ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠡᠷᠦᠭᠡ᠎ᠳᠤ ᠬᠦᠷᠴᠦ ᠤᠬᠠᠭᠤᠯᠤᠨ ᠲᠠᠢ᠌ᠯᠪᠤᠷᠢᠯᠠᠬᠤ᠎ᠨᠢ ᠬᠥᠮᠥᠰ᠎ᠤᠨ ᠰᠡᠳᠬᠢᠯ᠎ᠢ ᠳᠤᠯᠠᠭ᠋ᠠᠴᠠᠭᠤᠯᠤᠨ᠎ᠠ》—ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤ ᠵᠢᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠭᠤᠷᠪᠠ)
ᠨᠡᠶ᠋ᠢᠲᠡᠯᠡᠭᠰᠡᠨ ᠴᠠᠭ᠄ 2025-03-28

      【ᠨᠠᠢ᠌ᠷᠠᠭᠤᠯᠤᠭᠴᠢ ᠵᠢᠨ ᠦᠭᠡ 】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ  ᠲᠤᠭᠤᠰᠢᠯᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ  ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》 ᠠᠵᠢᠯᠯᠠᠭ᠎ᠠ ᠵᠢ ᠪᠠᠢ᠌ᠩᠭᠤ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠬᠦᠯᠢᠶᠡᠬᠦ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ ᠭᠠᠯᠠᠭᠤ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃

 

1.jpg

 

2.jpg

 

      3 ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠵᠠᠯᠠᠭᠤᠴᠤᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠬᠥᠬᠡᠬᠣᠲᠠ ᠵᠢᠨ ᠲᠣᠭᠲᠠᠬᠤ ᠰᠢᠶᠠᠨ᠎ᠳᠤ ᠬᠦᠷᠴᠦ 《ᠭᠣᠣᠯ ᠨᠠᠭᠤᠷ᠎ᠤᠨ ᠠᠮᠢ ᠠᠬᠤᠢ ᠵᠢ ᠰᠡᠷᠭᠦᠭᠡᠬᠦ᠎ᠳᠤ ᠬᠦᠴᠦ  ᠨᠡᠮᠡᠷᠢᠯᠡᠬᠦ ᠠᠵᠢᠯᠯᠠᠭ᠎ᠠ》 ᠥᠷᠨᠢᠭᠦᠯᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠠᠰᠢᠭᠲᠠᠢ ᠲᠣᠬᠢᠶᠠᠯ᠎ᠢ ᠠᠰᠢᠭᠯᠠᠨ᠂ ᠳᠤᠭᠤᠢ᠌ᠯᠠᠩ ᠬᠤᠪᠢᠶᠠᠨ 39 ᠡᠷᠦᠬᠡ ᠮᠠᠯᠴᠢᠨ ᠲᠠᠷᠢᠶᠠᠴᠢᠨ᠎ᠤ ᠭᠡᠷ᠎ᠲᠤ ᠭᠦᠨᠵᠡᠭᠡᠢ᠌ᠷᠡᠵᠦ᠂ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ᠃ 《ᠮᠠᠯᠴᠢᠨ ᠲᠠᠷᠢᠶᠠᠴᠢᠨ ᠲᠦᠮᠡᠨ ᠶᠠᠭᠤᠨ᠎ᠳᠤ ᠰᠡᠳᠬᠢᠯ ᠲᠠᠯᠪᠢᠵᠤ᠂ ᠶᠠᠭᠤ ᠬᠡᠷᠡᠭᠴᠡᠭᠡ᠎ᠲᠠᠢ ᠪᠣᠯ ᠲᠡᠭᠦᠨ᠎ᠢ ᠤᠬᠠᠭᠤᠯᠵᠤ᠂ ᠶᠠᠭᠤ ᠵᠢ ᠬᠠᠩᠭ᠋ᠠᠵᠤ᠂ ᠶᠠᠭᠤ ᠵᠢ ᠰᠢᠢ᠍ᠳᠪᠦᠷᠢᠯᠡᠬᠦ》 ᠵᠠᠷᠴᠢᠮ᠎ᠢ ᠪᠠᠷᠢᠮᠲᠠᠯᠠᠨ᠂ ᠵᠠᠯᠠᠭᠤᠴᠤᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢᠨ᠎ᠬᠢᠨ ᠤᠯᠠᠨ᠎ᠤ ᠠᠩᠬᠠᠷᠴᠤ ᠪᠠᠢ᠌ᠭ᠎ᠠ ᠡᠷᠳᠡᠨᠢ ᠰᠢᠰᠢ ᠵᠢᠨ ᠲᠠᠷᠢᠮᠠᠯ᠎ᠤᠨ ᠨᠥᠬᠥᠪᠦᠷᠢ᠂ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠥᠪᠦᠷᠢ ᠵᠡᠷᠭᠡ ᠲᠠᠯ᠎ᠠ ᠵᠢᠨ ᠠᠰᠠᠭᠤᠳᠠᠯ᠎ᠤᠨ ᠲᠣᠭᠣᠷᠢᠨ᠎ᠳᠤ ᠲᠤᠬᠠᠢ ᠵᠢᠨ ᠲᠠᠯᠠᠪᠠᠢ᠎ᠳᠤ ᠬᠠᠷᠢᠭᠤᠯᠲᠠ ᠥᠭᠴᠦ᠂ ᠤᠯᠠᠨ ᠲᠦᠮᠡᠨ᠎ᠠᠴᠠ  ᠲᠢᠩᠬᠢᠮ᠎ᠤᠨ ᠰᠢᠰᠲ᠋ᠧᠮ᠎ᠤᠨ ᠥᠷᠨᠢᠭᠦᠯᠦᠭᠰᠡᠨ 《ᠭᠡᠷ᠎ᠲᠤᠨᠢ ᠬᠦᠷᠭᠡᠵᠦ ᠥᠭᠬᠦ ᠲᠦᠷᠦ ᠵᠢᠨ ᠪᠣᠳᠣᠯᠭ᠎ᠠ》  ᠵᠢᠨ ᠠᠵᠢᠯᠯᠠᠭ᠎ᠠ ᠵᠢ ᠮᠠᠭᠲᠠᠨ ᠰᠠᠢ᠌ᠰᠢᠶᠠᠵᠤ᠂ ᠨᠠᠮ᠎ᠤᠨ  ᠰᠠᠢ᠌ᠨ ᠲᠦᠷᠦ ᠵᠢᠨ ᠪᠣᠳᠣᠯᠭ᠎ᠠ ᠵᠢ ᠮᠠᠭᠲᠠᠨ  ᠰᠠᠢ᠌ᠰᠢᠶᠠᠵᠤ ᠪᠠᠢ᠌ᠪᠠ᠃ ᠠᠵᠢᠯᠯᠠᠭ᠎ᠠ ᠵᠢᠨ ᠳᠤᠮᠳᠠ᠂ ᠮᠠᠯᠴᠢᠨ ᠲᠠᠷᠢᠶᠠᠴᠢᠨ᠎ᠳᠤ 《ᠢᠷᠭᠡᠨ᠎ᠤ ᠬᠠᠤᠯᠢ ᠵᠢᠨ ᠪᠢᠴᠢᠭ》᠎ᠤᠨ ᠤᠬᠠᠭᠤᠯᠬᠤ ᠭᠠᠷ ᠳᠡᠪᠲᠡᠷ᠂ 《ᠨᠠᠮ᠎ᠤᠨ ᠠᠴᠢ᠎ᠳᠤ  ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ》 ᠤᠬᠠᠭᠤᠯᠭ᠎ᠠ ᠵᠢᠨ ᠭᠠᠷ ᠳᠡᠪᠲᠡᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ  ᠪᠠᠢ᠌ᠭᠤᠯᠬᠤ ᠵᠢ ᠠᠬᠢᠭᠤᠯᠬᠤ ᠲᠦᠷᠢᠮ》᠎ᠤᠨ ᠤᠬᠠᠭᠤᠯᠭ᠎ᠠ ᠵᠢᠨ ᠭᠠᠷ ᠳᠡᠪᠲᠡᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠎ᠤᠨ ᠤᠬᠠᠭᠤᠯᠭ᠎ᠠ ᠵᠢᠨ ᠭᠠᠷ ᠳᠡᠪᠲᠡᠷ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠤᠯᠢ ᠵᠢᠨ ᠲᠠᠢ᠌ᠯᠤᠮᠵᠢ ᠵᠢᠨ ᠲᠣᠳᠣᠷᠬᠠᠢ ᠴᠠᠭ᠋ᠠᠰᠤ》 《ᠪᠥᠬᠥ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠠᠵᠢᠯᠯᠠᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ》 《ᠲᠠᠷᠢᠶᠠᠨ ᠡᠮ ᠬᠡᠷᠡᠭᠯᠡᠬᠦ ᠵᠢ ᠴᠠᠭ᠋ᠠᠵᠠᠯᠠᠬᠤ ᠪᠠ ᠬᠢᠵᠠᠭ᠋ᠠᠷᠯᠠᠬᠤ ᠨᠡᠷᠡᠰ᠎ᠤᠨ ᠵᠢᠭᠰᠠᠭ᠋ᠠᠯᠲᠠ》 《ᠮᠠᠯ᠎ᠤᠨ ᠡᠮ ᠬᠡᠷᠡᠭᠯᠡᠬᠦ ᠵᠢ ᠴᠠᠭ᠋ᠠᠵᠠᠯᠠᠬᠤ ᠪᠠ ᠬᠢᠵᠠᠭ᠋ᠠᠷᠯᠠᠬᠤ ᠨᠡᠷᠡᠰ᠎ᠤᠨ ᠵᠢᠭᠰᠠᠭ᠋ᠠᠯᠲᠠ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠢ᠍ᠯᠭᠡᠭᠡᠨ ᠵᠶ᠋ᠡᠷ ᠲᠠᠷᠢᠶᠠᠯᠠᠩ ᠮᠠᠯ ᠠᠵᠤ ᠠᠬᠤᠢ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠣᠩᠭᠣᠮᠠᠯ》 ᠵᠡᠷᠭᠡ ᠤᠬᠠᠭᠤᠯᠭ᠎ᠠ ᠵᠢᠨ ᠮᠠᠲ᠋ᠧᠷᠢᠶᠠᠯ 295 ᠬᠤᠪᠢ  ᠲᠠᠷᠬᠠᠭ᠋ᠠᠵᠠᠢ᠃


3.jpg

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            