ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
ᠰᠣᠨᠢᠨ ᠮᠡᠳᠡᠭᠡᠨ᠎ᠤ ᠠᠵᠢᠯᠲᠠᠨ ᠪᠣᠯᠤᠨ 《ᠰᠢᠨ᠎ᠡ ᠲᠠᠷᠢᠶᠠᠴᠢᠨ》 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠬᠠᠢ ᠬᠠᠮᠲᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2025-04-02

      3 ᠰᠠᠷ᠎ᠠ ᠵᠢᠨ 29᠎ᠤ ᠡᠳᠦᠷ᠂ ᠳᠥᠷᠪᠡᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ 《ᠲᠠᠷᠢᠶᠠᠯᠠᠩ ᠮᠠᠯ ᠠᠵᠤ ᠠᠬᠤᠢ ᠵᠢᠨ ᠰᠠᠢ᠌ᠨ ᠰᠤᠨᠢᠨ ᠮᠡᠳᠡᠭᠡ》 ᠵᠢᠨ  ᠱᠠᠩᠨᠠᠯ ᠣᠯᠭᠣᠬᠤ ᠶᠤᠰᠤᠯᠠᠯ ᠵᠢᠴᠢ 1257 ᠠᠵᠢᠯᠯᠠᠭ᠎ᠠ ᠵᠢᠨ 《ᠤᠮᠠᠷᠠᠲᠤ ᠬᠢᠯᠢ ᠵᠢᠨ ᠰᠢᠨ᠎ᠡ ᠲᠠᠷᠢᠶᠠᠴᠢᠨ》᠎ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠠᠪᠤᠭᠳᠠᠪᠠ᠃

 

图片11.png

 

      ᠳᠥᠷᠪᠡᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ 《ᠲᠠᠷᠢᠶᠠᠯᠠᠩ ᠮᠠᠯ ᠠᠵᠤ ᠠᠬᠤᠢ ᠵᠢᠨ ᠰᠠᠢ᠌ᠨ ᠰᠣᠨᠢᠨ ᠮᠡᠳᠡᠭᠡ》 ᠵᠢᠨ ᠱᠠᠩᠨᠠᠯ ᠣᠯᠭᠣᠬᠤ ᠠᠬᠤᠢ ᠲᠠᠯᠠᠪᠠᠶ  

      ᠳᠥᠷᠪᠡᠳᠦᠭᠡᠷ ᠬᠤᠭᠤᠴᠠᠭ᠋ᠠᠨ᠎ᠤ 《ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠠᠢ᠌ᠨ ᠰᠣᠨᠢᠨ ᠮᠡᠳᠡᠭᠡ》 ᠵᠢᠨ  ᠡᠯᠰᠡᠨ ᠴᠤᠭᠯᠠᠭᠤᠯᠤᠭᠰᠠᠨ 300 ᠭᠠᠷᠤᠢ ᠰᠢᠯᠢᠳᠡᠭ ᠪᠦᠲᠦᠭᠡᠯ᠎ᠨᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ  ᠮᠠᠯᠴᠢᠨ ᠲᠠᠷᠢᠶᠠᠴᠢᠨ᠎ᠤ 《ᠰᠠᠢ᠌ᠨ ᠲᠠᠭᠤᠨ》᠎ᠢ ᠲᠥᠪᠯᠡᠷᠡᠩᠭᠦᠢ ᠬᠠᠷᠠᠭᠤᠯᠤᠭᠰᠠᠨ ᠪᠠᠢ᠌ᠨ᠎ᠠ᠃ ᠡᠲᠡᠭᠡᠷ ᠪᠦᠲᠦᠭᠡᠯ᠎ᠤᠳ᠎ᠨᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ ᠣᠯᠠᠨ᠎ᠤ ᠠᠩᠬᠠᠷᠤᠯ ᠲᠠᠯᠪᠢᠵᠤ ᠪᠠᠢ᠌ᠭ᠎ᠠ ᠬᠠᠯᠠᠭᠤᠨ ᠴᠡᠭ᠎ᠤᠨ ᠶᠠᠷᠢᠶᠠᠨ᠎ᠤ ᠰᠡᠳᠦᠪ ᠪᠠᠢ᠌ᠬᠤ᠎ᠪᠠᠷ ᠪᠠᠷᠠᠬᠤ ᠦᠭᠡᠢ ᠪᠠᠰᠠ ᠬᠥᠮᠥᠨ ᠪᠠ ᠤᠴᠢᠷ ᠶᠠᠪᠤᠳᠠᠯ᠎ᠢ ᠳᠤᠰᠬᠠᠭᠰᠠᠨ  ᠭᠣᠢ᠌ᠳᠠ ᠰᠠᠢ᠌ᠬᠠᠨ ᠥᠯᠢᠭᠡᠷ ᠪᠣᠶ; ᠣᠢ᠌ᠯᠠᠭ᠋ᠠᠬᠤ᠎ᠳᠤ ᠬᠢᠯᠪᠠᠷ ᠪᠣᠷᠣᠭᠵᠢᠭᠤᠨ ᠦᠭᠡ ᠬᠡᠯᠡ ᠪᠠᠢ᠌ᠬᠤ ᠮᠥᠷᠲᠡᠭᠡᠨ ᠪᠠᠰᠠ ᠴᠢᠩᠭ᠎ᠠ ᠨᠢᠮᠪᠠᠢ ᠭᠦᠨ ᠭᠦᠨᠵᠡᠭᠡᠢ ᠣᠶᠣᠨ᠎ᠤ ᠰᠡᠳᠬᠢᠮᠵᠢ᠎ᠲᠠᠢ  ᠪᠠᠢ᠌ᠳᠠᠭ᠃ ᠲᠠᠷᠢᠶᠠᠯᠠᠩ ᠮᠠᠯ ᠠᠵᠤ ᠠᠬᠤᠢ ᠵᠢᠨ  ᠬᠦᠷᠢᠶ᠎ᠡ ᠴᠠᠷᠠᠭ᠋ᠠᠨ᠎ᠳᠠᠬᠢ ᠪᠠᠢ᠌ᠷᠢᠯᠠᠭᠤᠯᠤᠯᠲᠠ ᠵᠢᠨ ᠠᠷᠭ᠎ᠠ ᠬᠡᠮᠵᠢᠶ᠎ᠡ᠂ ᠠᠮᠢᠳᠤᠯᠢᠭ ᠦᠢ᠍ᠯᠡᠳᠦᠯᠭᠡ᠂ ᠲᠤᠷᠰᠢᠯᠭ᠎ᠠ ᠵᠢᠨ ᠰᠡᠩᠬᠡᠷᠡᠭᠦᠯᠦᠯ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠴᠠᠭ ᠲᠤᠬᠠᠢ᠎ᠳᠤᠨᠢ᠂ ᠪᠦᠬᠦ ᠲᠠᠯ᠎ᠠ᠎ᠪᠠᠷ᠂ ᠣᠨᠣᠪᠴᠢᠲᠠᠶ ᠲᠠᠢ᠌ᠯᠪᠤᠷᠢᠯᠠᠵᠤ᠂ ᠡᠷᠴᠢᠮ᠎ᠲᠠᠢ᠂  ᠬᠦᠴᠦᠨ᠎ᠲᠠᠢ᠂ ᠨᠥᠯᠥᠭᠡ᠎ᠲᠠᠢ ᠦᠯᠡᠮᠵᠢ ᠤᠯᠠᠨ ᠰᠣᠨᠢᠨ ᠮᠡᠳᠡᠭᠡᠨ᠎ᠤ ᠪᠦᠲᠦᠭᠡᠯ ᠥᠷᠭᠡᠨ ᠵᠶ᠋ᠡᠷ ᠤᠯᠠᠮᠵᠢᠯᠠᠭᠳᠠᠪᠠ᠃

      ᠠᠳᠠᠯᠢ ᠬᠤᠭᠤᠴᠠᠭ᠋ᠠᠨ᠎ᠳᠤ ᠪᠠᠰᠠ 1257 ᠠᠵᠢᠯᠯᠠᠭ᠎ᠠ ᠵᠢᠨ 《ᠤᠮᠠᠷᠠᠲᠤ  ᠬᠢᠯᠢ ᠵᠢᠨ ᠰᠢᠨ᠎ᠡ ᠲᠠᠷᠢᠶᠠᠴᠢᠨ》᠎ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠡᠢ᠃ 《ᠤᠮᠠᠷᠠᠲᠤ  ᠬᠢᠯᠢ ᠵᠢᠨ ᠰᠢᠨ᠎ᠡ ᠲᠠᠷᠢᠶᠠᠴᠢᠨ》  ᠪᠣᠯ ᠮᠠᠨ᠎ᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠪᠤᠴᠠ᠎ᠳᠤ ᠴᠣᠯᠭᠣᠷᠠᠨ ᠭᠠᠷᠤᠭᠰᠠᠨ ᠰᠢᠨ᠎ᠡ ᠬᠦᠴᠦᠨ ᠵᠶ᠋ᠡᠷ ᠪᠢᠯᠬᠠᠭᠰᠠᠨ᠂ ᠰᠢᠨ᠎ᠡ ᠠᠮᠢᠵᠢᠷᠠᠯ᠎ᠤᠨ ᠬᠦᠴᠦᠨ᠎ᠢ ᠬᠠᠷᠠᠭᠤᠯᠤᠭᠰᠠᠨ  ᠡᠩᠨᠡᠭᠡ ᠪᠣᠯᠣᠨ᠎ᠠ᠃ ᠣᠢ᠌ᠷ᠎ᠠ ᠵᠢᠨ ᠵᠢᠯ᠎ᠠᠴᠠ᠂ ᠥᠪᠥᠷ ᠮᠣᠩᠭᠣᠯ 2600 ᠭᠠᠷᠤᠢ ᠠᠵᠤ ᠦᠢ᠍ᠯᠡᠰ᠎ᠤᠨ ᠳᠠᠭ᠋ᠠᠭᠤᠯᠤᠭᠴᠢ 《ᠲᠦᠷᠦᠭᠦᠴᠢ ᠬᠤᠨ》᠎ᠢ  ᠪᠣᠢ᠌ᠵᠢᠭᠤᠯᠵᠤ᠂ 17 ᠲᠦᠮᠡ ᠭᠠᠷᠤᠢ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠬᠥᠮᠥᠵᠢᠭᠦᠯᠵᠦ᠂ ᠤᠯᠠᠮ᠎ᠠᠴᠠ ᠤᠯᠠᠮ ᠤᠯᠠᠨ 《ᠰᠢᠨ᠎ᠡ ᠲᠠᠷᠢᠶᠠᠴᠢᠨ》  ᠮᠠᠯᠵᠢᠬᠤ ᠲᠠᠷᠢᠶᠠᠯᠠᠬᠤ ᠣᠷᠣᠨ᠎ᠳᠤ ᠦᠨᠳᠦᠰᠦᠯᠡᠵᠦ ᠪᠠᠢ᠌ᠨ᠎ᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ 《ᠤᠮᠠᠷᠠᠲᠤ  ᠬᠢᠯᠢ ᠵᠢᠨ ᠰᠢᠨ᠎ᠡ ᠲᠠᠷᠢᠶᠠᠴᠢᠨ》᠎ᠤ 12 ᠲᠥᠯᠥᠭᠡᠯᠡᠭᠴᠢ ᠲᠡᠳᠡᠨ᠎ᠤ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠂ ᠰᠢᠨ᠎ᠡ ᠵᠢ ᠡᠭᠦᠳᠬᠦ  ᠠᠳᠠᠯ  ᠦᠢ᠍ᠯᠡᠰ ᠪᠣᠰᠬᠠᠬᠤ᠂ ᠬᠥᠳᠡᠭᠡ ᠠᠵᠤ ᠠᠬᠤᠢ᠎ᠲᠠᠢ ᠬᠣᠯᠪᠤᠭ᠋ᠠᠯᠠᠨ ᠬᠥᠳᠡᠭᠡ ᠠᠵᠤ ᠠᠬᠤᠢ ᠵᠢ ᠳᠠᠢ᠌ᠴᠢᠯᠠᠬᠤ ᠵᠡᠷᠭᠡ ᠲᠠᠯ᠎ᠠ ᠵᠢᠨ ᠲᠤᠷᠰᠢᠯᠭ᠎ᠠ ᠪᠣᠯᠣᠨ ᠦᠯᠢᠭᠡᠷ ᠵᠶ᠋ᠡᠨ ᠬᠤᠪᠢᠶᠠᠯᠴᠠᠪᠠ᠃ 《ᠤᠮᠠᠷᠠᠲᠤ ᠬᠢᠯᠢ ᠵᠢᠨ ᠰᠢᠨ᠎ᠡ ᠲᠠᠷᠢᠶᠠᠴᠢᠨ》᠎ᠨᠢ ᠲᠣᠰ ᠪᠡᠶ᠎ᠡ ᠵᠢᠨ ᠦᠢ᠍ᠯᠡᠳᠪᠦᠷᠢᠯᠡᠯ᠎ᠤᠨ ᠦᠷ᠎ᠡ ᠠᠰᠢᠭ ᠪᠠ ᠠᠵᠤ ᠠᠬᠤᠢ ᠵᠢᠨ ᠦᠷ᠎ᠡ ᠠᠰᠢᠭ ᠵᠶ᠋ᠠᠨ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠦᠭᠡᠢ᠂ ᠪᠠᠰᠠ ᠡᠷᠬᠢᠨ ᠲᠣᠭᠣᠷᠢᠨ᠎ᠤ ᠮᠠᠯᠴᠢᠨ ᠲᠠᠷᠢᠶᠠᠴᠢᠨ᠎ᠢ ᠳᠠᠶ᠋ᠢᠴᠢᠯᠠᠨ ᠬᠠᠮᠲᠤ᠎ᠪᠠᠷ ᠪᠠᠶᠠᠵᠢᠭᠰᠠᠨ ᠪᠠᠢ᠌ᠨ᠎ᠠ᠃

      ᠣᠢ᠌ᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠠᠴᠠ  ᠪᠥᠬᠥ ᠣᠷᠣᠨ᠎ᠳᠤ 《ᠨᠠᠮ᠎ᠤᠨ ᠠᠴᠢ᠎ᠳᠤ  ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ᠎ᠤᠨ 1257 ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠪᠡ᠂  ᠳᠠᠷᠦᠢ 1 ᠲᠦᠮᠡ ᠭᠠᠷᠤᠢ ᠲᠠᠷᠢᠶᠠᠯᠠᠩ᠎ᠳᠤ ᠬᠣᠯᠪᠣᠭᠳᠠᠭᠰᠠᠨ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠠᠪᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ  ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃ 《ᠮᠡᠷᠭᠡᠵᠢᠯ ᠮᠡᠳᠡᠬᠦ᠂ ᠡᠵᠡᠩᠨᠡᠵᠦ ᠴᠢᠳᠠᠬᠤ᠂ ᠬᠠᠮᠢᠶᠠᠷᠬᠤ᠎ᠳᠠᠭᠠᠨ ᠴᠢᠳᠠᠮᠠᠭ᠋ᠠᠢ》 ᠲᠠᠷᠢᠶᠠᠯᠠᠩ ᠮᠠᠯ ᠠᠵᠤ ᠠᠬᠤᠢ ᠵᠢᠨ  ᠬᠦᠷᠢᠶ᠎ᠡ ᠴᠠᠷᠠᠭ᠋ᠠᠨ᠎ᠳᠠᠬᠢ ᠴᠢᠨᠠᠷ ᠰᠠᠢ᠌ᠲᠠᠢ ᠴᠢᠳᠠᠪᠤᠷᠢᠲᠠᠨ᠎ᠤ ᠡᠩᠨᠡᠭᠡ ᠵᠢ  ᠪᠠᠢ᠌ᠭᠤᠯᠤᠭᠰᠠᠨ  ᠪᠠᠢ᠌ᠨ᠎ᠠ᠃

      ᠮᠡᠳᠡᠭᠡ ᠵᠠᠩᠭᠢ ᠵᠢᠨ ᠢᠷᠡᠯᠲᠡ᠄  ᠽᠣᠣ ᠶᠤᠸᠠᠨ ᠶᠦᠨ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            