ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯ ᠶᠠᠭ ᠴᠠᠭ ᠦᠶ᠎ᠡ᠎ᠳᠡᠭᠡᠨ ᠲᠣᠬᠢᠷᠠᠪᠠ》—ᠨᠠᠮ᠎ᠤᠨ ᠠᠴᠢ ᠵᠢ ᠮᠡᠳᠡᠷᠡᠵᠦ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤ ᠵᠢᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠨᠢᠭᠡ)
ᠨᠡᠶ᠋ᠢᠲᠡᠯᠡᠭᠰᠡᠨ ᠴᠠᠭ᠄ 2025-03-18

      【ᠨᠠᠢ᠌ᠷᠠᠭᠤᠯᠤᠭᠴᠢ ᠵᠢᠨ ᠦᠭᠡ】 ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠣᠣᠯ ᠱᠤᠭᠤᠮ᠎ᠢ ᠪᠦᠬᠦ ᠲᠠᠯ᠎ᠠ᠎ᠪᠠᠷ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂  ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ  ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠪᠥᠬᠥ ᠣᠷᠣᠨ᠎ᠳᠤ ᠨᠠᠮ᠎ᠤᠨ ᠠᠴᠢ ᠵᠢ ᠮᠡᠳᠡᠷᠡᠵᠦ ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤ ᠵᠢᠨ  ᠠᠵᠢᠯᠯᠠᠭ᠎ᠠ ᠵᠢ ᠥᠷᠨᠢᠭᠦᠯᠪᠡ᠃

      2025 ᠣᠨ᠎ᠤ 3  ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠤᠯᠠᠭ᠋ᠠᠨᠬᠠᠳᠠ ᠬᠣᠲᠠ᠎ᠳᠤ ᠪᠥᠬᠥ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠤᠬᠠᠢ ᠵᠢᠨ ᠲᠠᠯᠠᠪᠤᠷ᠎ᠤᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ 12 ᠠᠢ᠌ᠮᠠᠭ ᠬᠣᠲᠠ ᠵᠢᠨ 50 ᠨᠡᠷᠡᠰ ᠲᠠᠷᠢᠶᠠᠯᠠᠩ ᠮᠠᠯ ᠠᠵᠤ ᠠᠬᠤᠢ ᠵᠢᠨ ᠺᠠᠳ᠋ᠷ ᠬᠤᠷᠠᠯ᠎ᠳᠤ ᠣᠷᠣᠯᠴᠠᠵᠤ᠂ ᠲᠤᠬᠠᠢ ᠵᠢᠨ ᠲᠠᠯᠠᠪᠤᠷ᠎ᠤᠨ 50 ᠨᠡᠷᠡᠰ ᠮᠠᠯᠴᠢᠨ ᠲᠠᠷᠢᠶᠠᠴᠢᠨ ᠲᠣᠭᠣᠷᠢᠨ ᠦᠵᠡᠬᠦ ᠠᠵᠢᠯᠯᠠᠭ᠎ᠠ᠎ᠳᠤ ᠣᠷᠣᠯᠴᠠᠵᠠᠢ᠃ ᠠᠵᠢᠯᠯᠠᠭ᠎ᠠ ᠵᠢᠨ ᠬᠤᠭᠤᠴᠠᠭ᠋ᠠᠨ᠎ᠳᠤ᠂ ᠭᠣᠣᠯᠯᠠᠨ ᠡᠷᠭᠢᠯᠡᠬᠦ ᠲᠠᠯ᠎ᠠ ᠎ᠠᠴᠠ ᠮᠠᠯᠴᠢᠨ ᠲᠠᠷᠢᠶᠠᠴᠢᠨ ᠺᠠᠳ᠋ᠷ᠂ ᠮᠠᠯᠴᠢᠨ ᠲᠠᠷᠢᠶᠠᠴᠢᠨ᠎ᠳᠤ ᠪᠥᠬᠥ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠠᠵᠢᠯᠯᠠᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ᠂ ᠤᠰᠤ ᠵᠢ ᠠᠷᠪᠢᠯᠠᠵᠤ ᠬᠡᠷᠡᠭᠯᠡᠬᠦ ᠳᠦᠷᠢᠮ᠂ ᠤᠰᠤ ᠵᠢ ᠠᠷᠪᠢᠯᠠᠵᠤ ᠬᠡᠷᠡᠭᠯᠡᠬᠦ ᠤᠬᠠᠭᠤᠯᠭ᠎ᠠ ᠵᠢᠨ ᠭᠠᠷ ᠳᠡᠪᠲᠡᠷ ᠵᠡᠷᠭᠡ ᠤᠬᠠᠭᠤᠯᠭ᠎ᠠ ᠵᠢᠨ ᠮᠠᠲ᠋ᠧᠷᠢᠶᠠᠯ᠎ᠢ 500 ᠬᠤᠪᠢ ᠲᠠᠷᠬᠠᠭ᠋ᠠᠵᠤ᠂ ᠰᠦᠯᠵᠢᠶᠡᠨ ᠳᠡᠭᠡᠷ᠎ᠡ ᠤᠬᠠᠭᠤᠯᠭ᠎ᠠ ᠵᠢᠨ ᠭᠠᠷ ᠳᠡᠪᠲᠡᠷ᠎ᠢ 300 ᠬᠤᠪᠢ ᠲᠠᠷᠬᠠᠭ᠋ᠠᠵᠤ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠤᠨ ᠦᠵᠡᠯ ᠰᠠᠨᠠᠭ᠎ᠠ᠎ᠪᠠᠨ ᠨᠢᠭᠡᠳᠬᠡᠨ᠂ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠬᠠᠮᠲᠤᠳᠬᠠᠵᠤ᠂ ᠤᠰᠤ ᠠᠷᠪᠢᠯᠠᠬᠤ ᠠᠵᠢᠯᠯᠠᠭ᠎ᠠ ᠵᠢ ᠬᠠᠮᠲᠤ᠎ᠪᠠᠷ ᠲᠦᠯᠬᠢᠨ ᠠᠬᠢᠭᠤᠯᠬᠤ ᠵᠢ ᠬᠥᠮᠥᠵᠢᠭᠦᠯᠦᠨ ᠵᠢᠯᠣᠭᠣᠳᠪᠠ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            