ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠨᠤᠮᠤ ᠵᠢᠨ ᠬᠦᠪᠴᠢ᠎ᠪᠠᠨ ᠲᠦᠭᠦᠷᠢᠭᠯᠡᠳᠡᠯ᠎ᠡ ᠲᠠᠳᠠᠵᠦ ᠰᠢᠨ᠎ᠡ ᠪᠠᠢ᠌ᠳᠠᠯ᠎ᠢ ᠪᠠᠢ᠌ᠷᠢᠯᠠᠭᠤᠯᠤᠨ᠎ᠠ》—ᠨᠠᠮ᠎ᠤᠨ ᠠᠴᠢ ᠵᠢ ᠮᠡᠳᠡᠷᠡᠵᠦ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤ ᠵᠢᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠬᠣᠶᠠᠷ)
ᠨᠡᠶ᠋ᠢᠲᠡᠯᠡᠭᠰᠡᠨ ᠴᠠᠭ᠄ 2025-03-20

      【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠥᠷᠭᠡᠳᠬᠡᠵᠦ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ  ᠨᠠᠢ᠌ᠳᠠᠪᠤᠷᠢᠵᠢᠭᠤᠯᠤᠨ ᠴᠣᠭᠴᠠᠯᠠᠵᠤ᠂  ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂  ᠺᠠᠳ᠋ᠷ᠂  ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂  ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂  ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ  ᠨᠠᠢ᠌ᠳᠠᠪᠤᠷᠢᠵᠢᠭᠤᠯᠬᠤ ᠵᠢᠨ ᠲᠥᠯᠥᠭᠡ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ ᠵᠢ ᠮᠡᠳᠡᠷᠡᠵᠦ ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤ ᠵᠢᠨ  ᠠᠵᠢᠯᠯᠠᠭ᠎ᠠ ᠵᠢ  ᠥᠷᠨᠢᠭᠦᠯᠵᠦ᠂  ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠠᠪᠬᠤ》  ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ ᠭᠠᠯᠠᠭᠤ᠂  ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃


W020250320528927763424.png


      3  ᠰᠠᠷ᠎ᠠ ᠵᠢᠨ 19᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠨᠠᠮ᠎ᠤᠨ ᠠᠴᠢ ᠵᠢ ᠮᠡᠳᠡᠷᠡᠬᠦ᠂  ᠨᠠᠮ᠎ᠤᠨ ᠦᠭᠡ ᠵᠢ ᠰᠣᠨᠣᠰᠬᠤ᠂  ᠨᠠᠮ ᠵᠶ᠋ᠠᠨ  ᠳᠠᠭ᠋ᠠᠬᠤ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》  ᠪᠠᠢ᠌ᠩᠭᠤ ᠵᠢᠨ  ᠠᠵᠢᠯᠯᠠᠭ᠎ᠠ ᠵᠢ ᠠᠬᠢᠭᠤᠯᠬᠤ  ᠬᠤᠷᠠᠯ ᠬᠤᠷᠠᠯᠳᠤᠭᠤᠯᠵᠤ᠂  ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ  ᠲᠠᠰᠤᠭ ᠲᠣᠪᠴᠢᠶ᠎ᠠ᠂  ᠲᠢᠩᠬᠢᠮ᠎ᠤᠨ ᠬᠠᠷᠢᠶ᠎ᠠ ᠡᠯ᠎ᠡ ᠨᠢᠭᠡᠴᠡ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠤ᠂  ᠲᠢᠩᠬᠢᠮ᠎ᠤᠨ ᠳᠡᠳ᠋ ᠳᠠᠷᠤᠭ᠎ᠠ ᠵᠣᠣ ᠶᠦᠩ ᠰᠢᠶᠠᠩ ᠬᠤᠷᠠᠯ᠎ᠳᠤ ᠣᠷᠣᠯᠴᠠᠭᠰᠠᠨ ᠪᠥᠭᠡᠳ ᠠᠵᠢᠯ᠎ᠤᠨ ᠪᠠᠢ᠌ᠷᠢᠯᠠᠭᠤᠯᠤᠯᠲᠠ ᠬᠢᠪᠡ᠃


W020250320528927894515.jpg


      ᠬᠤᠷᠠᠯ᠎ᠠᠴᠠ᠂  ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 《1257》 ᠠᠵᠢᠯᠯᠠᠭ᠎ᠠ ᠵᠢ ᠡᠳᠦᠷ ᠳᠤᠳᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ  ᠲᠤᠭᠤᠰᠢᠯᠠᠭᠤᠯᠬᠤ ᠪᠠ ᠤᠮᠠᠷᠠᠲᠤ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠭᠣᠣᠯᠳᠠᠯᠭ᠎ᠠ᠎ᠲᠠᠢ ᠡᠭᠦᠷᠭᠡ ᠪᠣᠯᠭ᠋ᠠᠵᠤ᠂  ᠡᠯ᠎ᠡ ᠭᠠᠵᠠᠷ  ᠲᠠᠰᠤᠭ᠂  ᠨᠢᠭᠡᠴᠡ ᠵᠢᠨ᠎ᠬᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ᠂  ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ᠃  ᠣᠯᠠᠨ ᠲᠦᠮᠡᠨ᠎ᠤ ᠪᠠᠢ᠌ᠩᠭᠤ ᠵᠢᠨ ᠬᠥᠮᠦᠵᠢᠯ᠎ᠢ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠤᠯᠤᠰ ᠲᠥᠷᠥ ᠵᠢᠨ ᠡᠭᠦᠷᠭᠡ ᠪᠣᠯᠭ᠋ᠠᠵᠤ᠂  ᠠᠵᠢᠯ᠎ᠤᠨ ᠶᠡᠷᠦᠩᠬᠡᠢ ᠪᠠᠢ᠌ᠷᠢᠰᠢᠭᠤᠯᠤᠯᠲᠠ᠎ᠳᠤ ᠣᠷᠣᠭᠤᠯᠤᠨ᠂  ᠠᠵᠢᠯ᠎ᠤᠨ ᠪᠣᠳᠠᠲᠠᠢ᠎ᠳᠤ ᠨᠡᠢ᠌ᠴᠡᠬᠦ᠂  ᠲᠠᠷᠢᠶᠠᠯᠠᠩ ᠮᠠᠯ ᠠᠵᠤ ᠠᠬᠤᠢ ᠵᠢᠨ ᠣᠨᠴᠠᠯᠢᠭ᠎ᠢ ᠢᠯᠡᠷᠡᠭᠦᠯᠬᠦ ᠠᠵᠢᠯ᠎ᠤᠨ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠰᠤᠳᠤᠯᠵᠤ᠂ 《ᠲᠠᠷᠢᠶᠠᠯᠠᠩ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠡᠮᠬᠢᠳᠬᠡᠯ》 《ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠤᠨ ᠬᠠᠷᠮᠠᠨ ᠪᠢᠴᠢᠭ》᠂  ᠮᠠᠯᠴᠢᠨ ᠲᠠᠷᠢᠶᠠᠴᠢᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ᠂  ᠠᠵᠢᠯ ᠲᠥᠷᠥᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠵᠡᠷᠭᠡ ᠵᠢ ᠢᠯᠡ ᠴᠠᠭ᠋ᠠᠰᠤ᠂  ᠮᠡᠳᠡᠭᠳᠡᠬᠦ ᠪᠢᠴᠢᠭ᠂ 《ᠨᠢᠭᠡ ᠬᠤᠪᠢ ᠵᠠᠬᠢᠳᠠᠯ》᠂  ᠵᠢᠷᠤᠭ ᠥᠰᠥᠭ ᠪᠢᠴᠢᠭ᠎ᠤᠨ ᠮᠡᠳᠡᠭᠡ ᠵᠠᠩᠭᠢ᠂  ᠣᠬᠣᠷ ᠬᠠᠷᠠᠭ᠋ᠠᠨ ᠳᠠᠪᠲᠠᠮᠵᠢ ᠵᠡᠷᠭᠡ ᠠᠷᠭ᠎ᠠ ᠮᠠᠶᠢᠭ ᠵᠶ᠋ᠠᠷ ᠦᠨᠳᠦᠰᠦᠨ ᠱᠠᠲᠤᠨ᠎ᠳᠤ ᠳᠠᠷᠤᠢ᠌ᠬᠠᠨ ᠤᠬᠠᠭᠤᠯᠵᠤ  ᠪᠣᠳᠠᠲᠠᠢ᠌ᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠬᠤᠷᠠᠯ᠎ᠠᠴᠠ᠂  ᠤᠯᠠᠨ ᠲᠦᠮᠡᠨ᠎ᠤ ᠪᠠᠢ᠌ᠩᠭᠤ ᠵᠢᠨ ᠬᠥᠮᠦᠵᠢᠯ᠎ᠢ ᠤᠯᠠᠨ ᠲᠦᠮᠡᠨ᠎ᠳᠤ ᠦᠢ᠍ᠯᠡᠴᠢᠯᠡᠭᠦᠯᠬᠦ᠂  ᠬᠥᠳᠡᠭᠡ ᠲᠣᠰᠬᠣᠨ᠎ᠤ ᠵᠠᠰᠠᠯᠲᠠ ᠵᠢ ᠴᠢᠩᠭ᠋ᠠᠳᠬᠠᠬᠤ᠎ᠲᠠᠢ ᠨᠢᠭᠲᠠ ᠤᠶᠠᠯᠳᠤᠭᠤᠯᠵᠤ᠂  ᠬᠡᠯᠪᠡᠷᠢᠴᠢ ᠦᠵᠡᠯ᠂  ᠨᠣᠶᠠᠨᠴᠢ ᠰᠤᠷᠲᠠᠯ᠎ᠢ ᠴᠡᠭᠴᠡᠯᠡᠨ ᠵᠠᠰᠠᠬᠤ᠎ᠲᠠᠢ ᠨᠢᠭᠲᠠ ᠤᠶᠠᠯᠳᠤᠭᠤᠯᠵᠤ᠂  ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠲᠠᠢ ᠨᠢᠭᠲᠠ ᠤᠶᠠᠯᠳᠤᠭᠤᠯᠵᠤ᠂  ᠱᠠᠲᠤ ᠱᠠᠲᠤ᠎ᠪᠠᠷ ᠲᠣᠭ᠎ᠠ ᠨᠡᠮᠡᠬᠦ ᠵᠢ ᠡᠷᠡᠰ ᠬᠡᠷᠡᠭᠵᠢᠭᠦᠯᠵᠦ᠂  ᠦᠨᠳᠦᠰᠦᠨ ᠱᠠᠲᠤᠨ᠎ᠳᠤ ᠴᠢᠳᠠᠪᠤᠷᠢ ᠣᠯᠭᠣᠵᠤ ᠳᠠᠷᠤᠭ᠋ᠠᠰᠤ ᠵᠢ ᠬᠥᠩᠭᠡᠷᠡᠭᠦᠯᠬᠦ ᠵᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃ 《ᠵᠢᠵᠢᠭ ᠬᠡᠷᠴᠢᠮ》᠎ᠤᠨ ᠠᠷᠭ᠎ᠠ᠎ᠪᠠᠷ ᠤᠯᠠᠨ ᠲᠦᠮᠡᠨ᠎ᠢ ᠬᠠᠪᠰᠤᠷᠤᠨ ᠪᠣᠳᠠᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ᠂  ᠬᠥᠳᠡᠭᠡ ᠠᠵᠤ ᠠᠬᠤᠢ᠎ᠳᠤ ᠬᠣᠯᠪᠣᠭᠳᠠᠬᠤ ᠠᠵᠤ ᠠᠬᠤᠢ᠌ᠯᠠᠯ᠂ ᠡᠵᠡᠩᠨᠡᠯᠲᠡ ᠵᠢᠨ ᠭᠣᠣᠯ ᠴᠣᠭᠴᠠ᠂  ᠮᠠᠯᠴᠢᠨ ᠲᠠᠷᠢᠶᠠᠴᠢᠨ ᠤᠯᠠᠨ ᠲᠦᠮᠡᠨ ᠶᠠᠭᠤ ᠵᠢ ᠬᠠᠯᠠᠮᠵᠢᠯᠠᠵᠤ᠂  ᠶᠠᠭᠤ ᠬᠡᠷᠡᠭᠴᠡᠭᠡ᠎ᠲᠠᠢ ᠪᠣᠯ ᠶᠠᠭᠤ ᠵᠢ ᠤᠬᠠᠭᠤᠯᠵᠤ᠂  ᠶᠠᠭᠤ ᠵᠢ ᠬᠠᠩᠭ᠋ᠠᠵᠤ᠂  ᠶᠠᠭᠤ ᠵᠢ ᠰᠢᠢ᠍ᠳᠪᠦᠷᠢᠯᠡᠬᠦ ᠬᠡᠷᠡᠭᠲᠡᠢ᠃  ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠩᠭᠤ ᠵᠢᠨ ᠴᠢᠨᠠᠷᠲᠠᠢ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ ᠲᠠᠯ᠎ᠠ ᠎ᠪᠠᠷ ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠴᠦ᠂  ᠴᠡᠴᠡᠭ ᠪᠦᠬᠦᠨ᠎ᠢ ᠵᠡᠷᠭᠡᠪᠡᠷ ᠳᠡᠯᠭᠡᠷᠡᠭᠦᠯᠵᠦ᠂  ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠢᠩᠬᠢᠮ᠎ᠤᠨ  ᠰᠢᠰᠲ᠋ᠧᠮ᠎ᠤᠨ 《1257》 ᠠᠵᠢᠯᠯᠠᠭ᠎ᠠ᠎ᠪᠠᠷ ᠯᠠᠪᠯᠠᠯᠲᠠ ᠪᠣᠯᠭ᠋ᠠᠨ ᠬᠣᠯᠪᠣᠭᠳᠠᠯ ᠪᠦᠬᠦᠢ ᠠᠵᠢᠯ᠎ᠢ ᠥᠷᠨᠢᠭᠦᠯᠵᠦ᠂  ᠮᠠᠯ ᠠᠵᠤ ᠠᠬᠤᠢ ᠲᠠᠷᠢᠶᠠᠯᠠᠩ᠎ᠤᠨ  ᠰᠢᠰᠲ᠋ᠧᠮ᠎ᠢ ᠨᠢᠭᠲᠠᠷᠠᠭᠤᠯᠵᠤ ᠬᠦᠴᠦ᠎ᠪᠠᠨ ᠬᠠᠮᠲᠤᠳᠬᠠᠨ 4 ᠲᠠᠯ᠎ᠠ ᠵᠢᠨ 91 ᠵᠦᠢ᠍ᠯ᠎ᠤᠨ ᠠᠷᠭ᠎ᠠ ᠬᠡᠮᠵᠢᠶ᠎ᠡ ᠵᠢ ᠰᠠᠢ᠌ᠲᠤᠷ ᠪᠡᠶᠡᠯᠡᠭᠦᠯᠬᠦ ᠵᠢ ᠠᠬᠢᠭᠤᠯᠵᠤ᠂  ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ᠂  ᠤᠯᠠᠨ ᠲᠦᠮᠡᠨ᠎ᠳᠤ ᠤᠬᠠᠭᠤᠯᠬᠤ᠂  ᠤᠯᠠᠨ ᠲᠦᠮᠡᠨ᠎ᠢ ᠨᠢᠭᠲᠠᠷᠠᠭᠤᠯᠬᠤ᠂  ᠤᠯᠠᠨ ᠲᠦᠮᠡᠨ᠎ᠳᠤ ᠦᠢ᠍ᠯᠡᠴᠢᠯᠡᠬᠦ ᠶᠠᠪᠤᠴᠠ᠎ᠳᠤ᠂  ᠤᠯᠠᠨ ᠲᠦᠮᠡᠨ᠎ᠳᠤ ᠨᠠᠮ᠎ᠤᠨ ᠠᠴᠢ ᠲᠤᠰᠠ ᠵᠢ ᠦᠨᠡᠨᠬᠦ ᠮᠡᠳᠡᠷᠡᠭᠦᠯᠵᠦ᠂  ᠰᠢᠨ᠎ᠡ ᠠᠶᠠᠨ ᠵᠠᠮ ᠵᠶ᠋ᠠᠨ ᠬᠠᠮᠲᠤᠪᠠᠷ ᠤᠷᠤᠭᠰᠢᠯᠠᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            