ᠲᠠᠷᠢᠶᠠᠨ ᠭᠠᠵᠠᠷ᠎ᠢ ᠬᠠᠮᠠᠭ᠋ᠠᠯᠠᠵᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠭᠦ ᠲᠤᠬᠠᠢ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠰᠠᠨᠠᠯ
(2024 ᠣᠨ᠎ᠤ 2 ᠰᠠᠷ᠎ᠠ ᠵᠢᠨ 5᠎ᠤ ᠡᠳᠦᠷ)
ᠠᠮᠤ ᠪᠤᠳᠠᠭ᠋ᠠᠨ᠎ᠤ ᠠᠮᠤᠷ ᠲᠦᠪᠰᠢᠨ ᠪᠣᠯ 《ᠤᠯᠤᠰ᠎ᠤᠨ ᠶᠡᠬᠡ ᠶᠠᠪᠤᠳᠠᠯ》 ᠮᠥᠨ᠂ ᠲᠠᠷᠢᠶᠠᠨ ᠭᠠᠵᠠᠷ ᠪᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠮᠢᠨ ᠰᠤᠳᠠᠰᠤ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠠᠯᠢ ᠣᠯᠠᠨ ᠬᠠᠲᠠᠭᠤ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠤᠯᠠᠭ᠋ᠠᠨ ᠱᠤᠭᠤᠮ᠎ᠢ ᠪᠠᠲᠤ ᠰᠠᠬᠢᠪᠠ᠃ ᠡᠭᠦᠨ᠎ᠤ ᠬᠠᠮᠲᠤ᠂ ᠮᠠᠨ᠎ᠤ ᠤᠯᠤᠰ᠎ᠤᠨ ᠬᠥᠮᠥᠨ ᠣᠯᠠᠨ ᠭᠠᠵᠠᠷ ᠪᠠᠭ᠎ᠠ ᠪᠠᠢ᠌ᠭ᠎ᠠ ᠤᠯᠤᠰ᠎ᠤᠨ ᠪᠠᠢ᠌ᠳᠠᠯ ᠬᠤᠪᠢᠷᠠᠭ᠎ᠠ ᠦᠭᠡᠢ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠤᠯᠭ᠋ᠠᠬᠤ》᠂ 《ᠠᠮᠤ ᠪᠤᠳᠠᠭ᠋ᠠᠨ᠎ᠤ ᠪᠤᠰᠤ ᠪᠤᠯᠭ᠋ᠠᠬᠤ》 ᠠᠰᠠᠭᠤᠳᠠᠯ ᠮᠥᠨ ᠬᠦ᠌ ᠨᠡᠯᠢᠶᠡᠳ ᠲᠣᠪᠣᠢ᠌ᠮ᠎ᠠ ᠪᠠᠢ᠌ᠵᠤ᠂
ᠲᠠᠷᠢᠶᠠᠨ ᠭᠠᠵᠠᠷ᠎ᠢ ᠬᠠᠮᠠᠭ᠋ᠠᠯᠠᠬᠤ ᠪᠠᠢ᠌ᠳᠠᠯ ᠮᠥᠨ ᠬᠦ᠌ ᠬᠠᠲᠠᠭᠤ ᠴᠢᠩᠭ᠎ᠠ ᠪᠠᠢ᠌ᠵᠤ᠂ ᠡᠭᠦᠷᠭᠡ ᠨᠡᠩ ᠬᠠᠲᠠᠭᠤ ᠪᠡᠷᠬᠡ ᠪᠠᠢ᠌ᠨ᠎ᠠ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠵᠢ ᠲᠡᠭᠦᠯᠳᠡᠷᠵᠢᠭᠦᠯᠬᠦ ᠵᠢᠨ ᠲᠤᠰᠠᠳᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠵᠢ ᠲᠡᠭᠦᠯᠳᠡᠷᠵᠢᠭᠦᠯᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠠᠷᠢᠶᠠᠨ ᠭᠠᠵᠠᠷ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠲᠤᠯᠠᠵᠤ᠂ ᠮᠡᠷᠭᠡᠵᠢᠯ ᠵᠢᠡᠷ ᠠᠮᠤ ᠪᠤᠳᠠᠭ᠋ᠠᠨ᠎ᠤ ᠤᠨᠠᠯᠳᠠ ᠵᠢ ᠨᠡᠮᠡᠭᠳᠡᠭᠦᠯᠬᠦ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠰᠢᠰᠲ᠋ᠧᠮᠲᠦ ᠢᠨᠵᠧᠨᠧᠷᠢᠩ ᠪᠤᠯᠭ᠋ᠠᠵᠤ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠵᠢᠨ 《ᠭᠤᠷᠪᠠ ᠵᠢ ᠨᠢᠭᠡ ᠴᠣᠭᠴᠠᠵᠢᠭᠤᠯᠬᠤ》 ᠬᠠᠮᠠᠭ᠋ᠠᠯᠠᠯᠲᠠ ᠵᠢ ᠪᠠᠷᠢᠮᠲᠠᠯᠠᠵᠤ᠂ ᠵᠢᠮ᠎ᠡ ᠶᠣᠰᠣ ᠵᠢ ᠬᠦᠨᠳᠦᠳᠬᠡᠬᠦ᠂ ᠪᠠᠢ᠌ᠳᠠᠯᠳᠤᠨᠢ ᠲᠣᠬᠢᠷᠠᠭᠤᠯᠤᠨ ᠵᠢᠯᠤᠭᠣᠳᠬᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠬᠤ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠨ ᠴᠢᠷᠮᠠᠢ᠌ᠬᠤ ᠵᠢ ᠪᠠᠷᠢᠮᠲᠠᠯᠠᠵᠤ᠂ ᠡᠯ᠎ᠡ ᠲᠥᠷᠥᠯ᠎ᠤᠨ ᠭᠣᠣᠯ ᠴᠣᠭᠴᠠ ᠵᠢᠨ ᠲᠠᠷᠢᠶᠠᠨ ᠭᠠᠵᠠᠷ᠎ᠢ ᠬᠠᠮᠠᠭ᠋ᠠᠯᠠᠬᠤ ᠢᠳᠡᠪᠬᠢᠵᠢᠯ᠎ᠢ ᠭᠦᠢ᠍ᠴᠡᠳ ᠳᠠᠢ᠌ᠴᠢᠯᠠᠵᠤ᠂ ᠲᠠᠷᠢᠶᠠᠨ ᠭᠠᠵᠠᠷ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠣᠷᠣᠨ ᠵᠠᠢ ᠵᠢ ᠯᠠᠪᠳᠠᠭᠤᠨ ᠵᠶ᠋ᠠᠷ ᠥᠷᠭᠡᠳᠬᠡᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠲᠤ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠬᠦ ᠬᠡᠷᠡᠭᠲᠡᠢ᠃
ᠠᠵᠢᠯ᠎ᠤᠨ ᠳᠤᠮᠳᠠ᠎ᠪᠠᠨ ᠳᠣᠣᠷᠠᠬᠢ ᠵᠦᠢ᠍ᠯᠡᠰ᠎ᠢ ᠪᠡᠶᠡᠯᠡᠭᠦᠯᠬᠦ ᠬᠡᠷᠡᠭᠲᠡᠢ᠄
— ᠲᠣᠭ᠎ᠠ ᠬᠡᠮᠵᠢᠶ᠎ᠡ ᠪᠠ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠎ᠠ᠃ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠶᠡᠷᠦᠩᠬᠡᠢ᠎ᠳᠡᠭᠡᠨ ᠲᠣᠭᠲᠠᠭᠤᠨ ᠪᠠᠢ᠌ᠬᠤ ᠵᠢ ᠪᠠᠲᠤᠯᠠᠭᠰᠠᠨ ᠤᠷᠢᠲᠠᠯ ᠳᠣᠣᠷ᠎ᠠ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠬᠦᠴᠦᠨ ᠵᠶ᠋ᠡᠷ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠬᠢᠭᠡᠳ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠤᠶᠠᠯᠳᠤᠭᠤᠯᠬᠤ ᠵᠢ ᠪᠠᠷᠢᠮᠲᠠᠯᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠦᠨᠡᠨ ᠬᠦ᠌ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠤᠨ᠎ᠠ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠵᠢ ᠴᠢᠩᠭ᠎ᠠ ᠨᠠᠢ᠌ᠳᠠᠪᠤᠷᠢᠵᠢᠭᠤᠯᠵᠤ᠂ ᠲᠣᠭ᠎ᠠ ᠬᠡᠮᠵᠢᠶ᠎ᠡ ᠵᠢ ᠲᠡᠩᠴᠡᠭᠦᠷᠢᠰᠢᠭᠦᠯᠬᠦ᠂ ᠶᠠᠰᠤ ᠴᠢᠨᠠᠷ᠎ᠢ ᠲᠡᠩᠴᠡᠭᠦᠷᠢᠰᠢᠭᠦᠯᠬᠦ᠂ ᠦᠢ᠍ᠯᠡᠳᠪᠦᠷᠢᠯᠡᠬᠦ ᠴᠢᠳᠠᠪᠤᠷᠢ ᠵᠢ ᠲᠡᠩᠴᠡᠭᠦᠷᠢᠰᠢᠭᠦᠯᠬᠦ ᠵᠢ ᠦᠨᠡᠨ ᠬᠦ᠌ ᠪᠡᠶᠡᠯᠡᠭᠦᠯᠵᠦ᠂ ᠲᠠᠷᠢᠶᠠᠨ ᠭᠠᠵᠠᠷ᠎ᠢ ᠢᠯᠡᠭᠦᠦ ᠡᠵᠡᠯᠡᠬᠦ ᠪᠠ ᠳᠤᠲᠠᠭᠤ ᠨᠥᠬᠥᠪᠦᠷᠢᠯᠡᠬᠦ᠂ ᠰᠠᠢ᠌ᠨ᠎ᠢ᠎ᠨᠢ ᠡᠵᠡᠯᠡᠵᠦ ᠮᠠᠭᠤ᠎ᠪᠠᠷ᠎ᠨᠢ ᠨᠥᠬᠥᠪᠦᠷᠢᠯᠡᠬᠦ᠂ ᠪᠦᠬᠦᠯᠢ ᠵᠢ᠎ᠨᠢ ᠡᠵᠡᠯᠡᠵᠦ ᠲᠠᠷᠠᠬᠠᠢᠪᠠᠷᠨᠢ ᠨᠥᠬᠥᠪᠦᠷᠢᠯᠡᠬᠦ ᠵᠢ ᠡᠷᠡᠰ ᠬᠣᠷᠢᠭᠯᠠᠨ᠎ᠠ᠃
— ᠬᠠᠤᠯᠢ ᠵᠢ ᠴᠢᠩᠭ᠎ᠠ ᠬᠡᠷᠡᠭᠵᠢᠭᠦᠯᠬᠦ ᠵᠢ ᠪᠠᠷᠢᠮᠲᠠᠯᠠᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠵᠦ᠂ ᠬᠠᠲᠠᠭᠤ ᠠᠷᠭ᠎ᠠ ᠬᠡᠮᠵᠢᠶ᠎ᠡ ᠠᠪᠴᠤ ᠪᠠᠢ᠌ᠭ᠋ᠠᠳ ᠲᠠᠷᠢᠶᠠᠨ ᠭᠠᠵᠠᠷ᠎ᠢ ᠰᠠᠢ᠌ᠲᠤᠷ ᠬᠠᠮᠠᠭ᠋ᠠᠯᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠱᠠᠲᠤ ᠬᠤᠪᠢᠶᠠᠨ ᠨᠠᠢ᠌ᠳᠠᠪᠤᠷᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠬᠦᠴᠦᠨ᠎ᠢ ᠡᠮᠬᠢᠯᠡᠨ ᠨᠡᠢ᠌ᠯᠡᠭᠦᠯᠵᠦ᠂ ᠠᠵᠢᠯ᠎ᠤᠨ ᠨᠡᠢ᠌ᠯᠡᠯ ᠬᠦᠴᠦᠨ᠎ᠢ ᠪᠤᠶ ᠪᠣᠯᠭ᠋ᠠᠨ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠤᠯᠭ᠋ᠠᠬᠤ》 ᠵᠢ ᠡᠷᠡᠰ ᠬᠣᠷᠢᠭᠯᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠤᠯᠭ᠋ᠠᠬᠤ》 ᠵᠢ ᠰᠡᠷᠭᠡᠢ᠌ᠯᠡᠨ ᠬᠣᠷᠢᠭᠯᠠᠨ᠎ᠠ᠃
— ᠰᠢᠰᠲ᠋ᠧᠮ᠎ᠲᠠᠢ ᠠᠬᠢᠭᠤᠯᠬᠤ ᠵᠢ ᠪᠠᠷᠢᠮᠲᠠᠯᠠᠨ᠎ᠠ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠬᠥᠮᠥᠨ ᠬᠢᠭᠡᠳ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠳᠤᠮᠳᠠ ᠲᠠᠯᠪᠢᠨ ᠪᠣᠳᠣᠯᠬᠢᠯᠠᠵᠤ᠂ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠢ᠌ᠯᠳᠤᠬᠤ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ᠎ᠪᠠᠷ ᠵᠠᠰᠠᠬᠤ ᠵᠢ ᠪᠠᠷᠢᠮᠲᠠᠯᠠᠨ᠎ᠠ᠃
— ᠡᠭᠦᠷᠢᠳᠡ ᠦᠷᠭᠦᠯᠵᠢᠯᠡᠨ ᠠᠰᠢᠭᠯᠠᠬᠤ ᠵᠢ ᠪᠠᠷᠢᠮᠲᠠᠯᠠᠨ᠎ᠠ᠃ ᠣᠢ᠌ᠷ᠎ᠠ ᠵᠢᠨ ᠬᠤᠭᠤᠴᠠᠭ᠎ᠠ ᠪᠣᠯᠣᠨ ᠠᠯᠤᠰ ᠭᠡᠳᠦ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠲᠠᠷᠢᠶᠠᠨ ᠭᠠᠵᠠᠷ᠎ᠢ ᠬᠡᠷᠡᠭᠯᠡᠬᠦ ᠪᠠ ᠠᠷᠠᠴᠢᠯᠠᠬᠤ ᠵᠢ ᠤᠶᠠᠯᠳᠤᠭᠤᠯᠬᠤ ᠪᠠ ᠦᠷᠭᠦᠯᠵᠢᠯᠡᠨ ᠠᠰᠢᠭᠯᠠᠬᠤ ᠵᠢ ᠠᠬᠢᠭᠤᠯᠵᠤ᠂ ᠲᠠᠷᠢᠶᠠᠨ ᠭᠠᠵᠠᠷ᠎ᠤᠨ ᠬᠦᠴᠦ ᠰᠢᠮ᠎ᠡ ᠵᠢ ᠪᠠᠲᠤᠯᠠᠨ ᠳᠡᠭᠡᠭᠰᠢᠯᠡᠭᠦᠯᠵᠦ᠂ ᠣᠳᠣ ᠦᠶ᠎ᠡ ᠵᠢᠨ ᠬᠥᠮᠥᠰ᠎ᠤᠨ ᠬᠡᠷᠡᠭᠴᠡᠭᠡ ᠵᠢ ᠬᠠᠩᠭ᠋ᠠᠬᠤ᠎ᠪᠠᠷ ᠪᠠᠷᠠᠬᠤ ᠦᠭᠡᠢ᠂ ᠦᠷ᠎ᠡ ᠬᠣᠢ᠌ᠴᠢᠰ᠎ᠲᠠᠭᠠᠨ ᠨᠡᠩ ᠢᠯᠡᠭᠦᠦ ᠬᠥᠭᠵᠢᠯᠲᠡ ᠵᠢᠨ ᠣᠷᠣᠨ ᠵᠠᠢ ᠦᠯᠡᠳᠡᠭᠡᠨ᠎ᠡ᠃
ᠭᠣᠣᠯ ᠬᠠᠷᠠᠯᠲᠠ ᠪᠣᠯ᠄ ᠰᠢᠨ᠎ᠡ ᠨᠢᠭᠡ ᠡᠭᠡᠯᠵᠢ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠲᠣᠳᠣᠷᠬᠠᠢ᠌ᠯᠠᠭᠰᠠᠨ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠨᠠᠢ᠌ᠳᠠᠪᠤᠷᠢᠵᠢᠭᠤᠯᠵᠤ᠂ ᠪᠦᠭᠦ ᠤᠯᠤᠰ᠎ᠤᠨ ᠲᠠᠷᠢᠶᠠᠨ ᠭᠠᠵᠠᠷ᠎ᠤᠨ ᠬᠡᠮᠵᠢᠶ᠎ᠡ ᠵᠢ 18.65 ᠳ᠋ᠦᠩᠰᠢᠭᠤᠷ ᠮᠦ᠍᠎ᠠᠴᠠ ᠳᠣᠣᠷ᠎ᠠ ᠪᠠᠢ᠌ᠯᠭ᠋ᠠᠵᠤ ᠪᠤᠯᠬᠤ ᠦᠭᠡᠢ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠶ ᠵᠢ 15.46 ᠳ᠋ᠦᠩᠰᠢᠭᠤᠷ ᠮᠦ᠍᠎ᠠᠴᠠ ᠳᠣᠣᠷ᠎ᠠ ᠪᠠᠢ᠌ᠯᠭ᠋ᠠᠵᠤ ᠪᠤᠯᠬᠤ ᠦᠭᠡᠢ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠲᠠᠷᠢᠶᠠᠯᠠᠬᠤ᠎ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠵᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ᠎ᠲᠠᠢ ᠣᠳᠣᠬᠢᠴᠢᠯᠠᠭᠰᠠᠨ ᠰᠠᠢ᠌ᠨ ᠲᠠᠷᠢᠶᠠᠨ ᠭᠠᠵᠠᠷ ᠪᠣᠯᠭ᠋ᠠᠨ ᠠᠯᠬᠤᠮ ᠠᠯᠬᠤᠮ ᠵᠶ᠋ᠠᠷ ᠪᠠᠢ᠌ᠭᠤᠯᠤᠨ᠎ᠠ ; ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠦᠭᠦ ᠲᠠᠯ᠎ᠠ᠎ᠪᠠᠷ ᠪᠣᠳᠠᠲᠠᠢ᠌ᠵᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠳᠦᠷᠢᠮ᠎ᠢ ᠴᠢᠩᠭ᠎ᠠ ᠵᠢᠷᠤᠮᠵᠢᠭᠤᠯᠵᠤ᠂ ᠡᠯ᠎ᠡ ᠲᠥᠷᠥᠯ᠎ᠤᠨ ᠭᠣᠣᠯ ᠴᠣᠭᠴᠠ ᠵᠢᠨ ᠲᠠᠷᠢᠶᠠᠨ ᠭᠠᠵᠠᠷ᠎ᠢ ᠬᠠᠮᠠᠭ᠋ᠠᠯᠠᠬᠤ᠂ ᠠᠮᠤ ᠪᠤᠳᠠᠭ᠎ᠠ ᠳᠠᠷᠢᠬᠤ ᠪᠠ ᠠᠮᠤ ᠪᠤᠳᠠᠭ᠎ᠠ ᠵᠢ ᠴᠢᠬᠤᠯᠠᠴᠢᠯᠠᠬᠤ ᠢᠳᠡᠪᠬᠢᠵᠢᠯ᠎ᠢ ᠨᠡᠢ᠌ᠳᠡᠮ ᠳᠡᠭᠡᠭᠰᠢᠯᠡᠭᠦᠯᠵᠦ᠂ ᠡᠯ᠎ᠡ ᠲᠥᠷᠥᠯ᠎ᠤᠨ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢ ᠲᠤᠯᠭ᠋ᠠᠭᠤᠷᠢᠯᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠨ᠎ᠠ᠃
ᠬᠣᠶᠠᠷ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠦᠭᠦ ᠲᠠᠯ᠎ᠠ᠎ᠪᠠᠷ ᠪᠣᠳᠠᠲᠠᠢ᠌ᠵᠢᠭᠤᠯᠤᠨ᠎ᠠ
(ᠨᠢᠭᠡ) ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢ ᠡᠷᠡᠰ ᠲᠣᠭᠲᠠᠭᠤᠨ ᠪᠠᠢ᠌ᠯᠭ᠋ᠠᠨ᠎ᠠ᠃ ᠲᠠᠷᠢᠶᠠᠨ ᠭᠠᠵᠠᠷ ᠪᠣᠯᠣᠨ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠱᠠᠲᠤ ᠳᠠᠷᠠᠭ᠋ᠠᠯᠠᠨ ᠵᠠᠳᠠᠯᠵᠤ᠂ ᠡᠯ᠎ᠡ ᠱᠠᠲᠤᠨ᠎ᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ᠎ᠳᠤ ᠣᠷᠣᠭᠤᠯᠤᠨ᠂ ᠲᠠᠷᠢᠶᠠᠨ ᠭᠠᠵᠠᠷ᠎ᠤᠨ ᠬᠡᠰᠡᠭ᠎ᠲᠤ ᠭᠦᠷᠲᠡᠯ᠎ᠡ ᠨᠠᠢ᠌ᠳᠠᠪᠤᠷᠢᠵᠢᠭᠤᠯᠬᠤ ᠵᠢᠨ ᠬᠠᠮᠲᠤ ᠵᠢᠷᠤᠭ ᠣᠷᠣᠭᠤᠯᠵᠤ ᠬᠥᠮᠥᠷᠭᠡ᠎ᠳᠤ ᠣᠷᠣᠭᠤᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠡᠷᠬᠡᠪᠰᠢ ᠪᠡᠶᠡᠯᠡᠭᠦᠯᠬᠦ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠤᠯᠭ᠋ᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠶᠠᠭ᠋ᠠᠬᠢᠭᠰᠠᠨ ᠴᠤ᠌ ᠳᠠᠪᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
(ᠬᠣᠶᠠᠷ) ᠲᠠᠷᠢᠶᠠᠨ ᠭᠠᠵᠠᠷ᠎ᠤᠨ ᠪᠠᠢ᠌ᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠮᠦᠨᠡᠲᠦ ᠣᠷᠣᠨ᠎ᠤ ᠮᠤᠵᠢ ᠬᠡᠰᠡᠭ ᠠᠯᠳᠠᠭᠳᠠᠵᠤ ᠭᠡᠭᠡᠭᠳᠡᠭᠰᠡᠨ ᠲᠠᠷᠢᠶᠠᠨ ᠭᠠᠵᠠᠷ ᠵᠶ᠋ᠠᠨ ᠡᠮᠬᠢ ᠵᠢᠷᠤᠮ᠎ᠲᠠᠢ᠎ᠪᠠᠷ ᠰᠡᠷᠭᠦᠭᠡᠵᠦ᠂《ᠤᠮᠠᠷᠠᠲᠤ ᠵᠢᠨ ᠠᠮᠤ ᠪᠤᠳᠠᠭ᠎ᠠ ᠵᠢ ᠡᠮᠦᠨᠡᠲᠦ ᠣᠷᠣᠨ᠎ᠳᠤ ᠵᠥᠭᠡᠭᠡᠪᠦᠷᠢᠯᠡᠬᠦ》ᠬᠠᠨᠳᠤᠰᠢ ᠵᠢᠨ ᠰᠢᠷᠦᠭᠦᠰᠬᠦ ᠵᠢ ᠬᠣᠷᠢᠭᠯᠠᠨ᠎ᠠ᠃ ᠡᠯ᠎ᠡ ᠭᠠᠵᠠᠷ᠎ᠤᠨ᠎ᠬᠢᠨ ᠭᠤᠷᠪᠠᠳᠤᠭ᠋ᠠᠷ ᠤᠳᠠᠭ᠋ᠠᠨ᠎ᠤ ᠪᠦᠭᠦ ᠤᠯᠤᠰ᠎ᠤᠨ ᠬᠥᠷᠥᠰᠥ ᠰᠢᠷᠣᠢ ᠵᠢᠨ ᠨᠡᠢ᠌ᠳᠡᠮ ᠪᠠᠢ᠌ᠴᠠᠭ᠋ᠠᠯᠲᠠ᠎ᠲᠠᠢ ᠤᠶᠠᠯᠳᠤᠭᠤᠯᠤᠨ᠂ ᠬᠥᠷᠥᠰᠥ ᠰᠢᠷᠣᠢ ᠵᠢᠨ ᠲᠠᠷᠢᠶᠠᠯᠠᠩ᠎ᠤᠨ ᠠᠰᠢᠭᠯᠠᠯᠲᠠ ᠵᠢᠨ ᠲᠣᠬᠢᠷᠠᠮᠵᠢᠲᠠᠢ ᠴᠢᠨᠠᠷ᠎ᠤᠨ ᠦᠨᠡᠯᠡᠯᠲᠡ ᠵᠢ ᠥᠷᠨᠢᠭᠦᠯᠵᠦ᠂ ᠪᠦᠭᠦ ᠣᠷᠣᠨ ᠪᠦᠰᠡ ᠵᠢᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ᠂ ᠴᠢᠨᠠᠷ ᠰᠠᠢ᠌ᠲᠠᠢ ᠲᠠᠷᠢᠶᠠᠨ ᠭᠠᠵᠠᠷ᠎ᠢ ᠰᠡᠷᠭᠦᠭᠡᠨ ᠨᠥᠬᠥᠪᠦᠷᠢᠯᠡᠬᠦ ᠵᠡᠷᠭᠡ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠠᠷᠢᠶᠠᠨ ᠭᠠᠵᠠᠷ ᠪᠠ ᠣᠢ᠌ᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠨᠢ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠬᠡᠰᠡᠭ ᠪᠤᠰᠠᠭ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠮᠬᠢᠯᠡᠨ ᠨᠡᠢ᠌ᠯᠡᠭᠦᠯᠵᠦ ᠲᠣᠬᠢᠷᠠᠭᠤᠯᠬᠤ ᠵᠢ ᠠᠬᠢᠭᠤᠯᠤᠨ᠂ ᠲᠥᠪᠯᠡᠷᠡᠨ ᠵᠠᠯᠭ᠋ᠠᠯᠳᠤᠬᠤ ᠵᠢ ᠠᠬᠢᠭᠤᠯᠬᠤ ᠬᠡᠷᠡᠭᠲᠡᠢ᠃
(ᠭᠤᠷᠪᠠ) ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠬᠢᠨᠠᠨ ᠰᠢᠯᠭ᠋ᠠᠬᠤ ᠵᠢ ᠴᠢᠩᠭ᠎ᠠ ᠥᠷᠨᠢᠭᠦᠯᠦᠨ᠎ᠡ᠃ ᠲᠠᠷᠢᠶᠠᠨ ᠭᠠᠵᠠᠷ᠎ᠢ ᠬᠠᠮᠠᠭ᠋ᠠᠯᠠᠬᠤ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠤᠯᠤᠰ᠎ᠠᠴᠠ ᠵᠢᠯ ᠪᠦᠷᠢ ᠮᠤᠵᠢ ᠵᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠬᠢᠨᠠᠨ ᠰᠢᠯᠭ᠋ᠠᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠤᠯᠠᠭ᠋ᠠᠨ ᠱᠤᠭᠤᠮ᠎ᠢ ᠳᠠᠪᠠᠭᠰᠠᠨ ᠵᠡᠷᠭᠡ ᠴᠢᠬᠤᠯᠠ ᠶᠡᠬᠡ ᠠᠰᠠᠭᠤᠳᠠᠯ᠎ᠳᠤ 《ᠨᠢᠭᠡ ᠪᠢᠯᠧᠲ ᠵᠶ᠋ᠡᠷ ᠦᠭᠡᠢ᠌ᠰᠭᠡᠭᠦ》 ᠵᠢ ᠬᠡᠷᠡᠭᠵᠢᠭᠦᠯᠵᠦ᠂ ᠴᠢᠩᠭ᠎ᠠ ᠬᠠᠷᠢᠭᠤᠴᠠᠯᠭ᠎ᠠ ᠲᠤᠯᠭ᠋ᠠᠵᠤ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠨ᠎ᠡ᠃ ᠮᠤᠵᠢ ᠵᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠲᠣᠰ ᠮᠤᠵᠢ ᠵᠢᠨ ᠬᠡᠪᠴᠢᠶᠡᠨ᠎ᠳᠠᠬᠢ ᠲᠠᠷᠢᠶᠠᠨ ᠭᠠᠵᠠᠷ᠎ᠤᠨ ᠬᠠᠮᠠᠭ᠋ᠠᠯᠠᠯᠲᠠ᠎ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠮᠤᠵᠢ ᠵᠢᠨ ᠬᠡᠪᠴᠢᠶᠡᠨ᠎ᠳᠠᠬᠢ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠴᠢᠩᠭ᠎ᠠ ᠬᠢᠨᠠᠨ ᠰᠢᠯᠭ᠋ᠠᠨ᠎ᠠ᠃
ᠭᠤᠷᠪᠠ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠬᠦᠴᠦᠨ ᠵᠶ᠋ᠡᠷ ᠳᠡᠭᠡᠭᠰᠢᠯᠡᠭᠦᠯᠦᠨ᠎ᠡ
(ᠳᠥᠷᠪᠡ) ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠪᠦᠭᠦ ᠤᠯᠤᠰ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ ᠵᠶ᠋ᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠬᠤ ᠵᠢᠨ ᠬᠡᠷᠡᠭᠵᠢᠭᠦᠯᠬᠦ ᠲᠥᠰᠥᠯ᠎ᠢ ᠨᠡᠢ᠌ᠲᠡᠯᠡᠵᠦ᠂ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ᠂ ᠣᠷᠣᠭᠤᠯᠤᠯᠲᠠ ᠵᠢᠨ ᠪᠠᠷᠢᠮᠵᠢᠶ᠎ᠠ ᠪᠠ ᠤᠷᠢᠳ ᠵᠶ᠋ᠠᠷ ᠬᠢᠬᠦ ᠲᠠᠰ ᠳᠠᠷᠠᠭ᠋ᠠᠯᠠᠯ᠎ᠢ ᠲᠣᠳᠣᠷᠬᠠᠢ᠌ᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠯᠤᠭ᠎ᠠ ᠵᠣᠬᠢᠴᠠᠯᠳᠤᠭᠰᠠᠨ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠣᠷᠣᠭᠤᠯᠤᠯᠲᠠ ᠪᠠ ᠬᠠᠮᠢᠶᠠᠷᠴᠤ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠤᠨ᠎ᠠ᠃ ᠪᠦᠬᠦᠯᠢ ᠣᠷᠣᠨ ᠪᠦᠰᠡ ᠵᠢᠨ ᠪᠦᠲᠦᠭᠡᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠭᠦ ᠵᠢ ᠥᠷᠨᠢᠭᠦᠯᠵᠦ᠂ ᠵᠡᠭᠦᠨ ᠬᠣᠢ᠌ᠲᠤ ᠵᠢᠨ ᠬᠠᠷ᠎ᠠ ᠬᠥᠷᠥᠰᠥᠲᠦ ᠣᠷᠣᠨ᠂ ᠲᠠᠯ᠎ᠠ ᠭᠠᠵᠠᠷ᠎ᠤᠨ ᠣᠷᠣᠨ᠂ ᠤᠰᠤᠨ ᠠᠰᠢᠭᠯᠠᠯᠲᠠ ᠵᠢᠨ ᠤᠰᠤᠯᠠᠯᠲᠠ ᠵᠢᠨ ᠨᠥᠬᠥᠴᠡᠯ᠎ᠢ ᠪᠦᠷᠢᠯᠳᠦᠭᠦᠯᠦᠭᠰᠡᠨ ᠭᠠᠵᠠᠷ ᠣᠷᠣᠨ᠎ᠤ ᠲᠠᠷᠢᠶᠠᠨ ᠭᠠᠵᠠᠷ᠎ᠢ ᠡᠩ ᠲᠡᠷᠢᠭᠦᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠤᠨ᠎ᠠ᠃ ᠲᠥᠪ᠎ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠣᠲᠠ ᠰᠢᠶᠠᠨ᠎ᠠᠴᠠ ᠨᠠᠢ᠌ᠳᠠᠪᠤᠷᠢᠵᠢᠭᠤᠯᠬᠤ ᠵᠢ ᠠᠳᠬᠤᠬᠤ᠂ ᠤᠯᠠᠨ ᠲᠦᠮᠡᠨ ᠣᠷᠤᠯᠴᠠᠬᠤ ᠲᠣᠭᠲᠠᠴᠠ ᠵᠢ ᠴᠢᠩᠭ᠋ᠠᠳᠬᠠᠵᠤ᠂ ᠬᠢᠨᠠᠨ ᠰᠢᠯᠭ᠋ᠠᠵᠤ ᠦᠨᠡᠯᠡᠬᠦ ᠵᠢ ᠴᠢᠩᠭ᠋ᠠᠳᠬᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠵᠥᠪ ᠭᠦᠢ᠍ᠴᠡᠳᠬᠡᠬᠦ ᠦᠭᠡᠢ᠎ᠠᠴᠠ ᠪᠣᠯᠵᠤ ᠣᠨ᠎ᠤ ᠪᠦᠲᠦᠭᠡᠨ ᠪᠠᠢ᠌ᠭᠤᠯᠤᠯᠲᠠ ᠵᠢᠨ ᠡᠭᠦᠷᠭᠡ᠎ᠪᠠᠨ ᠪᠡᠶᠡᠯᠡᠭᠦᠯᠦᠭᠰᠡᠨ ᠦᠭᠡᠢ ᠭᠠᠵᠠᠷ ᠣᠷᠣᠨ᠎ᠠᠴᠠ ᠳᠦᠷᠢᠮ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠢ᠌ᠴᠠᠭ᠋ᠠᠬᠤ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠲᠡᠭᠦᠯᠳᠡᠷᠵᠢᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠮᠦ᠍ ᠪᠦᠷᠢ ᠵᠢ ᠴᠥᠮ ᠠᠮᠵᠢᠯᠲᠠ᠎ᠲᠠᠢ ᠪᠠᠢ᠌ᠭᠤᠯᠬᠤ ᠵᠢ ᠦᠨᠡᠨ ᠬᠦ᠌ ᠪᠠᠲᠤᠯᠠᠨ᠎ᠠ᠃ ᠡᠯ᠎ᠡ ᠭᠠᠵᠠᠷ᠎ᠤᠨ᠎ᠬᠢᠨ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠵᠦ᠂ ᠬᠠᠮᠢᠶᠠᠷᠴᠤ ᠬᠠᠮᠠᠭ᠋ᠠᠯᠠᠬᠤ ᠭᠣᠣᠯ ᠴᠣᠭᠴᠠ ᠵᠢ ᠲᠣᠳᠣᠷᠬᠠᠢ᠌ᠯᠠᠨ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠬᠠᠮᠢᠶᠠᠷᠴᠤ ᠬᠠᠮᠠᠭ᠋ᠠᠯᠠᠬᠤ ᠵᠠᠷᠤᠳᠠᠯ᠎ᠢ ᠵᠦᠢ ᠵᠣᠬᠢᠰᠲᠠᠢ ᠪᠠᠲᠤᠯᠠᠨ᠂ ᠬᠠᠮᠢᠶᠠᠷᠴᠤ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠭᠦ ᠤᠯᠤᠰ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠳᠤ ᠨᠢᠭᠡᠳᠦᠯᠲᠡᠢ ᠣᠷᠣᠭᠤᠯᠵᠤ᠂ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠬᠦ ᠵᠢ ᠴᠢᠩᠭ᠎ᠠ ᠴᠠᠭ᠋ᠠᠵᠠᠯᠠᠵᠤ᠂ ᠡᠯ᠎ᠡ ᠭᠠᠵᠠᠷ᠎ᠤᠨ ᠨᠢᠭᠡᠨᠲᠡ ᠪᠠᠢ᠌ᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠠᠭ᠋ᠠᠰᠬᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠎ᠠ᠃
(ᠲᠠᠪᠤ) ᠲᠠᠷᠢᠶᠠᠨ ᠭᠠᠵᠠᠷ᠎ᠤᠨ ᠤᠰᠤᠯᠠᠵᠤ ᠤᠰᠤ ᠵᠠᠯᠠᠬᠤ ᠪᠠᠲᠤᠯᠠᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠪᠦᠭᠦ ᠤᠯᠤᠰ᠎ᠤᠨ ᠲᠠᠷᠢᠶᠠᠨ ᠭᠠᠵᠠᠷ᠎ᠤᠨ ᠤᠰᠤᠯᠠᠯᠲᠠ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ᠂ ᠬᠥᠷᠥᠰᠥ ᠰᠢᠷᠣᠢ ᠵᠢᠨ ᠡᠬᠢ ᠪᠠᠶᠠᠯᠢᠭ᠎ᠤᠨ ᠨᠥᠬᠥᠴᠡᠯ᠎ᠢ ᠨᠢᠭᠡᠳᠦᠯᠲᠡᠢ ᠲᠥᠯᠥᠪᠵᠢᠭᠦᠯᠦᠨ᠂ ᠤᠰᠤᠯᠠᠯᠲᠠ ᠵᠢᠨ ᠲᠠᠯᠠᠪᠠᠶ ᠵᠢᠨ ᠨᠡᠮᠡᠭᠳᠡᠯ᠎ᠢ ᠠᠬᠢᠭᠤᠯᠤᠨ᠎ᠠ᠃ ᠤᠯᠤᠰ᠎ᠤᠨ ᠭᠣᠣᠯᠯᠠᠬᠤ ᠲᠣᠣᠷ᠎ᠤᠨ ᠤᠰᠤᠨ ᠰᠤᠷᠪᠤᠯᠵᠢ ᠵᠢᠨ ᠢᠨᠵᠧᠨᠧᠷᠢᠩ ᠪᠣᠯᠣᠨ ᠤᠰᠤ ᠳᠠᠮᠵᠢᠭᠤᠯᠤᠨ ᠲᠦᠭᠡᠭᠡᠬᠦ ᠢᠨᠵᠧᠨᠧᠷᠢᠩ᠎ᠢ ᠠᠬᠢᠭᠤᠯᠬᠤ᠎ᠲᠠᠢ ᠤᠶᠠᠯᠳᠤᠭᠤᠯᠤᠨ᠂ ᠤᠰᠤ ᠠᠷᠪᠢᠯᠠᠬᠤ ᠭᠡᠯᠪᠡᠷᠢ ᠵᠢᠨ᠂ ᠠᠮᠢ ᠠᠬᠤᠢ ᠵᠢᠨ ᠭᠡᠯᠪᠡᠷᠢ ᠵᠢᠨ ᠨᠢᠭᠡ ᠪᠦᠯᠦᠭ ᠤᠰᠤᠯᠠᠯᠲᠠ ᠵᠢᠨ ᠣᠷᠣᠨ᠎ᠢ ᠰᠢᠨ᠎ᠡ᠎ᠪᠠᠷ ᠪᠠᠢ᠌ᠭᠤᠯᠤᠨ᠎ᠠ᠃ ᠲᠣᠮᠣ ᠳᠤᠮᠳᠠ ᠭᠡᠯᠪᠡᠷᠢ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠵᠢ ᠲᠦᠷᠭᠡᠳᠬᠡᠵᠦ᠂ ᠤᠰᠤᠯᠠᠬᠤ ᠪᠠ ᠤᠰᠤ ᠵᠠᠯᠠᠬᠤ ᠢᠨᠵᠧᠨᠧᠷᠢᠩ᠎ᠤᠨ ᠰᠢᠰᠲ᠋ᠧᠮ᠎ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠤᠰᠤᠯᠠᠯᠲᠠ ᠵᠢᠨ ᠤᠰᠤᠨ ᠰᠤᠷᠪᠤᠯᠵᠢ ᠵᠢ ᠡᠵᠡᠯᠡᠨ ᠬᠡᠷᠡᠭᠯᠡᠬᠦ᠂ ᠤᠰᠤᠯᠠᠬᠤ ᠪᠠ ᠤᠰᠤ ᠵᠠᠯᠠᠬᠤ ᠪᠠᠷᠢᠯᠭ᠎ᠠ ᠵᠢᠨ ᠲᠥᠬᠦᠭᠡᠷᠦᠮᠵᠢ᠎ᠳᠤ ᠨᠥᠬᠥᠪᠦᠷᠢ ᠥᠭᠬᠦ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃
(ᠵᠢᠷᠭᠤᠭ᠎ᠠ) ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠢᠳᠡᠭᠳᠡᠮᠡᠯ ᠭᠤᠤ ᠵᠢ ᠵᠠᠰᠠᠬᠤ᠂ ᠲᠠᠷᠢᠶᠠᠨ ᠭᠠᠵᠠᠷ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠥᠩ ᠰᠢᠮᠡᠯᠢᠭ ᠲᠠᠷᠢᠶᠠᠨ ᠭᠠᠵᠠᠷ᠎ᠢ ᠪᠠᠢ᠌ᠭᠤᠯᠬᠤ ᠵᠡᠷᠭᠡ ᠶᠡᠷᠦᠩᠬᠡᠢ᠌ᠯᠡᠭᠰᠡᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠭᠦ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠬᠠᠷ᠎ᠠ ᠬᠥᠷᠥᠰᠥᠲᠦ ᠭᠠᠵᠠᠷ᠎ᠤᠨ ᠶᠠᠰᠤ ᠴᠢᠨᠠᠷ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠲᠣᠣᠷ᠎ᠢ ᠲᠡᠭᠦᠯᠳᠡᠷᠵᠢᠭᠦᠯᠵᠦ᠂ ᠢᠨᠵᠧᠨᠧᠷᠢᠩ᠎ᠤᠨ ᠬᠡᠷᠡᠭᠵᠢᠭᠦᠯᠦᠯᠲᠡ ᠵᠢ ᠦᠨᠡᠯᠡᠨ ᠵᠢᠱ᠌ᠢᠬᠦ ᠪᠠ ᠦᠷ᠎ᠡ ᠪᠦᠲᠦᠮᠵᠢ ᠵᠢ ᠬᠢᠨᠠᠨ ᠬᠡᠮᠵᠢᠬᠦ ᠵᠢ ᠴᠢᠩᠭ᠋ᠠᠳᠬᠠᠨ᠎ᠠ᠃ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠬᠡᠪᠴᠢᠶ᠎ᠡ ᠵᠢ ᠴᠠᠭᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠬᠠᠮᠠᠭ᠋ᠠᠯᠠᠬᠤ ᠶᠣᠰᠣᠲᠠᠢ ᠵᠢ᠎ᠨᠢ ᠪᠦᠭᠦᠨ᠎ᠢ ᠬᠠᠮᠠᠭ᠋ᠠᠯᠠᠬᠤ ᠵᠢ ᠪᠡᠶᠡᠯᠡᠭᠦᠯᠦᠨ᠎ᠡ᠃ ᠣᠷᠣᠨ ᠨᠤᠲᠤᠭ᠎ᠤᠨ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠠᠢ᠌ᠳᠠᠪᠤᠷᠢᠵᠢᠭᠤᠯᠤᠨ᠎ᠠ᠃ ᠰᠠᠯᠠᠭ᠎ᠠ ᠮᠥᠴᠢᠷ᠎ᠤᠨ ᠬᠠᠮᠵᠢᠯᠴᠠᠬᠤ ᠲᠣᠭᠲᠠᠴᠠ ᠵᠢ ᠪᠦᠷᠢᠨᠰᠢᠭᠦᠯᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠂ ᠪᠡᠯᠡ ᠮᠥᠩᠭᠥ ᠵᠢᠨ ᠲᠥᠷᠥᠯ ᠵᠦᠢ᠍ᠯ ᠵᠡᠷᠭᠡ ᠵᠢ ᠨᠢᠭᠡᠳᠦᠯᠲᠡᠢ ᠲᠥᠯᠥᠪᠵᠢᠭᠦᠯᠦᠨ᠂ ᠬᠠᠮᠠᠭ᠋ᠠᠯᠠᠬᠤ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ᠃ ᠬᠠᠷ᠎ᠠ ᠬᠥᠷᠥᠰᠥᠲᠦ ᠭᠠᠵᠠᠷ᠎ᠢ ᠡᠪᠳᠡᠭᠰᠡᠨ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠨ᠎ᠠ᠃
(ᠳᠣᠯᠣᠭ᠎ᠠ) ᠲᠠᠴᠢᠷᠳᠠᠭᠰᠠᠨ ᠲᠠᠷᠢᠶᠠᠨ ᠭᠠᠵᠠᠷ᠎ᠢ ᠵᠠᠰᠠᠬᠤ ᠵᠢ ᠴᠢᠩᠭ᠋ᠠᠳᠬᠠᠨ᠎ᠠ᠃ ᠭᠦᠴᠢᠯᠵᠢᠭᠰᠡᠨ ᠵᠡᠷᠭᠡ ᠲᠠᠴᠢᠷᠳᠠᠭᠰᠠᠨ ᠲᠠᠷᠢᠶᠠᠨ ᠭᠠᠵᠠᠷ᠎ᠢ ᠵᠠᠰᠠᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠭᠦᠴᠢᠯᠵᠢᠭᠰᠡᠨ᠂ ᠳᠠᠯᠳᠠ
ᠪᠤᠢ᠌ᠵᠢᠯᠳᠠ᠎ᠲᠠᠢ ᠵᠡᠷᠭᠡ ᠲᠠᠴᠢᠷᠳᠠᠭᠰᠠᠨ ᠲᠠᠷᠢᠶᠠᠨ ᠭᠠᠵᠠᠷ᠎ᠲᠤ ᠲᠠᠷᠢᠶᠠᠨ ᠭᠠᠵᠠᠷ᠎ᠤᠨ ᠲᠥᠬᠦᠭᠡᠷᠦᠮᠵᠢ ᠵᠢ ᠲᠡᠭᠦᠯᠳᠡᠷᠵᠢᠭᠦᠯᠬᠦ᠂ ᠲᠠᠷᠢᠶᠠᠯᠠᠬᠤ ᠳᠦᠷᠢᠮ᠎ᠢ ᠰᠠᠢ᠌ᠵᠢᠷᠠᠭᠤᠯᠬᠤ᠂ ᠪᠣᠷᠳᠣᠭᠤᠷ ᠣᠷᠣᠭᠤᠯᠵᠤ ᠲᠠᠷᠢᠶᠠᠯᠠᠬᠤ ᠳᠠᠪᠬᠤᠷᠭ᠎ᠠ ᠪᠠᠢ᠌ᠭᠤᠯᠬᠤ᠂ ᠬᠥᠷᠥᠰᠥ ᠰᠢᠷᠣᠢ ᠲᠣᠬᠢᠷᠠᠭᠤᠯᠬᠤ ᠹᠢᠽᠢᠺ᠎ᠤᠨ ᠮᠠᠲ᠋ᠧᠷᠢᠶᠠᠯ ᠬᠡᠷᠡᠭᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠵᠠᠰᠠᠯᠲᠠ ᠬᠢᠨ᠎ᠡ᠃ ᠬᠥᠷᠥᠰᠥ ᠰᠢᠷᠣᠢ ᠵᠢᠨ ᠭᠦᠴᠢᠯᠵᠢᠭᠰᠡᠨ ᠭᠣᠣᠯᠳᠠᠯᠭ᠎ᠠ᠎ᠲᠠᠢ ᠰᠢᠶᠠᠨ᠎ᠤ ᠪᠦᠭᠦ ᠣᠷᠣᠨ ᠪᠦᠰᠡ ᠵᠢᠨ ᠵᠠᠰᠠᠯᠲᠠ ᠵᠢ ᠲᠦᠷᠭᠡᠳᠬᠡᠨ᠎ᠡ᠃ ᠡᠯᠡᠰᠦᠷᠬᠡᠭᠵᠢᠭᠰᠡᠨ᠂ ᠰᠠᠯᠬᠢᠨ᠎ᠳᠤ ᠢᠳᠡᠭᠳᠡᠭᠰᠡᠨ᠂ ᠤᠰᠤᠨ᠎ᠳᠤ ᠢᠳᠡᠭᠳᠡᠭᠰᠡᠨ ᠲᠠᠷᠢᠶᠠᠨ ᠭᠠᠵᠠᠷ᠎ᠢ ᠶᠡᠷᠦᠩᠬᠡᠢ᠌ᠯᠡᠨ ᠵᠠᠰᠠᠬᠤ ᠠᠵᠢᠯ᠎ᠢ ᠥᠷᠨᠢᠭᠦᠯᠵᠦ᠂ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠢ᠌ᠯᠡᠨ ᠵᠠᠰᠠᠨ᠎ᠠ᠃
(ᠨᠠᠢ᠍ᠮᠠ) ᠬᠤᠵᠢᠷᠯᠢᠭ ᠭᠠᠵᠠᠷ᠎ᠢ ᠶᠡᠷᠦᠩᠬᠡᠢ᠌ᠯᠡᠨ ᠥᠭᠡᠷᠡᠴᠢᠯᠡᠨ ᠠᠰᠢᠭᠯᠠᠬᠤ ᠵᠢ ᠰᠠᠢ᠌ᠲᠤᠷ ᠠᠳᠬᠤᠨ᠎ᠠ᠃ ᠬᠤᠵᠢᠷᠯᠢᠭ ᠭᠠᠵᠠᠷ᠎ᠤᠨ ᠡᠬᠢ ᠪᠠᠶᠠᠯᠢᠭ᠎ᠤᠨ ᠪᠠᠢ᠌ᠳᠠᠯ᠎ᠢ ᠪᠦᠭᠦ ᠲᠠᠯ᠎ᠠ᠎ᠪᠠᠷ ᠲᠣᠳᠣᠷᠬᠠᠢ ᠣᠢ᠌ᠯᠠᠭ᠋ᠠᠵᠤ᠂ ᠬᠤᠵᠢᠷᠯᠢᠭ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠰᠢᠰᠲ᠋ᠧᠮ᠎ᠢ ᠪᠠᠢ᠌ᠭᠤᠯᠤᠨ᠎ᠠ᠃ ᠬᠤᠵᠢᠷᠰᠢᠭᠰᠠᠨ ᠲᠠᠷᠢᠶᠠᠨ ᠭᠠᠵᠠᠷ᠎ᠢ ᠵᠠᠰᠠᠬᠤ ᠢᠨᠵᠧᠨᠧᠷᠢᠩ᠎ᠢ ᠬᠡᠷᠡᠭᠵᠢᠭᠦᠯᠵᠦ᠂ ᠬᠤᠵᠢᠷᠰᠢᠭᠰᠠᠨ ᠲᠠᠷᠢᠶᠠᠨ ᠭᠠᠵᠠᠷ᠎ᠢ ᠵᠠᠰᠠᠵᠤ ᠰᠠᠢ᠌ᠵᠢᠷᠠᠭᠤᠯᠬᠤ ᠠᠵᠢᠯ᠎ᠢ ᠣᠷᠣᠨ ᠬᠤᠪᠢᠶᠠᠨ ᠲᠦᠷᠦᠯ ᠬᠤᠪᠢᠶᠠᠨ ᠥᠷᠨᠢᠭᠦᠯᠵᠦ᠂ ᠲᠠᠷᠢᠶᠠᠨ ᠭᠠᠵᠠᠷ᠎ᠤᠨ ᠬᠤᠵᠢᠷᠰᠢᠬᠤ ᠵᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠨ᠎ᠠ᠃ ᠬᠤᠵᠢᠷᠯᠢᠭ ᠭᠠᠵᠠᠷ ᠵᠡᠷᠭᠡ ᠲᠠᠷᠢᠶᠠᠨ ᠭᠠᠵᠠᠷ᠎ᠤᠨ ᠪᠡᠯᠡᠳᠬᠡᠯ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠱᠠᠲᠤ ᠳᠠᠷᠠᠭ᠋ᠠᠯᠠᠨ ᠠᠬᠢᠭᠤᠯᠤᠨ᠎ᠠ᠃ 《ᠲᠠᠷᠢᠶᠠᠨ ᠭᠠᠵᠠᠷ᠎ᠲᠤ ᠲᠣᠬᠢᠷᠠᠭᠤᠯᠤᠨ ᠲᠠᠷᠢᠬᠤ》 ᠪᠠ 《ᠲᠠᠷᠢᠶᠠᠨ ᠭᠠᠵᠠᠷ᠎ᠢ ᠲᠠᠷᠢᠬᠤ᠎ᠳᠤ ᠲᠣᠬᠢᠷᠠᠮᠵᠢᠲᠠᠢ ᠪᠤᠯᠭ᠋ᠠᠬᠤ》 ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠳᠠᠪᠤᠰᠤ ᠬᠤᠵᠢᠷ᠎ᠲᠤ ᠳᠠᠭ᠋ᠠᠭ᠋ᠠᠮᠠᠭ᠋ᠠᠢ ᠲᠥᠷᠥᠯ ᠵᠦᠢ᠍ᠯ ᠪᠠ ᠬᠤᠵᠢᠷᠯᠢᠭ ᠭᠠᠵᠠᠷ᠎ᠢ ᠵᠠᠰᠠᠬᠤ ᠬᠡᠷᠡᠭᠯᠡᠭᠡᠨ᠎ᠤ ᠮᠡᠷᠭᠡᠵᠢᠯ᠎ᠢ ᠪᠣᠢ᠌ᠵᠢᠭᠤᠯᠤᠨ ᠳᠡᠯᠭᠡᠷᠡᠭᠦᠯᠦᠨ᠎ᠡ᠃
(ᠶᠢᠰᠦ) ᠣᠷᠭ᠋ᠠᠨᠢᠭ ᠴᠢᠨᠠᠷ᠎ᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠦᠨ᠎ᠡ᠃ ᠲᠠᠷᠢᠶᠠᠨ ᠭᠠᠵᠠᠷ᠎ᠤᠨ ᠣᠷᠭ᠋ᠠᠨᠢᠭ ᠴᠢᠨᠠᠷ᠎ᠢ ᠳᠡᠭᠡᠭᠰᠢᠯᠡᠭᠦᠯᠭᠦ ᠠᠵᠢᠯᠯᠠᠭ᠋ᠠᠨ᠎ᠤ ᠲᠥᠰᠥᠯ᠎ᠢ ᠲᠣᠭᠲᠠᠭ᠋ᠠᠨ ᠬᠡᠷᠡᠭᠵᠢᠭᠦᠯᠵᠦ᠂ ᠪᠣᠷᠳᠣᠭᠤᠷ ᠣᠷᠣᠭᠤᠯᠬᠤ ᠬᠥᠷᠥᠰᠥ ᠰᠢᠷᠣᠢ ᠵᠢ ᠰᠠᠢ᠌ᠵᠢᠷᠠᠭᠤᠯᠤᠨ᠂ ᠲᠠᠷᠢᠶᠠᠨ ᠭᠠᠵᠠᠷ᠎ᠤᠨ ᠬᠥᠷᠥᠰᠥ ᠰᠢᠷᠣᠢ ᠵᠢ ᠰᠠᠢ᠌ᠵᠢᠷᠠᠭᠤᠯᠵᠤ᠂ ᠲᠠᠷᠢᠶᠠᠨ ᠭᠠᠵᠠᠷ᠎ᠤᠨ ᠣᠷᠭ᠋ᠠᠨᠢᠭ ᠴᠢᠨᠠᠷ᠎ᠢ ᠨᠡᠮᠡᠭᠳᠡᠭᠦᠯᠬᠦ᠎ᠠᠴᠠ ᠪᠢᠰᠢ ᠬᠠᠰᠤᠭᠳᠠᠭᠤᠯᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠣᠷᠭ᠋ᠠᠨᠢᠭ ᠪᠣᠷᠳᠣᠭᠤᠷ ᠵᠶ᠋ᠠᠷ ᠬᠢᠮᠢ ᠵᠢᠨ ᠪᠣᠷᠳᠣᠭᠤᠷ᠎ᠢ ᠣᠷᠣᠯᠠᠭᠤᠯᠬᠤ ᠵᠢ ᠲᠦᠷᠭᠡᠳᠬᠡᠨ ᠳᠡᠯᠭᠡᠷᠡᠭᠦᠯᠵᠦ᠂ ᠮᠠᠯ ᠵᠢᠭᠦᠷᠲᠡᠨ᠎ᠤ ᠬᠥᠷᠵᠡᠩ ᠪᠣᠷᠳᠣᠭᠤᠷ᠎ᠢ ᠲᠤᠬᠠᠢ ᠵᠢᠨ ᠭᠠᠵᠠᠷ᠎ᠲᠤᠨᠢ ᠣᠢ᠌ᠷ᠎ᠠ ᠬᠠᠪᠢ᠎ᠳᠤᠨᠢ ᠲᠠᠷᠢᠶᠠᠨ᠎ᠳᠤ ᠪᠤᠴᠠᠭ᠋ᠠᠵᠤ ᠠᠰᠢᠭᠯᠠᠬᠤ ᠵᠡᠷᠭᠡ ᠭᠠᠵᠠᠷ ᠬᠡᠷᠡᠭᠯᠡᠵᠦ ᠲᠠᠷᠢᠶ᠎ᠠ ᠰᠢᠮᠡᠵᠢᠭᠦᠯᠬᠦ ᠠᠷᠭ᠎ᠠ ᠬᠡᠮᠵᠢᠶ᠎ᠡ ᠵᠢ ᠠᠬᠢᠭᠤᠯᠤᠨ᠎ᠠ᠃ ᠲᠠᠷᠢᠶᠠᠨ ᠭᠠᠵᠠᠷ᠎ᠤᠨ ᠣᠷᠭ᠋ᠠᠨᠢᠭ ᠴᠢᠨᠠᠷ᠎ᠢ ᠳᠡᠭᠡᠭᠰᠢᠯᠡᠭᠦᠯᠭᠦ ᠪᠠᠷᠢᠮᠵᠢᠶᠠᠵᠢᠭᠤᠯᠤᠯᠲᠠ ᠵᠢᠨ ᠰᠢᠰᠲ᠋ᠧᠮ᠎ᠢ ᠪᠠᠢ᠌ᠭᠤᠯᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠎ᠠ᠃
(ᠠᠷᠪᠠ) ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠠᠭ᠋ᠠᠯᠠᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠠᠮᠠᠭ᠋ᠠᠯᠠᠬᠤ ᠬᠠᠤᠯᠢ ᠲᠣᠭᠲᠠᠭ᠋ᠠᠯᠲᠠ ᠵᠢ ᠲᠦᠷᠭᠡᠳᠬᠡᠨ᠎ᠡ᠃ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠠᠢ᠌ᠴᠠᠭ᠋ᠠᠨ ᠦᠨᠡᠯᠡᠬᠦ ᠳᠦᠷᠢᠮ᠎ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠦᠨᠡᠯᠡᠬᠦ ᠨᠢᠭᠡᠳᠦᠯᠲᠡᠢ ᠠᠷᠭ᠎ᠠ᠂ ᠪᠠᠷᠢᠮᠵᠢᠶ᠎ᠠ᠂ ᠭᠦᠢ᠍ᠴᠡᠳᠬᠡᠯ ᠲᠣᠭ᠎ᠠ ᠵᠢ ᠲᠣᠭᠲᠠᠭ᠋ᠠᠨ᠎ᠠ᠃ ᠵᠢᠯ ᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠤᠪᠢᠷᠠᠯᠲᠠ᠎ᠳᠤ ᠪᠠᠢ᠌ᠴᠠᠭ᠋ᠠᠯᠲᠠ ᠦᠨᠡᠯᠡᠯᠲᠡ ᠬᠢᠵᠦ᠂ 5 ᠵᠢᠯ ᠪᠦᠷᠢ᠎ᠳᠤ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠶᠡᠷᠦᠩᠬᠡᠢ᠌ᠯᠡᠭᠰᠡᠨ ᠦᠨᠡᠯᠡᠯᠲᠡ ᠬᠢᠵᠦ᠂ ᠴᠠᠭᠲᠤᠨᠢ ᠲᠣᠬᠢᠷᠠᠭᠤᠯᠤᠨ ᠪᠦᠭᠦ ᠤᠯᠤᠰ᠎ᠤᠨ ᠬᠥᠷᠥᠰᠥ ᠰᠢᠷᠣᠢ ᠵᠢᠨ ᠨᠡᠢ᠌ᠳᠡᠮ ᠪᠠᠢ᠌ᠴᠠᠭ᠋ᠠᠯᠲᠠ ᠵᠢ ᠥᠷᠨᠢᠭᠦᠯᠦᠨ᠎ᠡ᠃ ᠤᠯᠤᠰ᠂ ᠮᠤᠵᠢ᠂ ᠬᠣᠲᠠ᠂ ᠰᠢᠶᠠᠨ ᠳᠥᠷᠪᠡᠨ ᠱᠠᠲᠤᠨ᠎ᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠲᠣᠣᠷ᠎ᠤᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠦᠨ᠎ᠡ᠃ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠠᠮᠠᠭ᠋ᠠᠯᠠᠯᠲᠠ ᠬᠢᠭᠡᠳ ᠪᠦᠲᠦᠭᠡᠨ ᠪᠠᠢ᠌ᠭᠤᠯᠤᠯᠲᠠ ᠵᠢᠨ ᠣᠷᠣᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠭᠦ᠎ᠳᠤ ᠪᠡᠯᠡ ᠮᠥᠩᠭᠥ ᠵᠢᠨ ᠪᠠᠲᠤᠯᠠᠭ᠎ᠠ ᠬᠠᠩᠭ᠋ᠠᠨ᠎ᠠ᠃
ᠳᠥᠷᠪᠡ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠦᠨ᠎ᠡ
(ᠠᠷᠪᠠᠨ ᠨᠢᠭᠡ) ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠬᠠᠮᠢᠶᠠᠷᠤᠯᠲᠠ ᠵᠢᠨ ᠠᠷᠭ᠎ᠠ ᠮᠠᠶᠢᠭ᠎ᠢ ᠥᠭᠡᠷᠡᠴᠢᠯᠡᠨ᠎ᠡ᠃ ᠲᠠᠷᠢᠶᠠᠯᠠᠩ᠎ᠤᠨ ᠪᠤᠰᠤ ᠪᠦᠲᠦᠭᠡᠨ ᠪᠠᠢ᠌ᠭᠤᠯᠤᠯᠲᠠ᠂ ᠣᠢ᠌ᠵᠢᠭᠤᠯᠵᠤ ᠮᠣᠳᠣ ᠲᠠᠷᠢᠬᠤ᠂ ᠵᠢᠮᠢᠰ ᠴᠠᠢ ᠲᠠᠷᠢᠬᠤ ᠵᠡᠷᠭᠡ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠬᠠᠮᠢᠶᠠᠷᠤᠯᠲᠠ᠎ᠳᠤ ᠨᠢᠭᠡᠳᠦᠯᠲᠡᠢ ᠣᠷᠣᠭᠤᠯᠤᠨ᠎ᠠ᠃ ᠲᠠᠷᠢᠶᠠᠨ ᠭᠠᠵᠠᠷ᠎ᠢ ᠨᠥᠬᠥᠪᠦᠷᠢᠯᠡᠬᠦ᠎ᠳᠤ ᠴᠢᠨᠠᠷ ᠰᠠᠢ᠌ᠲᠠᠢ ᠲᠠᠷᠢᠶᠠᠨ ᠭᠠᠵᠠᠷ᠎ᠢ ᠰᠡᠷᠭᠦᠭᠡᠬᠦ᠎ᠪᠠᠷ ᠭᠣᠣᠯ ᠪᠤᠯᠭ᠋ᠠᠵᠤ᠂ ᠲᠠᠷᠢᠶᠠᠨ ᠭᠠᠵᠠᠷ᠎ᠢ ᠰᠢᠨ᠎ᠡ᠎ᠪᠠᠷ ᠬᠠᠭ᠋ᠠᠯᠪᠤᠷᠢᠯᠠᠬᠤ᠎ᠪᠠᠷ ᠬᠠᠪᠰᠤᠷᠤᠮᠵᠢ ᠪᠤᠯᠭ᠋ᠠᠬᠤ ᠵᠠᠷᠴᠢᠮ᠎ᠢ ᠪᠠᠷᠢᠮᠲᠠᠯᠠᠨ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷ᠎ᠠ ᠲᠠᠷᠢᠶᠠᠨ ᠭᠠᠵᠠᠷ᠎ᠢ ᠰᠢᠨ᠎ᠡ᠎ᠪᠠᠷ ᠬᠠᠭ᠋ᠠᠯᠪᠤᠷᠢᠯᠠᠬᠤ ᠵᠢ ᠴᠠᠭ᠋ᠠᠵᠠᠯᠠᠵᠤ᠂ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ ᠰᠢᠷᠣᠢ᠂ ᠬᠦᠨᠳᠦ ᠨᠣᠴᠢᠲᠠᠢ ᠬᠠᠢ᠌ᠷ ᠴᠢᠯᠠᠭᠤᠵᠢᠭᠰᠠᠨ ᠭᠠᠵᠠᠷ ᠰᠢᠷᠣᠢ᠂ ᠭᠣᠣᠯᠳᠠᠯᠭ᠎ᠠ᠎ᠲᠠᠢ ᠡᠯᠡᠰᠦᠨ᠎ᠤ ᠡᠬᠢ ᠵᠢᠨ ᠣᠷᠣᠨ᠂ ᠡᠯᠡᠰᠦ ᠲᠣᠭᠣᠰᠣ ᠳᠠᠮᠵᠢᠭᠤᠯᠬᠤ ᠵᠠᠮ᠂ 25 ᠭ᠋ᠷᠡᠳᠦ᠋ᠰ᠎ᠠᠴᠠ ᠳᠡᠭᠡᠭᠰᠢᠬᠢ ᠡᠭᠴᠡ ᠬᠥᠲᠥᠯ᠂ ᠭᠣᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠬᠡᠪᠴᠢᠶ᠎ᠡ ᠵᠢᠴᠢ ᠭᠣᠣᠯᠳᠠᠯᠭ᠎ᠠ᠎ᠲᠠᠢ ᠰᠢᠭᠤᠢ᠌ᠲᠤ ᠣᠷᠣᠨ᠂ ᠤᠯᠤᠰ᠎ᠤᠨ ᠥᠮᠴᠢᠯᠡᠯ᠎ᠤᠨ ᠣᠶ ᠰᠢᠭᠤᠢ ᠵᠢᠨ ᠲᠠᠯᠠᠪᠠᠶ ᠵᠡᠷᠭᠡ ᠣᠷᠣᠨ ᠪᠦᠰᠡ ᠵᠢ ᠵᠠᠷᠴᠢᠮ ᠳᠡᠭᠡᠷ᠎ᠡ᠎ᠪᠠᠨ ᠲᠠᠷᠢᠶᠠᠨ ᠭᠠᠵᠠᠷ᠎ᠢ ᠨᠥᠬᠥᠪᠦᠷᠢᠯᠡᠬᠦ ᠢᠷᠡᠯᠲᠡ ᠪᠤᠯᠭ᠋ᠠᠬᠤ ᠦᠭᠡᠢ᠃ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠵᠢ ᠨᠠᠢ᠌ᠳᠠᠪᠤᠷᠢᠵᠢᠭᠤᠯᠬᠤ ᠠᠷᠭ᠎ᠠ ᠮᠠᠶᠢᠭ᠎ᠢ ᠰᠠᠢ᠌ᠵᠢᠷᠠᠭᠤᠯᠵᠤ᠂ ᠡᠯ᠎ᠡ ᠲᠥᠷᠥᠯ᠎ᠤᠨ ᠬᠡᠷᠡᠭᠵᠢᠭᠦᠯᠬᠦ ᠭᠣᠣᠯ ᠴᠣᠭᠴᠠ᠎ᠨᠢ ᠲᠠᠷᠢᠶᠠᠨ ᠪᠤᠰᠤ ᠭᠠᠵᠠᠷ᠎ᠢ ᠬᠠᠭ᠋ᠠᠯᠪᠤᠷᠢᠯᠠᠬᠤ᠂ ᠲᠠᠷᠢᠶᠠᠨ ᠭᠠᠵᠠᠷ ᠪᠣᠯᠭ᠋ᠠᠨ ᠰᠡᠷᠭᠦᠭᠡᠭᠰᠡᠨ ᠪᠠᠢ᠌ᠪᠠᠯ᠂ ᠲᠣᠭᠲᠠᠭ᠋ᠠᠯ᠎ᠳᠤ ᠨᠡᠢ᠌ᠴᠡᠪᠡᠯ ᠨᠥᠬᠥᠪᠦᠷᠢ ᠲᠠᠷᠢᠶᠠᠨ ᠭᠠᠵᠠᠷ ᠪᠤᠯᠭ᠋ᠠᠵᠤ ᠪᠣᠯᠣᠨ᠎ᠠ᠃ 《ᠨᠥᠬᠥᠪᠦᠷᠢᠯᠡᠬᠦ᠎ᠪᠠᠷ ᠡᠵᠡᠯᠡᠬᠦ ᠵᠢ ᠲᠣᠭᠲᠠᠭ᠋ᠠᠬᠤ》 ᠵᠢ ᠪᠠᠷᠢᠮᠲᠠᠯᠠᠨ᠂ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢᠨ ᠬᠥᠳᠡᠯᠦᠩᠭᠦᠢ ᠲᠡᠩᠴᠡᠭᠦᠷᠢ ᠵᠢ ᠪᠡᠶᠡᠯᠡᠭᠦᠯᠦᠭᠰᠡᠨ ᠤᠷᠢᠲᠠᠯ ᠳᠣᠣᠷ᠎ᠠ᠂ ᠮᠤᠵᠢ ᠵᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ᠎ᠢ ᠲᠣᠭᠲᠠᠭᠤᠨ ᠵᠶ᠋ᠠᠷ ᠠᠰᠢᠭᠯᠠᠭᠰᠠᠨ ᠴᠡᠪᠡᠷ ᠨᠡᠮᠡᠭᠳᠡᠯ᠎ᠤᠨ ᠬᠡᠮᠵᠢᠶ᠎ᠡ ᠵᠢ ᠳᠠᠷᠠᠭ᠎ᠠ ᠵᠢᠯ᠎ᠤᠨ ᠲᠠᠷᠢᠶᠠᠯᠠᠩ᠎ᠤᠨ ᠪᠤᠰᠤ ᠪᠦᠲᠦᠭᠡᠨ ᠪᠠᠢ᠌ᠭᠤᠯᠤᠯᠲᠠ ᠵᠢᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠵᠥᠪᠰᠢᠶᠡᠷᠡᠬᠦ ᠬᠡᠪᠴᠢᠶ᠎ᠡ ᠵᠢᠨ ᠳᠡᠭᠡᠷ᠎ᠡ ᠬᠢᠵᠠᠭ᠋ᠠᠷ ᠪᠤᠯᠭ᠋ᠠᠵᠤ᠂ ᠬᠠᠤᠯᠢ᠎ᠠᠴᠠ ᠵᠥᠷᠢᠴᠡᠭᠰᠡᠨ ᠪᠦᠲᠦᠭᠡᠨ ᠪᠠᠢ᠌ᠭᠤᠯᠤᠯᠲᠠ᠎ᠳᠤ ᠬᠠᠨᠳᠤᠭᠤᠯᠤᠨ ᠲᠠᠷᠢᠶᠠᠨ ᠭᠠᠵᠠᠷ ᠨᠥᠬᠥᠪᠦᠷᠢᠯᠡᠬᠦ ᠭᠦᠢ᠍ᠴᠡᠳᠬᠡᠯ ᠲᠣᠭ᠎ᠠ ᠵᠢ ᠵᠣᠬᠢᠴᠠᠩᠭᠤᠢ᠎ᠪᠠᠷ ᠬᠥᠯᠳᠡᠭᠡᠨ᠎ᠡ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠬᠠᠮᠢᠶᠠᠷᠤᠯᠲᠠ ᠵᠢᠨ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠲᠡᠭᠦᠯᠳᠡᠷᠵᠢᠭᠦᠯᠦᠨ᠎ᠡ᠃
(ᠠᠷᠪᠠᠨ ᠬᠣᠶᠠᠷ) ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠵᠢ ᠨᠠᠢ᠌ᠳᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠣᠭᠲᠠᠴᠠ ᠵᠢ ᠪᠠᠢ᠌ᠭᠤᠯᠵᠤ᠂ ᠤᠯᠤᠰ᠎ᠠᠴᠠ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢ ᠬᠠᠮᠢᠶᠠᠷᠤᠨ ᠡᠵᠡᠮᠳᠡᠵᠦ᠂ ᠪᠦᠭᠦ ᠤᠯᠤᠰ᠎ᠤᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠠᠯᠲᠠ᠎ᠠᠴᠠ ᠳᠠᠪᠠᠭᠤᠯᠬᠤ ᠦᠭᠡᠢ ᠪᠠᠢ᠌ᠬᠤ ᠵᠢ ᠪᠠᠲᠤᠯᠠᠨ᠎ᠠ; ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ᠎ᠬᠢᠨ ᠮᠤᠵᠢ ᠵᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠨᠥᠬᠥᠪᠦᠷᠢᠯᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠳᠬᠠᠵᠤ᠂ ᠣᠨ᠎ᠤ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶᠡᠨ᠎ᠤ ᠬᠥᠳᠡᠯᠦᠩᠭᠦᠢ ᠲᠡᠩᠴᠡᠭᠦᠷᠢ ᠵᠢ ᠪᠠᠲᠤᠯᠠᠨ᠎ᠠ; ᠬᠣᠲᠠ ᠰᠢᠶᠠᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠂ ᠰᠢᠯᠢᠳᠡᠭ ᠲᠠᠷᠢᠶᠠᠨ ᠭᠠᠵᠠᠷ ᠵᠢᠡᠷ ᠭᠦᠢ᠍ᠴᠡᠳ ᠨᠥᠬᠥᠪᠦᠷᠢᠯᠡᠬᠦ ᠵᠢ ᠴᠢᠩᠭ᠎ᠠ ᠬᠠᠮᠢᠶᠠᠷᠤᠨ ᠡᠵᠡᠮᠳᠡᠨ᠎ᠡ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ᠎ᠬᠢᠨ ᠨᠥᠬᠥᠪᠦᠷᠢᠯᠡᠬᠦ ᠲᠠᠷᠢᠶᠠᠨ ᠭᠠᠵᠠᠷ᠎ᠤᠨ ᠭᠦᠢ᠍ᠴᠡᠳᠬᠡᠯ ᠲᠣᠭ᠎ᠠ ᠵᠢ ᠮᠤᠵᠢ ᠵᠢᠨ ᠱᠠᠲᠤᠨ᠎ᠤ ᠬᠠᠮᠢᠶᠠᠷᠤᠯᠲᠠ ᠵᠢᠨ ᠲᠠᠪᠴᠠᠩ᠎ᠳᠤ ᠨᠢᠭᠡᠳᠦᠯᠲᠡᠢ ᠣᠷᠣᠭᠤᠯᠵᠤ᠂ ᠲᠣᠬᠢᠷᠠᠭᠤᠯᠬᠤ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠲᠣᠬᠢᠷᠠᠭᠤᠯᠵᠤ ᠨᠥᠬᠥᠪᠦᠷᠢᠯᠡᠬᠦ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠵᠤ᠂ ᠲᠣᠬᠢᠷᠠᠭᠤᠯᠬᠤ ᠬᠡᠪᠴᠢᠶ᠎ᠡ ᠵᠢ ᠴᠢᠩᠭ᠎ᠠ ᠬᠠᠮᠢᠶᠠᠷᠤᠨ ᠡᠵᠡᠮᠳᠡᠵᠦ᠂ ᠭᠦᠢ᠍ᠴᠡᠳᠬᠡᠯ ᠲᠣᠭ᠎ᠠ ᠵᠢ ᠲᠣᠬᠢᠷᠠᠭᠤᠯᠬᠤ ᠪᠡᠯᠡ ᠮᠥᠩᠭᠥ ᠵᠢ ᠲᠥᠰᠥᠪ᠎ᠤᠨ ᠬᠠᠮᠢᠶᠠᠷᠤᠯᠲᠠ᠎ᠳᠤ ᠣᠷᠣᠭᠤᠯᠤᠨ᠎ᠠ᠃ ᠲᠠᠷᠢᠶᠠᠨ ᠭᠠᠵᠠᠷ᠎ᠢ ᠨᠥᠬᠥᠪᠦᠷᠢᠯᠡᠬᠦ ᠭᠦᠢ᠍ᠴᠡᠳᠬᠡᠯ ᠲᠣᠭ᠎ᠠ ᠵᠢ ᠯᠡ ᠬᠥᠭᠡᠭᠡᠴᠡᠯᠳᠦᠬᠦ᠂ ᠪᠠᠢ᠌ᠭ᠋ᠠᠯᠢ ᠵᠢᠨ ᠨᠥᠬᠥᠴᠡᠯ᠎ᠢ ᠬᠠᠢ᠌ᠬᠤᠷᠬᠤ ᠦᠭᠡᠢ᠎ᠪᠠᠷ ᠠᠯᠪᠠᠳᠠᠯᠭ᠎ᠠ᠎ᠪᠠᠷ ᠨᠥᠬᠥᠪᠦᠷᠢᠯᠡᠬᠦ ᠦᠢ᠍ᠯᠡ ᠠᠵᠢᠯᠯᠠᠭ᠎ᠠ ᠵᠢ ᠡᠷᠡᠰ ᠰᠡᠷᠭᠡᠢ᠌ᠯᠡᠨ ᠵᠠᠯᠠᠷᠠᠭᠤᠯᠤᠨ᠎ᠠ᠃ ᠠᠮᠢ ᠠᠬᠤᠢ ᠬᠡᠪᠡᠷᠡᠭ᠂ ᠠᠮᠢ ᠠᠬᠤᠢ ᠵᠢᠨ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠡᠭᠦᠷᠭᠡ ᠵᠢ ᠡᠭᠦᠷᠭᠡᠯᠡᠵᠦ ᠪᠠᠢ᠌ᠭ᠎ᠠ ᠭᠠᠵᠠᠷ ᠣᠷᠣᠨ᠎ᠤ ᠤᠯᠤᠰ᠎ᠤᠨ ᠴᠢᠬᠤᠯᠠ ᠶᠡᠬᠡ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠢ ᠤᠯᠤᠰ᠎ᠠᠴᠠ ᠨᠢᠭᠡᠳᠦᠯᠲᠡᠢ ᠲᠥᠯᠥᠪᠵᠢᠭᠦᠯᠦᠨ ᠮᠤᠵᠢ ᠣᠷᠣᠨ ᠠᠯᠤᠰᠯᠠᠨ ᠲᠥᠪᠯᠡᠷᠡᠭᠦᠯᠦᠨ ᠬᠠᠭ᠋ᠠᠯᠪᠤᠷᠢᠯᠠᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠵᠢ ᠬᠠᠨᠳᠤᠯᠭ᠎ᠠ᠎ᠲᠠᠢ᠎ᠪᠠᠷ ᠲᠡᠮᠵᠢᠨ᠎ᠠ᠃
(ᠠᠷᠪᠠᠨ ᠭᠤᠷᠪᠠ) ᠲᠠᠷᠢᠶᠠᠨ ᠭᠠᠵᠠᠷ ᠨᠥᠬᠥᠪᠦᠷᠢᠯᠡᠬᠦ ᠭᠣᠣᠯ ᠴᠣᠭᠴᠠ᠎ᠳᠤ ᠨᠥᠬᠥᠪᠦᠷᠢ ᠥᠭᠴᠦ ᠤᠷᠮᠠᠰᠢᠭᠤᠯᠬᠤ ᠵᠢ ᠴᠢᠩᠭ᠋ᠠᠳᠬᠠᠨ᠎ᠠ᠃ ᠡᠯ᠎ᠡ ᠲᠥᠷᠥᠯ᠎ᠤᠨ ᠲᠠᠷᠢᠶᠠᠯᠠᠩ᠎ᠤᠨ ᠪᠤᠰᠤ ᠪᠦᠲᠦᠭᠡᠨ ᠪᠠᠢ᠌ᠭᠤᠯᠤᠯᠲᠠ᠂ ᠣᠢ᠌ᠵᠢᠭᠤᠯᠵᠤ ᠮᠣᠳᠣ ᠲᠠᠷᠢᠬᠤ᠂ ᠵᠢᠮᠢᠰ ᠴᠠᠢ ᠲᠠᠷᠢᠬᠤ ᠵᠡᠷᠭᠡ᠎ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠡᠷᠬᠡᠪᠰᠢ ᠲᠠᠷᠢᠶᠠᠨ ᠭᠠᠵᠠᠷ ᠨᠥᠬᠥᠪᠦᠷᠢᠯᠡᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠥᠪᠡᠰᠦᠪᠡᠨ ᠨᠥᠬᠥᠪᠦᠷᠢᠯᠡᠬᠦ ᠨᠥᠬᠥᠴᠡᠯ ᠦᠭᠡᠢ ᠪᠣᠯ ᠲᠠᠷᠢᠶᠠᠯᠠᠩ᠎ᠤᠨ ᠪᠤᠰᠤ ᠪᠦᠲᠦᠭᠡᠨ ᠪᠠᠢ᠌ᠭᠤᠯᠤᠯᠲᠠ᠎ᠨᠢ ᠲᠣᠭᠲᠠᠭ᠋ᠠᠯ ᠶᠣᠰᠣᠭ᠋ᠠᠷ ᠲᠠᠷᠢᠶᠠᠨ ᠭᠠᠵᠠᠷ ᠬᠠᠭ᠋ᠠᠯᠪᠤᠷᠢᠯᠠᠬᠤ ᠰᠦᠢ᠍ᠳᠬᠡᠯ ᠲᠤᠰᠢᠶᠠᠨ᠎ᠠ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠲᠠᠷᠢᠶᠠᠨ ᠭᠠᠵᠠᠷ᠎ᠢ ᠬᠠᠭ᠋ᠠᠯᠪᠤᠷᠢᠯᠠᠬᠤ ᠵᠠᠷᠤᠳᠠᠯ ᠵᠡᠷᠭᠡ ᠵᠠᠷᠤᠳᠠᠯ᠎ᠤᠨ ᠪᠠᠷᠢᠮᠵᠢᠶ᠎ᠠ ᠵᠢ ᠲᠥᠷᠥᠯ ᠪᠠ ᠭᠣᠣᠯ ᠴᠣᠭᠴᠠ ᠬᠤᠪᠢᠶᠠᠨ ᠲᠣᠭᠲᠠᠭ᠋ᠠᠬᠤ ᠵᠢᠨ ᠬᠠᠮᠲᠤ ᠴᠠᠭ ᠲᠤᠬᠠᠢᠳᠤᠨᠢ ᠲᠣᠬᠢᠷᠠᠭᠤᠯᠤᠯᠲᠠ ᠬᠢᠵᠦ᠂ ᠪᠡᠯᠡ ᠮᠥᠩᠭᠥ ᠵᠢ ᠲᠠᠷᠢᠶᠠᠨ ᠭᠠᠵᠠᠷ᠎ᠤᠨ ᠬᠠᠮᠠᠭ᠋ᠠᠯᠠᠯᠲᠠ ᠬᠢᠭᠡᠳ ᠶᠠᠰᠤ ᠴᠢᠨᠠᠷ᠎ᠤᠨ ᠪᠦᠲᠦᠭᠡᠨ ᠪᠠᠢ᠌ᠭᠤᠯᠤᠯᠲᠠ᠎ᠳᠤ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠲᠠᠷᠢᠶᠠᠨ ᠭᠠᠵᠠᠷ᠎ᠢ ᠡᠵᠡᠯᠡᠭᠡᠳᠦᠢ ᠪᠤᠯᠪᠠᠴᠤ ᠨᠢᠭᠡᠨᠲᠡ ᠬᠠᠭ᠋ᠠᠯᠪᠤᠷᠢᠯᠠᠭᠰᠠᠨ ᠪᠤᠶᠤ ᠲᠠᠷᠢᠶᠠᠨ ᠭᠠᠵᠠᠷ᠎ᠢ ᠰᠡᠷᠭᠦᠭᠡᠭᠰᠡᠨ ᠭᠣᠣᠯ ᠴᠣᠭᠴᠠ᠎ᠳᠤ ᠵᠣᠬᠢᠰᠲᠠᠢ ᠨᠥᠬᠥᠪᠦᠷᠢ ᠥᠭᠴᠦ ᠪᠣᠯᠣᠨ᠎ᠠ᠃
(ᠠᠷᠪᠠᠨ ᠳᠥᠷᠪᠡ) ᠨᠥᠬᠥᠪᠦᠷᠢᠯᠡᠬᠦ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ ᠳᠦᠷᠢᠮ᠎ᠢ ᠪᠦᠷᠢᠨᠰᠢᠭᠦᠯᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠨᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠲᠠᠢ ᠬᠠᠮᠲᠤᠷᠠᠨ ᠨᠥᠬᠥᠪᠦᠷᠢᠯᠡᠬᠦ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ ᠠᠷᠭ᠎ᠠ ᠵᠢ ᠨᠡᠢ᠌ᠲᠡᠯᠡᠵᠦ᠂ ᠰᠢᠯᠭ᠋ᠠᠨ ᠠᠪᠬᠤ ᠪᠠᠷᠢᠮᠵᠢᠶ᠎ᠠ ᠵᠢ ᠲᠡᠭᠦᠯᠳᠡᠷᠵᠢᠭᠦᠯᠦᠨ᠂ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠬᠤ ᠬᠡᠷᠡᠭᠲᠡᠢ᠃ ᠬᠠᠭ᠋ᠠᠯᠪᠤᠷᠢᠯᠠᠬᠤ ᠪᠠ ᠰᠡᠷᠭᠦᠭᠡᠬᠦ ᠲᠠᠷᠢᠶᠠᠨ ᠭᠠᠵᠠᠷ᠎ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ᠎ᠳᠤ ᠨᠡᠢ᠌ᠴᠡᠵᠦ᠂ ᠲᠠᠷᠢᠶᠠᠯᠠᠬᠤ᠎ᠳᠤ ᠲᠣᠬᠢᠷᠠᠬᠤ᠂ ᠭᠠᠩᠳᠠᠵᠤ ᠤᠰᠤᠲᠤᠪᠠᠴᠤ ᠬᠤᠷᠢᠶᠠᠯᠲᠠ ᠵᠢ ᠪᠠᠲᠤᠯᠠᠬᠤ᠂ ᠤᠨᠠᠯᠳᠠ ᠵᠢ ᠥᠨᠳᠥᠷ ᠪᠤᠶᠤ ᠲᠣᠭᠲᠠᠭᠤᠨ ᠪᠠᠢ᠌ᠯᠭ᠋ᠠᠬᠤ ᠪᠠᠷᠢᠮᠵᠢᠶ᠎ᠠ᠎ᠳᠤ ᠬᠦᠷᠬᠦ ᠪᠥᠭᠡᠳ ᠲᠥᠪᠯᠡᠷᠡᠨ ᠵᠠᠯᠭ᠋ᠠᠯᠳᠤᠭᠰᠠᠨ᠂ ᠣᠷᠳᠣ ᠬᠤᠭᠤᠴᠠᠭ᠎ᠠ᠎ᠪᠠᠷ ᠲᠣᠭᠲᠠᠭᠤᠨ ᠵᠶ᠋ᠠᠷ ᠠᠰᠢᠭᠯᠠᠵᠤ ᠪᠤᠯᠬᠤ ᠪᠤᠯᠭ᠋ᠠᠵᠤ᠂ ᠶᠠᠰᠤ ᠴᠢᠨᠠᠷ᠎ᠨᠢ ᠪᠠᠷᠢᠮᠵᠢᠶ᠎ᠠ᠎ᠳᠤ ᠬᠦᠷᠬᠦ ᠦᠭᠡᠢ ᠵᠢ᠎ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠨᠥᠬᠥᠪᠦᠷᠢ ᠪᠤᠯᠭ᠋ᠠᠵᠤ ᠪᠤᠯᠬᠤ ᠦᠭᠡᠢ᠃ ᠲᠠᠷᠢᠶᠠᠨ ᠭᠠᠵᠠᠷ᠎ᠢ ᠨᠥᠬᠥᠪᠦᠷᠢᠯᠡᠭᠰᠡᠨᠤ ᠳᠠᠷᠠᠭ᠋ᠠᠬᠢ ᠬᠠᠮᠢᠶᠠᠷᠴᠤ ᠬᠠᠮᠠᠭ᠋ᠠᠯᠠᠬᠤ᠂ ᠳᠠᠭᠢᠨ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠢ ᠨᠥᠬᠥᠪᠦᠷᠢᠯᠡᠭᠰᠡᠨᠤ ᠳᠠᠷᠠᠭ᠋ᠠᠬᠢ ᠰᠢᠮ᠎ᠡ ᠬᠦᠴᠦ ᠵᠢ ᠨᠡᠮᠡᠭᠳᠡᠭᠦᠯᠬᠦ ᠪᠡᠯᠡ ᠮᠥᠩᠭᠥ ᠵᠢ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠥᠪᠡᠷ᠎ᠤᠨ ᠥᠷᠲᠡᠭ᠎ᠲᠤ ᠣᠷᠣᠭᠤᠯᠤᠨ᠎ᠠ᠃ ᠲᠠᠷᠢᠶᠠᠨ ᠭᠠᠵᠠᠷ᠎ᠤᠨ ᠭᠣᠣᠯ ᠴᠣᠭᠴᠠ᠎ᠨᠢ ᠰᠢᠮ᠎ᠡ ᠬᠦᠴᠦ ᠵᠢ ᠨᠡᠮᠡᠭᠳᠡᠭᠦᠯᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠬᠥᠷᠥᠰᠥ ᠰᠢᠷᠣᠢ ᠵᠢ ᠦᠷᠭᠦᠯᠵᠢᠯᠡᠨ ᠰᠠᠢ᠌ᠵᠢᠷᠠᠭᠤᠯᠵᠤ᠂ ᠭᠠᠵᠠᠷ᠎ᠤᠨ ᠰᠢᠮ᠎ᠡ ᠬᠦᠴᠦ ᠵᠢ ᠨᠡᠮᠡᠭᠳᠡᠭᠦᠯᠬᠦ ᠬᠡᠷᠡᠭᠲᠡᠢ᠃
ᠲᠠᠪᠤ᠂ ᠲᠠᠷᠢᠶᠠᠴᠢᠨ ᠪᠣᠯᠣᠨ ᠣᠷᠣᠨ ᠨᠤᠲᠤᠭ᠎ᠤᠨ ᠲᠠᠷᠢᠶᠠᠨ ᠭᠠᠵᠠᠷ᠎ᠢ ᠬᠠᠮᠠᠭ᠋ᠠᠯᠠᠬᠤ᠂ ᠠᠮᠤ ᠪᠤᠳᠠᠭ᠎ᠠ ᠲᠠᠷᠢᠵᠤ ᠠᠮᠤ ᠪᠤᠳᠠᠭ᠎ᠠ ᠵᠢ ᠠᠳᠬᠤᠬᠤ ᠢᠳᠡᠪᠬᠢᠵᠢᠯ᠎ᠢ ᠳᠠᠢ᠌ᠴᠢᠯᠠᠨ᠎ᠠ
(ᠠᠷᠪᠠᠨ ᠲᠠᠪᠤ) ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠳᠡᠭᠡᠭᠰᠢᠯᠡᠭᠦᠯᠦᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠦᠨ᠎ᠡ ᠬᠠᠩᠰᠢ᠂ ᠨᠥᠬᠥᠪᠦᠷᠢ᠂ ᠳᠠᠭ᠋ᠠᠳᠬᠠᠯ᠎ᠤᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠣᠳᠣᠬᠢᠴᠢᠯᠠᠭᠰᠠᠨ ᠡᠷᠴᠢᠮᠵᠢᠭᠦᠯᠦᠭᠰᠡᠨ ᠲᠠᠷᠢᠶᠠᠯᠠᠩ᠎ᠤᠨ ᠬᠥᠭᠵᠢᠯᠲᠡ ᠵᠢ ᠠᠬᠢᠭᠤᠯᠵᠤ᠂ ᠤᠯᠠᠨ ᠵᠦᠢ᠍ᠯ᠎ᠤᠨ ᠭᠡᠯᠪᠡᠷᠢ ᠵᠢᠨ ᠵᠣᠬᠢᠰᠲᠠᠢ ᠬᠡᠪᠴᠢᠶᠡᠲᠦ ᠡᠵᠡᠩᠨᠡᠯᠲᠡ ᠵᠢ ᠬᠡᠷᠡᠭᠵᠢᠭᠦᠯᠦᠨ᠂ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ ᠬᠠᠷᠢᠴᠠᠭᠤᠯᠤᠭᠰᠠᠨ ᠠᠰᠢᠭ ᠣᠷᠣᠯᠭ᠎ᠠ ᠵᠢ ᠨᠡᠮᠡᠭᠳᠡᠭᠦᠯᠦᠨ᠂ ᠲᠠᠷᠢᠶᠠᠴᠢᠳ᠎ᠤᠨ ᠲᠠᠷᠢᠶᠠᠨ ᠭᠠᠵᠠᠷ ᠵᠶ᠋ᠠᠨ ᠬᠠᠮᠠᠭ᠋ᠠᠯᠠᠬᠤ ᠪᠠ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠲᠠᠢ᠌ᠴᠢᠯᠠᠨ᠎ᠠ᠃
(ᠠᠷᠪᠠᠨ ᠵᠢᠷᠭᠤᠭ᠎ᠠ) ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠰᠢᠭ ᠲᠤᠰᠠ ᠵᠢ ᠨᠥᠬᠥᠪᠦᠷᠢᠯᠡᠬᠦ ᠲᠣᠭᠲᠠᠴᠠ ᠵᠢ ᠪᠦᠷᠢᠨᠰᠢᠭᠦᠯᠦᠨ᠎ᠡ᠃ ᠠᠮᠤ ᠪᠤᠳᠠᠭ᠋ᠠᠨ᠎ᠤ ᠭᠣᠣᠯ ᠤᠨᠠᠯᠳᠠ ᠵᠢᠨ ᠣᠷᠣᠨ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠣᠷᠣᠨ ᠨᠤᠲᠤᠭ᠎ᠤᠨ᠎ᠬᠢᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠠᠳᠬᠤᠬᠤ ᠢᠳᠡᠪᠬᠢᠵᠢᠯ᠎ᠢ ᠭᠦᠢ᠍ᠴᠡᠳ ᠳᠠᠢ᠌ᠴᠢᠯᠠᠨ᠂ ᠠᠮᠤ ᠪᠤᠳᠠᠭ᠋ᠠᠨ᠎ᠤ ᠭᠣᠣᠯ ᠤᠨᠠᠯᠳᠠ ᠵᠢᠨ ᠣᠷᠣᠨ᠂ ᠭᠣᠣᠯ ᠪᠣᠷᠤᠯᠠᠭᠤᠯᠭ᠎ᠠ ᠵᠢᠨ ᠣᠷᠣᠨ᠂ ᠦᠢ᠍ᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ᠃ ᠲᠠᠷᠢᠶᠠᠨ ᠭᠠᠵᠠᠷ᠎ᠢ ᠬᠠᠮᠠᠭ᠋ᠠᠯᠠᠬᠤ ᠠᠵᠤ ᠠᠬᠤᠢ ᠵᠢᠨ ᠱᠠᠩᠨᠠᠵᠤ ᠲᠣᠷᠭ᠋ᠠᠬᠤ ᠲᠣᠭᠲᠠᠴᠠ ᠵᠢ ᠬᠡᠷᠡᠭᠵᠢᠭᠦᠯᠵᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠲᠤᠲᠠᠭᠳᠠᠵᠤ ᠪᠠᠢ᠌ᠭ᠎ᠠ ᠮᠤᠵᠢ᠎ᠠᠴᠠ ᠠᠵᠤ ᠠᠬᠤᠢ ᠵᠢᠨ ᠨᠥᠬᠥᠪᠦᠷᠢ ᠠᠪᠴᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠠᠯᠲᠠ ᠡᠭᠦᠷᠭᠡ ᠵᠢ ᠢᠯᠡᠭᠦᠦ ᠡᠭᠦᠷᠭᠡᠯᠡᠭᠰᠡᠨ ᠮᠤᠵᠢ᠎ᠳᠤ ᠠᠵᠤ ᠠᠬᠤᠢ ᠵᠢᠨ ᠱᠠᠩᠨᠠᠯ ᠣᠯᠭᠣᠨ᠎ᠠ᠃
(ᠠᠷᠪᠠᠨ ᠳᠣᠯᠣᠭ᠎ᠠ) ᠠᠲᠠᠷᠰᠢᠭᠰᠠᠨ ᠭᠠᠵᠠᠷ᠎ᠢ ᠵᠠᠰᠠᠵᠤ ᠠᠰᠢᠭᠯᠠᠬᠤ ᠵᠢ ᠴᠢᠩᠭ᠋ᠠᠳᠬᠠᠨ᠎ᠠ᠃ ᠪᠦᠭᠦ ᠤᠯᠤᠰ᠎ᠤᠨ ᠤᠯᠤᠰ᠎ᠤᠨ ᠭᠠᠵᠠᠷ ᠰᠢᠷᠣᠢ ᠵᠢᠨ ᠬᠤᠪᠢᠷᠠᠯᠲᠠ ᠵᠢᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ᠎ᠪᠠᠷ ᠰᠠᠭᠤᠷᠢ ᠪᠤᠯᠭ᠋ᠠᠵᠤ᠂ ᠪᠣᠳᠠᠲᠠᠢ ᠭᠠᠵᠠᠷ᠎ᠲᠤᠨᠢ ᠬᠠᠷᠭᠤᠭᠤᠯᠤᠨ ᠪᠠᠢ᠌ᠴᠠᠭ᠋ᠠᠬᠤ᠎ᠲᠠᠢ ᠤᠶᠠᠯᠳᠤᠭᠤᠯᠤᠨ᠂ ᠠᠲᠠᠷᠰᠢᠭᠰᠠᠨ ᠭᠠᠵᠠᠷ᠎ᠤᠨ ᠪᠠᠢ᠌ᠳᠠᠯ᠎ᠢ ᠲᠣᠳᠣᠷᠬᠠᠢ ᠣᠢ᠌ᠯᠠᠭ᠋ᠠᠵᠤ᠂ ᠵᠠᠰᠠᠵᠤ ᠠᠰᠢᠭᠯᠠᠬᠤ ᠵᠢ ᠲᠥᠷᠥᠯ ᠬᠤᠪᠢᠶᠠᠨ ᠠᠬᠢᠭᠤᠯᠤᠨ᠎ᠠ᠃ ᠭᠠᠵᠠᠷ ᠰᠢᠷᠣᠢ ᠵᠢ ᠨᠠᠢ᠌ᠳᠠᠨ ᠬᠠᠮᠢᠶᠠᠷᠤᠭᠤᠯᠬᠤ᠂ ᠣᠷᠣᠯᠠᠨ ᠲᠠᠷᠢᠬᠤ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠡᠷᠭᠡ ᠠᠷᠭ᠎ᠠ ᠬᠡᠮᠵᠢᠶ᠎ᠡ ᠵᠢ ᠶᠡᠷᠦᠩᠬᠡᠢ᠌ᠯᠡᠨ ᠬᠡᠷᠡᠭᠯᠡᠵᠦ᠂ ᠦᠢ᠍ᠯᠡᠳᠪᠦᠷᠢᠯᠡᠯ᠎ᠢ ᠲᠦᠷᠭᠡᠨ ᠰᠡᠷᠭᠦᠭᠡᠨ᠎ᠡ᠃
ᠵᠢᠷᠭᠤᠭ᠎ᠠ᠂ ᠡᠯ᠎ᠡ ᠲᠥᠷᠥᠯ᠎ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠢᠳᠡᠪᠬᠢᠲᠡᠢ᠎ᠪᠠᠷ ᠨᠡᠭᠡᠭᠡᠨ ᠬᠥᠭᠵᠢᠭᠦᠯᠦᠨ᠎ᠡ
(ᠠᠷᠪᠠᠨ ᠨᠠᠢ᠍ᠮᠠ) ᠲᠠᠷᠢᠶᠠᠨ ᠭᠠᠵᠠᠷ᠎ᠤᠨ ᠪᠤᠰᠤ ᠡᠬᠢ ᠪᠠᠶᠠᠯᠢᠭ᠎ᠢ ᠭᠦᠢ᠍ᠴᠡᠳ ᠠᠰᠢᠭᠯᠠᠨ ᠥᠨᠳᠥᠷ ᠦᠷ᠎ᠡ ᠪᠦᠲᠦᠮᠵᠢᠲᠡᠶ ᠲᠥᠬᠥᠭᠡᠷᠦᠮᠵᠢᠲᠦ ᠲᠠᠷᠢᠶᠠᠯᠠᠩ᠎ᠢ ᠬᠥᠭᠵᠢᠭᠦᠯᠦᠨ᠎ᠡ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠯ᠎ᠤᠨ ᠪᠡᠯᠡ ᠣᠷᠣᠭᠤᠯᠤᠯᠲᠠ ᠵᠢ ᠴᠢᠩᠭ᠋ᠠᠳᠬᠠᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠮᠡᠷᠭᠡᠵᠢᠯ᠎ᠤᠨ ᠥᠭᠡᠷᠡᠴᠢᠯᠡᠯᠲᠡ ᠪᠣᠯᠣᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ ᠨᠥᠬᠥᠴᠡᠯ᠎ᠢ ᠪᠦᠷᠢᠯᠳᠦᠭᠦᠯᠦᠭᠰᠡᠨ ᠭᠠᠵᠠᠷ ᠣᠷᠣᠨ᠎ᠳᠤ ᠭᠣᠪᠢ᠂ ᠴᠥᠯ ᠵᠡᠷᠭᠡ ᠵᠢ ᠰᠢᠨᠵᠢᠯᠡᠬᠦ ᠤᠬᠠᠭ᠋ᠠᠨᠴᠢ᠎ᠪᠠᠷ ᠠᠰᠢᠭᠯᠠᠨ ᠦᠷᠭᠦᠯᠵᠢᠯᠡᠨ ᠬᠥᠭᠵᠢᠭᠦᠯᠬᠦ ᠣᠳᠣ ᠦᠶ᠎ᠡ ᠵᠢᠨ ᠲᠥᠬᠥᠭᠡᠷᠦᠮᠵᠢᠲᠦ ᠲᠠᠷᠢᠶᠠᠯᠠᠩ᠎ᠢ ᠬᠠᠢ᠌ᠨ ᠰᠦᠪᠡᠭᠴᠢᠯᠡᠵᠦ᠂ ᠶᠡᠬᠡ ᠳᠤᠮᠳᠠ ᠬᠣᠲᠠ ᠵᠢᠨ ᠣᠳᠣᠬᠢᠴᠢᠯᠠᠭᠰᠠᠨ ᠬᠣᠲᠠ ᠵᠢᠨ ᠲᠥᠬᠥᠭᠡᠷᠦᠮᠵᠢᠲᠦ ᠲᠠᠷᠢᠶᠠᠯᠠᠩ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠷᠠᠭᠤᠯᠤᠨ᠎ᠠ᠃
ᠳᠣᠯᠣᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠎ᠠ
(ᠠᠷᠪᠠ ᠶᠢᠰᠦ) ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠵᠥᠪ ᠤᠯᠤᠰ ᠲᠥᠷᠥ ᠵᠢᠨ ᠴᠢᠭᠯᠡᠯ᠎ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ ᠵᠢ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠤᠨ ᠪᠦᠭᠦ ᠶᠠᠪᠤᠴᠠ ᠡᠯ᠎ᠡ ᠲᠠᠯ᠎ᠠ᠎ᠳᠤ ᠨᠠᠢ᠌ᠳᠠᠪᠤᠷᠢᠵᠢᠭᠤᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠲᠠᠷᠢᠶᠠᠨ ᠭᠠᠵᠠᠷ᠎ᠢ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠪᠠᠢ᠌ᠭ᠋ᠠᠯᠢ ᠵᠢᠨ ᠡᠬᠢ ᠪᠠᠶᠠᠯᠢᠭ᠂ ᠬᠥᠳᠡᠭᠡ ᠠᠵᠤ ᠠᠬᠤᠢ ᠬᠥᠳᠡᠭᠡ ᠲᠣᠰᠬᠣᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠠᠮᠢ ᠠᠬᠤᠢ ᠣᠷᠴᠢᠨ ᠲᠣᠭᠣᠷᠢᠨ᠂ ᠤᠰᠤᠨ ᠠᠰᠢᠭᠯᠠᠯᠲᠠ᠂ ᠤᠢ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠮᠵᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠰᠠᠨᠠᠯ᠎ᠤᠨ ᠵᠣᠷᠢᠭ ᠰᠠᠨᠠᠭ᠎ᠠ ᠶᠣᠰᠣᠭ᠋ᠠᠷ᠂ ᠪᠣᠳᠠᠲᠠᠢ᠎ᠲᠠᠢ᠎ᠪᠠᠨ ᠤᠶᠠᠯᠳᠤᠭᠤᠯᠤᠨ ᠢᠵᠢ ᠲᠥᠬᠥᠷ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠵᠢᠨ ᠬᠠᠮᠲᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃
(ᠬᠣᠷᠢ) ᠬᠠᠤᠯᠢ ᠬᠡᠷᠡᠭᠵᠢᠭᠦᠯᠬᠦ ᠵᠢ ᠴᠢᠩᠭ᠎ᠠ ᠱᠠᠯᠠᠪᠳᠠᠭᠤᠯᠤᠨ ᠪᠠᠢ᠌ᠴᠠᠭ᠋ᠠᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠲᠠᠭᠤ ᠠᠷᠭ᠎ᠠ ᠬᠡᠮᠵᠢᠶ᠎ᠡ ᠵᠢᠨ ᠠᠵᠢᠯ᠎ᠤᠨ ᠲᠣᠭᠲᠠᠴᠠ ᠵᠢ ᠰᠠᠢ᠌ᠲᠤᠷ ᠪᠠᠢ᠌ᠭᠤᠯᠤᠨ ᠪᠦᠷᠢᠨᠰᠢᠭᠦᠯᠵᠦ᠂ 《ᠣᠬᠲᠣ ᠠᠭᠤᠴᠢᠯᠠᠬᠤ ᠦᠭᠡᠢ》 ᠣᠪᠣᠷ ᠵᠶ᠋ᠠᠷ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ᠃ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠢ ᠱᠠᠯᠠᠪᠳᠠᠭᠤᠯᠤᠨ ᠪᠠᠢ᠌ᠴᠠᠭ᠋ᠠᠬᠤ ᠵᠢ ᠴᠢᠩᠭ᠋ᠠᠳᠬᠠᠵᠤ᠂ ᠣᠷᠣᠨ ᠨᠤᠲᠤᠭ᠎ᠤᠨ ᠲᠠᠷᠢᠶᠠᠨ ᠭᠠᠵᠠᠷ᠎ᠢ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠱᠠᠯᠠᠪᠳᠠᠭᠤᠯᠤᠨ ᠪᠠᠢ᠌ᠴᠠᠭ᠋ᠠᠵᠤ᠂ ᠱᠠᠯᠠᠪᠳᠠᠭᠤᠯᠤᠨ ᠪᠠᠢ᠌ᠴᠠᠭ᠋ᠠᠬᠤ ᠦᠷ᠎ᠡ ᠪᠦᠲᠦᠮᠵᠢ ᠵᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠭ᠎ᠠ᠂ ᠱᠠᠯᠠᠪᠳᠠᠭᠤᠯᠤᠨ ᠪᠠᠢ᠌ᠴᠠᠭ᠋ᠠᠬᠤ ᠪᠠᠢ᠌ᠭᠤᠯᠤᠮᠵᠢ ᠬᠢᠭᠡᠳ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠪᠠ ᠬᠢᠨᠠᠨ ᠪᠤᠳᠤᠬᠤ᠂ ᠵᠣᠬᠢᠶᠠᠨ ᠪᠠᠢ᠌ᠭᠤᠯᠬᠤ ᠪᠠ ᠠᠵᠢᠯᠲᠠᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠤᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠺᠠᠳ᠋ᠷ᠎ᠤᠨ ᠬᠢᠨᠠᠯᠲᠠ ᠵᠢ ᠴᠢᠩᠭ᠋ᠠᠳᠬᠠᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭ᠋ᠠᠨᠠ; ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠭ᠎ᠠ᠂ ᠱᠠᠯᠠᠪᠳᠠᠭᠤᠯᠤᠨ ᠪᠠᠢ᠌ᠴᠠᠭ᠋ᠠᠬᠤ ᠪᠠᠢ᠌ᠭᠤᠯᠤᠮᠵᠢ ᠬᠢᠭᠡᠳ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠰᠢᠭᠦᠨ ᠲᠠᠰᠤᠯᠬᠤ ᠪᠠᠢ᠌ᠭᠤᠯᠭ᠎ᠠ᠂ ᠪᠠᠢ᠌ᠴᠠᠭ᠋ᠠᠬᠤ ᠪᠠᠢ᠌ᠭᠤᠯᠭ᠎ᠠ ᠵᠡᠷᠭᠡ ᠵᠢᠨ ᠬᠠᠮᠵᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠵᠠᠰᠠᠭ ᠵᠠᠬᠢᠷᠭ᠋ᠠᠨ᠎ᠤ ᠰᠢᠭᠦᠨ ᠲᠠᠰᠤᠯᠤᠯᠲᠠ᠂ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠠᠵᠢᠯ᠎ᠤᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭ᠋ᠠᠵᠠ ᠵᠢᠨ ᠲᠠᠰᠤᠯᠤᠯᠳᠠ ᠵᠢᠨ ᠬᠠᠤᠯᠢ ᠴᠠᠭ᠋ᠠᠵᠠ ᠵᠢ ᠬᠡᠷᠡᠭᠯᠡᠬᠦ ᠪᠠᠷᠢᠮᠵᠢᠶ᠎ᠠ ᠵᠢ ᠨᠢᠭᠡᠳᠦᠯᠲᠡᠢ ᠪᠤᠯᠭ᠋ᠠᠵᠤ᠂ ᠨᠡᠢ᠌ᠲᠡ ᠵᠢᠨ ᠠᠰᠠᠷᠠᠮᠵᠢ ᠵᠢᠨ ᠵᠠᠷᠭᠤ᠂ ᠬᠠᠤᠯᠢ ᠪᠠᠷᠢᠬᠤ ᠰᠠᠨᠠᠭᠤᠯᠭ᠎ᠠ ᠵᠡᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠲᠠᠷᠢᠶᠠᠨ ᠭᠠᠵᠠᠷ᠎ᠢ ᠴᠡᠭᠴᠡᠯᠡᠨ ᠰᠠᠢ᠌ᠵᠢᠷᠠᠭᠤᠯᠵᠤ ᠰᠡᠷᠭᠦᠭᠡᠬᠦ᠎ᠳᠤ ᠦᠨᠡᠨ᠎ᠠᠴᠠ ᠵᠥᠪ᠎ᠢ ᠡᠷᠢᠵᠦ᠂ ᠵᠢᠮ᠎ᠡ ᠶᠣᠰᠣ ᠵᠢ ᠬᠦᠨᠳᠦᠳᠬᠡᠨ᠂ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠰᠢᠯᠵᠢᠯᠲᠡ ᠵᠢᠨ ᠬᠤᠭᠤᠴᠠᠭ᠎ᠠ ᠵᠢ ᠵᠣᠬᠢᠰᠲᠠᠢ ᠦᠯᠡᠳᠡᠭᠡᠵᠦ᠂ ᠠᠯᠬᠤᠮ ᠲᠠᠷᠠᠭ᠎ᠠ᠎ᠲᠠᠢ᠎ᠪᠠᠷ ᠠᠬᠢᠭᠤᠯᠬᠤ ᠬᠡᠷᠡᠭᠲᠡᠢ᠃
(ᠬᠣᠷᠢᠨ ᠨᠢᠭᠡ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠨ᠎ᠡ᠃ ᠨᠡᠢ᠌ᠭᠡᠮ᠎ᠤᠨ ᠬᠢᠨᠠᠯᠲᠠ ᠲᠠᠯᠪᠢᠬᠤ ᠠᠷᠭ᠎ᠠ ᠵᠠᠮ᠎ᠢ ᠰᠢᠯᠤᠭᠤᠳᠬᠠᠵᠤ᠂ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠶᠠᠪᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭᠴᠦ᠂ ᠪᠦᠭᠦ ᠨᠡᠢ᠌ᠭᠡᠮ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠬᠤ ᠦᠵᠡᠯ ᠤᠬᠠᠮᠰᠠᠷ᠎ᠢ ᠪᠤᠶ ᠪᠤᠯᠭ᠋ᠠᠵᠤ᠂ ᠤᠬᠠᠮᠰᠠᠷ᠎ᠠᠴᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠲᠠᠷᠢᠶᠠᠨ ᠭᠠᠵᠠᠷ᠎ᠢ ᠬᠠᠮᠠᠭ᠋ᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠤᠯᠭ᠋ᠠᠬᠤ ᠬᠡᠷᠡᠭᠲᠡᠢ᠃
(ᠰᠢᠨᠬᠤᠸᠠ ᠬᠣᠷᠢᠶ᠎ᠠ ᠵᠢᠨ ᠪᠡᠭᠡᠵᠢᠩ᠎ᠤᠨ 9 ᠰᠠᠷ᠎ᠠ ᠵᠢᠨ 24᠎ᠤ ᠴᠠᠭᠢᠯᠭ᠋ᠠᠨ ᠮᠡᠳᠡᠭᠡ)