ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠮᠠᠯ ᠠᠵᠦ ᠠᠬᠤᠢ ᠵᠢᠨ ᠬᠠᠦᠯᠢ
ᠨᠡᠶ᠋ᠢᠲᠡᠯᠡᠭᠰᠡᠨ ᠴᠠᠭ᠄ 2020-08-13

     (2005 ᠤᠨ᠎ᠤ 12 ᠳ᠋ᠤᠭ᠋ᠠᠷ ᠰᠠᠷ᠎ᠠ ᠵᠢᠨ 29᠎ᠤ ᠡᠳᠤᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠡᠭᠭᠤ ᠵᠢᠨ ᠬᠤᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠠ᠎ᠠᠴᠠ ᠪᠠᠳᠤᠯᠠᠪᠠ) 
      ᠭᠠᠷᠴᠠᠭ
      ᠨᠢᠭᠡᠳᠤᠭᠡᠷ ᠪᠦᠯᠦᠭ ᠶᠡᠷᠦᠩᠭᠡᠢ ᠲᠦᠷᠢᠮ
      ᠬᠤᠶᠠᠳᠤᠭ᠋ᠠᠷ ᠪᠦᠯᠦᠭ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ
      ᠭᠤᠷᠪᠠᠳᠤᠭ᠋ᠠᠷ ᠪᠦᠯᠦᠭ ᠦᠷ᠎ᠠ ᠵᠢᠨ ᠮᠠᠯ ᠵᠢᠬᠦᠷᠳᠡᠨ᠎ᠤ ᠡᠬᠦᠯᠳᠡᠷ᠎ᠢ ᠰᠤᠩᠭᠤᠨ ᠪᠤᠶ᠋ᠢᠵᠢᠭᠤᠯᠬᠤ ᠪᠠ ᠦᠢ᠍ᠯᠡᠳᠪᠦᠷᠢᠯᠡᠵᠦ ᠡᠵᠡᠩᠨᠡᠬᠦ
      ᠲᠦᠷᠪᠡᠳᠦᠬᠡᠷ ᠪᠦᠯᠦᠭ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ
      ᠲᠠᠪᠤᠳᠤᠭ᠋ᠠᠷ ᠪᠦᠯᠦᠭ ᠮᠠᠯ ᠵᠢᠬᠦᠷᠳᠡᠨ᠎ᠢ ᠠᠷᠠᠯᠵᠢᠶᠠᠯᠠᠬᠤ ᠪᠠ ᠵᠦᠭᠡᠭᠡᠪᠦᠷᠢᠯᠡᠬᠦ
      ᠵᠢᠷᠭᠤᠳᠤᠭ᠋ᠠᠷ ᠪᠦᠯᠦᠭ ᠶᠠᠰᠦ ᠴᠢᠨᠠᠷ᠎ᠤᠨ ᠠᠶᠤᠯᠬᠦᠢ ᠵᠢ ᠪᠠᠳᠤᠯᠠᠬᠤ
      ᠲᠤᠯᠤᠳᠤᠭ᠋ᠠᠷ ᠪᠦᠯᠦᠭ ᠬᠠᠦᠯᠢ ᠵᠢᠨ ᠬᠠᠷᠢᠭᠤᠴᠠᠯᠭ᠎ᠠ
      ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠬᠰᠠᠨ ᠲᠦᠷᠢᠮ
      ᠨᠢᠭᠡᠳᠦᠭᠡᠷ ᠪᠦᠯᠦᠭ ᠶᠡᠷᠦᠩᠭᠡᠢ ᠲᠦᠷᠢᠮ
      ᠨᠢᠭᠡᠳᠦᠭᠡᠷ ᠵᠦᠢ᠍ᠯ
ᠮᠠᠯ ᠠᠵᠦ ᠠᠬᠤᠢ ᠵᠢᠨ ᠦᠢ᠍ᠯᠡᠳᠪᠦᠷᠢᠯᠡᠯ ᠡᠵᠡᠩᠨᠡᠯᠳᠡ ᠵᠢᠨ ᠠᠵᠢᠯᠯᠠᠭ᠎ᠠ ᠵᠢ ᠵᠢᠷᠤᠮᠵᠢᠭᠤᠯᠤᠨ᠂ ᠮᠠᠯ ᠵᠢᠬᠦᠷᠳᠡᠨ᠎ᠤ ᠪᠦᠳᠦᠭᠡᠭᠳᠡᠬᠦᠨ᠎ᠤ ᠶᠠᠰᠦ ᠴᠢᠨᠠᠷ᠎ᠤᠨ ᠠᠶᠤᠯᠭᠦᠢ ᠪᠠᠶ᠋ᠢᠬᠤ ᠵᠢ ᠪᠠᠳᠤᠯᠠᠵᠦ᠂ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠤᠬᠢᠰᠳᠠᠢ ᠠᠰᠢᠬᠯᠠᠵᠦ᠂ ᠮᠠᠯ ᠠᠵᠦ ᠠᠬᠤᠢ ᠵᠢᠨ ᠦᠢ᠍ᠯᠡᠳᠪᠦᠷᠢᠯᠡᠭᠴᠢᠳ ᠡᠵᠡᠩᠨᠡᠭᠴᠢᠳ᠎ᠤᠨ ᠬᠠᠦᠯᠢ ᠶᠤᠰᠤᠨ᠎ᠤ ᠡᠷᠭᠡ ᠠᠰᠢᠭ᠎ᠢ ᠬᠠᠮᠠᠭ᠋ᠠᠯᠠᠨ᠂ ᠮᠠᠯ ᠠᠵᠦ ᠠᠬᠤᠢ ᠵᠢᠨ ᠦᠷᠬᠦᠯᠵᠢᠯᠡᠨ ᠡᠷᠡᠬᠦᠯ ᠵᠶ᠋ᠠᠷ ᠬᠦᠭᠵᠢᠬᠦ ᠵᠢ ᠠᠬᠢᠭᠤᠯᠬᠤ ᠵᠢᠨ ᠲᠦᠯᠦᠭᠡ ᠲᠤᠰ ᠬᠠᠦᠯᠢ ᠵᠢ ᠲᠤᠭᠳᠠᠭ᠋ᠠᠪᠠ᠃
      ᠬᠤᠶᠠᠳᠤᠭ᠋ᠠᠷ ᠵᠦᠢ᠍ᠯ ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠬᠢᠯᠢ ᠵᠢᠨ ᠲᠤᠳᠤᠷ᠎ᠠ ᠮᠠᠯ ᠵᠢᠭᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠵᠦ ᠠᠰᠢᠭᠯᠠᠬᠤ᠂ ᠪᠤᠶ᠋ᠢᠵᠢᠭᠤᠯᠤᠨ ᠦᠷᠡᠵᠢᠬᠦᠯᠬᠦ᠂ ᠠᠷᠠᠴᠢᠯᠠᠨ ᠲᠡᠵᠢᠭᠡᠬᠦ᠂ ᠡᠵᠡᠩᠨᠡᠬᠦ᠂ ᠵᠦᠭᠡᠭᠡᠪᠦᠷᠢᠯᠡᠬᠦ ᠵᠡᠷᠭᠡ ᠠᠵᠢᠯᠯᠠᠭ᠎ᠠ ᠬᠢᠬᠦ᠎ᠳᠤ ᠲᠤᠰ ᠬᠠᠦᠯᠢ ᠵᠢ ᠬᠡᠷᠡᠭᠯᠡᠨ᠎ᠠ᠃
      ᠲᠤᠰ ᠬᠠᠦᠯᠢ᠎ᠳᠤ ᠬᠡᠯᠡᠵᠦ ᠪᠠᠶ᠋ᠢᠭ᠎ᠠ ᠮᠠᠯ ᠵᠢᠬᠦᠷᠳᠡᠨ ᠭᠡᠳᠡᠭ ᠪᠤᠯ ᠲᠤᠰ ᠬᠠᠦᠯᠢ ᠵᠢᠨ ᠠᠷᠪᠠᠨ ᠨᠢᠭᠡᠳᠦᠭᠡᠷ ᠵᠦᠢ᠍ᠯ᠎ᠤᠨ ᠲᠤᠭᠳᠠᠭ᠋ᠠᠯ ᠶᠤᠰᠤᠭ᠋ᠠᠷ ᠨᠡᠶ᠋ᠢᠳᠡᠯᠡᠭᠰᠠᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠲᠤ ᠤᠷᠤᠭᠤᠯᠤᠭᠰᠠᠨ ᠮᠠᠯ ᠵᠢᠬᠦᠷᠳᠡᠨ᠎ᠢ ᠬᠡᠯᠡᠵᠦ ᠪᠠᠶ᠋ᠢᠨ᠎ᠠ᠃ ᠵᠦᠬᠡᠢ᠂ ᠬᠦᠷᠢ ᠵᠢᠨ ᠡᠬᠢ ᠪᠠᠶᠠᠯᠢᠭ᠎ᠢ ᠬᠠᠮᠠᠭ᠋ᠠᠯᠠᠵᠦ ᠠᠰᠢᠭᠯᠠᠬᠤ ᠪᠤᠯᠤᠨ ᠦᠢ᠍ᠯᠡᠳᠪᠦᠷᠢᠯᠡᠵᠦ ᠡᠵᠡᠩᠨᠡᠬᠦ᠎ᠳᠤ ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠬᠡᠷᠡᠭᠯᠡᠨ᠎ᠠ᠃
      ᠭᠤᠷᠪᠠᠳᠤᠭ᠋ᠠᠷ ᠵᠦᠢ᠍ᠯ ᠤᠯᠤᠰ᠎ᠠᠴᠠ ᠮᠠᠯ ᠠᠵᠦ ᠠᠬᠤᠢ ᠵᠢᠨ ᠬᠦᠭᠵᠢᠯᠳᠡ ᠵᠢ ᠲᠡᠮᠵᠢᠵᠦ᠂ ᠲᠠᠷᠢᠶᠠᠯᠠᠩ᠂ ᠬᠦᠳᠡᠭᠡ ᠲᠤᠰᠬᠤᠨ᠎ᠤ ᠠᠵᠦ ᠠᠬᠤᠢ ᠵᠢ ᠬᠦᠭᠵᠢᠬᠦᠯᠬᠦ ᠪᠠ ᠲᠠᠷᠢᠶᠠᠴᠢᠳ᠎ᠤᠨ ᠤᠷᠤᠯᠭ᠎ᠠ ᠵᠢ ᠨᠡᠮᠡᠭᠳᠡᠬᠦᠯᠬᠦ᠎ᠳᠤ ᠮᠠᠯ ᠠᠵᠦ ᠠᠬᠤᠢ ᠵᠢᠨ ᠦᠵᠡᠬᠦᠯᠬᠦ ᠦᠢ᠍ᠯᠡᠳᠦᠯ᠎ᠢ ᠪᠠᠳᠠᠷᠠᠭᠤᠯᠤᠨ᠎ᠠ᠃ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠤᠭᠤᠳ ᠠᠷᠭ᠎ᠠ ᠬᠡᠮᠵᠢᠶ᠎ᠠ ᠠᠪᠴᠦ ᠪᠠᠶ᠋ᠢᠭ᠋ᠠᠳ ᠮᠠᠯ ᠠᠵᠦ ᠠᠬᠤᠢ ᠵᠢᠨ ᠰᠠᠭᠤᠷᠢ ᠲᠦᠬᠦᠭᠡᠷᠤᠮᠵᠢ ᠵᠢᠨ ᠪᠦᠳᠦᠭᠡᠨ ᠪᠠᠶ᠋ᠢᠭᠤᠯᠤᠯᠳᠠ ᠵᠢ ᠴᠢᠩᠭ᠋ᠠᠳᠬᠠᠨ᠂ ᠬᠡᠪᠴᠢᠶᠡᠵᠢᠬᠦᠯᠦᠨ ᠲᠡᠵᠢᠭᠡᠵᠦ ᠦᠷᠡᠵᠢᠭᠦᠯᠬᠦ ᠦᠢ᠍ᠯᠡᠰ᠎ᠤᠨ ᠬᠦᠭᠵᠢᠯᠳᠠ ᠵᠢ ᠵᠤᠷᠢᠬ᠍ᠵᠢᠭᠤᠯᠤᠨ ᠲᠡᠳᠬᠦᠵᠦ᠂ ᠮᠠᠯ ᠠᠵᠦ ᠠᠬᠤᠢ ᠵᠢᠨ ᠠᠵᠦ ᠦᠢ᠍ᠯᠡᠰᠵᠢᠭᠰᠡᠨ ᠡᠵᠡᠩᠨᠡᠯᠳᠡ ᠵᠢ ᠠᠬᠢᠭᠤᠯᠵᠦ᠂ ᠮᠠᠯ ᠠᠵᠦ ᠠᠬᠤᠢ ᠵᠢᠨ ᠶᠡᠷᠦᠩᠭᠡᠶ᠋ᠢᠯᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠲᠡᠭᠡᠭᠰᠢᠯᠡᠬᠦᠯᠵᠦ᠂ ᠴᠢᠨᠠᠷ ᠰᠠᠶ᠋ᠢᠳᠠᠢ᠂ ᠦᠨᠳᠦᠷ ᠦᠷ᠎ᠠ ᠠᠰᠢᠭᠳᠠᠢ᠂ ᠠᠮᠢ ᠠᠬᠤᠢ ᠵᠢᠨ᠂ ᠠᠶᠤᠯᠬᠦᠢ ᠮᠠᠯ ᠠᠵᠦ ᠠᠬᠤᠢ ᠵᠢ ᠬᠦᠭᠵᠢᠬᠦᠯᠬᠦ ᠭᠡᠷᠡᠭᠳᠠᠢ᠃
      ᠤᠯᠤᠰ᠎ᠠᠴᠠ ᠴᠦᠬᠡᠨ ᠲᠤᠭ᠋ᠠᠳᠦ ᠦᠨᠳᠦᠰᠦᠳᠡᠨ᠎ᠤ ᠭᠠᠵᠠᠷ ᠤᠷᠤᠨ᠂ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠤ ᠮᠠᠯ ᠠᠵᠦ ᠠᠬᠤᠢ ᠵᠢ ᠬᠦᠭᠵᠢᠬᠦᠯᠵᠦ᠂ ᠨᠤᠳᠤᠭ ᠪᠡᠯᠴᠢᠭᠡᠷ᠎ᠢ ᠬᠠᠮᠠᠭ᠋ᠠᠯᠠᠬᠤ ᠪᠠ ᠵᠦᠢ ᠵᠤᠬᠢᠰᠳᠠᠢ ᠠᠰᠢᠬᠯᠠᠬᠤ᠂ ᠮᠠᠯ ᠠᠵᠦ ᠠᠬᠤᠢ ᠵᠢᠨ ᠦᠢ᠍ᠯᠡᠳᠪᠦᠷᠢᠯᠡᠯ᠎ᠤᠨ ᠨᠦᠬᠦᠴᠡᠯ᠎ᠢ ᠰᠠᠶ᠋ᠢᠵᠢᠷᠠᠭᠤᠯᠬᠤ ᠵᠢ ᠬᠠᠪᠰᠤᠷᠤᠨ ᠲᠡᠳᠬᠦᠨ᠎ᠠ᠃
      ᠲᠦᠷᠪᠡᠳᠦᠭᠡᠷ ᠵᠦᠢ᠍ᠯ ᠤᠯᠤᠰ᠎ᠠᠴᠠ ᠠᠷᠭ᠎ᠠ ᠬᠡᠮᠵᠢᠶ᠎ᠠ ᠠᠪᠴᠦ ᠪᠠᠶ᠋ᠢᠭ᠋ᠠᠳ ᠮᠠᠯ ᠠᠵᠦ ᠠᠬᠤᠢ ᠮᠠᠯ ᠡᠮᠨᠡᠯᠭᠡ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠳᠠᠨ᠎ᠢ ᠬᠦᠮᠦᠵᠢᠬᠦᠯᠦᠨ᠂ ᠮᠠᠯ ᠠᠵᠦ ᠠᠬᠤᠢ ᠮᠠᠯ ᠡᠮᠨᠡᠯᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠰᠤᠳᠤᠯᠬᠤ ᠪᠠ ᠲᠡᠯᠭᠡᠷᠡᠬᠦᠯᠬᠦ ᠦᠢ᠍ᠯᠡᠰ᠎ᠢ ᠬᠦᠭᠵᠢᠬᠦᠯᠵᠦ᠂ ᠮᠠᠯ ᠠᠵᠦ ᠠᠬᠤᠢ ᠮᠠᠯ ᠡᠮᠨᠡᠯᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢᠨ ᠬᠦᠮᠦᠵᠢᠯ ᠤᠬᠠᠭᠤᠯᠭ᠎ᠠ ᠵᠢᠨ ᠠᠵᠢᠯ ᠪᠤᠯᠤᠨ ᠮᠠᠯ ᠠᠵᠦ ᠠᠬᠤᠢ ᠮᠠᠯ ᠡᠮᠨᠡᠯᠭᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠦᠷᠨᠢᠬᠦᠯᠵᠦ᠂ ᠮᠠᠯ ᠠᠵᠦ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢ ᠠᠬᠢᠭᠤᠯᠤᠨ᠎ᠠ᠃
      ᠲᠠᠪᠤᠳᠤᠭ᠋ᠠᠷ ᠵᠦᠢ᠍ᠯ ᠮᠠᠯ ᠠᠵᠦ ᠠᠬᠤᠢ ᠵᠢᠨ ᠦᠢ᠍ᠯᠡᠳᠪᠦᠷᠢᠯᠡᠭᠴᠢᠳ ᠡᠵᠡᠩᠨᠡᠭᠴᠢᠳ ᠰᠠᠶ᠋ᠢᠨ ᠲᠤᠷ᠎ᠠ᠎ᠠᠴᠠ᠎ᠪᠠᠨ ᠬᠠᠦᠯᠢ ᠶᠤᠰᠤᠭ᠋ᠠᠷ ᠠᠵᠢᠯ ᠲᠦᠷᠦᠯ᠎ᠤᠨ ᠨᠡᠶ᠋ᠢᠭᠡᠮᠯᠢᠭ᠎ᠢ ᠪᠠᠶ᠋ᠢᠭᠤᠯᠵᠦ᠂ ᠪᠦᠷᠢᠯᠳᠦᠬᠦᠨ᠎ᠳᠡᠭᠡᠨ ᠮᠡᠳᠡᠭᠡ ᠵᠠᠩᠭᠢ᠂ ᠮᠡᠷᠭᠡᠵᠢᠯ᠂ ᠡᠵᠡᠩᠨᠡᠯᠳᠡ᠂ ᠪᠤᠷᠤᠯᠠᠭᠤᠯᠭ᠎ᠠ᠂ ᠪᠤᠯᠪᠠᠰᠤᠷᠠᠭᠤᠯᠤᠯ ᠵᠡᠷᠭᠡ ᠳᠠᠯ᠎ᠠ ᠵᠢᠨ ᠦᠢ᠍ᠯᠡᠴᠢᠯᠡᠭᠡ ᠬᠠᠨᠭ᠌ᠭ᠋ᠠᠵᠦ᠂ ᠠᠵᠢᠯ ᠲᠦᠷᠤᠯ᠎ᠤᠨ ᠦᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠦ᠂ ᠪᠦᠷᠢᠯᠳᠦᠬᠦᠨ ᠪᠠ ᠠᠵᠢᠯ ᠲᠦᠷᠦᠯ᠎ᠤᠨ ᠵᠶ᠋ᠠᠨ ᠠᠰᠢᠭ ᠲᠤᠰᠠ ᠵᠢ ᠬᠠᠮᠠᠭ᠋ᠠᠯᠠᠵᠦ ᠪᠤᠯᠤᠨ᠎ᠠ᠃
      ᠵᠢᠷᠭᠤᠳᠤᠭ᠋ᠠᠷ ᠵᠦᠢ᠍ᠯ ᠮᠠᠯ ᠠᠵᠦ ᠠᠬᠤᠢ ᠵᠢᠨ ᠦᠢ᠍ᠯᠡᠳᠪᠦᠷᠢᠯᠡᠭᠴᠢᠳ ᠡᠵᠡᠩᠨᠡᠭᠴᠢᠳ ᠠᠮᠢᠳᠠᠨ᠎ᠤ ᠬᠢᠵᠢᠭ᠎ᠢ ᠰᠡᠷᠭᠡᠶ᠋ᠢᠯᠡᠬᠦ ᠪᠠ ᠤᠷᠴᠢᠨ ᠠᠬᠤᠢ ᠵᠢ ᠬᠠᠮᠠᠭ᠋ᠠᠯᠠᠬᠤ ᠡᠬᠦᠷᠭᠡ᠎ᠪᠠᠨ ᠬᠠᠦᠯᠢ ᠶᠤᠰᠤᠭ᠋ᠠᠷ ᠬᠦᠢ᠍ᠴᠡᠳᠭᠡᠵᠦ᠂ ᠬᠤᠯᠪᠤᠭᠳᠠᠯ ᠪᠦᠭᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠬᠠᠦᠯᠢ ᠶᠤᠰᠤᠭ᠋ᠠᠷ ᠶᠠᠪᠤᠭᠤᠯᠬᠤ ᠬᠢᠨᠠᠯᠳᠠ ᠪᠠᠶ᠋ᠢᠴᠠᠭ᠋ᠠᠯᠳᠠ ᠵᠢ ᠬᠦᠯᠢᠶᠡᠬᠦ ᠬᠡᠷᠡᠭᠳᠠᠢ᠃
      ᠳᠣᠯᠣᠳᠣᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠪᠦᠬᠦ ᠤᠯᠤᠰ᠎ᠤᠨ ᠮᠠᠯ ᠠᠵᠦ ᠠᠬᠤᠢ ᠵᠢᠨ ᠬᠢᠨᠠᠯᠳᠠ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃ ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠲᠤᠰ ᠵᠠᠰᠠᠭ ᠵᠠᠬᠢᠷᠭ᠋ᠠᠨ᠎ᠤ ᠤᠷᠤᠨ᠎ᠤ᠎ᠪᠠᠨ ᠲᠤᠳᠤᠷᠠᠬᠢ ᠮᠠᠯ ᠠᠵᠦ ᠠᠬᠤᠢ ᠵᠢᠨ ᠬᠢᠨᠠᠯᠳᠠ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃
      ᠰᠢᠶᠠᠠ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠲᠤᠰ ᠲᠤᠰ᠎ᠤᠨ ᠡᠬᠦᠷᠭᠡ ᠬᠠᠷᠢᠭᠤᠴᠠᠯᠭ᠎ᠠ ᠵᠢᠨ ᠬᠡᠪᠴᠢᠶᠠᠨ᠎ᠳᠡᠭᠡᠨ ᠮᠠᠯ ᠠᠵᠦ ᠠᠬᠤᠢ ᠵᠢᠨ ᠬᠦᠭᠵᠢᠯᠳᠠ ᠵᠢ ᠠᠬᠢᠭᠤᠯᠬᠤ ᠬᠤᠯᠪᠤᠭᠳᠠᠯ ᠪᠦᠭᠦᠢ ᠠᠵᠢᠯ᠎ᠢ ᠬᠠᠷᠢᠭᠤᠴᠠᠨ᠎ᠠ᠃
      ᠨᠠᠢ᠍ᠮᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠮᠠᠯ ᠠᠵᠦ ᠠᠬᠤᠢ ᠵᠢᠨ ᠦᠢ᠍ᠯᠡᠳᠪᠦᠷᠢᠯᠡᠭᠴᠢᠳ ᠡᠵᠡᠩᠨᠡᠭᠴᠢᠳ᠎ᠢ ᠵᠢᠯᠤᠭᠤᠳᠴᠦ ᠪᠠᠶ᠋ᠢᠭ᠋ᠠᠳ ᠮᠠᠯ ᠵᠢᠬᠦᠷᠳᠡᠨ᠎ᠢ ᠪᠤᠶ᠋ᠢᠵᠢᠭᠤᠯᠤᠨ ᠦᠷᠡᠵᠢᠬᠦᠯᠬᠦ᠂ ᠠᠷᠠᠴᠢᠯᠠᠨ ᠲᠡᠵᠢᠭᠡᠬᠦ᠂ ᠵᠦᠭᠡᠭᠡᠪᠦᠷᠢᠯᠡᠬᠦ ᠨᠦᠬᠦᠴᠡᠯ ᠪᠤᠯᠤᠨ ᠤᠷᠴᠢᠨ ᠲᠤᠭᠤᠷᠢᠨ᠎ᠢ᠎ᠨᠢ ᠰᠠᠶ᠋ᠢᠵᠢᠷᠠᠭᠤᠯᠬᠤ ᠬᠡᠷᠡᠭᠳᠠᠢ᠃
      ᠬᠤᠶᠠᠳᠤᠭ᠋ᠠᠷ ᠪᠦᠯᠦᠭ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ
      ᠶᠢᠰᠦᠳᠦᠭᠡᠷ ᠵᠦᠢ᠍ᠯ
ᠤᠯᠤᠰ᠎ᠠᠴᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠲᠦᠷᠢᠮ᠎ᠢ ᠲᠤᠭᠳᠠᠭ᠋ᠠᠨ᠎ᠠ᠃ ᠡᠯ᠎ᠠ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠠᠷᠭ᠎ᠠ ᠬᠡᠮᠵᠢᠶ᠎ᠠ ᠠᠪᠴᠦ ᠪᠠᠶ᠋ᠢᠭ᠋ᠠᠳ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠳᠠ ᠵᠢ ᠴᠢᠩᠭ᠋ᠠᠳᠬᠠᠵᠦ᠂ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠵᠠᠷᠤᠳᠠᠯ᠎ᠢ ᠡᠳ᠋᠎ᠤᠨ ᠵᠠᠰᠠᠭ᠎ᠤᠨ ᠲᠦᠰᠦᠪ᠎ᠲᠡᠭᠡᠨ ᠤᠷᠤᠭᠤᠯᠬᠤ ᠬᠡᠷᠡᠭᠳᠠᠢ᠃
      ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠳᠠ᠎ᠨᠢ ᠤᠯᠤᠰ᠎ᠤᠨ᠎ᠬᠢ᠎ᠪᠠᠷ ᠭᠤᠤᠯ ᠪᠤᠯᠭ᠋ᠠᠨ᠂ ᠬᠤᠯᠪᠤᠭᠳᠠᠯ ᠪᠦᠬᠦᠢ ᠨᠢᠭᠡᠴᠢ᠂ ᠬᠤᠪᠢ ᠬᠦᠮᠦᠨ᠎ᠤ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠦᠢ᠍ᠯᠡᠰ᠎ᠢ ᠬᠠᠤᠯᠢ ᠶᠤᠰᠤᠭ᠋ᠠᠷ ᠬᠦᠭᠵᠢᠬᠦᠯᠬᠦ ᠵᠢ ᠵᠤᠷᠢᠬ᠍ᠵᠢᠭᠤᠯᠤᠨ ᠲᠡᠮᠵᠢᠨ᠎ᠠ᠃
      ᠠᠷᠪᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠰᠬᠠᠢ ᠮᠡᠷᠭᠡᠵᠢᠯ᠎ᠤᠨ ᠠᠵᠢᠯᠳᠠᠡ ᠵᠶ᠋ᠠᠷ ᠪᠦᠷᠢᠯᠳᠦᠭᠰᠡᠨ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ᠎ᠢ ᠪᠠᠶ᠋ᠢᠭᠤᠯᠵᠦ᠂ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠰᠢᠯᠭ᠋ᠠᠨ ᠲᠤᠭᠳᠠᠭ᠋ᠠᠬᠤ᠂ ᠦᠨᠡᠯᠡᠨ ᠵᠢᠱ᠌ᠢᠬᠦ ᠪᠠ ᠮᠠᠯ ᠵᠢᠬᠦᠷᠳᠡᠨ᠎ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ᠎ᠢ ᠬᠢᠨᠠᠨ ᠲᠤᠭᠳᠠᠭ᠋ᠠᠬᠤ ᠠᠵᠢᠯ᠎ᠢ ᠬᠠᠷᠢᠭᠤᠴᠠᠨ᠂ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠬᠯᠠᠬᠤ ᠲᠦᠯᠦᠪᠵᠢᠬᠦᠯᠬᠡ ᠵᠢ ᠨᠤᠳᠠᠯᠠᠬᠤ ᠵᠢᠴᠢ ᠮᠠᠯ ᠵᠢᠭᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠲᠤᠬᠠᠢ ᠬᠤᠯᠪᠤᠬᠳᠠᠯ ᠪᠦᠬᠦᠢ ᠵᠦᠪᠯᠡᠯᠭᠡ ᠦᠭᠬᠦ ᠠᠵᠢᠯ᠎ᠢ ᠡᠬᠦᠷᠭᠡᠯᠡᠨ᠎ᠠ᠃
      ᠠᠷᠪᠠᠨ ᠨᠢᠭᠡᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠪᠠᠶ᠋ᠢᠴᠠᠭ᠋ᠠᠯᠳᠠ ᠵᠢᠨ ᠠᠵᠢᠯ᠎ᠢ ᠵᠤᠬᠢᠶᠠᠨ ᠪᠠᠶ᠋ᠢᠭᠤᠯᠬᠤ᠂ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠪᠠᠶ᠋ᠢᠳᠠᠯ᠎ᠤᠨ ᠲᠤᠬᠠᠢ ᠮᠡᠳᠡᠬᠦᠯᠦᠯᠳᠠ ᠵᠢ ᠨᠡᠶ᠋ᠢᠳᠡᠯᠡᠬᠦ᠂ ᠲᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠭᠦᠯᠦᠭᠰᠡᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠢ ᠨᠡᠶ᠋ᠢᠳᠡᠯᠡᠬᠦ ᠠᠵᠢᠯ᠎ᠢ ᠬᠠᠷᠢᠭᠤᠴᠠᠨ᠎ᠠ᠃
      ᠠᠷᠪᠠᠨ ᠬᠤᠶᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠲᠠᠷᠬᠠᠴᠠ ᠵᠢᠨ ᠪᠠᠶ᠋ᠢᠳᠠᠯ᠎ᠢ ᠦᠨᠳᠦᠰᠦᠯᠡᠡ᠂ ᠪᠦᠬᠦ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠠ ᠠᠰᠢᠬᠯᠠᠬᠤ ᠲᠦᠯᠦᠪᠵᠢᠬᠦᠯᠭᠡ ᠵᠢ ᠲᠤᠭᠳᠠᠭ᠋ᠠᠵᠦ᠂ ᠤᠯᠤᠰ᠎ᠤᠨ ᠲᠡᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠳᠠ ᠵᠢᠨ ᠲᠤᠪᠶᠤᠭ᠎ᠢ ᠲᠤᠭᠳᠠᠭ᠋ᠠᠨ ᠨᠡᠶ᠋ᠢᠳᠡᠯᠡᠵᠦ᠂ ᠮᠠᠨ᠎ᠤ ᠤᠯᠤᠰ᠎ᠤᠨ ᠤᠭ ᠭᠠᠷᠤᠯ᠎ᠲᠠᠢ ᠦᠨᠡᠳᠦ᠂ ᠬᠤᠪᠤᠷ ᠴᠤᠬᠠᠭ᠂ ᠰᠦᠨᠦᠬᠦ ᠰᠢᠬᠠᠭᠰᠠᠨ ᠮᠠᠯ ᠵᠢᠬᠦᠷᠳᠡᠡ᠎ᠤ ᠤᠳᠤᠮᠯᠠᠯ᠎ᠤᠨ ᠡᠬᠢ ᠪᠠᠶᠠᠯᠢᠭ᠎ᠢ ᠭᠤᠤᠯᠳᠠᠯᠭ᠎ᠠ᠎ᠲᠠᠢ᠎ᠪᠠᠷ ᠬᠠᠮᠠᠭ᠋ᠠᠯᠠᠨ᠎ᠠ᠃
      ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠪᠦᠬᠦ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠬᠯᠠᠬᠤ ᠲᠦᠯᠦᠪᠵᠢᠬᠦᠯᠭᠡ ᠵᠢᠴᠢ ᠲᠤᠰ ᠵᠠᠰᠠᠭ ᠵᠠᠬᠢᠷᠭ᠋ᠠᠨ᠎ᠤ ᠤᠷᠤᠨ᠎ᠤ᠎ᠪᠠᠨ ᠲᠤᠳᠤᠷᠠᠬᠢ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠪᠠᠶ᠋ᠢᠳᠠᠯ᠎ᠢ ᠦᠨᠳᠦᠰᠦᠯᠡᠵᠦ᠂ ᠮᠤᠵᠢ ᠵᠢᠨ ᠱᠠᠳᠤᠨ᠎ᠤ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠳᠠ ᠵᠢᠨ ᠲᠤᠪᠶᠤᠭ᠎ᠢ ᠲᠤᠭᠳᠠᠭ᠋ᠠᠨ ᠨᠡᠶ᠋ᠢᠳᠡᠯᠡᠬᠦ ᠵᠢᠨ ᠬᠠᠮᠳᠦ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠤᠨ ᠲᠠᠩᠰᠠᠯᠠᠭᠤᠯᠤᠨ᠎ᠠ᠃
      ᠠᠷᠪᠠᠨ ᠭᠤᠷᠪᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠪᠦᠬᠦ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠬᠯᠠᠬᠤ ᠲᠦᠯᠦᠪᠵᠢᠬᠦᠯᠭᠡ ᠵᠢᠴᠢ ᠤᠯᠤᠰ᠎ᠤᠨ ᠲᠡᠰ᠎ᠤᠨ ᠮᠠᠯ ᠵᠢᠬᠦᠷᠳᠡᠡ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠳᠠ ᠵᠢᠨ ᠲᠤᠪᠶᠤᠭ᠎ᠢ ᠦᠨᠳᠦᠰᠦᠯᠡᠨ᠂ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠮᠤᠵᠢ ᠵᠢᠨ ᠱᠠᠳᠤᠨ᠎ᠤ ᠮᠠᠯ ᠵᠢᠬᠦᠷᠳᠡᠡ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠳᠠ ᠵᠢᠨ ᠲᠤᠪᠶᠤᠭ᠎ᠢ ᠦᠨᠳᠦᠰᠦᠯᠡᠵᠦ᠂ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠦᠷ᠎ᠠ ᠵᠢᠨ ᠬᠠᠮᠠᠭ᠋ᠠᠯᠠᠯᠳᠠ ᠵᠢᠨ ᠲᠠᠯᠠᠪᠠᠢ᠂ ᠬᠠᠮᠠᠭ᠋ᠠᠯᠠᠯᠳᠠ ᠵᠢᠨ ᠤᠷᠤᠨ ᠪᠠ ᠭᠧᠨ᠎ᠤ ᠬᠦᠮᠦᠷᠭᠡ ᠵᠢ ᠲᠤᠰ ᠲᠤᠰ ᠪᠠᠶ᠋ᠢᠭᠤᠯᠬᠤ ᠪᠤᠶᠤ ᠲᠤᠭᠳᠠᠭ᠋ᠠᠵᠦ᠂ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠡᠬᠦᠷᠭᠡ ᠵᠢ ᠡᠬᠦᠷᠭᠡᠯᠡᠨ᠎ᠠ᠃
      ᠲᠦᠪ᠎ᠤᠨ ᠪᠠ ᠮᠤᠵᠢ ᠵᠢᠨ ᠱᠠᠳᠤᠨ᠎ᠤ ᠡᠳ᠋᠎ᠤᠨ ᠵᠠᠰᠠᠭ᠎ᠤᠨ ᠪᠡᠯᠡ ᠮᠦᠡᠭᠭᠦᠨ᠎ᠤ ᠲᠡᠮᠵᠢᠯᠭᠡ ᠵᠢ ᠬᠦᠷᠳᠡᠵᠦ ᠪᠠᠶ᠋ᠢᠭ᠎ᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠦᠷ᠎ᠠ ᠵᠢᠨ ᠬᠠᠮᠠᠭ᠋ᠠᠯᠠᠯᠳᠠ ᠵᠢᠨ ᠲᠠᠯᠠᠪᠠᠢ᠂ ᠬᠠᠮᠠᠭ᠋ᠠᠯᠠᠯᠳᠠ ᠵᠢᠨ ᠤᠷᠤᠨ ᠪᠠ ᠭᠧᠨ᠎ᠤ ᠬᠦᠮᠦᠷᠭᠡ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠵᠦᠪᠰᠢᠶᠠᠷᠡᠯ ᠦᠬᠡᠢ᠎ᠪᠠᠷ ᠬᠠᠮᠠᠭ᠋ᠠᠯᠠᠯᠳᠠ᠎ᠳᠤ ᠪᠠᠶ᠋ᠢᠭ᠎ᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠲᠤᠷ᠎ᠠ᠎ᠪᠠᠷ ᠵᠶ᠋ᠠᠨ ᠰᠢᠢ᠍ᠳᠪᠦᠷᠢᠯᠡᠵᠦ ᠪᠤᠯᠬᠤ ᠦᠭᠡᠢ᠃
      ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠧᠨ᠎ᠤ ᠬᠦᠮᠦᠷᠭᠡ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ᠂ ᠮᠠᠯ ᠵᠢᠬᠦᠷᠳᠡᠨ᠎ᠤ ᠤᠳᠤᠮᠯᠠᠯ᠎ᠤᠨ ᠮᠠᠲ᠋ᠧᠷᠢᠶᠠᠯ᠎ᠢ ᠲᠤᠭᠳᠠᠮᠠᠯ ᠬᠤᠭᠤᠴᠠᠭ᠎ᠠ᠎ᠲᠠᠢ᠎ᠪᠠᠷ ᠴᠤᠬᠯᠠᠭᠤᠯᠤᠨ ᠰᠢᠨᠡᠳᠭᠡᠬᠦ ᠭᠡᠷᠡᠭᠳᠠᠢ᠃ ᠬᠤᠯᠪᠤᠬᠳᠠᠯ ᠪᠦᠬᠦᠢ ᠨᠢᠭᠡᠴᠢ᠂ ᠬᠤᠪᠢ ᠬᠦᠮᠦᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠧᠨ᠎ᠤ ᠬᠦᠮᠦᠷᠭᠡ᠎ᠯᠦᠭᠡ ᠬᠠᠮᠵᠢᠯᠴᠠᠨ ᠮᠠᠯ ᠵᠢᠬᠦᠷᠳᠡᠨ᠎ᠤ ᠤᠳᠤᠮᠯᠠᠯ᠎ᠤᠨ ᠮᠠᠲ᠋ᠧᠷᠢᠶᠠᠯ᠎ᠢ ᠴᠤᠬᠯᠠᠭᠤᠯᠬᠤ ᠵᠢᠨ ᠬᠠᠮᠳᠦ ᠵᠤᠬᠢᠬᠤ ᠬᠡᠮᠵᠢᠶᠠᠨ᠎ᠤ ᠠᠵᠦ ᠠᠬᠤᠢ ᠵᠢᠨ ᠨᠦᠬᠦᠪᠦᠷᠢ ᠤᠯᠬᠤ ᠡᠷᠭᠡ᠎ᠲᠠᠢ᠃
      ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠦᠷ᠎ᠠ ᠵᠢᠨ ᠬᠠᠮᠠᠭ᠋ᠠᠯᠠᠯᠳᠠ ᠵᠢᠨ ᠲᠠᠯᠠᠪᠠᠢ᠂ ᠬᠠᠮᠠᠭ᠋ᠠᠯᠠᠯᠳᠠ ᠵᠢᠨ ᠤᠷᠤᠨ ᠪᠠ ᠭᠧᠨ᠎ᠤ ᠬᠦᠮᠦᠷᠭᠡ ᠵᠢᠨ ᠬᠠᠮᠢᠶᠠᠷᠤᠯᠳᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠠᠷᠪᠠᠨ ᠲᠦᠷᠪᠡᠳᠦᠭᠡᠷ ᠵᠦᠢ᠍ᠯ ᠰᠢᠨ᠎ᠠ᠎ᠪᠠᠷ ᠢᠯᠡᠷᠡᠬᠦᠯᠦᠭᠰᠡᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ ᠰᠢᠯᠭ᠋ᠠᠨ ᠲᠤᠭᠳᠠᠭ᠋ᠠᠬᠤ᠎ᠠᠴᠠ ᠡᠮᠦᠨ᠎ᠠ᠂ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠬᠠᠮᠠᠭ᠋ᠠᠯᠠᠯᠳᠠ ᠵᠢᠨ ᠲᠦᠰᠦᠯ ᠲᠤᠭᠳᠠᠭ᠋ᠠᠵᠦ᠂ ᠲᠦᠷ ᠴᠠᠭ᠎ᠤᠨ ᠬᠠᠮᠠᠭ᠋ᠠᠯᠠᠯᠳᠠ ᠵᠢᠨ ᠠᠷᠭ᠎ᠠ ᠬᠡᠮᠵᠢᠶ᠎ᠠ ᠠᠪᠬᠤ ᠵᠢᠨ ᠬᠠᠮᠳᠦ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠲᠠᠩᠰᠠᠯᠠᠭᠤᠯᠬᠤ ᠬᠡᠷᠡᠭᠳᠠᠢ᠃
      ᠠᠷᠪᠠᠨ ᠲᠠᠪᠤᠳᠤᠭ᠋ᠠᠷ ᠵᠦᠢ᠍ᠯ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ ᠵᠢᠨ ᠭᠠᠳᠠᠨ᠎ᠠ᠎ᠠᠴᠠ ᠤᠷᠤᠭᠤᠯᠵᠦ ᠢᠷᠡᠬᠦ᠎ᠳᠤ ᠬᠦᠷᠪᠡᠯ᠂ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠬᠤ ᠭᠡᠷᠡᠭᠳᠠᠢ; ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶ᠋ᠢᠴᠠᠭ᠋ᠠᠭ᠋ᠠᠳ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠤᠨ ᠦᠨᠡᠯᠡᠨ ᠨᠤᠳᠠᠯᠠᠭᠤᠯᠤᠭᠰᠠᠨ᠎ᠤ ᠲᠠᠷᠠᠭ᠎ᠠ ᠵᠦᠪᠰᠢᠶᠡᠷᠡᠨ᠎ᠠ᠃ ᠵᠦᠪᠰᠢᠶᠠᠷᠡᠭᠰᠡᠨ ᠪᠠᠶ᠋ᠢᠪᠠᠯ᠂ 《ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠬᠢᠯᠢ᠎ᠪᠠᠷ ᠤᠷᠤᠭᠤᠯᠵᠦ ᠭᠠᠷᠭ᠋ᠠᠬᠤ ᠠᠮᠢᠳᠠᠨ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠬᠠᠦᠯᠢ》 ᠵᠢᠨ ᠲᠤᠭᠳᠠᠭ᠋ᠠᠯ ᠶᠤᠰᠤᠭ᠋ᠠᠷ ᠬᠤᠯᠪᠤᠭᠳᠠᠯ ᠪᠦᠬᠦᠢ ᠭᠠᠷ ᠬᠦᠢ᠍ᠴᠡᠳᠭᠡᠯ᠎ᠢ ᠬᠢᠬᠦ ᠵᠢᠨ ᠬᠠᠮᠳᠦ ᠬᠢᠵᠢᠭ᠎ᠤᠨ ᠪᠠᠶ᠋ᠢᠴᠠᠭ᠋ᠠᠯᠳᠠ ᠬᠢᠨ᠎ᠠ᠃
      ᠬᠢᠯᠢ ᠵᠢᠨ ᠭᠠᠳᠠᠨ᠎ᠠ᠎ᠠᠴᠠ ᠤᠷᠤᠭᠤᠯᠤᠬᠰᠠᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠨᠢ ᠬᠢᠯᠢ ᠵᠢᠨ ᠲᠤᠳᠤᠷᠠᠬᠢ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠂ ᠠᠮᠢ ᠠᠬᠤᠢ ᠵᠢᠨ ᠤᠷᠴᠢᠨ ᠲᠤᠭᠤᠷᠢᠨ᠎ᠳᠤ ᠬᠤᠤᠷ ᠬᠦᠨᠦᠭᠡᠯ ᠤᠴᠠᠷᠠᠭᠤᠯᠬᠤ ᠪᠤᠶᠤ ᠬᠤᠤᠷ ᠬᠦᠨᠦᠭᠡᠯ ᠤᠴᠠᠷᠠᠭᠤᠯᠬᠤ ᠪᠤᠯᠤᠮᠵᠢ᠎ᠲᠠᠢ ᠪᠠᠶ᠋ᠢᠬᠤ ᠵᠢ ᠤᠯᠵᠦ ᠮᠡᠳᠡᠪᠠᠯ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠬᠤᠯᠪᠤᠬᠳᠠᠯ ᠪᠦᠬᠦᠢ ᠰᠠᠯᠠᠭ᠎ᠠ ᠮᠦᠴᠢᠷ᠎ᠯᠦᠭᠡ ᠵᠦᠪᠳᠡᠵᠦ ᠪᠠᠶ᠋ᠢᠭ᠋ᠠᠳ ᠠᠶᠤᠯᠬᠦᠢ ᠵᠢᠨ ᠬᠢᠵᠠᠭ᠋ᠠᠷᠯᠠᠬᠤ ᠵᠤᠬᠢᠴᠠᠩᠭᠤᠢ ᠠᠷᠭ᠎ᠠ ᠬᠡᠮᠵᠢᠶ᠎ᠠ ᠠᠪᠬᠤ ᠭᠡᠷᠡᠭᠳᠠᠢ᠃
      ᠠᠷᠪᠠᠨ ᠵᠢᠷᠭᠤᠳᠤᠭ᠋ᠠᠷ ᠵᠦᠢ᠍ᠯ ᠬᠠᠮᠠᠭ᠋ᠠᠯᠠᠯᠳᠠ ᠵᠢᠨ ᠲᠤᠪᠶᠤᠭ᠎ᠲᠤ ᠤᠷᠤᠭᠤᠯᠤᠬᠰᠠᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ ᠵᠢᠨ ᠭᠠᠳᠠᠨ᠎ᠠ ᠭᠠᠷᠭ᠋ᠠᠬᠤ ᠪᠤᠶᠤ ᠬᠢᠯᠢ ᠵᠢᠨ ᠲᠤᠳᠤᠷ᠎ᠠ ᠬᠢᠯᠢ ᠵᠢᠨ ᠭᠠᠳᠠᠨᠠᠬᠢ ᠪᠠᠶ᠋ᠢᠭᠤᠯᠤᠮᠵᠢ᠂ ᠬᠤᠪᠢ ᠬᠦᠮᠦᠨ᠎ᠲᠠᠢ ᠬᠤᠷᠰᠢᠵᠦ ᠰᠤᠳᠤᠯᠤᠨ ᠠᠰᠢᠬᠯᠠᠬᠤ᠎ᠳᠤ᠂ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠬᠤ ᠵᠢᠨ ᠬᠠᠮᠳᠦ ᠠᠰᠢᠭ ᠲᠤᠰᠠ ᠵᠢ ᠤᠯᠤᠰ ᠤᠷᠤᠨ ᠬᠠᠮᠳᠦ᠎ᠪᠠᠷ ᠬᠦᠷᠳᠡᠬᠦ ᠲᠦᠰᠦᠯ᠎ᠢ ᠲᠤᠷᠠᠳᠬᠤ ᠭᠡᠷᠡᠭᠳᠠᠢ; ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶ᠋ᠢᠴᠠᠭ᠋ᠠᠭ᠋ᠠᠳ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠤᠨ ᠵᠦᠪᠰᠢᠶᠠᠷᠡᠬᠦᠯᠦᠨ᠎ᠠ᠃
      ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ ᠵᠢᠨ ᠭᠠᠳᠠᠨ᠎ᠠ ᠭᠠᠷᠭ᠋ᠠᠬᠤ᠎ᠳᠤ ᠬᠦᠷᠪᠠᠯ᠂ ᠪᠠᠰᠠ 《ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠬᠢᠯᠢ᠎ᠪᠠᠷ ᠤᠷᠤᠭᠤᠯᠵᠦ ᠭᠠᠷᠭ᠋ᠠᠬᠤ ᠠᠮᠢᠳᠠᠨ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠬᠠᠦᠯᠢ》 ᠵᠢᠨ ᠲᠤᠭᠳᠠᠭ᠋ᠠᠯ ᠶᠤᠰᠤᠭ᠋ᠠᠷ ᠬᠤᠯᠪᠤᠬᠳᠠᠯ ᠪᠦᠬᠦᠢ ᠭᠠᠷ ᠬᠦᠢ᠍ᠴᠡᠳᠭᠡᠯ᠎ᠢ ᠬᠢᠬᠦ ᠵᠢᠨ ᠬᠠᠮᠳᠦ ᠬᠢᠵᠢᠭ᠎ᠤᠨ ᠪᠠᠶ᠋ᠢᠴᠠᠭ᠋ᠠᠯᠳᠠ ᠬᠢᠬᠦ ᠬᠡᠷᠡᠭᠳᠠᠢ᠃
      ᠰᠢᠨ᠎ᠠ᠎ᠪᠠᠷ ᠢᠯᠡᠷᠡᠬᠦᠯᠦᠭᠰᠡᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ ᠬᠢᠨᠠᠨ ᠲᠤᠭᠳᠠᠭ᠋ᠠᠬᠤ᠎ᠠᠴᠠ ᠡᠮᠦᠨ᠎ᠠ ᠬᠢᠯᠢ ᠵᠢᠨ ᠭᠠᠳᠠᠨ᠎ᠠ ᠭᠠᠷᠭ᠋ᠠᠵᠦ ᠪᠤᠯᠬᠤ ᠦᠭᠡᠢ᠂ ᠬᠢᠯᠢ ᠵᠢᠨ ᠭᠠᠳᠠᠨᠠᠬᠢ ᠪᠠᠶ᠋ᠢᠭᠤᠯᠤᠮᠵᠢ᠂ ᠬᠤᠪᠢ ᠬᠦᠮᠦᠨ᠎ᠲᠠᠢ ᠬᠠᠮᠳᠤᠷᠠᠨ ᠲᠡᠬᠦᠨ᠎ᠢ ᠰᠤᠳᠤᠯᠤᠨ ᠠᠰᠢᠬᠯᠠᠵᠦ ᠪᠤᠯᠬᠤ ᠦᠬᠡᠢ᠃
      ᠠᠷᠪᠠᠨ ᠲᠤᠯᠤᠳᠤᠭ᠋ᠠᠷ ᠵᠦᠢ᠍ᠯ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ᠎ᠪᠠᠷ ᠤᠷᠤᠭᠤᠯᠵᠦ ᠭᠠᠷᠭ᠋ᠠᠬᠤ ᠪᠠ ᠭᠠᠳᠠᠭ᠋ᠠᠳᠦ᠎ᠲᠠᠢ ᠬᠤᠷᠰᠢᠵᠦ ᠰᠤᠳᠤᠯᠤᠨ ᠠᠰᠢᠬᠯᠠᠬᠤ ᠵᠢ ᠬᠢᠨᠠᠨ ᠵᠦᠪᠰᠢᠶᠡᠷᠡᠬᠦ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠲᠤᠭᠳᠠᠭ᠋ᠠᠨ᠎ᠠ᠃
      ᠭᠤᠷᠪᠠᠳᠤᠭ᠋ᠠᠷ ᠪᠦᠯᠦᠭ ᠦᠷ᠎ᠠ ᠵᠢᠨ ᠮᠠᠯ ᠵᠢᠬᠦᠷᠳᠡᠨ᠎ᠤ ᠡᠬᠦᠯᠳᠡᠷ᠎ᠢ ᠰᠤᠩᠭᠤᠨ ᠪᠤᠶ᠋ᠢᠵᠢᠭᠤᠯᠬᠤ ᠪᠠ ᠦᠢ᠍ᠯᠡᠳᠪᠦᠷᠢᠯᠡᠵᠦ ᠡᠵᠡᠩᠨᠡᠬᠦ
      ᠠᠷᠪᠠᠨ ᠨᠠᠢ᠍ᠮᠠᠳᠤᠭ᠋ᠠᠷ ᠵᠦᠢ᠍ᠯ
ᠤᠯᠤᠰ᠎ᠠᠴᠠ ᠮᠠᠯ ᠵᠢᠬᠦᠷᠳᠡᠨ᠎ᠤ ᠡᠬᠦᠯᠳᠡᠷ᠎ᠢ ᠰᠤᠩᠭᠤᠨ ᠪᠤᠶ᠋ᠢᠵᠢᠭᠤᠯᠬᠤ ᠪᠠ ᠰᠠᠶ᠋ᠢᠨ ᠡᠬᠦᠯᠳᠡᠷ᠎ᠢ ᠲᠡᠯᠭᠡᠷᠡᠬᠦᠯᠤᠨ ᠬᠡᠷᠡᠭᠯᠡᠬᠦ ᠵᠢ ᠲᠡᠳᠬᠦᠵᠦ᠂ ᠠᠵᠦ ᠠᠬᠤᠢ᠍ᠢ᠍ᠯᠠᠯ᠂ ᠲᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠬᠢᠭᠡᠳ ᠮᠡᠷᠬᠡᠵᠢᠯ ᠲᠡᠯᠭᠡᠷᠡᠬᠦᠯᠬᠦ ᠨᠢᠭᠡᠴᠢ ᠵᠢᠨ᠎ᠬᠢᠨ ᠬᠤᠯᠪᠤᠭ᠋ᠠᠯᠠᠵᠦ ᠪᠠᠶ᠋ᠢᠭ᠋ᠠᠳ ᠦᠷ᠎ᠠ ᠪᠤᠶ᠋ᠢᠵᠢᠭᠤᠯᠬᠤ ᠠᠵᠢᠯ᠎ᠢ ᠦᠷᠨᠢᠬᠦᠯᠦᠨ᠂ ᠮᠠᠯ ᠵᠢᠬᠦᠷᠳᠡᠨ᠎ᠤ ᠰᠠᠶ᠋ᠢᠨ ᠡᠬᠦᠯᠳᠡᠷ᠎ᠢ ᠦᠷᠡᠵᠢᠬᠦᠯᠦᠨ ᠪᠤᠶ᠋ᠢᠵᠢᠭᠤᠯᠬᠤ ᠰᠢᠰᠲ᠋ᠧᠮ ᠪᠠᠶ᠋ᠢᠭᠤᠯᠬᠤ ᠵᠢ ᠲᠡᠮᠵᠢᠨ᠎ᠠ᠃
      ᠠᠷᠪᠠ ᠶᠢᠰᠦᠳᠦᠭᠡᠷ ᠵᠦᠢ᠍ᠯ ᠪᠤᠶ᠋ᠢᠵᠢᠭᠤᠯᠤᠬᠰᠠᠨ ᠮᠠᠯ ᠵᠢᠬᠦᠷᠳᠡᠨ᠎ᠤ ᠰᠢᠨ᠎ᠠ ᠡᠬᠦᠯᠳᠡᠷ᠂ ᠲᠦᠭᠦᠷᠵᠢᠭᠰᠡᠨ ᠤᠳᠤᠮ ᠬᠢᠭᠡᠳ ᠰᠢᠨ᠎ᠠ᠎ᠪᠠᠷ ᠢᠯᠡᠷᠡᠬᠦᠯᠦᠭᠰᠡᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠲᠡᠯᠭᠡᠷᠡᠬᠦᠯᠬᠦ᠎ᠠᠴᠠ ᠡᠮᠦᠨ᠎ᠠ᠂ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ ᠵᠶ᠋ᠠᠷ ᠬᠢᠨᠠᠨ ᠲᠤᠭᠳᠠᠭ᠋ᠠᠯᠭ᠋ᠠᠬᠤ ᠪᠤᠶᠤ ᠰᠢᠯᠭ᠋ᠠᠨ ᠲᠤᠭᠳᠠᠭ᠋ᠠᠯᠭ᠋ᠠᠬᠤ ᠵᠢᠨ ᠬᠠᠮᠳᠦ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠠᠨ ᠨᠡᠶ᠋ᠢᠳᠡᠯᠡᠬᠦ ᠬᠡᠷᠡᠭᠳᠠᠢ᠃ ᠮᠠᠯ ᠵᠢᠬᠦᠷᠳᠡᠨ᠎ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ᠎ᠢ ᠬᠢᠨᠠᠨ ᠲᠤᠭᠳᠠᠭ᠋ᠠᠬᠤ ᠠᠷᠭ᠎ᠠ ᠪᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠰᠢᠯᠭ᠋ᠠᠨ ᠲᠤᠭᠳᠠᠭ᠋ᠠᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃ ᠬᠢᠨᠠᠨ ᠲᠤᠭᠳᠠᠭ᠋ᠠᠬᠤ ᠪᠤᠶᠤ ᠰᠢᠯᠭ᠋ᠠᠨ ᠲᠤᠭᠳᠠᠭ᠋ᠠᠬᠤ᠎ᠳᠤ ᠬᠡᠷᠡᠭᠰᠡᠬᠦ ᠲᠤᠷᠰᠢᠯᠳᠠ ᠬᠢᠬᠦ᠂ ᠰᠢᠯᠭ᠋ᠠᠨ ᠬᠡᠮᠵᠢᠬᠦ ᠵᠠᠷᠭᠡ ᠵᠢᠨ ᠵᠠᠷᠤᠳᠠᠯ ᠰᠦᠢ᠍ᠳᠭᠡᠯ᠎ᠢ ᠭᠤᠶᠤᠴᠢᠯᠠᠭᠴᠢ ᠲᠠᠭ᠋ᠠᠭ᠋ᠠᠨ᠎ᠠ᠂ ᠵᠠᠷᠤᠳᠠᠯ ᠬᠤᠷᠢᠶᠠᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠂ ᠦᠨ᠎ᠠ ᠬᠠᠨᠭ᠌ᠰᠢ ᠵᠢᠨ ᠰᠠᠯᠠᠭ᠎ᠠ ᠮᠦᠴᠢᠷ᠎ᠤᠨ᠎ᠬᠢᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠷᠠᠠ ᠲᠤᠭᠳᠠᠭ᠋ᠠᠨ᠎ᠠ᠃
      ᠮᠠᠯ ᠵᠢᠬᠦᠷᠳᠡᠨ᠎ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ᠎ᠢ ᠪᠤᠶ᠋ᠢᠵᠢᠭᠤᠯᠬᠤ ᠶᠠᠪᠤᠴᠠ ᠲᠤᠮᠳᠠᠬᠢ ᠲᠤᠷᠰᠢᠯᠳᠠ ᠵᠢ ᠬᠢᠬᠦ᠎ᠳᠤ ᠲᠤᠷᠰᠢᠯᠳᠠ ᠬᠢᠵᠦ ᠪᠠᠶ᠋ᠢᠭ᠎ᠠ ᠭᠠᠵᠠᠷ ᠤᠷᠤᠨ᠎ᠤ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠵᠦᠪᠰᠢᠶᠠᠷᠡᠬᠦᠯᠬᠦ ᠭᠡᠷᠡᠭᠳᠠᠢ᠃
      ᠮᠠᠯ ᠵᠢᠬᠦᠷᠳᠡᠨ᠎ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ᠎ᠢ ᠪᠤᠶ᠋ᠢᠵᠢᠭᠤᠯᠤᠭᠰᠡᠳ᠎ᠤᠨ ᠬᠠᠦᠯᠢ ᠶᠤᠰᠤᠨ᠎ᠤ ᠡᠷᠭᠡ ᠠᠰᠢᠭ᠎ᠢ ᠬᠠᠤᠯᠢ᠎ᠪᠠᠷ ᠬᠠᠮᠠᠭ᠋ᠠᠯᠠᠨ᠎ᠠ᠃
      ᠬᠤᠷᠢᠳᠤᠭ᠋ᠠᠷ ᠵᠦᠢ᠍ᠯ ᠭᠧᠨ ᠰᠢᠯᠵᠢᠬᠦᠯᠦᠭᠰᠠᠨ ᠮᠠᠯ ᠵᠢᠬᠦᠷᠳᠡᠨ᠎ᠤ ᠡᠬᠦᠯᠳᠡᠷ᠎ᠢ ᠪᠤᠶ᠋ᠢᠵᠢᠭᠤᠯᠬᠤ᠂ ᠲᠤᠷᠰᠢᠯᠳᠠ ᠬᠢᠬᠦ᠂ ᠬᠢᠨᠠᠨ ᠲᠤᠭᠳᠠᠭ᠋ᠠᠬᠤ ᠪᠠ ᠲᠡᠯᠭᠡᠷᠡᠬᠦᠯᠬᠦ᠎ᠳᠤ ᠤᠯᠤᠰ᠎ᠤᠨ ᠲᠠᠷᠢᠶᠠᠯᠠᠩ᠎ᠤᠨ ᠭᠧᠨ ᠰᠢᠯᠵᠢᠬᠦᠯᠬᠦ ᠠᠮᠢᠳᠦ ᠪᠤᠳᠠᠰ᠎ᠤᠨ ᠬᠠᠮᠢᠶᠠᠷᠤᠯᠳᠠ ᠵᠢᠨ ᠬᠤᠯᠪᠤᠭᠳᠠᠯ ᠪᠦᠬᠦᠢ ᠲᠤᠭᠳᠠᠭ᠋ᠠᠯ᠎ᠳᠤ ᠨᠡᠶ᠋ᠢᠴᠡᠭᠰᠡᠨ ᠪᠠᠶ᠋ᠢᠬᠤ ᠭᠡᠷᠡᠭᠳᠠᠢ᠃
      ᠬᠤᠷᠢᠨ ᠨᠢᠭᠡᠳᠦᠭᠡᠷ ᠵᠦᠢ᠍ᠯ ᠮᠤᠵᠢ ᠵᠢᠨ ᠱᠠᠳᠤᠨ᠎ᠠᠴᠠ ᠲᠡᠭᠡᠭᠰᠢᠬᠢ ᠮᠠᠯ ᠠᠵᠦ ᠠᠬᠤᠢ ᠮᠠᠯ ᠡᠮᠨᠡᠯᠭᠡ ᠵᠢᠨ ᠮᠡᠷᠭᠡᠵᠢᠯ ᠲᠡᠯᠭᠡᠷᠡᠬᠦᠯᠬᠦ ᠪᠠᠶ᠋ᠢᠭᠤᠯᠤᠮᠵᠢ᠎ᠨᠤᠭᠤᠳ ᠦᠷ᠎ᠠ ᠵᠢᠨ ᠮᠠᠯ᠎ᠤᠨ ᠰᠢᠯᠢᠳᠡᠭ ᠪᠤᠳᠠᠭ᠋ᠠᠯᠢ ᠪᠠᠶ᠎ᠠ ᠵᠢ ᠲᠠᠩᠰᠠᠯᠠᠵᠦ᠂ ᠰᠢᠯᠢᠳᠡᠭ ᠦᠷ᠎ᠠ ᠵᠢᠨ ᠮᠠᠯ᠎ᠢ ᠨᠡᠶ᠋ᠢᠭᠡᠮ ᠨᠡᠶ᠋ᠢᠳᠡ᠎ᠳᠤ ᠲᠠᠨᠢᠯᠴᠠᠭᠤᠯᠬᠤ ᠠᠵᠢᠯ᠎ᠢ ᠵᠤᠬᠢᠶᠠᠨ ᠪᠠᠶ᠋ᠢᠭᠤᠯᠤᠨ ᠦᠷᠨᠢᠬᠦᠯᠵᠦ ᠪᠤᠯᠤᠨ᠎ᠠ᠃ ᠰᠢᠯᠢᠳᠡᠭ ᠦᠷ᠎ᠠ ᠵᠢᠨ ᠮᠠᠯ᠎ᠢ ᠲᠠᠩᠰᠠᠯᠠᠬᠤ ᠲᠦᠷᠢᠮ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠬᠤᠷᠢᠨ ᠬᠤᠶᠠᠳᠤᠭ᠋ᠠᠷ ᠵᠦᠢ᠍ᠯ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠪᠤᠶᠤ ᠲᠠᠸᠠᠷ᠎ᠤᠨ ᠲᠦᠯ ᠮᠠᠯ᠂ ᠵᠢᠬᠦᠷᠳᠡᠨ᠎ᠤ ᠴᠤᠷᠪᠠᠭ᠎ᠠ ᠵᠢ ᠪᠤᠶ᠋ᠢᠵᠢᠭᠤᠯᠤᠨ ᠦᠢ᠍ᠯᠡᠳᠪᠦᠷᠢᠯᠡᠬᠦ ᠠᠵᠢᠯ᠎ᠢ ᠡᠷᠬᠢᠯᠡᠵᠦ ᠪᠠᠶ᠋ᠢᠭ᠎ᠠ ᠨᠢᠭᠡᠴᠢ᠂ ᠬᠤᠪᠢ ᠬᠦᠮᠦᠨ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠠᠷᠡᠯ᠎ᠤᠨ ᠦᠨᠡᠮᠯᠡᠯ᠎ᠢ ᠤᠯᠤᠬᠰᠠᠨ ᠪᠠᠶ᠋ᠢᠬᠤ ᠭᠡᠷᠡᠭᠳᠠᠢ᠃ ᠭᠤᠶᠤᠴᠢᠯᠠᠬ᠍ᠴᠢᠳ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠠᠷᠡᠯ᠎ᠤᠨ ᠦᠨᠡᠮᠯᠡᠯ ᠵᠶ᠋ᠠᠨ ᠠᠪᠴᠦ ᠦᠢ᠍ᠯᠡᠳᠪᠦᠷᠢ ᠬᠤᠳᠠᠯᠳᠤᠭ᠎ᠠ ᠵᠢᠨ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠬᠠᠦᠯᠢ ᠶᠤᠰᠤᠭ᠋ᠠᠷ ᠲᠠᠩᠰᠠᠯᠠᠭᠤᠯᠵᠦ᠂ ᠡᠵᠡᠩᠨᠡᠯᠳᠡ ᠵᠢᠨ ᠦᠨᠡᠮᠯᠡᠯ᠎ᠢ ᠤᠯᠤᠬᠰᠠᠨ᠎ᠤ᠎ᠪᠠᠨ ᠲᠠᠷᠠᠭ᠎ᠠ ᠰᠠᠶᠢ ᠦᠢ᠍ᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠵᠦ ᠪᠤᠯᠤᠨ᠎ᠠ᠃
      ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠠᠷᠡᠯ᠎ᠤᠨ ᠦᠨᠡᠮᠯᠡᠯ ᠤᠯᠬᠤ᠎ᠪᠠᠷ ᠭᠤᠶᠤᠴᠢᠯᠠᠬᠤ᠎ᠳᠤ ᠲᠤᠤᠷ᠎ᠠ ᠵᠢᠬᠰᠠᠭ᠋ᠠᠭᠰᠠᠨ ᠨᠦᠬᠦᠴᠡᠯ᠎ᠤᠳ᠎ᠢ ᠪᠦᠷᠢᠯᠳᠦᠬᠦᠯᠦᠭᠰᠡᠨ ᠪᠠᠶ᠋ᠢᠬᠤ ᠭᠡᠷᠡᠭᠳᠠᠢ᠄
     (ᠨᠢᠭᠡ) ᠦᠢ᠍ᠯᠡᠳᠪᠦᠷᠢᠯᠡᠵᠦ ᠡᠵᠡᠩᠨᠡᠬᠦ ᠦᠷ᠎ᠠ ᠵᠢᠨ ᠮᠠᠯ ᠵᠢᠬᠦᠷᠳᠡᠨ᠎ᠨᠢ ᠡᠷᠭᠡᠪᠰᠢ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ ᠵᠶ᠋ᠠᠷ ᠬᠢᠨᠠᠨ ᠲᠤᠭᠳᠠᠭ᠋ᠠᠯᠭ᠋ᠠᠭᠰᠠᠨ ᠪᠤᠶᠤ ᠰᠢᠯᠭ᠋ᠠᠨ ᠲᠤᠭᠳᠠᠭ᠋ᠠᠯᠭ᠋ᠠᠭᠰᠠᠨ ᠡᠬᠦᠯᠳᠡᠷ᠂ ᠲᠦᠬᠦᠷᠵᠢᠭᠰᠡᠨ ᠤᠳᠤᠮ ᠪᠠᠶ᠋ᠢᠬᠤ ᠭᠡᠷᠡᠭᠳᠡᠢ᠂ ᠡᠰᠡᠬᠦᠯ᠎ᠠ ᠵᠦᠪᠰᠢᠶᠡᠷᠡᠬᠦᠯᠦᠭᠡᠳ ᠤᠷᠤᠭᠤᠯᠵᠦ ᠢᠷᠡᠭᠰᠠᠨ ᠬᠢᠯᠢ ᠵᠢᠨ ᠭᠠᠳᠠᠨᠠᠬᠢ ᠡᠬᠦᠯᠳᠡᠷ᠂ ᠲᠦᠬᠦᠷᠵᠢᠭᠰᠡᠨ ᠤᠳᠤᠮ ᠪᠠᠶ᠋ᠢᠬᠤ ᠬᠡᠷᠡᠭᠳᠠᠢ;
     (ᠬᠤᠶᠠᠷ) ᠦᠢ᠍ᠯᠡᠳᠪᠦᠷᠢᠯᠡᠵᠦ ᠡᠵᠡᠩᠨᠡᠬᠦ ᠬᠡᠪᠴᠢᠶ᠎ᠠ᠎ᠳᠡᠭᠡᠨ ᠲᠤᠬᠢᠷᠠᠭᠰᠠᠨ ᠮᠠᠯ ᠠᠵᠦ ᠠᠬᠤᠢ ᠮᠠᠯ ᠡᠮᠨᠡᠯᠭᠡ ᠵᠢᠨ ᠮᠡᠷᠭᠡᠵᠢᠯ᠎ᠤᠨ ᠠᠵᠢᠯᠳᠠᠨ᠎ᠲᠠᠢ ᠪᠠᠶ᠋ᠢᠬᠤ;
     (ᠭᠤᠷᠪᠠ) ᠦᠢ᠍ᠯᠡᠳᠪᠦᠷᠢᠯᠡᠵᠦ ᠡᠵᠡᠩᠨᠡᠬᠦ ᠬᠡᠪᠴᠢᠶ᠎ᠠ᠎ᠳᠡᠭᠡᠨ ᠲᠤᠬᠢᠷᠠᠭᠰᠠᠨ ᠦᠷᠡᠵᠢᠬᠦᠯᠦᠨ ᠪᠤᠶ᠋ᠢᠵᠢᠭᠤᠯᠬᠤ ᠪᠡᠯᠡᠳᠬᠡᠮᠵᠢ ᠲᠤᠨᠤᠭ ᠲᠦᠬᠦᠬᠡᠷᠤᠮᠵᠢ᠎ᠲᠠᠢ ᠪᠠᠶ᠋ᠢᠬᠤ;
     (ᠲᠦᠷᠪᠡ) ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠳᠤᠭᠳᠠᠭ᠋ᠠᠯ ᠬᠢᠭᠡᠳ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠦᠷ᠎ᠠ ᠵᠢᠨ ᠮᠠᠯ ᠵᠢᠬᠦᠷᠳᠡᠨ᠎ᠤ ᠬᠢᠵᠢᠭ ᠰᠡᠷᠬᠡᠶ᠋ᠢᠯᠡᠬᠦ ᠨᠦᠬᠦᠴᠡᠯ᠎ᠢ ᠪᠦᠷᠢᠯᠳᠦᠬᠦᠯᠦᠭᠰᠡᠨ ᠪᠠᠶ᠋ᠢᠬᠤ;
     (ᠲᠠᠪᠤ) ᠪᠦᠷᠢᠨ ᠲᠡᠬᠦᠯᠳᠡᠷ ᠶᠠᠰᠦ ᠴᠢᠨᠠᠷ᠎ᠤᠨ ᠬᠠᠮᠢᠶᠠᠷᠤᠯᠳᠠ ᠪᠠ ᠦᠷ᠎ᠠ ᠪᠤᠶ᠋ᠢᠵᠢᠭᠤᠯᠬᠤ ᠲᠡᠮᠳᠡᠭᠯᠡᠯ᠎ᠤᠨ ᠲᠦᠷᠢᠮ᠎ᠲᠠᠢ ᠪᠠᠶ᠋ᠢᠬᠤ;
     (ᠵᠢᠷᠭᠤᠭ᠎ᠠ) ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠳᠤᠭᠳᠠᠭ᠋ᠠᠯ᠎ᠳᠤ ᠲᠤᠭᠳᠠᠭ᠋ᠠᠨᠰᠠᠨ ᠪᠤᠰᠤᠳ ᠨᠦᠬᠦᠴᠡᠯ᠎ᠤᠳ᠎ᠢ ᠪᠦᠷᠢᠯᠳᠦᠬᠦᠯᠦᠭᠰᠡᠨ ᠪᠠᠶ᠋ᠢᠬᠤ᠃
      ᠬᠤᠷᠢᠨ ᠭᠤᠷᠪᠠᠳᠤᠭ᠋ᠠᠷ ᠵᠦᠢ᠍ᠯ ᠭᠡᠷ᠎ᠤᠨ ᠲᠡᠵᠢᠭᠡᠪᠦᠷᠢ ᠵᠢᠨ ᠦᠨᠳᠡᠭᠡᠨ ᠡᠰ᠂ ᠢᠴᠡᠭᠡᠯ ᠦᠷ᠎ᠠ᠂ ᠬᠦᠪᠤᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠦᠢ᠍ᠯᠡᠳᠪᠦᠷᠢᠯᠡᠯ ᠡᠵᠡᠩᠨᠡᠯᠳᠠ ᠵᠢᠨ ᠵᠦᠪᠰᠢᠶᠡᠷᠡᠯ᠎ᠤᠨ ᠦᠨᠡᠮᠯᠡᠯ ᠤᠯᠬᠤ᠎ᠪᠠᠷ ᠭᠤᠶᠤᠴᠢᠯᠠᠬᠤ᠎ᠳᠤ ᠬᠦᠷᠪᠡᠯ᠂ ᠲᠤᠰ ᠬᠠᠦᠯᠢ ᠵᠢᠨ ᠬᠤᠷᠢᠨ ᠬᠤᠶᠠᠳᠤᠭ᠋ᠠᠷ ᠵᠦᠢ᠍ᠯ᠎ᠤᠨ ᠬᠤᠶᠠᠳᠤᠭ᠋ᠠᠷ ᠪᠠᠳᠠᠭ᠎ᠲᠤ ᠲᠤᠭᠳᠠᠭ᠋ᠠᠭᠰᠠᠨ ᠨᠦᠬᠦᠴᠡᠯ᠎ᠳᠤ ᠨᠡᠶ᠋ᠢᠴᠡᠬᠦ᠎ᠠᠴᠠ ᠭᠠᠳᠠᠨ᠎ᠠ ᠪᠠᠰᠠ ᠲᠤᠤᠷ᠎ᠠ ᠵᠢᠬᠰᠠᠭ᠋ᠠᠬᠰᠠᠨ ᠨᠦᠬᠦᠴᠡᠯ᠎ᠤᠳ᠎ᠢ ᠪᠦᠷᠢᠯᠳᠦᠬᠦᠯᠦᠭᠰᠡᠨ ᠪᠠᠶ᠋ᠢᠬᠤ ᠬᠡᠷᠡᠭᠳᠠᠢ᠄
     (ᠨᠢᠭᠡ) ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠲᠤᠷᠰᠢᠯᠳᠠ ᠵᠢᠨ ᠲᠠᠰᠤᠭ᠂ ᠬᠠᠳᠠᠭ᠋ᠠᠯᠠᠬᠤ ᠪᠠ ᠵᠦᠭᠡᠭᠡᠪᠦᠷᠢᠯᠡᠬᠦ ᠨᠦᠬᠦᠴᠡᠯ᠎ᠳᠤ ᠨᠡᠶ᠋ᠢᠴᠡᠭᠰᠡᠨ ᠪᠠᠶ᠋ᠢᠬᠤ;
     (ᠬᠤᠶᠠᠷ) ᠲᠦᠷᠦ ᠵᠢᠨ ᠶᠠᠪᠤᠳᠠᠯ᠎ᠤᠨ ᠬᠤᠷᠢᠶᠠᠠ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠦᠷ᠎ᠠ ᠵᠢᠨ ᠮᠠᠯ᠎ᠤᠨ ᠲᠤᠭ᠎ᠠ ᠲᠤᠯᠤᠭ᠋ᠠᠢ ᠪᠤᠯᠤᠨ ᠶᠠᠰᠦ ᠴᠢᠨᠠᠷ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ;
     (ᠭᠤᠷᠪᠠ) ᠪᠡᠶ᠎ᠠ ᠵᠢᠨ ᠭᠠᠳᠠᠨ᠎ᠠ ᠦᠷ᠎ᠠ ᠲᠤᠭᠳᠠᠭ᠋ᠠᠵᠦ ᠤᠯᠤᠭᠰᠠᠨ ᠬᠦᠪᠤᠷᠡᠯ᠂ ᠬᠡᠷᠡᠭᠯᠡᠭᠰᠡᠨ ᠦᠨᠳᠡᠭᠡᠨ ᠡᠰ᠎ᠤᠨ ᠢᠷᠡᠯᠳᠡ᠎ᠨᠢ ᠲᠤᠳᠤᠷᠬᠠᠢ ᠪᠠᠶ᠋ᠢᠵᠦ᠂ ᠦᠷ᠎ᠠ ᠲᠤᠭᠳᠠᠭ᠋ᠠᠬᠤ ᠮᠠᠯ᠎ᠨᠢ ᠤᠯᠤᠰ᠎ᠤᠨ ᠲᠤᠭᠳᠠᠭ᠋ᠠᠭᠰᠠᠨ ᠦᠷ᠎ᠠ ᠵᠢᠨ ᠮᠠᠯ᠎ᠤᠨ ᠡᠷᠡᠬᠦᠯ᠎ᠤᠨ ᠪᠠᠷᠢᠮᠵᠢᠶ᠎ᠠ ᠪᠤᠯᠤᠨ ᠶᠠᠰᠦ ᠴᠢᠨᠠᠷ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ;
     (ᠲᠦᠷᠪᠡ) ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠪᠤᠰᠤᠳ ᠮᠠᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ᠃
      ᠬᠤᠷᠢᠨ ᠲᠦᠷᠪᠡᠳᠦᠭᠡᠷ ᠵᠦᠢ᠍ᠯ ᠭᠡᠷ᠎ᠤᠨ ᠲᠡᠵᠢᠭᠡᠪᠤᠷᠢ ᠵᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ ᠵᠡᠷᠭᠡ ᠤᠳᠤᠮᠯᠠᠯ᠎ᠤᠨ ᠡᠬᠢ ᠪᠠᠶᠠᠯᠢᠭ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠦᠢ᠍ᠯᠡᠳᠪᠦᠷᠢᠯᠡᠯ ᠡᠵᠡᠩᠨᠡᠯᠳᠠ ᠵᠢᠨ ᠵᠦᠪᠰᠢᠶᠡᠷᠡᠯ᠎ᠤᠨ ᠦᠨᠡᠮᠯᠡᠯ ᠤᠯᠬᠤ᠎ᠪᠠᠷ ᠭᠤᠶᠤᠴᠢᠯᠠᠬᠤ᠎ᠳᠤ ᠬᠦᠷᠪᠡᠯ᠂ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠳᠠᠢ᠃ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠭᠤᠶᠤᠴᠢᠯᠠᠯ᠎ᠢ ᠤᠯᠤᠭᠰᠠᠨ ᠡᠳᠦᠷ᠎ᠠᠴᠠ ᠡᠬᠢᠯᠡᠭᠡᠳ ᠭᠤᠴᠢᠨ ᠠᠵᠢᠯ᠎ᠤᠨ ᠡᠳᠦᠷ᠎ᠤᠨ ᠲᠤᠳᠤᠷ᠎ᠠ ᠬᠢᠨᠠᠨ ᠪᠠᠶ᠋ᠢᠴᠠᠭ᠋ᠠᠵᠦ ᠲᠠᠭᠤᠰᠬᠠᠬᠤ ᠵᠢᠨ ᠬᠠᠮᠳᠦ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠬᠢᠨᠠᠨ ᠵᠦᠪᠰᠢᠶᠠᠷᠡᠬᠦᠯᠬᠦ ᠭᠡᠷᠡᠭᠳᠠᠢ; ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠭᠤᠶᠤᠴᠢᠯᠠᠯ᠎ᠢ ᠤᠯᠤᠭᠰᠠᠨ ᠡᠳᠦᠷ᠎ᠠᠴᠠ ᠡᠬᠢᠯᠡᠵᠦ ᠵᠢᠷᠠᠨ ᠠᠵᠢᠯ᠎ᠤᠨ ᠡᠳᠦᠷ᠎ᠤᠨ ᠲᠤᠳᠤᠷ᠎ᠠ᠂ ᠦᠢ᠍ᠯᠡᠳᠪᠦᠷᠢᠯᠡᠯ ᠡᠵᠡᠩᠨᠡᠯᠳᠠ ᠵᠢᠨ ᠵᠦᠪᠰᠢᠶᠠᠷᠡᠯ᠎ᠤᠨ ᠦᠨᠡᠮᠯᠡᠯ᠎ᠢ ᠤᠯᠭᠤᠬᠤ ᠡᠰᠡᠬᠦ ᠵᠢ ᠬᠠᠦᠯᠢ ᠶᠤᠰᠤᠭ᠋ᠠᠷ ᠲᠤᠭᠳᠠᠭ᠋ᠠᠬᠤ ᠭᠡᠷᠡᠭᠳᠠᠢ᠃
      ᠪᠤᠰᠤᠳ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠢ ᠰᠢᠶᠠᠨ᠎ᠤ ᠱᠠᠳᠤᠨ᠎ᠠᠴᠠ ᠲᠠᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠢᠨᠠᠨ ᠪᠠᠶ᠋ᠢᠴᠠᠭ᠋ᠠᠵᠦ ᠤᠯᠭᠤᠨ᠎ᠠ᠂ ᠬᠢᠨᠠᠨ ᠪᠠᠶ᠋ᠢᠴᠠᠭ᠋ᠠᠵᠦ ᠤᠯᠭᠤᠬᠤ ᠪᠤᠳᠠᠳᠠᠢ ᠠᠷᠭ᠎ᠠ ᠵᠢ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠤᠭᠳᠠᠭ᠋ᠠᠨ᠎ᠠ᠃
      ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠤᠨ ᠦᠯᠢᠭᠡᠷ ᠶᠠᠩᠵᠦ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠂ ᠵᠦᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠭᠤᠷᠪᠠᠨ ᠵᠢᠯ ᠪᠤᠯᠤᠨ᠎ᠠ᠃ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠢ ᠤᠯᠭᠤᠬᠤ᠎ᠳᠤ ᠬᠦᠯᠦᠰᠦ ᠦᠷᠳᠡᠭ᠎ᠤᠨ ᠵᠠᠷᠤᠳᠠᠯ ᠬᠤᠷᠢᠶᠠᠵᠦ ᠪᠤᠯᠤᠨ᠎ᠠ᠂ ᠵᠠᠷᠤᠳᠠᠯ ᠬᠤᠷᠢᠶᠠᠬᠤ ᠪᠤᠳᠠᠳᠠᠢ ᠬᠠᠮᠢᠶᠠᠷᠤᠯᠳᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠂ ᠦᠨ᠎ᠠ ᠬᠠᠨᠭ᠌ᠰᠢ ᠵᠢᠨ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠬᠤᠷᠢᠨ ᠲᠠᠪᠤᠳᠤᠭ᠋ᠠᠷ ᠵᠦᠢ᠍ᠯ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠳᠤ ᠦᠢ᠍ᠯᠡᠳᠪᠦᠷᠢᠯᠡᠵᠦ ᠡᠵᠡᠩᠨᠡᠭᠴᠢ ᠵᠢᠨ ᠨᠡᠷᠡᠶ᠋ᠢᠳᠤᠯ᠂ ᠲᠠᠯᠠᠪᠠᠢ (ᠦᠢ᠍ᠯᠡᠳᠪᠤᠷᠢ) ᠵᠢᠨ ᠬᠠᠶᠢᠭ᠂ ᠦᠢ᠍ᠯᠡᠳᠪᠦᠷᠢᠯᠡᠵᠦ ᠡᠵᠡᠩᠨᠡᠬᠦ ᠬᠡᠪᠴᠢᠶ᠎ᠠ ᠵᠢᠴᠢ ᠵᠦᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠡᠷᠭᠡ ᠵᠢ ᠲᠤᠳᠤᠷᠬᠠᠢ᠍ᠢ᠍ᠯᠠᠬᠤ ᠬᠡᠷᠡᠭᠳᠠᠢ᠃
      ᠶᠠᠮᠠᠷᠪᠠ ᠨᠢᠭᠡᠴᠢ᠂ ᠬᠤᠪᠢ ᠬᠦᠮᠦᠨ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ ᠦᠭᠡᠢ ᠪᠤᠶᠤ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠳᠠᠬᠢ ᠲᠤᠭᠳᠠᠭ᠋ᠠᠯ᠎ᠢ ᠵᠦᠷᠢᠴᠡᠵᠦ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠢ ᠴᠠᠭ᠋ᠠᠵᠠᠯᠠᠨ᠎ᠠ᠃ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠢ ᠬᠠᠭᠤᠷᠮᠠᠬᠯᠠᠨ ᠵᠤᠬᠢᠶᠠᠬᠤ᠂ ᠦᠭᠡᠷᠡᠳᠡᠬᠦᠯᠦᠨ ᠵᠤᠬᠢᠶᠠᠬᠤ᠂ ᠰᠢᠯᠵᠢᠬᠦᠯᠦᠨ ᠦᠭᠬᠦ᠂ ᠲᠦᠷᠢᠶᠡᠰᠦᠯᠡᠬᠦᠯᠵᠦ ᠵᠢᠭᠡᠯᠡᠬᠦᠯᠬᠦ ᠵᠢ ᠴᠠᠭ᠋ᠠᠵᠠᠯᠠᠨ᠎ᠠ᠃
      ᠬᠤᠷᠢᠨ ᠵᠢᠷᠭᠤᠳᠤᠭ᠋ᠠᠷ ᠵᠦᠢ᠍ᠯ ᠲᠠᠷᠢᠶᠠᠴᠢᠨ ᠡᠷᠦᠭᠡ ᠵᠢᠨ ᠠᠷᠠᠴᠢᠯᠠᠨ ᠲᠡᠵᠢᠭᠡᠭᠰᠡᠨ ᠦᠷ᠎ᠠ ᠵᠢᠨ ᠮᠠᠯ ᠵᠢᠬᠦᠷᠳᠡᠨ ᠵᠶ᠋ᠠᠨ ᠦᠪᠡᠷ ᠵᠶ᠋ᠠᠨ ᠦᠷᠡᠵᠢᠬᠦᠯᠦᠨ ᠲᠡᠵᠢᠭᠡᠬᠦ ᠪᠠ ᠦᠯᠡᠬᠦᠳᠡᠭᠰᠡᠨ ᠴᠦᠬᠡᠪᠤᠷᠢ ᠲᠦᠯ ᠮᠠᠯ᠂ ᠵᠢᠬᠦᠷᠳᠡᠨ᠎ᠤ ᠴᠤᠷᠪᠠᠭ᠎ᠠ᠎ᠪᠠᠨ ᠬᠤᠳᠠᠯᠳᠤᠬᠤ᠎ᠳᠤ᠂ ᠲᠠᠷᠢᠶᠠᠴᠢᠨ ᠡᠷᠦᠭᠡ ᠬᠡᠬᠡᠯᠳᠦᠬᠦᠯᠦᠭᠴᠢ ᠮᠠᠯ ᠲᠡᠵᠢᠬᠡᠭᠡᠳ ᠳᠤᠰᠠᠯᠠᠯᠴᠠᠬᠤ ᠬᠡᠬᠡᠯᠳᠦᠬᠦᠯᠭᠡ ᠬᠢᠬᠦ᠎ᠳᠤ ᠬᠦᠷᠪᠡᠯ᠂ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ ᠠᠪᠬᠤ ᠭᠡᠷᠡᠭ ᠦᠭᠡᠢ᠃
      ᠬᠤᠷᠢᠨ ᠲᠤᠯᠤᠳᠤᠭ᠋ᠠᠷ ᠵᠦᠢ᠍ᠯ ᠲᠤᠰᠬᠠᠢ᠍ᠢ᠍ᠯᠠᠨ ᠭᠡᠷ᠎ᠤᠨ ᠲᠡᠵᠢᠬᠡᠪᠤᠷᠢ ᠵᠢᠨ ᠭᠠᠷ ᠬᠡᠬᠡᠯᠳᠦᠬᠦᠯᠭᠡ᠂ ᠬᠦᠪᠦᠷᠡᠯ ᠰᠢᠯᠵᠢᠬᠦᠯᠬᠦ ᠵᠡᠷᠭᠡ ᠦᠷᠡᠵᠢᠬᠦᠯᠬᠦ ᠠᠵᠢᠯ᠎ᠢ ᠬᠢᠵᠦ ᠪᠠᠶ᠋ᠢᠭ᠎ᠠ ᠠᠵᠢᠯᠳᠠᠨ᠂ ᠤᠯᠤᠰ᠎ᠤᠨ ᠠᠵᠢᠯ ᠮᠡᠷᠬᠡᠵᠢᠯ᠎ᠤᠨ ᠵᠤᠬᠢᠴᠠᠩᠭᠤᠢ ᠬᠢᠷᠢ ᠬᠡᠮ᠎ᠤᠨ ᠦᠨᠡᠮᠯᠡᠯ᠎ᠢ ᠤᠯᠤᠭᠰᠠᠨ ᠪᠠᠶ᠋ᠢᠬᠤ ᠭᠡᠷᠡᠭᠳᠠᠢ᠃
      ᠬᠤᠷᠢᠨ ᠨᠡᠢ᠍ᠮᠠᠳᠤᠭ᠋ᠠᠷ ᠵᠦᠢ᠍ᠯ ᠦᠷ᠎ᠠ ᠵᠢᠨ ᠮᠠᠯ ᠵᠢᠬᠦᠷᠳᠡᠨ᠎ᠤ ᠲᠤᠬᠠᠢ ᠵᠠᠷ ᠨᠡᠶ᠋ᠢᠳᠡᠯᠡᠬᠦ᠎ᠳᠤ ᠬᠦᠷᠪᠡᠯ᠂ ᠵᠠᠷ ᠨᠡᠶ᠋ᠢᠳᠡᠯᠡᠬᠦᠯᠦᠭᠴᠢ᠎ᠨᠢ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ ᠪᠤᠯᠤᠨ ᠡᠵᠡᠩᠨᠡᠯᠳᠡ ᠵᠢᠨ ᠦᠨᠡᠮᠯᠡᠯ ᠵᠶ᠋ᠠᠨ ᠬᠠᠨᠭ᠌ᠭ᠋ᠠᠬᠤ ᠭᠡᠷᠡᠭᠳᠠᠢ᠃ ᠵᠠᠷ᠎ᠤᠨ ᠠᠭᠤᠯᠭ᠎ᠠ᠎ᠨᠢ ᠬᠤᠯᠪᠤᠭᠳᠠᠯ ᠪᠦᠬᠦᠢ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠦᠷᠢᠮ᠎ᠤᠨ ᠲᠤᠭᠳᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠳᠠᠢ ᠪᠦᠭᠡᠳ ᠦᠷ᠎ᠠ ᠵᠢᠨ ᠮᠠᠯ ᠵᠢᠬᠦᠷᠳᠡᠨ᠎ᠤ ᠡᠬᠦᠯᠳᠡᠷ᠂ ᠲᠦᠬᠦᠷᠵᠢᠭᠰᠡᠨ ᠤᠳᠤᠮ᠎ᠤᠨ ᠬᠢᠨᠠᠨ ᠲᠤᠭᠳᠠᠭ᠋ᠠᠯᠳᠠ ᠪᠤᠶᠤ ᠰᠢᠯᠭ᠋ᠠᠨ ᠲᠤᠭᠳᠠᠭ᠋ᠠᠯᠳᠠ ᠵᠢᠨ ᠨᠡᠷ᠎ᠠ ᠵᠢ ᠲᠤᠳᠤᠷᠬᠠᠢ᠍ᠢ᠍ᠯᠠᠨ ᠲᠡᠮᠳᠡᠭᠯᠡᠭᠰᠡᠨ ᠪᠠᠶ᠋ᠢᠬᠤ ᠭᠡᠷᠡᠭᠳᠠᠢ; ᠭᠤᠤᠯ ᠰᠢᠨᠵᠢ ᠪᠠᠶ᠋ᠢᠳᠠᠯ᠎ᠤᠨ ᠲᠤᠬᠠᠢ ᠲᠦᠷᠰᠦᠯᠡᠨ ᠲᠤᠭ᠋ᠠᠴᠢᠬᠰᠠᠨ᠎ᠨᠢ ᠲᠤᠰ ᠡᠬᠦᠯᠳᠡᠷ᠂ ᠲᠦᠬᠦᠷᠵᠢᠭᠰᠡᠨ ᠤᠳᠤᠮ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠭᠡᠷᠡᠭᠳᠠᠢ᠃
      ᠬᠤᠷᠢ ᠶᠢᠰᠦᠳᠦᠭᠡᠷ ᠵᠦᠢ᠍ᠯ ᠪᠤᠷᠤᠯᠠᠭᠤᠯᠬᠤ ᠦᠷ᠎ᠠ ᠵᠢᠨ ᠮᠠᠯ ᠵᠢᠬᠦᠷᠳᠡᠨ ᠪᠠ ᠭᠡᠷ᠎ᠤᠨ ᠲᠡᠵᠢᠬᠡᠪᠤᠷᠢ ᠵᠢᠨ ᠬᠡᠬᠡᠯᠳᠦᠬᠦᠯᠭᠡ ᠵᠢᠨ ᠦᠷᠳᠡᠭᠡ (ᠴᠡᠭ)᠎ᠳᠤ ᠬᠡᠷᠡᠭᠯᠡᠵᠦ ᠪᠠᠶ᠋ᠢᠭ᠎ᠠ ᠬᠡᠬᠡᠯᠳᠦᠬᠦᠯᠦᠭᠴᠢ ᠮᠠᠯ᠎ᠨᠢ ᠡᠷᠬᠡᠪᠰᠢ ᠭᠡᠭᠡᠯᠳᠦᠬᠦᠯᠭᠡ᠎ᠳᠤ ᠬᠡᠷᠡᠭᠯᠡᠬᠦ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠭᠡᠷᠡᠭᠳᠠᠢ᠃ ᠦᠷ᠎ᠠ ᠵᠢᠨ ᠮᠠᠯ ᠵᠢᠬᠦᠷᠳᠡᠨ᠎ᠢ ᠪᠤᠷᠤᠯᠠᠭᠤᠯᠬᠤ ᠦᠶ᠎ᠠ᠎ᠳᠤ᠂ ᠦᠷ᠎ᠠ ᠵᠢᠨ ᠮᠠᠯ ᠵᠢᠬᠦᠷᠳᠡᠨ᠎ᠤ ᠲᠠᠯᠠᠪᠠᠢ᠎ᠠᠴᠠ ᠭᠠᠷᠭ᠋ᠠᠵᠦ ᠦᠭᠬᠦᠭᠰᠡᠨ ᠦᠷ᠎ᠠ ᠵᠢᠨ ᠮᠠᠯ ᠵᠢᠬᠦᠷᠳᠡᠨ᠎ᠤ ᠬᠢᠷᠢ ᠲᠡᠩᠴᠡᠭᠰᠡᠨ ᠬᠡᠷᠡᠴᠢ᠂ ᠠᠮᠢᠳᠡᠠ᠎ᠤ ᠬᠢᠵᠢᠭ᠎ᠢ ᠰᠡᠷᠬᠡᠶ᠋ᠢᠯᠡᠨ ᠬᠢᠨᠠᠬᠤ ᠪᠠᠶ᠋ᠢᠭᠤᠯᠤᠮᠵᠢ᠎ᠠᠴᠠ ᠭᠠᠷᠭ᠋ᠠᠵᠦ ᠦᠭᠬᠦᠭᠰᠡᠨ ᠬᠢᠵᠢᠭ᠎ᠤᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠭᠡᠷᠡᠴᠢ ᠵᠢ ᠲᠠᠭ᠋ᠠᠯᠳᠤᠭᠤᠯᠤᠭᠰᠠᠨ ᠪᠠᠶ᠋ᠢᠬᠤ ᠭᠡᠷᠡᠭᠳᠠᠢ᠂ ᠪᠤᠷᠤᠯᠠᠭᠤᠯᠬᠤ ᠦᠷ᠎ᠠ ᠵᠢᠨ ᠮᠠᠯ᠎ᠳᠤ ᠪᠠᠰᠠ ᠦᠷ᠎ᠠ ᠵᠢᠨ ᠮᠠᠯ ᠵᠢᠬᠦᠷᠳᠡᠨ᠎ᠤ ᠲᠠᠯᠠᠪᠠᠢ᠎ᠠᠴᠠ ᠭᠠᠷᠭ᠋ᠠᠵᠦ ᠦᠭᠬᠦᠭᠰᠡᠨ ᠭᠡᠷ᠎ᠤᠨ ᠲᠡᠵᠢᠬᠡᠪᠦᠷᠢ ᠵᠢᠨ ᠤᠳᠤᠮ᠎ᠤᠨ ᠲᠡᠮᠳᠡᠭᠯᠡᠯ᠎ᠢ ᠲᠠᠭ᠋ᠠᠯᠳᠤᠭᠤᠯᠤᠭᠰᠠᠨ ᠪᠠᠶ᠋ᠢᠬᠤ ᠭᠡᠷᠡᠭᠳᠠᠢ᠃ ᠭᠡᠷ᠎ᠤᠨ ᠲᠡᠵᠢᠭᠡᠪᠤᠷᠢ ᠵᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ ᠵᠠᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ᠎ᠳᠡᠭᠡᠨ ᠦᠷ᠎ᠠ ᠠᠪᠤᠭᠰᠠᠨ᠂ ᠪᠤᠷᠤᠯᠠᠭᠤᠯᠤᠭᠰᠠᠨ᠂ ᠰᠢᠯᠵᠢᠬᠦᠯᠵᠦ ᠰᠠᠭᠤᠯᠭ᠋ᠠᠭᠰᠠᠨ ᠵᠡᠷᠭᠡ ᠲᠠᠯ᠎ᠠ ᠵᠢᠨ ᠪᠦᠷᠢᠨ ᠪᠦᠳᠦᠨ ᠲᠡᠮᠳᠡᠭᠯᠡᠯ᠎ᠲᠠᠢ ᠪᠠᠶ᠋ᠢᠵᠦ᠂ ᠲᠡᠮᠳᠡᠭᠯᠡᠯ ᠵᠶ᠋ᠠᠨ ᠬᠤᠶᠠᠷ ᠵᠢᠯ ᠬᠠᠳᠠᠭ᠋ᠠᠯᠠᠬᠤ ᠭᠡᠷᠡᠭᠳᠠᠢ᠃
    ᠭᠤᠴᠢᠳᠤᠭ᠋ᠠᠷ ᠵᠦᠢ᠍ᠯ ᠦᠷ᠎ᠠ ᠵᠢᠨ ᠮᠠᠯ ᠵᠢᠬᠦᠷᠳᠡᠨ᠎ᠢ ᠪᠤᠷᠤᠯᠠᠭᠤᠯᠬᠤ᠎ᠳᠠᠭᠠᠨ ᠲᠤᠤᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠢ ᠬᠢᠵᠦ ᠪᠤᠯᠬᠤ ᠦᠭᠡᠢ᠄
     (ᠨᠢᠭᠡ) ᠪᠤᠰᠤᠳ ᠮᠠᠯ ᠵᠢᠬᠦᠷᠳᠡᠨ᠎ᠤ ᠡᠬᠦᠯᠳᠡᠷ᠂ ᠲᠦᠬᠦᠷᠵᠢᠭᠰᠡᠨ ᠤᠳᠤᠮ ᠵᠶ᠋ᠠᠷ ᠪᠤᠷᠤᠯᠠᠭᠤᠯᠤᠨ ᠬᠤᠳᠠᠯᠳᠤᠵᠦ ᠪᠠᠶ᠋ᠢᠭ᠎ᠠ ᠦᠷ᠎ᠠ ᠵᠢᠨ ᠮᠠᠯ ᠵᠢᠬᠦᠷᠳᠡᠨ᠎ᠤ ᠡᠬᠦᠯᠳᠡᠷ᠂ ᠲᠦᠬᠦᠷᠵᠢᠭᠰᠡᠨ ᠤᠳᠤᠮ᠎ᠢ ᠬᠠᠭᠤᠷᠮᠠᠭᠯᠠᠨ ᠤᠷᠤᠯᠠᠭᠤᠯᠬᠤ;
     (ᠬᠤᠶᠠᠷ) ᠪᠤᠭᠤᠨᠢ ᠦᠶ᠎ᠠ᠎ᠲᠠᠢ ᠤᠨᠳᠤᠤ ᠲᠦᠷᠦᠯ᠎ᠤᠨ ᠦᠷ᠎ᠠ ᠵᠢᠨ ᠮᠠᠯ ᠵᠢᠬᠦᠷᠳᠡᠨ ᠵᠶ᠋ᠠᠷ ᠦᠨᠳᠦᠷ ᠦᠶ᠎ᠠ᠎ᠲᠠᠢ ᠤᠨᠳᠤᠤ ᠲᠦᠷᠦᠯ᠎ᠤᠨ ᠦᠷ᠎ᠠ ᠵᠢᠨ ᠮᠠᠯ ᠵᠢᠬᠦᠷᠳᠡᠨ᠎ᠢ ᠬᠠᠭᠤᠷᠮᠠᠭᠯᠠᠨ ᠤᠷᠤᠯᠠᠭᠤᠯᠬᠤ;
     (ᠭᠤᠷᠪᠠ) ᠭᠡᠭᠡᠯᠳᠦᠬᠦᠯᠭᠡ᠎ᠳᠤ ᠭᠡᠷᠡᠭᠯᠡᠬᠦ ᠪᠠᠷᠢᠮᠵᠢᠶ᠎ᠠ᠎ᠳᠤ ᠦᠯᠦ ᠨᠡᠶ᠋ᠢᠴᠡᠬᠦ ᠮᠠᠯ ᠵᠢᠬᠦᠷᠳᠡᠨ ᠵᠶ᠋ᠠᠷ ᠦᠷ᠎ᠠ ᠵᠢᠨ ᠮᠠᠯ ᠵᠢᠬᠦᠷᠳᠡᠨ᠎ᠢ ᠬᠠᠭᠤᠷᠮᠠᠭᠯᠠᠨ ᠤᠷᠤᠯᠠᠭᠤᠯᠬᠤ;
     (ᠲᠦᠷᠪᠡ) ᠭᠠᠳᠠᠭ᠋ᠠᠳᠦ᠎ᠠᠴᠠ ᠤᠷᠤᠭᠤᠯᠬᠤ ᠵᠦᠪᠰᠢᠶᠡᠷᠡᠯ ᠠᠪᠤᠭᠰᠠᠨ ᠦᠭᠡᠢ ᠦᠷ᠎ᠠ ᠵᠢᠨ ᠮᠠᠯ ᠵᠢᠬᠦᠷᠳᠡᠨ᠎ᠢ ᠪᠤᠷᠤᠯᠠᠭᠤᠯᠬᠤ;
     (ᠲᠠᠪᠤ) ᠲᠤᠰ ᠬᠠᠦᠯᠢ ᠵᠢᠨ ᠬᠤᠷᠢ ᠶᠢᠰᠦᠳᠦᠭᠡᠷ ᠵᠦᠢ᠍ᠯ᠎ᠳᠤ ᠲᠤᠭᠳᠠᠭ᠋ᠠᠭᠰᠠᠨ ᠦᠷ᠎ᠠ ᠵᠢᠨ ᠮᠠᠯ ᠵᠢᠬᠦᠷᠳᠡᠨ᠎ᠤ ᠬᠢᠷᠢ ᠲᠡᠩᠴᠡᠭᠰᠡᠨ ᠬᠡᠷᠡᠴᠢ᠂ ᠬᠢᠵᠢᠭ᠎ᠤᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠬᠡᠷᠡᠴᠢ ᠵᠢ ᠲᠠᠭ᠋ᠠᠯᠳᠤᠭᠤᠯᠤᠭᠰᠠᠨ ᠦᠭᠡᠢ ᠦᠷ᠎ᠠ ᠵᠢᠨ ᠮᠠᠯ ᠵᠢᠬᠦᠷᠳᠡᠨ ᠪᠤᠶᠤ ᠭᠡᠷ᠎ᠤᠨ ᠲᠡᠵᠢᠬᠡᠪᠤᠷᠢ ᠵᠢᠨ ᠤᠳᠤᠮ᠎ᠤᠨ ᠲᠡᠮᠳᠡᠭᠯᠡᠯ᠎ᠢ ᠲᠠᠭ᠋ᠠᠯᠳᠤᠭᠤᠯᠤᠭᠰᠠᠨ ᠦᠭᠡᠢ ᠦᠷ᠎ᠠ ᠵᠢᠨ ᠮᠠᠯ᠎ᠢ ᠪᠤᠷᠤᠯᠠᠭᠤᠯᠬᠤ;
     (ᠵᠢᠷᠭᠤᠭ᠎ᠠ) ᠬᠢᠨᠠᠨ ᠲᠤᠭᠳᠠᠭ᠋ᠠᠯᠳᠠ ᠪᠤᠶᠤ ᠰᠢᠯᠭ᠋ᠠᠨ ᠲᠤᠭᠳᠠᠭ᠋ᠠᠯᠳᠠ ᠵᠢ ᠦᠡᠭᠭᠡᠷᠡᠭᠡᠭᠰᠡᠨ ᠦᠬᠡᠢ ᠦᠷ᠎ᠠ ᠵᠢᠨ ᠮᠠᠯ ᠵᠢᠬᠦᠷᠳᠡᠨ᠎ᠤ ᠡᠬᠦᠯᠳᠡᠷ᠂ ᠲᠦᠬᠦᠷᠵᠢᠭᠰᠡᠨ ᠤᠳᠤᠮ᠎ᠢ ᠪᠤᠷᠤᠯᠠᠭᠤᠯᠬᠤ᠃
      ᠭᠤᠴᠢᠨ ᠨᠢᠬᠡᠳᠦᠭᠡᠷ ᠵᠦᠢ᠍ᠯ ᠦᠷ᠎ᠠ ᠵᠢᠨ ᠮᠠᠯ ᠵᠢᠬᠦᠷᠳᠡᠨ᠎ᠢ ᠭᠠᠳᠠᠭ᠋ᠠᠳᠦ᠎ᠠᠴᠠ ᠤᠷᠤᠭᠤᠯᠬᠤ᠎ᠪᠠᠷ ᠭᠤᠶᠤᠴᠢᠯᠠᠬᠤ᠎ᠳᠤ ᠬᠦᠷᠪᠡᠯ᠂ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ ᠪᠠᠶ᠋ᠢᠬᠤ ᠭᠡᠷᠡᠭᠳᠠᠢ᠃ ᠦᠷ᠎ᠠ ᠵᠢᠨ ᠮᠠᠯ ᠵᠢᠬᠦᠷᠳᠡᠨ᠎ᠢ ᠭᠠᠳᠠᠭ᠋ᠠᠳᠦ᠎ᠠᠴᠠ ᠤᠷᠤᠭᠤᠯᠬᠤ ᠵᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠵᠢᠷᠭᠤᠭ᠋ᠠᠨ ᠰᠠᠷ᠎ᠠ ᠪᠤᠯᠤᠨ᠎ᠠ᠃
      ᠭᠠᠳᠠᠭ᠋ᠠᠳᠦ᠎ᠠᠴᠠ ᠤᠷᠤᠭᠤᠯᠬᠤ ᠦᠷ᠎ᠠ ᠵᠢᠨ ᠮᠠᠯ ᠵᠢᠬᠦᠷᠳᠡᠨ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠮᠡᠷᠬᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠭᠡᠷᠡᠭᠳᠠᠢ᠃ ᠠᠩᠬ᠎ᠠ ᠤᠳᠠᠭ᠎ᠠ ᠭᠠᠳᠠᠭ᠋ᠠᠳᠦ᠎ᠠᠴᠠ ᠤᠷᠤᠭᠤᠯᠬᠤ ᠦᠷ᠎ᠠ ᠵᠢᠨ ᠮᠠᠯ ᠵᠢᠬᠦᠷᠳᠡᠨ᠎ᠳᠤ ᠪᠠᠰᠨ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ᠎ᠠᠴᠠ ᠬᠡᠭᠡᠯᠳᠦᠬᠦᠯᠭᠡ᠎ᠳᠤ ᠭᠡᠷᠡᠭᠯᠡᠬᠦ ᠴᠢᠳᠠᠪᠬᠢ ᠵᠢᠨ ᠦᠨᠡᠯᠡᠯᠳᠠ ᠬᠢᠨ᠎ᠠ᠃
      ᠦᠷ᠎ᠠ ᠵᠢᠨ ᠮᠠᠯ ᠵᠢᠬᠦᠷᠳᠡᠨ᠎ᠢ ᠭᠠᠳᠠᠭ᠋ᠠᠳᠦ᠎ᠠᠴᠠ ᠤᠷᠤᠭᠤᠯᠵᠦ ᠭᠠᠳᠠᠭ᠋ᠠᠳᠦ᠎ᠳᠤ ᠭᠠᠷᠭ᠋ᠠᠬᠤ ᠬᠠᠮᠢᠶᠠᠷᠤᠯᠳᠠ᠎ᠳᠤ ᠡᠮᠤᠨᠡᠬᠢ ᠬᠤᠶᠠᠷ ᠪᠠᠳᠠᠭ᠎ᠤᠨ ᠲᠤᠭᠳᠠᠭ᠋ᠠᠯ᠎ᠢ ᠬᠡᠷᠡᠭᠯᠡᠬᠦ᠎ᠠᠴᠠ ᠭᠠᠳᠠᠨ᠎ᠠ᠂ ᠪᠠᠰᠠ ᠲᠤᠰ ᠬᠠᠦᠯᠢ ᠵᠢᠨ ᠠᠷᠪᠠᠨ ᠲᠠᠪᠤᠳᠤᠭ᠋ᠠᠷ ᠵᠦᠢ᠍ᠯ ᠪᠤᠯᠤᠨ ᠠᠷᠪᠠᠨ ᠵᠢᠷᠭᠤᠳᠤᠭ᠋ᠠᠷ ᠵᠦᠢ᠍ᠯ᠎ᠤᠨ ᠬᠤᠯᠪᠤᠭᠳᠠᠯ ᠪᠦᠬᠦᠢ ᠲᠤᠭᠳᠠᠭ᠋ᠠᠯ᠎ᠢ ᠬᠡᠷᠡᠭᠯᠡᠨ᠎ᠠ᠃
      ᠤᠯᠤᠰ᠎ᠠᠴᠠ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠦᠭᠴᠢᠳ᠎ᠤᠨ ᠭᠠᠳᠠᠭ᠋ᠠᠳᠦ᠎ᠠᠴᠠ ᠤᠷᠤᠭᠤᠯᠤᠬᠰᠠᠨ ᠮᠠᠯ ᠵᠢᠬᠦᠷᠳᠡᠨ᠎ᠳᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠰᠤᠩᠭᠤᠨ ᠪᠤᠶ᠋ᠢᠵᠢᠭᠤᠯᠬᠤ ᠵᠢ ᠵᠤᠷᠢᠬ᠍ᠵᠢᠭᠤᠯᠤᠨ᠎ᠠ; ᠰᠤᠩᠭᠤᠨ ᠪᠤᠶ᠋ᠢᠵᠢᠭᠤᠯᠤᠭᠰᠠᠨ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ᠎ᠢ ᠲᠡᠯᠭᠡᠷᠡᠬᠦᠯᠬᠦ᠎ᠠᠴᠠ ᠡᠮᠦᠨ᠎ᠠ᠂ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ ᠵᠶ᠋ᠠᠷ ᠬᠢᠨᠠᠨ ᠲᠤᠭᠳᠠᠭ᠋ᠠᠯᠭ᠋ᠠᠬᠤ ᠭᠡᠷᠡᠭᠳᠠᠢ᠃
    ᠭᠤᠴᠢᠨ ᠬᠤᠶᠠᠳᠤᠭ᠋ᠠᠷ ᠵᠦᠢ᠍ᠯ ᠦᠷ᠎ᠠ ᠵᠢᠨ ᠮᠠᠯ ᠵᠢᠬᠦᠷᠳᠡᠨ᠎ᠤ ᠲᠠᠯᠠᠪᠠᠢ ᠪᠠ ᠨᠡᠪᠴᠢᠭᠡᠬᠦ ᠲᠠᠯᠠᠪᠠᠢ (ᠦᠢ᠍ᠯᠡᠳᠪᠦᠷᠢ) ᠲᠠᠸᠠᠷ᠎ᠤᠨ ᠲᠦᠯ ᠮᠠᠯ᠂ ᠵᠢᠬᠦᠷᠳᠡᠨ᠎ᠤ ᠴᠤᠷᠪᠠᠭ᠎ᠠ ᠵᠢ ᠪᠤᠷᠤᠯᠠᠭᠤᠯᠬᠤ᠎ᠳᠤ ᠬᠦᠷᠪᠡᠯ᠂ ᠬᠤᠳᠠᠯᠳᠤᠨ ᠠᠪᠤᠭᠴᠢ᠎ᠳᠤ ᠪᠤᠷᠤᠯᠠᠭᠤᠯᠬᠤ ᠲᠦᠯ ᠮᠠᠯ᠂ ᠵᠢᠬᠦᠷᠳᠡᠨ᠎ᠤ ᠴᠤᠷᠪᠠᠭ᠎ᠠ ᠵᠢᠨ ᠵᠶ᠋ᠠᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠭᠤᠤᠯ ᠭᠦᠢ᠍ᠴᠡᠳᠬᠡᠬᠦ ᠲᠤᠭ᠎ᠠ᠂ ᠴᠠᠷᠤᠯᠳᠠ ᠵᠢᠨ ᠪᠠᠶ᠋ᠢᠳᠠᠯ᠂ ᠠᠷᠠᠴᠢᠯᠠᠵᠦ ᠲᠡᠵᠢᠭᠡᠬᠦ ᠮᠡᠷᠬᠡᠵᠢᠯ᠎ᠤᠨ ᠱᠠᠭ᠋ᠠᠷᠳᠠᠯᠭ᠎ᠠ ᠪᠤᠯᠤᠨ ᠬᠤᠯᠪᠤᠭᠳᠠᠯ ᠪᠦᠬᠦᠢ ᠵᠦᠪᠯᠡᠯᠭᠡ ᠦᠭᠬᠦ ᠦᠢ᠍ᠯᠡᠴᠢᠯᠡᠭᠡ ᠵᠠᠷᠭᠡ ᠵᠢ ᠬᠠᠨᠭ᠌ᠭ᠋ᠠᠬᠤ ᠵᠢᠨ ᠬᠠᠮᠳᠦ ᠠᠮᠢᠳᠠᠨ᠎ᠤ ᠬᠢᠵᠢᠭ᠎ᠢ ᠰᠡᠷᠭᠡᠶ᠋ᠢᠯᠡᠨ ᠬᠢᠨᠠᠬᠤ ᠪᠠᠶ᠋ᠢᠭᠤᠯᠤᠮᠵᠢ᠎ᠠᠴᠠ ᠭᠠᠷᠭ᠋ᠠᠵᠦ ᠦᠭᠬᠦᠭᠰᠡᠨ ᠬᠢᠵᠢᠭ᠎ᠤᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠬᠡᠷᠡᠴᠢ ᠵᠢ ᠲᠠᠭ᠋ᠠᠯᠳᠤᠭᠤᠯᠤᠭᠰᠠᠨ ᠪᠠᠶ᠋ᠢᠬᠤ ᠭᠡᠷᠡᠭᠳᠠᠢ᠃
      ᠦᠷ᠎ᠠ ᠵᠢᠨ ᠮᠠᠯ ᠵᠢᠬᠦᠷᠳᠡᠨ ᠪᠠ ᠲᠠᠸᠠᠷ᠎ᠤᠨ ᠲᠦᠯ ᠮᠠᠯ᠂ ᠵᠢᠬᠦᠷᠳᠡᠨ᠎ᠤ ᠴᠤᠷᠪᠠᠭ᠎ᠠ ᠵᠢ ᠪᠤᠷᠤᠯᠠᠭᠤᠯᠤᠭ᠋ᠠᠳ᠂ ᠶᠠᠰᠦ ᠴᠢᠨᠠᠷ᠎ᠤᠨ ᠠᠰᠠᠭᠤᠳᠠᠯ᠎ᠠᠴᠠ ᠪᠤᠯᠵᠦ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠦᠭᠴᠢᠳ᠎ᠲᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠦᠯᠢ ᠶᠤᠰᠤᠭ᠋ᠠᠷ ᠬᠤᠬᠢᠷᠠᠯ᠎ᠢ᠎ᠨᠢ ᠲᠦᠯᠦᠬᠦ ᠭᠡᠷᠡᠭᠳᠠᠢ᠃
      ᠭᠤᠴᠢᠨ ᠭᠤᠷᠪᠠᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠦᠷ᠎ᠠ ᠵᠢᠨ ᠮᠠᠯ ᠵᠢᠬᠦᠷᠳᠡᠡ᠎ᠤ ᠶᠠᠰᠦ ᠴᠢᠨᠠᠷ᠎ᠤᠨ ᠠᠶᠤᠯᠬᠦᠢ ᠵᠢ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠦᠷ᠎ᠠ ᠵᠢᠨ ᠮᠠᠯ ᠵᠢᠬᠦᠷᠳᠡᠨ᠎ᠤ ᠶᠠᠰᠦ ᠴᠢᠨᠠᠷ᠎ᠤᠨ ᠠᠶᠤᠯᠬᠦᠢ ᠵᠢᠨ ᠬᠢᠨᠠᠯᠳᠠ ᠪᠠᠶ᠋ᠢᠴᠠᠭ᠋ᠠᠯᠳᠠ ᠵᠢ ᠬᠠᠦᠯᠢ᠎ᠪᠠᠷ ᠲᠤᠭᠳᠠᠭ᠋ᠠᠭᠰᠠᠨ ᠬᠢᠷᠢ ᠬᠡᠮ ᠪᠦᠬᠦᠢ ᠦᠷ᠎ᠠ ᠵᠢᠨ ᠮᠠᠯ ᠵᠢᠬᠦᠷᠳᠡᠨ᠎ᠤ ᠶᠠᠰᠦ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ᠎ᠳᠤ ᠨᠠᠶ᠋ᠢᠳᠠᠵᠦ ᠬᠢᠯᠭᠡᠬᠦ ᠭᠡᠷᠡᠭᠳᠠᠢ; ᠰᠢᠯᠭ᠋ᠠᠨ ᠪᠠᠶ᠋ᠢᠴᠠᠭ᠋ᠠᠬᠤ᠎ᠳᠤ ᠭᠡᠷᠡᠭᠰᠡᠬᠦ ᠵᠠᠷᠤᠳᠠᠯ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠯ ᠶᠤᠰᠤᠭ᠋ᠠᠷ ᠭᠠᠷᠭ᠋ᠠᠵᠦ᠂ ᠰᠢᠯᠭ᠋ᠠᠨ ᠪᠠᠶ᠋ᠢᠴᠠᠭ᠋ᠠᠯᠭ᠋ᠠᠭᠴᠢ᠎ᠠᠴᠠ ᠬᠤᠷᠢᠶᠠᠵᠦ ᠪᠤᠯᠬᠤ ᠦᠭᠡᠢ᠃
      ᠭᠤᠴᠢᠨ ᠲᠦᠷᠪᠡᠳᠦᠭᠡᠷ ᠵᠦᠢ᠍ᠯ ᠬᠦᠷᠢ ᠵᠢᠨ ᠦᠷ᠎ᠠ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠰᠢᠨ᠎ᠠ ᠡᠬᠦᠯᠳᠡᠷ᠎ᠢ ᠰᠤᠩᠭᠤᠨ ᠪᠤᠶ᠋ᠢᠵᠢᠭᠤᠯᠬᠤ᠂ ᠦᠢ᠍ᠯᠡᠳᠪᠦᠷᠢᠯᠡᠵᠦ ᠡᠵᠡᠩᠨᠡᠬᠦ ᠪᠠ ᠲᠡᠯᠭᠡᠷᠡᠬᠦᠯᠬᠦ᠎ᠳᠤ ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠭᠡᠷᠡᠭᠯᠡᠨ᠎ᠠ᠂ ᠪᠤᠳᠠᠳᠠᠢ ᠬᠠᠮᠢᠶᠠᠷᠤᠯᠳᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠲᠦᠷᠪᠡᠳᠦᠭᠡᠷ ᠪᠦᠯᠦᠭ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ
      ᠭᠤᠴᠢᠨ ᠲᠠᠪᠤᠳᠤᠭ᠋ᠠᠷ ᠵᠦᠢ᠍ᠯ
ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠯᠠᠭ᠎ᠠ ᠮᠦᠴᠢᠷ᠎ᠤᠳ ᠮᠠᠯ ᠠᠵᠦ ᠠᠬᠤᠢ ᠵᠢᠨ ᠬᠦᠭᠵᠢᠯᠳᠠ ᠵᠢᠨ ᠲᠦᠯᠦᠪᠵᠢᠬᠦᠯᠭᠡ ᠪᠤᠯᠤᠨ ᠵᠠᠬ᠎ᠠ ᠲᠡᠯᠭᠡᠬᠦᠷ᠎ᠤᠨ ᠭᠡᠷᠡᠭᠴᠡᠭᠡ ᠵᠢ ᠦᠨᠳᠦᠰᠦᠯᠡᠵᠦ᠂ ᠮᠠᠯ ᠠᠵᠦ ᠠᠬᠤᠢ ᠵᠢᠨ ᠪᠦᠳᠦᠴᠠ ᠵᠢ ᠲᠤᠬᠢᠷᠠᠭᠤᠯᠬᠤ᠂ ᠲᠠᠪᠠᠭᠤᠯᠢᠭ ᠮᠠᠯ ᠵᠢᠬᠦᠷᠳᠡᠨ᠎ᠤ ᠦᠢ᠍ᠯᠡᠳᠪᠦᠷᠢᠯᠡᠯ᠎ᠢ ᠬᠦᠭᠵᠢᠬᠦᠯᠬᠦ᠂ ᠮᠠᠯ ᠵᠢᠬᠦᠷᠳᠡᠨ᠎ᠤ ᠪᠦᠳᠦᠭᠡᠭᠳᠡᠬᠦᠨ᠎ᠤ ᠵᠠᠬ᠎ᠠ ᠲᠡᠯᠭᠡᠬᠦᠷ᠎ᠲᠠᠬᠢ ᠦᠷᠢᠰᠦᠯᠳᠦᠬᠦ ᠬᠦᠴᠦᠨ᠎ᠢ ᠲᠡᠭᠡᠭᠰᠢᠯᠡᠬᠦᠯᠬᠦ ᠵᠢ ᠵᠢᠯᠤᠭᠤᠳᠤᠨ ᠲᠡᠮᠵᠢᠬᠦ ᠬᠡᠷᠡᠭᠳᠠᠢ᠃
      ᠤᠯᠤᠰ᠎ᠠᠴᠠ ᠲᠠᠯ᠎ᠠ ᠨᠤᠳᠤᠭ᠎ᠤᠨ ᠮᠠᠯᠵᠢᠬᠤ ᠤᠷᠤᠨ᠎ᠤ ᠨᠤᠳᠤᠭ ᠪᠡᠯᠴᠢᠭᠡᠷ᠎ᠢ ᠬᠦᠷᠢᠶᠠᠯᠡᠨ ᠬᠠᠮᠠᠭ᠋ᠠᠯᠠᠬᠤ᠂ ᠨᠤᠳᠤᠭ ᠪᠡᠯᠴᠢᠭᠡᠷ᠎ᠤᠨ ᠤᠰᠤᠨ ᠠᠰᠢᠭᠯᠠᠯᠳᠠ᠂ ᠨᠤᠳᠤᠭ ᠪᠡᠯᠴᠢᠭᠡᠷ᠎ᠢ ᠰᠠᠶ᠋ᠢᠵᠢᠷᠠᠭᠤᠯᠬᠤ᠂ ᠡᠪᠡᠰᠦ ᠪᠤᠷᠳᠤᠭ᠋ᠠᠨ᠎ᠤ ᠰᠠᠭᠤᠷᠢᠨ ᠵᠠᠷᠭᠡ ᠨᠤᠳᠤᠭ ᠪᠡᠯᠴᠢᠭᠡᠷ᠎ᠤᠨ ᠦᠨᠳᠤᠰᠦᠨ ᠪᠦᠳᠦᠭᠡᠨ ᠪᠠᠶ᠋ᠢᠭᠤᠯᠤᠯᠳᠠ ᠬᠢᠬᠦ ᠵᠢ ᠳᠡᠮᠵᠢᠵᠦ᠂ ᠮᠠᠯ ᠰᠦᠷᠦᠭ᠎ᠤᠨ ᠪᠦᠳᠦᠴᠠ ᠵᠢ ᠰᠢᠯᠢᠳᠡᠭᠵᠢᠬᠦᠯᠦᠨ᠂ ᠮᠠᠯ᠎ᠤᠨ ᠡᠬᠦᠯᠳᠡᠷ᠎ᠢ ᠰᠠᠶ᠋ᠢᠵᠢᠷᠠᠭᠤᠯᠵᠦ᠂ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ᠎ᠪᠠᠨ ᠬᠤᠪᠢᠷᠠᠭᠤᠯᠵᠦ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠪᠡᠯᠴᠢᠭᠡᠷ ᠬᠤᠪᠢᠶᠠᠨ ᠡᠬᠡᠯᠵᠢᠯᠡᠨ ᠮᠠᠯᠵᠢᠬᠤ ᠵᠢ ᠬᠦᠭᠵᠢᠬᠦᠯᠵᠦ᠂ ᠮᠠᠯ ᠪᠤᠯᠤᠨ ᠪᠡᠯᠴᠢᠬᠡᠷ᠎ᠤᠨ ᠲᠡᠩᠴᠡᠬᠦᠷᠢ ᠵᠢ ᠠᠯᠬᠤᠮ ᠠᠯᠬᠤᠮ ᠵᠶ᠋ᠠᠷ ᠪᠡᠶᠡᠯᠡᠬᠦᠯᠵᠦ᠂ ᠨᠤᠳᠤᠭ ᠪᠡᠯᠴᠢᠭᠡᠷ᠎ᠤᠨ ᠠᠮᠢ ᠠᠬᠤᠢ ᠵᠢᠨ ᠤᠷᠴᠢᠨ ᠨᠦᠬᠦᠴᠡᠯ᠎ᠢ ᠦᠭᠡᠷᠡᠴᠢᠯᠡᠨ ᠰᠠᠶ᠋ᠢᠵᠢᠷᠠᠭᠤᠯᠤᠨ᠎ᠠ᠃
      ᠭᠤᠴᠢᠨ ᠵᠢᠷᠭᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶ᠎ᠠ ᠪᠠ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠮᠠᠯ ᠠᠵᠦ ᠠᠬᠤᠢ ᠵᠢᠨ ᠬᠦᠭᠵᠢᠯᠳᠠ ᠵᠢ ᠲᠡᠮᠵᠢᠬᠦ ᠰᠠᠶ᠋ᠢᠨ ᠡᠬᠦᠯᠳᠡᠷ᠎ᠤᠨ ᠨᠦᠬᠦᠪᠤᠷᠢ᠂ ᠲᠠᠮ ᠬᠦᠦ᠎ᠲᠠᠢ ᠨᠦᠬᠦᠪᠤᠷᠢ ᠵᠡᠷᠭᠡ ᠪᠡᠯᠨ ᠮᠦᠡᠭᠭᠦ ᠵᠢ ᠡᠳ᠋᠎ᠤᠨ ᠵᠠᠰᠠᠭ᠎ᠤᠨ ᠲᠦᠰᠦᠪ᠎ᠲᠡᠭᠡᠨ ᠲᠤᠬᠢᠷᠠᠭᠤᠯᠬᠤ ᠵᠢᠨ ᠬᠠᠮᠳᠦ᠂ ᠬᠤᠯᠪᠤᠭᠳᠠᠯ ᠪᠦᠬᠦᠢ ᠮᠦᠡᠭᠭᠦᠨ ᠬᠦᠢ᠍ᠯᠭᠡᠭᠡᠨ᠎ᠤ ᠪᠠᠶ᠋ᠢᠭᠤᠯᠤᠮᠵᠢ ᠵᠢᠨ ᠵᠢᠬᠡᠯᠡᠯᠭᠡ ᠤᠯᠭᠤᠬᠤ᠂ ᠲᠠᠭ᠋ᠠᠳᠬᠠᠯ᠎ᠤᠨ ᠦᠢ᠍ᠯᠡᠴᠢᠯᠡᠭᠡ ᠬᠠᠨᠭ᠌ᠭ᠋ᠠᠬᠤ ᠵᠡᠷᠭᠡ ᠬᠡᠯᠪᠡᠷᠢ᠎ᠪᠠᠷ ᠲᠠᠮᠵᠢᠭᠤᠯᠤᠨ᠂ ᠮᠠᠯ ᠵᠢᠬᠦᠷᠳᠡᠨ ᠲᠡᠵᠢᠭᠡᠨ ᠦᠷᠡᠵᠢᠬᠦᠯᠦᠭᠴᠢᠳ᠎ᠤᠨ ᠰᠢᠯᠢᠳᠡᠭ ᠰᠠᠶ᠋ᠢᠨ ᠮᠠᠯ ᠵᠢᠬᠦᠷᠳᠡᠨ᠎ᠢ ᠬᠤᠳᠠᠯᠳᠤᠨ ᠠᠪᠬᠤ᠂ ᠰᠠᠶ᠋ᠢᠨ ᠡᠬᠦᠯᠳᠡᠷ᠎ᠢ ᠦᠷᠡᠵᠢᠬᠦᠯᠦᠨ ᠪᠤᠶ᠋ᠢᠵᠢᠭᠤᠯᠬᠤ᠂ ᠦᠢ᠍ᠯᠡᠳᠪᠤᠷᠢᠯᠡᠯ᠎ᠤᠨ ᠲᠦᠬᠦᠬᠡᠷᠤᠮᠵᠢ᠎ᠪᠠᠨ ᠦᠭᠡᠷᠡᠴᠢᠯᠡᠨ ᠰᠠᠶ᠋ᠢᠵᠢᠷᠠᠭᠤᠯᠬᠤ᠂ ᠲᠡᠵᠢᠬᠡᠵᠦ ᠦᠷᠡᠵᠢᠬᠦᠯᠬᠦ ᠭᠡᠪᠴᠢᠶ᠎ᠠ᠎ᠪᠠᠨ ᠦᠷᠭᠡᠳᠭᠡᠬᠦ ᠵᠢ ᠲᠡᠮᠵᠢᠵᠦ᠂ ᠲᠡᠵᠢᠭᠡᠵᠦ ᠦᠷᠡᠵᠢᠬᠦᠯᠬᠦ ᠦᠷ᠎ᠠ ᠠᠰᠢᠭ ᠵᠶ᠋ᠠᠨ ᠲᠡᠭᠡᠭᠰᠢᠯᠡᠬᠦᠯᠬᠦ ᠵᠢ ᠵᠤᠷᠢᠬ᠍ᠵᠢᠭᠤᠯᠤᠨ᠎ᠠ᠃
      ᠭᠤᠴᠢᠨ ᠲᠤᠯᠤᠳᠤᠭ᠋ᠠᠷ ᠵᠦᠢ᠍ᠯ ᠤᠯᠤᠰ᠎ᠠᠴᠠ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠶ᠋ᠢᠭᠤᠯᠤᠯᠳᠠ᠂ ᠲᠠᠷᠢᠶᠠᠴᠢᠨ ᠪᠠ ᠮᠠᠯ ᠠᠵᠦ ᠠᠬᠤᠢ ᠵᠢᠨ ᠬᠤᠷᠰᠢᠭᠰᠠᠨ ᠠᠵᠦ ᠠᠬᠤᠢ ᠵᠢᠨ ᠵᠤᠬᠢᠶᠠᠨ ᠪᠠᠶ᠋ᠢᠭᠤᠯᠤᠯᠳᠠ ᠵᠢᠨ ᠮᠠᠯ ᠵᠢᠬᠦᠷᠳᠡᠡ ᠲᠡᠵᠢᠭᠡᠨ ᠦᠷᠡᠵᠢᠬᠦᠯᠬᠦ ᠲᠠᠯᠠᠪᠠᠢ᠂ ᠲᠠᠵᠢᠭᠡᠨ ᠦᠷᠡᠵᠢᠬᠦᠯᠬᠦ ᠪᠠᠭ᠎ᠠ ᠲᠤᠭᠤᠷᠢᠭ ᠪᠠᠶ᠋ᠢᠭᠤᠯᠬᠤ ᠵᠢ ᠲᠡᠮᠵᠢᠵᠦ᠂ ᠭᠡᠪᠴᠢᠶᠠᠵᠢᠭ᠌ᠰᠡᠨ᠂ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠦᠢ᠍ᠯᠡᠰ᠎ᠢ ᠬᠦᠭᠵᠢᠬᠦᠯᠤᠨ᠎ᠠ᠃ ᠰᠤᠮᠤ (ᠪᠠᠯᠭ᠋ᠠᠰᠤ) ᠵᠢᠨ ᠭᠠᠵᠠᠷ ᠰᠢᠷᠤᠢ ᠵᠢ ᠠᠰᠢᠬᠯᠠᠬᠤ ᠶᠡᠷᠦᠩᠭᠡᠢ ᠲᠦᠯᠦᠪᠵᠢᠬᠦᠯᠬᠡ ᠬᠢᠬᠦ᠎ᠳᠡᠭᠡᠨ ᠲᠤᠬᠠᠢ ᠵᠢᠨ ᠭᠠᠵᠠᠷ᠎ᠤᠨ ᠵᠶ᠋ᠠᠨ ᠪᠤᠳᠠᠳᠦ ᠪᠠᠶ᠋ᠢᠳᠠᠯ ᠵᠶ᠋ᠠᠨ ᠦᠨᠳᠦᠰᠦᠯᠡᠵᠦ᠂ ᠮᠠᠯ ᠵᠢᠬᠦᠷᠳᠡᠨ᠎ᠢ ᠲᠡᠵᠢᠬᠡᠵᠦ ᠦᠷᠡᠵᠢᠬᠦᠯᠬᠦ᠎ᠳᠤ ᠭᠡᠷᠡᠭᠯᠡᠬᠦ ᠭᠠᠵᠠᠷ᠎ᠢ ᠲᠤᠬᠢᠷᠠᠭᠤᠯᠬᠤ ᠭᠡᠷᠡᠭᠳᠠᠢ᠃ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠶ᠋ᠢᠭᠤᠯᠤᠯᠳᠠ᠂ ᠲᠠᠷᠢᠶᠠᠴᠢᠨ᠂ ᠮᠠᠯ ᠠᠵᠦ ᠠᠬᠤᠢ ᠵᠢᠨ ᠬᠤᠷᠰᠢᠬᠰᠠᠨ ᠠᠵᠦ ᠠᠬᠤᠢ ᠵᠢᠨ ᠵᠤᠬᠢᠶᠠᠨ ᠪᠠᠶ᠋ᠢᠭᠤᠯᠤᠯᠳᠠ ᠵᠢᠨ ᠰᠤᠮᠤ (ᠪᠠᠯᠭ᠋ᠠᠰᠦ) ᠵᠢᠨ ᠭᠠᠵᠠᠷ ᠰᠢᠷᠤᠢ ᠵᠢ ᠠᠰᠢᠬᠯᠠᠬᠤ ᠶᠡᠷᠦᠩᠭᠡᠢ ᠲᠦᠯᠦᠪᠵᠢᠬᠦᠯᠭᠡ ᠵᠢᠨ ᠶᠤᠰᠤᠭ᠋ᠠᠷ ᠪᠠᠶ᠋ᠢᠭᠤᠯᠤᠬᠰᠠᠨ ᠮᠠᠯ ᠵᠢᠬᠦᠷᠳᠡᠨ᠎ᠢ ᠲᠡᠵᠢᠭᠡᠵᠦ ᠦᠷᠡᠵᠢᠬᠦᠯᠬᠦ ᠲᠠᠯᠠᠪᠡᠢ᠂ ᠲᠠᠵᠢᠬᠡᠨ ᠦᠷᠡᠵᠢᠬᠦᠯᠬᠦ ᠪᠠᠭ᠎ᠠ ᠲᠤᠭᠤᠷᠢᠭ᠎ᠤᠨ ᠭᠡᠷᠡᠭᠯᠡᠬᠦ ᠭᠠᠵᠠᠷ᠎ᠢ ᠲᠠᠷᠢᠶᠠᠯᠠᠩ᠎ᠳᠤ ᠭᠡᠷᠡᠭᠯᠡᠬᠦ ᠭᠠᠵᠠᠷ᠎ᠤᠨ ᠶᠤᠰᠤᠭ᠋ᠠᠷ ᠬᠠᠮᠢᠶᠠᠷᠤᠨ᠎ᠠ᠃ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠲᠤ ᠭᠡᠷᠡᠭᠯᠡᠬᠦ ᠭᠠᠵᠠᠷ᠎ᠤᠨ ᠭᠡᠷᠡᠭᠯᠡᠬᠦ ᠡᠷᠭᠡ ᠵᠢᠨ ᠬᠤᠭᠤᠴᠠᠭ᠎ᠠ᠎ᠨᠢ ᠲᠦᠬᠦᠷᠴᠦ᠂ ᠤᠤᠯ᠎ᠤᠨ ᠬᠡᠷᠡᠭᠴᠡᠭᠡ ᠵᠢ᠎ᠨᠢ ᠰᠡᠷᠬᠦᠭᠡᠬᠦ ᠴᠢᠬᠤᠯᠨ᠎ᠲᠠᠢ ᠪᠤᠯ᠂ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠤᠨ ᠭᠠᠵᠠᠷ ᠬᠡᠷᠡᠭᠯᠡᠬᠦ ᠡᠷᠭᠡᠳᠦ ᠬᠦᠮᠦᠨ ᠬᠠᠷᠢᠭᠤᠴᠠᠵᠦ ᠲᠡᠬᠦᠨ᠎ᠢ ᠰᠡᠷᠬᠦᠭᠡᠨ᠎ᠠ᠃ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠤᠨ ᠭᠡᠷᠡᠭᠯᠡᠬᠦ ᠭᠠᠵᠠᠷ᠎ᠤᠨ ᠭᠡᠪᠴᠢᠶᠡᠨ ᠲᠤᠳᠤᠷ᠎ᠠ ᠡᠬᠦᠷᠢᠳᠠ ᠵᠢᠨ ᠴᠢᠨᠠᠷᠳᠠᠢ ᠪᠠᠷᠢᠯᠭ᠎ᠠ (ᠪᠠᠷᠢᠯᠭ᠎ᠠ ᠵᠢᠨ ᠵᠦᠢ᠍ᠯ) ᠪᠠᠶ᠋ᠢᠭᠤᠯᠬᠤ ᠴᠢᠬᠤᠯᠨ᠎ᠲᠠᠢ ᠪᠠᠶ᠋ᠢᠵᠦ ᠲᠡᠷᠢᠶᠠᠯᠠᠩ᠎ᠳᠤ ᠭᠡᠷᠡᠭᠯᠡᠬᠦ ᠭᠠᠵᠠᠷ᠎ᠢ ᠰᠢᠯᠵᠢᠬᠦᠯᠦᠨ ᠭᠡᠷᠡᠭᠯᠡᠬᠦ᠎ᠲᠠᠢ ᠬᠤᠯᠪᠤᠭᠳᠠᠬᠤ᠎ᠳᠤ ᠬᠦᠷᠪᠡᠯ᠂ 《ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠭᠠᠵᠠᠷ ᠰᠢᠷᠤᠢ ᠵᠢᠨ ᠬᠠᠮᠢᠶᠠᠷᠤᠯᠳᠠ ᠵᠢᠨ ᠬᠠᠦᠯᠢ》 ᠵᠢᠨ ᠲᠤᠭᠳᠠᠭ᠋ᠠᠯ ᠶᠤᠰᠤᠭ᠋ᠠᠷ ᠰᠢᠢ᠍ᠳᠪᠦᠷᠢᠯᠡᠨ᠎ᠠ᠃
      ᠭᠤᠴᠢᠨ ᠨᠠᠢ᠍ᠮᠠᠳᠤᠭ᠋ᠠᠷ ᠵᠦᠢ᠍ᠯ ᠤᠯᠤᠰ᠎ᠠᠴᠠ ᠪᠠᠶ᠋ᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠵᠢᠨ ᠮᠡᠷᠭᠡᠵᠢᠯ ᠲᠡᠯᠭᠡᠷᠡᠬᠦᠯᠬᠦ ᠪᠠᠶ᠋ᠢᠭᠤᠯᠤᠮᠵᠢ᠎ᠨᠤᠭᠤᠳ ᠲᠠᠷᠢᠶᠠᠴᠢᠳ᠎ᠲᠤ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠮᠡᠷᠭᠡᠵᠢᠯ᠎ᠤᠨ ᠪᠤᠯᠪᠠᠰᠤᠷᠠᠯ᠂ ᠰᠠᠶ᠋ᠢᠨ ᠡᠬᠦᠯᠳᠡᠷ ᠲᠡᠯᠭᠡᠷᠡᠬᠦᠯᠬᠦ᠂ ᠭᠡᠮ ᠬᠢᠵᠢᠭ ᠰᠡᠷᠬᠡᠶ᠋ᠢᠯᠡᠨ ᠵᠠᠰᠠᠬᠤ ᠵᠡᠷᠭᠡ ᠦᠢ᠍ᠯᠡᠴᠢᠯᠡᠭᠡ ᠵᠢ ᠬᠠᠨᠭ᠌ᠭ᠋ᠠᠵᠦ ᠦᠭᠬᠦ ᠭᠡᠷᠡᠭᠳᠠᠢ᠃ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠤᠭᠤᠳ ᠤᠯᠤᠰ᠎ᠠᠴᠠ ᠪᠠᠶ᠋ᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠵᠢᠨ ᠮᠡᠷᠭᠡᠵᠢᠯ ᠲᠡᠯᠭᠡᠷᠡᠬᠦᠯᠬᠦ ᠪᠠᠶ᠋ᠢᠭᠤᠯᠤᠮᠵᠢ ᠵᠢᠨ ᠨᠡᠶ᠋ᠢᠳᠡ ᠵᠢᠨ ᠠᠰᠠᠷᠠᠮᠵᠢ ᠵᠢᠨ ᠴᠢᠨᠠᠷᠳᠠᠢ ᠮᠠᠷᠭᠡᠵᠢᠯ᠎ᠤᠨ ᠦᠢ᠍ᠯᠡᠴᠢᠯᠡᠭᠡ ᠬᠢᠬᠦ᠎ᠳᠤ ᠬᠡᠷᠡᠭᠰᠡᠬᠦ ᠠᠵᠢᠯ᠎ᠤᠨ ᠵᠠᠷᠤᠳᠠᠯ᠎ᠢ ᠪᠠᠳᠤᠯᠠᠬᠤ ᠭᠡᠷᠡᠭᠳᠠᠢ᠃
      ᠤᠯᠤᠰ᠎ᠠᠴᠠ ᠮᠠᠯ ᠵᠢᠬᠦᠷᠳᠡᠨ᠎ᠤ ᠪᠦᠳᠦᠭᠡᠭᠳᠡᠬᠦᠨ᠎ᠢ ᠡᠳ᠋ᠰᠢᠬᠦᠯᠬᠦ ᠠᠵᠦ ᠠᠬᠤᠢ᠍ᠢ᠍ᠯᠠᠯ ᠪᠤᠯᠤᠨ ᠪᠤᠰᠤᠳ ᠬᠤᠯᠪᠤᠭᠳᠠᠯ ᠪᠦᠬᠦᠢ ᠦᠢ᠍ᠯᠡᠳᠪᠦᠷᠢᠯᠡᠭᠴᠢ ᠡᠵᠡᠩᠨᠡᠭᠴᠢᠳ᠎ᠤᠨ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠦᠭᠴᠢᠳ᠎ᠲᠤ ᠭᠡᠷᠡᠭᠰᠡᠬᠦ ᠦᠢ᠍ᠯᠡᠴᠢᠯᠡᠭᠡ ᠬᠠᠨᠭ᠌ᠭ᠋ᠠᠬᠤ ᠵᠢ ᠵᠤᠷᠢᠬ᠍ᠵᠢᠭᠤᠯᠤᠨ᠎ᠠ᠃
      ᠭᠤᠴᠢ ᠶᠢᠰᠦᠳᠦᠭᠡᠷ ᠵᠦᠢ᠍ᠯ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠨᠢ ᠲᠤᠤᠷ᠎ᠠ ᠵᠢᠬᠰᠠᠭ᠋ᠠᠭᠰᠠᠨ ᠨᠦᠬᠦᠴᠡᠯ᠎ᠤᠳ᠎ᠢ ᠪᠦᠷᠢᠯᠳᠦᠬᠦᠯᠦᠭᠰᠡᠨ ᠪᠠᠶ᠋ᠢᠬᠤ ᠭᠡᠷᠡᠭᠳᠠᠢ᠄
     (ᠨᠢᠭᠡ) ᠠᠷᠠᠴᠢᠯᠠᠨ ᠲᠠᠵᠢᠭᠡᠬᠦ ᠭᠡᠪᠴᠢᠶ᠎ᠠ᠎ᠲᠠᠢ᠎ᠪᠠᠨ ᠲᠤᠬᠢᠷᠠᠭᠰᠠᠨ ᠦᠢ᠍ᠯᠡᠳᠪᠦᠷᠢᠯᠡᠯ᠎ᠤᠨ ᠳᠠᠯᠠᠪᠤᠷ ᠭᠠᠵᠠᠷ ᠪᠠ ᠢᠵᠢ ᠪᠦᠷᠢᠳᠦᠭᠰᠡᠨ ᠦᠢ᠍ᠯᠡᠳᠪᠦᠷᠢᠯᠡᠯ᠎ᠤᠨ ᠲᠦᠬᠦᠭᠡᠷᠤᠮᠵᠢ᠎ᠲᠠᠢ ᠪᠠᠶ᠋ᠢᠬᠤ;
     (ᠬᠤᠶᠠᠷ) ᠲᠡᠵᠢᠬᠡᠵᠦ ᠦᠷᠡᠵᠢᠬᠦᠯᠬᠦ᠎ᠳᠤᠨᠢ ᠦᠢ᠍ᠯᠡᠴᠢᠯᠡᠬᠦ ᠮᠠᠯ ᠠᠵᠦ ᠠᠬᠤᠢ ᠮᠠᠯ ᠡᠮᠨᠡᠯᠭᠡ ᠵᠢᠨ ᠮᠡᠷᠭᠡᠵᠢᠯᠳᠡᠨ᠎ᠲᠠᠢ ᠪᠠᠶ᠋ᠢᠬᠤ;
     (ᠭᠤᠷᠪᠠ) ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠤᠭᠳᠠᠭ᠋ᠠᠯ ᠪᠤᠯᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠬᠢᠵᠢᠭ᠎ᠢ ᠰᠡᠷᠭᠡᠶ᠋ᠢᠯᠡᠬᠦ ᠨᠦᠬᠦᠴᠡᠯ᠎ᠢ ᠪᠦᠷᠢᠯᠳᠦᠬᠦᠯᠦᠭᠰᠡᠨ ᠪᠠᠶ᠋ᠢᠬᠤ;
     (ᠲᠦᠷᠪᠠ) ᠮᠠᠯ ᠵᠢᠬᠦᠷᠳᠡᠨ᠎ᠤ ᠪᠠᠭ᠋ᠠᠰᠦ ᠰᠢᠬᠡᠰᠦ᠂ ᠬᠠᠶᠠᠭᠳᠠᠮᠠᠯ ᠤᠰᠦ ᠪᠠ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ᠎ᠢ ᠶᠡᠷᠦᠩᠭᠡᠶ᠋ᠢᠯᠡᠨ ᠠᠰᠢᠬᠯᠠᠬᠤ ᠨᠠᠮᠤᠭ᠎ᠤᠨ ᠬᠡᠢ ᠵᠢᠨ ᠲᠠᠳᠠᠭ᠋ᠠᠯ ᠵᠡᠷᠭᠡ ᠲᠦᠬᠦᠭᠡᠷᠤᠮᠵᠢ ᠪᠤᠶᠤ ᠪᠤᠰᠤᠳ ᠬᠤᠤᠷ ᠦᠭᠡᠶ᠋ᠢᠵᠢᠬᠦᠯᠤᠨ ᠰᠢᠢ᠍ᠳᠪᠦᠷᠢᠯᠡᠬᠦ ᠲᠦᠬᠦᠭᠡᠷᠤᠮᠵᠢ᠎ᠲᠠᠢ ᠪᠠᠶ᠋ᠢᠬᠤ;
     (ᠲᠠᠪᠤ) ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠤᠬᠳᠠᠭ᠋ᠠᠯ᠎ᠳᠤ ᠲᠤᠭᠳᠠᠭ᠋ᠠᠭᠰᠠᠨ ᠪᠤᠰᠤᠳ ᠨᠦᠬᠦᠴᠡᠯ᠎ᠤᠳ᠎ᠢ ᠪᠦᠷᠢᠯᠳᠦᠬᠦᠯᠦᠭᠰᠡᠨ ᠪᠠᠶ᠋ᠢᠬᠤ᠃
      ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠢ ᠪᠠᠶ᠋ᠢᠭᠤᠯᠤᠭᠴᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠤᠨ ᠨᠡᠷᠡᠶ᠋ᠢᠳᠤᠯ᠂ ᠲᠡᠵᠢᠭᠡᠨ ᠦᠷᠡᠵᠢᠬᠦᠯᠬᠦ ᠭᠠᠵᠠᠷ᠎ᠤᠨ ᠬᠠᠶᠢᠭ᠂ ᠮᠠᠯ ᠵᠢᠬᠦᠷᠳᠡᠨ᠎ᠤ ᠡᠬᠦᠯᠳᠡᠷ ᠪᠤᠯᠤᠨ ᠲᠡᠵᠢᠭᠡᠨ ᠦᠷᠡᠵᠢᠬᠦᠯᠬᠦ ᠭᠡᠪᠴᠢᠶ᠎ᠠ ᠵᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠤᠨ ᠪᠠᠶ᠋ᠢᠭ᠎ᠠ ᠭᠠᠵᠠᠷ᠎ᠤᠨ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠦᠨ ᠲᠠᠩᠰᠠᠯᠠᠭᠤᠯᠵᠦ᠂ ᠮᠠᠯ ᠵᠢᠬᠦᠷᠳᠡᠨ᠎ᠢ ᠢᠯᠭ᠋ᠠᠬᠤ ᠲᠡᠮᠳᠡᠭ᠎ᠤᠨ ᠲᠦᠯᠦᠭᠡᠨ᠎ᠤ ᠨᠤᠮᠧᠷ᠎ᠢ ᠤᠯᠬᠤ ᠭᠡᠷᠡᠭᠳᠠᠢ᠃
      ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠲᠤᠰ ᠵᠠᠰᠠᠭ ᠵᠠᠬᠢᠷᠭ᠋ᠠᠨ᠎ᠤ ᠤᠷᠤᠨ᠎ᠤ᠎ᠪᠠᠨ ᠮᠠᠯ ᠠᠵᠦ ᠠᠬᠤᠢ ᠵᠢᠨ ᠬᠦᠭᠵᠢᠯᠳᠠ ᠵᠢᠨ ᠪᠠᠶ᠋ᠢᠳᠠᠯ᠎ᠢ ᠦᠨᠳᠦᠰᠦᠯᠡᠵᠦ᠂ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ᠎ᠤᠨ ᠬᠡᠪᠴᠢᠶᠠᠨ᠎ᠤ ᠪᠠᠷᠢᠮᠵᠢᠶ᠎ᠠ ᠪᠠ ᠲᠠᠩᠰᠠᠯᠠᠭᠤᠯᠬᠤ ᠵᠢᠷᠤᠮ᠎ᠢ ᠲᠤᠭᠳᠠᠭ᠋ᠠᠨ᠎ᠠ᠃
      ᠲᠦᠴᠢᠳᠦᠭᠡᠷ ᠵᠦᠢ᠍ᠯ ᠲᠤᠤᠷ᠎ᠠ ᠵᠢᠭᠰᠠᠭ᠋ᠠᠬᠰᠠᠨ ᠤᠷᠤᠨ᠎ᠤ ᠲᠤᠳᠤᠷ᠎ᠠ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠪᠠᠶ᠋ᠢᠭᠤᠯᠬᠤ ᠵᠢ ᠴᠠᠭ᠋ᠠᠵᠠᠯᠠᠨ᠎ᠠ᠄
     (ᠨᠢᠭᠡ) ᠠᠮᠢᠳᠤᠷᠠᠯ᠎ᠤᠨ ᠤᠤᠭᠤᠬᠤ ᠤᠰᠦ ᠵᠢᠨ ᠤᠰᠤᠨ ᠰᠤᠷᠪᠤᠯᠵᠢ ᠵᠢᠨ ᠬᠠᠮᠠᠭ᠋ᠠᠯᠠᠯᠳᠠ ᠵᠢᠨ ᠤᠷᠤᠨ᠂ ᠨᠡᠷᠡᠳᠦ ᠦᠵᠡᠮᠵᠢᠳᠦ ᠤᠷᠤᠨ ᠵᠢᠴᠢ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠤᠤᠯ ᠤᠷᠤᠨ ᠪᠤᠯᠤᠨ ᠵᠠᠪᠰᠠᠷ᠎ᠤᠨ ᠤᠷᠤᠨ;
     (ᠬᠤᠶᠠᠷ) ᠬᠤᠳᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠲᠤᠭᠤᠷᠢᠭ᠂ ᠰᠤᠶᠤᠯ ᠰᠤᠷᠭ᠋ᠠᠨ ᠬᠦᠮᠦᠵᠢᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠤᠷᠤᠨ ᠵᠡᠷᠭᠡ ᠬᠦᠮᠦᠨ ᠠᠮᠠ ᠲᠦᠪᠯᠡᠷᠡᠭᠰᠡᠨ ᠤᠷᠤᠨ;
     (ᠭᠤᠷᠪᠠ) ᠬᠠᠦᠯᠢ ᠴᠠᠭ᠋ᠠᠵᠠ᠂ ᠬᠠᠦᠯᠢ ᠳᠤᠭᠳᠠᠭ᠋ᠠᠯ᠎ᠳᠤ ᠲᠤᠭᠳᠠᠭ᠋ᠠᠭᠰᠠᠨ ᠲᠡᠵᠢᠬᠡᠬᠦ ᠵᠢ ᠴᠠᠭ᠋ᠠᠵᠠᠯᠠᠬᠤ ᠪᠤᠰᠤᠳ ᠤᠷᠤᠨ᠃
      ᠲᠦᠴᠢᠨ ᠨᠢᠭᠡᠳᠦᠭᠡᠷ ᠵᠦᠢ᠍ᠯ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠡᠢ᠎ᠨᠢ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠪᠠᠶ᠋ᠢᠭᠤᠯᠵᠦ᠂ ᠲᠤᠤᠷᠠᠬᠢ ᠠᠭᠤᠯᠭ᠎ᠠ᠎ᠨᠤᠭᠤᠳ᠎ᠢ ᠲᠤᠳᠤᠷᠬᠠᠢ ᠲᠡᠮᠳᠡᠭᠯᠡᠭᠰᠡᠨ ᠪᠠᠶ᠋ᠢᠬᠤ ᠭᠡᠷᠡᠭᠳᠠᠢ᠄
     (ᠨᠢᠭᠡ) ᠮᠠᠯ ᠵᠢᠬᠦᠷᠳᠡᠨ᠎ᠤ ᠡᠬᠦᠯᠳᠡᠷ᠂ ᠲᠤᠭ᠎ᠠ ᠲᠤᠯᠤᠭ᠋ᠠᠢ᠂ ᠦᠷᠡᠵᠢᠯᠳᠠ ᠵᠢᠨ ᠲᠡᠮᠳᠡᠭᠯᠡᠯ᠂ ᠢᠯᠭ᠋ᠠᠬᠤ ᠲᠡᠮᠳᠡᠭ᠎ᠤᠨ ᠪᠠᠶ᠋ᠢᠳᠠᠯ᠂ ᠢᠷᠡᠯᠳᠡ ᠪᠤᠯᠤᠨ ᠲᠠᠯᠠᠪᠠᠢ᠎ᠳᠤ ᠤᠷᠤᠭᠤᠯᠵᠦ ᠲᠠᠯᠠᠪᠡᠢ᠎ᠠᠴᠠ ᠭᠠᠷᠭ᠋ᠠᠭᠰᠠᠨ ᠡᠳᠦᠷ ᠬᠤᠭᠤᠴᠠᠭ᠎ᠠ;
     (ᠬᠤᠶᠠᠷ) ᠲᠡᠵᠢᠭᠡᠯ ᠪᠤᠷᠳᠤᠭ᠎ᠠ᠂ ᠪᠤᠷᠳᠤᠭ᠎ᠠ ᠵᠢᠨ ᠨᠡᠮᠡᠯᠳᠠ ᠡᠳ᠋᠂ ᠮᠠᠯ᠎ᠤᠨ ᠡᠮ ᠵᠡᠷᠭᠡ ᠤᠷᠤᠭᠤᠯᠤᠯᠳᠠ ᠵᠢᠨ ᠡᠳ᠋᠎ᠤᠨ ᠢᠷᠡᠯᠳᠠ᠂ ᠨᠡᠷᠡᠶ᠋ᠢᠳᠤᠯ᠂ ᠬᠡᠷᠡᠭᠯᠡᠬᠦ ᠡᠳᠡᠭᠡᠳ᠂ ᠭᠡᠷᠡᠭᠯᠡᠬᠦ ᠴᠠᠭ ᠪᠤᠯᠤᠨ ᠬᠡᠷᠡᠭᠯᠡᠬᠦ ᠭᠡᠮᠵᠢᠶ᠎ᠠ;
     (ᠭᠣᠷᠪᠠ) ᠬᠢᠵᠢᠭ ᠪᠠᠶ᠋ᠢᠴᠠᠭ᠋ᠠᠭᠰᠠᠨ᠂ ᠴᠠᠷᠤᠯᠳᠠ ᠬᠢᠭᠰᠡᠨ᠂ ᠠᠷᠢᠭᠤᠳᠬᠠᠬᠰᠠᠨ ᠪᠠᠶ᠋ᠢᠳᠠᠯ;
     (ᠲᠦᠷᠪᠡ) ᠮᠠᠯ ᠵᠢᠬᠦᠷᠳᠡᠨ᠎ᠤ ᠡᠪᠡᠳᠴᠢᠨ ᠤᠯᠤᠭᠰᠠᠨ᠂ ᠦᠬᠦᠭᠰᠡᠨ ᠪᠠ ᠬᠤᠤᠷ ᠦᠭᠡᠶ᠋ᠢᠵᠢᠬᠦᠯᠦᠨ ᠰᠢᠢ᠍ᠳᠪᠦᠷᠢᠯᠡᠭᠰᠡᠨ ᠪᠠᠶ᠋ᠢᠳᠠᠯ;
     (ᠲᠠᠪᠤ) ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠪᠤᠰᠤᠳ ᠠᠭᠤᠯᠭ᠎ᠠ᠎ᠨᠤᠭᠤᠳ᠃
      ᠲᠦᠴᠢᠨ ᠬᠤᠶᠠᠳᠤᠭ᠋ᠠᠷ ᠵᠦᠢ᠍ᠯ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠡᠢ᠎ᠨᠤᠭᠤᠳ ᠠᠷᠠᠴᠢᠯᠠᠨ ᠲᠡᠵᠢᠭᠡᠵᠦ ᠪᠠᠶ᠋ᠢᠭ᠎ᠠ ᠮᠠᠯ ᠵᠢᠬᠦᠷᠳᠡᠨ᠎ᠳᠡᠭᠡᠨ ᠲᠤᠬᠢᠷᠡᠮᠵᠢᠳᠠᠢ ᠦᠷᠡᠵᠢᠯᠳᠠ ᠵᠢᠨ ᠨᠦᠬᠦᠴᠡᠯ ᠪᠠ ᠤᠷᠤᠰᠢᠨ ᠠᠮᠢᠳᠤᠷᠠᠬᠤ᠂ ᠦᠰᠦᠨ ᠪᠤᠶ᠋ᠢᠵᠢᠬᠤ ᠤᠷᠴᠢᠨ ᠲᠤᠭᠤᠷᠢᠨ᠎ᠢ ᠬᠠᠨᠭ᠌ᠭ᠋ᠠᠵᠦ ᠦᠭᠬᠦ ᠭᠡᠷᠡᠭᠳᠠᠢ᠃
      ᠲᠦᠴᠢᠨ ᠭᠤᠷᠪᠠᠳᠤᠭ᠋ᠠᠷ ᠵᠦᠢ᠍ᠯ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ᠎ᠳᠡᠭᠡᠨ ᠲᠤᠤᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠢ ᠬᠢᠵᠦ ᠪᠤᠯᠬᠤ ᠦᠭᠡᠢ᠄
     (ᠨᠢᠭᠡ) ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠳᠤᠭᠳᠠᠭ᠋ᠠᠯ᠎ᠤᠨ ᠲᠤᠭᠳᠠᠭ᠋ᠠᠯ ᠪᠠ ᠤᠯᠤᠰ᠎ᠤᠨ ᠮᠠᠷᠭᠡᠵᠢᠯ᠎ᠤᠨ ᠲᠦᠷᠢᠮᠵᠢᠯ᠎ᠤᠨ ᠠᠯᠪᠠᠳᠠᠯᠭ᠎ᠠ ᠵᠢᠨ ᠴᠢᠨᠠᠷᠳᠠᠢ ᠱᠠᠭ᠋ᠠᠷᠳᠠᠯᠭ᠎ᠠ ᠵᠢ ᠵᠦᠷᠢᠴᠡᠵᠦ᠂ ᠲᠡᠵᠢᠭᠡᠯ ᠪᠤᠷᠳᠤᠭ᠎ᠠ᠂ ᠪᠤᠷᠳᠤᠭ᠎ᠠ ᠵᠢᠨ ᠨᠡᠮᠡᠯᠳᠠ ᠡᠳ᠋᠂ ᠮᠠᠯ᠎ᠤᠨ ᠡᠮ᠎ᠢ ᠭᠡᠷᠡᠭᠯᠡᠬᠦ;
     (ᠬᠤᠶᠠᠷ) ᠭᠤᠸᠠᠩᠵᠠ᠂ ᠬᠤᠭᠤᠯᠠᠨ ᠭᠡᠷ᠎ᠤᠨ ᠦᠨᠳᠦᠷ ᠬᠠᠯᠠᠭᠤᠨ ᠵᠶ᠋ᠠᠷ ᠰᠢᠢ᠍ᠳᠪᠦᠷᠢᠯᠡᠬᠦ ᠶᠠᠪᠤᠴᠠ ᠵᠢ ᠦᠡᠭᠭᠡᠷᠡᠭᠡᠭᠰᠡᠨ ᠦᠭᠡᠢ ᠤᠬᠢᠶᠠᠳᠠᠰᠦ᠎ᠪᠠᠷ ᠭᠡᠷ᠎ᠤᠨ ᠲᠡᠵᠢᠭᠡᠪᠤᠷᠢ ᠵᠢ ᠲᠡᠵᠢᠭᠡᠬᠦ;
     (ᠭᠤᠷᠪᠠ) ᠬᠤᠭ ᠨᠤᠪᠰᠢ ᠵᠢᠨ ᠲᠠᠯᠠᠪᠠᠢ᠎ᠳᠤ ᠪᠤᠶᠤ ᠬᠤᠭ ᠨᠤᠪᠰᠢ ᠵᠢᠨ ᠲᠠᠯᠠᠪᠠᠢ᠎ᠳᠠᠬᠢ ᠪᠤᠳᠠᠰ ᠵᠶ᠋ᠠᠷ ᠮᠠᠯ ᠵᠢᠬᠦᠷᠳᠡᠨ᠎ᠢ ᠠᠷᠠᠴᠢᠯᠠᠨ ᠲᠡᠵᠢᠭᠡᠬᠦ;
     (ᠲᠦᠷᠪᠡ) ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠳᠤᠭᠳᠠᠭ᠋ᠠᠯ ᠪᠤᠯᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠭᠰᠠᠨ ᠬᠦᠮᠦᠨ ᠪᠠ ᠮᠠᠯ ᠵᠢᠬᠦᠷᠳᠡᠨ᠎ᠤ ᠡᠷᠡᠬᠦᠯ ᠮᠡᠨᠳᠦ᠎ᠳᠤ ᠬᠤᠤᠷ ᠬᠦᠨᠦᠭᠡᠯ᠎ᠲᠠᠢ ᠪᠤᠰᠤᠳ ᠠᠵᠢᠯᠯᠠᠭ᠎ᠠ᠎ᠨᠤᠭᠤᠳ᠃
      ᠲᠦᠴᠢᠨ ᠲᠦᠷᠪᠡᠳᠦᠭᠡᠷ ᠵᠦᠢ᠍ᠯ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠠᠵᠢᠯ᠎ᠢ ᠬᠢᠬᠦ᠎ᠳᠡᠭᠡᠨ 《ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠠᠮᠢᠳᠠᠨ᠎ᠤ ᠬᠢᠵᠢᠭ᠎ᠢ ᠰᠡᠷᠭᠡᠶ᠋ᠢᠯᠡᠬᠦ ᠬᠠᠦᠯᠢ》 ᠵᠢᠨ ᠲᠤᠭᠳᠠᠭ᠋ᠠᠯ ᠶᠤᠰᠤᠭ᠋ᠠᠷ ᠮᠠᠯ ᠵᠢᠬᠦᠷᠳᠡᠨ᠎ᠤ ᠬᠢᠵᠢᠭ᠎ᠢ ᠰᠡᠷᠬᠡᠶ᠋ᠢᠯᠡᠨ ᠵᠠᠰᠠᠬᠤ ᠠᠵᠢᠯ᠎ᠢ ᠰᠠᠶ᠋ᠢᠳᠤᠷ ᠬᠢᠬᠦ ᠭᠡᠷᠡᠭᠳᠠᠢ᠃
      ᠲᠦᠴᠢᠨ ᠲᠠᠪᠤᠳᠤᠭ᠋ᠠᠷ ᠵᠦᠢ᠍ᠯ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠦᠭᠴᠢᠳ ᠤᠯᠤᠰ᠎ᠤᠨ ᠮᠠᠯ ᠵᠢᠬᠦᠷᠳᠡᠨ᠎ᠤ ᠢᠯᠭ᠋ᠠᠬᠤ ᠲᠡᠮᠳᠡᠭ᠎ᠤᠨ ᠬᠠᠮᠢᠶᠠᠷᠤᠯᠳᠠ ᠵᠢᠨ ᠲᠤᠭᠳᠠᠭ᠋ᠠᠯ ᠶᠤᠰᠤᠭ᠋ᠠᠷ᠂ ᠢᠯᠭ᠋ᠠᠬᠤ ᠲᠡᠮᠳᠡᠭ ᠬᠢᠬᠦ ᠴᠢᠬᠤᠯᠠᠳᠠᠢ ᠮᠠᠯ ᠵᠢᠬᠦᠷᠳᠡᠨ᠎ᠤ ᠲᠤᠭᠳᠠᠭᠰᠠᠨ ᠤᠷᠤᠨ ᠪᠠᠶ᠋ᠢᠷᠢ᠎ᠳᠤᠨᠢ ᠢᠯᠭ᠋ᠠᠬᠤ ᠲᠡᠮᠳᠡᠭ ᠳᠠᠯᠪᠢᠬᠤ ᠭᠡᠷᠡᠭᠳᠠᠢ᠃ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠯᠭ᠋ᠠᠬᠤ ᠲᠡᠮᠳᠡᠭ ᠬᠠᠨᠭ᠌ᠭ᠋ᠠᠬᠤ᠎ᠳᠠᠭᠠᠨ ᠰᠦᠢ᠍ᠳᠭᠡᠯ ᠬᠤᠷᠢᠶᠠᠵᠦ ᠪᠤᠯᠬᠤ ᠦᠭᠡᠢ᠂ ᠬᠡᠷᠡᠭᠰᠡᠬᠦ ᠵᠠᠷᠤᠳᠠᠯ᠎ᠢ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠡᠳ᠋᠎ᠤᠨ ᠵᠠᠰᠠᠭ᠎ᠤᠨ ᠲᠦᠰᠦᠪ᠎ᠲᠤ ᠤᠷᠤᠭᠤᠯᠤᠨ᠎ᠠ᠃
      ᠮᠠᠯ ᠵᠢᠬᠦᠷᠳᠡᠨ᠎ᠤ ᠢᠯᠭ᠋ᠠᠬᠤ ᠲᠡᠮᠳᠡᠭ᠎ᠢ ᠲᠠᠪᠳᠠᠨ ᠭᠡᠷᠡᠭᠯᠡᠵᠦ ᠪᠤᠯᠬᠤ ᠦᠭᠡᠢ᠃
      ᠲᠦᠴᠢᠨ ᠵᠢᠷᠭᠤᠳᠤᠭ᠋ᠠᠷ ᠵᠦᠢ᠍ᠯ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ᠎ᠨᠢ ᠮᠠᠯ ᠵᠢᠬᠦᠷᠳᠡᠨ᠎ᠤ ᠪᠠᠭ᠋ᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ᠎ᠢ ᠶᠡᠷᠦᠩᠭᠡᠶ᠋ᠢᠯᠡᠨ ᠠᠰᠢᠭᠯᠠᠬᠤ ᠪᠤᠶᠤ ᠬᠤᠤᠷ ᠦᠭᠡᠶ᠋ᠢᠵᠢᠬᠦᠯᠦᠨ ᠰᠢᠢ᠍ᠳᠪᠦᠷᠢᠯᠡᠬᠦ ᠲᠦᠬᠦᠭᠡᠷᠤᠮᠵᠢ ᠵᠢᠨ ᠬᠡᠪ᠎ᠤᠨ ᠶᠤᠰᠤᠭ᠋ᠠᠷ ᠠᠵᠢᠯᠯᠠᠬᠤ ᠵᠢ ᠪᠠᠳᠤᠯᠠᠵᠦ᠂ ᠪᠤᠬᠢᠷᠳᠤᠯ ᠪᠤᠳᠠᠰ᠎ᠢ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠵᠢ ᠪᠠᠳᠤᠯᠠᠵᠦ᠂ ᠤᠷᠴᠢᠨ ᠲᠤᠭᠤᠷᠢᠨ᠎ᠢ ᠪᠤᠬᠢᠷᠳᠤᠭᠤᠯᠬᠤ ᠵᠢ ᠰᠡᠷᠬᠡᠶ᠋ᠢᠯᠡᠬᠦ ᠭᠡᠷᠡᠭᠳᠠᠢ᠃
      ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ᠎ᠨᠢ ᠬᠠᠦᠯᠢ᠎ᠠᠴᠠ ᠵᠦᠷᠢᠴᠠᠵᠦ ᠮᠠᠯ ᠵᠢᠬᠦᠷᠳᠡᠨ᠎ᠤ ᠪᠠᠭ᠋ᠠᠰᠤ ᠰᠢᠭᠡᠰᠦ᠂ ᠬᠠᠶᠠᠭᠳᠠᠮᠠᠯ ᠤᠰᠤ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ᠎ᠢ ᠭᠠᠳᠠᠭᠰᠢᠯᠠᠭᠤᠯᠤᠭ᠋ᠠᠳ᠂ ᠤᠷᠴᠢᠨ ᠲᠤᠭᠤᠷᠢᠨ᠎ᠢ ᠪᠤᠬᠢᠷᠳᠤᠭᠤᠯᠬᠤ ᠬᠤᠤᠷ ᠬᠦᠨᠦᠭᠡᠯ ᠭᠠᠷᠭ᠋ᠠᠭᠰᠠᠨ ᠪᠠᠶ᠋ᠢᠪᠠᠯ᠂ ᠬᠤᠤᠷ ᠬᠦᠨᠦᠬᠡᠯ᠎ᠢ ᠠᠷᠢᠯᠭ᠋ᠠᠨ᠂ ᠬᠠᠦᠯᠢ ᠶᠤᠰᠤᠭ᠋ᠠᠷ ᠬᠤᠬᠢᠷᠠᠯ᠎ᠢ ᠲᠦᠯᠦᠬᠦ ᠭᠡᠷᠡᠭᠳᠠᠢ᠃
      ᠤᠯᠤᠰ᠎ᠠᠴᠠ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ᠎ᠤᠨ ᠮᠠᠯ ᠵᠢᠬᠦᠷᠳᠡᠨ᠎ᠤ ᠪᠠᠭ᠋ᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ᠎ᠢ ᠶᠡᠷᠦᠩᠭᠡᠶ᠋ᠢᠯᠡᠨ ᠠᠰᠢᠭᠯᠠᠬᠤ ᠲᠦᠬᠦᠬᠡᠷᠤᠮᠵᠢ ᠪᠠᠶ᠋ᠢᠭᠤᠯᠬᠤ ᠵᠢ ᠲᠡᠮᠵᠢᠨ᠎ᠠ᠃
      ᠲᠦᠴᠢᠨ ᠲᠤᠯᠤᠳᠤᠭ᠋ᠠᠷ ᠵᠦᠢ᠍ᠯ ᠤᠯᠤᠰ᠎ᠠᠴᠠ ᠵᠦᠭᠡᠢ ᠲᠡᠵᠢᠭᠡᠬᠦ ᠦᠢ᠍ᠯᠡᠰ᠎ᠢ ᠬᠦᠭᠵᠢᠬᠦᠯᠬᠦ ᠵᠢ ᠵᠤᠷᠢᠬ᠍ᠵᠢᠭᠤᠯᠤᠨ᠂ ᠵᠦᠬᠡᠢ ᠲᠡᠵᠢᠬᠡᠬᠦ ᠦᠢ᠍ᠯᠡᠳᠪᠦᠷᠢᠯᠡᠭᠴᠢᠳ᠎ᠤᠨ ᠬᠠᠦᠯᠢ ᠶᠤᠰᠤᠨ᠎ᠤ ᠡᠷᠭᠡ ᠠᠰᠢᠭ᠎ᠢ ᠬᠠᠮᠠᠭ᠋ᠠᠯᠨ᠎ᠠ᠃
      ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠳ ᠪᠠᠯᠳᠦ ᠵᠦᠬᠡᠢ ᠵᠢᠨ ᠲᠤᠭᠤᠰᠤ ᠬᠦᠷᠳᠡᠬᠡᠬᠦ ᠲᠠᠷᠢᠶᠠᠯᠠᠩ᠎ᠤᠨ ᠤᠷ᠎ᠠ ᠮᠡᠷᠬᠡᠵᠢᠯ᠎ᠤᠨ ᠠᠷᠭ᠎ᠠ ᠬᠡᠮᠵᠢᠶ᠎ᠠ ᠵᠢ ᠢᠳᠡᠪᠬᠢᠳᠠᠢ᠎ᠪᠠᠷ ᠤᠬᠠᠭᠤᠯᠤᠨ ᠲᠡᠯᠭᠡᠷᠡᠬᠦᠯᠬᠦ ᠭᠡᠷᠡᠭᠳᠠᠢ᠃
      ᠲᠦᠴᠢᠨ ᠨᠠᠢ᠍ᠮᠠᠳᠤᠭ᠋ᠠᠷ ᠵᠦᠢ᠍ᠯ ᠵᠦᠭᠡᠢ ᠲᠡᠵᠢᠭᠡᠬᠦ ᠦᠢ᠍ᠯᠡᠳᠪᠦᠷᠢᠯᠡᠭᠴᠢᠳ ᠦᠢ᠍ᠯᠡᠳᠪᠦᠷᠢᠯᠡᠯ᠎ᠤᠨ ᠶᠠᠪᠤᠴᠨ᠎ᠳᠠᠭᠠᠨ ᠵᠦᠬᠡᠢ ᠵᠢᠨ ᠪᠦᠳᠦᠭᠡᠭᠳᠡᠬᠦᠨ᠎ᠤ ᠶᠠᠰᠦ ᠴᠢᠨᠠᠷ᠎ᠤᠨ ᠠᠶᠤᠯᠬᠦᠢ ᠪᠠᠶ᠋ᠢᠳᠠᠯ᠎ᠳᠤ ᠬᠤᠤᠷ ᠬᠦᠨᠦᠭᠡᠯ ᠤᠴᠠᠷᠠᠭᠤᠯᠬᠤ ᠡᠮ᠎ᠤᠨ ᠵᠦᠢ᠍ᠯ ᠪᠠ ᠰᠠᠪᠠ ᠭᠡᠷᠡᠭᠰᠡᠯ᠎ᠢ ᠭᠡᠷᠡᠭᠯᠡᠵᠦ ᠪᠤᠯᠬᠤ ᠦᠭᠡᠢ᠂ ᠵᠦᠭᠡᠢ ᠵᠢᠨ ᠪᠦᠳᠦᠭᠡᠭᠳᠡᠬᠦᠨ᠎ᠤ ᠴᠢᠨᠠᠷ᠎ᠢ ᠦᠨᠡᠨᠬᠦ ᠪᠠᠳᠤᠯᠠᠬᠤ ᠭᠡᠷᠡᠭᠳᠠᠢ᠃ ᠵᠦᠬᠡᠢ ᠲᠡᠵᠢᠬᠡᠬᠦ ᠰᠠᠪᠠ ᠬᠡᠷᠡᠭᠰᠡᠯ᠎ᠨᠢ ᠤᠯᠤᠰ᠎ᠤᠨ ᠮᠡᠷᠭᠡᠵᠢᠯ᠎ᠤᠨ ᠲᠦᠷᠢᠮᠵᠢᠯ᠎ᠤᠨ ᠠᠯᠪᠠᠳᠠᠯᠭ᠎ᠠ ᠵᠢᠨ ᠴᠢᠨᠠᠷᠳᠠᠢ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠭᠡᠷᠡᠭᠳᠠᠢ᠃
      ᠲᠦᠴᠢ ᠶᠢᠰᠦᠳᠤᠭᠡᠷ ᠵᠦᠢ᠍ᠯ ᠵᠦᠬᠡᠢ ᠲᠠᠵᠢᠬᠡᠬᠦ ᠦᠢ᠍ᠯᠡᠳᠪᠦᠷᠢᠯᠡᠭᠴᠢᠳ ᠭᠠᠵᠠᠷ ᠰᠢᠯᠵᠢᠨ ᠵᠦᠬᠡᠢ᠎ᠪᠠᠨ ᠲᠠᠯᠪᠢᠬᠤ ᠦᠶ᠎ᠠ᠎ᠳᠤ᠂ ᠲᠤᠬᠠᠢ ᠵᠢᠨ ᠭᠠᠵᠠᠷ᠎ᠤᠨ ᠲᠤᠳᠤᠭ᠋ᠠᠳᠦ ᠵᠢ ᠬᠠᠮᠠᠭ᠋ᠠᠯᠠᠬᠤ᠂ ᠵᠠᠮ ᠲᠡᠭᠡᠭᠡᠪᠤᠷᠢ᠂ ᠮᠠᠯ ᠠᠵᠦ ᠠᠬᠤᠢ ᠮᠠᠯ ᠡᠮᠨᠡᠯᠭᠡ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠳ ᠴᠢᠬᠤᠯᠠ ᠪᠦᠬᠦᠢ ᠲᠦᠬᠦᠮ ᠦᠵᠡᠬᠦᠯᠬᠦ ᠭᠡᠷᠡᠭᠳᠠᠢ᠃
      ᠵᠦᠭᠡᠢ ᠲᠡᠵᠢᠬᠡᠬᠦ ᠦᠢ᠍ᠯᠡᠳᠪᠦᠷᠢᠯᠡᠭᠴᠢᠳ ᠤᠯᠤᠰ᠎ᠤᠨ ᠲᠤᠳᠤᠭ᠋ᠠᠳᠦ᠎ᠳᠤ ᠭᠠᠵᠠᠷ ᠰᠢᠯᠵᠢᠨ ᠵᠦᠭᠡᠢ᠎ᠪᠠᠨ ᠲᠠᠯᠪᠢᠬᠤ᠎ᠳᠠᠭᠠᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠨᠢᠭᠡᠳᠦᠯᠳᠠᠢ ᠵᠠᠬ᠍ᠪᠤᠷ ᠵᠶ᠋ᠠᠷ ᠲᠠᠷᠤᠮᠠᠯᠯᠠᠠ ᠦᠢ᠍ᠯᠡᠳᠦᠭᠰᠡᠨ ᠬᠢᠵᠢᠭ᠎ᠤᠨ ᠪᠠᠶ᠋ᠢᠴᠠᠭ᠋ᠠᠯᠳᠠ ᠵᠢᠨ ᠬᠢᠷᠢ ᠲᠡᠩᠴᠡᠭᠰᠡᠨ ᠬᠡᠷᠡᠴᠢ᠎ᠪᠠᠷ ᠪᠠᠷᠢᠮᠳᠠ ᠪᠤᠯᠭ᠋ᠠᠨ ᠵᠦᠭᠡᠢ᠎ᠪᠠᠨ ᠲᠡᠭᠡᠭᠡᠪᠦᠷᠢᠯᠡᠨ᠎ᠠ᠂ ᠬᠢᠵᠢᠭ᠎ᠤᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠬᠡᠷᠡᠴᠢ ᠵᠢᠨ ᠬᠦᠴᠦᠨ᠎ᠲᠠᠢ ᠬᠤᠭᠤᠴᠠᠭ᠋ᠠᠨ᠎ᠳᠤ ᠲᠠᠬᠢᠨ ᠲᠠᠪᠳᠠᠨ ᠬᠢᠵᠢᠭ ᠪᠠᠶ᠋ᠢᠴᠠᠭ᠋ᠠᠵᠦ ᠪᠤᠯᠬᠤ ᠦᠭᠡᠢ᠃
      ᠲᠠᠪᠤᠳᠤᠭ᠋ᠠᠷ ᠪᠦᠯᠦᠭ ᠮᠠᠯ ᠵᠢᠬᠦᠷᠳᠡᠨ᠎ᠢ ᠠᠷᠠᠯᠵᠢᠶᠠᠯᠠᠬᠤ ᠪᠠ ᠵᠦᠭᠡᠭᠡᠪᠦᠷᠢᠯᠡᠬᠦ
      ᠲᠠᠪᠢᠳᠤᠭ᠋ᠠᠷ ᠵᠦᠢ᠍ᠯ
ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠤᠭᠤᠳ ᠨᠡᠭᠡᠭᠡᠯᠳᠠ᠎ᠲᠠᠢ ᠪᠦᠭᠡᠳ ᠨᠢᠭᠡᠳᠦᠯᠳᠠᠢ᠂ ᠦᠷᠢᠰᠦᠯᠳᠦᠭᠡᠨ᠎ᠲᠠᠢ ᠪᠦᠭᠡᠳ ᠡᠮᠬᠢ ᠵᠢᠷᠤᠮ᠎ᠲᠠᠢ ᠮᠠᠯ ᠵᠢᠬᠦᠷᠳᠡᠨ᠎ᠤ ᠠᠷᠠᠯᠵᠢᠶᠠᠨ᠎ᠤ ᠵᠠᠬ᠎ᠠ ᠲᠡᠯᠭᠡᠬᠦᠷ᠎ᠤᠨ ᠪᠠᠶ᠋ᠢᠭᠤᠯᠤᠯᠳᠠ ᠵᠢ ᠠᠬᠢᠭᠤᠯᠬᠤ ᠭᠡᠷᠡᠭᠳᠠᠢ᠃
      ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠮᠠᠯ ᠵᠢᠬᠦᠷᠳᠡᠨ᠎ᠤ ᠦᠢ᠍ᠯᠡᠳᠪᠦᠷᠢᠯᠡᠯ ᠪᠤᠷᠤᠯᠠᠭᠤᠯᠭ᠎ᠠ ᠵᠢᠨ ᠮᠡᠳᠡᠭᠡ ᠵᠠᠩᠭᠢ ᠵᠢ ᠴᠤᠬᠯᠠᠭᠤᠯᠬᠤ᠂ ᠡᠮᠬᠢᠳᠭᠡᠬᠦ᠂ ᠨᠡᠶ᠋ᠢᠳᠡᠯᠡᠬᠦ ᠠᠵᠢᠯ᠎ᠢ ᠵᠤᠬᠢᠶᠠᠨ ᠪᠠᠶ᠋ᠢᠭᠤᠯᠵᠦ᠂ ᠦᠢ᠍ᠯᠡᠳᠪᠦᠷᠢᠯᠡᠭᠴᠢᠳ᠎ᠲᠤ ᠮᠠᠳᠡᠭᠡ ᠵᠠᠩᠭᠢ ᠵᠢᠨ ᠦᠢ᠍ᠯᠡᠴᠢᠯᠡᠭᠡ ᠬᠠᠨᠭ᠌ᠭ᠋ᠠᠬᠤ ᠭᠡᠷᠡᠭᠳᠠᠢ᠃
    ᠲᠠᠪᠢᠨ ᠨᠢᠭᠡᠳᠦᠭᠡᠷ ᠵᠦᠢ᠍ᠯ ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠨᠤᠭᠤᠳ ᠲᠠᠷᠢᠶᠠᠯᠠᠩ᠎ᠤᠨ ᠪᠦᠳᠦᠭᠡᠭᠳᠡᠬᠦᠨ᠎ᠢ ᠪᠦᠭᠡᠮ ᠵᠶ᠋ᠠᠷ ᠬᠤᠳᠠᠯᠳᠤᠬᠤ ᠵᠠᠬ᠎ᠠ ᠲᠡᠯᠭᠡᠬᠦᠷ᠎ᠤᠨ ᠬᠦᠭᠵᠢᠯᠳᠠ ᠵᠢᠨ ᠲᠦᠯᠦᠪᠵᠢᠬᠦᠯᠭᠡ ᠵᠢ ᠦᠨᠳᠦᠰᠦᠯᠡᠨ᠂ ᠮᠠᠯ ᠵᠢᠬᠦᠷᠳᠡᠨ᠎ᠢ ᠳᠦᠪᠯᠡᠷᠡᠬᠦᠯᠵᠦ ᠲᠡᠷᠬᠠᠭ᠋ᠠᠬᠤ ᠭᠠᠵᠠᠷ᠎ᠲᠤ ᠮᠠᠯ ᠵᠢᠬᠦᠷᠳᠡᠨ᠎ᠢ ᠪᠦᠭᠡᠮ ᠵᠶ᠋ᠠᠷ ᠬᠤᠳᠠᠯᠳᠤᠬᠤ ᠵᠠᠬ᠎ᠠ ᠲᠡᠯᠭᠡᠬᠦᠷ ᠪᠠᠶ᠋ᠢᠭᠤᠯᠬᠤ᠎ᠳᠤ ᠲᠡᠮᠵᠢᠯᠭᠡ ᠦᠵᠡᠬᠦᠯᠦᠨ᠎ᠠ᠃
      ᠮᠠᠯ ᠵᠢᠬᠦᠷᠳᠡᠨ᠎ᠢ ᠪᠦᠭᠡᠮ ᠵᠶ᠋ᠠᠷ ᠬᠤᠳᠠᠯᠳᠤᠬᠤ ᠵᠠᠬ᠎ᠠ ᠲᠡᠯᠭᠡᠬᠦᠷ ᠪᠠᠶ᠋ᠢᠭᠤᠯᠬᠤ ᠭᠠᠵᠠᠷ᠎ᠢ ᠰᠤᠩᠭᠤᠬᠤ᠎ᠳᠠᠭᠠᠨ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠤᠭᠳᠠᠭ᠋ᠠᠯ ᠪᠤᠯᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠠᠮᠢᠳᠠᠨ᠎ᠤ ᠬᠢᠵᠢᠭ᠎ᠢ ᠰᠡᠷᠭᠡᠶ᠋ᠢᠯᠡᠬᠦ ᠨᠦᠬᠦᠴᠡᠯ᠎ᠳᠤ ᠨᠡᠶ᠋ᠢᠴᠡᠬᠦᠯᠬᠦ ᠭᠡᠷᠡᠭᠳᠠᠢ ᠪᠦᠭᠡᠳ ᠦᠷ᠎ᠠ ᠵᠢᠨ ᠮᠠᠯ ᠵᠢᠬᠦᠷᠳᠡᠨ᠎ᠤ ᠲᠠᠯᠠᠪᠠᠢ ᠪᠠ ᠲᠤᠮᠤ ᠬᠡᠯᠪᠡᠷᠢ ᠵᠢᠨ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠎ᠠᠴᠠ ᠭᠤᠷᠪᠠᠨ ᠺᠢᠯᠣᠮᠧᠲᠷ ᠵᠠᠶ᠋ᠢᠳᠠᠢ ᠪᠠᠶ᠋ᠢᠯᠭ᠋ᠠᠬᠤ ᠭᠡᠷᠡᠭᠳᠡᠢ᠃
      ᠲᠠᠪᠢᠨ ᠬᠤᠶᠠᠳᠤᠭ᠋ᠠᠷ ᠵᠦᠢ᠍ᠯ ᠠᠷᠠᠯᠵᠢᠶᠠᠯᠠᠬᠤ ᠮᠠᠯ ᠵᠢᠬᠦᠷᠳᠡᠨ᠎ᠨᠢ ᠡᠷᠭᠡᠪᠰᠢ ᠤᠯᠤᠰ᠎ᠤᠨ ᠮᠡᠷᠭᠡᠵᠢᠯ᠎ᠤᠨ ᠲᠦᠷᠢᠮᠵᠢᠯ᠎ᠤᠨ ᠠᠯᠪᠠᠳᠠᠯᠭ᠎ᠠ ᠵᠢᠨ ᠴᠢᠨᠠᠷᠳᠠᠢ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠳᠠᠢ᠃
      ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠢᠯᠭ᠋ᠠᠬᠤ ᠲᠡᠮᠳᠡᠭ ᠳᠠᠯᠪᠢᠬᠤ ᠶᠤᠰᠤᠳᠠᠢ ᠮᠠᠯ ᠵᠢᠬᠦᠷᠳᠡᠨ᠎ᠳᠤ ᠢᠯᠭ᠋ᠠᠬᠤ ᠲᠡᠮᠳᠡᠭ ᠳᠠᠯᠪᠢᠭᠰᠠᠨ ᠦᠭᠡᠢ ᠪᠤᠯ ᠲᠡᠬᠦᠨ᠎ᠢ ᠪᠤᠷᠤᠯᠠᠭᠤᠯᠬᠤ ᠪᠤᠶᠤ ᠬᠤᠳᠠᠯᠳᠤᠨ ᠠᠪᠴᠦ ᠪᠤᠯᠬᠤ ᠦᠭᠡᠢ᠃
      ᠲᠠᠪᠢᠨ ᠭᠤᠷᠪᠠᠳᠤᠭ᠋ᠠᠷ ᠵᠦᠢ᠍ᠯ ᠮᠠᠯ ᠵᠢᠬᠦᠷᠳᠡᠨ᠎ᠢ ᠵᠦᠭᠡᠭᠡᠪᠦᠷᠢᠯᠡᠬᠦ᠎ᠳᠤ ᠡᠷᠬᠡᠪᠰᠢ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠤᠭᠳᠠᠭ᠋ᠠᠯ ᠪᠤᠯᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠭᠰᠠᠨ ᠠᠮᠢᠳᠠᠨ᠎ᠤ ᠬᠢᠵᠢᠭ᠎ᠢ ᠰᠡᠷᠭᠡᠶ᠋ᠢᠯᠡᠬᠦ ᠨᠦᠬᠦᠴᠡᠯ᠎ᠳᠤ ᠨᠡᠶ᠋ᠢᠴᠡᠬᠦᠯᠵᠦ᠂ ᠠᠷᠭ᠎ᠠ ᠬᠡᠮᠵᠢᠶ᠎ᠠ ᠠᠪᠴᠦ ᠪᠠᠶ᠋ᠢᠭ᠋ᠠᠳ ᠮᠠᠯ ᠵᠢᠬᠦᠷᠳᠡᠨ᠎ᠤ ᠠᠶᠤᠯᠬᠦᠢ ᠪᠠᠶ᠋ᠢᠳᠠᠯ᠎ᠢ ᠬᠠᠮᠠᠭ᠋ᠠᠯᠠᠬᠤ ᠵᠢᠨ ᠬᠠᠮᠳᠦ ᠵᠦᠭᠡᠭᠡᠪᠦᠷᠢᠯᠡᠵᠦ ᠪᠠᠶ᠋ᠢᠭ᠎ᠠ ᠮᠠᠯ ᠵᠢᠬᠦᠷᠳᠡᠨ᠎ᠳᠡᠭᠡᠨ ᠴᠢᠬᠤᠯᠨ ᠪᠦᠬᠦᠢ ᠤᠷᠤᠨ ᠵᠠᠢ ᠪᠤᠯᠤᠨ ᠲᠡᠵᠢᠭᠡᠵᠦ ᠤᠰᠤᠯᠠᠬᠤ ᠨᠦᠬᠦᠴᠡᠯ᠎ᠢ ᠪᠦᠷᠢᠯᠳᠦᠬᠦᠯᠵᠦ ᠦᠭᠬᠦ ᠭᠡᠷᠡᠭᠳᠠᠢ᠃
      ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠳ ᠵᠦᠬᠡᠭᠡᠪᠦᠷᠢᠯᠡᠵᠦ ᠪᠠᠶ᠋ᠢᠭ᠎ᠠ ᠮᠠᠯ ᠵᠢᠬᠦᠷᠳᠡᠡ᠎ᠳᠤ ᠪᠠᠶ᠋ᠢᠴᠠᠭ᠋ᠠᠯᠳᠠ ᠬᠢᠬᠦ᠎ᠳᠡᠭᠡᠨ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠳᠤᠭᠳᠠᠭ᠋ᠠᠯ᠎ᠤᠨ ᠦᠨᠳᠦᠰᠦᠯᠡᠯ᠎ᠲᠠᠢ ᠪᠠᠶ᠋ᠢᠬᠤ ᠬᠡᠷᠡᠭᠳᠠᠢ᠃
      ᠵᠢᠷᠭᠤᠳᠤᠭ᠋ᠠᠷ ᠪᠦᠯᠦᠭ ᠶᠠᠰᠦ ᠴᠢᠨᠠᠷ᠎ᠤᠨ ᠠᠶᠤᠯᠬᠦᠢ ᠵᠢ ᠪᠠᠳᠤᠯᠠᠬᠤ
      ᠲᠠᠪᠢᠨ ᠲᠦᠷᠪᠡᠳᠦᠭᠡᠷ ᠵᠦᠢ᠍ᠯ
ᠰᠢᠶᠠᠨ᠎ᠤ ᠱᠠᠳᠤᠨ᠎ᠠᠴᠠ ᠲᠠᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠤᠭᠤᠳ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠢ ᠵᠤᠬᠢᠶᠠᠨ ᠪᠠᠶ᠋ᠢᠭᠤᠯᠵᠦ᠂ ᠲᠤᠰ ᠬᠠᠦᠯᠢ ᠪᠤᠯᠤᠨ ᠬᠤᠯᠪᠤᠭᠳᠠᠯ ᠪᠦᠬᠦᠢ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠤᠭᠳᠠᠭ᠋ᠠᠯ᠎ᠤᠨ ᠲᠤᠭᠳᠠᠭ᠋ᠠᠯ ᠶᠤᠰᠤᠭ᠋ᠠᠷ ᠮᠠᠯ ᠵᠢᠬᠦᠷᠳᠡᠨ᠎ᠢ ᠠᠷᠠᠴᠢᠯᠠᠨ ᠲᠡᠵᠢᠬᠡᠬᠦ ᠤᠷᠴᠢᠨ ᠲᠤᠭᠤᠷᠢᠨ᠂ ᠦᠷ᠎ᠠ ᠵᠢᠨ ᠮᠠᠯ ᠵᠢᠬᠦᠷᠳᠡᠨ᠎ᠤ ᠶᠠᠰᠤ ᠴᠢᠨᠠᠷ᠂ ᠲᠡᠵᠢᠭᠡᠯ ᠪᠤᠷᠳᠤᠭ᠎ᠠ ᠪᠤᠯᠤᠨ ᠮᠠᠯ᠎ᠤᠨ ᠡᠮ ᠵᠠᠷᠭᠡ ᠤᠷᠤᠭᠤᠯᠤᠯᠳᠠ ᠵᠢᠨ ᠪᠤᠳᠠᠰ᠎ᠤᠨ ᠬᠡᠷᠡᠭᠯᠡᠭᠡ ᠵᠢᠴᠢ ᠮᠠᠯ ᠵᠢᠬᠦᠷᠳᠡᠨ᠎ᠢ ᠠᠷᠠᠯᠵᠢᠶᠠᠯᠠᠬᠤ ᠪᠠ ᠵᠦᠭᠡᠭᠡᠪᠦᠷᠢᠯᠡᠬᠦ ᠵᠢᠨ ᠬᠢᠨᠠᠯᠳᠠ ᠬᠠᠮᠢᠶᠠᠷᠤᠯᠳᠠ᠎ᠪᠠᠨ ᠴᠢᠩᠭ᠋ᠠᠳᠬᠠᠬᠤ ᠭᠡᠷᠡᠭᠳᠠᠢ᠃
      ᠲᠠᠪᠢᠨ ᠲᠠᠪᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠮᠠᠯ ᠵᠢᠬᠦᠷᠳᠡᠨ᠎ᠤ ᠢᠯᠭ᠋ᠠᠬᠤ ᠲᠡᠮᠳᠡᠭ ᠪᠤᠯᠤᠨ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ᠎ᠢ ᠬᠠᠮᠢᠶᠠᠷᠬᠤ ᠠᠷᠭ᠎ᠠ ᠵᠢ ᠲᠤᠭᠳᠠᠭ᠋ᠠᠵᠦ᠂ ᠠᠷᠭ᠎ᠠ ᠬᠡᠮᠵᠢᠶ᠎ᠠ ᠠᠪᠴᠦ ᠪᠠᠶ᠋ᠢᠭ᠋ᠠᠳ ᠮᠠᠯ ᠵᠢᠬᠦᠷᠳᠡᠨ᠎ᠤ ᠪᠦᠳᠦᠭᠡᠭᠳᠡᠬᠦᠨ᠎ᠤ ᠶᠠᠰᠦ ᠴᠢᠨᠠᠷ᠎ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠨᠠᠶ᠋ᠢᠳᠠᠪᠤᠷᠢᠵᠢᠭᠤᠯᠬᠤ ᠭᠡᠷᠡᠭᠳᠠᠢ᠃
      ᠲᠠᠪᠢᠨ ᠵᠢᠷᠭᠤᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠲᠠᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠮᠠᠯ ᠵᠢᠬᠦᠷᠳᠡᠨ᠎ᠤ ᠶᠠᠰᠤ ᠴᠢᠨᠠᠷ᠎ᠤᠨ ᠠᠶᠤᠯᠬᠦᠢ ᠵᠢ ᠬᠢᠨᠠᠨ ᠪᠠᠶ᠋ᠢᠴᠠᠭ᠋ᠠᠬᠤ ᠲᠦᠯᠦᠪᠯᠡᠭᠡ ᠲᠤᠭᠳᠠᠭ᠋ᠠᠵᠦ᠂ ᠲᠦᠯᠦᠪᠯᠡᠭᠡ ᠶᠤᠰᠤᠭ᠋ᠠᠷ ᠬᠢᠨᠠᠯᠳᠠ ᠲᠠᠯᠪᠢᠵᠦ ᠰᠤᠩᠭᠤᠨ ᠪᠠᠶ᠋ᠢᠴᠠᠭ᠋ᠠᠬᠤ ᠠᠵᠢᠯ᠎ᠢ ᠦᠷᠨᠢᠬᠦᠯᠬᠦ ᠭᠡᠷᠡᠭᠳᠠᠢ᠃
      ᠲᠡᠪᠢᠨ ᠲᠤᠯᠤᠳᠤᠭ᠋ᠠᠷ ᠵᠦᠢ᠍ᠯ ᠮᠤᠵᠢ ᠵᠢᠨ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠮᠠᠯ ᠵᠢᠬᠦᠷᠳᠡᠨ᠎ᠤ ᠦᠢ᠍ᠯᠡᠳᠪᠦᠷᠢᠯᠡᠯ᠎ᠤᠨ ᠲᠦᠷᠢᠮᠵᠢᠯ᠎ᠢ ᠵᠤᠬᠢᠶᠠᠨ ᠪᠠᠶ᠋ᠢᠭᠤᠯᠤᠨ ᠲᠤᠭᠳᠠᠭ᠋ᠠᠵᠦ᠂ ᠮᠠᠯ ᠵᠢᠬᠦᠷᠳᠡᠨ᠎ᠤ ᠠᠶᠤᠯᠬᠦᠢ ᠦᠢ᠍ᠯᠡᠳᠪᠦᠷᠢᠯᠡᠯ᠎ᠢ ᠵᠢᠯᠤᠭᠤᠳᠬᠤ ᠭᠡᠷᠡᠭᠳᠠᠢ᠃
      ᠲᠤᠯᠤᠳᠤᠭ᠋ᠠᠷ ᠪᠦᠯᠦᠭ ᠬᠠᠦᠯᠢ ᠵᠢᠨ ᠬᠠᠷᠢᠭᠤᠴᠠᠯᠭ᠎ᠠ
      ᠲᠠᠪᠢᠨ ᠨᠠᠢ᠍ᠮᠠᠳᠤᠭ᠋ᠠᠷ ᠵᠦᠢ᠍ᠯ
ᠲᠤᠰ ᠬᠠᠦᠯᠢ ᠵᠢᠨ ᠠᠷᠪᠠᠨ ᠭᠤᠷᠪᠠᠳᠤᠭ᠋ᠠᠷ ᠵᠦᠢ᠍ᠯ᠎ᠤᠨ ᠬᠤᠶᠠᠳᠤᠭ᠋ᠠᠷ ᠪᠠᠳᠠᠭ᠎ᠤᠨ ᠲᠤᠭᠳᠠᠭ᠋ᠠᠯ᠎ᠢ ᠵᠦᠷᠢᠴᠡᠡ᠂ ᠬᠠᠮᠠᠭ᠋ᠠᠯᠠᠯᠳᠠ᠎ᠲᠠᠢ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠲᠤᠷ᠎ᠠ᠎ᠪᠠᠷ ᠵᠶ᠋ᠠᠨ ᠰᠢᠢ᠍ᠳᠪᠦᠷᠢᠯᠡᠭᠡᠳ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠲᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠮᠤᠵᠢ ᠵᠢᠨ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠲᠠᠪᠤᠨ ᠲᠦᠮᠡᠨ ᠲᠦᠬᠦᠷᠢᠭ᠎ᠠᠴᠠ ᠲᠡᠭᠡᠭᠰᠢ ᠲᠠᠪᠢᠨ ᠲᠦᠮᠡᠨ ᠲᠦᠭᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ᠃
      ᠲᠠᠪᠢ ᠶᠢᠰᠦᠳᠤᠭᠡᠷ ᠵᠦᠢ᠍ᠯ ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠵᠦᠷᠢᠴᠡᠨ᠂ ᠲᠤᠤᠷ᠎ᠠ ᠵᠢᠬᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠭᠡ ᠵᠢ ᠭᠢᠭᠰᠡᠨ ᠪᠠᠶ᠋ᠢᠪᠠᠯ᠂ ᠮᠤᠵᠢ ᠵᠢᠨ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠦᠯᠢ ᠵᠢ ᠵᠦᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠤᠭᠰᠤᠭ᠋ᠠᠵᠦ᠂ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ ᠪᠠ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠬᠤ ᠵᠢᠨ ᠬᠠᠮᠳᠦ ᠨᠢᠭᠡ ᠲᠦᠮᠡᠨ ᠲᠦᠬᠦᠷᠢᠭ᠎ᠠᠴᠠ ᠲᠡᠭᠡᠭᠰᠢ ᠲᠠᠪᠤᠨ ᠲᠦᠮᠡᠨ ᠲᠦᠭᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ᠃
     (ᠨᠢᠭᠡ) ᠬᠢᠨᠠᠨ ᠪᠠᠶ᠋ᠢᠴᠠᠭ᠋ᠠᠵᠦ ᠵᠦᠪᠰᠢᠶᠡᠷᠡᠬᠦᠯᠦᠭᠰᠡᠨ ᠦᠭᠡᠢ᠎ᠪᠠᠷ ᠬᠢᠯᠢ ᠵᠢᠨ ᠭᠠᠳᠠᠨ᠎ᠠ᠎ᠠᠴᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠤᠷᠤᠭᠤᠯᠤᠭᠰᠠᠨ;
     (ᠬᠤᠶᠠᠷ) ᠬᠢᠨᠠᠨ ᠪᠠᠶ᠋ᠢᠴᠠᠭ᠋ᠠᠵᠦ ᠵᠦᠪᠰᠢᠶᠠᠷᠡᠬᠦᠯᠦᠭᠰᠡᠨ ᠦᠭᠡᠢ᠎ᠪᠠᠷ ᠬᠢᠯᠢ ᠵᠢᠨ ᠲᠤᠳᠤᠷ᠎ᠠ᠎ᠪᠠᠨ ᠬᠢᠯᠢ ᠵᠢᠨ ᠭᠠᠳᠠᠨᠠᠬᠢ ᠪᠠᠶ᠋ᠢᠭᠤᠯᠤᠮᠵᠢ᠂ ᠬᠤᠪᠢ ᠬᠦᠮᠦᠨ᠎ᠲᠠᠢ ᠬᠤᠷᠰᠢᠨ ᠬᠠᠮᠠᠭ᠋ᠠᠯᠠᠯᠳᠠ ᠵᠢᠨ ᠲᠤᠪᠶᠤᠭ᠎ᠲᠤ ᠵᠢᠭᠰᠠᠭ᠋ᠠᠭᠰᠠᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠰᠤᠳᠤᠯᠵᠦ ᠠᠰᠢᠬᠯᠠᠭᠰᠠᠨ;
     (ᠭᠤᠷᠪᠠ) ᠬᠢᠯᠢ ᠵᠢᠨ ᠲᠤᠳᠤᠷ᠎ᠠ᠎ᠪᠠᠨ ᠬᠢᠯᠢ ᠵᠢᠨ ᠭᠠᠳᠠᠨᠠᠬᠢ ᠪᠠᠶ᠋ᠢᠭᠤᠯᠤᠮᠵᠢ᠂ ᠬᠤᠪᠢ ᠬᠦᠮᠦᠨ᠎ᠲᠠᠢ ᠬᠤᠷᠰᠢᠨ ᠤᠯᠤᠰ᠎ᠤᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠤᠮᠢᠰ᠎ᠤᠨ ᠬᠢᠨᠠᠨ ᠲᠤᠭᠳᠠᠭ᠋ᠠᠯᠳᠠ ᠵᠢ ᠦᠡᠭᠭᠡᠷᠡᠬᠦᠯᠦᠭᠡ ᠦᠭᠡᠢ ᠰᠢᠨ᠎ᠠ᠎ᠪᠠᠷ ᠢᠯᠡᠷᠡᠬᠦᠯᠦᠭᠰᠡᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠰᠤᠳᠤᠯᠵᠦ ᠠᠰᠢᠬᠯᠠᠬᠰᠠᠨ᠃
      ᠵᠢᠷᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠵᠦᠪᠰᠢᠶᠡᠷᠡᠬᠦᠯᠦᠭᠰᠡᠨ ᠦᠭᠡᠢ᠎ᠪᠠᠷ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ᠎ᠠᠴᠠ ᠭᠠᠳᠠᠭᠰᠢ ᠭᠠᠷᠭ᠋ᠠᠭᠰᠠᠨ ᠪᠠᠶ᠋ᠢᠪᠠᠯ᠂ 《ᠪᠦᠭᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠪᠤᠭᠤᠮᠳᠠ ᠵᠢᠨ ᠬᠠᠦᠯᠢ》 ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠠᠦᠯᠢ ᠵᠢᠨ ᠬᠠᠷᠢᠭᠤᠴᠠᠯᠭ᠎ᠠ ᠨᠡᠭᠡᠮᠵᠢᠯᠡᠨ᠎ᠠ᠃ ᠪᠤᠭᠤᠮᠳᠠ᠎ᠨᠢ ᠬᠤᠷᠢᠶᠠᠵᠦ ᠠᠪᠤᠭᠰᠠᠨ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ᠎ᠢ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠰᠢᠯᠵᠢᠬᠦᠯᠦᠨ ᠬᠦᠷᠭᠡᠵᠦ ᠰᠢᠢ᠍ᠳᠪᠦᠷᠢᠯᠡᠬᠦᠯᠬᠦ ᠭᠡᠷᠡᠭᠳᠠᠢ᠃
      ᠵᠢᠷᠡᠨ ᠨᠢᠭᠡᠳᠦᠭᠡᠷ ᠵᠦᠢ᠍ᠯ ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠵᠦᠷᠢᠴᠡᠵᠦ᠂ ᠬᠢᠨᠠᠨ ᠲᠤᠭᠳᠠᠭ᠋ᠠᠯᠳᠠ ᠪᠤᠶᠤ ᠰᠢᠯᠭ᠋ᠠᠨ ᠲᠤᠭᠳᠠᠭ᠋ᠠᠯᠳᠠ ᠵᠢ ᠦᠡᠭᠭᠡᠷᠡᠬᠦᠯᠦᠭᠰᠡᠨ ᠦᠭᠡᠢ ᠮᠠᠯ ᠵᠢᠬᠦᠷᠳᠡᠨ᠎ᠤ ᠡᠬᠦᠯᠳᠡᠷ᠎ᠢ ᠪᠤᠷᠤᠯᠠᠭᠤᠯᠵᠦ ᠲᠡᠯᠭᠡᠷᠡᠬᠦᠯᠦᠭᠰᠡᠨ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠦᠯᠢ ᠵᠢ ᠵᠦᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠤᠭᠰᠤᠭ᠋ᠠᠵᠦ᠂ ᠮᠠᠯ ᠵᠢᠬᠦᠷᠳᠡᠨ ᠪᠠ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠤᠨ᠎ᠠ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠲᠠᠪᠤᠨ ᠲᠦᠮᠡᠨ ᠲᠦᠬᠦᠷᠢᠭ᠎ᠠᠴᠠ ᠲᠡᠭᠡᠭᠰᠢ ᠪᠠᠶ᠋ᠢᠪᠠᠯ᠂ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠲᠡᠭᠡᠭᠰᠢ ᠭᠤᠷᠪᠠᠨ ᠲᠠᠬᠢᠨ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ ᠪᠠᠶ᠋ᠢᠬᠤ ᠦᠭᠡᠢ ᠪᠤᠶᠤ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠲᠠᠪᠤᠨ ᠲᠦᠮᠡᠨ ᠲᠦᠬᠦᠷᠢᠭ᠎ᠲᠤ ᠬᠦᠷᠬᠦ ᠦᠭᠡᠢ ᠪᠠᠶ᠋ᠢᠪᠠᠯ᠂ ᠲᠠᠪᠤᠨ ᠮᠢᠩᠭ᠋ᠠᠨ ᠲᠦᠬᠦᠷᠢᠭ᠎ᠠᠴᠠ ᠲᠡᠭᠡᠭᠰᠢ ᠲᠠᠪᠤᠨ ᠲᠦᠮᠡᠨ ᠲᠦᠬᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ᠃
      ᠵᠢᠷᠡᠨ ᠬᠤᠶᠠᠳᠤᠭ᠋ᠠᠷ ᠵᠦᠢ᠍ᠯ ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠵᠦᠷᠢᠴᠡᠵᠦ᠂ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠠᠷᠡᠯ᠎ᠤᠨ ᠦᠨᠡᠮᠯᠡᠯ ᠦᠭᠡᠢ ᠪᠤᠶᠤ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠤᠨ ᠲᠤᠭᠳᠠᠭ᠋ᠠᠯ᠎ᠢ ᠵᠦᠷᠢᠴᠡᠵᠦ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠭᠰᠡᠨ᠂ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠢ ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ ᠵᠢᠭᠡᠯᠡᠬᠦᠯᠦᠭᠰᠡᠨ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠦᠯᠢ ᠵᠢ ᠵᠦᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠤᠭᠰᠤᠭ᠋ᠠᠵᠦ᠂ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠤᠨ᠎ᠠ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠭᠤᠷᠪᠠᠨ ᠲᠦᠮᠡᠨ ᠲᠦᠬᠦᠷᠢᠭ᠎ᠠᠴᠠ ᠲᠡᠭᠡᠭᠰᠢ ᠪᠠᠶ᠋ᠢᠪᠠᠯ᠂ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠲᠡᠭᠡᠭᠰᠢ ᠭᠤᠷᠪᠠᠨ ᠲᠠᠬᠢᠨ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ ᠪᠠᠶ᠋ᠢᠬᠤ ᠦᠭᠡᠢ ᠪᠤᠶᠤ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠭᠤᠷᠪᠠᠨ ᠲᠦᠮᠡᠨ ᠲᠦᠬᠦᠷᠢᠭ᠎ᠲᠤ ᠬᠦᠷᠬᠦ ᠦᠭᠡᠢ ᠪᠠᠶ᠋ᠢᠪᠠᠯ᠂ ᠭᠤᠷᠪᠠᠨ ᠮᠢᠩᠭ᠋ᠠᠨ ᠲᠦᠬᠦᠷᠢᠭ᠎ᠠᠴᠠ ᠲᠡᠭᠡᠭᠰᠢ ᠭᠤᠷᠪᠠᠨ ᠲᠦᠮᠡᠨ ᠲᠦᠬᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ᠃ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠠᠷᠡᠯ᠎ᠤᠨ ᠦᠨᠡᠮᠯᠡᠯ᠎ᠤᠨ ᠲᠤᠭᠳᠠᠭ᠋ᠠᠯ᠎ᠢ ᠵᠦᠷᠢᠴᠡᠨ᠂ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠭᠰᠡᠨ ᠪᠤᠶᠤ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠠᠷᠡᠯ᠎ᠤᠨ ᠦᠨᠡᠮᠯᠡᠯ᠎ᠢ ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ ᠵᠢᠭᠡᠯᠡᠬᠦᠯᠦᠭᠰᠡᠨ ᠪᠦᠭᠡᠳ ᠦᠢ᠍ᠯᠡ ᠪᠠᠶ᠋ᠢᠳᠠᠯ᠎ᠨᠢ ᠬᠦᠨᠳᠦ ᠨᠤᠴᠢᠳᠠᠢ ᠪᠠᠶ᠋ᠢᠪᠠᠯ᠂ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠦ ᠬᠦᠴᠦᠨ ᠦᠭᠡᠢ ᠪᠤᠯᠭ᠋ᠠᠬᠤ᠎ᠪᠠᠷ ᠨᠡᠶ᠋ᠢᠯᠡᠬᠦᠯᠤᠨ ᠰᠢᠢ᠍ᠳᠭᠡᠨ᠎ᠡ᠃
      ᠵᠢᠷᠠᠨ ᠭᠤᠷᠪᠠᠳᠤᠭ᠋ᠠᠷ ᠵᠦᠢ᠍ᠯ ᠲᠤᠰ ᠬᠠᠦᠯᠢ ᠵᠢᠨ ᠬᠤᠷᠢᠨ ᠨᠠᠢ᠍ᠮᠠᠳᠤᠭ᠋ᠠᠷ ᠵᠦᠢ᠍ᠯ᠎ᠤᠨ ᠲᠤᠭᠳᠠᠭ᠋ᠠᠯ᠎ᠢ ᠵᠦᠷᠢᠴᠡᠭᠰᠡᠨ ᠪᠠᠶ᠋ᠢᠪᠠᠯ᠂ 《ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠵᠠᠷ᠎ᠤᠨ ᠬᠠᠦᠯᠢ》 ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠠᠦᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠠ᠃
      ᠵᠢᠷᠡᠨ ᠲᠦᠷᠪᠡᠳᠦᠭᠡᠷ ᠵᠦᠢ᠍ᠯ ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠵᠦᠷᠢᠴᠡᠨ᠂ ᠬᠡᠷᠡᠭᠯᠡᠭᠰᠡᠨ ᠦᠷ᠎ᠠ ᠵᠢᠨ ᠮᠠᠯ ᠵᠢᠬᠦᠷᠳᠡᠨ᠎ᠨᠢ ᠭᠡᠭᠡᠯᠳᠦᠬᠦᠯᠭᠡ᠎ᠳᠤ ᠭᠡᠷᠡᠭᠯᠡᠬᠦ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠦᠯᠢ ᠵᠢ ᠵᠦᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠤᠭᠰᠤᠭ᠋ᠠᠵᠦ᠂ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠤᠨ᠎ᠠ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠲᠠᠪᠤᠨ ᠮᠢᠩᠭ᠋ᠠᠨ ᠲᠦᠬᠦᠷᠢᠭ᠎ᠠᠴᠠ ᠲᠠᠭᠡᠭᠰᠢ ᠪᠠᠶ᠋ᠢᠪᠠᠯ᠂ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠲᠡᠭᠡᠭᠰᠢ ᠬᠤᠶᠠᠷ ᠲᠠᠬᠢᠨ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠤᠨ ᠰᠢᠢ᠍ᠳᠭᠡᠨ᠎ᠡ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ ᠪᠠᠶ᠋ᠢᠬᠤ ᠦᠭᠡᠢ ᠪᠤᠶᠤ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠲᠠᠪᠤᠨ ᠮᠢᠩᠭ᠋ᠠᠨ ᠲᠦᠬᠦᠷᠢᠭ᠎ᠲᠤ ᠬᠦᠷᠬᠦ ᠦᠭᠡᠢ ᠪᠠᠶ᠋ᠢᠪᠠᠯ᠂ ᠨᠢᠭᠡ ᠮᠢᠩᠭ᠋ᠠᠨ ᠲᠦᠬᠦᠷᠢᠭ᠎ᠠᠴᠠ ᠲᠠᠭᠡᠭᠰᠢ ᠲᠠᠪᠤᠨ ᠮᠢᠩᠭ᠋ᠠᠨ ᠲᠦᠭᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ᠃
      ᠵᠢᠷᠡᠠ ᠲᠠᠪᠤᠳᠤᠭ᠋ᠠᠷ ᠵᠦᠢ᠍ᠯ ᠦᠷ᠎ᠠ ᠵᠢᠨ ᠮᠠᠯ ᠵᠢᠬᠦᠷᠳᠡᠨ᠎ᠢ ᠪᠤᠷᠤᠯᠠᠭᠤᠯᠤᠨ ᠬᠤᠳᠠᠯᠳᠤᠬᠤ᠎ᠳᠠᠭᠠᠨ ᠲᠤᠰ ᠬᠠᠦᠯᠢ ᠵᠢᠨ ᠭᠤᠴᠢᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠠᠴᠠ ᠲᠦᠷᠪᠡᠳᠦᠭᠡᠷ ᠵᠤᠷᠪᠤᠰ᠎ᠲᠠᠬᠢ ᠬᠠᠦᠯᠢ ᠵᠢ ᠵᠦᠷᠢᠴᠡᠭᠰᠡᠨ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠪᠤᠷᠤᠯᠠᠭᠤᠯᠤᠨ ᠬᠤᠳᠠᠯᠳᠤᠬᠤ ᠠᠵᠢᠯᠯᠠᠭ᠎ᠠ ᠵᠢ᠎ᠨᠢ ᠵᠠᠷᠯᠢᠭᠳᠠᠨ ᠵᠤᠭᠰᠤᠭ᠋ᠠᠵᠦ᠂ ᠬᠠᠦᠯᠢ ᠵᠢ ᠵᠦᠷᠢᠴᠡᠵᠦ ᠪᠤᠷᠤᠯᠠᠭᠤᠯᠤᠨ ᠬᠤᠳᠠᠯᠳᠤᠭᠰᠠᠨ ᠮᠠᠯ ᠵᠢᠬᠦᠷᠳᠡᠨ ᠪᠤᠯᠤᠨ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠤᠨ᠎ᠠ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠲᠠᠪᠤᠨ ᠲᠦᠮᠡᠨ ᠲᠦᠬᠦᠷᠢᠭ᠎ᠠᠴᠠ ᠲᠠᠭᠡᠭᠰᠢ ᠪᠠᠶ᠋ᠢᠪᠠᠯ᠂ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠲᠡᠭᠡᠭᠰᠢ ᠲᠠᠪᠤᠨ ᠲᠠᠬᠢᠨ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ; ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ ᠪᠠᠶ᠋ᠢᠬᠤ ᠦᠭᠡᠢ ᠪᠤᠶᠤ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠨᠢ ᠲᠠᠪᠤᠨ ᠲᠦᠮᠡᠨ ᠲᠦᠬᠦᠷᠢᠭ᠎ᠲᠤ ᠬᠦᠷᠬᠦ ᠦᠭᠡᠢ ᠪᠠᠶ᠋ᠢᠪᠠᠯ᠂ ᠲᠠᠪᠤᠨ ᠮᠢᠩᠭ᠋ᠠᠨ ᠲᠦᠬᠦᠷᠢᠭ᠎ᠠᠴᠠ ᠲᠡᠭᠡᠭᠰᠢ ᠲᠠᠪᠤᠨ ᠲᠦᠮᠡᠨ ᠲᠦᠬᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ; ᠦᠢ᠍ᠯᠨ ᠪᠠᠶ᠋ᠢᠳᠠᠯ᠎ᠨᠢ ᠬᠦᠨᠳᠦ ᠨᠤᠴᠢᠳᠠᠢ ᠪᠠᠶ᠋ᠢᠪᠠᠯ᠂ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠨᠩᠨᠡᠬᠦ ᠵᠦᠪᠰᠢᠶᠡᠷᠡᠯ᠎ᠤᠨ ᠦᠨᠡᠮᠯᠡᠯ ᠪᠤᠶᠤ ᠡᠵᠡᠩᠨᠡᠯᠳᠠ ᠵᠢᠨ ᠦᠨᠡᠮᠯᠡᠯ᠎ᠢ᠎ᠨᠢ ᠬᠤᠷᠢᠶᠠᠨ ᠠᠪᠴᠦ ᠬᠦᠴᠦᠨ ᠦᠭᠡᠢ ᠪᠤᠯᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ᠃
      ᠵᠢᠷᠠᠨ ᠵᠢᠷᠭᠤᠳᠤᠭ᠋ᠠᠷ ᠵᠦᠢ᠍ᠯ ᠲᠤᠰ ᠬᠠᠦᠯᠢ ᠵᠢᠨ ᠲᠦᠴᠢᠨ ᠨᠢᠭᠡᠳᠦᠭᠡᠷ ᠵᠦᠢ᠍ᠯ᠎ᠤᠨ ᠲᠤᠭᠳᠠᠭ᠋ᠠᠯ᠎ᠢ ᠵᠦᠷᠢᠴᠡᠨ᠂ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠬᠦ ᠲᠠᠯᠠᠪᠠᠢ᠎ᠨᠢ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠵᠤᠬᠢᠶᠠᠭᠰᠠᠨ ᠦᠭᠡᠢ ᠡᠰᠡᠬᠦᠯ᠎ᠠ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ᠎ᠢ ᠲᠤᠭᠳᠠᠭ᠋ᠠᠯ ᠶᠤᠰᠤᠭ᠋ᠠᠷ ᠬᠠᠳᠠᠭ᠋ᠠᠯᠠᠭᠰᠠᠨ ᠦᠭᠡᠢ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠭᠤᠯᠵᠦ᠂ ᠨᠢᠭᠡ ᠲᠦᠮᠡᠨ ᠲᠦᠬᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠵᠦ ᠪᠤᠯᠤᠨ᠎ᠠ᠃
    ᠵᠢᠷᠠᠨ ᠲᠤᠯᠤᠳᠤᠭ᠋ᠠᠷ ᠵᠦᠢ᠍ᠯ ᠲᠤᠰ ᠬᠠᠦᠯᠢ ᠵᠢᠨ ᠲᠦᠴᠢᠨ ᠭᠤᠷᠪᠠᠳᠤᠭ᠋ᠠᠷ ᠵᠦᠢ᠍ᠯ᠎ᠤᠨ ᠲᠤᠭᠳᠠᠭ᠋ᠠᠯ᠎ᠢ ᠵᠦᠷᠢᠴᠡᠵᠦ ᠮᠠᠯ ᠵᠢᠬᠦᠷᠳᠡᠨ᠎ᠢ ᠲᠡᠵᠢᠭᠡᠨ ᠦᠷᠡᠵᠢᠬᠦᠯᠦᠭᠰᠡᠨ ᠪᠠᠶ᠋ᠢᠪᠠᠯ᠂ ᠬᠤᠯᠪᠤᠭᠳᠠᠯ ᠪᠦᠬᠦᠢ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠤᠭᠳᠠᠭ᠋ᠠᠯ᠎ᠤᠨ ᠲᠤᠭᠳᠠᠭ᠋ᠠᠯ ᠶᠤᠰᠤᠭ᠋ᠠᠷ ᠰᠢᠢ᠍ᠳᠭᠡᠨ᠎ᠡ᠃
    ᠵᠢᠷᠠᠨ ᠨᠠᠢ᠍ᠮᠠᠳᠤᠭ᠋ᠠᠷ ᠵᠦᠢ᠍ᠯ ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠵᠦᠷᠢᠴᠡᠵᠦ᠂ ᠪᠤᠷᠤᠯᠠᠭᠤᠯᠤᠨ ᠬᠤᠳᠠᠯᠳᠤᠭᠰᠠᠨ ᠦᠷ᠎ᠠ ᠵᠢᠨ ᠮᠠᠯ ᠵᠢᠬᠦᠷᠳᠡᠨ᠎ᠨᠢ ᠦᠷ᠎ᠠ ᠵᠢᠨ ᠮᠠᠯ ᠵᠢᠬᠦᠷᠳᠡᠨ᠎ᠤ ᠬᠢᠷᠢ ᠲᠡᠩᠴᠡᠭᠰᠡᠨ ᠬᠡᠷᠡᠴᠢ᠂ ᠬᠢᠵᠢᠭ᠎ᠤᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠬᠡᠷᠡᠴᠢ᠂ ᠭᠡᠷ᠎ᠤᠨ ᠲᠡᠵᠢᠭᠡᠪᠤᠷᠢ ᠵᠢᠨ ᠤᠳᠤᠮ᠎ᠤᠨ ᠲᠡᠮᠳᠡᠭᠯᠡᠯ᠎ᠢ ᠲᠠᠭ᠋ᠠᠯᠳᠤᠭᠤᠯᠤᠭᠰᠠᠨ ᠦᠭᠡᠢ ᠪᠠᠶ᠋ᠢᠪᠠᠯ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠲᠤᠭᠳᠠᠭ᠋ᠠᠯ ᠶᠤᠰᠤᠭ᠋ᠠᠷ ᠢᠯᠭ᠋ᠠᠬᠤ ᠲᠡᠮᠳᠡᠭ ᠳᠠᠯᠪᠢᠬᠤ ᠶᠤᠰᠤᠳᠠᠢ ᠪᠠᠶ᠋ᠢᠳᠠᠯ᠎ᠠ ᠢᠯᠭ᠋ᠠᠬᠤ ᠲᠡᠮᠳᠡᠭ ᠳᠠᠯᠪᠢᠬᠰᠠᠨ ᠦᠭᠡᠢ ᠮᠠᠯ ᠵᠢᠬᠦᠷᠳᠡᠨ᠎ᠢ ᠪᠤᠷᠤᠯᠠᠭᠤᠯᠤᠭᠰᠠᠨ᠂ ᠬᠤᠳᠠᠯᠳᠤᠨ ᠠᠪᠤᠭᠰᠠᠨ᠂ ᠡᠰᠡᠬᠦᠯ᠎ᠠ ᠮᠠᠯ ᠵᠢᠬᠦᠷᠳᠡᠨ᠎ᠤ ᠢᠯᠭ᠋ᠠᠬᠤ ᠲᠡᠮᠳᠡᠭ᠎ᠢ ᠲᠠᠬᠢᠨ ᠲᠠᠪᠳᠠᠨ ᠭᠡᠷᠡᠭᠯᠡᠭᠰᠡᠨ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠵᠠᠷᠯᠢᠭᠳᠠᠠ ᠵᠠᠯᠠᠷᠠᠭᠤᠯᠤᠭᠤᠯᠵᠦ᠂ ᠬᠤᠶᠠᠷ ᠮᠢᠩᠭ᠋ᠠᠨ ᠲᠦᠬᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠵᠦ ᠪᠤᠯᠤᠨ᠎ᠠ᠃
      ᠲᠤᠰ ᠬᠠᠦᠯᠢ ᠵᠢᠨ ᠬᠤᠯᠪᠤᠭᠳᠠᠯ ᠪᠦᠬᠦᠢ ᠲᠤᠭᠳᠠᠭ᠋ᠠᠯ᠎ᠢ ᠵᠦᠷᠢᠴᠡᠵᠦ᠂ ᠬᠠᠭᠤᠷᠮᠠᠭᠯᠠᠨ ᠵᠤᠬᠢᠶᠠᠭᠰᠠᠨ᠂ ᠦᠭᠡᠷᠡᠳᠡᠬᠦᠯᠦᠨ ᠵᠤᠬᠢᠶᠠᠭᠰᠠᠨ ᠮᠠᠯ ᠵᠢᠬᠦᠷᠳᠡᠨ᠎ᠤ ᠢᠯᠭ᠋ᠠᠬᠤ ᠲᠡᠮᠳᠡᠭ᠎ᠢ ᠭᠡᠷᠡᠭᠯᠡᠭᠰᠡᠨ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠭᠤᠷᠮᠠᠭᠯᠠᠨ ᠵᠤᠬᠢᠶᠠᠭᠰᠠᠨ᠂ ᠦᠭᠡᠷᠡᠳᠡᠬᠦᠯᠦᠨ ᠵᠤᠬᠢᠶᠠᠭᠰᠠᠨ ᠮᠠᠯ ᠵᠢᠬᠦᠷᠳᠡᠨ᠎ᠤ ᠢᠯᠭ᠋ᠠᠬᠤ ᠲᠡᠮᠳᠡᠭ ᠪᠠ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠴᠦ᠂ ᠭᠤᠷᠪᠠᠨ ᠮᠢᠩᠭ᠋ᠠᠨ ᠲᠦᠬᠦᠷᠢᠭ᠎ᠠᠴᠠ ᠲᠡᠭᠡᠭᠰᠢ ᠭᠤᠷᠪᠠᠨ ᠲᠦᠮᠡᠨ ᠲᠦᠬᠦᠷᠢᠭ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ᠃
      ᠵᠢᠷᠠ ᠶᠢᠰᠦᠳᠦᠭᠡᠷ ᠵᠦᠢ᠍ᠯ ᠤᠯᠤᠰ᠎ᠤᠨ ᠮᠡᠷᠭᠡᠵᠢᠯ᠎ᠤᠨ ᠲᠦᠷᠢᠮᠵᠢᠯ᠎ᠤᠨ ᠠᠯᠪᠠᠳᠠᠯᠭ᠎ᠠ ᠵᠢᠨ ᠴᠢᠨᠠᠷᠳᠠᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠮᠠᠯ ᠵᠢᠬᠦᠷᠳᠡᠨ᠎ᠢ ᠪᠤᠷᠤᠯᠠᠭᠤᠯᠤᠭᠰᠠᠨ ᠪᠠᠶ᠋ᠢᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠬᠠᠦᠯᠢ ᠵᠢ ᠵᠦᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠤᠭᠰᠤᠭ᠋ᠠᠵᠦ᠂ ᠬᠠᠦᠯᠢ ᠵᠢ ᠵᠦᠷᠢᠴᠡᠵᠦ ᠪᠤᠷᠤᠯᠠᠭᠤᠯᠤᠭᠰᠠᠨ ᠮᠠᠯ ᠵᠢᠬᠦᠷᠳᠡᠨ ᠪᠤᠯᠤᠨ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠴᠦ᠂ ᠬᠠᠦᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠲᠡᠭᠡᠭᠰᠢ ᠭᠤᠷᠪᠠᠨ ᠲᠠᠬᠢᠨ᠎ᠠᠴᠠ ᠲᠤᠭᠤᠭᠰᠢ ᠵᠤᠭᠤᠰ ᠵᠶ᠋ᠠᠷ ᠲᠤᠷᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ; ᠦᠢ᠍ᠯᠨ ᠪᠠᠶ᠋ᠢᠳᠠᠯ᠎ᠨᠢ ᠬᠦᠨᠳᠦ ᠨᠤᠴᠢᠳᠠᠢ ᠪᠠᠶ᠋ᠢᠪᠠᠯ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠡᠵᠡᠩᠨᠡᠯᠳᠠ ᠵᠢᠨ ᠦᠨᠡᠮᠯᠡᠯ᠎ᠢ᠎ᠨᠢ ᠬᠤᠷᠢᠶᠠᠨ ᠠᠪᠴᠦ ᠬᠦᠴᠦᠨ ᠦᠭᠡᠢ ᠪᠤᠯᠭ᠋ᠠᠬᠤ᠎ᠪᠠᠷ ᠨᠡᠶ᠋ᠢᠯᠡᠬᠦᠯᠦᠨ ᠰᠢᠢ᠍ᠳᠭᠡᠨ᠎ᠡ᠃
    ᠲᠠᠯᠠᠳᠤᠭ᠋ᠠᠷ ᠵᠦᠢ᠍ᠯ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠠᠵᠢᠯᠳᠠᠨ ᠲᠤᠰᠢᠶᠠᠯ᠎ᠤᠨ ᠵᠶ᠋ᠠᠨ ᠲᠦᠬᠦᠮ᠎ᠢ ᠠᠰᠢᠬᠯᠠᠨ ᠪᠤᠰᠤᠳ᠎ᠤᠨ ᠵᠤᠭᠤᠰ ᠮᠦᠡᠭᠬᠦ ᠡᠳ᠋ ᠪᠤᠳᠠᠰ᠎ᠢ ᠬᠦᠯᠢᠶᠡᠨ ᠠᠪᠤᠭᠰᠠᠨ ᠪᠤᠶᠤ ᠪᠤᠰᠤᠳ ᠠᠰᠢᠭ ᠳᠤᠰᠠ ᠤᠯᠤᠭᠰᠠᠨ᠂ ᠬᠠᠦᠯᠢ᠎ᠪᠠᠷ ᠲᠤᠭᠳᠠᠭ᠋ᠠᠭᠰᠠᠨ ᠨᠦᠬᠦᠴᠡᠯ᠎ᠳᠤ ᠨᠡᠶ᠋ᠢᠴᠡᠬᠦ ᠦᠭᠡᠢ ᠪᠠᠶ᠋ᠢᠭᠤᠯᠭ᠎ᠠ᠂ ᠬᠤᠪᠢ ᠬᠦᠮᠦᠨ᠎ᠳᠤ ᠵᠦᠪᠰᠢᠶᠡᠷᠡᠯ᠎ᠤᠨ ᠦᠨᠡᠮᠯᠡᠯ ᠪᠤᠶᠤ ᠬᠤᠯᠪᠤᠭᠳᠠᠯ ᠪᠦᠬᠦᠢ ᠵᠦᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠵᠦᠪᠰᠢᠶᠡᠷᠡᠨ ᠤᠯᠭᠤᠭᠰᠠᠨ᠂ ᠬᠢᠨᠠᠯᠳᠠ ᠲᠠᠯᠪᠢᠬᠤ ᠬᠠᠷᠢᠭᠤᠴᠠᠯᠭ᠎ᠠ᠎ᠪᠠᠨ ᠡᠰᠠ ᠬᠦᠢ᠍ᠴᠡᠳᠬᠡᠭᠰᠡᠨ᠂ ᠡᠰᠡᠬᠦᠯ᠎ᠠ ᠬᠠᠦᠯᠢ ᠵᠢ ᠵᠦᠷᠢᠴᠡᠭᠰᠡᠨ ᠠᠵᠢᠯᠯᠠᠭ᠎ᠠ ᠵᠢ ᠤᠯᠵᠦ ᠮᠡᠳᠡᠭᠡᠳ ᠪᠠᠶ᠋ᠢᠴᠠᠭ᠋ᠠᠨ ᠰᠢᠢ᠍ᠳᠭᠡᠭᠰᠡᠨ ᠦᠬᠡᠢ ᠪᠠᠶ᠋ᠢᠪᠠᠯ᠂ ᠬᠠᠦᠯᠢ ᠶᠤᠰᠤᠭ᠋ᠠᠷ ᠵᠠᠰᠠᠭ ᠵᠠᠬᠢᠷᠭ᠋ᠠᠨ᠎ᠤ   ᠰᠢᠢ᠍ᠳᠭᠡᠯ ᠦᠭᠬᠦᠨ᠎ᠠ᠃
      ᠲᠠᠯᠠᠨ ᠨᠢᠭᠡᠳᠦᠭᠡᠷ ᠵᠦᠢ᠍ᠯ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠨ ᠡᠵᠡᠩᠨᠡᠭᠴᠢ᠎ᠨᠢ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ ᠵᠶ᠋ᠠᠨ ᠬᠤᠷᠢᠶᠠᠬᠳᠠᠨ ᠬᠦᠴᠦᠨ ᠦᠭᠡᠢ ᠪᠤᠯᠭ᠋ᠠᠭᠳᠠᠭᠰᠠᠨ ᠪᠠᠶ᠋ᠢᠪᠠᠯ᠂ ᠮᠠᠯ ᠠᠵᠦ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠵᠦᠪᠰᠢᠶᠡᠷᠡᠯ᠎ᠤᠨ ᠦᠨᠡᠮᠯᠡᠯ᠎ᠢ ᠬᠤᠷᠢᠶᠠᠨ ᠠᠪᠴᠦ ᠬᠦᠴᠦᠨ ᠦᠭᠡᠢ ᠪᠤᠯᠭ᠋ᠠᠭᠰᠠᠨ ᠡᠳᠦᠷ᠎ᠠᠴᠠ ᠡᠬᠢᠯᠡᠵᠦ ᠠᠷᠪᠠᠨ ᠡᠳᠦᠷ᠎ᠤᠨ ᠲᠤᠳᠤᠷ᠎ᠠ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠮᠡᠳᠡᠭᠳᠡᠨ᠎ᠠ᠃ ᠦᠷ᠎ᠠ ᠵᠢᠨ ᠮᠠᠯ ᠵᠢᠬᠦᠷᠳᠡᠨ᠎ᠢ ᠦᠢ᠍ᠯᠡᠳᠪᠦᠷᠢᠯᠡᠨ ᠡᠵᠡᠩᠨᠡᠭᠴᠢ᠎ᠨᠢ ᠬᠠᠦᠯᠢ ᠶᠤᠰᠤᠭ᠋ᠠᠷ ᠦᠢ᠍ᠯᠡᠳᠪᠤᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠬᠦᠷᠴᠦ ᠲᠠᠩᠰᠠᠯᠠᠯᠳᠠ᠎ᠪᠠᠨ ᠬᠤᠪᠢᠷᠠᠭᠤᠯᠬᠤ ᠪᠤᠶᠤ ᠲᠠᠩᠰᠠᠯᠠᠯᠳᠠ᠎ᠠᠴᠠ ᠬᠠᠰᠤᠬᠤ ᠭᠠᠷ ᠬᠦᠢ᠍ᠴᠡᠳᠭᠡᠯ ᠬᠢᠬᠦ ᠭᠡᠷᠡᠭᠳᠠᠢ᠃
      ᠲᠠᠯᠠᠨ ᠬᠤᠶᠠᠳᠤᠭ᠋ᠠᠷ ᠵᠦᠢ᠍ᠯ ᠲᠤᠰ ᠬᠠᠦᠯᠢ ᠵᠢᠨ ᠲᠤᠭᠳᠠᠭ᠋ᠠᠯ᠎ᠢ ᠵᠦᠷᠢᠴᠡᠵᠦ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠦᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠠ᠃
    ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
      ᠲᠠᠯᠠᠨ ᠭᠤᠷᠪᠠᠳᠤᠭ᠋ᠠᠷ ᠵᠦᠢ᠍ᠯ
ᠲᠤᠰ ᠬᠠᠦᠯᠢ᠎ᠳᠤ ᠬᠡᠯᠡᠵᠦ ᠪᠠᠶ᠋ᠢᠭ᠎ᠠ ᠮᠠᠯ ᠵᠢᠬᠦᠷᠳᠡᠨ᠎ᠤ ᠤᠳᠤᠮᠯᠠᠯ᠎ᠤᠨ ᠡᠬᠢ ᠪᠠᠶᠠᠯᠢᠭ ᠬᠡᠳᠡᠭ᠎ᠨᠢ ᠮᠠᠯ ᠵᠢᠬᠦᠷᠳᠡᠨ ᠪᠠ ᠲᠡᠬᠦᠨ᠎ᠤ ᠦᠨᠳᠡᠭᠡᠨ ᠡᠰ (ᠦᠨᠳᠡᠭᠡ)᠂ ᠬᠦᠪᠦᠷᠡᠯ᠂ ᠦᠷ᠎ᠠ ᠵᠢᠨ ᠰᠢᠩᠭᠡᠨ᠂ ᠭᠧᠨ᠎ᠤ ᠡᠳ᠋ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠵᠢᠭ᠋ᠠᠵᠦ ᠪᠠᠶ᠋ᠢᠨ᠎ᠠ᠃
      ᠲᠤᠰ ᠬᠠᠦᠯᠢ᠎ᠳᠤ ᠬᠡᠯᠡᠵᠦ ᠪᠠᠶ᠋ᠢᠭ᠎ᠠ ᠦᠷ᠎ᠠ ᠵᠢᠨ ᠮᠠᠯ ᠵᠢᠬᠦᠷᠳᠡᠨ ᠭᠡᠳᠡᠭ᠎ᠨᠢ ᠰᠤᠩᠭᠤᠨ ᠪᠤᠶ᠋ᠢᠵᠢᠭᠤᠯᠤᠯᠳᠠ ᠵᠢ ᠦᠡᠭᠭᠡᠷᠡᠭᠡᠭᠰᠡᠨ᠂ ᠭᠡᠭᠡᠯᠳᠦᠬᠦᠯᠭᠡ᠎ᠳᠤ ᠭᠡᠷᠡᠭᠯᠡᠬᠦ ᠦᠨ᠎ᠠ ᠦᠷᠳᠡᠭ᠎ᠲᠠᠢ᠂ ᠬᠤᠶ᠋ᠢᠴᠢ ᠦᠶ᠎ᠠ ᠵᠢ ᠦᠷᠡᠵᠢᠬᠦᠯᠬᠦ᠎ᠳᠤ ᠲᠤᠬᠢᠷᠠᠬᠤ ᠮᠠᠯ ᠵᠢᠬᠦᠷᠳᠡᠨ ᠵᠢᠴᠢ ᠲᠡᠬᠦᠨ᠎ᠤ ᠦᠨᠳᠡᠭᠡᠨ ᠡᠰ (ᠦᠨᠳᠡᠭᠡ)᠂ ᠬᠦᠪᠦᠷᠡᠯ᠂ ᠦᠷ᠎ᠠ ᠵᠢᠨ ᠰᠢᠩᠭᠡᠨ ᠵᠡᠷᠭᠡ ᠵᠢ ᠵᠢᠭ᠋ᠠᠵᠦ ᠪᠠᠶ᠋ᠢᠨ᠎ᠠ᠃
      ᠲᠠᠯᠠᠨ ᠲᠦᠷᠪᠡᠳᠦᠭᠡᠷ ᠵᠦᠢ᠍ᠯ ᠲᠤᠰ ᠬᠠᠦᠯᠢ ᠵᠢ 2006 ᠤᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠭᠡᠷᠡᠭᠵᠢᠬᠦᠯᠦᠨ᠎ᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠢᠳᠡᠭᠡᠨ ᠡᠳ᠋ᠰᠢᠯᠡᠭᠦᠯᠬᠦ ᠵᠢᠵᠢᠭ ᠦᠢ᠍ᠯᠡᠳᠬᠡᠯ ᠪᠤᠯᠤᠨ ᠢᠳᠡᠭᠡᠨ᠎ᠤ ᠳᠡᠯᠭᠡᠭᠦᠷᠴᠢᠨ᠎ᠤ ᠬᠠᠮᠢᠶᠠᠷᠤᠯᠲᠠ ᠵᠢᠨ ᠳᠦᠷᠢᠮ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠭᠠᠶ᠋ᠢᠯᠢ ᠵᠢᠨ ᠲᠦᠷ ᠬᠡᠷᠡᠭᠵᠢᠭᠦᠯᠬᠦ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠲᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠬᠢᠭᠡᠳ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠮᠠᠯ ᠠᠵᠤ ᠠᠬᠤᠢ ᠵᠢᠨ ᠬᠠᠤᠯᠢ》 (2023 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ)
 
            