ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠭᠤᠷᠪᠠ᠎ᠳᠤ ᠬᠦᠷᠬᠦ》᠎ᠪᠠᠷ ᠬᠠᠪᠤᠷ᠎ᠤᠨ ᠲᠠᠷᠢᠶᠠᠯᠠᠭ᠎ᠠ᠎ᠳᠤ ᠬᠦᠴᠦᠨ ᠨᠡᠮᠡᠷᠢᠯᠡᠵᠦ 《ᠭᠤᠷᠪᠠ ᠵᠢ ᠬᠦᠷᠭᠡᠬᠦ》᠎ᠪᠠᠷ ᠬᠠᠮᠲᠤᠪᠠᠷ ᠬᠦᠴᠦᠯᠡᠮᠦᠢ—ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠢ ᠡᠷᠴᠢᠮᠳᠡᠢ ᠶᠠᠪᠤᠭᠳᠠᠭᠤᠯᠵᠤ ᠪᠤᠢ
ᠨᠡᠶ᠋ᠢᠲᠡᠯᠡᠭᠰᠡᠨ ᠴᠠᠭ᠄ 2025-04-11

      ᠬᠠᠪᠤᠷ᠎ᠤᠨ  ᠤᠷᠢᠬᠠᠨ  ᠰᠠᠯᠬᠢ ᠲᠦᠮᠡᠨ ᠪᠠᠢ᠌ᠳᠠᠯ᠎ᠢ  ᠰᠢᠨᠡᠳᠭᠡᠵᠦ᠂ ᠰᠢᠨᠵᠢᠯᠡᠬᠦ  ᠤᠬᠠᠭ᠋ᠠᠨ  ᠲᠸᠭᠨᠢᠭ  ᠮᠡᠷᠭᠡᠵᠢᠯ  ᠵᠶ᠋ᠡᠷ ᠲᠠᠷᠢᠶᠠᠯᠠᠩ᠎ᠢ ᠲᠤᠰᠠᠯᠠᠬᠤ  ᠠᠵᠢᠯ ᠡᠷᠴᠢᠮᠳᠡᠢ ᠶᠠᠪᠤᠭᠳᠠᠨᠠᠮ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ 《ᠨᠠᠮ᠎ᠤᠨ ᠠᠴᠢ᠎ᠳᠤ  ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》ᠵᠢᠨ  ᠠᠵᠢᠯᠯᠠᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢᠨ ᠲᠥᠯᠥᠭᠡ᠂ 4 ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠷᠠᠳᠢᠣ᠋ ᠲᠧᠯᠸᠢᠰ᠎ᠤᠨ ᠰᠤᠷᠭ᠋ᠠᠭᠤᠯᠢ᠎ᠠᠴᠠ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠲᠠᠷᠢᠮᠠᠯ᠎ᠤᠨ ᠦᠢ᠍ᠯᠡᠰ᠎ᠤᠨ ᠭᠠᠵᠠᠷ᠂ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠪᠠ ᠨᠡᠢ᠌ᠭᠡᠮ᠎ᠤᠨ ᠦᠢ᠍ᠯᠡᠰ᠎ᠢ ᠠᠬᠢᠭᠤᠯᠬᠤ ᠭᠠᠵᠠᠷ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠭᠠᠵᠠᠷ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠭᠠᠵᠠᠷ᠂ ᠤᠷᠭᠤᠮᠠᠯ᠎ᠤᠨ ᠬᠠᠮᠠᠭ᠋ᠠᠯᠠᠯᠲᠠ  ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ᠂ ᠠᠮᠢ ᠠᠬᠤᠢ ᠵᠢᠨ ᠲᠥᠪ ᠵᠢᠴᠢ ᠯᠢᠶᠡᠩᠴᠧᠩ ᠰᠢᠶᠠᠨ᠎ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢᠨ ᠲᠥᠪ᠂ ᠯᠢᠶᠡᠩᠴᠧᠩ ᠰᠢᠶᠠᠨ᠎ᠤ ᠲᠠᠷᠢᠶᠠᠯᠠᠩ᠎ᠤᠨ ᠷᠠᠳᠢᠣ᠋ ᠲᠧᠯᠸᠢᠰ᠎ᠤᠨ ᠰᠤᠷᠭ᠋ᠠᠭᠤᠯᠢ᠎ᠲᠠᠢ ᠬᠠᠮᠲᠤᠷᠠᠨ᠂ ᠯᠢᠶᠡᠩᠴᠧᠩ ᠰᠢᠶᠠᠨ᠎ᠤ ᠬᠤᠩ ᠮᠣᠣ ᠪᠠᠯᠭ᠋ᠠᠰᠤᠨ᠎ᠳᠤ 《〈1257〉 ᠵᠢᠨ  ᠠᠵᠢᠯᠯᠠᠭ᠎ᠠ—ᠨᠠᠮ᠎ᠤᠨ ᠪᠠᠢ᠌ᠭᠤᠯᠤᠯᠲᠠ  ᠬᠦᠲᠦᠯᠤᠨ ᠳᠠᠭ᠋ᠠᠭᠤᠯᠬᠤ᠂  ᠲᠥᠷᠥ ᠵᠢᠨ ᠪᠣᠳᠣᠯᠭ᠎ᠠ ᠬᠦᠷᠭᠡᠬᠦ᠂ ᠮᠡᠷᠭᠡᠵᠢᠯ ᠬᠦᠷᠭᠡᠬᠦ᠂ ᠦᠢ᠍ᠯᠡᠴᠢᠯᠡᠭᠡ ᠬᠦᠷᠭᠡᠬᠦ᠂  ᠬᠥᠳᠡᠭᠡ ᠲᠣᠰᠬᠤᠨ᠎ᠳᠤ  ᠬᠦᠷᠬᠦ᠂ ᠲᠠᠷᠢᠶᠠᠴᠢᠨ ᠡᠷᠦᠬᠡ᠎ᠳᠤ ᠬᠦᠷᠬᠦ᠂ ᠲᠠᠷᠢᠶᠠᠨ ᠭᠠᠵᠠᠷ᠎ᠲᠤ ᠬᠦᠷᠬᠦ (ᠭᠤᠷᠪᠠ ᠵᠢ ᠬᠦᠷᠭᠡᠵᠦ  ᠭᠤᠷᠪᠠ᠎ᠳᠤ  ᠬᠦᠷᠬᠦ)》  ᠭᠣᠣᠯ ᠰᠡᠳᠦᠪᠲᠦ ᠨᠠᠮ᠎ᠤᠨ  ᠡᠳᠦᠷᠯᠢᠭ᠎ᠤᠨ ᠠᠵᠢᠯᠯᠠᠭ᠎ᠠ ᠵᠢ ᠰᠢᠨ᠎ᠡ᠎ᠪᠠᠷ  ᠡᠭᠦᠳᠦᠨ ᠦᠷᠨᠢᠭᠦᠯᠬᠦ ᠵᠢᠨ ᠬᠠᠮᠳᠤ  《ᠮᠸᠩ ᠨᠤᠩ ᠴᠦᠸᠠᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ 110》 ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ᠃  ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ᠂ ᠮᠡᠷᠭᠡᠵᠢᠯ᠎ᠢ ᠳᠣᠷᠣᠭᠰᠢ ᠬᠦᠷᠭᠡᠬᠦ᠂ ᠦᠢ᠍ᠯᠡᠴᠢᠯᠡᠭᠡ ᠵᠢ ᠲᠣᠰᠬᠤᠨ᠎ᠳᠤ ᠬᠦᠷᠭᠡᠬᠦ᠎ᠪᠠᠷ ᠳᠠᠮᠵᠢᠭᠤᠯᠤᠨ ᠮᠠᠯᠴᠢᠨ ᠲᠠᠷᠢᠶᠠᠴᠢᠨ᠎ᠤ ᠬᠦᠴᠢᠷ ᠵᠣᠪᠠᠭᠤᠷᠢ ᠵᠢ ᠦᠨᠡᠨ ᠬᠦ᠌ ᠰᠢᠢ᠍ᠳᠪᠦᠷᠢᠯᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ 《ᠨᠠᠮ᠎ᠤᠨ ᠪᠠᠢ᠌ᠭᠤᠯᠤᠯᠲᠠ ᠵᠢᠨ ᠤᠯᠠᠭ᠋ᠠᠨ》 ᠵᠶ᠋ᠠᠷ 《ᠬᠠᠪᠤᠷ᠎ᠤᠨ ᠲᠠᠷᠢᠶᠠᠯᠠᠭ᠎ᠠ ᠵᠢᠨ ᠨᠣᠭᠣᠭ᠋ᠠᠷᠠᠭᠤᠯᠤᠯᠲᠠ》 ᠵᠢ ᠬᠥᠲᠥᠯᠥᠨ ᠳᠠᠭ᠋ᠠᠭᠤᠯᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ 《ᠰᠠᠢ᠌ᠨ ᠡᠬᠢᠯᠡᠯᠲᠡ》 ᠵᠢ ᠴᠢᠷᠮᠠᠢ᠌ᠨ ᠲᠡᠮᠡᠴᠡᠨ ᠣᠯᠪᠠ᠃

 

1.png

 

       ᠲᠣᠰ ᠤᠳᠠᠭ᠋ᠠᠨ᠎ᠤ ᠠᠵᠢᠯᠯᠠᠭ᠎ᠠ᠎ᠨᠢ ᠮᠠᠯᠴᠢᠨ ᠲᠠᠷᠢᠶᠠᠴᠢᠨ᠎ᠤ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ ᠵᠶ᠋ᠠᠷ ᠵᠣᠭᠰᠣᠴᠠ ᠪᠣᠯᠭ᠋ᠠᠵᠤ᠂ 《ᠭᠤᠷᠪᠠ ᠵᠢ ᠬᠦᠷᠭᠡᠵᠦ  ᠭᠤᠷᠪᠠ᠎ᠳᠤ  ᠬᠦᠷᠬᠦ》 ᠦᠢ᠍ᠯᠡᠴᠢᠯᠡᠭᠡ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ ᠵᠢᠴᠢ ᠲᠤᠬᠠᠢ ᠵᠢᠨ ᠭᠠᠵᠠᠷ᠎ᠤᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠨ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ᠂ ᠮᠡᠷᠭᠡᠵᠢᠯ᠎ᠤᠨ ᠭᠣᠣᠯᠯᠠᠭᠴᠢ ᠬᠦᠴᠦᠨ ᠵᠡᠷᠭᠡ ᠠᠷᠪᠠ ᠭᠠᠷᠤᠢ ᠬᠥᠮᠥᠨ ᠵᠶ᠋ᠠᠷ ᠪᠦᠷᠢᠯᠳᠦᠭᠰᠡᠨ ᠦᠢ᠍ᠯᠡᠴᠢᠯᠡᠭᠡᠨ᠎ᠤ ᠪᠦᠯᠬᠦᠮ᠎ᠤᠨ ᠎ᠬᠢᠨ  ᠯᠢᠶᠡᠩᠴᠧᠩ ᠰᠢᠶᠠᠨ᠎ᠤ ᠬᠤᠩ ᠮᠣᠣ ᠪᠠᠯᠭ᠋ᠠᠰᠤᠨ᠎ᠤ ᠲᠠᠷᠢᠶᠠᠨ ᠭᠠᠵᠠᠷ᠎ᠲᠤ ᠭᠦᠨᠵᠡᠭᠡᠢ᠌ᠷᠡᠨ ᠮᠠᠯᠴᠢᠨ ᠲᠠᠷᠢᠶᠠᠴᠢᠨ᠎ᠳᠤ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠬᠤ᠂ ᠮᠡᠷᠭᠡᠵᠢᠯ᠎ᠢ  ᠤᠬᠠᠭᠤᠯᠤᠨ ᠲᠠᠢ᠌ᠯᠪᠤᠷᠢᠯᠠᠬᠤ᠂ ᠬᠡᠷᠡᠭᠴᠡᠭᠡ ᠱᠠᠭ᠋ᠠᠷᠳᠠᠯᠭ᠎ᠠ ᠵᠢ ᠵᠣᠯᠭ᠋ᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ᠎ᠤᠨ ᠳᠤᠮᠳᠠ ᠲᠤᠯᠭ᠋ᠠᠷᠠᠭᠰᠠᠨ ᠪᠣᠳᠠᠲᠠᠢ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠲᠠᠷᠢᠶᠠᠯᠠᠩ ᠮᠠᠯ ᠠᠵᠤ ᠠᠬᠤᠢ ᠵᠢᠨ ᠦᠷ᠎ᠡ ᠠᠰᠢᠭ᠎ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ ᠵᠢ ᠠᠬᠢᠭᠤᠯᠪᠠ᠃

 

2.png

 

      ᠨᠢᠭᠡ᠎ᠳᠤ ᠲᠥᠷᠥ ᠵᠢᠨ ᠪᠣᠳᠣᠯᠭ᠎ᠠ ᠬᠦᠷᠭᠡᠪᠡ᠃ ᠪᠦᠯᠬᠦᠮ ᠨᠡᠶ᠋ᠢᠲᠡ ᠵᠢᠨ ᠡᠯ᠎ᠡ ᠪᠦᠷᠢᠯᠳᠦᠭᠦᠨ ᠨᠠᠷ ᠲᠠᠷᠢᠶᠠᠴᠢᠨ ᠡᠷᠦᠬᠡ᠎ᠳᠤ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠨ ᠥᠭᠴᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠡᠮᠬᠢᠳᠬᠡᠯ》᠂ 《ᠲᠠᠷᠢᠶᠠᠴᠢᠨ᠎ᠤ ᠲᠤᠰᠬᠠᠢ ᠠᠵᠢᠯ᠎ᠤᠨ ᠬᠤᠷᠰᠢᠶ᠎ᠠ ᠵᠢᠨ ᠬᠠᠤᠯᠢ ᠴᠠᠭ᠋ᠠᠵᠠ ᠵᠢᠨ ᠳᠦᠷᠢᠮ᠎ᠤᠨ ᠡᠮᠬᠢᠳᠬᠡᠯ》 ᠵᠡᠷᠭᠡ 8 ᠲᠥᠷᠥᠯ᠎ᠤᠨ ᠬᠡᠷᠡᠭᠯᠡᠭᠡᠨ᠎ᠤ ᠭᠠᠷ ᠳᠡᠪᠲᠡᠷ᠎ᠢ ᠲᠤᠬᠠᠢ ᠵᠢᠨ ᠲᠠᠯᠠᠪᠠᠶ᠎ᠳᠤ ᠲᠠᠷᠬᠠᠭ᠋ᠠᠵᠤ᠂ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠲᠠᠷᠢᠶᠠᠨ ᠭᠠᠵᠠᠷ᠎ᠲᠤ ᠬᠦᠷᠭᠡᠵᠦ᠂ ᠲᠥᠷᠥ ᠵᠢᠨ ᠪᠣᠳᠣᠯᠭ᠎ᠠ ᠵᠢ ᠮᠡᠳᠡᠬᠦ ᠨᠣᠷᠮ᠎ᠠ ᠵᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ᠎ᠢ ᠬᠠᠪᠰᠤᠷᠤᠨ ᠲᠥᠷᠥ ᠵᠢᠨ ᠪᠣᠳᠣᠯᠭ᠎ᠠ ᠵᠢᠨ ᠠᠪᠴᠢᠷᠠᠭᠰᠠᠨ ᠪᠣᠳᠠᠲᠤ ᠠᠰᠢᠭ ᠲᠤᠰᠠ ᠵᠢ ᠨᠠᠩ ᠰᠠᠢ᠌ᠲᠤᠷ ᠡᠳ᠋ᠯᠡᠭᠦᠯᠪᠡ᠃

      ᠬᠣᠶᠠᠷ᠎ᠲᠤ ᠮᠡᠷᠭᠡᠵᠢᠯ  ᠬᠦᠷᠭᠡᠪᠡ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠭᠠᠵᠠᠷ᠎ᠤᠨ ᠮᠡᠷᠭᠡᠵᠢᠯ᠎ᠤᠨ ᠭᠣᠣᠯᠯᠠᠭᠴᠢ ᠬᠦᠴᠦᠨ ᠾᠧ ᠫᠧᠩ ᠴᠧᠩ᠎ᠠᠴᠠ  ᠬᠠᠪᠤᠷ᠎ᠤᠨ ᠲᠠᠷᠢᠶᠠᠯᠠᠭ᠎ᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠤᠬᠠᠢ ᠵᠢᠨ ᠲᠠᠯᠠᠪᠤᠷ᠎ᠲᠤ ᠰᠦᠯᠢᠶᠥᠦ ᠪᠦᠷᠬᠦᠪᠴᠢ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠬᠦ ᠪᠠ ᠡᠭᠡᠭᠦᠯᠦᠨ ᠬᠤᠷᠢᠶᠠᠬᠤ ᠮᠡᠷᠭᠡᠵᠢᠯ᠎ᠢ  ᠵᠢᠱ᠌ᠢᠶ᠎ᠡ ᠦᠵᠡᠭᠦᠯᠬᠦ ᠵᠢᠨ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》᠎ᠤᠨ ᠤᠬᠠᠭᠤᠯᠭ᠎ᠠ ᠵᠢᠨ ᠡᠯᠭᠦᠭᠡ ᠵᠢᠷᠤᠭ᠎ᠢ ᠲᠠᠷᠬᠠᠭ᠋ᠠᠵᠤ᠂ ᠮᠠᠯᠴᠢᠨ ᠲᠠᠷᠢᠶᠠᠴᠢᠨ᠎ᠳᠤ  ᠰᠦᠯᠢᠶᠥᠦ ᠪᠦᠷᠬᠦᠪᠴᠢ ᠵᠢ ᠵᠥᠪ ᠵᠶ᠋ᠠᠷ ᠰᠣᠩᠭᠣᠬᠤ᠂ ᠰᠢᠨᠵᠢᠯᠡᠬᠦ ᠤᠬᠠᠭ᠋ᠠᠨᠴᠢ᠎ᠪᠠᠷ  ᠬᠡᠷᠡᠭᠯᠡᠬᠦ᠂ ᠴᠠᠭ ᠲᠤᠬᠠᠢ᠎ᠳᠤᠨᠢ  ᠬᠤᠷᠢᠶᠠᠬᠤ᠂ ᠣᠯᠠᠨ ᠡᠬᠢᠲᠦ ᠪᠣᠬᠢᠷᠲᠤᠯ᠎ᠢ ᠪᠠᠭ᠋ᠠᠰᠬᠠᠨ᠂ ᠲᠠᠷᠢᠶᠠᠨ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠲᠤᠪᠠᠷ  ᠬᠠᠮᠠᠭ᠋ᠠᠯᠠᠬᠤ ᠵᠢ ᠬᠦᠲᠦᠯᠦᠨ ᠵᠢᠯᠤᠭᠤᠳᠪᠠ᠃ ᠤᠷᠭᠤᠮᠠᠯ᠎ᠤᠨ  ᠬᠠᠮᠠᠭ᠋ᠠᠯᠠᠯᠲᠠ  ᠤᠷᠭᠤᠮᠠᠯ᠎ᠤᠨ  ᠪᠠᠢ᠌ᠴᠠᠭ᠋ᠠᠯᠲᠠ ᠵᠢᠨ ᠲᠥᠪ᠎ᠤᠨ ᠲᠤᠰᠬᠠᠢ ᠮᠡᠷᠭᠡᠵᠢᠯᠲᠡᠨ ᠯᠦ᠍ ᠪᠧᠢ᠎ᠠᠴᠠ  ᠲᠠᠷᠢᠶᠠᠨ ᠡᠮ᠎ᠤᠨ ᠨᠡᠷᠡᠰ᠎ᠢ ᠨᠠᠷᠢᠨ ᠲᠠᠢ᠌ᠯᠪᠤᠷᠢᠯᠠᠵᠤ᠂ ᠬᠣᠣᠷ ᠶᠡᠬᠡᠲᠡᠢ᠂ ᠦᠯᠡᠳᠡᠭᠳᠡᠯ ᠶᠡᠬᠡᠲᠡᠢ ᠲᠠᠷᠢᠶᠠᠨ ᠡᠮ ᠬᠡᠷᠡᠭᠯᠡᠬᠦ ᠵᠢ ᠴᠠᠭ᠋ᠠᠵᠠᠯᠠᠬᠤ ᠪᠠ ᠣᠨᠴᠠ ᠲᠣᠭᠲᠠᠭᠰᠠᠨ ᠲᠠᠷᠢᠮᠠᠯ᠎ᠳᠤ  ᠬᠡᠷᠡᠭᠯᠡᠬᠦ ᠵᠢ ᠬᠢᠵᠠᠭ᠋ᠠᠷᠯᠠᠬᠤ ᠬᠡᠰᠡᠭ ᠲᠠᠷᠢᠶᠠᠨ ᠡᠮ᠎ᠢ  ᠪᠠᠭᠲᠠᠭ᠋ᠠᠪᠠ᠃ ᠲᠠᠷᠢᠶᠠᠴᠢᠨ ᠡᠷᠦᠬᠡ᠎ᠳᠤ  ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢ 2 - 3 ᠤᠳᠠᠭ᠎ᠠ ᠤᠬᠢᠶᠠᠵᠤ ᠴᠡᠪᠡᠷᠯᠡᠭᠰᠡᠨ᠎ᠤ ᠳᠠᠷᠠᠭ᠎ᠠ ᠴᠡᠭ ᠲᠣᠭᠲᠠᠭ᠋ᠠᠨ ᠬᠣᠷᠢᠶᠠᠨ ᠠᠪᠴᠤ᠂ ᠣᠷᠴᠢᠨ ᠲᠣᠭᠣᠷᠢᠨ᠎ᠢ ᠪᠣᠬᠢᠷᠲᠤᠭᠤᠯᠬᠤ᠎ᠠᠴᠠ  ᠵᠠᠢ᠌ᠯᠠᠰᠬᠢᠬᠤ ᠵᠢ ᠵᠢᠯᠤᠭᠤᠳᠪᠠ᠃ ᠲᠠᠷᠢᠶᠠᠨ ᠡᠮ᠎ᠤᠨ ᠠᠮᠤᠷ ᠲᠦᠪᠰᠢᠨ᠎ᠤ ᠲᠤᠰᠠᠭ᠋ᠠᠷᠯᠠᠬᠤ ᠬᠤᠭᠤᠴᠠᠭ᠋ᠠᠨ᠎ᠤ ᠬᠠᠮᠢᠶᠠᠷᠤᠯᠲᠠ ᠵᠢ ᠭᠣᠣᠯᠳᠠᠯᠭ᠎ᠠ᠎ᠲᠠᠢ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨᠴᠢ᠎ᠪᠠᠷ ᠡᠮ ᠬᠡᠷᠡᠭᠯᠡᠬᠦ ᠵᠢ ᠱᠠᠭ᠋ᠠᠷᠳᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠲᠠᠷᠢᠶᠠᠨ ᠡᠮ᠎ᠤᠨ ᠦᠯᠡᠳᠡᠭᠳᠡᠯ᠎ᠢ ᠪᠠᠢ᠌ᠴᠠᠭ᠋ᠠᠨ ᠬᠡᠮᠵᠢᠵᠦ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨᠬᠦ ᠪᠠᠲᠤᠯᠠᠵᠤ᠂ ᠢᠳᠡᠭᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠠᠶ᠋ᠢᠭᠤᠯᠬᠤ ᠵᠢ  ᠭᠣᠣᠯᠯᠠᠨ  ᠱᠠᠭ᠋ᠠᠷᠳᠠᠪᠠ᠃

      ᠭᠤᠷᠪᠠ᠎ᠳᠤ ᠦᠢ᠍ᠯᠡᠴᠢᠯᠡᠭᠡ  ᠬᠦᠷᠭᠡᠪᠡ᠃ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠳ ᠎ᠲᠠᠢ  ᠲᠣᠭᠣᠷᠢᠨ ᠰᠠᠭᠤᠵᠤ ᠴᠢᠯᠦᠭᠡᠲᠡᠢ ᠶᠠᠷᠢᠯᠴᠠᠵᠤ᠂ ᠮᠥᠷᠳᠡᠨ ᠰᠤᠷᠪᠤᠯᠵᠢᠯᠠᠬᠤ ᠦᠢ᠍ᠯᠡᠴᠢᠯᠡᠭᠡ  ᠦᠷᠨᠢᠭᠦᠯᠪᠡ᠃ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠤ ᠬᠥᠮᠥᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ ᠪᠠᠢ᠌ᠴᠠᠭ᠋ᠠᠯᠲᠠ ᠥᠷᠨᠢᠭᠦᠯᠵᠦ᠂ ᠮᠠᠯᠴᠢᠨ ᠲᠠᠷᠢᠶᠠᠴᠢᠨ᠎ᠤ ᠪᠣᠯᠪᠠᠰᠤᠷᠠᠯ᠎ᠤᠨ ᠲᠠᠯ᠎ᠠ᠎ᠪᠠᠷ᠎ᠬᠢ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠣᠨᠣᠪᠴᠢᠲᠠᠶ ᠡᠵᠡᠮᠰᠢᠵᠦ᠂ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠤ ᠰᠤᠷᠴᠤ ᠬᠡᠷᠡᠭᠯᠡᠬᠦ ᠨᠡᠪᠲᠡᠷᠡᠭᠦᠯᠬᠦ ᠶᠡᠷᠦᠩᠬᠡᠢ᠌ᠯᠡᠭᠰᠡᠨ ᠲᠤᠷᠰᠢᠯᠲᠠ ᠵᠢᠨ ᠠᠵᠢᠯ᠎ᠲᠠᠢ ᠤᠶᠠᠯᠳᠤᠭᠤᠯᠤᠨ᠂ ᠬᠣᠢ᠌ᠰᠢᠳᠠ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠴᠢᠨᠠᠷ ᠰᠠᠢ᠌ᠲᠠᠢ ᠪᠣᠯᠪᠠᠰᠤᠷᠠᠯ᠎ᠤᠨ ᠦᠢ᠍ᠯᠡᠴᠢᠯᠡᠭᠡ ᠬᠠᠩᠭ᠋ᠠᠬᠤ᠎ᠳᠤ ᠰᠠᠭᠤᠷᠢ ᠲᠠᠯᠪᠢᠵᠤ  ᠦᠭᠭᠦᠭᠰᠡᠨ ᠪᠠᠢ᠌ᠨ᠎ᠠ᠃


3.png


      ᠠᠵᠢᠯᠯᠠᠭ᠎ᠠ ᠵᠢᠨ ᠡᠴᠦᠰ᠎ᠲᠤ  ᠪᠥᠬᠦ ᠬᠥᠮᠥᠰ  ᠰᠦᠢ ᠮᠸᠩ  ᠳᠤᠷᠠᠰᠬᠠᠯ᠎ᠤᠨ ᠬᠦᠷᠢᠶᠡᠯᠡᠩ᠎ᠤᠨ ᠬᠤᠪᠢᠰᠬᠠᠯ᠎ᠤᠨ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ ᠨᠠᠮ᠎ᠤᠨ  ᠡᠳᠦᠷᠯᠢᠭ᠎ᠤᠨ ᠠᠵᠢᠯᠯᠠᠭ᠎ᠠ ᠥᠷᠨᠢᠭᠦᠯᠵᠦ᠂ ᠬᠤᠪᠢᠰᠬᠠᠯ᠎ᠤᠨ ᠲᠡᠮᠡᠴᠡᠯ᠎ᠤᠨ ᠪᠡᠷᠬᠡ ᠬᠠᠲᠠᠭᠤᠵᠢᠯᠲᠠᠢ ᠥᠩᠭᠡᠷᠡᠯᠲᠡ ᠪᠠ ᠦᠷᠡᠭᠳᠡᠭᠰᠡᠨ ᠪᠠᠭ᠋ᠠᠲᠤᠷᠴᠤᠳ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠭᠦᠨᠵᠡᠭᠡᠢ ᠣᠢ᠌ᠯᠠᠭ᠋ᠠᠵᠤ᠂ ᠬᠤᠪᠢᠰᠬᠠᠯ᠎ᠤᠨ ᠲᠡᠦᠬᠡ ᠵᠢ ᠳᠠᠬᠢᠨ ᠡᠷᠭᠢᠴᠡᠭᠦᠯᠬᠦ᠂ ᠬᠤᠪᠢᠰᠬᠠᠯ᠎ᠤᠨ ᠵᠣᠷᠢᠭ ᠰᠠᠨᠠᠭ᠎ᠠ ᠵᠢ ᠣᠢ᠌ᠯᠠᠭ᠋ᠠᠬᠤ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠤᠨ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠬᠤ ᠵᠢ ᠤᠯᠠᠮ ᠨᠢᠭᠡ ᠠᠯᠬᠤᠮ ᠬᠥᠲᠥᠯᠥᠨ ᠵᠢᠯᠤᠭᠣᠳᠴᠤ᠂ ᠬᠤᠪᠢᠰᠬᠠᠯ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ 《ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠡᠭᠦᠷᠭᠡ ᠬᠠᠷᠢᠭᠤᠴᠠᠯᠭ᠎ᠠ ᠵᠢ ᠪᠠᠲᠤ ᠴᠡᠭᠡᠵᠢᠯᠡᠪᠡ᠃ ᠠᠵᠢᠯᠯᠠᠭ᠎ᠠ᠎ᠳᠤ ᠣᠷᠣᠯᠴᠠᠭᠰᠠᠨ ᠨᠠᠮ᠎ᠤᠨ ᠭᠡᠰᠢᠭᠦᠨ ᠢᠯᠡᠷᠬᠡᠢ᠌ᠯᠡᠬᠦ᠎ᠳᠡᠭᠡᠨ᠂ ᠠᠵᠢᠯ᠎ᠤᠨ ᠪᠠᠢ᠌ᠷᠢ᠎ᠳᠠᠭᠠᠨ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠢ ᠵᠢᠨ ᠰᠢᠰᠲ᠋ᠧᠮ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠮᠡᠷᠭᠡᠵᠢᠯ᠎ᠢ ᠳᠡᠯᠭᠡᠷᠡᠭᠦᠯᠬᠦ ᠳᠤᠮᠳᠠᠬᠢ ᠬᠣᠯᠪᠣᠭ᠋ᠠᠰᠤ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ ᠭᠡᠵᠡᠢ᠃

      ᠠᠵᠢᠯᠯᠠᠭ᠎ᠠ ᠵᠢᠨ ᠤᠳᠠᠭ᠋ᠠᠨ ᠳᠠᠭ᠋ᠠᠭ᠋ᠠᠮᠠᠭ᠋ᠠᠢ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠷᠠᠳᠢᠣ᠋ ᠲᠧᠯᠸᠢᠰ᠎ᠤᠨ ᠰᠤᠷᠭ᠋ᠠᠭᠤᠯᠢ᠎ᠠᠴᠠ 《1 ᠰᠠᠷ᠎ᠠ ᠵᠢᠨ ᠳᠣᠲᠣᠷ᠎ᠠ ᠬᠠᠷᠢᠭᠤ ᠰᠤᠷᠪᠤᠯᠵᠢᠯᠠᠬᠤ》 ᠲᠣᠭᠲᠠᠴᠠ ᠵᠢ ᠪᠠᠢ᠌ᠭᠤᠯᠵᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠬᠢᠭᠡᠳ ᠮᠡᠷᠭᠡᠵᠢᠯ᠎ᠤᠨ ᠬᠡᠷᠡᠭᠯᠡᠯᠲᠡ ᠵᠢᠨ ᠪᠠᠢ᠌ᠳᠠᠯ᠎ᠢ ᠮᠥᠷᠳᠡᠬᠦ ᠵᠢᠨ ᠬᠠᠮᠲᠤ ᠨᠡᠢ᠌ᠲᠡᠯᠢᠭ ᠴᠢᠨᠠᠷᠲᠠᠢ ᠠᠰᠠᠭᠤᠳᠠᠯ᠎ᠳᠤ ᠴᠢᠭᠯᠡᠭᠦᠯᠦᠨ ᠰᠢᠢ᠍ᠳᠪᠦᠷᠢᠯᠡᠬᠦ ᠲᠥᠰᠥᠯ ᠲᠣᠭᠲᠠᠭ᠋ᠠᠨ᠎ᠠ᠃ ᠡᠭᠦᠨ᠎ᠤ ᠬᠠᠮᠲᠤ᠂ ᠵᠢᠯ᠎ᠤᠨ ᠳᠣᠲᠣᠷ᠎ᠠ 《ᠤᠮᠠᠷᠠᠲᠤ ᠬᠢᠯᠢ ᠵᠢᠨ ᠰᠢᠨ᠎ᠡ  ᠲᠠᠷᠢᠶᠠᠴᠢᠨ》᠎ᠢ ᠪᠣᠢ᠌ᠵᠢᠭᠤᠯᠬᠤ ᠨᠠᠷᠠᠲᠤ ᠲᠡᠮᠳᠡᠭᠲᠦ ᠵᠢ ᠭᠣᠣᠯᠳᠠᠯᠭ᠎ᠠ᠎ᠲᠠᠢ ᠪᠣᠶ ᠪᠣᠯᠭ᠋ᠠᠵᠤ᠂ ᠰᠢᠰᠲ᠋ᠧᠮ᠎ᠲᠠᠢ ᠪᠣᠯᠪᠠᠰᠤᠷᠠᠭᠤᠯᠬᠤ᠂ ᠮᠥᠷᠳᠡᠨ ᠵᠢᠯᠤᠭᠣᠳᠬᠤ᠎ᠪᠠᠷ ᠳᠠᠮᠵᠢᠭᠤᠯᠤᠨ᠂ ᠨᠢᠭᠡ ᠪᠦᠯᠦᠭ ᠮᠡᠷᠭᠡᠵᠢᠯ᠎ᠢ ᠮᠡᠳᠡᠬᠦ᠂ ᠡᠵᠡᠩᠨᠡᠬᠦ᠎ᠳᠡᠭᠡᠨ ᠴᠢᠳᠠᠮᠠᠭ᠋ᠠᠢ᠂ ᠬᠠᠮᠢᠶᠠᠷᠴᠤ ᠴᠢᠳᠠᠬᠤ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠬᠥᠮᠥᠵᠢᠭᠦᠯᠵᠦ᠂ 《ᠨᠢᠭᠡ ᠭᠣᠣᠯ ᠱᠤᠭᠤᠮ᠎ᠢ  ᠨᠡᠪᠲᠡᠷᠡᠭᠦᠯᠬᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ᠎ᠢ ᠨᠡᠭᠡᠭᠡᠵᠦ ᠳᠤᠮᠳᠠ ᠤᠷᠤᠰᠬᠠᠯ᠎ᠳᠤ ᠣᠷᠣᠬᠤ》 ᠳᠡᠭᠡᠷ᠎ᠡ ᠣᠶᠤᠨ ᠤᠬᠠᠭ᠋ᠠᠨ ᠬᠦᠴᠦᠨ ᠴᠢᠳᠠᠯ ᠵᠶ᠋ᠠᠨ ᠡᠷᠭᠦᠬᠦ᠎ᠪᠠᠷ ᠴᠢᠷᠮᠠᠢ᠌ᠵᠤ᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ᠎ᠳᠤ ᠪᠠᠲᠤ ᠪᠡᠬᠢ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            