5 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠤᠨ ᠬᠠᠤᠯᠢ ᠲᠣᠭᠲᠠᠭ᠋ᠠᠭᠰᠠᠨ ᠪᠠᠢ᠌ᠳᠠᠯ ᠪᠠ ᠲᠠᠷᠠᠭ᠋ᠠᠴᠢ ᠵᠢᠨ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠤᠨ ᠲᠤᠬᠠᠢ ᠨᠡᠢ᠌ᠲᠡᠯᠡᠭᠰᠡᠨ ᠪᠥᠭᠡᠳ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠵᠤ᠂ 《ᠳᠦᠷᠢᠮ》᠎ᠢ ᠤᠬᠠᠭᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠵᠤ᠂ 《ᠳᠦᠷᠢᠮ》᠎ᠢ ᠪᠦᠭᠦ ᠲᠠᠯ᠎ᠠ᠎ᠪᠠᠷ ᠵᠥᠪ ᠣᠨᠣᠪᠴᠢᠲᠠᠶ ᠪᠦᠲᠦᠮᠵᠢᠲᠡᠶ ᠬᠡᠷᠡᠭᠵᠢᠭᠦᠯᠬᠦ ᠵᠢ ᠠᠬᠢᠭᠤᠯᠬᠤ ᠵᠢ ᠵᠣᠷᠢᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠬᠠᠷᠢᠭᠤᠴᠠᠯᠭ᠋ᠠᠲᠠᠨ ᠨᠥᠬᠥᠳ ᠶᠡᠷᠦᠩᠬᠡᠢ᠎ᠳᠤ᠎ᠨᠢ ᠨᠡᠢ᠌ᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠬᠠᠷᠢᠭᠤᠴᠠᠯᠭ᠋ᠠᠲᠠᠨ ᠨᠥᠬᠥᠳ 《ᠳᠦᠷᠢᠮ》᠎ᠢ ᠨᠡᠢ᠌ᠲᠡᠯᠡᠭᠰᠡᠨ ᠠᠬᠤᠢ ᠪᠠᠢ᠌ᠳᠠᠯ; 《ᠳᠦᠷᠢᠮ》᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠶᠠᠪᠤᠴᠠ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠬᠡᠷᠬᠢᠨ ᠬᠠᠤᠯᠢ ᠲᠣᠭᠲᠠᠭ᠋ᠠᠬᠤ ᠭᠣᠣᠯᠯᠠᠬᠤ ᠦᠢ᠍ᠯᠡᠳᠦᠯ ᠵᠢᠡᠨ ᠪᠠᠳᠠᠷᠠᠭᠤᠯᠵᠤ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠰᠠᠨ; ᠵᠠᠰᠠᠭ᠎ᠤᠨ ᠣᠷᠳᠣᠨ ᠵᠢᠴᠢ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ᠎ᠬᠢᠨ 《ᠳᠦᠷᠢᠮ》᠎ᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠬᠦ ᠵᠡᠷᠭᠡ ᠠᠭᠤᠯᠭ᠎ᠠ ᠵᠢᠨ ᠲᠤᠬᠠᠢ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠯᠪᠠᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠡᠷᠭᠢᠯᠡᠪᠡ᠃
ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠲᠠᠨᠢᠯᠴᠠᠭᠤᠯᠤᠭᠰᠠᠨ ᠵᠢᠡᠷ᠂ ᠬᠥᠯᠥᠰᠦᠨ ᠠᠵᠢᠯᠴᠢᠨ᠎ᠤ ᠴᠠᠯᠢᠩ᠎ᠢ ᠥᠷᠢᠲᠦᠵᠦ ᠤᠳᠠᠭ᠋ᠠᠰᠢᠷᠠᠭᠤᠯᠬᠤ ᠠᠰᠠᠭᠤᠳᠠᠯ᠎ᠨᠢ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠵᠤ᠂ ᠨᠠᠮ᠎ᠤᠨ ᠲᠥᠪ ᠬᠣᠷᠢᠶ᠎ᠠ᠎ᠠᠴᠠ ᠳᠡᠭᠡᠳᠦ ᠬᠡᠮᠵᠢᠶ᠎ᠡ᠎ᠪᠠᠷ ᠠᠩᠬᠠᠷᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠣᠯᠠᠨ ᠤᠳᠠᠭ᠎ᠠ ᠴᠢᠬᠤᠯᠠᠴᠢᠯᠠᠵᠤ ᠰᠢᠢ᠍ᠳᠪᠦᠷᠢᠯᠡᠭᠰᠡᠨ ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ ᠪᠣᠯᠣᠨ᠎ᠠ᠃
ᠲᠤᠰ 《ᠳᠦᠷᠢᠮ》᠎ᠢ ᠲᠣᠭᠲᠠᠭ᠋ᠠᠭᠰᠠᠨ᠎ᠨᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠴᠠᠯᠢᠩ ᠥᠷᠢᠲᠦᠬᠦ ᠵᠢ ᠵᠠᠰᠠᠬᠤ ᠠᠵᠢᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠠᠤᠯᠢ ᠶᠣᠰᠣᠭ᠋ᠠᠷ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ 《ᠳᠦᠷᠢᠮ》 ᠪᠣᠯ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠣᠣᠯᠳᠠᠯᠭ᠎ᠠ᠎ᠲᠠᠢ ᠬᠠᠤᠯᠢ ᠲᠣᠭᠲᠠᠭ᠋ᠠᠬᠤ ᠲᠥᠷᠥᠯ ᠵᠦᠢ᠍ᠯ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠤᠷᠠᠯ᠎ᠠᠴᠠ ᠬᠣᠶᠠᠷ ᠤᠳᠠᠭ᠎ᠠ ᠬᠢᠨᠠᠨ ᠵᠥᠪᠯᠡᠵᠦ᠂ 5 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠳᠣᠯᠣᠳᠤᠭ᠋ᠠᠷ ᠬᠤᠷᠠᠯ᠎ᠠᠴᠠ ᠲᠣᠰ 《ᠳᠦᠷᠢᠮ》᠎ᠢ ᠪᠠᠲᠤᠯᠠᠪᠠ᠃ 《ᠳᠦᠷᠢᠮ》᠎ᠨᠢ ᠪᠦᠭᠦ ᠤᠯᠤᠰ᠎ᠤᠨ ᠠᠩᠬᠠᠳᠠᠭᠴᠢ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠣᠯᠤᠭᠰᠠᠨ᠎ᠤ ᠬᠤᠪᠢ᠎ᠳᠤ᠂ ᠨᠡᠯᠢᠶᠡᠳ ᠴᠢᠩᠭ᠎ᠠ ᠰᠢᠨ᠎ᠡ ᠵᠢ ᠡᠭᠦᠳᠦᠭᠰᠡᠨ ᠪᠦᠲᠦᠭᠡᠯᠴᠢ ᠴᠢᠨᠠᠷ᠂ ᠰᠦᠪᠡᠭᠴᠢᠯᠡᠯᠲᠡ ᠵᠢᠨ ᠴᠢᠨᠠᠷ ᠵᠡᠷᠭᠡ ᠣᠨᠴᠠᠯᠢᠭ᠎ᠲᠠᠢ ᠪᠠᠢ᠌ᠵᠤ᠂ ᠬᠥᠯᠥᠰᠦᠨ ᠠᠵᠢᠯᠴᠢᠨ᠎ᠤ ᠴᠠᠯᠢᠩ᠎ᠢ ᠥᠷᠢᠲᠦᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠲᠡᠢ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃ 《ᠳᠦᠷᠢᠮ》᠎ᠢ ᠶᠡᠷᠦᠩᠬᠡᠢ ᠵᠠᠷᠴᠢᠮ᠂ ᠴᠠᠯᠢᠩ᠎ᠢ ᠥᠭᠬᠦ ᠪᠠ ᠲᠥᠯᠥᠵᠦ ᠳᠠᠭᠤᠰᠬᠠᠬᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠂ ᠬᠢᠨᠠᠯᠲᠠ ᠲᠠᠯᠪᠢᠵᠤ ᠪᠠᠢ᠌ᠴᠠᠭ᠋ᠠᠬᠤ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠳᠠᠭ᠋ᠠᠯᠳᠤᠭᠤᠯᠤᠯ ᠵᠡᠷᠭᠡ 6 ᠪᠦᠯᠦᠭ 54 ᠵᠦᠢ᠍ᠯ ᠬᠤᠪᠢᠶᠠᠵᠤ᠂ 2025 ᠣᠨ᠎ᠤ 7 ᠰᠠᠷ᠎ᠠ ᠵᠢᠨ 1᠎ᠤ ᠡᠳᠦᠷ᠎ᠠᠴᠠ
ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃