ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
11 ᠰᠠᠷ᠎ᠠ᠎ᠠᠴᠠ ᠡᠳᠡᠭᠡᠷ ᠰᠢᠨ᠎ᠡ ᠲᠣᠭᠲᠠᠭ᠋ᠠᠯ᠎ᠨᠢ ᠨᠡᠢ᠌ᠭᠡᠮ᠎ᠤᠨ ᠠᠮᠢᠳᠤᠷᠠᠯ᠎ᠳᠤ ᠠᠰᠢᠭ ᠬᠦᠷᠲᠡᠭᠡᠨ᠎ᠡ
ᠨᠡᠶ᠋ᠢᠲᠡᠯᠡᠭᠰᠡᠨ ᠴᠠᠭ᠄ 2024-11-03

      11 ᠰᠠᠷ᠎ᠠ᠎ᠳᠤ᠂ ᠨᠢᠭᠡ ᠪᠦᠯᠦᠭ ᠰᠢᠨ᠎ᠡ ᠲᠣᠭᠲᠠᠭ᠋ᠠᠯ᠎ᠢ ᠡᠬᠢᠯᠡᠨ ᠬᠡᠷᠡᠭᠵᠢᠭᠦᠯᠦᠨ᠎ᠡ᠂ ᠡᠳᠡᠭᠡᠷ᠎ᠨᠢ ᠨᠡᠢ᠌ᠭᠡᠮ᠎ᠤᠨ ᠠᠮᠢᠳᠤᠷᠠᠯ᠎ᠤᠨ ᠡᠯ᠎ᠡ ᠲᠠᠯ᠎ᠠ᠎ᠳᠤ ᠠᠰᠢᠭ ᠬᠦᠷᠲᠡᠭᠡᠬᠦ ᠪᠣᠯᠣᠨ᠎ᠠ᠃ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ᠎ᠳᠤ ᠡᠯᠧᠺᠲᠷᠣᠨ ᠪᠠᠷᠢᠮᠲᠠ ᠵᠢ ᠪᠦᠭᠦ ᠲᠠᠯ᠎ᠠ᠎ᠪᠠᠷ ᠬᠡᠷᠡᠭᠵᠢᠭᠦᠯᠵᠦ᠂ ᠵᠠᠮ᠎ᠤᠨ ᠵᠠᠷᠤᠳᠠᠯ᠎ᠤᠨ ᠲᠠᠩᠰᠠ ᠲᠠᠢ᠌ᠯᠬᠤ᠎ᠳᠤ ᠨᠠᠩ ᠲᠥᠭᠦᠮ ᠪᠤᠯᠤᠨ᠎ᠠ; ᠴᠠᠭᠢᠯᠭ᠋ᠠᠨ ᠳᠤᠭᠤᠢ ᠲᠡᠷᠭᠡ ᠵᠢ ᠵᠠᠬ᠎ᠠ ᠳᠡᠯᠭᠡᠭᠦᠷ᠎ᠲᠤ ᠤᠷᠤᠭᠤᠯᠬᠤ ᠵᠥᠪᠰᠢᠶᠡᠷᠡᠯ᠎ᠢ ᠴᠢᠩᠭ᠋ᠠᠳᠬᠠᠵᠤ᠂

ᠬᠡᠷᠡᠭᠯᠡᠬᠦ᠎ᠳᠤ ᠨᠠᠩ ᠠᠮᠤᠷ ᠲᠦᠪᠰᠢᠨ ᠪᠤᠯᠭ᠋ᠠᠨ᠎ᠠ; ᠭᠡᠨᠡᠳᠲᠡ ᠵᠢᠨ  ᠬᠡᠷᠡᠭ᠎ᠢ ᠠᠷᠭ᠋ᠠᠴᠠᠭ᠋ᠠᠬᠤ  ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠭᠡᠨᠡᠳᠲᠡ ᠵᠢᠨ ᠬᠡᠷᠡᠭ ᠡᠭᠦᠰᠬᠦ ᠵᠢ ᠰᠡᠷᠭᠡᠢ᠌ᠯᠡᠨ ᠪᠠᠭ᠋ᠠᠰᠬᠠᠨ᠎ᠠ ᠁

      ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ᠎ᠳᠤ ᠡᠯᠧᠺᠲᠷᠣᠨ ᠪᠠᠷᠢᠮᠲᠠ ᠵᠢ ᠪᠦᠭᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠨ᠎ᠡ

      ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠲᠡᠮᠦᠷ ᠵᠠᠮ᠎ᠤᠨ ᠪᠦᠯᠦᠭᠯᠡᠯ ᠠᠯᠪᠠᠨ ᠵᠠᠷᠯᠠᠯ ᠨᠡᠢ᠌ᠲᠡᠯᠡᠵᠦ᠂ 11 ᠰᠠᠷ᠎ᠠ ᠵᠢᠨ 1᠎ᠤ ᠡᠳᠦᠷ᠎ᠠᠴᠠ ᠡᠬᠢᠯᠡᠨ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ᠎ᠳᠤ ᠡᠯᠧᠺᠲᠷᠣᠨ ᠪᠠᠷᠢᠮᠲᠠ (ᠲᠡᠮᠦᠷ ᠵᠠᠮ᠎ᠤᠨ ᠡᠯᠧᠺᠲᠷᠣᠨ ᠲᠡᠷᠭᠡᠨ ᠪᠢᠯᠧᠲ) ᠵᠢ ᠬᠡᠷᠡᠭᠯᠡᠵᠦ᠂ ᠠᠶᠠᠨᠴᠢᠳ ᠲᠡᠮᠦᠷ ᠵᠠᠮ᠎ᠤᠨ ᠲᠡᠷᠭᠡᠨ ᠪᠢᠯᠧᠲ (ᠲᠠᠩᠰᠠᠨ᠎ᠠᠴᠠ ᠲᠠᠢ᠌ᠯᠬᠤ ᠴᠠᠭ᠋ᠠᠰᠤᠨ ᠭᠡᠷᠡᠴᠢ) ᠳᠠᠷᠤᠮᠠᠯᠯᠠᠬᠤ ᠴᠢᠬᠤᠯᠠ ᠦᠭᠡᠢ ᠪᠣᠯᠵᠠᠢ᠃

      ᠠᠶᠠᠨᠴᠢᠳ ᠪᠠ ᠪᠠᠢ᠌ᠭᠤᠯᠭ᠎ᠠ ᠨᠢᠭᠡᠴᠢ᠎ᠳᠤ ᠲᠥᠭᠦᠮ ᠦᠵᠡᠭᠦᠯᠭᠦ ᠵᠢᠨ ᠲᠥᠯᠥᠭᠡ᠂ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ᠎ᠳᠤ 《ᠴᠠᠭ᠋ᠠᠰᠤᠨ ᠪᠢᠯᠧᠲ ᠪᠠ ᠡᠯᠧᠺᠲᠷᠣᠨ ᠪᠢᠯᠧᠲ᠎ᠢ ᠴᠥᠮ ᠬᠡᠷᠡᠭᠯᠡᠵᠦ ᠪᠤᠯᠬᠤ》 ᠰᠢᠯᠵᠢᠯᠲᠡ ᠵᠢᠨ ᠬᠤᠭᠤᠴᠠᠭ᠎ᠠ ᠵᠢ ᠲᠣᠬᠢᠷᠠᠭᠤᠯᠵᠤ᠂ ᠰᠢᠯᠵᠢᠯᠲᠡ ᠵᠢᠨ ᠬᠤᠭᠤᠴᠠᠭ᠎ᠠ᠎ᠨᠢ 2025 ᠣᠨ᠎ᠤ 9 ᠰᠠᠷ᠎ᠠ ᠵᠢᠨ 30᠎ᠤ ᠡᠳᠦᠷ ᠪᠤᠯᠲᠠᠯ᠎ᠠ ᠶᠠᠪᠤᠭᠳᠠᠨ᠎ᠠ᠃

      ᠴᠠᠭᠢᠯᠭ᠋ᠠᠨ ᠳᠤᠭᠤᠢ ᠲᠡᠷᠭᠡ ᠵᠢ ᠵᠠᠬ᠎ᠠ ᠳᠡᠯᠭᠡᠭᠦᠷ᠎ᠲᠤ ᠤᠷᠤᠭᠤᠯᠬᠤ ᠵᠥᠪᠰᠢᠶᠡᠷᠡᠯ ᠪᠠ ᠠᠵᠢᠯ ᠲᠥᠷᠥᠯ᠎ᠤᠨ ᠵᠢᠷᠤᠮᠵᠢᠬᠰᠠᠨ ᠬᠠᠮᠢᠶᠠᠷᠤᠯᠲᠠ ᠵᠢ ᠴᠢᠩᠭ᠋ᠠᠳᠬᠠᠨ᠎ᠠ

      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠣᠯᠣᠨ ᠤᠯᠤᠰ᠎ᠤᠨ ᠭᠠᠯ ᠰᠡᠷᠭᠡᠢ᠌ᠯᠡᠵᠦ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠲᠣᠪᠴᠢᠶ᠎ᠠ ᠵᠢᠨ ᠨᠡᠢ᠌ᠲᠡᠯᠡᠭᠰᠡᠨ ᠠᠯᠪᠠᠨ ᠵᠠᠷᠯᠠᠯ᠎ᠳᠤ᠂ 11 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠰᠢᠨ᠎ᠡ᠎ᠪᠠᠷ ᠭᠡᠷᠡᠴᠢᠯᠡᠯ ᠬᠢᠯᠭᠡᠬᠦ ᠴᠠᠭᠢᠯᠭ᠋ᠠᠨ ᠳᠤᠭᠤᠢ ᠲᠡᠷᠭᠡ᠎ᠨᠢ ᠬᠣᠯᠪᠣᠭᠳᠠᠯ ᠪᠦᠬᠦᠢ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢᠴᠢ ᠵᠠᠰᠠᠪᠤᠷᠢ ᠣᠷᠣᠭᠤᠯᠬᠤ ᠬᠠᠭᠤᠳᠠᠰᠤ ᠵᠢᠨ ᠱᠠᠭ᠋ᠠᠷᠳᠠᠯᠭ᠎ᠠ᠎ᠲᠠᠢ ᠨᠡᠢ᠌ᠴᠡᠵᠦ᠂ ᠭᠡᠷᠡᠴᠢᠯᠡᠯ ᠬᠢᠯᠭᠡᠬᠦ ᠵᠢᠨ ᠬᠠᠮᠲᠤ ᠭᠡᠷᠡᠴᠢᠯᠡᠯ᠎ᠤᠨ ᠲᠡᠮᠳᠡᠭ ᠬᠠᠲᠠᠭᠰᠠᠨ᠎ᠤ ᠳᠠᠷᠠᠭ᠎ᠠ ᠰᠠᠶᠢ ᠪᠣᠷᠣᠯᠠᠭᠤᠯᠬᠤ᠂ ᠭᠠᠳᠠᠭ᠋ᠠᠳᠤ᠎ᠠᠴᠠ ᠣᠷᠣᠭᠤᠯᠬᠤ ᠪᠤᠶᠤ ᠪᠤᠰᠤᠳ ᠡᠵᠡᠩᠨᠡᠯᠲᠡ ᠵᠢᠨ ᠠᠵᠢᠯᠯᠠᠭ᠎ᠠ ᠳᠤᠮᠳᠠ ᠬᠡᠷᠡᠭᠯᠡᠵᠦ ᠪᠣᠯᠣᠨ᠎ᠠ᠃

      ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠰᠠᠯᠠᠭ᠎ᠠ ᠮᠥᠴᠢᠷ ᠴᠠᠭᠢᠯᠭ᠋ᠠᠨ ᠳᠤᠭᠤᠢ ᠲᠡᠷᠭᠡᠨ᠎ᠤ ᠳᠠᠩᠰᠠᠯᠠᠵᠤ ᠫᠠᠢ᠌ᠰᠠ ᠣᠯᠭᠣᠬᠤ ᠬᠠᠮᠢᠶᠠᠷᠤᠯᠲᠠ ᠵᠢ ᠴᠢᠩᠭ᠋ᠠᠳᠬᠠᠵᠤ᠂ ᠪᠣᠷᠣᠯᠠᠭᠤᠯᠤᠭᠰᠠᠨ ᠪᠠᠷᠢᠮᠲᠠ᠂ ᠦᠢ᠍ᠯᠡᠳᠬᠦᠨ᠎ᠤ ᠬᠢᠷᠢ ᠲᠡᠩᠴᠡᠭᠰᠡᠨ ᠦᠨᠡᠮᠯᠡᠯ ᠪᠠ ᠠᠯᠪᠠᠳᠠᠯᠭ᠎ᠠ ᠵᠢᠨ ᠴᠢᠨᠠᠷᠲᠠᠢ ᠦᠢ᠍ᠯᠡᠳᠬᠦᠨ᠎ᠤ ᠭᠡᠷᠡᠴᠢᠯᠡᠯ ᠵᠡᠷᠭᠡ ᠵᠢ ᠴᠢᠩᠭ᠎ᠠ ᠬᠢᠨᠠᠨ ᠰᠢᠯᠭ᠋ᠠᠨ᠎ᠠ᠃

      ᠭᠣᠶᠣᠯᠠᠯ᠎ᠤᠨ ᠡᠳ᠋᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ

      ᠤᠯᠤᠰ᠎ᠤᠨ ᠡᠮ᠎ᠤᠨ ᠵᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠨᠡᠢ᠌ᠲᠡᠯᠡᠭᠰᠡᠨ 《ᠭᠣᠶᠣᠯᠠᠯ᠎ᠤᠨ ᠡᠳ᠋᠎ᠤᠨ ᠪᠠᠢ᠌ᠴᠠᠭ᠋ᠠᠯᠲᠠ ᠬᠠᠮᠢᠶᠠᠷᠤᠯᠲᠠ ᠵᠢᠨ ᠠᠷᠭ᠎ᠠ》 ᠵᠢ 11 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

      ᠠᠷᠭ᠎ᠠ᠎ᠳᠤ᠂ ᠪᠠᠢ᠌ᠴᠠᠭ᠋ᠠᠬᠤ ᠪᠠᠢ᠌ᠭᠤᠯᠤᠮᠵᠢ᠎ᠨᠢ ᠪᠠᠢ᠌ᠴᠠᠭ᠋ᠠᠬᠤ ᠠᠵᠢᠯ᠎ᠤᠨ ᠬᠠᠮᠢᠶᠠᠷᠤᠯᠲᠠ ᠵᠢᠨ ᠳᠦᠷᠢᠮ ᠪᠠ ᠪᠠᠷᠢᠮᠵᠢᠶᠠᠲᠤ ᠲᠠᠰ ᠳᠠᠷᠠᠭ᠋ᠠᠯᠠᠯ᠎ᠢ ᠪᠠᠢ᠌ᠭᠤᠯᠬᠤ ᠵᠢᠨ ᠬᠠᠮᠲᠤ ᠬᠡᠷᠡᠭᠵᠢᠭᠦᠯᠵᠦ᠂ ᠭᠣᠶᠣᠯᠠᠯ᠎ᠤᠨ ᠡᠳ᠋᠎ᠤᠨ ᠪᠠᠢ᠌ᠴᠠᠭ᠋ᠠᠯᠲᠠ ᠵᠢᠨ ᠠᠵᠢᠯ᠎ᠢ ᠦᠷᠭᠦᠯᠵᠢᠯᠡᠨ ᠰᠠᠢ᠌ᠵᠢᠷᠠᠭᠤᠯᠵᠤ᠂ ᠪᠠᠢ᠌ᠴᠠᠭ᠋ᠠᠯᠲᠠ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ᠌ᠯᠠᠵᠠᠢ᠃

      ᠭᠣᠶᠣᠯᠠᠯ᠎ᠤᠨ ᠡᠳ᠋᠎ᠨᠢ ᠬᠥᠮᠥᠨ᠎ᠤ ᠪᠡᠶ᠎ᠡ ᠵᠢ ᠭᠡᠮᠲᠦᠭᠡᠭᠰᠡᠨ ᠪᠤᠶᠤ ᠬᠥᠮᠥᠨ᠎ᠤ ᠪᠡᠶ᠎ᠡ ᠵᠢᠨ ᠡᠷᠡᠭᠦᠯ ᠮᠡᠡᠳᠦ᠎ᠳᠤ ᠬᠣᠣᠷ ᠬᠥᠨᠥᠭᠡᠯ ᠤᠴᠠᠷᠠᠭᠤᠯᠵᠤ ᠮᠡᠳᠡᠬᠦ ᠭᠡᠷᠡᠴᠢ ᠪᠠᠷᠢᠮᠲᠠ᠎ᠲᠠᠢ ᠪᠠᠢ᠌ᠪᠠᠯ᠂ ᠪᠠᠢ᠌ᠴᠠᠭ᠋ᠠᠬᠤ ᠠᠵᠢᠯᠲᠠᠨ ᠲᠡᠷᠡ ᠳᠠᠷᠤᠢ᠎ᠳᠤᠨᠢ ᠲᠣᠮᠢᠯᠠᠭᠰᠠᠨ ᠨᠢᠭᠡᠴᠢ᠎ᠳᠤ ᠮᠡᠳᠡᠭᠦᠯᠬᠦ ᠬᠡᠷᠡᠭᠲᠡᠢ ᠪᠥᠭᠡᠳ ᠪᠠᠢ᠌ᠴᠠᠭ᠋ᠠᠭᠳᠠᠭᠴᠢ ᠵᠢᠨ ᠪᠠᠢ᠌ᠭ᠎ᠠ ᠭᠠᠵᠠᠷ᠎ᠤᠨ ᠡᠮ᠎ᠤᠨ ᠵᠦᠢ᠍ᠯᠡᠰ᠎ᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ᠎ᠡ᠃

      ᠡᠯᠧᠺᠲᠷᠣᠨ ᠵᠠᠰᠠᠭ᠎ᠤᠨ ᠶᠠᠪᠤᠳᠠᠯ᠎ᠤᠨ ᠡᠯᠧᠺᠲᠷᠣᠨ ᠭᠡᠷᠡᠴᠢᠯᠡᠭᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠨᠢᠭᠤᠴᠠ ᠵᠢ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠦᠨ᠎ᠡ

      ᠤᠯᠤᠰ᠎ᠤᠨ ᠨᠢᠭᠤᠴᠠ ᠨᠣᠮᠧᠷ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠡᠢ᠌ᠲᠡᠯᠡᠭᠰᠡᠨ 《ᠡᠯᠧᠺᠲᠷᠣᠨ ᠵᠠᠰᠠᠭ᠎ᠤᠨ ᠶᠠᠪᠤᠳᠠᠯ᠎ᠤᠨ ᠡᠯᠧᠺᠲᠷᠣᠨ ᠭᠡᠷᠡᠴᠢᠯᠡᠭᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ》 ᠵᠢ 11 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

      ᠠᠷᠭ᠎ᠠ᠎ᠳᠤ᠂ ᠡᠯᠧᠺᠲᠷᠣᠨ ᠵᠠᠰᠠᠭ᠎ᠤᠨ ᠶᠠᠪᠤᠳᠠᠯ᠎ᠤᠨ ᠡᠯᠧᠺᠲᠷᠣᠨ ᠭᠡᠷᠡᠴᠢᠯᠡᠭᠡ ᠵᠢᠨ ᠦᠢ᠍ᠯᠡᠴᠢᠯᠡᠭᠡ ᠬᠢᠬᠦ ᠪᠠᠢ᠌ᠭᠤᠯᠤᠮᠵᠢ᠎ᠨᠢ ᠤᠯᠤᠰ᠎ᠤᠨ ᠨᠢᠭᠤᠴᠠ ᠨᠣᠮᠧᠷ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠤᠲᠠᠯᠠᠯᠲᠠ᠎ᠪᠠᠷ ᠳᠠᠮᠵᠢᠵᠤ᠂ ᠡᠯᠧᠺᠲᠷᠣᠨ ᠵᠠᠰᠠᠭ᠎ᠤᠨ ᠶᠠᠪᠤᠳᠠᠯ᠎ᠤᠨ ᠡᠯᠧᠺᠲᠷᠣᠨ ᠭᠡᠷᠡᠴᠢᠯᠡᠭᠡ ᠵᠢᠨ ᠦᠢ᠍ᠯᠡᠴᠢᠯᠡᠭᠡ ᠬᠢᠬᠦ ᠬᠢᠷᠢ ᠭᠡᠮ᠎ᠢ ᠬᠠᠤᠯᠢ ᠶᠣᠰᠣᠭ᠋ᠠᠷ ᠣᠯᠣᠭᠰᠠᠨ ᠪᠠᠢ᠌ᠬᠤ ᠬᠡᠷᠡᠭᠲᠡᠢ ᠭᠡᠵᠦ ᠲᠣᠳᠣᠷᠬᠠᠢ᠌ᠯᠠᠵᠠᠢ᠃

      ᠡᠯᠧᠺᠲᠷᠣᠨ ᠵᠠᠰᠠᠭ᠎ᠤᠨ ᠶᠠᠪᠤᠳᠠᠯ᠎ᠤᠨ ᠡᠯᠧᠺᠲᠷᠣᠨ ᠭᠡᠷᠡᠴᠢᠯᠡᠭᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠨᠢᠭᠤᠴᠠ ᠵᠢ ᠬᠠᠮᠠᠭ᠋ᠠᠯᠠᠬᠤ ᠪᠦᠷᠢᠨ ᠲᠡᠭᠦᠯᠳᠡᠷ ᠳᠦᠷᠢᠮ᠎ᠢ ᠪᠠᠢ᠌ᠭᠤᠯᠵᠤ᠂ ᠠᠵᠢᠯ᠎ᠤᠨ ᠳᠤᠮᠳᠠ᠎ᠪᠠᠨ ᠣᠯᠵᠤ ᠮᠡᠳᠡᠭᠰᠡᠨ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠥᠨ᠎ᠤ ᠨᠢᠭᠤᠴᠠ ᠵᠢ ᠬᠠᠮᠠᠭ᠋ᠠᠯᠠᠬᠤ ᠡᠭᠦᠷᠭᠡ ᠵᠢ ᠡᠭᠦᠷᠭᠡᠯᠡᠵᠦ᠂ ᠵᠣᠬᠢᠬᠤ ᠮᠡᠷᠭᠡᠵᠢᠯ᠎ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠬᠣᠯᠪᠣᠭᠳᠠᠯ ᠪᠦᠬᠦᠢ ᠮᠡᠳᠡᠭᠡ ᠵᠠᠩᠭᠢ ᠪᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠢ᠃

      ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠨ᠎ᠠ

      ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠳᠤᠭ᠋ᠠᠷ ᠬᠤᠷᠠᠯ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠬᠠᠤᠯᠢ ᠵᠢ 11 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠬᠠᠤᠯᠢ᠎ᠨᠢ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠵᠢᠯᠤᠭᠣᠳᠬᠤ ᠪᠠᠢ᠌ᠭᠤᠯᠤᠯ᠎ᠢ ᠲᠡᠭᠦᠯᠳᠡᠷᠵᠢᠭᠦᠯᠵᠦ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠪᠠ᠃

      ᠳᠠᠩᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠳᠦᠷᠢᠮ᠎ᠤᠨ ᠳᠦᠷᠢᠮ᠎ᠤᠨ ᠰᠢᠰᠲᠸᠮ᠎ᠢ ᠲᠡᠭᠦᠯᠳᠡᠷᠵᠢᠭᠦᠯᠦᠨ᠎ᠡ

      ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠨᠡᠢ᠌ᠲᠡᠯᠡᠭᠰᠡᠨ 《ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠳᠦᠷᠢᠮ》᠎ᠢ 11 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

      ᠳᠦᠷᠢᠮ᠎ᠳᠤ ᠳᠠᠩᠰᠠᠯᠠᠬᠤ ᠬᠡᠪᠴᠢᠶ᠎ᠡ ᠵᠢ ᠥᠷᠭᠡᠳᠬᠡᠵᠦ᠂ ᠫᠦᠳᠦ᠋ᠩ ᠰᠢᠨ᠎ᠡ ᠲᠣᠭᠣᠷᠢᠭ᠎ᠤᠨ ᠬᠠᠤᠯᠢ ᠲᠣᠭᠲᠠᠭ᠋ᠠᠯ᠂ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠬᠠᠤᠯᠢ ᠲᠣᠭᠲᠠᠭ᠋ᠠᠯ᠂ ᠬᠠᠤᠯᠢ᠎ᠳᠤ ᠲᠣᠭᠲᠠᠭ᠋ᠠᠭᠰᠠᠨ ᠪᠠᠢ᠌ᠭᠤᠯᠤᠮᠵᠢ ᠵᠢᠨ ᠲᠣᠭᠲᠠᠭ᠋ᠠᠭᠰᠠᠨ ᠳᠦᠷᠢᠮ ᠲᠣᠭᠲᠠᠭ᠋ᠠᠯ᠎ᠢ ᠳᠠᠩᠰᠠᠯᠠᠬᠤ ᠬᠡᠪᠴᠢᠶᠡᠨ᠎ᠳᠤ ᠣᠷᠣᠭᠤᠯᠵᠤ᠂ ᠮᠡᠳᠡᠭᠦᠯᠦᠨ ᠳᠠᠩᠰᠠᠯᠠᠭᠤᠯᠬᠤ ᠭᠣᠣᠯ ᠴᠣᠭᠴᠠ ᠵᠢ ᠲᠣᠳᠣᠷᠬᠠᠢ᠌ᠯᠠᠪᠠ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠤᠯᠤᠰ᠎ᠤᠨ ᠴᠢᠬᠤᠯᠠ ᠶᠡᠬᠡ ᠥᠭᠡᠷᠡᠴᠢᠯᠡᠯᠲᠡ ᠵᠢᠨ ᠴᠢᠭᠯᠡᠯ᠎ᠲᠠᠢ ᠨᠡᠢ᠌ᠴᠡᠬᠦ ᠡᠰᠡᠬᠦ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠠᠷᠭ᠎ᠠ ᠬᠡᠮᠵᠢᠶ᠎ᠡ᠎ᠨᠢ ᠬᠠᠤᠯᠢ ᠲᠣᠭᠲᠠᠭ᠋ᠠᠬᠤ ᠬᠠᠷᠠᠯᠲᠠ ᠪᠠ ᠪᠣᠳᠠᠲᠤ ᠪᠠᠢ᠌ᠳᠠᠯ᠎ᠲᠠᠢ ᠨᠡᠢ᠌ᠴᠡᠬᠦ ᠡᠰᠡᠬᠦ ᠵᠢ ᠬᠢᠨᠠᠨ ᠪᠠᠢ᠌ᠴᠠᠭ᠋ᠠᠬᠤ ᠵᠦᠢ᠍ᠯ ᠪᠣᠯᠭ᠋ᠠᠨ ᠨᠡᠮᠡᠨ᠎ᠡ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 10  ᠰᠠᠷ᠎ᠠ ᠵᠢᠨ 31᠎ᠤ ᠴᠠᠭᠢᠯᠭ᠋ᠠᠨ ᠮᠡᠳᠡᠭᠡ᠎ᠠᠴᠠ)

ᠢᠷᠡᠯᠲᠡ᠄ ᠳᠤᠮᠳᠠᠲᠦ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            