ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠮᠠᠨ᠎ᠤ ᠣᠷᠣᠨ ᠬᠠᠭᠤᠴᠢᠨ ᠮᠠᠰᠢᠨ ᠲᠡᠷᠭᠡ᠎ᠪᠠᠨ ᠰᠢᠨ᠎ᠡ᠎ᠪᠠᠷ ᠰᠣᠯᠢᠬᠤ ᠲᠤᠬᠠᠢ ᠬᠡᠷᠡᠭᠵᠢᠭᠦᠯᠬᠦ ᠨᠠᠷᠢᠨ ᠲᠥᠰᠥᠯ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-10-15

      ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ

ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ  ᠪᠠ  ᠮᠡᠳᠡᠭᠡ ᠵᠠᠩᠭᠢᠵᠢᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠵᠢᠴᠢ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠡᠷᠭᠡ 6 ᠰᠠᠯᠠᠭ᠎ᠠ ᠮᠥᠴᠢᠷ ᠬᠠᠮᠲᠤᠷᠠᠨ ᠣᠢ᠌ᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠮᠠᠰᠢᠨ ᠲᠡᠷᠭᠡ᠎ᠪᠠᠨ ᠰᠢᠨ᠎ᠡ᠎ᠪᠠᠷ ᠰᠣᠯᠢᠬᠤ  ᠲᠤᠬᠠᠢ ᠬᠡᠷᠡᠭᠵᠢᠭᠦᠯᠬᠦ ᠨᠠᠷᠢᠨ ᠲᠥᠰᠥᠯ》᠎ᠢ  ᠳᠠᠷᠤᠮᠠᠯᠯᠠᠨ ᠲᠠᠷᠬᠠᠭ᠋ᠠᠪᠠ᠃

      《ᠨᠠᠷᠢᠨ ᠲᠥᠰᠥᠯ》᠎ᠳᠤ ᠲᠣᠳᠣᠷᠬᠠᠢ᠌ᠯᠠᠭᠰᠠᠨ ᠵᠢᠡᠷ᠂ 2024 ᠣᠨ᠎ᠤ 4 ᠰᠠᠷ᠎ᠠ ᠵᠢᠨ 24᠎ᠠᠴᠠ 2024

ᠣᠨ᠎ᠤ 12 ᠰᠠᠷ᠎ᠠ ᠵᠢᠨ 31᠎ᠤ ᠡᠳᠦᠷ ᠪᠤᠯᠳᠠᠯ᠎ᠠ᠂ ᠬᠤᠪᠢ ᠬᠥᠮᠥᠨ ᠥᠪᠡᠷ᠎ᠤᠨ ᠨᠡᠷ᠎ᠡ ᠳᠣᠣᠷᠠᠬᠢ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡ ᠵᠢᠨ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ᠎ᠠᠴᠠ ᠳᠣᠷᠣᠭᠰᠢᠬᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ᠎ᠤᠨ ᠮᠠᠰᠢᠨ ᠲᠡᠷᠭᠡ ᠪᠤᠶᠤ 2018 ᠣᠨ᠎ᠤ 4 ᠰᠠᠷ᠎ᠠ ᠵᠢᠨ 30᠎ᠤ ᠡᠳᠦᠷ ᠪᠤᠶᠤ

ᠲᠡᠭᠦᠨ᠎ᠠᠴᠠ ᠡᠮᠦᠨ᠎ᠡ ᠳᠠᠩᠰᠠᠯᠠᠭᠤᠯᠤᠭᠰᠠᠨ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ ᠲᠡᠷᠭᠡ᠎ᠪᠠᠨ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠢᠨ᠎ᠡ ᠮᠠᠰᠢᠨ ᠲᠡᠷᠭᠡ ᠬᠤᠳᠠᠯᠳᠤᠨ ᠠᠪᠴᠤ᠂ ᠲᠤᠬᠠᠢ ᠵᠢᠨ ᠭᠠᠵᠠᠷ᠎ᠤᠨ ᠮᠠᠰᠢᠨ ᠲᠡᠷᠭᠡ ᠵᠢ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ ᠭᠠᠷᠭ᠋ᠠᠵᠤ ᠠᠪᠤᠭᠰᠠᠨ ᠪᠣᠯ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠦᠷᠢ ᠡᠷᠡᠮᠡᠯᠵᠡᠵᠦ ᠪᠣᠯᠣᠨ᠎ᠠ᠃ ᠡᠭᠦᠨ᠎ᠳᠤ ᠳᠡᠭᠡᠷ᠎ᠡ ᠳᠤᠷᠠᠳᠤᠭᠰᠠᠨ 2

ᠵᠦᠢ᠍ᠯ᠎ᠤᠨ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ ᠠᠵᠤ ᠦᠢ᠍ᠯᠡᠳᠪᠦᠷᠢ ᠪᠠ ᠮᠡᠳᠡᠭᠡ

ᠵᠠᠩᠭᠢᠵᠢᠯᠲᠠ ᠵᠢᠨ ᠶᠠᠮᠤᠨ᠎ᠤ 《ᠮᠠᠰᠢᠨ ᠲᠡᠷᠭᠡ ᠬᠤᠳᠠᠯᠳᠤᠨ ᠠᠪᠤᠭᠰᠠᠨ ᠭᠠᠢ᠌ᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠲᠦᠷᠦᠯ᠎ᠤᠨ ᠭᠠᠷᠴᠠᠭ》᠎ᠲᠠᠬᠢ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ

ᠲᠡᠷᠭᠡ ᠵᠢ ᠬᠤᠳᠠᠯᠳᠤᠨ ᠠᠪᠤᠪᠠᠯ ᠲᠡᠷᠭᠡ ᠪᠦᠷᠢ᠎ᠳᠤ ᠬᠠᠮᠤᠭ᠎ᠤᠨ ᠶᠡᠬᠡ᠎ᠳᠡᠭᠡᠨ 2 ᠲᠦᠮᠡᠨ ᠲᠥᠭᠥᠷᠢᠭ᠎ᠤᠨ ᠨᠥᠬᠥᠪᠦᠷᠢ ᠡᠷᠡᠮᠡᠯᠵᠡᠵᠦ ᠪᠤᠯᠤᠨ᠎ᠠ;  ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡ ᠵᠢᠨ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ᠎ᠠᠴᠠ ᠳᠣᠷᠣᠭᠰᠢᠬᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ᠎ᠤᠨ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ 2 ᠯᠢᠲᠷ᠎ᠤᠨ ᠭᠠᠳᠠᠭᠰᠢᠯᠠᠭᠤᠯᠬᠤ ᠪᠠᠷᠢᠮᠵᠢᠶ᠎ᠠ᠎ᠠᠴᠠ ᠳᠣᠷᠣᠭᠰᠢᠬᠢ (2 ᠯᠢᠲᠷ᠎ᠤᠨ᠎ᠬᠢ ᠵᠢ ᠪᠠᠭᠲᠠᠭ᠋ᠠᠨ᠎ᠠ)  ᠰᠢᠲᠠᠮᠠᠬᠠᠢ ᠲᠣᠰᠣ ᠬᠡᠷᠡᠭᠯᠡᠬᠦ ᠰᠠᠭᠤᠳᠠᠯ᠎ᠤᠨ ᠮᠠᠰᠢᠨ ᠲᠡᠷᠭᠡ ᠵᠢ ᠬᠤᠳᠠᠯᠳᠤᠨ ᠠᠪᠤᠪᠠᠯ ᠲᠡᠷᠭᠡ ᠪᠦᠷᠢ᠎ᠳᠤ 1.5 ᠲᠦᠮᠡᠨ ᠲᠥᠭᠥᠷᠢᠭ᠎ᠤᠨ ᠨᠥᠬᠥᠪᠦᠷᠢ ᠡᠷᠡᠮᠡᠯᠵᠡᠵᠦ ᠪᠣᠯᠣᠨ᠎ᠠ᠃ 2024 ᠣᠨ᠎ᠤ 4 ᠰᠠᠷ᠎ᠠ ᠵᠢᠨ 24᠎ᠤ ᠡᠳᠦᠷ᠎ᠠᠴᠠ ᠲᠤᠰᠢᠶᠠᠭᠰᠠᠨ ᠨᠥᠬᠥᠴᠡᠯ᠎ᠳᠤ ᠨᠡᠢ᠌ᠴᠡᠬᠦ ᠨᠥᠬᠥᠪᠦᠷᠢ ᠣᠯᠬᠤ ᠡᠷᠡᠮᠡᠯᠵᠡᠯ (ᠨᠥᠬᠥᠪᠦᠷᠢ ᠵᠢ᠎ᠨᠢ ᠨᠢᠭᠡᠨᠲᠡ ᠣᠯᠭᠣᠭᠰᠠᠨ᠎ᠢ ᠪᠠᠭᠲᠠᠭ᠋ᠠᠨ᠎ᠠ)᠎ᠳᠤ ᠴᠥᠮ ᠲᠤᠰ ᠨᠠᠷᠢᠨ ᠲᠥᠰᠥᠯ᠎ᠤᠨ ᠶᠣᠰᠣᠭ᠋ᠠᠷ ᠨᠥᠬᠥᠪᠦᠷᠢ ᠣᠯᠭᠣᠨ᠎ᠠ᠃ ᠨᠥᠬᠥᠪᠦᠷᠢ ᠵᠢ᠎ᠨᠢ ᠨᠢᠭᠡᠨᠲᠡ ᠣᠯᠭᠣᠭᠰᠠᠨ ᠪᠣᠯ ᠵᠥᠷᠢᠭᠰᠡᠨ ᠬᠡᠰᠡᠭ᠎ᠢ᠎ᠨᠢ ᠨᠥᠬᠥᠵᠦ ᠣᠯᠭᠣᠨ᠎ᠠ᠃ ᠨᠥᠬᠥᠪᠦᠷᠢ ᠡᠷᠡᠮᠡᠯᠵᠡᠬᠦ᠎ᠳᠤ ᠬᠡᠷᠡᠭᠯᠡᠭᠡᠨ᠎ᠠᠴᠠ ᠭᠠᠷᠭ᠋ᠠᠭᠰᠠᠨ ᠬᠠᠭᠤᠴᠢᠨ ᠮᠠᠰᠢᠨ ᠲᠡᠷᠭᠡ ᠵᠢᠨ ᠡᠵᠡᠨ ᠪᠠ ᠰᠢᠨ᠎ᠡ᠎ᠪᠠᠷ ᠬᠤᠳᠠᠯᠳᠤᠨ ᠠᠪᠤᠭᠰᠠᠨ ᠮᠠᠰᠢᠨ ᠲᠡᠷᠭᠡ ᠵᠢᠨ

ᠡᠵᠡᠨ᠎ᠨᠢ ᠨᠢᠭᠡ ᠯᠡ ᠬᠥᠮᠥᠨ ᠪᠠᠢ᠌ᠬᠤ ᠭᠡᠷᠡᠭᠳᠠᠢ;  ᠬᠡᠷᠡᠭᠯᠡᠭᠡᠨ᠎ᠠᠴᠠ ᠭᠠᠷᠭ᠋ᠠᠭᠰᠠᠨ ᠬᠠᠭᠤᠴᠢᠨ ᠮᠠᠰᠢᠨ ᠲᠡᠷᠭᠡ᠎ᠨᠢ 2024 ᠣᠨ᠎ᠤ 7 ᠰᠠᠷ᠎ᠠ ᠵᠢᠨ 25᠎ᠠᠴᠠ ᠡᠮᠦᠨ᠎ᠡ ᠲᠤᠰ ᠬᠥᠮᠥᠨ᠎ᠤ  ᠨᠡᠷ᠎ᠡ  ᠳᠣᠣᠷ᠎ᠠ ᠪᠠᠢ᠌ᠭᠰᠠᠨ ᠪᠠᠢ᠌ᠬᠤ ᠬᠡᠷᠡᠭᠲᠡᠢ᠃

      《ᠨᠠᠷᠢᠨ ᠲᠥᠰᠥᠯ》᠎ᠳᠤ ᠪᠠᠰᠠ ᠮᠠᠰᠢᠨ ᠲᠡᠷᠭᠡ᠎ᠪᠠᠨ ᠰᠣᠯᠢᠵᠤ ᠰᠢᠨᠡᠴᠢᠯᠡᠬᠦ ᠨᠥᠬᠥᠪᠦᠷᠢ ᠵᠢᠨ ᠲᠤᠬᠠᠢ ᠲᠦᠷᠦ ᠵᠢᠨ ᠪᠣᠳᠣᠯᠭ᠎ᠠ ᠲᠣᠭᠲᠠᠭ᠋ᠠᠪᠠ᠃ ᠲᠤᠬᠠᠢ᠌ᠯᠠᠪᠠᠯ᠂ ᠬᠤᠪᠢ ᠬᠥᠮᠥᠨ ᠲᠤᠰ 《ᠨᠠᠷᠢᠨ ᠲᠥᠰᠥᠯ》 ᠎ᠢ ᠨᠡᠢ᠌ᠲᠡᠯᠡᠭᠰᠡᠨ ᠴᠠᠭ᠎ᠠᠴᠠ ᠡᠬᠢᠯᠡᠨ 2024 ᠣᠨ᠎ᠤ 12 ᠰᠠᠷ᠎ᠠ ᠵᠢᠨ 31᠎ᠤ ᠡᠳᠦᠷ ᠪᠤᠯᠳᠠᠯ᠎ᠠ ᠬᠤᠪᠢ ᠬᠥᠮᠥᠨ᠎ᠤ ᠨᠡᠷ᠎ᠡ ᠳᠣᠣᠷᠠᠬᠢ ᠰᠢᠲᠠᠮᠠᠬᠠᠢ ᠲᠣᠰᠣ ᠬᠡᠷᠡᠭᠯᠡᠬᠦ ᠮᠠᠰᠢᠨ ᠲᠡᠷᠭᠡ ᠪᠤᠶᠤ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ ᠲᠡᠷᠭᠡ᠎ᠪᠠᠨ ᠪᠤᠰᠤᠳ᠎ᠲᠤ ᠰᠢᠯᠵᠢᠭᠦᠯᠦᠨ ᠥᠭᠬᠦ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠢᠨ᠎ᠡ ᠰᠠᠭᠤᠳᠠᠯ᠎ᠤᠨ ᠮᠠᠰᠢᠨ ᠲᠡᠷᠭᠡ ᠬᠤᠳᠠᠯᠳᠤᠨ ᠠᠪᠴᠤ᠂ ᠲᠤᠬᠠᠢ ᠵᠢᠨ ᠭᠠᠵᠠᠷ᠎ᠤᠨ ᠮᠠᠰᠢᠨ ᠲᠡᠷᠭᠡ ᠵᠢ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ ᠭᠠᠷᠭ᠋ᠠᠵᠤ ᠠᠪᠤᠭᠰᠠᠨ ᠪᠥᠭᠡᠳ ᠲᠡᠷᠭᠡ᠎ᠪᠠᠨ ᠳᠠᠩᠰᠠᠯᠠᠭᠤᠯᠤᠭᠰᠠᠨ ᠪᠣᠯ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠦᠷᠢ ᠡᠷᠡᠮᠡᠯᠵᠡᠵᠦ ᠪᠣᠯᠣᠨ᠎ᠠ᠃ ᠰᠢᠨ᠎ᠡ ᠠᠪᠤᠭᠰᠠᠨ ᠲᠡᠷᠭᠡ᠎ᠨᠢ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ ᠲᠡᠷᠭᠡ ᠪᠣᠯ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠣᠰᠣᠭ᠋ᠠᠷ 5 ᠲᠦᠮᠡᠨ ᠲᠥᠭᠥᠷᠢᠭ᠎ᠠᠴᠠ 10 ᠲᠦᠮᠡᠨ ᠲᠥᠭᠥᠷᠢᠭ᠎ᠤᠨ ᠬᠤᠭᠤᠷᠤᠨᠳᠤᠭᠢ ᠲᠡᠷᠭᠡ᠎ᠳᠤ 1.4 ᠲᠦᠮᠡᠨ ᠲᠥᠭᠥᠷᠢᠭ᠎ᠤᠨ ᠨᠥᠬᠥᠪᠦᠷᠢ ᠣᠯᠭᠣᠵᠤ᠂ 10 ᠲᠦᠮᠡᠨ ᠲᠥᠭᠥᠷᠢᠭ᠎ᠠᠴᠠ 20 ᠲᠦᠮᠡᠨ ᠲᠥᠭᠥᠷᠢᠭ᠎ᠤᠨ ᠬᠤᠭᠤᠷᠤᠨᠳᠤᠭᠢ ᠲᠡᠷᠭᠡ᠎ᠳᠤ 1.6 ᠲᠦᠮᠡᠨ ᠲᠥᠭᠥᠷᠢᠭ᠎ᠤᠨ ᠨᠥᠬᠥᠪᠦᠷᠢ ᠣᠯᠭᠣᠨ᠂ 20 ᠲᠦᠮᠡᠨ ᠲᠥᠭᠥᠷᠢᠭ᠎ᠠᠴᠠ ᠳᠡᠭᠡᠭᠰᠢᠬᠢ ᠲᠡᠷᠭᠡ᠎ᠳᠤ 1.8 ᠲᠦᠮᠡᠨ ᠲᠥᠭᠥᠷᠢᠭ᠎ᠤᠨ ᠨᠥᠬᠥᠪᠦᠷᠢ ᠤᠯᠭᠤᠨ᠎ᠠ;  ᠰᠢᠨ᠎ᠡ ᠠᠪᠤᠭᠰᠠᠨ ᠲᠡᠷᠭᠡ᠎ᠨᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ᠎ᠤᠨ ᠮᠠᠰᠢᠨ ᠲᠡᠷᠭᠡ ᠪᠣᠯ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠣᠰᠣᠭ᠋ᠠᠷ 5 ᠲᠦᠮᠡᠨ ᠲᠥᠭᠥᠷᠢᠭ᠎ᠠᠴᠠ 10 ᠲᠦᠮᠡᠨ ᠲᠥᠭᠥᠷᠢᠭ᠎ᠤᠨ ᠬᠤᠭᠤᠷᠤᠨᠳᠤᠭᠢ ᠲᠡᠷᠭᠡ᠎ᠳᠤ 1.1 ᠲᠦᠮᠡᠨ ᠲᠥᠭᠥᠷᠢᠭ᠎ᠤᠨ ᠨᠥᠬᠥᠪᠦᠷᠢ ᠣᠯᠭᠣᠵᠤ᠂ 10 ᠲᠦᠮᠡᠨ ᠲᠥᠭᠥᠷᠢᠭ᠎ᠠᠴᠠ 20 ᠲᠦᠮᠡᠨ ᠲᠥᠭᠥᠷᠢᠭ᠎ᠤᠨ ᠬᠤᠭᠤᠷᠤᠨᠳᠤᠭᠢ ᠲᠡᠷᠭᠡ᠎ᠳᠤ 1.3 ᠲᠦᠮᠡᠨ ᠲᠥᠭᠥᠷᠢᠭ᠎ᠤᠨ ᠨᠥᠬᠥᠪᠦᠷᠢ ᠣᠯᠭᠣᠨ᠂ 20 ᠲᠦᠮᠡᠨ ᠲᠥᠭᠥᠷᠢᠭ᠎ᠠᠴᠠ ᠳᠡᠭᠡᠭᠰᠢᠬᠢ ᠲᠡᠷᠭᠡ᠎ᠳᠤ 1.5 ᠲᠦᠮᠡᠨ ᠲᠥᠭᠥᠷᠢᠭ᠎ᠤᠨ ᠨᠥᠬᠥᠪᠦᠷᠢ ᠣᠯᠭᠣᠨ᠎ᠠ᠃ ᠬᠠᠭᠤᠴᠢᠨ ᠮᠠᠰᠢᠨ ᠲᠡᠷᠭᠡ᠎ᠪᠠᠨ ᠬᠡᠷᠡᠭᠯᠡᠭᠡᠨ᠎ᠠᠴᠠ ᠭᠠᠷᠭ᠋ᠠᠵᠤ ᠰᠢᠨ᠎ᠡ ᠲᠡᠷᠭᠡ ᠠᠪᠤᠭᠰᠠᠨ ᠨᠥᠬᠥᠪᠦᠷᠢ ᠣᠯᠣᠭᠰᠠᠨ ᠪᠣᠯ ᠮᠠᠰᠢᠨ ᠲᠡᠷᠭᠡ᠎ᠪᠠᠨ ᠰᠣᠯᠢᠵᠤ ᠰᠢᠨᠡᠴᠢᠯᠡᠬᠦ ᠨᠥᠬᠥᠪᠦᠷᠢ ᠵᠢ ᠳᠠᠪᠬᠤᠷᠳᠠᠭᠤᠯᠤᠨ ᠣᠯᠭᠣᠬᠤ ᠦᠭᠡᠢ ᠭᠡᠵᠦ ᠲᠣᠭᠲᠠᠭ᠋ᠠᠪᠠ᠃

ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            