ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠵᠤ ᠠᠵᠤ ᠠᠬᠤᠢ᠌ᠯᠠᠯ᠎ᠳᠤ ᠬᠦᠴᠦᠨ ᠨᠡᠮᠡᠷᠢᠯᠡᠬᠦ ᠠᠵᠢᠯᠯᠠᠭ᠎ᠠ》—ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠶᠢᠰᠦ)
ᠨᠡᠶ᠋ᠢᠲᠡᠯᠡᠭᠰᠡᠨ ᠴᠠᠭ᠄ 2025-04-24

      【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ  ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠦᠷᠭᠡᠳᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ  ᠲᠤᠭᠤᠰᠢᠯᠠᠭᠤᠯᠵᠤ᠂  ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ  ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤᠵᠢᠭᠰᠠᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ  ᠰᠣᠨᠤᠰᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ  ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃

      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤᠵᠢᠭᠰᠠᠨ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ  ᠲᠤᠭᠤᠰᠢᠯᠠᠭᠤᠯᠬᠤ ᠵᠢᠨ ᠲᠥᠯᠥᠭᠡ᠂ 4 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠥᠪᠥᠷ ᠮᠣᠩᠭᠣᠯ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠳᠡᠯᠭᠡᠨ ᠪᠣᠷᠣᠯᠠᠭᠤᠯᠬᠤ ᠲᠥᠪ᠎ᠲᠤ 《ᠦᠪᠦᠷ  ᠮᠣᠩᠭᠣᠯ᠎ᠤᠨ  ᠪᠦᠲᠦᠭᠡᠭᠳᠡᠬᠦᠨ᠎ᠢ  ᠦᠪᠦᠷ  ᠮᠣᠩᠭᠣᠯ᠎ᠲᠤ  ᠬᠡᠷᠡᠭᠯᠡᠭᠡᠨ• ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ》᠎ᠪᠠᠷ ᠭᠣᠣᠯ ᠰᠡᠳᠦᠪ ᠪᠣᠯᠭ᠋ᠠᠭᠰᠠᠨ ᠥᠪᠥᠷ ᠮᠣᠩᠭᠣᠯ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠮᠴᠢᠯᠡᠭᠡᠨ᠎ᠤ ᠪᠠᠢ᠌ᠭᠤᠯᠤᠮᠵᠢ ᠵᠢᠨ ᠲᠥᠯᠥᠭᠡᠯᠡᠭᠴᠢ ᠵᠠᠭᠤ ᠭᠠᠷᠤᠢ ᠬᠥᠮᠥᠨ ᠬᠤᠷᠠᠯ᠎ᠳᠤ ᠣᠷᠣᠯᠴᠠᠵᠠᠢ᠃


W020250423540475284007.png


      ᠲᠣᠰ ᠤᠳᠠᠭ᠎ᠠ ᠵᠢᠨ ᠠᠵᠢᠯᠯᠠᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ 20 ᠭᠠᠷᠤᠢ ᠡᠮᠴᠢᠯᠡᠭᠡᠨ᠎ᠤ ᠪᠠᠢ᠌ᠭᠤᠯᠤᠮᠵᠢ ᠵᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠬᠡᠯᠬᠢᠶᠡᠨ᠎ᠤ ᠠᠵᠤ ᠠᠬᠤᠢ᠌ᠯᠠᠯ᠎ᠲᠠᠢ  ᠨᠠᠷᠢᠯᠢᠭ  ᠵᠣᠯᠭ᠋ᠠᠭᠤᠯᠪᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ᠂ 10 ᠭᠠᠷᠤᠢ ᠵᠦᠢ᠍ᠯ᠎ᠤᠨ ᠠᠩᠬ᠎ᠠ ᠠᠯᠬᠤᠮ᠎ᠤᠨ ᠬᠠᠮᠲᠤᠷᠠᠯᠴᠠᠭ᠋ᠠᠨ᠎ᠤ ᠰᠠᠨᠠᠮᠵᠢ ᠲᠣᠬᠢᠷᠠᠯᠴᠠᠵᠤ᠂ ᠦᠬᠡᠷ ᠬᠣᠨᠢᠨ ᠮᠢᠬ᠎ᠠ ᠵᠢ ᠰᠢᠭᠤᠳ ᠬᠠᠩᠭ᠋ᠠᠬᠤ᠂ ᠴᠠᠭ᠋ᠠᠨ ᠢᠳᠡᠭᠡᠨ᠎ᠤ ᠢᠵᠢ ᠬᠣᠭᠣᠯᠠ ᠵᠠᠬᠢᠶᠠᠯᠠᠬᠤ᠂ ᠡᠯᠳᠡᠪ ᠠᠮᠤ ᠵᠢᠨ ᠪᠡᠯᠡᠭ᠎ᠤᠨ ᠬᠠᠢ᠌ᠷᠴᠠᠭ ᠬᠤᠳᠠᠯᠳᠤᠨ ᠠᠪᠬᠤ ᠵᠡᠷᠭᠡ ᠬᠦᠷᠢᠶ᠎ᠡ  ᠴᠠᠷᠠᠭ᠎ᠠ ᠵᠢ ᠬᠠᠮᠤᠷᠴᠤ᠂ ᠬᠡᠰᠡᠭ ᠡᠮᠴᠢᠯᠡᠭᠡᠨ᠎ᠤ ᠪᠠᠢ᠌ᠭᠤᠯᠤᠮᠵᠢ ᠲᠣᠰ ᠭᠠᠵᠠᠷ ᠣᠷᠣᠨ᠎ᠤ᠎ᠪᠠᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠬᠣᠭᠣᠯᠠᠨ ᠭᠡᠷ᠎ᠤᠨ ᠢᠳᠡᠭᠡᠨ᠎ᠤ ᠮᠠᠲ᠋ᠧᠷᠢᠶᠠᠯ ᠬᠤᠳᠠᠯᠳᠤᠨ ᠠᠪᠬᠤ  ᠭᠠᠷᠴᠠᠭᠯᠠᠯ᠎ᠳᠤ  ᠣᠷᠣᠭᠤᠯᠬᠤ᠎ᠪᠠᠷ ᠲᠥᠯᠥᠪᠯᠡᠵᠦ  ᠪᠠᠢ᠌ᠨ᠎ᠠ᠃ ᠲᠤᠰ ᠤᠳᠠᠭ᠎ᠠ ᠵᠢᠨ ᠲᠤᠰᠬᠠᠢ ᠲᠠᠯᠠᠪᠤᠷ᠎ᠤᠨ ᠵᠣᠯᠭ᠋ᠠᠭᠤᠯᠬᠤ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠭᠰᠡᠡ᠎ᠨᠢ ᠥᠪᠥᠷ ᠮᠣᠩᠭᠣᠯ᠎ᠤᠨ ᠡᠮ ᠡᠮᠨᠡᠯᠭᠡ ᠵᠢᠨ  ᠰᠢᠰᠲᠸᠮ  ᠪᠣᠯᠣᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠦᠨᠡᠨ ᠪᠣᠳᠠᠲᠠᠢ ᠠᠯᠬᠤᠮ᠎ᠢ ᠠᠯᠬᠤᠭᠰᠠᠨ᠎ᠢ ᠬᠠᠷᠠᠭᠤᠯᠵᠤ᠂ 《ᠬᠡᠷᠡᠭᠴᠡᠭᠡ᠎ᠪᠠᠷ ᠦᠢ᠍ᠯᠡᠳᠪᠦᠷᠢᠯᠡᠯ᠎ᠢ ᠠᠬᠢᠭᠤᠯᠬᠤ᠂ ᠪᠣᠷᠤᠯᠠᠭᠤᠯᠭ᠎ᠠ᠎ᠪᠠᠷ ᠲᠠᠷᠢᠶᠠᠯᠠᠩ᠎ᠢ ᠳᠠᠢ᠌ᠴᠢᠯᠠᠬᠤ》  ᠠᠮᠢᠳᠤᠯᠢᠭ ᠦᠢ᠍ᠯᠡᠳᠦᠯᠭᠡ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠡᠷᠡᠭᠦᠯ ᠢᠳᠡᠭᠡᠨ ᠤᠮᠳᠠᠭ᠋ᠠᠨ ᠪᠣᠯᠣᠨ ᠴᠢᠨᠠᠷ ᠰᠠᠢ᠌ᠲᠠᠢ ᠬᠠᠩᠭ᠋ᠠᠯᠭ᠎ᠠ ᠵᠢᠨ ᠬᠣᠣᠰ ᠴᠢᠭᠯᠡᠯ ᠵᠶ᠋ᠡᠷ ᠤᠷᠤᠭᠰᠢᠯᠠᠭᠰᠠᠨ ᠪᠠᠢ᠌ᠨ᠎ᠠ᠃

      ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠲᠤᠰᠬᠠᠢ ᠲᠠᠯᠠᠪᠠᠶ᠎ᠪᠠᠷ ᠵᠢᠱ᠌ᠢᠶ᠎ᠡ ᠦᠵᠡᠭᠦᠯᠵᠦ᠂ ᠪᠠᠢ᠌ᠭᠤᠯᠭ᠎ᠠ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ ᠵᠡᠷᠭᠡ ᠰᠢᠷᠢᠰ ᠵᠣᠯᠭ᠋ᠠᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠣᠷᠣᠨ᠎ᠤ ᠳᠣᠲᠣᠷᠠᠬᠢ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠭᠦᠨᠵᠡᠭᠡᠢ ᠠᠭᠤᠰᠤᠯᠴᠠᠬᠤ ᠵᠢ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠳᠤ ᠬᠦᠴᠦᠨ ᠨᠡᠮᠡᠷᠢᠯᠡᠨ᠎ᠡ᠃

 

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            