4 ᠰᠠᠷᠠ ᠵᠢᠨ 15ᠤ ᠡᠳᠦᠷ᠂ ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮᠤᠨ ᠬᠤᠷᠠᠯᠳᠤᠭᠤᠯᠤᠭᠰᠠᠨ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨᠠ)ᠤᠨ ᠰᠣᠨᠢᠨ ᠮᠡᠳᠡᠭᠡ ᠨᠡᠢ᠌ᠲᠡᠯᠡᠬᠦ ᠬᠤᠷᠠᠯᠠᠴᠠ ᠣᠢ᠌ᠯᠠᠭ᠋ᠠᠭᠰᠠᠨ ᠵᠢᠡᠷ᠂ ᠲᠣᠰ 《ᠳᠦᠷᠢᠮ》ᠢ 5 ᠰᠠᠷᠠ ᠵᠢᠨ 1ᠤ ᠡᠳᠦᠷᠠᠴᠠ ᠡᠬᠢᠯᠡᠨ ᠬᠡᠷᠡᠭᠵᠢᠭᠦᠯᠦᠨᠡ᠃
《ᠳᠦᠷᠢᠮ》ᠳᠤ ᠶᠡᠷᠦᠩᠬᠡᠢ ᠳᠦᠷᠢᠮ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭᠠ᠂ ᠬᠢᠨᠠᠯᠲᠠ ᠬᠠᠮᠢᠶᠠᠷᠤᠯᠲᠠ᠂ ᠬᠠᠤᠯᠢ ᠵᠢᠨ ᠬᠠᠷᠢᠭᠤᠴᠠᠯᠭᠠ᠂ ᠳᠠᠭ᠋ᠠᠯᠳᠤᠭᠤᠯᠤᠭᠰᠠᠨ ᠳᠦᠷᠢᠮ ᠵᠡᠷᠭᠡ ᠠᠭᠤᠯᠭᠠ ᠵᠢ ᠪᠠᠭᠲᠠᠭ᠋ᠠᠨᠠ᠃ ᠨᠡᠢ᠍ᠢ᠍ᠳᠡ 6 ᠪᠦᠯᠦᠭ 61 ᠵᠦᠢ᠍ᠯ ᠪᠠᠢ᠌ᠵᠤ᠂ ᠭᠣᠣᠯᠳᠠᠭᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠤᠨ ᠤᠯᠤᠰ ᠲᠦᠷᠦ ᠵᠢᠨ ᠰᠢᠨᠵᠢ ᠴᠢᠨᠠᠷᠢ ᠲᠣᠳᠣᠷᠬᠠᠢ᠌ᠯᠠᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠲᠠᠨᠤ ᠠᠵᠢᠯ ᠡᠷᠭᠢᠯᠡᠭᠦ ᠳᠠᠩᠰᠠᠯᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭᠠ ᠵᠢᠨ ᠤᠴᠢᠷ ᠶᠠᠪᠤᠳᠠᠯᠤᠨ ᠳᠤᠮᠳᠠᠬᠢ ᠪᠠ ᠤᠴᠢᠷ ᠶᠠᠪᠤᠳᠠᠯᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠬᠠᠤᠯᠢ ᠵᠢᠨ ᠬᠠᠷᠢᠭᠤᠴᠠᠯᠭᠠ ᠵᠢᠨ ᠲᠣᠭᠲᠠᠭ᠋ᠠᠯᠢ ᠴᠢᠩᠳᠠᠯᠠᠬᠤ ᠵᠡᠷᠭᠡ ᠲᠠᠯᠠ ᠵᠢᠨ ᠠᠭᠤᠯᠭᠠᠳᠤ ᠲᠣᠭᠲᠠᠭ᠋ᠠᠯ ᠭᠠᠷᠭ᠋ᠠᠪᠠ᠃
ᠣᠢ᠌ᠯᠠᠭ᠋ᠠᠭᠰᠠᠨ ᠵᠶ᠋ᠠᠷ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠳᠦᠷᠢᠮ ᠪᠣᠯ ᠵᠠᠷᠭᠤᠳᠤ ᠬᠣᠯᠪᠣᠭᠳᠠᠭᠰᠠᠨ ᠲᠤᠰᠬᠠᠢ ᠠᠰᠠᠭᠤᠳᠠᠯᠢ ᠰᠢᠢ᠍ᠳᠪᠦᠷᠢᠯᠡᠬᠦ ᠪᠠ ᠬᠠᠤᠯᠢ ᠴᠠᠭ᠋ᠠᠵᠠ ᠵᠢᠨ ᠪᠠᠢ᠌ᠭᠤᠯᠭᠠ ᠵᠢ ᠬᠠᠪᠰᠤᠷᠤᠨ ᠬᠡᠷᠡᠭᠤᠨ ᠪᠣᠳᠠᠲᠤ ᠶᠠᠪᠤᠳᠠᠯᠢ ᠪᠠᠢ᠌ᠴᠠᠭ᠋ᠠᠨ ᠲᠣᠳᠣᠯᠠᠬᠤ ᠬᠠᠤᠯᠢ ᠴᠠᠭ᠋ᠠᠵᠠ ᠵᠢᠨ ᠪᠠᠲᠤᠯᠠᠭᠠ ᠵᠢᠨ ᠳᠦᠷᠢᠮ ᠮᠥᠨ᠃ ᠣᠢ᠌ᠷᠠ ᠵᠢᠨ ᠵᠢᠯᠳᠤ᠂ ᠮᠠᠨᠤ ᠣᠷᠣᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠢᠨᠠᠯᠲᠠ ᠬᠠᠮᠢᠶᠠᠷᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭᠠ ᠵᠢ ᠪᠦᠲᠦᠮᠵᠢᠲᠡᠶ ᠵᠢᠷᠤᠮᠵᠢᠭᠤᠯᠤᠨ᠂ ᠪᠦᠭᠦ ᠣᠷᠣᠨᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠡᠶ᠋ᠢᠲᠡ ᠵᠢᠨ ᠢᠲᠡᠭᠡᠮᠵᠢ ᠮᠡᠳᠡᠭᠳᠡᠮᠡ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨᠤ ᠠᠵᠤ ᠠᠬᠤᠢ ᠨᠡᠢ᠌ᠭᠡᠮᠤᠨ ᠬᠥᠭᠵᠢᠯᠲᠡ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠥᠭᠡᠷᠡᠴᠢᠯᠡᠯᠲᠡ ᠵᠢᠨ ᠲᠠᠰᠤᠷᠠᠯᠲᠠ ᠦᠭᠡᠢ ᠭᠦᠨᠵᠡᠭᠡᠢ᠌ᠷᠡᠬᠦ ᠵᠢ ᠳᠠᠭ᠋ᠠᠯᠳᠤᠨ᠂ ᠠᠵᠢᠯ ᠲᠥᠷᠥᠯᠤᠨ ᠬᠥᠭᠵᠢᠯᠲᠡᠳᠤ ᠰᠢᠨᠡ ᠥᠷᠢᠰᠦᠯᠳᠦᠭᠡᠨ ᠲᠤᠯᠭ᠋ᠠᠷᠠᠪᠠ᠃ ᠲᠣᠰ 《ᠳᠦᠷᠢᠮ》ᠢ ᠲᠣᠭᠲᠠᠭ᠋ᠠᠵᠤ ᠨᠡᠢ᠌ᠲᠡᠯᠡᠭᠰᠡᠨᠨᠢ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠥᠷᠥᠯᠤᠨ ᠬᠥᠭᠵᠢᠯᠲᠡᠳᠤ ᠬᠠᠤᠯᠢᠪᠠᠷ ᠵᠠᠰᠠᠬᠤ ᠬᠦᠴᠦᠲᠡᠢ ᠪᠠᠲᠤᠯᠠᠭᠠ ᠬᠠᠩᠭ᠋ᠠᠪᠠ᠃
ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮᠠᠴᠠ᠂ ᠪᠦᠭᠦ ᠣᠷᠣᠨᠤ ᠡᠯᠡ ᠱᠠᠲᠤᠨᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨᠤ ᠰᠠᠯᠠᠭᠠ ᠮᠥᠴᠢᠷᠤᠳ 《ᠳᠦᠷᠢᠮ》ᠢ ᠭᠦᠨᠵᠡᠭᠡᠢ ᠲᠤᠭᠤᠰᠢᠯᠠᠭᠤᠯᠬᠤᠪᠠᠷ ᠲᠣᠭᠢᠶᠠᠯ ᠪᠤᠯᠭ᠋ᠠᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠤᠨ ᠴᠢᠳᠠᠪᠤᠷᠢᠪᠠᠨ ᠬᠦᠴᠦᠯᠡᠨ ᠳᠡᠭᠡᠭᠰᠢᠯᠡᠭᠦᠯᠵᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠶᠠᠰᠤ ᠴᠢᠨᠠᠷ ᠪᠠ ᠨᠡᠶ᠋ᠢᠲᠡ ᠵᠢᠨ ᠢᠲᠡᠭᠡᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠥᠷᠥᠯᠤᠨ ᠬᠥᠭᠵᠢᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨᠤ ᠠᠵᠤ ᠠᠬᠤᠢ ᠨᠡᠢ᠌ᠭᠡᠮᠤᠨ ᠬᠥᠭᠵᠢᠯᠲᠡ ᠵᠢᠨ ᠶᠡᠬᠡ ᠲᠠᠯᠠᠳᠤ ᠨᠠᠩ ᠰᠠᠢ᠌ᠲᠤᠷ ᠦᠢ᠍ᠯᠡᠴᠢᠯᠡᠬᠦᠳᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨᠤ ᠬᠦᠴᠦᠨ ᠵᠢᠡᠨ ᠡᠷᠭᠦᠬᠦ ᠬᠡᠷᠡᠭᠲᠡᠢ ᠭᠡᠵᠦ ᠱᠠᠭ᠋ᠠᠷᠳᠠᠪᠠ᠃