ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠲᠦᠷᠦ ᠵᠢᠨ ᠪᠣᠳᠣᠯᠭ᠎ᠠ ᠵᠢᠨ ᠲᠠᠢ᠌ᠯᠤᠮᠵᠢ ᠠᠷᠠᠳ᠎ᠤᠨ ᠰᠡᠳᠬᠢᠯ᠎ᠢ ᠨᠢᠭᠲᠠᠷᠠᠭᠤᠯᠤᠮᠤᠢ—ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠳᠥᠷᠪᠡ)
ᠨᠡᠶ᠋ᠢᠲᠡᠯᠡᠭᠰᠡᠨ ᠴᠠᠭ᠄ 2025-04-03

      【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ  ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠦᠷᠭᠡᠳᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂  ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ  ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》 ᠠᠵᠢᠯᠯᠠᠭ᠎ᠠ ᠵᠢ ᠪᠠᠢ᠌ᠩᠭᠤ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠠᠪᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ  ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃

      3 ᠰᠠᠷ᠎ᠠ ᠵᠢᠨ 31᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠠᠴᠠ 《ᠲᠠᠷᠢᠶᠠᠯᠠᠩ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠡᠮᠬᠢᠳᠬᠡᠯ》 《ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠤᠨ ᠬᠠᠷᠮᠠᠨ ᠪᠢᠴᠢᠭ》᠂ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ 104 ᠲᠥᠷᠥᠯ᠎ᠤᠨ 16 ᠲᠦᠮᠡ ᠭᠠᠷᠤᠢ ᠦᠰᠦᠭ᠎ᠤᠨ ᠮᠠᠯᠴᠢᠨ ᠲᠠᠷᠢᠶᠠᠴᠢᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠴᠤᠭᠯᠠᠭᠤᠯᠵᠤ᠂ ᠬᠤᠷᠢᠶᠠᠩᠭᠤᠢ᠌ᠯᠠᠵᠤ᠂ ᠡᠮᠬᠢᠳᠬᠡᠵᠦ᠂ ᠢᠯᠡ ᠴᠠᠭ᠋ᠠᠰᠤ᠂ ᠮᠡᠳᠡᠭᠳᠡᠬᠦ ᠪᠢᠴᠢᠭ᠂ 《ᠨᠢᠭᠡ ᠬᠤᠪᠢ ᠵᠠᠬᠢᠳᠠᠯ》᠂ ᠵᠢᠷᠤᠭ ᠥᠰᠥᠭ ᠪᠢᠴᠢᠭ᠎ᠤᠨ ᠮᠡᠳᠡᠭᠡ ᠵᠠᠩᠭᠢ᠂ ᠣᠬᠣᠷ  ᠸᠢᠳᠢᠤ᠋  ᠵᠡᠷᠭᠡ ᠠᠷᠭ᠎ᠠ ᠮᠠᠶᠢᠭ ᠵᠶ᠋ᠠᠷ ᠠᠢ᠌ᠮᠠᠭ ᠬᠣᠲᠠ᠂ ᠬᠣᠰᠢᠭᠤ ᠰᠢᠶᠠᠨ ᠬᠣᠶᠠᠷ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠂ ᠲᠠᠷᠢᠶᠠᠯᠠᠩ᠎ᠤᠨ ᠷᠠᠳᠢᠣ᠋ ᠲᠧᠯᠸᠢᠰ᠎ᠤᠨ ᠰᠤᠷᠭ᠋ᠠᠭᠤᠯᠢ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠦᠨᠳᠦᠰᠦᠨ ᠱᠠᠲᠤᠨ᠎ᠳᠤ ᠲᠠᠷᠬᠠᠭ᠋ᠠᠬᠤ ᠵᠢᠨ ᠬᠠᠮᠲᠤ᠂ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠢ ᠵᠣᠷᠢᠭᠵᠢᠭᠤᠯᠵᠤ ᠪᠠᠢ᠌ᠭ᠋ᠠᠳ ᠣᠯᠠᠨ ᠲᠦᠮᠡᠨ᠎ᠤ ᠰᠤᠷᠭ᠋ᠠᠨ ᠬᠥᠮᠦᠵᠢᠯ᠎ᠢ ᠪᠠᠢ᠌ᠩᠭᠤᠵᠢᠭᠤᠯᠬᠤ ᠲᠠᠯ᠎ᠠ᠎ᠪᠠᠷ ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠴᠦ᠂ ᠥᠩᠭᠡ ᠪᠦᠷᠢ ᠵᠢᠨ ᠴᠡᠴᠡᠭ᠎ᠢ  ᠬᠠᠮᠲᠤ᠎ᠪᠠᠷ ᠳᠡᠯᠭᠡᠷᠡᠭᠦᠯᠦᠨ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠢᠩᠬᠢᠮ᠎ᠤᠨ ᠰᠢᠰᠲ᠋ᠧᠮ᠎ᠤᠨ 《1257》 ᠠᠵᠢᠯᠯᠠᠭ᠎ᠠ᠎ᠪᠠᠷ ᠯᠠᠪᠯᠠᠯᠲᠠ ᠪᠣᠯᠭ᠋ᠠᠨ ᠬᠣᠯᠪᠣᠭᠳᠠᠯ ᠪᠦᠬᠦᠢ ᠠᠵᠢᠯ᠎ᠢ  ᠦᠷᠨᠢᠭᠦᠯᠦᠭᠰᠡᠨ ᠪᠠᠢ᠌ᠨ᠎ᠠ ᠃ ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠠᠴᠠ 《ᠮᠠᠯᠴᠢᠨ ᠲᠠᠷᠢᠶᠠᠴᠢᠨ ᠲᠦᠮᠡᠨ᠎ᠤ  ᠶᠠᠭᠤ ᠵᠢ ᠬᠠᠯᠠᠮᠵᠢᠯᠠᠵᠤ᠂ ᠶᠠᠭᠤ ᠬᠡᠷᠡᠭᠴᠡᠭᠡ᠎ᠲᠠᠢ ᠪᠣᠯ ᠲᠡᠭᠦᠨ᠎ᠢ ᠤᠬᠠᠭᠤᠯᠵᠤ᠂ ᠶᠠᠭᠤ ᠵᠢ ᠬᠠᠩᠭ᠋ᠠᠵᠤ᠂ ᠶᠠᠭᠤ ᠵᠢ ᠰᠢᠢ᠍ᠳᠪᠦᠷᠢᠯᠡᠬᠦ》 ᠵᠠᠷᠴᠢᠮ᠎ᠢ ᠪᠠᠷᠢᠮᠲᠠᠯᠠᠨ᠂ ᠤᠳᠤᠷᠢᠳᠬᠤ ᠺᠠᠳ᠋ᠷᠴᠤᠳ᠎ᠤᠨ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》᠂ ᠳᠠᠭ᠋ᠠᠭ᠋ᠠᠴᠢᠯᠠᠨ ᠬᠣᠯᠪᠣᠭ᠋ᠠᠯᠠᠵᠤ ᠬᠠᠪᠰᠤᠷᠤᠨ ᠲᠡᠳᠬᠦᠬᠦ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ᠂ ᠲᠣᠰᠬᠣᠨ᠎ᠳᠤ ᠰᠠᠭᠤᠵᠤ ᠦᠢ᠍ᠯᠡᠴᠢᠯᠡᠬᠦ ᠵᠡᠷᠭᠡ᠎ᠲᠠᠢ ᠤᠶᠠᠯᠳᠤᠭᠤᠯᠤᠨ᠂ ᠲᠠᠷᠢᠶᠠᠴᠢᠳ᠎ᠲᠤ ᠠᠰᠢᠭ ᠬᠦᠷᠲᠡᠭᠡᠬᠦ ᠨᠥᠬᠥᠪᠦᠷᠢ ᠣᠯᠭᠣᠬᠤ᠂  ᠲᠦᠭᠦᠭᠡᠷᠦᠮᠵᠢᠲᠦ  ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠬᠦ ᠵᠡᠷᠭᠡ ᠠᠵᠢᠯ᠎ᠤᠨ ᠠᠵᠠ ᠲᠣᠬᠢᠶᠠᠯ᠎ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠳᠤ ᠡᠮᠬᠢᠳᠬᠡᠨ ᠨᠠᠢ᠌ᠷᠠᠭᠤᠯᠵᠤ᠂ ᠤᠬᠠᠭᠤᠯᠭ᠎ᠠ ᠬᠢᠵᠦ᠂ ᠮᠠᠯᠴᠢᠨ ᠲᠠᠷᠢᠶᠠᠴᠢᠳ᠎ᠲᠤ ᠲᠥᠷᠥ ᠵᠢᠨ ᠪᠣᠳᠣᠯᠭ᠎ᠠ᠂ ᠮᠡᠷᠭᠡᠵᠢᠯ᠂ ᠦᠢ᠍ᠯᠡᠴᠢᠯᠡᠭᠡ  ᠬᠦᠷᠭᠡᠨ᠎ᠡ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            