ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠢ᠌ᠭᠤᠯᠤᠨ᠎ᠠ
ᠨᠡᠶ᠋ᠢᠲᠡᠯᠡᠭᠰᠡᠨ ᠴᠠᠭ᠄ 2025-01-21

     ᠣᠢ᠌ᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠵᠢᠨ ᠬᠥᠲᠥᠯᠪᠦᠷᠢ (2024—2035 ᠣᠨ)》 (ᠳᠣᠷᠣᠭᠰᠢ 《ᠬᠥᠲᠥᠯᠪᠦᠷᠢ》 ᠭᠡᠵᠦ ᠳᠥᠭᠥᠮᠴᠢᠯᠡᠨ᠎ᠡ) ᠵᠢ ᠳᠠᠷᠤᠮᠠᠯᠯᠠᠨ ᠲᠠᠷᠬᠠᠭ᠋ᠠᠵᠤ᠂ 2035 ᠣᠨ ᠪᠤᠯᠬᠤ᠎ᠳᠤ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠠᠢ᠌ᠭᠤᠯᠤᠨ ᠪᠦᠲᠦᠭᠡᠬᠦ ᠬᠠᠷᠠᠯᠲᠠ᠎ᠳᠤ ᠬᠠᠨᠳᠤᠭᠤᠯᠤᠨ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠢ᠌ᠭᠤᠯᠬᠤ ᠲᠤᠬᠠᠢ ᠪᠦᠭᠦ ᠲᠠᠯ᠎ᠠ ᠵᠢᠨ ᠰᠢᠰᠲ᠋ᠧᠮ᠎ᠲᠠᠢ ᠪᠠᠢ᠌ᠷᠢᠯᠠᠭᠤᠯᠤᠯᠲᠠ ᠬᠢᠪᠡ᠃

      《ᠬᠥᠲᠥᠯᠪᠦᠷᠢ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ᠂ ᠨᠡᠢ᠌ᠭᠡᠮ ᠵᠢᠷᠤᠮ᠎ᠤᠨ ᠰᠤᠷᠭ᠋ᠠᠭᠤᠯᠢ ᠡᠷᠭᠢᠯᠡᠭᠦ ᠴᠢᠭᠯᠡᠯ᠎ᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠤᠯᠤᠰ ᠲᠥᠷᠥ ᠵᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠢ᠌ᠯᠳᠤᠬᠤ ᠪᠣᠳᠣᠯᠭ᠎ᠠ ᠵᠢᠨ ᠰᠢᠨᠵᠢ ᠴᠢᠨᠠᠷ᠎ᠢ ᠪᠦᠭᠦ ᠲᠠᠯ᠎ᠠ᠎ᠪᠠᠷ ᠡᠵᠡᠮᠰᠢᠵᠦ᠂ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠨᠠᠮ᠎ᠤᠨ ᠲᠥᠯᠥᠭᠡ ᠬᠥᠮᠥᠨ᠎ᠢ ᠬᠥᠮᠥᠵᠢᠭᠦᠯᠵᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠥᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠪᠦᠭᠦ ᠲᠠᠯ᠎ᠠ᠎ᠪᠠᠷ ᠦᠢ᠍ᠯᠡᠴᠢᠯᠡᠵᠦ᠂ ᠳᠤᠮᠳᠠᠳᠤ ᠤᠯᠤᠰ᠎ᠤᠨ ᠡᠬᠡ ᠭᠠᠵᠠᠷ᠎ᠲᠤ ᠦᠨᠳᠦᠰᠦᠯᠡᠵᠦ ᠰᠤᠷᠭ᠋ᠠᠨ ᠬᠥᠮᠦᠵᠢᠯ ᠡᠷᠭᠢᠯᠡᠵᠦ᠂ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠦᠷᠭᠡᠨ ᠪᠠᠢ᠌ᠭᠤᠯᠵᠤ᠂ ᠶᠣᠰᠣ ᠰᠤᠷᠲᠠᠬᠤᠨ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠭᠦᠳᠡᠯᠮᠦᠷᠢ ᠪᠦᠭᠦ ᠲᠠᠯ᠎ᠠ᠎ᠪᠠᠷ ᠬᠥᠭᠵᠢᠭᠰᠡᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠥᠵᠢᠭᠦᠯᠵᠦ᠂ ᠬᠦᠴᠦᠷᠬᠡᠭ ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠥᠲᠥᠯᠥᠨ ᠳᠠᠭ᠋ᠠᠭᠤᠯᠬᠤ ᠬᠦᠴᠦᠨ᠂ ᠴᠢᠳᠠᠪᠤᠷᠢᠲᠠᠨ᠎ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠬᠦᠴᠦᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠦᠴᠦᠨ᠂ ᠨᠡᠢ᠌ᠭᠡᠮ᠎ᠤᠨ ᠬᠠᠮᠵᠢᠯᠴᠠᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠲᠠᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠢ᠌ᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

      《ᠬᠥᠲᠥᠯᠪᠦᠷᠢ》᠎ᠳᠤ᠂ ᠰᠤᠷᠭ᠋ᠠᠨ ᠬᠥᠮᠦᠵᠢᠯ᠎ᠤᠨ ᠦᠢ᠍ᠯᠡᠰ᠎ᠲᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠡᠷᠬᠡ ᠲᠡᠭᠰᠢ ᠵᠢ ᠠᠬᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠭᠦ ᠵᠢ ᠳᠣᠪᠤᠢ᠌ᠯᠭ᠋ᠠᠵᠤ᠂ ᠪᠠᠢ᠌ᠯᠳᠤᠬᠤ

ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠂ ᠬᠥᠭᠵᠢᠯᠲᠡ ᠵᠢ ᠲᠤᠯᠭ᠋ᠠᠭᠤᠷᠢᠯᠠᠬᠤ ᠵᠢ ᠴᠢᠩᠭ᠋ᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠬᠠᠮᠵᠢᠯᠴᠠᠨ ᠠᠭᠤᠰᠤᠯᠴᠠᠬᠤ ᠵᠢ ᠭᠦᠨᠵᠡᠭᠡᠢ᠌ᠷᠡᠭᠦᠯᠵᠦ᠂ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠢᠲᠡᠭᠡᠬᠦ᠂ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭ᠋ᠠᠬᠤ ᠵᠢ ᠪᠠᠷᠢᠮᠲᠠᠯᠠᠬᠤ ᠬᠡᠷᠡᠭᠲᠡᠢ᠃ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠲᠤᠯᠭ᠋ᠠᠭᠤᠷᠢᠯᠠᠬᠤ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠂ ᠮᠡᠳᠡᠯᠭᠡ ᠵᠢᠨ ᠰᠤᠷᠤᠯᠴᠠᠯᠭ᠎ᠠ ᠪᠠ ᠪᠦᠭᠦ ᠲᠠᠯ᠎ᠠ ᠵᠢᠨ ᠬᠥᠭᠵᠢᠯᠲᠡ᠂ ᠴᠢᠳᠠᠪᠤᠷᠢᠲᠠᠨ᠎ᠢ ᠬᠥᠮᠥᠵᠢᠭᠦᠯᠬᠦ ᠪᠠ ᠨᠡᠢ᠌ᠭᠡᠮ᠎ᠤᠨ ᠬᠡᠷᠡᠭᠴᠡᠭᠡ ᠵᠢ ᠬᠠᠩᠭ᠋ᠠᠬᠤ᠂ ᠵᠢᠷᠤᠮᠵᠢᠯ᠎ᠲᠠᠢ ᠡᠮᠬᠢ ᠵᠢᠷᠤᠮ᠎ᠲᠠᠢ ᠪᠠ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠳᠤᠮᠳᠠᠳᠤ ᠤᠯᠤᠰ᠎ᠤᠨ ᠡᠬᠡ ᠭᠠᠵᠠᠷ᠎ᠲᠤ ᠦᠨᠳᠦᠰᠦᠯᠡᠬᠦ ᠪᠠ ᠣᠯᠠᠨ ᠤᠯᠤᠰ᠎ᠤᠨ ᠲᠤᠷᠰᠢᠯᠭ᠎ᠠ᠎ᠪᠠᠷ ᠲᠣᠯᠢ ᠪᠤᠯᠭ᠋ᠠᠬᠤ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠵᠦ᠂ ᠦᠨᠳᠦᠰᠦ ᠵᠢ ᠪᠡᠬᠢᠵᠢᠭᠦᠯᠦᠨ ᠰᠦᠭ ᠰᠦᠨᠡᠰᠦ ᠵᠢ ᠱᠤᠭᠤᠬᠤ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠰᠢᠰᠲ᠋ᠧᠮ᠎ᠢ ᠪᠦᠭᠦ ᠲᠠᠯ᠎ᠠ᠎ᠪᠠᠷ ᠪᠠᠢ᠌ᠭᠤᠯᠵᠤ᠂ ᠲᠥᠪ ᠭᠣᠣᠯᠴᠢ ᠴᠢᠨᠠᠷ ᠰᠠᠢ᠌ᠲᠠᠢ ᠰᠠᠭᠤᠷᠢ ᠰᠤᠷᠭ᠋ᠠᠨ ᠬᠥᠮᠦᠵᠢᠯ᠎ᠤᠨ ᠰᠢᠰᠲ᠋ᠧᠮ᠂ ᠥᠪᠡᠷ᠎ᠢ᠎ᠪᠠᠨ ᠬᠦᠴᠦᠷᠬᠡᠭᠵᠢᠭᠦᠯᠬᠦ ᠭᠠᠷᠮᠠᠭ᠋ᠠᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠤᠯᠴᠠᠭᠤᠯᠤᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠂ ᠲᠦᠭᠡᠮᠡᠯ ᠬᠦᠷᠲᠡᠭᠡᠬᠦ ᠨᠠᠰᠤᠨ ᠲᠤᠷᠰᠢ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠂ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠤᠭᠰᠠᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠰᠢᠰᠲ᠋ᠧᠮ᠂ ᠬᠡᠪ ᠴᠢᠨᠠᠷ ᠰᠢᠯᠢᠳᠡᠭ ᠰᠠᠢ᠌ᠨ ᠪᠠᠭᠰᠢ ᠵᠢᠨ ᠡᠩᠨᠡᠭᠡᠨ᠎ᠤ ᠰᠢᠰᠲ᠋ᠧᠮ᠂ ᠨᠡᠭᠡᠭᠡᠯᠲᠡ ᠬᠢᠵᠦ ᠬᠠᠷᠢᠯᠴᠠᠨ ᠲᠣᠯᠢ ᠪᠤᠯᠭ᠋ᠠᠬᠰᠠᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠰᠢᠰᠲ᠋ᠧᠮ᠎ᠢ ᠪᠦᠭᠦ ᠲᠠᠯ᠎ᠠ᠎ᠪᠠᠷ ᠪᠠᠢ᠌ᠭᠤᠯᠵᠤ᠂ ᠶᠡᠬᠡ᠎ᠠᠴᠠ ᠬᠦᠴᠦᠷᠬᠡᠭ ᠪᠤᠯᠬᠤ ᠰᠢᠰᠲ᠋ᠧᠮ᠎ᠲᠠᠢ ᠥᠭᠡᠳᠡᠯᠡᠯᠲᠡ ᠳᠠᠪᠰᠢᠯᠳᠠ ᠵᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃

      《ᠬᠥᠲᠥᠯᠪᠦᠷᠢ》᠎ᠳᠤ 2027 ᠣᠨ ᠪᠠ 2035 ᠣᠨ ᠪᠤᠯᠲᠠᠯᠠᠭᠢ ᠭᠣᠣᠯ ᠬᠠᠷᠠᠯᠲᠠ ᠵᠢ ᠲᠣᠳᠣᠷᠬᠠᠢ᠌ᠯᠠᠵᠤ᠂ 9 ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠪᠠ᠄ ᠶᠣᠰᠣ ᠰᠤᠷᠲᠠᠬᠤᠨ ᠵᠢᠡᠷ ᠬᠥᠮᠥᠨ ᠬᠥᠮᠥᠵᠢᠭᠦᠯᠬᠦ ᠰᠢᠨ᠎ᠡ ᠪᠠᠢ᠌ᠷᠢᠰᠢᠯ᠎ᠢ ᠪᠤᠢ ᠪᠤᠯᠭ᠋ᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠥᠨ ᠭᠦᠮᠥᠵᠢᠭᠦᠯᠦᠨ᠎ᠡ;  ᠰᠠᠭᠤᠷᠢ ᠰᠤᠷᠭ᠋ᠠᠨ ᠬᠥᠮᠦᠵᠢᠯ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠷᠠᠳ ᠢᠷᠭᠡᠳ᠎ᠤᠨ ᠬᠡᠪ ᠴᠢᠨᠠᠷ᠎ᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠪᠠᠢ᠌ᠯᠳᠤᠬᠤ ᠪᠣᠳᠣᠯᠭ᠎ᠠ ᠵᠢᠨ ᠰᠠᠭᠤᠷᠢ ᠴᠡᠭ᠎ᠢ ᠪᠡᠭᠢᠵᠢᠭᠦᠯᠦᠨ᠎ᠡ;  ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠴᠢᠩᠭ᠋ᠠᠳᠬᠠᠵᠤ᠂ ᠪᠠᠢ᠌ᠯᠳᠤᠬᠤ ᠪᠣᠳᠣᠯᠭ᠎ᠠ ᠵᠢᠨ ᠬᠥᠲᠥᠯᠥᠨ ᠳᠠᠭ᠋ᠠᠭᠤᠯᠬᠤ ᠬᠦᠴᠦᠨ᠎ᠢ ᠪᠠᠢ᠌ᠭᠤᠯᠤᠨ᠎ᠠ;  ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠨ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠬᠦᠴᠦᠲᠡᠢ ᠲᠤᠯᠭ᠋ᠠᠭᠤᠷᠢᠯᠠᠨ᠎ᠠ;  ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠦᠷᠭᠡᠨ ᠪᠠᠢ᠌ᠭᠤᠯᠵᠤ᠂ ᠲᠣᠮᠣ ᠤᠯᠤᠰ᠎ᠤᠨ ᠤᠷᠠᠨ ᠲᠠᠷᠬᠠᠨ᠂ ᠤᠷ᠎ᠠ ᠮᠡᠷᠭᠡᠵᠢᠯᠲᠦ ᠳᠠᠷᠬᠠᠨ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ᠎ᠢ ᠭᠦᠮᠥᠵᠢᠭᠦᠯᠦᠨ᠎ᠡ;  ᠰᠤᠷᠤᠯᠴᠠᠬᠤ ᠭᠡᠯᠪᠡᠷᠢ ᠵᠢᠨ ᠨᠡᠢ᠌ᠭᠡᠮ᠎ᠢ ᠪᠠᠢ᠌ᠭᠤᠯᠵᠤ᠂ ᠰᠤᠷᠭ᠋ᠠᠨ ᠬᠥᠮᠦᠵᠢᠯ᠎ᠤᠨ ᠲᠣᠭ᠋ᠠᠴᠢᠯᠠᠯᠲᠠ᠎ᠪᠠᠷ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠤᠢ ᠪᠤᠯᠭ᠋ᠠᠨ᠎ᠠ;  ᠥᠨᠳᠥᠷ ᠬᠡᠪ ᠪᠣᠯᠪᠠᠰᠤᠷᠠᠯ᠎ᠲᠠᠢ ᠲᠤᠰᠬᠠᠢ᠌ᠵᠢᠭᠰᠠᠨ ᠪᠠᠭᠰᠢ ᠵᠢᠨ ᠡᠩᠨᠡᠭᠡ ᠵᠢ ᠪᠠᠢ᠌ᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠰᠠᠭᠤᠷᠢ ᠵᠢ ᠪᠠᠲᠤᠳᠬᠠᠨ᠎ᠠ;  ᠰᠤᠷᠭ᠋ᠠᠨ ᠬᠥᠮᠦᠵᠢᠯ᠎ᠤᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠭᠦᠭᠵᠢᠭᠡᠨ᠎ᠡ;  ᠰᠤᠷᠭ᠋ᠠᠨ ᠬᠥᠮᠦᠵᠢᠯ᠎ᠤᠨ ᠭᠠᠳᠠᠭᠰᠢ ᠨᠡᠭᠡᠭᠡᠯᠲᠡ ᠬᠢᠬᠦ ᠪᠠᠢ᠌ᠯᠳᠤᠬᠤ ᠪᠣᠳᠣᠯᠭ᠎ᠠ ᠵᠢᠨ ᠠᠷᠭ᠎ᠠ ᠪᠣᠳᠣᠯᠭ᠎ᠠ ᠵᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ᠎ᠤᠨ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭ᠋ᠠᠨ ᠬᠥᠮᠦᠵᠢᠯ᠎ᠤᠨ ᠲᠥᠪ᠎ᠢ ᠪᠠᠢ᠌ᠭᠤᠯᠤᠨ᠎ᠠ᠃

      《ᠬᠥᠲᠥᠯᠪᠦᠷᠢ》᠎ᠳᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠡᠷᠬᠡᠪᠰᠢ ᠨᠠᠮ᠎ᠤᠨ ᠬᠣᠷᠢᠶ᠎ᠠ᠎ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ᠂ ᠰᠠᠯᠠᠭ᠎ᠠ ᠮᠥᠴᠢᠷ᠎ᠤᠳ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠰᠤᠷᠭ᠋ᠠᠨ ᠬᠥᠮᠦᠵᠢᠯ᠎ᠤᠨ ᠤᠳᠤᠷᠢᠳᠬᠤ ᠪᠠᠢ᠌ᠭᠤᠯᠤᠯ᠎ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠵᠢᠨ ᠨᠠᠮ᠎ᠤᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠯᠤᠰ ᠲᠦᠷᠦ ᠵᠢᠨ ᠠᠮᠤᠷ ᠲᠦᠪᠰᠢᠨ ᠬᠢᠭᠡᠳ ᠡᠶ᠎ᠡ ᠵᠣᠬᠢᠴᠠᠩᠭᠤᠢ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ ᠬᠡᠷᠡᠭᠲᠡᠢ᠃ ᠲᠥᠪ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ᠎ᠪᠠᠷ ᠠᠬᠢᠭᠤᠯᠬᠤ᠂ ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠨ ᠰᠢᠯᠭ᠋ᠠᠵᠤ ᠦᠨᠡᠯᠡᠬᠦ ᠵᠢ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃ ᠪᠦᠭᠦ ᠨᠡᠢ᠌ᠭᠡᠮ ᠵᠶ᠋ᠡᠷ ᠵᠶ᠋ᠡᠨ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠬᠠᠮᠲᠤ᠎ᠪᠠᠷ ᠬᠠᠯᠠᠮᠵᠢᠯᠠᠨ ᠳᠡᠮᠵᠢᠬᠦ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠤᠢ ᠪᠤᠯᠭ᠋ᠠᠵᠤ᠂ ᠰᠤᠷᠭ᠋ᠠᠭᠤᠯᠢ ᠭᠡᠷ ᠪᠦᠯᠢ ᠨᠡᠢ᠌ᠭᠡᠮ ᠬᠠᠮᠵᠢᠯᠴᠠᠭᠰᠠᠨ ᠬᠥᠮᠥᠨ ᠬᠥᠮᠥᠵᠢᠭᠦᠯᠬᠦ ᠲᠣᠭᠲᠠᠴᠠ ᠵᠢ ᠪᠦᠷᠢᠨᠰᠢᠭᠦᠯᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠦ ᠱᠠᠭ᠋ᠠᠷᠳᠠᠪᠠ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 19᠎ᠤ ᠴᠠᠭᠢᠯᠭ᠋ᠠᠨ ᠮᠡᠳᠡᠭᠡ)  

ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            