨ ᠮᠠᠯ ᠡᠮᠨᠡᠯᠭᠡ ᠵᠢᠨ ᠠᠯᠪᠠᠨ᠎ᠨᠢ ᠣᠢ ᠰᠢᠭᠤᠢ ᠵᠢᠨ ᠪᠠᠢ᠌ᠭᠤᠯᠭ᠎ᠠ ᠨᠢᠭᠡᠴᠢ᠎ᠲᠠᠢ ᠲᠣᠭᠲᠠᠭᠰᠠᠨ ᠬᠤᠭᠤᠴᠠᠭ᠋ᠠᠨ᠎ᠳᠤ ᠬᠣᠯᠪᠣᠭᠳᠠᠬᠤ ᠮᠡᠳᠡᠭᠡᠯᠡᠯ ᠵᠶ᠋ᠠᠨ ᠰᠣᠯᠢᠯᠴᠠᠵᠤ ᠵᠠᠷᠯᠠᠵᠤ ᠪᠠᠶ᠋ᠢᠬᠤ ᠬᠡᠷᠡᠭᠲᠡᠢ᠃
     5.4 ᠬᠢᠵᠢᠭ᠎ᠤᠨ ᠪᠠᠶ᠋ᠢᠳᠠᠯ᠎ᠢ᠎ᠲᠠᠭᠠᠨ ᠮᠥᠷᠳᠡᠬᠦ ᠪᠣᠯᠣᠨ ᠤᠭ᠎ᠢ᠎ᠨᠢ ᠮᠥᠰᠬᠢᠬᠦ ᠬᠢᠵᠢᠭ᠎ᠤᠨ ᠪᠠᠶ᠋ᠢᠳᠠᠯ ᠢᠯᠡᠷᠡᠬᠦ᠎ᠠᠴᠠ 30 ᠬᠣᠨᠣᠭ᠎ᠤᠨ ᠳᠣᠲᠣᠷ᠎ᠠ ᠪᠤᠶᠤ ᠬᠢᠵᠢᠭ ᠢᠯᠡᠷᠡᠭᠰᠡᠨ᠎ᠠᠴᠠ ᠬᠣᠶ᠋ᠢᠰᠢᠬᠢ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠬᠤ᠎ᠠᠴᠠ ᠡᠮᠦᠨ᠎ᠡ᠂ ᠬᠢᠵᠢᠭ᠎ᠤᠨ ᠴᠢᠭ᠎ᠠᠴᠠ ᠭᠠᠷᠭ᠋ᠠᠭᠰᠠᠨ ᠬᠠᠯᠳᠠᠪᠤᠷᠢ᠎ᠳᠤ ᠠᠮᠠᠷᠬᠠᠨ ᠨᠡᠷᠪᠡᠭᠳᠡᠳᠡᠭ ᠠᠮᠢᠲᠠᠨ᠂ ᠬᠣᠯᠪᠣᠭᠳᠠᠬᠤ ᠪᠠᠷᠠᠭ᠎ᠠ ᠪᠦᠲᠦᠭᠡᠭᠳᠡᠬᠦᠨ᠂ ᠲᠡᠭᠡᠭᠡᠪᠦᠷᠢ ᠵᠢᠨ ᠪᠠᠭ᠋ᠠᠵᠢ ᠬᠡᠷᠡᠭᠰᠡᠯ ᠬᠢᠭᠡᠳ ᠡᠳᠡᠭᠡᠷ᠎ᠲᠠᠢ ᠨᠢᠭᠲᠠ ᠣᠶ᠋ᠢᠷᠠᠲᠤᠭᠰᠠᠨ ᠬᠥᠮᠥᠨ᠎ᠤ ᠶᠠᠪᠤᠭᠰᠠᠨ ᠵᠦᠭ ᠴᠢᠭᠯᠡᠯ ᠵᠡᠷᠭᠡ ᠵᠢ ᠮᠥᠷᠳᠡᠵᠦ ᠰᠢᠯᠭ᠋ᠠᠨ᠎ᠠ᠂ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠤᠬᠠᠭ᠋ᠠᠨ᠎ᠲᠠᠢ ᠬᠣᠯᠪᠣᠭᠳᠠᠭᠰᠠᠨ ᠲᠡᠵᠢᠭᠡᠪᠦᠷᠢ ᠵᠢᠨ ᠹᠤᠷᠮ ᠡᠷᠦᠬᠡ᠎ᠠᠴᠠ ᠳᠡᠭᠡᠵᠢ ᠠᠪᠴᠤ ᠰᠢᠯᠭ᠋ᠠᠨ ᠲᠣᠭᠲᠠᠭ᠋ᠠᠯᠲᠠ ᠬᠢᠵᠦ ᠬᠢᠵᠢᠭ᠎ᠤᠨ ᠤᠭ ᠢᠷᠡᠯᠲᠡ ᠵᠢ ᠨᠢᠭᠲᠠᠯᠠᠨ ᠰᠢᠨᠵᠢᠯᠡᠨ᠎ᠡ᠃
     5.5 ᠪᠢᠲᠡᠭᠦᠮᠵᠢᠯᠡᠯ᠎ᠠᠴᠠ ᠴᠢᠯᠦᠭᠡᠯᠡᠬᠦ ᠬᠢᠵᠢᠭ᠎ᠤᠨ ᠴᠢᠭ ᠪᠣᠯᠣᠨ ᠬᠢᠵᠢᠭ᠎ᠤᠨ ᠣᠷᠣᠨ᠎ᠤ ᠠᠯᠠᠨ ᠤᠰᠠᠳᠬᠠᠬᠤ ᠶᠣᠰᠣᠲᠠᠢ ᠬᠦᠷᠢᠶ᠎ᠡ ᠬᠡᠪᠴᠢᠶᠡᠨ᠎ᠤ ᠳᠣᠲᠣᠷᠠᠬᠢ ᠪᠦᠬᠦ ᠭᠠᠬᠠᠢ᠎ᠳᠤ ᠤᠰᠠᠳᠬᠠᠯᠲᠠ ᠬᠢᠭᠰᠡᠨ᠎ᠤ ᠳᠠᠷᠠᠭ᠎ᠠ ᠵᠢᠷᠤᠮ᠎ᠤᠨ ᠳᠠᠭ᠋ᠠᠤ ᠠᠷᠢᠭᠤᠳᠬᠠᠯ ᠪᠣᠯᠣᠨ ᠬᠣᠣᠷᠳᠠᠯ ᠦᠭᠡᠢ ᠰᠢᠢ᠍ᠳᠪᠦᠷᠢᠯᠡᠭᠰᠡᠨ᠎ᠤ 6 ᠭᠠᠷᠠᠭ᠎ᠤᠨ ᠳᠠᠷᠠᠭ᠎ᠠ ᠬᠢᠵᠢᠭ᠎ᠤᠨ ᠪᠠᠶ᠋ᠢᠳᠠᠯ ᠢᠯᠡᠷᠡᠭᠰᠡᠨ ᠭᠠᠵᠠᠷ ᠣᠷᠣᠨ᠎ᠤ ᠳᠡᠭᠡᠳᠦ ᠨᠢᠭᠡ ᠱᠠᠲᠤᠨ᠎ᠤ ᠮᠠᠯ ᠡᠮᠨᠡᠯᠭᠡ ᠵᠢᠨ ᠭᠣᠣᠯ ᠪᠣᠯᠬᠤ ᠠᠯᠪᠠᠨ᠎ᠨᠢ ᠦᠵᠡᠯᠭᠡ ᠬᠢᠵᠦ ᠬᠢᠷᠢ᠎ᠳᠤ ᠬᠦᠷᠦᠭᠰᠡᠨ ᠬᠣᠶ᠋ᠢᠨ᠎ᠠ ᠪᠠᠶ᠋ᠢᠭ᠎ᠠ ᠭᠠᠵᠠᠷ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠮᠠᠯ ᠡᠮᠨᠡᠯᠭᠡ ᠵᠢᠨ ᠭᠣᠣᠯ ᠪᠣᠯᠬᠤ ᠠᠯᠪᠠᠨ᠎ᠨᠢ ᠤᠭ᠎ᠤᠨ ᠪᠢᠲᠡᠭᠦᠮᠵᠢᠯᠡᠬᠦ ᠵᠠᠷᠯᠢᠭ ᠭᠠᠷᠭ᠋ᠠᠭᠤᠯᠤᠭᠰᠠᠨ ᠠᠷᠠᠳ᠎ᠤᠨ ᠵᠠᠰᠠᠭ᠎ᠤᠨ ᠣᠷᠳᠣᠨ᠎ᠳᠤ ᠪᠢᠲᠡᠭᠦᠮᠵᠢᠯᠡᠯ᠎ᠢ ᠲᠠᠯᠪᠢᠬᠤ᠎ᠪᠠᠷ ᠡᠷᠭᠦᠳᠡᠯ ᠭᠠᠷᠭ᠋ᠠᠨ᠎ᠠ᠂ ᠲᠤᠰ ᠵᠠᠰᠠᠭ᠎ᠤᠨ ᠣᠷᠳᠣᠨ᠎ᠨᠢ ᠪᠢᠲᠡᠭᠦᠮᠵᠢᠯᠡᠯ᠎ᠠᠴᠠ ᠴᠢᠯᠦᠭᠡᠯᠡᠬᠦ ᠵᠠᠷᠯᠠᠯ ᠨᠡᠶ᠋ᠢᠲᠡᠯᠡᠵᠦ ᠲᠡᠭᠦᠨᠴᠢᠯᠡᠨ ᠬᠠᠶᠠᠭ᠎ᠠ ᠵᠡᠷᠭᠡᠯᠡᠳᠡᠭᠡ ᠭᠠᠵᠠᠷ ᠣᠷᠣᠨ ᠪᠣᠯᠣᠨ ᠬᠣᠯᠪᠣᠭᠳᠠᠬᠤ ᠪᠠᠢ᠌ᠭᠤᠯᠭ᠎ᠠ ᠨᠢᠭᠡᠴᠢ᠎ᠳᠤ ᠮᠡᠳᠡᠭᠳᠡᠨ᠎ᠡ᠃ ᠪᠢᠲᠡᠭᠦᠮᠵᠢᠯᠡᠯ᠎ᠠᠴᠠ ᠴᠢᠯᠦᠭᠡᠯᠡᠭᠰᠡᠨ᠎ᠤ ᠳᠠᠷᠠᠭ᠎ᠠ ᠬᠢᠵᠢᠭ᠎ᠤᠨ ᠴᠢᠭ ᠪᠣᠯᠣᠨ ᠬᠢᠵᠢᠭ᠎ᠤᠨ ᠣᠷᠣᠨ᠎ᠤ ᠠᠯᠠᠨ ᠤᠰᠠᠳᠬᠠᠯᠲᠠ ᠬᠢᠭᠰᠡᠨ ᠬᠦᠷᠢᠶ᠎ᠡ ᠬᠡᠪᠴᠢᠶᠡᠨ᠎ᠤ ᠳᠣᠲᠣᠷᠠᠬᠢ ᠬᠠᠰᠢᠶ᠎ᠠ ᠰᠠᠷᠠᠪᠴᠢ ᠵᠢ ᠨᠠᠭ᠋ᠠᠲᠤ ᠵᠠᠬ᠎ᠠ᠎ᠳᠠᠭᠠᠨ 6 ᠰᠠᠷ᠎ᠠ ᠵᠢᠨ ᠬᠤᠭᠤᠴᠠᠭ᠎ᠠ᠎ᠲᠠᠢ ᠬᠣᠭᠣᠰᠤᠨ ᠪᠠᠶ᠋ᠢᠯᠭ᠋ᠠᠨ᠎ᠠ᠃
     5.6 ᠠᠯᠠᠨ ᠤᠰᠠᠳᠬᠠᠯᠲᠠ᠎ᠳᠤ ᠣᠯᠭᠣᠬᠤ ᠨᠥᠬᠥᠪᠦᠷᠢ ᠠᠹᠷᠢᠺᠠ ᠵᠢᠨ ᠭᠠᠬᠠᠢ ᠵᠢᠨ ᠬᠢᠵᠢᠭ᠎ᠢ ᠬᠢᠵᠠᠭ᠋ᠠᠯᠠᠬᠤ᠂ ᠤᠰᠠᠳᠬᠠᠬᠤ ᠶᠠᠪᠤᠴᠠ ᠵᠢᠨ ᠳᠤᠮᠳᠠ ᠬᠦᠴᠦ᠎ᠪᠠᠷ ᠤᠰᠠᠳᠬᠠᠭᠰᠠᠨ ᠠᠮᠢᠲᠠᠨ᠂ ᠠᠮᠢᠲᠠᠨ᠎ᠤ ᠭᠠᠷᠤᠯ᠎ᠲᠠᠢ ᠪᠦᠲᠦᠭᠡᠭᠳᠡᠬᠦᠨ᠎ᠳᠤ ᠬᠦᠨᠳᠦ ᠨᠣᠴᠢᠲᠠᠢ ᠬᠢᠵᠢᠭ᠎ᠲᠠᠢ ᠠᠮᠢᠲᠠᠨ᠎ᠢ ᠤᠰᠠᠳᠬᠠᠬᠤ᠎ᠳᠤ ᠣᠯᠭᠣᠬᠤ ᠨᠥᠬᠥᠪᠦᠷᠢ ᠵᠢᠨ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠤᠨ ᠳᠠᠭ᠋ᠠᠤ ᠨᠥᠬᠥᠪᠦᠷᠢ ᠣᠯᠭᠣᠨ᠎ᠠ᠃
     6 ᠪᠠᠲᠤᠯᠭ᠋ᠠᠵᠢᠭᠤᠯᠬᠤ ᠠᠷᠭ᠎ᠠ ᠬᠡᠮᠵᠢᠶ᠎ᠡ
     6.1 ᠵᠣᠬᠢᠶᠠᠨ ᠪᠠᠶ᠋ᠢᠭᠤᠯᠵᠤ ᠤᠳᠤᠷᠢᠳᠬᠤ
      ᠤᠯᠤᠰ᠎ᠤᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠮᠵᠢ ᠵᠢᠨ ᠳᠠᠭ᠋ᠠᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠷᠢᠶᠠᠲᠤ ᠭᠠᠵᠠᠷ ᠣᠷᠣᠨ᠎ᠤ᠎ᠪᠠᠨ ᠠᠹᠷᠢᠺᠠ ᠵᠢᠨ ᠭᠠᠬᠠᠢ ᠵᠢᠨ ᠬᠢᠵᠢᠭ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠶᠡᠷᠦᠩᠬᠡᠢ᠎ᠳᠤ᠎ᠨᠢ ᠬᠠᠷᠢᠭᠤᠴᠠᠨ᠎ᠠ᠃ ᠡᠯ᠎ᠡ ᠭᠠᠵᠠᠷ᠎ᠤᠨ ᠮᠠᠯ ᠡᠮᠨᠡᠯᠭᠡ ᠵᠢᠨ ᠭᠣᠣᠯ ᠪᠣᠯᠬᠤ ᠠᠯᠪᠠᠨ᠎ᠨᠢ ᠴᠠᠭ ᠳᠠᠷᠤᠢ᠎ᠳᠠᠭᠠᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠳᠡᠵᠦ᠂ ᠪᠣᠳᠠᠲᠠᠢ ᠪᠠᠶ᠋ᠢᠳᠠᠯ᠎ᠲᠠᠢ᠎ᠪᠠᠨ ᠤᠶᠠᠯᠳᠤᠭᠤᠯᠵᠤ ᠲᠤᠰ ᠭᠠᠵᠠᠷ ᠣᠷᠣᠨ᠎ᠤ᠎ᠪᠠᠨ ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠯ᠎ᠢ ᠬᠡᠷᠡᠭᠵᠢᠭᠦᠯᠬᠦ ᠲᠥᠯᠥᠪᠯᠡᠭᠡ ᠪᠣᠯᠪᠠᠰᠤᠷᠠᠭᠤᠯᠤᠨ᠎ᠠ᠃ ᠡᠯ᠎ᠡ ᠭᠠᠵᠠᠷ ᠣᠷᠣᠨ᠎ᠤ ᠮᠠᠯ ᠡᠮᠨᠡᠯᠭᠡ ᠵᠢᠨ ᠠᠯᠪᠠᠨ᠎ᠨᠢ ᠲᠤᠬᠠᠢ ᠵᠢᠨ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯ᠎ᠲᠠᠢ ᠤᠳᠤᠷᠢᠳᠤᠯᠭ᠎ᠠ ᠳᠣᠣᠷ᠎ᠠ ᠬᠣᠯᠪᠣᠭᠳᠠᠬᠤ ᠡᠯ᠎ᠡ ᠪᠠᠢ᠌ᠭᠤᠯᠭ᠎ᠠ ᠨᠢᠭᠡᠴᠢ᠎ᠲᠠᠢ ᠬᠠᠮᠲᠤ ᠵᠢᠨ ᠠᠵᠢᠯᠯᠠᠭ᠎ᠠ᠎ᠪᠠᠨ ᠪᠡᠬᠢᠵᠢᠭᠦᠯᠵᠦ᠂ ᠴᠠᠭ ᠠᠯᠳᠠᠯ ᠦᠭᠡᠢ ᠬᠢᠵᠢᠭ᠎ᠤᠨ ᠪᠠᠶ᠋ᠢᠳᠠᠯ ᠪᠣᠯᠣᠨ ᠠᠵᠢᠯ᠎ᠤᠨ ᠠᠬᠢᠴᠠ ᠵᠢ ᠮᠡᠳᠡᠭᠳᠡᠵᠦ᠂ ᠴᠠᠭ ᠠᠯᠳᠠᠯ ᠦᠭᠡᠢ ᠤᠷᠢᠳᠴᠢᠯᠠᠨ ᠰᠡᠷᠭᠡᠶ᠋ᠢᠯᠡᠬᠦ ᠠᠷᠭ᠎ᠠ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠵᠢ ᠵᠣᠬᠢᠴᠠᠭᠤᠯᠤᠨ ᠪᠦᠷᠢᠨᠰᠢᠭᠦᠯᠵᠦ᠂ ᠠᠹᠷᠢᠺᠠ ᠵᠢᠨ ᠭᠠᠬᠠᠢ ᠵᠢᠨ ᠬᠢᠵᠢᠭ᠎ᠢ ᠪᠠᠴᠢᠮ ᠠᠷᠭ᠋ᠠᠴᠠᠭ᠋ᠠᠬᠤ ᠠᠵᠢᠯ᠎ᠢ ᠬᠠᠮᠲᠤ᠎ᠪᠠᠷ ᠵᠶ᠋ᠠᠨ ᠰᠠᠶ᠋ᠢᠨ ᠬᠢᠬᠦ ᠬᠡᠷᠡᠭᠲᠡᠢ᠃
     6.2 ᠬᠠᠤᠯᠢ ᠵᠢᠨ ᠪᠠᠲᠤᠯᠠᠭ᠎ᠠ
     《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠠᠴᠠ ᠤᠷᠢᠳᠴᠢᠯᠠᠨ ᠰᠡᠷᠭᠡᠶ᠋ᠢᠯᠡᠬᠦ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠠᠮᠢᠲᠠᠨ ᠤᠷᠭᠤᠮᠠᠯ᠎ᠤᠨ ᠬᠢᠵᠢᠭ ᠪᠠᠶ᠋ᠢᠴᠠᠭ᠋ᠠᠯᠲᠠ ᠵᠢᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠲᠣᠭᠲᠠᠭ᠋ᠠᠮᠵᠢ ᠪᠣᠯᠣᠨ ᠲᠤᠰ ᠤᠷᠢᠳᠴᠢᠯᠠᠭᠰᠠᠨ ᠲᠥᠰᠥᠪ᠎ᠢ ᠴᠢᠩᠭ᠎ᠠ ᠮᠥᠷᠳᠡᠵᠦ᠂ ᠤᠷᠢᠳᠴᠢᠯᠠᠨ ᠰᠡᠷᠭᠡᠶ᠋ᠢᠯᠡᠬᠦ᠂ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠵᠦ ᠤᠷᠢᠳᠴᠢᠯᠠᠨ ᠰᠡᠷᠭᠡᠶ᠋ᠢᠯᠡᠵᠦ᠂ ᠬᠢᠵᠠᠭ᠋ᠠᠷᠯᠠᠬᠤ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠣᠳᠠᠲᠠᠶ᠋ᠢᠵᠢᠭᠤᠯᠤᠨ᠎ᠠ᠃ ᠬᠦᠯᠢᠶᠡᠭᠰᠡᠨ ᠡᠭᠦᠷᠭᠡ᠎ᠪᠠᠨ ᠪᠡᠶᠡᠯᠡᠭᠦᠯᠬᠦ᠎ᠳᠤ ᠢᠳᠡᠪᠬᠢᠲᠡᠢ ᠪᠢᠰᠢ᠂ ᠬᠢᠵᠢᠭ᠎ᠤᠨ ᠪᠠᠶ᠋ᠢᠳᠠᠯ᠎ᠢ ᠤᠷᠢᠳᠴᠢᠯᠠᠨ ᠰᠡᠷᠭᠡᠶ᠋ᠢᠯᠡᠵᠦ ᠬᠢᠵᠠᠭ᠋ᠠᠷᠯᠠᠬᠤ᠎ᠳᠤ ᠰᠦᠷᠭᠦ ᠨᠥᠯᠥᠭᠡ ᠪᠣᠯᠪᠠᠯ ᠬᠠᠤᠯᠢ ᠵᠢᠨ ᠳᠠᠭ᠋ᠠᠤ ᠲᠤᠬᠠᠢ ᠵᠢᠨ ᠬᠥᠮᠥᠨ᠎ᠤ ᠬᠠᠷᠢᠭᠤᠴᠠᠯᠭ᠎ᠠ ᠵᠢ ᠨᠡᠬᠡᠨ᠎ᠡ᠃
     6.3 ᠨᠥᠬᠥᠴᠡᠯ᠎ᠤᠨ ᠪᠠᠲᠤᠯᠠᠭ᠎ᠠ ᠡᠯ᠎ᠡ ᠱᠠᠲᠤᠨ᠎ᠤ ᠮᠠᠯ ᠡᠮᠨᠡᠯᠭᠡ ᠵᠢᠨ ᠭᠣᠣᠯ ᠪᠣᠯᠬᠤ ᠠᠯᠪᠠᠨ᠎ᠨᠢ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠪᠠᠴᠢᠮ ᠬᠡᠷᠡᠭᠰᠡᠬᠦ ᠡᠳ᠋ ᠪᠣᠳᠠᠰ᠎ᠤᠨ ᠪᠡᠯᠡᠳᠬᠡᠯ᠎ᠤᠨ ᠵᠠᠷᠤᠳᠠᠯ ᠮᠥᠩᠭᠥᠨ᠎ᠤ ᠪᠠᠲᠤᠯᠠᠭ᠎ᠠ ᠪᠣᠯᠣᠨ ᠡᠳ᠋ ᠪᠣᠳᠠᠰ᠎ᠤᠨ ᠬᠠᠩᠭ᠋ᠠᠮᠵᠢ ᠵᠢᠨ ᠠᠵᠢᠯ᠎ᠢ ᠰᠠᠶ᠋ᠢᠲᠤᠷ ᠬᠢᠨ᠎ᠡ᠃ ᠡᠳ᠋᠎ᠤᠨ ᠵᠠᠰᠠᠭ᠎ᠤᠨ ᠪᠠᠢ᠌ᠭᠤᠯᠭ᠎ᠠ ᠨᠢᠭᠡᠴᠢ᠎ᠲᠠᠢ ᠢᠳᠡᠪᠬᠢᠲᠡᠢ ᠵᠣᠬᠢᠴᠠᠵᠤ᠂ ᠬᠢᠵᠢᠭ᠎ᠤᠨ ᠪᠠᠶ᠋ᠢᠳᠠᠯ᠎ᠤᠨ ᠬᠢᠨᠠᠨ ᠰᠢᠨᠵᠢᠯᠡᠯᠲᠡ᠂ ᠡᠪᠡᠳᠴᠢᠨ᠎ᠤ ᠣᠨᠣᠰᠢᠯᠠᠭ᠎ᠠ᠂ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠤᠬᠠᠭ᠋ᠠᠨ᠎ᠤ ᠪᠠᠶ᠋ᠢᠴᠠᠭ᠋ᠠᠯᠲᠠ᠂ ᠠᠯᠠᠨ ᠤᠰᠠᠳᠬᠠᠯᠲᠠ᠂ ᠬᠣᠣᠷᠳᠠᠯ ᠦᠭᠡᠢ ᠰᠢᠢ᠍ᠳᠪᠦᠷᠢᠯᠡᠬᠦ᠂ ᠠᠷᠢᠭᠤᠳᠬᠠᠬᠤ᠂ ᠬᠣᠷᠣᠬᠠᠢ ᠰᠢᠪᠠᠵᠢ ᠵᠢ ᠦᠨᠳᠦᠰᠦᠨ᠎ᠠᠴᠠ᠎ᠨᠢ ᠤᠰᠠᠳᠬᠠᠬᠤ᠂ ᠬᠥᠮᠥᠨ᠎ᠤ ᠰᠡᠷᠭᠡᠶ᠋ᠢᠯᠡᠨ ᠬᠠᠮᠠᠭ᠋ᠠᠯᠠᠯᠲᠠ ᠵᠡᠷᠭᠡ ᠰᠡᠷᠭᠡᠶ᠋ᠢᠯᠡᠨ ᠬᠢᠵᠠᠭ᠋ᠠᠷᠯᠠᠬᠤ ᠵᠠᠷᠤᠳᠠᠯ᠎ᠢ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠬᠡᠷᠡᠭᠲᠡᠢ᠃ ᠠᠯᠠᠨ ᠤᠰᠠᠳᠬᠠᠯᠲᠠ᠎ᠠᠴᠠ ᠪᠣᠯᠣᠭᠰᠠᠨ ᠨᠥᠬᠥᠪᠦᠷᠢ ᠮᠥᠩᠭᠥ ᠵᠢ ᠲᠥᠪ᠎ᠤᠨ ᠪᠣᠯᠣᠨ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠲᠣᠭᠲᠠᠭᠰᠠᠨ ᠬᠠᠷᠢᠴᠠᠯ᠎ᠤᠨ ᠳᠠᠭ᠋ᠠᠤ ᠡᠭᠦᠷᠭᠡᠯᠡᠨ᠎ᠡ᠃
     6.4 ᠮᠡᠷᠭᠡᠵᠢᠯ᠎ᠤᠨ ᠪᠠᠲᠤᠯᠠᠭ᠎ᠠ
      ᠳᠤᠮᠳᠠᠳᠤ ᠤᠯᠤᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ ᠪᠣᠯᠣᠨ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠤᠬᠠᠭ᠋ᠠᠨ᠎ᠤ ᠲᠥᠪ ᠡᠰᠡᠬᠦᠯ᠎ᠡ ᠲᠠᠷᠢᠶᠠᠯᠠᠩ᠎ᠤᠨ ᠶᠠᠮᠤᠨ᠎ᠤ ᠲᠣᠭᠲᠠᠭ᠋ᠠᠭᠰᠠᠨ ᠭᠠᠬᠠᠢ ᠵᠢᠨ ᠬᠢᠵᠢᠭ᠎ᠤᠨ ᠪᠤᠰᠤᠳ ᠯᠠᠪᠤᠷᠠᠲ᠋ᠣᠷᠢ ᠵᠢᠨ ᠰᠢᠨᠵᠢᠯᠡᠭᠡᠨ᠎ᠤ ᠰᠡᠷᠭᠡᠶ᠋ᠢᠯᠡᠨ ᠬᠢᠵᠠᠭ᠋ᠠᠷᠯᠠᠬᠤ ᠮᠡᠷᠭᠡᠵᠢᠯ ᠪᠣᠯᠣᠨ ᠬᠣᠯᠪᠣᠭᠳᠠᠬᠤ ᠣᠨᠣᠰᠢᠯᠠᠭ᠎ᠠ ᠮᠡᠷᠭᠡᠵᠢᠯ ᠲᠤᠷᠰᠢᠯᠲᠠ ᠵᠢᠨ ᠡᠮ᠎ᠤᠨ ᠰᠤᠳᠤᠯᠭ᠎ᠠ ᠵᠢ ᠴᠢᠩᠭ᠋ᠠᠭ᠋ᠠᠵᠤ ᠮᠡᠷᠭᠡᠵᠢᠯ᠎ᠤᠨ ᠬᠠᠩᠭ᠋ᠠᠮᠵᠢ ᠵᠢᠨ ᠠᠵᠢᠯ᠎ᠢ ᠰᠠᠶ᠋ᠢᠲᠤᠷ ᠬᠢᠨ᠎ᠡ; ᠬᠢᠯᠢ ᠬᠢᠵᠠᠭ᠋ᠠᠷ ᠣᠷᠣᠨ᠎ᠤ ᠮᠤᠵᠢ ᠵᠡᠷᠭᠡ ᠥᠨᠳᠥᠷ ᠡᠷᠡᠰᠳᠡᠯ᠎ᠲᠠᠢ ᠭᠠᠵᠠᠷ ᠣᠷᠣᠨ ᠯᠠᠪᠤᠷᠠᠲ᠋ᠣᠷᠢ ᠵᠢᠨ ᠬᠢᠨᠠᠨ ᠰᠢᠨᠵᠢᠯᠡᠭᠡᠨ᠎ᠤ ᠮᠡᠷᠭᠡᠵᠢᠯ᠎ᠤᠨ ᠵᠢᠯᠣᠭᠣᠳᠤᠯᠭ᠎ᠠ ᠵᠢ ᠪᠡᠬᠢᠵᠢᠭᠦᠯᠦᠨ᠎ᠡ᠃ ᠠᠹᠷᠢᠺᠠ ᠵᠢᠨ ᠭᠠᠬᠠᠢ ᠵᠢᠨ ᠬᠢᠵᠢᠭ᠎ᠤᠨ ᠡᠬᠢ ᠡᠭᠦᠰᠦᠯ᠎ᠤᠨ ᠰᠤᠳᠤᠯᠭ᠋ᠠᠨ᠎ᠤ ᠯᠠᠪᠤᠷᠠᠲ᠋ᠣᠷᠢ ᠠᠮᠢᠳᠤ ᠪᠣᠳᠠᠰ᠎ᠤᠨ ᠠᠶᠤᠯ ᠦᠭᠡᠢ ᠪᠠᠶ᠋ᠢᠳᠠᠯ᠎ᠤᠨ ᠭᠤᠷᠪᠠᠳᠤᠭ᠋ᠠᠷ ᠵᠡᠷᠭᠡᠯᠡᠯ᠎ᠤᠨ ᠲᠦᠪᠰᠢᠨ᠎ᠳᠤ ᠬᠦᠷᠬᠦ ᠶᠣᠰᠣᠲᠠᠢ᠂ ᠲᠡᠭᠦᠨᠴᠢᠯᠡᠨ ᠲᠣᠭᠲᠠᠭ᠋ᠠᠯ ᠵᠢᠷᠤᠮ᠎ᠤᠨ ᠳᠠᠭ᠋ᠠᠤ ᠬᠣᠯᠪᠣᠭᠳᠠᠬᠤ ᠲᠤᠷᠰᠢᠯᠲᠠ ᠵᠢᠨ ᠦᠢ᠍ᠯᠡ ᠠᠵᠢᠯᠯᠠᠭ᠋ᠠᠨ᠎ᠤ ᠵᠥᠪᠰᠢᠶᠡᠷᠡᠯ ᠠᠪᠤᠨ᠎ᠠ᠃ ᠳᠤᠮᠳᠠᠳᠤ ᠤᠯᠤᠰ᠎ᠤᠨ ᠠᠮᠢᠲᠠᠨ᠎ᠤ ᠡᠷᠡᠭᠦᠯ ᠬᠠᠮᠠᠭ᠋ᠠᠯᠠᠯ ᠪᠣᠯᠣᠨ ᠬᠠᠯᠳᠠᠪᠤᠷᠢᠲᠤ ᠡᠪᠡᠳᠴᠢᠨ ᠲᠠᠷᠬᠠᠯᠠᠯ᠎ᠤᠨ ᠤᠬᠠᠭ᠋ᠠᠨ᠎ᠤ ᠲᠥᠪ᠎ᠨᠢ ᠮᠤᠵᠢ ᠬᠣᠲᠠ ᠰᠢᠶᠠᠨ᠎ᠤ ᠱᠠᠲᠤᠨ᠎ᠤ ᠮᠠᠯ ᠡᠮᠨᠡᠯᠭᠡ ᠵᠢᠨ ᠯᠠᠪᠤᠷᠠᠲ᠋ᠣᠷᠢ᠎ᠤᠳ᠎ᠲᠤ ᠮᠡᠷᠭᠡᠵᠢᠯ᠎ᠤᠨ ᠰᠤᠷᠭ᠋ᠠᠯᠲᠠ ᠪᠣᠯᠣᠨ ᠳᠡᠮᠵᠢᠯᠭᠡ ᠥᠭᠭᠦᠨ᠎ᠡ᠃
     6.5 ᠭᠠᠳᠠᠭ᠋ᠠᠳᠤ᠎ᠠᠴᠠ ᠣᠷᠣᠭᠤᠯᠬᠤ ᠬᠤᠳᠠᠯᠳᠤᠭ᠎ᠠ ᠪᠣᠯᠣᠨ ᠬᠢᠯᠢ ᠵᠢᠨ ᠬᠢᠵᠢᠭ ᠪᠠᠶ᠋ᠢᠴᠠᠭ᠋ᠠᠯᠲᠠ
      ᠲᠠᠷᠢᠶᠠᠯᠠᠩ᠎ᠤᠨ ᠶᠠᠮᠤᠨ᠎ᠠᠴᠠ ᠤᠯᠤᠰ᠎ᠤᠨ ᠴᠢᠨᠠᠷ᠎ᠤᠨ ᠰᠢᠯᠭ᠋ᠠᠯᠲᠠ ᠵᠢᠨ ᠲᠣᠪᠴᠢᠶ᠎ᠠ᠎ᠲᠠᠢ ᠬᠣᠯᠪᠣᠭ᠋ᠠᠯᠠᠵᠤ ᠴᠠᠭ ᠲᠤᠬᠠᠢ᠎ᠳᠤ᠎ᠨᠢ ᠮᠡᠳᠡᠭᠳᠡᠯ ᠪᠠᠭᠤᠯᠭ᠋ᠠᠵᠤ ᠬᠢᠵᠢᠭ ᠳᠡᠯᠭᠡᠷᠡᠭᠰᠡᠨ ᠤᠯᠤᠰ ᠣᠷᠣᠨ ᠪᠣᠯᠣᠨ ᠭᠠᠵᠠᠷ ᠨᠤᠲᠤᠭ᠎ᠤᠨ ᠭᠠᠬᠠᠢ᠂ ᠵᠡᠷᠯᠢᠭ ᠭᠠᠬᠠᠢ ᠵᠢᠴᠢ ᠬᠣᠯᠪᠣᠭᠳᠠᠬᠤ ᠪᠠᠷᠠᠭ᠎ᠠ ᠪᠦᠲᠦᠭᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠵᠢ ᠲᠦᠷ ᠵᠣᠭᠰᠣᠭ᠋ᠠᠨ᠎ᠠ᠃ ᠰᠠᠯᠪᠤᠷᠢ ᠬᠣᠭᠣᠷᠣᠨᠳᠤ ᠵᠢᠨ ᠵᠣᠬᠢᠴᠠᠭᠤᠯᠤᠯᠲᠠ ᠵᠢ ᠪᠡᠬᠢᠵᠢᠭᠦᠯᠵᠦ᠂ ᠬᠣᠯᠪᠣᠭᠳᠠᠬᠤ ᠪᠠᠢ᠌ᠭᠤᠯᠭ᠎ᠠ ᠨᠢᠭᠡᠴᠢ᠎ᠲᠠᠢ ᠬᠣᠷᠰᠢᠨ ᠵᠠᠰᠠᠮᠠᠯ ᠵᠠᠮ᠎ᠤᠨ ᠪᠣᠭᠣᠮᠲᠠ᠂ ᠲᠡᠮᠦᠷ ᠵᠠᠮ᠎ᠤᠨ ᠪᠣᠭᠣᠮᠲᠠ ᠪᠣᠯᠣᠨ ᠭᠠᠷᠠᠮ᠎ᠤᠨ ᠪᠣᠭᠣᠮᠲᠠ (ᠠᠭ᠋ᠠᠷ᠎ᠤᠨ ᠪᠣᠭᠣᠮᠲᠠ᠂ ᠳᠠᠯᠠᠢ ᠵᠢᠨ ᠪᠣᠭᠣᠮᠲᠠ) ᠵᠢᠨ ᠬᠢᠵᠢᠭ᠎ᠤᠨ ᠪᠠᠶ᠋ᠢᠴᠠᠭ᠋ᠠᠯᠲᠠ ᠵᠢᠨ ᠠᠵᠢᠯ᠂ ᠲᠡᠭᠦᠨᠴᠢᠯᠡᠨ ᠤᠯᠤᠰ ᠬᠣᠭᠣᠷᠣᠨᠳᠤ ᠵᠢᠨ ᠨᠢᠰᠦᠯᠭᠡ᠂ ᠤᠰᠤᠨ ᠣᠩᠭᠣᠴᠠᠨ᠎ᠤ ᠤᠬᠢᠶᠠᠳᠠᠰᠤ ᠵᠡᠷᠭᠡ ᠬᠠᠶᠠᠭᠳᠠᠯ ᠪᠣᠳᠠᠰ᠎ᠢ ᠬᠣᠣᠷᠳᠠᠯ ᠦᠭᠡᠢ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠨ᠎ᠡ᠃
     6.6 ᠤᠬᠠᠭᠤᠯᠭ᠎ᠠ ᠬᠥᠮᠥᠵᠢᠯ
      ᠡᠯ᠎ᠡ ᠭᠠᠵᠠᠷ ᠣᠷᠣᠨ᠎ᠨᠢ ᠡᠩᠨᠡᠭᠡ᠎ᠪᠠᠨ ᠪᠦᠲᠦᠭᠡᠨ ᠪᠠᠶ᠋ᠢᠭᠤᠯᠬᠤ ᠵᠢ ᠴᠢᠩᠭ᠋ᠠᠳᠬᠠᠵᠤ᠂ ᠲᠣᠭᠲᠠᠮᠠᠯ ᠬᠤᠭᠤᠴᠠᠭ᠋ᠠᠨ᠎ᠳᠤ ᠰᠡᠷᠭᠡᠶ᠋ᠢᠯᠡᠨ ᠬᠢᠵᠠᠭ᠋ᠠᠷᠯᠠᠬᠤ ᠮᠡᠷᠭᠡᠵᠢᠯ᠎ᠤᠨ ᠪᠣᠯᠪᠠᠰᠤᠷᠠᠯ ᠬᠢᠵᠦ ᠭᠣᠣᠯᠳᠠᠯᠭ᠎ᠠ᠎ᠲᠠᠢ᠎ᠪᠠᠷ ᠡᠪᠡᠳᠴᠢᠨ᠎ᠤ ᠢᠯᠡᠷᠡᠯ᠎ᠢ ᠮᠡᠳᠡᠬᠦ᠂ ᠢᠯᠭ᠋ᠠᠵᠤ ᠮᠡᠳᠡᠬᠦ᠂ ᠮᠡᠳᠡᠭᠦᠯᠬᠦ᠂ ᠬᠢᠨᠠᠨ ᠬᠡᠮᠵᠢᠬᠦ᠂ ᠠᠷᠢᠭᠤᠳᠬᠠᠬᠤ ᠪᠣᠯᠣᠨ ᠬᠣᠣᠷᠳᠠᠯ ᠦᠭᠡᠢ ᠰᠢᠢ᠍ᠳᠪᠦᠷᠢᠯᠡᠬᠦ ᠵᠡᠷᠭᠡ ᠬᠣᠯᠪᠣᠭᠳᠠᠯ ᠪᠦᠬᠦᠢ ᠰᠤᠷᠭ᠋ᠠᠯᠲᠠ ᠵᠢ ᠴᠢᠩᠭ᠋ᠠᠳᠬᠠᠨ᠎ᠠ᠃ ᠬᠢᠵᠢᠭ᠎ᠠᠴᠠ ᠰᠡᠷᠭᠡᠶ᠋ᠢᠯᠡᠬᠦ ᠰᠤᠷᠲᠠᠯ ᠤᠬᠠᠭᠤᠯᠭ᠎ᠠ ᠵᠢ ᠴᠢᠩᠭ᠋ᠠᠳᠬᠠᠵᠤ᠂ ᠲᠥᠷᠥᠯ ᠪᠦᠷᠢ ᠵᠢᠨ ᠬᠡᠪᠯᠡᠯ ᠮᠡᠳᠡᠭᠡᠯᠡᠯ᠎ᠤᠨ ᠬᠡᠷᠡᠭᠰᠡᠯ ᠵᠶ᠋ᠠᠷ ᠳᠠᠮᠵᠢᠭᠤᠯᠤᠨ ᠠᠹᠷᠢᠺᠠ ᠵᠢᠨ ᠭᠠᠬᠠᠢ ᠵᠢᠨ ᠬᠢᠵᠢᠭ᠎ᠢ ᠰᠡᠷᠭᠡᠶ᠋ᠢᠯᠡᠨ ᠬᠢᠵᠠᠭ᠋ᠠᠷᠯᠠᠬᠤ ᠪᠣᠯᠣᠨ ᠪᠠᠴᠢᠮ ᠰᠢᠢ᠍ᠳᠪᠦᠷᠢᠯᠡᠬᠦ ᠮᠡᠳᠡᠯᠭᠡ ᠵᠢ ᠲᠦᠭᠡᠮᠡᠯᠵᠢᠭᠦᠯᠵᠦ᠂ ᠨᠡᠶ᠋ᠢᠭᠡᠮ᠎ᠤᠨ ᠬᠦᠴᠦᠨ᠎ᠢ ᠳᠠᠶ᠋ᠢᠴᠢᠯᠠᠵᠤ᠂ ᠡᠯ᠎ᠡ ᠲᠥᠷᠥᠯ᠎ᠤᠨ ᠰᠡᠷᠭᠡᠶ᠋ᠢᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠬᠡᠪ᠎ᠤᠨ ᠦᠢ᠍ᠯᠡᠳᠪᠦᠷᠢᠯᠡᠯ ᠪᠣᠯᠣᠨ ᠡᠮᠬᠢ ᠳᠢᠭᠯᠢᠮ᠎ᠢ ᠬᠠᠮᠠᠭ᠋ᠠᠯᠠᠨ᠎ᠠ᠃
     6.7 ᠣᠯᠠᠨ ᠤᠯᠤᠰ᠎ᠤᠨ ᠬᠠᠷᠢᠯᠴᠠᠭ᠎ᠠ ᠬᠠᠮᠲᠤ ᠵᠢᠨ ᠠᠵᠢᠯᠯᠠᠭ᠎ᠠ
      ᠭᠠᠳᠠᠭ᠋ᠠᠳᠤ᠎ᠳᠤ ᠬᠠᠨᠳᠤᠭᠤᠯᠤᠭᠰᠠᠨ ᠮᠡᠷᠭᠡᠵᠢᠯ᠎ᠤᠨ ᠰᠣᠯᠢᠯᠴᠠᠭ᠎ᠠ ᠪᠣᠯᠣᠨ ᠬᠠᠮᠲᠤ ᠵᠢᠨ ᠠᠵᠢᠯᠯᠠᠭ᠎ᠠ ᠵᠢ ᠪᠡᠬᠢᠵᠢᠭᠦᠯᠬᠦ᠂ ᠣᠯᠠᠨ ᠤᠯᠤᠰ᠎ᠤᠨ ᠳᠡᠮᠵᠢᠯᠭᠡ ᠵᠢ ᠠᠪᠬᠤ ᠵᠢ ᠬᠢᠴᠢᠶᠡᠬᠦ᠂ ᠬᠢᠵᠢᠭ᠎ᠤᠨ ᠪᠠᠶ᠋ᠢᠳᠠᠯ ᠮᠠᠨ᠎ᠤ ᠤᠯᠤᠰ᠎ᠤᠨ ᠡᠳ᠋᠎ᠤᠨ ᠵᠠᠰᠠᠭ᠂ ᠬᠤᠳᠠᠯᠳᠤᠭ᠎ᠠ᠂ ᠠᠶᠠᠯᠠᠯ ᠵᠢᠭᠤᠯᠴᠢᠯᠠᠯ᠎ᠳᠤ ᠮᠠᠭᠤ᠎ᠪᠠᠷ ᠨᠥᠯᠥᠭᠡᠯᠡᠬᠦ ᠵᠢ ᠪᠠᠭ᠋ᠠᠰᠬᠠᠨ᠎ᠠ᠃
     7 ᠨᠡᠮᠡᠯᠲᠡ ᠳᠦᠷᠢᠮ
     7.1 ᠲᠤᠰ ᠤᠷᠢᠳᠴᠢᠯᠠᠭᠰᠠᠨ ᠲᠥᠰᠥᠪ᠎ᠢ ᠲᠠᠷᠢᠶᠠᠯᠠᠩ᠎ᠤᠨ ᠶᠠᠮᠤᠨ᠎ᠠᠴᠠ ᠬᠠᠷᠢᠭᠤᠴᠠᠵᠤ ᠲᠠᠶ᠋ᠢᠯᠪᠤᠷᠢᠯᠠᠨ᠎ᠠ᠃
     7.2 ᠲᠤᠰ ᠤᠷᠢᠳᠴᠢᠯᠠᠭᠰᠠᠨ ᠲᠥᠰᠥᠪ ᠨᠡᠶ᠋ᠢᠲᠡᠯᠡᠭᠳᠡᠭᠰᠡᠨ ᠡᠳᠦᠷ᠎ᠠᠴᠠ ᠡᠬᠢᠯᠡᠵᠦ ᠬᠦᠴᠦᠨ ᠲᠡᠭᠦᠯᠳᠡᠷ ᠪᠣᠯᠣᠨ᠎ᠠ᠃

ᠢᠷᠡᠯᠲᠡ᠄ ᠦᠪᠦᠷ ᠮᠣᠩᠭᠣᠯ᠎ᠤᠨ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ
          
ᠬᠠᠮᠢᠶ᠎ᠡ ᠪᠦᠬᠦᠢ ᠰᠣᠨᠢᠨ
ᠬᠤᠨᠢ ᠢᠮᠠᠭ᠋ᠠᠨ᠎ᠤ ᠨᠢᠲᠤᠯᠭ᠋ᠠᠨ᠎ᠤ ᠬᠢᠵᠢᠭ ᠪᠠᠶ᠋ᠢᠴᠠᠭ᠋ᠠᠯᠲᠠ ᠵᠢᠨ ᠵᠢᠷᠤᠮ
ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠮᠠᠯ ᠠᠵᠦ ᠠᠬᠤᠢ ᠵᠢᠨ ᠬᠠᠦᠯᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠢᠳᠡᠭᠡᠨ ᠡᠳ᠋ᠰᠢᠯᠡᠭᠦᠯᠬᠦ ᠵᠢᠵᠢᠭ ᠦᠢ᠍ᠯᠡᠳᠬᠡᠯ ᠪᠤᠯᠤᠨ ᠢᠳᠡᠭᠡᠨ᠎ᠤ ᠳᠡᠯᠭᠡᠭᠦᠷᠴᠢᠨ᠎ᠤ ᠬᠠᠮᠢᠶᠠᠷᠤᠯᠲᠠ ᠵᠢᠨ ᠳᠦᠷᠢᠮ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠲᠦᠷ ᠬᠡᠷᠡᠭᠵᠢᠭᠦᠯᠬᠦ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠲᠦᠷᠢᠮ
 
            