ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠦᠢ᠍ᠯᠡᠴᠢᠯᠡᠭᠡ᠎ᠪᠠᠷ ᠬᠥᠭᠵᠢᠯᠲᠡ ᠵᠢ ᠠᠬᠢᠭᠤᠯᠤᠮᠤᠢ》—ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》 ᠵᠢᠨ ᠪᠠᠢ᠌ᠩᠭᠤᠵᠢᠭᠰᠠᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠨᠠᠢ᠍ᠮᠠ)
ᠨᠡᠶ᠋ᠢᠲᠡᠯᠡᠭᠰᠡᠨ ᠴᠠᠭ᠄ 2025-04-22

      【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ  ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠦᠷᠭᠡᠳᠭᠡᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ  ᠨᠠᠢ᠌ᠳᠠᠪᠤᠷᠢᠵᠢᠭᠤᠯᠵᠤ᠂  ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ  ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》  ᠵᠢᠨ  ᠪᠠᠢ᠌ᠩᠭᠤᠵᠢᠭᠰᠠᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠰᠤᠨᠤᠰᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ  ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃

 

图片1.png

 

      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》  ᠵᠢᠨ  ᠪᠠᠢ᠌ᠩᠭᠤᠵᠢᠭᠰᠠᠨ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ  ᠲᠤᠭᠤᠰᠢᠯᠠᠭᠤᠯᠵᠤ᠂ ᠲᠠᠷᠢᠶᠠᠯᠠᠩ᠎ᠳᠤ ᠬᠣᠯᠪᠣᠭᠳᠠᠬᠤ 1 ᠲᠦᠮᠡᠨ ᠠᠵᠤ ᠠᠬᠤᠢ᠌ᠯᠠᠯ᠎ᠤᠨ 《ᠡᠭᠦᠳᠡ᠎ᠪᠠᠨ ᠨᠡᠭᠡᠭᠡᠵᠦ ᠢᠳᠬᠠᠯ ᠠᠪᠬᠤ》 ᠠᠵᠢᠯ᠎ᠤᠨ ᠬᠠᠷᠠᠯᠲᠠ ᠵᠢ ᠨᠠᠷᠢᠨ ᠬᠢᠨᠠᠮᠠᠭ᠋ᠠᠢ  ᠨᠠᠢ᠌ᠳᠠᠪᠤᠷᠢᠵᠢᠭᠤᠯᠬᠤ ᠵᠢᠨ ᠲᠥᠯᠥᠭᠡ᠂ 4 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ ᠬᠠᠮᠢᠶ᠎ᠠ ᠪᠦᠬᠦᠢ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ  ᠭᠤᠸᠠᠩᠳᠦ᠋ᠩ  ᠮᠤᠵᠢ᠎ᠳᠤ ᠣᠴᠢᠭᠤᠯᠵᠤ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠢᠳᠡᠭᠡᠨ ᠵᠢᠴᠢ ᠨᠠᠢ᠌ᠷᠠᠯᠭ᠎ᠠ ᠵᠢᠨ ᠦᠵᠡᠰᠬᠦᠯᠡᠩ᠎ᠤᠨ ᠴᠤᠭᠯᠠᠭ᠋ᠠᠨ ᠵᠢᠴᠢ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ  ᠪᠡᠯᠡᠨ ᠵᠠᠭᠤᠰᠢ ᠵᠢᠨ ᠠᠵᠤ ᠦᠢ᠍ᠯᠡᠰ᠎ᠤᠨ ᠦᠵᠡᠰᠬᠦᠯᠡᠩ᠎ᠤᠨ  ᠠᠰᠢᠭᠲᠠᠢ ᠠᠵᠠ ᠳᠣᠬᠢᠶᠠᠯ᠎ᠳᠤ  ᠭᠣᠣᠯᠳᠠᠯᠭ᠎ᠠ᠎ᠲᠠᠢ ᠲᠥᠷᠥᠯ ᠵᠦᠢ᠍ᠯ ᠭᠤᠶᠤᠴᠢᠯᠠᠨ ᠮᠡᠳᠡᠭᠦᠯᠬᠦ᠂ ᠪᠡᠯᠡ ᠮᠥᠩᠭᠥ᠎ᠪᠠᠷ ᠲᠡᠳᠬᠦᠬᠦ᠂ ᠲᠥᠷᠥᠯ ᠵᠦᠢ᠍ᠯ ᠨᠥᠭᠡᠴᠡᠯᠡᠬᠦ ᠵᠡᠷᠭᠡ ᠠᠵᠤ ᠠᠬᠤᠢ᠌ᠯᠠᠯ᠎ᠤᠨ ᠠᠩᠬᠠᠷᠴᠤ ᠪᠠᠢ᠌ᠭ᠎ᠠ ᠠᠰᠠᠭᠤᠳᠠᠯ᠎ᠤᠨ ᠲᠣᠭᠣᠷᠢᠨ᠎ᠳᠤ᠂ ᠣᠷᠣᠨ᠎ᠤ ᠳᠣᠲᠣᠷ᠎ᠠ ᠭᠠᠳᠠᠨᠠᠬᠢ ᠦᠵᠡᠰᠬᠦᠯᠡᠩ᠎ᠳᠤ ᠣᠷᠣᠯᠴᠠᠬᠤ ᠠᠵᠤ ᠠᠬᠤᠢ᠌ᠯᠠᠯ ᠵᠢᠴᠢ ᠬᠤᠳᠠᠯᠳᠤᠨ ᠠᠪᠬᠤ ᠬᠤᠳᠠᠯᠳᠤᠭ᠋ᠠᠴᠢᠨ᠎ᠳᠤ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠡᠳ᠋ᠰᠢᠭᠦᠯᠦᠨ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠲᠣᠳᠣᠷᠬᠠᠢ  ᠬᠠᠭᠤᠳᠠᠰᠤ》 ᠵᠡᠷᠭᠡ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠵᠤ᠂ 《ᠨᠢᠭᠤᠷᠳᠠᠬᠤ》 ᠲᠥᠷᠥ ᠵᠢᠨ ᠪᠣᠳᠣᠯᠭ᠎ᠠ ᠵᠢᠨ ᠭᠣᠣᠯᠳᠠᠯᠭ᠎ᠠ ᠵᠢ ᠲᠠᠢ᠌ᠯᠪᠤᠷᠢᠯᠠᠨ᠂ 《ᠨᠢᠭᠡ᠎ᠳᠤ ᠨᠢᠭᠡ᠎ᠪᠠᠷ  ᠲᠠᠨᠢᠯᠴᠠᠭᠤᠯᠬᠤ》᠎ᠪᠠᠷ ᠤᠬᠠᠭᠤᠯᠤᠨ ᠲᠠᠢ᠌ᠯᠪᠤᠷᠢᠯᠠᠵᠤ᠂ 《ᠲᠣᠳᠣᠷᠬᠠᠢ  ᠬᠠᠭᠤᠳᠠᠰᠤ 》᠎ᠪᠠᠷ ᠬᠣᠯᠪᠣᠭ᠋ᠠᠰᠤ ᠪᠣᠯᠭ᠋ᠠᠨ᠂ ᠵᠠᠰᠠᠭ ᠠᠵᠤ ᠠᠬᠤᠢ᠌ᠯᠠᠯ᠎ᠤᠨ 《ᠬᠣᠯᠪᠣᠯᠳᠤᠭᠰᠠᠨ ᠬᠥᠭᠥᠷᠭᠡ》 ᠵᠢ  ᠪᠠᠢ᠌ᠭᠤᠯᠤᠭᠰᠠᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠠᠴᠠ 《ᠰᠢᠨᠵᠢᠯᠡᠬᠦ ᠤᠬᠠᠭ᠋ᠠᠨᠲᠠᠨ᠎ᠤ ᠠᠵᠤ ᠠᠬᠤᠢ᠌ᠯᠠᠯ᠎ᠤᠨ ᠠᠶᠠᠯᠠᠯ》 《ᠠᠵᠤ ᠠᠬᠤᠢ᠌ᠯᠠᠯᠲᠠᠨ᠎ᠤ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠠᠶᠠᠯᠠᠯ》 ᠵᠡᠷᠭᠡ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠠᠵᠤ ᠠᠬᠤᠢ᠌ᠯᠠᠯ᠎ᠤᠨ ᠬᠡᠷᠡᠭᠴᠡᠭᠡ ᠶᠣᠰᠣᠭ᠋ᠠᠷ ᠬᠠᠮᠲᠤᠷᠠᠯᠴᠠᠬᠤ ᠵᠢ ᠠᠬᠢᠭᠤᠯᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠥᠭᠵᠢᠯᠲᠡ᠎ᠳᠤ ᠦᠢ᠍ᠯᠡᠴᠢᠯᠡᠨ᠎ᠡ᠃

 

图片2.png

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            