ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠥᠷᠨᠢᠭᠦᠯᠬᠦ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠮᠠᠯ ᠠᠵᠤ ᠠᠬᠤᠢ ᠵᠢᠨ ᠮᠡᠷᠭᠡᠵᠢᠯ᠎ᠤᠨ ᠭᠠᠵᠠᠷ᠎ᠤᠨ ᠨᠠᠮ᠎ᠤᠨ ᠡᠭᠦᠷ ᠨᠢ ᠰᠢᠯᠢ ᠵᠢᠨ ᠭᠣᠣᠯ ᠠᠢ᠌ᠮᠠᠭ᠎ᠤᠨ ᠬᠥᠪᠡᠭᠡᠲᠦ ᠰᠢᠷ᠎ᠠ ᠬᠣᠰᠢᠭᠤᠨ᠎ᠤ ᠮᠠᠯ ᠠᠵᠤ ᠠᠬᠤᠢ ᠵᠢᠨ ᠠᠵᠢᠯ᠎ᠤᠨ ᠥᠷᠲᠡᠭᠡ ᠵᠢᠨ ᠨᠠᠮ᠎ᠤᠨ ᠡᠭᠦᠷ᠂ ᠪᠠᠶᠠᠨᠲᠠᠯ᠎ᠠ ᠪᠠᠯᠭ᠋ᠠᠰᠤ ᠵᠢᠨ ᠣᠪᠣᠨᠭᠣᠯ ᠭᠠᠴᠠᠭ᠎ᠠ ᠵᠢᠨ ᠨᠠᠮ᠎ᠤᠨ ᠡᠭᠦᠷ᠎ᠲᠠᠢ ᠬᠠᠮᠲᠤᠷᠠᠨ᠂ 《1257》 ᠠᠵᠢᠯᠯᠠᠭ᠎ᠠ ᠵᠢ ᠰᠢᠨ᠎ᠡ᠎ᠪᠠᠷ ᠥᠷᠨᠢᠭᠦᠯᠵᠦ᠂ ᠨᠠᠮ᠎ᠤᠨ ᠪᠠᠢ᠌ᠭᠤᠯᠤᠯᠲᠠ ᠬᠥᠲᠥᠯᠥᠨ ᠳᠠᠭ᠋ᠠᠭᠤᠯᠵᠤ ᠬᠠᠮᠲᠤᠷᠠᠭᠰᠠᠨ ᠦᠢ᠍ᠯᠡᠴᠢᠯᠡᠭᠡᠨ᠎ᠤ ᠠᠩᠭᠢ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠢ ᠵᠢᠯᠤᠭᠤᠳᠪᠠ᠃ ᠲᠥᠷᠥ ᠵᠢᠨ ᠪᠣᠳᠣᠯᠭ᠎ᠠ ᠵᠢ ᠤᠬᠠᠭᠤᠯᠤᠨ ᠲᠤᠭᠤᠰᠢᠯᠠᠭᠤᠯᠬᠤ᠂ ᠮᠡᠷᠭᠡᠵᠢᠯ᠎ᠢ ᠳᠣᠷᠣᠭᠰᠢ ᠪᠠᠭᠤᠯᠭ᠋ᠠᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ᠎ᠪᠠᠷ ᠳᠠᠮᠵᠢᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠪᠠᠭ᠎ᠠ ᠬᠡᠷᠴᠢᠮ》 ᠵᠶ᠋ᠡᠷ ᠪᠣᠳᠠᠲᠠᠢ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠭᠰᠡᠨ ᠪᠠᠢ᠌ᠨ᠎ᠠ᠃

ᠬᠠᠮᠲᠤᠷᠠᠭᠰᠠᠨ ᠦᠢ᠍ᠯᠡᠴᠢᠯᠡᠭᠡᠨ᠎ᠤ ᠠᠩᠭᠢ ᠮᠠᠯᠴᠢᠳ᠎ᠤᠨ ᠮᠠᠯᠵᠢᠬᠤ᠎ᠪᠠᠨ ᠵᠣᠭᠰᠣᠭ᠋ᠠᠭᠰᠠᠨ ᠬᠤᠭᠤᠴᠠᠭ᠋ᠠᠨ᠎ᠳᠠᠬᠢ ᠦᠢ᠍ᠯᠡᠳᠪᠦᠷᠢᠯᠡᠯ᠎ᠤᠨ ᠠᠵᠢᠯ᠎ᠤᠨ ᠪᠣᠳᠠᠲᠤ ᠪᠠᠢ᠌ᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠮᠡᠷᠭᠡᠵᠢᠯ ᠵᠶ᠋ᠡᠷ ᠬᠣᠰᠢᠭᠤ ᠰᠢᠶᠠᠨ᠎ᠢ ᠳᠠᠭ᠋ᠠᠭ᠋ᠠᠴᠢᠯᠠᠬᠤ》 ᠲᠣᠭᠲᠠᠴᠠ ᠵᠢ ᠬᠡᠷᠡᠭᠵᠢᠭᠦᠯᠵᠦ᠂ ᠨᠠᠮ᠎ᠤᠨ ᠭᠡᠰᠢᠭᠦᠨ ᠮᠡᠷᠭᠡᠵᠢᠯ᠎ᠤᠨ ᠭᠣᠣᠯᠯᠠᠭᠴᠢ ᠬᠦᠴᠦᠨ᠎ᠠᠴᠠ 13 ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠡᠷᠦᠬᠡ᠎ᠳᠤ ᠬᠠᠨᠳᠤᠯᠭ᠎ᠠ᠎ᠲᠠᠢ᠎ᠪᠠᠷ ᠵᠣᠯᠭ᠋ᠠᠭᠤᠯᠤᠨ ᠦᠢ᠍ᠯᠡᠴᠢᠯᠡᠭᠰᠡᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ᠎ᠤᠨ ᠲᠤᠰᠬᠠᠢ ᠮᠡᠷᠭᠡᠵᠢᠯᠲᠡᠨ᠂ ᠠᠢ᠌ᠮᠠᠭ ᠬᠣᠰᠢᠭᠤᠨ᠎ᠤ ᠮᠡᠷᠭᠡᠵᠢᠯ᠎ᠤᠨ ᠭᠣᠣᠯᠯᠠᠭᠴᠢ ᠬᠦᠴᠦᠨ ᠬᠢᠭᠡᠳ ᠭᠠᠴᠠᠭ᠎ᠠ ᠵᠢᠨ ᠨᠠᠮ᠎ᠤᠨ ᠭᠡᠰᠢᠭᠦᠳ᠎ᠲᠠᠢ ᠬᠠᠮᠲᠤᠷᠠᠭᠰᠠᠨ ᠦᠢ᠍ᠯᠡᠴᠢᠯᠡᠭᠡᠨ᠎ᠤ ᠠᠩᠭᠢ ᠪᠠᠢ᠌ᠭᠤᠯᠵᠤ᠂ ᠪᠠᠶᠠᠨᠲᠠᠯ᠎ᠠ ᠪᠠᠯᠭ᠋ᠠᠰᠤ ᠵᠢᠨ ᠮᠠᠯᠵᠢᠬᠤ ᠡᠷᠦᠬᠡ᠎ᠳᠤ ᠭᠦᠨᠵᠡᠭᠡᠢ᠌ᠷᠡᠨ᠂ 《ᠲᠥᠷᠥ ᠵᠢᠨ ᠪᠣᠳᠣᠯᠭ᠎ᠠ ᠵᠢᠨ ᠲᠠᠢ᠌ᠯᠤᠮᠵᠢ + ᠮᠡᠷᠭᠡᠵᠢᠯ᠎ᠤᠨ ᠵᠢᠯᠣᠭᠣᠳᠤᠯᠭ᠎ᠠ + ᠬᠡᠷᠡᠭᠴᠡᠭᠡ ᠱᠠᠭ᠋ᠠᠷᠳᠠᠯᠭ᠎ᠠ ᠵᠢ ᠵᠣᠯᠭ᠋ᠠᠭᠤᠯᠬᠤ》 ᠵᠠᠭᠪᠤᠷ ᠵᠶ᠋ᠠᠷ ᠳᠠᠮᠵᠢᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥ ᠵᠢᠨ ᠪᠣᠳᠣᠯᠭ᠎ᠠ ᠬᠢᠭᠡᠳ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠲᠥᠯᠦᠪᠵᠢᠭᠦᠯᠭᠡ ᠵᠢᠨ 《ᠡᠴᠦᠰ᠎ᠤᠨ ᠨᠢᠭᠡ ᠺᠢᠯᠣᠮᠧᠲᠷ》᠎ᠢ ᠨᠠᠷᠢᠯᠢᠭ ᠣᠨᠣᠴᠠᠲᠠᠢ᠎ᠪᠠᠷ ᠳᠠᠮᠵᠢᠭᠤᠯᠬᠤ ᠵᠢ ᠦᠨᠡᠨᠬᠦ ᠪᠠᠲᠤᠯᠠᠪᠠ᠃

ᠨᠢᠭᠡ᠎ᠳᠤ ᠲᠦᠷᠦ ᠵᠢᠨ ᠪᠣᠳᠣᠯᠭ᠎ᠠ ᠬᠦᠷᠭᠡᠪᠡ᠃ ᠮᠠᠯᠵᠢᠬᠤ ᠡᠷᠦᠬᠡ᠎ᠳᠤ ᠬᠦᠷᠴᠦ 《ᠪᠥᠬᠥ ᠣᠷᠣᠨ᠎ᠤ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠵᠢᠭᠦᠯᠬᠦ ᠲᠥᠰᠥᠯ》 ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠲᠠᠢ᠌ᠯᠤᠮᠵᠢ ᠬᠢᠵᠦ᠂ ᠮᠡᠷᠭᠡᠵᠢᠯ᠎ᠤᠨ ᠭᠣᠣᠯᠯᠠᠭᠴᠢ ᠬᠦᠴᠦᠨ᠎ᠨᠢ ᠮᠠᠯᠵᠢᠬᠤ ᠣᠷᠣᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ 《ᠪᠡᠯᠴᠢᠭᠡᠷᠯᠡᠭᠦᠯᠬᠦ ᠵᠢ ᠴᠠᠭ᠋ᠠᠵᠠᠯᠠᠬᠤ》 ᠪᠣᠯᠪᠠᠴᠤ 《ᠲᠡᠵᠢᠭᠡᠬᠦ ᠵᠢ ᠴᠠᠭ᠋ᠠᠵᠠᠯᠠᠬᠤ》 ᠦᠭᠡᠢ ᠠᠷᠭ᠎ᠠ ᠵᠠᠮ᠎ᠢ ᠳᠤᠷᠠᠳᠤᠨ ᠭᠠᠷᠭ᠋ᠠᠵᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠠᠵᠤ ᠦᠢ᠍ᠯᠡᠰ᠎ᠤᠨ ᠣᠳᠣᠬᠢ ᠪᠠᠢ᠌ᠳᠠᠯ᠎ᠲᠠᠢ ᠪᠦᠲᠦᠮᠵᠢᠲᠡᠶ ᠵᠣᠯᠭ᠋ᠠᠭᠤᠯᠬᠤ ᠵᠢ ᠲᠦᠯᠬᠢᠨ ᠠᠬᠢᠭᠤᠯᠪᠠ᠃
ᠬᠣᠶᠠᠷ᠎ᠲᠤ ᠵᠡᠪᠰᠡᠭ ᠲᠣᠨᠣᠭᠯᠠᠯ ᠬᠦᠷᠭᠡᠪᠡ᠃ ᠵᠢᠱ᠌ᠢᠶ᠎ᠡ ᠦᠵᠡᠭᠦᠯᠬᠦ ᠡᠷᠦᠬᠡ᠎ᠳᠤ ᠠᠷᠢᠭᠤᠳᠬᠠᠬᠤ ᠠᠪᠳᠠᠷ᠎ᠠ᠂ ᠲᠣᠭᠲᠠᠮᠠᠯ ᠳᠤᠯᠠᠭ᠋ᠠᠨ ᠵᠶ᠋ᠠᠷ ᠬᠥᠯᠳᠡᠭᠡᠬᠦ ᠴᠣᠮᠣ᠂ ᠦᠷ᠎ᠡ ᠠᠪᠬᠤ ᠪᠠᠭ᠋ᠠᠵᠢ ᠬᠡᠷᠡᠭᠰᠡᠯ᠂ ᠦᠵᠡᠭᠳᠡᠮᠡᠯ ᠦᠷ᠎ᠡ ᠳᠠᠮᠵᠢᠭᠤᠯᠬᠤ ᠲᠥᠬᠦᠭᠡᠷᠦᠮᠵᠢ ᠵᠡᠷᠭᠡ 《ᠮᠡᠷᠭᠡᠵᠢᠯ᠎ᠤᠨ ᠪᠡᠯᠡᠭ》 ᠬᠦᠷᠭᠡᠬᠦ ᠵᠢᠨ ᠬᠠᠮᠲᠤ ᠲᠤᠬᠠᠢ ᠵᠢᠨ ᠲᠠᠯᠠᠪᠤᠷᠲᠤᠨᠢ ᠦᠵᠡᠭᠦᠯᠦᠨ ᠲᠠᠨᠢᠭᠤᠯᠵᠤ᠂ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ 《ᠬᠦᠷᠭᠡᠵᠦ ᠳᠡᠶ᠋ᠢᠯᠬᠦ᠂ ᠬᠡᠷᠡᠭᠯᠡᠵᠦ ᠳᠡᠶ᠋ᠢᠯᠬᠦ》 ᠪᠠᠢ᠌ᠬᠤ ᠵᠢ ᠦᠨᠡᠨᠬᠦ ᠪᠠᠲᠤᠯᠠᠪᠠ᠃

ᠭᠤᠷᠪᠠ᠎ᠳᠤ ᠮᠡᠷᠭᠡᠵᠢᠯ ᠬᠦᠷᠭᠡᠪᠡ᠃ ᠲᠡᠵᠢᠭᠡᠯ ᠡᠪᠡᠰᠦ ᠪᠣᠷᠳᠣᠭ᠎ᠠ ᠵᠢ ᠵᠣᠬᠢᠰᠲᠠᠢ ᠲᠣᠬᠢᠷᠠᠭᠤᠯᠤᠨ ᠠᠰᠢᠭᠯᠠᠬᠤ᠂ ᠬᠣᠨᠢᠨ᠎ᠤ ᠬᠥᠮᠥᠨ᠎ᠤ ᠬᠦᠴᠦ᠎ᠪᠠᠷ ᠦᠷ᠎ᠡ ᠲᠣᠭᠲᠠᠭ᠋ᠠᠬᠤ ᠮᠡᠷᠭᠡᠵᠢᠯ ᠵᠡᠷᠭᠡ 5 ᠵᠦᠢ᠍ᠯ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠳᠤ ᠴᠢᠭᠯᠡᠭᠦᠯᠦᠨ᠂ 《ᠠᠰᠠᠭᠤᠳᠠᠯ᠎ᠳᠤ ᠴᠢᠭᠯᠡᠭᠦᠯᠦᠨ—ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ—ᠮᠥᠷᠳᠡᠨ ᠵᠢᠯᠤᠭᠣᠳᠬᠤ》 ᠪᠢᠲᠡᠭᠦᠦ ᠴᠠᠭ᠋ᠠᠷᠢᠭ᠎ᠤᠨ ᠲᠣᠭᠲᠠᠴᠠ ᠵᠢ ᠪᠠᠢ᠌ᠭᠤᠯᠵᠤ᠂ ᠠᠯᠠᠰᠢᠨ ᠬᠣᠨᠢᠨ᠎ᠤ ᠮᠠᠯᠵᠢᠬᠤ ᠣᠷᠣᠨ᠎ᠳᠤ ᠰᠢᠨᠵᠢᠯᠡᠬᠦ ᠤᠬᠠᠭ᠋ᠠᠨᠴᠢ᠎ᠪᠠᠷ ᠮᠠᠯᠵᠢᠬᠤ + ᠲᠡᠵᠢᠭᠡᠯ ᠨᠥᠬᠥᠪᠦᠷᠢᠯᠡᠬᠦ ᠮᠡᠷᠭᠡᠵᠢᠯ᠂ ᠠᠯᠠᠰᠢᠨ ᠬᠣᠨᠢᠨ᠎ᠤ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠴᠢᠨᠠᠷ ᠴᠢᠨᠰᠠᠭ᠎ᠠ ᠵᠢ ᠬᠡᠮᠵᠢᠨ ᠲᠣᠭᠲᠠᠭ᠋ᠠᠬᠤ ᠮᠡᠷᠭᠡᠵᠢᠯ ᠵᠡᠷᠭᠡ ᠵᠠᠩᠭᠢᠯᠠᠭ᠎ᠠ ᠵᠢᠨ ᠲᠠᠯ᠎ᠠ ᠵᠢᠨ ᠮᠡᠷᠭᠡᠵᠢᠯ᠎ᠢ ᠬᠡᠷᠡᠭᠵᠢᠭᠦᠯᠦᠨ ᠳᠡᠭᠡᠭᠰᠢᠯᠡᠭᠦᠯᠬᠦ ᠠᠵᠢᠯ᠎ᠢ ᠵᠢᠯᠤᠭᠤᠳᠪᠠ᠃
ᠳᠥᠷᠪᠡ᠎ᠳᠤ ᠬᠢᠴᠢᠶᠡᠯ᠎ᠤᠨ ᠲᠠᠩᠬᠢᠮ ᠡᠷᠬᠢᠯᠡᠪᠡ᠃ ᠵᠢᠱ᠌ᠢᠶ᠎ᠡ ᠦᠵᠡᠭᠦᠯᠬᠦ ᠡᠷᠦᠬᠡ᠎ᠳᠤ ᠲᠦᠰᠢᠭᠯᠡᠨ 《ᠭᠡᠷ ᠪᠦᠯᠢ ᠵᠢᠨ ᠮᠡᠷᠭᠡᠵᠢᠯ᠎ᠤᠨ ᠬᠢᠴᠢᠶᠡᠯ᠎ᠤᠨ ᠲᠠᠩᠬᠢᠮ》᠎ᠢ ᠪᠠᠢ᠌ᠭᠤᠯᠵᠤ᠂ 《ᠨᠢᠭᠡ ᠡᠷᠦᠬᠡ᠎ᠪᠠᠷ ᠣᠯᠠᠨ ᠡᠷᠦᠬᠡ ᠵᠢ ᠳᠠᠭ᠋ᠠᠭᠤᠯᠬᠤ》 ᠵᠠᠭᠪᠤᠷ ᠵᠶ᠋ᠠᠷ ᠳᠠᠮᠵᠢᠭᠤᠯᠤᠨ ᠬᠥᠮᠥᠨ᠎ᠤ ᠬᠦᠴᠦ᠎ᠪᠠᠷ ᠦᠷ᠎ᠡ ᠲᠣᠭᠲᠠᠭ᠋ᠠᠬᠤ ᠮᠡᠷᠭᠡᠵᠢᠯ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠮᠡᠷᠭᠡᠵᠢᠯ᠎ᠢ ᠳᠡᠯᠭᠡᠷᠡᠭᠦᠯᠵᠦ᠂ ᠮᠡᠷᠭᠡᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ ᠪᠠ ᠳᠡᠯᠭᠡᠷᠡᠭᠦᠯᠬᠦ ᠵᠢ ᠪᠡᠶᠡᠯᠡᠭᠦᠯᠵᠦ ᠪᠠᠢ᠌ᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠬᠦᠴᠦᠨ᠎ᠢ ᠡᠮᠬᠢᠯᠡᠨ ᠨᠡᠢ᠌ᠯᠡᠭᠦᠯᠵᠦ᠂ ᠬᠡᠪᠢᠭᠴᠢ ᠠᠮᠢᠲᠠᠨ᠎ᠤ ᠰᠢᠮ᠎ᠡ ᠲᠡᠵᠢᠭᠡᠯ᠎ᠤᠨ ᠰᠤᠳᠤᠯᠭ᠋ᠠᠨ᠎ᠤ ᠲᠤᠰᠬᠠᠢ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠢ᠌ᠭᠤᠯᠤᠨ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠬᠤᠭᠤᠴᠠᠭ᠋ᠠᠨ᠎ᠳᠠᠬᠢ ᠦᠬᠡᠷ ᠬᠣᠨᠢ ᠵᠢ ᠡᠷᠡᠭᠦᠯ ᠵᠶ᠋ᠡᠷ ᠲᠡᠵᠢᠭᠡᠨ ᠦᠷᠡᠵᠢᠭᠦᠯᠬᠦ᠂ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠲᠤᠰᠬᠠᠢ ᠰᠡᠳᠦᠪᠲᠦ ᠪᠣᠯᠪᠠᠰᠤᠷᠠᠯ᠎ᠢ ᠥᠷᠨᠢᠭᠦᠯᠵᠦ᠂ ᠦᠢ᠍ᠯᠡᠳᠪᠦᠷᠢᠯᠡᠯ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠳᠤ ᠰᠢᠭᠤᠳ ᠴᠢᠭᠯᠡᠭᠦᠯᠦᠨ᠂ ᠮᠠᠯᠴᠢᠳ᠎ᠤᠨ ᠶᠡᠷᠦᠩᠬᠡᠢ᠌ᠯᠡᠭᠰᠡᠨ ᠬᠡᠪ ᠪᠣᠯᠪᠠᠰᠤᠷᠠᠯ᠎ᠢ ᠳᠡᠭᠡᠭᠰᠢᠯᠡᠭᠦᠯᠪᠡ᠃

ᠲᠠᠪᠤ᠎ᠳᠤ ᠰᠢᠨ᠎ᠡ ᠵᠢ ᠡᠭᠦᠳᠬᠦ ᠵᠢ ᠠᠳᠬᠤᠪᠠ᠃ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳ᠋ᠠ ᠪᠧᠢ ᠨᠦᠩ ᠪᠦᠯᠦᠭᠯᠡᠯ ᠵᠡᠷᠭᠡ ᠪᠠᠢ᠌ᠭᠤᠯᠤᠮᠵᠢ᠎ᠲᠠᠢ ᠬᠣᠯᠪᠤᠭ᠋ᠠᠯᠠᠨ᠂ 《ᠨᠠᠮ᠎ᠤᠨ ᠭᠡᠰᠢᠭᠦᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠩᠨᠡᠭᠡ》 ᠵᠢ ᠬᠠᠮᠲᠤ᠎ᠪᠠᠷ ᠪᠠᠢ᠌ᠭᠤᠯᠵᠤ᠂ 《ᠬᠣᠨᠢᠨ᠎ᠤ ᠪᠡᠶ᠎ᠡ ᠵᠢᠨ ᠬᠡᠮᠵᠢᠶ᠎ᠡ ᠵᠢ ᠬᠡᠮᠵᠢᠨ ᠲᠣᠭᠲᠠᠭ᠋ᠠᠬᠤ ᠰᠢᠰᠲ᠋ᠧᠮ》 《ᠬᠣᠶᠠᠷ ᠵᠢᠯ ᠭᠤᠷᠪᠠ ᠲᠦᠯᠯᠡᠬᠦ》 ᠵᠡᠷᠭᠡ 3 ᠵᠦᠢ᠍ᠯ᠎ᠤᠨ ᠰᠢᠨ᠎ᠡ ᠮᠡᠷᠭᠡᠵᠢᠯ᠎ᠢ ᠦᠨᠳᠦᠰᠦᠨ ᠱᠠᠲᠤᠨ᠎ᠳᠤ ᠲᠤᠷᠰᠢᠨ ᠬᠡᠷᠡᠭᠯᠡᠬᠦ ᠵᠢ ᠠᠬᠢᠭᠤᠯᠪᠠ᠃
ᠡᠨᠡ ᠵᠢᠯ᠎ᠠᠴᠠ ᠨᠠᠭ᠋ᠠᠰᠢ᠂ ᠬᠠᠮᠲᠤᠷᠠᠭᠰᠠᠨ ᠦᠢ᠍ᠯᠡᠴᠢᠯᠡᠭᠡᠨ᠎ᠤ ᠠᠩᠭᠢ ᠮᠠᠯᠴᠢᠳ᠎ᠢ ᠨᠡᠶ᠋ᠢᠲᠡ 40 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ 13 ᠮᠡᠷᠭᠡᠵᠢᠯ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠰᠠᠭᠤᠷᠢᠨ ᠭᠠᠵᠠᠷ᠎ᠢ ᠲᠣᠭᠲᠠᠭ᠋ᠠᠵᠤ᠂ ᠵᠢᠱ᠌ᠢᠶ᠎ᠡ ᠦᠵᠡᠭᠦᠯᠬᠦ ᠡᠷᠦᠬᠡ ᠵᠢᠨ ᠵᠢᠯ ᠳᠤᠮᠳᠠᠴᠢ ᠵᠢᠨ ᠣᠷᠣᠯᠭ᠎ᠠ ᠵᠢ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠵᠢᠱ᠌ᠢᠵᠦ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠦᠢ᠍ᠯᠡᠴᠢᠯᠡᠭᠡᠨ᠎ᠤ ᠠᠩᠭᠢ ᠵᠢᠨ᠎ᠬᠢᠨ 《ᠮᠠᠯᠴᠢᠨ ᠲᠦᠮᠡᠨ᠎ᠤ ᠶᠠᠭᠤ ᠵᠢ ᠬᠠᠯᠠᠮᠵᠢᠯᠠᠵᠤ᠂ ᠶᠠᠭᠤ ᠬᠡᠷᠡᠭᠴᠡᠭᠡ᠎ᠲᠠᠢ ᠪᠣᠯ ᠶᠠᠭᠤ ᠵᠢ ᠤᠬᠠᠭᠤᠯᠵᠤ᠂ ᠶᠠᠭᠤ ᠵᠢ ᠬᠠᠩᠭ᠋ᠠᠵᠤ᠂ ᠶᠠᠭᠤ ᠵᠢ ᠰᠢᠢ᠍ᠳᠪᠦᠷᠢᠯᠡᠬᠦ》᠎ᠪᠠᠷ ᠤᠳᠤᠷᠢᠳᠤᠮᠵᠢ ᠪᠣᠯᠭ᠋ᠠᠵᠤ᠂ ᠲᠤᠰᠠᠲᠠᠢ ᠮᠡᠷᠭᠡᠵᠢᠯ ᠵᠶ᠋ᠡᠷ ᠮᠠᠯᠴᠢᠨ ᠲᠦᠮᠡᠨ᠎ᠳᠤ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠪᠣᠳᠠᠲᠠᠢ ᠠᠰᠢᠭ ᠬᠦᠷᠲᠡᠭᠡᠵᠦ᠂ ᠮᠠᠯᠴᠢᠳ᠎ᠢ ᠨᠠᠩ ᠪᠠᠶᠠᠨ ᠴᠢᠨᠡᠭᠡᠯᠢᠭ᠂ ᠲᠠᠯ᠎ᠠ ᠨᠤᠲᠤᠭ᠎ᠢ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ᠎ᠠ᠃