ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
ᠪᠣᠷᠤᠯᠠᠭᠤᠯᠭ᠎ᠠ᠎ᠪᠠᠷ ᠲᠠᠷᠢᠶᠠᠯᠠᠩ᠎ᠢ ᠲᠠᠢ᠍ᠢ᠍ᠴᠢᠯᠠᠵᠤ ᠣᠷᠣᠯᠭ᠎ᠠ ᠵᠢᠨ ᠨᠡᠮᠡᠭᠳᠡᠯ᠎ᠢ ᠠᠬᠢᠭᠤᠯᠤᠮᠤᠢ—ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠠᠷᠪᠠᠨ ᠨᠢᠭᠡ)
ᠨᠡᠶ᠋ᠢᠲᠡᠯᠡᠭᠰᠡᠨ ᠴᠠᠭ᠄ 2025-05-16

      【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ  ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠦᠷᠭᠡᠳᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ  ᠨᠠᠢ᠌ᠳᠠᠪᠤᠷᠢᠵᠢᠭᠤᠯᠵᠤ᠂  ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ  ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤᠵᠢᠭᠰᠠᠨ  ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ  ᠰᠣᠨᠤᠰᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ  ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃

      ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠠᠵᠢᠯᠯᠠᠭ᠎ᠠ》 ᠵᠢᠨ ᠠᠵᠢᠯ᠎ᠤᠨ ᠪᠠᠢ᠌ᠷᠢᠯᠠᠭᠤᠯᠤᠯᠲᠠ ᠵᠢ ᠭᠦᠨᠵᠡᠭᠡᠢ  ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ  ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤᠵᠢᠭᠰᠠᠨ  ᠠᠵᠢᠯᠯᠠᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ  ᠲᠤᠭᠤᠰᠢᠯᠠᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠵᠤ᠂ ᠣᠷᠣᠨ ᠪᠦᠰᠡ ᠵᠢᠨ ᠬᠠᠮᠲᠤᠷᠠᠯᠴᠠᠭ᠎ᠠ᠎ᠪᠠᠨ  ᠴᠢᠩᠭ᠋ᠠᠳᠬᠠᠬᠤ ᠵᠢᠨ ᠲᠥᠯᠥᠭᠡ᠂ 4 ᠰᠠᠷ᠎ᠠ ᠵᠢᠨ 22—5 ᠰᠠᠷ᠎ᠠ ᠵᠢᠨ 13᠎ᠤ ᠡᠳᠦᠷ  ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠵᠥᠪᠯᠡᠯ᠂ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠺᠣᠮᠫᠠᠨᠢ᠂ ᠰᠤᠷᠭ᠋ᠠᠨ ᠬᠥᠮᠦᠵᠢᠯ᠎ᠤᠨ ᠲᠢᠩᠬᠢᠮ ᠪᠣᠯᠣᠨ ᠠᠵᠢᠯᠴᠢᠨ᠎ᠤ ᠶᠡᠷᠦᠩᠬᠡᠢ  ᠡᠪᠯᠡᠯ᠎ᠲᠠᠢ ᠬᠠᠮᠲᠤᠷᠠᠨ 《ᠦᠪᠦᠷ  ᠮᠣᠩᠭᠣᠯ᠎ᠤᠨ  ᠪᠦᠲᠦᠭᠡᠭᠳᠡᠬᠦᠨ᠎ᠢ  ᠦᠪᠦᠷ  ᠮᠣᠩᠭᠣᠯ᠎ᠲᠤ  ᠬᠡᠷᠡᠭᠯᠡᠨ·ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠭᠡᠬᠦ᠎ᠪᠠᠷ ᠭᠣᠣᠯ ᠰᠡᠳᠦᠪ ᠪᠣᠯᠭ᠋ᠠᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠳᠡᠯᠭᠡᠨ ᠪᠣᠷᠣᠯᠠᠭᠤᠯᠬᠤ ᠲᠥᠪ᠎ᠲᠤ 5 ᠲᠠᠯᠠᠪᠤᠷ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠰᠢᠷᠢᠰ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ᠵᠢᠨ ᠤᠳᠤᠷᠢᠳᠤᠯᠭ᠎ᠠ᠂ ᠡᠮᠴᠢᠯᠡᠭᠡᠨ᠎ᠤ ᠪᠠᠢ᠌ᠭᠤᠯᠤᠮᠵᠢ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ ᠬᠥᠬᠡᠬᠣᠲᠠ᠎ᠳᠤ ᠰᠠᠭᠤᠭ᠎ᠠ ᠳᠡᠭᠡᠳᠦ ᠰᠤᠷᠭ᠋ᠠᠭᠤᠯᠢ ᠵᠢᠨ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ ᠵᠡᠷᠭᠡ 300 ᠭᠠᠷᠤᠢ ᠬᠥᠮᠥᠨ ᠬᠤᠷᠠᠯ᠎ᠳᠤ ᠣᠷᠣᠯᠴᠠᠵᠠᠢ᠃

      ᠠᠵᠢᠯᠯᠠᠭ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ 20 ᠭᠠᠷᠤᠢ ᠡᠮᠴᠢᠯᠡᠭᠡᠨ᠎ᠤ ᠪᠠᠢ᠌ᠭᠤᠯᠤᠮᠵᠢ᠂ 19 ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ 20 ᠬᠥᠬᠡᠬᠣᠲᠠ᠎ᠳᠤ ᠰᠠᠭᠤᠭ᠎ᠠ ᠳᠡᠭᠡᠳᠦ ᠰᠤᠷᠭ᠋ᠠᠭᠤᠯᠢ ᠵᠢᠴᠢ ᠪᠡᠭᠡᠵᠢᠩ᠂  ᠭᠤᠸᠠᠩᠵᠸᠦ᠂ ᠱᠠᠨᠳᠦ᠋ᠩ ᠪᠣᠯᠣᠨ ᠣᠷᠣᠨ᠎ᠤ ᠳᠣᠲᠣᠷᠠᠬᠢ ᠰᠢᠤᠳᠠᠨ᠎ᠤ ᠰᠢᠰᠲ᠋ᠧᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠦᠵᠡᠭᠦᠯᠭᠡ ᠵᠢᠨ ᠲᠢᠩᠬᠢᠮ᠎ᠤᠨ ᠡᠵᠡᠩᠨᠡᠯᠲᠡ ᠵᠢᠨ ᠬᠤᠳᠠᠯᠳᠤᠭ᠋ᠠᠴᠢᠨ᠂ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠂ ᠬᠠᠩᠭ᠋ᠠᠯᠭ᠎ᠠ ᠵᠢᠨ ᠬᠡᠯᠬᠢᠶᠡᠨ᠎ᠤ ᠠᠵᠤ ᠠᠬᠤᠢ᠌ᠯᠠᠯ᠎ᠲᠠᠢ ᠨᠠᠷᠢᠯᠢᠭ ᠣᠨᠣᠴᠠᠲᠠᠢ᠎ᠪᠠᠷ ᠵᠣᠯᠭ᠋ᠠᠯᠳᠤᠪᠠ᠃ 10 ᠭᠠᠷᠤᠢ ᠠᠵᠤ ᠠᠬᠤᠢ᠌ᠯᠠᠯ᠂ ᠳᠡᠭᠡᠳᠦ ᠰᠤᠷᠭ᠋ᠠᠭᠤᠯᠢ ᠠᠩᠬ᠎ᠠ ᠠᠯᠬᠤᠮ᠎ᠤᠨ ᠬᠠᠮᠲᠤᠷᠠᠯᠴᠠᠭ᠋ᠠᠨ᠎ᠤ ᠰᠠᠨᠠᠮᠵᠢ᠎ᠲᠠᠢ ᠪᠣᠯᠵᠤ᠂ ᠰᠢᠤᠳᠠᠨ᠎ᠤ ᠰᠢᠰᠲ᠋ᠧᠮ᠎ᠤᠨ᠎ᠬᠢᠨ 1 ᠳ᠋ᠦᠩᠰᠢᠭᠤᠷ ᠲᠥᠭᠥᠷᠢᠭ᠎ᠤᠨ ᠬᠤᠳᠠᠯᠳᠤᠨ ᠠᠪᠬᠤ ᠵᠣᠭᠣᠰᠤᠨ ᠲᠣᠭ᠎ᠠ ᠵᠢᠨ ᠵᠠᠬᠢᠶᠠᠯᠠᠭ᠎ᠠ ᠵᠢᠨ ᠬᠠᠭᠤᠳᠠᠰᠤ᠎ᠲᠠᠢ ᠪᠣᠯᠵᠤ᠂ ᠬᠡᠰᠡᠭ ᠡᠮᠴᠢᠯᠡᠭᠡᠨ᠎ᠤ ᠪᠠᠢ᠌ᠭᠤᠯᠤᠮᠵᠢ ᠲᠣᠰ ᠭᠠᠵᠠᠷ ᠣᠷᠣᠨ᠎ᠤ᠎ᠪᠠᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠬᠣᠭᠣᠯᠠᠨ ᠭᠡᠷ᠎ᠤᠨ ᠢᠳᠡᠭᠡᠨ᠎ᠤ ᠮᠠᠲ᠋ᠧᠷᠢᠶᠠᠯ ᠬᠤᠳᠠᠯᠳᠤᠨ ᠠᠪᠬᠤ ᠭᠠᠷᠴᠠᠭ᠎ᠲᠤ ᠣᠷᠣᠭᠤᠯᠬᠤ᠎ᠪᠠᠷ ᠲᠥᠯᠥᠪᠯᠡᠵᠦ  ᠪᠠᠢ᠌ᠨ᠎ᠠ᠃

      ᠲᠤᠰ ᠤᠳᠠᠭ᠋ᠠᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠰᠢᠷᠢᠰ ᠠᠵᠢᠯᠯᠠᠭ᠎ᠠ᠎ᠳᠤ 《ᠬᠡᠷᠡᠭᠴᠡᠭᠡ᠎ᠪᠠᠷ ᠦᠢ᠍ᠯᠡᠳᠪᠦᠷᠢᠯᠡᠯ᠎ᠢ ᠠᠬᠢᠭᠤᠯᠵᠤ᠂ ᠪᠣᠷᠤᠯᠠᠭᠤᠯᠭ᠎ᠠ᠎ᠪᠠᠷ ᠲᠠᠷᠢᠶᠠᠯᠠᠩ᠎ᠢ ᠳᠠᠢ᠌ᠴᠢᠯᠠᠬᠤ》᠎ᠪᠠᠷ ᠳᠠᠮᠵᠢᠭᠤᠯᠤᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠬᠦ ᠠᠵᠤ ᠠᠬᠤᠢ᠌ᠯᠠᠯ᠎ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠵᠶ᠋ᠠᠨ ᠥᠷᠭᠡᠳᠬᠡᠬᠦ᠎ᠳᠤ ᠬᠦᠴᠦ ᠨᠡᠮᠡᠷᠢᠯᠡᠵᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ ᠪᠣᠯ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠂ ᠨᠠᠩ ᠴᠤ᠌ ᠡᠷᠡᠭᠦᠯ  ᠮᠡᠨᠳᠦ  ᠢᠳᠡᠭᠡᠨ ᠤᠮᠳᠠᠭ᠋ᠠᠨ ᠬᠢᠭᠡᠳ ᠴᠢᠨᠠᠷ ᠰᠠᠢ᠌ᠲᠠᠢ ᠬᠠᠩᠭ᠋ᠠᠯᠭ᠎ᠠ ᠵᠢᠨ ᠬᠣᠣᠰ ᠴᠢᠭᠯᠡᠯ᠎ᠤᠨ ᠠᠵᠢᠯᠯᠠᠭ᠎ᠠ ᠮᠥᠨ᠂ ᠳᠡᠭᠡᠳᠦ ᠰᠤᠷᠭ᠋ᠠᠭᠤᠯᠢ᠂ ᠠᠵᠢᠯᠴᠢᠨ᠎ᠤ ᠡᠪᠯᠡᠯ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ ᠡᠮᠨᠡᠯᠭᠡ ᠵᠢᠨ ᠬᠣᠷᠢᠶ᠎ᠠ ᠵᠢᠨ ᠴᠢᠬᠤᠯᠠ ᠬᠡᠷᠡᠭᠯᠡᠭᠡᠨ᠎ᠤ ᠴᠣᠩᠬᠣ᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠨᠠᠩ ᠣᠯᠠᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠠᠵᠢᠯᠲᠠᠨ ᠠᠵᠢᠯᠴᠢᠨ᠎ᠤ ᠬᠣᠭᠣᠯᠠᠨ ᠭᠡᠷ᠎ᠲᠤ ᠣᠷᠣᠭᠤᠯᠵᠤ᠂ ᠲᠦᠭ ᠲᠦᠮᠡᠨ ᠠᠢ᠌ᠯ ᠡᠷᠦᠬᠡ᠎ᠳᠤ ᠠᠰᠢᠭ ᠬᠦᠷᠲᠡᠭᠡᠨ᠎ᠡ᠃

      ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠠᠴᠠ ᠨᠠᠮ᠎ᠤᠨ  ᠠᠴᠢ᠎ᠳᠤ ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ  ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》  ᠪᠠᠢ᠌ᠩᠭᠤᠵᠢᠭᠰᠠᠨ  ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠪᠠᠢ᠌ᠭᠤᠯᠭ᠎ᠠ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ ᠵᠡᠷᠭᠡ ᠰᠢᠷᠢᠰ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠣᠷᠣᠨ᠎ᠤ ᠳᠣᠲᠣᠷᠠᠬᠢ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            