ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
ᠰᠠᠨᠠᠭ᠋ᠠᠴᠢᠯᠠᠭ᠎ᠠ ᠵᠢᠨ ᠪᠢᠴᠢᠭ
ᠨᠡᠶ᠋ᠢᠲᠡᠯᠡᠭᠰᠡᠨ ᠴᠠᠭ᠄ 2025-03-21

      ᠮᠠᠨ᠎ᠤ ᠣᠷᠣᠨ᠎ᠤ ᠦᠷ᠎ᠡ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠨ᠂ ᠦᠨᠡᠨᠴᠢ ᠢᠲᠡᠭᠡᠮᠵᠢᠲᠡᠢ᠎ᠪᠠᠷ ᠦᠷ᠎ᠡ ᠬᠠᠩᠭ᠋ᠠᠬᠤ ᠵᠢ ᠠᠬᠢᠭᠤᠯᠵᠤ᠂ ᠦᠷ᠎ᠡ ᠵᠢᠨ ᠶᠠᠰᠤ ᠴᠢᠨᠠᠷ᠎ᠤᠨ ᠠᠮᠤᠷ ᠲᠦᠪᠰᠢᠨ᠂ ᠡᠭᠦᠯᠳᠡᠷ᠎ᠢ ᠳᠠᠷᠢᠬᠤ ᠠᠮᠤᠷ ᠲᠦᠪᠰᠢᠨ᠎ᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠠᠴᠢ᠎ᠳᠤ  ᠲᠠᠯᠠᠷᠬᠠᠨ ᠨᠠᠮ᠎ᠤᠨ ᠦᠭᠡ ᠵᠢ ᠰᠣᠨᠣᠰᠴᠤ ᠨᠠᠮ᠎ᠢ  ᠳᠠᠭ᠋ᠠᠬᠤ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》 ᠵᠢ ᠦᠨᠡᠨᠬᠦ ᠨᠠᠢ᠌ᠳᠠᠪᠤᠷᠢᠵᠢᠭᠤᠯᠬᠤ ᠵᠢᠨ  ᠲᠤᠰᠠᠳᠠ᠂ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠎ᠤᠨ ᠲᠠᠰᠢᠷᠠᠮ᠎ᠳᠤ᠂ ᠪᠥᠬᠥ ᠣᠷᠣᠨ᠎ᠤ ᠦᠷ᠎ᠡ ᠵᠢᠨ ᠠᠵᠤ ᠠᠬᠤᠢ᠌ᠯᠠᠯ ᠵᠢᠴᠢ ᠥᠷᠭᠡᠨ ᠣᠯᠠᠨ ᠮᠠᠯᠴᠢᠨ ᠲᠠᠷᠢᠶᠠᠴᠢᠨ᠎ᠳᠤ ᠳᠣᠣᠷᠠᠬᠢ ᠮᠡᠲᠦ ᠰᠠᠨᠠᠭ᠋ᠠᠴᠢᠯᠠᠭ᠎ᠠ ᠵᠢ ᠭᠠᠷᠭ᠋ᠠᠪᠠ᠄

      ᠨᠢᠭᠡ᠂ ᠬᠠᠤᠯᠢ ᠶᠣᠰᠣᠭ᠋ᠠᠷ ᠡᠵᠡᠩᠨᠡᠬᠦ  ᠬᠡᠷᠡᠭᠲᠡᠢ

      1.《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠷᠭᠤᠮᠠᠯ᠎ᠤᠨ ᠰᠢᠨ᠎ᠡ ᠲᠥᠷᠥᠯ ᠵᠦᠢ᠍ᠯ᠎ᠢ ᠬᠠᠮᠠᠭ᠋ᠠᠯᠠᠬᠤ ᠳᠦᠷᠢᠮ》᠂ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠮᠠᠯ᠎ᠤᠨ ᠦᠷ᠎ᠡ ᠵᠢᠨ ᠳᠦᠷᠢᠮ》᠂ 《ᠲᠠᠷᠢᠮᠠᠯ᠎ᠤᠨ ᠦᠷ᠎ᠡ ᠵᠢᠨ ᠱᠣᠰᠢᠭ᠎ᠠ ᠲᠡᠮᠳᠡᠭ ᠪᠣᠯᠣᠨ ᠬᠡᠷᠡᠭᠯᠡᠬᠦ ᠲᠣᠳᠣᠷᠬᠠᠢ᠌ᠯᠠᠯᠲᠠ ᠵᠢᠨ ᠬᠠᠮᠢᠶᠠᠷᠤᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠢᠨᠠᠮᠠᠭ᠋ᠠᠢ ᠰᠤᠷᠤᠯᠴᠠᠨ ᠤᠬᠠᠭᠤᠯᠵᠤ  ᠲᠤᠭᠤᠰᠢᠯᠠᠭᠤᠯᠤᠨ ᠬᠡᠷᠡᠭᠵᠢᠭᠦᠯᠵᠦ᠂ ᠦᠷ᠎ᠡ ᠦᠢ᠍ᠯᠡᠳᠪᠦᠷᠢᠯᠡᠵᠦ ᠡᠵᠡᠩᠨᠡᠬᠦ ᠥᠢ᠍ᠯᠡ ᠠᠵᠢᠯᠯᠠᠭ᠎ᠠ ᠵᠢ ᠴᠢᠩᠭ᠎ᠠ ᠵᠢᠷᠤᠮᠵᠢᠭᠤᠯᠬᠤ ᠬᠡᠷᠡᠭᠲᠡᠢ᠃

      2. ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠪᠣᠷᠣᠯᠠᠭᠤᠯᠤᠨ ᠬᠤᠳᠠᠯᠳᠤᠬᠤ ᠳᠡᠯᠭᠡᠭᠦᠷ᠎ᠲᠤ  ᠨᠠᠢ᠌ᠳᠠᠵᠤ᠂ ᠵᠢᠷᠤᠮᠵᠢᠭᠰᠠᠨ ᠪᠣᠷᠣᠯᠠᠭᠤᠯᠤᠨ ᠬᠤᠳᠠᠯᠳᠤᠬᠤ ᠲᠣᠣᠷ ᠰᠦᠯᠵᠢᠶ᠎ᠡ ᠵᠢ ᠪᠠᠶ᠋ᠢᠭᠤᠯᠬᠤ ᠬᠡᠷᠡᠭᠲᠡᠢ᠃

      3. ᠬᠢᠨᠠᠨ ᠲᠣᠭᠲᠠᠭ᠋ᠠᠯᠭ᠋ᠠᠵᠤ ᠳᠠᠩᠰᠠᠯᠠᠭᠤᠯᠤᠭᠰᠠᠨ  ᠦᠭᠡᠢ ᠲᠠᠷᠢᠮᠠᠯ᠎ᠤᠨ ᠦᠷ᠎ᠡ ᠵᠢ ᠡᠵᠡᠩᠨᠡᠬᠦ   ᠦᠭᠡᠢ᠃

      4. ᠬᠤᠳᠠᠯ ᠬᠠᠭᠤᠷᠮᠠᠭ ᠤᠬᠠᠭᠤᠯᠭ᠎ᠠ ᠬᠢᠬᠦ ᠦᠭᠡᠢ᠂  ᠬᠤᠳᠠᠯ ᠬᠠᠭᠤᠷᠮᠠᠭ ᠮᠡᠳᠡᠭᠡ ᠵᠠᠩᠭᠢ ᠵᠢ ᠲᠠᠷᠬᠠᠭ᠋ᠠᠬᠤ ᠦᠭᠡᠢ᠃

      ᠬᠣᠶᠠᠷ᠂ ᠶᠠᠰᠤ ᠴᠢᠨᠠᠷ᠎ᠢ ᠪᠠᠲᠤᠯᠠᠬᠤ ᠬᠡᠷᠡᠭᠲᠡᠢ

      1. ᠦᠷ᠎ᠡ ᠬᠠᠩᠭ᠋ᠠᠬᠤ ᠪᠠᠷᠢᠮᠵᠢᠶ᠎ᠠ ᠪᠠ ᠶᠠᠰᠤ ᠴᠢᠨᠠᠷ᠎ᠢ ᠪᠠᠲᠤᠯᠠᠵᠤ᠂ ᠬᠤᠳᠠᠯ ᠬᠠᠭᠤᠷᠮᠠᠭ ᠮᠠᠭᠤ ᠦᠷ᠎ᠡ ᠪᠣᠷᠣᠯᠠᠭᠤᠯᠬᠤ ᠵᠢ ᠡᠷᠡᠰ ᠬᠣᠷᠢᠭᠯᠠᠨ᠎ᠠ᠃

      2. ᠦᠷ᠎ᠡ ᠦᠢ᠍ᠯᠡᠳᠪᠦᠷᠢᠯᠡᠵᠦ ᠡᠵᠡᠩᠨᠡᠬᠦ ᠲᠠᠨᠭ᠌ᠰᠠ ᠡᠪᠬᠡᠮᠡᠯ᠎ᠢ ᠲᠡᠭᠦᠯᠳᠡᠷᠵᠢᠭᠦᠯᠦᠨ᠂ ᠦᠷ᠎ᠡ ᠣᠷᠣᠭᠤᠯᠵᠤ ᠢᠷᠡᠬᠦ ᠵᠠᠮ ᠰᠤᠭᠤᠭ᠎ᠨᠢ ᠲᠣᠳᠣᠷᠬᠠᠢ᠂ ᠶᠠᠰᠤ ᠴᠢᠨᠠᠷ᠎ᠤᠨ ᠲᠣᠭ᠎ᠠ ᠪᠠᠷᠢᠮᠲᠠ᠎ᠨᠢ ᠨᠠᠢ᠌ᠳᠠᠪᠤᠷᠢᠲᠠᠢ᠂ ᠦᠷ᠎ᠡ ᠪᠣᠷᠣᠯᠠᠭᠤᠯᠬᠤ᠎ᠳᠤ ᠪᠠᠷᠢᠮᠲᠠ᠎ᠲᠠᠢ᠂ ᠶᠠᠰᠤ ᠴᠢᠨᠠᠷ᠎ᠤᠨ ᠠᠰᠠᠭᠤᠳᠠᠯ᠎ᠢ ᠨᠡᠬᠡᠮᠵᠢᠯᠡᠵᠦ ᠪᠣᠯᠬᠤ ᠪᠥᠭᠡᠳ ᠬᠠᠭᠤᠷᠮᠠᠭ ᠮᠠᠭᠤ ᠦᠷ᠎ᠡ᠎ᠳᠤ ᠳᠠᠯᠳᠠᠯᠠᠬᠤ ᠭᠠᠵᠠᠷ ᠣᠯᠭᠣᠬᠤ ᠦᠭᠡᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃

      3. ᠬᠠᠤᠯᠢ ᠬᠡᠷᠡᠭᠵᠢᠭᠦᠯᠬᠦ ᠠᠵᠢᠯᠲᠠᠨ᠎ᠲᠠᠢ ᠢᠳᠡᠪᠬᠢᠲᠡᠢ᠎ᠪᠠᠷ ᠬᠠᠮᠵᠢᠯᠴᠠᠨ ᠦᠷ᠎ᠡ ᠵᠢᠨ ᠵᠠᠬ᠎ᠠ ᠳᠡᠯᠭᠡᠭᠦᠷ᠎ᠤᠨ  ᠪᠠᠢ᠌ᠴᠠᠭ᠋ᠠᠯᠲᠠ ᠵᠢ ᠥᠷᠨᠢᠭᠦᠯᠵᠦ᠂  ᠬᠣᠯᠪᠣᠭᠳᠠᠯ ᠪᠦᠬᠦᠢ ᠮᠠᠲ᠋ᠧᠷᠢᠶᠠᠯ᠎ᠢ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠨ ᠦᠵᠡᠭᠦᠯᠵᠦ᠂ ᠪᠠᠢ᠌ᠴᠠᠭ᠋ᠠᠬᠤ᠂  ᠢᠯᠡᠴᠢᠯᠡᠬᠦ ᠵᠢ ᠲᠡᠪᠴᠢᠬᠦ ᠦᠭᠡᠢ ᠪᠠᠢ᠌ᠬᠤ ᠵᠢ ᠪᠡᠶᠡᠯᠡᠭᠦᠯᠦᠨ᠎ᠡ;  ᠬᠠᠭᠤᠷᠮᠠᠭ ᠮᠠᠭᠤ ᠦᠷ᠎ᠡ ᠵᠢ ᠣᠯᠵᠤ ᠮᠡᠳᠡᠪᠡᠯ ᠴᠠᠭ ᠲᠤᠬᠠᠢ᠎ᠳᠤᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ᠂ ᠳᠤᠷ᠎ᠠ᠎ᠪᠠᠷ᠎ᠨᠢ ᠲᠠᠯᠪᠢᠬᠤ ᠦᠭᠡᠢ᠂ ᠥᠮᠥᠭᠯᠡᠬᠦ ᠦᠭᠡᠢ ᠪᠠᠢ᠌ᠬᠤ ᠬᠡᠷᠡᠭᠲᠡᠢ᠃

      ᠭᠤᠷᠪᠠ᠂ ᠴᠢᠨᠠᠷ ᠰᠠᠢ᠌ᠲᠠᠢ ᠦᠢ᠍ᠯᠡᠴᠢᠯᠡᠭᠡ ᠬᠠᠩᠭ᠋ᠠᠬᠤ ᠬᠡᠷᠡᠭᠳᠡᠢ

      1.《ᠲᠠᠷᠢᠶᠠᠯᠠᠩ ᠮᠠᠯ ᠠᠵᠤ ᠠᠬᠤᠢ᠎ᠳᠤ ᠦᠢ᠍ᠯᠡᠴᠢᠯᠡᠬᠦ᠂ ᠮᠠᠯᠴᠢᠨ ᠲᠠᠷᠢᠶᠠᠴᠢᠨ᠎ᠳᠤ ᠦᠢ᠍ᠯᠡᠴᠢᠯᠡᠬᠦ》 ᠡᠵᠡᠩᠨᠡᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠠᠵᠢᠯ ᠲᠥᠷᠥᠯ᠎ᠤᠨ ᠶᠣᠰᠣ ᠮᠣᠷᠠᠯ᠎ᠢ ᠬᠢᠴᠢᠶᠡᠩᠭᠦᠢ᠌ᠯᠡᠨ ᠰᠠᠬᠢᠵᠤ᠂ ᠦᠢ᠍ᠯᠡᠴᠢᠯᠡᠭᠡᠨ᠎ᠤ ᠦᠢᠯᠡ ᠠᠵᠢᠯᠯᠠᠭ᠎ᠠ ᠵᠢ ᠵᠢᠷᠤᠮᠵᠢᠭᠤᠯᠤᠨ᠂ ᠦᠢ᠍ᠯᠡᠴᠢᠯᠡᠭᠡᠨ᠎ᠤ ᠠᠮᠠᠯᠠᠯᠲᠠ ᠵᠢ ᠵᠢᠷᠤᠮᠯᠠᠵᠤ᠂ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ ᠵᠢ ᠰᠠᠢ᠌ᠲᠤᠷ ᠬᠢᠵᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠵᠢ ᠬᠦᠯᠢᠶᠡᠨ᠎ᠡ᠃

      2. ᠪᠣᠷᠣᠯᠠᠭᠤᠯᠤᠨ ᠬᠤᠳᠠᠯᠳᠤᠬᠤ ᠲᠣᠣᠷ  ᠴᠡᠭ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠪᠣᠷᠣᠯᠠᠭᠤᠯᠤᠨ ᠬᠤᠳᠠᠯᠳᠤᠬᠤ ᠦᠷ᠎ᠡ ᠵᠢᠨ  ᠦᠨ᠎ᠡ ᠬᠠᠩᠰᠢ ᠵᠢ ᠢᠯᠡ ᠲᠡᠮᠳᠡᠭᠯᠡᠵᠦ᠂ ᠫᠢᠶᠣᠣ ᠪᠠᠷᠢᠮᠲᠠ᠎ᠨᠢ ᠵᠢᠷᠤᠮᠵᠢᠯ᠎ᠲᠠᠢ᠂ ᠡᠬᠡ ᠲᠠᠨᠭ᠌ᠰᠠ᠎ᠨᠢ ᠪᠦᠷᠢᠨ ᠪᠦᠲᠦᠨ ᠪᠠᠢ᠌ᠬᠤ ᠬᠡᠷᠡᠭᠲᠡᠢ᠃

      3. ᠡᠵᠡᠩᠨᠡᠯᠲᠡ ᠵᠢᠨ ᠳᠤᠮᠳᠠ ᠭᠠᠷᠤᠭᠰᠠᠨ ᠵᠥᠷᠢᠴᠡᠯ ᠪᠣᠯᠣᠨ ᠶᠠᠰᠤ ᠴᠢᠨᠠᠷ᠎ᠤᠨ ᠵᠢᠭᠤᠷᠠᠯᠳᠤᠭ᠋ᠠᠨ᠎ᠢ ᠴᠠᠭ ᠲᠤᠬᠠᠢ᠎ᠳᠤᠨᠢ  ᠰᠢᠢ᠍ᠳᠪᠦᠷᠢᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠲᠠᠷᠢᠶᠠᠴᠢᠨ ᠮᠠᠯᠴᠢᠳ ᠎ᠤᠨ ᠠᠰᠢᠭ ᠲᠤᠰᠠ ᠪᠣᠯᠣᠨ ᠨᠡᠢ᠌ᠭᠡᠮ᠎ᠤᠨ ᠲᠣᠭᠲᠠᠭᠤᠨ᠎ᠢ  ᠬᠠᠮᠠᠭ᠋ᠠᠯᠠᠬᠤ ᠬᠡᠷᠡᠭᠲᠡᠢ᠃

      ᠥᠷᠭᠡᠨ ᠤᠯᠠᠨ ᠮᠠᠯᠴᠢᠨ ᠲᠠᠷᠢᠶᠠᠴᠢᠨ ᠨᠠᠢ᠌ᠵᠠ ᠨᠠᠷ᠎ᠲᠤ ᠬᠠᠯᠠᠭᠤᠨ ᠳᠣᠲᠣᠨᠣ᠎ᠪᠠᠷ ᠰᠠᠨᠠᠭᠤᠯᠤᠶ᠎ᠠ᠄

      《ᠦᠷ᠎ᠡ ᠵᠢᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠵᠤ᠂ ᠠᠮᠤ ᠪᠤᠳᠠᠭ᠎ᠠ ᠵᠢ ᠰᠠᠢ᠌ᠲᠤᠷ ᠰᠣᠩᠭᠣᠨ ᠰᠠᠢ᠌ᠨ ᠳᠠᠷᠢᠵᠤ᠂ ᠮᠠᠯᠴᠢᠨ ᠲᠠᠷᠢᠶᠠᠴᠢᠨ᠎ᠤ ᠭᠠᠷᠤᠯᠲᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ ᠵᠢ  ᠠᠬᠢᠭᠤᠯᠬᠤ ᠬᠡᠷᠡᠭᠲᠡᠢ᠃ ᠦᠷ᠎ᠡ ᠰᠣᠩᠭᠣᠬᠤ᠂ ᠦᠷ᠎ᠡ ᠬᠤᠳᠠᠯᠳᠤᠨ ᠠᠪᠬᠤ᠎ᠳᠠᠭᠠᠨ 《ᠲᠠᠪᠤᠨ ᠴᠢᠬᠤᠯᠠ ᠵᠦᠢ᠍ᠯ》᠎ᠢ ᠪᠠᠲᠤ ᠴᠡᠭᠡᠵᠢᠯᠡᠬᠦ ᠬᠡᠷᠡᠭᠲᠡᠢ᠄ ᠭᠡᠷᠡᠴᠢ ᠦᠨᠡᠮᠯᠡᠯ᠎ᠢ᠎ᠨᠢ ᠦᠵᠡᠵᠦ᠂ ᠱᠣᠰᠢᠭ᠎ᠠ ᠲᠡᠮᠳᠡᠭ᠎ᠢ᠎ᠨᠢ ᠪᠠᠢ᠌ᠴᠠᠭ᠋ᠠᠵᠤ᠂ ᠶᠠᠰᠤ ᠴᠢᠨᠠᠷ᠎ᠢ᠎ᠨᠢ ᠦᠵᠡᠵᠦ᠂ ᠫᠢᠶᠣᠣ ᠪᠠᠷᠢᠮᠲᠠ ᠦᠯᠡᠳᠡᠭᠡᠵᠦ᠂ ᠡᠷᠬᠡ ᠠᠰᠢᠭ ᠵᠶ᠋ᠠᠨ  ᠬᠠᠮᠠᠭ᠋ᠠᠯᠠᠬᠤ ᠬᠡᠷᠡᠭᠲᠡᠢ; 《ᠲᠠᠪᠤᠨ ᠪᠣᠯᠬᠤ ᠦᠭᠡᠢ》᠄ ᠰᠣᠬᠣᠷ ᠪᠠᠯᠠᠢ᠎ᠪᠠᠷ ᠲᠠᠭ᠋ᠠᠵᠤ ᠪᠣᠯᠬᠤ ᠦᠭᠡᠢ᠂ ᠰᠢᠨ᠎ᠡ ᠵᠢ  ᠬᠥᠭᠡᠭᠡᠴᠡᠯᠳᠦᠵᠦ ᠪᠣᠯᠬᠤ ᠦᠭᠡᠢ᠂  ᠬᠡᠪᠴᠢᠶ᠎ᠡ ᠵᠢ ᠳᠠᠪᠠᠵᠤ ᠪᠣᠯᠬᠤ ᠦᠭᠡᠢ᠂ ᠥᠨᠳᠥᠷ᠎ᠢ ᠬᠥᠭᠡᠭᠡᠴᠡᠯᠳᠦᠵᠦ ᠪᠣᠯᠬᠤ ᠦᠭᠡᠢ᠂ ᠤᠳᠠᠭ᠋ᠠᠰᠢᠷᠠᠭᠤᠯᠵᠤ ᠪᠣᠯᠬᠤ ᠦᠭᠡᠢ᠃

                        

                         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                         ᠮᠠᠯ ᠠᠵᠤ  ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ

                         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 

                         ᠦᠷ᠎ᠡ ᠵᠢᠨ  ᠨᠡᠢ᠌ᠭᠡᠮᠯᠢᠭ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            