ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -     
ᠪᠤᠭᠤᠲᠤ ᠬᠣᠲᠠ ᠵᠢᠨ ᠵᠢᠦ ᠶᠤᠸᠠᠨ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠲᠤᠬᠠᠢ ᠵᠢᠨ ᠭᠠᠵᠠᠷ᠎ᠲᠤᠨᠢ ᠬᠠᠢ᠌ᠨ ᠰᠢᠨᠵᠢᠪᠡ
ᠨᠡᠶ᠋ᠢᠲᠡᠯᠡᠭᠰᠡᠨ ᠴᠠᠭ᠄ 2025-06-23

      6 ᠰᠠᠷ᠎ᠠ ᠵᠢᠨ 19᠎ᠤ ᠡᠳᠦᠷ᠂  ᠵᠢᠦ ᠶᠤᠸᠠᠨ  ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠢᠨ ᠳᠡᠳ᠋ ᠳᠠᠷᠤᠭ᠎ᠠ ᠴᠠᠩ ᠰᠢᠨ ᠵᠢᠴᠢ ᠲᠠᠷᠢᠶᠠᠯᠠᠩ᠎ᠤᠨ ᠰᠲ᠋ᠣᠺ᠎ᠤᠨ ᠬᠠᠮᠢᠶ᠎ᠠ ᠪᠦᠬᠦᠢ ᠠᠵᠢᠯᠲᠠᠳ ᠬᠠ ᠶᠧ ᠭᠤᠳᠤᠮᠵᠢ ᠵᠢᠨ ᠶᠦᠩ  ᠹᠸᠩ  ᠲᠣᠰᠬᠣᠨ᠂ ᠴᠢᠶᠠᠨ ᠵᠢᠨ ᠲᠣᠰᠬᠣᠨ᠂ ᠬᠠᠷᠢᠨᠭᠡᠷ ᠪᠠᠯᠭ᠋ᠠᠰᠤ ᠵᠢᠨ  ᠳ᠋ᠤᠸᠠᠨ  ᠰᠧ ᠭᠧ ᠳ᠋ᠦ᠋ ᠲᠣᠰᠬᠣᠨ᠎ᠳᠤ ᠭᠦᠨᠵᠡᠭᠡᠢ᠌ᠷᠡᠵᠦ᠂ ᠡᠷᠳᠡᠨᠢ ᠰᠢᠰᠢ ᠵᠢᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠤᠨ ᠲᠦᠷᠦᠯ ᠵᠦᠢ᠍ᠯ᠎ᠢ ᠲᠤᠬᠠᠢ ᠵᠢᠨ ᠭᠠᠵᠠᠷ᠎ᠲᠤᠨᠢ ᠬᠠᠢ᠌ᠨ ᠰᠢᠨᠵᠢᠵᠦ᠂ ᠡᠯ᠎ᠡ ᠲᠣᠰᠬᠣᠨ᠎ᠤ ᠠᠩᠬᠠᠳᠠᠭᠴᠢ ᠤᠰᠤᠯᠠᠯᠲᠠ ᠵᠢᠨ ᠲᠥᠬᠦᠭᠡᠷᠦᠮᠵᠢ ᠵᠢᠨ ᠪᠠᠢ᠌ᠳᠠᠯ᠎ᠢ ᠭᠣᠣᠯᠳᠠᠯᠭ᠎ᠠ᠎ᠲᠠᠢ ᠣᠢ᠌ᠯᠠᠭ᠋ᠠᠵᠤ᠂ ᠳᠠᠷᠠᠭ᠋ᠠᠴᠢ ᠵᠢᠨ ᠰᠢᠨᠵᠢᠯᠡᠬᠦ ᠤᠬᠠᠭ᠋ᠠᠨᠴᠢ᠎ᠪᠠᠷ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠡᠷᠳᠡᠨᠢ ᠰᠢᠰᠢ ᠵᠢᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ᠎ᠳᠤ ᠪᠠᠲᠤ ᠰᠠᠭᠤᠷᠢ ᠲᠠᠯᠪᠢᠵᠤ ᠥᠭᠴᠡᠢ᠃

      ᠬᠠᠢ᠌ᠨ ᠰᠢᠨᠵᠢᠬᠦ ᠶᠠᠪᠤᠴᠠ᠎ᠳᠤ᠂ ᠠᠵᠢᠯᠲᠠᠳ ᠲᠣᠰᠬᠣᠨ᠎ᠤ ᠳᠣᠲᠣᠷᠠᠬᠢ ᠠᠩᠬᠠᠳᠠᠭᠴᠢ ᠤᠰᠤᠯᠠᠯᠲᠠ ᠵᠢᠨ ᠲᠥᠬᠦᠭᠡᠷᠦᠮᠵᠢ ᠵᠢᠴᠢ ᠤᠰᠤ ᠪᠣᠷᠳᠣᠭᠤᠷ᠎ᠤᠨ ᠨᠢᠭᠡ ᠴᠣᠭᠴᠠᠲᠤ ᠮᠠᠰᠢᠨ᠎ᠤ ᠲᠡᠭᠡᠭᠡᠪᠦᠷᠢ ᠵᠢᠨ ᠪᠠᠢ᠌ᠳᠠᠯ᠎ᠢ ᠨᠠᠷᠢᠨ ᠪᠠᠢ᠌ᠴᠠᠭ᠋ᠠᠵᠤ᠂ ᠬᠡᠰᠡᠭ ᠤᠰᠤ ᠪᠣᠷᠳᠣᠭᠤᠷ᠎ᠤᠨ ᠨᠢᠭᠡ ᠴᠣᠭᠴᠠᠲᠤ ᠮᠠᠰᠢᠨ᠎ᠳᠤ ᠬᠠᠭᠤᠴᠢᠷᠠᠬᠤ ᠠᠰᠠᠭᠤᠳᠠᠯ ᠣᠷᠣᠰᠢᠵᠤ ᠪᠠᠢ᠌ᠬᠤ ᠵᠢ ᠣᠯᠵᠤ  ᠮᠡᠳᠡᠵᠦ᠂ ᠢᠵᠢ ᠪᠦᠷᠢᠳᠦᠭᠦᠯᠬᠦ ᠴᠠᠬᠢᠯᠭ᠋ᠠᠨ ᠬᠡᠯᠬᠢᠶ᠎ᠡ ᠵᠢ ᠴᠦ᠍ ᠣᠷᠳᠣ ᠬᠤᠭᠤᠴᠠᠭ᠎ᠠ᠎ᠪᠠᠷ ᠬᠡᠷᠡᠭᠯᠡᠭᠰᠡᠨ᠎ᠠᠴᠠ ᠪᠣᠯᠵᠤ ᠵᠠᠮ ᠱᠤᠭᠤᠮ ᠡᠪᠳᠡᠷᠡᠵᠦ᠂ ᠳᠠᠭ᠋ᠠᠭ᠋ᠠᠴᠠ᠎ᠨᠢ ᠬᠦᠷᠦᠯᠴᠡᠬᠦ ᠦᠭᠡᠢ ᠵᠡᠷᠭᠡ ᠳᠠᠯᠳᠠ ᠬᠡᠮ ᠭᠠᠷᠴᠤ᠂ ᠣᠨᠴᠠ ᠵᠠᠷᠢᠮ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠥᠨᠳᠥᠷ ᠪᠢᠰᠢ ᠪᠠᠢ᠌ᠵᠤ᠂ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠵᠢᠨ ᠳᠡᠭᠡᠭᠰᠢᠯᠡᠯᠲᠡ ᠵᠢ ᠨᠥᠯᠥᠭᠡᠯᠡᠭᠰᠡᠨ ᠪᠠᠢ᠌ᠨ᠎ᠠ᠃ ᠪᠠᠢ᠌ᠴᠠᠭ᠋ᠠᠯᠲᠠ ᠵᠢᠨ ᠳᠤᠮᠳᠠ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠠᠵᠢᠯᠲᠠᠳ ᠬᠣᠯᠪᠣᠭᠳᠠᠯ ᠪᠦᠬᠦᠢ ᠲᠣᠰᠬᠣᠨ ᠪᠠᠯᠭ᠋ᠠᠰᠤ ᠵᠢ ᠵᠣᠬᠢᠶᠠᠨ ᠪᠠᠢ᠌ᠭᠤᠯᠤᠨ ᠣᠲᠣ ᠵᠢᠨ ᠪᠠᠢ᠌ᠭ᠎ᠠ ᠤᠰᠤᠯᠠᠯᠲᠠ ᠵᠢᠨ ᠲᠥᠬᠦᠭᠡᠷᠦᠮᠵᠢ ᠵᠢᠨ ᠳᠤᠲᠠᠭᠤᠳᠠᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠲᠥᠰᠥᠯ᠎ᠢ ᠵᠦᠢ ᠵᠣᠬᠢᠰᠲᠠᠢ ᠲᠥᠯᠥᠪᠯᠡᠨ᠂ ᠲᠠᠷᠢᠶᠠᠴᠢᠨ ᠡᠷᠦᠬᠡ ᠵᠢᠨ ᠤᠰᠤᠯᠠᠯᠲᠠ ᠵᠢᠨ ᠨᠥᠬᠥᠴᠡᠯ᠎ᠢ ᠦᠨᠡᠨ ᠬᠦ᠌ ᠰᠠᠢ᠌ᠵᠢᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠡᠷᠳᠡᠨᠢ ᠰᠢᠰᠢ ᠵᠢᠨ  ᠤᠨᠠᠯᠲᠠ ᠵᠢ ᠨᠡᠮᠡᠭᠳᠡᠭᠦᠯᠵᠦ ᠣᠷᠣᠯᠭ᠎ᠠ ᠵᠢ ᠨᠡᠮᠡᠭᠳᠡᠭᠦᠯᠬᠦ᠎ᠳᠤ ᠪᠠᠲᠤ ᠴᠢᠩᠭ᠎ᠠ ᠪᠠᠲᠤᠯᠠᠭ᠎ᠠ  ᠬᠠᠩᠭ᠋ᠠᠭᠰᠠᠨ ᠪᠠᠢ᠌ᠨ᠎ᠠ᠃

      ᠲᠣᠰ  ᠤᠳᠠᠭ᠎ᠠ ᠵᠢᠨ  ᠲᠤᠬᠠᠢ ᠵᠢᠨ ᠭᠠᠵᠠᠷ᠎ᠤᠨ ᠬᠠᠢ᠌ᠨ ᠰᠢᠨᠵᠢᠯᠡᠯᠲᠡ᠎ᠨᠢ ᠡᠯ᠎ᠡ ᠲᠣᠰᠬᠣᠨ᠎ᠤ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠤᠨ ᠪᠡᠯᠡᠳᠬᠡᠯ ᠱᠠᠲᠤᠨ᠎ᠤ ᠤᠰᠤᠯᠠᠯᠲᠠ ᠵᠢᠨ ᠲᠥᠬᠦᠭᠡᠷᠦᠮᠵᠢ ᠵᠢᠨ ᠪᠠᠢ᠌ᠳᠠᠯ ᠪᠣᠯᠣᠨ ᠠᠰᠠᠭᠤᠳᠠᠯ᠎ᠢ ᠡᠵᠡᠮᠰᠢᠭᠰᠡᠨ ᠪᠠᠢ᠌ᠨ᠎ᠠ᠃ ᠳᠠᠷᠠᠭ᠋ᠠᠴᠢ ᠵᠢᠨ ᠠᠯᠬᠤᠮ᠎ᠳᠤ᠂ ᠵᠢᠦ ᠶᠤᠸᠠᠨ  ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠠᠬᠢᠴᠠ ᠵᠢ ᠨᠢᠭᠲᠠ ᠳᠠᠭ᠋ᠠᠵᠤ᠂ ᠮᠡᠷᠭᠡᠵᠢᠯ᠎ᠤᠨ ᠵᠢᠯᠣᠭᠣᠳᠤᠯᠭ᠎ᠠ ᠪᠣᠯᠣᠨ ᠲᠥᠰᠥᠯ ᠲᠥᠯᠦᠪᠵᠢᠭᠦᠯᠭᠡ ᠵᠢᠨ ᠠᠵᠢᠯ᠎ᠢ ᠵᠡᠷᠭᠡᠪᠡᠷ ᠰᠠᠢ᠌ᠲᠤᠷ ᠬᠢᠵᠦ᠂ ᠲᠦᠷᠦᠯ ᠵᠦᠢ᠍ᠯ ᠵᠥᠪᠰᠢᠶᠡᠷᠡᠭᠳᠡᠭᠰᠡᠨ᠎ᠤ ᠳᠠᠷᠠᠭ᠎ᠠ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠢ᠎ᠪᠠᠷ ᠨᠠᠢ᠌ᠳᠠᠪᠤᠷᠢᠵᠢᠭᠤᠯᠤᠭᠳᠠᠬᠤ ᠵᠢ ᠪᠠᠲᠤᠯᠠᠵᠤ᠂ ᠵᠢᠦ ᠶᠤᠸᠠᠨ  ᠲᠣᠭᠣᠷᠢᠭ᠎ᠤᠨ ᠡᠷᠳᠡᠨᠢ ᠰᠢᠰᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠳᠡᠭᠲᠡᠷ᠎ᠲᠤ ᠭᠠᠷᠬᠤ᠎ᠳᠤ ᠬᠦᠴᠦ ᠨᠡᠮᠡᠷᠢᠯᠡᠨ᠎ᠡ᠃

      ᠮᠡᠳᠡᠭᠡ ᠵᠠᠩᠭᠢ ᠵᠢᠨ ᠢᠷᠡᠯᠲᠡ᠄ ᠪᠤᠭᠤᠲᠤ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ

ᠢᠷᠡᠯᠲᠡ᠄ ᠪᠤᠭᠤᠲᠤ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            