ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ 《ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ ᠠᠵᠢᠯ᠎ᠤᠨ ᠲᠡᠰ ᠳᠠᠷᠠᠭ᠋ᠠᠯᠠᠯ᠎ᠤᠨ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2025-06-20

      ᠣᠢ᠌ᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ 《ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ ᠠᠵᠢᠯ᠎ᠤᠨ ᠲᠡᠰ ᠳᠠᠷᠠᠭ᠋ᠠᠯᠠᠯ᠎ᠤᠨ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠠᠷᠢᠨ ᠬᠢᠨᠠᠮᠠᠭ᠋ᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

      《ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ ᠠᠵᠢᠯ᠎ᠤᠨ ᠲᠡᠰ ᠳᠠᠷᠠᠭ᠋ᠠᠯᠠᠯ᠎ᠤᠨ ᠲᠣᠭᠲᠠᠭ᠋ᠠᠯ》᠎ᠤᠨ ᠪᠦᠭᠦ ᠠᠭᠤᠯᠭ᠎ᠠ᠎ᠨᠢ ᠳᠣᠣᠷᠠᠬᠢ ᠮᠡᠲᠦ᠃

      ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ ᠠᠵᠢᠯ᠎ᠤᠨ ᠲᠡᠰ ᠳᠠᠷᠠᠭ᠋ᠠᠯᠠᠯ᠎ᠤᠨ ᠲᠣᠭᠲᠠᠭ᠋ᠠᠯ

      (2018 ᠣᠨ᠎ᠤ 11 ᠰᠠᠷ᠎ᠠ ᠵᠢᠨ 29᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠵᠥᠪᠰᠢᠶᠡᠷᠡᠪᠡ  2018 ᠣᠨ᠎ᠤ 11 ᠰᠠᠷ᠎ᠠ ᠵᠢᠨ 29᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠠᠴᠠ ᠨᠡᠢ᠌ᠲᠡᠯᠡᠪᠡ  2025 ᠣᠨ᠎ᠤ 5 ᠰᠠᠷ᠎ᠠ ᠵᠢᠨ 26᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠵᠠᠰᠠᠪᠤᠷᠢ ᠣᠷᠣᠭᠤᠯᠪᠠ  2025 ᠣᠨ᠎ᠤ 5 ᠰᠠᠷ᠎ᠠ ᠵᠢᠨ 26᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠠᠴᠠ ᠨᠡᠢ᠌ᠲᠡᠯᠡᠪᠡ)

      ᠨᠢᠭᠡᠳᠦᠭᠡᠷ ᠵᠦᠢ᠍ᠯ   ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ ᠵᠢ ᠵᠢᠷᠤᠮᠵᠢᠭᠤᠯᠬᠤ ᠵᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠳᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠵᠢ ᠵᠥᠪᠰᠢᠶᠡᠷᠡᠬᠦ ᠡᠷᠬᠡ ᠵᠢᠨ ᠬᠡᠪᠴᠢᠶ᠎ᠡ ᠪᠠ ᠲᠡᠰ ᠳᠠᠷᠠᠭ᠋ᠠᠯᠠᠯ᠎ᠤᠨ ᠲᠣᠭᠲᠠᠭ᠋ᠠᠯ》᠎ᠢ ᠦᠨᠳᠦᠰᠦᠯᠡᠨ ᠲᠤᠰ ᠲᠣᠭᠲᠠᠭ᠋ᠠᠯ᠎ᠢ ᠲᠣᠭᠲᠠᠭ᠋ᠠᠪᠠ᠃

      ᠬᠣᠶᠠᠳᠤᠭ᠋ᠠᠷ ᠵᠦᠢ᠍ᠯ   ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠠ ᠴᠢᠩᠭ᠎ᠠ ᠪᠠᠢ᠌ᠬᠤ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠨ᠂ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠤᠳᠤᠷᠢᠳᠬᠤ ᠳᠤᠭᠤᠢ᠌ᠯᠠᠩ᠎ᠤᠨ ᠰᠢᠨᠵᠢ ᠴᠢᠨᠠᠷ ᠪᠦᠬᠦᠢ ᠨᠠᠮ᠎ᠤᠨ ᠬᠣᠷᠢᠶ᠎ᠠ ᠵᠢ ᠪᠠᠭᠲᠠᠭ᠋ᠠᠨ᠎ᠠ᠂ ᠳᠣᠷᠣᠭᠰᠢ ᠠᠳᠠᠯᠢ)᠎ᠤᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ ᠲᠣᠮᠢᠯᠠᠨ ᠰᠠᠭᠤᠯᠭ᠋ᠠᠬᠤ ᠪᠠᠢ᠌ᠭᠤᠯᠤᠮᠵᠢ (ᠳᠣᠷᠣᠭᠰᠢ ᠲᠣᠮᠢᠯᠠᠨ ᠰᠠᠭᠤᠯᠭ᠋ᠠᠬᠤ ᠪᠠᠢ᠌ᠭᠤᠯᠤᠮᠵᠢ ᠭᠡᠵᠦ ᠲᠣᠪᠴᠢᠯᠠᠨ᠎ᠠ) ᠵᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠵᠢ ᠴᠢᠩᠭ᠋ᠠᠳᠬᠠᠨ᠂ ᠢᠮᠠᠭᠲᠠ ᠴᠢᠩᠭ᠎ᠠ ᠪᠠᠢ᠌ᠬᠤ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠪᠠᠢ᠌ᠬᠤ ᠠᠭᠤᠷ ᠠᠮᠢᠰᠬᠤᠯ ᠵᠶ᠋ᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠠᠵᠢᠯ᠎ᠢ ᠭᠦᠨᠵᠡᠭᠡᠢ᠌ᠷᠡᠭᠦᠯᠦᠨ ᠠᠬᠢᠭᠤᠯᠤᠨ᠎ᠠ᠃

      ᠭᠤᠷᠪᠠᠳᠤᠭ᠋ᠠᠷ ᠵᠦᠢ᠍ᠯ   ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠬᠠᠮᠢᠶᠠᠷᠴᠤ ᠪᠠᠢ᠌ᠭ᠎ᠠ ᠬᠥᠮᠥᠰ᠎ᠤᠨ ᠳᠣᠲᠣᠷᠠᠬᠢ ᠨᠠᠮ᠎ᠤᠨ ᠭᠡᠰᠢᠭᠦᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ᠎ᠳᠤ᠂ ᠨᠠᠮ᠎ᠤᠨ ᠤᠳᠤᠷᠢᠳᠬᠤ ᠳᠤᠭᠤᠢ᠌ᠯᠠᠩ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠲᠣᠮᠢᠯᠠᠭᠰᠠᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠵᠥᠪᠯᠡᠯ (ᠳᠣᠷᠣᠭᠰᠢ ᠲᠣᠮᠢᠯᠠᠭᠰᠠᠨ ᠪᠠᠢ᠌ᠭᠤᠯᠤᠮᠵᠢ ᠭᠡᠵᠦ ᠳᠥᠭᠥᠮᠴᠢᠯᠡᠨ᠎ᠡ)᠂ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ ᠵᠡᠷᠭᠡ᠎ᠨᠢ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠲᠡᠰ ᠳᠠᠷᠠᠭ᠋ᠠᠯᠠᠯ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠵᠣᠬᠢᠴᠠᠭᠤᠯᠤᠨ ᠨᠡᠪᠲᠡᠷᠡᠯᠴᠡᠬᠦ᠎ᠪᠠᠨ ᠴᠢᠩᠭ᠋ᠠᠳᠬᠠᠵᠤ᠂ ᠡᠮᠬᠢ ᠵᠢᠷᠤᠮ᠎ᠲᠠᠢ ᠪᠥᠭᠡᠳ ᠰᠠᠭ᠋ᠠᠳ ᠦᠭᠡᠢ ᠵᠣᠯᠭ᠋ᠠᠭᠤᠯᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠤᠯᠤᠰ ᠲᠦᠷᠦ ᠵᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠪᠠ ᠨᠡᠢ᠌ᠭᠡᠮ᠎ᠤᠨ ᠦᠷ᠎ᠡ ᠪᠦᠲᠦᠮᠵᠢ ᠵᠢᠨ ᠣᠷᠭ᠋ᠠᠨᠢᠭ ᠨᠢᠭᠡᠳᠦᠯ᠎ᠢ ᠪᠡᠶᠡᠯᠡᠭᠦᠯᠬᠦ ᠬᠡᠷᠡᠭᠲᠡᠢ᠃

      ᠳᠥᠷᠪᠡᠳᠦᠭᠡᠷ ᠵᠦᠢ᠍ᠯ   ᠨᠠᠮ᠎ᠤᠨ ᠤᠳᠤᠷᠢᠳᠬᠤ ᠳᠤᠭᠤᠢ᠌ᠯᠠᠩ ᠲᠤᠰ ᠨᠢᠭᠡᠴᠢ ᠵᠢᠨ ᠵᠶ᠋ᠡᠨ ᠨᠠᠮ᠎ᠤᠨ ᠭᠡᠰᠢᠭᠦᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠨ᠎ᠠ᠃

      ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠠᠷ ᠲᠤᠰᠢᠶᠠᠯ᠎ᠳᠤ ᠲᠣᠮᠢᠯᠠᠨ ᠲᠤᠰᠢᠶᠠᠯ᠎ᠠᠴᠠ᠎ᠨᠢ

ᠪᠠᠭᠤᠯᠭ᠋ᠠᠬᠤ ᠵᠢ ᠶᠠᠷᠢᠯᠴᠠᠨ ᠲᠣᠭᠲᠠᠭ᠋ᠠᠭᠰᠠᠨ ᠦᠭᠡᠢ ᠪᠤᠯᠪᠠᠴᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠠᠮᠢᠶᠠᠷᠤᠯᠲᠠ᠎ᠳᠤ ᠬᠠᠷᠢᠶᠠᠯᠠᠭᠳᠠᠬᠤ ᠬᠥᠮᠥᠰ᠎ᠤᠨ ᠳᠣᠲᠣᠷᠠᠬᠢ ᠨᠠᠮ᠎ᠤᠨ ᠭᠡᠰᠢᠭᠦᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ᠎ᠳᠤ ᠭᠦᠷᠪᠡᠯ᠂ ᠪᠠᠢ᠌ᠭ᠎ᠠ ᠨᠢᠭᠡᠴᠢ ᠵᠢᠨ ᠨᠠᠮ᠎ᠤᠨ ᠦᠨᠳᠦᠰᠦᠨ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ (ᠳᠣᠷᠣᠭᠰᠢ ᠦᠨᠳᠦᠰᠦᠨ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠭᠡᠵᠦ ᠲᠣᠪᠴᠢᠯᠠᠨ᠎ᠠ)᠎ᠠᠴᠠ ᠲᠣᠭᠲᠠᠭ᠋ᠠᠯ ᠶᠣᠰᠣᠭ᠋ᠠᠷ ᠬᠢᠨᠠᠨ ᠪᠠᠢ᠌ᠴᠠᠭ᠋ᠠᠵᠤ ᠵᠥᠪᠰᠢᠶᠡᠷᠡᠬᠦ ᠪᠤᠶᠤ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ (ᠳᠣᠷᠣᠭᠰᠢ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠭᠡᠵᠦ ᠲᠣᠪᠴᠢᠯᠠᠨ᠎ᠠ)᠎ᠳᠤ ᠮᠡᠳᠡᠭᠦᠯᠵᠦ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠴᠦ᠍ ᠪᠤᠯᠤᠨ᠎ᠠ; ᠨᠠᠮ᠎ᠠᠴᠠ ᠬᠥᠭᠡᠭᠡᠬᠦ ᠰᠢᠢ᠍ᠳᠬᠡᠯ ᠥᠭᠬᠦ᠎ᠳᠤ ᠪᠠᠰᠠ ᠬᠠᠷᠠᠭ᠋ᠠᠯᠵᠠᠭᠰᠠᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠮᠡᠳᠡᠭᠦᠯᠵᠦ ᠬᠢᠨᠠᠨ ᠵᠥᠪᠯᠡᠭᠦᠯᠵᠦ ᠵᠥᠪᠰᠢᠶᠡᠷᠡᠭᠦᠯᠬᠦ ᠬᠡᠷᠡᠭᠲᠡᠢ᠃

      ᠲᠠᠪᠤᠳᠤᠭ᠋ᠠᠷ ᠵᠦᠢ᠍ᠯ   ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ ᠲᠣᠭᠲᠠᠭ᠋ᠠᠯ ᠶᠣᠰᠣᠭ᠋ᠠᠷ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠬᠠᠮᠢᠶᠠᠷᠴᠤ ᠪᠠᠢ᠌ᠭ᠎ᠠ ᠬᠥᠮᠥᠰ᠎ᠤᠨ ᠳᠣᠲᠣᠷᠠᠬᠢ ᠨᠠᠮ᠎ᠤᠨ ᠭᠡᠰᠢᠭᠦᠨ᠎ᠢ ᠬᠡᠷᠡᠭ ᠪᠣᠯᠭ᠋ᠠᠨ ᠲᠠᠨᠭ᠌ᠰᠠᠯᠠᠵᠤ ᠬᠢᠨᠠᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠤᠭᠰᠠᠨ᠎ᠤ ᠲᠠᠷᠠᠭ᠎ᠠ᠂ ᠬᠢᠨᠠᠨ ᠪᠠᠢ᠌ᠴᠠᠭ᠋ᠠᠭᠳᠠᠵᠤ ᠪᠠᠢ᠌ᠭ᠎ᠠ ᠬᠥᠮᠥᠨ᠎ᠤ ᠪᠠᠢ᠌ᠭ᠎ᠠ ᠨᠢᠭᠡᠴᠢ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠣᠣᠯ ᠬᠠᠷᠢᠭᠤᠴᠠᠯᠭ᠋ᠠᠲᠠᠨ᠎ᠳᠤ ᠮᠡᠳᠡᠭᠳᠡᠬᠦ ᠬᠡᠷᠡᠭᠲᠡᠢ᠃ ᠨᠠᠮ᠎ᠤᠨ ᠤᠳᠤᠷᠢᠳᠬᠤ ᠳᠤᠭᠤᠢ᠌ᠯᠠᠩ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ ᠵᠢᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠲᠡᠮᠵᠢᠵᠦ᠂ ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠴᠠᠭ᠋ᠠᠵᠠ ᠵᠢ ᠵᠥᠷᠢᠴᠡᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠪᠥᠭᠡᠳ ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠬᠦ ᠬᠡᠷᠡᠭᠲᠡᠢ᠃

      ᠵᠢᠷᠭᠤᠳᠤᠭ᠋ᠠᠷ  ᠵᠦᠢ᠍ᠯ   ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ᠎ᠨᠢ ᠰᠠᠭᠤᠭ᠎ᠠ ᠨᠢᠭᠡᠴᠢ (ᠶᠡᠷᠦᠩᠬᠡᠢ᠌ᠯᠡᠭᠰᠡᠨ ᠬᠢᠨᠠᠯᠲᠠ ᠲᠠᠯᠪᠢᠬᠤ ᠨᠢᠭᠡᠴᠢ ᠪᠠᠭᠲᠠᠨ᠎ᠠ᠂ ᠳᠣᠷᠣᠭᠰᠢ ᠠᠳᠠᠯᠢ) ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠠᠮᠢᠶᠠᠷᠴᠤ ᠪᠠᠢ᠌ᠭ᠎ᠠ ᠤᠳᠤᠷᠢᠳᠬᠤ ᠪᠠᠭ᠎ᠤᠨ ᠪᠦᠷᠢᠯᠳᠦᠭᠦᠨ᠂ ᠭᠣᠣᠯᠳᠠᠯᠭ᠎ᠠ᠎ᠲᠠᠢ ᠬᠢᠨᠠᠯᠲᠠ ᠲᠠᠯᠪᠢᠬᠤ ᠡᠲᠡᠭᠡᠳ᠎ᠲᠤ ᠣᠷᠣᠭᠤᠯᠤᠭᠰᠠᠨ ᠪᠤᠰᠤᠳ ᠨᠠᠮ᠎ᠤᠨ ᠭᠡᠰᠢᠭᠦᠨ᠎ᠤ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠰᠡᠵᠢᠭᠯᠡᠯᠲᠡᠢ ᠠᠰᠠᠭᠤᠳᠠᠯ᠎ᠢ ᠬᠡᠷᠡᠭ ᠪᠣᠯᠭ᠋ᠠᠨ ᠲᠠᠨᠭ᠌ᠰᠠᠯᠠᠵᠤ ᠬᠢᠨᠠᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠵᠤ ᠳᠠᠭᠤᠰᠤᠭ᠋ᠠᠳ᠂ ᠳᠣᠲᠣᠭ᠋ᠠᠳᠤ ᠵᠢᠨ ᠰᠢᠭᠦᠯᠲᠡ᠂ ᠬᠠᠮᠲᠤ᠎ᠪᠠᠷ ᠵᠶ᠋ᠡᠨ ᠰᠤᠳᠤᠯᠬᠤ᠎ᠪᠠᠷ ᠲᠠᠮᠵᠢᠨ᠂ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠰᠠᠨᠠᠭᠤᠯᠭ᠎ᠠ ᠳᠤᠷᠠᠳᠬᠤ ᠵᠢᠨ ᠬᠠᠮᠲᠤ ᠨᠠᠮ᠎ᠤᠨ ᠤᠳᠤᠷᠢᠳᠬᠤ ᠳᠤᠭᠤᠢ᠌ᠯᠠᠩ᠎ᠳᠤ ᠮᠡᠳᠡᠭᠳᠡᠭᠰᠡᠨ᠎ᠤ ᠲᠠᠷᠠᠭ᠎ᠠ᠂ ᠰᠠᠭᠤᠭ᠎ᠠ ᠨᠢᠭᠡᠴᠢ ᠵᠢᠨ ᠨᠠᠮ᠎ᠤᠨ ᠠᠵᠢᠯ᠎ᠤᠨ ᠤᠳᠤᠷᠢᠳᠬᠤ ᠬᠠᠷᠢᠴᠠᠭ᠎ᠠ ᠶᠣᠰᠣᠭ᠋ᠠᠷ ᠬᠠᠷᠠᠭ᠋ᠠᠯᠵᠠᠭᠰᠠᠨ ᠲᠣᠮᠢᠯᠠᠭᠰᠠᠨ ᠪᠠᠢ᠌ᠭᠤᠯᠤᠮᠵᠢ᠎ᠳᠤ ᠰᠢᠯᠵᠢᠭᠦᠯᠦᠨ ᠬᠦᠷᠭᠡᠵᠦ ᠰᠢᠭᠦᠯᠭᠡᠨ᠎ᠡ᠃

      ᠭᠦᠨᠳᠦᠭᠦᠷᠢ ᠠᠰᠠᠭᠤᠳᠠᠯ ᠪᠦᠬᠦᠢ ᠣᠨᠴᠠᠭ᠋ᠠᠢ ᠬᠡᠷᠡᠭ᠎ᠲᠤ ᠬᠣᠯᠪᠣᠭᠳᠠᠪᠠᠯ᠂ ᠲᠣᠮᠢᠯᠠᠨ ᠰᠠᠭᠤᠯᠭ᠋ᠠᠬᠤ ᠪᠠᠢ᠌ᠭᠤᠯᠤᠮᠵᠢ᠎ᠠᠴᠠ ᠲᠣᠮᠢᠯᠠᠭᠰᠠᠨ ᠪᠠᠢ᠌ᠭᠤᠯᠭ᠎ᠠ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠣᠮᠢᠯᠠᠭᠰᠠᠨ ᠪᠠᠢ᠌ᠭᠤᠯᠤᠮᠵᠢ᠎ᠳᠤ ᠰᠢᠯᠵᠢᠭᠦᠯᠦᠨ ᠬᠦᠷᠭᠡᠵᠦ ᠰᠢᠭᠦᠯᠭᠡᠬᠦ ᠦᠭᠡᠢ ᠪᠠᠢ᠌ᠵᠤ ᠪᠣᠯᠣᠨ᠎ᠠ᠃

      ᠬᠦᠨᠳᠦ ᠶᠡᠬᠡ᠂ ᠬᠦᠴᠢᠷ ᠲᠦᠪᠡᠭᠲᠡᠢ᠂ ᠨᠠᠷᠢᠨ ᠪᠤᠳᠤᠯᠢᠶᠠᠨᠲᠠᠢ ᠬᠡᠷᠡᠭ᠎ᠢ ᠲᠣᠮᠢᠯᠠᠭᠰᠠᠨ ᠪᠠᠢ᠌ᠭᠤᠯᠤᠮᠵᠢ᠎ᠲᠠᠢ ᠵᠥᠪᠳᠡᠯᠴᠡᠵᠦ ᠤᠷᠢᠳᠴᠢᠯᠠᠨ ᠰᠢᠭᠦᠬᠦ ᠵᠢ ᠡᠬᠢᠯᠡᠭᠦᠯᠵᠦ ᠪᠣᠯᠣᠨ᠎ᠠ᠃

      ᠳᠣᠯᠣᠳᠤᠭ᠋ᠠᠷ ᠵᠦᠢ᠍ᠯ   ᠲᠣᠮᠢᠯᠠᠭᠰᠠᠨ ᠪᠠᠢ᠌ᠭᠤᠯᠤᠮᠵᠢ ᠬᠡᠷᠡᠭ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠵᠤ ᠴᠢᠩᠭ᠎ᠠ ᠡᠵᠡᠮᠳᠡᠵᠦ᠂ ᠬᠢᠨᠠᠯᠲᠠ ᠲᠠᠯᠪᠢᠵᠤ ᠪᠤᠷᠤᠭᠤ ᠵᠢ ᠵᠠᠯᠠᠷᠠᠭᠤᠯᠤᠨ᠂ ᠰᠠᠬᠢᠯᠭ᠎ᠠ ᠪᠠᠲᠤ ᠵᠢ ᠵᠥᠷᠢᠴᠡᠭᠰᠡᠨ ᠪᠠᠢ᠌ᠳᠠᠯ ᠪᠠ ᠰᠢᠢ᠍ᠳᠬᠡᠯ ᠥᠭᠬᠦ ᠬᠡᠮᠵᠢᠶ᠎ᠡ ᠲᠡᠩᠴᠡᠭᠦᠷᠢᠲᠡᠢ ᠪᠠᠢ᠌ᠬᠤ ᠵᠢ ᠡᠵᠡᠮᠳᠡᠵᠦ᠂ ᠰᠢᠭᠦᠯᠲᠡ ᠵᠢᠨ ᠦᠷ᠎ᠡ ᠳ᠋ᠦᠩ᠎ᠤᠨ ᠮᠡᠳᠡᠭᠦᠯᠦᠯᠲᠡ ᠵᠢ ᠪᠦᠷᠢᠯᠳᠦᠭᠦᠯᠬᠦ ᠵᠢᠨ ᠬᠠᠮᠲᠤ ᠵᠢᠩᠬᠢᠨᠢ᠎ᠪᠠᠷ ᠬᠠᠷᠢᠭᠤ ᠲᠤᠰᠬᠠᠬᠤ ᠬᠡᠷᠡᠭᠲᠡᠢ᠃

      ᠲᠣᠮᠢᠯᠠᠭᠰᠠᠨ ᠪᠠᠢ᠌ᠭᠤᠯᠤᠮᠵᠢ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠣᠨᠴᠠᠯᠢᠭ ᠵᠢᠮ᠎ᠡ ᠶᠣᠰᠣ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠵᠤ᠂ ᠲᠣᠮᠢᠯᠠᠭᠰᠠᠨ ᠪᠠᠢ᠌ᠭᠤᠯᠭ᠎ᠠ᠎ᠳᠤ ᠬᠡᠷᠡᠭ᠎ᠢ ᠰᠢᠭᠦᠭᠰᠡᠨ ᠠᠵᠢᠯ᠎ᠤᠨ ᠪᠠᠢ᠌ᠳᠠᠯ ᠵᠶ᠋ᠠᠨ ᠮᠡᠳᠡᠭᠦᠯᠵᠦ᠂ ᠴᠢᠬᠤᠯᠠ ᠪᠠᠢ᠌ᠳᠠᠯ᠎ᠢ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃

      ᠨᠠᠢ᠍ᠮᠠᠳᠤᠭ᠋ᠠᠷ ᠵᠦᠢ᠍ᠯ  ᠲᠣᠮᠢᠯᠠᠭᠰᠠᠨ ᠪᠠᠢ᠌ᠭᠤᠯᠤᠮᠵᠢ ᠰᠢᠭᠦᠭᠰᠡᠨ᠎ᠤ ᠲᠠᠷᠠᠭ᠎ᠠ᠂ ᠲᠣᠮᠢᠯᠠᠨ ᠰᠠᠭᠤᠯᠭ᠋ᠠᠭᠰᠠᠨ

ᠪᠠᠢ᠌ᠭᠤᠯᠤᠮᠵᠢ᠎ᠨᠢ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠰᠠᠨᠠᠭᠤᠯᠭ᠎ᠠ ᠵᠢ ᠰᠠᠭᠤᠭ᠎ᠠ ᠨᠢᠭᠡᠴᠢ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠮᠡᠳᠡᠭᠳᠡᠵᠦ᠂ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠶᠠᠷᠢᠯᠴᠠᠨ ᠲᠣᠭᠲᠠᠭ᠋ᠠᠨ᠎ᠠ᠃ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠰᠠᠨᠠᠭᠤᠯᠭ᠎ᠠ᠎ᠨᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠰᠠᠨᠠᠯ᠎ᠲᠠᠢ ᠠᠳᠠᠯᠢ ᠦᠭᠡᠢ ᠮᠥᠷᠲᠡᠭᠡᠨ ᠵᠥᠪᠳᠡᠯᠴᠡᠨ ᠰᠠᠨᠠᠯ ᠨᠢᠭᠡᠳᠴᠦ ᠳᠡᠢ᠌ᠯᠭᠦ ᠦᠭᠡᠢ ᠪᠠᠢ᠌ᠪᠠᠯ᠂ ᠲᠣᠮᠢᠯᠠᠨ ᠰᠠᠭᠤᠯᠭ᠋ᠠᠬᠤ ᠪᠠᠢ᠌ᠭᠤᠯᠤᠮᠵᠢ᠎ᠠᠴᠠ ᠲᠣᠮᠢᠯᠠᠭᠰᠠᠨ ᠪᠠᠢ᠌ᠭᠤᠯᠭ᠎ᠠ᠎ᠳᠤ ᠮᠡᠳᠡᠭᠦᠯᠵᠦ ᠰᠤᠳᠤᠯᠤᠨ ᠲᠣᠭᠲᠠᠭ᠋ᠠᠯᠭ᠋ᠠᠨ᠎ᠠ᠃

      ᠰᠠᠭᠤᠭ᠎ᠠ ᠨᠢᠭᠡᠴᠢ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠠᠮᠢᠶᠠᠷᠴᠤ ᠪᠠᠢ᠌ᠭ᠎ᠠ ᠤᠳᠤᠷᠢᠳᠬᠤ ᠪᠠᠭ᠎ᠤᠨ ᠪᠦᠷᠢᠯᠳᠦᠭᠦᠨ᠎ᠤ ᠳᠣᠲᠣᠷᠠᠬᠢ ᠵᠢᠩᠬᠢᠨᠢ ᠲᠤᠰᠢᠶᠠᠯ᠎ᠤᠨ ᠤᠳᠤᠷᠢᠳᠬᠤ ᠺᠠᠳ᠋ᠷ᠎ᠤᠨ ᠬᠡᠷᠡᠭ᠎ᠢ᠂ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ᠎ᠨᠢ ᠲᠣᠮᠢᠯᠠᠭᠰᠠᠨ ᠪᠠᠢ᠌ᠭᠤᠯᠤᠮᠵᠢ᠎ᠠᠴᠠ ᠰᠢᠭᠦᠨ ᠰᠢᠢ᠍ᠳᠪᠦᠷᠢᠯᠡᠬᠦ ᠰᠠᠨᠠᠯ᠎ᠢ ᠬᠠᠷᠢᠭᠤ ᠲᠤᠰᠬᠠᠭᠰᠠᠨ᠎ᠤ ᠳᠠᠷᠠᠭ᠎ᠠ᠂ ᠲᠣᠮᠢᠯᠠᠭᠰᠠᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠨᠡᠪᠲᠡᠷᠡᠯᠴᠡᠵᠦ ᠰᠠᠨᠠᠯ ᠨᠢᠭᠡᠳᠬᠦ ᠪᠥᠭᠡᠳ ᠰᠠᠭᠤᠭ᠎ᠠ ᠨᠢᠭᠡᠴᠢ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠮᠡᠳᠡᠭᠳᠡᠬᠦ ᠬᠡᠷᠡᠭᠲᠡᠢ᠃

      ᠶᠢᠰᠦᠳᠦᠭᠡᠷ ᠵᠦᠢ᠍ᠯ   ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠬᠠᠮᠲᠤ᠎ᠪᠠᠷ ᠶᠠᠷᠢᠯᠴᠠᠨ ᠲᠣᠭᠲᠠᠭ᠋ᠠᠨ᠎ᠠ᠂ ᠶᠠᠮᠠᠷᠪᠠ ᠬᠤᠪᠢ ᠬᠥᠮᠥᠨ ᠪᠤᠶᠤ ᠴᠥᠭᠡᠨ ᠲᠣᠭ᠋ᠠᠨ᠎ᠤ ᠬᠥᠮᠥᠨ ᠳᠤᠷ᠎ᠠ᠎ᠪᠠᠷ ᠵᠶ᠋ᠠᠨ ᠲᠣᠭᠲᠠᠭ᠋ᠠᠬᠤ ᠪᠠ ᠵᠥᠪᠰᠢᠶᠡᠷᠡᠬᠦ ᠵᠢ ᠵᠥᠪᠰᠢᠶᠡᠷᠡᠬᠦ ᠦᠭᠡᠢ᠃

      ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠣᠭᠲᠠᠭ᠋ᠠᠯ᠎ᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠨᠡᠷ᠎ᠡ᠎ᠪᠠᠷ ᠭᠠᠷᠭ᠋ᠠᠬᠤ ᠪᠥᠭᠡᠳ ᠨᠠᠮ᠎ᠤᠨ ᠤᠳᠤᠷᠢᠳᠬᠤ ᠳᠤᠭᠤᠢ᠌ᠯᠠᠩ ᠶᠠᠷᠢᠯᠴᠠᠵᠤ ᠲᠣᠭᠲᠠᠭ᠋ᠠᠭᠰᠠᠨ ᠡᠳᠦᠷ᠎ᠠᠴᠠ ᠡᠬᠢᠯᠡᠵᠦ ᠬᠦᠴᠦᠨ᠎ᠲᠠᠢ ᠪᠣᠯᠣᠨ᠎ᠠ᠃

      ᠠᠷᠪᠠᠳᠤᠭ᠋ᠠᠷ ᠵᠦᠢ᠍ᠯ  ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠣᠭᠲᠠᠭ᠋ᠠᠯ᠎ᠢ ᠭᠠᠷᠭ᠋ᠠᠭᠰᠠᠨ᠎ᠤ ᠲᠠᠷᠠᠭ᠎ᠠ᠂ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ᠎ᠳᠤ ᠵᠢᠩᠬᠢᠨᠢ᠎ᠪᠠᠷ ᠮᠡᠳᠡᠭᠳᠡᠬᠦ ᠪᠥᠭᠡᠳ 1 ᠰᠠᠷ᠎ᠠ ᠵᠢᠨ ᠳᠣᠲᠣᠷ᠎ᠠ ᠨᠡᠢ᠌ᠲᠡᠯᠡᠬᠦ ᠬᠡᠷᠡᠭᠲᠡᠢ᠃

      ᠠᠷᠪᠠᠨ ᠨᠢᠭᠡᠳᠦᠭᠡᠷ ᠵᠦᠢ᠍ᠯ   ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠶᠠᠷᠢᠯᠴᠠᠨ ᠲᠣᠭᠲᠠᠭ᠋ᠠᠭᠰᠠᠨ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠣᠭᠲᠠᠭ᠋ᠠᠯ ᠬᠦᠴᠦᠨ᠎ᠲᠠᠢ ᠪᠣᠯᠤᠭᠰᠠᠨ ᠡᠳᠦᠷ᠎ᠠᠴᠠ ᠡᠬᠢᠯᠡᠨ 90 ᠡᠳᠦᠷ᠎ᠤᠨ ᠳᠣᠲᠣᠷ᠎ᠠ᠂ ᠦᠨᠳᠦᠰᠦᠨ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠣᠭᠲᠠᠭ᠋ᠠᠯ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠷᠠᠭ᠋ᠠᠯᠵᠠᠭᠰᠠᠨ ᠲᠣᠮᠢᠯᠠᠭᠰᠠᠨ ᠪᠠᠢ᠌ᠭᠤᠯᠤᠮᠵᠢ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠲᠣᠮᠢᠯᠠᠭᠰᠠᠨ ᠪᠠᠢ᠌ᠭᠤᠯᠤᠮᠵᠢ ᠳᠠᠩᠰᠠᠯᠠᠭᠤᠯᠤᠭᠰᠠᠨ ᠮᠠᠲ᠋ᠧᠷᠢᠶᠠᠯ᠎ᠢ ᠬᠢᠨᠠᠮᠠᠭ᠋ᠠᠢ ᠬᠢᠨᠠᠨ ᠬᠠᠷᠭᠤᠭᠤᠯᠵᠤ᠂ ᠠᠰᠠᠭᠤᠳᠠᠯ ᠪᠠᠢ᠌ᠬᠤ ᠵᠢ ᠢᠯᠡᠷᠡᠭᠦᠯᠪᠡᠯ ᠴᠠᠭ ᠲᠤᠬᠠᠢ᠎ᠳᠤᠨᠢ ᠬᠠᠷᠢᠭᠤ ᠲᠤᠰᠬᠠᠬᠤ ᠵᠢᠨ ᠬᠠᠮᠲᠤ ᠱᠠᠯᠠᠪᠳᠠᠭᠤᠯᠤᠨ ᠰᠢᠢ᠍ᠳᠪᠦᠷᠢᠯᠡᠭᠦᠯᠬᠦ ᠬᠡᠷᠡᠭᠲᠡᠢ᠃

      ᠲᠣᠮᠢᠯᠠᠭᠰᠠᠨ ᠪᠠᠢ᠌ᠭᠤᠯᠤᠮᠵᠢ᠎ᠨᠢ ᠲᠣᠮᠢᠯᠠᠭᠰᠠᠨ ᠪᠠᠢ᠌ᠭᠤᠯᠭ᠎ᠠ᠎ᠳᠤ ᠳᠠᠩᠰᠠᠯᠠᠭᠤᠯᠤᠨ ᠬᠢᠨᠠᠯᠲᠠ ᠲᠠᠯᠪᠢᠭᠰᠠᠨ ᠪᠠᠢ᠌ᠳᠠᠯ᠎ᠤᠨ ᠲᠤᠰᠬᠠᠢ ᠮᠡᠳᠡᠭᠦᠯᠦᠯᠲᠡ ᠵᠢ ᠣᠨ ᠵᠶ᠋ᠠᠷ ᠮᠡᠳᠡᠭᠦᠯᠦᠨ ᠬᠦᠷᠭᠡᠬᠦ ᠬᠡᠷᠡᠭᠲᠡᠢ᠂ ᠴᠢᠬᠤᠯᠠᠲᠠᠢ ᠦᠶ᠎ᠡ᠎ᠳᠤ ᠴᠠᠭ

ᠲᠤᠬᠠᠢ᠎ᠳᠤᠨᠢ ᠮᠡᠳᠡᠭᠦᠯᠵᠦ ᠪᠣᠯᠣᠨ᠎ᠠ᠃

      ᠨᠠᠮ᠎ᠤᠨ ᠲᠥᠪ ᠬᠣᠷᠢᠶ᠎ᠠ ᠪᠤᠶᠤ ᠲᠤᠰ ᠱᠠᠲᠤᠨ᠎ᠤ ᠣᠷᠣᠨ ᠨᠤᠲᠤᠭ᠎ᠤᠨ ᠨᠠᠮ᠎ᠤᠨ ᠬᠣᠷᠢᠶ᠎ᠠ᠎ᠳᠤ ᠳᠠᠩᠰᠠᠯᠠᠭᠤᠯᠤᠭᠰᠠᠨ ᠨᠠᠮ᠎ᠤᠨ ᠭᠡᠰᠢᠭᠦᠨ ᠺᠠᠳ᠋ᠷ᠎ᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠭᠦᠭᠰᠡᠨ ᠪᠠᠢ᠌ᠪᠠᠯ᠂ ᠨᠠᠮ᠎ᠤᠨ ᠤᠳᠤᠷᠢᠳᠬᠤ ᠳᠤᠭᠤᠢ᠌ᠯᠠᠩ ᠲᠣᠭᠲᠠᠭ᠋ᠠᠯ ᠶᠣᠰᠣᠭ᠋ᠠᠷ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠭᠦᠭᠰᠡᠨ ᠲᠣᠭᠲᠠᠭ᠋ᠠᠯ᠎ᠢ ᠲᠥᠪ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ ᠪᠤᠶᠤ ᠲᠤᠰ ᠱᠠᠲᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠢ᠃

      ᠠᠷᠪᠠᠨ ᠬᠣᠶᠠᠳᠤᠭ᠋ᠠᠷ ᠵᠦᠢ᠍ᠯ   ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠴᠠᠭ᠎ᠠ᠎ᠨᠢ ᠣᠷᠣᠨ ᠨᠤᠲᠤᠭ᠎ᠲᠤ ᠪᠠᠢ᠌ᠨ᠎ᠠ᠂ ᠺᠠᠳ᠋ᠷ᠎ᠤᠨ ᠬᠠᠮᠢᠶᠠᠷᠤᠯᠲᠠ ᠵᠢᠨ ᠡᠷᠬᠡ ᠵᠢᠨ ᠬᠡᠪᠴᠢᠶ᠎ᠡ᠎ᠨᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠪᠠᠢ᠌ᠭ᠎ᠠ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠬᠡᠷᠡᠭ᠎ᠢ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ᠎ᠠᠴᠠ ᠬᠡᠷᠡᠭ ᠪᠣᠯᠭ᠋ᠠᠨ ᠳᠠᠩᠰᠠᠯᠠᠵᠤ ᠬᠢᠨᠠᠨ ᠪᠠᠢ᠌ᠴᠠᠭ᠋ᠠᠭᠰᠠᠨ ᠪᠠᠢ᠌ᠪᠠᠯ᠂ ᠭᠣᠣᠯᠯᠠᠨ  ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ ᠪᠥᠭᠡᠳ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠡᠨ ᠣᠷᠣᠨ ᠨᠤᠲᠤᠭ᠎ᠤᠨ ᠨᠠᠮ᠎ᠤᠨ ᠵᠣᠬᠢᠶᠠᠨ ᠪᠠᠢ᠌ᠭᠤᠯᠤᠯᠲᠠ᠎ᠳᠤ ᠵᠠᠷᠯᠠᠨ ᠮᠡᠳᠡᠭᠳᠡᠨ᠎ᠡ; ᠣᠷᠣᠨ ᠨᠤᠲᠤᠭ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠡᠷᠡᠭ ᠪᠣᠯᠭ᠋ᠠᠨ ᠲᠠᠨᠭ᠌ᠰᠠᠯᠠᠵᠤ ᠬᠢᠨᠠᠨ ᠪᠠᠢ᠌ᠴᠠᠭ᠋ᠠᠭᠰᠠᠨ ᠪᠠᠢ᠌ᠪᠠᠯ᠂ ᠣᠷᠣᠨ ᠨᠤᠲᠤᠭ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠲᠡᠰ ᠳᠠᠷᠠᠭ᠋ᠠᠯᠠᠯ ᠶᠣᠰᠣᠭ᠋ᠠᠷ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠣᠭᠲᠠᠭ᠋ᠠᠯ ᠭᠠᠷᠭ᠋ᠠᠬᠤ ᠪᠥᠭᠡᠳ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠡᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠮᠡᠳᠡᠭᠳᠡᠨ᠎ᠡ᠃

      ᠡᠮᠦᠨᠡᠬᠢ ᠳᠤᠷᠠᠳᠤᠭᠰᠠᠨ ᠵᠦᠢ᠍ᠯ ᠵᠤᠷᠪᠤᠰ᠎ᠲᠤ ᠬᠣᠯᠪᠣᠭᠳᠠᠭᠰᠠᠨ ᠨᠠᠮ᠎ᠤᠨ ᠭᠡᠰᠢᠭᠦᠨ ᠺᠠᠳ᠋ᠷᠴᠤᠳ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠣᠷᠣᠯᠠᠭᠴᠢ ᠭᠡᠰᠢᠭᠦᠨ ᠪᠤᠶᠤ ᠣᠷᠣᠨ ᠨᠤᠲᠤᠭ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠡᠰᠢᠭᠦᠨ᠎ᠤ ᠲᠤᠰᠢᠶᠠᠯ᠎ᠢ ᠵᠡᠷᠭᠡ᠎ᠪᠠᠷ ᠡᠭᠦᠷᠭᠡᠯᠡᠭᠰᠡᠨ ᠪᠠᠢ᠌ᠪᠠᠯ᠂ ᠣᠷᠣᠨ ᠨᠤᠲᠤᠭ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠬᠡᠯ ᠥᠭᠬᠦ ᠵᠢ ᠬᠢᠨᠠᠨ ᠵᠥᠪᠰᠢᠶᠡᠷᠡᠬᠦ ᠲᠡᠰ ᠳᠠᠷᠠᠭ᠋ᠠᠯᠠᠯ᠎ᠢ ᠭᠦᠢ᠍ᠴᠡᠳᠬᠡᠬᠦ ᠪᠥᠭᠡᠳ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠣᠭᠲᠠᠭ᠋ᠠᠯ᠎ᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠬᠠᠭᠤᠯᠤᠨ ᠬᠦᠷᠭᠡᠨ᠎ᠡ᠃ ᠡᠭᠦᠨ᠎ᠳᠤ᠂ ᠣᠷᠣᠨ ᠨᠤᠲᠤᠭ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠡᠷᠡᠭ ᠪᠣᠯᠭ᠋ᠠᠨ ᠲᠠᠨᠭ᠌ᠰᠠᠯᠠᠵᠤ ᠬᠢᠨᠠᠨ ᠪᠠᠢ᠌ᠴᠠᠭ᠋ᠠᠭᠰᠠᠨ ᠪᠠᠢ᠌ᠪᠠᠯ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠡᠷᠬᠡ ᠵᠢᠨ ᠬᠡᠪᠴᠢᠶ᠎ᠡ᠎ᠲᠠᠢ ᠬᠠᠷᠠᠭ᠋ᠠᠯᠵᠠᠭᠰᠠᠨ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ ᠪᠤᠶᠤ ᠭᠣᠣᠯᠯᠠᠨ ᠬᠠᠮᠢᠶᠠᠷᠬᠤ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ᠎ᠠᠴᠠ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠰᠠᠨᠠᠯ᠎ᠢ ᠬᠤᠷᠢᠶᠠᠭᠰᠠᠨ᠎ᠤ ᠲᠠᠷᠠᠭ᠎ᠠ ᠰᠢᠢ᠍ᠳᠬᠡᠯ᠎ᠢ ᠬᠢᠨᠠᠨ ᠵᠥᠪᠰᠢᠶᠡᠷᠡᠬᠦ ᠲᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠢ᠃

      ᠠᠷᠪᠠᠨ ᠭᠤᠷᠪᠠᠳᠤᠭ᠋ᠠᠷ ᠵᠦᠢ᠍ᠯ   ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠵᠤ ᠲᠣᠭᠲᠠᠭ᠋ᠠᠬᠤ ᠵᠡᠷᠭᠡ ᠠᠵᠢᠯ᠎ᠲᠠᠢ ᠤᠶᠠᠯᠳᠤᠭᠤᠯᠤᠨ᠂ ᠪᠠᠢ᠌ᠭᠤᠯᠤᠯ ᠲᠣᠭᠲᠠᠴᠠ ᠵᠢᠨ ᠠᠰᠠᠭᠤᠳᠠᠯ᠂ ᠳᠦᠷᠢᠮ᠎ᠤᠨ ᠳᠤᠲᠠᠭᠤᠳᠠᠯ ᠪᠠ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ᠎ᠢ ᠪᠠᠢ᠌ᠴᠠᠭ᠋ᠠᠨ ᠡᠷᠢᠵᠦ ᠭᠠᠷᠭ᠋ᠠᠨ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨᠵᠡᠭᠡᠢ ᠵᠠᠳᠠᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠴᠢᠩᠭ᠋ᠠᠳᠬᠠᠨ᠂ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠭᠦᠯᠵᠦ᠂ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠡᠷᠬᠡ ᠵᠢ ᠬᠡᠷᠡᠭᠵᠢᠭᠦᠯᠬᠦ ᠵᠢ ᠵᠢᠷᠤᠮᠵᠢᠭᠤᠯᠵᠤ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠬᠥᠮᠦᠵᠢᠯ᠂ ᠰᠡᠷᠡᠮᠵᠢᠯᠡᠭᠦᠯᠭᠦ ᠬᠥᠮᠦᠵᠢᠯ᠎ᠢ ᠴᠢᠩᠭ᠋ᠠᠳᠬᠠᠨ᠂ ᠬᠡᠷᠡᠭ ᠵᠶ᠋ᠡᠷ ᠲᠣᠯᠢ ᠪᠤᠯᠭ᠋ᠠᠬᠤ᠂ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ᠂ ᠬᠡᠷᠡᠭ ᠵᠶ᠋ᠡᠷ ᠵᠠᠰᠠᠯᠲᠠ ᠵᠢ ᠠᠬᠢᠭᠤᠯᠬᠤ ᠵᠢ ᠭᠦᠨᠵᠡᠭᠡᠢ᠌ᠷᠡᠭᠦᠯᠬᠦ ᠬᠡᠷᠡᠭᠲᠡᠢ᠃

      ᠠᠷᠪᠠᠨ ᠳᠥᠷᠪᠡᠳᠦᠭᠡᠷ ᠵᠦᠢ᠍ᠯ   ᠲᠣᠮᠢᠯᠠᠭᠰᠠᠨ ᠪᠠᠢ᠌ᠭᠤᠯᠤᠮᠵᠢ᠎ᠨᠢ ᠲᠣᠮᠢᠯᠠᠭᠰᠠᠨ ᠪᠠᠢ᠌ᠭᠤᠯᠭ᠎ᠠ ᠵᠢᠨ ᠵᠶ᠋ᠠᠨ ᠤᠳᠤᠷᠢᠳᠤᠯᠭ᠎ᠠ ᠳᠣᠣᠷ᠎ᠠ᠂ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ ᠵᠢᠴᠢ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠂ ᠦᠨᠳᠦᠰᠦᠨ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠬᠡᠷᠡᠭ᠎ᠢ ᠬᠢᠨᠠᠨ ᠪᠠᠢ᠌ᠴᠠᠭ᠋ᠠᠵᠤ ᠰᠢᠢ᠍ᠳᠪᠦᠷᠢᠯᠡᠬᠦ ᠶᠠᠰᠤ ᠴᠢᠨᠠᠷ᠎ᠢ ᠦᠨᠡᠯᠡᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢᠨ ᠬᠠᠮᠲᠤ ᠦᠨᠡᠯᠡᠨ ᠪᠠᠢ᠌ᠴᠠᠭ᠋ᠠᠭᠰᠠᠨ ᠦᠷ᠎ᠡ ᠳ᠋ᠦᠩ᠎ᠢ ᠬᠠᠷᠢᠭᠤ ᠲᠤᠰᠬᠠᠵᠤ᠂ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠬᠢᠬᠦ ᠵᠢ ᠱᠠᠯᠠᠪᠳᠠᠭᠤᠯᠬᠤ ᠬᠡᠷᠡᠭᠲᠡᠢ᠃

      ᠠᠷᠪᠠᠨ ᠲᠠᠪᠤᠳᠤᠭ᠋ᠠᠷ ᠵᠦᠢ᠍ᠯ   ᠨᠠᠮ᠎ᠤᠨ ᠠᠵᠢᠯ᠎ᠤᠨ ᠪᠠᠢ᠌ᠭᠤᠯᠭ᠎ᠠ᠂ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠢ᠌ᠭᠤᠯᠤᠮᠵᠢ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ᠎ᠳᠤ ᠲᠤᠰ ᠲᠣᠭᠲᠠᠭ᠋ᠠᠯ ᠵᠶ᠋ᠠᠷ ᠯᠠᠪᠯᠠᠯᠲᠠ ᠪᠤᠯᠭ᠋ᠠᠵᠤ ᠬᠡᠷᠡᠭᠵᠢᠭᠦᠯᠦᠨ᠎ᠡ᠃

      ᠠᠷᠪᠠᠨ ᠵᠢᠷᠭᠤᠳᠤᠭ᠋ᠠᠷ ᠵᠦᠢ᠍ᠯ   ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠨᠢ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠢ ᠬᠠᠪᠰᠤᠷᠴᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠲᠥᠪ᠎ᠠᠴᠠ ᠬᠠᠮᠢᠶᠠᠷᠴᠤ ᠪᠠᠢ᠌ᠭ᠎ᠠ ᠠᠵᠤ ᠠᠬᠤᠢ᠌ᠯᠠᠯ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠠᠵᠢᠯ᠎ᠢ ᠵᠢᠯᠤᠭᠣᠳᠬᠤ᠎ᠪᠠᠨ ᠴᠢᠩᠭ᠋ᠠᠳᠬᠠᠵᠤ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠲᠥᠪ᠎ᠠᠴᠠ ᠬᠠᠮᠢᠶᠠᠷᠴᠤ ᠪᠠᠢ᠌ᠭ᠎ᠠ ᠠᠵᠤ ᠠᠬᠤᠢ᠌ᠯᠠᠯ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠲᠠᠢ ᠬᠠᠮᠵᠢᠯᠴᠠᠨ ᠬᠣᠯᠪᠣᠭᠳᠠᠯ ᠪᠦᠬᠦᠢ ᠬᠡᠷᠡᠭ᠎ᠢ ᠰᠢᠭᠦᠨ ᠰᠢᠢ᠍ᠳᠪᠦᠷᠢᠯᠡᠬᠦ ᠠᠵᠢᠯ᠎ᠢ

ᠥᠷᠨᠢᠭᠦᠯᠬᠦ᠎ᠳᠤ᠂ ᠲᠤᠰ ᠲᠣᠭᠲᠠᠭ᠋ᠠᠯ ᠵᠶ᠋ᠠᠷ ᠯᠠᠪᠯᠠᠯᠲᠠ ᠪᠤᠯᠭ᠋ᠠᠵᠤ ᠬᠡᠷᠡᠭᠵᠢᠭᠦᠯᠦᠨ᠎ᠡ᠃

      ᠣᠷᠣᠨ ᠨᠤᠲᠤᠭ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠠᠴᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠵᠥᠪᠯᠡᠯ ᠲᠣᠮᠢᠯᠠᠭᠰᠠᠨ ᠦᠭᠡᠢ ᠪᠣᠯ᠂ ᠬᠣᠯᠪᠣᠭᠳᠠᠯ ᠪᠦᠬᠦᠢ ᠬᠡᠷᠡᠭ᠎ᠢ ᠰᠢᠭᠤᠳ ᠵᠣᠬᠢᠶᠠᠨ ᠪᠠᠢ᠌ᠭᠤᠯᠵᠤ ᠰᠢᠭᠦᠨ ᠰᠢᠢ᠍ᠳᠪᠦᠷᠢᠯᠡᠵᠦ ᠪᠣᠯᠣᠨ᠎ᠠ᠂ ᠡᠰᠡᠬᠦᠯ᠎ᠡ ᠪᠣᠳᠠᠲᠠᠢ ᠪᠠᠢ᠌ᠳᠠᠯ᠎ᠲᠠᠢ᠎ᠪᠠᠨ ᠤᠶᠠᠯᠳᠤᠭᠤᠯᠤᠨ ᠪᠤᠰᠤᠳ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠳᠤ ᠡᠷᠬᠡ ᠣᠯᠭᠣᠵᠤ ᠬᠣᠯᠪᠣᠭᠳᠠᠯ ᠪᠦᠬᠦᠢ ᠬᠡᠷᠡᠭ᠎ᠢ ᠰᠢᠭᠦᠨ ᠰᠢᠢ᠍ᠳᠪᠦᠷᠢᠯᠡᠭᠦᠯᠵᠦ ᠪᠣᠯᠣᠨ᠎ᠠ᠃

      ᠠᠷᠪᠠᠨ ᠳᠣᠯᠣᠳᠤᠭ᠋ᠠᠷ ᠵᠦᠢ᠍ᠯ   ᠲᠤᠰ ᠲᠣᠭᠲᠠᠭ᠋ᠠᠯ᠎ᠢ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠠᠷᠢᠭᠤᠴᠠᠨ ᠲᠠᠢ᠌ᠯᠪᠤᠷᠢᠯᠠᠨ᠎ᠠ᠃

      ᠠᠷᠪᠠᠨ ᠨᠠᠢ᠍ᠮᠠᠳᠤᠭ᠋ᠠᠷ ᠵᠦᠢ᠍ᠯ   ᠲᠤᠰ ᠲᠣᠭᠲᠠᠭ᠋ᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 5᠎ᠤ ᠴᠠᠭᠢᠯᠭ᠋ᠠᠨ ᠮᠡᠳᠡᠭᠡ)

ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            