ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠪᠠ (ᠬᠣᠶᠠᠷ)
ᠨᠡᠶ᠋ᠢᠲᠡᠯᠡᠭᠰᠡᠨ ᠴᠠᠭ᠄ 2025-05-23

      ᠭᠤᠷᠪᠠᠳᠤᠭ᠋ᠠᠷ ᠪᠦᠯᠦᠭ  ᠬᠠᠮᠢᠶᠠᠷᠤᠯᠲᠠ ᠬᠢᠨᠠᠯᠲᠠ

      ᠠᠷᠪᠠᠨ ᠳᠥᠷᠪᠡᠳᠦᠭᠡᠷ ᠵᠦᠢ᠍ᠯ  ᠡᠯ᠎ᠡ ᠱᠠᠲᠤᠨ᠎ᠤ ᠨᠠᠮ᠎ᠤᠨ ᠬᠣᠷᠢᠶ᠎ᠠ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠢ ᠰᠣᠩᠭᠣᠨ ᠬᠥᠮᠥᠵᠢᠭᠦᠯᠵᠦ ᠬᠡᠷᠡᠭᠯᠡᠬᠦ ᠠᠵᠢᠯ᠎ᠢ ᠰᠠᠢ᠌ᠲᠤᠷ ᠬᠢᠵᠦ᠂ ᠤᠯᠤᠰ ᠲᠦᠷᠦ ᠵᠢᠨ ᠪᠣᠭᠣᠮᠲᠠ᠂ ᠵᠠᠩ ᠰᠤᠷᠲᠠᠯ᠎ᠤᠨ ᠪᠣᠭᠣᠮᠲᠠ᠂ ᠴᠢᠳᠠᠪᠤᠷᠢ ᠵᠢᠨ ᠪᠣᠭᠣᠮᠲᠠ᠂ ᠰᠤᠷᠲᠠᠯ᠎ᠤᠨ ᠪᠣᠭᠣᠮᠲᠠ᠂ ᠠᠷᠢᠭᠤᠨ ᠴᠢᠬᠡᠴᠢ ᠵᠢᠨ ᠪᠣᠭᠣᠮᠲᠠ ᠵᠢ ᠴᠢᠩᠭ᠎ᠠ ᠰᠠᠬᠢᠵᠤ᠂ ᠬᠠᠮᠢᠶᠠᠷᠤᠯᠲᠠ ᠬᠢᠨᠠᠯᠲᠠ ᠵᠢ ᠴᠢᠩᠳᠠᠯᠠᠬᠤ ᠬᠡᠷᠡᠭᠲᠡᠢ᠃ ᠰᠢᠶᠠᠩ ᠪᠠᠯᠭ᠋ᠠᠰᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ 《ᠨᠢᠭᠡᠳᠦᠭᠡᠷ ᠬᠠᠷᠢᠭᠤᠴᠠᠯᠭ᠋ᠠᠲᠠᠨ》᠂ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ

ᠱᠦᠵᠢ᠂ ᠲᠣᠰᠬᠣᠨ᠎ᠤ ᠠᠷᠠᠳ᠎ᠤᠨ ᠵᠥᠪᠯᠡᠯ᠎ᠤᠨ ᠡᠷᠭᠢᠯᠡᠭᠴᠢ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠡᠷᠡᠭ ᠡᠷᠭᠢᠯᠡᠭᠴᠢᠳ᠎ᠤᠨ ᠳᠠᠷᠤᠭ᠎ᠠ ᠢᠯᠠᠩᠭᠤᠶ᠎ᠠ 《ᠭᠠᠭᠴᠠᠭ᠋ᠠᠷ ᠬᠣᠶᠠᠷ ᠲᠤᠰᠢᠶᠠᠯ ᠡᠭᠦᠷᠭᠡᠯᠡᠬᠦ》 ᠬᠥᠮᠥᠰ᠎ᠤᠨ ᠬᠠᠮᠢᠶᠠᠷᠤᠯᠲᠠ ᠬᠢᠨᠠᠯᠲᠠ ᠵᠢ ᠭᠣᠣᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠢ᠃

      ᠡᠯ᠎ᠡ ᠱᠠᠲᠤᠨ᠎ᠤ ᠨᠠᠮ᠎ᠤᠨ ᠬᠣᠷᠢᠶ᠎ᠠ᠎ᠨᠢ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ ᠵᠡᠷᠭᠡ᠎ᠪᠠᠷ ᠳᠠᠮᠵᠢᠭᠤᠯᠤᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠬᠤ ᠵᠢ ᠴᠢᠬᠤᠯᠠᠴᠢᠯᠠᠵᠤ᠂ ᠰᠠᠬᠢᠯᠭ᠎ᠠ ᠪᠠᠲᠤ ᠵᠢᠨ ᠬᠥᠮᠦᠵᠢᠯ ᠪᠠ ᠬᠠᠤᠯᠢ᠎ᠪᠠᠷ ᠵᠠᠰᠠᠬᠤ ᠪᠣᠯᠪᠠᠰᠤᠷᠠᠯ᠎ᠢ ᠪᠠᠢ᠌ᠩᠭᠤ ᠵᠢᠨ ᠴᠢᠨᠠᠷᠲᠠᠢ ᠥᠷᠨᠢᠭᠦᠯᠦᠨ᠂ ᠰᠡᠷᠡᠮᠵᠢᠯᠡᠭᠦᠯᠭᠦ ᠬᠥᠮᠦᠵᠢᠯ᠎ᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠠᠷᠢᠭᠤᠨ ᠴᠢᠬᠡᠴᠢ ᠰᠣᠶᠣᠯ᠎ᠤᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ᠃

      ᠠᠷᠪᠠᠨ ᠲᠠᠪᠤᠳᠤᠭ᠋ᠠᠷ ᠵᠦᠢ᠍ᠯ  ᠲᠤᠰᠬᠤᠨ᠎ᠤ ᠱᠠᠲᠤᠨ᠎ᠤ ᠴᠢᠬᠤᠯᠠ ᠶᠡᠬᠡ ᠤᠴᠢᠷ ᠶᠠᠪᠤᠳᠠᠯ᠎ᠤᠨ ᠲᠤᠬᠠᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ 《ᠳᠥᠷᠪᠡᠨ ᠵᠥᠪᠯᠡᠬᠦ ᠬᠣᠶᠠᠷ᠎ᠢ ᠢᠯᠡ ᠪᠤᠯᠭ᠋ᠠᠬᠤ》 ᠵᠢ ᠬᠡᠷᠡᠭᠵᠢᠭᠦᠯᠦᠨ᠎ᠡ᠂ ᠲᠤᠬᠠᠢ᠌ᠯᠠᠪᠠᠯ ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠳᠤᠷᠠᠳᠤᠯᠭ᠎ᠠ ᠭᠠᠷᠭ᠋ᠠᠬᠤ᠂ ᠲᠤᠰᠬᠤᠨ᠎ᠤ 《ᠬᠣᠶᠠᠷ ᠵᠥᠪᠯᠡᠯ》᠎ᠤᠨ ᠬᠤᠷᠠᠯ᠎ᠠᠴᠠ ᠵᠥᠪᠳᠡᠯᠴᠡᠬᠦ᠂ ᠨᠠᠮ᠎ᠤᠨ ᠭᠡᠰᠢᠭᠦᠳ᠎ᠤᠨ ᠶᠡᠬᠡ ᠬᠤᠷᠠᠯ᠎ᠠᠴᠠ ᠬᠢᠨᠠᠨ ᠶᠠᠷᠢᠯᠴᠠᠬᠤ᠂

ᠲᠤᠰᠬᠤᠨ᠎ᠤ ᠠᠷᠠᠳ᠎ᠤᠨ ᠬᠤᠷᠠᠯ ᠪᠤᠶᠤ ᠲᠤᠰᠬᠤᠨ᠎ᠤ ᠠᠷᠠᠳ᠎ᠤᠨ ᠲᠥᠯᠥᠭᠡᠯᠡᠭᠴᠢᠳ᠎ᠤᠨ ᠬᠤᠷᠠᠯ᠎ᠠᠴᠠ ᠰᠢᠢ᠍ᠳᠪᠦᠷᠢ ᠭᠠᠷᠭ᠋ᠠᠬᠤ᠂ ᠰᠢᠢ᠍ᠳᠪᠦᠷᠢ ᠵᠢ ᠢᠯᠡ ᠪᠤᠯᠭ᠋ᠠᠬᠤ᠂ ᠬᠡᠷᠡᠭᠵᠢᠭᠦᠯᠦᠭᠰᠡᠨ ᠦᠷ᠎ᠡ ᠳ᠋ᠦᠩ᠎ᠢ ᠢᠯᠡ ᠪᠤᠯᠭ᠋ᠠᠬᠤ ᠵᠡᠷᠭᠡ ᠪᠣᠯᠣᠨ᠎ᠠ᠃

ᠰᠢᠶᠠᠨ᠂ ᠰᠢᠶᠠᠩ ᠬᠣᠶᠠᠷ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠲᠤᠰᠬᠤᠨ᠎ᠤ ᠱᠠᠲᠤᠨ᠎ᠤ ᠴᠢᠬᠤᠯᠠ ᠶᠡᠬᠡ ᠤᠴᠢᠷ ᠶᠠᠪᠤᠳᠠᠯ᠎ᠤᠨ ᠬᠡᠪᠴᠢᠶ᠎ᠡ ᠵᠢ ᠵᠢᠯᠣᠭᠣᠳᠤᠨ ᠲᠣᠭᠲᠠᠭ᠋ᠠᠬᠤ ᠬᠡᠷᠡᠭᠲᠡᠢ᠃

      ᠲᠤᠰᠬᠤᠨ᠎ᠤ ᠠᠷᠠᠳ᠎ᠤᠨ ᠵᠥᠪᠯᠡᠯ᠎ᠤᠨ ᠡᠳ᠋᠎ᠤᠨ ᠶᠠᠪᠤᠳᠠᠯ᠎ᠤᠨ ᠣᠷᠣᠯᠭ᠎ᠠ ᠵᠠᠷᠤᠯᠭ᠎ᠠ ᠵᠢ ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ᠂ ᠲᠤᠰᠬᠤᠨ᠎ᠤ ᠠᠷᠠᠳ᠎ᠤᠨ ᠵᠥᠪᠯᠡᠯ᠎ᠤᠨ ᠡᠷᠭᠢᠯᠡᠭᠴᠢ᠂ ᠲᠤᠰᠬᠤᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠲᠠᠨ ᠬᠠᠮᠲᠤᠷᠠᠨ ᠬᠢᠨᠠᠵᠤ ᠬᠠᠮᠲᠤᠷᠠᠨ ᠭᠠᠷ᠎ᠤᠨ ᠦᠰᠦᠭ ᠵᠢᠷᠤᠨ᠎ᠠ᠂ 《ᠭᠠᠭᠴᠠᠭ᠋ᠠᠷ ᠬᠣᠶᠠᠷ ᠲᠤᠰᠢᠶᠠᠯ ᠡᠭᠦᠷᠭᠡᠯᠡᠬᠦ》 ᠲᠤᠰᠬᠤᠨ ᠪᠣᠯ ᠨᠢᠭᠡ ᠨᠡᠷᠡᠰ 《ᠬᠣᠶᠠᠷ ᠵᠥᠪᠯᠡᠯ》᠎ᠤᠨ ᠪᠤᠰᠤᠳ ᠪᠦᠷᠢᠯᠳᠦᠭᠦᠨ ᠣᠷᠣᠯᠴᠠᠨ ᠬᠠᠮᠲᠤᠷᠠᠨ ᠬᠢᠨᠠᠵᠤ ᠬᠠᠮᠲᠤᠷᠠᠨ ᠭᠠᠷ᠎ᠤᠨ ᠦᠰᠦᠭ ᠵᠢᠷᠤᠬᠤ ᠬᠡᠷᠡᠭᠲᠡᠢ᠃ ᠲᠤᠰᠬᠤᠨ᠎ᠤ ᠱᠠᠲᠤᠨ᠎ᠤ ᠡᠳ᠋᠎ᠤᠨ ᠶᠠᠪᠤᠳᠠᠯ᠎ᠤᠨ ᠣᠷᠣᠯᠭ᠎ᠠ ᠵᠠᠷᠤᠯᠭ᠎ᠠ ᠵᠢ ᠲᠣᠭᠲᠠᠭ᠋ᠠᠯ ᠶᠣᠰᠣᠭ᠋ᠠᠷ ᠨᠠᠢ᠌ᠳᠠᠯᠭ᠎ᠠ᠎ᠪᠠᠷ ᠣᠷᠣᠯᠠᠨ ᠳᠠᠩᠰᠠ ᠲᠡᠮᠳᠡᠭᠯᠡᠵᠦ ᠪᠣᠯᠣᠨ᠎ᠠ᠃ ᠲᠣᠰᠬᠣᠨ᠎ᠤ ᠱᠠᠲᠤᠨ᠎ᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠨᠢ ᠪᠣᠳᠠᠲᠠᠢ ᠬᠦᠷᠢᠶ᠎ᠡ ᠪᠣᠯᠣᠨ ᠬᠡᠪᠴᠢᠶ᠎ᠡ ᠵᠢᠨ ᠪᠠᠷᠢᠮᠵᠢᠶ᠎ᠠ ᠶᠣᠰᠣᠭ᠋ᠠᠷ ᠬᠠᠤᠯᠢ ᠶᠣᠰᠣᠭ᠋ᠠᠷ ᠡᠷᠬᠡᠪᠰᠢ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠲᠠᠢ ᠪᠣᠯ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠵᠦ᠂ ᠰᠢᠶᠠᠩ ᠪᠠᠯᠭ᠋ᠠᠰᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠨᠢ ᠵᠢᠯᠤᠭᠣᠳᠴᠤ ᠬᠢᠨᠠᠬᠤ᠎ᠪᠠᠨ ᠴᠢᠩᠭ᠋ᠠᠳᠬᠠᠬᠤ ᠬᠡᠷᠡᠭᠲᠡᠢ᠃

      ᠠᠷᠪᠠᠨ ᠵᠢᠷᠭᠤᠳᠤᠭ᠋ᠠᠷ ᠵᠦᠢ᠍ᠯ   ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠂ ᠲᠤᠰᠬᠤᠨ᠎ᠤ ᠠᠷᠠᠳ᠎ᠤᠨ ᠵᠥᠪᠯᠡᠯ ᠪᠣᠯᠣᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠨᠢ ᠢᠯᠡ ᠪᠤᠯᠤᠩ᠂ ᠲᠣᠭ᠋ᠠᠴᠢᠯᠠᠭᠰᠠᠨ ᠲᠧᠯᠸᠢᠰ᠂ ᠰᠢᠯᠵᠢᠭᠡ ᠢᠨᠲ᠋ᠧᠷ ᠰᠦᠯᠵᠢᠶᠡᠨ᠎ᠤ ᠬᠡᠷᠡᠭᠯᠡᠭᠡᠨ᠎ᠤ ᠫᠷᠣᠭ᠌ᠷᠠᠮ ᠵᠡᠷᠭᠡ ᠤᠯᠠᠨ ᠲᠦᠮᠡᠨ᠎ᠤ ᠮᠡᠳᠡᠬᠦ᠎ᠳᠤ ᠲᠦᠭᠦᠮ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠥᠳᠡᠭᠡ ᠲᠣᠰᠬᠣᠨ᠎ᠤ ᠨᠠᠮ᠎ᠤᠨ ᠶᠠᠪᠤᠳᠠᠯ᠂ ᠲᠤᠰᠬᠤᠨ᠎ᠤ ᠶᠠᠪᠤᠳᠠᠯ᠂ ᠡᠳ᠋᠎ᠤᠨ ᠶᠠᠪᠤᠳᠠᠯ᠎ᠤᠨ ᠪᠠᠢ᠌ᠳᠠᠯ᠎ᠢ ᠴᠠᠭ ᠲᠤᠬᠠᠢ᠎ᠳᠤᠨᠢ ᠢᠯᠡ ᠪᠤᠯᠭ᠋ᠠᠵᠤ᠂ ᠬᠥᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠨᠥᠬᠥᠪᠦᠷᠢ ᠪᠡᠯᠡ ᠮᠥᠩᠭᠥ ᠵᠢ ᠲᠠᠷᠬᠠᠭ᠋ᠠᠬᠤ᠂ ᠬᠥᠳᠡᠭᠡ ᠲᠣᠰᠬᠣᠨ᠎ᠤ ᠬᠠᠮᠲᠤ ᠵᠢᠨ ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠎ᠢ ᠬᠠᠮᠢᠶᠠᠷᠬᠤ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠢ ᠬᠠᠮᠢᠶᠠᠷᠬᠤ ᠵᠡᠷᠭᠡ ᠲᠠᠯ᠎ᠠ ᠵᠢᠨ ᠵᠦᠢ᠍ᠯᠡᠰ᠎ᠢ ᠢᠯᠡ ᠪᠤᠯᠭ᠋ᠠᠬᠤ ᠵᠢ ᠲᠤᠪᠤᠢ᠌ᠯᠭ᠋ᠠᠵᠤ᠂ ᠢᠯᠡ ᠪᠤᠯᠭ᠋ᠠᠬᠤ ᠵᠦᠢ᠍ᠯᠡᠰ᠎ᠤᠨ ᠠᠭᠤᠯᠭ᠎ᠠ ᠵᠢᠨ ᠪᠦᠷᠢᠨ ᠪᠦᠲᠦᠨ᠂ ᠵᠥᠪ ᠣᠨᠣᠪᠴᠢᠲᠠᠢ ᠨᠠᠷᠢᠨ ᠪᠣᠳᠠᠲᠠᠢ ᠪᠠᠢ᠌ᠬᠤ ᠵᠢ ᠪᠠᠲᠤᠯᠠᠬᠤ ᠵᠢᠨ ᠬᠠᠮᠲᠤ ᠲᠤᠰᠬᠤᠨ᠎ᠤ ᠠᠷᠠᠳ᠎ᠤᠨ ᠪᠠᠢ᠌ᠴᠠᠭ᠋ᠠᠨ ᠯᠠᠪᠯᠠᠬᠤ ᠵᠢ ᠬᠦᠯᠢᠶᠡᠬᠦ ᠬᠡᠷᠡᠭᠲᠡᠢ᠃

      ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠬᠥᠳᠡᠭᠡ ᠲᠣᠰᠬᠣᠨ᠎ᠤ ᠢᠯᠡ ᠪᠤᠯᠭ᠋ᠠᠬᠤ ᠵᠦᠢ᠍ᠯᠡᠰ᠎ᠤᠨ ᠭᠠᠷᠴᠠᠭ᠎ᠢ ᠲᠣᠭᠲᠠᠭ᠋ᠠᠵᠤ᠂ ᠢᠯᠡ ᠪᠤᠯᠭ᠋ᠠᠬᠤ ᠠᠭᠤᠯᠭ᠎ᠠ᠂ ᠢᠯᠡ ᠪᠤᠯᠭ᠋ᠠᠬᠤ ᠴᠠᠭ᠂ ᠢᠯᠡ ᠪᠤᠯᠭ᠋ᠠᠬᠤ ᠵᠢᠷᠤᠮ᠂ ᠢᠯᠡ ᠪᠤᠯᠭ᠋ᠠᠬᠤ ᠭᠡᠯᠪᠡᠷᠢ ᠵᠢ ᠵᠢᠷᠤᠮᠵᠢᠭᠤᠯᠤᠨ ᠨᠠᠷᠢᠯᠢᠭᠵᠢᠭᠤᠯᠵᠤ᠂ ᠲᠤᠰᠬᠤᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠵᠢ ᠵᠢᠯᠣᠭᠣᠳᠤᠨ ᠱᠠᠯᠠᠪᠳᠠᠭᠤᠯᠵᠤ ᠪᠠᠢ᠌ᠭ᠋ᠠᠳ ᠡᠯ᠎ᠡ ᠲᠥᠷᠥᠯ᠎ᠤᠨ ᠮᠡᠳᠡᠭᠡ ᠵᠠᠩᠭᠢ ᠵᠢ ᠢᠯᠡ ᠪᠤᠯᠭ᠋ᠠᠬᠤ ᠠᠵᠢᠯ᠎ᠢ ᠲᠣᠭᠲᠠᠭ᠋ᠠᠯ ᠶᠣᠰᠣᠭ᠋ᠠᠷ ᠬᠠᠤᠯᠢ ᠶᠣᠰᠣᠭ᠋ᠠᠷ ᠰᠠᠢ᠌ᠲᠤᠷ ᠬᠢᠯᠭᠡᠬᠦ ᠬᠡᠷᠡᠭᠲᠡᠢ᠃

      ᠠᠷᠪᠠᠨ ᠳᠣᠯᠣᠳᠤᠭ᠋ᠠᠷ ᠵᠦᠢ᠍ᠯ   ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠬᠢᠨᠠᠯᠲᠠ ᠲᠠᠯᠪᠢᠯᠲᠠ ᠵᠢᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠢ᠌ᠭᠤᠯᠬᠤ ᠪᠤᠶᠤ ᠠᠰᠢᠭᠯᠠᠨ ᠦᠨᠳᠦᠰᠦᠨ ᠱᠠᠲᠤᠨ᠎ᠤ ᠨᠡᠢ᠌ᠲᠡ ᠵᠢᠨ ᠡᠷᠬᠡ᠎ᠳᠤ ᠬᠢᠨᠠᠯᠲᠠ ᠲᠠᠯᠪᠢᠵᠤ᠂ ᠬᠥᠳᠡᠭᠡ ᠲᠣᠰᠬᠣᠨ᠎ᠤ ᠬᠠᠮᠲᠤ ᠵᠢᠨ ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠎ᠢ ᠬᠢᠨᠠᠨ ᠬᠠᠮᠢᠶᠠᠷᠴᠤ᠂ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠬᠤ ᠬᠡᠷᠡᠭᠲᠡᠢ᠃

      ᠠᠷᠪᠠᠨ ᠨᠠᠢ᠍ᠮᠠᠳᠤᠭ᠋ᠠᠷ ᠵᠦᠢ᠍ᠯ   ᠲᠣᠰᠬᠣᠨ᠎ᠤ ᠱᠠᠲᠤᠨ᠎ᠤ ᠴᠢᠬᠤᠯᠠ ᠶᠡᠬᠡ ᠵᠦᠢ᠍ᠯᠡᠰ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠴᠢᠬᠤᠯᠠ ᠶᠡᠬᠡ ᠲᠥᠷᠥᠯ ᠵᠦᠢ᠍ᠯ ᠲᠣᠬᠢᠷᠠᠭᠤᠯᠬᠤ᠂ ᠶᠡᠬᠡ ᠲᠣᠭ᠋ᠠᠨ᠎ᠤ ᠪᠡᠯᠡ ᠮᠥᠩᠭᠥ ᠬᠡᠷᠡᠭᠯᠡᠬᠦ ᠵᠡᠷᠭᠡ ᠵᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤᠨᠢ ᠰᠢᠶᠠᠩ ᠪᠠᠯᠭ᠋ᠠᠰᠤ ᠵᠢᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃

      ᠠᠷᠪᠠ ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠲᠣᠭᠲᠠᠭ᠋ᠠᠯ ᠶᠣᠰᠣᠭ᠋ᠠᠷ ᠬᠠᠷᠢᠶ᠎ᠠ ᠰᠢᠶᠠᠩ ᠪᠠᠯᠭ᠋ᠠᠰᠤ᠂ ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠳᠠᠬᠢ ᠴᠠᠭᠳᠠᠨ ᠪᠠᠢ᠌ᠴᠠᠭ᠋ᠠᠯᠲᠠ᠎ᠪᠠᠨ ᠴᠢᠩᠭ᠋ᠠᠳᠬᠠᠵᠤ᠂ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠵᠢᠨ ᠨᠢᠭᠡ ᠲᠤᠰᠢᠶᠠᠯ᠎ᠤᠨ ᠬᠤᠭᠤᠴᠠᠭ᠋ᠠᠨ᠎ᠳᠤ ᠴᠠᠭᠳᠠᠨ ᠪᠠᠢ᠌ᠴᠠᠭ᠋ᠠᠯᠲᠠ ᠵᠢ ᠪᠦᠭᠦᠨ᠎ᠢ ᠪᠦᠷᠬᠦᠭᠦᠯᠬᠦ ᠵᠢ ᠪᠡᠶᠡᠯᠡᠭᠦᠯᠬᠦ ᠬᠡᠷᠡᠭᠲᠡᠢ᠃

      ᠴᠠᠭᠳᠠᠨ ᠪᠠᠢ᠌ᠴᠠᠭ᠋ᠠᠭᠳᠠᠬᠤ ᠰᠢᠶᠠᠩ ᠪᠠᠯᠭ᠋ᠠᠰᠤ᠂ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠨᠢ ᠴᠠᠭᠳᠠᠨ ᠪᠠᠢ᠌ᠴᠠᠭ᠋ᠠᠵᠤ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠴᠠᠭᠳᠠᠨ ᠪᠠᠢ᠌ᠴᠠᠭ᠋ᠠᠬᠤ ᠠᠵᠢᠯ᠎ᠳᠤ ᠢᠳᠡᠪᠬᠢᠲᠡᠢ ᠬᠠᠮᠵᠢᠯᠴᠠᠵᠤ᠂ ᠴᠠᠭᠳᠠᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃

      ᠬᠣᠷᠢᠳᠤᠭ᠋ᠠᠷ ᠵᠦᠢ᠍ᠯ   ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠠᠵᠢᠯ᠎ᠤᠨ ᠪᠠᠢ᠌ᠳᠠᠯ᠎ᠳᠠᠬᠢ ᠬᠢᠨᠠᠯᠲᠠ ᠪᠠᠢ᠌ᠴᠠᠭ᠋ᠠᠯᠲᠠ᠎ᠪᠠᠨ ᠴᠢᠩᠭ᠋ᠠᠳᠬᠠᠵᠤ᠂ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ ᠪᠤᠰᠤ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠡᠷᠡᠭ ᠵᠶ᠋ᠡᠷ ᠥᠭᠡᠷᠡᠴᠢᠯᠡᠯᠲᠡ ᠵᠠᠰᠠᠯᠲᠠ ᠵᠢ ᠠᠬᠢᠭᠤᠯᠬᠤ ᠵᠢ ᠭᠦᠨᠵᠡᠭᠡᠢ᠌ᠷᠡᠭᠦᠯᠬᠦ ᠬᠡᠷᠡᠭᠲᠡᠢ᠃

      ᠰᠢᠶᠠᠨ᠎ᠤ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ ᠲᠡᠰ ᠥᠰᠬᠡᠵᠦ ᠬᠢᠨᠠᠯᠲᠠ ᠲᠠᠯᠪᠢᠬᠤ ᠪᠤᠶᠤ ᠬᠠᠷᠢᠶ᠎ᠠ ᠣᠷᠣᠨ᠎ᠤ᠎ᠪᠠᠨ ᠳᠣᠲᠣᠷ᠎ᠠ ᠰᠢᠶᠠᠩ ᠪᠠᠯᠭ᠋ᠠᠰᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ ᠬᠤᠪᠢᠶᠠᠷᠢ ᠬᠡᠰᠡᠭ᠎ᠤᠨ ᠬᠠᠮᠵᠢᠯᠴᠠᠭ᠎ᠠ ᠵᠢ ᠥᠷᠨᠢᠭᠦᠯᠬᠦ᠂ ᠰᠣᠯᠪᠢᠴᠠᠨ ᠬᠢᠨᠠᠯᠲᠠ ᠲᠠᠯᠪᠢᠬᠤ ᠵᠡᠷᠭᠡ ᠠᠷᠭ᠎ᠠ ᠭᠡᠯᠪᠡᠷᠢ᠎ᠪᠠᠷ ᠦᠨᠳᠦᠰᠦᠨ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠬᠢᠨᠠᠯᠲᠠ ᠲᠠᠯᠪᠢᠬᠤ ᠬᠦᠴᠦᠨ᠎ᠢ ᠨᠡᠢ᠌ᠳᠬᠡᠨ ᠬᠡᠷᠡᠭᠯᠡᠵᠦ ᠪᠣᠯᠣᠨ᠎ᠠ᠃

      ᠰᠢᠶᠠᠩ ᠪᠠᠯᠭ᠋ᠠᠰᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠲᠤᠰᠬᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠢ ᠪᠠᠢ᠌ᠴᠠᠭ᠋ᠠᠨ ᠵᠢᠯᠤᠭᠣᠳᠬᠤ᠎ᠪᠠᠨ ᠴᠢᠩᠭ᠋ᠠᠳᠬᠠᠵᠤ᠂ ᠲᠤᠰᠬᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ (ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ) ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠣᠰᠴᠤ᠂ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠪᠠᠢ᠌ᠳᠠᠯ᠎ᠢ ᠵᠠᠳᠠᠯᠤᠨ ᠰᠤᠳᠤᠯᠵᠤ᠂ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠳᠤᠷᠠᠳᠬᠤ ᠭᠡᠷᠡᠭᠲᠡᠢ; ᠲᠤᠰᠬᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ (ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ) ᠵᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠳᠡᠮᠵᠢᠵᠦ᠂ ᠬᠡᠷᠡᠭᠴᠡᠭᠡ᠎ᠪᠠᠨ ᠦᠨᠳᠦᠰᠦᠯᠡᠨ ᠬᠠᠷᠢᠶ᠎ᠠ ᠣᠷᠣᠨ᠎ᠤ᠎ᠪᠠᠨ ᠲᠤᠰᠬᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ (ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ) ᠵᠢ ᠵᠣᠬᠢᠶᠠᠨ ᠪᠠᠢ᠌ᠭᠤᠯᠵᠤ ᠬᠠᠮᠲᠤᠷᠠᠨ ᠬᠢᠨᠠᠯᠲᠠ ᠲᠠᠯᠪᠢᠬᠤ ᠠᠵᠢᠯ᠎ᠢ ᠥᠷᠨᠢᠭᠦᠯᠦᠨ᠎ᠡ᠃ ᠬᠠᠮᠲᠤ ᠵᠢᠨ ᠠᠵᠤ ᠠᠬᠤᠢ ᠵᠢᠨ ᠪᠠᠭᠲᠠᠭ᠋ᠠᠮᠵᠢ ᠶᠡᠬᠡ᠂ ᠪᠠᠷᠢᠯᠭ᠎ᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠣᠯᠠᠨ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠶᠡᠬᠡ ᠲᠤᠰᠬᠤᠨ᠎ᠳᠤ᠂ ᠦᠨᠡᠬᠡᠷ ᠴᠢᠬᠤᠯᠠᠲᠠᠢ ᠪᠣᠯ ᠺᠠᠳ᠋ᠷ ᠰᠣᠩᠭᠣᠨ ᠲᠣᠮᠢᠯᠠᠵᠤ ᠲᠣᠭᠲᠠᠭ᠋ᠠᠯ ᠶᠣᠰᠣᠭ᠋ᠠᠷ ᠲᠤᠰᠬᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ (ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ) ᠪᠤᠯᠭ᠋ᠠᠵᠤ ᠪᠣᠯᠣᠨ᠎ᠠ᠃

      ᠰᠢᠶᠠᠩ ᠪᠠᠯᠭ᠋ᠠᠰᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ᠎ᠯᠤᠭ᠎ᠠ ᠵᠢᠨ ᠬᠠᠷᠢᠯᠴᠠᠭ᠎ᠠ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠲᠤᠰᠬᠠᠭᠰᠠᠨ ᠪᠠᠢ᠌ᠳᠠᠯ ᠪᠣᠯᠣᠨ ᠰᠠᠨᠠᠯ᠎ᠢ ᠰᠣᠨᠣᠰᠬᠤ ᠵᠢ ᠴᠢᠬᠤᠯᠠᠴᠢᠯᠠᠵᠤ᠂ ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠰᠢᠯᠵᠢᠭᠦᠯᠦᠨ ᠬᠦᠷᠭᠡᠭᠰᠡᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠠᠰᠠᠭᠤᠳᠠᠯ᠎ᠤᠨ ᠰᠦᠪᠡᠭᠴᠢ ᠵᠢ ᠴᠠᠭ ᠲᠤᠬᠠᠢ᠎ᠳᠤᠨᠢ ᠰᠢᠢ᠍ᠳᠪᠦᠷᠢᠯᠡᠬᠦ ᠬᠡᠷᠡᠭᠲᠡᠢ᠃

      ᠬᠣᠷᠢᠨ ᠨᠢᠭᠡᠳᠦᠭᠡᠷ ᠵᠦᠢ᠍ᠯ   ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠠᠵᠢᠯ᠎ᠤᠨ ᠰᠠᠯᠠᠭ᠎ᠠ ᠮᠥᠴᠢᠷ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠠᠵᠤ ᠠᠬᠤᠢ ᠬᠥᠳᠡᠭᠡ ᠲᠣᠰᠬᠣᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠠᠷᠠᠳ᠎ᠤᠨ ᠶᠠᠪᠤᠳᠠᠯ᠂ ᠪᠠᠢ᠌ᠭ᠋ᠠᠯᠢ ᠵᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠣᠷᠢᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠬᠣᠯᠪᠣᠭᠳᠠᠯ ᠪᠦᠬᠦᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ᠎ᠳᠤ ᠬᠣᠯᠪᠣᠭᠳᠠᠬᠤ ᠠᠵᠢᠯ᠎ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠰᠠᠯᠠᠭ᠎ᠠ ᠮᠥᠴᠢᠷ᠎ᠤᠨ ᠬᠣᠭᠣᠷᠣᠨᠳᠤ ᠵᠢᠨ ᠬᠠᠮᠵᠢᠯᠴᠠᠭ᠎ᠠ᠎ᠪᠠᠨ ᠨᠢᠭᠲᠠᠷᠠᠭᠤᠯᠤᠨ᠂ ᠰᠢᠰᠲ᠋ᠧᠮ᠎ᠤᠨ ᠳᠣᠲᠣᠷᠠᠬᠢ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠭᠰᠠᠨ ᠦᠭᠡᠢ᠂ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷᠴᠤᠳ᠎ᠤᠨ ᠳᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠵᠡᠷᠭᠡ ᠲᠠᠯ᠎ᠠ ᠵᠢᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠬᠠᠤᠯᠢ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠵᠡᠷᠭᠡ ᠬᠣᠯᠪᠣᠭᠳᠠᠯ ᠪᠦᠬᠦᠢ ᠨᠢᠭᠡᠴᠢ ᠪᠠᠢ᠌ᠳᠠᠯ ᠵᠶ᠋ᠠᠨ ᠦᠨᠳᠦᠰᠦᠯᠡᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠪᠤᠳᠤᠬᠤ᠂ ᠲᠤᠰᠬᠠᠢ ᠵᠦᠢ᠍ᠯ ᠵᠶ᠋ᠡᠷ ᠬᠢᠨᠠᠨ ᠪᠤᠳᠤᠬᠤ ᠠᠵᠢᠯ ᠥᠷᠨᠢᠭᠦᠯᠦᠨ᠎ᠡ᠃ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠳ᠋᠎ᠤᠨ ᠵᠠᠰᠠᠭ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠵᠡᠷᠭᠡ ᠬᠣᠯᠪᠣᠭᠳᠠᠯ ᠪᠦᠬᠦᠢ ᠨᠢᠭᠡᠴᠢ᠎ᠠᠴᠠ ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ᠂ ᠲᠤᠰᠬᠤᠨ᠎ᠤ ᠠᠷᠠᠳ᠎ᠤᠨ ᠵᠥᠪᠯᠡᠯ᠎ᠤᠨ ᠪᠦᠷᠢᠯᠳᠦᠭᠦᠨ᠎ᠤ ᠲᠤᠰᠢᠶᠠᠯ᠎ᠤᠨ ᠬᠤᠭᠤᠴᠠᠭ᠎ᠠ ᠪᠠ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠠᠵᠤ ᠠᠬᠤᠢ ᠵᠢᠨ ᠬᠠᠷᠢᠭᠤᠴᠠᠯᠭ᠎ᠠ ᠵᠢᠨ ᠬᠢᠨᠠᠨ ᠪᠣᠳᠣᠯᠲᠠ ᠵᠢ ᠬᠠᠷᠢᠭᠤᠴᠠᠨ ᠵᠣᠬᠢᠶᠠᠨ ᠪᠠᠢ᠌ᠭᠤᠯᠵᠤ ᠥᠷᠨᠢᠭᠦᠯᠦᠨ᠎ᠡ᠃

      ᠡᠮᠦᠨᠡᠬᠢ ᠬᠣᠶᠠᠷ ᠵᠤᠷᠪᠤᠰ᠎ᠲᠤ ᠲᠣᠭᠲᠠᠭ᠋ᠠᠭᠰᠠᠨ ᠰᠠᠯᠠᠭ᠎ᠠ ᠮᠥᠴᠢᠷ ᠪᠠ ᠨᠢᠭᠡᠴᠢ ᠠᠵᠢᠯ᠎ᠤᠨ ᠳᠤᠮᠳᠠ᠎ᠪᠠᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠬᠤ ᠠᠰᠠᠭᠤᠳᠠᠯ᠎ᠤᠨ ᠰᠦᠪᠡᠭᠴᠢ ᠵᠢ ᠣᠯᠵᠤ ᠮᠡᠳᠡᠪᠡᠯ᠂ ᠴᠠᠭ ᠲᠤᠬᠠᠢ᠎ᠳᠤᠨᠢ ᠲᠣᠭᠲᠠᠭ᠋ᠠᠯ ᠶᠣᠰᠣᠭ᠋ᠠᠷ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃

      ᠬᠣᠷᠢᠨ ᠬᠣᠶᠠᠳᠤᠭ᠋ᠠᠷ ᠵᠦᠢ᠍ᠯ   ᠬᠢᠨᠠᠨ ᠪᠤᠳᠤᠬᠤ ᠪᠠᠢ᠌ᠭᠤᠯᠭ᠎ᠠ᠎ᠨᠢ ᠲᠤᠰᠬᠤᠨ᠎ᠤ ᠠᠷᠠᠳ᠎ᠤᠨ ᠵᠥᠪᠯᠡᠯ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠭᠥᠯᠢᠶᠡᠨ ᠠᠪᠴᠤ ᠬᠡᠷᠡᠭᠯᠡᠭᠰᠡᠨ ᠦᠨᠡᠨ ᠪᠣᠳᠠᠲᠤ ᠪᠠᠢ᠌ᠳᠠᠯ᠂ ᠬᠠᠤᠯᠢ ᠶᠣᠰᠣᠨ᠎ᠤ ᠪᠠ ᠦᠷ᠎ᠡ ᠠᠰᠢᠭ᠎ᠤᠨ ᠪᠠᠢ᠌ᠳᠠᠯ᠎ᠢ ᠬᠠᠤᠯᠢ ᠶᠣᠰᠣᠭ᠋ᠠᠷ ᠬᠢᠨᠠᠨ ᠪᠤᠳᠤᠵᠤ ᠬᠢᠨᠠᠯᠲᠠ ᠲᠠᠯᠪᠢᠬᠤ ᠬᠡᠷᠡᠭᠲᠡᠢ᠃ ᠬᠢᠨᠠᠨ ᠪᠣᠳᠣᠯᠲᠠ᠎ᠪᠠᠷ ᠢᠯᠡᠷᠡᠭᠦᠯᠦᠭᠰᠡᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠠᠰᠠᠭᠤᠳᠠᠯ᠎ᠤᠨ ᠰᠦᠪᠡᠭᠴᠢ ᠵᠢ ᠴᠠᠭ ᠲᠤᠬᠠᠢ᠎ᠳᠤᠨᠢ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃

      ᠬᠣᠷᠢᠨ ᠭᠤᠷᠪᠠᠳᠤᠭ᠋ᠠᠷ ᠵᠦᠢ᠍ᠯ   ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠂ ᠲᠤᠰᠬᠤᠨ᠎ᠤ ᠠᠷᠠᠳ᠎ᠤᠨ ᠵᠥᠪᠯᠡᠯ ᠪᠣᠯᠣᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠨᠤᠭᠤᠳ ᠲᠠᠮᠠᠭ᠎ᠠ ᠵᠢ ᠬᠠᠳᠠᠭ᠋ᠠᠯᠠᠨ ᠬᠠᠮᠢᠶᠠᠷᠴᠤ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠪᠦᠷᠢᠳᠬᠡᠬᠦ᠂ ᠳᠠᠩᠰᠠᠯᠠᠬᠤ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠬᠢᠵᠠᠭ᠋ᠠᠷᠯᠠᠬᠤ᠎ᠪᠠᠨ ᠴᠢᠩᠭ᠋ᠠᠳᠬᠠᠨ᠂ ᠲᠠᠮᠠᠭ᠎ᠠ ᠵᠢ ᠵᠢᠷᠤᠮᠵᠢᠭᠤᠨ ᠬᠡᠷᠡᠭᠯᠡᠬᠦ ᠬᠡᠷᠡᠭᠲᠡᠢ᠃

      ᠲᠤᠰᠬᠤᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ᠎ᠨᠢ ᠲᠤᠰᠬᠤᠨ᠎ᠤ ᠶᠠᠪᠤᠳᠠᠯ᠎ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠬᠥᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ᠂ ᠲᠤᠰᠬᠤᠨ᠎ᠤ ᠱᠠᠲᠤᠨ᠎ᠤ ᠡᠳ᠋ ᠬᠥᠷᠥᠩᠭᠡ ᠵᠢᠨ ᠬᠠᠮᠢᠶᠠᠷᠤᠯᠲᠠ᠂ ᠲᠤᠰᠬᠤᠨ᠎ᠤ ᠪᠠᠷᠢᠯᠭ᠎ᠠ ᠵᠢᠨ ᠵᠦᠢ᠍ᠯᠡᠰ᠎ᠤᠨ ᠪᠦᠲᠦᠭᠡᠨ ᠪᠠᠢ᠌ᠭᠤᠯᠤᠯᠲᠠ᠂ ᠲᠤᠰᠬᠤᠨ᠎ᠤ ᠶᠠᠪᠤᠳᠠᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠢᠯᠡ ᠪᠤᠯᠭ᠋ᠠᠬᠤ᠂ ᠬᠥᠳᠡᠭᠡ ᠲᠣᠰᠬᠣᠨ᠎ᠤ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠪᠠᠢ᠌ᠳᠠᠯ ᠵᠡᠷᠭᠡ ᠵᠦᠢ᠍ᠯᠡᠰ᠎ᠲᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠲᠤᠰᠬᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠰᠠᠢ᠌ᠲᠤᠷ ᠬᠢᠬᠦ ᠬᠡᠷᠡᠭᠲᠡᠢ᠃

     ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠢᠨᠠᠯᠲᠠ ᠲᠠᠯᠪᠢᠭᠴᠢ ᠵᠢᠨ ᠺᠣᠮᠢᠰ ᠪᠤᠶᠤ ᠬᠢᠨᠠᠯᠲᠠ ᠲᠠᠯᠪᠢᠭᠴᠢ᠎ᠨᠢ ᠬᠡᠷᠡᠭ ᠡᠷᠭᠢᠯᠡᠭᠴᠢᠳ᠎ᠤᠨ ᠬᠤᠷᠠᠯ᠎ᠤᠨ ᠭᠦᠢ᠍ᠴᠡᠳᠬᠡᠬᠦ ᠪᠦᠷᠢᠯᠳᠦᠭᠦᠨ᠎ᠤ ᠶᠡᠬᠡ ᠬᠤᠷᠠᠯ ᠪᠠ ᠪᠦᠷᠢᠯᠳᠦᠭᠦᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠣᠭᠲᠠᠭ᠋ᠠᠯ᠂ ᠬᠠᠮᠲᠤ ᠵᠢᠨ ᠡᠳ᠋ ᠬᠥᠷᠥᠩᠭᠡ ᠵᠢᠨ ᠡᠵᠡᠩᠨᠡᠯᠲᠡ ᠬᠠᠮᠢᠶᠠᠷᠤᠯᠲᠠ ᠵᠢᠨ ᠪᠠᠢ᠌ᠳᠠᠯ ᠪᠠ ᠲᠤᠰ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠡᠳ᠋᠎ᠤᠨ ᠶᠠᠪᠤᠳᠠᠯ᠎ᠤᠨ ᠪᠠᠢ᠌ᠳᠠᠯ ᠵᠡᠷᠭᠡ᠎ᠳᠤ ᠬᠢᠨᠠᠯᠲᠠ ᠲᠠᠯᠪᠢᠬᠤ᠎ᠪᠠᠨ ᠬᠠᠤᠯᠢ ᠶᠣᠰᠣᠭ᠋ᠠᠷ ᠳᠦᠷᠢᠮ ᠶᠣᠰᠣᠭ᠋ᠠᠷ ᠴᠢᠩᠭ᠋ᠠᠳᠬᠠᠬᠤ ᠬᠡᠷᠡᠭᠲᠡᠢ᠃ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠡᠷᠡᠭ ᠡᠷᠭᠢᠯᠡᠭᠴᠢᠳ᠎ᠤᠨ ᠬᠤᠷᠠᠯ᠎ᠤᠨ ᠪᠦᠷᠢᠯᠳᠦᠭᠦᠨ᠂ ᠬᠢᠨᠠᠯᠲᠠ ᠲᠠᠯᠪᠢᠭᠴᠢ ᠵᠢᠨ ᠺᠣᠮᠢᠰ᠎ᠤᠨ ᠪᠦᠷᠢᠯᠳᠦᠭᠦᠨ ᠪᠤᠶᠤ ᠬᠢᠨᠠᠯᠲᠠ ᠲᠠᠯᠪᠢᠭᠴᠢ᠂ ᠭᠣᠣᠯ ᠪᠤᠯᠬᠤ ᠡᠵᠡᠩᠨᠡᠯᠲᠡ ᠬᠠᠮᠢᠶᠠᠷᠤᠯᠲᠠ ᠵᠢᠨ ᠠᠵᠢᠯᠲᠠᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ᠎ᠤ ᠬᠢᠨᠠᠯᠲᠠ ᠵᠢ ᠬᠠᠤᠯᠢ ᠳᠦᠷᠢᠮ ᠶᠣᠰᠣᠭ᠋ᠠᠷ ᠬᠦᠯᠢᠶᠡᠬᠦ

ᠬᠡᠷᠡᠭᠲᠡᠢ᠃

      ᠲᠣᠰᠬᠣᠨ ᠎ᠢ ᠳᠠᠭ᠋ᠠᠭ᠋ᠠᠴᠢᠯᠠᠭᠰᠠᠨ ᠺᠠᠳ᠋ᠷ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ

ᠠᠩᠭᠢ ᠵᠢᠨ ᠭᠡᠰᠢᠭᠦᠳ ᠲᠣᠰᠬᠣᠨ᠎ᠤ ᠱᠠᠲᠤᠨ᠎ᠤ ᠴᠢᠬᠤᠯᠠ ᠶᠡᠬᠡ ᠤᠴᠢᠷ ᠶᠠᠪᠤᠳᠠᠯ᠎ᠤᠨ ᠰᠢᠢ᠍ᠳᠪᠦᠷᠢᠲᠦ ᠪᠣᠳᠣᠯᠭ᠎ᠠ

ᠲᠣᠭᠲᠠᠭ᠋ᠠᠬᠤ᠎ᠳᠠᠬᠢ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠢᠯᠡ ᠪᠤᠯᠭ᠋ᠠᠬᠤ ᠴᠢᠬᠤᠯᠠ᠎ᠲᠠᠢ ᠤᠴᠢᠷ ᠶᠠᠪᠤᠳᠠᠯ᠎ᠢ ᠴᠠᠭ ᠲᠤᠬᠠᠢ᠎ᠳᠤᠨᠢ ᠰᠠᠨᠠᠭᠤᠯᠬᠤ ᠬᠡᠷᠡᠭᠲᠡᠢ᠃

      ᠳᠥᠷᠪᠡᠳᠦᠭᠡᠷ ᠪᠦᠯᠦᠭ   ᠬᠠᠷᠢᠭᠤᠴᠠᠯᠭ᠎ᠠ ᠨᠡᠬᠡᠮᠵᠢᠯᠡᠬᠦ

      ᠬᠣᠷᠢᠨ ᠳᠥᠷᠪᠡᠳᠦᠭᠡᠷ ᠵᠦᠢ᠍ᠯ   ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ ᠲᠤᠰ ᠲᠣᠭᠲᠠᠭ᠋ᠠᠯ᠎ᠠᠴᠠ ᠵᠥᠷᠢᠴᠡᠪᠡᠯ᠂ ᠬᠣᠯᠪᠣᠭᠳᠠᠯ ᠪᠦᠬᠦᠢ ᠨᠠᠮ᠎ᠤᠨ ᠵᠣᠬᠢᠶᠠᠨ ᠪᠠᠢ᠌ᠭᠤᠯᠤᠯᠲᠠ᠂ ᠨᠢᠭᠡᠴᠢ ᠪᠣᠯᠣᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠬᠠᠮᠢᠶᠠᠷᠤᠯᠲᠠ ᠵᠢᠨ ᠡᠷᠬᠡ ᠮᠡᠳᠡᠯ᠎ᠤᠨ ᠵᠶ᠋ᠡᠨ ᠶᠣᠰᠣᠭ᠋ᠠᠷ᠂ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ ᠪᠣᠯᠣᠨ ᠦᠢ᠍ᠯᠡ ᠪᠠᠢ᠌ᠳᠠᠯ᠎ᠤᠨ ᠬᠦᠨᠳᠦ ᠬᠥᠩᠭᠡᠨ᠎ᠢ᠎ᠨᠢ ᠦᠨᠳᠦᠰᠦᠯᠡᠨ᠂ ᠲᠣᠭᠲᠠᠭ᠋ᠠᠯ ᠰᠠᠬᠢᠯᠭ᠎ᠠ ᠪᠠᠲᠤ ᠬᠠᠤᠯᠢ ᠶᠣᠰᠣᠭ᠋ᠠᠷ ᠶᠠᠷᠢᠯᠴᠠᠨ ᠰᠠᠨᠠᠭᠤᠯᠬᠤ᠂ ᠰᠢᠭᠦᠮᠵᠢᠯᠡᠨ ᠬᠥᠮᠥᠵᠢᠭᠦᠯᠬᠦ᠂ ᠵᠠᠷᠯᠢᠭᠳᠠᠨ ᠪᠠᠢ᠌ᠴᠠᠭ᠋ᠠᠬᠤ᠂ ᠰᠡᠷᠡᠮᠵᠢᠯᠡᠭᠦᠯᠦᠨ ᠴᠡᠭᠡᠷᠯᠡᠭᠦᠯᠬᠦ᠂ ᠵᠣᠬᠢᠶᠠᠨ ᠪᠠᠢ᠌ᠭᠤᠯᠤᠯᠲᠠ᠎ᠠᠴᠠ ᠰᠢᠢ᠍ᠳᠪᠦᠷᠢᠯᠡᠬᠦ ᠪᠤᠶᠤ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠵᠡᠷᠭᠡ᠎ᠪᠠᠷ ᠰᠢᠢ᠍ᠳᠪᠦᠷᠢᠯᠡᠬᠦ ᠭᠡᠷᠡᠭᠲᠡᠶ; ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

      ᠲᠤᠰ ᠲᠣᠭᠲᠠᠭ᠋ᠠᠯ᠎ᠢ ᠵᠥᠷᠢᠴᠡᠭᠰᠡᠨ ᠲᠤᠰᠬᠤᠨ᠎ᠤ ᠠᠷᠠᠳ᠎ᠤᠨ ᠵᠥᠪᠯᠡᠯ᠎ᠤᠨ ᠪᠦᠷᠢᠯᠳᠦᠭᠦᠨ᠎ᠤ ᠲᠤᠰᠢᠶᠠᠯ᠎ᠢ᠎ᠨᠢ ᠵᠣᠭᠰᠤᠭ᠋ᠠᠬᠤ ᠪᠤᠶᠤ ᠲᠤᠰᠢᠶᠠᠯ᠎ᠠᠴᠠ᠎ᠨᠢ ᠣᠭᠴᠣᠷᠠᠭᠤᠯᠬᠤ ᠴᠢᠬᠤᠯᠠᠲᠠᠢ ᠪᠠᠢ᠌ᠪᠠᠯ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠢ᠌ᠭᠤᠯᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ ᠲᠤᠰᠢᠶᠠᠯ᠎ᠠᠴᠠ᠎ᠨᠢ ᠵᠣᠭᠰᠤᠭ᠋ᠠᠬᠤ ᠪᠤᠶᠤ ᠲᠤᠰᠢᠶᠠᠯ᠎ᠠᠴᠠ᠎ᠨᠢ ᠣᠭᠴᠣᠷᠠᠭᠤᠯᠤᠨ᠎ᠠ᠃ ᠲᠤᠰ ᠲᠣᠭᠲᠠᠭ᠋ᠠᠯ᠎ᠢ ᠵᠥᠷᠢᠴᠡᠭᠰᠡᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠡᠷᠡᠭ ᠡᠷᠭᠢᠯᠡᠭᠴᠢᠳ᠎ᠤᠨ ᠬᠤᠷᠠᠯ᠎ᠤᠨ ᠪᠦᠷᠢᠯᠳᠦᠭᠦᠨ᠂ ᠬᠢᠨᠠᠯᠲᠠ ᠲᠠᠯᠪᠢᠭᠴᠢ ᠵᠢᠨ ᠺᠣᠮᠢᠰ᠎ᠤᠨ ᠪᠦᠷᠢᠯᠳᠦᠭᠦᠨ ᠪᠤᠶᠤ ᠬᠢᠨᠠᠯᠲᠠ ᠲᠠᠯᠪᠢᠭᠴᠢ᠂ ᠭᠣᠣᠯ ᠪᠤᠯᠬᠤ ᠡᠵᠡᠩᠨᠡᠯᠲᠡ ᠬᠠᠮᠢᠶᠠᠷᠤᠯᠲᠠ ᠵᠢᠨ ᠠᠵᠢᠯᠲᠠᠨ᠎ᠢ ᠣᠭᠴᠣᠷᠠᠭᠤᠯᠬᠤ ᠪᠤᠶᠤ ᠤᠷᠢᠬᠤ᠎ᠪᠠᠨ ᠵᠣᠭᠰᠤᠭ᠋ᠠᠬᠤ ᠴᠢᠬᠤᠯᠠᠲᠠᠢ ᠪᠠᠢ᠌ᠪᠠᠯ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠣᠭᠴᠣᠷᠠᠭᠤᠯᠬᠤ ᠪᠤᠶᠤ ᠤᠷᠢᠬᠤ᠎ᠪᠠᠨ ᠵᠣᠭᠰᠣᠭ᠋ᠠᠨ᠎ᠠ᠃

      ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠲᠤᠰ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠤ ᠲᠤᠰᠢᠶᠠᠯ᠎ᠠᠴᠠ᠎ᠪᠠᠨ ᠪᠠᠭᠤᠬᠤ᠎ᠪᠠᠷ ᠵᠠᠷᠯᠢᠬᠳᠠᠬᠳᠠᠬᠰᠠᠨ ᠪᠤᠶᠤ ᠲᠤᠰᠢᠶᠠᠯ᠎ᠠᠴᠠ᠎ᠪᠠᠨ ᠵᠣᠭᠰᠣᠭ᠋ᠠᠭᠳᠠᠭᠰᠠᠨ ᠪᠠᠢ᠌ᠪᠠᠯ᠂ 1 ᠵᠢᠯ᠎ᠤᠨ ᠳᠣᠲᠣᠷ᠎ᠠ ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠪᠣᠯᠵᠤ ᠪᠤᠯᠬᠤ ᠦᠭᠡᠢ᠃

      ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠡᠭᠦᠨ᠎ᠤ ᠠᠵᠢᠯ᠎ᠤᠨ ᠰᠠᠯᠠᠭ᠎ᠠ ᠮᠥᠴᠢᠷ᠎ᠤᠨ ᠤᠳᠤᠷᠢᠳᠬᠤ ᠺᠠᠳ᠋ᠷ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠬᠤ ᠠᠵᠢᠯ᠎ᠤᠨ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠵᠥᠪ ᠵᠶ᠋ᠡᠷ ᠭᠦᠢ᠍ᠴᠡᠳᠬᠡᠬᠦ ᠦᠭᠡᠢ ᠪᠠᠢ᠌ᠵᠤ᠂ ᠬᠦᠨᠳᠦ ᠨᠣᠴᠢᠲᠠᠢ ᠬᠣᠬᠢᠷᠠᠯ ᠤᠴᠠᠷᠠᠭᠤᠯᠤᠭᠰᠠᠨ ᠪᠤᠶᠤ ᠬᠦᠨᠳᠦ ᠨᠣᠴᠢᠲᠠᠢ ᠮᠠᠭᠤ ᠨᠥᠯᠥᠭᠡ ᠭᠠᠷᠭ᠋ᠠᠭᠰᠠᠨ ᠪᠠᠢ᠌ᠪᠠᠯ᠂ ᠲᠣᠭᠲᠠᠭ᠋ᠠᠯ ᠶᠣᠰᠣᠭ᠋ᠠᠷ ᠰᠠᠬᠢᠯᠭ᠎ᠠ ᠪᠠᠲᠤ ᠶᠣᠰᠣᠭ᠋ᠠᠷ ᠬᠠᠤᠯᠢ ᠶᠣᠰᠣᠭ᠋ᠠᠷ ᠬᠠᠷᠢᠭᠤᠴᠠᠯᠭ᠎ᠠ

ᠨᠡᠬᠡᠮᠵᠢᠯᠡᠨ᠎ᠡ᠃

      ᠬᠣᠷᠢᠨ ᠲᠠᠪᠤᠳᠤᠭ᠋ᠠᠷ ᠵᠦᠢ᠍ᠯ   ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠬᠦᠨᠳᠦ ᠨᠣᠴᠢᠲᠠᠢ ᠵᠥᠷᠢᠴᠡᠭᠰᠡᠨ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠢ ᠵᠥᠷᠢᠴᠡᠭᠡᠳ ᠬᠡᠷᠡᠭ ᠪᠣᠯᠭ᠋ᠠᠨ ᠲᠠᠨᠭ᠌ᠰᠠᠯᠠᠵᠤ ᠬᠢᠨᠠᠨ ᠪᠠᠢ᠌ᠴᠠᠭ᠋ᠠᠭᠳᠠᠵᠤ ᠨᠠᠮ᠎ᠠᠴᠠ ᠬᠥᠭᠡᠭᠡᠭᠳᠡᠭᠰᠡᠨ᠂ ᠠᠯᠪᠠᠨ ᠲᠤᠰᠢᠶᠠᠯ᠎ᠠᠴᠠ᠎ᠪᠠᠨ ᠬᠥᠭᠡᠭᠡᠭᠳᠡᠭᠰᠡᠨ᠂ ᠬᠦᠨᠳᠦ ᠨᠣᠴᠢᠲᠠᠢ ᠲᠤᠰᠢᠶᠠᠯ᠎ᠳᠠᠭᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠭ᠋ᠠᠳ ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠠᠢ᠌ᠪᠠᠯ᠂ ᠢᠯᠡ᠎ᠪᠠᠷ ᠵᠠᠷᠯᠠᠨ ᠮᠡᠳᠡᠭᠳᠡᠬᠦ ᠬᠡᠷᠡᠭᠲᠡᠢ᠃

      ᠬᠣᠷᠢᠨ ᠵᠢᠷᠭᠤᠳᠤᠭ᠋ᠠᠷ ᠵᠦᠢ᠍ᠯ   ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ ᠲᠤᠰ ᠲᠣᠭᠲᠠᠭ᠋ᠠᠯ᠎ᠢ ᠵᠥᠷᠢᠴᠡᠵᠦ ᠣᠯᠣᠭᠰᠠᠨ ᠵᠦᠢ ᠪᠤᠰᠤ ᠠᠵᠤ ᠠᠬᠤᠢ ᠵᠢᠨ ᠠᠰᠢᠭ ᠲᠤᠰᠠ ᠵᠢ ᠲᠣᠭᠲᠠᠭ᠋ᠠᠯ ᠶᠣᠰᠣᠭ᠋ᠠᠷ ᠰᠠᠬᠢᠯᠭ᠎ᠠ ᠪᠠᠲᠤ ᠶᠣᠰᠣᠭ᠋ᠠᠷ ᠬᠠᠤᠯᠢ ᠴᠠᠭ᠋ᠠᠵᠠ ᠶᠣᠰᠣᠭ᠋ᠠᠷ ᠬᠣᠷᠢᠶᠠᠨ ᠠᠪᠬᠤ᠂ ᠨᠡᠬᠡᠮᠵᠢᠯᠡᠨ ᠲᠤᠰᠢᠶᠠᠯᠭ᠋ᠠᠬᠤ ᠪᠤᠶᠤ ᠵᠠᠷᠯᠢᠭᠳᠠᠵᠤ ᠪᠠᠢ᠌ᠭ᠋ᠠᠳ ᠪᠤᠴᠠᠭ᠋ᠠᠯᠭ᠋ᠠᠨ ᠲᠥᠯᠥᠭᠦᠯᠬᠦ ᠭᠡᠷᠡᠭᠲᠡᠢ; ᠤᠯᠤᠰ ᠣᠷᠣᠨ᠂ ᠬᠠᠮᠲᠤ ᠨᠡᠢ᠌ᠳᠠ ᠪᠤᠶᠤ ᠲᠤᠰᠬᠤᠨ᠎ᠤ ᠠᠷᠠᠳ ᠵᠡᠷᠭᠡ᠎ᠳᠤ ᠠᠵᠤ ᠠᠬᠤᠢ ᠵᠢᠨ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

      ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ ᠲᠤᠰ ᠲᠣᠭᠲᠠᠭ᠋ᠠᠯ᠎ᠠᠴᠠ ᠵᠥᠷᠢᠴᠡᠨ ᠣᠯᠣᠭᠰᠠᠨ ᠲᠤᠰᠢᠶᠠᠯ᠂ ᠲᠤᠰᠢᠶᠠᠯ᠎ᠤᠨ ᠳᠡᠰ᠂ ᠱᠠᠩᠨᠠᠯ᠂ ᠬᠢᠷᠢ ᠭᠡᠮ ᠵᠡᠷᠭᠡ ᠪᠤᠰᠤᠳ ᠠᠰᠢᠭ ᠲᠤᠰᠠ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠠᠯᠠᠷᠠᠭᠤᠯᠬᠤ ᠬᠡᠷᠡᠭᠲᠡᠢ᠃

      ᠬᠣᠷᠢᠨ ᠳᠣᠯᠣᠳᠤᠭ᠋ᠠᠷ ᠵᠦᠢ᠍ᠯ   ᠲᠤᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠪᠠ ᠲᠤᠰᠬᠤᠨ᠎ᠤ ᠠᠷᠠᠳ᠎ᠤᠨ ᠵᠥᠪᠯᠡᠯ᠎ᠤᠨ ᠪᠦᠷᠢᠯᠳᠦᠭᠦᠨ ᠲᠤᠰ ᠲᠣᠭᠲᠠᠭ᠋ᠠᠯ᠎ᠢ ᠵᠥᠷᠢᠴᠡᠭᠡᠳ ᠰᠢᠢ᠍ᠳᠪᠦᠷᠢᠯᠡᠭᠳᠡᠭᠰᠡᠨ ᠪᠠᠢ᠌ᠪᠠᠯ᠂ ᠰᠢᠶᠠᠨ᠎ᠤ ᠱᠠᠲᠤ ᠪᠤᠶᠤ ᠰᠢᠶᠠᠩ ᠪᠠᠯᠭ᠋ᠠᠰᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠯᠥᠰᠦ ᠣᠯᠭᠣᠮᠵᠢ (ᠨᠥᠬᠥᠪᠦᠷᠢ)᠂ ᠱᠠᠩᠨᠠᠯ᠎ᠤᠨ

ᠮᠥᠩᠭᠥ ᠵᠢ᠎ᠨᠢ ᠬᠠᠰᠤᠬᠤ ᠪᠤᠶᠤ ᠰᠠᠭᠤᠯᠭ᠋ᠠᠨ ᠠᠪᠤᠨ᠎ᠠ᠃

      ᠬᠣᠷᠢᠨ ᠨᠠᠢ᠍ᠮᠠᠳᠤᠭ᠋ᠠᠷ ᠵᠦᠢ᠍ᠯ   ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ᠎ᠨᠢ ᠬᠡᠳᠦᠢ᠌ᠪᠡᠷ ᠬᠣᠬᠢᠷᠠᠯ ᠪᠤᠶᠤ ᠦᠷ᠎ᠡ ᠤᠷᠰᠢᠭ ᠭᠠᠷᠭ᠋ᠠᠭᠰᠠᠨ ᠪᠤᠯᠪᠠᠴᠤ ᠵᠣᠷᠢᠭᠤᠳᠠ ᠪᠤᠶᠤ ᠡᠨᠳᠡᠯ᠎ᠠᠴᠠ ᠪᠣᠯᠤᠭᠰᠠᠨ ᠪᠢᠰᠢ᠂ ᠬᠠᠷᠢᠨ ᠡᠰᠡᠷᠭᠦᠴᠡᠭᠳᠡᠰᠢ ᠦᠭᠡᠢ ᠬᠦᠴᠦᠨ ᠵᠡᠷᠭᠡ ᠰᠢᠯᠲᠠᠭ᠋ᠠᠨ᠎ᠠᠴᠠ ᠪᠣᠯᠤᠭᠰᠠᠨ ᠪᠠᠢ᠌ᠪᠠᠯ ᠬᠠᠷᠢᠭᠤᠴᠠᠯᠭ᠎ᠠ ᠨᠡᠬᠡᠮᠵᠢᠯᠡᠬᠦ ᠦᠭᠡᠢ᠃

      ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠭᠣᠣᠯᠳᠠᠯᠭ᠎ᠠ᠎ᠲᠠᠢ ᠬᠦᠷᠢᠶᠡᠨ᠎ᠳᠠᠬᠢ

ᠭᠣᠣᠯᠳᠠᠯᠭ᠎ᠠ᠎ᠲᠠᠢ ᠠᠰᠠᠭᠤᠳᠠᠯ᠎ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭ᠎ᠢ ᠲᠡᠰ ᠳᠡᠪᠰᠢᠭᠦᠯᠦᠨ ᠬᠢᠨᠠᠨ ᠬᠠᠷᠭᠤᠭᠤᠯᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷᠴᠤᠳ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢ ᠬᠡᠲᠦᠷᠡᠭᠦᠯᠬᠦ᠂ ᠳᠥᠭᠥᠮᠴᠢᠯᠡᠬᠦ ᠵᠡᠷᠭᠡ ᠠᠰᠠᠭᠤᠳᠠᠯ᠎ᠢ ᠰᠡᠷᠭᠡᠢ᠌ᠯᠡᠨ ᠵᠠᠯᠠᠷᠠᠭᠤᠯᠤᠨ᠎ᠠ᠃

      ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ ᠭᠦᠳᠬᠡᠭᠳᠡᠨ ᠵᠠᠭ᠋ᠠᠯᠳᠤᠭᠳᠠᠵᠤ᠂ ᠪᠤᠷᠤᠭᠤ ᠵᠠᠭ᠋ᠠᠯᠳᠤᠭᠳᠠᠵᠤ᠂ ᠲᠣᠳᠣᠷᠬᠠᠢ᠌ᠯᠠᠬᠤ ᠴᠢᠬᠤᠯᠠᠲᠠᠢ ᠪᠠᠢ᠌ᠪᠠᠯ᠂ ᠬᠣᠯᠪᠣᠭᠳᠠᠯ ᠪᠦᠬᠦᠢ ᠨᠠᠮ᠎ᠤᠨ ᠵᠣᠬᠢᠶᠠᠨ ᠪᠠᠢ᠌ᠭᠤᠯᠤᠯᠲᠠ᠂ ᠨᠢᠭᠡᠴᠢ ᠪᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠲᠣᠭᠲᠠᠭ᠋ᠠᠯ ᠶᠣᠰᠣᠭ᠋ᠠᠷ ᠲᠣᠳᠣᠷᠬᠠᠢ᠌ᠯᠠᠬᠤ ᠬᠡᠷᠡᠭᠲᠡᠢ᠃

      ᠬᠣᠷᠢ ᠶᠢᠰᠦᠳᠦᠭᠡᠷ ᠵᠦᠢ᠍ᠯ  ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠰᠢᠢ᠍ᠳᠪᠦᠷᠢᠯᠡᠭᠳᠡᠭᠰᠡᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠢ ᠮᠥᠷᠳᠡᠨ ᠬᠠᠷᠢᠭᠤ ᠰᠤᠷᠪᠤᠯᠵᠢᠯᠠᠵᠤ᠂ ᠦᠵᠡᠯ ᠰᠠᠨᠠᠭ᠋ᠠᠨ᠎ᠤ ᠪᠠᠢ᠌ᠳᠠᠯ ᠪᠠ ᠠᠵᠢᠯ᠎ᠤᠨ ᠪᠠᠢ᠌ᠳᠠᠯ᠎ᠢ᠎ᠨᠢ ᠣᠢ᠌ᠯᠠᠭ᠋ᠠᠵᠤ᠂ ᠲᠡᠳᠡᠨ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠵᠥᠪ ᠲᠠᠨᠢᠯᠲᠠ᠎ᠲᠠᠢ ᠪᠤᠯᠭ᠋ᠠᠵᠤ᠂ ᠠᠯᠳᠠᠭ᠎ᠠ ᠪᠤᠷᠤᠭᠤ ᠵᠢ᠎ᠨᠢ ᠵᠠᠯᠠᠷᠠᠭᠤᠯᠤᠨ᠂ ᠳᠠᠷᠤᠭ᠋ᠠᠰᠤ ᠵᠢ᠎ᠨᠢ ᠬᠥᠩᠭᠡᠯᠡᠵᠦ᠂ ᠢᠳᠡᠪᠬᠢᠲᠡᠢ ᠠᠵᠢᠯᠯᠠᠭᠤᠯᠬᠤ ᠬᠡᠷᠡᠭᠲᠡᠢ᠃

      ᠲᠠᠪᠤᠳᠤᠭ᠋ᠠᠷ ᠪᠦᠯᠦᠭ  ᠳᠠᠭ᠋ᠠᠯᠳᠤᠭᠤᠯᠤᠭᠰᠠᠨ ᠳᠦᠷᠢᠮ

      ᠭᠤᠴᠢᠳᠤᠭ᠋ᠠᠷ ᠵᠦᠢ᠍ᠯ   ᠲᠤᠰ ᠲᠣᠭᠲᠠᠭ᠋ᠠᠯ᠎ᠢ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠠᠴᠠ ᠬᠠᠷᠢᠭᠤᠴᠠᠨ ᠲᠠᠢ᠌ᠯᠪᠤᠷᠢᠯᠠᠨ᠎ᠠ᠃

      ᠭᠤᠴᠢᠨ ᠨᠢᠭᠡᠳᠦᠭᠡᠷ ᠵᠦᠢ᠍ᠯ ᠲᠤᠰ ᠲᠣᠭᠲᠠᠭ᠋ᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 20᠎ᠤ ᠴᠠᠭᠢᠯᠭ᠋ᠠᠨ ᠮᠡᠳᠡᠭᠡ)

ᠢᠷᠡᠯᠲᠡ᠄ ᠳᠤᠮᠳᠠᠲᠦ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            