ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ ᠦᠢ᠍ᠯᠡᠳᠪᠦᠷᠢᠯᠡᠵᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠲᠤᠬᠠᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2025-03-20

      ᠰᠤᠷᠪᠤᠯᠵᠢᠯᠠᠬ᠍ᠴᠢ 19᠎ᠤ ᠡᠳᠦᠷ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠣᠢ᠌ᠯᠠᠭ᠋ᠠᠭᠰᠠᠨ ᠵᠶ᠋ᠠᠷ᠂ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠪᠠ ᠪᠦᠭᠦ ᠵᠢᠯ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠪᠦᠭᠦ ᠬᠦᠴᠦᠨ ᠵᠶ᠋ᠡᠷ ᠵᠶ᠋ᠡᠨ ᠪᠠᠲᠤᠯᠠᠬᠤ ᠵᠢᠨ ᠲᠥᠯᠥᠭᠡ᠂ 2025 ᠣᠨ᠎ᠤ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ᠎ᠤᠨ ᠬᠤᠭᠤᠴᠠᠭ᠋ᠠᠨ᠎ᠳᠠᠬᠢ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ ᠦᠢ᠍ᠯᠡᠳᠪᠦᠷᠢᠯᠡᠨ ᠪᠣᠷᠣᠯᠠᠭᠤᠯᠬᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭ᠋ᠠᠷ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠢ ᠲᠤᠷᠰᠢᠨ ᠪᠠᠢ᠌ᠴᠠᠭ᠋ᠠᠬᠤ ᠰᠠᠯᠠᠭ᠎ᠠ ᠮᠥᠴᠢᠷ᠎ᠲᠤ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ ᠦᠢ᠍ᠯᠡᠳᠪᠦᠷᠢᠯᠡᠵᠦ ᠪᠣᠷᠣᠯᠠᠭᠤᠯᠬᠤ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠡᠮᠬᠢ ᠳᠢᠭᠯᠢᠮ ᠪᠠ ᠥᠷᠭᠡᠨ ᠣᠯᠠᠨ ᠲᠠᠷᠢᠶᠠᠴᠢᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠡᠷᠡᠰ ᠬᠠᠮᠠᠭ᠋ᠠᠯᠠᠬᠤ ᠲᠤᠬᠠᠢ ᠪᠠᠢ᠌ᠷᠢᠯᠠᠭᠤᠯᠪᠠ᠃

      ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ᠎ᠳᠤ ᠬᠡᠷᠡᠭᠯᠡᠬᠦ ᠪᠣᠷᠳᠣᠭᠤᠷ ᠬᠡᠷᠡᠭᠯᠡᠬᠦ ᠡᠮ᠎ᠤᠨ ᠬᠡᠷᠡᠭᠴᠡᠭᠡ ᠵᠢᠨ ᠣᠷᠭᠢᠯ᠎ᠤᠨ ᠦᠶ᠎ᠡ ᠪᠠ ᠲᠠᠷᠢᠶᠠᠯᠠᠩ᠎ᠤᠨ ᠬᠡᠷᠡᠭᠰᠡᠯ᠎ᠤᠨ ᠦᠢ᠍ᠯᠡᠳᠪᠦᠷᠢᠯᠡᠯ᠂ ᠨᠥᠭᠡᠴᠡᠯᠡᠯᠲᠡ ᠵᠢᠨ ᠬᠡᠮᠵᠢᠶ᠎ᠡ ᠶᠡᠬᠡ ᠪᠠᠢ᠌ᠬᠤ ᠵᠠᠩᠭᠢᠯᠠᠭ᠎ᠠ ᠵᠢᠨ ᠴᠠᠭ᠎ᠢ ᠠᠳᠬᠤᠵᠤ᠂ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ ᠦᠢ᠍ᠯᠡᠳᠪᠦᠷᠢᠯᠡᠨ ᠪᠣᠷᠣᠯᠠᠭᠤᠯᠬᠤ 《ᠬᠠᠤᠯᠢ ᠪᠤᠰᠤ ᠡᠭᠦᠷ ᠴᠡᠭ》᠂ 《ᠬᠠᠤᠯᠢ ᠪᠤᠰᠤ ᠦᠢ᠍ᠯᠡᠳᠬᠡᠯ᠎ᠤᠨ ᠭᠠᠵᠠᠷ》᠂ ᠬᠢᠷᠢ ᠭᠡᠮ᠎ᠲᠠᠢ ᠠᠵᠤ ᠠᠬᠤᠢ᠌ᠯᠠᠯ᠎ᠤᠨ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ ᠦᠢ᠍ᠯᠡᠳᠪᠦᠷᠢᠯᠡᠬᠦ᠂ ᠰᠦᠯᠵᠢᠶ᠎ᠡ᠎ᠪᠠᠷ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ ᠪᠣᠷᠣᠯᠠᠭᠤᠯᠬᠤ᠂ ᠨᠡᠭᠦᠳᠡᠯ ᠬᠤᠳᠠᠯᠳᠤᠭ᠎ᠠ᠎ᠪᠠᠷ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭᠰᠡᠯ ᠪᠣᠷᠣᠯᠠᠭᠤᠯᠬᠤ᠂ ᠲᠠᠷᠢᠶᠠᠯᠠᠩ᠎ᠤᠨ ᠬᠡᠷᠡᠭᠰᠡᠯ᠎ᠤᠨ 《ᠮᠡᠬᠡᠯᠡᠯ᠎ᠤᠨ ᠪᠦᠯᠭᠦᠮ》 ᠪᠠ 《ᠵᠠᠬᠢᠶᠠᠯᠠᠭ᠎ᠠ ᠵᠢᠨ ᠲᠠᠷᠢᠶᠠᠯᠠᠩ》 ᠭᠡᠬᠦ ᠨᠡᠷ᠎ᠡ᠎ᠪᠠᠷ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ ᠦᠢ᠍ᠯᠡᠳᠪᠦᠷᠢᠯᠡᠨ ᠪᠣᠷᠣᠯᠠᠭᠤᠯᠬᠤ ᠵᠡᠷᠭᠡ ᠶᠠᠯᠠᠲᠤ ᠠᠵᠢᠯᠯᠠᠭ᠎ᠠ᠎ᠳᠤ ᠣᠨᠣᠪᠴᠢᠲᠠᠶ ᠴᠣᠬᠢᠯᠲᠠ ᠥᠭᠴᠦ᠂ ᠭᠦᠨᠵᠡᠭᠡᠢ ᠴᠣᠬᠢᠯᠲᠠ ᠥᠭᠴᠦ᠂ ᠬᠡᠪᠴᠢᠶᠡᠲᠦ ᠴᠣᠬᠢᠯᠲᠠ ᠥᠭᠴᠦ᠂ ᠬᠣᠯᠪᠤᠭ᠋ᠠᠯᠠᠨ ᠴᠣᠬᠢᠯᠲᠠ ᠥᠭᠴᠦ᠂ ᠥᠨᠳᠥᠷ ᠳᠠᠷᠤᠯᠲᠠᠲᠤ ᠰᠦᠷᠳᠡᠭᠦᠯᠬᠦ ᠪᠠᠢ᠌ᠳᠠᠯ᠎ᠢ ᠲᠦᠷᠭᠡᠨ ᠪᠤᠶ ᠪᠤᠯᠭ᠋ᠠᠬᠤ ᠬᠡᠷᠡᠭᠲᠡᠢ᠃ 《ᠠᠷᠠᠳ᠎ᠲᠤ ᠠᠰᠢᠭ ᠬᠦᠷᠲᠡᠭᠡᠬᠦ ᠠᠵᠤ ᠠᠬᠤᠢ᠌ᠯᠠᠯ》᠎ᠤᠨ ᠪᠠᠢ᠌ᠴᠠᠭ᠋ᠠᠨ ᠰᠤᠳᠤᠯᠤᠯᠲᠠ ᠪᠠ ᠰᠣᠷᠪᠤᠯᠵᠢᠯᠠᠭ᠎ᠠ ᠵᠢ ᠦᠷᠭᠦᠯᠵᠢᠯᠡᠨ ᠥᠷᠨᠢᠭᠦᠯᠵᠦ᠂ ᠦᠷ᠎ᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠪᠠ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠯᠤᠭ᠎ᠠ ᠵᠢᠨ ᠬᠠᠷᠢᠯᠴᠠᠬᠤ ᠦᠢ᠍ᠯᠡᠴᠢᠯᠡᠭᠡᠨ᠎ᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠷ᠎ᠡ ᠵᠢᠨ ᠦᠢ᠍ᠯᠡᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃

      2024 ᠣᠨ᠎ᠳᠤ᠂ ᠪᠦᠭᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 《ᠺᠦᠨᠯᠦ᠋ᠨ》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠬᠠᠭᠤᠷᠮᠠᠭ ᠲᠠᠷᠢᠶᠠᠨ ᠦᠷ᠎ᠡ᠂ ᠬᠢᠮᠢ ᠵᠢᠨ ᠪᠣᠷᠳᠣᠭᠤᠷ᠂ ᠲᠠᠷᠢᠶᠠᠨ ᠡᠮ ᠵᠡᠷᠭᠡ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠬᠡᠷᠡᠭᠰᠡᠯ᠎ᠢ ᠦᠢ᠍ᠯᠡᠳᠪᠦᠷᠢᠯᠡᠵᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ᠎ᠳᠤ ᠦᠷᠭᠦᠯᠵᠢᠯᠡᠨ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠪᠦᠭᠦ ᠵᠢᠯ᠎ᠳᠤ ᠬᠣᠯᠪᠣᠭᠳᠠᠯ ᠪᠦᠬᠦᠢ ᠡᠷᠡᠭᠦᠦ ᠵᠢᠨ ᠬᠡᠷᠡᠭ᠎ᠢ ᠨᠡᠢ᠌ᠲᠡ 500 ᠭᠠᠷᠤᠢ ᠬᠡᠷᠡᠭ ᠪᠣᠯᠭ᠋ᠠᠨ ᠳᠡᠩᠰᠡᠯᠡᠵᠦ ᠳᠡᠩᠨᠡᠨ ᠰᠢᠢ᠍ᠳᠪᠦᠷᠢᠯᠡᠵᠦ᠂ ᠨᠢᠭᠡ ᠪᠦᠯᠦᠭ ᠴᠢᠬᠤᠯᠠ ᠶᠡᠬᠡ ᠬᠡᠷᠡᠭ᠎ᠢ ᠠᠮᠵᠢᠯᠲᠠ᠎ᠲᠠᠢ ᠳᠡᠩᠨᠡᠨ ᠢᠯᠡᠷᠡᠭᠦᠯᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 19᠎ᠤ ᠴᠠᠭᠢᠯᠭ᠋ᠠᠨ ᠮᠡᠳᠡᠭᠡ)

ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            