(2005 ᠣᠨ᠎ᠤ 12 ᠰᠠᠷ᠎ᠠ ᠵᠢᠨ 29᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠨ᠎ᠠᠴᠠ ᠪᠠᠲᠤᠯᠠᠪᠠ 2015 ᠣᠨ᠎ᠤ 4 ᠰᠠᠷ᠎ᠠ ᠵᠢᠨ 24᠎ᠤ ᠡᠳᠦᠷ ᠬᠤᠷᠠᠯᠳᠤᠭᠰᠠᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠯᠡᠭᠴᠢᠳᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠷᠪᠠᠨ ᠲᠦᠷᠪᠡᠳᠦᠭᠡᠷ ᠬᠤᠷᠠᠯᠳᠤᠭ᠋ᠠᠨ ᠲᠡᠭᠡᠷ᠎ᠡ 《〈ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠯᠲᠡ ᠵᠢᠨ ᠬᠠᠤᠯᠢ〉 ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠳᠤ ᠵᠠᠰᠠᠪᠤᠷᠢ ᠤᠷᠤᠭᠤᠯᠤᠨ 2022 ᠣᠨ᠎ᠤ 10 ᠰᠠᠷ᠎ᠠ ᠵᠢᠨ 30 ᠤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠭᠤᠴᠢᠨ ᠳᠣᠯᠣᠳᠤᠭ᠋ᠠᠷ ᠬᠤᠷᠠᠯᠳᠤᠭ᠋ᠠᠨ᠎ᠠᠴᠠ ᠵᠠᠰᠠᠪᠤᠷᠢ ᠤᠷᠤᠭᠤᠯᠤᠨ ᠳᠤᠭᠳᠠᠭ᠋ᠠᠪᠠ)
ᠭᠠᠷᠴᠠᠭ
ᠨᠢᠭᠡᠳᠦᠭᠡᠷ ᠪᠦᠯᠦᠭ ᠶᠡᠷᠦᠩᠬᠡᠢ ᠳᠦᠷᠢᠮ
ᠬᠣᠶᠠᠳᠤᠭ᠋ᠠᠷ ᠪᠦᠯᠦᠭ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ
ᠭᠤᠷᠪᠠᠳᠤᠭ᠋ᠠᠷ ᠪᠦᠯᠦᠭ ᠦᠷ᠎ᠡ ᠵᠢᠨ ᠮᠠᠯ ᠵᠢᠭᠦᠷᠲᠡᠨ᠎ᠤ ᠡᠭᠦᠯᠳᠡᠷ᠎ᠢ ᠰᠣᠩᠭᠣᠨ ᠪᠣᠢ᠌ᠵᠢᠭᠤᠯᠬᠤ ᠪᠠ ᠦᠢ᠍ᠯᠡᠳᠪᠦᠷᠢᠯᠡᠵᠦ ᠡᠵᠡᠩᠨᠡᠬᠦ
ᠳᠥᠷᠪᠡᠳᠦᠭᠡᠷ ᠪᠦᠯᠦᠭ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ
ᠲᠠᠪᠤᠳᠤᠭ᠋ᠠᠷ ᠪᠦᠯᠦᠭ ᠪᠡᠯᠴᠢᠭᠡᠷ᠎ᠤᠨ ᠮᠠᠯ ᠠᠵᠤ ᠠᠬᠤᠢ
ᠵᠢᠷᠭᠤᠳᠤᠭ᠋ᠠᠷ ᠪᠦᠯᠦᠭ ᠮᠠᠯ ᠵᠢᠭᠦᠷᠲᠡᠨ᠎ᠢ ᠠᠷᠠᠯᠵᠢᠶᠠᠯᠠᠬᠤ ᠪᠠ ᠲᠡᠭᠡᠭᠡᠪᠦᠷᠢᠯᠡᠬᠦ
ᠳᠣᠯᠣᠳᠤᠭ᠋ᠠᠷ ᠪᠦᠯᠦᠭ ᠮᠠᠯ ᠵᠢᠭᠦᠷᠲᠡᠨ᠎ᠢ ᠨᠢᠲᠤᠯᠬᠤ
ᠨᠠᠢ᠍ᠮᠠᠳᠤᠭ᠋ᠠᠷ ᠪᠦᠯᠦᠭ ᠪᠠᠳᠤᠯᠠᠭ᠎ᠠ ᠪᠠ ᠬᠢᠨᠠᠯᠳᠠ
ᠶᠢᠰᠦᠳᠦᠭᠡᠷ ᠪᠦᠯᠦᠭ ᠬᠠᠤᠯᠢ ᠵᠢᠨ ᠬᠠᠷᠢᠭᠤᠴᠠᠯᠭ᠎ᠠ
ᠠᠷᠪᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠤᠨ᠂ ᠮᠠᠯ ᠵᠢᠭᠦᠷᠲᠡᠨ᠎ᠤ ᠪᠦᠲᠦᠭᠡᠭᠳᠡᠭᠦᠨ᠎ᠤ ᠬᠠᠩᠭ᠋ᠠᠯᠭ᠎ᠠ ᠪᠠ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠵᠤ ᠂ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠣᠬᠢᠰᠲᠠᠢ ᠠᠰᠢᠭᠯᠠᠨ᠂ ᠮᠠᠯ ᠵᠢᠭᠦᠷᠲᠡᠨ᠎ᠤ ᠰᠢᠯᠢᠳᠡᠭ ᠡᠭᠦᠯᠳᠡᠷ᠎ᠢ ᠪᠣᠢ᠌ᠵᠢᠭᠤᠯᠤᠨ ᠳᠡᠯᠭᠡᠷᠡᠭᠦᠯᠵᠦ ᠂ ᠮᠠᠯ ᠵᠢᠭᠦᠷᠲᠡᠨ᠎ᠤ ᠦᠷ᠎ᠡ ᠵᠢᠨ ᠦᠢ᠍ᠯᠡᠰ᠎ᠢ ᠬᠥᠭᠵᠢᠭᠦᠯᠦᠨ ᠂ ᠮᠠᠯ ᠠᠵᠤ ᠠᠬᠤᠢ ᠦᠢ᠍ᠯᠡᠳᠪᠦᠷᠢᠯᠡᠨ ᠡᠵᠡᠩᠨᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ᠂ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ ᠲᠤᠰ ᠬᠠᠤᠯᠢ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠂ ᠦᠷᠡᠵᠢᠭᠦᠯᠦᠨ ᠪᠣᠢ᠌ᠵᠢᠭᠤᠯᠬᠤ ᠂ ᠲᠡᠵᠢᠭᠡᠬᠦ ᠂ ᠡᠵᠡᠩᠨᠡᠬᠦ ᠂ ᠵᠥᠭᠡᠭᠡᠪᠦᠷᠢᠯᠡᠬᠦ ᠂ ᠨᠢᠲᠤᠯᠬᠤ ᠵᠡᠷᠭᠡ ᠠᠵᠢᠯᠯᠠᠭ᠎ᠠ ᠬᠢᠬᠦ᠎ᠳᠤ ᠲᠤᠰ ᠬᠠᠤᠯᠢ ᠵᠢ ᠬᠡᠷᠡᠭᠯᠡᠨ᠎ᠡ᠃
ᠲᠤᠰ ᠬᠠᠤᠯᠢ᠎ᠳᠤ ᠬᠡᠯᠡᠵᠦ ᠪᠠᠢ᠌ᠭ᠎ᠠ ᠮᠠᠯ ᠵᠢᠭᠦᠷᠲᠡᠨ ᠭᠡᠳᠡᠭ᠎ᠨᠢ ᠲᠤᠰ ᠬᠠᠤᠯᠢ ᠵᠢᠨ ᠠᠷᠪᠠᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠨᠡᠢ᠌ᠲᠡᠯᠡᠭᠰᠡᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠲᠤ ᠵᠢᠭᠰᠠᠭ᠋ᠠᠭᠰᠠᠨ ᠮᠠᠯ ᠵᠢᠭᠦᠷᠲᠡᠨ᠎ᠢ ᠵᠢᠭ᠋ᠠᠵᠤ ᠪᠠᠢ᠌ᠨ᠎ᠠ᠃
ᠵᠥᠭᠡᠢ ᠂ ᠬᠦᠷᠢ ᠵᠢᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠪᠠ ᠦᠢ᠍ᠯᠡᠳᠪᠦᠷᠢᠯᠡᠵᠦ ᠡᠵᠡᠩᠨᠡᠬᠦ᠎ᠳᠤ ᠲᠤᠰ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠤᠯᠤᠰ᠎ᠠᠴᠠ ᠮᠠᠯ ᠠᠵᠤ ᠠᠬᠤᠢ ᠵᠢᠨ ᠬᠥᠭᠵᠢᠯᠲᠡ ᠵᠢ ᠲᠡᠮᠵᠢᠵᠤ ᠂ ᠮᠠᠯ ᠠᠵᠤ ᠠᠬᠤᠢ ᠵᠢᠨ ᠲᠠᠷᠢᠶᠠᠯᠠᠩ ᠂ ᠬᠥᠳᠡᠭᠡ ᠲᠣᠰᠬᠣᠨ᠎ᠤ ᠠᠵᠤ ᠠᠬᠤᠢ ᠵᠢ ᠬᠥᠭᠵᠢᠭᠦᠯᠬᠦ ᠪᠠ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠎ᠳᠤ ᠦᠵᠡᠭᠦᠯᠬᠦ ᠦᠢ᠍ᠯᠡᠳᠦᠯ᠎ᠢ ᠪᠠᠳᠠᠷᠠᠭᠤᠯᠬᠤ ᠭᠡᠷᠡᠭᠳᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠮᠠᠯ ᠠᠵᠤ ᠠᠬᠤᠢ ᠵᠢᠨ ᠬᠥᠭᠵᠢᠯᠲᠡ ᠵᠢ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ ᠤᠷᠤᠭᠤᠯᠵᠤ᠂ ᠮᠠᠯ ᠠᠵᠤ ᠠᠬᠤᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂ ᠬᠡᠪᠴᠢᠶᠡᠵᠢᠭᠰᠡᠨ ᠂ ᠪᠠᠷᠢᠮᠵᠢᠶᠠᠵᠢᠭᠰᠠᠨ ᠪᠠ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠤᠨ ᠲᠡᠳᠬᠦᠵᠦ ᠂ ᠳᠠᠷᠢᠵᠤ ᠲᠡᠵᠢᠭᠡᠬᠦ ᠵᠢ ᠤᠶᠠᠯᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠵᠢᠨ ᠤᠷᠴᠢᠯ᠎ᠲᠠᠢ ᠪᠣᠬᠢᠷᠲᠤᠯ ᠦᠭᠡᠢ ᠬᠦᠭᠵᠢᠯᠳᠡ ᠵᠢ ᠠᠬᠢᠭᠤᠯᠵᠤ ᠂ ᠮᠠᠯ ᠠᠵᠤ ᠠᠬᠤᠢ ᠵᠢᠨ ᠠᠵᠤ ᠦᠢ᠍ᠯᠡᠰᠵᠢᠭᠰᠡᠨ ᠡᠵᠡᠩᠨᠡᠯᠲᠡ ᠵᠢ ᠲᠦᠯᠬᠢᠨ ᠠᠬᠢᠭᠤᠯᠵᠤ ᠂ ᠮᠠᠯ ᠠᠵᠤ ᠠᠬᠤᠢ ᠵᠢᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ ᠂ ᠠᠮᠤᠷ ᠲᠦᠪᠰᠢᠨ ᠂ ᠴᠢᠨᠠᠷ ᠰᠠᠢ᠌ᠲᠠᠢ ᠂ ᠥᠨᠳᠥᠷ ᠦᠷ᠎ᠡ ᠠᠰᠢᠭᠲᠠᠢ ᠂ ᠠᠮᠢ ᠠᠬᠤᠢ ᠵᠢᠨ ᠮᠠᠯ ᠠᠵᠤ ᠠᠬᠤᠢ ᠵᠢ ᠬᠦᠭᠵᠢᠬᠦᠯᠬᠦ ᠭᠡᠷᠡᠭᠳᠡᠢ᠃
ᠤᠯᠤᠰ᠎ᠠᠴᠠ ᠦᠨᠳᠦᠰᠦᠲᠡᠨ᠎ᠤ ᠭᠠᠵᠠᠷ ᠣᠷᠣᠨ ᠂ ᠬᠥᠭᠵᠢᠭᠡᠳᠦᠢ ᠭᠠᠵᠠᠷ ᠣᠷᠣᠨ᠎ᠤ ᠮᠠᠯ ᠠᠵᠤ ᠠᠬᠤᠢ ᠵᠢᠨ ᠬᠥᠭᠵᠢᠯᠲᠡ ᠵᠢ ᠬᠠᠪᠰᠤᠷᠤᠨ ᠲᠡᠳᠬᠦᠵᠦ ᠂ ᠨᠤᠲᠤᠭ ᠪᠡᠯᠴᠢᠭᠡᠷ᠎ᠢ ᠬᠠᠮᠠᠭ᠋ᠠᠯᠠᠬᠤ ᠪᠠ ᠵᠦᠢ ᠵᠣᠬᠢᠰᠲᠠᠢ ᠠᠰᠢᠭᠯᠠᠵᠤ ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠨᠥᠬᠥᠴᠡᠯ᠎ᠢ ᠰᠠᠢ᠌ᠵᠢᠷᠠᠭᠤᠯᠤᠨ᠎ᠠ ᠃
ᠳᠥᠷᠪᠡᠳᠦᠭᠡᠷ ᠵᠦᠢ᠍ᠯ ᠤᠯᠤᠰ᠎ᠠᠴᠠ ᠠᠷᠭ᠎ᠠ ᠬᠡᠮᠵᠢᠶ᠎ᠡ ᠠᠪᠴᠤ ᠂ ᠮᠠᠯ ᠠᠵᠤ ᠠᠬᠤᠢ ᠮᠠᠯ ᠡᠮᠨᠡᠯᠭᠡ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠵᠦ ᠂ ᠮᠠᠯ ᠵᠢᠭᠦᠷᠲᠡᠨ᠎ᠤ ᠬᠢᠵᠢᠭ ᠡᠪᠡᠳᠴᠢᠨ᠎ᠢ ᠬᠢᠨᠠᠨ ᠬᠡᠮᠵᠢᠬᠦ ᠂ ᠮᠠᠯ ᠵᠢᠭᠦᠷᠲᠡᠨ᠎ᠤ ᠸᠠᠺᠼᠢᠨ᠎ᠢ ᠰᠤᠳᠤᠯᠤᠨ ᠦᠢ᠍ᠯᠡᠳᠬᠦ ᠠᠵᠢᠯ᠎ᠢ ᠴᠢᠩᠭ᠋ᠠᠳᠬᠠᠵᠤ ᠂ ᠦᠨᠳᠦᠰᠦᠨ ᠱᠠᠲᠤᠨ᠎ᠤ ᠮᠠᠯ ᠠᠵᠤ ᠠᠬᠤᠢ ᠮᠠᠯ ᠡᠮᠨᠡᠯᠭᠡ ᠵᠢᠨ ᠮᠡᠷᠭᠡᠵᠢᠯ᠎ᠢ ᠳᠡᠯᠭᠡᠷᠡᠭᠦᠯᠬᠦ ᠰᠢᠰᠲ᠋ᠧᠮ᠎ᠢ ᠲᠡᠭᠦᠯᠳᠡᠷᠵᠢᠭᠦᠯᠵᠦ ᠂ ᠮᠠᠯ ᠠᠵᠤ ᠠᠬᠤᠢ ᠮᠠᠯ ᠡᠮᠨᠡᠯᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠪᠠ ᠳᠡᠯᠭᠡᠷᠡᠭᠦᠯᠦᠯᠲᠡ ᠵᠢᠨ ᠦᠢ᠍ᠯᠡᠰ᠎ᠢ ᠬᠥᠭᠵᠢᠭᠦᠯᠵᠦ ᠂ ᠮᠠᠯ ᠠᠵᠤ ᠠᠬᠤᠢ ᠵᠢᠨ ᠪᠠᠷᠢᠮᠵᠢᠶ᠎ᠠ ᠵᠢ ᠲᠡᠭᠦᠯᠳᠡᠷᠵᠢᠭᠦᠯᠵᠦ ᠂ ᠮᠠᠯ ᠠᠵᠤ ᠠᠬᠤᠢ ᠮᠠᠯ ᠡᠮᠨᠡᠯᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢᠨ ᠬᠥᠮᠦᠵᠢᠯ ᠤᠬᠠᠭᠤᠯᠭ᠎ᠠ ᠵᠢᠨ ᠠᠵᠢᠯ ᠪᠠ ᠮᠠᠯ ᠠᠵᠤ ᠠᠬᠤᠢ ᠮᠠᠯ ᠡᠮᠨᠡᠯᠭᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠥᠷᠨᠢᠭᠦᠯᠵᠦ ᠂ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠪᠠ ᠰᠢᠨ᠎ᠡ ᠡᠭᠦᠳᠦᠯᠲᠡ ᠵᠢ ᠲᠦᠯᠬᠢᠨ ᠠᠬᠢᠭᠤᠯᠤᠨ᠎ᠠ᠃
ᠲᠠᠪᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠮᠠᠯ ᠠᠵᠤ ᠠᠬᠤᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠮᠠᠯ ᠠᠵᠤ ᠠᠬᠤᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠮᠠᠯ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠬᠤ ᠭᠡᠷᠡᠭᠳᠡᠢ᠃
ᠵᠢᠷᠭᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠯ ᠠᠵᠤ ᠠᠬᠤᠢ ᠵᠢᠨ ᠦᠢ᠍ᠯᠡᠳᠪᠦᠷᠢᠯᠡᠨ ᠡᠵᠡᠩᠨᠡᠭᠴᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠮᠠᠯ ᠵᠢᠭᠦᠷᠲᠡᠨ᠎ᠢ ᠦᠷᠡᠵᠢᠭᠦᠯᠦᠨ ᠪᠣᠢ᠌ᠵᠢᠭᠤᠯᠬᠤ ᠂ ᠲᠡᠵᠢᠭᠡᠬᠦ ᠂ ᠵᠥᠭᠡᠭᠡᠪᠦᠷᠢᠯᠡᠬᠦ ᠂ ᠨᠢᠲᠤᠯᠬᠤ ᠨᠥᠬᠥᠴᠡᠯ ᠪᠠ ᠣᠷᠴᠢᠨ ᠲᠣᠭᠣᠷᠢᠨ᠎ᠢ᠎ᠨᠢ ᠰᠠᠢ᠌ᠵᠢᠷᠠᠭᠤᠯᠬᠤ ᠬᠡᠷᠡᠭᠲᠡᠢ ᠃
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠮᠠᠯ ᠠᠵᠤ ᠠᠬᠤᠢ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠤᠨ ᠤᠬᠠᠭᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃
ᠮᠠᠯ ᠠᠵᠤ ᠠᠬᠤᠢ ᠵᠢᠨ ᠬᠥᠭᠵᠢᠯᠲᠡ ᠵᠢᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭ᠋ᠠᠭᠰᠠᠨ ᠨᠢᠭᠡᠴᠢ ᠪᠠ ᠬᠤᠪᠢ ᠬᠥᠮᠥᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠨ᠎ᠠ᠃
ᠨᠠᠢ᠍ᠮᠠᠳᠤᠭ᠋ᠠᠷ ᠵᠦᠢ᠍ᠯ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠭᠴᠢ ᠬᠠᠤᠯᠢ ᠶᠣᠰᠣᠭ᠋ᠠᠷ ᠰᠠᠢ᠌ᠨ ᠳᠤᠷ᠎ᠠ᠎ᠠᠴᠠ᠎ᠪᠠᠨ ᠠᠵᠢᠯ ᠲᠦᠷᠦᠯ᠎ᠤᠨ ᠨᠡᠢ᠌ᠭᠡᠮᠯᠢᠭ ᠪᠠᠢ᠌ᠭᠤᠯᠵᠤ᠂ ᠪᠦᠷᠢᠯᠳᠦᠭᠦᠨ᠎ᠳᠡᠭᠡᠨ ᠮᠡᠳᠡᠭᠡ ᠵᠠᠩᠭᠢ᠂ ᠮᠡᠷᠭᠡᠵᠢᠯ᠂ ᠡᠵᠡᠩᠨᠡᠨ ᠪᠣᠷᠣᠯᠠᠭᠤᠯᠤᠯᠲᠠ᠂ ᠪᠤᠯᠪᠠᠰᠤᠷᠠᠯ ᠵᠡᠷᠭᠡ ᠦᠢ᠍ᠯᠡᠴᠢᠯᠡᠭᠡ ᠬᠠᠩᠭ᠋ᠠᠵᠤ᠂ ᠠᠵᠢᠯ ᠲᠦᠷᠦᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠤ᠂ ᠪᠦᠷᠢᠯᠳᠦᠭᠦᠨ ᠪᠠ ᠠᠵᠢᠯ ᠲᠦᠷᠦᠯ᠎ᠤᠨ ᠠᠰᠢᠭ ᠲᠤᠰᠠ ᠵᠢ ᠬᠠᠮᠠᠭ᠋ᠠᠯᠠᠬᠤ
ᠬᠡᠷᠡᠭᠲᠡᠢ᠃
ᠶᠢᠰᠦᠳᠦᠭᠡᠷ ᠵᠦᠢ᠍ᠯ ᠮᠠᠯ ᠠᠵᠤ ᠠᠬᠤᠢ ᠵᠢᠨ ᠦᠢ᠍ᠯᠡᠳᠪᠦᠷᠢᠯᠡᠨ ᠡᠵᠡᠩᠨᠡᠭᠴᠢ ᠠᠮᠢᠲᠠᠨ᠎ᠤ ᠬᠢᠵᠢᠭ᠎ᠢ ᠰᠡᠷᠭᠡᠢ᠌ᠯᠡᠬᠦ ᠪᠠ ᠠᠮᠢ ᠠᠬᠤᠢ ᠵᠢᠨ ᠣᠷᠴᠢᠨ ᠨᠥᠬᠥᠴᠡᠯ᠎ᠢ ᠬᠠᠮᠠᠭ᠋ᠠᠯᠠᠬᠤ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ ᠂ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠶᠠᠪᠤᠭᠤᠯᠬᠤ ᠬᠢᠨᠠᠯᠲᠠ ᠪᠠᠢ᠌ᠴᠠᠭ᠋ᠠᠯᠲᠠ ᠵᠢ ᠬᠦᠯᠢᠶᠡᠬᠦ ᠬᠡᠷᠡᠭᠲᠡᠢ᠃
ᠬᠣᠶᠠᠳᠤᠭ᠋ᠠᠷ ᠪᠦᠯᠦᠭ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ
ᠠᠷᠪᠠᠳᠤᠭ᠋ᠠᠷ ᠵᠦᠢ᠍ᠯ ᠤᠯᠤᠰ᠎ᠠᠴᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠳᠦᠷᠢᠮ᠎ᠢ ᠪᠠᠢ᠌ᠭᠤᠯᠵᠤ ᠂ ᠡᠬᠢ ᠪᠠᠶᠠᠯᠢᠭ᠎ᠢ ᠪᠠᠢ᠌ᠴᠠᠭ᠋ᠠᠬᠤ ᠂ ᠬᠠᠮᠠᠭ᠋ᠠᠯᠠᠬᠤ ᠂ ᠬᠢᠨᠠᠨ ᠲᠣᠭᠲᠠᠭ᠋ᠠᠬᠤ ᠂ ᠳᠠᠩᠰᠠᠯᠠᠬᠤ ᠂ ᠬᠢᠨᠠᠨ ᠬᠡᠮᠵᠢᠬᠦ ᠪᠠ ᠠᠰᠢᠭᠯᠠᠬᠤ ᠵᠡᠷᠭᠡ ᠠᠵᠢᠯ᠎ᠢ ᠥᠷᠨᠢᠭᠦᠯᠦᠨ᠎ᠡ ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ ᠂ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠵᠠᠷᠤᠳᠠᠯ᠎ᠢ ᠲᠥᠰᠥᠪᠲᠡᠭᠡᠨ ᠣᠷᠣᠭᠤᠯᠬᠤ ᠬᠡᠷᠡᠭᠲᠡᠢ᠃
ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ᠎ᠳᠤ ᠤᠯᠤᠰ ᠵᠶ᠋ᠠᠷ ᠭᠣᠣᠯ ᠪᠣᠯᠭ᠋ᠠᠨ ᠂ ᠤᠯᠠᠨ ᠡᠰᠢᠴᠢᠯᠡᠨ ᠣᠷᠣᠯᠴᠠᠵᠤ ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠂ ᠥᠨᠳᠥᠷ ᠪᠦᠲᠦᠮᠵᠢᠲᠡᠢ᠎ᠪᠠᠷ ᠠᠰᠢᠭᠯᠠᠬᠤ ᠵᠠᠷᠴᠢᠮ᠎ᠢ ᠪᠠᠷᠢᠮᠲᠠᠯᠠᠨ ᠂ ᠲᠦᠷᠦᠯ ᠬᠤᠪᠢᠶᠠᠨ ᠱᠠᠲᠤ ᠬᠤᠪᠢᠶᠠᠨ ᠬᠠᠮᠠᠭ᠋ᠠᠯᠠᠬᠤ ᠭᠡᠷᠡᠭᠳᠡᠢ᠃
ᠤᠯᠤᠰ᠎ᠠᠴᠠ ᠬᠣᠯᠪᠣᠭᠳᠠᠯ ᠪᠦᠬᠦᠢ ᠨᠢᠭᠡᠴᠢ ᠂ ᠬᠤᠪᠢ ᠬᠥᠮᠥᠨ᠎ᠤ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠦᠢ᠍ᠯᠡᠰ᠎ᠢ ᠬᠠᠤᠯᠢ ᠶᠣᠰᠣᠭ᠋ᠠᠷ ᠬᠥᠭᠵᠢᠭᠦᠯᠬᠦ ᠵᠢ ᠵᠣᠷᠢᠭᠵᠢᠭᠤᠯᠤᠨ ᠲᠡᠮᠵᠢᠵᠤ ᠂ ᠳᠡᠭᠡᠳᠦ ᠵᠡᠷᠭᠡ ᠵᠢᠨ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠂ ᠠᠵᠤ ᠠᠬᠤᠢ᠌ᠯᠠᠯ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠂ ᠠᠰᠢᠭᠯᠠᠬᠤ ᠰᠠᠭᠤᠷᠢ ᠰᠤᠳᠤᠯᠭ᠋ᠠᠨ ᠵᠶ᠋ᠠᠨ ᠴᠢᠩᠭ᠋ᠠᠳᠬᠠᠵᠤ ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠵᠣᠷᠢᠭᠵᠢᠭᠤᠯᠤᠨ ᠲᠡᠮᠵᠢᠨ᠎ᠠ᠃
ᠠᠷᠪᠠᠨ ᠨᠢᠭᠡᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰᠬᠠᠢ ᠮᠡᠷᠭᠡᠵᠢᠯ᠎ᠤᠨ ᠠᠵᠢᠯᠲᠠᠨ ᠵᠶ᠋ᠠᠷ ᠪᠦᠷᠢᠯᠳᠦᠭᠰᠡᠨ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠵᠥᠪᠯᠡᠯ᠎ᠢ ᠪᠠᠢ᠌ᠭᠤᠯᠵᠤ ᠂ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠨᠠᠨ ᠲᠣᠭᠲᠠᠭ᠋ᠠᠬᠤ ᠂ ᠦᠨᠡᠯᠡᠨ ᠵᠢᠱ᠌ᠢᠬᠦ ᠪᠠ ᠮᠠᠯ ᠵᠢᠭᠦᠷᠲᠡᠨ᠎ᠤ ᠰᠢᠨ᠎ᠡ ᠡᠭᠦᠯᠳᠡᠷ ᠂ ᠲᠥᠬᠥᠷᠵᠢᠭᠰᠡᠨ ᠤᠳᠤᠮ᠎ᠢ ᠬᠢᠨᠠᠨ ᠲᠣᠭᠲᠠᠭ᠋ᠠᠬᠤ ᠠᠵᠢᠯ᠎ᠢ ᠬᠠᠷᠢᠭᠤᠴᠠᠭᠤᠯᠵᠤ ᠂ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠲᠥᠯᠦᠪᠵᠢᠭᠦᠯᠭᠡ ᠵᠢ ᠨᠤᠲᠠᠯᠠᠬᠤ ᠵᠢᠴᠢ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ᠎ᠳᠤ ᠬᠣᠯᠪᠣᠭᠳᠠᠬᠤ ᠵᠥᠪᠯᠡᠯᠭᠡ ᠥᠭᠬᠦ ᠠᠵᠢᠯ᠎ᠢ ᠡᠭᠦᠷᠭᠡᠯᠡᠭᠦᠯᠦᠨ᠎ᠡ᠃
ᠠᠷᠪᠠᠨ ᠬᠣᠶᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠪᠠᠢ᠌ᠴᠠᠭ᠋ᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠬᠤ ᠂ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠪᠠᠢ᠌ᠳᠠᠯ᠎ᠤᠨ ᠮᠡᠳᠡᠭᠦᠯᠦᠯᠲᠡ ᠵᠢ ᠨᠡᠢ᠌ᠲᠡᠯᠡᠬᠦ ᠂ ᠲᠦᠷᠦ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠢ ᠨᠡᠢ᠌ᠲᠡᠯᠡᠬᠦ ᠠᠵᠢᠯ᠎ᠢ ᠬᠠᠷᠢᠭᠤᠴᠠᠨ᠎ᠠ᠃
ᠳᠠᠰᠬᠠᠬᠤ ᠪᠠ ᠰᠣᠩᠭᠣᠨ ᠪᠣᠢ᠌ᠵᠢᠭᠤᠯᠬᠤ᠎ᠪᠠᠷ ᠳᠡᠮᠵᠢᠨ᠂ ᠤᠳᠤᠮᠰᠢᠯ᠎ᠤᠨ ᠰᠢᠨᠵᠢ ᠪᠠᠢ᠌ᠳᠠᠯ᠎ᠨᠢ ᠲᠣᠭᠲᠠᠪᠤᠷᠢᠲᠠᠢ᠂ ᠪᠣᠯᠪᠠᠰᠤᠷᠠᠭᠰᠠᠨ ᠡᠭᠦᠯᠳᠡᠷ ᠪᠠ ᠵᠣᠬᠢᠬᠤ ᠳᠦᠷᠰᠦ ᠵᠢᠨ ᠰᠦᠷᠦᠭ᠎ᠤᠨ ᠬᠡᠪᠴᠢᠶ᠎ᠡ᠎ᠲᠠᠢ᠂ ᠬᠡᠭᠡᠷ᠎ᠡ ᠵᠢᠨ ᠳᠦᠷᠰᠦ ᠵᠢᠨ ᠰᠦᠷᠦᠭ᠎ᠲᠤ ᠲᠦᠰᠢᠭᠯᠡᠬᠦ ᠦᠭᠡᠢ᠎ᠪᠠᠷ ᠪᠡᠶ᠎ᠡ᠎ᠪᠠᠨ ᠳᠠᠭ᠋ᠠᠭ᠋ᠠᠨ ᠦᠷᠡᠵᠢᠵᠦ ᠴᠢᠳᠠᠳᠠᠭ ᠲᠡᠵᠢᠭᠡᠪᠦᠷᠢ ᠠᠮᠢᠲᠠᠨ᠎ᠢ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠲᠤ ᠣᠷᠣᠭᠤᠯᠵᠤ ᠪᠣᠯᠣᠨ᠎ᠠ᠃
ᠠᠷᠪᠠᠨ ᠭᠤᠷᠪᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠲᠠᠷᠬᠠᠯᠲᠠ ᠵᠢᠨ ᠪᠠᠢ᠌ᠳᠠᠯ᠎ᠢ ᠦᠨᠳᠦᠰᠦᠯᠡᠨ ᠂ ᠪᠦᠬᠦ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠲᠥᠯᠦᠪᠵᠢᠭᠦᠯᠭᠡ ᠵᠢ ᠲᠣᠭᠲᠠᠭ᠋ᠠᠵᠤ ᠂ ᠤᠯᠤᠰ᠎ᠤᠨ ᠳᠡᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠨᠡᠷᠡᠰ᠎ᠤᠨ ᠵᠢᠭᠰᠠᠭ᠋ᠠᠯᠲᠠ ᠵᠢ ᠲᠣᠭᠲᠠᠭ᠋ᠠᠵᠤ ᠂ ᠲᠣᠬᠢᠷᠠᠭᠤᠯᠬᠤ ᠪᠥᠭᠡᠳ ᠨᠡᠢ᠌ᠲᠡᠯᠡᠵᠦ ᠂ ᠮᠠᠨ᠎ᠤ ᠤᠯᠤᠰ᠎ᠠᠴᠠ ᠭᠠᠷᠤᠯᠳᠠ᠎ᠲᠠᠢ ᠬᠣᠪᠣᠷ ᠨᠠᠨᠳᠢᠨ ᠂ ᠬᠣᠪᠣᠷ ᠴᠤᠬᠠᠭ ᠂ ᠮᠥᠬᠥᠬᠦ ᠰᠢᠬᠠᠭᠰᠠᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠭᠣᠣᠯᠳᠠᠯᠭ᠎ᠠ᠎ᠲᠠᠢ᠎ᠪᠠᠷ ᠬᠠᠮᠠᠭ᠋ᠠᠯᠠᠨ᠎ᠠ᠃
ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠲᠥᠯᠦᠪᠵᠢᠭᠦᠯᠭᠡ ᠵᠢᠴᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠪᠠᠢ᠌ᠳᠠᠯ᠎ᠢ ᠦᠨᠳᠦᠰᠦᠯᠡᠵᠦ ᠂ ᠮᠤᠵᠢ ᠵᠢᠨ ᠱᠠᠲᠤᠨ᠎ᠤ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠲᠣᠭᠲᠠᠭ᠋ᠠᠵᠤ ᠂ ᠲᠣᠬᠢᠷᠠᠭᠤᠯᠬᠤ ᠪᠥᠭᠡᠳ ᠨᠡᠢ᠌ᠲᠡᠯᠡᠬᠦ ᠵᠢᠨ ᠬᠠᠮᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠵᠤ ᠂ ᠣᠷᠣᠨ ᠨᠤᠲᠤᠭ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠭᠡᠷᠡᠭᠳᠡᠢ᠃
ᠠᠷᠪᠠᠨ ᠳᠥᠷᠪᠡᠳᠦᠭᠡᠷ ᠵᠦᠢ᠍ᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠲᠥᠯᠦᠪᠵᠢᠭᠦᠯᠭᠡ ᠵᠢᠴᠢ ᠤᠯᠤᠰ᠎ᠤᠨ ᠳᠡᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠨᠡᠷᠡᠰ᠎ᠤᠨ ᠵᠢᠭᠰᠠᠭ᠋ᠠᠯᠲᠠ ᠵᠢ ᠦᠨᠳᠦᠰᠦᠯᠡᠵᠦ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠤᠵᠢ ᠵᠢᠨ ᠱᠠᠲᠤᠨ᠎ᠤ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠨᠡᠷᠡᠰ᠎ᠤᠨ ᠵᠢᠭᠰᠠᠭ᠋ᠠᠯᠲᠠ ᠵᠢ ᠦᠨᠳᠦᠰᠦᠯᠡᠨ ᠂ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠦᠷ᠎ᠡ ᠵᠢᠨ ᠬᠠᠮᠠᠭ᠋ᠠᠯᠠᠯᠲᠠ ᠵᠢᠨ ᠲᠠᠯᠠᠪᠠᠢ ᠂ ᠬᠠᠮᠠᠭ᠋ᠠᠯᠠᠯᠲᠠ ᠵᠢᠨ ᠣᠷᠣᠨ ᠪᠠ ᠭᠧᠨ᠎ᠤ ᠬᠥᠮᠥᠷᠭᠡ ᠵᠢ ᠲᠤᠰ ᠲᠤᠰ ᠪᠠᠢ᠌ᠭᠤᠯᠬᠤ ᠪᠤᠶᠤ ᠲᠣᠭᠲᠠᠭ᠋ᠠᠵᠤ ᠂ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠡᠭᠦᠷᠭᠡ ᠵᠢ ᠡᠬᠦᠷᠭᠡᠯᠡᠬᠦ ᠭᠡᠷᠡᠭᠳᠡᠢ᠃
ᠲᠥᠪ᠎ᠤᠨ ᠪᠠ ᠮᠤᠵᠢ ᠵᠢᠨ ᠱᠠᠲᠤᠨ᠎ᠤ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠳᠡᠮᠵᠢᠯᠭᠡ ᠵᠢ ᠡᠳ᠋ᠯᠡᠬᠦ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠦᠷ᠎ᠡ ᠵᠢᠨ ᠬᠠᠮᠠᠭ᠋ᠠᠯᠠᠯᠲᠠ ᠵᠢᠨ ᠲᠠᠯᠠᠪᠠᠢ ᠂ ᠬᠠᠮᠠᠭ᠋ᠠᠯᠠᠯᠲᠠ ᠵᠢᠨ ᠣᠷᠣᠨ ᠪᠠ ᠭᠧᠨ᠎ᠤ ᠬᠥᠮᠥᠷᠭᠡ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ ᠦᠭᠡᠢ᠎ᠪᠠᠷ ᠬᠠᠮᠠᠭ᠋ᠠᠯᠠᠭᠳᠠᠵᠤ ᠪᠠᠢ᠌ᠭ᠎ᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠳᠤᠷ᠎ᠠ᠎ᠪᠠᠷ ᠵᠶ᠋ᠠᠨ ᠰᠢᠢ᠍ᠳᠪᠦᠷᠢᠯᠡᠵᠦ ᠪᠣᠯᠬᠤ ᠦᠭᠡᠢ ᠃
ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠧᠨ᠎ᠤ ᠬᠥᠮᠥᠷᠭᠡ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠂ ᠮᠠᠯ ᠵᠢᠭᠦᠷᠲᠡᠨ᠎ᠤ ᠤᠳᠤᠮᠯᠠᠯ᠎ᠤᠨ ᠮᠠᠲ᠋ᠧᠷᠢᠶᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠴᠤᠭᠯᠠᠭᠤᠯᠵᠤ ᠰᠢᠨᠡᠳᠬᠡᠬᠦ ᠬᠡᠷᠡᠭᠲᠡᠢ ᠃ ᠬᠣᠯᠪᠣᠭᠳᠠᠯ ᠪᠦᠬᠦᠢ ᠨᠢᠭᠡᠴᠢ ᠂ ᠬᠤᠪᠢ ᠬᠥᠮᠥᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠧᠨ᠎ᠤ ᠬᠥᠮᠥᠷᠭᠡ᠎ᠲᠠᠢ ᠬᠠᠮᠵᠢᠯᠴᠠᠨ ᠮᠠᠯ ᠵᠢᠭᠦᠷᠲᠡᠨ᠎ᠤ ᠤᠳᠤᠮᠯᠠᠯ᠎ᠤᠨ ᠮᠠᠲ᠋ᠧᠷᠢᠶᠠᠯ᠎ᠢ ᠴᠤᠭᠯᠠᠭᠤᠯᠬᠤ ᠬᠡᠷᠡᠭᠲᠡᠢ ᠪᠥᠭᠡᠳ ᠵᠣᠬᠢᠰᠲᠠᠢ ᠠᠵᠤ ᠠᠬᠤᠢ ᠵᠢᠨ ᠨᠥᠬᠥᠪᠦᠷᠢ ᠣᠯᠬᠤ ᠡᠷᠬᠡ᠎ᠲᠠᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠦᠷ᠎ᠡ ᠵᠢᠨ ᠬᠠᠮᠠᠭ᠋ᠠᠯᠠᠯᠲᠠ ᠵᠢᠨ ᠲᠠᠯᠠᠪᠠᠢ ᠪᠠ ᠭᠧᠨ᠎ᠤ ᠬᠥᠮᠥᠷᠭᠡ᠎ᠳᠤ ᠬᠡᠷᠡᠭᠯᠡᠬᠦ ᠭᠠᠵᠠᠷ᠎ᠤᠨ ᠬᠡᠷᠡᠭᠴᠡᠭᠡ ᠵᠢ ᠪᠠᠲᠤᠯᠠᠬᠤ ᠬᠡᠷᠡᠭᠲᠡᠢ ᠃ ᠦᠨᠡᠬᠡᠷ ᠬᠠᠭ᠋ᠠᠬᠤ ᠪᠤᠶᠤ ᠨᠡᠭᠦᠯᠭᠡᠬᠦ ᠴᠢᠬᠤᠯᠠᠲᠠᠢ ᠪᠣᠯ ᠤᠤᠯ᠎ᠤᠨ ᠪᠠᠢ᠌ᠭᠤᠯᠤᠭᠰᠠᠨ ᠪᠤᠶᠤ ᠲᠣᠭᠲᠠᠭ᠋ᠠᠭᠰᠠᠨ ᠪᠠᠢ᠌ᠭᠤᠯᠭ᠎ᠠ᠎ᠪᠠᠷ᠎ᠨᠢ ᠵᠥᠪᠰᠢᠶᠡᠷᠡᠭᠦᠯᠬᠦ ᠬᠡᠷᠡᠭᠲᠡᠢ ᠂ ᠨᠡᠭᠦᠯᠭᠡᠭᠰᠡᠨ ᠪᠠᠢ᠌ᠪᠠᠯ ᠤᠷᠢᠳᠠᠪᠠᠷ ᠪᠠᠢ᠌ᠭᠤᠯᠵᠤ ᠳᠠᠷᠠᠭ᠎ᠠ᠎ᠳᠤ ᠨᠢ ᠨᠤᠷᠠᠭ᠋ᠠᠬᠤ ᠵᠠᠷᠴᠢᠮ ᠶᠣᠰᠣᠭ᠋ᠠᠷ ᠲᠣᠬᠢᠲᠠᠢ ᠲᠥᠪᠬᠢᠨᠡᠭᠦᠯᠬᠦ ᠬᠡᠷᠡᠭᠲᠡᠢ᠃
ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠦᠷ᠎ᠡ ᠵᠢ ᠬᠠᠮᠠᠭ᠋ᠠᠯᠠᠬᠤ ᠲᠠᠯᠠᠪᠠᠢ ᠂ ᠬᠠᠮᠠᠭ᠋ᠠᠯᠠᠯᠲᠠ ᠵᠢᠨ ᠣᠷᠣᠨ ᠪᠠ ᠭᠧᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠠᠷᠪᠠᠨ ᠲᠠᠪᠤᠳᠤᠭ᠋ᠠᠷ ᠵᠦᠢ᠍ᠯ ᠰᠢᠨ᠎ᠡ᠎ᠪᠠᠷ ᠢᠯᠡᠷᠡᠭᠦᠯᠦᠭᠰᠡᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠣᠮᠢᠰ ᠰᠢᠯᠭ᠋ᠠᠨ ᠲᠣᠭᠲᠠᠭ᠋ᠠᠬᠤ᠎ᠠᠴᠠ ᠡᠮᠦᠨ᠎ᠡ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠮᠠᠭ᠋ᠠᠯᠠᠬᠤ ᠲᠥᠰᠥᠯ ᠲᠣᠭᠲᠠᠭ᠋ᠠᠵᠤ ᠂ ᠲᠦᠷ ᠴᠠᠭ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠬᠤ ᠵᠢᠨ ᠬᠠᠮᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠬᠢᠯᠢ ᠵᠢᠨ ᠭᠠᠳᠠᠨ᠎ᠠ᠎ᠠᠴᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠣᠷᠣᠭᠤᠯᠬᠤ᠎ᠳᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠢ ; ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠦᠨᠡᠯᠡᠨ ᠵᠢᠱ᠌ᠢᠭᠦᠯᠵᠦ ᠨᠤᠲᠠᠯᠠᠭᠤᠯᠤᠭᠰᠠᠨ᠎ᠤ ᠳᠠᠷᠠᠭ᠎ᠠ ᠵᠦᠪᠰᠢᠶᠡᠷᠡᠨ᠎ᠡ; ᠭᠡᠪᠡᠴᠦ ᠵᠥᠪᠰᠢᠶᠡᠷᠡᠭᠰᠡᠨ ᠪᠠᠢ᠌ᠭᠤᠯᠭ᠎ᠠ ᠵᠢᠨ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ ᠃ ᠵᠥᠪᠰᠢᠶᠡᠷᠡᠭᠦᠯᠦᠭᠰᠡᠨ ᠪᠠᠢ᠌ᠪᠠᠯ ᠂ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠠᠮᠢᠳᠠᠨ ᠤᠷᠭᠤᠮᠠᠯ᠎ᠤᠨ ᠬᠢᠵᠢᠭ᠎ᠢ ᠪᠠᠢ᠌ᠴᠠᠭ᠋ᠠᠬᠤ ᠬᠠᠤᠯᠢ 》 ᠵᠢᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠭᠠᠷ ᠭᠦᠢ᠍ᠴᠡᠳᠬᠡᠯ ᠬᠢᠬᠦ ᠵᠢᠨ ᠬᠠᠮᠲᠤ ᠬᠢᠵᠢᠭ᠎ᠤᠨ ᠪᠠᠢ᠌ᠴᠠᠭ᠋ᠠᠯᠲᠠ ᠬᠢᠨ᠎ᠡ᠃
ᠬᠢᠯᠢ ᠵᠢᠨ ᠭᠠᠳᠠᠨ᠎ᠠ᠎ᠠᠴᠠ ᠣᠷᠣᠭᠤᠯᠤᠭᠰᠠᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠨᠢ ᠬᠢᠯᠢ ᠵᠢᠨ ᠳᠣᠲᠣᠷᠠᠬᠢ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ ᠂ ᠠᠮᠢ ᠠᠬᠤᠢ ᠵᠢᠨ ᠣᠷᠴᠢᠨ ᠲᠣᠭᠣᠷᠢᠨ᠎ᠳᠤ ᠬᠣᠣᠷ ᠬᠥᠨᠥᠭᠡᠯ᠎ᠲᠠᠢ ᠪᠤᠶᠤ ᠬᠣᠣᠷ ᠬᠥᠨᠥᠭᠡᠯ ᠤᠴᠠᠷᠠᠭᠤᠯᠬᠤ ᠪᠣᠯᠣᠯᠴᠠᠭ᠎ᠠ᠎ᠲᠠᠢ ᠪᠠᠢ᠌ᠬᠤ ᠵᠢ ᠣᠯᠵᠤ ᠮᠡᠳᠡᠪᠡᠯ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠵᠥᠪᠳᠡᠯᠴᠡᠵᠦ ᠂ ᠴᠠᠭ ᠲᠤᠬᠠᠢ᠎ᠳᠤ ᠨᠢ ᠠᠶᠤᠯᠭᠦᠢ ᠵᠢᠨ ᠬᠢᠵᠠᠭ᠋ᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠤᠯᠤᠰ᠎ᠠᠴᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠲᠤ ᠭᠣᠣᠯ ᠡᠷᠬᠡ ᠮᠡᠳᠡᠯ ᠲᠠᠢ ᠃ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ ᠵᠢᠨ ᠭᠠᠳᠠᠨ᠎ᠠ ᠭᠠᠷᠭ᠋ᠠᠬᠤ ᠪᠤᠶᠤ ᠬᠢᠯᠢ ᠵᠢᠨ ᠳᠣᠲᠣᠷ᠎ᠠ ᠠᠴᠠ ᠬᠢᠯᠢ ᠵᠢᠨ ᠭᠠᠳᠠᠨᠠᠬᠢ ᠪᠠᠢ᠌ᠭᠤᠯᠤᠮᠵᠢ ᠂ ᠬᠤᠪᠢ ᠬᠥᠮᠥᠨ᠎ᠲᠠᠢ ᠬᠠᠮᠲᠤᠷᠠᠨ ᠰᠤᠳᠤᠯᠵᠤ ᠠᠰᠢᠭᠯᠠᠬᠤ᠎ᠳᠤ ᠬᠦᠷᠪᠡᠯ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠵᠢᠨ ᠬᠠᠮᠲᠤ ᠠᠰᠢᠭ ᠲᠤᠰᠠ ᠵᠢ ᠤᠯᠤᠰ ᠲᠠᠢ ᠬᠠᠮᠲᠤ᠎ᠪᠠᠷ ᠡᠳ᠋ᠯᠡᠬᠦ ᠲᠥᠰᠥᠯ᠎ᠢ ᠳᠤᠭᠳᠠᠭ᠋ᠠᠬᠤ ᠬᠡᠷᠡᠭᠲᠡᠢ ; ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠢ᠌ᠴᠠᠭ᠋ᠠᠭ᠋ᠠᠳ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠨ᠎ᠡ᠃
ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ ᠵᠢᠨ ᠭᠠᠳᠠᠨ᠎ᠠ ᠭᠠᠷᠭ᠋ᠠᠬᠤ᠎ᠳᠤ ᠬᠦᠷᠪᠡᠯ ᠂ ᠪᠠᠰᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠠᠮᠢᠳᠠᠨ ᠤᠷᠭᠤᠮᠠᠯ᠎ᠤᠨ ᠬᠢᠵᠢᠭ᠎ᠢ ᠪᠠᠢ᠌ᠴᠠᠭ᠋ᠠᠬᠤ ᠬᠠᠤᠯᠢ 》 ᠵᠢᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠭᠠᠷ ᠭᠦᠢ᠍ᠴᠡᠳᠬᠡᠯ ᠬᠢᠬᠦ ᠵᠢᠨ ᠬᠠᠮᠲᠤ ᠬᠢᠵᠢᠭ᠎ᠤᠨ ᠪᠠᠢ᠌ᠴᠠᠭ᠋ᠠᠯᠲᠠ ᠬᠢᠬᠦ ᠬᠡᠷᠡᠭᠲᠡᠢ᠃
ᠰᠢᠨ᠎ᠡ᠎ᠪᠠᠷ ᠢᠯᠡᠷᠡᠭᠦᠯᠦᠭᠰᠡᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠣᠮᠢᠰ ᠰᠢᠯᠭ᠋ᠠᠨ ᠲᠣᠭᠲᠠᠭ᠋ᠠᠬᠤ᠎ᠠᠴᠠ ᠡᠮᠦᠨ᠎ᠡ ᠂ ᠬᠢᠯᠢ ᠵᠢᠨ ᠭᠠᠳᠠᠨ᠎ᠠ ᠭᠠᠷᠭ᠋ᠠᠵᠤ ᠪᠣᠯᠬᠤ ᠦᠭᠡᠢ ᠂ ᠬᠢᠯᠢ ᠵᠢᠨ ᠭᠠᠳᠠᠨᠠᠬᠢ ᠪᠠᠢ᠌ᠭᠤᠯᠤᠮᠵᠢ ᠂ ᠬᠤᠪᠢ ᠬᠥᠮᠥᠨ᠎ᠲᠠᠢ ᠬᠠᠮᠲᠤᠷᠠᠨ ᠰᠤᠳᠤᠯᠤᠨ ᠠᠰᠢᠭᠯᠠᠵᠤ ᠪᠣᠯᠬᠤ ᠦᠭᠡᠢ᠃
ᠠᠷᠪᠠᠨ ᠨᠠᠢ᠍ᠮᠠᠳᠤᠭ᠋ᠠᠷ ᠵᠦᠢ᠍ᠯ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ᠎ᠪᠠᠷ ᠣᠷᠣᠭᠤᠯᠵᠤ ᠭᠠᠷᠭ᠋ᠠᠬᠤ ᠪᠠ ᠭᠠᠳᠠᠭ᠋ᠠᠳᠤ᠎ᠲᠠᠢ ᠬᠤᠷᠰᠢᠨ ᠰᠤᠳᠤᠯᠵᠤ ᠠᠰᠢᠭᠯᠠᠬᠤ ᠵᠢ ᠬᠢᠨᠠᠨ ᠵᠥᠪᠰᠢᠶᠡᠷᠡᠬᠦ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
ᠭᠤᠷᠪᠠᠳᠤᠭ᠋ᠠᠷ ᠪᠦᠯᠦᠭ ᠦᠷ᠎ᠡ ᠵᠢᠨ ᠮᠠᠯ ᠵᠢᠭᠦᠷᠲᠡᠨ᠎ᠤ ᠡᠭᠦᠯᠳᠡᠷ᠎ᠢ ᠰᠣᠩᠭᠣᠨ ᠪᠣᠢ᠌ᠵᠢᠭᠤᠯᠬᠤ ᠪᠠ ᠦᠢ᠍ᠯᠡᠳᠪᠦᠷᠢᠯᠡᠵᠦ ᠡᠵᠡᠩᠨᠡᠬᠦ
ᠠᠷᠪᠠ ᠶᠢᠰᠦᠳᠦᠭᠡᠷ ᠵᠦᠢ᠍ᠯ ᠤᠯᠤᠰ᠎ᠠᠴᠠ ᠮᠠᠯ ᠵᠢᠭᠦᠷᠲᠡᠨ᠎ᠤ ᠡᠭᠦᠯᠳᠡᠷ᠎ᠢ ᠰᠣᠩᠭᠣᠨ ᠪᠣᠢ᠌ᠵᠢᠭᠤᠯᠬᠤ ᠪᠠ ᠰᠢᠯᠢᠳᠡᠭ ᠡᠭᠦᠯᠳᠡᠷ᠎ᠢ ᠳᠡᠯᠭᠡᠷᠡᠭᠦᠯᠦᠨ ᠬᠡᠷᠡᠭᠯᠡᠬᠦ ᠵᠢ ᠲᠡᠳᠬᠦᠨ ᠳᠡᠮᠵᠢᠵᠦ ᠂ ᠪᠦᠬᠦ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠢ ᠰᠠᠢ᠌ᠵᠢᠷᠠᠭᠤᠯᠬᠤ ᠲᠥᠯᠥᠪᠯᠡᠭᠡ ᠵᠢ ᠬᠡᠷᠡᠭᠵᠢᠭᠦᠯᠦᠨ᠎ᠡ ; ᠠᠵᠤ ᠠᠬᠤᠢ᠌ᠯᠠᠯ ᠂ ᠳᠡᠭᠡᠳᠦ ᠵᠡᠷᠭᠡ ᠵᠢᠨ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠪᠣᠯᠣᠨ ᠮᠡᠷᠭᠡᠵᠢᠯ ᠳᠡᠯᠭᠡᠷᠡᠭᠦᠯᠬᠦ ᠨᠢᠭᠡᠴᠢ ᠬᠠᠮᠲᠤᠷᠠᠨ ᠦᠷ᠎ᠡ ᠪᠣᠢ᠌ᠵᠢᠭᠤᠯᠬᠤ ᠠᠵᠢᠯ ᠥᠷᠨᠢᠭᠦᠯᠬᠦ ᠵᠢ ᠲᠡᠮᠵᠢᠵᠤ ᠂ ᠮᠠᠯ ᠵᠢᠭᠦᠷᠲᠡᠨ᠎ᠤ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠡᠭᠦᠯᠳᠡᠷ᠎ᠢ ᠨᠡᠭᠡᠭᠡᠨ ᠠᠰᠢᠭᠯᠠᠬᠤ ᠵᠢ ᠳᠡᠮᠵᠢᠵᠦ ᠂ ᠣᠨᠴᠠᠯᠢᠭᠲᠤ ᠮᠠᠯ ᠵᠢᠭᠦᠷᠲᠡᠨ᠎ᠤ ᠪᠦᠲᠦᠭᠡᠭᠳᠡᠬᠦᠨ᠎ᠤ ᠬᠠᠩᠭ᠋ᠠᠯᠭ᠎ᠠ ᠵᠢ ᠨᠡᠮᠡᠭᠳᠡᠭᠦᠯᠵᠦ ᠂ ᠤᠯᠠᠨ ᠡᠰᠢᠴᠢᠯᠡᠭᠰᠡᠨ ᠭᠡᠷᠡᠭᠯᠡᠭᠡᠨ᠎ᠤ ᠭᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠭᠡᠷᠡᠭᠳᠡᠢ᠃
ᠬᠣᠷᠢᠳᠤᠭ᠋ᠠᠷ ᠵᠦᠢ᠍ᠯ ᠤᠯᠤᠰ᠎ᠠᠴᠠ ᠮᠠᠯ ᠵᠢᠭᠦᠷᠲᠡᠨ᠎ᠤ ᠦᠷ᠎ᠡ ᠵᠢᠨ ᠦᠢ᠍ᠯᠡᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢ ᠵᠣᠷᠢᠭᠵᠢᠭᠤᠯᠤᠨ ᠲᠡᠮᠵᠢᠵᠤ ᠂ ᠦᠷ᠎ᠡ ᠪᠣᠢ᠌ᠵᠢᠭᠤᠯᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ ᠂ ᠰᠣᠩᠭᠣᠨ ᠪᠣᠢ᠌ᠵᠢᠭᠤᠯᠬᠤ ᠦᠢ᠍ᠯᠡᠳᠪᠦᠷᠢᠯᠡᠯ ᠡᠵᠡᠩᠨᠡᠯᠲᠡ ᠵᠢ ᠤᠶᠠᠯᠳᠤᠭᠤᠯᠤᠭᠰᠠᠨ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠤᠨ ᠬᠥᠭᠵᠢᠯᠲᠡ ᠵᠢ ᠲᠡᠳᠬᠦᠨ
ᠲᠡᠮᠵᠢᠨ᠎ᠠ᠃
ᠬᠣᠷᠢᠨ ᠨᠢᠭᠡᠳᠦᠭᠡᠷ ᠵᠦᠢ᠍ᠯ ᠪᠣᠢ᠌ᠵᠢᠭᠤᠯᠤᠭᠰᠠᠨ ᠮᠠᠯ ᠵᠢᠭᠦᠷᠲᠡᠨ᠎ᠤ ᠰᠢᠨ᠎ᠡ ᠡᠭᠦᠯᠳᠡᠷ ᠂ ᠲᠥᠬᠥᠷᠵᠢᠭᠰᠡᠨ ᠤᠳᠤᠮ ᠪᠠ ᠰᠢᠨ᠎ᠡ᠎ᠪᠠᠷ ᠢᠯᠡᠷᠡᠭᠦᠯᠦᠭᠰᠡᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠪᠣᠷᠣᠯᠠᠭᠤᠯᠬᠤ ᠂ ᠳᠡᠯᠭᠡᠷᠡᠭᠦᠯᠬᠦ᠎ᠠᠴᠠ ᠡᠮᠦᠨ᠎ᠡ ᠂ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠵᠥᠪᠯᠡᠯ ᠵᠶ᠋ᠡᠷ ᠬᠢᠨᠠᠨ ᠲᠣᠭᠲᠠᠭ᠋ᠠᠯᠭ᠋ᠠᠬᠤ ᠬᠡᠷᠡᠭᠲᠡᠢ ᠪᠥᠭᠡᠳ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠠᠨ ᠨᠡᠢ᠌ᠲᠡᠯᠡᠬᠦ ᠬᠡᠷᠡᠭᠲᠡᠢ ᠃ ᠮᠠᠯ ᠵᠢᠭᠦᠷᠲᠡᠨ᠎ᠤ ᠰᠢᠨ᠎ᠡ ᠡᠭᠦᠯᠳᠡᠷ ᠂ ᠲᠥᠬᠥᠷᠵᠢᠭᠰᠡᠨ ᠤᠳᠤᠮ᠎ᠢ ᠬᠢᠨᠠᠨ ᠲᠣᠭᠲᠠᠭ᠋ᠠᠬᠤ ᠠᠷᠭ᠎ᠠ ᠪᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠨᠠᠨ ᠲᠣᠭᠲᠠᠭ᠋ᠠᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ ᠃ ᠬᠢᠨᠠᠨ ᠲᠣᠭᠲᠠᠭ᠋ᠠᠬᠤ᠎ᠳᠤ ᠬᠡᠷᠡᠭᠰᠡᠬᠦ ᠲᠤᠷᠰᠢᠯᠲᠠ ᠬᠢᠬᠦ ᠂ ᠰᠢᠯᠭ᠋ᠠᠨ ᠬᠡᠮᠵᠢᠬᠦ ᠵᠡᠷᠭᠡ ᠵᠠᠷᠤᠳᠠᠯ᠎ᠢ ᠭᠤᠶᠤᠴᠢᠯᠠᠭᠴᠢ ᠡᠭᠦᠷᠭᠡᠯᠡᠨ᠎ᠡ᠃
ᠮᠠᠯ ᠵᠢᠭᠦᠷᠲᠡᠨ᠎ᠤ ᠰᠢᠨ᠎ᠡ ᠡᠭᠦᠯᠳᠡᠷ ᠂ ᠲᠥᠬᠥᠷᠵᠢᠭᠰᠡᠨ ᠤᠳᠤᠮ᠎ᠢ ᠪᠣᠢ᠌ᠵᠢᠭᠤᠯᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ᠎ᠪᠠᠷ ᠬᠠᠮᠠᠭ᠋ᠠᠯᠠᠨ᠎ᠠ᠃
ᠬᠣᠷᠢᠨ ᠬᠣᠶᠠᠳᠤᠭ᠋ᠠᠷ ᠵᠦᠢ᠍ᠯ ᠭᠧᠨ ᠬᠤᠪᠢᠷᠠᠭᠤᠯᠤᠭᠰᠠᠨ ᠮᠠᠯ ᠵᠢᠭᠦᠷᠲᠡᠨ᠎ᠤ ᠡᠭᠦᠯᠳᠡᠷ᠎ᠢ ᠣᠷᠣᠭᠤᠯᠬᠤ ᠂ ᠪᠣᠢ᠌ᠵᠢᠭᠤᠯᠬᠤ ᠂ ᠲᠤᠷᠰᠢᠬᠤ ᠂ ᠬᠢᠨᠠᠨ ᠲᠣᠭᠲᠠᠭ᠋ᠠᠬᠤ ᠪᠠ ᠳᠡᠯᠭᠡᠷᠡᠭᠦᠯᠬᠦ᠎ᠳᠤ ᠤᠯᠤᠰ᠎ᠤᠨ ᠲᠠᠷᠢᠶᠠᠯᠠᠩ᠎ᠤᠨ ᠭᠧᠨ ᠬᠤᠪᠢᠷᠠᠭᠤᠯᠤᠭᠰᠠᠨ ᠠᠮᠢᠳᠤ ᠪᠣᠳᠠᠰ᠎ᠤᠨ ᠠᠶᠤᠯᠭᠦᠢ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠬᠣᠷᠢᠨ ᠭᠤᠷᠪᠠᠳᠤᠭ᠋ᠠᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠮᠠᠯ ᠠᠵᠤ ᠠᠬᠤᠢ ᠮᠠᠯ ᠡᠮᠨᠡᠯᠭᠡ ᠵᠢᠨ ᠮᠡᠷᠭᠡᠵᠢᠯ ᠳᠡᠯᠭᠡᠷᠡᠭᠦᠯᠬᠦ ᠪᠠᠢ᠌ᠭᠤᠯᠤᠮᠵᠢ᠎ᠨᠤᠭᠤᠳ ᠦᠷ᠎ᠡ ᠵᠢᠨ ᠮᠠᠯ᠎ᠤᠨ ᠶᠠᠰᠤ ᠴᠢᠨᠠᠷ᠎ᠢ ᠬᠢᠨᠠᠨ ᠬᠡᠮᠵᠢᠬᠦ ᠂ ᠰᠢᠯᠢᠳᠡᠭ ᠰᠠᠢ᠌ᠨ ᠪᠣᠳᠠᠭ᠋ᠠᠯᠢ ᠪᠡᠶ᠎ᠡ ᠵᠢ ᠳᠠᠩᠰᠠᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ ᠂ ᠰᠢᠯᠢᠳᠡᠭ ᠰᠠᠢ᠌ᠨ ᠦᠷ᠎ᠡ ᠵᠢᠨ ᠮᠠᠯ᠎ᠢ ᠨᠡᠢ᠌ᠭᠡᠮ᠎ᠳᠤ ᠲᠠᠨᠢᠯᠴᠠᠭᠤᠯᠬᠤ ᠬᠡᠷᠡᠭᠲᠡᠢ ᠃ ᠰᠢᠯᠢᠳᠡᠭ ᠦᠷ᠎ᠡ ᠵᠢᠨ ᠮᠠᠯ᠎ᠢ ᠳᠠᠩᠰᠠᠯᠠᠬᠤ ᠳᠦᠷᠢᠮ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠬᠣᠷᠢᠨ ᠳᠥᠷᠪᠡᠳᠦᠭᠡᠷ ᠵᠦᠢ᠍ᠯ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠪᠤᠶᠤ ᠲᠠᠸᠠᠷ᠎ᠤᠨ ᠲᠥᠯ ᠮᠠᠯ ᠂ ᠵᠢᠭᠦᠷᠲᠡᠨ᠎ᠤ ᠴᠤᠷᠪᠠᠭ᠎ᠠ ᠵᠢ ᠦᠢ᠍ᠯᠡᠳᠪᠦᠷᠢᠯᠡᠵᠦ ᠡᠵᠡᠩᠨᠡᠬᠦ ᠠᠵᠢᠯ᠎ᠢ ᠡᠷᠬᠢᠯᠡᠵᠦ ᠪᠠᠢ᠌ᠭ᠎ᠠ ᠨᠢᠭᠡᠴᠢ ᠂ ᠬᠤᠪᠢ ᠬᠥᠮᠥᠨ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠣᠯᠣᠭᠰᠠᠨ ᠪᠠᠢ᠌ᠬᠤ ᠬᠡᠷᠡᠭᠲᠡᠢ᠃
ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠣᠯᠬᠤ᠎ᠪᠠᠷ ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ ᠄
(ᠨᠢᠭᠡ ) ᠦᠢ᠍ᠯᠡᠳᠪᠦᠷᠢᠯᠡᠵᠦ ᠡᠵᠡᠩᠨᠡᠵᠦ ᠪᠠᠢ᠌ᠭ᠎ᠠ ᠦᠷ᠎ᠡ ᠵᠢᠨ ᠮᠠᠯ ᠵᠢᠭᠦᠷᠲᠡᠨ᠎ᠨᠢ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠣᠮᠢᠰ᠎ᠤᠨ ᠬᠢᠨᠠᠨ ᠲᠣᠭᠲᠠᠭ᠋ᠠᠯᠲᠠ ᠪᠤᠶᠤ ᠬᠢᠨᠠᠨ ᠲᠣᠭᠲᠠᠭ᠋ᠠᠯᠲᠠ ᠵᠢ ᠳᠠᠮᠵᠢᠭᠰᠠᠨ ᠡᠭᠦᠯᠳᠡᠷ ᠂ ᠲᠥᠬᠥᠷᠵᠢᠭᠰᠡᠨ ᠤᠳᠤᠮ ᠂ ᠡᠰᠡᠬᠦᠯ᠎ᠡ ᠵᠥᠪᠰᠢᠶᠡᠷᠡᠭᠦᠯᠦᠭᠡᠳ ᠣᠷᠣᠭᠤᠯᠵᠤ ᠠᠪᠴᠢᠷᠠᠭᠰᠠᠨ ᠬᠢᠯᠢ ᠵᠢᠨ ᠭᠠᠳᠠᠨᠠᠬᠢ ᠡᠭᠦᠯᠳᠡᠷ ᠂ ᠲᠥᠬᠥᠷᠵᠢᠭᠰᠡᠨ ᠤᠳᠤᠮ ᠪᠠᠢ᠌ᠬᠤ ᠭᠡᠷᠡᠭᠳᠡᠢ;
(ᠬᠣᠶᠠᠷ ) ᠦᠢ᠍ᠯᠡᠳᠪᠦᠷᠢᠯᠡᠯ ᠡᠵᠡᠩᠨᠡᠯᠲᠡ ᠵᠢᠨ ᠬᠡᠪᠴᠢᠶ᠎ᠡ᠎ᠲᠠᠢ ᠵᠣᠬᠢᠴᠠᠭᠰᠠᠨ ᠮᠠᠯ ᠠᠵᠤ ᠠᠬᠤᠢ ᠮᠠᠯ ᠡᠮᠨᠡᠯᠭᠡ ᠵᠢᠨ ᠮᠡᠷᠭᠡᠵᠢᠯ᠎ᠤᠨ ᠠᠵᠢᠯᠲᠠᠨ᠎ᠲᠠᠢ ᠪᠠᠢ᠌ᠬᠤ ᠬᠡᠷᠡᠭᠲᠡᠢ;
(ᠭᠤᠷᠪᠠ ) ᠦᠢ᠍ᠯᠡᠳᠪᠦᠷᠢᠯᠡᠯ ᠡᠵᠡᠩᠨᠡᠯᠲᠡ ᠵᠢᠨ ᠬᠡᠪᠴᠢᠶ᠎ᠡ᠎ᠲᠠᠢ ᠵᠣᠬᠢᠴᠠᠭᠰᠠᠨ ᠦᠷᠡᠵᠢᠭᠦᠯᠦᠨ ᠪᠣᠢ᠌ᠵᠢᠭᠤᠯᠬᠤ ᠲᠥᠬᠦᠭᠡᠷᠦᠮᠵᠢ ᠲᠠᠢ ᠪᠠᠢ᠌ᠬᠤ ᠬᠡᠷᠡᠭᠲᠡᠢ;
(ᠳᠥᠷᠪᠡ ) ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠦᠷ᠎ᠡ ᠵᠢᠨ ᠮᠠᠯ ᠵᠢᠭᠦᠷᠲᠡᠨ᠎ᠤ ᠬᠢᠵᠢᠭ᠎ᠢ ᠰᠡᠷᠭᠡᠢ᠌ᠯᠡᠬᠦ ᠨᠥᠬᠥᠴᠡᠯ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ;
(ᠲᠠᠪᠤ ) ᠪᠦᠷᠢᠨ ᠲᠡᠭᠦᠯᠳᠡᠷ ᠶᠠᠰᠤ ᠴᠢᠨᠠᠷ᠎ᠤᠨ ᠬᠠᠮᠢᠶᠠᠷᠤᠯᠲᠠ ᠪᠠ ᠦᠷ᠎ᠡ ᠪᠣᠢ᠌ᠵᠢᠭᠤᠯᠬᠤ ᠲᠡᠮᠳᠡᠭᠯᠡᠯ᠎ᠤᠨ ᠳᠦᠷᠢᠮ᠎ᠲᠠᠢ ᠪᠠᠢ᠌ᠬᠤ ᠬᠡᠷᠭᠡᠲᠡᠢ;
(ᠵᠢᠷᠭᠤᠭ᠎ᠠ ) ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠳ᠃
ᠬᠣᠷᠢᠨ ᠲᠠᠪᠤᠳᠤᠭ᠋ᠠᠷ ᠵᠦᠢ᠍ᠯ ᠭᠡᠷ᠎ᠤᠨ ᠲᠡᠵᠢᠭᠡᠪᠦᠷᠢ ᠵᠢᠨ ᠥᠨᠳᠡᠭᠡᠨ ᠡᠰ ᠂ ᠦᠷ᠎ᠡ ᠵᠢᠨ ᠰᠢᠩᠭᠡᠨ ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠣᠯᠬᠤ᠎ᠪᠠᠷ ᠭᠤᠶᠤᠴᠢᠯᠠᠬᠤ᠎ᠳᠤ ᠲᠤᠰ ᠬᠠᠤᠯᠢ ᠵᠢᠨ ᠬᠣᠷᠢᠨ ᠳᠥᠷᠪᠡᠳᠦᠭᠡᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ᠎ᠠᠴᠠ ᠭᠠᠳᠠᠨ᠎ᠠ ᠪᠠᠰᠠ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
(ᠨᠢᠭᠡ ) ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠲᠤᠷᠰᠢᠯᠲᠠ ᠵᠢᠨ ᠲᠠᠰᠤᠭ ᠂ ᠬᠠᠳᠠᠭ᠋ᠠᠯᠠᠬᠤ ᠪᠠ ᠲᠡᠭᠡᠭᠡᠪᠦᠷᠢᠯᠡᠬᠦ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ;
(ᠬᠣᠶᠠᠷ ) ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠦᠷ᠎ᠡ ᠵᠢᠨ ᠮᠠᠯ᠎ᠤᠨ ᠲᠣᠭ᠎ᠠ ᠬᠡᠮᠵᠢᠶ᠎ᠡ ᠪᠠ ᠶᠠᠰᠤ ᠴᠢᠨᠠᠷ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ;
(ᠭᠤᠷᠪᠠ ) ᠪᠡᠶ᠎ᠡ ᠵᠢᠨ ᠭᠠᠳᠠᠨ᠎ᠠ ᠦᠷ᠎ᠡ ᠳᠤᠭᠳᠠᠭ᠋ᠠᠵᠤ ᠣᠯᠣᠭᠰᠠᠨ ᠬᠦᠪᠦᠷᠡᠯ ᠂ ᠬᠡᠷᠡᠭᠯᠡᠭᠰᠡᠨ ᠥᠨᠳᠡᠭᠡᠨ ᠡᠰ᠎ᠤᠨ ᠢᠷᠡᠯᠲᠡ᠎ᠨᠢ ᠲᠣᠳᠣᠷᠬᠠᠢ ᠂ ᠬᠠᠩᠭ᠋ᠠᠭᠴᠢ ᠮᠡᠯ᠎ᠨᠢ ᠤᠯᠤᠰ᠎ᠠᠴᠠ ᠲᠣᠭᠲᠠᠭ᠋ᠠᠭᠰᠠᠨ ᠦᠷ᠎ᠡ ᠵᠢᠨ ᠮᠡᠯ᠎ᠤᠨ ᠡᠷᠡᠭᠦᠯ ᠮᠡᠡᠳᠦ ᠵᠢᠨ ᠪᠠᠷᠢᠮᠵᠢᠶ᠎ᠠ ᠪᠠ ᠶᠠᠰᠤ ᠴᠢᠨᠠᠷ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ;
(ᠳᠥᠷᠪᠡ ) ᠬᠣᠯᠪᠣᠭᠳᠠᠯ ᠪᠦᠬᠦᠢ ᠤᠯᠤᠰ᠎ᠤᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠬᠣᠷᠢᠨ ᠵᠢᠷᠭᠤᠳᠤᠭ᠋ᠠᠷ ᠵᠦᠢ᠍ᠯ ᠭᠡᠷ᠎ᠤᠨ ᠲᠡᠵᠢᠭᠡᠪᠦᠷᠢ ᠵᠢᠨ ᠥᠨᠳᠡᠭᠡᠨ ᠡᠰ ᠂ ᠦᠷ᠎ᠡ ᠵᠢᠨ ᠰᠢᠩᠭᠡᠨ ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠣᠯᠬᠤ᠎ᠪᠠᠷ ᠭᠤᠶᠤᠴᠢᠯᠠᠬᠤ᠎ᠳᠠᠭᠠᠨ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠵᠡᠨ ᠪᠣᠯᠬᠤ ᠬᠡᠷᠡᠭᠲᠡᠢ᠃
ᠬᠣᠷᠢᠨ ᠵᠢᠷᠭᠤᠳᠤᠭ᠋ᠠᠷ ᠵᠦᠢ᠍ᠯ ᠭᠡᠷ᠎ᠤᠨ ᠲᠡᠵᠢᠭᠡᠪᠦᠷᠢ ᠵᠢᠨ ᠥᠨᠳᠡᠭᠡᠨ ᠡᠰ ᠂ ᠦᠷ᠎ᠡ ᠵᠢᠨ ᠰᠢᠩᠭᠡᠨ ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠣᠯᠬᠤ᠎ᠪᠠᠷ ᠭᠤᠶᠤᠴᠢᠯᠠᠬᠤ᠎ᠳᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠢ ᠃ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠢ ᠣᠯᠣᠭᠰᠠᠨ ᠡᠳᠦᠷ᠎ᠠᠴᠠ ᠡᠬᠢᠯᠡᠨ ᠵᠢᠷᠠᠨ ᠠᠵᠢᠯ᠎ᠤᠨ ᠡᠳᠦᠷ᠎ᠤᠨ ᠳᠣᠲᠣᠷ᠎ᠠ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠣᠯᠭᠣᠬᠤ ᠡᠰᠡᠬᠦ᠎ᠪᠠᠨ ᠬᠠᠤᠯᠢ ᠶᠣᠰᠣᠭ᠋ᠠᠷ ᠲᠣᠭᠲᠠᠭ᠋ᠠᠬᠤ ᠬᠡᠷᠡᠭᠲᠡᠢ᠃
ᠪᠤᠰᠤᠳ ᠦᠷ᠎ᠡ ᠵᠢᠨ ᠮᠠᠯ ᠵᠢᠭᠦᠷᠲᠡᠨ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ ᠣᠯᠭᠣᠨ᠎ᠠ᠃
ᠤᠯᠤᠰ᠎ᠠᠴᠠ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠨᠢᠭᠡᠳᠦᠯᠲᠡᠢ ᠬᠠᠮᠢᠶᠠᠷᠴᠤ ᠂ ᠱᠠᠲᠤ ᠬᠤᠪᠢᠶᠠᠨ ᠬᠠᠷᠢᠭᠤᠴᠠᠵᠤ ᠂ ᠨᠢᠭᠡᠳᠦᠯᠲᠡᠢ ᠮᠡᠳᠡᠭᠡ ᠵᠠᠩᠭᠢ ᠵᠢᠨ ᠲᠠᠪᠴᠠᠩ᠎ᠳᠤ ᠭᠦᠢ᠍ᠴᠡᠳᠬᠡᠨ᠎ᠡ ᠃ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠭᠰᠡᠨ ᠪᠠ ᠣᠯᠭᠣᠭᠰᠠᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠨᠡᠢ᠌ᠭᠡᠮ᠎ᠳᠤ ᠢᠯᠡ ᠪᠣᠯᠭ᠋ᠠᠬᠤ ᠬᠡᠷᠡᠭᠲᠡᠢ ᠃ ᠪᠣᠳᠠᠲᠠᠢ ᠠᠷᠭ᠎ᠠ ᠪᠣᠯᠣᠨ ᠵᠥᠪᠰᠢᠶᠡᠷᠡᠯ᠎ᠤᠨ ᠦᠨᠡᠮᠯᠡᠯ᠎ᠤᠨ ᠶᠠᠩᠵᠤ ᠬᠡᠯᠪᠡᠷᠢ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ᠎ᠠᠴᠠ ᠲᠣᠭᠲᠠᠭ᠋ᠠᠨ᠎ᠠ᠃
ᠬᠣᠷᠢᠨ ᠳᠣᠯᠣᠳᠤᠭ᠋ᠠᠷ ᠵᠦᠢ᠍ᠯ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠳᠤ ᠦᠢ᠍ᠯᠡᠳᠪᠦᠷᠢᠯᠡᠵᠦ ᠡᠵᠡᠩᠨᠡᠭᠴᠢ ᠵᠢᠨ ᠨᠡᠷᠡᠢ᠌ᠳᠦᠯ ᠂ ᠲᠠᠯᠠᠪᠠᠢ (ᠦᠢ᠍ᠯᠡᠳᠪᠦᠷᠢ ) ᠵᠢᠨ ᠬᠠᠶᠢᠭ ᠂ ᠦᠢ᠍ᠯᠡᠳᠪᠦᠷᠢᠯᠡᠵᠦ ᠡᠵᠡᠩᠨᠡᠬᠦ ᠬᠡᠪᠴᠢᠶ᠎ᠡ ᠵᠢᠴᠢ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠡᠷᠭᠡ ᠵᠢ ᠲᠣᠳᠣᠷᠬᠠᠢ᠌ᠯᠠᠬᠤ ᠬᠡᠷᠡᠭᠲᠡᠢ᠃
ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠦᠭᠡᠢ᠎ᠪᠠᠷ ᠪᠤᠶᠤ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠲᠣᠭᠲᠠᠭ᠋ᠠᠯ᠎ᠢ ᠵᠥᠷᠢᠴᠡᠨ ᠦᠷ᠎ᠡ ᠵᠢᠨ ᠮᠠᠯ ᠵᠢᠭᠦᠷᠲᠡᠨ ᠪᠤᠶᠤ ᠲᠠᠸᠠᠷ᠎ᠤᠨ ᠲᠥᠯ ᠮᠠᠯ ᠂ ᠵᠢᠭᠦᠷᠲᠡᠨ᠎ᠤ ᠴᠤᠷᠪᠠᠭ᠎ᠠ ᠵᠢ ᠦᠢ᠍ᠯᠡᠳᠪᠦᠷᠢᠯᠡᠵᠦ ᠡᠵᠡᠩᠨᠡᠬᠦ ᠵᠢ ᠴᠠᠭ᠋ᠠᠵᠠᠯᠠᠨ᠎ᠠ ᠃ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠠᠭᠤᠷᠮᠠᠭᠯᠠᠨ ᠵᠣᠬᠢᠶᠠᠬᠤ ᠂ ᠬᠤᠪᠢᠷᠠᠭᠤᠯᠤᠨ ᠵᠣᠬᠢᠶᠠᠬᠤ ᠂ ᠰᠢᠯᠵᠢᠭᠦᠯᠦᠨ ᠥᠭᠬᠦ ᠂ ᠲᠦᠷᠢᠶᠡᠰᠦᠯᠡᠭᠦᠯᠦᠨ ᠵᠢᠭᠡᠯᠡᠭᠦᠯᠬᠦ ᠵᠢ ᠴᠠᠭ᠋ᠠᠵᠠᠯᠠᠨ᠎ᠠ᠃
ᠬᠣᠷᠢᠨ ᠨᠠᠢ᠍ᠮᠠᠳᠤᠭ᠋ᠠᠷ ᠵᠦᠢ᠍ᠯ ᠲᠠᠷᠢᠶᠠᠴᠢᠨ ᠡᠷᠦᠭᠡ ᠵᠢᠨ ᠲᠡᠵᠢᠭᠡᠨ ᠠᠷᠠᠴᠢᠯᠠᠵᠤ ᠪᠠᠢ᠌ᠭ᠎ᠠ ᠦᠷ᠎ᠡ ᠵᠢᠨ ᠮᠠᠯ ᠵᠢᠭᠦᠷᠲᠡᠨ ᠵᠶ᠋ᠡᠨ ᠥᠪᠡᠷ ᠵᠶ᠋ᠡᠨ ᠦᠷᠡᠵᠢᠭᠦᠯᠦᠨ ᠲᠡᠵᠢᠭᠡᠬᠦ᠎ᠳᠤ ᠬᠡᠷᠡᠭᠯᠡᠬᠦ ᠪᠠ ᠦᠯᠡᠭᠦᠳᠡᠭᠰᠡᠨ ᠪᠠᠭ᠎ᠠ ᠬᠡᠮᠵᠢᠶᠡᠨ᠎ᠤ ᠲᠥᠯ ᠮᠠᠯ ᠂ ᠵᠢᠭᠦᠷᠲᠡᠨ᠎ᠤ ᠴᠤᠷᠪᠠᠭ᠎ᠠ᠎ᠪᠠᠨ ᠬᠤᠳᠠᠯᠳᠤᠬᠤ᠎ᠳᠤ ᠬᠡᠷᠡᠭᠯᠡᠬᠦ ᠂ ᠲᠠᠷᠢᠶᠠᠴᠢᠨ ᠡᠷᠦᠭᠡ ᠦᠷ᠎ᠡ ᠵᠢᠨ ᠮᠠᠯ ᠲᠡᠵᠢᠭᠡᠭᠡᠳ ᠬᠠᠪᠰᠤᠷᠤᠯᠴᠠᠨ ᠬᠡᠭᠡᠯᠲᠦᠭᠦᠯᠬᠦ᠎ᠳᠤ ᠬᠦᠷᠪᠡᠯ ᠂ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠠᠪᠬᠤ ᠴᠢᠬᠤᠯᠠ ᠦᠭᠡᠢ᠃
ᠬᠣᠷᠢ ᠶᠢᠰᠦᠳᠦᠭᠡᠷ ᠵᠦᠢ᠍ᠯ ᠦᠷ᠎ᠡ ᠵᠢᠨ ᠮᠠᠯ ᠵᠢᠭᠦᠷᠲᠡᠨ᠎ᠤ ᠵᠠᠷ ᠨᠡᠢ᠌ᠲᠡᠯᠡᠬᠦ᠎ᠳᠤ ᠂ ᠵᠠᠷ᠎ᠤᠨ ᠡᠵᠡᠨ᠎ᠨᠢ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠪᠠ ᠡᠵᠡᠩᠨᠡᠯᠲᠡ ᠵᠢᠨ ᠦᠨᠡᠮᠯᠡᠯ᠎ᠲᠠᠢ ᠪᠠᠢ᠌ᠬᠤ ᠪᠤᠶᠤ ᠬᠠᠩᠭ᠋ᠠᠬᠤ ᠬᠡᠷᠡᠭᠲᠡᠢ ᠃ ᠵᠠᠷ᠎ᠤᠨ ᠠᠭᠤᠯᠭ᠎ᠠ᠎ᠨᠢ ᠬᠣᠯᠪᠣᠭᠳᠠᠯ ᠪᠦᠬᠦᠢ ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠪᠥᠭᠡᠳ ᠦᠷ᠎ᠡ ᠵᠢᠨ ᠮᠠᠯ ᠵᠢᠭᠦᠷᠲᠡᠨ᠎ᠤ ᠡᠭᠦᠯᠳᠡᠷ ᠂ ᠲᠥᠬᠥᠷᠵᠢᠭᠰᠡᠨ ᠤᠳᠤᠮ᠎ᠤᠨ ᠬᠢᠨᠠᠨ ᠲᠣᠭᠲᠠᠭ᠋ᠠᠯᠲᠠ ᠪᠤᠶᠤ ᠬᠢᠨᠠᠨ ᠲᠣᠭᠲᠠᠭ᠋ᠠᠯᠲᠠ ᠵᠢᠨ ᠨᠡᠷᠡᠢ᠌ᠳᠦᠯ᠎ᠢ ᠲᠣᠳᠣᠷᠬᠠᠢ ᠪᠢᠴᠢᠵᠦ ᠂ ᠭᠣᠣᠯ ᠰᠢᠨᠵᠢ ᠪᠠᠢ᠌ᠳᠠᠯ᠎ᠤᠨ ᠲᠤᠬᠠᠢ ᠳᠦᠷᠰᠦᠯᠡᠨ ᠲᠣᠭ᠋ᠠᠴᠢᠯᠲᠠ᠎ᠨᠢ ᠲᠤᠰ ᠡᠭᠦᠯᠳᠡᠷ ᠂ ᠲᠥᠬᠥᠷᠵᠢᠭᠰᠡᠨ ᠤᠳᠤᠮ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ
ᠬᠡᠷᠡᠭᠲᠡᠢ᠃
ᠭᠤᠴᠢᠳᠤᠭ᠋ᠠᠷ ᠵᠦᠢ᠍ᠯ ᠪᠣᠷᠣᠯᠠᠭᠤᠯᠬᠤ ᠦᠷ᠎ᠡ ᠵᠢᠨ ᠮᠠᠯ ᠵᠢᠭᠦᠷᠲᠡᠨ ᠂ ᠭᠡᠷ᠎ᠤᠨ ᠲᠡᠵᠢᠭᠡᠪᠦᠷᠢ ᠵᠢᠨ ᠬᠡᠭᠡᠯᠲᠦᠭᠦᠯᠭᠡ ᠵᠢᠨ ᠦᠷᠳᠡᠭᠡ (ᠴᠡᠭ ) ᠳᠤ ᠬᠡᠷᠡᠭᠯᠡᠬᠦ ᠦᠷ᠎ᠡ ᠵᠢᠨ ᠮᠠᠯ᠎ᠨᠢ ᠬᠡᠭᠡᠯᠲᠦᠭᠦᠯᠭᠡ᠎ᠳᠤ ᠬᠡᠷᠡᠭᠯᠡᠬᠦ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠃ ᠦᠷ᠎ᠡ ᠵᠢᠨ ᠮᠠᠯ ᠵᠢᠭᠦᠷᠲᠡᠨ᠎ᠢ ᠪᠣᠷᠣᠯᠠᠭᠤᠯᠬᠤ᠎ᠳᠠᠭᠠᠨ ᠦᠷ᠎ᠡ ᠵᠢᠨ ᠮᠠᠯ ᠵᠢᠭᠦᠷᠲᠡᠨ᠎ᠤ ᠲᠠᠯᠠᠪᠠᠢ᠎ᠠᠴᠠ ᠭᠠᠷᠭ᠋ᠠᠵᠤ ᠥᠭᠭᠦᠭᠰᠡᠨ ᠦᠷ᠎ᠡ ᠵᠢᠨ ᠮᠠᠯ ᠵᠢᠭᠦᠷᠲᠡᠨ᠎ᠤ ᠬᠢᠷᠢ ᠲᠡᠩᠴᠡᠭᠰᠡᠨ ᠭᠡᠷᠡᠴᠢᠯᠡᠯ ᠂ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ᠎ᠠᠴᠠ ᠭᠠᠷᠭ᠋ᠠᠵᠤ ᠥᠭᠭᠦᠭᠰᠡᠨ ᠬᠢᠵᠢᠭ᠎ᠤᠨ ᠪᠠᠢ᠌ᠴᠠᠭ᠋ᠠᠯᠲᠠ ᠵᠢᠨ ᠭᠡᠷᠡᠴᠢᠯᠡᠯ᠎ᠢ ᠳᠠᠭ᠋ᠠᠯᠳᠤᠭᠤᠯᠬᠤ ᠬᠡᠷᠡᠭᠲᠡᠢ ᠂ ᠪᠣᠷᠣᠯᠠᠭᠤᠯᠬᠤ ᠦᠷ᠎ᠡ ᠵᠢᠨ ᠮᠠᠯ᠎ᠳᠤ ᠪᠠᠰᠠ ᠦᠷ᠎ᠡ ᠵᠢᠨ ᠮᠠᠯ ᠵᠢᠭᠦᠷᠲᠡᠨ᠎ᠤ ᠲᠠᠯᠠᠪᠠᠢ᠎ᠠᠴᠠ ᠭᠠᠷᠭ᠋ᠠᠵᠤ ᠥᠭᠭᠦᠭᠰᠡᠨ ᠭᠡᠷ᠎ᠤᠨ ᠲᠡᠵᠢᠭᠡᠪᠦᠷᠢ ᠵᠢᠨ ᠤᠳᠤᠮ᠎ᠤᠨ ᠴᠠᠳᠢᠭ᠎ᠢ ᠳᠠᠭ᠋ᠠᠯᠳᠤᠭᠤᠯᠬᠤ ᠬᠡᠷᠡᠭᠲᠡᠢ᠃
ᠭᠡᠷ᠎ᠤᠨ ᠲᠡᠵᠢᠭᠡᠪᠦᠷᠢ ᠵᠢᠨ ᠥᠨᠳᠡᠭᠡᠨ ᠡᠰ ᠂ ᠦᠷ᠎ᠡ ᠵᠢᠨ ᠰᠢᠩᠭᠡᠨ ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ᠎ᠳᠡᠭᠡᠨ ᠲᠡᠭᠦᠵᠦ ᠴᠤᠭᠯᠠᠭᠤᠯᠤᠭᠰᠠᠨ ᠂ ᠪᠣᠷᠣᠯᠠᠭᠤᠯᠤᠭᠰᠠᠨ ᠂ ᠰᠢᠯᠵᠢᠭᠦᠯᠦᠨ ᠰᠠᠭᠤᠯᠭ᠋ᠠᠭᠰᠠᠨ ᠵᠡᠷᠭᠡ ᠲᠠᠯ᠎ᠠ ᠵᠢᠨ ᠪᠦᠷᠢᠨ ᠪᠦᠲᠦᠨ ᠲᠡᠮᠳᠡᠭᠯᠡᠯ᠎ᠲᠠᠢ ᠪᠠᠢ᠌ᠬᠤ ᠬᠡᠷᠡᠭᠲᠡᠢ ᠂ ᠲᠡᠮᠳᠡᠭᠯᠡᠯ ᠵᠶ᠋ᠡᠨ ᠬᠣᠶᠠᠷ ᠵᠢᠯ ᠬᠠᠳᠠᠭ᠋ᠠᠯᠠᠬᠤ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠦᠷ᠎ᠡ ᠵᠢᠨ ᠮᠠᠯ ᠵᠢᠭᠦᠷᠲᠡᠨ᠎ᠢ ᠪᠣᠷᠣᠯᠠᠭᠤᠯᠬᠤ᠎ᠳᠤ᠎ᠪᠠᠨ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠄
(ᠨᠢᠭᠡ ) ᠪᠤᠰᠤᠳ ᠮᠠᠯ ᠵᠢᠭᠦᠷᠲᠡᠨ᠎ᠤ ᠡᠭᠦᠯᠳᠡᠷ ᠂ ᠲᠥᠬᠥᠷᠵᠢᠭᠰᠡᠨ ᠤᠳᠤᠮ ᠵᠶ᠋ᠠᠷ ᠪᠣᠷᠣᠯᠠᠭᠤᠯᠵᠤ ᠪᠠᠢ᠌ᠭ᠎ᠠ ᠦᠷ᠎ᠡ ᠵᠢᠨ ᠮᠠᠯ ᠵᠢᠭᠦᠷᠲᠡᠨ᠎ᠤ ᠡᠭᠦᠯᠳᠡᠷ ᠂ ᠲᠥᠬᠥᠷᠵᠢᠭᠰᠡᠨ ᠤᠳᠤᠮ᠎ᠢ ᠬᠠᠭᠤᠷᠮᠠᠭᠯᠠᠨ ᠤᠷᠤᠯᠠᠭᠤᠯᠬᠤ ;
(ᠬᠣᠶᠠᠷ ) ᠳᠣᠣᠷ᠎ᠠ ᠦᠶ᠎ᠡ ᠵᠢᠨ ᠣᠨᠳᠣᠣ ᠦᠷ᠎ᠡ ᠵᠢᠨ ᠮᠠᠯ ᠵᠢᠭᠦᠷᠲᠡᠨ ᠵᠶ᠋ᠡᠷ ᠲᠡᠭᠡᠳᠦ ᠦᠶ᠎ᠡ ᠵᠢᠨ ᠣᠨᠳᠣᠣ ᠦᠷ᠎ᠡ ᠵᠢᠨ ᠮᠠᠯ ᠵᠢᠭᠦᠷᠲᠡᠨ᠎ᠢ ᠬᠠᠭᠤᠷᠮᠠᠭᠯᠠᠨ ᠣᠷᠣᠯᠠᠭᠤᠯᠬᠤ ;
(ᠭᠤᠷᠪᠠ ) ᠦᠷ᠎ᠡ᠎ᠳᠤ ᠬᠡᠷᠡᠭᠯᠡᠬᠦ ᠪᠠᠷᠢᠮᠵᠢᠶ᠎ᠠ᠎ᠳᠤ ᠦᠯᠦ ᠨᠡᠢ᠌ᠴᠡᠬᠦ ᠮᠠᠯ ᠵᠢᠭᠦᠷᠲᠡᠨ ᠵᠶ᠋ᠡᠷ ᠦᠷ᠎ᠡ ᠵᠢᠨ ᠮᠠᠯ ᠵᠢᠭᠦᠷᠲᠡᠨ᠎ᠢ ᠬᠠᠭᠤᠷᠮᠠᠭᠯᠠᠨ ᠣᠷᠣᠯᠠᠭᠤᠯᠬᠤ;
(ᠳᠥᠷᠪᠡ ) ᠭᠠᠳᠠᠭ᠋ᠠᠳᠤ᠎ᠠᠴᠠ ᠣᠷᠣᠭᠤᠯᠬᠤ᠎ᠪᠠᠷ ᠵᠥᠪᠰᠢᠶᠡᠷᠡᠭᠦᠯᠦᠭᠰᠡᠨ ᠦᠭᠡᠢ ᠦᠷ᠎ᠡ ᠵᠢᠨ ᠮᠠᠯ ᠵᠢᠭᠦᠷᠲᠡᠨ᠎ᠢ ᠪᠣᠷᠣᠯᠠᠭᠤᠯᠬᠤ;
(ᠲᠠᠪᠤ ) ᠲᠤᠰ ᠬᠠᠤᠯᠢ ᠵᠢᠨ ᠭᠤᠴᠢᠳᠤᠭ᠋ᠠᠷ ᠵᠦᠢ᠍ᠯ᠎ᠳᠤ ᠲᠣᠭᠲᠠᠭ᠋ᠠᠭᠰᠠᠨ ᠦᠷ᠎ᠡ ᠵᠢᠨ ᠮᠠᠯ ᠵᠢᠭᠦᠷᠲᠡᠨ᠎ᠤ ᠬᠢᠷᠢ ᠲᠡᠩᠴᠡᠭᠰᠡᠨ ᠭᠡᠷᠡᠴᠢᠯᠡᠯ ᠂ ᠬᠢᠵᠢᠭ᠎ᠤᠨ ᠪᠠᠢ᠌ᠴᠠᠭ᠋ᠠᠯᠲᠠ ᠵᠢᠨ ᠭᠡᠷᠡᠴᠢᠯᠡᠯ᠎ᠢ ᠳᠠᠭ᠋ᠠᠯᠳᠤᠭᠤᠯᠤᠭᠰᠠᠨ ᠦᠭᠡᠢ ᠦᠷ᠎ᠡ ᠵᠢᠨ ᠮᠠᠯ ᠵᠢᠭᠦᠷᠲᠡᠨ ᠪᠤᠶᠤ ᠭᠡᠷ᠎ᠤᠨ ᠲᠡᠵᠢᠭᠡᠪᠦᠷᠢ ᠵᠢᠨ ᠤᠳᠤᠮ᠎ᠤᠨ ᠲᠡᠮᠳᠡᠭᠯᠡᠯ᠎ᠢ ᠳᠠᠭ᠋ᠠᠯᠳᠤᠭᠤᠯᠤᠭᠰᠠᠨ ᠦᠭᠡᠢ ᠦᠷ᠎ᠡ ᠵᠢᠨ ᠮᠠᠯ᠎ᠢ ᠪᠣᠷᠣᠯᠠᠭᠤᠯᠬᠤ;
(ᠵᠢᠷᠭᠤᠭ᠎ᠠ ) ᠬᠢᠨᠠᠨ ᠲᠣᠭᠲᠠᠭ᠋ᠠᠯᠲᠠ ᠪᠤᠶᠤ ᠰᠢᠯᠭ᠋ᠠᠨ ᠲᠣᠭᠲᠠᠭ᠋ᠠᠯᠲᠠ ᠵᠢ ᠥᠩᠭᠡᠷᠡᠭᠡᠭᠰᠡᠨ ᠦᠭᠡᠢ ᠦᠷ᠎ᠡ ᠵᠢᠨ ᠮᠠᠯ ᠵᠢᠭᠦᠷᠲᠡᠨ᠎ᠤ ᠡᠭᠦᠯᠳᠡᠷ ᠂ ᠲᠥᠬᠥᠷᠵᠢᠭᠰᠡᠨ ᠤᠳᠤᠮ᠎ᠢ ᠪᠣᠷᠣᠯᠠᠭᠤᠯᠬᠤ᠃
ᠭᠤᠴᠢᠨ ᠬᠣᠶᠠᠳᠤᠭ᠋ᠠᠷ ᠵᠦᠢ᠍ᠯ ᠦᠷ᠎ᠡ ᠵᠢᠨ ᠮᠠᠯ ᠵᠢᠭᠦᠷᠲᠡᠨ᠎ᠢ ᠭᠠᠳᠠᠭ᠋ᠠᠳᠤ᠎ᠠᠴᠠ ᠣᠷᠣᠭᠤᠯᠬᠤ᠎ᠪᠠᠷ ᠭᠤᠶᠤᠴᠢᠯᠠᠬᠤ᠎ᠳᠤ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠲᠠᠢ ᠪᠠᠢ᠌ᠬᠤ ᠬᠡᠷᠡᠭᠲᠡᠢ ᠃ ᠦᠷ᠎ᠡ ᠵᠢᠨ ᠮᠠᠯ ᠵᠢᠭᠦᠷᠲᠡᠨ ᠪᠠᠢ᠌ᠬᠤ ᠦᠭᠡᠢ᠎ᠠᠴᠠ ᠪᠣᠯᠵᠤ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠣᠯᠣᠭᠰᠠᠨ ᠦᠭᠡᠢ ᠪᠠᠢ᠌ᠪᠠᠯ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠳᠣᠷᠬᠠᠢ᠌ᠯᠠᠯᠲᠠ ᠵᠢᠨ ᠪᠢᠴᠢᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ ᠃ ᠦᠷ᠎ᠡ ᠵᠢᠨ ᠮᠠᠯ ᠵᠢᠭᠦᠷᠲᠡᠨ᠎ᠢ ᠭᠠᠳᠠᠭ᠋ᠠᠳᠤ᠎ᠠᠴᠠ ᠣᠷᠣᠭᠤᠯᠬᠤ ᠵᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠵᠢᠷᠭᠤᠭ᠋ᠠᠨ ᠰᠠᠷ᠎ᠠ ᠪᠣᠯᠣᠨ᠎ᠠ᠃
ᠭᠠᠳᠠᠭ᠋ᠠᠳᠤ᠎ᠠᠴᠠ ᠣᠷᠣᠭᠤᠯᠬᠤ ᠦᠷ᠎ᠡ ᠵᠢᠨ ᠮᠠᠯ ᠵᠢᠭᠦᠷᠲᠡᠨ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠃ ᠠᠩᠬ᠎ᠠ ᠤᠳᠠᠭ᠎ᠠ ᠭᠠᠳᠠᠭ᠋ᠠᠳᠤ᠎ᠠᠴᠠ ᠣᠷᠣᠭᠤᠯᠤᠭᠰᠠᠨ ᠦᠷ᠎ᠡ ᠵᠢᠨ ᠮᠠᠯ ᠵᠢᠭᠦᠷᠲᠡᠨ᠎ᠳᠤ ᠪᠠᠰᠠ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠵᠥᠪᠯᠡᠯ᠎ᠠᠴᠠ ᠦᠷ᠎ᠡ᠎ᠳᠤ ᠬᠡᠷᠡᠭᠯᠡᠬᠦ ᠴᠢᠳᠠᠮᠵᠢ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠢ ᠃
ᠦᠷ᠎ᠡ ᠵᠢᠨ ᠮᠠᠯ ᠵᠢᠭᠦᠷᠲᠡᠨ᠎ᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠠᠮᠢᠶᠠᠷᠤᠯᠲᠠ᠎ᠳᠤ ᠲᠤᠰ ᠵᠦᠢ᠍ᠯ᠎ᠤᠨ ᠡᠮᠦᠨᠡᠬᠢ ᠬᠣᠶᠠᠷ ᠪᠠᠳᠠᠭ᠎ᠤᠨ ᠲᠣᠭᠲᠠᠭ᠋ᠠᠯ᠎ᠢ ᠬᠡᠷᠡᠭᠯᠡᠬᠦ᠎ᠠᠴᠠ ᠭᠠᠳᠠᠨ᠎ᠠ ᠪᠠᠰᠠ ᠲᠤᠰ ᠬᠠᠤᠯᠢ ᠵᠢᠨ ᠠᠷᠪᠠᠨ ᠵᠢᠷᠭᠤᠳᠤᠭ᠋ᠠᠷ ᠵᠦᠢ᠍ᠯ ᠂ ᠠᠷᠪᠠᠨ ᠳᠣᠯᠣᠳᠤᠭ᠋ᠠᠷ ᠵᠦᠢ᠍ᠯ ᠪᠠ ᠬᠣᠷᠢᠨ ᠬᠣᠶᠠᠳᠤᠭ᠋ᠠᠷ ᠵᠦᠢ᠍ᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠯᠡᠨ᠎ᠡ᠃
ᠤᠯᠤᠰ᠎ᠠᠴᠠ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢᠳ᠎ᠤᠨ ᠭᠠᠳᠠᠭ᠋ᠠᠳᠤ᠎ᠠᠴᠠ ᠣᠷᠣᠭᠤᠯᠤᠭᠰᠠᠨ ᠦᠷ᠎ᠡ ᠵᠢᠨ ᠮᠠᠯ ᠵᠢᠭᠦᠷᠲᠡᠨ᠎ᠢ ᠠᠰᠢᠭᠯᠠᠨ ᠰᠢᠨ᠎ᠡ ᠡᠭᠦᠯᠳᠡᠷ ᠂ ᠲᠥᠬᠥᠷᠵᠢᠭᠰᠡᠨ ᠤᠳᠤᠮ᠎ᠢ ᠪᠣᠢ᠌ᠵᠢᠭᠤᠯᠬᠤ ᠵᠢ ᠵᠣᠷᠢᠭᠵᠢᠭᠤᠯᠤᠨ᠎ᠠ ; ᠪᠣᠢ᠌ᠵᠢᠭᠤᠯᠤᠭᠰᠠᠨ ᠰᠢᠨ᠎ᠡ ᠡᠭᠦᠯᠳᠡᠷ ᠂ ᠲᠥᠬᠥᠷᠵᠢᠭᠰᠡᠨ ᠤᠳᠤᠮ᠎ᠢ ᠳᠡᠯᠭᠡᠷᠡᠭᠦᠯᠬᠦ᠎ᠠᠴᠠ ᠡᠮᠦᠨ᠎ᠡ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠵᠥᠪᠯᠡᠯ ᠵᠶ᠋ᠡᠷ ᠬᠢᠨᠠᠨ ᠲᠣᠭᠲᠠᠭ᠋ᠠᠯᠭ᠋ᠠᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠲᠠᠸᠠᠷ᠎ᠤᠨ ᠲᠥᠯ ᠮᠠᠯ ᠂ ᠵᠢᠭᠦᠷᠲᠡᠨ᠎ᠤ ᠴᠤᠷᠪᠠᠭ᠎ᠠ ᠵᠢ ᠪᠣᠷᠣᠯᠠᠭᠤᠯᠬᠤ᠎ᠳᠤ ᠂ ᠬᠤᠳᠠᠯᠳᠤᠨ ᠠᠪᠤᠭᠴᠢ᠎ᠳᠤ ᠪᠣᠷᠣᠯᠠᠭᠤᠯᠬᠤ ᠲᠠᠸᠠᠷ᠎ᠤᠨ ᠲᠥᠯ ᠮᠠᠯ ᠂ ᠵᠢᠭᠦᠷᠲᠡᠨ᠎ᠤ ᠴᠤᠷᠪᠠᠭ᠎ᠠ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠭᠣᠣᠯ ᠭᠦᠢ᠍ᠴᠡᠳᠬᠡᠬᠦ ᠲᠣᠭ᠎ᠠ ᠂ ᠡᠭᠡᠯᠢᠯᠡᠭᠡ ᠵᠢᠨ ᠪᠠᠢ᠌ᠳᠠᠯ ᠂ ᠠᠷᠠᠴᠢᠯᠠᠨ ᠲᠡᠵᠢᠭᠡᠬᠦ ᠮᠡᠷᠭᠡᠵᠢᠯ᠎ᠤᠨ ᠱᠠᠭ᠋ᠠᠷᠳᠠᠯᠭ᠎ᠠ ᠪᠠ ᠬᠣᠯᠪᠣᠭᠳᠠᠯ ᠪᠦᠬᠦᠢ ᠵᠥᠪᠯᠡᠯᠭᠡ ᠥᠭᠬᠦ ᠦᠢ᠍ᠯᠡᠴᠢᠯᠡᠭᠡ ᠵᠢ ᠬᠠᠩᠭ᠋ᠠᠬᠤ ᠵᠢᠨ ᠬᠠᠮᠲᠤ ᠠᠮᠢᠲᠠᠨ᠎ᠤ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ᠎ᠠᠴᠠ ᠭᠠᠷᠭ᠋ᠠᠭᠰᠠᠨ ᠬᠢᠵᠢᠭ᠎ᠤᠨ ᠪᠠᠢ᠌ᠴᠠᠭ᠋ᠠᠯᠲᠠ ᠬᠢᠭᠰᠡᠨ ᠭᠡᠷᠡᠴᠢᠯᠡᠯ᠎ᠢ ᠳᠠᠭ᠋ᠠᠯᠳᠤᠭᠤᠯᠬᠤ ᠬᠡᠷᠡᠭᠲᠡᠢ᠃
ᠦᠷ᠎ᠡ ᠵᠢᠨ ᠮᠠᠯ ᠵᠢᠭᠦᠷᠲᠡᠨ ᠪᠠ ᠲᠠᠸᠠᠷ᠎ᠤᠨ ᠲᠥᠯ ᠮᠠᠯ ᠂ ᠵᠢᠭᠦᠷᠲᠡᠨ᠎ᠤ ᠴᠤᠷᠪᠠᠭ᠎ᠠ ᠵᠢ ᠪᠣᠷᠣᠯᠠᠭᠤᠯᠤᠭ᠋ᠠᠳ ᠂ ᠶᠠᠰᠤ ᠴᠢᠨᠠᠷ᠎ᠤᠨ ᠠᠰᠠᠭᠤᠳᠠᠯ᠎ᠠᠴᠠ ᠪᠣᠯᠵᠤ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ ᠂ ᠬᠠᠤᠯᠢ ᠶᠣᠰᠣᠭ᠋ᠠᠷ ᠬᠣᠬᠢᠷᠠᠯ᠎ᠢ ᠲᠥᠯᠥᠬᠦ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠦᠷ᠎ᠡ ᠵᠢᠨ ᠮᠠᠯ ᠵᠢᠭᠦᠷᠲᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠃ ᠦᠷ᠎ᠡ ᠵᠢᠨ ᠮᠠᠯ ᠵᠢᠭᠦᠷᠲᠡᠨ᠎ᠤ ᠶᠠᠰᠤ ᠴᠢᠨᠠᠷ᠎ᠤᠨ ᠠᠶᠤᠯᠭᠦᠢ᠎ᠳᠤ ᠬᠢᠨᠠᠯᠲᠠ ᠲᠠᠯᠪᠢᠵᠤ ᠰᠢᠯᠭ᠋ᠠᠨ ᠪᠠᠢ᠌ᠴᠠᠭ᠋ᠠᠬᠤ᠎ᠳᠠᠭᠠᠨ ᠬᠠᠤᠯᠢ᠎ᠪᠠᠷ ᠲᠣᠭᠲᠠᠭ᠋ᠠᠭᠰᠠᠨ ᠬᠢᠷᠢ ᠬᠡᠮ ᠪᠦᠬᠦᠢ ᠦᠷ᠎ᠡ ᠵᠢᠨ ᠮᠠᠯ ᠵᠢᠭᠦᠷᠲᠡᠨ᠎ᠤ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠪᠠᠢ᠌ᠭᠤᠯᠤᠮᠵᠢ᠎ᠳᠤ ᠨᠠᠢ᠌ᠳᠠᠵᠤ ᠬᠢᠯᠭᠡᠬᠦ ᠬᠡᠷᠡᠭᠲᠡᠢ; ᠰᠢᠯᠭ᠋ᠠᠨ ᠪᠠᠢ᠌ᠴᠠᠭ᠋ᠠᠬᠤ᠎ᠳᠤ ᠬᠡᠷᠡᠭᠰᠡᠬᠦ ᠵᠠᠷᠤᠳᠠᠯ᠎ᠢ ᠠᠳᠠᠯᠢ ᠱᠠᠲᠤᠨ᠎ᠤ ᠲᠥᠰᠥᠪ᠎ᠠᠴᠠ ᠭᠠᠷᠭ᠋ᠠᠨ᠎ᠠ ᠂ ᠰᠢᠯᠭ᠋ᠠᠨ ᠪᠠᠢ᠌ᠴᠠᠭ᠋ᠠᠭᠳᠠᠭᠴᠢ᠎ᠠᠴᠠ ᠬᠣᠷᠢᠶᠠᠨ ᠠᠪᠴᠤ ᠪᠣᠯᠬᠤ ᠦᠭᠡᠢ᠃
ᠭᠤᠴᠢᠨ ᠲᠠᠪᠤᠳᠤᠭ᠋ᠠᠷ ᠵᠦᠢ᠍ᠯ ᠵᠥᠭᠡᠢ ᠵᠢᠨ ᠦᠷ᠎ᠡ᠂ ᠬᠦᠷᠢ ᠵᠢᠨ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ ᠂ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ᠂ ᠦᠢ᠍ᠯᠡᠳᠪᠦᠷᠢᠯᠡᠵᠦ ᠡᠵᠡᠩᠨᠡᠬᠦ ᠪᠠ ᠳᠡᠯᠭᠡᠷᠡᠭᠦᠯᠬᠦ᠎ᠳᠤ ᠲᠤᠰ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠯᠡᠨ᠎ᠡ ᠂ ᠪᠣᠳᠠᠲᠠᠢ ᠬᠠᠮᠢᠶᠠᠷᠤᠯᠲᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠳᠥᠷᠪᠡᠳᠦᠭᠡᠷ ᠪᠦᠯᠦᠭ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ
ᠭᠤᠴᠢᠨ ᠵᠢᠷᠭᠤᠳᠤᠭ᠋ᠠᠷ ᠵᠦᠢ᠍ᠯ ᠤᠯᠤᠰ᠎ᠠᠴᠠ ᠤᠳᠤ ᠦᠶ᠎ᠡ ᠵᠢᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠮᠠᠯ ᠠᠵᠤ ᠠᠬᠤᠢ ᠵᠢᠨ ᠬᠥᠭᠵᠢᠯᠲᠡ ᠵᠢᠨ ᠲᠥᠯᠦᠪᠵᠢᠭᠦᠯᠭᠡ ᠪᠠ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠦᠨᠳᠦᠰᠦᠯᠡᠨ᠂ ᠮᠠᠯ ᠠᠵᠤ ᠠᠬᠤᠢ ᠵᠢᠨ ᠪᠦᠲᠦᠴᠡ ᠵᠢᠨ ᠲᠣᠬᠢᠷᠠᠭᠤᠯᠤᠯᠲᠠ ᠵᠢ ᠬᠥᠲᠥᠯᠥᠨ ᠵᠢᠯᠤᠭᠣᠳᠴᠤ ᠲᠡᠮᠵᠢᠵᠤ᠂ ᠳᠠᠪᠠᠭᠤᠯᠢᠭ ᠮᠠᠯ ᠵᠢᠭᠦᠷᠲᠡᠨ᠎ᠤ ᠦᠢ᠍ᠯᠡᠳᠪᠦᠷᠢᠯᠡᠯ᠎ᠢ ᠬᠥᠭᠵᠢᠭᠦᠯᠵᠦ ᠂ ᠮᠠᠯ ᠵᠢᠭᠦᠷᠲᠡᠨ᠎ᠤ ᠠᠰᠢᠭ ᠰᠢᠮ᠎ᠡ ᠵᠢᠨ ᠵᠠᠬ᠎ᠠ ᠳᠡᠯᠭᠡᠭᠦᠷ᠎ᠲᠠᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ᠎ᠤᠨ ᠵᠦᠢ ᠵᠣᠬᠢᠰᠲᠠᠢ ᠬᠡᠷᠡᠭᠴᠡᠭᠡ ᠵᠢ ᠪᠠᠲᠤᠯᠠᠬᠤ ᠬᠡᠷᠡᠭᠲᠡᠢ ᠃ ᠰᠢᠶᠠᠨ᠎ᠤ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠲᠤᠬᠠᠢ ᠵᠢᠨ ᠭᠠᠵᠠᠷ᠎ᠤᠨ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ᠎ᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠶᠣᠰᠣᠭ᠋ᠠᠷ ᠬᠠᠮᠢᠶᠠᠷᠤᠨ᠎ᠠ ᠃ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠬᠤᠭᠤᠴᠠᠭ᠎ᠠ᠎ᠨᠢ ᠲᠦᠭᠦᠷᠡᠭᠰᠡᠨ ᠪᠤᠶᠤ ᠲᠡᠵᠢᠭᠡᠨ ᠦᠷᠡᠵᠢᠭᠦᠯᠬᠦ ᠠᠵᠢᠯᠯᠠᠭ᠎ᠠ ᠵᠢ ᠲᠠᠬᠢᠵᠤ ᠬᠢᠬᠦ᠎ᠪᠠᠨ ᠪᠣᠯᠢᠭ᠋ᠠᠳ ᠂ ᠤᠤᠯ᠎ᠤᠨ ᠬᠡᠷᠡᠭᠴᠡᠭᠡ ᠵᠢ᠎ᠨᠢ ᠰᠡᠷᠭᠦᠭᠡᠬᠦ ᠴᠢᠬᠤᠯᠠᠲᠠᠢ ᠪᠠᠢ᠌ᠪᠠᠯ ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ᠎ᠤᠨ ᠬᠡᠷᠡᠭᠯᠡᠭᠴᠢ᠎ᠠᠴᠠ ᠬᠠᠷᠢᠭᠤᠴᠠᠵᠤ ᠰᠡᠷᠭᠦᠭᠡᠨ᠎ᠡ ᠃ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ᠎ᠤᠨ ᠬᠡᠪᠴᠢᠶᠡᠨ᠎ᠳᠤ ᠡᠭᠦᠷᠢᠳᠡ ᠵᠢᠨ ᠴᠢᠨᠠᠷᠲᠠᠢ ᠪᠠᠷᠢᠯᠭ᠎ᠠ ᠵᠢᠨ ᠵᠦᠢ᠍ᠯ᠎ᠢ ᠪᠠᠢ᠌ᠭᠤᠯᠬᠤ ᠴᠢᠬᠤᠯᠠᠲᠠᠢ ᠪᠠᠢ᠌ᠵᠤ ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭᠤᠯᠤᠨ ᠬᠡᠷᠡᠭᠯᠡᠬᠦ᠎ᠳᠤ ᠬᠣᠯᠪᠣᠭᠳᠠᠪᠠᠯ ᠂ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ 》 ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
ᠭᠤᠴᠢᠨ ᠨᠠᠢ᠍ᠮᠠᠳᠤᠭ᠋ᠠᠷ ᠵᠦᠢ᠍ᠯ ᠤᠯᠤᠰ᠎ᠠᠴᠠ ᠪᠠᠢ᠌ᠭᠤᠯᠤᠭᠰᠠᠨ ᠮᠠᠯ ᠠᠵᠤ ᠠᠬᠤᠢ ᠮᠠᠯ ᠡᠮᠨᠡᠯᠭᠡ ᠵᠢᠨ ᠮᠡᠷᠭᠡᠵᠢᠯ ᠳᠡᠯᠭᠡᠷᠡᠭᠦᠯᠬᠦ ᠪᠠᠢ᠌ᠭᠤᠯᠤᠮᠵᠢ᠎ᠨᠢ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ᠎ᠤᠨ ᠪᠣᠯᠪᠠᠰᠤᠷᠠᠯ ᠵᠢᠴᠢ ᠰᠠᠢ᠌ᠨ ᠡᠭᠦᠯᠳᠡᠷ᠎ᠢ ᠳᠡᠯᠭᠡᠷᠡᠭᠦᠯᠬᠦ ᠂ ᠬᠢᠵᠢᠭ ᠡᠪᠡᠳᠴᠢᠨ᠎ᠢ ᠰᠡᠷᠭᠡᠢ᠌ᠯᠡᠨ ᠵᠠᠰᠠᠬᠤ ᠵᠡᠷᠭᠡ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠠᠴᠠ ᠪᠠᠢ᠌ᠭᠤᠯᠤᠭᠰᠠᠨ ᠮᠠᠯ ᠠᠵᠤ ᠠᠬᠤᠢ ᠮᠠᠯ ᠡᠮᠨᠡᠯᠭᠡ ᠵᠢᠨ ᠮᠡᠷᠭᠡᠵᠢᠯ ᠳᠡᠯᠭᠡᠷᠡᠭᠦᠯᠬᠦ ᠪᠠᠢ᠌ᠭᠤᠯᠤᠮᠵᠢ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠮᠡᠷᠭᠡᠵᠢᠯ᠎ᠤᠨ ᠦᠢ᠍ᠯᠡᠴᠢᠯᠡᠭᠡ ᠬᠢᠬᠦ ᠠᠵᠢᠯ᠎ᠤᠨ ᠵᠠᠷᠤᠳᠠᠯ᠎ᠢ ᠪᠠᠲᠤᠯᠠᠬᠤ ᠬᠡᠷᠡᠭᠲᠡᠢ᠃
ᠤᠯᠤᠰ᠎ᠠᠴᠠ ᠮᠠᠯ ᠵᠢᠭᠦᠷᠲᠡᠨ᠎ᠤ ᠠᠰᠢᠭ ᠰᠢᠮ᠎ᠡ ᠵᠢ ᠪᠣᠯᠪᠠᠰᠤᠷᠠᠭᠤᠯᠬᠤ ᠠᠵᠤ ᠠᠬᠤᠢ᠌ᠯᠠᠯ ᠪᠣᠯᠣᠨ ᠪᠤᠰᠤᠳ ᠬᠣᠯᠪᠣᠭᠳᠠᠯ ᠪᠦᠬᠦᠢ ᠦᠢ᠍ᠯᠡᠳᠪᠦᠷᠢᠯᠡᠨ ᠡᠵᠡᠩᠨᠡᠭᠴᠢ ᠵᠢᠨ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ᠎ᠳᠤ ᠬᠡᠷᠡᠭᠰᠡᠬᠦ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃
ᠭᠤᠴᠢ ᠶᠢᠰᠦᠳᠦᠭᠡᠷ ᠵᠦᠢ᠍ᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ᠎ᠨᠢ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
(ᠨᠢᠭᠡ ) ᠠᠷᠠᠴᠢᠯᠠᠨ ᠲᠡᠵᠢᠭᠡᠬᠦ ᠬᠡᠪᠴᠢᠶ᠎ᠡ᠎ᠲᠠᠢ᠎ᠪᠠᠨ ᠵᠣᠬᠢᠴᠠᠭᠰᠠᠨ ᠦᠢ᠍ᠯᠡᠳᠪᠦᠷᠢᠯᠡᠯ᠎ᠤᠨ ᠲᠠᠯᠠᠪᠤᠷ ᠭᠠᠵᠠᠷ ᠪᠠ ᠢᠵᠢ ᠪᠦᠷᠢᠳᠦᠭᠰᠡᠨ ᠦᠢ᠍ᠯᠡᠳᠪᠦᠷᠢᠯᠡᠯ᠎ᠤᠨ ᠲᠥᠬᠦᠭᠡᠷᠦᠮᠵᠢ᠎ᠲᠠᠢ ᠪᠠᠢ᠌ᠬᠤ ᠬᠡᠷᠡᠭᠲᠡᠢ;
(ᠬᠣᠶᠠᠷ ) ᠲᠡᠭᠦᠨ᠎ᠳᠤ ᠦᠢ᠍ᠯᠡᠴᠢᠯᠡᠬᠦ ᠮᠠᠯ ᠠᠵᠤ ᠠᠬᠤᠢ ᠮᠠᠯ ᠡᠮᠨᠡᠯᠭᠡ ᠵᠢᠨ ᠮᠡᠷᠭᠡᠵᠢᠯ᠎ᠤᠨ ᠠᠵᠢᠯᠲᠠᠨ᠎ᠲᠠᠢ ᠪᠠᠢ᠌ᠬᠤ ᠬᠡᠷᠡᠭᠲᠡᠢ;
(ᠭᠤᠷᠪᠠ ) ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠬᠢᠵᠢᠭ᠎ᠢ ᠰᠡᠷᠭᠡᠢ᠌ᠯᠡᠬᠦ ᠨᠥᠬᠥᠴᠡᠯ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ;
(ᠳᠥᠷᠪᠡ ) ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤᠯᠤᠭᠠ ᠵᠣᠬᠢᠴᠠᠭᠰᠠᠨ ᠪᠡᠯᠡᠳᠬᠡᠮᠵᠢ ᠲᠥᠬᠦᠭᠡᠷᠦᠮᠵᠢ᠎ᠲᠠᠢ ᠪᠠᠢ᠌ᠬᠤ ᠬᠡᠷᠡᠭᠲᠡᠢ;
(ᠲᠠᠪᠤ ) ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠳ᠃
ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠵᠢ ᠡᠷᠬᠢᠯᠡᠨ ᠪᠠᠢ᠌ᠭᠤᠯᠤᠭᠴᠢ᠎ᠨᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠵᠢᠨ ᠨᠡᠷᠡᠢ᠌ᠳᠦᠯ ᠂ ᠲᠡᠵᠢᠭᠡᠨ ᠦᠷᠡᠵᠢᠭᠦᠯᠬᠦ ᠬᠠᠶᠢᠭ ᠂ ᠮᠠᠯ ᠵᠢᠭᠦᠷᠲᠡᠨ᠎ᠤ ᠡᠭᠦᠯᠳᠡᠷ ᠪᠠ ᠲᠡᠵᠢᠭᠡᠨ ᠦᠷᠡᠵᠢᠭᠦᠯᠬᠦ ᠬᠡᠪᠴᠢᠶ᠎ᠡ᠎ᠪᠠᠨ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠠᠢ᠌ᠭ᠎ᠠ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠵᠤ ᠂ ᠮᠠᠯ ᠵᠢᠭᠦᠷᠲᠡᠨ᠎ᠤ ᠢᠯᠭ᠋ᠠᠬᠤ ᠲᠡᠮᠳᠡᠭ᠎ᠤᠨ ᠣᠷᠣᠯᠠᠬᠤ ᠨᠣᠮᠧᠷ᠎ᠢ ᠣᠯᠣᠭᠰᠠᠨ ᠪᠠᠢ᠌ᠬᠤ ᠬᠡᠷᠡᠭᠲᠡᠢ᠃
ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ ᠵᠢᠨ ᠬᠡᠪᠴᠢᠶ᠎ᠡ ᠪᠠᠷᠢᠮᠵᠢᠶ᠎ᠠ ᠪᠠ ᠲᠠᠨᠭ᠌ᠰᠠᠯᠠᠨ ᠬᠠᠮᠢᠶᠠᠷᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠡᠷᠦᠬᠡ ᠵᠢᠨ ᠬᠢᠵᠢᠭ᠎ᠢ ᠰᠡᠷᠭᠡᠢ᠌ᠯᠡᠬᠦ ᠨᠥᠬᠥᠴᠡᠯ ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠱᠠᠭ᠋ᠠᠷᠳᠠᠯᠭ᠎ᠠ ᠵᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
ᠳᠥᠴᠢᠳᠦᠭᠡᠷ ᠵᠦᠢ᠍ᠯ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠵᠢᠨ ᠭᠠᠵᠠᠷ ᠰᠣᠩᠭᠣᠬᠤ ᠂ ᠪᠦᠲᠦᠭᠡᠨ ᠪᠠᠢ᠌ᠭᠤᠯᠬᠤ᠎ᠳᠠᠭᠠᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠨᠡᠢ᠌ᠴᠡᠭᠦᠯᠬᠦ ᠬᠡᠷᠡᠭᠲᠡᠢ ᠪᠥᠭᠡᠳ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠢ; ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠥᠷᠢᠴᠡᠵᠦ ᠂ ᠲᠡᠵᠢᠭᠡᠬᠦ ᠵᠢ ᠴᠠᠭ᠋ᠠᠵᠠᠯᠠᠬᠤ ᠣᠷᠣᠨ ᠪᠦᠰᠡ᠎ᠳᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠪᠠᠢ᠌ᠭᠤᠯᠵᠤ ᠪᠣᠯᠬᠤ ᠦᠭᠡᠢ᠃
ᠳᠥᠴᠢᠨ ᠨᠢᠭᠡᠳᠦᠭᠡᠷ ᠵᠦᠢ᠍ᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ᠎ᠨᠢ ᠲᠡᠵᠢᠭᠡᠨ ᠦᠷᠡᠵᠢᠭᠦᠯᠬᠦ ᠲᠠᠨᠭ᠌ᠰᠠ ᠡᠪᠬᠡᠮᠡᠯ ᠪᠠᠢ᠌ᠭᠤᠯᠵᠤ ᠂ ᠳᠣᠣᠷ᠎ᠠ ᠵᠢᠭᠰᠠᠭ᠋ᠠᠭᠰᠠᠨ ᠠᠭᠤᠯᠭ᠎ᠠ ᠵᠢ ᠲᠣᠳᠣᠷᠬᠠᠢ ᠲᠡᠮᠳᠡᠭᠯᠡᠭᠰᠡᠨ ᠪᠠᠢ᠌ᠬᠤ ᠬᠡᠷᠡᠭᠲᠡᠢ᠄
(ᠨᠢᠭᠡ ) ᠮᠠᠯ ᠵᠢᠭᠦᠷᠲᠡᠨ᠎ᠤ ᠡᠭᠦᠯᠳᠡᠷ ᠂ ᠲᠣᠭ᠎ᠠ ᠬᠡᠮᠵᠢᠶ᠎ᠡ ᠂ ᠦᠷᠡᠵᠢᠯᠲᠡ ᠵᠢᠨ ᠲᠡᠮᠳᠡᠭᠯᠡᠯ ᠂ ᠢᠯᠡᠳᠬᠡᠭᠴᠢ ᠲᠡᠮᠳᠡᠭ᠎ᠤᠨ ᠪᠠᠢ᠌ᠳᠠᠯ ᠂ ᠢᠷᠡᠯᠲᠡ ᠪᠠ ᠲᠠᠯᠠᠪᠠᠢ᠎ᠳᠤ ᠣᠷᠣᠵᠤ ᠭᠠᠷᠤᠭᠰᠠᠨ ᠡᠳᠦᠷ ᠬᠤᠭᠤᠴᠠᠭ᠎ᠠ;
(ᠬᠣᠶᠠᠷ ) ᠲᠡᠵᠢᠭᠡᠯ ᠪᠣᠷᠳᠣᠭ᠎ᠠ ᠂ ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋ ᠂ ᠮᠠᠯ᠎ᠤᠨ ᠡᠮ ᠵᠡᠷᠭᠡ ᠣᠷᠤᠭᠤᠯᠤᠯᠲᠠ ᠵᠢᠨ ᠡᠳ᠋᠎ᠤᠨ ᠢᠷᠡᠯᠲᠡ ᠂ ᠨᠡᠷᠡᠢ᠌ᠳᠦᠯ ᠂ ᠬᠡᠷᠡᠭᠯᠡᠬᠦ ᠨᠢᠭᠤᠷᠯᠠᠯ ᠂ ᠴᠠᠭ ᠬᠤᠭᠤᠴᠠᠭ᠎ᠠ ᠪᠠ ᠬᠡᠷᠡᠭᠯᠡᠬᠦ
ᠬᠡᠮᠵᠢᠶ᠎ᠡ;
(ᠭᠤᠷᠪᠠ ) ᠬᠢᠵᠢᠭ᠎ᠤᠨ ᠪᠠᠢ᠌ᠴᠠᠭ᠋ᠠᠯᠲᠠ ᠬᠢᠭᠰᠡᠨ ᠂ ᠪᠠᠢ᠌ᠴᠠᠭ᠋ᠠᠯᠳᠠ ᠵᠢ ᠭᠡᠯᠳᠦᠷᠢᠭᠦᠯᠦᠭᠰᠡᠨ ᠂ ᠠᠷᠢᠭᠤᠳᠬᠠᠭᠰᠠᠨ ᠪᠠᠢ᠌ᠳᠠᠯ;
(ᠳᠥᠷᠪᠡ ) ᠮᠠᠯ ᠵᠢᠭᠦᠷᠲᠡᠨ᠎ᠤ ᠡᠪᠡᠳᠴᠢᠯᠡᠭᠰᠡᠨ ᠂ ᠦᠬᠦᠭᠰᠡᠨ ᠪᠠ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠭᠰᠡᠨ ᠪᠠᠢ᠌ᠳᠠᠯ;
(ᠲᠠᠪᠤ ) ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠴᠤᠭᠯᠠᠭᠤᠯᠤᠭᠰᠠᠨ ᠂ ᠬᠠᠳᠠᠭ᠋ᠠᠯᠠᠭᠰᠠᠨ ᠂ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠭᠰᠡᠨ ᠪᠠ ᠡᠬᠢ ᠪᠠᠶᠠᠯᠢᠭᠵᠢᠭᠤᠯᠤᠨ ᠠᠰᠢᠭᠯᠠᠭᠰᠠᠨ ᠪᠠᠢ᠌ᠳᠠᠯ;
(ᠵᠢᠷᠭᠤᠭ᠎ᠠ ) ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠠᠭᠤᠯᠭ᠎ᠠ᠃
ᠳᠥᠴᠢᠨ ᠬᠣᠶᠠᠳᠤᠭ᠋ᠠᠷ ᠵᠦᠢ᠍ᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠦᠭᠴᠢᠳ ᠲᠡᠵᠢᠭᠡᠵᠦ ᠪᠠᠢ᠌ᠭ᠎ᠠ ᠮᠠᠯ ᠵᠢᠭᠦᠷᠲᠡᠨ᠎ᠳᠡᠭᠡᠨ ᠵᠣᠬᠢᠬᠤ ᠦᠷᠡᠵᠢᠯ᠎ᠤᠨ ᠨᠥᠬᠥᠴᠡᠯ ᠪᠠ ᠣᠷᠣᠰᠢᠨ ᠲᠣᠭᠲᠠᠨᠢᠬᠤ ᠂ ᠦᠰᠦᠨ ᠪᠣᠢ᠌ᠵᠢᠬᠤ ᠣᠷᠴᠢᠨ ᠨᠥᠬᠥᠴᠡᠯ᠎ᠢ ᠬᠠᠩᠭ᠋ᠠᠵᠤ ᠥᠭᠬᠦ ᠬᠡᠷᠡᠭᠲᠡᠢ᠃
ᠳᠥᠴᠢᠨ ᠭᠤᠷᠪᠠᠳᠤᠭ᠋ᠠᠷ ᠵᠦᠢ᠍ᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠄
(ᠨᠢᠭᠡ ) ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠤᠯᠤᠰ᠎ᠤᠨ ᠬᠣᠯᠪᠣᠭᠳᠠᠯ ᠪᠦᠬᠦᠢ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠵᠥᠷᠢᠴᠡᠵᠦ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ᠎ᠢ ᠵᠥᠷᠢᠴᠡᠵᠦ ᠂ ᠲᠡᠵᠢᠭᠡᠯ ᠪᠣᠷᠳᠣᠭ᠎ᠠ ᠂ ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋ ᠂ ᠮᠠᠯ᠎ᠤᠨ ᠡᠮ᠎ᠢ ᠬᠡᠷᠡᠭᠯᠡᠬᠦ;
(ᠬᠣᠶᠠᠷ ) ᠥᠨᠳᠥᠷ ᠬᠠᠯᠠᠭᠤᠨ ᠵᠶ᠋ᠠᠷ ᠰᠢᠢ᠍ᠳᠪᠦᠷᠢᠯᠡᠭᠰᠡᠨ ᠦᠭᠡᠢ ᠬᠣᠭᠣᠯᠠᠨ ᠭᠡᠷ ᠂ ᠬᠣᠭᠣᠯᠠᠨ ᠭᠡᠷ᠎ᠤᠨ ᠤᠬᠢᠶᠠᠳᠠᠰᠤ᠎ᠪᠠᠷ ᠭᠡᠷ᠎ᠤᠨ ᠲᠡᠵᠢᠭᠡᠪᠦᠷᠢ ᠵᠢ ᠲᠡᠵᠢᠭᠡᠬᠦ;
(ᠭᠤᠷᠪᠠ ) ᠬᠣᠭ ᠨᠣᠪᠰᠢ ᠵᠢᠨ ᠲᠠᠯᠠᠪᠠᠢ᠎ᠳᠤ ᠪᠤᠶᠤ ᠬᠣᠭ ᠨᠣᠪᠰᠢ ᠵᠢᠨ ᠲᠠᠯᠠᠪᠠᠢ᠎ᠳᠠᠬᠢ ᠪᠣᠳᠠᠰ ᠵᠶ᠋ᠠᠷ ᠮᠠᠯ ᠵᠢᠭᠦᠷᠲᠡᠨ᠎ᠢ ᠲᠡᠵᠢᠭᠡᠬᠦ;
(ᠳᠥᠷᠪᠡ ) ᠡᠪᠡᠳᠴᠢᠨ ᠵᠶ᠋ᠡᠷ ᠦᠬᠦᠭᠰᠡᠨ ᠮᠠᠯ ᠵᠢᠭᠦᠷᠲᠡᠨ᠎ᠢ ᠳᠤᠷ᠎ᠠ᠎ᠪᠠᠷ ᠵᠶ᠋ᠠᠨ ᠬᠠᠶᠠᠵᠤ ᠰᠢᠢ᠍ᠳᠪᠦᠷᠢᠯᠡᠬᠦ;
(ᠲᠠᠪᠤ ) ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠬᠥᠮᠥᠨ ᠪᠠ ᠮᠠᠯ ᠵᠢᠭᠦᠷᠲᠡᠨ᠎ᠤ ᠡᠷᠡᠭᠦᠯ ᠮᠡᠨᠳᠦ᠎ᠳᠤ ᠬᠣᠣᠷ ᠬᠥᠨᠥᠭᠡᠯ ᠤᠴᠠᠷᠠᠭᠤᠯᠬᠤ ᠪᠤᠰᠤᠳ ᠦᠢ᠍ᠯᠡ
ᠠᠵᠢᠯᠯᠠᠭ᠎ᠠ᠃
ᠳᠥᠴᠢᠨ ᠳᠥᠷᠪᠡᠳᠦᠭᠡᠷ ᠵᠦᠢ᠍ᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠠᠤᠯᠢ 》 ᠂ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠤᠯᠢ 》 ᠵᠢᠨ ᠲᠣᠭᠲᠠᠭ᠋ᠠᠯ ᠶᠣᠰᠣᠭ᠋ᠠᠷ ᠂ ᠮᠠᠯ ᠵᠢᠭᠦᠷᠲᠡᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠵᠠᠰᠠᠬᠤ ᠪᠠ ᠶᠠᠰᠤ ᠴᠢᠨᠠᠷ᠎ᠤᠨ ᠠᠮᠤᠷ ᠲᠦᠪᠰᠢᠨ᠎ᠤ ᠠᠵᠢᠯ᠎ᠢ ᠰᠠᠢ᠌ᠲᠤᠷ ᠬᠢᠬᠦ ᠬᠡᠷᠡᠭᠲᠡᠢ᠃
ᠳᠥᠴᠢᠨ ᠲᠠᠪᠤᠳᠤᠭ᠋ᠠᠷ ᠵᠦᠢ᠍ᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠦᠭᠴᠢᠳ ᠮᠠᠯ ᠵᠢᠭᠦᠷᠲᠡᠨ᠎ᠤ ᠢᠮ ᠲᠡᠮᠳᠡᠭ᠎ᠤᠨ ᠬᠠᠮᠢᠶᠠᠷᠤᠯᠲᠠ ᠵᠢᠨ ᠲᠤᠬᠠᠢ ᠤᠯᠤᠰ᠎ᠤᠨ ᠲᠣᠭᠲᠠᠭ᠋ᠠᠯ ᠶᠣᠰᠣᠭ᠋ᠠᠷ ᠂ ᠢᠮ ᠲᠡᠮᠳᠡᠭ ᠲᠠᠯᠪᠢᠬᠤ ᠶᠣᠰᠣᠲᠠᠢ ᠮᠠᠯ ᠵᠢᠭᠦᠷᠲᠡᠨ᠎ᠤ ᠵᠢᠭ᠋ᠠᠨ ᠲᠣᠭᠲᠠᠭ᠋ᠠᠭᠰᠠᠨ ᠬᠡᠰᠡᠭ᠎ᠲᠤ ᠢᠮ ᠲᠡᠮᠳᠡᠭ ᠲᠠᠯᠪᠢᠬᠤ ᠬᠡᠷᠡᠭᠲᠡᠢ ᠃ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠯᠡᠳᠬᠡᠭᠴᠢ ᠲᠡᠮᠳᠡᠭ ᠬᠠᠩᠭ᠋ᠠᠬᠤ᠎ᠳᠠᠭᠠᠨ ᠰᠦᠢ᠍ᠳᠬᠡᠯ ᠬᠤᠷᠢᠶᠠᠵᠤ ᠪᠣᠯᠬᠤ ᠦᠭᠡᠢ ᠂ ᠬᠡᠷᠡᠭᠰᠡᠬᠦ ᠵᠠᠷᠤᠳᠠᠯ᠎ᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠥᠰᠥᠪ᠎ᠲᠤ ᠣᠷᠣᠭᠤᠯᠤᠨ᠎ᠠ᠃
ᠮᠠᠯ ᠵᠢᠭᠦᠷᠲᠡᠨ᠎ᠤ ᠢᠮ ᠲᠡᠮᠳᠡᠭ᠎ᠢ ᠬᠠᠭᠤᠷᠮᠠᠭᠯᠠᠨ ᠵᠣᠬᠢᠶᠠᠬᠤ ᠂ ᠬᠤᠪᠢᠷᠠᠭᠤᠯᠤᠨ ᠵᠣᠬᠢᠶᠠᠬᠤ ᠪᠤᠶᠤ ᠲᠠᠬᠢᠨ ᠳᠠᠪᠲᠠᠨ ᠬᠡᠷᠡᠭᠯᠡᠬᠦ ᠵᠢ ᠴᠠᠭ᠋ᠠᠵᠠᠯᠠᠨ᠎ᠠ ᠃ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠮᠠᠯ ᠵᠢᠭᠦᠷᠲᠡᠨ᠎ᠤ ᠢᠮ ᠲᠡᠮᠳᠡᠭ᠎ᠢ ᠡᠵᠡᠮᠰᠢᠬᠦ ᠂ ᠬᠡᠷᠡᠭᠯᠡᠬᠦ ᠵᠢ ᠴᠠᠭ᠋ᠠᠵᠠᠯᠠᠨ᠎ᠠ᠃
ᠳᠥᠴᠢᠨ ᠵᠢᠷᠭᠤᠳᠤᠭ᠋ᠠᠷ ᠵᠦᠢ᠍ᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ᠎ᠨᠢ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠥᠬᠦᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠠᠲᠤᠯᠠᠵᠤ ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠶᠡᠷᠦᠩᠬᠡᠢ᠌ᠯᠡᠨ ᠠᠰᠢᠭᠯᠠᠬᠤ ᠪᠤᠶᠤ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠬᠤ ᠵᠢ ᠪᠠᠲᠤᠯᠠᠵᠤ ᠂ ᠣᠷᠴᠢᠨ ᠠᠬᠤᠢ ᠵᠢ ᠪᠣᠬᠢᠷᠲᠤᠭᠤᠯᠬᠤ᠎ᠠᠴᠠ ᠰᠡᠷᠭᠡᠢ᠌ᠯᠡᠬᠦ ᠬᠡᠷᠡᠭᠲᠡᠢ ᠃ ᠬᠠᠤᠯᠢ ᠵᠢ ᠵᠥᠷᠢᠴᠡᠨ ᠢᠯᠭ᠋ᠠᠨ ᠬᠠᠶᠠᠭᠰᠠᠨ ᠪᠤᠶᠤ ᠬᠠᠮᠢᠶᠠᠷᠤᠯᠳᠠ᠎ᠨᠢ ᠵᠣᠬᠢᠰ ᠦᠭᠡᠢ ᠠᠴᠠ ᠪᠣᠯᠵᠤ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠪᠠᠢ᠌ᠪᠠᠯ ᠂ ᠬᠣᠣᠷ ᠬᠥᠨᠥᠭᠡᠯ᠎ᠢ ᠠᠷᠢᠯᠭ᠋ᠠᠵᠤ ᠂ ᠬᠠᠤᠯᠢ ᠶᠣᠰᠣᠭ᠋ᠠᠷ ᠬᠣᠬᠢᠷᠠᠯ᠎ᠢ ᠲᠦᠯᠦᠬᠦ ᠬᠡᠷᠡᠭᠲᠡᠢ᠃
ᠤᠯᠤᠰ᠎ᠠᠴᠠ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠴᠤᠭᠯᠠᠭᠤᠯᠬᠤ ᠂ ᠬᠠᠳᠠᠭ᠋ᠠᠯᠠᠬᠤ ᠂ ᠪᠠᠭ᠋ᠠᠰᠤᠨ ᠪᠣᠬᠢᠷᠲᠤᠯ᠎ᠢ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠥᠬᠦᠭᠡᠷᠦᠮᠵᠢ ᠪᠠᠢ᠌ᠭᠤᠯᠬᠤ ᠵᠢ ᠳᠡᠮᠵᠢᠵᠦ ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠤᠨ ᠰᠢᠮ᠎ᠡ ᠲᠡᠵᠢᠭᠡᠯ᠎ᠢ ᠲᠡᠩᠴᠡᠭᠦᠷᠢᠲᠡᠢ ᠪᠠᠢ᠌ᠯᠭ᠋ᠠᠬᠤ ᠬᠠᠮᠢᠶᠠᠷᠤᠯᠲᠠ ᠵᠢ ᠬᠡᠷᠡᠭᠵᠢᠭᠦᠯᠵᠦ ᠂ ᠲᠠᠷᠢᠶᠠᠯᠠᠩ᠎ᠳᠤ ᠬᠡᠷᠡᠭᠯᠡᠬᠦ ᠣᠷᠭ᠋ᠠᠨᠢᠭ ᠪᠣᠷᠳᠣᠭᠤᠷ᠎ᠢ ᠠᠰᠢᠭᠯᠠᠬᠤ ᠪᠠ ᠲᠠᠷᠢᠵᠤ ᠲᠡᠵᠢᠭᠡᠬᠦ ᠵᠢ ᠤᠶᠠᠯᠳᠤᠭᠤᠯᠤᠨ ᠬᠥᠭᠵᠢᠭᠦᠯᠬᠦ ᠵᠢ ᠠᠬᠢᠭᠤᠯᠤᠨ᠎ᠠ ᠃
ᠳᠥᠴᠢᠨ ᠳᠣᠯᠣᠳᠤᠭ᠋ᠠᠷ ᠵᠦᠢ᠍ᠯ ᠤᠯᠤᠰ᠎ᠠᠴᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠮᠠᠯ ᠠᠵᠤ ᠠᠬᠤᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢᠨ ᠶᠣᠰᠣᠭ᠋ᠠᠷ ᠡᠮᠬᠢ ᠵᠢᠷᠤᠮ᠎ᠲᠠᠢ᠎ᠪᠠᠷ ᠬᠥᠭᠵᠢᠭᠦᠯᠵᠦ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠭᠡ ᠵᠢ ᠵᠢᠯᠤᠭᠣᠳᠴᠤ ᠬᠠᠪᠰᠤᠷᠤᠨ ᠲᠡᠳᠬᠦᠬᠦ ᠵᠢ ᠴᠢᠩᠭ᠋ᠠᠳᠬᠠᠵᠤ ᠂ ᠲᠡᠳᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ ᠂ ᠳᠤᠷ᠎ᠠ᠎ᠪᠠᠷ ᠵᠶ᠋ᠠᠨ ᠵᠠᠰᠠᠭ ᠵᠠᠬᠢᠷᠭ᠋ᠠᠨ᠎ᠤ ᠠᠷᠭ᠎ᠠ ᠪᠠᠷᠢᠯ ᠵᠶ᠋ᠠᠷ ᠠᠯᠪᠠᠳᠠᠯᠭ᠎ᠠ᠎ᠪᠠᠷ ᠢᠯᠭ᠋ᠠᠷᠠᠭᠤᠯᠤᠨ ᠪᠤᠴᠠᠭ᠋ᠠᠵᠤ ᠪᠣᠯᠬᠤ ᠦᠭᠡᠢ᠃
ᠤᠯᠤᠰ᠎ᠠᠴᠠ ᠲᠠᠷᠢᠶᠠᠯᠠᠩ᠎ᠳᠤ ᠬᠣᠯᠪᠣᠭᠳᠠᠬᠤ ᠠᠵᠤ ᠠᠬᠤᠢ᠌ᠯᠠᠯ᠎ᠤᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠵᠢ ᠳᠠᠢ᠍ᠢ᠍ᠴᠢᠯᠠᠨ ᠤᠳᠤ ᠦᠶ᠎ᠡ ᠵᠢᠨ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ᠎ᠳᠤ ᠠᠭᠤᠰᠤᠯᠴᠠᠭᠤᠯᠬᠤ ᠵᠢ ᠵᠣᠷᠢᠭᠵᠢᠭᠤᠯᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ᠎ᠳᠤ ᠬᠠᠨᠳᠤᠭᠤᠯᠤᠭᠰᠠᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠴᠢᠩᠭ᠋ᠠᠳᠬᠠᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠪᠠ ᠮᠠᠯ ᠠᠵᠤ ᠠᠬᠤᠢ ᠵᠢᠨ ᠲᠤᠰᠬᠠᠢ ᠬᠤᠷᠰᠢᠶ᠎ᠠ ᠵᠢᠨ ᠮᠠᠯ ᠵᠢᠭᠦᠷᠲᠡᠨ᠎ᠤ ᠬᠡᠪᠴᠢᠶᠡᠵᠢᠭᠰᠡᠨ ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠦᠯᠲᠡ ᠵᠢ ᠬᠥᠭᠵᠢᠭᠦᠯᠬᠦ ᠵᠢ ᠳᠡᠮᠵᠢᠵᠦ ᠂ ᠰᠢᠨ᠎ᠡ ᠠᠵᠤ ᠦᠢ᠍ᠯᠡᠰ ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠬᠥᠭᠵᠢᠭᠦᠯᠬᠦ ᠵᠢ ᠳᠡᠮᠵᠢᠵᠦ ᠂ ᠵᠤᠭ᠋ᠠᠴᠠᠯ ᠂ ᠰᠣᠶᠣᠯ ᠂ ᠠᠮᠢ ᠠᠬᠤᠢ ᠵᠡᠷᠭᠡ ᠠᠵᠤ ᠦᠢ᠍ᠯᠡᠰ᠎ᠯᠦᠭᠡ ᠵᠢᠨ ᠠᠭᠤᠰᠤᠯᠴᠠᠯ᠎ᠢ ᠠᠬᠢᠭᠤᠯᠤᠨ᠎ᠠ᠃
ᠳᠥᠴᠢᠨ ᠨᠠᠢ᠍ᠮᠠᠳᠤᠭ᠋ᠠᠷ ᠵᠦᠢ᠍ᠯ ᠤᠯᠤᠰ᠎ᠠᠴᠠ ᠣᠨᠴᠠ ᠲᠦᠷᠦᠯ᠎ᠤᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠦᠢ᠍ᠯᠡᠰ᠎ᠢ ᠲᠡᠮᠵᠢᠨ ᠬᠥᠭᠵᠢᠭᠦᠯᠦᠨ᠎ᠡ ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠷᠭ᠎ᠠ ᠬᠡᠮᠵᠢᠶ᠎ᠡ ᠠᠪᠴᠤ ᠪᠠᠢ᠌ᠭ᠋ᠠᠳ ᠣᠨᠴᠠ ᠲᠦᠷᠦᠯ᠎ᠤᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠦᠢ᠍ᠯᠡᠰ᠎ᠤᠨ ᠬᠥᠭᠵᠢᠯᠲᠡ᠎ᠯᠦᠭᠡ ᠵᠣᠬᠢᠴᠠᠯᠳᠤᠭᠰᠠᠨ ᠲᠡᠵᠢᠭᠡᠨ ᠦᠷᠡᠵᠢᠭᠦᠯᠬᠦ ᠰᠢᠰᠲ᠋ᠧᠮ ᠪᠠᠢ᠌ᠭᠤᠯᠬᠤ ᠵᠢ ᠳᠡᠮᠵᠢᠬᠦ ᠬᠡᠷᠡᠭᠲᠡᠢ᠃
ᠳᠥᠴᠢ ᠶᠢᠰᠦᠳᠦᠭᠡᠷ ᠵᠦᠢ᠍ᠯ ᠤᠯᠤᠰ᠎ᠠᠴᠠ ᠵᠥᠭᠡᠢ ᠲᠡᠵᠢᠭᠡᠬᠦ ᠦᠢ᠍ᠯᠡᠰ᠎ᠢ ᠲᠡᠮᠵᠢᠨ ᠬᠥᠭᠵᠢᠭᠦᠯᠵᠦ ᠂ ᠵᠥᠭᠡᠢ ᠲᠡᠵᠢᠭᠡᠬᠦ ᠦᠢ᠍ᠯᠡᠳᠪᠦᠷᠢᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ ᠃
ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠥᠭᠡᠢ ᠵᠢᠨ ᠲᠣᠭᠣᠰᠣ ᠬᠦᠷᠲᠡᠭᠡᠬᠦ ᠲᠠᠷᠢᠶᠠᠯᠠᠩ᠎ᠤᠨ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠢᠳᠡᠪᠬᠢᠲᠡᠢ᠎ᠪᠠᠷ ᠤᠬᠠᠭᠤᠯᠤᠨ ᠳᠡᠯᠭᠡᠷᠡᠭᠦᠯᠬᠦ ᠬᠡᠷᠡᠭᠲᠡᠢ᠃
ᠲᠠᠪᠢᠳᠤᠭ᠋ᠠᠷ ᠵᠦᠢ᠍ᠯ ᠵᠥᠭᠡᠢ ᠲᠡᠵᠢᠭᠡᠬᠦ ᠦᠢ᠍ᠯᠡᠳᠪᠦᠷᠢᠯᠡᠭᠴᠢᠳ ᠦᠢ᠍ᠯᠡᠳᠪᠦᠷᠢᠯᠡᠯ᠎ᠤᠨ ᠶᠠᠪᠤᠴᠠ᠎ᠳᠠᠭᠠᠨ ᠵᠥᠭᠡᠢ ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯᠭᠦᠢ ᠪᠠᠢ᠌ᠳᠠᠯ᠎ᠳᠤ ᠬᠣᠣᠷ ᠬᠥᠨᠥᠭᠡᠯ ᠤᠴᠠᠷᠠᠭᠤᠯᠬᠤ ᠡᠮ᠎ᠤᠨ ᠵᠦᠢ᠍ᠯ ᠪᠠ ᠰᠠᠪᠠ ᠵᠢ ᠬᠡᠷᠡᠭᠯᠡᠵᠦ ᠪᠣᠯᠬᠤ ᠦᠭᠡᠢ ᠂ ᠵᠥᠭᠡᠢ ᠵᠢᠨ ᠪᠦᠲᠦᠭᠡᠭᠳᠡᠬᠦᠨ᠎ᠤ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ ᠃ ᠵᠥᠭᠡᠢ ᠲᠡᠵᠢᠭᠡᠬᠦ ᠪᠠᠭ᠋ᠠᠵᠢ ᠬᠡᠷᠡᠭᠰᠡᠯ᠎ᠨᠢ ᠤᠯᠤᠰ᠎ᠤᠨ ᠪᠠᠷᠢᠮᠵᠢᠶ᠎ᠠ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠲᠠᠪᠢᠨ ᠨᠢᠭᠡᠳᠦᠭᠡᠷ ᠵᠦᠢ᠍ᠯ ᠵᠥᠭᠡᠢ ᠲᠡᠵᠢᠭᠡᠬᠦ ᠦᠢ᠍ᠯᠡᠳᠪᠦᠷᠢᠯᠡᠭᠴᠢᠳ ᠭᠠᠵᠠᠷ ᠰᠢᠯᠵᠢᠵᠦ ᠵᠥᠭᠡᠢ ᠲᠠᠯᠪᠢᠬᠤ ᠦᠶ᠎ᠡ᠎ᠳᠤ ᠂ ᠲᠤᠬᠠᠢ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠂ ᠵᠠᠮ ᠲᠡᠭᠡᠭᠡᠪᠦᠷᠢ ᠂ ᠲᠠᠷᠢᠶᠠᠯᠠᠩ ᠬᠥᠳᠡᠭᠡ ᠲᠣᠰᠬᠣᠨ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠡᠭᠦᠨ᠎ᠳᠤ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠢ᠃
ᠵᠥᠭᠡᠢ ᠲᠡᠵᠢᠭᠡᠬᠦ ᠦᠢ᠍ᠯᠡᠳᠪᠦᠷᠢᠯᠡᠭᠴᠢᠳ ᠤᠯᠤᠰ᠎ᠤᠨ ᠳᠣᠲᠣᠭ᠋ᠠᠳᠤ᠎ᠳᠤ ᠭᠠᠵᠠᠷ ᠰᠢᠯᠵᠢᠨ ᠵᠥᠭᠡᠢ ᠲᠠᠯᠪᠢᠬᠤ᠎ᠳᠠᠭᠠᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠢᠭᠡᠳᠦᠯᠲᠡᠢ ᠵᠠᠭᠪᠤᠷ ᠵᠶ᠋ᠠᠷ ᠳᠠᠷᠤᠮᠠᠯᠯᠠᠨ ᠵᠣᠬᠢᠶᠠᠭᠰᠠᠨ ᠬᠢᠵᠢᠭ᠎ᠤᠨ ᠪᠠᠢ᠌ᠴᠠᠭ᠋ᠠᠯᠲᠠ ᠬᠢᠭᠰᠡᠨ ᠭᠡᠷᠡᠴᠢ᠎ᠪᠠᠷ ᠵᠶ᠋ᠡᠨ ᠵᠥᠭᠡᠢ ᠵᠢᠨ ᠰᠦᠷᠦᠭ᠎ᠢ ᠵᠥᠭᠡᠭᠡᠪᠦᠷᠢᠯᠡᠨ᠎ᠡ ᠂ ᠬᠢᠵᠢᠭ᠎ᠤᠨ ᠪᠠᠢ᠌ᠴᠠᠭ᠋ᠠᠯᠲᠠ ᠬᠢᠭᠰᠡᠨ ᠭᠡᠷᠡᠴᠢ ᠵᠢᠨ ᠬᠦᠴᠦᠨ᠎ᠲᠠᠢ ᠬᠤᠭᠤᠴᠠᠭ᠋ᠠᠨ᠎ᠳᠤ ᠳᠠᠪᠬᠤᠷᠳᠠᠭᠤᠯᠤᠨ ᠬᠢᠵᠢᠭ᠎ᠤᠨ ᠪᠠᠢ᠌ᠴᠠᠭ᠋ᠠᠯᠲᠠ ᠬᠢᠵᠦ ᠪᠣᠯᠬᠤ ᠦᠭᠡᠢ᠃
ᠲᠠᠪᠤᠳᠤᠭ᠋ᠠᠷ ᠪᠦᠯᠦᠭ ᠪᠡᠯᠴᠢᠭᠡᠷ᠎ᠤᠨ ᠮᠠᠯ ᠠᠵᠤ ᠠᠬᠤᠢ
ᠲᠠᠪᠢᠨ ᠬᠣᠶᠠᠳᠤᠭ᠋ᠠᠷ ᠵᠦᠢ᠍ᠯ ᠤᠯᠤᠰ᠎ᠠᠴᠠ ᠨᠤᠲᠤᠭ ᠪᠡᠯᠴᠢᠭᠡᠷ᠎ᠢ ᠰᠢᠨᠵᠢᠯᠡᠬᠦ ᠤᠬᠠᠭ᠋ᠠᠨᠴᠢ᠎ᠪᠠᠷ ᠠᠰᠢᠭᠯᠠᠬᠤ ᠵᠢ ᠲᠡᠮᠵᠢᠵᠤ ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠣᠯᠣᠨ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠬᠥᠭᠵᠢᠯᠲᠡ ᠵᠢ ᠵᠣᠬᠢᠴᠠᠩᠭᠤᠢ᠎ᠪᠠᠷ ᠲᠦᠯᠬᠢᠨ ᠠᠬᠢᠭᠤᠯᠵᠤ ᠂ ᠠᠮᠢ ᠠᠬᠤᠢ ᠵᠢ ᠲᠡᠷᠢᠭᠦᠨ᠎ᠳᠤ ᠲᠠᠯᠪᠢᠬᠤ ᠂ ᠦᠢ᠍ᠯᠡᠳᠪᠦᠷᠢᠯᠡᠯ ᠠᠮᠢ ᠠᠬᠤᠢ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠵᠤ ᠂ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠬᠥᠭᠵᠢᠭᠦᠯᠵᠦ ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠵᠤ ᠂ ᠨᠤᠲᠤᠭ ᠪᠡᠯᠴᠢᠭᠡᠷ᠎ᠤᠨ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠵᠢ ᠳᠡᠭᠡᠭᠰᠢᠯᠡᠭᠦᠯᠵᠦ ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠪᠠᠢ᠌ᠭᠤᠯᠵᠤ ᠂ ᠮᠠᠯᠵᠢᠬᠤ ᠣᠷᠣᠨ᠎ᠤ ᠦᠢ᠍ᠯᠡᠳᠪᠦᠷᠢᠯᠡᠯ ᠠᠮᠢᠳᠤᠷᠠᠯ ᠠᠮᠢ ᠠᠬᠤᠢ ᠵᠢᠨ ᠵᠣᠬᠢᠴᠠᠯᠳᠤᠨ ᠬᠥᠭᠵᠢᠬᠦ ᠵᠢ ᠲᠦᠯᠬᠢᠨ ᠠᠬᠢᠭᠤᠯᠤᠨ᠎ᠠ᠃
ᠲᠠᠪᠢᠨ ᠭᠤᠷᠪᠠᠳᠤᠭ᠋ᠠᠷ ᠵᠦᠢ᠍ᠯ ᠤᠯᠤᠰ᠎ᠠᠴᠠ ᠮᠠᠯᠵᠢᠬᠤ ᠣᠷᠣᠨ᠎ᠤ ᠪᠡᠯᠴᠢᠭᠡᠷ᠎ᠤᠨ ᠮᠠᠯ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠬᠤ ᠵᠢ ᠲᠡᠮᠵᠢᠵᠤ ᠂ ᠨᠤᠲᠤᠭ ᠪᠡᠯᠴᠢᠭᠡᠷ᠎ᠤᠨ ᠤᠰᠤᠨ ᠠᠰᠢᠭᠯᠠᠯᠲᠠ ᠂ ᠨᠤᠲᠤᠭ ᠪᠡᠯᠴᠢᠭᠡᠷ᠎ᠤᠨ ᠬᠦᠷᠢᠶ᠎ᠡ ᠬᠠᠰᠢᠶ᠎ᠠ ᠂ ᠲᠡᠵᠢᠭᠡᠯ ᠡᠪᠡᠰᠦ ᠪᠣᠷᠳᠣᠭ᠎ᠠ ᠵᠢ ᠦᠢ᠍ᠯᠡᠳᠪᠦᠷᠢᠯᠡᠵᠦ ᠡᠳ᠋ᠰᠢᠭᠦᠯᠦᠨ ᠨᠥᠭᠡᠴᠡᠯᠡᠬᠦ ᠂ ᠮᠠᠯ᠎ᠤᠨ ᠬᠠᠰᠢᠶ᠎ᠠ ᠰᠠᠷᠠᠪᠴᠢ ᠂ ᠮᠠᠯ᠎ᠤᠨ ᠵᠠᠮ ᠵᠡᠷᠭᠡ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃
ᠤᠯᠤᠰ᠎ᠠᠴᠠ ᠬᠠᠰᠢᠶᠠᠯᠠᠨ ᠲᠡᠵᠢᠭᠡᠬᠦ ᠪᠠ ᠬᠠᠭ᠋ᠠᠰ ᠬᠠᠰᠢᠶᠠᠯᠠᠨ ᠲᠡᠵᠢᠭᠡᠬᠦ ᠂ ᠤᠯᠠᠷᠢᠯ᠎ᠤᠨ ᠴᠢᠨᠠᠷᠲᠠᠢ᠎ᠪᠠᠷ ᠪᠡᠯᠴᠢᠭᠡᠷᠯᠡᠭᠦᠯᠬᠦ ᠂ ᠲᠣᠭᠣᠷᠢᠭ ᠬᠤᠪᠢᠶᠠᠨ ᠰᠡᠯᠭᠦᠨ ᠮᠠᠯᠵᠢᠬᠤ ᠵᠡᠷᠭᠡ ᠠᠷᠠᠴᠢᠯᠠᠨ ᠲᠡᠵᠢᠭᠡᠬᠦ ᠠᠷᠭ᠎ᠠ ᠮᠠᠶᠢᠭ᠎ᠢ ᠬᠡᠷᠡᠭᠵᠢᠭᠦᠯᠬᠦ ᠵᠢ ᠵᠣᠷᠢᠭᠵᠢᠭᠤᠯᠵᠤ ᠂ ᠮᠠᠯ ᠰᠦᠷᠦᠭ᠎ᠢ ᠵᠦᠢ ᠵᠣᠬᠢᠰᠲᠠᠢ᠎ᠪᠠᠷ ᠲᠣᠬᠢᠷᠠᠭᠤᠯᠤᠨ ᠂ ᠮᠠᠯ ᠪᠡᠯᠴᠢᠭᠡᠷ᠎ᠤᠨ ᠲᠡᠩᠴᠡᠭᠦᠷᠢ᠎ᠲᠠᠢ ᠪᠠᠢ᠌ᠬᠤ ᠵᠢ ᠪᠠᠲᠤᠯᠠᠨ᠎ᠠ᠃
ᠲᠠᠪᠢᠨ ᠳᠥᠷᠪᠡᠳᠦᠭᠡᠷ ᠵᠦᠢ᠍ᠯ ᠤᠯᠤᠰ᠎ᠠᠴᠠ ᠰᠢᠯᠢᠳᠡᠭ ᠰᠠᠢ᠌ᠨ ᠲᠡᠵᠢᠭᠡᠯ ᠡᠪᠡᠰᠦᠨ᠎ᠤ ᠡᠭᠦᠯᠳᠡᠷ᠎ᠢ ᠰᠣᠩᠭᠣᠨ ᠪᠣᠢ᠌ᠵᠢᠭᠤᠯᠬᠤ ᠂ ᠣᠷᠣᠭᠤᠯᠵᠤ ᠠᠪᠴᠢᠷᠠᠬᠤ ᠪᠠ ᠳᠡᠯᠭᠡᠷᠡᠭᠦᠯᠦᠨ ᠬᠡᠷᠡᠭᠯᠡᠬᠦ ᠵᠢ ᠳᠡᠮᠵᠢᠵᠦ ᠂ ᠭᠠᠵᠠᠷ ᠣᠷᠣᠨ᠎ᠤ ᠪᠠᠢ᠌ᠳᠠᠯ᠎ᠳᠤ ᠨᠢ ᠲᠣᠬᠢᠷᠠᠭᠤᠯᠤᠨ ᠲᠠᠷᠢᠮᠠᠯ ᠪᠡᠯᠴᠢᠭᠡᠷ᠎ᠤᠨ ᠪᠦᠲᠦᠭᠡᠨ ᠪᠠᠢ᠌ᠭᠤᠯᠤᠯᠲᠠ ᠂ ᠪᠠᠢ᠌ᠭ᠋ᠠᠯᠢ ᠵᠢᠨ ᠨᠤᠲᠤᠭ ᠪᠡᠯᠴᠢᠭᠡᠷ᠎ᠢ ᠰᠠᠢ᠌ᠵᠢᠷᠠᠭᠤᠯᠬᠤ ᠪᠠ ᠲᠡᠵᠢᠭᠡᠯ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠥᠷᠨᠢᠭᠦᠯᠵᠦ ᠂ ᠲᠠᠷᠢᠮᠠᠯ᠎ᠤᠨ ᠪᠦᠲᠦᠴᠡ ᠵᠢ ᠰᠢᠯᠢᠳᠡᠭᠵᠢᠭᠦᠯᠵᠦ ᠂ ᠲᠡᠵᠢᠭᠡᠯ ᠡᠪᠡᠰᠦ ᠪᠣᠷᠳᠣᠭ᠋ᠠᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
ᠲᠠᠪᠢᠨ ᠲᠠᠪᠤᠳᠤᠭ᠋ᠠᠷ ᠵᠦᠢ᠍ᠯ ᠤᠯᠤᠰ ᠠᠴᠠ ᠮᠠᠯᠴᠢᠨ ᠲᠠᠷᠢᠶᠠᠴᠢᠳ᠎ᠤᠨ ᠮᠠᠯ ᠠᠵᠤ ᠠᠬᠤᠢ ᠵᠢᠨ ᠲᠤᠰᠬᠠᠢ ᠬᠣᠷᠰᠢᠶ᠎ᠠ ᠪᠠ ᠣᠲᠣ ᠦᠶ᠎ᠡ ᠵᠢᠨ ᠭᠡᠷ ᠪᠦᠯᠢ ᠵᠢᠨ ᠮᠠᠯᠵᠢᠯ᠎ᠤᠨ ᠲᠠᠯᠠᠪᠠᠶ ᠵᠢ ᠬᠥᠭᠵᠢᠭᠦᠯᠵᠦ᠂ ᠵᠣᠬᠢᠬᠤ ᠬᠡᠪᠴᠢᠶᠡᠨ᠎ᠤ ᠲᠡᠵᠢᠭᠡᠨ ᠦᠷᠡᠵᠢᠭᠦᠯᠬᠦ ᠵᠢ ᠬᠡᠷᠡᠭᠵᠢᠭᠦᠯᠦᠨ᠂ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ ᠂ ᠦᠬᠡᠷ ᠬᠣᠨᠢ ᠵᠡᠷᠭᠡ ᠴᠢᠬᠤᠯᠠ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ ᠵᠢ ᠳᠡᠮᠵᠢᠨ᠎ᠡ᠃
ᠲᠠᠪᠢᠨ ᠵᠢᠷᠭᠤᠳᠤᠭ᠋ᠠᠷ ᠵᠦᠢ᠍ᠯ ᠮᠠᠯᠵᠢᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠯᠴᠢᠨ ᠲᠠᠷᠢᠶᠠᠴᠢᠨ᠎ᠤ ᠭᠡᠷ᠎ᠤᠨ ᠲᠡᠵᠢᠭᠡᠪᠦᠷᠢ ᠵᠢᠨ ᠡᠭᠦᠯᠳᠡᠷ᠎ᠢ ᠰᠠᠢ᠌ᠵᠢᠷᠠᠭᠤᠯᠬᠤ ᠂ ᠮᠠᠯ ᠰᠦᠷᠦᠭ᠎ᠤᠨ ᠪᠦᠲᠦᠴᠡ ᠵᠢ ᠰᠢᠯᠢᠳᠡᠭᠵᠢᠭᠦᠯᠬᠦ ᠂ ᠰᠢᠨᠵᠢᠯᠡᠬᠦ ᠤᠬᠠᠭ᠋ᠠᠨᠴᠢ᠎ᠪᠠᠷ ᠲᠡᠵᠢᠭᠡᠨ ᠠᠷᠠᠴᠢᠯᠠᠬᠤ ᠂ ᠵᠠᠷᠤᠴᠠᠭᠤᠯᠤᠯᠳᠠ ᠵᠢᠨ ᠡᠷᠭᠢᠯᠲᠡ ᠵᠢ ᠵᠦᠢ ᠵᠣᠬᠢᠰᠲᠠᠢ ᠲᠦᠷᠭᠡᠳᠬᠡᠬᠦ ᠵᠢ ᠵᠣᠷᠢᠭᠵᠢᠭᠤᠯᠤᠨ ᠵᠢᠯᠤᠭᠣᠳᠴᠤ ᠂ ᠪᠡᠯᠴᠢᠭᠡᠷ᠎ᠤᠨ ᠮᠠᠯ ᠠᠵᠤ ᠠᠬᠤᠢ ᠵᠢᠨ ᠥᠪᠡᠷ᠎ᠤᠨ ᠦᠷᠳᠡᠭ᠎ᠢ ᠠᠷᠪᠢᠯᠠᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠂ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃
ᠲᠠᠪᠢᠨ ᠳᠣᠯᠣᠳᠤᠭ᠋ᠠᠷ ᠵᠦᠢ᠍ᠯ ᠤᠯᠤᠰ᠎ᠠᠴᠠ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠭᠠᠮᠰᠢᠭ᠎ᠢ ᠰᠡᠷᠭᠡᠢ᠌ᠯᠡᠨ ᠪᠠᠲᠤᠯᠠᠬᠤ ᠠᠵᠢᠯ᠎ᠢ ᠴᠢᠩᠭ᠋ᠠᠳᠬᠠᠵᠤ ᠂ ᠪᠡᠯᠴᠢᠭᠡᠷ᠎ᠤᠨ ᠮᠠᠯ ᠠᠵᠤ ᠠᠬᠤᠢ ᠵᠢᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯ᠎ᠢ ᠲᠥᠰᠥᠪᠲᠡᠭᠡᠨ ᠣᠷᠣᠭᠤᠯᠵᠤ ᠂ ᠲᠥᠬᠦᠭᠡᠷᠦᠮᠵᠢ ᠲᠣᠨᠣᠭᠯᠠᠯ᠎ᠤᠨ ᠨᠥᠬᠥᠴᠡᠯ᠎ᠢ ᠰᠢᠯᠢᠳᠡᠭᠵᠢᠭᠦᠯᠵᠦ ᠂ ᠮᠠᠯᠵᠢᠬᠤ ᠣᠷᠣᠨ᠎ᠤ ᠦᠬᠡᠷ ᠬᠣᠨᠢ ᠵᠡᠷᠭᠡ ᠭᠡᠷ᠎ᠤᠨ ᠲᠡᠵᠢᠭᠡᠪᠦᠷᠢ ᠵᠢᠨ ᠳᠠᠭ᠋ᠠᠳᠬᠠᠯ᠎ᠤᠨ ᠳᠦᠷᠢᠮ᠎ᠢ ᠲᠡᠭᠦᠯᠳᠡᠷᠵᠢᠭᠦᠯᠵᠦ ᠂ ᠪᠠᠢ᠌ᠭ᠋ᠠᠯᠢ ᠵᠢᠨ ᠭᠠᠮᠰᠢᠭ᠎ᠢ ᠡᠰᠡᠷᠭᠦᠴᠡᠨ ᠬᠣᠷᠢᠭᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
ᠲᠠᠪᠢᠨ ᠨᠠᠢ᠍ᠮᠠᠳᠤᠭ᠋ᠠᠷ ᠵᠦᠢ᠍ᠯ ᠤᠯᠤᠰ ᠠᠴᠠ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ᠎ᠳᠤ ᠨᠥᠬᠥᠪᠦᠷᠢ ᠥᠭᠴᠦ ᠱᠠᠩᠨᠠᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ᠎ᠲᠠᠢ ᠪᠠᠢ᠌ᠯᠭ᠋ᠠᠬᠤ ᠠᠷᠭ᠎ᠠ ᠬᠡᠮᠵᠢᠶ᠎ᠡ ᠠᠪᠤᠭᠰᠠᠨ ᠮᠠᠯᠴᠢᠨ ᠲᠠᠷᠢᠶᠠᠴᠢᠳ᠎ᠲᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠥᠬᠥᠪᠦᠷᠢ ᠥᠭᠴᠦ ᠱᠠᠩᠨᠠᠨ᠎ᠠ᠃
ᠲᠠᠪᠢ ᠶᠢᠰᠦᠳᠦᠭᠡᠷ ᠵᠦᠢ᠍ᠯ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠤᠲᠤᠭ ᠪᠡᠯᠴᠢᠭᠡᠷ᠎ᠤᠨ ᠮᠠᠯ ᠠᠵᠤ ᠠᠬᠤᠢ ᠬᠢᠭᠡᠳ ᠬᠥᠳᠡᠭᠡ ᠲᠣᠰᠬᠣᠨ᠎ᠤ ᠵᠢᠭᠤᠯᠴᠢᠯᠠᠯ ᠂ ᠰᠣᠶᠣᠯ ᠵᠡᠷᠭᠡ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠲᠡᠮᠵᠢᠵᠤ ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠨᠡᠢ᠌ᠯᠡᠯ᠎ᠢ ᠲᠦᠯᠬᠢᠨ ᠠᠬᠢᠭᠤᠯᠵᠤ ᠂ ᠠᠵᠤ ᠦᠢ᠍ᠯᠡᠰᠵᠢᠭᠦᠯᠬᠦ ᠂ ᠲᠥᠷᠥᠯ ᠲᠡᠮᠳᠡᠭᠵᠢᠭᠦᠯᠬᠦ ᠂ ᠣᠨᠴᠠᠯᠢᠬ᠍ᠵᠢᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ ᠂ ᠮᠠᠯᠴᠢᠨ ᠲᠠᠷᠢᠶᠠᠴᠢᠳ ᠤᠨ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠵᠦ ᠂ ᠮᠠᠯᠵᠢᠬᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ᠃
ᠵᠢᠷᠠᠳᠤᠭ᠋ᠠᠷ ᠵᠦᠢ᠍ᠯ ᠪᠡᠯᠴᠢᠭᠡᠷ᠎ᠤᠨ ᠮᠡᠯ ᠠᠵᠤ ᠠᠬᠤᠢ ᠵᠢᠨ ᠬᠥᠭᠵᠢᠯᠲᠡ᠎ᠨᠢ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠂ ᠪᠦᠲᠦᠭᠡᠨ ᠪᠠᠢ᠌ᠭᠤᠯᠤᠯᠲᠠ ᠂ ᠠᠰᠢᠭᠯᠠᠯᠲᠠ ᠪᠠ ᠬᠠᠮᠢᠶᠠᠷᠤᠯᠲᠠ ᠵᠢᠨ ᠠᠵᠢᠯᠯᠠᠭ᠎ᠠ᠎ᠳᠤ ᠬᠣᠯᠪᠣᠭᠳᠠᠪᠠᠯ ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃
ᠵᠢᠷᠭᠤᠳᠤᠭ᠋ᠠᠷ ᠪᠦᠯᠦᠭ ᠮᠠᠯ ᠵᠢᠭᠦᠷᠲᠡᠨ᠎ᠢ ᠠᠷᠠᠯᠵᠢᠶᠠᠯᠠᠬᠤ ᠪᠠ ᠲᠡᠭᠡᠭᠡᠪᠦᠷᠢᠯᠡᠬᠦ
ᠵᠢᠷᠠᠨ ᠨᠢᠭᠡᠳᠦᠭᠡᠷ ᠵᠦᠢ᠍ᠯ ᠤᠯᠤᠰ ᠠᠴᠠ ᠨᠢᠭᠡᠳᠦᠯᠲᠡᠢ ᠪᠥᠭᠡᠳ ᠨᠡᠭᠡᠭᠡᠯᠲᠡᠲᠡᠢ ᠂ ᠥᠷᠢᠰᠦᠯᠳᠦᠭᠡᠨ᠎ᠲᠠᠢ ᠪᠥᠭᠡᠳ ᠡᠮᠬᠢ ᠵᠢᠷᠤᠮ᠎ᠲᠠᠢ ᠂ ᠠᠮᠤᠷ ᠲᠦᠪᠰᠢᠨ ᠪᠥᠭᠡᠳ ᠳᠥᠭᠥᠮ ᠳᠥᠲᠡ ᠮᠠᠯ ᠵᠢᠭᠦᠷᠲᠡᠨ᠎ᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠤᠨ᠎ᠠ᠃
ᠵᠢᠷᠠᠨ ᠬᠣᠶᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ᠎ᠤᠨ ᠪᠦᠲᠦᠭᠡᠭᠳᠡᠬᠦᠨ᠎ᠢ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠦᠨᠳᠦᠰᠦᠯᠡᠨ ᠂ ᠮᠠᠯ ᠵᠢᠭᠦᠷᠲᠡᠨ᠎ᠢ ᠲᠥᠪᠯᠡᠷᠡᠭᠦᠯᠵᠦ ᠲᠠᠷᠬᠠᠭ᠋ᠠᠬᠤ ᠭᠠᠵᠠᠷ᠎ᠲᠤ ᠮᠠᠯ ᠵᠢᠭᠦᠷᠲᠡᠨ᠎ᠢ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ ᠪᠠᠢ᠌ᠭᠤᠯᠬᠤ ᠵᠢ ᠲᠡᠳᠬᠦᠨ ᠳᠡᠮᠵᠢᠬᠦ ᠬᠡᠷᠡᠭᠲᠡᠢ᠃
ᠮᠠᠯ ᠵᠢᠭᠦᠷᠲᠡᠨ᠎ᠢ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠎ᠤᠨ ᠭᠠᠵᠠᠷ ᠰᠣᠩᠭᠣᠬᠤ᠎ᠳᠠᠭᠠᠨ ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠮᠠᠯ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠨᠥᠬᠥᠴᠡᠯ᠎ᠳᠤ ᠨᠡᠢ᠌ᠴᠡᠭᠦᠯᠬᠦ ᠬᠡᠷᠡᠭᠲᠡᠢ ᠪᠥᠭᠡᠳ ᠦᠷ᠎ᠡ ᠵᠢᠨ ᠮᠠᠯ ᠵᠢᠭᠦᠷᠲᠡᠨ᠎ᠤ ᠲᠠᠯᠠᠪᠠᠢ ᠪᠠ ᠲᠣᠮᠣ ᠬᠡᠯᠪᠡᠷᠢ ᠵᠢᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ᠎ᠠᠴᠠ ᠭᠤᠷᠪᠠᠨ ᠺᠢᠯᠣᠮᠧᠲᠷ ᠵᠠᠢ᠌ᠲᠠᠢ ᠪᠠᠢ᠌ᠯᠭ᠋ᠠᠬᠤ ᠬᠡᠷᠡᠭᠲᠡᠢ᠃
ᠵᠢᠷᠠᠨ ᠭᠤᠷᠪᠠᠳᠤᠭ᠋ᠠᠷ ᠵᠦᠢ᠍ᠯ ᠠᠷᠠᠯᠵᠢᠶᠠᠯᠠᠬᠤ ᠮᠠᠯ ᠵᠢᠭᠦᠷᠲᠡᠨ᠎ᠨᠢ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠪᠠᠷᠢᠮᠵᠢᠶ᠎ᠠ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠢᠮ ᠲᠡᠮᠳᠡᠭ ᠲᠠᠯᠪᠢᠬᠤ ᠶᠣᠰᠣᠲᠠᠢ ᠭᠡᠵᠦ ᠲᠣᠭᠲᠠᠭ᠋ᠠᠭᠰᠠᠨ ᠪᠠᠢ᠌ᠲᠠᠯ᠎ᠠ ᠢᠮ ᠲᠡᠮᠳᠡᠭ ᠲᠠᠯᠪᠢᠭᠰᠠᠨ ᠦᠭᠡᠢ ᠮᠠᠯ ᠵᠢᠭᠦᠷᠲᠡᠨ᠎ᠢ ᠪᠣᠷᠣᠯᠠᠭᠤᠯᠬᠤ ᠪᠠ ᠬᠤᠳᠠᠯᠳᠤᠨ ᠠᠪᠴᠤ ᠪᠣᠯᠬᠤ ᠦᠭᠡᠢ᠃
ᠤᠯᠤᠰ᠎ᠠᠴᠠ ᠮᠠᠯ ᠵᠢᠭᠦᠷᠲᠡᠨ᠎ᠢ ᠨᠢᠲᠤᠯᠵᠤ ᠡᠵᠡᠩᠨᠡᠭᠴᠢ ᠵᠢᠨ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ᠎ᠠᠴᠠ ᠰᠢᠭᠤᠳ ᠮᠠᠯ ᠵᠢᠭᠦᠷᠲᠡᠨ᠎ᠢ ᠬᠤᠳᠠᠯᠳᠤᠨ ᠠᠪᠴᠤ ᠂ ᠲᠣᠭᠲᠠᠭᠤᠨ ᠬᠤᠳᠠᠯᠳᠤᠨ ᠠᠪᠬᠤ ᠠᠷᠭ᠎ᠠ ᠵᠠᠮ ᠪᠠᠢ᠌ᠭᠤᠯᠵᠤ ᠂ ᠠᠮᠢᠲᠠᠨ᠎ᠤ ᠬᠢᠵᠢᠭ ᠡᠪᠡᠳᠴᠢᠨ ᠪᠠ ᠶᠠᠰᠤ ᠴᠢᠨᠠᠷ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠪᠠᠭ᠋ᠠᠰᠬᠠᠬᠤ ᠵᠢ ᠵᠣᠷᠢᠭᠵᠢᠭᠤᠯᠤᠨ᠎ᠠ᠃
ᠵᠢᠷᠠᠨ ᠳᠥᠷᠪᠡᠳᠦᠭᠡᠷ ᠵᠦᠢ᠍ᠯ ᠮᠠᠯ ᠵᠢᠭᠦᠷᠲᠡᠨ᠎ᠢ ᠲᠡᠭᠡᠭᠡᠪᠦᠷᠢᠯᠡᠬᠦ᠎ᠳᠡᠭᠡᠨ ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠨᠥᠬᠥᠴᠡᠯ᠎ᠳᠤ ᠨᠡᠢ᠌ᠴᠡᠭᠦᠯᠵᠦ ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠮᠠᠯ ᠵᠢᠭᠦᠷᠲᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠵᠢᠨ ᠬᠠᠮᠲᠤ ᠵᠥᠭᠡᠭᠡᠪᠦᠷᠢᠯᠡᠵᠦ ᠪᠠᠢ᠌ᠭ᠎ᠠ ᠮᠠᠯ ᠵᠢᠭᠦᠷᠲᠡᠨ᠎ᠳᠡᠭᠡᠨ ᠴᠢᠬᠤᠯᠠ ᠪᠦᠬᠦᠢ ᠣᠷᠣᠨ ᠵᠠᠢ ᠪᠠ ᠲᠡᠵᠢᠭᠡᠬᠦ ᠲᠡᠵᠢᠭᠡᠯ ᠤᠤᠭᠤᠬᠤ ᠤᠰᠤᠨ᠎ᠤ ᠨᠥᠬᠥᠴᠡᠯ᠎ᠢ ᠬᠠᠩᠭ᠋ᠠᠬᠤ ᠬᠡᠷᠡᠭᠲᠡᠢ᠃
ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠡᠭᠡᠭᠡᠪᠦᠷᠢᠯᠡᠵᠦ ᠪᠠᠢ᠌ᠭ᠎ᠠ ᠮᠠᠯ ᠵᠢᠭᠦᠷᠲᠡᠨ᠎ᠳᠤ ᠪᠠᠢ᠌ᠴᠠᠭ᠋ᠠᠯᠲᠠ ᠬᠢᠬᠦ᠎ᠳᠡᠭᠡᠨ ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠦᠨᠳᠦᠰᠦ ᠪᠠᠷᠢᠮᠲᠠ᠎ᠲᠠᠢ ᠪᠠᠢ᠌ᠬᠤ ᠬᠡᠷᠡᠭᠲᠡᠢ᠃
ᠳᠣᠯᠣᠳᠤᠭ᠋ᠠᠷ ᠪᠦᠯᠦᠭ ᠮᠠᠯ ᠵᠢᠭᠦᠷᠲᠡᠨ᠎ᠢ ᠨᠢᠲᠤᠯᠬᠤ
ᠵᠢᠷᠠᠨ ᠲᠠᠪᠤᠳᠤᠭ᠋ᠠᠷ ᠵᠦᠢ᠍ᠯ ᠤᠯᠤᠰ᠎ᠠᠴᠠ ᠭᠠᠬᠠᠢ ᠵᠢ ᠴᠡᠭ ᠲᠣᠭᠲᠠᠭ᠋ᠠᠨ ᠨᠢᠲᠤᠯᠬᠤ ᠳᠦᠷᠢᠮ᠎ᠢ ᠬᠡᠷᠡᠭᠵᠢᠭᠦᠯᠦᠨ᠎ᠡ ᠃ ᠠᠮᠢᠳᠤ ᠭᠠᠬᠠᠢ᠎ᠠᠴᠠ ᠪᠤᠰᠤᠳ ᠮᠠᠯ ᠵᠢᠭᠦᠷᠲᠡᠨ᠎ᠳᠤ ᠴᠡᠭ ᠲᠣᠭᠲᠠᠭ᠋ᠠᠨ ᠨᠢᠲᠤᠯᠬᠤ ᠵᠢ ᠬᠡᠷᠡᠭᠵᠢᠭᠦᠯᠵᠦ ᠪᠣᠯᠣᠨ᠎ᠠ ᠂ ᠪᠣᠳᠠᠲᠠᠢ ᠠᠷᠭ᠎ᠠ ᠵᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ᠎ᠠᠴᠠ ᠲᠣᠭᠲᠠᠭ᠋ᠠᠨ᠎ᠠ ᠃ ᠬᠥᠳᠡᠭᠡ ᠲᠣᠰᠬᠣᠨ᠎ᠤ ᠭᠠᠵᠠᠷ ᠣᠷᠣᠨ᠎ᠤ ᠬᠤᠪᠢ ᠬᠥᠮᠥᠨ ᠥᠪᠡᠰᠦᠪᠡᠨ ᠠᠯᠠᠵᠤ ᠥᠪᠡᠰᠦᠪᠡᠨ ᠢᠳᠡᠬᠦ ᠶᠠᠪᠤᠳᠠᠯ ᠡᠭᠦᠨ᠎ᠳᠤ ᠪᠠᠭᠲᠠᠬᠤ ᠦᠭᠡᠢ᠃
ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠯᠠᠭᠤᠯᠬᠤ ᠂ ᠲᠥᠪᠯᠡᠷᠡᠭᠦᠯᠦᠨ ᠨᠢᠲᠤᠯᠬᠤ ᠂ ᠭᠦᠢ᠍ᠯᠭᠡᠭᠡᠨ᠎ᠳᠤ ᠠᠰᠢᠭᠲᠠᠢ ᠂ ᠤᠯᠠᠨ ᠲᠦᠮᠡᠨ᠎ᠳᠤ ᠲᠦᠭᠦᠮ ᠪᠠᠢ᠌ᠯᠭ᠋ᠠᠬᠤ ᠵᠠᠷᠴᠢᠮ ᠶᠣᠰᠣᠭ᠋ᠠᠷ ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠪᠠ ᠮᠠᠯ ᠵᠢᠭᠦᠷᠲᠡᠨ᠎ᠤ ᠠᠰᠢᠭ ᠰᠢᠮ᠎ᠡ ᠵᠢᠨ ᠬᠡᠷᠡᠭᠯᠡᠭᠡ ᠵᠡᠷᠭᠡ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠂ ᠮᠠᠯ ᠵᠢᠭᠦᠷᠲᠡᠨ᠎ᠢ ᠨᠢᠲᠤᠯᠬᠤ ᠠᠵᠢᠯ ᠲᠦᠷᠦᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠡᠷᠡᠭᠲᠡᠢ᠃
ᠵᠢᠷᠠᠨ ᠵᠢᠷᠭᠤᠳᠤᠭ᠋ᠠᠷ ᠵᠦᠢ᠍ᠯ ᠤᠯᠤᠰ᠎ᠠᠴᠠ ᠮᠠᠯ ᠵᠢᠭᠦᠷᠲᠡᠨ᠎ᠢ ᠲᠤᠬᠠᠢ ᠵᠢᠨ ᠭᠠᠵᠠᠷ᠎ᠲᠤᠨᠢ ᠨᠢᠲᠤᠯᠬᠤ ᠵᠢ ᠵᠣᠷᠢᠭᠵᠢᠭᠤᠯᠵᠤ ᠂ ᠮᠠᠯ ᠵᠢᠭᠦᠷᠲᠡᠨ᠎ᠢ ᠨᠢᠲᠤᠯᠬᠤ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠡᠵᠢᠭᠡᠨ ᠦᠷᠡᠵᠢᠭᠦᠯᠬᠦ ᠭᠣᠣᠯ ᠭᠠᠷᠤᠯᠲᠠ ᠵᠢᠨ ᠣᠷᠣᠨ ᠲᠡᠢ᠌ᠰᠢ ᠰᠢᠯᠵᠢᠭᠦᠯᠵᠦ ᠂ ᠮᠠᠯ ᠵᠢᠭᠦᠷᠲᠡᠨ᠎ᠤ ᠠᠰᠢᠭ ᠰᠢᠮ᠎ᠡ ᠵᠢ ᠪᠣᠯᠪᠠᠰᠤᠷᠠᠭᠤᠯᠬᠤ ᠂ ᠬᠠᠳᠠᠭ᠋ᠠᠯᠠᠬᠤ ᠂ ᠲᠡᠭᠡᠭᠡᠪᠦᠷᠢᠯᠡᠬᠦ ᠬᠦᠢ᠍ᠲᠡᠨ ᠬᠡᠯᠬᠢᠶᠡᠲᠦ ᠰᠢᠰᠲ᠋ᠧᠮ ᠪᠠᠢ᠌ᠭᠤᠯᠬᠤ ᠵᠢ ᠳᠡᠮᠵᠢᠨ᠎ᠡ᠃
ᠵᠢᠷᠠᠨ ᠳᠣᠯᠣᠳᠤᠭ᠋ᠠᠷ ᠵᠦᠢ᠍ᠯ ᠮᠠᠯ ᠵᠢᠭᠦᠷᠲᠡᠨ᠎ᠢ ᠨᠢᠲᠤᠯᠬᠤ ᠠᠵᠤ ᠠᠬᠤᠢ᠌ᠯᠠᠯ᠎ᠨᠢ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
(ᠨᠢᠭᠡ ) ᠨᠢᠲᠤᠯᠬᠤ ᠬᠡᠪᠴᠢᠶ᠎ᠡ᠎ᠯᠦᠭᠡ ᠲᠣᠬᠢᠷᠠᠯᠴᠠᠭᠰᠠᠨ ᠂ ᠤᠰᠤᠨ᠎ᠤ ᠴᠢᠨᠠᠷ᠎ᠨᠢ ᠤᠯᠤᠰ᠎ᠠᠴᠠ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠨ ᠤᠰᠤ ᠬᠠᠩᠭ᠋ᠠᠬᠤ ᠨᠥᠬᠥᠴᠡᠯ᠎ᠲᠠᠢ ᠪᠠᠢ᠌ᠬᠤ;
(ᠬᠣᠶᠠᠷ ) ᠤᠯᠤᠰ᠎ᠤᠨ ᠲᠣᠭᠲᠠᠭ᠋ᠠᠯ᠎ᠳᠤ ᠨᠡᠢ᠌ᠴᠡᠭᠰᠡᠨ ᠲᠥᠬᠦᠭᠡᠷᠦᠮᠵᠢ ᠪᠠ ᠲᠡᠭᠡᠭᠡᠪᠦᠷᠢ ᠵᠢᠨ ᠪᠠᠭ᠋ᠠᠵᠢ᠎ᠲᠠᠢ
ᠪᠠᠢ᠌ᠬᠤ;
(ᠭᠤᠷᠪᠠ ) ᠬᠠᠤᠯᠢ ᠶᠣᠰᠣᠭ᠋ᠠᠷ ᠡᠷᠡᠭᠦᠯ ᠮᠡᠡᠳᠦ ᠵᠢᠨ ᠭᠡᠷᠡᠴᠢ ᠣᠯᠣᠭᠰᠠᠨ ᠠᠯᠠᠵᠤ ᠨᠢᠲᠤᠯᠬᠤ ᠮᠡᠷᠭᠡᠵᠢᠯ᠎ᠤᠨ ᠠᠵᠢᠯᠲᠠᠨ᠎ᠲᠠᠢ ᠪᠠᠢ᠌ᠬᠤ;
( ᠳᠥᠷᠪᠡ) ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠮᠠᠯ ᠡᠮᠨᠡᠯᠭᠡ ᠵᠢᠨ ᠡᠷᠡᠭᠦᠯ ᠬᠠᠮᠠᠭ᠋ᠠᠯᠠᠯ᠎ᠤᠨ ᠰᠢᠯᠭ᠋ᠠᠨ ᠪᠠᠢ᠌ᠴᠠᠭ᠋ᠠᠬᠤ ᠠᠵᠢᠯᠲᠠᠨ᠎ᠲᠠᠢ ᠪᠠᠢ᠌ᠬᠤ;
(ᠲᠠᠪᠤ ) ᠠᠮᠢᠲᠠᠨ᠎ᠤ ᠬᠢᠵᠢᠭ᠎ᠢ ᠰᠡᠷᠭᠡᠢ᠌ᠯᠡᠬᠦ ᠨᠥᠬᠥᠴᠡᠯ᠎ᠤᠨ ᠬᠢᠷᠢ ᠲᠡᠩᠴᠡᠭᠰᠡᠨ ᠦᠨᠡᠮᠯᠡᠯ ᠪᠠ ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ᠎ᠢ ᠬᠠᠤᠯᠢ ᠶᠣᠰᠣᠭ᠋ᠠᠷ ᠣᠯᠣᠭᠰᠠᠨ᠃
ᠵᠢᠷᠠᠨ ᠨᠠᠢ᠍ᠮᠠᠳᠤᠭ᠋ᠠᠷ ᠵᠦᠢ᠍ᠯ ᠮᠠᠯ ᠵᠢᠭᠦᠷᠲᠡᠨ᠎ᠢ ᠨᠢᠲᠤᠯᠬᠤ ᠵᠢ ᠡᠵᠡᠩᠨᠡᠭᠴᠢ ᠮᠠᠯ ᠵᠢᠭᠦᠷᠲᠡᠨ᠎ᠢ ᠨᠢᠲᠤᠯᠬᠤ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠃ ᠮᠠᠯ ᠵᠢᠭᠦᠷᠲᠡᠨ᠎ᠢ ᠨᠢᠲᠤᠯᠬᠤ ᠠᠵᠤ ᠠᠬᠤᠢ᠌ᠯᠠᠯ᠎ᠤᠳ ᠮᠠᠯ ᠵᠢᠭᠦᠷᠲᠡᠨ᠎ᠢ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠬᠤ ᠬᠡᠷᠡᠭᠲᠡᠢ᠃
ᠰᠢᠯᠭ᠋ᠠᠨ ᠪᠠᠢ᠌ᠴᠠᠭ᠋ᠠᠯᠲᠠ ᠂ ᠬᠢᠵᠢᠭ᠎ᠤᠨ ᠪᠠᠢ᠌ᠴᠠᠭ᠋ᠠᠯᠲᠠ ᠬᠢᠯᠭᠡᠭᠰᠡᠨ ᠦᠭᠡᠢ ᠪᠤᠶᠤ ᠰᠢᠯᠭ᠋ᠠᠨ ᠪᠠᠢ᠌ᠴᠠᠭ᠋ᠠᠯᠲᠠ ᠂ ᠬᠢᠵᠢᠭ᠎ᠤᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠮᠠᠯ ᠵᠢᠭᠦᠷᠲᠡᠨ᠎ᠤ ᠠᠰᠢᠭ ᠰᠢᠮ᠎ᠡ ᠵᠢ ᠦᠢ᠍ᠯᠡᠳᠪᠦᠷᠢ᠎ᠠᠴᠠ ᠭᠠᠷᠭ᠋ᠠᠨ ᠪᠣᠷᠣᠯᠠᠭᠤᠯᠵᠤ ᠪᠣᠯᠬᠤ ᠦᠭᠡᠢ ᠃ ᠰᠢᠯᠭ᠋ᠠᠨ ᠪᠠᠢ᠌ᠴᠠᠭ᠋ᠠᠭᠰᠠᠨ ᠂ ᠬᠢᠵᠢᠭ᠎ᠤᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠮᠠᠯ ᠵᠢᠭᠦᠷᠲᠡᠨ᠎ᠤ ᠠᠰᠢᠭ ᠰᠢᠮ᠎ᠡ ᠵᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠭᠡᠷᠡᠭᠳᠡᠢ᠃
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠣᠭᠲᠠᠭ᠋ᠠᠯ ᠶᠣᠰᠣᠭ᠋ᠠᠷ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠭᠰᠡᠨ ᠵᠠᠷᠤᠳᠠᠯ ᠪᠠ ᠬᠣᠬᠢᠷᠠᠯ᠎ᠳᠤ ᠨᠥᠬᠥᠪᠦᠷᠢ ᠥᠭᠬᠦ ᠬᠡᠷᠡᠭᠲᠡᠢ ᠃
ᠵᠢᠷᠠ ᠶᠢᠰᠦᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠯ ᠵᠢᠭᠦᠷᠲᠡᠨ᠎ᠢ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠬᠡᠮᠵᠢᠬᠦ ᠲᠥᠯᠥᠪᠯᠡᠭᠡ ᠵᠢ ᠵᠣᠬᠢᠶᠠᠨ ᠪᠠᠢ᠌ᠭᠤᠯᠵᠤ ᠲᠣᠭᠲᠠᠭ᠋ᠠᠬᠤ ᠠᠵᠢᠯ᠎ᠢ ᠬᠠᠷᠢᠭᠤᠴᠠᠨ᠎ᠠ᠃
ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠯᠤᠰ᠎ᠤᠨ ᠮᠠᠯ ᠵᠢᠭᠦᠷᠲᠡᠨ᠎ᠢ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠬᠡᠮᠵᠢᠬᠦ ᠲᠥᠯᠥᠪᠯᠡᠭᠡ ᠵᠢ ᠦᠨᠳᠦᠰᠦᠯᠡᠨ ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠮᠠᠯ ᠵᠢᠭᠦᠷᠲᠡᠨ᠎ᠢ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠬᠡᠮᠵᠢᠬᠦ ᠲᠥᠰᠥᠯ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃
ᠨᠠᠢ᠍ᠮᠠᠳᠤᠭ᠋ᠠᠷ ᠪᠦᠯᠦᠭ ᠪᠠᠳᠤᠯᠠᠭ᠎ᠠ ᠪᠠ ᠬᠢᠨᠠᠯᠳᠠ
ᠳᠠᠯᠠᠳᠤᠭ᠋ᠠᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠥᠪᠡᠷ᠎ᠤᠨ ᠲᠥᠰᠥᠪ᠎ᠤᠨ ᠳᠣᠲᠣᠷ᠎ᠠ᠎ᠪᠠᠨ ᠮᠠᠯ ᠵᠢᠭᠦᠷᠲᠡᠨ᠎ᠤ ᠦᠷ᠎ᠡ ᠵᠢᠨ ᠦᠢ᠍ᠯᠡᠰ᠎ᠤᠨ ᠰᠢᠨ᠎ᠡ ᠵᠢ ᠡᠭᠦᠳᠬᠦ ᠪᠠ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠰᠠᠢ᠌ᠨ ᠦᠷ᠎ᠡ ᠵᠢᠨ ᠨᠥᠬᠥᠪᠦᠷᠢ ᠂ ᠳᠠᠮ ᠬᠦᠦ ᠵᠢᠨ ᠨᠥᠬᠥᠪᠦᠷᠢ ᠂ ᠳᠠᠭ᠋ᠠᠳᠬᠠᠯ᠎ᠤᠨ ᠵᠠᠷᠤᠳᠠᠯ᠎ᠤᠨ ᠨᠥᠬᠥᠪᠦᠷᠢ ᠵᠡᠷᠭᠡ ᠪᠡᠯᠡ ᠮᠥᠩᠭᠥ ᠵᠢ ᠲᠣᠬᠢᠷᠠᠭᠤᠯᠬᠤ ᠬᠡᠷᠡᠭᠲᠡᠢ ᠃ ᠡᠭᠦᠨ᠎ᠤ ᠬᠠᠮᠲᠤ ᠬᠣᠯᠪᠣᠭᠳᠠᠯ ᠪᠦᠬᠦᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢᠳ᠎ᠤᠨ ᠰᠢᠯᠢᠳᠡᠭ ᠰᠠᠢ᠌ᠨ ᠮᠠᠯ ᠵᠢᠭᠦᠷᠲᠡᠨ ᠬᠤᠳᠠᠯᠳᠤᠨ ᠠᠪᠬᠤ ᠂ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠂ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠵᠢ ᠲᠡᠮᠵᠢᠵᠤ ᠂ ᠦᠢ᠍ᠯᠡᠳᠪᠦᠷᠢᠯᠡᠯ᠎ᠤᠨ ᠲᠥᠬᠦᠭᠡᠷᠦᠮᠵᠢ ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠣᠨᠤᠭ ᠲᠥᠬᠦᠭᠡᠷᠦᠮᠵᠢ ᠵᠢ ᠰᠠᠢ᠌ᠵᠢᠷᠠᠭᠤᠯᠬᠤ ᠵᠢ ᠲᠡᠮᠵᠢᠵᠤ ᠂ ᠲᠡᠵᠢᠭᠡᠨ ᠦᠷᠡᠵᠢᠭᠦᠯᠬᠦ ᠬᠡᠪᠴᠢᠶ᠎ᠡ ᠵᠢ ᠥᠷᠭᠡᠳᠬᠡᠵᠦ ᠂ ᠲᠡᠵᠢᠭᠡᠨ ᠦᠷᠡᠵᠢᠭᠦᠯᠬᠦ ᠦᠷ᠎ᠡ ᠠᠰᠢᠭ᠎ᠢ ᠳᠡᠭᠡᠭᠰᠢᠯᠡᠭᠦᠯᠦᠨ᠎ᠡ᠃
ᠳᠠᠯᠠᠨ ᠨᠢᠭᠡᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠣᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠂ ᠲᠤᠰ ᠬᠠᠤᠯᠢ ᠪᠠ ᠬᠣᠯᠪᠣᠭᠳᠠᠯ ᠪᠦᠬᠦᠢ ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠂ ᠮᠠᠯ ᠵᠢᠭᠦᠷᠲᠡᠨ᠎ᠢ ᠲᠡᠵᠢᠭᠡᠨ ᠠᠷᠠᠴᠢᠯᠠᠬᠤ ᠣᠷᠴᠢᠨ ᠨᠥᠬᠥᠴᠡᠯ ᠂ ᠦᠷ᠎ᠡ ᠵᠢᠨ ᠮᠠᠯ ᠵᠢᠭᠦᠷᠲᠡᠨ᠎ᠤ ᠶᠠᠰᠤ ᠴᠢᠨᠠᠷ ᠂ ᠮᠠᠯ ᠵᠢᠭᠦᠷᠲᠡᠨ᠎ᠢ ᠠᠷᠠᠯᠵᠢᠶᠠᠯᠠᠬᠤ ᠪᠠ ᠵᠥᠭᠡᠭᠡᠪᠦᠷᠢᠯᠡᠬᠦ ᠂ ᠮᠠᠯ ᠵᠢᠭᠦᠷᠲᠡᠨ᠎ᠢ ᠨᠢᠲᠤᠯᠬᠤ ᠵᠢᠴᠢ ᠲᠡᠵᠢᠭᠡᠯ ᠪᠣᠷᠳᠣᠭ᠎ᠠ ᠂ ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋ ᠂ ᠮᠠᠯ᠎ᠤᠨ ᠡᠮ ᠵᠡᠷᠭᠡ ᠣᠷᠤᠭᠤᠯᠤᠯᠲᠠ ᠵᠢᠨ ᠡᠳ᠋᠎ᠤᠨ ᠦᠢ᠍ᠯᠡᠳᠪᠦᠷᠢᠯᠡᠯ ᠂ ᠡᠵᠡᠩᠨᠡᠯᠲᠡ ᠂ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
ᠳᠠᠯᠠᠨ ᠬᠣᠶᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠯ ᠵᠢᠭᠦᠷᠲᠡᠨ᠎ᠤ ᠢᠯᠡᠳᠬᠡᠮᠵᠢ ᠲᠡᠮᠳᠡᠭ ᠪᠠ ᠲᠡᠵᠢᠭᠡᠨ ᠦᠷᠡᠵᠢᠭᠦᠯᠬᠦ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠮᠠᠯ ᠵᠢᠭᠦᠷᠲᠡᠨ᠎ᠤ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠡᠭᠡᠬᠦᠯᠦᠨ ᠪᠠᠢ᠌ᠴᠠᠭ᠋ᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠨᠠᠢ᠌ᠳᠠᠪᠤᠷᠢᠵᠢᠭᠤᠯᠬᠤ ᠬᠡᠷᠡᠭᠲᠡᠢ᠃
ᠳᠠᠯᠠᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠮᠠᠯ ᠵᠢᠭᠦᠷᠲᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠲᠠᠯᠪᠢᠵᠤ ᠰᠣᠩᠭᠣᠨ ᠪᠠᠢ᠌ᠴᠠᠭ᠋ᠠᠬᠤ ᠲᠥᠯᠥᠪᠯᠡᠭᠡ ᠲᠣᠭᠲᠠᠭ᠋ᠠᠬᠤ ᠵᠢᠨ ᠬᠠᠮᠲᠤ ᠲᠥᠯᠥᠪᠯᠡᠭᠡ ᠶᠣᠰᠣᠭ᠋ᠠᠷ ᠬᠢᠨᠠᠯᠲᠠ ᠲᠠᠯᠪᠢᠵᠤ ᠰᠣᠩᠭᠣᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠢ᠃
ᠳᠠᠯᠠᠨ ᠳᠥᠷᠪᠡᠳᠦᠭᠡᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠮᠠᠯ ᠵᠢᠭᠦᠷᠲᠡᠨ᠎ᠤ ᠦᠢ᠍ᠯᠡᠳᠪᠦᠷᠢᠯᠡᠯ᠎ᠤᠨ ᠵᠢᠷᠤᠮᠵᠢᠯ᠎ᠢ ᠵᠣᠬᠢᠶᠠᠨ ᠪᠠᠢ᠌ᠭᠤᠯᠤᠨ ᠲᠣᠭᠲᠠᠭ᠋ᠠᠵᠤ ᠂ ᠮᠠᠯ ᠵᠢᠭᠦᠷᠲᠡᠨ᠎ᠤ ᠠᠶᠤᠯᠭᠦᠢ ᠦᠢ᠍ᠯᠡᠳᠪᠦᠷᠢᠯᠡᠯ᠎ᠢ ᠵᠢᠯᠤᠭᠣᠳᠬᠤ ᠬᠡᠷᠡᠭᠲᠡᠢ᠃
ᠳᠠᠯᠠᠨ ᠲᠠᠪᠤᠳᠤᠭ᠋ᠠᠷ ᠵᠦᠢ᠍ᠯ ᠤᠯᠤᠰ᠎ᠠᠴᠠ ᠮᠠᠯ ᠵᠢᠭᠦᠷᠲᠡᠨ᠎ᠤ ᠦᠢ᠍ᠯᠡᠳᠪᠦᠷᠢᠯᠡᠯ ᠪᠠ ᠮᠠᠯ ᠵᠢᠭᠦᠷᠲᠡᠨ᠎ᠤ ᠠᠰᠢᠭ ᠰᠢᠮ᠎ᠡ ᠵᠢᠨ ᠵᠠᠬ᠎ᠠ ᠳᠡᠯᠭᠡᠭᠦᠷ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠨᠢᠭᠡᠳᠦᠯᠲᠡᠢ ᠳᠦᠷᠢᠮ᠎ᠢ ᠪᠠᠢ᠌ᠭᠤᠯᠵᠤ ᠂ ᠬᠣᠯᠪᠣᠭᠳᠠᠯ ᠪᠦᠬᠦᠢ ᠮᠠᠯ ᠵᠢᠭᠦᠷᠲᠡᠨ᠎ᠤ ᠠᠰᠢᠭ ᠰᠢᠮ᠎ᠡ ᠵᠢ ᠨᠥᠭᠡᠴᠡᠯᠡᠵᠦ ᠲᠣᠬᠢᠷᠠᠭᠤᠯᠬᠤ ᠲᠣᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ ᠂ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ᠎ᠢ ᠴᠢᠩᠭ᠋ᠠᠳᠬᠠᠵᠤ ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢ ᠪᠠ ᠮᠠᠯ ᠠᠵᠤ ᠠᠬᠤᠢ ᠵᠢᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠮᠠᠯ ᠵᠢᠭᠦᠷᠲᠡᠨ᠎ᠢ ᠦᠢ᠍ᠯᠡᠳᠪᠦᠷᠢᠯᠡᠵᠦ ᠪᠣᠷᠣᠯᠠᠭᠤᠯᠬᠤ ᠮᠡᠳᠡᠭᠡ ᠵᠠᠩᠭᠢ ᠵᠢ ᠴᠠᠭ ᠲᠤᠬᠠᠢ ᠳᠤ ᠨᠢ ᠨᠡᠢ᠌ᠲᠡᠯᠡᠵᠦ ᠂ ᠮᠠᠯ ᠵᠢᠭᠦᠷᠲᠡᠨ᠎ᠢ ᠦᠢ᠍ᠯᠡᠳᠪᠦᠷᠢᠯᠡᠨ ᠡᠵᠡᠩᠨᠡᠭᠴᠢ᠎ᠳᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
ᠲᠠᠯᠠᠨ ᠵᠢᠷᠭᠤᠳᠤᠭ᠋ᠠᠷ ᠵᠦᠢ᠍ᠯ ᠤᠯᠤᠰ᠎ᠠᠴᠠ ᠮᠠᠯ ᠵᠢᠭᠦᠷᠲᠡᠨ᠎ᠢ ᠦᠢ᠍ᠯᠡᠳᠪᠦᠷᠢᠯᠡᠬᠦ ᠂ ᠪᠣᠯᠪᠠᠰᠤᠷᠠᠭᠤᠯᠬᠤ ᠂ ᠪᠣᠷᠣᠯᠠᠭᠤᠯᠬᠤ ᠂ ᠲᠡᠭᠡᠭᠡᠪᠦᠷᠢᠯᠡᠬᠦ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠂ ᠮᠠᠯ ᠵᠢᠭᠦᠷᠲᠡᠨ᠎ᠤ ᠠᠰᠢᠭ ᠰᠢᠮ᠎ᠡ ᠵᠢᠨ ᠬᠠᠩᠭ᠋ᠠᠯᠭ᠎ᠠ ᠵᠢᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠮᠠᠯ ᠵᠢᠭᠦᠷᠲᠡᠨ᠎ᠤ ᠠᠰᠢᠭ ᠰᠢᠮ᠎ᠡ ᠵᠢᠨ ᠬᠠᠩᠭ᠋ᠠᠯᠭ᠎ᠠ ᠵᠢ ᠪᠠᠲᠤᠯᠠᠬᠤ ᠵᠢ ᠬᠠᠷᠢᠭᠤᠴᠠᠵᠤ ᠂ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠲᠦᠷᠦ ᠵᠢᠨ ᠪᠣᠳᠣᠯᠭ᠎ᠠ ᠵᠢᠨ ᠪᠠᠲᠤᠯᠠᠭ᠎ᠠ ᠪᠠ ᠬᠠᠷᠢᠭᠤᠴᠠᠯᠭ᠎ᠠ ᠵᠢᠨ ᠬᠢᠨᠠᠨ ᠰᠢᠯᠭ᠋ᠠᠬᠤ ᠰᠢᠰᠲ᠋ᠧᠮ᠎ᠢ ᠪᠠᠢ᠌ᠭᠤᠯᠤᠨ᠎ᠠ᠃
ᠤᠯᠤᠰ᠎ᠠᠴᠠ ᠮᠠᠯ ᠵᠢᠭᠦᠷᠲᠡᠨ᠎ᠤ ᠭᠣᠣᠯ ᠪᠣᠷᠤᠯᠠᠭᠤᠯᠭ᠎ᠠ ᠵᠢᠨ ᠣᠷᠣᠨ᠎ᠤ ᠣᠷᠣᠨ ᠪᠦᠰᠡ ᠠᠯᠤᠰᠯᠠᠨ ᠬᠠᠮᠲᠤᠷᠠᠯᠴᠠᠬᠤ ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠢ᠌ᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂ ᠭᠣᠣᠯ ᠭᠠᠷᠤᠯᠲᠠ ᠵᠢᠨ ᠣᠷᠣᠨ᠎ᠯᠤᠭ᠎ᠠ ᠲᠣᠭᠲᠠᠭᠤᠨ ᠬᠠᠮᠲᠤᠷᠠᠯᠴᠠᠭ᠋ᠠᠨ᠎ᠤ ᠬᠠᠷᠢᠴᠠᠭ᠎ᠠ ᠪᠠᠢ᠌ᠭᠤᠯᠬᠤ ᠵᠢ ᠵᠣᠷᠢᠭᠵᠢᠭᠤᠯᠤᠨ᠎ᠠ᠃
ᠶᠢᠰᠦᠳᠦᠭᠡᠷ ᠪᠦᠯᠦᠭ ᠬᠠᠤᠯᠢ ᠵᠢᠨ ᠬᠠᠷᠢᠭᠤᠴᠠᠯᠭ᠎ᠠ
ᠲᠠᠯᠠᠨ ᠳᠣᠯᠣᠳᠤᠭ᠋ᠠᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠨ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ ᠂ ᠰᠢᠭᠤᠳ ᠬᠠᠷᠢᠭᠤᠴᠠᠵᠤ ᠪᠠᠢ᠌ᠭ᠎ᠠ ᠭᠤᠤᠯᠯᠠᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠳᠬᠡᠯ ᠥᠭᠭᠦᠨ᠎ᠡ᠄
(ᠨᠢᠭᠡ ) ᠡᠭᠦᠷᠭᠡ ᠲᠤᠰᠢᠶᠠᠯ᠎ᠤᠨ ᠵᠶ᠋ᠠᠨ ᠲᠤᠢ᠌ᠬᠦᠮᠢ ᠠᠰᠢᠭᠯᠠᠨ ᠪᠤᠰᠤᠳ᠎ᠤᠨ ᠵᠣᠭᠣᠰ ᠮᠥᠩᠭᠥ ᠡᠳ᠋ ᠪᠣᠳᠠᠰ᠎ᠢ ᠭᠥᠯᠢᠶᠡᠨ ᠠᠪᠬᠤ ᠪᠤᠶᠤ ᠪᠤᠰᠤᠳ ᠠᠰᠢᠭ ᠲᠤᠰᠠ ᠣᠯᠬᠤ;
(ᠬᠣᠶᠠᠷ ) ᠨᠥᠬᠥᠴᠡᠯ᠎ᠳᠤ ᠦᠯᠦ ᠨᠡᠢ᠌ᠴᠡᠬᠦ ᠭᠤᠶᠤᠴᠢᠯᠠᠭᠴᠢ ᠵᠢ ᠵᠥᠪᠰᠢᠶᠡᠷᠡᠬᠦ ᠂ ᠡᠰᠡᠬᠦᠯ᠎ᠡ ᠬᠠᠤᠯᠢ᠎ᠳᠤ ᠲᠣᠭᠲᠠᠭ᠋ᠠᠭᠰᠠᠨ ᠡᠷᠬᠡ ᠲᠤᠰᠢᠶᠠᠯ᠎ᠠᠴᠠ᠎ᠪᠠᠨ ᠳᠠᠪᠠᠵᠤ ᠵᠥᠪᠰᠢᠶᠡᠷᠡᠬᠦ;
(ᠭᠤᠷᠪᠠ ) ᠬᠠᠤᠯᠢ ᠠᠴᠠ ᠵᠥᠷᠢᠴᠡᠭᠰᠡᠨ ᠠᠵᠢᠯᠯᠠᠭ᠎ᠠ ᠵᠢ ᠣᠯᠵᠤ ᠮᠡᠳᠡᠭᠡᠳ ᠪᠠᠢ᠌ᠴᠠᠭ᠋ᠠᠨ ᠰᠢᠢ᠍ᠳᠪᠦᠷᠢᠯᠡᠭᠰᠡᠨ
ᠦᠭᠡᠢ;
(ᠳᠥᠷᠪᠡ ) ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠭᠰᠠᠨ ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠵᠡᠷᠭᠡ ᠬᠢᠨᠠᠨ ᠬᠠᠮᠢᠶᠠᠷᠬᠤ ᠠᠵᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ ᠪᠤᠰᠤᠳ ᠦᠢ᠍ᠯᠡ ᠠᠵᠢᠯᠯᠠᠭ᠎ᠠ᠃
ᠳᠠᠯᠠᠨ ᠨᠠᠢ᠍ᠮᠠᠳᠤᠭ᠋ᠠᠷ ᠵᠦᠢ᠍ᠯ ᠲᠤᠰ ᠬᠠᠤᠯᠢ ᠵᠢᠨ ᠠᠷᠪᠠᠨ ᠳᠥᠷᠪᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠯ᠎ᠢ ᠵᠥᠷᠢᠴᠡᠵᠦ ᠂ ᠬᠠᠮᠠᠭ᠋ᠠᠯᠠᠭᠳᠠᠵᠤ ᠪᠠᠢ᠌ᠭ᠎ᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠳᠤᠷ᠎ᠠ᠎ᠪᠠᠷ ᠵᠶ᠋ᠠᠨ ᠰᠢᠢ᠍ᠳᠪᠦᠷᠢᠯᠡᠭᠡᠳ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠣᠬᠢᠷᠠᠭᠤᠯᠤᠭᠰᠠᠨ ᠪᠠᠢ᠌ᠪᠠᠯ ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠵᠠᠭᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃
ᠳᠠᠯ᠎ᠠ ᠶᠢᠰᠦᠳᠦᠭᠡᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ ᠂ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ ᠪᠠ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠴᠤ ᠂ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠲᠠᠪᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠄
(ᠨᠢᠭᠡ ) ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ᠎ᠪᠠᠷ ᠬᠢᠯᠢ ᠵᠢᠨ ᠭᠠᠳᠠᠨ᠎ᠠ᠎ᠠᠴᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠣᠷᠣᠭᠤᠯᠬᠤ;
(ᠬᠣᠶᠠᠷ ) ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ᠎ᠪᠠᠷ ᠬᠢᠯᠢ ᠵᠢᠨ ᠳᠣᠲᠣᠷ᠎ᠠ ᠬᠢᠯᠢ ᠵᠢᠨ ᠭᠠᠳᠠᠨᠠᠬᠢ ᠪᠠᠢ᠌ᠭᠤᠯᠤᠮᠵᠢ ᠂ ᠬᠤᠪᠢ ᠬᠥᠮᠥᠨ᠎ᠲᠠᠢ ᠬᠠᠮᠲᠤᠷᠠᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠰᠤᠳᠤᠯᠤᠨ ᠠᠰᠢᠭᠯᠠᠬᠤ;
(ᠭᠤᠷᠪᠠ ) ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠺᠣᠮᠢᠰ ᠵᠶ᠋ᠠᠷ ᠬᠢᠨᠠᠨ ᠲᠣᠭᠲᠠᠭ᠋ᠠᠯᠭ᠋ᠠᠭᠰᠠᠨ ᠦᠭᠡᠢ ᠰᠢᠨ᠎ᠡ᠎ᠪᠠᠷ ᠢᠯᠡᠷᠡᠭᠦᠯᠦᠭᠰᠡᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ ᠵᠢᠨ ᠳᠣᠲᠣᠷ᠎ᠠ ᠬᠢᠯᠢ ᠵᠢᠨ ᠭᠠᠳᠠᠨᠠᠬᠢ ᠪᠠᠢ᠌ᠭᠤᠯᠤᠮᠵᠢ ᠂ ᠬᠤᠪᠢ ᠬᠥᠮᠥᠨ᠎ᠲᠠᠢ ᠬᠤᠷᠰᠢᠨ ᠰᠤᠳᠤᠯᠵᠤ ᠠᠰᠢᠭᠯᠠᠬᠤ᠃
ᠨᠠᠶᠠᠳᠤᠭ᠋ᠠᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠰᠡᠨ ᠦᠭᠡᠢ᠎ᠪᠠᠷ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠬᠢᠯᠢ ᠵᠢᠨ ᠭᠠᠳᠠᠨ᠎ᠠ ᠭᠠᠷᠭ᠋ᠠᠭᠰᠠᠨ ᠪᠠᠢ᠌ᠪᠠᠯ ᠂ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠣᠭᠣᠮᠲᠠ ᠵᠢᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ ᠃ ᠪᠣᠭᠣᠮᠲᠠ᠎ᠠᠴᠠ ᠬᠣᠴᠣᠷᠭ᠋ᠠᠨ ᠠᠪᠤᠭᠰᠠᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃
ᠨᠠᠶᠠᠨ ᠨᠢᠭᠡᠳᠦᠭᠡᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠬᠢᠨᠠᠨ ᠲᠣᠭᠲᠠᠭ᠋ᠠᠯᠲᠠ ᠪᠤᠶᠤ ᠰᠢᠯᠭ᠋ᠠᠨ ᠲᠣᠭᠲᠠᠭ᠋ᠠᠯᠲᠠ ᠵᠢ ᠳᠠᠮᠵᠢᠭᠰᠠᠨ ᠦᠭᠡᠢ ᠮᠠᠯ ᠵᠢᠭᠦᠷᠲᠡᠨ᠎ᠤ ᠡᠭᠦᠯᠳᠡᠷ ᠂ ᠲᠥᠬᠥᠷᠵᠢᠭᠰᠡᠨ ᠤᠳᠤᠮ᠎ᠢ ᠪᠣᠷᠣᠯᠠᠭᠤᠯᠵᠤ ᠂ ᠳᠡᠯᠭᠡᠷᠡᠭᠦᠯᠦᠭᠰᠡᠨ ᠪᠠᠢ᠌ᠪᠠᠯ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ ᠂ ᠮᠠᠯ ᠵᠢᠭᠦᠷᠲᠡᠨ ᠪᠠ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ ; ᠬᠠᠤᠯᠢ᠎ᠠᠴᠠ ᠵᠥᠷᠢᠴᠡᠵᠦ ᠣᠯᠣᠭᠰᠠᠨ ᠣᠯᠵᠠ ᠠᠰᠢᠭ᠎ᠨᠢ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠪᠠᠢ᠌ᠪᠠᠯ ᠂ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠳᠡᠭᠡᠭᠰᠢ ᠭᠤᠷᠪᠠᠨ ᠲᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ; ᠬᠠᠤᠯᠢ᠎ᠠᠴᠠ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ᠎ᠨᠢ ᠲᠠᠪᠤᠨ ᠲᠦᠮᠡᠨ ᠲᠥᠭᠥᠷᠢᠭ᠎ᠲᠤ ᠬᠦᠷᠬᠦ ᠦᠭᠡᠢ ᠪᠠᠢ᠌ᠪᠠᠯ ᠂ ᠲᠠᠪᠤᠨ ᠮᠢᠩᠭ᠋ᠠᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃
ᠨᠠᠶᠠᠨ ᠬᠣᠶᠠᠳᠤᠭ᠋ᠠᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠦᠭᠡᠢ᠎ᠪᠠᠷ ᠪᠤᠶᠤ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠲᠣᠭᠲᠠᠭ᠋ᠠᠯ᠎ᠢ ᠵᠥᠷᠢᠴᠡᠨ ᠦᠢ᠍ᠯᠡᠳᠪᠦᠷᠢᠯᠡᠵᠦ ᠡᠵᠡᠩᠨᠡᠵᠦ ᠂ ᠡᠰᠡᠬᠦᠯ᠎ᠡ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ ᠂ ᠬᠤᠪᠢᠷᠠᠭᠤᠯᠤᠨ ᠵᠣᠬᠢᠶᠠᠭᠰᠠᠨ ᠂ ᠰᠢᠯᠵᠢᠭᠦᠯᠦᠨ ᠥᠭᠭᠦᠭᠰᠡᠨ ᠂ ᠲᠦᠷᠢᠶᠡᠰᠦᠯᠡᠭᠦᠯᠦᠨ ᠵᠢᠭᠡᠯᠡᠭᠦᠯᠦᠭᠰᠡᠨ ᠪᠠᠢ᠌ᠪᠠᠯ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ ᠂ ᠬᠠᠭᠤᠷᠮᠠᠭᠯᠠᠨ ᠵᠣᠬᠢᠶᠠᠭᠰᠠᠨ ᠂ ᠬᠤᠪᠢᠷᠠᠭᠤᠯᠤᠨ ᠵᠣᠬᠢᠶᠠᠭᠰᠠᠨ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ᠎ᠨᠢ ᠬᠣᠷᠢᠶᠠᠨ ᠠᠪᠴᠤ ᠂ ᠦᠷ᠎ᠡ ᠵᠢᠨ ᠮᠠᠯ ᠵᠢᠭᠦᠷᠲᠡᠨ ᠂ ᠲᠠᠸᠠᠷ᠎ᠤᠨ ᠲᠥᠯ ᠮᠠᠯ ᠂ ᠴᠤᠷᠪᠠᠭ᠎ᠠ ᠵᠢᠭᠦᠷᠲᠡᠨ ᠪᠣᠯᠣᠨ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ ; ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠨᠢ ᠭᠤᠷᠪᠠᠨ ᠲᠦᠮᠡᠨ ᠲᠥᠭᠥᠷᠢᠭ᠎ᠠᠴᠠ ᠳᠡᠭᠡᠭᠰᠢ ᠪᠠᠢ᠌ᠪᠠᠯ ᠂ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠳᠡᠭᠡᠭᠰᠢ ᠭᠤᠷᠪᠠᠨ ᠲᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ; ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠨᠢ ᠭᠤᠷᠪᠠᠨ ᠲᠦᠮᠡᠨ ᠲᠥᠭᠥᠷᠢᠭ᠎ᠲᠤ ᠬᠦᠷᠬᠦ ᠦᠭᠡᠢ ᠪᠠᠢ᠌ᠪᠠᠯ ᠂ ᠭᠤᠷᠪᠠᠨ ᠮᠢᠩᠭ᠋ᠠᠨ ᠲᠥᠭᠥᠷᠢᠭ᠎ᠠᠴᠠ ᠳᠡᠭᠡᠭᠰᠢ ᠭᠤᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠲᠣᠭᠲᠠᠭ᠋ᠠᠯ᠎ᠢ ᠵᠥᠷᠢᠴᠡᠨ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠦᠢ᠍ᠯᠡᠳᠪᠦᠷᠢᠯᠡᠵᠦ ᠡᠵᠡᠩᠨᠡᠭᠰᠡᠨ ᠪᠤᠶᠤ ᠰᠢᠯᠵᠢᠭᠦᠯᠦᠨ ᠥᠭᠭᠦᠭᠰᠡᠨ ᠂ ᠲᠦᠷᠢᠶᠡᠰᠦᠯᠡᠭᠦᠯᠵᠦ ᠲᠦᠷᠢᠶᠡᠰᠦᠯᠡᠭᠦᠯᠦᠭᠡᠳ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠂ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃
ᠨᠠᠶᠠᠨ ᠭᠤᠷᠪᠠᠳᠤᠭ᠋ᠠᠷ ᠵᠦᠢ᠍ᠯ ᠲᠤᠰ ᠬᠠᠤᠯᠢ ᠵᠢᠨ ᠬᠣᠷᠢ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠠᠢ᠌ᠪᠠᠯ ᠂ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠷ᠎ᠤᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠶᠠᠨ ᠳᠥᠷᠪᠡᠳᠦᠭᠡᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠬᠡᠷᠡᠭᠯᠡᠭᠰᠡᠨ ᠦᠷ᠎ᠡ ᠵᠢᠨ ᠮᠠᠯ ᠵᠢᠭᠦᠷᠲᠡᠨ᠎ᠨᠢ ᠡᠭᠦᠯᠳᠡᠷ᠎ᠲᠤ ᠬᠡᠷᠡᠭᠯᠡᠬᠦ ᠪᠠᠷᠢᠮᠵᠢᠶ᠎ᠠ᠎ᠳᠤ ᠨᠡᠢ᠌ᠴᠡᠬᠦ ᠦᠭᠡᠢ ᠪᠠᠢ᠌ᠪᠠᠯ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ ᠂ ᠦᠷ᠎ᠡ ᠵᠢᠨ ᠮᠠᠯ ᠵᠢᠭᠦᠷᠲᠡᠨ ᠪᠠ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ ; ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠨᠢ ᠲᠠᠪᠤᠨ ᠮᠢᠩᠭ᠋ᠠᠨ ᠲᠥᠭᠥᠷᠢᠭ᠎ᠠᠴᠠ ᠳᠡᠭᠡᠭᠰᠢ ᠪᠠᠢ᠌ᠪᠠᠯ ᠂ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠳᠡᠭᠡᠭᠰᠢ ᠬᠣᠶᠠᠷ ᠲᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ; ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠨᠢ ᠲᠠᠪᠤᠨ ᠮᠢᠩᠭ᠋ᠠᠨ ᠲᠥᠭᠥᠷᠢᠭ᠎ᠲᠤ ᠬᠦᠷᠬᠦ ᠦᠭᠡᠢ ᠪᠠᠢ᠌ᠪᠠᠯ ᠂ ᠮᠢᠩᠭ᠋ᠠᠨ ᠲᠥᠭᠥᠷᠢᠭ᠎ᠠᠴᠠ ᠳᠡᠭᠡᠭᠰᠢ ᠲᠠᠪᠤᠨ ᠮᠢᠩᠭ᠋ᠠᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃
ᠨᠠᠶᠠᠨ ᠲᠠᠪᠤᠳᠤᠭ᠋ᠠᠷ ᠵᠦᠢ᠍ᠯ ᠦᠷ᠎ᠡ ᠵᠢᠨ ᠮᠠᠯ ᠵᠢᠭᠦᠷᠲᠡᠨ᠎ᠢ ᠪᠣᠷᠣᠯᠠᠭᠤᠯᠬᠤ᠎ᠳᠤ ᠲᠤᠰ ᠬᠠᠤᠯᠢ ᠵᠢᠨ ᠭᠤᠴᠢᠨ ᠨᠢᠭᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠠᠴᠠ ᠳᠥᠷᠪᠡᠳᠦᠭᠡᠷ ᠵᠤᠷᠪᠤᠰ ᠬᠦᠷᠲᠡᠯᠡᠬᠢ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠷᠯᠢᠭᠳᠠᠵᠤ ᠪᠠᠢ᠌ᠭ᠋ᠠᠳ ᠪᠣᠷᠣᠯᠠᠭᠤᠯᠬᠤ ᠵᠢ᠎ᠨᠢ ᠵᠣᠭᠰᠣᠭ᠋ᠠᠵᠤ ᠂ ᠬᠠᠤᠯᠢ ᠵᠢ ᠵᠥᠷᠢᠴᠡᠵᠦ ᠪᠣᠷᠣᠯᠠᠭᠤᠯᠤᠭᠰᠠᠨ (ᠡᠭᠦᠯᠳᠡᠷ ) ᠮᠠᠯ ᠵᠢᠭᠦᠷᠲᠡᠨ ᠪᠣᠯᠣᠨ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ ; ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠨᠢ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠪᠠᠢ᠌ᠪᠠᠯ ᠂ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠳᠡᠭᠡᠭᠰᠢ ᠲᠠᠪᠤᠨ ᠲᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ; ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠨᠢ ᠲᠠᠪᠤᠨ ᠲᠦᠮᠡᠨ ᠲᠥᠭᠥᠷᠢᠭ᠎ᠲᠤ ᠬᠦᠷᠬᠦ ᠦᠭᠡᠢ ᠪᠠᠢ᠌ᠪᠠᠯ ᠂ ᠲᠠᠪᠤᠨ ᠮᠢᠩᠭ᠋ᠠᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ; ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠂ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠪᠤᠶᠤ ᠡᠵᠡᠩᠨᠡᠯᠲᠡ ᠵᠢᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃
ᠨᠠᠶᠠᠨ ᠵᠢᠷᠭᠤᠳᠤᠭ᠋ᠠᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ ᠡᠷᠬᠢᠯᠡᠬᠦ᠎ᠳᠡᠭᠡᠨ ᠳᠠᠩᠰᠠᠯᠠᠭᠤᠯᠤᠭᠰᠠᠨ ᠦᠭᠡᠢ ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ᠎ᠨᠢ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠪᠠᠢ᠌ᠭᠤᠯᠤᠭᠰᠠᠨ ᠦᠭᠡᠢ ᠪᠤᠶᠤ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ᠎ᠢ ᠲᠣᠭᠲᠠᠭ᠋ᠠᠯ ᠶᠣᠰᠣᠭ᠋ᠠᠷ ᠬᠠᠳᠠᠭ᠋ᠠᠯᠠᠭᠰᠠᠨ ᠦᠭᠡᠢ ᠪᠠᠢ᠌ᠪᠠᠯ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ ᠂ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃
ᠨᠠᠶᠠᠨ ᠳᠣᠯᠣᠳᠤᠭ᠋ᠠᠷ ᠵᠦᠢ᠍ᠯ ᠲᠤᠰ ᠬᠠᠤᠯᠢ ᠵᠢᠨ ᠳᠥᠴᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠦᠭᠰᠡᠨ ᠪᠠᠢ᠌ᠪᠠᠯ ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ ᠂ ᠰᠢᠢ᠍ᠳᠬᠡᠨ᠎ᠡ᠃
ᠨᠠᠶᠠᠨ ᠨᠠᠢ᠍ᠮᠠᠳᠤᠭ᠋ᠠᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠪᠣᠷᠣᠯᠠᠭᠤᠯᠤᠭᠰᠠᠨ ᠦᠷ᠎ᠡ ᠵᠢᠨ ᠮᠠᠯ ᠵᠢᠭᠦᠷᠲᠡᠨ᠎ᠳᠤ ᠦᠷ᠎ᠡ ᠵᠢᠨ ᠮᠠᠯ ᠵᠢᠭᠦᠷᠲᠡᠨ᠎ᠤ ᠬᠢᠷᠢ ᠲᠡᠩᠴᠡᠭᠰᠡᠨ ᠭᠡᠷᠡᠴᠢ ᠂ ᠭᠡᠷ᠎ᠤᠨ ᠲᠡᠵᠢᠭᠡᠪᠦᠷᠢ ᠵᠢᠨ ᠤᠳᠤᠮ᠎ᠤᠨ ᠴᠠᠳᠢᠭ᠎ᠢ ᠳᠠᠭ᠋ᠠᠯᠳᠤᠭᠤᠯᠤᠭᠰᠠᠨ ᠦᠭᠡᠢ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠢᠯᠭ᠋ᠠᠬᠤ ᠲᠡᠮᠳᠡᠭ ᠲᠠᠯᠪᠢᠬᠤ ᠬᠡᠷᠡᠭᠲᠡᠢ ᠭᠡᠵᠦ ᠲᠣᠭᠲᠠᠭ᠋ᠠᠭᠰᠠᠨ ᠪᠠᠢ᠌ᠲᠠᠯ᠎ᠠ ᠢᠯᠭ᠋ᠠᠬᠤ ᠲᠡᠮᠳᠡᠭ ᠦᠭᠡᠢ ᠮᠠᠯ ᠵᠢᠭᠦᠷᠲᠡᠨ᠎ᠢ ᠪᠣᠷᠣᠯᠠᠭᠤᠯᠤᠭᠰᠠᠨ ᠂ ᠬᠤᠳᠠᠯᠳᠤᠨ ᠠᠪᠤᠭᠰᠠᠨ ᠂ ᠡᠰᠡᠬᠦᠯ᠎ᠡ ᠮᠠᠯ ᠵᠢᠭᠦᠷᠲᠡᠨ᠎ᠤ ᠢᠯᠭ᠋ᠠᠬᠤ ᠲᠡᠮᠳᠡᠭ᠎ᠢ ᠲᠠᠬᠢᠨ ᠳᠠᠪᠲᠠᠨ ᠬᠡᠷᠡᠭᠯᠡᠭᠰᠡᠨ ᠪᠠᠢ᠌ᠪᠠᠯ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠷᠯᠢᠭᠳᠠᠨ ᠵᠠᠯᠠᠷᠠᠭᠤᠯᠤᠭᠤᠯᠵᠤ ᠂ ᠬᠣᠶᠠᠷ ᠮᠢᠩᠭ᠋ᠠᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ ᠪᠣᠯᠣᠨ᠎ᠠ᠃
ᠪᠣᠷᠣᠯᠠᠭᠤᠯᠤᠭᠰᠠᠨ ᠦᠷ᠎ᠡ ᠵᠢᠨ ᠮᠠᠯ ᠵᠢᠭᠦᠷᠲᠡᠨ᠎ᠳᠤ ᠬᠢᠵᠢᠭ᠎ᠤᠨ ᠪᠠᠢ᠌ᠴᠠᠭ᠋ᠠᠯᠲᠠ ᠬᠢᠭᠰᠡᠨ ᠭᠡᠷᠡᠴᠢᠯᠡᠯ ᠳᠠᠭ᠋ᠠᠯᠳᠤᠭᠤᠯᠤᠭᠰᠠᠨ ᠦᠭᠡᠢ᠎ᠪᠠᠷ ᠮᠠᠯ ᠵᠢᠭᠦᠷᠲᠡᠨ᠎ᠤ ᠢᠯᠡᠳᠬᠡᠮᠵᠢ ᠲᠡᠮᠳᠡᠭ᠎ᠢ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠂ ᠡᠰᠡᠬᠦᠯ᠎ᠡ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠮᠠᠯ ᠵᠢᠭᠦᠷᠲᠡᠨ᠎ᠤ ᠢᠯᠡᠳᠬᠡᠮᠵᠢ ᠲᠡᠮᠳᠡᠭ᠎ᠢ ᠡᠵᠡᠮᠰᠢᠭᠰᠡᠨ ᠂ ᠬᠡᠷᠡᠭᠯᠡᠭᠰᠡᠨ ᠪᠠᠢ᠌ᠪᠠᠯ ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠶᠠ ᠶᠢᠰᠦᠳᠦᠭᠡᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠂ ᠮᠠᠯ ᠵᠢᠭᠦᠷᠲᠡᠨ᠎ᠢ ᠨᠢᠲᠤᠯᠬᠤ ᠠᠵᠢᠯᠯᠠᠭ᠎ᠠ ᠵᠢ ᠴᠡᠭ ᠲᠣᠭᠲᠠᠭ᠋ᠠᠭᠰᠠᠨ ᠦᠭᠡᠢ᠎ᠪᠠᠷ ᠬᠢᠭᠰᠡᠨ ᠪᠠᠢ᠌ᠪᠠᠯ ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ ᠂ ᠰᠢᠢ᠍ᠳᠬᠡᠨ᠎ᠡ᠃
ᠶᠡᠷᠡᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠯ ᠵᠢᠭᠦᠷᠲᠡᠨ᠎ᠢ ᠨᠢᠲᠤᠯᠬᠤ ᠠᠵᠤ ᠠᠬᠤᠢ᠌ᠯᠠᠯ᠎ᠤᠨ ᠲᠤᠰ ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠢ ᠪᠦᠷᠢᠯᠳᠦᠭᠦᠯᠬᠦ᠎ᠪᠠᠨ ᠪᠣᠯᠢᠭᠰᠠᠨᠢ ᠣᠯᠵᠤ ᠮᠡᠳᠡᠪᠡᠯ ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠬᠦ ᠵᠢᠨ ᠬᠠᠮᠲᠤ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠭᠦᠯᠬᠦ ᠬᠡᠷᠡᠭᠲᠡᠢ ; ᠬᠤᠭᠤᠴᠠᠭ᠎ᠠ ᠬᠡᠲᠦᠷᠡᠲᠡᠯ᠎ᠡ ᠲᠤᠰ ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠮᠥᠨ ᠯᠡ ᠭᠦᠷᠦᠭᠰᠡᠨ ᠦᠭᠡᠢ ᠪᠠᠢ᠌ᠪᠠᠯ ᠂ ᠵᠠᠷᠯᠢᠭᠳᠠᠵᠤ ᠪᠠᠢ᠌ᠭ᠋ᠠᠳ ᠡᠭᠦᠳᠡ ᠵᠢ᠎ᠨᠢ ᠬᠠᠭ᠋ᠠᠯᠭ᠋ᠠᠨ᠎ᠠ ᠂ ᠴᠡᠭ ᠲᠣᠭᠲᠠᠭ᠋ᠠᠨ ᠨᠢᠲᠤᠯᠬᠤ ᠬᠠᠮᠢᠶᠠᠷᠤᠯᠲᠠ ᠵᠢ ᠬᠡᠷᠡᠭᠵᠢᠭᠦᠯᠦᠭᠰᠡᠨ ᠪᠠᠢ᠌ᠪᠠᠯ ᠂ ᠦᠨᠡᠮᠯᠡᠯ ᠣᠯᠭᠣᠭᠰᠠᠨ ᠪᠠᠢ᠌ᠭᠤᠯᠭ᠎ᠠ᠎ᠠᠴᠠ ᠴᠡᠭ ᠲᠣᠭᠲᠠᠭ᠋ᠠᠨ ᠨᠢᠲᠤᠯᠬᠤ ᠦᠨᠡᠮᠯᠡᠯ᠎ᠢ᠎ᠨᠢ ᠬᠠᠤᠯᠢ ᠶᠣᠰᠣᠭ᠋ᠠᠷ ᠬᠣᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
ᠶᠡᠷᠡᠨ ᠨᠢᠭᠡᠳᠦᠭᠡᠷ ᠵᠦᠢ᠍ᠯ ᠲᠤᠰ ᠬᠠᠤᠯᠢ ᠵᠢᠨ ᠵᠢᠷᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ ᠂ ᠮᠠᠯ ᠵᠢᠭᠦᠷᠲᠡᠨ᠎ᠢ ᠨᠢᠲᠤᠯᠬᠤ ᠠᠵᠤ ᠠᠬᠤᠢ᠌ᠯᠠᠯ᠎ᠨᠢ ᠮᠠᠯ ᠵᠢᠭᠦᠷᠲᠡᠨ᠎ᠢ ᠨᠢᠲᠤᠯᠬᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠭᠰᠠᠨ ᠦᠭᠡᠢ ᠂ ᠡᠰᠡᠬᠦᠯ᠎ᠡ ᠮᠠᠯ ᠵᠢᠭᠦᠷᠲᠡᠨ᠎ᠢ ᠨᠢᠲᠤᠯᠬᠤ ᠡᠵᠡᠩᠨᠡᠭᠴᠢ᠎ᠨᠢ ᠰᠢᠯᠭ᠋ᠠᠨ ᠪᠠᠢ᠌ᠴᠠᠭ᠋ᠠᠯᠭ᠋ᠠᠭ᠋ᠠᠳ ᠬᠢᠷᠢ ᠲᠡᠩᠴᠡᠭᠰᠡᠨ ᠦᠭᠡᠢ ᠮᠠᠯ ᠵᠢᠭᠦᠷᠲᠡᠨ᠎ᠤ ᠠᠰᠢᠭ ᠰᠢᠮ᠎ᠡ ᠵᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠭᠰᠡᠨ ᠦᠭᠡᠢ ᠪᠠᠢ᠌ᠪᠠᠯ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠵᠤ ᠂ ᠰᠡᠷᠡᠮᠵᠢ ᠥᠭᠭᠦᠨ᠎ᠡ ; ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ ᠂ ᠲᠠᠪᠤᠨ ᠮᠢᠩᠭ᠋ᠠᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠂ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠢ ᠬᠣᠶᠠᠷ ᠮᠢᠩᠭ᠋ᠠᠨ ᠲᠥᠭᠥᠷᠢᠭ᠎ᠠᠴᠠ ᠳᠡᠭᠡᠭᠰᠢ ᠬᠣᠶᠠᠷ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ; ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠂ ᠵᠠᠷᠯᠢᠭᠳᠠᠵᠤ ᠪᠠᠢ᠌ᠭ᠋ᠠᠳ ᠡᠭᠦᠳᠡ ᠵᠢ᠎ᠨᠢ ᠬᠠᠭ᠋ᠠᠯᠭ᠋ᠠᠨ᠎ᠠ ᠂ ᠴᠡᠭ ᠲᠣᠭᠲᠠᠭ᠋ᠠᠨ ᠨᠢᠲᠤᠯᠬᠤ ᠬᠠᠮᠢᠶᠠᠷᠤᠯᠲᠠ ᠵᠢ ᠬᠡᠷᠡᠭᠵᠢᠭᠦᠯᠦᠭᠰᠡᠨ ᠪᠠᠢ᠌ᠪᠠᠯ ᠂ ᠦᠨᠡᠮᠯᠡᠯ ᠣᠯᠭᠣᠭᠰᠠᠨ ᠪᠠᠢ᠌ᠭᠤᠯᠭ᠎ᠠ᠎ᠠᠴᠠ ᠴᠡᠭ ᠲᠣᠭᠲᠠᠭ᠋ᠠᠨ ᠨᠢᠲᠤᠯᠬᠤ ᠦᠨᠡᠮᠯᠡᠯ᠎ᠢ᠎ᠨᠢ ᠬᠠᠤᠯᠢ ᠶᠣᠰᠣᠭ᠋ᠠᠷ ᠬᠣᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
ᠲᠤᠰ ᠬᠠᠤᠯᠢ ᠵᠢᠨ ᠵᠢᠷᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ ᠵᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ ᠂ ᠰᠢᠢ᠍ᠳᠬᠡᠨ᠎ᠡ᠃
ᠶᠡᠷᠡᠨ ᠬᠣᠶᠠᠳᠤᠭ᠋ᠠᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠶᠠᠯ᠎ᠠ ᠬᠢᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠶᠡᠷᠡᠨ ᠭᠤᠷᠪᠠᠳᠤᠭ᠋ᠠᠷ ᠵᠦᠢ᠍ᠯ ᠲᠤᠰ ᠬᠠᠤᠯᠢ᠎ᠳᠤ ᠬᠡᠯᠡᠵᠦ ᠪᠠᠢ᠌ᠭ᠎ᠠ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ ᠭᠡᠳᠡᠭ᠎ᠨᠢ ᠮᠠᠯ ᠵᠢᠭᠦᠷᠲᠡᠨ ᠵᠢᠴᠢ ᠲᠡᠭᠦᠨ᠎ᠤ ᠥᠨᠳᠡᠭᠡᠨ ᠡᠰ (ᠥᠨᠳᠡᠭᠡ )᠂ ᠦᠷ᠎ᠡ ᠵᠢᠨ ᠰᠢᠩᠭᠡᠨ ᠂ ᠬᠦᠪᠦᠷᠡᠯ ᠂ ᠭᠧᠨ᠎ᠤ ᠪᠣᠳᠠᠰ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠵᠢᠭ᠋ᠠᠵᠤ ᠪᠠᠢ᠌ᠨ᠎ᠠ᠃
ᠲᠤᠰ ᠬᠠᠤᠯᠢ᠎ᠳᠤ ᠬᠡᠯᠡᠵᠦ ᠪᠠᠢ᠌ᠭ᠎ᠠ ᠦᠷ᠎ᠡ ᠵᠢᠨ ᠮᠠᠯ ᠵᠢᠭᠦᠷᠲᠡᠨ ᠭᠡᠳᠡᠭ᠎ᠨᠢ ᠰᠣᠩᠭᠣᠨ ᠪᠣᠢ᠌ᠵᠢᠭᠤᠯᠤᠭᠰᠠᠨ ᠂ ᠡᠭᠦᠯᠳᠡᠷ᠎ᠤᠨ ᠦᠨ᠎ᠡ ᠦᠷᠳᠡᠭ᠎ᠲᠠᠢ ᠂ ᠬᠣᠢ᠌ᠴᠢ ᠦᠶ᠎ᠡ᠎ᠪᠠᠨ ᠦᠷᠡᠵᠢᠭᠦᠯᠬᠦ᠎ᠳᠤ ᠲᠣᠬᠢᠷᠠᠬᠤ ᠮᠠᠯ ᠵᠢᠭᠦᠷᠲᠡᠨ ᠵᠢᠴᠢ ᠲᠡᠭᠦᠨ᠎ᠤ ᠥᠨᠳᠡᠭᠡᠨ ᠡᠰ (ᠥᠨᠳᠡᠭᠡ )᠂ ᠦᠷ᠎ᠡ ᠵᠢᠨ ᠰᠢᠩᠭᠡᠨ ᠂ ᠬᠦᠪᠦᠷᠡᠯ ᠵᠡᠷᠭᠡ ᠵᠢ ᠵᠢᠭ᠋ᠠᠵᠤ ᠪᠠᠢ᠌ᠨ᠎ᠠ ᠃
ᠶᠡᠷᠡᠨ ᠳᠥᠷᠪᠡᠳᠦᠭᠡᠷ ᠵᠦᠢ᠍ᠯ ᠲᠤᠰ ᠬᠠᠤᠯᠢ ᠵᠢ 2023 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃