ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠬᠢᠭᠡᠳ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
ᠨᠡᠶ᠋ᠢᠲᠡᠯᠡᠭᠰᠡᠨ ᠴᠠᠭ᠄ 2024-02-16

      ᠨᠢᠭᠡᠳᠦᠭᠡᠷ ᠪᠦᠯᠦᠭ      ᠶᠡᠷᠦᠩᠬᠡᠢ ᠳᠦᠷᠢᠮ

      ᠨᠢᠭᠡᠳᠦᠭᠡᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠂ ᠠᠮᠢᠳᠤ ᠪᠣᠳᠠᠰ᠎ᠤᠨ  ᠠᠮᠤᠷ ᠲᠦᠪᠰᠢᠨ᠎ᠤ  ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠬᠦ ᠪᠠ ᠠᠷᠢᠯᠭ᠋ᠠᠬᠤ ᠵᠢᠨ ᠲᠤᠰᠠᠳᠠ ᠂ 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ  ᠠᠮᠢᠲᠠᠨ᠎ᠤ  ᠬᠢᠵᠢᠭ ᠰᠡᠷᠭᠡᠢ᠌ᠯᠡᠬᠦ ᠬᠠᠤᠯᠢ 》 ᠂ 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ  ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠤᠯᠢ 》 ᠂ 《  ᠡᠪᠡᠳᠴᠢᠨ ᠡᠭᠦᠰᠬᠡᠭᠴᠢ ᠮᠢᠺᠷᠣᠪ᠎ᠤᠨ  ᠲᠤᠷᠰᠢᠯᠲᠠ ᠵᠢᠨ ᠲᠠᠰᠤᠭ᠎ᠤᠨ  ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢᠨ ᠳᠦᠷᠢᠮ 》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠳᠦᠷᠢᠮ ᠲᠣᠭᠲᠠᠭ᠋ᠠᠯ᠎ᠢ  ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ᠎ᠤ  ᠪᠣᠳᠠᠲᠤ ᠪᠠᠢ᠌ᠳᠠᠯ᠎ᠲᠠᠢ

ᠤᠶᠠᠯᠳᠤᠭᠤᠯᠵᠤ ᠂ ᠲᠤᠰ ᠠᠷᠭ᠎ᠠ ᠵᠢ ᠲᠣᠭᠲᠠᠭ᠋ᠠᠪᠠ ᠃

      ᠬᠣᠶᠠᠳᠤᠭ᠋ᠠᠷ ᠵᠦᠢ᠍ᠯ     ᠲᠤᠰ ᠠᠷᠭ᠎ᠠ᠎ᠳᠤ ᠬᠡᠯᠡᠵᠦ ᠪᠠᠢ᠌ᠭ᠎ᠠ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠡᠪᠴᠢᠶᠡᠨ  ᠳᠤᠲᠤᠷᠠᠬᠢ ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ ᠵᠢᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠂ ᠳᠡᠭᠡᠳᠦ ᠵᠡᠷᠭᠡ ᠵᠢᠨ ᠡᠪᠡᠳᠴᠢᠨ ᠡᠭᠦᠰᠬᠡᠬᠦ ᠮᠢᠺᠷᠣᠪ᠎ᠤᠨ ᠲᠤᠷᠰᠢᠯᠲᠠ ᠵᠢᠨ ᠲᠠᠰᠤᠭ ᠂ ᠳᠡᠭᠡᠳᠦ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠂ ᠪᠣᠭᠣᠮᠲᠠ ᠵᠡᠷᠭᠡ ᠰᠠᠯᠠᠭ᠎ᠠ ᠮᠥᠴᠢᠷ ᠵᠢᠴᠢ ᠮᠠᠯ᠎ᠤᠨ ᠡᠮ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠲᠤᠷᠰᠢᠯᠲᠠ ᠵᠢᠨ ᠲᠠᠰᠤᠭ ᠂ ᠭᠤᠷᠪᠠᠳᠠᠭᠢ ᠡᠲᠡᠭᠡᠳ᠎ᠤᠨ ᠪᠠᠢ᠌ᠴᠠᠭ᠋ᠠᠨ  ᠬᠡᠮᠵᠢᠬᠦ ᠪᠠᠢ᠌ᠭᠤᠯᠤᠮᠵᠢ ᠵᠢᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠂ ᠵᠢᠴᠢ ᠲᠡᠵᠢᠭᠡᠨ ᠦᠷᠡᠵᠢᠭᠦᠯᠬᠦ ᠲᠠᠯᠠᠪᠠᠢ ᠂  ᠨᠢᠳᠤᠯᠤᠯᠳᠠ ᠵᠢᠨ  ᠲᠠᠯᠠᠪᠠᠢ ᠪᠠ ᠡᠪᠡᠳᠴᠢᠨ ᠵᠶ᠋ᠡᠷ ᠦᠬᠦᠭᠰᠡᠨ ᠮᠠᠯ ᠵᠢᠭᠦᠷᠲᠡᠨ᠎ᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠦᠢ᠍ᠯᠡᠳᠪᠦᠷᠢ ᠵᠡᠷᠭᠡ ᠥᠪᠡᠰᠦᠪᠡᠨ ᠪᠠᠢ᠌ᠭᠤᠯᠤᠭᠰᠠᠨ ᠥᠪᠡᠰᠦᠪᠡᠨ ᠪᠠᠢ᠌ᠴᠠᠭ᠋ᠠᠬᠤ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠵᠡᠷᠭᠡ ᠵᠢ  ᠪᠠᠭᠲᠠᠭ᠋ᠠᠨ᠎ᠠ᠃

      ᠭᠤᠷᠪᠠᠳᠠᠭᠢ ᠡᠲᠡᠭᠡᠳ᠎ᠤᠨ ᠪᠠᠢ᠌ᠴᠠᠭ᠋ᠠᠨ  ᠬᠡᠮᠵᠢᠬᠦ  ᠪᠠᠢ᠌ᠭᠤᠯᠤᠮᠵᠢ ᠵᠢᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠨᠢ ᠡᠷᠬᠡᠪᠰᠢ ᠪᠠᠢ᠌ᠴᠠᠭ᠋ᠠᠨ  ᠬᠡᠮᠵᠢᠭᠰᠡᠨ  ᠮᠡᠳᠡᠭᠦᠯᠦᠯᠲᠡ ᠵᠢᠨ ᠬᠠᠤᠯᠢ ᠶᠣᠰᠣᠴᠢ ᠴᠢᠨᠠᠷ ᠪᠦᠬᠦᠢ ᠬᠢᠷᠢ ᠬᠡᠮ᠎ᠢ ᠪᠦᠷᠢᠳᠦᠭᠦᠯᠵᠦ ᠂ ᠬᠥᠳᠡᠯᠦᠩᠭᠦᠢ᠎ᠪᠠᠷ ᠲᠣᠬᠢᠷᠠᠭᠤᠯᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠳᠦᠷᠢᠮ᠎ᠢ ᠬᠡᠷᠡᠭᠵᠢᠭᠦᠯᠬᠦ ᠬᠡᠷᠡᠭᠲᠡᠢ ᠃

      ᠭᠤᠷᠪᠠᠳᠤᠭ᠋ᠠᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ᠎ᠳᠤ 《  ᠨᠢᠭᠡᠳᠦᠯᠲᠡᠢ ᠲᠥᠯᠥᠪᠵᠢᠭᠦᠯᠬᠦ ᠂ ᠵᠦᠢ ᠵᠣᠬᠢᠰᠲᠠᠢ ᠪᠠᠢ᠌ᠷᠢᠯᠠᠭᠤᠯᠬᠤ ᠂ ᠠᠮᠤᠷ ᠲᠦᠪᠰᠢᠨ᠎ᠢ ᠲᠡᠷᠢᠭᠦᠨ  ᠪᠠᠢ᠌ᠷᠢ᠎ᠳᠤ ᠲᠠᠯᠪᠢᠬᠤ ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠂ ᠬᠠᠷᠢᠶ᠎ᠠ ᠣᠷᠣᠨ᠎ᠳᠤ ᠎ᠨᠢ ᠬᠠᠮᠢᠶᠠᠷᠠᠭᠤᠯᠬᠤ᠂ ᠱᠠᠲᠤ ᠬᠤᠪᠢᠶᠠᠨ ᠬᠠᠷᠢᠭᠤᠴᠠᠬᠤ 》 ᠵᠠᠷᠴᠢᠮ᠎ᠢ ᠪᠠᠷᠢᠮᠲᠠᠯᠠᠨ ᠂ ᠠᠮᠢᠳᠤ ᠪᠣᠳᠠᠰ᠎ᠤᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠳᠠᠯᠠᠨ᠎ᠠ ᠃

      ᠳᠥᠷᠪᠡᠳᠦᠭᠡᠷ ᠵᠦᠢ᠍ᠯ     ᠥᠪᠡᠷᠲᠡᠭᠡᠨ ᠵᠠᠰᠠᠬᠤ ᠣᠷᠣᠨ᠎ᠤ  ᠮᠠᠯ ᠡᠮᠨᠡᠯᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠥᠬᠥ ᠣᠷᠣᠨ᠎ᠤ  ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠬᠢᠨᠠᠯᠲᠠ ᠬᠠᠮᠢᠶᠠᠷᠤᠯᠲᠠ ᠵᠢ

ᠬᠠᠷᠢᠭᠤᠴᠠᠵᠤ ᠂ ᠠᠮᠢᠳᠠᠨ᠎ᠤ  ᠬᠢᠵᠢᠭ ᠡᠪᠡᠳᠴᠢᠨ᠎ᠢ  ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ ᠵᠢᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠬᠢᠨᠠᠨ  ᠬᠡᠮᠵᠢᠬᠦ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠂ ᠬᠢᠷᠢ ᠲᠡᠩᠴᠡᠭᠰᠡᠨ ᠦᠨᠡᠮᠯᠡᠯ᠎ᠤᠨ  ᠬᠦᠴᠦᠨ᠎ᠲᠠᠢ ᠬᠤᠭᠤᠴᠠᠭ᠎ᠠ᠎ᠨᠢ 5 ᠵᠢᠯ ᠪᠣᠯᠣᠨ᠎ᠠ ᠃  ᠬᠦᠴᠦᠨ᠎ᠲᠠᠢ ᠬᠤᠭᠤᠴᠠᠭ᠎ᠠ ᠳᠦᠭᠦᠷᠬᠦ᠎ᠠᠴᠠ ᠡᠮᠦᠨ᠎ᠡ 6 ᠰᠠᠷ᠎ᠠ ᠵᠢᠨ ᠳᠣᠲᠣᠷ᠎ᠠ ᠤᠷᠲᠤᠳᠬᠠᠨ ᠬᠢᠨᠠᠨ  ᠬᠡᠮᠵᠢᠭᠦᠯᠬᠦ  ᠭᠤᠶᠤᠴᠢᠯᠠᠯ ᠭᠠᠷᠭ᠋ᠠᠬᠤ ᠬᠡᠷᠡᠭᠲᠡᠢ ᠃

      ᠠᠢ᠌ᠮᠠᠭ ᠬᠤᠳᠠ ᠂ ᠬᠣᠰᠢᠭᠤ ᠰᠢᠶᠠᠨ᠎ᠤ  ᠱᠠᠲᠤᠨ᠎ᠤ  ᠮᠠᠯ ᠡᠮᠨᠡᠯᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠬᠠᠷᠢᠶ᠎ᠠ ᠣᠷᠣᠨ᠎ᠤ ᠎ᠪᠠᠨ ᠳᠣᠲᠣᠷᠠᠬᠢ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠲᠤ ᠡᠳᠦᠷ ᠲᠤᠳᠤᠮ᠎ᠤᠨ  ᠬᠢᠨᠠᠯᠲᠠ ᠬᠠᠮᠢᠶᠠᠷᠤᠯᠲᠠ ᠵᠢᠨ ᠠᠵᠢᠯ᠎ᠢ  ᠬᠠᠷᠢᠭᠤᠴᠠᠨ᠎ᠠ ᠃

      ᠲᠠᠪᠤᠳᠤᠭ᠋ᠠᠷ ᠵᠦᠢ᠍ᠯ     ᠥᠪᠡᠷᠲᠡᠭᠡᠨ ᠵᠠᠰᠠᠬᠤ ᠣᠷᠣᠨ᠎ᠤ  ᠠᠮᠢᠳᠠᠨ᠎ᠤ  ᠬᠢᠵᠢᠭ ᠡᠪᠡᠳᠴᠢᠨ᠎ᠢ  ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ᠎ᠠᠴᠠ ᠮᠡᠷᠭᠡᠵᠢᠯ᠎ᠤᠨ  ᠵᠢᠯᠣᠭᠣᠳᠤᠯᠭ᠎ᠠ ᠂ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠠᠮᠢᠳᠤ ᠪᠣᠳᠠᠰ᠎ᠤᠨ  ᠠᠮᠤᠷ ᠲᠦᠪᠰᠢᠨ᠎ᠢ  ᠦᠨᠡᠯᠡᠨ ᠵᠢᠱ᠌ᠢᠬᠦ ᠂ ᠴᠢᠳᠠᠪᠤᠷᠢ ᠵᠢ ᠬᠠᠷᠢᠴᠠᠭᠤᠯᠬᠤ ᠂ ᠪᠠᠢ᠌ᠴᠠᠭ᠋ᠠᠨ  ᠬᠡᠮᠵᠢᠭᠰᠡᠨ  ᠦᠷ᠎ᠡ  ᠳ᠋ᠦᠩ᠎ᠢ  ᠲᠠᠬᠢᠨ ᠬᠢᠨᠠᠬᠤ ᠵᠢᠴᠢ ᠠᠵᠢᠯᠯᠠᠭᠤᠯᠬᠤ ᠪᠣᠯᠪᠠᠰᠤᠷᠠᠭᠤᠯᠤᠯ ᠵᠡᠷᠭᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠬᠠᠷᠢᠭᠤᠴᠠᠨ᠎ᠠ ᠂  ᠠᠢ᠌ᠮᠠᠭ ᠬᠤᠳᠠ ᠂ ᠬᠣᠰᠢᠭᠤ ᠰᠢᠶᠠᠨ᠎ᠤ  ᠱᠠᠲᠤᠨ᠎ᠤ  ᠠᠮᠢᠳᠠᠨ᠎ᠤ  ᠬᠢᠵᠢᠭ ᠡᠪᠡᠳᠴᠢᠨ᠎ᠢ  ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ᠎ᠨᠤᠭᠤᠳ ᠬᠠᠷᠢᠶ᠎ᠠ ᠣᠷᠣᠨ᠎ᠤ ᠎ᠪᠠᠨ ᠳᠣᠲᠣᠷᠠᠬᠢ ᠬᠠᠮᠢᠶ᠎ᠠ ᠪᠦᠬᠦᠢ ᠮᠠᠯ ᠡᠮᠨᠡᠯᠭᠡ ᠵᠢᠨ ᠲᠤᠷᠰᠢᠯᠲᠠ ᠵᠢᠨ ᠲᠡᠰᠦᠬ᠎ᠲᠤ  ᠮᠡᠷᠭᠡᠵᠢᠯ᠎ᠤᠨ  ᠵᠢᠯᠣᠭᠣᠳᠤᠯᠭ᠎ᠠ ᠬᠢᠬᠦ ᠂ ᠪᠠᠢ᠌ᠴᠠᠭ᠋ᠠᠨ  ᠬᠡᠮᠵᠢᠭᠰᠡᠨ  ᠦᠷ᠎ᠡ  ᠳ᠋ᠦᠩ  ᠪᠣᠯᠣᠨ ᠮᠡᠳᠡᠭᠦᠯᠦᠯᠲᠡ ᠵᠢ ᠬᠢᠨᠠᠨ ᠪᠠᠢ᠌ᠴᠠᠭ᠋ᠠᠬᠤ ᠂ ᠶᠠᠩᠵᠤ ᠦᠯᠡᠳᠡᠭᠡᠵᠦ ᠲᠠᠬᠢᠨ ᠬᠢᠨᠠᠬᠤ ᠵᠡᠷᠭᠡ ᠵᠢ ᠬᠠᠷᠢᠭᠤᠴᠠᠨ᠎ᠠ ᠃

      ᠵᠢᠷᠭᠤᠳᠤᠭ᠋ᠠᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠬᠠᠷᠢᠭᠤᠴᠠᠯᠭ᠋ᠠᠲᠠᠨ ᠪᠣᠯ ᠲᠤᠷᠰᠢᠯᠲᠠ ᠵᠢᠨ ᠲᠠᠰᠤᠭ᠎ᠤᠨ ᠠᠮᠢᠳᠤ ᠪᠣᠳᠠᠰ᠎ᠤᠨ  ᠠᠮᠤᠷ ᠲᠦᠪᠰᠢᠨ᠎ᠤ  ᠨᠢᠭᠡᠳᠦᠭᠡᠷ ᠬᠠᠷᠢᠭᠤᠴᠠᠯᠭ᠋ᠠᠲᠠᠨ ᠮᠥᠨ ᠃  ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠪᠠᠶ᠋ᠢᠭᠤᠯᠬᠤ ᠨᠢᠭᠡᠴᠢ ᠠᠮᠢᠳᠤ ᠪᠣᠳᠠᠰ᠎ᠤᠨ ᠠᠮᠤᠷ ᠲᠦᠪᠰᠢᠨ ᠪᠠ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ ᠂ ᠥᠪᠡᠷ᠎ᠢ᠎ᠪᠠᠨ ᠪᠠᠢ᠌ᠴᠠᠭ᠋ᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ ᠂ ᠠᠮᠢᠳᠤ ᠪᠣᠳᠠᠰ᠎ᠤᠨ ᠠᠮᠤᠷ ᠲᠦᠪᠰᠢᠨ᠎ᠤ ᠲᠠᠯᠳᠠ ᠭᠡᠮ᠎ᠢ ᠴᠠᠭ ᠲᠤᠬᠠᠢ᠎ᠳᠤ ᠎ᠨᠢ   ᠢᠯᠡᠷᠡᠭᠦᠯᠬᠦ ᠵᠢᠨ ᠬᠠᠮᠲᠤ ᠠᠷᠢᠯᠭ᠋ᠠᠵᠤ ᠂ ᠭᠠᠯ᠎ᠢ ᠰᠡᠷᠭᠡᠢ᠌ᠯᠡᠬᠦ ᠂ ᠳᠡᠯᠪᠡᠷᠡᠬᠦ ᠵᠢ ᠰᠡᠷᠭᠡᠢ᠌ᠯᠡᠬᠦ ᠂ ᠬᠤᠯᠠᠭ᠋ᠠᠢ᠌ᠯᠠᠬᠤ ᠵᠢ ᠰᠡᠷᠭᠡᠢ᠌ᠯᠡᠬᠦ ᠪᠠ ᠭᠣᠭᠣᠵᠢᠬᠤ ᠵᠢ ᠰᠡᠷᠭᠡᠢ᠌ᠯᠡᠬᠦ ᠵᠡᠷᠭᠡ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠦᠲᠦᠮᠵᠢᠲᠡᠢ ᠨᠠᠢ᠌ᠳᠠᠪᠤᠷᠢᠵᠢᠭᠤᠯᠬᠤ ᠬᠡᠷᠡᠭᠲᠡᠢ ᠃  ᠬᠠᠭ᠋ᠠᠰ ᠵᠢᠯ ᠪᠦᠷᠢ ᠠᠵᠢᠯᠲᠠᠳ᠎ᠲᠤ ᠪᠣᠯᠪᠠᠰᠤᠷᠠᠭᠤᠯᠤᠯ ᠬᠢᠵᠦ᠂ ᠲᠡᠳᠡᠨ᠎ᠤ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ᠂ ᠠᠵᠢᠯᠯᠠᠬᠤ ᠳᠦᠷᠢᠮ ᠪᠠ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠡᠵᠡᠮᠰᠢᠬᠦ ᠵᠢ ᠪᠠᠲᠤᠯᠠᠬᠤ ᠬᠡᠷᠡᠭᠲᠡᠢ᠃

      ᠳᠣᠯᠣᠳᠤᠭ᠋ᠠᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠨᠢ ᠪᠤᠰᠤᠳᠴᠢ ᠪᠥᠭᠡᠳ ᠪᠡᠶ᠎ᠡ᠎ᠪᠠᠨ ᠳᠠᠭ᠋ᠠᠭ᠋ᠠᠬᠤ ᠂ ᠡᠷᠬᠡ ᠲᠡᠭᠰᠢ ᠲᠥᠪ ᠭᠣᠣᠯᠴᠢ ᠂ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠢ ᠃  ᠪᠦᠷᠢᠨ ᠲᠡᠭᠦᠯᠳᠡᠷ ᠳᠦᠷᠢᠮ ᠲᠣᠭᠲᠠᠭ᠋ᠠᠯ ᠪᠠ ᠪᠠᠢ᠌ᠴᠠᠭ᠋ᠠᠨ  ᠬᠡᠮᠵᠢᠬᠦ  ᠶᠠᠪᠤᠴᠠ ᠵᠢ ᠲᠣᠭᠲᠠᠭ᠋ᠠᠵᠤ᠂ ᠪᠠᠢ᠌ᠴᠠᠭ᠋ᠠᠨ  ᠬᠡᠮᠵᠢᠭᠰᠡᠨ  ᠦᠷ᠎ᠡ ᠳ᠋ᠦᠩ᠎ᠤᠨ ᠦᠨᠡᠨ ᠪᠣᠳᠠᠲᠠᠢ᠂ ᠣᠨᠣᠪᠴᠢᠲᠠᠶ᠂ ᠪᠤᠰᠤᠳᠴᠢ᠂ ᠲᠥᠪ ᠭᠣᠥᠯᠴᠢ ᠪᠠᠢ᠌ᠬᠤ ᠵᠢ ᠪᠠᠲᠤᠯᠠᠵᠤ᠂ ᠴᠠᠭ ᠬᠤᠭᠤᠴᠠᠭ᠋ᠠᠲᠤ ᠴᠢᠨᠠᠷ᠎ᠲᠠᠢ᠂ ᠵᠣᠬᠢᠰ ᠦᠭᠡᠢ  ᠡᠯᠧᠮᠧᠨ᠋ᠲ᠎ᠳᠤ ᠨᠥᠯᠥᠭᠡᠯᠡᠭᠳᠡᠬᠦ ᠦᠭᠡᠢ᠂ ᠬᠤᠳᠠᠯ ᠬᠠᠭᠤᠷᠮᠠᠭ ᠪᠤᠶᠤ ᠲᠣᠭᠲᠠᠭ᠋ᠠᠯ᠎ᠳᠤ ᠨᠡᠶ᠋ᠢᠴᠡᠬᠦ ᠦᠭᠡᠢ ᠪᠠᠢ᠌ᠴᠠᠭ᠋ᠠᠨ  ᠬᠡᠮᠵᠢᠭᠰᠡᠨ  ᠮᠡᠳᠡᠭᠦᠯᠦᠯᠲᠡ ᠭᠠᠷᠭ᠋ᠠᠬᠤ ᠦᠭᠡᠢ ᠪᠠᠢ᠌ᠬᠤ ᠬᠡᠷᠡᠭᠲᠡᠢ᠃

      ᠬᠣᠶᠠᠳᠤᠭ᠋ᠠᠷ ᠪᠦᠯᠦᠭ     ᠪᠦᠲᠦᠭᠡᠨ ᠪᠠᠶ᠋ᠢᠭᠤᠯᠬᠤ ᠱᠠᠭ᠋ᠠᠷᠳᠠᠯᠭ᠎ᠠ

      ᠨᠠᠢ᠍ᠮᠠᠳᠤᠭ᠋ᠠᠷ ᠵᠦᠢ᠍ᠯ     ᠲᠤᠬᠠᠢ ᠵᠢᠨ ᠭᠠᠵᠠᠷ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠥᠭᠵᠢᠯᠲᠡ ᠪᠠ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠣᠳᠣᠬᠢ ᠪᠠᠢ᠌ᠳᠠᠯ᠎ᠲᠠᠢ᠎ᠪᠠᠨ  ᠤᠶᠠᠯᠳᠤᠭᠤᠯᠤᠨ ᠂ ᠨᠢᠭᠡᠳᠦᠯᠲᠡᠢ ᠲᠥᠯᠥᠪᠵᠢᠭᠦᠯᠦᠨ ᠂ ᠵᠦᠢ ᠵᠣᠬᠢᠰᠲᠠᠢ ᠪᠠᠢ᠌ᠷᠢᠯᠠᠭᠤᠯᠵᠤ ᠂ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠢ ᠲᠥᠯᠥᠪᠯᠡᠭᠡ᠎ᠲᠠᠢ ᠂ ᠭᠣᠣᠯᠳᠠᠯᠭ᠎ᠠ᠎ᠲᠠᠢ᠎ᠪᠠᠷ ᠪᠦᠲᠦᠭᠡᠨ ᠪᠠᠢ᠌ᠭᠤᠯᠵᠤ ᠂ ᠵᠣᠬᠢᠬᠤ ᠬᠡᠮᠵᠢᠶᠡᠨ᠎ᠤ ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ ᠵᠢ ᠪᠠᠲᠤᠯᠠᠵᠤ ᠂ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠦᠨ᠎ᠡ ᠃

      ᠶᠢᠰᠦᠳᠦᠭᠡᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠭᠠᠵᠠᠷ ᠰᠣᠩᠭᠣᠬᠤ ᠂ ᠵᠢᠷᠤᠵᠤ ᠲᠥᠯᠥᠪᠯᠡᠬᠦ ᠪᠠ ᠪᠠᠶ᠋ᠢᠭᠤᠯᠬᠤ ᠵᠡᠷᠭᠡ᠎ᠨᠢ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢ ᠪᠣᠳᠣᠯᠬᠢᠯᠠᠵᠤ ᠂ 《  ᠠᠮᠢᠳᠤ ᠪᠣᠳᠠᠰ᠎ᠤᠨ  ᠠᠮᠤᠷ ᠲᠦᠪᠰᠢᠨ᠎ᠤ  ᠲᠤᠷᠰᠢᠯᠲᠠ ᠵᠢᠨ ᠲᠠᠰᠤᠭ᠎ᠤᠨ ᠪᠠᠷᠢᠯᠭ᠎ᠠ ᠵᠢᠨ ᠮᠡᠷᠭᠡᠵᠢᠯ᠎ᠤᠨ ᠵᠢᠷᠤᠮᠵᠢᠯ 》 ᠂ 《  ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢᠨ ᠵᠢᠷᠤᠮᠵᠢᠯ 》 ᠂ 《  ᠰᠢᠯᠭ᠋ᠠᠨ ᠪᠠᠢ᠌ᠴᠠᠭ᠋ᠠᠵᠤ ᠪᠠᠢ᠌ᠴᠠᠭ᠋ᠠᠨ ᠬᠡᠮᠵᠢᠬᠦ ᠲᠤᠷᠰᠢᠯᠲᠠ ᠵᠢᠨ ᠲᠠᠰᠤᠭ᠎ᠤᠨ ᠵᠢᠷᠤᠭ ᠲᠥᠯᠥᠪᠯᠡᠭᠡ ᠬᠢᠭᠡᠳ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠱᠠᠭ᠋ᠠᠷᠳᠠᠯᠭ᠎ᠠ 》 ᠵᠢᠨ ᠲᠣᠭᠲᠠᠭ᠋ᠠᠯ ᠎ᠲᠠᠢ ᠨᠡᠢ᠌ᠴᠡᠵᠦ᠂ ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠠᠭ᠋ᠠᠯᠠᠯᠲᠠ ᠵᠢᠨ ᠲᠡᠰ᠎ᠨᠢ ᠲᠡᠭᠦᠨ᠎ᠤ ᠬᠢᠵᠦ ᠪᠠᠢ᠌ᠭ᠎ᠠ ᠲᠤᠷᠰᠢᠯᠲᠠ ᠵᠢᠨ ᠠᠵᠢᠯᠯᠠᠭ᠎ᠠ᠎ᠲᠠᠢ᠎ᠪᠠᠨ  ᠵᠣᠬᠢᠴᠠᠯᠳᠤᠭᠰᠠᠨ ᠪᠠᠢ᠌ᠬᠤ ᠬᠡᠷᠡᠭᠲᠡᠢ᠃

      ᠠᠷᠪᠠᠳᠤᠭ᠋ᠠᠷ ᠵᠦᠢ᠍ᠯ     ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ ᠂ ᠭᠤᠷᠪᠠᠳᠠᠭᠢ ᠡᠲᠡᠭᠡᠳ᠎ᠤᠨ ᠪᠠᠢ᠌ᠴᠠᠭ᠋ᠠᠨ  ᠬᠡᠮᠵᠢᠬᠦ  ᠪᠠᠢ᠌ᠭᠤᠯᠤᠮᠵᠢ ᠂ ᠳᠡᠭᠡᠳᠦ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠂ ᠪᠣᠭᠣᠮᠲᠠ ᠵᠢᠨ ᠰᠠᠯᠠᠭ᠎ᠠ ᠮᠥᠴᠢᠷ ᠵᠢᠴᠢ ᠮᠠᠯ᠎ᠤᠨ ᠡᠮ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠨᠢ ᠡᠷᠬᠡᠪᠰᠢ ᠠᠮᠢᠳᠤ ᠪᠣᠳᠠᠰ᠎ᠤᠨ  ᠠᠮᠤᠷ ᠲᠦᠪᠰᠢᠨ᠎ᠤ Ⅱ ᠳᠡᠰ᠎ᠤᠨ ᠲᠤᠷᠰᠢᠯᠲᠠ ᠵᠢᠨ ᠲᠠᠰᠤᠭ ᠪᠠᠶ᠋ᠢᠭᠤᠯᠬᠤ ᠱᠠᠭ᠋ᠠᠷᠳᠠᠯᠭ᠎ᠠ᠎ᠳᠤ ᠬᠦᠷᠴᠦ ᠂ ᠠᠮᠢᠳᠤ ᠪᠣᠳᠠᠰ᠎ᠤᠨ  ᠠᠮᠤᠷ ᠲᠦᠪᠰᠢᠨ᠎ᠤ  ᠵᠡᠷᠭᠡ ᠳᠡᠰ᠎ᠲᠠᠢ ᠵᠣᠬᠢᠴᠠᠯᠳᠤᠭᠰᠠᠨ  ᠪᠡᠯᠡᠳᠭᠡᠮᠵᠢ᠂  ᠲᠥᠬᠦᠭᠡᠷᠦᠮᠵᠢ ᠵᠢ ᠲᠣᠬᠢᠷᠠᠭᠤᠯᠬᠤ ᠬᠡᠷᠡᠭᠲᠡᠢ ᠃

      ᠠᠷᠪᠠᠨ ᠨᠢᠭᠡᠳᠦᠭᠡᠷ ᠵᠦᠢ᠍ᠯ     ᠳᠡᠭᠡᠳᠦ ᠲᠠᠰ᠎ᠤᠨ ᠡᠪᠡᠳᠴᠢᠨ ᠡᠭᠦᠰᠬᠡᠬᠦ ᠮᠢᠺᠷᠣᠪ᠎ᠤᠨ ᠲᠤᠷᠰᠢᠯᠲᠠ ᠵᠢᠨ ᠲᠠᠰᠤᠭ᠎ᠨᠢ ᠡᠷᠬᠡᠪᠰᠢ ᠠᠮᠢᠳᠤ ᠪᠣᠳᠠᠰ᠎ᠤᠨ ᠠᠮᠤᠷ ᠲᠦᠪᠰᠢᠨ᠎ᠤ Ⅲ ᠲᠠᠰ᠎ᠤᠨ ᠲᠤᠷᠰᠢᠯᠲᠠ ᠵᠢᠨ ᠲᠠᠰᠤᠭ᠎ᠤᠨ ᠱᠠᠭ᠋ᠠᠷᠳᠠᠯᠭ᠎ᠠ᠎ᠳᠤ ᠬᠦᠷᠴᠦ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠴᠣᠬᠣᠯᠠᠪᠤᠷᠢᠯᠠᠭᠰᠠᠨ ᠬᠡᠪᠴᠢᠶᠡᠨ᠎ᠳᠤ   ᠲᠤᠬᠢᠷᠠᠬᠤ  ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠠᠮᠢᠲᠠᠨ᠎ᠤ ᠡᠪᠡᠳᠴᠢᠨ ᠡᠭᠦᠰᠬᠡᠬᠦ ᠮᠢᠺᠷᠣᠪ᠎ᠤᠨ ᠲᠤᠷᠰᠢᠯᠲᠠ ᠵᠢᠨ ᠠᠵᠢᠯᠯᠠᠭ᠎ᠠ ᠵᠢ   ᠦᠷᠨᠢᠭᠦᠯᠦᠨ᠎ᠡ ᠂ ᠬᠡᠪᠴᠢᠶ᠎ᠡ᠎ᠠᠴᠠ ᠬᠡᠲᠦᠷᠡᠭᠦᠯᠦᠨ ᠡᠪᠡᠳᠴᠢᠨ᠎ᠤ ᠮᠠᠲ᠋ᠧᠷᠢᠶᠠᠯ ᠴᠤᠭᠯᠠᠭᠤᠯᠬᠤ ᠪᠠ ᠬᠠᠮᠢᠶ᠎ᠠ ᠪᠦᠬᠦᠢ ᠰᠤᠳᠤᠯᠭ᠋ᠠᠨ ᠬᠢᠬᠦ ᠵᠢ ᠴᠢᠩᠭ᠎ᠠ ᠴᠠᠭ᠋ᠠᠵᠠᠯᠠᠨ᠎ᠠ᠃

      ᠠᠷᠪᠠᠨ ᠬᠣᠶᠠᠳᠤᠭ᠋ᠠᠷ ᠵᠦᠢ᠍ᠯ     ᠲᠡᠵᠢᠭᠡᠨ ᠦᠷᠡᠵᠢᠭᠦᠯᠬᠦ ᠲᠠᠯᠠᠪᠠᠢ ᠂  ᠨᠢᠲᠤᠯᠠᠯᠲᠠ ᠵᠢᠨ  ᠲᠠᠯᠠᠪᠠᠢ ᠂ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠦᠢ᠍ᠯᠡᠳᠪᠦᠷᠢ ᠵᠡᠷᠭᠡ ᠥᠪᠡᠰᠦᠪᠡᠨ ᠪᠠᠢ᠌ᠭᠤᠯᠵᠤ ᠥᠪᠡᠰᠦᠪᠡᠨ ᠪᠠᠢ᠌ᠴᠠᠭ᠋ᠠᠬᠤ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠨᠢ ᠠᠮᠢᠳᠤ ᠪᠣᠳᠠᠰ᠎ᠤᠨ ᠠᠮᠤᠷ ᠲᠦᠪᠰᠢᠨ᠎ᠤ  ᠱᠠᠭ᠋ᠠᠷᠳᠠᠯᠭ᠎ᠠ ᠂ ᠲᠤᠬᠠᠢ ᠵᠢᠨ ᠭᠠᠵᠠᠷ᠎ᠤᠨ ᠣᠷᠴᠢᠨ ᠠᠬᠤᠢ ᠵᠢᠨ ᠬᠠᠮᠠᠭ᠋ᠠᠯᠠᠯᠲᠠ ᠪᠠ ᠪᠦᠲᠦᠭᠡᠨ ᠪᠠᠢ᠌ᠭᠤᠯᠤᠯᠲᠠ ᠵᠢᠨ   ᠭᠤᠤᠯᠯᠠᠨ  ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠪᠥᠭᠡᠳ ᠠᠵᠤ ᠠᠬᠤᠢ᠌ᠯᠠᠯ᠎ᠤᠨ ᠬᠡᠪᠴᠢᠶ᠎ᠡ᠎ᠲᠠᠢ ᠵᠣᠬᠢᠴᠠᠭᠤᠯᠤᠨ ᠂ ᠠᠵᠤ ᠠᠬᠤᠢ᠌ᠯᠠᠯ᠎ᠤᠨ ᠬᠢᠨᠠᠨ ᠬᠡᠮᠵᠢᠬᠦ ᠬᠡᠷᠡᠭᠴᠡᠭᠡ ᠵᠢ ᠬᠠᠩᠭ᠋ᠠᠪᠠᠯ ᠰᠠᠶᠢ ᠠᠮᠢᠲᠠᠨ᠎ᠤ ᠬᠢᠵᠢᠭ ᠡᠪᠡᠳᠴᠢᠨ᠎ᠢ ᠪᠠᠢ᠌ᠴᠠᠭ᠋ᠠᠨ  ᠬᠡᠮᠵᠢᠬᠦ ᠠᠵᠢᠯ᠎ᠢ ᠬᠢᠵᠦ ᠪᠣᠯᠣᠨ᠎ᠠ ᠃

      ᠭᠤᠷᠪᠠᠳᠤᠭ᠋ᠠᠷ ᠪᠦᠯᠦᠭ    ᠠᠵᠢᠯᠯᠠᠭ᠋ᠠᠨ᠎ᠤ ᠬᠠᠮᠢᠶᠠᠷᠤᠯᠲᠠ

      ᠠᠷᠪᠠᠨ ᠭᠤᠷᠪᠠᠳᠤᠭ᠋ᠠᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠨᠢ ᠬᠣᠯᠪᠣᠭᠳᠠᠯ ᠪᠦᠬᠦᠢ ᠮᠡᠷᠭᠡᠵᠢᠯ᠎ᠤᠨ ᠵᠢᠷᠤᠮᠵᠢᠯ ᠪᠠ ᠪᠠᠷᠢᠮᠵᠢᠶ᠎ᠠ ᠵᠢ ᠵᠢᠷᠤᠮᠯᠠᠵᠤ ᠂ ᠲᠤᠷᠰᠢᠯᠲᠠ ᠵᠢᠨ ᠲᠠᠰᠤᠭ᠎ᠤᠨ ᠶᠠᠰᠤ ᠴᠢᠨᠠᠷ ᠪᠠ ᠠᠮᠢᠳᠤ ᠪᠣᠳᠠᠰ᠎ᠤᠨ ᠠᠮᠤᠷ ᠲᠦᠪᠰᠢᠨ᠎ᠤ  ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ ᠠᠵᠢᠯᠯᠠᠭᠤᠯᠵᠤ ᠂ ᠡᠯ᠎ᠡ ᠵᠦᠢ᠍ᠯ᠎ᠤᠨ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠬᠡᠷᠡᠭᠲᠡᠢ ᠃

      ᠠᠷᠪᠠᠨ ᠳᠥᠷᠪᠡᠳᠦᠭᠡᠷ ᠵᠦᠢ᠍ᠯ     ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢ ᠴᠢᠩᠭ᠋ᠠᠳᠬᠠᠨ ᠂ ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢᠨ ᠳᠦᠷᠢᠮ ᠬᠢᠭᠡᠳ ᠠᠮᠤᠷ ᠲᠦᠪᠰᠢᠨ ᠵᠶ᠋ᠠᠷ  ᠠᠵᠢᠯᠯᠠᠬᠤ ᠳᠦᠷᠢᠮ᠎ᠢ  ᠴᠢᠩᠭ᠎ᠠ ᠵᠢᠷᠤᠮᠯᠠᠬᠤ ᠬᠡᠷᠡᠭᠲᠡᠢ ᠃  ᠠᠮᠢᠳᠤ ᠪᠣᠳᠠᠰ᠎ᠤᠨ ᠠᠮᠤᠷ ᠲᠦᠪᠰᠢᠨ᠎ᠤ ᠵᠥᠪᠯᠡᠯ᠎ᠢ ᠪᠠᠢ᠌ᠭᠤᠯᠵᠤ᠂ ᠪᠠᠢ᠌ᠴᠠᠭ᠋ᠠᠨ  ᠬᠡᠮᠵᠢᠬᠦ  ᠠᠵᠢᠯ᠎ᠤᠨ ᠴᠤᠪᠤᠷᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠪᠠᠴᠢᠮ ᠪᠠᠢ᠌ᠳᠠᠯ᠎ᠢ  ᠠᠷᠭ᠋ᠠᠴᠠᠭ᠋ᠠᠬᠤ  ᠪᠡᠯᠡᠳᠬᠡᠯ ᠲᠥᠰᠥᠯ ᠪᠠ ᠰᠠᠨᠠᠭ᠋ᠠᠨ᠎ᠳᠤ ᠦᠭᠡᠢ ᠡᠨᠳᠡᠯ᠎ᠢ ᠰᠢᠢ᠍ᠳᠪᠦᠷᠢᠯᠡᠬᠦ ᠲᠠᠰ ᠳᠠᠷᠠᠭ᠋ᠠᠯᠠᠯ᠎ᠢ ᠲᠣᠭᠲᠠᠭ᠋ᠠᠵᠤ᠂ ᠵᠢᠯ ᠪᠦᠷᠢ ᠨᠠᠭ᠋ᠠᠲᠤ ᠵᠠᠬ᠎ᠠ᠎ᠳᠤ᠎ᠪᠠᠨ  ᠪᠣᠶ ᠪᠦᠬᠦᠢ ᠲᠤᠷᠰᠢᠯᠲᠠ ᠵᠢᠨ ᠲᠠᠰᠤᠭ᠎ᠤᠨ ᠠᠵᠢᠯᠲᠠᠨ᠎ᠢ ᠵᠣᠬᠢᠶᠠᠨ ᠪᠠᠢ᠌ᠭᠤᠯᠤᠨ ᠪᠠᠴᠢᠮ ᠪᠠᠢ᠌ᠳᠠᠯ᠎ᠢ  ᠠᠷᠭ᠋ᠠᠴᠠᠭ᠋ᠠᠬᠤ  ᠰᠣᠷᠢᠯᠲᠠ ᠵᠢ ᠨᠢᠭᠡ ᠤᠳᠠᠭ᠎ᠠ ᠬᠢᠵᠦ᠂ ᠲᠤᠷᠰᠢᠯᠲᠠ ᠵᠢᠨ ᠲᠠᠰᠤᠭ᠎ᠤᠨ ᠡᠨᠳᠡᠯ᠎ᠢ ᠮᠡᠳᠡᠭᠦᠯᠬᠦ ᠳᠦᠷᠢᠮ᠎ᠢ ᠪᠠᠢ᠌ᠭᠤᠯᠤᠨ᠂ ᠲᠤᠷᠰᠢᠯᠲᠠ ᠵᠢᠨ ᠲᠠᠰᠤᠭ᠎ᠲᠤ ᠰᠠᠨᠠᠭ᠋ᠠᠨ᠎ᠳᠤ ᠦᠭᠡᠢ ᠡᠨᠳᠡᠯ ᠭᠠᠷᠪᠠᠯ ᠴᠠᠭ ᠲᠤᠬᠠᠢ᠎ᠳᠤ ᠎ᠨᠢ  ᠮᠡᠳᠡᠭᠦᠯᠬᠦ ᠬᠡᠷᠡᠭᠲᠡᠢ᠂ ᠶᠠᠮᠠᠷᠪᠠ ᠬᠥᠮᠥᠨ ᠮᠡᠳᠡᠭᠦᠯᠬᠦ ᠦᠭᠡᠢ ᠨᠢᠭᠤᠬᠤ ᠪᠤᠶᠤ ᠬᠤᠳᠠᠯ ᠵᠶ᠋ᠠᠷ ᠮᠡᠳᠡᠭᠦᠯᠵᠦ ᠪᠣᠯᠬᠤ ᠦᠭᠡᠢ᠃

      ᠠᠷᠪᠠᠨ ᠲᠠᠪᠤᠳᠤᠭ᠋ᠠᠷ ᠵᠦᠢ᠍ᠯ     ᠬᠢᠷᠢ ᠬᠡᠮ᠎ᠲᠠᠢ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠲᠤ ᠲᠤᠷᠰᠢᠯᠲᠠ ᠵᠢᠨ ᠠᠵᠢᠯᠯᠠᠭ᠎ᠠ ᠬᠢᠬᠦ᠎ᠯᠦᠭᠡ ᠵᠣᠬᠢᠴᠠᠯᠳᠤᠭᠰᠠᠨ ᠠᠵᠢᠯᠲᠠᠨ ᠲᠣᠬᠢᠷᠠᠭᠤᠯᠬᠤ ᠬᠡᠷᠡᠭᠲᠡᠢ ᠄

      (ᠨᠢᠭᠡ) ᠶᠠᠰᠤ ᠴᠢᠨᠠᠷ᠎ᠤᠨ ᠬᠠᠷᠢᠭᠤᠴᠠᠯᠭ᠋ᠠᠲᠠᠨ᠂ ᠮᠡᠷᠭᠡᠵᠢᠯ᠎ᠤᠨ ᠬᠠᠷᠢᠭᠤᠴᠠᠯᠭ᠋ᠠᠲᠠᠨ᠂ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠨᠢ ᠮᠠᠯ ᠡᠮᠨᠡᠯᠭᠡ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠠᠬᠤᠢ ᠪᠠᠢ᠌ᠳᠠᠯ᠎ᠲᠠᠢ ᠪᠠᠢ᠌ᠵᠤ᠂ ᠲᠣᠰ ᠲᠤᠰᠬᠠᠢ ᠮᠡᠷᠭᠡᠵᠢᠯ᠎ᠤᠨ ᠠᠵᠢᠯ᠎ᠢ 5 ᠵᠢᠯ᠎ᠠᠴᠠ ᠳᠡᠭᠡᠭᠰᠢ  ᠬᠢᠭᠰᠡᠨ ᠂ ᠳᠤᠮᠳᠠ ᠵᠡᠷᠭᠡ ᠵᠢᠨ ᠪᠤᠶᠤ ᠲᠡᠭᠦᠨ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠪᠠᠢ᠌ᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠪᠥᠭᠡᠳ ᠲᠤᠷᠰᠢᠯᠲᠠ ᠵᠢᠨ ᠲᠠᠰᠤᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠠᠢ᠌ᠨ ᠮᠡᠳᠡᠬᠦ ᠬᠡᠷᠡᠭᠲᠡᠢ᠃

      (ᠬᠣᠶᠠᠷ) ᠲᠤᠷᠰᠢᠯᠲᠠ ᠵᠢᠨ ᠲᠠᠰᠤᠭ᠎ᠤᠨ ᠬᠠᠷᠢᠭᠤᠴᠠᠯᠭ᠋ᠠᠲᠠᠨ᠎ᠨᠢ ᠮᠠᠯ ᠡᠮᠨᠡᠯᠭᠡ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠠᠬᠤᠢ ᠪᠠᠢ᠌ᠳᠠᠯ᠎ᠲᠠᠢ᠂ ᠲᠣᠰ ᠲᠤᠰᠬᠠᠢ ᠮᠡᠷᠭᠡᠵᠢᠯ᠎ᠤᠨ ᠠᠵᠢᠯ᠎ᠢ 3 ᠵᠢᠯ᠎ᠠᠴᠠ ᠳᠡᠭᠡᠭᠰᠢ ᠬᠢᠭᠰᠡᠨ᠂ ᠳᠤᠮᠳᠠ ᠵᠡᠷᠭᠡ ᠵᠢᠨ ᠪᠤᠶᠤ ᠲᠡᠭᠦᠨ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠪᠠᠢ᠌ᠬᠤ ᠬᠡᠷᠡᠭᠲᠡᠢ᠃

      (ᠭᠤᠷᠪᠠ) ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠬᠤ ᠠᠵᠢᠯᠲᠠᠨ  ᠎ᠨᠢ ᠮᠠᠯ ᠡᠮᠨᠡᠯᠭᠡ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠠᠬᠤᠢ ᠪᠠᠢ᠌ᠳᠠᠯ᠎ᠲᠠᠢ᠂ ᠲᠣᠰ ᠲᠤᠰᠬᠠᠢ ᠮᠡᠷᠭᠡᠵᠢᠯ᠎ᠤᠨ ᠠᠵᠢᠯ᠎ᠢ 2 ᠵᠢᠯ᠎ᠠᠴᠠ ᠳᠡᠭᠡᠭᠰᠢ ᠬᠢᠭᠰᠡᠨ᠂ ᠳᠤᠮᠳᠠ ᠵᠡᠷᠭᠡ ᠵᠢᠨ ᠪᠤᠶᠤ ᠲᠡᠭᠦᠨ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠪᠠᠢ᠌ᠬᠤ ᠬᠡᠷᠡᠭᠲᠡᠢ᠃

      (ᠳᠥᠷᠪᠡ) ᠪᠠᠢ᠌ᠴᠠᠭ᠋ᠠᠨ  ᠬᠡᠮᠵᠢᠬᠦ  ᠠᠵᠢᠯᠲᠠᠨ᠎ᠨᠢ ᠮᠠᠯ᠎ᠤᠨ ᠡᠮᠴᠢ ᠪᠤᠶᠤ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠠᠬᠤᠢ ᠪᠠᠢ᠌ᠳᠠᠯ᠎ᠲᠠᠢ ᠪᠠᠢ᠌ᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠮᠡᠷᠭᠡᠵᠢᠯ᠎ᠤᠨ ᠵᠢᠷᠤᠮᠵᠢᠯ᠎ᠢ ᠰᠠᠢ᠌ᠨ ᠮᠡᠳᠡᠵᠦ᠂ ᠲᠤᠷᠰᠢᠯᠲᠠ ᠵᠢᠨ ᠲᠠᠰᠤᠭ᠎ᠤᠨ ᠡᠯ᠎ᠡ ᠵᠦᠢ᠍ᠯ᠎ᠤᠨ ᠲᠤᠷᠰᠢᠯᠲᠠ ᠵᠢᠨ ᠠᠵᠢᠯᠯᠠᠬᠤ ᠮᠡᠷᠭᠡᠵᠢᠯ᠎ᠢ ᠡᠵᠡᠮᠰᠢᠵᠦ᠂ ᠬᠡᠮᠵᠢᠭᠦᠷᠯᠢᠭ ᠲᠥᠬᠦᠭᠡᠷᠦᠮᠵᠢ ᠵᠢ ᠪᠣᠯᠪᠠᠰᠤᠷᠠᠩᠭᠤᠢ ᠬᠡᠷᠡᠭᠯᠡᠵᠦ᠂ ᠪᠣᠯᠪᠠᠰᠤᠷᠠᠭᠤᠯᠤᠯ ᠬᠢᠨᠠᠨ ᠰᠢᠯᠭ᠋ᠠᠯᠲᠠ᠎ᠪᠠᠷ ᠳᠡᠮᠵᠢᠨ ᠬᠢᠷᠢ ᠲᠡᠩᠴᠡᠭᠡᠳ ᠠᠵᠢᠯ᠎ᠤᠨ ᠪᠠᠢ᠌ᠷᠢ᠎ᠳᠤ ᠭᠠᠷᠬᠤ ᠦᠨᠡᠮᠯᠡᠯ ᠣᠯᠣᠭᠰᠠᠨ ᠪᠠᠢ᠌ᠬᠤ ᠬᠡᠷᠡᠭᠲᠡᠢ᠃

      ᠠᠷᠪᠠᠨ ᠵᠢᠷᠭᠤᠳᠤᠭ᠋ᠠᠷ ᠵᠦᠢ᠍ᠯ     ᠦᠯᠢᠭᠡᠷ ᠡᠳ᠋᠎ᠢ ᠴᠤᠭᠯᠠᠭᠤᠯᠬᠤ ᠂  ᠵᠦᠭᠡᠭᠡᠪᠦᠷᠢᠯᠡᠬᠦ᠎ᠳᠤ 《  ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠠᠮᠢᠲᠠᠨ᠎ᠤ ᠡᠪᠡᠳᠴᠢᠨ ᠡᠭᠦᠰᠬᠡᠬᠦ ᠮᠢᠺᠷᠣᠪ ᠪᠠᠺᠲ᠋ᠧᠷᠢ (  ᠬᠣᠣᠷ ) ᠵᠢᠨ ᠲᠦᠷᠦᠯ ᠵᠦᠢ᠍ᠯ ᠪᠤᠶᠤ ᠦᠯᠢᠭᠡᠷ ᠡᠳ᠋᠎ᠢ  ᠵᠦᠭᠡᠭᠡᠪᠦᠷᠢᠯᠡᠵᠦ  ᠪᠣᠭᠣᠳᠠᠯᠯᠠᠬᠤ ᠵᠢᠷᠤᠮᠵᠢᠯ 》᠎ᠤᠨ ᠱᠠᠭ᠋ᠠᠷᠳᠠᠯᠭ᠎ᠠ ᠶᠣᠰᠣᠭ᠋ᠠᠷ ᠬᠡᠷᠡᠭᠵᠢᠭᠦᠯᠦᠨ᠎ᠡ ᠃

      ᠥᠯᠢᠭᠡᠷ ᠡᠳ᠋᠎ᠢ ᠬᠠᠳᠠᠭ᠋ᠠᠯᠠᠬᠤ᠂ ᠬᠡᠷᠡᠭᠯᠡᠬᠦ ᠬᠠᠮᠢᠶᠠᠷᠤᠯᠲᠠ᠎ᠳᠤ ᠤᠯᠤᠰ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠴᠤᠭᠯᠠᠭᠤᠯᠬᠤ᠂ ᠪᠣᠭᠣᠳᠠᠯᠯᠠᠬᠤ᠂ ᠵᠦᠭᠡᠭᠡᠪᠦᠷᠢᠯᠡᠬᠦ ᠂ ᠭᠥᠯᠢᠶᠡᠨ ᠠᠪᠬᠤ᠂ ᠦᠢᠯᠡᠳᠬᠦ᠂ ᠬᠠᠳᠠᠭ᠋ᠠᠯᠠᠬᠤ ᠵᠡᠷᠭᠡ ᠠᠵᠢᠯᠯᠠᠭ᠋ᠠᠨ᠎ᠤ ᠳᠦᠷᠢᠮ᠎ᠢ ᠲᠣᠭᠲᠠᠭ᠋ᠠᠵᠤ᠂ ᠰᠢᠯᠭ᠋ᠠᠨ ᠪᠠᠢ᠌ᠴᠠᠭ᠋ᠠᠭᠰᠠᠨ᠎ᠤ ᠳᠠᠷᠠᠭ᠋ᠠᠬᠢ ᠥᠯᠢᠭᠡᠷ ᠡᠳ᠋᠂ ᠨᠢᠭᠡᠨᠲᠡ ᠲᠠᠷᠬᠠᠭ᠋ᠠᠭᠰᠠᠨ ᠮᠡᠳᠡᠭᠦᠯᠦᠯᠲᠡ ᠵᠢᠨ ᠥᠯᠢᠭᠡᠷ ᠡᠳ᠋᠎ᠤᠨ ᠦᠯᠡᠳᠡᠭᠡᠬᠦ ᠴᠠᠭ᠎ᠤᠨ ᠬᠢᠵᠠᠭ᠋ᠠᠷ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠬᠤ ᠬᠡᠷᠡᠭᠲᠡᠢ᠃  ᠥᠯᠢᠭᠡᠷ ᠠᠪᠬᠤ ᠮᠡᠳᠡᠭᠡ ᠵᠠᠩᠭᠢ ᠵᠢ ᠦᠨᠡᠨ ᠪᠣᠳᠠᠲᠠᠢ᠎ᠪᠠᠷ ᠲᠠᠭᠯᠠᠵᠤ᠂ ᠪᠠᠢ᠌ᠴᠠᠭ᠋ᠠᠨ  ᠬᠡᠮᠵᠢᠭᠰᠡᠨ ᠶᠠᠪᠤᠴᠠ ᠪᠠ ᠪᠠᠢ᠌ᠴᠠᠭ᠋ᠠᠨ  ᠬᠡᠮᠵᠢᠭᠰᠡᠨ  ᠦᠷ᠎ᠡ ᠳ᠋ᠦᠩ᠎ᠢ ᠨᠡᠬᠡᠮᠵᠢᠯᠡᠵᠦ ᠪᠣᠯᠬᠤ ᠵᠢ  ᠦᠨᠡᠨ ᠬᠦ᠌  ᠪᠠᠲᠤᠯᠠᠬᠤ ᠬᠡᠷᠡᠭᠲᠡᠢ᠃

      ᠠᠷᠪᠠᠨ ᠳᠣᠯᠣᠳᠤᠭ᠋ᠠᠷ ᠵᠦᠢ᠍ᠯ     ᠠᠵᠢᠯᠠᠯᠵᠤ  ᠪᠠᠢ᠌ᠭ᠎ᠠ ᠡᠪᠡᠳᠴᠢᠨ ᠡᠭᠦᠰᠬᠡᠬᠦ ᠮᠢᠺᠷᠣᠪ᠎ᠤᠨ ᠲᠦᠷᠦᠯ ᠵᠦᠢ᠍ᠯ ᠂ ᠪᠣᠬᠢᠷᠲᠤᠭᠳᠠᠬᠤ ᠡᠲᠡᠭᠡᠳ ᠪᠠ ᠪᠣᠬᠢᠷᠲᠤᠭᠳᠠᠭᠰᠠᠨ ᠬᠡᠮᠵᠢᠶ᠎ᠡ ᠵᠡᠷᠭᠡ ᠵᠢ ᠦᠨᠳᠦᠰᠦᠯᠡᠨ ᠲᠣᠬᠢᠷᠠᠮᠵᠢᠲᠠᠢ ᠠᠷᠢᠭᠤᠳᠬᠠᠬᠤ ᠪᠠ ᠪᠠᠺᠲ᠋ᠧᠷᠢ ᠤᠰᠠᠳᠬᠠᠬᠤ ᠠᠷᠭ᠎ᠠ ᠵᠢ ᠰᠣᠩᠭᠣᠵᠤ ᠂ ᠠᠷᠢᠭᠤᠳᠬᠠᠬᠤ ᠦᠷ᠎ᠡ ᠪᠦᠲᠦᠮᠵᠢ ᠵᠢ  ᠪᠠᠲᠤᠯᠠᠬᠤ ᠬᠡᠷᠡᠭᠲᠡᠢ᠃  ᠲᠤᠷᠰᠢᠯᠲᠠ ᠵᠢᠨ ᠲᠠᠰᠤᠭ᠎ᠤᠨ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠎ᠳᠤ᠎ᠪᠠᠨ  ᠤᠯᠤᠰ᠎ᠤᠨ ᠪᠤᠶᠤ ᠣᠷᠣᠨ ᠨᠤᠲᠤᠭ᠎ᠤᠨ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠭᠦᠯᠵᠦ᠂ ᠲᠤᠰᠬᠠᠢ ᠬᠥᠮᠥᠨ ᠵᠶ᠋ᠡᠷ ᠬᠠᠷᠢᠭᠤᠴᠠᠭᠤᠯᠤᠨ᠂ ᠪᠢᠴᠢᠭ᠎ᠤᠨ ᠲᠡᠮᠳᠡᠭᠯᠡᠯ᠎ᠲᠠᠢ ᠪᠠᠢ᠌ᠯᠭ᠋ᠠᠵᠤ᠂ ᠨᠢᠭᠡᠳᠦᠯᠲᠡᠢ ᠲᠠᠩᠰᠠ ᠡᠪᠬᠡᠮᠡᠯ᠎ᠳᠤ ᠣᠷᠣᠭᠤᠯᠵᠤ᠂ ᠨᠡᠬᠡᠮᠵᠢᠯᠡᠵᠦ ᠪᠣᠯᠬᠤ ᠵᠢ ᠪᠡᠶᠡᠯᠡᠭᠦᠯᠬᠦ ᠬᠡᠷᠡᠭᠲᠡᠢ᠃

      ᠠᠷᠪᠠᠨ ᠨᠠᠢ᠍ᠮᠠᠳᠤᠭ᠋ᠠᠷ ᠵᠦᠢ᠍ᠯ     ᠪᠠᠢ᠌ᠴᠠᠭ᠋ᠠᠨ  ᠬᠡᠮᠵᠢᠭᠰᠡᠨ  ᠮᠡᠳᠡᠭᠦᠯᠦᠯᠲᠡ ᠵᠢ ᠲᠠᠷᠬᠠᠭ᠋ᠠᠬᠤ ᠳᠦᠷᠢᠮ᠎ᠢ ᠪᠠᠢ᠌ᠭᠤᠯᠵᠤ ᠂ ᠪᠠᠢ᠌ᠴᠠᠭ᠋ᠠᠨ  ᠬᠡᠮᠵᠢᠭᠰᠡᠨ  ᠮᠡᠳᠡᠭᠦᠯᠦᠯᠲᠡ ᠵᠢᠨ ᠣᠨᠣᠪᠴᠢᠲᠠᠶ ᠂  ᠲᠤᠳᠤ᠂  ᠲᠣᠳᠣᠷᠬᠠᠢ ᠂ ᠪᠤᠰᠤᠳᠴᠢ ᠪᠠᠢ᠌ᠬᠤ ᠵᠢ ᠪᠠᠲᠤᠯᠠᠵᠤ ᠂ ᠭᠠᠷᠭ᠋ᠠᠭᠰᠠᠨ ᠮᠡᠳᠡᠭᠦᠯᠦᠯᠲᠡ᠎ᠨᠢ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠠᠷᠭ᠎ᠠ ᠵᠢᠨ ᠲᠣᠭᠲᠠᠭ᠋ᠠᠯ᠎ᠳᠤ ᠨᠡᠶ᠋ᠢᠴᠡᠬᠦ ᠵᠢ ᠪᠠᠲᠤᠯᠠᠬᠤ ᠵᠢᠨ ᠬᠠᠮᠲᠤ ᠮᠡᠳᠡᠭᠦᠯᠦᠯᠲᠡ ᠵᠢ ᠡᠭᠡᠭᠦᠯᠦᠨ  ᠬᠤᠷᠢᠶᠠᠬᠤ  ᠬᠠᠮᠢᠶᠠᠷᠤᠯᠲᠠ ᠵᠢᠨ ᠵᠢᠷᠤᠮ᠎ᠢ ᠲᠣᠭᠲᠠᠭ᠋ᠠᠨ᠎ᠠ ᠃

      ᠪᠠᠢ᠌ᠴᠠᠭ᠋ᠠᠨ  ᠬᠡᠮᠵᠢᠭᠰᠡᠨ  ᠦᠷ᠎ᠡ  ᠳ᠋ᠦᠩ᠎ᠢ ᠤᠯᠤᠰ᠎ᠤᠨ  ᠮᠠᠯ ᠡᠮᠨᠡᠯᠭᠡ ᠵᠢᠨ ᠡᠷᠡᠭᠦᠯ ᠬᠠᠮᠠᠭ᠋ᠠᠯᠠᠯ᠎ᠤᠨ  ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠲᠠᠪᠴᠠᠩ᠎ᠤᠨ 《  ᠠᠮᠢᠳᠠᠨ᠎ᠤ  ᠬᠢᠵᠢᠭ ᠡᠪᠡᠳᠴᠢᠨ᠎ᠢ  ᠪᠠᠢ᠌ᠴᠠᠭ᠋ᠠᠨ ᠬᠡᠮᠵᠢᠬᠦ ᠬᠢᠭᠡᠳ ᠬᠢᠵᠢᠭ᠎ᠤᠨ  ᠪᠠᠢ᠌ᠳᠠᠯ᠎ᠤᠨ  ᠮᠡᠳᠡᠭᠡ ᠵᠠᠩᠭᠢ ᠵᠢᠨ ᠬᠠᠮᠢᠶᠠᠷᠤᠯᠲᠠ 》 ᠵᠢᠨ  ᠰᠢᠰᠲ᠋ᠧᠮ ᠵᠶ᠋ᠡᠷ  ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ  ᠠᠮᠢᠳᠠᠨ᠎ᠤ  ᠬᠢᠵᠢᠭ ᠡᠪᠡᠳᠴᠢᠨ᠎ᠢ  ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ᠎ᠳᠤ  ᠮᠡᠳᠡᠭᠦᠯᠦᠨ ᠬᠦᠷᠭᠡᠬᠦ ᠬᠡᠷᠡᠭᠲᠡᠢ ᠃

      ᠠᠷᠪᠠ ᠶᠢᠰᠦᠳᠦᠭᠡᠷ ᠵᠦᠢ᠍ᠯ     ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠬᠠᠮᠢᠶ᠎ᠠ ᠪᠦᠬᠦᠢ ᠲᠠᠩᠰᠠ ᠡᠪᠬᠡᠮᠡᠯ᠎ᠳᠤ ᠠᠩᠬᠠᠨ᠎ᠤ ᠲᠡᠮᠳᠡᠭᠯᠡᠯ᠂ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ᠂ ᠬᠡᠮᠵᠢᠭᠦᠷᠯᠢᠭ ᠲᠥᠬᠦᠭᠡᠷᠦᠮᠵᠢ᠂ ᠠᠵᠢᠯᠲᠠᠨ᠂ ᠪᠠᠷᠢᠮᠵᠢᠶᠠᠲᠤ ᠪᠣᠳᠠᠰ ᠬᠢᠭᠡᠳ ᠤᠷᠪᠠᠯᠵᠢ᠂ ᠠᠵᠢᠯ᠎ᠤᠨ ᠲᠥᠯᠥᠪᠯᠡᠭᠡ ᠵᠢᠴᠢ ᠳ᠋ᠦᠩᠨᠡᠯᠲᠡ ᠵᠡᠷᠭᠡ ᠵᠢ ᠪᠠᠭᠲᠠᠭ᠋ᠠᠵᠤ᠂ ᠪᠣᠶ ᠪᠦᠬᠦᠢ ᠲᠠᠩᠰᠠ ᠡᠪᠬᠡᠮᠡᠯ᠎ᠢ ᠲᠥᠷᠥᠯ ᠬᠤᠪᠢᠶᠠᠨ ᠬᠠᠮᠢᠶᠠᠷᠴᠤ᠂ ᠪᠠᠢ᠌ᠭᠤᠯᠤᠭᠰᠠᠨ ᠲᠠᠩᠰᠠ ᠡᠪᠬᠡᠮᠡᠯ᠎ᠢ  ᠵᠢᠷᠤᠮᠵᠢᠭᠤᠨ ᠂ ᠪᠦᠷᠢᠨ ᠭᠦᠢ᠍ᠴᠡᠳ᠂ ᠲᠤᠰᠬᠠᠢ ᠬᠥᠮᠥᠨ ᠵᠶ᠋ᠡᠷ ᠬᠠᠮᠢᠶᠠᠷᠤᠭᠤᠯᠬᠤ ᠬᠡᠷᠡᠭᠲᠡᠢ᠃  ᠲᠤᠷᠰᠢᠯᠲᠠ ᠵᠢᠨ

ᠲᠠᠰᠤᠭ᠎ᠤᠨ ᠲᠠᠩᠰᠠ ᠡᠪᠬᠡᠮᠡᠯ᠎ᠢ ᠬᠠᠳᠠᠭ᠋ᠠᠯᠠᠬᠤ ᠥᠷᠲᠡᠭ᠎ᠢ ᠦᠨᠳᠦᠰᠦᠯᠡᠨ ᠬᠠᠳᠠᠭ᠋ᠠᠯᠠᠬᠤ ᠬᠤᠭᠤᠴᠠᠭ᠎ᠠ ᠵᠢ ᠲᠣᠭᠲᠠᠭ᠋ᠠᠨ᠎ᠠ᠂ ᠬᠠᠮᠤᠭ ᠪᠠᠭ᠎ᠠ᠎ᠳᠤ᠎ᠪᠠᠨ 5 ᠵᠢᠯ ᠪᠣᠯᠣᠨ᠎ᠠ᠃  ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠠᠮᠢᠲᠠᠨ᠎ᠤ ᠡᠪᠡᠳᠴᠢᠨ ᠡᠭᠦᠰᠬᠡᠬᠦ ᠮᠢᠺᠷᠣᠪ᠎ᠤᠨ ᠬᠠᠮᠢᠶ᠎ᠠ ᠪᠦᠬᠦᠢ ᠠᠵᠢᠯᠯᠠᠭ᠎ᠠ ᠵᠢᠨ ᠲᠠᠩᠰᠠ ᠡᠪᠬᠡᠮᠡᠯ᠎ᠢ ᠥᠨᠢᠳᠡ ᠬᠠᠳᠠᠭ᠋ᠠᠯᠠᠨ᠎ᠠ᠃

      ᠬᠣᠷᠢᠳᠤᠭ᠋ᠠᠷ ᠵᠦᠢ᠍ᠯ     ᠲᠤᠷᠰᠢᠯᠲᠠ ᠵᠢᠨ ᠲᠠᠰᠤᠭ᠎ᠤᠨ  ᠠᠵᠢᠯᠯᠠᠭ᠎ᠠ ᠵᠢᠨ ᠳᠣᠲᠣᠭ᠋ᠠᠳᠤ ᠭᠠᠳᠠᠭ᠋ᠠᠳᠤ ᠬᠠᠮᠢᠶᠠᠷᠤᠯᠲᠠ ᠵᠢ ᠴᠢᠩᠭ᠋ᠠᠳᠬᠠᠨ ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠤᠷᠰᠢᠯᠲᠠ ᠵᠢᠨ ᠲᠠᠰᠤᠭ᠎ᠤᠨ  ᠳᠣᠲᠣᠭ᠋ᠠᠳᠤ ᠶᠠᠰᠤ ᠴᠢᠨᠠᠷ᠎ᠤᠨ  ᠡᠵᠡᠮᠳᠡᠯ᠎ᠢ  ᠥᠷᠨᠢᠭᠦᠯᠵᠦ ᠂ ᠠᠢ᠌ᠮᠠᠭ ᠬᠤᠳᠠ ᠵᠢᠨ ᠱᠠᠲᠤ ᠵᠢᠴᠢ ᠲᠡᠭᠦᠨ᠎ᠠᠴᠠ ᠳᠡᠭᠡᠭᠰᠢᠬᠢ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠪᠤᠶᠤ ᠬᠢᠷᠢ ᠴᠢᠳᠠᠮᠵᠢ᠎ᠲᠠᠢ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠵᠣᠬᠢᠶᠠᠨ ᠪᠠᠢ᠌ᠭᠤᠯᠤᠭᠰᠠᠨ ᠭᠠᠳᠠᠭ᠋ᠠᠳᠤ ᠶᠠᠰᠤ ᠴᠢᠨᠠᠷ᠎ᠤᠨ  ᠡᠵᠡᠮᠳᠡᠯ᠎ᠳᠤ  ᠣᠷᠣᠯᠴᠠᠵᠤ ᠂ ᠪᠠᠢ᠌ᠴᠠᠭ᠋ᠠᠨ  ᠬᠡᠮᠵᠢᠭᠰᠡᠨ  ᠦᠷ᠎ᠡ  ᠳ᠋ᠦᠩ᠎ᠤᠨ  ᠣᠨᠣᠪᠴᠢᠲᠠᠶ ᠪᠠᠢ᠌ᠬᠤ ᠪᠠ ᠨᠠᠢ᠌ᠳᠠᠪᠤᠷᠢᠲᠠᠢ ᠪᠠᠢ᠌ᠬᠤ ᠵᠢ ᠪᠠᠲᠤᠯᠠᠬᠤ ᠬᠡᠷᠡᠭᠲᠡᠢ ᠃

      ᠬᠣᠷᠢᠨ ᠨᠢᠭᠡᠳᠦᠭᠡᠷ ᠵᠦᠢ᠍ᠯ     ᠲᠤᠷᠰᠢᠯᠲᠠ ᠵᠢᠨ  ᠠᠵᠢᠯᠯᠠᠭ᠎ᠠ ᠬᠢᠵᠦ ᠪᠠᠢ᠌ᠭ᠎ᠠ ᠪᠠᠺᠲ᠋ᠧᠷᠢ (ᠬᠣᠣᠷ) ᠵᠢᠨ  ᠦᠷ᠎ᠡ ᠪᠠ ᠦᠯᠢᠭᠡᠷ᠎ᠢ  ᠬᠠᠳᠠᠭ᠋ᠠᠯᠠᠬᠤ ᠬᠠᠮᠢᠶᠠᠷᠤᠯᠲᠠ ᠵᠢ 《ᠡᠪᠡᠳᠴᠢᠨ ᠡᠭᠦᠰᠬᠡᠭᠴᠢ ᠮᠢᠺᠷᠣᠪ᠎ᠤᠨ  ᠲᠤᠷᠰᠢᠯᠲᠠ ᠵᠢᠨ  ᠲᠠᠰᠤᠭ᠎ᠤᠨ  ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢᠨ  ᠳᠦᠷᠢᠮ》 ᠂ 《ᠠᠮᠢᠲᠠᠨ᠎ᠤ  ᠡᠪᠡᠳᠴᠢᠨ ᠡᠭᠦᠰᠬᠡᠭᠴᠢ ᠮᠢᠺᠷᠣᠪ ᠪᠠᠺᠲ᠋ᠧᠷᠢ (ᠬᠣᠣᠷ) ᠵᠢᠨ  ᠦᠷ᠎ᠡ ᠵᠢ  ᠬᠠᠳᠠᠭ᠋ᠠᠯᠠᠬᠤ ᠬᠠᠮᠢᠶᠠᠷᠤᠯᠲᠠ ᠵᠢᠨ  ᠠᠷᠭ᠎ᠠ》 ᠵᠢᠨ  ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ ᠃

      ᠬᠣᠷᠢᠨ ᠬᠣᠶᠠᠳᠤᠭ᠋ᠠᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢ ᠴᠢᠩᠭ᠋ᠠᠳᠬᠠᠵᠤ ᠂ ᠨᠣᠴᠣᠮᠠᠲᠠᠭ᠋ᠠᠢ ᠳᠡᠯᠪᠡᠷᠡᠮᠡᠲᠡᠭᠡᠢ ᠪᠣᠳᠠᠰ ᠎ᠤᠨ   ᠬᠠᠳᠠᠭ᠋ᠠᠯᠠᠯᠳᠠ ᠬᠠᠮᠢᠶᠠᠷᠤᠯᠳᠠ ᠵᠢ ᠴᠢᠩᠭ᠋ᠠᠳᠬᠠᠵᠤ ᠂ ᠪᠠᠴᠢᠮ ᠪᠠᠢ᠌ᠳᠠᠯ᠎ᠢ  ᠠᠷᠭ᠋ᠠᠴᠠᠭ᠋ᠠᠬᠤ  ᠭᠡᠷᠡᠯᠲᠦᠭᠦᠯᠭᠡ ᠵᠢᠨ ᠲᠥᠬᠦᠭᠡᠷᠦᠮᠵᠢ ᠪᠠ ᠵᠣᠬᠢᠬᠤ ᠲᠣᠭ᠎ᠠ ᠬᠡᠮᠵᠢᠶᠡᠨ᠎ᠤ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠲᠣᠬᠢᠷᠠᠭᠤᠯᠵᠤ ᠂ ᠪᠠᠴᠢᠮ ᠪᠠᠢ᠌ᠳᠠᠯ᠎ᠢ  ᠠᠷᠭ᠋ᠠᠴᠠᠭ᠋ᠠᠬᠤ  ᠭᠠᠷᠬᠤ ᠡᠭᠦᠳᠡ ᠪᠠ ᠭᠠᠯ   ᠰᠡᠷᠭᠡᠢ᠌ᠯᠡᠨ ᠤᠨᠳᠠᠷᠠᠭ᠋ᠠᠬᠤ  ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ ᠂ ᠪᠠᠴᠢᠮ ᠪᠠᠢ᠌ᠳᠠᠯ᠎ᠢ  ᠠᠷᠭ᠋ᠠᠴᠠᠭ᠋ᠠᠬᠤ  ᠪᠠ ᠭᠠᠯ ᠤᠨᠲᠠᠷᠠᠭ᠋ᠠᠬᠤ ᠮᠡᠳᠡᠯᠭᠡ ᠵᠢᠨ ᠪᠣᠯᠪᠠᠰᠤᠷᠠᠭᠤᠯᠤᠯ ᠪᠠ ᠬᠢᠨᠠᠯᠲᠠ ᠪᠠᠢ᠌ᠴᠠᠭ᠋ᠠᠯᠲᠠ ᠵᠢ ᠥᠷᠨᠢᠭᠦᠯᠵᠦ ᠂  ᠲᠦᠭᠰᠢᠭᠦᠷᠢ ᠵᠢᠨ ᠲᠠᠯᠳᠠ ᠭᠡᠮ᠎ᠢ ᠴᠠᠭ ᠲᠤᠬᠠᠢ᠎ᠳᠤ ᠎ᠨᠢ ᠢᠯᠡᠷᠡᠭᠦᠯᠦᠨ  ᠠᠷᠢᠯᠭ᠋ᠠᠬᠤ ᠬᠡᠷᠡᠭᠲᠡᠢ ᠃  ᠬᠣᠣᠷᠲᠠᠢ ᠬᠥᠨᠥᠭᠡᠯ᠎ᠲᠠᠢ ᠬᠢᠮᠢ ᠵᠢᠨ  ᠪᠤᠳᠠᠰ᠎ᠢ ᠬᠠᠮᠢᠶᠠᠷᠬᠤ᠎ᠳᠤ᠎ᠪᠠᠨ  ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠢ᠌ᠴᠡᠭᠦᠯᠬᠦ ᠬᠡᠷᠡᠭᠲᠡᠢ ᠪᠥᠭᠡᠳ   ᠬᠠᠷᠠᠭ᠋ᠠᠯᠵᠠᠬᠰᠠᠨ  ᠬᠠᠳᠠᠭ᠋ᠠᠯᠠᠨ ᠬᠠᠮᠢᠶᠠᠷᠬᠤ ᠳᠦᠷᠢᠮ᠎ᠢ ᠲᠣᠭᠲᠠᠭ᠋ᠠᠵᠤ ᠂ ᠬᠣᠶᠠᠷ ᠬᠥᠮᠥᠨ ᠬᠣᠶᠠᠷ ᠣᠨᠢᠰᠤ᠎ᠪᠠᠷ ᠬᠠᠳᠠᠭ᠋ᠠᠯᠠᠨ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠢ ᠃

      ᠳᠥᠷᠪᠡᠳᠦᠭᠡᠷ ᠪᠦᠯᠦᠭ     ᠬᠢᠨᠠᠯᠲᠠ ᠬᠠᠮᠢᠶᠠᠷᠤᠯᠲᠠ

      ᠬᠣᠷᠢᠨ ᠭᠤᠷᠪᠠᠳᠤᠭ᠋ᠠᠷ ᠵᠦᠢ᠍ᠯ     ᠬᠠᠷᠢᠶ᠎ᠠ ᠣᠷᠣᠨ᠎ᠤ ᠬᠠᠮᠢᠶᠠᠷᠤᠯᠲᠠ ᠵᠢᠨ ᠵᠠᠷᠴᠢᠮ ᠶᠣᠰᠣᠭ᠋ᠠᠷ᠂ ᠮᠠᠯ ᠡᠮᠨᠡᠯᠭᠡ ᠵᠢᠨ  ᠭᠤᠤᠯᠴᠢᠯᠠᠨ  ᠬᠠᠮᠢᠶᠠᠷᠬᠤ ᠰᠠᠯᠠᠭ᠎ᠠ ᠮᠥᠴᠢᠷ ᠎ᠨᠢ  ᠰᠠᠯᠠᠭ᠎ᠠ ᠮᠥᠴᠢᠷ᠎ᠤᠨ  ᠬᠢᠨᠠᠯᠲᠠ ᠬᠠᠮᠢᠶᠠᠷᠤᠯᠲᠠ ᠵᠢᠨ  ᠬᠠᠷᠢᠭᠤᠴᠠᠯᠭ᠎ᠠ᠎ᠪᠠᠨ  ᠦᠨᠡᠨ ᠬᠦ᠌  ᠭᠦᠢ᠍ᠴᠡᠳᠬᠡᠵᠦ᠂ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ   ᠬᠢᠨᠠᠯᠳᠠ ᠪᠠᠢ᠌ᠴᠠᠭ᠋ᠠᠯᠳᠠ  ᠥᠷᠨᠢᠭᠦᠯᠵᠦ᠂ ᠬᠠᠷᠢᠶᠠᠲᠤ ᠣᠷᠣᠨ ᠎ᠳᠠᠬᠢ ᠲᠤᠷᠰᠢᠯᠲᠠ ᠵᠢᠨ ᠲᠠᠰᠤᠭ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠵᠢᠴᠢ ᠬᠠᠤᠯᠢ ᠲᠣᠭᠲᠠᠭ᠋ᠠᠯ ᠶᠣᠰᠣᠭ᠋ᠠᠷ ᠲᠤᠷᠰᠢᠯᠲᠠ ᠵᠢᠨ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠢ᠌ᠳᠠᠯ᠎ᠢ ᠭᠣᠣᠯᠳᠠᠯᠭ᠎ᠠ᠎ᠲᠠᠢ ᠪᠠᠢ᠌ᠴᠠᠭ᠋ᠠᠵᠤ᠂ ᠲᠣᠭᠲᠠᠭ᠋ᠠᠯ ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠢ᠎ᠳᠤ ᠎ᠨᠢ  ᠵᠠᠯᠠᠷᠠᠭᠤᠯᠵᠤ᠂ ᠶᠠᠰᠤ ᠴᠢᠨᠠᠷ᠎ᠤᠨ ᠠᠰᠠᠭᠤᠳᠠᠯ ᠪᠤᠶᠤ ᠠᠮᠢᠳᠤ ᠪᠣᠳᠠᠰ᠎ᠤᠨ ᠠᠮᠤᠷ ᠲᠦᠪᠰᠢᠨ᠎ᠤ ᠳᠠᠯᠳᠠ ᠬᠡᠮ ᠣᠷᠣᠰᠢᠵᠤ ᠪᠠᠢ᠌ᠬᠤ ᠵᠢ ᠣᠯᠵᠤ ᠮᠡᠳᠡᠪᠡᠯ᠂ ᠲᠡᠭᠦᠨ᠎ᠤ ᠪᠣᠶ ᠪᠦᠬᠦᠢ ᠪᠠᠢ᠌ᠴᠠᠭ᠋ᠠᠨ  ᠬᠡᠮᠵᠢᠬᠦ  ᠠᠵᠢᠯᠯᠠᠭ᠎ᠠ ᠵᠢ ᠲᠦᠷ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠥᠭᠡᠷᠡᠴᠢᠯᠡᠵᠦ ᠪᠠᠷᠢᠮᠵᠢᠶ᠎ᠠ᠎ᠳᠤ ᠬᠦᠷᠦᠭᠦᠯᠦᠭᠰᠡᠨ᠎ᠤ ᠳᠠᠷᠠᠭ᠎ᠠ ᠰᠠᠶᠢ ᠲᠤᠷᠰᠢᠯᠲᠠ ᠵᠢᠨ ᠠᠵᠢᠯᠯᠠᠭ᠎ᠠ ᠵᠢ ᠳᠠᠬᠢᠨᠲᠠ ᠥᠷᠨᠢᠭᠦᠯᠵᠦ ᠪᠣᠯᠣᠨ᠎ᠠ᠃

      ᠬᠣᠷᠢᠨ ᠳᠥᠷᠪᠡᠳᠦᠭᠡᠷ ᠵᠦᠢ᠍ᠯ     ᠥᠪᠡᠷᠲᠡᠭᠡᠨ ᠵᠠᠰᠠᠬᠤ ᠣᠷᠣᠨ᠎ᠤ  ᠮᠠᠯ ᠡᠮᠨᠡᠯᠭᠡ ᠵᠢᠨ   ᠭᠤᠤᠯᠯᠠᠨ  ᠬᠠᠮᠢᠶᠠᠷᠬᠤ ᠰᠠᠯᠠᠭ᠎ᠠ ᠮᠥᠴᠢᠷ᠎ᠨᠢ ᠪᠦᠬᠦ ᠣᠷᠣᠨ᠎ᠤ  ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠬᠠᠮᠢᠶᠠᠷᠤᠯᠲᠠ ᠵᠢᠨ ᠠᠵᠢᠯ᠎ᠢ  ᠬᠠᠷᠢᠭᠤᠴᠠᠨ᠎ᠠ ᠂  ᠭᠣᠣᠯᠳᠠᠭᠣ  ᠳᠡᠭᠡᠳᠦ ᠲᠡᠰ᠎ᠤᠨ  ᠡᠪᠡᠳᠴᠢᠨ ᠡᠭᠦᠰᠬᠡᠭᠴᠢ ᠮᠢᠺᠷᠣᠪ᠎ᠤᠨ  ᠲᠤᠷᠰᠢᠯᠲᠠ ᠵᠢᠨ ᠲᠠᠰᠤᠭ᠎ᠤᠨ  ᠬᠢᠨᠠᠯᠲᠠ ᠬᠠᠮᠢᠶᠠᠷᠤᠯᠲᠠ ᠪᠠᠢ᠌ᠵᠤ ᠂ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢᠨ ᠬᠠᠷᠢᠭᠤᠴᠠᠯᠭ᠎ᠠ ᠵᠢᠴᠢ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠬᠠᠷᠢᠭᠤᠴᠠᠯᠭ᠋ᠠᠲᠠᠨ᠎ᠤ  ᠠᠮᠢᠳᠤ ᠪᠣᠳᠠᠰ᠎ᠤᠨ  ᠠᠮᠤᠷ ᠲᠦᠪᠰᠢᠨ᠎ᠤ  ᠨᠢᠭᠡᠳᠦᠭᠡᠷ ᠬᠠᠷᠢᠭᠤᠴᠠᠯᠭ᠎ᠠ ᠵᠢ ᠬᠢᠨᠠᠯᠲᠠ ᠲᠠᠯᠪᠢᠨ ᠨᠠᠢ᠌ᠳᠠᠪᠤᠷᠢᠵᠢᠭᠤᠯᠤᠨ᠎ᠠ ᠂ ᠭᠣᠣᠯᠳᠠᠯᠭ᠎ᠠ᠎ᠨᠢ ᠳᠣᠣᠷᠠᠬᠢ ᠮᠡᠲᠦ ᠄

      (  ᠨᠢᠭᠡ ) ᠲᠤᠷᠰᠢᠯᠲᠠ ᠵᠢᠨ ᠠᠵᠢᠯᠯᠠᠭ᠎ᠠ ᠵᠢ ᠵᠥᠪᠰᠢᠶᠡᠷᠡᠭᠰᠡᠨ ᠪᠠ ᠲᠡᠭᠦᠨ᠎ᠢ ᠭᠦᠢ᠍ᠴᠡᠳᠬᠡᠭᠰᠡᠨ ᠪᠠᠢ᠌ᠳᠠᠯ ;

      (  ᠬᠣᠶᠠᠷ ) ᠪᠠᠺᠲ᠋ᠧᠷᠢ (ᠸᠢᠷᠦ᠋ᠰ) ᠪᠠ ᠡᠪᠡᠳᠴᠢᠨ᠎ᠤ ᠮᠠᠲ᠋ᠧᠷᠢᠶᠠᠯ (ᠦᠯᠢᠭᠡᠷ ᠡᠳ᠋)᠎ᠤᠨ ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢᠨ ᠪᠠᠢ᠌ᠳᠠᠯ ;

      (  ᠭᠤᠷᠪᠠ ) ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ  ᠠᠮᠤᠷ ᠲᠦᠪᠰᠢᠨ᠎ᠤ  ᠬᠠᠮᠢᠶᠠᠷᠤᠯᠲᠠ ᠂ ᠠᠮᠤᠷ ᠲᠦᠪᠰᠢᠨ᠎ᠤ  ᠰᠡᠷᠭᠡᠢ᠌ᠯᠡᠯᠲᠡ ᠂ ᠬᠠᠯᠳᠠᠪᠤᠷᠢᠯᠠᠯ᠎ᠢ ᠬᠢᠵᠠᠭ᠋ᠠᠷᠯᠠᠬᠤ ᠪᠠ ᠠᠮᠢᠳᠤ ᠪᠣᠳᠠᠰ᠎ᠤᠨ ᠠᠮᠤᠷ ᠲᠦᠪᠰᠢᠨ᠎ᠤ  ᠡ᠊ᠨᠳᠡᠯ᠎ᠤᠨ ᠪᠠᠴᠢᠮ ᠪᠠᠢ᠌ᠳᠠᠯ᠎ᠢ  ᠠᠷᠭ᠋ᠠᠴᠠᠭ᠋ᠠᠬᠤ ᠪᠡᠯᠡᠳᠭᠡᠯ  ᠲᠥᠰᠥᠯ ᠵᠡᠷᠭᠡ ᠳᠦᠷᠢᠮ᠎ᠢ ᠲᠣᠭᠲᠠᠭ᠋ᠠᠭᠰᠠᠨ ᠪᠠ ᠬᠡᠷᠡᠭᠵᠢᠭᠦᠯᠦᠭᠰᠡᠨ

ᠪᠠᠢ᠌ᠳᠠᠯ;

      (  ᠳᠥᠷᠪᠡ ) ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠲᠥᠬᠦᠭᠡᠷᠦᠮᠵᠢ ᠵᠢ ᠬᠠᠮᠠᠭ᠋ᠠᠯᠠᠨ ᠠᠷᠠᠴᠢᠯᠠᠭᠰᠠᠨ ᠂ ᠬᠥᠮᠥᠨ᠎ᠢ ᠰᠡᠷᠭᠡᠢ᠌ᠯᠡᠨ ᠬᠠᠮᠠᠭ᠋ᠠᠯᠠᠭᠰᠠᠨ ᠂ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠭᠰᠡᠨ ᠵᠡᠷᠭᠡ ᠪᠠᠢ᠌ᠳᠠᠯ ;

      (  ᠲᠠᠪᠤ ) ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠠᠮᠢᠳᠤ ᠪᠣᠳᠠᠰ᠎ᠤᠨ   ᠠᠮᠤᠷ ᠲᠦᠪᠰᠢᠨ᠎ᠤ  ᠭᠠᠷ ᠳᠡᠪᠲᠡᠷ ᠂ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠪᠠᠷᠢᠮᠵᠢᠶᠠᠲᠤ ᠠᠵᠢᠯᠯᠠᠬᠤ ᠳᠦᠷᠢᠮ᠎ᠤᠨ ᠬᠠᠮᠢᠶᠠᠷᠤᠯᠲᠠ ᠵᠡᠷᠭᠡ ᠳᠦᠷᠢᠮ᠎ᠢ ᠪᠣᠳᠠᠲᠠᠢ ᠬᠡᠷᠡᠭᠵᠢᠭᠦᠯᠦᠭᠰᠡᠨ ᠪᠠᠢ᠌ᠳᠠᠯ ;

      (  ᠵᠢᠷᠭᠤᠭ᠎ᠠ ) ᠲᠤᠷᠰᠢᠯᠲᠠ ᠵᠢᠨ ᠠᠵᠢᠯᠯᠠᠭ᠎ᠠ ᠵᠢᠨ ᠪᠠᠢ᠌ᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠮᠠᠯ ᠡᠮᠨᠡᠯᠭᠡ ᠵᠢᠨ   ᠭᠤᠤᠯᠯᠠᠨ  ᠬᠠᠮᠢᠶᠠᠷᠬᠤ ᠰᠠᠯᠠᠭ᠎ᠠ ᠮᠥᠴᠢᠷ᠎ᠲᠤ ᠤᠯᠠᠷᠢᠯ ᠪᠦᠷᠢ ᠮᠡᠳᠡᠭᠦᠯᠦᠨ ᠬᠦᠷᠭᠡᠨ᠎ᠡ ᠃

      ᠬᠣᠷᠢᠨ ᠲᠠᠪᠤᠳᠤᠭ᠋ᠠᠷ ᠵᠦᠢ᠍ᠯ     ᠠᠢ᠌ᠮᠠᠭ  ᠬᠤᠳᠠ ᠵᠢᠨ ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠬᠠᠷᠢᠶ᠎ᠠ ᠣᠷᠣᠨ᠎ᠤ᠎ᠪᠠᠨ ᠳᠣᠲᠣᠷᠠᠬᠢ ᠬᠣᠰᠢᠭᠤ ᠰᠢᠶᠠᠨ᠎ᠤ ᠠᠮᠢᠳᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ ᠂ ᠳᠡᠭᠡᠳᠦ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠂ ᠪᠣᠭᠣᠮᠲᠠ ᠵᠡᠷᠭᠡ ᠰᠠᠯᠠᠭ᠎ᠠ ᠮᠥᠴᠢᠷ ᠂ ᠮᠠᠯ᠎ᠤᠨ ᠡᠮ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠲᠤᠷᠰᠢᠯᠲᠠ ᠵᠢᠨ ᠲᠠᠰᠤᠭ ᠵᠢᠴᠢ ᠭᠤᠷᠪᠠᠳᠠᠭᠢ ᠡᠲᠡᠭᠡᠳ᠎ᠤᠨ ᠪᠠᠢ᠌ᠴᠠᠭ᠋ᠠᠨ  ᠬᠡᠮᠵᠢᠬᠦ  ᠪᠠᠢ᠌ᠭᠤᠯᠤᠮᠵᠢ ᠵᠢᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠂ ᠳᠠᠩᠰᠠᠯᠠᠭᠤᠯᠬᠤ ᠳᠦᠷᠢᠮ᠎ᠢ  ᠬᠡᠷᠡᠭᠵᠢᠭᠦᠯᠬᠦ ᠬᠡᠷᠡᠭᠲᠡᠢ᠃  ᠬᠣᠰᠢᠭᠤ ᠰᠢᠶᠠᠨ᠎ᠤ ᠮᠠᠯ ᠡᠮᠨᠡᠯᠭᠡ ᠵᠢᠨ ᠰᠠᠯᠠᠭ᠎ᠠ ᠮᠥᠴᠢᠷ᠎ᠨᠢ ᠬᠠᠷᠢᠶ᠎ᠠ ᠣᠷᠣᠨ᠎ᠤ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠶ᠂   ᠨᠢᠳᠤᠯᠤᠯᠳᠠ ᠵᠢᠨ ᠲᠠᠯᠠᠪᠠᠶ ᠪᠣᠯᠣᠨ ᠡᠪᠡᠳᠴᠢᠨ ᠵᠶ᠋ᠡᠷ ᠦᠬᠦᠭᠰᠡᠨ ᠮᠠᠯ ᠵᠢᠭᠦᠷᠲᠡᠨ᠎ᠢ ᠬᠣᠣᠷ  ᠦᠭᠡᠢ᠌ᠵᠢᠭᠦᠯᠦᠨ  ᠰᠢᠢ᠍ᠳᠪᠦᠷᠢᠯᠡᠬᠦ ᠦᠢ᠍ᠯᠡᠳᠪᠦᠷᠢ ᠵᠡᠷᠭᠡ ᠥᠪᠡᠰᠦᠪᠡᠨ ᠪᠠᠢ᠌ᠭᠤᠯᠤᠭᠰᠠᠨ ᠥᠪᠡᠰᠦᠪᠡᠨ ᠪᠠᠢ᠌ᠴᠠᠭ᠋ᠠᠬᠤ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃

      ᠬᠣᠷᠢᠨ ᠵᠢᠷᠭᠤᠳᠤᠭ᠋ᠠᠷ ᠵᠦᠢ᠍ᠯ     ᠮᠠᠯ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠵᠤ ᠪᠠᠢ᠌ᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ  ᠦᠶ᠎ᠡ᠎ᠳᠤ  ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠵᠢ ᠠᠪᠬᠤ ᠡᠷᠬᠡ᠎ᠲᠠᠢ ᠄

      (  ᠨᠢᠭᠡ ) ᠥᠷᠨᠢᠭᠦᠯᠦᠭᠰᠡᠨ ᠠᠮᠢᠲᠠᠨ᠎ᠤ ᠬᠢᠵᠢᠭ ᠡᠪᠡᠳᠴᠢᠨ᠎ᠢ ᠪᠠᠢ᠌ᠴᠠᠭ᠋ᠠᠨ  ᠬᠡᠮᠵᠢᠬᠦ ᠠᠵᠢᠯᠯᠠᠭ᠎ᠠ ᠵᠢ ᠲᠤᠬᠠᠢ ᠵᠢᠨ ᠭᠠᠵᠠᠷ᠎ᠲᠤ ᠎ᠨᠢ ᠪᠠᠢ᠌ᠴᠠᠭ᠋ᠠᠬᠤ᠂ ᠪᠠᠢ᠌ᠳᠠᠯ᠎ᠢ  ᠤᠢ᠌ᠯᠠᠭ᠋ᠠᠬᠤ᠂ ᠪᠠᠢ᠌ᠴᠠᠭ᠋ᠠᠵᠤ ᠭᠡᠷᠡᠴᠢ ᠠᠪᠬᠤ ;

      (  ᠬᠣᠶᠠᠷ ) ᠠᠮᠢᠲᠠᠨ᠎ᠤ ᠬᠢᠵᠢᠭ ᠡᠪᠡᠳᠴᠢᠨ᠎ᠢ ᠪᠠᠢ᠌ᠴᠠᠭ᠋ᠠᠨ  ᠬᠡᠮᠵᠢᠬᠦ  ᠠᠵᠢᠯᠯᠠᠭ᠎ᠠ ᠵᠢᠨ ᠶᠠᠰᠤ ᠴᠢᠨᠠᠷ ᠪᠠ ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠢᠶᠠᠷᠤᠯᠲᠠ ᠵᠢᠨ ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠤᠶᠤ  ᠬᠠᠭᠤᠯᠪᠤᠷᠢᠯᠠᠬᠤ᠂ ᠦᠯᠢᠭᠡᠷ ᠡᠳ᠋᠎ᠢ  ᠴᠤᠭᠯᠠᠭᠤᠯᠬᠤ᠂ ᠪᠢᠲᠡᠭᠦᠮᠵᠢᠯᠡᠨ ᠬᠠᠳᠠᠭ᠋ᠠᠯᠠᠬᠤ ;

      (ᠭᠤᠷᠪᠠ) ᠡᠪᠡᠳᠴᠢᠨ ᠡᠭᠦᠰᠬᠡᠭᠴᠢ ᠮᠢᠺᠷᠣᠪ ᠪᠠᠺᠲ᠋ᠧᠷᠢ (ᠬᠣᠣᠷ) ᠵᠢᠨ ᠦᠷ᠎ᠡ᠂ ᠥᠯᠢᠭᠡᠷ ᠡᠳ᠋᠎ᠢ ᠴᠤᠭᠯᠠᠭᠤᠯᠬᠤ᠂  ᠵᠦᠭᠡᠭᠡᠪᠦᠷᠢᠯᠡᠬᠦ ᠂ ᠬᠠᠳᠠᠭ᠋ᠠᠯᠠᠬᠤ᠎ᠳᠤ ᠬᠢᠨᠠᠯᠲᠠ ᠲᠠᠯᠪᠢᠵᠤ  ᠪᠠᠢ᠌ᠴᠠᠭ᠋ᠠᠬᠤ ᠃

      ᠬᠣᠷᠢᠨ ᠳᠣᠯᠣᠳᠤᠭ᠋ᠠᠷ  ᠵᠦᠢ᠍ᠯ     ᠭᠤᠷᠪᠠᠳᠡᠬᠢ  ᠡᠲᠡᠭᠡᠳ᠎ᠤᠨ ᠪᠠᠢ᠌ᠴᠠᠭ᠋ᠠᠨ  ᠬᠡᠮᠵᠢᠬᠦ ᠪᠠᠢ᠌ᠭᠤᠯᠤᠮᠵᠢ ᠵᠢᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠨᠢ ᠲᠤᠷᠰᠢᠯᠲᠠ ᠵᠢᠨ ᠠᠵᠢᠯᠯᠠᠭ᠎ᠠ ᠪᠠ ᠪᠠᠢ᠌ᠴᠠᠭ᠋ᠠᠨ  ᠬᠡᠮᠵᠢᠭᠰᠡᠨ  ᠮᠡᠳᠡᠭᠦᠯᠦᠯᠲᠡ ᠵᠢᠨ ᠭᠠᠷᠭ᠋ᠠᠭᠰᠠᠨ ᠪᠠᠢ᠌ᠳᠠᠯ ᠵᠶ᠋ᠠᠨ ᠰᠠᠷ᠎ᠠ ᠪᠦᠷᠢ ᠠᠢ᠌ᠮᠠᠭ ᠬᠤᠳᠠ ᠵᠢᠨ ᠮᠠᠯ ᠡᠮᠨᠡᠯᠭᠡ ᠵᠢᠨ   ᠭᠤᠤᠯᠯᠠᠨ  ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠂ ᠴᠠᠭ ᠲᠤᠬᠠᠢ᠎ᠳᠤ ᠎ᠨᠢ  ᠮᠡᠳᠡᠭᠦᠯᠦᠭᠰᠡᠨ ᠦᠭᠡᠢ ᠪᠠᠢ᠌ᠪᠠᠯ ᠂ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠭᠤᠯᠤᠨ᠎ᠠ ᠃

      ᠬᠣᠷᠢᠨ ᠨᠠᠢ᠍ᠮᠠᠳᠤᠭ᠋ᠠᠷ ᠵᠦᠢ᠍ᠯ     ᠣᠨᠣᠰᠢᠯᠠᠬᠤ ᠂ ᠬᠢᠨᠠᠨ ᠬᠡᠮᠵᠢᠬᠦ ᠂ ᠰᠢᠯᠭ᠋ᠠᠨ ᠬᠡᠮᠵᠢᠬᠦ ᠶᠠᠪᠤᠴᠠ᠎ᠳᠤ ᠂ ᠠᠮᠢᠲᠠᠨ᠎ᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ᠎ᠲᠠᠢ ᠪᠠᠢ᠌ᠬᠤ ᠵᠢ ᠣᠯᠵᠤ ᠮᠡᠳᠡᠪᠡᠯ ᠂ ᠪᠠᠢ᠌ᠭ᠎ᠠ ᠭᠠᠵᠠᠷ᠎ᠤᠨ ᠵᠶ᠋ᠠᠨ ᠮᠠᠯ ᠡᠮᠨᠡᠯᠭᠡ ᠵᠢᠨ   ᠭᠤᠤᠯᠯᠠᠨ  ᠬᠠᠮᠢᠶᠠᠷᠬᠤ ᠰᠠᠯᠠᠭ᠎ᠠ ᠮᠥᠴᠢᠷ ᠪᠤᠶᠤ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ᠎ᠳᠤ ᠲᠡᠷᠡ ᠳᠠᠷᠤᠢ᠎ᠳᠤ ᠎ᠨᠢ  ᠮᠡᠳᠡᠭᠦᠯᠬᠦ ᠬᠡᠷᠡᠭᠲᠡᠢ ᠂ ᠡᠷᠬᠡ ᠣᠯᠭᠣᠭᠰᠠᠨ ᠦᠭᠡᠢ ᠪᠣᠯ ᠠᠮᠢᠲᠠᠨ᠎ᠤ ᠬᠢᠵᠢᠭ᠎ᠤᠨ ᠪᠠᠢ᠌ᠳᠠᠯ᠎ᠢ ᠨᠡᠢ᠌ᠲᠡᠯᠡᠵᠦ ᠪᠣᠯᠬᠤ ᠦᠭᠡᠢ ᠃  ᠳᠡᠪᠰᠢᠭᠦᠯᠦᠭᠰᠡᠨ ᠡᠷᠳᠡᠮ ᠰᠢᠨᠵᠢᠯᠡᠭᠡᠨ᠎ᠤ ᠮᠡᠳᠡᠭᠦᠯᠦᠯᠲᠡ᠂ ᠨᠡᠢ᠌ᠲᠡᠯᠡᠭᠰᠡᠨ ᠬᠠᠮᠢᠶ᠎ᠠ ᠪᠦᠬᠦᠢ ᠵᠣᠬᠢᠶᠠᠯ ᠵᠢᠴᠢ ᠭᠠᠳᠠᠭ᠋ᠠᠳᠤ᠎ᠳᠤ ᠬᠠᠩᠭ᠋ᠠᠭᠰᠠᠨ ᠲᠤᠷᠰᠢᠯᠲᠠ ᠵᠢᠨ ᠲᠠᠰᠤᠭ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠳᠠᠬᠢ ᠠᠮᠢᠲᠠᠨ᠎ᠤ ᠬᠢᠵᠢᠭ᠎ᠤᠨ ᠪᠠᠢ᠌ᠳᠠᠯ ᠪᠤᠶᠤ ᠬᠢᠨᠠᠨ ᠬᠡᠮᠵᠢᠯᠲᠡ ᠵᠢᠨ ᠠᠷᠭ᠎ᠠ ᠴᠢᠨᠠᠷ ᠵᠡᠷᠭᠡ᠎ᠳᠤ ᠬᠣᠯᠪᠣᠭᠳᠠᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃

ᠬᠣᠷᠢ ᠶᠢᠰᠦᠳᠦᠭᠡᠷ ᠵᠦᠢ᠍ᠯ     ᠬᠤᠳᠠᠯ ᠬᠠᠭᠤᠷᠮᠠᠭ ᠪᠠᠢ᠌ᠴᠠᠭ᠋ᠠᠨ  ᠬᠡᠮᠵᠢᠭᠰᠡᠨ  ᠮᠡᠳᠡᠭᠦᠯᠦᠯᠲᠡ ᠬᠢᠵᠦ ᠥᠭᠭᠦᠭᠰᠡᠨ ᠂   ᠵᠦᠪᠰᠢᠶᠡᠷᠡᠯ ᠦᠭᠡᠢ᠎ᠪᠠᠷ  ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠠᠮᠢᠳᠠᠨ᠎ᠤ  ᠡᠪᠡᠳᠴᠢᠨ ᠡᠭᠦᠰᠬᠡᠬᠦ ᠮᠢᠺᠷᠣᠪ᠎ᠤᠨ  ᠲᠤᠷᠰᠢᠯᠲᠠ ᠵᠢᠨ  ᠠᠵᠢᠯᠯᠠᠭ᠎ᠠ ᠥᠷᠨᠢᠭᠦᠯᠦᠭᠰᠡᠨ ᠂ ᠠᠮᠢᠳᠠᠨ᠎ᠤ  ᠬᠦᠨᠳᠦ ᠶᠡᠬᠡ ᠬᠢᠵᠢᠭ ᠡᠪᠡᠳᠴᠢᠨ᠎ᠤ  ᠮᠠᠲ᠋ᠧᠷᠢᠶᠠᠯ᠎ᠢ  ᠳᠤᠷ᠎ᠠ᠎ᠪᠠᠷ ᠵᠶ᠋ᠠᠨ  ᠴᠤᠭᠯᠠᠭᠤᠯᠤᠭᠰᠠᠨ ᠂ ᠬᠡᠪᠴᠢᠶ᠎ᠡ᠎ᠠᠴᠠ ᠬᠡᠲᠦᠷᠡᠭᠦᠯᠦᠨ ᠪᠠᠢ᠌ᠴᠠᠭ᠋ᠠᠨ  ᠬᠡᠮᠵᠢᠭᠰᠡᠨ  ᠵᠡᠷᠭᠡ ᠦᠢ᠍ᠯᠡ ᠠᠵᠢᠯᠯᠠᠭ᠎ᠠ᠎ᠳᠤ  ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠠᠷᠢᠭᠤᠴᠠᠯᠭ᠎ᠠ  ᠨᠡᠬᠡᠮᠵᠢᠯᠡᠨ᠎ᠡ᠃

      ᠲᠠᠪᠤᠳᠤᠭ᠋ᠠᠷ ᠪᠦᠯᠦᠭ     ᠪᠠᠲᠤᠯᠠᠭ᠎ᠠ ᠵᠢᠨ ᠠᠷᠭ᠎ᠠ ᠬᠡᠮᠵᠢᠶ᠎ᠡ

      ᠭᠤᠴᠢᠳᠤᠭ᠋ᠠᠷ ᠵᠦᠢ᠍ᠯ     ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ ᠂ ᠠᠮᠢᠳᠤ ᠪᠣᠳᠠᠰ᠎ᠤᠨ ᠠᠮᠤᠷ ᠲᠦᠪᠰᠢᠨ᠎ᠤ ᠤᠬᠠᠮᠰᠠᠷ ᠵᠶ᠋ᠠᠨ ᠴᠢᠩᠭ᠋ᠠᠳᠬᠠᠵᠤ ᠂ ᠨᠢᠭᠡᠳᠦᠯᠲᠡᠢ ᠲᠥᠯᠥᠪᠯᠡᠨ ᠨᠡᠢ᠍ᠢ᠍ᠳᠡ᠎ᠳᠤ ᠎ᠨᠢ  ᠬᠠᠷᠠᠭ᠋ᠠᠯᠵᠠᠵᠤ ᠂ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠪᠠ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ ᠂ ᠲᠤᠷᠰᠢᠯᠲᠠ ᠵᠢᠨ ᠠᠵᠢᠯᠲᠠᠨ᠎ᠤ ᠡᠩᠨᠡᠭᠡ ᠪᠠ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠪᠦᠷᠢᠨᠰᠢᠭᠦᠯᠵᠦ ᠂ ᠲᠤᠷᠰᠢᠯᠲᠠ ᠵᠢᠨ ᠲᠠᠰᠤᠭ᠎ᠤᠨ ᠥᠨᠳᠥᠷ ᠪᠦᠲᠦᠮᠵᠢᠲᠡᠢ ᠠᠵᠢᠯᠯᠠᠬᠤ ᠵᠢ  ᠪᠠᠲᠤᠯᠠᠬᠤ ᠬᠡᠷᠡᠭᠲᠡᠢ᠃

      ᠭᠤᠴᠢᠨ ᠨᠢᠭᠡᠳᠦᠭᠡᠷ ᠵᠦᠢ᠍ᠯ    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠬᠦ ᠠᠵᠢᠯᠲᠠᠨ᠎ᠤ ᠲᠦᠷ ᠴᠠᠭ᠎ᠤᠨ ᠴᠢᠨᠠᠷᠲᠠᠢ ᠠᠵᠢᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠲᠣᠭᠲᠠᠭ᠋ᠠᠬᠤ ᠲᠤᠬᠠᠢ ᠮᠡᠳᠡᠭᠳᠡᠯ》᠎ᠢ ᠦᠨᠳᠦᠰᠦᠯᠡᠨ᠂ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠪᠠᠢ᠌ᠭᠤᠯᠤᠭᠰᠠᠨ  ᠨᠢᠭᠡᠴᠢ ᠎ᠨᠢ ᠠᠮᠢᠲᠠᠨ᠎ᠤ ᠬᠢᠵᠢᠭ ᠡᠪᠡᠳᠴᠢᠨ᠎ᠢ ᠣᠨᠣᠰᠢᠯᠠᠬᠤ᠂ ᠬᠢᠨᠠᠨ ᠬᠡᠮᠵᠢᠬᠦ᠂ ᠪᠠᠢ᠌ᠴᠠᠭ᠋ᠠᠨ ᠬᠡᠮᠵᠢᠬᠦ ᠵᠡᠷᠭᠡ ᠬᠠᠮᠢᠶ᠎ᠠ ᠪᠦᠬᠦᠢ ᠠᠵᠢᠯ ᠵᠢᠴᠢ ᠠᠵᠢᠯᠯᠠᠭᠤᠯᠵᠤ ᠪᠠᠲᠤᠯᠠᠬᠤ ᠵᠠᠷᠤᠳᠠᠯ᠎ᠤᠨ ᠲᠠᠯ᠎ᠠ᠎ᠪᠠᠷ ᠴᠢᠬᠤᠯᠠ ᠪᠦᠬᠦᠢ ᠳᠡᠮᠵᠢᠯᠭᠡ ᠦᠵᠡᠭᠦᠯᠵᠦ᠂ ᠨᠥᠬᠥᠴᠡᠯ᠎ᠲᠠᠢ ᠭᠠᠵᠠᠷ ᠣᠷᠣᠨ᠎ᠨᠢ ᠲᠠᠷᠢᠶᠠᠯᠠᠩ᠎ᠤᠨ ᠬᠣᠣᠷ ᠬᠥᠨᠥᠭᠡᠯ᠎ᠲᠠᠢ ᠡᠷᠡᠭᠦᠯᠵᠢᠯ᠎ᠤᠨ ᠨᠡᠮᠡᠭᠦᠷᠢ ᠪᠠ ᠮᠠᠯ ᠠᠵᠤ ᠠᠬᠤᠢ ᠮᠠᠯ ᠡᠮᠨᠡᠯᠭᠡ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠨᠡᠮᠡᠭᠦᠷᠢ ᠣᠯᠭᠣᠬᠤ ᠵᠢ ᠨᠠᠢ᠌ᠳᠠᠪᠤᠷᠢᠵᠢᠭᠤᠯᠤᠨ᠂ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ᠎ᠤᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃

      ᠭᠤᠴᠢᠨ ᠬᠣᠶᠠᠳᠤᠭ᠋ᠠᠷ ᠵᠦᠢ᠍ᠯ     ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠪᠠ ᠲᠤᠷᠰᠢᠯᠲᠠ ᠵᠢᠨ ᠲᠠᠰᠤᠭ ᠪᠠᠢ᠌ᠭᠤᠯᠤᠭᠰᠠᠨ ᠨᠢᠭᠡᠴᠢ ᠵᠢᠯ ᠪᠦᠷᠢ ᠲᠤᠷᠰᠢᠯᠲᠠ ᠬᠢᠵᠦ ᠪᠠᠢ᠌ᠭ᠎ᠠ ᠬᠥᠮᠥᠰ᠎ᠲᠤ ᠪᠣᠯᠪᠠᠰᠤᠷᠠᠭᠤᠯᠤᠯ ᠬᠢᠵᠦ ᠂ ᠲᠤᠷᠰᠢᠯᠲᠠ ᠵᠢᠨ ᠲᠠᠰᠤᠭ᠎ᠤᠨ ᠮᠡᠷᠭᠡᠵᠢᠯ᠎ᠤᠨ ᠵᠢᠷᠤᠮᠵᠢᠯ ᠂ ᠠᠵᠢᠯᠯᠠᠬᠤ ᠳᠦᠷᠢᠮ ᠂ ᠠᠮᠢᠳᠤ ᠪᠣᠳᠠᠰ᠎ᠤᠨ  ᠠᠮᠤᠷ ᠲᠦᠪᠰᠢᠨ᠎ᠤ  ᠬᠠᠮᠠᠭ᠋ᠠᠯᠠᠯᠲᠠ ᠵᠢᠨ ᠮᠡᠳᠡᠯᠭᠡ ᠪᠠ ᠪᠣᠳᠠᠲᠠᠢ ᠠᠵᠢᠯᠯᠠᠬᠤ ᠤᠷ᠎ᠠ ᠴᠢᠳᠠᠪᠤᠷᠢ ᠵᠢ ᠡᠵᠡᠮᠰᠢᠬᠦ ᠵᠢ᠎ᠨᠢ ᠪᠠᠲᠤᠯᠠᠬᠤ ᠵᠢᠨ ᠬᠠᠮᠲᠤ ᠬᠢᠨᠠᠨ  ᠬᠡᠮᠵᠢᠵᠦ᠂ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ᠎ᠤ ᠳᠠᠷᠠᠭ᠎ᠠ ᠰᠠᠶᠢ ᠠᠵᠢᠯ᠎ᠤᠨ ᠪᠠᠢ᠌ᠷᠢ᠎ᠳᠤ ᠭᠠᠷᠭ᠋ᠠᠵᠤ ᠪᠣᠯᠣᠨ᠎ᠠ ᠃

      ᠵᠢᠷᠭᠤᠳᠤᠭ᠋ᠠᠷ ᠪᠦᠯᠦᠭ     ᠳᠠᠭ᠋ᠠᠯᠳᠣᠭᠣᠯᠣᠭᠰᠠᠨ  ᠳᠦᠷᠢᠮ 

      ᠭᠤᠴᠢᠨ ᠭᠤᠷᠪᠠᠳᠤᠭ᠋ᠠᠷ ᠵᠦᠢ᠍ᠯ     ᠲᠤᠰ ᠠᠷᠭ᠎ᠠ ᠵᠢ ᠥᠪᠥᠷ ᠮᠣᠩᠭᠣᠯ᠎ᠤᠨ  ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠤᠷᠤᠨ᠎ᠤ  ᠲᠢᠩᠬᠢᠮ᠎ᠤᠨ  ᠮᠠᠯ ᠡᠮᠨᠡᠯᠭᠡ ᠵᠢᠨ ᠲᠣᠪᠴᠢᠶ᠎ᠠ᠎ᠠᠴᠠ ᠬᠠᠷᠢᠭᠤᠴᠠᠨ

ᠲᠠᠢ᠌ᠯᠪᠤᠷᠢᠯᠠᠨ᠎ᠠ᠃

      ᠭᠤᠴᠢᠨ ᠳᠥᠷᠪᠡᠳᠦᠭᠡᠷ ᠵᠦᠢ᠍ᠯ     ᠲᠤᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ 30 ᠡᠳᠦᠷ᠎ᠤᠨ  ᠲᠠᠷᠠᠭ᠎ᠠ ᠬᠡᠷᠡᠭᠵᠢᠭᠦᠯᠦᠨ᠎ᠡ ᠃ 

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠡᠮ
          
ᠬᠠᠮᠢᠶ᠎ᠡ ᠪᠦᠬᠦᠢ ᠰᠣᠨᠢᠨ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠮᠠᠯ ᠠᠵᠤ ᠠᠬᠤᠢ ᠵᠢᠨ ᠬᠠᠤᠯᠢ》 (2023 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ)
        
 
            