ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠰᠢᠨ᠎ᠡ ᠬᠡᠪᠯᠡᠯ᠎ᠤᠨ 《ᠭᠠᠯ᠎ᠤᠨ ᠭᠠᠮᠰᠢᠭ᠎ᠢ ᠪᠦᠷᠢᠳᠬᠡᠨ ᠬᠠᠮᠢᠶᠠᠷᠬᠤ ᠲᠣᠭᠲᠠᠭ᠋ᠠᠯ》᠎ᠢ 5 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-04-30

      ᠰᠤᠷᠪᠤᠯᠵᠢᠯᠠᠬ᠍ᠴᠢ 24᠎ᠤ ᠡᠳᠦᠷ ᠣᠢ᠌ᠯᠠᠭ᠋ᠠᠭᠰᠠᠨ ᠵᠶ᠋ᠠᠷ᠂ ᠤᠯᠤᠰ᠎ᠤᠨ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠵᠡᠷᠭᠡ 7 ᠰᠠᠯᠠᠭ᠎ᠠ ᠮᠥᠴᠢᠷ᠎ᠤᠨ ᠲᠦᠷᠦᠭᠦᠬᠡᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠭᠠᠯ᠎ᠤᠨ ᠭᠠᠮᠰᠢᠭ᠎ᠢ ᠪᠦᠷᠢᠳᠬᠡᠨ ᠬᠠᠮᠢᠶᠠᠷᠬᠤ ᠲᠣᠭᠲᠠᠭ᠋ᠠᠯ》᠎ᠢ 2025 ᠣᠨ᠎ᠤ 5 ᠰᠠᠷ᠎ᠠ ᠵᠢᠨ 1᠎ᠤ ᠡᠳᠦᠷ᠎ᠠᠴᠠ ᠡᠬᠢᠯᠡᠵᠦ

ᠬᠡᠷᠡᠭᠵᠢᠭᠦᠯᠦᠨ᠎ᠡ᠃ 1996 ᠣᠨ᠎ᠳᠤ ᠳᠠᠷᠤᠮᠠᠯᠯᠠᠨ ᠲᠠᠷᠬᠠᠭ᠋ᠠᠭᠰᠠᠨ 《ᠭᠠᠯ᠎ᠤᠨ ᠭᠠᠮᠰᠢᠭ᠎ᠢ ᠪᠦᠷᠢᠳᠬᠡᠨ ᠬᠠᠮᠢᠶᠠᠷᠬᠤ ᠲᠣᠭᠲᠠᠭ᠋ᠠᠯ》᠎ᠢ ᠵᠡᠷᠭᠡ᠎ᠳᠤᠨᠢ ᠬᠦᠴᠦᠨ ᠦᠭᠡᠢ ᠪᠣᠯᠭ᠋ᠠᠨ᠎ᠠ᠃

      ᠰᠢᠨ᠎ᠡ ᠲᠣᠭᠲᠠᠭ᠋ᠠᠯ᠎ᠳᠤ ᠪᠦᠭᠦ ᠤᠯᠤᠰ᠎ᠤᠨ ᠭᠠᠯ᠎ᠤᠨ ᠭᠠᠮᠰᠢᠭ᠎ᠤᠨ ᠲᠣᠭ᠎ᠠ ᠪᠦᠷᠢᠳᠬᠡᠯ᠎ᠤᠨ ᠠᠵᠢᠯ᠎ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠤᠯᠤᠰ᠎ᠤᠨ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶ᠎ᠠ ᠪᠣᠯᠭ᠋ᠠᠨ ᠲᠣᠬᠢᠷᠠᠭᠤᠯᠵᠤ᠂ ᠤᠯᠤᠰ᠎ᠤᠨ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠲᠣᠪᠴᠢᠶ᠎ᠠ ᠲᠦᠷᠦᠭᠦᠯᠡᠨ ᠭᠠᠯ᠎ᠤᠨ ᠭᠠᠮᠰᠢᠭ᠎ᠤᠨ ᠲᠣᠭ᠎ᠠ ᠪᠠᠷᠢᠮᠲᠠ ᠵᠢ

ᠬᠠᠮᠲᠤ᠎ᠪᠠᠷ ᠡᠳ᠋ᠯᠡᠬᠦ ᠵᠠᠷᠯᠠᠬᠤ ᠲᠣᠭᠲᠠᠴᠠ ᠵᠢ ᠪᠠᠢ᠌ᠭᠤᠯᠵᠤ᠂ ᠪᠦᠭᠦ ᠤᠯᠤᠰ᠎ᠤᠨ ᠭᠠᠯ᠎ᠤᠨ ᠭᠠᠮᠰᠢᠭ᠎ᠤᠨ ᠪᠠᠢ᠌ᠳᠠᠯ᠎ᠢ ᠬᠤᠷᠢᠶᠠᠩᠭᠤᠢ᠌ᠯᠠᠨ ᠡᠵᠡᠮᠰᠢᠬᠦ ᠭᠡᠷᠡᠭᠲᠡᠶ;  ᠭᠠᠯ᠎ᠤᠨ ᠭᠠᠮᠰᠢᠭ᠎ᠤᠨ ᠦᠬᠦᠵᠦ ᠰᠢᠷᠬᠠᠲᠤᠭᠰᠠᠨ᠎ᠢ ᠠᠪᠤᠷᠠᠨ ᠡᠮᠨᠡᠬᠦ ᠮᠠᠲ᠋ᠧᠷᠢᠶᠠᠯ ᠪᠠ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠡᠮᠴᠢᠯᠡᠭᠡᠨ᠎ᠤ ᠲᠣᠭ᠎ᠠ ᠪᠠᠷᠢᠮᠲᠠ ᠵᠢ ᠦᠨᠳᠦᠰᠦᠯᠡᠨ᠂ ᠭᠠᠯ᠎ᠤᠨ ᠭᠠᠮᠰᠢᠭ᠎ᠠᠴᠠ ᠪᠣᠯᠵᠤ ᠡᠨᠳᠡᠭᠰᠡᠳ᠎ᠤᠨ ᠲᠣᠭ᠎ᠠ ᠵᠢ ᠪᠦᠷᠢᠳᠬᠡᠬᠦ ᠴᠠᠭ᠎ᠢ 7 ᠡᠳᠦᠷ᠎ᠠᠴᠠ 30 ᠡᠳᠦᠷ ᠪᠤᠯᠲᠠᠯ᠎ᠠ ᠤᠷᠲᠤᠳᠬᠠᠵᠤ᠂ ᠭᠠᠯ᠎ᠤᠨ ᠭᠠᠮᠰᠢᠭ᠎ᠤᠨ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠢ ᠨᠠᠩ ᠣᠨᠣᠪᠴᠢᠲᠠᠶ ᠲᠤᠰᠬᠠᠬᠤ ᠭᠡᠷᠡᠭᠳᠡᠢ;  ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠠᠢ᠌ᠳᠠᠯ᠎ᠢ ᠦᠨᠳᠦᠰᠦᠯᠡᠨ᠂ ᠤᠤᠯ᠎ᠤᠨ 《1000 ᠲᠦᠮᠡᠨ ᠲᠥᠭᠥᠷᠢᠭ᠂ 5000 ᠲᠦᠮᠡᠨ ᠲᠥᠭᠥᠷᠢᠭ᠂ 1 ᠳ᠋ᠦᠩᠰᠢᠭᠤᠷ ᠲᠥᠭᠥᠷᠢᠭ》᠎ᠲᠠᠢ ᠬᠠᠷᠠᠭ᠋ᠠᠯᠵᠠᠭᠰᠠᠨ 《ᠨᠡᠯᠢᠶᠡᠳ ᠶᠡᠬᠡ᠂ ᠬᠦᠨᠳᠦ ᠶᠡᠬᠡ᠂ ᠣᠨᠴᠠ ᠬᠦᠨᠳᠦ ᠶᠡᠬᠡ》 ᠭᠠᠯ᠎ᠤᠨ ᠭᠠᠮᠰᠢᠭ᠎ᠤᠨ ᠬᠣᠬᠢᠷᠠᠯ᠎ᠤᠨ ᠲᠠᠰ ᠬᠤᠪᠢᠶᠠᠬᠤ ᠪᠠᠷᠢᠮᠵᠢᠶ᠎ᠠ ᠵᠢ ᠲᠣᠰ ᠲᠣᠰ 《3000 ᠲᠦᠮᠡᠨ ᠲᠥᠭᠥᠷᠢᠭ᠂ 1 ᠳ᠋ᠦᠩᠰᠢᠭᠤᠷ ᠲᠥᠭᠥᠷᠢᠭ᠂ 3 ᠳ᠋ᠦᠩᠰᠢᠭᠤᠷ ᠲᠥᠭᠥᠷᠢᠭ》 ᠪᠣᠯᠭ᠋ᠠᠨ ᠲᠣᠬᠢᠷᠠᠭᠤᠯᠤᠨ᠎ᠠ ᠭᠡᠵᠦ ᠲᠣᠭᠲᠠᠭ᠋ᠠᠪᠠ᠃

      ᠰᠢᠨ᠎ᠡ ᠲᠣᠭᠲᠠᠭ᠋ᠠᠯ᠎ᠳᠤ ᠪᠠᠰᠠ 《ᠬᠥᠩᠭᠡᠪᠲᠦᠷ ᠭᠠᠯ᠎ᠤᠨ ᠭᠠᠮᠰᠢᠭ》᠎ᠤᠨ ᠠᠩᠭᠢᠯᠠᠯ᠎ᠢ ᠨᠡᠮᠡᠪᠡ᠃ ᠭᠠᠯ᠎ᠤᠨ ᠭᠠᠮᠰᠢᠭ᠎ᠤᠨ ᠲᠡᠦᠬᠡᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠵᠠᠳᠠᠯᠤᠭᠰᠠᠨ ᠰᠠᠭᠤᠷᠢᠨ ᠳᠡᠭᠡᠷ᠎ᠡ᠂ ᠮᠠᠨ᠎ᠤ ᠤᠯᠤᠰ᠎ᠤᠨ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠤᠯᠬᠤ ᠣᠷᠣᠯᠭ᠎ᠠ ᠪᠣᠯᠣᠨ ᠬᠣᠲᠠ ᠪᠠᠯᠭ᠋ᠠᠰᠤ ᠬᠥᠳᠡᠭᠡ ᠲᠣᠰᠬᠣᠨ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠣᠷᠣᠯᠭ᠎ᠠ ᠵᠢᠨ ᠵᠥᠷᠢᠶ᠎ᠡ ᠵᠢ ᠶᠡᠷᠦᠩᠬᠡᠢ᠌ᠯᠡᠨ ᠪᠣᠳᠣᠯᠬᠢᠯᠠᠵᠤ᠂ 《ᠡᠩ᠎ᠤᠨ》 ᠭᠠᠯ᠎ᠤᠨ ᠭᠠᠮᠰᠢᠭ᠎ᠤᠨ ᠲᠠᠰ᠎ᠲᠤ 《ᠬᠥᠩᠭᠡᠪᠲᠦᠷ ᠭᠠᠯ᠎ᠤᠨ ᠭᠠᠮᠰᠢᠭ》᠎ᠤᠨ ᠠᠩᠭᠢᠯᠠᠯ᠎ᠢ ᠨᠡᠮᠡᠵᠦ᠂ 《ᠬᠥᠮᠥᠨ ᠬᠠᠷ᠎ᠠ ᠦᠬᠦᠵᠦ ᠰᠢᠷᠬᠠᠲᠤᠭᠰᠠᠨ ᠦᠭᠡᠢ ᠮᠥᠷᠲᠡᠭᠡᠨ ᠰᠢᠭᠤᠳ ᠡᠳ᠋ ᠬᠥᠷᠥᠩᠭᠡ ᠵᠢᠨ ᠬᠣᠬᠢᠷᠠᠯ᠎ᠨᠢ 1000 ᠲᠥᠭᠥᠷᠢᠭ᠎ᠠᠴᠠ ᠳᠣᠣᠷ᠎ᠠ ᠪᠠᠢ᠌ᠪᠠᠯ ᠬᠥᠩᠭᠡᠪᠲᠦᠷ ᠭᠠᠯ᠎ᠤᠨ ᠭᠠᠮᠰᠢᠭ ᠪᠣᠯᠣᠨ᠎ᠠ》 ᠭᠡᠵᠦ ᠲᠣᠳᠣᠷᠬᠠᠢ᠌ᠯᠠᠪᠠ᠃

      ᠡᠭᠦᠨ᠎ᠠᠴᠠ ᠭᠠᠳᠠᠨ᠎ᠠ᠂ ᠰᠢᠨ᠎ᠡ ᠲᠣᠭᠲᠠᠭ᠋ᠠᠯ᠎ᠳᠤ ᠭᠠᠯ᠎ᠤᠨ ᠭᠠᠮᠰᠢᠭ᠎ᠤᠨ ᠲᠣᠭ᠎ᠠ ᠪᠦᠷᠢᠳᠬᠡᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠴᠢᠩᠭ᠋ᠠᠳᠬᠠᠪᠠ᠃ 《ᠭᠠᠯ᠎ᠤᠨ ᠭᠠᠮᠰᠢᠭ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠰᠢᠭᠤᠳ ᠣᠷᠣᠨ ᠪᠦᠰᠡ ᠵᠢᠨ ᠴᠢᠨᠠᠷᠲᠠᠢ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠵᠢᠯ ᠪᠣᠯᠣᠨ ᠭᠠᠵᠠᠷ ᠣᠷᠣᠨ᠎ᠤ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠳᠠᠯ᠎ᠤᠨ ᠵᠢᠭ᠋ᠠᠯᠲᠠ ᠲᠣᠭ᠎ᠠ ᠪᠤᠯᠭ᠋ᠠᠵᠤ ᠪᠤᠯᠬᠤ ᠦᠭᠡᠢ᠂ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠶᠡᠷᠦᠩᠬᠡᠢ᠌ᠯᠡᠨ ᠦᠨᠡᠯᠡᠬᠦ ᠰᠢᠰᠲ᠋ᠧᠮ᠎ᠢ ᠬᠠᠢ᠌ᠨ ᠰᠦᠪᠡᠭᠴᠢᠯᠡᠬᠦ ᠵᠢ ᠵᠣᠷᠢᠭᠵᠢᠭᠤᠯᠤᠨ᠎ᠠ》 ᠭᠡᠵᠦ ᠲᠣᠳᠣᠷᠬᠠᠢ᠌ᠯᠠᠪᠠ᠃ ᠲᠣᠭ᠎ᠠ ᠪᠦᠷᠢᠳᠬᠡᠯ᠎ᠨᠢ ᠬᠠᠤᠯᠢ᠎ᠠᠴᠠ ᠵᠥᠷᠢᠴᠡᠭᠰᠡᠨ᠎ᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠪᠠᠢ᠌ᠭᠤᠯᠬᠤ ᠪᠠ ᠰᠢᠯᠤᠭᠤᠳᠬᠠᠵᠤ᠂ ᠲᠣᠭ᠎ᠠ ᠪᠦᠷᠢᠳᠬᠡᠯ᠎ᠨᠢ ᠬᠠᠤᠯᠢ᠎ᠠᠴᠠ ᠵᠥᠷᠢᠴᠡᠭᠰᠡᠨ᠎ᠢ ᠵᠠᠷᠯᠠᠬᠤ᠂ ᠰᠢᠯᠵᠢᠭᠦᠯᠦᠨ ᠬᠦᠷᠭᠡᠬᠦ ᠳᠦᠷᠢᠮ᠎ᠢ ᠨᠡᠮᠡᠵᠦ ᠲᠣᠬᠢᠷᠠᠭᠤᠯᠬᠤ ᠭᠡᠷᠡᠭᠲᠡᠶ;  ᠭᠠᠯ᠎ᠤᠨ ᠭᠠᠮᠰᠢᠭ᠎ᠤᠨ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠬᠤᠳᠠᠯ ᠵᠶ᠋ᠠᠷ ᠮᠡᠳᠡᠭᠦᠯᠬᠦ᠂ ᠳᠠᠷᠤᠭ᠋ᠠᠳ ᠮᠡᠳᠡᠭᠦᠯᠬᠦ ᠦᠭᠡᠢ ᠪᠠᠢ᠌ᠬᠤ᠂ ᠮᠡᠳᠡᠭᠦᠯᠬᠦ ᠵᠢ ᠲᠡᠪᠴᠢᠬᠦ᠂ ᠤᠳᠠᠭ᠋ᠠᠰᠢᠷᠠᠭᠤᠯᠤᠨ ᠮᠡᠳᠡᠭᠦᠯᠬᠦ᠂ ᠭᠠᠯ᠎ᠤᠨ ᠭᠠᠮᠰᠢᠭ᠎ᠤᠨ ᠪᠦᠷᠢᠳᠬᠡᠯ᠎ᠤᠨ ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠬᠦ᠂ ᠰᠢᠢ᠍ᠳᠬᠡᠯ ᠥᠭᠬᠦ ᠠᠷᠭ᠎ᠠ ᠬᠡᠮᠵᠢᠶ᠎ᠡ ᠪᠣᠯᠣᠨ ᠦᠨᠳᠦᠰᠦᠯᠡᠯ᠎ᠢ ᠲᠣᠳᠣᠷᠬᠠᠢ᠌ᠯᠠᠪᠠ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 24᠎ᠤ ᠴᠠᠭᠢᠯᠭ᠋ᠠᠨ ᠮᠡᠳᠡᠭᠡ) 

ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            