【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠦᠷᠭᠡᠳᠭᠡᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠰᠣᠨᠤᠰᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠤᠰᠴᠤ᠂ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》 ᠠᠵᠢᠯᠯᠠᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠨᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠪᠤᠨ 100 ᠵᠢᠨ ᠲᠥᠯᠥᠪᠯᠡᠭᠡ》 ᠵᠢ ᠰᠢᠨ᠎ᠡ᠎ᠪᠠᠷ ᠡᠭᠦᠳᠦᠨ ᠬᠡᠷᠡᠭᠵᠢᠭᠦᠯᠬᠦ—100 ᠮᠡᠷᠭᠡᠵᠢᠯ᠎ᠤᠨ ᠬᠤᠷᠠᠮᠠᠯ ᠵᠢᠱ᠌ᠢᠶ᠎ᠡ ᠦᠵᠡᠭᠦᠯᠬᠦ ᠲᠣᠭᠣᠷᠢᠭ᠎ᠢ ᠪᠦᠲᠦᠭᠡᠨ ᠪᠠᠢ᠌ᠭᠤᠯᠪᠠ᠃ ᠳᠠᠷᠤᠢ 100 ᠮᠡᠷᠭᠡᠵᠢᠯ᠎ᠤᠨ ᠬᠤᠷᠠᠮᠠᠯ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠢ ᠪᠠᠢ᠌ᠭᠤᠯᠤᠨ᠂ 100 ᠨᠡᠷᠡᠰ᠎ᠠᠴᠠ ᠳᠡᠭᠡᠭᠰᠢ ᠳᠡᠭᠡᠳᠦ ᠲᠠᠰ ᠳᠠᠪᠬᠤᠷᠭ᠎ᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠢ᠌ᠭᠤᠯᠵᠤ᠂ 100 ᠨᠡᠷᠡᠰ ᠲᠤᠰᠬᠠᠢ ᠮᠡᠷᠭᠡᠵᠢᠯᠲᠡᠨ᠎ᠢ ᠰᠣᠩᠭᠣᠨ ᠲᠣᠮᠢᠯᠠᠵᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡ ᠥᠷᠨᠢᠭᠦᠯᠦᠨ᠂ 100 ᠬᠡᠪᠴᠢᠶᠡᠵᠢᠭᠰᠡᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ᠎ᠳᠤ ᠦᠢ᠍ᠯᠡᠴᠢᠯᠡᠵᠦ᠂ 100 ᠵᠤᠷᠪᠤᠰ ᠮᠡᠷᠭᠡᠵᠢᠯ᠎ᠤᠨ ᠪᠣᠯᠪᠠᠰᠤᠷᠠᠯ᠎ᠤᠨ ᠣᠬᠣᠷ ᠸᠢᠳᠢᠤ᠋ ᠵᠢ ᠰᠢᠩᠭᠡᠬᠡᠨ ᠦᠢ᠍ᠯᠡᠳᠦᠨ᠎ᠡ᠃ ᠮᠡᠷᠭᠡᠵᠢᠯ᠎ᠢ ᠲᠥᠪᠯᠡᠷᠡᠭᠦᠯᠦᠨ ᠳᠡᠯᠭᠡᠷᠡᠭᠦᠯᠬᠦ᠂ ᠴᠢᠳᠠᠪᠤᠷᠢᠲᠠᠨ᠎ᠤ ᠤᠶᠤᠨ᠎ᠤ ᠬᠥᠮᠥᠷᠭᠡ ᠵᠢ ᠪᠠᠶ᠋ᠢᠭᠤᠯᠬᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠵᠤ ᠠᠬᠤᠢ᠌ᠯᠠᠯ᠎ᠤᠨ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
ᠴᠢᠳᠠᠪᠤᠷᠢᠲᠠᠨ᠎ᠢ ᠬᠦᠮᠦᠵᠢᠭᠦᠯᠦᠨ ᠣᠷᠤᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠴᠢᠯᠡᠭᠡᠨ᠎ᠤ ᠲᠠᠯ᠎ᠠ᠎ᠪᠠᠷ ᠣᠯᠠᠨ ᠰᠢᠪᠲᠤᠯᠤᠯᠲᠠ᠎ᠳᠤ ᠬᠦᠴᠦ ᠨᠡᠮᠡᠷᠢᠯᠡᠪᠡ᠃ ᠣᠳᠣᠬᠠᠨ ᠪᠣᠯᠲᠠᠯ᠎ᠠ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠠᠢ᠌ᠷᠢᠰᠢᠭᠤᠯᠤᠯᠲᠠ᠎ᠳᠤ ᠰᠠᠭᠤᠷᠢᠯᠠᠨ᠂ 《ᠲᠠᠪᠤᠨ 100》 ᠵᠢᠨ ᠡᠯ᠎ᠡ ᠵᠦᠢ᠍ᠯ᠎ᠤᠨ ᠲᠥᠯᠥᠪᠯᠡᠭᠡ ᠵᠢᠨ ᠲᠣᠭᠲᠠᠭᠰᠠᠨ ᠬᠠᠷᠠᠯᠲᠠ ᠲᠡᠭᠡᠷ᠎ᠡ ᠣᠯᠠᠨ ᠰᠢᠪᠳᠤᠯᠤᠯᠳᠠ᠎ᠲᠠᠢ ᠪᠠᠢ᠌ᠵᠤ᠂ ᠭᠦᠨᠵᠡᠭᠡᠢ ᠠᠬᠢᠭᠤᠯᠪᠠ᠃ ᠮᠡᠷᠭᠡᠵᠢᠯ᠎ᠤᠨ ᠬᠤᠷᠠᠮᠠᠯ᠎ᠤᠨ ᠵᠢᠱ᠌ᠢᠶ᠎ᠡ ᠦᠵᠡᠭᠦᠯᠬᠦ ᠲᠤᠭᠤᠷᠢᠭ ᠢ 103 ᠪᠠᠢ᠌ᠭᠤᠯᠵᠤ᠂ ᠠᠮᠤ ᠲᠣᠰᠣᠨ᠎ᠤ ᠲᠠᠷᠢᠮᠠᠯ᠂ ᠠᠵᠤ ᠠᠬᠤᠢ ᠵᠢᠨ ᠲᠠᠷᠢᠮᠠᠯ᠂ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠵᠡᠷᠭᠡ 13 ᠬᠦᠷᠢᠶ᠎ᠡ ᠴᠠᠷᠠᠭ᠎ᠠ ᠵᠢ ᠬᠠᠮᠤᠷᠪᠠ᠃ 122 ᠬᠥᠮᠥᠨ᠎ᠤ ᠳᠡᠭᠡᠳᠦ ᠲᠠᠰ᠎ᠤᠨ ᠲᠤᠰᠬᠠᠢ ᠮᠡᠷᠭᠡᠵᠢᠯᠲᠡᠨ᠎ᠤ ᠣᠶᠤᠨ᠎ᠤ ᠬᠥᠮᠥᠷᠭᠡ ᠵᠢ ᠪᠠᠢ᠌ᠭᠤᠯᠪᠠ᠂ ᠡᠭᠦᠨ᠎ᠳᠤ ᠰᠤᠳᠤᠯᠤᠭᠴᠢ ᠯᠢ ᠱᠣᠸ᠋ ᠺᠦᠨ ᠵᠡᠷᠭᠡ 16 ᠣᠷᠣᠨ᠎ᠤ ᠭᠠᠳᠠᠨᠠᠬᠢ ᠲᠤᠰᠬᠠᠢ ᠮᠡᠷᠭᠡᠵᠢᠯᠲᠡᠨ ᠪᠠᠭᠲᠠᠨ᠎ᠠ᠃ ᠦᠢ᠍ᠯᠡᠴᠢᠯᠡᠭᠡᠨ᠎ᠤ ᠬᠡᠪᠴᠢᠶᠡᠵᠢᠭᠰᠡᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ 135 ᠭᠣᠣᠯ ᠴᠣᠭᠴᠠ ᠵᠢ ᠲᠣᠭᠲᠠᠭ᠋ᠠᠪᠠ᠃ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠮᠡᠷᠭᠡᠵᠢᠯ᠎ᠤᠨ ᠵᠢᠯᠣᠭᠣᠳᠤᠯᠭ᠎ᠠ ᠥᠷᠨᠢᠭᠦᠯᠵᠦ᠂ 《ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ》 ᠬᠣᠣᠰ ᠵᠠᠮᠲᠤ ᠪᠣᠯᠪᠠᠰᠤᠷᠠᠯ ᠵᠶ᠋ᠠᠷ ᠳᠡᠮᠵᠢᠨ᠂ 5 ᠬᠤᠭᠤᠴᠠᠭ᠋ᠠᠨ᠎ᠤ ᠲᠤᠰᠬᠠᠢ ᠰᠡᠳᠦᠪᠲᠦ ᠪᠣᠯᠪᠠᠰᠤᠷᠠᠯ᠎ᠢ ᠡᠷᠭᠢᠯᠡᠵᠦ᠂ ᠰᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ᠎ᠢ 600 ᠭᠠᠷᠤᠢ ᠬᠥᠮᠥᠨ ᠤᠳᠠᠭ᠎ᠠ ᠬᠥᠮᠥᠵᠢᠭᠦᠯᠪᠡ᠃ ᠲᠠᠷᠢᠶᠠᠯᠠᠩ᠎ᠤᠨ ᠮᠡᠷᠭᠡᠵᠢᠯ᠎ᠤᠨ ᠣᠬᠣᠷ ᠸᠢᠳᠢᠤ᠋ ᠵᠢᠨ ᠰᠢᠩᠭᠡᠭᠡᠯᠲᠡ ᠵᠢ ᠰᠢᠨ᠎ᠡ᠎ᠪᠠᠷ ᠡᠭᠦᠳᠴᠦ᠂ ᠮᠡᠷᠭᠡᠵᠢᠯ᠎ᠤᠨ ᠪᠣᠯᠪᠠᠰᠤᠷᠠᠯ᠎ᠤᠨ ᠸᠢᠳᠢᠤ᠋ ᠵᠢ ᠨᠡᠶ᠋ᠢᠲᠡ 20 ᠭᠠᠷᠤᠢ ᠨᠡᠢ᠌ᠲᠡᠯᠡᠵᠡᠢ᠃
ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠡᠷ ᠬᠦᠴᠦᠨ ᠨᠡᠮᠡᠷᠢᠯᠡᠵᠦ᠂ ᠮᠡᠷᠭᠡᠵᠢᠯ᠎ᠢ ᠲᠥᠪᠯᠡᠷᠡᠭᠦᠯᠦᠨ ᠳᠡᠯᠭᠡᠷᠡᠭᠦᠯᠬᠦ ᠵᠢ ᠠᠬᠢᠭᠤᠯᠪᠠ᠃ 《ᠡᠮᠦᠨᠡᠲᠦ ᠤᠮᠠᠷᠠᠲᠤ ᠵᠢᠨ ᠤᠰᠤᠨ᠎ᠤ ᠭᠠᠷᠤᠯᠲᠠ ᠵᠢᠨ ᠬᠠᠮᠲᠤᠷᠠᠯᠴᠠᠭ᠎ᠠ》 ᠵᠢᠨ ᠰᠢᠨ᠎ᠡ ᠵᠢ ᠡᠭᠦᠳᠦᠨ ᠦᠷᠨᠢᠭᠦᠯᠪᠡ᠃ 3 ᠰᠠᠷ᠎ᠠ᠎ᠳᠤ ᠶᠠᠪᠤᠭᠳᠠᠭᠰᠠᠨ ᠬᠠᠢ᠌ᠨᠠᠨᠳᠤᠤ ᠦᠪᠦᠷ ᠮᠤᠩᠭᠤᠯ᠎ᠤᠨ ᠤᠰᠤᠨ᠎ᠤ ᠭᠠᠷᠤᠯᠲᠠ ᠵᠢᠨ ᠬᠠᠮᠲᠤᠷᠠᠯᠴᠠᠭ᠋ᠠᠨ᠎ᠤ ᠵᠥᠪᠳᠡᠨ ᠶᠠᠷᠢᠯᠴᠠᠬᠤ ᠬᠤᠷᠠᠯ᠎ᠨᠢ ᠰᠠᠢ᠌ᠨ ᠡᠭᠦᠯᠳᠡᠷ᠎ᠢ ᠰᠣᠩᠭᠣᠨ ᠪᠣᠢ᠌ᠵᠢᠭᠤᠯᠬᠤ ᠪᠠ ᠬᠤᠵᠢᠷᠯᠢᠭ ᠤᠰᠤᠨ᠎ᠳᠤ ᠲᠡᠵᠢᠭᠡᠨ ᠦᠷᠡᠵᠢᠭᠦᠯᠬᠦ ᠮᠡᠷᠭᠡᠵᠢᠯ᠎ᠢ ᠬᠤᠪᠢᠷᠠᠭᠤᠯᠬᠤ ᠲᠠᠯ᠎ᠠ᠎ᠪᠠᠷ ᠭᠣᠣᠯᠳᠠᠯᠭ᠎ᠠ᠎ᠲᠠᠢ ᠰᠢᠪᠲᠤᠯᠤᠯᠲᠠ ᠭᠠᠷᠭ᠋ᠠᠵᠤ᠂ ᠰᠠᠮ ᠬᠣᠷᠣᠬᠠᠢ ᠵᠢᠨ ᠴᠢᠬᠢ ᠵᠢ ᠲᠤᠬᠠᠢ ᠵᠢᠨ ᠭᠠᠵᠠᠷ᠎ᠲᠤᠨᠢ ᠴᠡᠩᠭᠡᠭᠵᠢᠭᠦᠯᠬᠦ ᠬᠦᠴᠢᠷ ᠠᠰᠠᠭᠤᠳᠠᠯ᠎ᠢ ᠠᠮᠵᠢᠯᠲᠠ᠎ᠲᠠᠢ ᠰᠢᠢ᠍ᠳᠪᠦᠷᠢᠯᠡᠭᠰᠡᠨ ᠪᠥᠭᠡᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢ ᠪᠠᠢ᠌ᠭᠤᠯᠵᠤ᠂ 16 ᠠᠵᠤ ᠠᠬᠤᠢ᠌ᠯᠠᠯ 1.5 ᠳ᠋ᠦᠩᠰᠢᠭᠤᠷ ᠰᠢᠯᠢᠳᠡᠭ ᠰᠠᠮ ᠬᠣᠷᠣᠬᠠᠢ ᠵᠢᠨ ᠴᠢᠬᠢ ᠵᠢᠨ ᠭᠡᠷ᠎ᠡ ᠲᠤᠭᠳᠠᠵᠤ᠂ ᠣᠳᠣᠬᠠᠨ᠎ᠳᠤ ᠨᠢᠭᠡᠨᠲᠡ 4000 ᠲᠦᠮᠡᠨ ᠰᠠᠮ ᠬᠣᠷᠣᠬᠠᠢ ᠵᠢ ᠠᠮᠵᠢᠯᠲᠠ᠎ᠲᠠᠢ ᠣᠷᠣᠭᠤᠯᠵᠠᠢ᠃ 《2025 ᠣᠨ᠎ᠤ ᠰᠢᠷ᠎ᠠ ᠪᠤᠷᠴᠠᠭ᠎ᠤᠨ ᠦᠨᠳᠦᠰᠦ ᠵᠢᠨ ᠪᠡᠲᠡᠭᠢ ᠵᠢᠨ ᠪᠠᠺᠲ᠋ᠧᠷᠢ ᠵᠢᠨ ᠲᠠᠷᠢᠯᠭ᠎ᠠ ᠵᠢᠨ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 ᠵᠡᠷᠭᠡ ᠮᠡᠷᠭᠡᠵᠢᠯ᠎ᠤᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠪᠠ᠃ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠣᠨᠣᠭ ᠲᠥᠬᠦᠭᠡᠷᠦᠮᠵᠢ᠂ ᠰᠢᠨ᠎ᠡ ᠵᠠᠭᠪᠤᠷ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠤᠬᠠᠭᠤᠯᠤᠨ ᠳᠡᠯᠭᠡᠷᠡᠭᠦᠯᠬᠦ ᠡᠷᠴᠢᠮ᠎ᠢ ᠴᠢᠩᠭ᠋ᠠᠷᠠᠭᠤᠯᠵᠤ᠂ ᠦᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠨᠡᠶ᠋ᠢᠲᠡ ᠵᠢᠨ ᠳ᠋ᠤᠭ᠋ᠠᠷ᠎ᠲᠤ 《2025 ᠣᠨ᠎ᠤ 4 ᠰᠠᠷ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠳᠤᠮᠳᠠᠬᠢ ᠡᠪᠡᠳᠴᠢᠨ᠎ᠤ ᠬᠥᠨᠥᠭᠡᠯ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ》᠂ 《ᠬᠠᠪᠤᠷ᠎ᠤᠨ ᠲᠠᠷᠢᠶᠠᠯᠠᠭ᠎ᠠ ᠵᠢᠨ ᠬᠤᠭᠤᠴᠠᠭ᠋ᠠᠨ᠎ᠳᠠᠬᠢ ᠲᠠᠷᠢᠶᠠᠯᠠᠩ᠎ᠤᠨ ᠮᠠᠰᠢᠨ᠎ᠤ ᠠᠮᠤᠷ ᠲᠦᠪᠰᠢᠨ᠎ᠤ ᠰᠠᠨᠠᠭᠤᠯᠤᠮᠵᠢ》 ᠵᠡᠷᠭᠡ 17 ᠮᠡᠷᠭᠡᠵᠢᠯ᠎ᠤᠨ ᠮᠡᠳᠡᠭᠡ ᠵᠠᠩᠭᠢ ᠵᠢ ᠬᠠᠨᠳᠤᠯᠭ᠋ᠠᠲᠤ ᠴᠢᠨᠠᠷᠲᠠᠢ᠎ᠪᠠᠷ ᠨᠡᠢ᠌ᠲᠡᠯᠡᠪᠡ᠃


ᠤᠨᠢᠨ ᠳᠡᠭᠡᠷ᠎ᠡ᠎ᠨᠢ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠵᠤ ᠦᠢ᠍ᠯᠡᠰ᠎ᠤᠨ ᠬᠥᠭᠵᠢᠯᠲᠡ ᠵᠢᠨ ᠪᠣᠭᠣᠮᠢ ᠵᠢ ᠡᠪᠳᠡᠪᠡ᠃ ᠨᠠᠮ᠎ᠤᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠎ᠢ ᠭᠦᠨᠵᠡᠭᠡᠢ ᠠᠭᠤᠰᠤᠯᠴᠠᠭᠤᠯᠤᠨ᠂ 《ᠳᠥᠷᠪᠡᠨ ᠱᠠᠲᠤ᠎ᠪᠠᠷ ᠬᠣᠯᠪᠤᠭ᠋ᠠᠯᠠᠨ ᠰᠢᠨ᠎ᠡ ᠵᠢ ᠡᠭᠦᠳᠬᠦ +》 ᠵᠠᠭᠪᠤᠷ᠎ᠢ ᠡᠭᠦᠳᠦᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠰᠢᠰᠲ᠋ᠧᠮᠵᠢ ᠵᠢ ᠨᠢᠭᠡᠳᠦᠯᠲᠡᠢ ᠲᠥᠯᠥᠪᠯᠡᠨ ᠵᠢᠱ᠌ᠢᠶ᠎ᠡ ᠦᠵᠡᠭᠦᠯᠬᠦ ᠲᠣᠭᠣᠷᠢᠭ ᠪᠣᠯᠭ᠋ᠠᠨ ᠪᠠᠢ᠌ᠭᠤᠯᠵᠤ᠂ ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠵᠦ᠂ ᠳᠣᠲᠣᠨ᠎ᠠ ᠭᠠᠳᠠᠨ᠎ᠠ ᠬᠠᠮᠵᠢᠯᠴᠠᠨ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠵᠢ ᠳᠠᠢ᠌ᠴᠢᠯᠠᠪᠠ᠃ 《ᠲᠠᠪᠤᠨ 100》 ᠵᠢᠨ ᠭᠣᠣᠯᠳᠠᠯᠭ᠎ᠠ᠎ᠲᠠᠢ ᠠᠵᠢᠯ᠎ᠤᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ ᠰᠢᠯᠢ ᠵᠢᠨ ᠭᠣᠣᠯ ᠠᠢ᠌ᠮᠠᠭ᠎ᠲᠤ ᠡᠩ ᠲᠡᠷᠢᠭᠦᠨ᠎ᠳᠤ 《ᠪᠡᠯᠴᠢᠭᠡᠷᠯᠡᠭᠦᠯᠬᠦ ᠵᠢ ᠵᠣᠭᠰᠤᠭ᠋ᠠᠬᠤ ᠬᠤᠭᠤᠴᠠᠭ᠋ᠠᠨ᠎ᠳᠠᠬᠢ ᠮᠠᠯ ᠲᠡᠵᠢᠭᠡᠪᠦᠷᠢ ᠵᠢᠨ ᠠᠷᠠᠴᠢᠯᠠᠯᠲᠠ ᠬᠠᠮᠢᠶᠠᠷᠤᠯᠲᠠ ᠵᠢᠨ ᠮᠡᠷᠭᠡᠵᠢᠯ᠎ᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢ ᠥᠷᠨᠢᠭᠦᠯᠵᠦ᠂ ᠲᠡᠵᠢᠭᠡᠯ ᠡᠪᠡᠰᠦ ᠪᠣᠷᠳᠣᠭ᠎ᠠ ᠵᠢᠨ ᠨᠠᠢ᠌ᠷᠠᠯᠭ᠎ᠠ᠂ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠪᠠ ᠦᠷᠡᠵᠢᠯᠲᠡ ᠵᠢᠨ ᠦᠷ᠎ᠡ ᠪᠦᠲᠦᠮᠵᠢ ᠵᠡᠷᠭᠡ ᠭᠤᠷᠪᠠᠨ ᠶᠡᠬᠡ ᠭᠣᠣᠯᠯᠠᠬᠤ ᠮᠡᠷᠭᠡᠵᠢᠯ᠎ᠢ ᠰᠢᠯᠢᠳᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠣᠨᠣᠯ᠎ᠤᠨ ᠪᠣᠳᠠᠲᠤ ᠪᠣᠯᠪᠠᠰᠤᠷᠠᠯ + ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠸᠢᠳᠢᠣ᠋》 ᠵᠢᠨ ᠪᠣᠯᠪᠠᠰᠤᠷᠠᠯ᠎ᠤᠨ ᠵᠠᠭᠪᠤᠷ᠎ᠢ ᠰᠢᠨ᠎ᠡ᠎ᠪᠠᠷ ᠬᠡᠷᠡᠭᠯᠡᠨ ᠮᠡᠷᠭᠡᠵᠢᠯ᠎ᠤᠨ ᠲᠦᠭᠡᠮᠡᠯᠵᠢᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠡᠭᠦᠨ᠎ᠤ ᠬᠠᠮᠲᠤ ᠲᠤᠰᠬᠠᠢ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠢ᠌ᠭᠤᠯᠤᠨ ᠪᠤᠭᠤᠲᠤ᠂ ᠪᠠᠶᠠᠨᠨᠠᠭᠤᠷ ᠵᠡᠷᠭᠡ ᠭᠠᠵᠠᠷ᠎ᠲᠤ ᠬᠦᠷᠴᠦ ᠣᠰᠣᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠵᠢᠯᠣᠭᠣᠳᠤᠯᠭ᠎ᠠ ᠥᠷᠨᠢᠭᠦᠯᠵᠦ᠂ ᠬᠤᠵᠢᠷᠯᠢᠭ ᠭᠠᠵᠠᠷ᠎ᠤᠨ ᠣᠰᠣᠨ᠎ᠤ ᠡᠬᠢ ᠪᠠᠶᠠᠯᠢᠭ᠎ᠢ ᠠᠰᠢᠭᠯᠠᠬᠤ᠂ ᠬᠥᠮᠥᠨ᠎ᠤ ᠬᠦᠴᠦ᠎ᠪᠠᠷ ᠦᠷᠡᠵᠢᠭᠦᠯᠦᠨ ᠪᠣᠢ᠌ᠵᠢᠭᠤᠯᠬᠤ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠪᠡᠷᠬᠡ ᠰᠡᠳᠦᠪ᠎ᠢ ᠭᠣᠣᠯᠳᠠᠯᠭ᠎ᠠ᠎ᠲᠠᠢ ᠰᠢᠢ᠍ᠳᠪᠦᠷᠢᠯᠡᠪᠡ᠃ ᠶᠡᠬᠡ ᠳᠡᠭᠡᠳᠦ ᠰᠤᠷᠭ᠋ᠠᠭᠤᠯᠢ ᠪᠣᠯᠣᠨ ᠭᠤᠷᠪᠠᠨ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠪᠦᠯᠬᠦᠮ᠎ᠲᠠᠢ ᠬᠣᠯᠪᠤᠭ᠋ᠠᠯᠠᠨ᠂ ᠳ᠋ᠸᠩᠺᠸᠦ ᠵᠢᠨ ᠵᠢᠩ ᠬᠤᠸᠠᠩ ᠬᠣᠶᠠᠷ ᠤᠰᠤᠯᠠᠯᠲᠠ ᠵᠢᠨ ᠲᠤᠭᠤᠷᠢᠭ ᠵᠡᠷᠭᠡ ᠣᠷᠣᠨ ᠪᠦᠰᠡ᠎ᠳᠤ 《ᠬᠤᠵᠢᠷ᠎ᠲᠤ ᠲᠡᠰᠪᠦᠷᠢᠲᠡᠢ ᠰᠠᠯᠬᠢ ᠡᠯᠡᠰᠦᠨ᠎ᠳᠤ ᠲᠡᠰᠪᠦᠷᠢᠲᠡᠢ ᠲᠡᠵᠢᠭᠡᠯ ᠡᠪᠡᠰᠦ ᠵᠢ ᠳᠡᠯᠭᠡᠷᠡᠭᠦᠯᠬᠦ ᠪᠠ ᠤᠰᠤ ᠠᠷᠪᠢᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ》 ᠵᠢ ᠬᠡᠷᠡᠭᠵᠢᠭᠦᠯᠵᠦ᠂ ᠳᠠᠭ᠋ᠠᠭ᠋ᠠᠴᠠ ᠲᠡᠰᠪᠦᠷᠢᠲᠡᠢ ᠡᠭᠦᠯᠳᠡᠷ ᠪᠣᠯᠣᠨ ᠤᠰᠤ ᠠᠷᠪᠢᠯᠠᠬᠤ ᠵᠢᠱ᠌ᠢᠶ᠎ᠡ ᠦᠵᠡᠭᠦᠯᠬᠦ ᠠᠵᠢᠯ᠎ᠢ ᠬᠢᠵᠦ᠂ ᠡᠪᠦᠯ᠎ᠤᠨ ᠬᠠᠷ᠎ᠠ ᠪᠤᠭᠤᠳᠠᠢ ᠵᠢ ᠳᠠᠬᠢᠨ ᠲᠠᠷᠢᠬᠤ ᠠᠵᠢᠯᠯᠠᠭ᠎ᠠ ᠵᠢ ᠬᠥᠳᠡᠯᠦᠩᠭᠦᠢ᠎ᠪᠠᠷ ᠬᠢᠨᠠᠨ ᠬᠡᠮᠵᠢᠵᠦ᠂ 8 ᠬᠤᠷᠰᠢᠶ᠎ᠠ ᠪᠣᠯᠣᠨ ᠲᠠᠷᠢᠶᠠᠯᠠᠩ᠎ᠤᠨ ᠲᠠᠯᠠᠪᠠᠢ᠎ᠳᠤ ᠬᠦᠷᠴᠦ ᠤᠰᠤ ᠪᠣᠷᠳᠣᠭᠤᠷ᠎ᠤᠨ ᠬᠣᠯᠢᠮᠠᠭ ᠲᠡᠭᠰᠢ ᠦᠭᠡᠢ ᠦᠢ᠍ᠯᠡᠳᠪᠦᠷᠢᠯᠡᠯ᠎ᠤᠨ ᠠᠰᠠᠭᠤᠳᠠᠯ᠎ᠢ ᠰᠢᠢ᠍ᠳᠪᠦᠷᠢᠯᠡᠪᠡ᠃ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠡᠵᠢᠭᠡᠯ ᠪᠣᠷᠳᠣᠭ᠎ᠠ ᠵᠢᠨ ᠥᠪᠡᠷ᠎ᠤᠨ ᠥᠷᠲᠡᠭ ᠥᠨᠳᠥᠷ᠂ ᠰᠦ ᠵᠢᠨ ᠦᠨ᠎ᠡ᠎ᠪᠠᠷ ᠪᠠᠷᠤᠭᠲᠠᠢ ᠪᠠᠢ᠌ᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠥᠪᠥᠷ ᠮᠣᠩᠭᠣᠯ᠎ᠤᠨ ᠰᠠᠭ᠋ᠠᠯᠢ ᠵᠢᠨ ᠦᠢ᠍ᠯᠡᠰ᠎ᠤᠨ ᠨᠡᠢ᠌ᠭᠡᠮᠯᠢᠭ ᠪᠣᠯᠣᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠳ᠎ᠲᠠᠢ ᠬᠠᠮᠲᠤᠷᠠᠨ ᠲᠣᠭᠲᠠᠬᠤ ᠰᠢᠶᠠᠨ᠎ᠳᠤ ᠬᠦᠷᠴᠦ ᠮᠡᠷᠭᠡᠵᠢᠯ᠎ᠤᠨ ᠦᠢ᠍ᠯᠡᠴᠢᠯᠡᠭᠡ ᠥᠷᠨᠢᠭᠦᠯᠵᠦ᠂ ᠲᠡᠵᠢᠭᠡᠯ ᠪᠣᠷᠳᠣᠭ᠎ᠠ ᠵᠢᠨ ᠨᠠᠢ᠌ᠷᠠᠯᠭ᠎ᠠ ᠵᠢ ᠰᠢᠯᠢᠳᠡᠭᠵᠢᠭᠦᠯᠦᠨ᠂ ᠣᠶᠤᠨᠴᠢ ᠬᠠᠮᠢᠶᠠᠷᠤᠯᠲᠠ ᠵᠢᠨ ᠮᠡᠷᠭᠡᠵᠢᠯ᠎ᠢ ᠲᠡᠯᠭᠡᠷᠡᠭᠦᠯᠪᠡ᠃ ᠲᠡᠳᠡᠨ᠎ᠤ ᠠᠮᠢᠳᠤ ᠪᠣᠳᠠᠰ᠎ᠤᠨ ᠳ᠋ᠧᠩ᠎ᠤᠨ ᠭᠡᠷᠡᠯ᠎ᠤᠨ ᠲᠤᠷᠰᠢᠯᠲᠠ ᠵᠢᠨ ᠠᠩᠬ᠎ᠠ ᠠᠯᠬᠤᠮ᠎ᠤᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ ᠰᠦ ᠭᠠᠷᠬᠤ ᠬᠡᠮᠵᠢᠶ᠎ᠡ ᠵᠢ ᠳᠡᠭᠡᠭᠰᠢᠯᠡᠭᠦᠯᠵᠦ᠂ ᠥᠪᠡᠷ᠎ᠤᠨ ᠥᠷᠲᠡᠭ᠎ᠢ ᠠᠷᠪᠢᠯᠠᠨ ᠦᠷ᠎ᠡ ᠠᠰᠢᠭ᠎ᠢ ᠨᠡᠮᠡᠭᠳᠡᠭᠦᠯᠬᠦ ᠬᠠᠷᠠᠯᠲᠠ ᠵᠢ ᠪᠡᠶᠡᠯᠡᠭᠦᠯᠪᠡ᠃ ᠣᠷᠳᠣᠰ ᠵᠡᠷᠭᠡ ᠭᠠᠵᠠᠷ᠎ᠲᠤ ᠨᠤᠤᠯᠤᠭᠤᠷ᠎ᠤᠨ ᠢᠮᠠᠭ᠋ᠠᠨ᠎ᠤ ᠨᠤᠤᠯᠤᠭᠤᠷ᠎ᠤᠨ ᠠᠵᠤ ᠦᠢ᠍ᠯᠡᠰ᠎ᠤᠨ ᠮᠡᠷᠭᠡᠵᠢᠯ᠎ᠤᠨ ᠪᠣᠯᠪᠠᠰᠤᠷᠠᠯ᠎ᠢ 10 ᠭᠠᠷᠤᠢ ᠤᠳᠠᠭ᠎ᠠ ᠥᠷᠨᠢᠭᠦᠯᠵᠦ᠂ ᠨᠤᠤᠯᠤᠭᠤᠷ᠎ᠤᠨ ᠢᠮᠠᠭ᠋ᠠᠨ᠎ᠤ ᠭᠣᠣᠯ ᠡᠭᠦᠯᠳᠡᠷ ᠪᠣᠢ᠌ᠵᠢᠭᠤᠯᠬᠤ ᠲᠠᠯᠠᠪᠠᠢ᠎ᠳᠤ ᠮᠡᠷᠭᠡᠵᠢᠯ᠎ᠤᠨ ᠵᠢᠯᠣᠭᠣᠳᠤᠯᠭ᠎ᠠ ᠦᠷᠨᠢᠭᠦᠯᠪᠡ᠃ 《ᠨᠠᠮ᠎ᠤᠨ ᠪᠠᠢ᠌ᠭᠤᠯᠤᠯᠲᠠ + ᠲᠤᠬᠠᠢ᠌ᠯᠠᠭᠰᠠᠨ ᠠᠵᠢᠯ》᠎ᠤᠨ ᠬᠣᠣᠰ ᠴᠥᠮ᠎ᠡ᠎ᠪᠠᠷ ᠬᠥᠳᠡᠯᠭᠡᠭᠦᠷ ᠪᠣᠯᠭ᠋ᠠᠬᠤ ᠵᠠᠭᠪᠤᠷ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠨᠠᠮ᠎ᠤᠨ ᠪᠠᠢ᠌ᠭᠤᠯᠤᠯᠲᠠ᠂ ᠲᠤᠬᠠᠢ᠌ᠯᠠᠭᠰᠠᠨ ᠠᠵᠢᠯ᠎ᠤᠨ ᠬᠠᠷᠢᠯᠴᠠᠨ ᠠᠭᠤᠰᠤᠯᠴᠠᠵᠤ ᠬᠠᠮᠲᠤ᠎ᠪᠠᠷ ᠤᠷᠤᠭᠰᠢᠯᠠᠬᠤ ᠵᠢ ᠪᠦᠲᠦᠮᠵᠢᠲᠡᠶ ᠠᠬᠢᠭᠤᠯᠵᠤ᠂ ᠮᠡᠷᠭᠡᠵᠢᠯ᠎ᠤᠨ ᠳᠡᠯᠭᠡᠷᠡᠭᠦᠯᠦᠯᠲᠡ ᠬᠢᠭᠡᠳ ᠠᠵᠤ ᠦᠢ᠍ᠯᠡᠰ᠎ᠤᠨ ᠬᠥᠭᠵᠢᠯᠲᠡ ᠵᠢᠨ ᠰᠠᠢ᠌ᠨ ᠣᠷᠴᠢᠯ᠎ᠢ ᠪᠣᠶ ᠪᠣᠯᠭ᠋ᠠᠭᠰᠠᠨ ᠪᠠᠢ᠌ᠨ᠎ᠠ᠃

《ᠪᠡᠯᠴᠢᠭᠡᠷᠯᠡᠭᠦᠯᠬᠦ ᠵᠢ ᠵᠣᠭᠰᠤᠭ᠋ᠠᠬᠤ ᠬᠤᠭᠤᠴᠠᠭ᠋ᠠᠨ᠎ᠳᠠᠬᠢ ᠮᠠᠯ ᠲᠡᠵᠢᠭᠡᠪᠦᠷᠢ ᠵᠢᠨ ᠠᠷᠠᠴᠢᠯᠠᠯᠲᠠ ᠬᠠᠮᠢᠶᠠᠷᠤᠯᠲᠠ ᠵᠢᠨ ᠮᠡᠷᠭᠡᠵᠢᠯ᠎ᠢ ᠬᠥᠳᠡᠭᠡ ᠪᠠᠭᠤᠯᠭ᠋ᠠᠬᠤ》 ᠠᠵᠢᠯᠯᠠᠭ᠎ᠠ

《ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠦᠢ᠍ᠯᠡᠴᠢᠯᠡᠭᠡ》 ᠵᠢᠨ ᠠᠵᠢᠯᠯᠠᠭ᠎ᠠ


《ᠬᠤᠵᠢᠷ᠎ᠲᠤ ᠲᠡᠰᠪᠦᠷᠢᠲᠡᠢ᠂ ᠰᠠᠯᠬᠢ ᠡᠯᠡᠰᠦᠨ᠎ᠳᠤ ᠲᠡᠰᠪᠦᠷᠢᠲᠡᠢ ᠲᠡᠵᠢᠭᠡᠯ ᠡᠪᠡᠰᠦ ᠵᠢ ᠳᠡᠯᠭᠡᠷᠡᠭᠦᠯᠬᠦ ᠪᠠ ᠤᠰᠤ ᠠᠷᠪᠢᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ》 ᠠᠵᠢᠯᠯᠠᠭ᠎ᠠ
ᠲᠠᠷᠠᠭ᠋ᠠᠴᠢ ᠵᠢᠨ ᠠᠯᠬᠤᠮ᠎ᠳᠤ᠂ 《ᠲᠠᠪᠤᠨ 100 ᠵᠢᠨ ᠲᠥᠯᠥᠪᠯᠡᠭᠡ》 ᠵᠢᠨ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠂ ᠲᠠᠷᠢᠮᠠᠯ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠲᠦᠭᠦᠭᠡᠷᠦᠮᠵᠢᠲᠦ ᠲᠠᠷᠢᠶᠠᠯᠠᠩ᠂ ᠢᠮᠠᠭ᠋ᠠᠨ ᠨᠤᠤᠯᠤᠭᠤᠷ᠎ᠤᠨ ᠠᠵᠤ ᠦᠢ᠍ᠯᠡᠰ᠎ᠤᠨ ᠬᠡᠯᠬᠢᠶ᠎ᠡ ᠵᠡᠷᠭᠡ ᠭᠣᠣᠯᠳᠠᠯᠭ᠎ᠠ᠎ᠲᠠᠢ ᠡᠭᠦᠷᠭᠡ ᠵᠢᠨ ᠲᠣᠭᠣᠷᠢᠨ᠎ᠳᠤ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ᠂ ᠳᠠᠪᠠᠭᠤᠯᠢᠭ ᠡᠬᠢ ᠪᠠᠶᠠᠯᠢᠭ ᠪᠠ ᠡᠯ᠎ᠡ ᠲᠠᠯ᠎ᠠ ᠵᠢᠨ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ᠎ᠡ᠃ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠪᠦᠯᠦᠭ ᠤᠳᠠᠭ᠎ᠠ ᠬᠤᠪᠢᠶᠠᠨ ᠲᠣᠬᠢᠷᠠᠭᠤᠯᠬᠤ ᠵᠠᠭᠪᠤᠷ᠎ᠢ ᠪᠠᠢ᠌ᠭᠤᠯᠤᠨ ᠮᠥᠷᠳᠡᠵᠦ ᠰᠢᠮᠳᠠᠭᠤᠯᠤᠨ ᠭᠦᠢ᠍ᠴᠡᠳᠬᠡᠵᠦ᠂ ᠠᠰᠠᠭᠤᠳᠠᠯ᠎ᠢ ᠣᠨᠣᠪᠴᠢᠲᠠᠶ ᠰᠢᠢ᠍ᠳᠪᠦᠷᠢᠯᠡᠬᠦ᠂ ᠦᠢ᠍ᠯᠡᠴᠢᠯᠡᠭᠡᠨ᠎ᠤ ᠶᠠᠰᠤ ᠴᠢᠨᠠᠷ ᠰᠢᠯᠢᠳᠡᠭ ᠰᠠᠢ᠌ᠨ᠂ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨᠬᠦ ᠪᠠᠲᠤᠯᠠᠵᠤ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢᠨ ᠬᠠᠷᠠᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃