ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠲᠠᠷᠬᠠᠭ᠋ᠠᠬᠤ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 61 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠤᠨ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ ᠳᠦᠷᠢᠮ (2025 ᠣᠨ᠎ᠤ ᠬᠡᠪᠯᠡᠯ)》᠎ᠢ ᠰᠤᠳᠤᠯᠤᠨ ᠲᠤᠭᠳᠠᠭ᠋ᠠᠪᠠ᠂ ᠡᠨᠡ᠎ᠨᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠵᠢᠭᠡᠯᠡᠯᠭᠡ ᠵᠢᠨ ᠳᠠᠮ ᠬᠦᠦ᠂ ᠪᠡᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠪᠠ ᠲᠠᠷᠢᠶᠠᠯᠠᠩ᠎ᠤᠨ ᠠᠵᠤ ᠦᠶ᠋ᠢᠯᠡᠰᠵᠢᠯᠲᠡ ᠵᠢᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ ᠱᠠᠩᠨᠠᠬᠤ ᠲᠥᠷᠥ ᠵᠢᠨ ᠪᠣᠳᠣᠯᠭ᠎ᠠ ᠵᠡᠷᠭᠡ 3 ᠲᠠᠯ᠎ᠠ᠎ᠳᠤ ᠬᠤᠯᠪᠤᠭᠳᠠᠬᠤ ᠪᠤᠯᠤᠨ᠎ᠠ᠂ ᠡᠳᠦᠭᠡ ᠳᠠᠷᠤᠮᠠᠯᠯᠠᠨ ᠲᠠᠷᠬᠠᠭ᠋ᠠᠪᠠ᠂ ᠬᠢᠨᠠᠮᠠᠭ᠋ᠠᠢ ᠬᠡᠷᠡᠭᠵᠢᠭᠦᠯᠲᠦᠭᠡᠢ᠃
ᠳᠠᠭ᠋ᠠᠯᠳᠤᠭᠤᠯᠤᠯ᠄ ᠠᠮᠠᠯᠠᠯᠲᠠ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠡᠳ᠋᠎ᠤᠨ ᠵᠠᠰᠠᠭ᠎ᠤᠨ ᠲᠢᠩᠬᠢᠮ
2025 ᠣᠨ᠎ᠤ 3 ᠰᠠᠷ᠎ᠠ ᠵᠢᠨ 13᠎ᠤ ᠡᠳᠦᠷ
ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠵᠢᠭᠡᠯᠡᠯᠭᠡ ᠵᠢᠨ ᠳᠠᠮ ᠬᠦᠦ ᠵᠢ ᠳᠡᠮᠵᠢᠬᠦ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠨᠠᠷᠢᠨ ᠳᠦ᠍ᠷᠢᠮ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ
ᠪᠣᠯᠪᠠᠰᠤᠷᠠᠭᠤᠯᠬᠤ ᠵᠢ ᠲᠡᠮᠵᠢᠭᠦ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠲᠠᠷᠬᠠᠭ᠋ᠠᠬᠤ ᠮᠡᠳᠡᠭᠳᠡᠯ》 (ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ᠂ ᠥᠪᠥᠷ ᠵᠠᠰᠠᠭ ᠠᠯᠪᠠᠨ ᠲᠠᠷᠬᠠᠭ᠋ᠠᠭᠰᠠᠨ [2024] 61 ᠳ᠋ᠦ᠍ᠭᠡᠷ ᠲᠣᠭ᠋ᠠᠲᠤ)᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠵᠢᠭᠡᠯᠡᠯᠭᠡ ᠵᠢᠨ ᠳᠠᠮ ᠬᠦᠦ ᠵᠢ ᠬᠡᠷᠡᠭᠵᠢᠭᠦᠯᠬᠦ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠵᠢᠭᠡᠯᠡᠯᠭᠡ ᠵᠢᠨ ᠳᠠᠮ ᠬᠦᠦ ᠥᠭᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠰᠢᠭᠦᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠨ ᠠᠬᠢᠭᠤᠯᠬᠤ ᠵᠢᠨ ᠲᠦᠯᠦᠭᠡ ᠲᠣᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ᠃
ᠨᠢᠭᠡ᠂ ᠬᠠᠮᠢᠶ᠎ᠠ ᠪᠦᠬᠦᠢ ᠬᠡᠪᠴᠢᠶ᠎ᠡ ᠪᠠ ᠪᠠᠷᠢᠮᠵᠢᠶ᠎ᠠ
(ᠨᠢᠭᠡ) ᠰᠢᠯᠭ᠋ᠠᠨ ᠠᠪᠬᠤ ᠪᠠ ᠬᠢᠨᠠᠨ ᠬᠠᠷᠭᠤᠭᠤᠯᠬᠤ ᠪᠠᠷᠢᠮᠵᠢᠶ᠎ᠠ
1. ᠣᠲᠣ ᠵᠢᠨ ᠪᠠᠢ᠌ᠭ᠎ᠠ ᠠᠵᠤ ᠠᠬᠤᠢ᠌ᠯᠠᠯ᠎ᠤᠨ ᠪᠤᠵᠠᠭ᠋ᠠᠢ᠌ᠷᠠᠨ ᠬᠦᠴᠦᠷᠬᠡᠭᠵᠢᠬᠦ ᠵᠢ ᠲᠡᠳᠬᠦᠨ ᠳᠡᠮᠵᠢᠨ᠎ᠡ᠃ 2024 (ᠪᠠᠭᠲᠠᠨ᠎ᠠ)᠎ᠠᠴᠠ ᠰᠡᠭᠦᠯᠡᠷ ᠨᠡᠢ᠌ᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ᠂ ᠳᠦᠷᠢᠮ᠎ᠢ ᠥᠷᠭᠡᠳᠬᠡᠨ ᠭᠠᠷᠤᠯᠲᠠ ᠵᠢ ᠳᠡᠭᠡᠭᠰᠢᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ 2 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠣᠯᠤᠭᠰᠠᠨ ᠲᠠᠷᠢᠶᠠᠯᠠᠩ ᠮᠠᠯ ᠠᠵᠤ ᠠᠬᠤᠢ ᠵᠢᠨ ᠭᠠᠷᠤᠯᠲᠠ ᠵᠢ ᠨᠠᠷᠢᠯᠢᠭ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠵᠢᠭᠡᠯᠡᠵᠦ ᠣᠷᠣᠭᠤᠯᠤᠭᠰᠠᠨ ᠭᠦᠢ᠍ᠯᠭᠡᠭᠡᠨ᠎ᠤ ᠪᠡᠯᠡ ᠮᠥᠩᠭᠥ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ᠎ᠠᠴᠠ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ (LPR) ᠵᠢᠨ 70% ᠵᠢᠨ ᠮᠥᠷᠲᠡᠭᠡᠨ 2%᠎ᠠᠴᠠ ᠥᠯᠥ ᠬᠡᠲᠦᠷᠡᠬᠦ ᠬᠦᠦ ᠵᠢᠨ ᠨᠣᠷᠮ᠎ᠠ᠎ᠪᠠᠷ ᠵᠢᠯ ᠪᠦᠷᠢ 200 ᠲᠦᠮᠡᠨ ᠲᠥᠭᠥᠷᠢᠭ᠎ᠠᠴᠠ ᠥᠯᠥ ᠬᠡᠲᠦᠷᠡᠬᠦ ᠳᠠᠮ ᠬᠦᠦ ᠵᠢᠨ ᠳᠡᠮᠵᠢᠯᠭᠡ ᠣᠯᠭᠣᠨ᠎ᠠ᠃
ᠡᠭᠦᠨ᠎ᠳᠤ᠂ ᠨᠡᠢ᠌ᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠭᠡᠳᠡᠭ᠎ᠨᠢ ᠪᠡᠯᠡ ᠭᠠᠷᠭ᠋ᠠᠨ ᠬᠤᠳᠠᠯᠳᠤᠨ ᠠᠪᠬᠤ᠂ ᠥᠭᠴᠡᠭᠡ ᠡᠭᠦᠷᠭᠡᠯᠡᠬᠦ᠂ ᠬᠤᠪᠢ ᠡᠵᠡᠮᠳᠡᠬᠦ᠂ ᠡᠷᠬᠡ ᠣᠯᠭᠣᠨ ᠡᠵᠡᠩᠨᠡᠭᠦᠯᠬᠦ᠂ ᠨᠡᠢ᠌ᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠤᠰᠤᠳ ᠠᠵᠤ ᠠᠬᠤᠢ᠌ᠯᠠᠯ᠎ᠢ 1 ᠠᠵᠤ ᠠᠬᠤᠢ᠌ᠯᠠᠯ᠎ᠤᠨ ᠳᠣᠲᠣᠷ᠎ᠠ ᠨᠡᠢ᠌ᠯᠡᠭᠦᠯᠬᠦ ᠪᠤᠶᠤ 2᠎ᠠᠴᠠ ᠳᠡᠭᠡᠭᠰᠢᠬᠢ ᠠᠵᠤ ᠠᠬᠤᠢ᠌ᠯᠠᠯ᠎ᠢ ᠰᠢᠨ᠎ᠡ᠎ᠪᠠᠷ ᠨᠢᠭᠡ ᠰᠢᠨ᠎ᠡ ᠠᠵᠤ ᠠᠬᠤᠢ᠌ᠯᠠᠯ ᠪᠣᠯᠭ᠋ᠠᠨ ᠪᠦᠷᠢᠯᠳᠦᠭᠦᠯᠬᠦ ᠵᠢ ᠵᠢᠭ᠋ᠠᠵᠤ ᠪᠠᠢ᠌ᠨ᠎ᠠ᠃
ᠬᠡᠪᠴᠢᠶ᠎ᠡ ᠵᠢ ᠥᠷᠭᠡᠳᠬᠡᠨ ᠦᠢ᠍ᠯᠡᠳᠪᠦᠷᠢᠯᠡᠯ᠎ᠢ ᠳᠡᠭᠡᠭᠰᠢᠯᠡᠭᠦᠯᠬᠦ ᠭᠡᠳᠡᠭ᠎ᠨᠢ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠲᠣᠭ᠎ᠠ ᠬᠡᠮᠵᠢᠶ᠎ᠡ ᠵᠢ ᠨᠡᠮᠡᠭᠳᠡᠭᠦᠯᠬᠦ᠂ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠲᠡᠷᠢᠭᠦᠨ᠎ᠤ ᠮᠡᠷᠭᠡᠵᠢᠯ ᠪᠠ ᠬᠠᠮᠢᠶᠠᠷᠤᠯᠲᠠ ᠵᠢᠨ ᠠᠷᠭ᠎ᠠ ᠵᠢ ᠣᠷᠣᠭᠤᠯᠤᠨ ᠠᠪᠴᠢᠷᠠᠬᠤ ᠵᠡᠷᠭᠡ᠎ᠪᠠᠷ ᠳᠠᠮᠵᠢᠭᠤᠯᠤᠨ ᠦᠢ᠍ᠯᠡᠳᠪᠦᠷᠢᠯᠡᠯ᠎ᠤᠨ ᠴᠢᠳᠠᠪᠤᠷᠢ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠵᠢᠭ᠋ᠠᠵᠤ ᠪᠠᠢ᠌ᠨ᠎ᠠ᠃
ᠨᠠᠷᠢᠯᠢᠭ ᠪᠣᠯᠪᠠᠰᠤᠷᠠᠭᠤᠯᠬᠤ ᠭᠡᠳᠡᠭ᠎ᠨᠢ ᠵᠡᠷᠭᠡ ᠳᠡᠰ ᠬᠤᠪᠢᠶᠠᠨ᠂ ᠣᠷᠣᠨ ᠪᠠᠢ᠌ᠷᠢ ᠬᠤᠪᠢᠶᠠᠨ᠂ ᠨᠠᠷᠢᠯᠢᠭ ᠣᠨᠣᠴᠠᠲᠠᠢ᠂ ᠰᠢᠮ᠎ᠡ ᠲᠡᠵᠢᠭᠡᠯ᠎ᠤᠨ ᠪᠦᠷᠢᠯᠳᠦᠭᠦᠨ᠎ᠢ ᠰᠠᠯᠭ᠋ᠠᠭᠰᠠᠨ ᠨᠠᠷᠢᠯᠢᠭ ᠪᠣᠯᠪᠠᠰᠤᠷᠠᠭᠤᠯᠬᠤ ᠵᠢ ᠵᠢᠭ᠋ᠠᠵᠤ ᠪᠠᠢ᠌ᠨ᠎ᠠ; ᠪᠣᠯᠪᠠᠰᠤᠷᠠᠭᠤᠯᠤᠯᠲᠠ ᠵᠢᠨ ᠬᠡᠮᠵᠢᠶ᠎ᠡ᠎ᠨᠢ ᠭᠦᠨ᠂ ᠲᠡᠰ ᠳᠠᠪᠬᠤᠷᠭ᠎ᠠ᠎ᠨᠢ ᠤᠯᠠᠨ᠂ ᠲᠦᠭᠦᠬᠡᠢ ᠡᠳ᠋᠎ᠤᠨ ᠹᠢᠽᠢᠺ ᠬᠢᠮᠢ ᠵᠢᠨ ᠰᠢᠨᠵᠢ ᠴᠢᠨᠠᠷ᠎ᠤᠨ ᠬᠤᠪᠢᠷᠠᠯᠲᠠ᠎ᠨᠢ ᠨᠡᠯᠢᠶᠡᠳ ᠤᠯᠠᠨ ᠪᠠᠢ᠌ᠳᠠᠭ ᠨᠠᠷᠢᠯᠢᠭ ᠪᠣᠯᠪᠠᠰᠤᠷᠠᠭᠤᠯᠤᠯᠲᠠ; ᠡᠷᠭᠢᠯᠳᠦᠭᠦᠯᠦᠨ ᠠᠰᠢᠭᠯᠠᠬᠤ᠂ ᠱᠠᠲᠤᠯᠠᠨ ᠠᠰᠢᠭᠯᠠᠬᠤ᠂ ᠪᠥᠬᠥ ᠥᠷᠲᠡᠭ ᠵᠶ᠋ᠡᠷ ᠠᠰᠢᠭᠯᠠᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠭ᠋ᠠᠯᠲᠠ ᠪᠦᠲᠦᠭᠡᠭᠳᠡᠬᠦᠨ᠎ᠢ ᠶᠡᠷᠦᠩᠬᠡᠢ᠌ᠯᠡᠨ ᠠᠰᠢᠭᠯᠠᠵᠤ
ᠪᠣᠯᠪᠠᠰᠤᠷᠠᠭᠤᠯᠤᠨ᠎ᠠ᠃
ᠭᠦᠢ᠍ᠯᠭᠡᠭᠡᠨ᠎ᠤ ᠪᠡᠯᠡ ᠮᠥᠩᠭᠥ ᠭᠡᠳᠡᠭ ᠪᠣᠯ ᠪᠣᠯᠪᠠᠰᠤᠷᠠᠭᠤᠯᠬᠤ ᠲᠦᠭᠦᠬᠡᠢ ᠮᠠᠲᠸᠷᠢᠶᠠᠯ ᠬᠤᠳᠠᠯᠳᠤᠨ ᠠᠪᠬᠤ᠎ᠳᠤ ᠬᠡᠷᠡᠭᠯᠡᠬᠦ ᠪᠡᠯᠡ ᠮᠥᠩᠭᠥ ᠵᠢ ᠬᠡᠯᠡᠵᠦ ᠪᠠᠢ᠌ᠨ᠎ᠠ᠃
ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠭᠡᠳᠡᠭ᠎ᠨᠢ ᠰᠠᠭᠤᠷᠢ ᠰᠤᠳᠤᠯᠭ᠋ᠠᠨ᠂ ᠮᠡᠷᠭᠡᠵᠢᠯ᠎ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ ᠵᠢᠴᠢ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠪᠤᠰᠤᠳ ᠠᠵᠢᠯᠯᠠᠭ᠎ᠠ᠎ᠳᠤ ᠬᠡᠷᠡᠭᠯᠡᠬᠦ ᠪᠡᠯᠡ ᠮᠥᠩᠭᠥ ᠵᠢ ᠵᠢᠭ᠋ᠠᠵᠤ ᠪᠠᠢ᠌ᠨ᠎ᠠ᠃
ᠠᠵᠤ ᠠᠬᠤᠢ᠌ᠯᠠᠯ᠎ᠤᠨ ᠵᠢᠭᠡᠯᠡᠯᠭᠡ ᠵᠢᠨ ᠪᠡᠯᠡ ᠮᠥᠩᠭᠥ ᠵᠢ ᠪᠣᠯᠪᠠᠰᠤᠷᠠᠭᠤᠯᠤᠭᠰᠠᠨ ᠲᠦᠭᠦᠬᠡᠢ ᠮᠠᠲ᠋ᠧᠷᠢᠶᠠᠯ᠎ᠢ ᠬᠤᠳᠠᠯᠳᠤᠨ ᠠᠪᠬᠤ ᠪᠤᠶᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠯᠲᠡ ᠥᠷᠨᠢᠭᠦᠯᠬᠦ᠎ᠳᠤ ᠬᠡᠷᠡᠭᠯᠡᠨ᠎ᠡ᠃
2. ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠢ᠌ᠯᠠᠯ᠎ᠢ ᠶᠡᠬᠡᠪᠡᠷ ᠪᠣᠢ᠌ᠵᠢᠭᠤᠯᠤᠨ᠎ᠠ᠃ ᠰᠢᠨ᠎ᠡ᠎ᠪᠠᠷ ᠳᠠᠩᠰᠠᠯᠠᠭᠤᠯᠤᠭᠰᠠᠨ ᠮᠥᠷᠲᠡᠭᠡᠨ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ 2 ᠳ᠋ᠦᠩᠰᠢᠭᠤᠷ ᠲᠥᠭᠥᠷᠢᠭ᠎ᠠᠴᠠ ᠳᠡᠭᠡᠭᠰᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠭᠠᠷᠤᠯᠲᠠ ᠵᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠢ᠌ᠯᠠᠯ᠎ᠳᠤ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠵᠢᠭᠡᠯᠡᠵᠦ ᠣᠷᠣᠭᠤᠯᠤᠭᠰᠠᠨ ᠭᠦᠢ᠍ᠯᠭᠡᠭᠡᠨ᠎ᠤ ᠪᠡᠯᠡ ᠮᠥᠩᠭᠥ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ᠎ᠠᠴᠠ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ ᠵᠢᠨ (LPR) ᠵᠢᠨ 70% ᠵᠢᠨ ᠮᠥᠷᠲᠡᠭᠡᠨ 2%᠎ᠠᠴᠠ ᠥᠯᠥ ᠬᠡᠲᠦᠷᠡᠬᠦ ᠬᠦᠦ ᠵᠢᠨ ᠨᠣᠷᠮ᠎ᠠ᠎ᠪᠠᠷ ᠵᠢᠯ ᠪᠦᠷᠢ 200 ᠲᠦᠮᠡᠨ ᠲᠥᠭᠥᠷᠢᠭ᠎ᠠᠴᠠ ᠥᠯᠥ ᠬᠡᠲᠦᠷᠡᠬᠦ ᠳᠠᠮ ᠬᠦᠦ ᠵᠢᠨ ᠳᠡᠮᠵᠢᠯᠭᠡ ᠣᠯᠭᠣᠨ᠎ᠠ᠃
ᠡᠭᠦᠨ᠎ᠳᠤ᠂ ᠰᠢᠨ᠎ᠡ᠎ᠪᠠᠷ ᠳᠠᠩᠰᠠᠯᠠᠭᠤᠯᠬᠤ ᠭᠡᠳᠡᠭ᠎ᠨᠢ 2024 ᠣᠨ᠎ᠠᠴᠠ ᠰᠡᠭᠦᠯᠡᠷ ᠳᠠᠩᠰᠠᠯᠠᠭᠤᠯᠬᠤ ᠵᠢ ᠵᠢᠭ᠋ᠠᠵᠤ ᠪᠠᠢ᠌ᠨ᠎ᠠ᠃
ᠭᠦᠢ᠍ᠯᠭᠡᠭᠡᠨ᠎ᠤ ᠪᠡᠯᠡ ᠮᠥᠩᠭᠥ ᠭᠡᠳᠡᠭ ᠪᠣᠯ ᠪᠣᠯᠪᠠᠰᠤᠷᠠᠭᠤᠯᠬᠤ ᠲᠦᠭᠦᠬᠡᠢ ᠮᠠᠲᠸᠷᠢᠶᠠᠯ ᠬᠤᠳᠠᠯᠳᠤᠨ ᠠᠪᠬᠤ᠎ᠳᠤ ᠬᠡᠷᠡᠭᠯᠡᠬᠦ ᠪᠡᠯᠡ ᠮᠥᠩᠭᠥ ᠵᠢ ᠬᠡᠯᠡᠵᠦ ᠪᠠᠢ᠌ᠨ᠎ᠠ᠃
ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠭᠡᠳᠡᠭ᠎ᠨᠢ ᠰᠠᠭᠤᠷᠢ ᠰᠤᠳᠤᠯᠭ᠋ᠠᠨ᠂ ᠮᠡᠷᠭᠡᠵᠢᠯ᠎ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ ᠵᠢᠴᠢ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠪᠤᠰᠤᠳ ᠠᠵᠢᠯᠯᠠᠭ᠎ᠠ᠎ᠳᠤ ᠬᠡᠷᠡᠭᠯᠡᠬᠦ ᠪᠡᠯᠡ ᠮᠥᠩᠭᠥ ᠵᠢ ᠵᠢᠭ᠋ᠠᠵᠤ ᠪᠠᠢ᠌ᠨ᠎ᠠ᠃
ᠠᠵᠤ ᠠᠬᠤᠢ᠌ᠯᠠᠯ᠎ᠤᠨ ᠵᠢᠭᠡᠯᠡᠯᠭᠡ ᠵᠢᠨ ᠪᠡᠯᠡ ᠮᠥᠩᠭᠥ ᠵᠢ ᠡᠳ᠋ᠰᠢᠭᠦᠯᠦᠭᠰᠡᠨ ᠲᠦᠭᠦᠬᠡᠢ ᠮᠠᠲ᠋ᠧᠷᠢᠶᠠᠯ᠎ᠢ ᠬᠤᠳᠠᠯᠳᠤᠨ ᠠᠪᠬᠤ ᠪᠤᠶᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠯᠲᠡ ᠥᠷᠨᠢᠭᠦᠯᠬᠦ᠎ᠳᠤ ᠬᠡᠷᠡᠭᠯᠡᠨ᠎ᠡ᠃
3. ᠨᠠᠷᠢᠯᠢᠭ ᠭᠦᠨᠵᠡᠭᠡᠢ ᠡᠳ᠋ᠰᠢᠭᠦᠯᠵᠦ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ᠃ 2024 ᠣᠨ᠎ᠠᠴᠠ ᠬᠣᠢ᠌ᠰᠢᠬᠢ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ 1.6 ᠳ᠋ᠦᠩᠰᠢᠭᠤᠷ ᠲᠥᠭᠥᠷᠢᠭ᠎ᠲᠤ ᠬᠦᠷᠴᠦ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠯ ᠵᠶ᠋ᠡᠷ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠰᠢᠨ᠎ᠡ᠎ᠪᠠᠷ ᠪᠠᠢ᠌ᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠲᠥᠷᠥᠯ ᠵᠦᠢ᠍ᠯ᠎ᠤᠨ ᠵᠢᠭᠡᠯᠡᠯᠭᠡ᠎ᠳᠤ ᠵᠢᠭᠡᠯᠡᠭᠰᠡᠨ ᠠᠵᠤ ᠠᠬᠤᠢ᠌ᠯᠠᠯ᠎ᠳᠤ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ ᠵᠢᠨ 70%᠎ᠪᠠᠷ ᠪᠠᠷᠠᠬᠤ ᠦᠭᠡᠢ 2%᠎ᠠᠴᠠ ᠥᠯᠥ ᠬᠡᠲᠦᠷᠡᠬᠦ ᠬᠦᠦ ᠵᠢᠨ ᠨᠣᠷᠮ᠎ᠠ᠎ᠪᠠᠷ ᠵᠢᠯ ᠪᠦᠷᠢ 300 ᠲᠦᠮᠡᠨ ᠲᠥᠭᠥᠷᠢᠭ᠎ᠠᠴᠠ ᠥᠯᠥ ᠬᠡᠲᠦᠷᠡᠬᠦ ᠳᠠᠮ ᠬᠦᠦ ᠵᠢᠨ ᠳᠡᠮᠵᠢᠯᠭᠡ ᠣᠯᠭᠣᠨ᠎ᠠ᠃ ᠵᠢᠯ᠎ᠤᠨ ᠪᠣᠳᠠᠲᠠᠢ ᠨᠢᠲᠤᠯᠵᠤ ᠪᠣᠯᠪᠠᠰᠤᠷᠠᠭᠤᠯᠤᠭᠰᠠᠨ ᠬᠡᠮᠵᠢᠶ᠎ᠡ᠎ᠨᠢ 2 ᠲᠦᠮᠡ᠎ᠠᠴᠠ ᠳᠡᠭᠡᠭᠰᠢ᠎ᠳᠤ ᠬᠦᠷᠦᠭᠰᠡᠨ ᠠᠯᠠᠰᠢᠨ ᠦᠬᠡᠷ ᠨᠢᠲᠤᠯᠬᠤ ᠠᠵᠤ ᠠᠬᠤᠢ᠌ᠯᠠᠯ᠎ᠳᠤ᠂ ᠪᠣᠷᠳᠣᠵᠤ ᠲᠠᠷᠭᠤᠯᠠᠭᠤᠯᠬᠤ ᠦᠬᠡᠷ᠎ᠤᠨ ᠭᠦᠢ᠍ᠯᠭᠡᠭᠡᠨ᠎ᠤ ᠪᠡᠯᠡ ᠮᠥᠩᠭᠥ ᠵᠢᠨ ᠵᠢᠭᠡᠯᠡᠯᠭᠡ ᠵᠢ ᠬᠤᠳᠠᠯᠳᠤᠨ ᠠᠪᠬᠤ᠎ᠳᠤ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ᠎ᠨᠢ (LPR) ᠵᠢᠨ 70% ᠵᠢᠨ ᠮᠥᠷᠲᠡᠭᠡᠨ 2%᠎ᠠᠴᠠ ᠥᠯᠥ ᠬᠡᠲᠦᠷᠡᠬᠦ ᠬᠦᠦ ᠵᠢᠨ ᠨᠣᠷᠮ᠎ᠠ᠎ᠪᠠᠷ ᠵᠢᠯ ᠪᠦᠷᠢ 600 ᠲᠦᠮᠡᠨ ᠲᠥᠭᠥᠷᠢᠭ᠎ᠠᠴᠠ ᠥᠯᠥ ᠬᠡᠲᠦᠷᠡᠬᠦ ᠳᠠᠮ ᠬᠦᠦ ᠵᠢᠨ ᠳᠡᠮᠵᠢᠯᠭᠡ ᠣᠯᠭᠣᠨ᠎ᠠ᠃
ᠡᠭᠦᠨ᠎ᠳᠤ ᠰᠢᠨ᠎ᠡ᠎ᠪᠠᠷ ᠪᠠᠶ᠋ᠢᠭᠤᠯᠬᠤ ᠭᠡᠳᠡᠭ᠎ᠨᠢ ᠠᠵᠤ ᠠᠬᠤᠢ᠌ᠯᠠᠯ ᠦᠭᠡᠢ ᠪᠠᠢ᠌ᠭᠰᠠᠨ᠎ᠠᠴᠠ᠎ᠪᠠᠨ ᠪᠠᠢ᠌ᠬᠤ ᠪᠣᠯᠵᠤ᠂ 《ᠲᠡᠭᠰᠢ ᠭᠠᠵᠠᠷ᠎ᠲᠤ ᠠᠳᠠᠯ ᠪᠣᠰᠬᠠᠵᠤ》 ᠡᠬᠢᠯᠡᠨ ᠪᠠᠶ᠋ᠢᠭᠤᠯᠬᠤ ᠵᠢ ᠵᠢᠭ᠋ᠠᠵᠤ ᠪᠠᠢ᠌ᠨ᠎ᠠ᠃
ᠳᠡᠰ ᠳᠡᠪᠰᠢᠭᠦᠯᠦᠨ ᠥᠭᠡᠷᠡᠴᠢᠯᠡᠬᠦ ᠭᠡᠳᠡᠭ᠎ᠨᠢ ᠠᠵᠤ ᠠᠬᠤᠢ᠌ᠯᠠᠯ᠎ᠠᠴᠠ ᠣᠳᠣ ᠵᠢᠨ ᠪᠠᠢ᠌ᠭ᠎ᠠ ᠲᠥᠬᠥᠭᠡᠷᠦᠮᠵᠢ᠂ ᠤᠷ᠎ᠠ ᠮᠡᠷᠭᠡᠰᠢᠯ᠎ᠤᠨ ᠨᠥᠬᠥᠴᠡᠯ᠎ᠳᠤ ᠮᠡᠷᠭᠡᠵᠢᠯ᠎ᠤᠨ ᠥᠭᠡᠷᠡᠴᠢᠯᠡᠯᠲᠡ ᠪᠤᠶᠤ ᠰᠢᠨᠡᠴᠢᠯᠡᠯᠲᠡ ᠬᠢᠵᠦ᠂ ᠥᠭᠡᠷᠡᠴᠢᠯᠡᠨ ᠰᠢᠨᠡᠳᠬᠡᠭᠰᠡᠨᠤ ᠳᠠᠷᠠᠭ᠎ᠠ ᠬᠡᠪᠴᠢᠶ᠎ᠡ ᠵᠢ᠎ᠨᠢ ᠥᠷᠭᠡᠳᠬᠡᠬᠦ ᠵᠢ ᠵᠢᠭ᠋ᠠᠵᠤ ᠪᠣᠢ᠃
ᠭᠦᠢ᠍ᠯᠭᠡᠭᠡᠨ᠎ᠤ ᠪᠡᠯᠡ ᠮᠥᠩᠭᠥ ᠭᠡᠳᠡᠭ᠎ᠨᠢ ᠪᠣᠷᠳᠣᠵᠤ ᠲᠠᠷᠭᠤᠯᠠᠭᠤᠯᠬᠤ ᠦᠬᠡᠷ ᠬᠤᠳᠠᠯᠳᠤᠨ ᠠᠪᠬᠤ᠎ᠳᠤ ᠬᠡᠷᠡᠭᠯᠡᠬᠦ ᠪᠡᠯᠡ ᠮᠥᠩᠭᠥ ᠵᠢ ᠵᠢᠭ᠋ᠠᠵᠤ ᠪᠠᠢ᠌ᠨ᠎ᠠ᠃ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ ᠰᠢᠯᠭ᠋ᠠᠨ ᠠᠪᠬᠤ᠎ᠳᠠᠭᠠᠨ ᠲᠥᠬᠥᠭᠡᠷᠥᠮᠵᠢ᠎ᠲᠦ ᠮᠠᠯ ᠠᠵᠤ ᠠᠬᠤᠢ ᠵᠢᠨ ᠡᠳ᠋᠎ᠤᠨ ᠵᠠᠰᠠᠭ᠎ᠤᠨ ᠱᠠᠩᠨᠠᠵᠤ ᠨᠥᠬᠥᠪᠦᠷᠢᠯᠡᠭᠰᠡᠨ ᠮᠡᠳᠡᠭᠡ ᠵᠠᠩᠭᠢ᠎ᠯᠤᠭ᠎ᠠ ᠰᠣᠯᠪᠢᠴᠠᠭᠤᠯᠤᠨ ᠬᠠᠷᠢᠴᠠᠭᠤᠯᠤᠨ ᠬᠠᠷᠭᠤᠭᠤᠯᠵᠤ᠂ ᠬᠠᠷᠢᠯᠴᠠᠨ ᠭᠡᠷᠡᠴᠢᠯᠡᠬᠦ ᠬᠡᠷᠡᠭᠲᠡᠢ᠃
ᠠᠵᠤ ᠠᠬᠤᠢ᠌ᠯᠠᠯ᠎ᠤᠨ ᠵᠢᠭᠡᠯᠡᠯᠭᠡ ᠵᠢᠨ ᠪᠡᠯᠡ ᠮᠥᠩᠭᠥ ᠵᠢᠨ ᠬᠡᠷᠡᠭᠴᠡᠭᠡ᠎ᠨᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ ᠪᠠ ᠲᠠᠰ ᠳᠡᠪᠰᠢᠭᠦᠯᠦᠨ ᠥᠭᠡᠷᠡᠴᠢᠯᠡᠬᠦ ᠪᠤᠶᠤ ᠪᠣᠷᠳᠣᠵᠤ ᠲᠠᠷᠭᠤᠯᠠᠭᠤᠯᠬᠤ ᠦᠬᠡᠷ ᠬᠤᠳᠠᠯᠳᠤᠨ ᠠᠪᠬᠤ ᠪᠣᠯᠣᠨ᠎ᠠ᠃
(ᠬᠣᠶᠠᠷ) ᠳᠠᠮ ᠬᠦᠦ ᠮᠥᠩᠭᠥ ᠵᠢᠨ ᠪᠠᠷᠢᠮᠵᠢᠶ᠎ᠠ
ᠵᠢᠭᠡᠯᠡᠯᠭᠡ ᠵᠢᠨ ᠪᠡᠯᠡ ᠮᠥᠩᠭᠥ ᠵᠢ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠵᠦ᠂ ᠬᠡᠷᠡᠭᠴᠡᠭᠡ᠎ᠨᠢ ᠦᠨᠡᠨ ᠪᠣᠳᠠᠲᠠᠢ ᠪᠠᠢ᠌ᠬᠤ ᠬᠡᠷᠡᠭᠲᠡᠢ; ᠠᠵᠤ ᠠᠬᠤᠢ᠌ᠯᠠᠯ᠎ᠤᠨ ᠵᠢᠭᠡᠯᠡᠯᠭᠡ ᠵᠢᠨ ᠬᠡᠷᠡᠭᠴᠡᠭᠡ ᠲᠣᠳᠣᠷᠬᠠᠢ ᠪᠠᠢ᠌ᠵᠤ᠂ ᠨᠠᠷᠢᠨ ᠳᠦᠷᠢᠮ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠵᠢᠨ ᠬᠠᠮᠲᠤ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ ᠵᠡᠷᠭᠡ ᠪᠠᠷᠢᠮᠵᠢᠶ᠎ᠠ᠎ᠳᠤ ᠭᠦᠷᠦᠭᠰᠡᠨ ᠪᠠᠢ᠌ᠬᠤ ᠬᠡᠷᠡᠭᠲᠡᠢ; ᠳᠠᠮ ᠬᠦᠦ ᠵᠢᠨ ᠲᠣᠭ᠎ᠠ ᠬᠡᠮᠵᠢᠶ᠎ᠡ᠎ᠳᠤ 《ᠬᠣᠣᠰ ᠬᠢᠵᠠᠭ᠋ᠠᠷ᠎ᠤᠨ ᠬᠢᠵᠠᠭ᠋ᠠᠷᠯᠠᠯ》᠎ᠢ ᠬᠡᠷᠡᠭᠵᠢᠭᠦᠯᠦᠨ᠎ᠡ᠂ ᠨᠢᠭᠡ᠎ᠳᠤ ᠳᠠᠮ ᠬᠦᠦ ᠵᠢᠨ ᠬᠦᠦ ᠮᠥᠩᠭᠥ ᠵᠢᠨ ᠨᠣᠷᠮ᠎ᠠ ᠵᠢ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥ ᠵᠢᠨ ᠨᠣᠷᠮ᠎ᠠ (LPR) ᠵᠢᠨ 70%᠎ᠪᠠᠷ ᠪᠤᠳᠤᠬᠤ ᠵᠢᠨ ᠬᠠᠮᠲᠤ 2%᠎ᠠᠴᠠ ᠬᠡᠲᠦᠷᠡᠭᠦᠯᠬᠦ ᠦᠭᠡᠢ᠎ᠪᠠᠷ ᠲᠥᠰᠥᠭᠡᠯᠡᠨ ᠪᠤᠳᠤᠨ᠎ᠠ᠂ ᠬᠣᠶᠠᠷ᠎ᠲᠤ ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠤᠨ ᠵᠢᠯ ᠪᠦᠷᠢ ᠵᠢᠨ ᠳᠠᠮ ᠬᠦᠦ ᠵᠢᠨ ᠪᠡᠯᠡ ᠮᠥᠩᠭᠥ ᠵᠢᠨ ᠳᠡᠭᠡᠳᠦ ᠬᠢᠵᠠᠭ᠋ᠠᠷ ᠲᠣᠬᠢᠷᠠᠭᠤᠯᠤᠨ᠎ᠠ᠃ ᠡᠭᠦᠨ᠎ᠳᠤ᠂ ᠣᠲᠣ ᠵᠢᠨ ᠪᠠᠢ᠌ᠭ᠎ᠠ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠵᠢ ᠳᠡᠮᠵᠢᠬᠦ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠪᠠᠯ᠂ ᠵᠢᠯ ᠪᠦᠷᠢ 200 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ ᠳᠠᠮ ᠬᠦᠦ ᠵᠢᠨ ᠳᠡᠮᠵᠢᠯᠭᠡ ᠦᠵᠡᠭᠦᠯᠦᠨ᠎ᠡ᠃ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠢ᠌ᠯᠠᠯ᠎ᠢ ᠶᠡᠬᠡᠪᠡᠷ ᠪᠣᠢ᠌ᠵᠢᠭᠤᠯᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠪᠠᠯ᠂ ᠵᠢᠯ ᠪᠦᠷᠢ 200 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ ᠳᠠᠮ ᠬᠦᠦ ᠵᠢᠨ ᠳᠡᠮᠵᠢᠯᠭᠡ ᠣᠯᠭᠣᠨ᠎ᠠ᠃ ᠨᠠᠷᠢᠯᠢᠭ ᠭᠦᠨᠵᠡᠭᠡᠢ ᠪᠣᠯᠪᠠᠰᠤᠷᠠᠭᠤᠯᠤᠨ ᠰᠢᠯᠢᠳᠡᠭᠵᠢᠭᠦᠯᠵᠦ ᠲᠠᠰ ᠳᠡᠪᠰᠢᠭᠦᠯᠬᠦ ᠵᠢ ᠠᠬᠢᠭᠤᠯᠬᠤ ᠳᠤᠮᠳᠠ ᠰᠢᠨ᠎ᠡ᠎ᠪᠠᠷ ᠪᠠᠶ᠋ᠢᠭᠤᠯᠬᠤ ᠪᠤᠶᠤ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢ᠍ᠯ᠎ᠳᠤ ᠨᠡᠢ᠌ᠴᠡᠭᠰᠡᠨ ᠪᠠᠢ᠌ᠪᠠᠯ ᠵᠢᠯ ᠪᠦᠷᠢ 300 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ ᠳᠠᠮ ᠬᠦᠦ ᠵᠢᠨ ᠳᠡᠮᠵᠢᠯᠭᠡ ᠣᠯᠭᠣᠨ᠎ᠠ; 2 ᠲᠦᠮᠡᠨ
ᠲᠣᠯᠣᠭ᠋ᠠᠢ᠎ᠠᠴᠠ ᠳᠡᠭᠡᠭᠰᠢ ᠠᠯᠠᠰᠢᠨ ᠦᠬᠡᠷ᠎ᠢ ᠨᠢᠲᠤᠯᠵᠤ ᠪᠣᠯᠪᠠᠰᠤᠷᠠᠭᠤᠯᠬᠤ᠎ᠳᠤ ᠪᠣᠳᠠᠲᠠᠢ ᠨᠡᠢ᠌ᠴᠡᠭᠰᠡᠨ ᠪᠠᠢ᠌ᠪᠠᠯ᠂ ᠵᠢᠯ ᠪᠦᠷᠢ 600 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ ᠳᠠᠮ ᠬᠦᠦ ᠵᠢᠨ ᠳᠡᠮᠵᠢᠯᠭᠡ ᠦᠵᠡᠭᠦᠯᠦᠨ᠎ᠡ᠃ ᠳᠡᠭᠡᠷ᠎ᠡ ᠳᠤᠷᠠᠳᠤᠭᠰᠠᠨ 2 ᠵᠦᠢ᠍ᠯ ᠵᠢᠴᠢ ᠲᠡᠭᠦᠨ᠎ᠠᠴᠠ ᠳᠡᠭᠡᠭᠰᠢᠬᠢ ᠳᠠᠮ ᠬᠦᠦ ᠥᠭᠬᠦ ᠪᠠᠷᠢᠮᠵᠢᠶ᠎ᠠ᠎ᠳᠤ ᠵᠡᠷᠭᠡ᠎ᠪᠡᠷ ᠨᠡᠢ᠌ᠴᠡᠬᠦ ᠠᠵᠤ ᠠᠬᠤᠢ᠌ᠯᠠᠯ᠎ᠳᠤ ᠪᠣᠯ᠂ ᠠᠵᠤ ᠠᠬᠤᠢ᠌ᠯᠠᠯ᠎ᠨᠢ ᠥᠪᠡᠷ ᠵᠶ᠋ᠡᠨ ᠲᠡᠭᠦᠨ᠎ᠤ ᠳᠣᠲᠣᠷᠠᠬᠢ 1 ᠵᠦᠢ᠍ᠯ᠎ᠢ᠎ᠨᠢ ᠰᠣᠩᠭᠣᠵᠤ ᠭᠤᠶᠤᠴᠢᠯᠠᠨ ᠮᠡᠳᠡᠭᠦᠯᠦᠨ᠎ᠡ᠃
(ᠭᠤᠷᠪᠠ) ᠳᠠᠮ ᠬᠦᠦ ᠥᠭᠬᠦ ᠡᠲᠡᠭᠡᠳ
ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠳᠡᠩᠰᠡᠯᠡᠨ ᠲᠡᠮᠳᠡᠭᠯᠡᠭᠦᠯᠦᠭᠰᠡᠨ᠂ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ᠂ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ ᠪᠣᠯ ᠲᠠᠷᠢᠶᠠᠯᠠᠩ ᠮᠠᠯ ᠠᠵᠤ ᠠᠬᠤᠢ ᠵᠢᠨ ᠠᠩᠬᠠᠨ᠎ᠤ ᠪᠦᠲᠦᠭᠡᠭᠳᠡᠬᠦᠨ ᠵᠶ᠋ᠡᠷ ᠲᠦᠭᠦᠬᠡᠢ ᠮᠠᠲ᠋ᠧᠷᠢᠶᠠᠯ ᠪᠣᠯᠭ᠋ᠠᠨ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠬᠠᠨᠳᠤᠭᠤᠯᠤᠨ᠎ᠠ᠃ ᠡᠭᠦᠨ᠎ᠳᠤ ᠳᠣᠣᠷᠠᠬᠢ ᠨᠥᠬᠥᠴᠡᠯ᠎ᠤᠳ᠎ᠢ ᠬᠠᠩᠭ᠋ᠠᠬᠤ ᠬᠡᠷᠡᠭᠲᠡᠢ᠄
1. ᠳᠠᠮ ᠬᠦᠦ᠎ᠲᠠᠢ ᠵᠢᠭᠡᠯᠡᠯᠭᠡ᠎ᠳᠤ᠂ ᠵᠢᠭᠡᠯᠡᠯᠭᠡ ᠲᠠᠯᠪᠢᠬᠤ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠯᠤᠭ᠎ᠠ ᠵᠢᠭᠡᠯᠡᠯᠭᠡ ᠵᠢᠨ ᠭᠡᠷ᠎ᠡ ᠵᠢ ᠵᠢᠩᠬᠢᠨᠢ᠎ᠪᠠᠷ ᠲᠣᠭᠲᠠᠭᠰᠠᠨ ᠮᠥᠷᠲᠡᠭᠡᠨ ᠵᠢᠭᠡᠯᠡᠯᠭᠡ ᠵᠢᠨ ᠪᠡᠯᠡ ᠮᠥᠩᠭᠥ ᠵᠢ ᠨᠢᠭᠡᠨᠲᠡ ᠪᠣᠳᠠᠲᠠᠢ᠌ᠵᠢᠭᠤᠯᠤᠭᠰᠠᠨ ᠪᠠᠢ᠌ᠬᠤ ᠬᠡᠷᠡᠭᠲᠡᠢ;
2. ᠮᠡᠳᠡᠭᠦᠯᠬᠦ ᠭᠣᠣᠯ ᠴᠣᠭᠴᠠ ᠬᠢᠭᠡᠳ ᠵᠢᠭᠡᠯᠡᠯᠭᠡ ᠵᠢᠨ ᠭᠣᠣᠯ ᠴᠣᠭᠴᠠ ᠨᠢᠭᠡᠳᠦᠯᠲᠡᠢ ᠪᠠᠢ᠌ᠬᠤ ᠬᠡᠷᠡᠭᠲᠡᠢ;
3. ᠵᠢᠭᠡᠯᠡᠯᠭᠡ ᠵᠢᠨ ᠪᠡᠯᠡ ᠮᠥᠩᠭᠥ ᠵᠢᠨ ᠬᠡᠷᠡᠭᠴᠡᠭᠡ᠎ᠨᠢ ᠲᠤᠰ ᠨᠠᠷᠢᠨ ᠳᠦᠷᠢᠮ᠎ᠳᠤ ᠲᠣᠭᠲᠠᠭ᠋ᠠᠭᠰᠠᠨ ᠳᠠᠮ ᠬᠦᠦ ᠵᠢᠨ ᠬᠡᠪᠴᠢᠶᠡᠨ ᠳᠤ ᠨᠡᠢ᠌ᠴᠡᠭᠰᠡᠨ ᠪᠠᠢ᠌ᠬᠤ ᠬᠡᠷᠡᠭᠲᠡᠢ;
4. ᠠᠳᠠᠯᠢ ᠨᠢᠭᠡ ᠤᠳᠠᠭ᠋ᠠᠨ᠎ᠤ ᠵᠢᠭᠡᠯᠡᠯᠭᠡ᠎ᠳᠤ ᠡᠳ᠋᠎ᠤᠨ ᠵᠠᠰᠠᠭ᠎ᠤᠨ ᠳᠠᠮ ᠬᠦᠦ ᠵᠢᠨ ᠪᠤᠰᠤᠳ ᠲᠦᠷᠦ ᠵᠢᠨ ᠪᠣᠳᠣᠯᠭ᠎ᠠ ᠵᠢ ᠡᠳ᠋ᠯᠡᠵᠦ ᠥᠩᠭᠡᠷᠡᠭᠰᠡᠨ ᠦᠭᠡᠢ;
5. ᠲᠥᠷᠥᠯ ᠵᠦᠢ᠍ᠯ᠎ᠤᠨ ᠲᠥᠯᠦᠪᠵᠢᠭᠦᠯᠭᠡ᠂ ᠭᠠᠵᠠᠷ ᠰᠢᠷᠣᠢ ᠬᠡᠷᠡᠭᠯᠡᠬᠦ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠡᠷᠭᠡ ᠵᠢ ᠳᠡᠩᠰᠡᠯᠡᠵᠦ ᠬᠢᠨᠠᠨ ᠵᠥᠪᠰᠢᠶᠡᠷᠡᠭᠦᠯᠬᠦ ᠭᠠᠷᠳᠠᠮ᠎ᠨᠢ ᠪᠦᠷᠢᠨ ᠭᠦᠢ᠍ᠴᠡᠳ ᠪᠥᠭᠡᠳ ᠲᠣᠭᠲᠠᠭ᠋ᠠᠯ᠎ᠳᠤ ᠨᠡᠢ᠌ᠴᠡᠵᠦ᠂ ᠤᠯᠤᠰ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
(ᠳᠥᠷᠪᠡ) ᠲᠠᠮ ᠬᠦᠦ ᠵᠢᠨ ᠬᠤᠭᠤᠴᠠᠭ᠎ᠠ
ᠨᠥᠬᠥᠴᠡᠯ᠎ᠳᠤ ᠨᠡᠢ᠌ᠴᠡᠬᠦ ᠵᠢᠭᠡᠯᠡᠯᠭᠡ᠎ᠳᠤ᠂ ᠵᠢᠭᠡᠯᠡᠯᠭᠡ ᠵᠢᠨ ᠭᠣᠣᠯ ᠴᠣᠭᠴᠠ᠎ᠨᠢ ᠪᠣᠯᠵᠣᠨ ᠲᠣᠭᠲᠠᠭᠰᠠᠨ ᠶᠣᠰᠣᠭ᠋ᠠᠷ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠲᠣᠭᠲᠠᠭᠰᠠᠨ ᠬᠤᠭᠤᠴᠠᠭ᠋ᠠᠨ᠎ᠳᠤ ᠬᠦᠦ ᠮᠥᠩᠭᠥ ᠲᠤᠰᠢᠶᠠᠭᠰᠠᠨ᠎ᠤ ᠳᠠᠷᠠᠭ᠎ᠠ᠂ ᠳᠠᠮ ᠬᠦᠦ ᠠᠪᠬᠤ᠎ᠪᠠᠷ ᠭᠤᠶᠤᠴᠢᠯᠠᠵᠤ ᠪᠣᠯᠣᠨ᠎ᠠ᠃ ᠣᠨ ᠵᠶ᠋ᠠᠷ ᠳ᠋ᠦᠩᠨᠡᠨ ᠪᠤᠳᠤᠵᠤ᠂ ᠵᠢᠯ ᠪᠦᠷᠢ ᠵᠢᠨ 3 ᠰᠠᠷ᠎ᠠ ᠵᠢᠨ ᠰᠡᠭᠦᠯᠴᠢ᠎ᠠᠴᠠ ᠡᠮᠦᠨ᠎ᠡ ᠳᠡᠭᠡᠷ᠎ᠡ ᠵᠢᠯ᠎ᠤᠨ ᠳᠠᠮ ᠬᠦᠦ᠎ᠲᠠᠢ ᠪᠡᠯᠡ ᠮᠥᠩᠭᠥ ᠵᠢ ᠳ᠋ᠦᠩᠨᠡᠨ ᠪᠤᠳᠤᠵᠤ ᠳᠠᠭᠤᠰᠬᠠᠨ᠎ᠠ; ᠠᠳᠠᠯᠢ ᠨᠢᠭᠡᠨ ᠪᠡᠶᠡᠴᠢ ᠴᠣᠭᠴᠠ ᠵᠢᠨ ᠠᠳᠠᠯᠢ ᠨᠢᠭᠡ ᠬᠡᠰᠡᠭ ᠵᠢᠭᠡᠯᠡᠯᠭᠡ ᠵᠢᠨ ᠲᠡᠮ ᠬᠦᠦ ᠮᠥᠩᠭᠥ ᠥᠭᠬᠦ ᠵᠢᠯ ᠬᠤᠭᠤᠴᠠᠭ᠎ᠠ ᠵᠢ ᠬᠠᠮᠤᠭ᠎ᠤᠨ ᠤᠷᠳᠦ᠎ᠳᠠᠭᠠᠨ 3 ᠵᠢᠯ᠎ᠠᠴᠠ ᠬᠡᠲᠦᠷᠡᠭᠦᠯᠵᠦ ᠪᠣᠯᠬᠤ ᠤᠢ᠌ᠭᠡᠢ᠃
(ᠲᠠᠪᠤ) ᠳᠣᠣᠷᠠᠬᠢ ᠪᠠᠢ᠌ᠳᠠᠯ᠎ᠳᠤ ᠳᠠᠮ ᠬᠦᠦ ᠥᠭᠬᠦ ᠦᠭᠡᠢ
1. ᠲᠠᠮ ᠬᠦᠦ ᠥᠭᠬᠦ᠎ᠪᠠᠷ ᠮᠡᠳᠡᠭᠦᠯᠬᠦ ᠡᠲᠡᠭᠡᠳ᠂ ᠬᠡᠪᠴᠢᠶ᠎ᠡ ᠪᠠ ᠵᠢᠭᠡᠯᠡᠯᠭᠡ ᠵᠢᠨ ᠬᠡᠷᠡᠭᠯᠡᠯᠲᠡ᠎ᠨᠢ ᠳᠡᠭᠡᠷ᠎ᠡ ᠳᠤᠷᠠᠳᠤᠭᠰᠠᠨ ᠲᠣᠭᠲᠠᠭ᠋ᠠᠯ᠎ᠲᠠᠢ ᠨᠡᠢ᠌ᠴᠡᠬᠦ ᠦᠭᠡᠢ ᠪᠠᠢ᠌ᠬᠤ;
2. ᠬᠤᠭᠤᠴᠠᠭ᠎ᠠ ᠬᠡᠲᠦᠷᠡᠭᠦᠯᠦᠨ ᠵᠢᠭᠡᠯᠡᠯᠭᠡ᠎ᠪᠠᠨ ᠪᠤᠴᠠᠭ᠋ᠠᠭᠰᠠᠨ᠎ᠠᠴᠠ ᠪᠤᠢ ᠪᠣᠯᠤᠭᠰᠠᠨ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠵᠢᠨ ᠬᠦᠦ ᠮᠥᠩᠭᠥ᠂ ᠬᠦᠦ ᠮᠥᠩᠭᠥ ᠨᠡᠮᠡᠬᠦ᠂ ᠲᠣᠷᠭ᠋ᠠᠭᠤᠯᠢ ᠵᠢᠨ ᠬᠦᠦ ᠮᠥᠩᠭᠥ ᠵᠡᠷᠭᠡ;
3. ᠠᠳᠠᠯᠢ ᠨᠢᠭᠡ ᠤᠳᠠᠭ᠋ᠠᠨ᠎ᠤ ᠵᠢᠭᠡᠯᠡᠯᠭᠡ᠎ᠨᠢ ᠲᠡᠮ ᠬᠦᠦ᠎ᠲᠠᠢ ᠣᠨ᠎ᠤ ᠳᠣᠲᠣᠷ᠎ᠠ ᠨᠢᠭᠡᠨᠲᠡ ᠪᠤᠰᠤᠳ ᠡᠳ᠋᠎ᠤᠨ ᠵᠠᠰᠠᠭ᠎ᠤᠨ ᠲᠡᠮ ᠬᠦᠦ᠎ᠲᠠᠢ ᠨᠥᠬᠥᠪᠦᠷᠢ ᠣᠯᠣᠭᠰᠠᠨ;
4. ᠣᠢ᠌ᠷ᠎ᠠ ᠵᠢᠨ 2 ᠵᠢᠯ᠎ᠳᠤ ᠢᠲᠡᠭᠡᠮᠵᠢ ᠮᠠᠭᠤᠲᠠᠢ ᠲᠡᠮᠳᠡᠭᠯᠡᠯ᠎ᠲᠠᠢ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠦᠨᠳᠦ ᠶᠡᠬᠡ ᠲᠡᠮᠳᠡᠭᠯᠡᠯ᠎ᠲᠠᠢ ᠪᠠᠢ᠌ᠵᠤ᠂ ᠬᠡᠪ᠎ᠤᠨ ᠶᠣᠰᠣᠭ᠋ᠠᠷ ᠦᠢ᠍ᠯᠡᠳᠪᠦᠷᠢᠯᠡᠵᠦ ᠡᠵᠡᠩᠨᠡᠵᠦ ᠳᠡᠶ᠋ᠢᠯᠬᠦ ᠦᠭᠡᠢ ᠪᠣᠯ ᠵᠢᠭᠡᠯᠡᠯᠭᠡ ᠵᠢᠨ ᠡᠬᠡ ᠬᠦᠦ ᠮᠥᠩᠭᠥ ᠵᠢ ᠴᠠᠭ ᠲᠤᠬᠠᠢᠳᠤᠨᠢ ᠲᠥᠯᠥᠵᠦ ᠳᠠᠭᠤᠰᠬᠠᠬᠤ ᠬᠡᠷᠡᠭᠲᠡᠢ;
5. ᠣᠢ᠌ᠷ᠎ᠠ ᠵᠢᠨ 2 ᠵᠢᠯ᠎ᠤᠨ ᠳᠣᠲᠣᠷ᠎ᠠ ᠬᠦᠨᠳᠦ ᠶᠡᠬᠡ ᠵᠢᠴᠢ ᠲᠡᠭᠦᠨ᠎ᠠᠴᠠ ᠳᠡᠭᠡᠭᠰᠢᠬᠢ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠡᠨᠳᠡᠯ᠂ ᠣᠷᠴᠢᠨ ᠲᠣᠭᠣᠷᠢᠨ᠎ᠤ ᠪᠣᠬᠢᠷᠲᠤᠯ᠎ᠤᠨ ᠬᠡᠷᠡᠭ ᠭᠠᠷᠤᠭᠰᠠᠨ;
6. ᠬᠤᠳᠠᠯ ᠬᠠᠭᠤᠷᠮᠠᠭ ᠮᠡᠳᠡᠭᠦᠯᠬᠦ ᠮᠠᠲ᠋ᠧᠷᠢᠶᠠᠯ ᠬᠠᠩᠭ᠋ᠠᠭᠰᠠᠨ;
7. ᠬᠠᠷ᠎ᠠ ᠪᠦᠯᠦᠭ᠎ᠲᠤ ᠬᠣᠯᠪᠣᠭᠳᠠᠭᠰᠠᠨ᠂ ᠬᠠᠷᠭᠢᠰ ᠬᠦᠴᠦᠨ᠎ᠳᠤ ᠬᠣᠯᠪᠣᠭᠳᠠᠭᠰᠠᠨ᠂ ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ;
8. ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠲᠥᠷᠥ ᠵᠢᠨ ᠪᠣᠳᠣᠯᠭ᠎ᠠ ᠵᠢ ᠵᠥᠷᠢᠴᠡᠭᠰᠡᠨ᠂ ᠡᠰᠡᠬᠦᠯ᠎ᠡ ᠲᠣᠮᠣ ᠳᠥᠭᠥᠮ ᠪᠦᠳᠦᠭᠦᠯᠢᠭ ᠭᠡᠷ ᠪᠠᠢ᠌ᠰᠢᠩ᠎ᠢ ᠴᠡᠭᠴᠡᠯᠡᠨ ᠵᠠᠰᠠᠬᠤ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠴᠢ ᠬᠢᠵᠢᠭ᠎ᠤᠨ ᠪᠠᠢ᠌ᠴᠠᠭ᠋ᠠᠯᠲᠠ ᠵᠢᠨ ᠪᠠᠷᠢᠮᠵᠢᠶ᠎ᠠ᠎ᠳᠤ ᠬᠦᠷᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠢ᠌ᠬᠤ;
9. ᠬᠠᠤᠯᠢ ᠲᠣᠭᠲᠠᠭ᠋ᠠᠯ᠎ᠢ ᠬᠦᠨᠳᠦ ᠨᠣᠴᠢᠲᠠᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠎ᠲᠠᠢ ᠪᠠᠢ᠌ᠬᠤ᠃
ᠬᠣᠶᠠᠷ᠂ ᠮᠡᠳᠡᠭᠦᠯᠬᠦ ᠳᠡᠰ ᠳᠠᠷᠠᠭ᠋ᠠᠯᠠᠯ
(ᠨᠢᠭᠡ) ᠵᠣᠬᠢᠶᠠᠨ ᠪᠠᠢ᠌ᠭᠤᠯᠵᠤ ᠮᠡᠳᠡᠭᠦᠯᠬᠦ
ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠨᠢ ᠪᠠᠢ᠌ᠭ᠎ᠠ ᠬᠣᠰᠢᠭᠤ ᠰᠢᠶᠠᠨ᠎ᠤ᠎ᠪᠠᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠳᠠᠮ ᠬᠦᠦ ᠵᠢᠨ ᠭᠤᠶᠤᠴᠢᠯᠠᠯ ᠪᠣᠯᠣᠨ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃ ᠮᠡᠳᠡᠭᠦᠯᠬᠦ ᠭᠣᠣᠯ ᠴᠣᠭᠴᠠ ᠵᠢᠨ ᠬᠠᠩᠭ᠋ᠠᠭᠰᠠᠨ ᠬᠠᠮᠢᠶ᠎ᠠ ᠪᠦᠬᠦᠢ ᠮᠠᠲ᠋ᠧᠷᠢᠶᠠᠯ᠎ᠳᠤ ᠳᠣᠣᠷᠠᠬᠢ ᠵᠦᠢ᠍ᠯᠡᠰ ᠪᠠᠭᠲᠠᠨ᠎ᠠ᠄
1. ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠵᠢᠭᠡᠯᠡᠯᠭᠡ ᠵᠢᠨ ᠳᠠᠮ ᠬᠦᠦ᠎ᠲᠠᠢ ᠮᠡᠳᠡᠭᠦᠯᠬᠦ ᠬᠦᠰᠦᠨᠦᠭᠲᠦ ᠵᠢ ᠳᠡᠮᠵᠢᠨ᠎ᠡ;
2. ᠠᠮᠠᠯᠠᠯᠲᠠ ᠵᠢᠨ ᠪᠢᠴᠢᠭ;
3. ᠬᠠᠤᠯᠢ ᠵᠢᠨ ᠡᠷᠬᠡᠲᠡᠨ᠎ᠤ ᠭᠡᠷᠡᠴᠢᠯᠡᠯ᠎ᠤᠨ ᠪᠠᠭᠤᠯᠭ᠋ᠠᠪᠤᠷᠢ ᠵᠡᠷᠭᠡ ᠭᠡᠷᠡᠴᠢᠯᠡᠯ᠎ᠤᠨ ᠮᠠᠲ᠋ᠧᠷᠢᠶᠠᠯ;
4. ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠬᠢᠨᠠᠨ ᠬᠠᠷᠭᠤᠭᠤᠯᠬᠤ ᠲᠠᠮᠠᠭ᠎ᠠ ᠵᠢ ᠳᠠᠷᠤᠭᠰᠠᠨ ᠵᠢᠭᠡᠯᠡᠯᠭᠡ ᠵᠢᠨ ᠭᠡᠷ᠎ᠡ᠂ ᠵᠢᠭᠡᠯᠡᠯᠭᠡ ᠵᠢ ᠪᠣᠳᠠᠲᠠᠢ᠌ᠵᠢᠭᠤᠯᠤᠭᠰᠠᠨ ᠭᠡᠷᠡᠴᠢ ᠪᠠᠷᠢᠮᠲᠠ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠵᠢᠭᠡᠯᠡᠯᠭᠡ ᠵᠢᠨ ᠺᠠᠷᠲ᠎ᠤᠨ ᠤᠭ ᠮᠠᠲ᠋ᠧᠷᠢᠶᠠᠯ ᠵᠢᠴᠢ ᠪᠠᠭᠤᠯᠭ᠋ᠠᠪᠤᠷᠢ (ᠬᠣᠰᠢᠭᠤ ᠰᠢᠶᠠᠨ ᠬᠢᠨᠠᠨ ᠬᠠᠷᠭᠤᠭᠤᠯᠤᠭᠰᠠᠨ᠎ᠤ ᠳᠠᠷᠠᠭ᠎ᠠ ᠤᠭ ᠮᠠᠲ᠋ᠧᠷᠢᠶᠠᠯ᠎ᠢ ᠪᠤᠴᠠᠭ᠋ᠠᠨ᠎ᠠ);
5. ᠵᠢᠭᠡᠯᠡᠯᠭᠡ ᠲᠠᠯᠪᠢᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠭᠠᠷᠭ᠋ᠠᠭᠰᠠᠨ ᠬᠦᠦ ᠮᠥᠩᠭᠥ ᠵᠢ ᠳ᠋ᠦᠩᠨᠡᠨ ᠪᠤᠳᠤᠭᠰᠠᠨ ᠨᠠᠷᠢᠨ ᠬᠠᠭᠤᠳᠠᠰᠤ᠂ ᠬᠦᠦ ᠮᠥᠩᠭᠥ ᠵᠢ ᠲᠥᠯᠥᠭᠰᠡᠨ ᠠᠩᠬᠠᠨ᠎ᠤ ᠭᠡᠷᠡᠴᠢ ᠪᠠᠷᠢᠮᠲᠠ᠂ ᠵᠣᠭᠣᠰ ᠪᠤᠴᠠᠭ᠋ᠠᠭᠰᠠᠨ ᠭᠡᠷᠡᠴᠢ ᠪᠠᠷᠢᠮᠲᠠ ᠵᠢᠨ ᠤᠭ ᠮᠠᠲ᠋ᠧᠷᠢᠶᠠᠯ ᠵᠢᠴᠢ ᠪᠠᠭᠤᠯᠭ᠋ᠠᠪᠤᠷᠢ (ᠬᠣᠰᠢᠭᠤ ᠰᠢᠶᠠᠨ ᠬᠢᠨᠠᠨ ᠬᠠᠷᠭᠤᠭᠤᠯᠤᠭᠰᠠᠨ᠎ᠤ ᠳᠠᠷᠠᠭ᠎ᠠ ᠤᠭ ᠮᠠᠲ᠋ᠧᠷᠢᠶᠠᠯ᠎ᠢ ᠪᠤᠴᠠᠭ᠋ᠠᠨ᠎ᠠ);
6. ᠠᠵᠤ ᠠᠬᠤᠢ᠌ᠯᠠᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ (ᠵᠢᠱ᠌ᠢᠶᠡᠯᠡᠪᠡᠯ ᠬᠣᠯᠪᠣᠭᠳᠠᠬᠤ) ᠵᠡᠷᠭᠡ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠪᠠᠭᠤᠯᠭ᠋ᠠᠪᠤᠷᠢ᠃
(ᠬᠣᠶᠠᠷ) ᠬᠣᠰᠢᠭᠤ ᠰᠢᠶᠠᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ
ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠵᠢᠭᠡᠯᠡᠯᠭᠡ ᠲᠠᠯᠪᠢᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠲᠠᠢ ᠬᠠᠮᠲᠤᠷᠠᠨ ᠵᠢᠭᠡᠯᠡᠯᠭᠡ ᠵᠢᠨ ᠭᠣᠣᠯ ᠴᠣᠭᠴᠠ ᠵᠢᠨ ᠲᠤᠰᠢᠶᠠᠭᠰᠠᠨ ᠬᠠᠮᠢᠶ᠎ᠠ ᠪᠦᠬᠦᠢ ᠮᠠᠲ᠋ᠧᠷᠢᠶᠠᠯ᠎ᠢ ᠬᠢᠨᠠᠨ ᠬᠠᠷᠭᠤᠭᠤᠯᠵᠤ᠂ ᠡᠭᠦᠨ᠎ᠳᠤ ᠳᠠᠮ ᠬᠦᠦ ᠥᠭᠬᠦ᠎ᠪᠠᠷ ᠮᠡᠳᠡᠭᠦᠯᠦᠭᠰᠡᠨ ᠲᠥᠷᠥᠯ ᠵᠦᠢ᠍ᠯ᠎ᠳᠤ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ ᠬᠢᠵᠦ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠵᠢᠭᠡᠯᠡᠯᠭᠡ ᠵᠢᠴᠢ ᠬᠦᠦ ᠮᠥᠩᠭᠥ ᠥᠭᠬᠦ ᠦᠨᠡᠨ ᠪᠣᠳᠠᠲᠤ ᠴᠢᠨᠠᠷ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ ᠬᠢᠭᠡᠳ ᠭᠡᠷ᠎ᠡ᠎ᠳᠤ ᠪᠣᠯᠵᠣᠨ ᠲᠣᠭᠲᠠᠭᠰᠠᠨ ᠠᠭᠤᠯᠭ᠎ᠠ ᠵᠢᠨ ᠨᠢᠭᠡᠳᠦᠯᠲᠦ ᠴᠢᠨᠠᠷ ᠵᠡᠷᠭᠡ ᠵᠢ ᠴᠢᠩᠭ᠎ᠠ ᠬᠢᠨᠠᠨ ᠪᠠᠢ᠌ᠴᠠᠭ᠋ᠠᠵᠤ᠂ ᠳᠠᠮ ᠬᠦᠦ ᠥᠭᠬᠦ ᠨᠥᠬᠥᠴᠡᠯ᠎ᠳᠤ ᠨᠡᠢ᠌ᠴᠡᠬᠦ ᠲᠥᠷᠥᠯ ᠵᠦᠢ᠍ᠯ ᠵᠢᠴᠢ ᠭᠣᠣᠯ ᠴᠣᠭᠴᠠ ᠵᠢ ᠲᠣᠭᠲᠠᠭ᠋ᠠᠨ᠂ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠠᠵᠤ ᠠᠬᠤᠢ᠌ᠯᠠᠯ᠎ᠤᠨ ᠵᠢᠭᠡᠯᠡᠯᠭᠡ ᠵᠢᠨ ᠳᠠᠮ ᠬᠦᠦ ᠥᠭᠬᠦ ᠵᠢ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ ᠬᠦᠰᠦᠨᠦᠭᠲᠦ) ᠳᠡᠭᠡᠷ᠎ᠡ ᠰᠠᠨᠠᠯ ᠵᠶ᠋ᠠᠨ ᠭᠠᠷᠭ᠋ᠠᠵᠤ᠂ ᠬᠤᠷᠢᠶᠠᠩᠭᠤᠢ᠌ᠯᠠᠭᠰᠠᠨ᠎ᠤ ᠳᠠᠷᠠᠭ᠎ᠠ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
(ᠭᠤᠷᠪᠠ) ᠠᠢ᠌ᠮᠠᠭ ᠬᠣᠲᠠ ᠵᠢᠨ ᠳᠠᠬᠢᠨ ᠬᠢᠨᠠᠵᠤ ᠢᠯᠡ ᠨᠡᠢ᠌ᠲᠡᠯᠡᠬᠦ
ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ ᠬᠠᠷᠭᠤᠭᠤᠯᠤᠨ ᠪᠠᠢ᠌ᠴᠠᠭ᠋ᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠬᠣᠰᠢᠭᠤ ᠰᠢᠶᠠᠨ᠎ᠤ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ᠎ᠢ ᠳᠠᠬᠢᠨ ᠬᠢᠨᠠᠵᠤ᠂ ᠳᠠᠮ ᠬᠦᠦ ᠥᠭᠬᠦ ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠢ ᠠᠯᠪᠠᠨ᠎ᠤ ᠰᠦᠯᠵᠢᠶ᠎ᠡ᠎ᠪᠠᠷ ᠳᠠᠮᠵᠢᠭᠤᠯᠤᠨ ᠨᠡᠢ᠌ᠭᠡᠮ᠎ᠳᠤ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠴᠠᠭ ᠬᠤᠭᠤᠴᠠᠭ᠎ᠠ ᠵᠢ 5 ᠡᠳᠦᠷ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠃ ᠨᠡᠶ᠋ᠢᠲᠡ᠎ᠳᠤ ᠵᠠᠷᠯᠠᠬᠤ᠎ᠳᠤ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ᠂ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠠᠵᠤ ᠠᠬᠤᠢ᠌ᠯᠠᠯ᠎ᠤᠨ ᠵᠢᠭᠡᠯᠡᠯᠭᠡ ᠵᠢᠨ ᠳᠠᠮ ᠬᠦᠦ ᠵᠢᠨ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ ᠬᠦᠰᠦᠨᠦᠭᠲᠦ) ᠳᠡᠭᠡᠷ᠎ᠡ ᠰᠠᠨᠠᠯ ᠵᠶ᠋ᠠᠨ ᠭᠠᠷᠭ᠋ᠠᠬᠤ ᠵᠢᠨ ᠬᠠᠮᠲᠤ᠂ ᠮᠡᠳᠡᠭᠦᠯᠦᠭᠰᠡᠨ ᠮᠠᠲ᠋ᠧᠷᠢᠶᠠᠯ ᠵᠶ᠋ᠠᠨ ᠬᠤᠷᠢᠶᠠᠩᠭᠤᠢ᠌ᠯᠠᠭᠰᠠᠨ᠎ᠤ ᠳᠠᠷᠠᠭ᠎ᠠ ᠳᠡᠭᠡᠭᠰᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
(ᠳᠥᠷᠪᠡ) ᠥᠪᠡᠷᠲᠡᠭᠡᠨ ᠵᠠᠰᠠᠬᠤ ᠣᠷᠣᠨ᠎ᠠᠴᠠ ᠬᠤᠷᠢᠶᠠᠩᠭᠤᠢ᠌ᠯᠠᠨ ᠬᠢᠨᠠᠬᠤ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠨᠢ ᠠᠢ᠌ᠮᠠᠭ ᠬᠣᠲᠠ ᠵᠢᠨ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ᠎ᠢ ᠬᠤᠷᠢᠶᠠᠩᠭᠤᠢ᠌ᠯᠠᠨ ᠬᠢᠨᠠᠨ ᠬᠠᠷᠭᠤᠭᠤᠯᠬᠤ ᠵᠢᠨ ᠬᠠᠮᠲᠤ᠂ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠬᠤ ᠪᠤᠶᠤ ᠭᠤᠷᠪᠠᠳᠠᠭᠢ ᠡᠲᠡᠭᠡᠳ᠎ᠤᠨ ᠲᠤᠰᠬᠠᠢ ᠪᠠᠢ᠌ᠭᠤᠯᠤᠮᠵᠢ᠎ᠳᠤ ᠨᠠᠢ᠌ᠳᠠᠵᠤ ᠠᠢ᠌ᠮᠠᠭ ᠬᠣᠲᠠ ᠵᠢᠨ ᠰᠢᠯᠭ᠋ᠠᠨ ᠠᠪᠤᠭᠰᠠᠨ ᠦᠷ᠎ᠡ ᠳ᠋ᠦᠩ᠎ᠢ ᠰᠤᠭᠤᠴᠢᠨ ᠪᠠᠢ᠌ᠴᠠᠭ᠋ᠠᠵᠤ᠂ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 20%᠎ᠠᠴᠠ ᠳᠣᠣᠷ᠎ᠠ ᠪᠠᠢ᠌ᠵᠤ ᠪᠣᠯᠬᠤ ᠦᠭᠡᠢ ᠪᠥᠭᠡᠳ ᠬᠠᠮᠤᠭ ᠡᠴᠦᠰ᠎ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠵᠶ᠋ᠡᠷ ᠳᠠᠷᠠᠭ᠎ᠠ ᠵᠢᠯ᠎ᠤᠨ ᠲᠥᠰᠥᠪ᠎ᠲᠤ ᠵᠢᠭᠰᠠᠭ᠋ᠠᠨ ᠣᠷᠣᠭᠤᠯᠬᠤ ᠪᠡᠯᠡ ᠮᠥᠩᠭᠥ ᠵᠢᠨ ᠲᠣᠭ᠎ᠠ ᠬᠡᠮᠵᠢᠶ᠎ᠡ ᠵᠢ ᠳᠤᠷᠠᠳᠬᠤ ᠬᠡᠷᠡᠭᠲᠡᠢ᠃
ᠭᠤᠷᠪᠠ᠂ ᠲᠥᠰᠥᠪ᠎ᠢ ᠲᠣᠬᠢᠷᠠᠭᠤᠯᠬᠤ ᠪᠠ ᠪᠡᠯᠡ ᠮᠥᠩᠭᠥ ᠵᠢ ᠪᠠᠭᠤᠯᠭ᠋ᠠᠬᠤ
ᠳᠠᠮ ᠬᠦᠦ᠎ᠲᠠᠢ ᠪᠡᠯᠡ ᠮᠥᠩᠭᠥ ᠵᠢ ᠴᠥᠮ 《ᠤᠷᠢᠳᠠᠪᠠᠷ ᠪᠠᠢ᠌ᠭᠤᠯᠵᠤ ᠳᠠᠷᠠᠭ᠎ᠠ᠎ᠨᠢ ᠨᠥᠬᠥᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠢ᠌ᠳᠠᠯ᠎ᠢ ᠦᠨᠳᠦᠰᠦᠯᠡᠨ ᠨᠥᠬᠥᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ》 ᠠᠷᠭ᠎ᠠ ᠮᠠᠶᠢᠭ ᠵᠶ᠋ᠠᠷ ᠰᠢᠯᠵᠢᠭᠦᠯᠦᠨ ᠥᠭᠭᠦᠨ᠎ᠡ᠃ ᠳᠠᠮ ᠬᠦᠦ᠎ᠲᠠᠢ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 80% ᠵᠢ ᠡᠭᠦᠷᠭᠡᠯᠡᠵᠦ᠂ ᠦᠯᠡᠳᠡᠭᠰᠡᠨ ᠬᠡᠰᠡᠭ᠎ᠢ ᠠᠢ᠌ᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ ᠡᠳ᠋᠎ᠤᠨ ᠵᠠᠰᠠᠭ᠎ᠠᠴᠠ ᠡᠭᠦᠷᠭᠡᠯᠡᠨ᠎ᠡ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠭᠦᠷᠭᠡᠯᠡᠬᠦ ᠬᠡᠰᠡᠭ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠤᠨ 〈ᠤᠷᠢᠳᠠᠪᠠᠷ ᠪᠠᠢ᠌ᠭᠤᠯᠵᠤ
ᠳᠠᠷᠠᠭ᠎ᠠ᠎ᠨᠢ ᠨᠥᠬᠥᠪᠦᠷᠢᠯᠡᠬᠦ〉 ᠲᠥᠷᠥᠯ᠎ᠤᠨ ᠲᠠᠷᠢᠶᠠᠯᠠᠩ᠎ᠳᠤ ᠬᠣᠯᠪᠣᠭᠳᠠᠬᠤ ᠲᠥᠷᠥᠯ ᠵᠦᠢ᠍ᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ》 (ᠥᠪᠥᠷ ᠡᠳ᠋᠎ᠤᠨ ᠵᠠᠰᠠᠭ ᠲᠠᠷᠢᠶᠠᠯᠠᠩ [2024] 1825 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠳᠠᠮ ᠬᠦᠦ᠎ᠲᠠᠢ ᠪᠡᠯᠡ ᠮᠥᠩᠭᠥ ᠵᠢ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠰᠢᠭᠤᠳ ᠬᠦᠷᠭᠡᠬᠦ ᠬᠠᠮᠢᠶᠠᠷᠤᠯᠲᠠ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠤᠰᠢᠶᠠᠭᠰᠠᠨ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠲᠥᠰᠥᠯ᠎ᠢ ᠦᠨᠳᠦᠰᠦᠯᠡᠨ ᠪᠡᠯᠡ ᠮᠥᠩᠭᠥ ᠪᠠᠭᠤᠯᠭ᠋ᠠᠨ᠎ᠠ᠃ ᠭᠦᠢ᠍ᠴᠡᠳᠬᠡᠯ ᠲᠣᠭ᠎ᠠ ᠵᠢᠨ ᠪᠢᠴᠢᠭ ᠮᠠᠲ᠋ᠧᠷᠢᠶᠠᠯ᠎ᠢ ᠪᠠᠭᠤᠯᠭ᠋ᠠᠭᠰᠠᠨ᠎ᠤ ᠳᠠᠷᠠᠭ᠎ᠠ᠂ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠪᠡᠯᠡ ᠮᠥᠩᠭᠥ ᠵᠢ ᠠᠵᠤ ᠠᠬᠤᠢ᠌ᠯᠠᠯ᠎ᠳᠤ ᠰᠢᠭᠤᠳ ᠬᠦᠷᠭᠡᠬᠦ ᠲᠦᠷ ᠬᠡᠷᠡᠭᠵᠢᠭᠦᠯᠬᠦ ᠠᠷᠭ᠎ᠠ》 ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠶ᠋ᠡᠷ ᠬᠢᠨᠠᠭᠤᠯᠤᠭᠰᠠᠨᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠠᠴᠠ ᠠᠵᠤ ᠠᠬᠤᠢ᠌ᠯᠠᠯ᠎ᠳᠤ ᠰᠢᠭᠤᠳ ᠰᠢᠯᠵᠢᠭᠦᠯᠦᠨ ᠥᠭᠭᠦᠨ᠎ᠡ (ᠬᠡᠷᠪᠡ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠲᠣᠬᠢᠶᠠᠯᠳᠤᠪᠠᠯ᠂ ᠰᠢᠨ᠎ᠡ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ)᠃
《ᠠᠷᠭ᠎ᠠ ᠬᠡᠮᠵᠢᠶ᠎ᠡ᠎ᠨᠦᠭᠦᠳ》᠎ᠲᠤ ᠬᠣᠯᠪᠣᠭᠳᠠᠬᠤ ᠲᠤᠰᠬᠠᠢ ᠵᠦᠢ᠍ᠯ ᠵᠶ᠋ᠡᠷ ᠳᠡᠮᠵᠢᠬᠦ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠰᠢᠰᠲ᠋ᠧᠮ ᠵᠢᠡᠷ ᠵᠶ᠋ᠡᠨ ᠬᠤᠪᠢᠶᠠᠷᠢᠯᠠᠭᠰᠠᠨ᠂ ᠬᠠᠮᠢᠶᠠᠷᠤᠭᠰᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠵᠦᠢ᠍ᠯ ᠤᠨ ᠪᠡᠯᠡ ᠮᠥᠩᠭᠥ᠎ᠪᠠᠷ ᠤᠷᠢᠳᠠᠪᠠᠷ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠨ᠎ᠡ᠃ ᠠᠢ᠌ᠮᠠᠭ ᠬᠣᠲᠠ ᠬᠣᠰᠢᠭᠤ ᠰᠢᠶᠠᠨ᠎ᠨᠢ ᠳᠡᠭᠡᠳᠦ ᠱᠠᠲᠤᠨ᠎ᠤ ᠪᠠᠭᠤᠯᠭ᠋ᠠᠭᠰᠠᠨ ᠪᠡᠯᠡ ᠮᠥᠩᠭᠥ ᠵᠢ ᠭᠥᠯᠢᠶᠡᠨ ᠠᠪᠤᠭᠰᠠᠨ᠎ᠤ ᠳᠠᠷᠠᠭ᠎ᠠ᠂ ᠲᠣᠭᠲᠠᠭ᠋ᠠᠯ ᠶᠣᠰᠣᠭ᠋ᠠᠷ ᠢᠵᠢ ᠪᠦᠷᠢᠳᠦᠭᠦᠯᠬᠦ ᠬᠠᠷᠢᠭᠤᠴᠠᠯᠭ᠎ᠠ ᠵᠢ ᠭᠦᠢ᠍ᠴᠡᠳᠬᠡᠵᠦ᠂ ᠬᠠᠤᠯᠢ᠎ᠪᠠᠷ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠪᠡᠯᠡ ᠮᠥᠩᠭᠥ ᠵᠢ ᠳᠠᠷᠤᠢ᠌ᠬᠠᠨ ᠰᠠᠯᠭ᠋ᠠᠨ ᠥᠭᠴᠦ᠂ ᠨᠥᠬᠥᠴᠡᠯ᠎ᠳᠤ ᠨᠡᠢ᠌ᠴᠡᠬᠦ ᠳᠠᠮ ᠬᠦᠦ᠎ᠲᠠᠢ ᠡᠲᠡᠭᠡᠳ᠎ᠤᠨ ᠳᠠᠮ ᠬᠦᠦ᠎ᠲᠠᠢ ᠪᠡᠯᠡ ᠮᠥᠩᠭᠥ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠭᠦᠢ᠍ᠴᠡᠳ ᠣᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠬᠡᠷᠪᠡ ᠠᠢ᠌ᠮᠠᠭ ᠬᠣᠲᠠ ᠬᠣᠰᠢᠭᠤ
ᠰᠢᠶᠠᠨ᠎ᠨᠢ ᠲᠣᠭᠲᠠᠭ᠋ᠠᠯ ᠶᠣᠰᠣᠭ᠋ᠠᠷ ᠢᠵᠢ ᠪᠦᠷᠢᠳᠦᠭᠦᠯᠬᠦ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠣᠯ᠂ 《ᠲᠥᠰᠥᠪ᠎ᠤᠨ ᠬᠠᠤᠯᠢ》 ᠵᠢᠴᠢ ᠬᠡᠷᠡᠭᠵᠢᠭᠦᠯᠬᠦ ᠳᠦᠷᠢᠮ ᠵᠡᠷᠭᠡ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠭᠴᠢ ᠵᠢᠨ ᠬᠢᠨᠠᠯᠲᠠ ᠪᠠᠢ᠌ᠴᠠᠭ᠋ᠠᠯᠲᠠ᠂ ᠬᠢᠨᠠᠨ ᠪᠣᠳᠣᠯᠲᠠ ᠵᠢᠨ ᠲᠣᠭᠣᠷᠢᠨ ᠪᠠᠢ᠌ᠴᠠᠭ᠋ᠠᠯᠲᠠ ᠪᠠ ᠥᠪᠡᠷᠲᠡᠭᠡᠨ ᠵᠠᠰᠠᠬᠤ ᠣᠷᠣᠨ᠎ᠤ ᠰᠤᠭᠤᠴᠢᠨ ᠪᠠᠢ᠌ᠴᠠᠭ᠋ᠠᠵᠤ ᠳᠠᠬᠢᠨ ᠬᠢᠨᠠᠬᠤ ᠵᠡᠷᠭᠡ ᠭᠣᠭᠴᠣᠭ᠎ᠠ᠎ᠳᠤ᠂ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠵᠢᠴᠢ ᠰᠢᠯᠭ᠋ᠠᠨ ᠠᠪᠬᠤ᠎ᠳᠠᠭᠠᠨ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠵᠶ᠋ᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ ᠡᠳ᠋᠎ᠤᠨ ᠵᠠᠰᠠᠭ᠎ᠤᠨ ᠳᠠᠮ ᠬᠦᠦ᠎ᠲᠠᠢ ᠪᠡᠯᠡ ᠮᠥᠩᠭᠥ ᠵᠢ ᠤᠬᠠᠭ᠋ᠠᠯᠠᠨ ᠠᠪᠤᠭᠰᠠᠨ ᠪᠠᠢ᠌ᠳᠠᠯ᠎ᠢ ᠣᠯᠵᠤ ᠮᠡᠳᠡᠪᠡᠯ᠂ ᠲᠣᠭᠲᠠᠭ᠋ᠠᠭᠰᠠᠨ ᠲᠠᠰ ᠳᠠᠷᠠᠭ᠋ᠠᠯᠠᠯ ᠵᠶ᠋ᠠᠷ ᠨᠢᠭᠡᠨᠲᠡ ᠪᠠᠭᠤᠯᠭ᠋ᠠᠭᠰᠠᠨ ᠪᠡᠯᠡ ᠮᠥᠩᠭᠥ ᠵᠢ ᠬᠣᠷᠢᠶᠠᠨ ᠠᠪᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠵᠦ ᠰᠢᠢ᠍ᠳᠪᠦᠷᠢᠯᠡᠨ᠎ᠡ᠂ ᠲᠣᠭᠲᠠᠭ᠋ᠠᠯ᠎ᠠᠴᠠ ᠵᠥᠷᠢᠴᠡᠨ ᠭᠤᠶᠤᠴᠢᠯᠠᠨ ᠮᠡᠳᠡᠭᠦᠯᠦᠭᠰᠡᠨ ᠭᠣᠣᠯ ᠴᠣᠭᠴᠠ ᠵᠢ ᠵᠡᠷᠭᠡ᠎ᠳᠤ᠎ᠨᠢ ᠮᠠᠭᠤ ᠦᠢᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠲᠤ ᠣᠷᠣᠭᠤᠯᠵᠤ᠂ ᠬᠣᠢ᠌ᠰᠢᠳᠠ ᠵᠢᠨ ᠣᠨ᠎ᠤ ᠭᠤᠶᠤᠴᠢᠯᠠᠨ ᠮᠡᠳᠡᠭᠦᠯᠬᠦ ᠬᠠᠮᠢᠶ᠎ᠠ ᠪᠦᠬᠦᠢ ᠲᠠᠷᠢᠶᠠᠯᠠᠩ᠎ᠳᠤ ᠬᠣᠯᠪᠣᠭᠳᠠᠬᠤ ᠲᠥᠷᠥᠯ ᠵᠦᠢ᠍ᠯ᠎ᠤᠨ ᠬᠢᠷᠢ ᠬᠡᠮ᠎ᠢ ᠬᠦᠴᠦᠨ ᠦᠭᠡᠢ ᠪᠣᠯᠭ᠋ᠠᠨ᠎ᠠ᠃
ᠲᠣᠰ ᠬᠡᠷᠡᠭᠵᠢᠭᠦᠯᠬᠦ ᠨᠠᠷᠢᠨ ᠳᠦᠷᠢᠮ᠎ᠢ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 61 ᠳ᠋ᠦ᠍ᠭᠡᠷ ᠲᠣᠭ᠋ᠠᠲᠤ)᠎ᠢ ᠦᠨᠳᠦᠰᠦᠯᠡᠨ ᠲᠣᠭᠲᠠᠭ᠋ᠠᠵᠤ᠂ 2024 ᠣᠨ᠎ᠤ
2 ᠰᠠᠷ᠎ᠠ᠎ᠠᠴᠠ 12 ᠰᠠᠷ᠎ᠠ ᠵᠢᠨ ᠰᠡᠭᠦᠯᠴᠢ ᠪᠣᠯᠲᠠᠯ᠎ᠠ ᠡᠯ᠎ᠡ ᠠᠢ᠌ᠮᠠᠭ ᠬᠣᠲᠠ ᠵᠢᠨ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 10 ᠳ᠋ᠤᠭ᠋ᠠᠷ ᠲᠣᠭ᠋ᠠᠲᠤ᠂ ᠨᠢᠭᠡᠨᠲᠡ ᠬᠦᠴᠦᠨ ᠦᠭᠡᠢ ᠪᠣᠯᠭ᠋ᠠᠭᠰᠠᠨ)᠎ᠤᠨ ᠲᠥᠷᠥᠯ ᠵᠦᠢ᠍ᠯ ᠵᠶ᠋ᠡᠷ ᠮᠡᠳᠡᠭᠦᠯᠦᠭᠰᠡᠨ ᠠᠵᠤ ᠠᠬᠤᠢ᠌ᠯᠠᠯ᠎ᠳᠤ ᠲᠣᠰ ᠨᠠᠷᠢᠨ ᠳᠦᠷᠢᠮ ᠵᠶ᠋ᠡᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠪᠡᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠱᠠᠩᠨᠠᠯ᠎ᠤᠨ ᠲᠥᠷᠥ ᠵᠢᠨ ᠪᠣᠳᠣᠯᠭ᠎ᠠ ᠵᠢᠨ ᠨᠠᠷᠢᠨ ᠬᠡᠷᠡᠭᠵᠢᠭᠦᠯᠬᠦ ᠲᠦᠷᠢᠮ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠲᠠᠷᠬᠠᠭ᠋ᠠᠬᠤ ᠮᠡᠳᠡᠭᠳᠡᠯ》 (ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ᠂ ᠥᠪᠥᠷ ᠵᠠᠰᠠᠭ ᠠᠯᠪᠠᠨ ᠲᠠᠷᠬᠠᠭ᠋ᠠᠭᠰᠠᠨ [2024] 61 ᠳ᠋ᠦ᠍ᠭᠡᠷ
ᠲᠣᠭ᠋ᠠᠲᠤ)᠎ᠤᠨ ᠪᠡᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠥᠬᠥ ᠣᠷᠣᠨ᠎ᠤ ᠤᠷᠢᠳᠴᠢᠯᠠᠨ ᠦᠢ᠍ᠯᠡᠳᠦᠭᠰᠡᠨ ᠨᠣᠭᠣᠭ᠎ᠠ ᠵᠢᠨ ᠰᠢᠯᠢᠳᠡᠭ ᠠᠵᠤ ᠠᠬᠤᠢ᠌ᠯᠠᠯ᠎ᠢ ᠱᠠᠩᠨᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠰᠢᠭᠦᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠣᠷᠣᠨ᠎ᠤ ᠤᠷᠢᠳᠴᠢᠯᠠᠨ ᠦᠢ᠍ᠯᠡᠳᠦᠭᠰᠡᠨ ᠨᠣᠭᠣᠭ᠎ᠠ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠲᠣᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ᠃
ᠨᠢᠭᠡ᠂ ᠭᠣᠣᠯ ᠠᠭᠤᠯᠭ᠎ᠠ
(ᠨᠢᠭᠡ) ᠰᠢᠯᠭ᠋ᠠᠨ ᠠᠪᠬᠤ ᠪᠠ ᠬᠢᠨᠠᠨ ᠬᠠᠷᠭᠤᠭᠤᠯᠬᠤ ᠪᠠᠷᠢᠮᠵᠢᠶ᠎ᠠ
ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠪᠡᠯᠡᠨ ᠵᠠᠭᠤᠰᠢ ᠵᠢᠨ ᠬᠥᠲᠥᠴᠢ ᠠᠵᠤ ᠠᠬᠤᠢ᠌ᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢ ᠲᠣᠰ ᠲᠣᠰ ᠠᠷᠪᠠᠨ ᠬᠦᠴᠦᠷᠬᠡᠭ ᠵᠶ᠋ᠡᠷ ᠰᠢᠯᠭ᠋ᠠᠷᠠᠭᠤᠯᠤᠭᠰᠠᠨ ᠠᠵᠤ ᠠᠬᠤᠢ᠌ᠯᠠᠯ᠎ᠤᠨ ᠪᠣᠷᠣᠯᠠᠭᠤᠯᠤᠯᠲᠠ ᠵᠢᠨ ᠲᠣᠭ᠎ᠠ ᠨᠢ ᠳᠡᠭᠡᠷ᠎ᠡ ᠵᠢᠯ᠎ᠤᠨ ᠬᠢ᠎ᠠᠴᠠ 100 ᠲᠦᠮᠡᠨ ᠲᠥᠭᠥᠷᠢᠭ ᠨᠡᠮᠡᠭᠳᠡᠬᠦ ᠪᠦᠷᠢ 2 ᠲᠦᠮᠡᠨ ᠲᠥᠭᠥᠷᠢᠭ ᠵᠶ᠋ᠡᠷ ᠱᠠᠩᠨᠠᠵᠤ᠂ ᠬᠠᠮᠤᠭ᠎ᠤᠨ ᠥᠨᠳᠥᠷ᠎ᠲᠡᠭᠡᠨ 30 ᠲᠦᠮᠡᠨ ᠲᠥᠭᠥᠷᠢᠭ᠎ᠠᠴᠠ ᠬᠡᠲᠦᠷᠡᠭᠦᠯᠵᠦ ᠪᠣᠯᠬᠤ ᠦᠭᠡᠢ᠃
ᠡᠭᠦᠨ᠎ᠳᠤ᠂ ᠠᠵᠤ ᠠᠬᠤᠢ᠌ᠯᠠᠯ᠎ᠤᠨ ᠪᠣᠷᠣᠯᠠᠭᠤᠯᠤᠯᠲᠠ ᠵᠢᠨ ᠲᠣᠭ᠎ᠠ ᠭᠡᠳᠡᠭ᠎ᠨᠢ ᠬᠢᠷᠢ ᠬᠡᠮ᠎ᠲᠠᠢ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠵᠤ ᠥᠭᠭᠦᠭᠰᠡᠨ ᠬᠢᠨᠠᠨ ᠪᠣᠳᠣᠯᠲᠠ ᠵᠢᠨ ᠮᠡᠳᠡᠭᠦᠯᠦᠯᠲᠡ᠎ᠳᠠᠬᠢ ᠵᠢᠯ᠎ᠤᠨ ᠪᠣᠷᠣᠯᠠᠭᠤᠯᠤᠯᠲᠠ ᠵᠢᠨ ᠣᠷᠣᠯᠭ᠎ᠠ ᠵᠢ ᠵᠢᠭ᠋ᠠᠵᠤ ᠪᠠᠢ᠌ᠨ᠎ᠠ᠃
ᠪᠡᠯᠡᠨ ᠵᠠᠭᠤᠰᠢ ᠭᠡᠳᠡᠭ᠎ᠨᠢ ᠨᠢᠭᠡ ᠵᠦᠢ᠍ᠯ᠎ᠤᠨ ᠪᠤᠶᠤ ᠣᠯᠠᠨ ᠵᠦᠢ᠍ᠯ᠎ᠤᠨ ᠢᠳᠡᠰᠢᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠴᠢ ᠲᠡᠭᠦᠨ᠎ᠤ ᠪᠦᠲᠦᠭᠡᠭᠳᠡᠬᠦᠨ ᠵᠶ᠋ᠡᠷ ᠲᠦᠭᠦᠬᠡᠢ ᠮᠠᠲ᠋ᠧᠷᠢᠶᠠᠯ ᠪᠣᠯᠭ᠋ᠠᠵᠤ᠂ ᠠᠮᠲᠠ ᠣᠷᠣᠭᠤᠯᠬᠤ ᠡᠳ᠋ ᠵᠡᠷᠭᠡ ᠲᠤᠰᠠᠯᠠᠬᠤ ᠮᠠᠲ᠋ᠧᠷᠢᠶᠠᠯ᠎ᠢ ᠬᠡᠷᠡᠭᠯᠡᠬᠦ ᠪᠤᠶᠤ ᠬᠡᠷᠡᠭᠯᠡᠬᠦ ᠦᠭᠡᠢ᠂ ᠥᠯᠥ ᠢᠯᠵᠢᠷᠡᠭᠦᠯᠦᠭᠴᠢ ᠡᠳ᠋ ᠨᠡᠮᠡᠬᠦ ᠦᠭᠡᠢ᠂ ᠠᠵᠤ ᠦᠢ᠍ᠯᠡᠳᠪᠦᠷᠢᠵᠢᠭᠦᠯᠦᠯᠲᠡ ᠵᠢᠨ ᠤᠷᠢᠳᠴᠢᠯᠠᠨ ᠪᠤᠯᠪᠠᠰᠤᠷᠠᠭᠤᠯᠵᠤ (ᠵᠢᠱ᠌ᠢᠶᠡᠯᠡᠪᠡᠯ ᠬᠤᠳᠬᠤᠬᠤ᠂ ᠳᠠᠪᠤᠰᠤᠯᠠᠬᠤ᠂ ᠨᠤᠬᠤᠬᠤ᠂ ᠬᠡᠯᠪᠡᠷᠢᠵᠢᠭᠦᠯᠬᠦ᠂ ᠬᠠᠭᠤᠷᠬᠤ᠂ ᠬᠠᠭ᠋ᠠᠷᠢᠬᠤ᠂ ᠰᠢᠷᠠᠬᠤ᠂ ᠴᠢᠨᠠᠬᠤ᠂ ᠵᠢᠩᠨᠡᠬᠦ ᠵᠡᠷᠭᠡ)᠂ ᠠᠮᠲᠠ ᠣᠷᠣᠭᠤᠯᠬᠤ ᠡᠳ᠋ ᠳᠠᠭ᠋ᠠᠯᠳᠤᠭᠤᠯᠬᠤ ᠡᠰᠡᠬᠦ᠂ ᠪᠦᠲᠦᠭᠡᠭᠳᠡᠬᠦᠨ᠎ᠤ ᠱᠣᠰᠢᠭ᠎ᠠ ᠲᠡᠮᠳᠡᠭ᠎ᠲᠤ ᠬᠠᠳᠠᠭ᠋ᠠᠯᠠᠬᠤ᠂ ᠵᠥᠭᠡᠭᠡᠪᠦᠷᠢᠯᠡᠬᠦ ᠵᠢᠴᠢ ᠪᠣᠷᠣᠯᠠᠭᠤᠯᠬᠤ ᠨᠥᠬᠥᠴᠡᠯ᠎ᠳᠤ ᠨᠡᠢ᠌ᠴᠡᠬᠦ ᠵᠢ ᠲᠣᠳᠣᠷᠬᠠᠢ᠌ᠯᠠᠭᠰᠠᠨ᠂ ᠬᠠᠯᠠᠭ᠋ᠠᠬᠤ ᠪᠤᠶᠤ ᠪᠤᠯᠭᠤᠭᠰᠠᠨᠤ ᠳᠠᠷᠠᠭ᠎ᠠ ᠰᠠᠶᠢ ᠢᠳᠡᠵᠦ ᠪᠣᠯᠬᠤ ᠤᠷᠢᠳᠴᠢᠯᠠᠨ ᠪᠣᠭᠣᠳᠠᠯᠯᠠᠭᠰᠠᠨ ᠨᠣᠭᠣᠭ᠎ᠠ ᠵᠠᠭᠤᠰᠢ ᠵᠢ ᠵᠢᠭ᠋ᠠᠵᠤ ᠪᠤᠢ᠂ ᠡᠭᠦᠨ᠎ᠳᠤ ᠭᠣᠣᠯ ᠢᠳᠡᠭᠡᠨ᠎ᠤ ᠲᠥᠷᠥᠯ᠎ᠤᠨ ᠢᠳᠡᠭᠡᠨ ᠪᠠᠭᠲᠠᠬᠤ ᠦᠭᠡᠢ᠂ ᠵᠢᠱ᠌ᠢᠶᠡᠯᠡᠪᠡᠯ ᠲᠦᠷᠭᠡᠨ ᠬᠥᠯᠳᠡᠭᠡᠭᠰᠡᠨ ᠭᠤᠯᠢᠷ ᠪᠤᠳᠠᠭ᠋ᠠᠨ᠎ᠤ ᠢᠳᠡᠭᠡᠨ᠂ ᠳᠥᠭᠥᠮ ᠢᠳᠡᠭᠡᠨ᠂ ᠬᠠᠢ᠌ᠷᠴᠠᠭ᠎ᠲᠠᠢ ᠬᠣᠭᠣᠯᠠ᠂ ᠨᠣᠭᠣᠭ᠎ᠠ᠎ᠲᠠᠢ ᠪᠤᠳᠠᠭ᠎ᠠ᠂ ᠮᠠᠨᠲᠠᠤ᠂ ᠪᠣᠣᠪᠣ ᠪᠣᠭᠣᠷᠰᠣᠭ᠂ ᠮᠢᠬ᠎ᠠ᠎ᠲᠠᠢ ᠪᠣᠣᠪᠣ᠂ ᠲᠠᠯᠬ᠎ᠠ᠂ ᠬᠠᠮᠪᠦᠢ᠌ᠷᠡᠭ᠂ ᠰᠠᠨᠳ᠋ᠸᠢᠴ᠂ ᠫᠢᠽᠰᠠ ᠵᠡᠷᠭᠡ᠃
ᠪᠡᠯᠡᠨ ᠵᠠᠭᠤᠰᠢ ᠵᠢᠨ ᠬᠥᠲᠥᠴᠢ ᠠᠵᠤ ᠠᠬᠤᠢ᠌ᠯᠠᠯ᠂ ᠠᠵᠤ ᠠᠬᠤᠢ᠌ᠯᠠᠯ᠎ᠨᠢ ᠪᠥᠬᠥ ᠣᠷᠣᠨ᠎ᠤ ᠤᠷᠢᠳᠴᠢᠯᠠᠨ ᠦᠢ᠍ᠯᠡᠳᠦᠭᠰᠡᠨ ᠨᠣᠭᠣᠭ᠎ᠠ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠪᠠᠷ ᠬᠦᠴᠦᠯᠡᠨ ᠴᠢᠷᠮᠠᠢ᠌ᠵᠤ᠂ ᠪᠦᠲᠦᠭᠡᠭᠳᠡᠬᠦᠨ᠎ᠤ ᠰᠢᠨ᠎ᠡ ᠵᠢ ᠡᠭᠦᠳᠬᠦ ᠴᠢᠳᠠᠪᠤᠷᠢ᠎ᠪᠠᠷ ᠴᠢᠩᠭ᠎ᠠ᠂ ᠠᠵᠤ ᠦᠢ᠍ᠯᠡᠰ᠎ᠤᠨ ᠬᠡᠯᠬᠢᠶ᠎ᠡ ᠵᠢᠨ ᠪᠠᠢ᠌ᠷᠢᠰᠢᠭᠤᠯᠤᠯᠲᠠ᠎ᠨᠢ ᠪᠦᠷᠢᠨ ᠪᠦᠲᠦᠨ᠂ ᠡᠵᠡᠩᠨᠡᠯᠲᠡ ᠵᠢᠨ ᠪᠠᠢ᠌ᠳᠠᠯ᠎ᠨᠢ ᠰᠠᠢ᠌ᠨ᠂ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠢᠰᠲ᠋ᠧᠮᠵᠢ᠎ᠨᠢ ᠪᠦᠷᠢᠨ ᠲᠡᠭᠦᠯᠳᠡᠷ᠂ ᠲᠠᠷᠢᠶᠠᠯᠠᠩ᠎ᠲᠠᠢ ᠬᠣᠯᠪᠤᠭ᠋ᠠᠯᠠᠨ ᠲᠠᠷᠢᠶᠠᠯᠠᠩ᠎ᠢ ᠳᠠᠢ᠌ᠴᠢᠯᠠᠬᠤ ᠦᠷ᠎ᠡ ᠪᠦᠲᠦᠮᠵᠢ᠎ᠨᠢ ᠨᠡᠯᠢᠶᠡᠳ ᠰᠠᠢ᠌ᠨ ᠪᠠᠢ᠌ᠬᠤ ᠬᠡᠷᠡᠭᠲᠡᠢ᠃
ᠪᠡᠯᠡᠨ ᠵᠠᠭᠤᠰᠢ ᠵᠢ ᠰᠦᠯᠵᠢᠶᠡᠨ ᠳᠡᠭᠡᠷ᠎ᠡ ᠪᠣᠷᠣᠯᠠᠭᠤᠯᠬᠤ ᠠᠵᠤ ᠠᠬᠤᠢ᠌ᠯᠠᠯ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠠᠢ᠌ᠳᠠᠯ ᠰᠠᠢ᠌ᠨ ᠪᠠᠢ᠌ᠪᠠᠯ᠂ ᠬᠠᠷᠠᠯᠲᠠᠲᠤ ᠵᠠᠬ᠎ᠠ ᠳᠡᠯᠭᠡᠭᠦᠷ ᠪᠠ ᠬᠥᠭᠵᠢᠯᠲᠡ ᠵᠢᠨ ᠬᠠᠨᠳᠤᠰᠢ ᠵᠢ ᠣᠨᠣᠪᠴᠢᠲᠠᠶ ᠡᠵᠡᠮᠳᠡᠵᠦ ᠪᠣᠯᠣᠨ᠎ᠠ᠂ ᠦᠢ᠍ᠯᠡᠳᠬᠦᠨ᠎ᠤ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠵᠢᠨ ᠬᠡᠮᠵᠢᠶ᠎ᠡ᠎ᠨᠢ ᠶᠡᠷᠦᠩᠬᠡᠢ ᠪᠣᠷᠤᠯᠠᠭᠤᠯᠭ᠎ᠠ ᠵᠢᠨ ᠬᠡᠮᠵᠢᠶ᠎ᠡ᠎ᠳᠤ ᠡᠵᠡᠯᠡᠬᠦ ᠬᠠᠷᠢᠴᠠᠯ᠎ᠨᠢ ᠨᠡᠯᠢᠶᠡᠳ ᠥᠨᠳᠥᠷ ᠪᠠᠢ᠌ᠵᠤ᠂ ᠰᠦᠯᠵᠢᠶᠡᠨ᠎ᠤ ᠪᠣᠷᠤᠯᠠᠭᠤᠯᠭ᠎ᠠ ᠵᠢᠨ ᠠᠷᠭ᠎ᠠ ᠵᠠᠮ ᠵᠶ᠋ᠠᠷ ᠬᠡᠷᠡᠭᠯᠡᠭᠴᠢᠳ᠎ᠲᠤ ᠥᠨᠳᠥᠷ ᠪᠦᠲᠦᠮᠵᠢᠲᠡᠶ ᠲᠣᠬᠢᠷᠠᠭᠤᠯᠤᠨ ᠬᠦᠷᠭᠡᠬᠦ᠂ ᠪᠣᠷᠣᠯᠠᠭᠤᠯᠤᠭᠰᠠᠨ᠎ᠤ ᠳᠠᠷᠠᠭ᠋ᠠᠬᠢ ᠦᠢ᠍ᠯᠡᠴᠢᠯᠡᠭᠡ ᠬᠠᠩᠭ᠋ᠠᠬᠤ ᠴᠢᠳᠠᠪᠤᠷᠢ ᠵᠢ ᠪᠦᠷᠢᠯᠳᠦᠭᠦᠯᠦᠨ᠎ᠡ᠃
ᠪᠡᠯᠡᠨ ᠵᠠᠭᠤᠰᠢ ᠵᠢᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢᠨ ᠠᠵᠤ ᠠᠬᠤᠢ᠌ᠯᠠᠯ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠠᠢ᠌ᠳᠠᠯ ᠰᠠᠢ᠌ᠨ᠂ ᠦᠢ᠍ᠯᠡᠳᠬᠦᠨ᠎ᠤ ᠨᠠᠷᠠᠲᠤ ᠲᠥᠷᠥᠯ ᠲᠡᠮᠳᠡᠭᠲᠦ᠎ᠨᠢ ᠢᠯᠡ ᠲᠣᠳᠣ ᠭᠠᠵᠠᠷ ᠣᠷᠣᠨ᠎ᠤ ᠣᠨᠴᠠᠯᠢᠭ᠎ᠲᠠᠢ᠂ ᠦᠢ᠍ᠯᠡᠳᠬᠦᠨ᠎ᠤ ᠰᠤᠳᠤᠯᠤᠨ ᠨᠡᠭᠡᠭᠡᠬᠦ ᠴᠢᠳᠠᠪᠤᠷᠢ᠎ᠪᠠᠷ ᠴᠢᠩᠭ᠎ᠠ᠂ ᠨᠡᠯᠢᠶᠡᠳ ᠥᠨᠳᠥᠷ ᠪᠦᠲᠦᠭᠡᠯᠴᠢ ᠬᠢᠷᠢ ᠬᠡᠮᠵᠢᠶ᠎ᠡ᠎ᠲᠠᠢ᠂ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠢᠰᠲ᠋ᠧᠮᠵᠢ᠎ᠨᠢ ᠪᠦᠷᠢᠨ ᠲᠡᠭᠦᠯᠳᠡᠷ᠂ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠪᠠ ᠪᠣᠶ᠋ᠢᠵᠢᠯᠲᠠ ᠵᠢᠨ ᠴᠢᠨᠠᠷᠲᠠᠢ ᠪᠠᠢ᠌ᠬᠤ
ᠬᠡᠷᠡᠭᠲᠡᠢ᠃
(ᠬᠣᠶᠠᠷ) ᠱᠠᠩᠨᠠᠬᠤ ᠪᠠᠷᠢᠮᠵᠢᠶ᠎ᠠ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ ᠰᠠᠯᠠᠭ᠎ᠠ ᠮᠥᠴᠢᠷ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠪᠡᠯᠡᠨ ᠵᠠᠭᠤᠰᠢ ᠵᠢᠨ ᠬᠥᠲᠥᠴᠢ ᠠᠵᠤ ᠠᠬᠤᠢ᠌ᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢᠨ ᠠᠷᠪᠠᠨ ᠬᠦᠴᠦᠷᠬᠡᠭ ᠠᠵᠤ ᠠᠬᠤᠢ᠌ᠯᠠᠯ᠎ᠤᠨ ᠰᠢᠯᠭ᠋ᠠᠷᠠᠭᠤᠯᠤᠯᠲᠠ ᠵᠢ ᠶᠠᠪᠤᠭᠳᠠᠭᠤᠯᠵᠤ᠂ ᠪᠣᠷᠣᠯᠠᠭᠤᠯᠤᠯᠲᠠ ᠵᠢᠨ ᠲᠣᠭ᠎ᠠ᠎ᠨᠢ ᠳᠡᠭᠡᠷ᠎ᠡ ᠨᠢᠭᠡ ᠵᠢᠯ᠎ᠤᠨ ᠬᠢ᠎ᠠᠴᠠ 100 ᠲᠦᠮᠡᠨ ᠲᠥᠭᠥᠷᠢᠭ ᠨᠡᠮᠡᠭᠳᠡᠬᠦ ᠪᠦᠷᠢ 2 ᠲᠦᠮᠡᠨ ᠲᠥᠭᠥᠷᠢᠭ ᠵᠶ᠋ᠡᠷ ᠱᠠᠩᠨᠠᠬᠤ᠎ᠪᠠᠷ ᠲᠥᠰᠥᠭᠡᠯᠡᠨ ᠪᠤᠳᠤᠵᠤ᠂ ᠠᠵᠤ ᠠᠬᠤᠢ᠌ᠯᠠᠯ ᠨᠢᠭᠡᠪᠦᠷᠢ᠎ᠳᠤ 30 ᠲᠦᠮᠡᠨ ᠲᠥᠭᠥᠷᠢᠭ᠎ᠠᠴᠠ ᠥᠯᠥ ᠬᠡᠲᠦᠷᠡᠭᠦᠯᠬᠦ ᠱᠠᠩᠨᠠᠯ ᠣᠯᠭᠣᠵᠤ᠂ ᠠᠳᠠᠯᠢ ᠨᠢᠭᠡ ᠠᠵᠤ ᠠᠬᠤᠢ᠌ᠯᠠᠯ ᠠᠳᠠᠯᠢ ᠨᠢᠭᠡ ᠵᠢᠯ᠎ᠳᠤ ᠳᠠᠪᠬᠤᠷᠳᠠᠭᠤᠯᠤᠨ ᠱᠠᠩᠨᠠᠬᠤ ᠦᠭᠡᠢ᠃ ᠬᠡᠷᠪᠡ ᠠᠵᠤ ᠠᠬᠤᠢ᠌ᠯᠠᠯ᠎ᠤᠨ ᠪᠣᠷᠣᠯᠠᠭᠤᠯᠤᠯᠲᠠ ᠵᠢᠨ ᠲᠣᠭ᠎ᠠ᠎ᠨᠢ ᠳᠡᠭᠡᠷ᠎ᠡ ᠨᠢᠭᠡ ᠵᠢᠯ᠎ᠤᠨ ᠰᠢᠨ᠎ᠡ᠎ᠪᠠᠷ ᠨᠡᠮᠡᠭᠳᠡᠭᠰᠡᠨ ᠲᠣᠭ᠎ᠠ᠎ᠲᠠᠢ ᠬᠠᠷᠢᠴᠠᠭᠤᠯᠪᠠᠯ ᠱᠠᠩᠨᠠᠯ᠎ᠤᠨ ᠪᠠᠷᠢᠮᠵᠢᠶ᠎ᠠ᠎ᠳᠤ ᠬᠦᠷᠴᠦ ᠳᠡᠶ᠋ᠢᠯᠬᠦ ᠦᠭᠡᠢ ᠪᠠᠢ᠌ᠪᠠᠯ᠂ ᠪᠡᠯᠡ ᠮᠥᠩᠭᠥ᠎ᠪᠠᠷ ᠱᠠᠩᠨᠠᠬᠤ ᠦᠭᠡᠢ᠂ ᠵᠥᠪᠬᠡᠨ ᠣᠨ᠎ᠤ ᠪᠡᠯᠡᠨ ᠵᠠᠭᠤᠰᠢ ᠵᠢᠨ ᠰᠢᠯᠢᠳᠡᠭ ᠠᠵᠤ ᠠᠬᠤᠢ᠌ᠯᠠᠯ ᠵᠶ᠋ᠠᠷ ᠮᠠᠭ᠋ᠠᠳᠯᠠᠨ ᠲᠣᠭᠲᠠᠭ᠋ᠠᠨ᠎ᠠ᠃
(ᠭᠤᠷᠪᠠ) ᠱᠠᠩᠨᠠᠬᠤ ᠡᠲᠡᠭᠡᠳ
ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠳᠠᠩᠰᠠᠯᠠᠭᠤᠯᠤᠨ ᠲᠡᠮᠳᠡᠭᠯᠡᠭᠦᠯᠦᠭᠰᠡᠨ᠂ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ ᠰᠠᠯᠠᠭ᠎ᠠ ᠮᠥᠴᠢᠷ᠎ᠠᠴᠠ ᠣᠨ᠎ᠤ ᠪᠡᠯᠡᠨ ᠵᠠᠭᠤᠰᠢ ᠵᠢᠨ ᠬᠥᠲᠥᠴᠢ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢᠨ ᠰᠢᠯᠢᠳᠡᠭ ᠠᠵᠤ ᠠᠬᠤᠢ᠌ᠯᠠᠯ ᠵᠶ᠋ᠠᠷ ᠦᠨᠡᠮᠰᠢᠭᠳᠡᠭᠰᠡᠨ ᠪᠡᠯᠡᠨ ᠵᠠᠭᠤᠰᠢ ᠪᠣᠯᠪᠠᠰᠤᠷᠠᠭᠤᠯᠬᠤ ᠠᠵᠤ ᠠᠬᠤᠢ᠌ᠯᠠᠯ ᠪᠣᠯᠣᠨ᠎ᠠ᠃
(ᠳᠥᠷᠪᠡ) ᠳᠣᠣᠷᠠᠬᠢ ᠪᠠᠢ᠌ᠳᠠᠯ᠎ᠳᠤ ᠱᠠᠩᠨᠠᠬᠤ ᠦᠭᠡᠢ
1. ᠣᠢ᠌ᠷ᠎ᠠ ᠵᠢᠨ 2 ᠵᠢᠯ᠎ᠳᠤ ᠢᠲᠡᠭᠡᠮᠵᠢ ᠮᠠᠭᠤᠲᠠᠢ ᠲᠡᠮᠳᠡᠭᠯᠡᠯ᠎ᠲᠠᠢ᠂ ᠬᠠᠤᠯᠢ ᠲᠣᠭᠲᠠᠭ᠋ᠠᠯ ᠠᠴᠠ ᠵᠥᠷᠢᠴᠡᠭᠰᠡᠨ ᠬᠦᠨᠳᠦ ᠶᠡᠬᠡ ᠲᠡᠮᠳᠡᠭᠯᠡᠯ᠎ᠲᠠᠢ ᠪᠠᠢ᠌ᠵᠤ᠂ ᠬᠡᠪ᠎ᠤᠨ ᠶᠣᠰᠣᠭ᠋ᠠᠷ ᠦᠢ᠍ᠯᠡᠳᠪᠦᠷᠢᠯᠡᠵᠦ ᠡᠵᠡᠩᠨᠡᠵᠦ ᠳᠡᠶ᠋ᠢᠯᠬᠦ ᠦᠭᠡᠢ ᠪᠣᠯ ᠵᠢᠭᠡᠯᠡᠯᠭᠡ ᠵᠢᠨ ᠡᠬᠡ ᠬᠦᠦ ᠮᠥᠩᠭᠥ ᠵᠢ ᠴᠠᠭ ᠲᠤᠬᠠᠢᠳᠤᠨᠢ ᠲᠥᠯᠥᠵᠦ ᠳᠠᠭᠤᠰᠬᠠᠬᠤ ᠬᠡᠷᠡᠭᠲᠡᠢ;
2. ᠣᠢ᠌ᠷ᠎ᠠ ᠵᠢᠨ 2 ᠵᠢᠯ᠎ᠤᠨ ᠳᠣᠲᠣᠷ᠎ᠠ ᠬᠦᠨᠳᠦ ᠶᠡᠬᠡ ᠵᠢᠴᠢ ᠲᠡᠭᠦᠨ᠎ᠠᠴᠠ ᠳᠡᠭᠡᠭᠰᠢᠬᠢ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠡ᠊ᠨᠳᠡᠯ᠂ ᠣᠷᠴᠢᠨ ᠠᠬᠤᠢ ᠵᠢ ᠪᠣᠬᠢᠷᠲᠤᠭᠤᠯᠤᠭᠰᠠᠨ ᠬᠡᠷᠡᠭ ᠭᠠᠷᠤᠭᠰᠠᠨ;
3. ᠬᠤᠳᠠᠯ ᠬᠠᠭᠤᠷᠮᠠᠭ ᠮᠡᠳᠡᠭᠦᠯᠬᠦ ᠮᠠᠲ᠋ᠧᠷᠢᠶᠠᠯ ᠬᠠᠩᠭ᠋ᠠᠭᠰᠠᠨ;
4. ᠬᠠᠷ᠎ᠠ ᠪᠦᠯᠦᠭ᠎ᠲᠤ ᠬᠣᠯᠪᠣᠭᠳᠠᠭᠰᠠᠨ᠂ ᠬᠠᠷᠭᠢᠰ ᠬᠦᠴᠦᠨ᠎ᠳᠤ ᠬᠣᠯᠪᠣᠭᠳᠠᠭᠰᠠᠨ᠂ ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ;
5. ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠲᠥᠷᠥ ᠵᠢᠨ ᠪᠣᠳᠣᠯᠭ᠎ᠠ ᠠᠴᠠ ᠵᠥᠷᠢᠴᠡᠭᠰᠡᠨ᠂ ᠡᠰᠡᠬᠦᠯ᠎ᠡ ᠲᠣᠮᠣ ᠳᠥᠭᠥᠮ ᠪᠦᠳᠦᠭᠦᠯᠢᠭ ᠭᠡᠷ ᠪᠠᠢ᠌ᠰᠢᠩ᠎ᠢ ᠴᠡᠭᠴᠡᠯᠡᠨ ᠵᠠᠰᠠᠬᠤ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠴᠢ ᠬᠢᠵᠢᠭ᠎ᠤᠨ ᠪᠠᠢ᠌ᠴᠠᠭ᠋ᠠᠯᠲᠠ ᠵᠢᠨ ᠪᠠᠷᠢᠮᠵᠢᠶ᠎ᠠ᠎ᠳᠤ ᠬᠦᠷᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠢ᠌ᠬᠤ;
6. ᠬᠠᠤᠯᠢ ᠲᠣᠭᠲᠠᠭ᠋ᠠᠯ᠎ᠢ ᠬᠦᠨᠳᠦ ᠨᠣᠴᠢᠲᠠᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠎ᠲᠠᠢ ᠪᠠᠢ᠌ᠬᠤ᠃
ᠬᠣᠶᠠᠷ᠂ ᠮᠡᠳᠡᠭᠦᠯᠬᠦ ᠲᠠᠰ ᠳᠠᠷᠠᠭ᠋ᠠᠯᠠᠯ
(ᠨᠢᠭᠡ) ᠮᠡᠳᠡᠭᠦᠯᠬᠦ ᠮᠡᠳᠡᠭᠳᠡᠯ ᠨᠡᠢ᠌ᠲᠡᠯᠡᠨ᠎ᠡ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠵᠢᠯ ᠪᠦᠷᠢ ᠵᠢᠨ 8 ᠰᠠᠷ᠎ᠠ᠎ᠳᠤ ᠮᠡᠳᠡᠭᠦᠯᠬᠦ ᠮᠡᠳᠡᠭᠳᠡᠯ ᠨᠡᠢ᠌ᠲᠡᠯᠡᠵᠦ᠂ ᠵᠢᠯ ᠪᠦᠷᠢ ᠵᠢᠨ 10 ᠰᠠᠷ᠎ᠠ ᠵᠢᠨ ᠡᠬᠢᠨ᠎ᠠᠴᠠ ᠡᠮᠦᠨ᠎ᠡ ᠬᠢᠨᠠᠨ ᠲᠣᠭᠲᠠᠭ᠋ᠠᠬᠤ ᠠᠵᠢᠯ᠎ᠢ ᠳᠠᠭᠤᠰᠬᠠᠨ᠎ᠠ᠃
(ᠬᠣᠶᠠᠷ) ᠵᠣᠬᠢᠶᠠᠨ ᠪᠠᠢ᠌ᠭᠤᠯᠵᠤ ᠮᠡᠳᠡᠭᠦᠯᠬᠦ
ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠨᠢ ᠪᠠᠢ᠌ᠭ᠎ᠠ ᠬᠣᠰᠢᠭᠤ ᠰᠢᠶᠠᠨ᠎ᠤ᠎ᠪᠠᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠮᠡᠳᠡᠭᠦᠯᠬᠦ ᠬᠦᠰᠦᠨᠦᠭᠲᠦ ᠪᠣᠯᠣᠨ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃ ᠮᠡᠳᠡᠭᠦᠯᠬᠦ ᠭᠣᠣᠯ ᠴᠣᠭᠴᠠ ᠵᠢᠨ ᠬᠠᠩᠭ᠋ᠠᠭᠰᠠᠨ ᠬᠠᠮᠢᠶ᠎ᠠ ᠪᠦᠬᠦᠢ ᠮᠠᠲ᠋ᠧᠷᠢᠶᠠᠯ᠎ᠳᠤ ᠳᠣᠣᠷᠠᠬᠢ ᠵᠦᠢ᠍ᠯᠡᠰ ᠪᠠᠭᠲᠠᠨ᠎ᠠ᠄
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠡᠨ ᠵᠠᠭᠤᠰᠢ ᠵᠢᠨ ᠰᠢᠯᠢᠳᠡᠭ ᠠᠵᠤ ᠠᠬᠤᠢ᠌ᠯᠠᠯ᠎ᠤᠨ ᠮᠡᠳᠡᠭᠦᠯᠬᠦ ᠬᠦᠰᠦᠨᠦᠭᠲᠦ;
2. ᠠᠮᠠᠯᠠᠯᠲᠠ ᠵᠢᠨ ᠪᠢᠴᠢᠭ;
3. ᠠᠵᠤ ᠠᠬᠤᠢ᠌ᠯᠠᠯ᠎ᠤᠨ ᠡᠵᠡᠩᠨᠡᠯᠲᠡ ᠵᠢᠨ ᠦᠨᠡᠮᠯᠡᠯ᠎ᠤᠨ ᠪᠠᠭᠤᠯᠭ᠋ᠠᠪᠤᠷᠢ᠂ ᠲᠠᠸᠠᠷ᠎ᠤᠨ ᠲᠡᠮᠳᠡᠭᠲᠦ ᠳᠠᠩᠰᠠᠯᠠᠭᠤᠯᠤᠭᠰᠠᠨ ᠦᠨᠡᠮᠯᠡᠯ᠎ᠤᠨ ᠪᠠᠭᠤᠯᠭ᠋ᠠᠪᠤᠷᠢ᠂ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠵᠢᠴᠢ ᠳᠠᠭ᠋ᠠᠯᠳᠤᠭᠤᠯᠤᠯ᠎ᠤᠨ ᠪᠠᠭᠤᠯᠭ᠋ᠠᠪᠤᠷᠢ᠂ ᠲᠤᠰᠬᠠᠢ ᠵᠦᠢ᠍ᠯ᠎ᠤᠨ ᠬᠢᠨᠠᠨ ᠪᠣᠳᠣᠯᠲᠠ ᠵᠢᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃
(ᠭᠤᠷᠪᠠ) ᠬᠢᠷᠢ ᠬᠡᠮ᠎ᠢ ᠬᠢᠨᠠᠨ ᠬᠠᠷᠭᠤᠭᠤᠯᠬᠤ
ᠠᠢ᠌ᠮᠠᠭ ᠬᠤᠳᠠ᠂ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠵᠢᠨ ᠰᠠᠯᠠᠭ᠎ᠠ ᠮᠥᠴᠢᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠮᠡᠳᠡᠭᠦᠯᠦᠭᠰᠡᠨ ᠠᠵᠤ ᠠᠬᠤᠢ᠌ᠯᠠᠯ᠎ᠤᠨ ᠦᠨᠳᠦᠰᠦᠨ ᠪᠠᠢ᠌ᠳᠠᠯ᠎ᠢ ᠬᠢᠨᠠᠨ ᠬᠠᠷᠭᠤᠭᠤᠯᠵᠤ᠂ ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠢ ᠰᠣᠩᠭᠣᠨ ᠭᠠᠷᠭ᠋ᠠᠵᠤ ᠲᠠᠨᠢᠯᠴᠠᠭᠤᠯᠬᠤ ᠵᠢᠨ ᠬᠠᠮᠲᠤ ᠱᠠᠲᠤ ᠳᠠᠷᠠᠭ᠋ᠠᠯᠠᠨ ᠠᠯᠪᠠᠨ ᠪᠢᠴᠢᠭ ᠶᠠᠪᠤᠭᠤᠯᠵᠤ ᠳᠡᠭᠡᠭᠰᠢ ᠮᠡᠳᠡᠭᠦᠯᠬᠦ ᠬᠡᠷᠡᠭᠲᠡᠢ᠃
(ᠳᠥᠷᠪᠡ) ᠶᠡᠷᠦᠩᠬᠡᠢ᠌ᠯᠡᠨ ᠰᠢᠭᠰᠢᠨ ᠰᠣᠩᠭᠣᠬᠤ ᠪᠠ ᠢᠯᠡ ᠨᠡᠢ᠌ᠲᠡᠯᠡᠬᠦ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠢ ᠮᠡᠷᠭᠡᠵᠢᠯᠲᠡᠨ᠎ᠤ ᠦᠨᠡᠯᠡᠨ ᠬᠢᠨᠠᠬᠤ ᠳᠤᠭᠤᠢ᠌ᠯᠠᠩ᠎ᠢ ᠪᠦᠷᠢᠯᠳᠦᠭᠦᠯᠵᠦ᠂ ᠲᠤᠰᠬᠠᠢ ᠮᠡᠷᠭᠡᠵᠢᠯᠲᠡᠨ᠎ᠤ ᠦᠨᠡᠯᠡᠨ ᠬᠢᠨᠠᠬᠤ ᠵᠡᠷᠭᠡ ᠴᠤᠪᠤᠷᠠᠯ ᠵᠶ᠋ᠠᠷ ᠳᠠᠮᠵᠢᠭᠤᠯᠤᠨ ᠵᠠᠮᠴᠢᠯᠠᠬᠤ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢᠨ ᠰᠢᠯᠢᠳᠡᠭ ᠠᠵᠤ ᠠᠬᠤᠢ᠌ᠯᠠᠯ᠎ᠤᠨ ᠨᠡᠷᠡᠰ᠎ᠢ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠨᠢ ᠠᠯᠪᠠᠨ᠎ᠤ ᠰᠦᠯᠵᠢᠶ᠎ᠡ᠎ᠳᠤ 5 ᠡᠳᠦᠷ ᠵᠠᠷᠯᠠᠨ ᠨᠡᠢ᠌ᠲᠡᠯᠡᠵᠦ᠂ ᠵᠠᠷᠯᠠᠨ ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠦᠨᠡᠮᠰᠢᠬᠦ ᠨᠡᠷᠡᠰ᠎ᠢ ᠪᠠᠭᠤᠯᠭ᠋ᠠᠨ᠎ᠠ᠃ ᠰᠢᠯᠢᠳᠡᠭ᠎ᠢ᠎ᠨᠢ ᠰᠣᠩᠭᠣᠵᠤ ᠰᠣᠩᠭᠣᠭᠰᠠᠨ ᠪᠡᠯᠡᠨ ᠵᠠᠭᠤᠰᠢ ᠵᠢᠨ 30 ᠠᠵᠤ ᠠᠬᠤᠢ᠌ᠯᠠᠯ᠎ᠢ ᠲᠣᠰ ᠲᠣᠰ ᠣᠨ᠎ᠤ ᠪᠡᠯᠡᠨ ᠵᠠᠭᠤᠰᠢ ᠵᠢᠨ ᠬᠥᠲᠥᠴᠢ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢᠨ ᠰᠢᠯᠢᠳᠡᠭ ᠠᠵᠤ ᠠᠬᠤᠢ᠌ᠯᠠᠯ ᠵᠶ᠋ᠠᠷ ᠮᠠᠭ᠋ᠠᠳᠯᠠᠨ ᠲᠣᠭᠲᠠᠭ᠋ᠠᠨ᠎ᠠ᠃
ᠭᠤᠷᠪᠠ᠂ ᠲᠥᠰᠥᠪ᠎ᠤᠨ ᠲᠣᠬᠢᠷᠠᠭᠤᠯᠤᠯᠲᠠ ᠵᠢᠴᠢ ᠪᠡᠯᠡ ᠮᠥᠩᠭᠥ ᠵᠢ ᠰᠣᠯᠢᠵᠤ ᠥᠭᠬᠦ
ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠲᠣᠭᠲᠠᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠨᠢ ᠵᠢᠯ ᠪᠦᠷᠢ ᠵᠢᠨ 10 ᠰᠠᠷ᠎ᠠ ᠵᠢᠨ ᠰᠡᠭᠦᠯᠴᠢ᠎ᠠᠴᠠ ᠡᠮᠦᠨ᠎ᠡ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ ᠳᠠᠷᠠᠭ᠎ᠠ ᠵᠢᠯ᠎ᠤᠨ ᠲᠥᠰᠥᠪ᠎ᠲᠤ ᠵᠢᠭᠰᠠᠭ᠋ᠠᠨ ᠣᠷᠣᠭᠤᠯᠬᠤ ᠪᠡᠯᠡ ᠮᠥᠩᠭᠥ ᠵᠢᠨ ᠲᠣᠭ᠎ᠠ ᠬᠡᠮᠵᠢᠶ᠎ᠡ ᠵᠢ ᠣᠨᠣᠪᠴᠢᠲᠠᠶ ᠳᠤᠷᠠᠳᠬᠤ ᠬᠡᠷᠡᠭᠲᠡᠢ᠃ ᠲᠥᠰᠥᠪ᠎ᠤᠨ ᠲᠣᠭ᠎ᠠ ᠬᠡᠮᠵᠢᠶ᠎ᠡ ᠵᠢ ᠲᠣᠭᠲᠠᠭ᠋ᠠᠭᠰᠠᠨ᠎ᠤ ᠳᠠᠷᠠᠭ᠎ᠠ᠂ ᠲᠥᠰᠥᠪ᠎ᠤᠨ ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ᠂ ᠪᠡᠯᠡ ᠮᠥᠩᠭᠥ ᠬᠤᠪᠢᠶᠠᠷᠢᠯᠠᠬᠤ ᠲᠥᠰᠥᠯ᠎ᠢ ᠴᠠᠭ ᠲᠤᠬᠠᠢᠳᠤᠨᠢ ᠳᠤᠷᠠᠳᠤᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠤᠰᠢᠶᠠᠭᠰᠠᠨ ᠬᠤᠪᠢᠶᠠᠷᠢᠯᠠᠬᠤ ᠲᠥᠰᠥᠯ᠎ᠢ ᠦᠨᠳᠦᠰᠦᠯᠡᠨ ᠪᠡᠯᠡ ᠮᠥᠩᠭᠥ ᠪᠠᠭᠤᠯᠭ᠋ᠠᠬᠤ ᠬᠡᠷᠡᠭᠲᠡᠢ᠃ ᠭᠦᠢ᠍ᠴᠡᠳᠬᠡᠯ ᠲᠣᠭ᠎ᠠ ᠵᠢᠨ ᠪᠢᠴᠢᠭ ᠮᠠᠲ᠋ᠧᠷᠢᠶᠠᠯ᠎ᠢ ᠪᠠᠭᠤᠯᠭ᠋ᠠᠭᠰᠠᠨ᠎ᠤ ᠳᠠᠷᠠᠭ᠎ᠠ᠂ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠪᠡᠯᠡ ᠮᠥᠩᠭᠥ ᠵᠢ ᠠᠵᠤ ᠠᠬᠤᠢ᠌ᠯᠠᠯ᠎ᠳᠤ ᠰᠢᠭᠤᠳ ᠬᠦᠷᠭᠡᠬᠦ ᠲᠦᠷ ᠬᠡᠷᠡᠭᠵᠢᠭᠦᠯᠬᠦ ᠠᠷᠭ᠎ᠠ》 ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠶ᠋ᠡᠷ ᠬᠢᠨᠠᠭᠤᠯᠤᠭᠰᠠᠨᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ ᠠᠴᠠ ᠠᠵᠤ ᠠᠬᠤᠢ᠌ᠯᠠᠯ᠎ᠳᠤ ᠰᠢᠭᠤᠳ ᠰᠢᠯᠵᠢᠭᠦᠯᠦᠨ ᠥᠭᠭᠦᠨ᠎ᠡ (ᠬᠡᠷᠪᠡ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠲᠣᠬᠢᠶᠠᠯᠳᠤᠪᠠᠯ᠂ ᠰᠢᠨ᠎ᠡ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ)᠃
《ᠠᠷᠭ᠎ᠠ ᠬᠡᠮᠵᠢᠶ᠎ᠡ᠎ᠨᠦᠭᠦᠳ》᠎ᠲᠤ ᠬᠣᠯᠪᠣᠭᠳᠠᠬᠤ ᠲᠤᠰᠬᠠᠢ ᠵᠦᠢ᠍ᠯ ᠵᠶ᠋ᠡᠷ ᠳᠡᠮᠵᠢᠬᠦ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠤᠨ ᠰᠢᠰᠲ᠋ᠧᠮ ᠵᠢᠡᠷ ᠵᠶ᠋ᠡᠨ ᠬᠤᠪᠢᠶᠠᠷᠢᠯᠠᠭᠰᠠᠨ᠂ ᠬᠠᠮᠢᠶᠠᠷᠤᠭᠰᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠳᠤ ᠬᠣᠯᠪᠣᠭᠳᠠᠬᠤ ᠲᠤᠰᠬᠠᠢ ᠵᠦᠢ᠍ᠯ ᠤᠨ ᠪᠡᠯᠡ ᠮᠥᠩᠭᠥ᠎ᠪᠠᠷ ᠤᠷᠢᠳᠠᠪᠠᠷ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠨ᠎ᠡ᠃ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠭᠴᠢ ᠵᠢᠨ ᠬᠢᠨᠠᠯᠲᠠ ᠪᠠᠢ᠌ᠴᠠᠭ᠋ᠠᠯᠲᠠ᠂ ᠬᠢᠨᠠᠨ ᠪᠣᠳᠣᠯᠲᠠ ᠵᠢᠨ ᠲᠣᠭᠣᠷᠢᠨ ᠪᠠᠢ᠌ᠴᠠᠭ᠋ᠠᠯᠲᠠ ᠪᠠ ᠥᠪᠡᠷᠲᠡᠭᠡᠨ ᠵᠠᠰᠠᠬᠤ ᠣᠷᠣᠨ᠎ᠤ ᠰᠤᠭᠤᠴᠢᠨ ᠪᠠᠢ᠌ᠴᠠᠭ᠋ᠠᠵᠤ ᠳᠠᠬᠢᠨ ᠬᠢᠨᠠᠬᠤ ᠵᠡᠷᠭᠡ ᠭᠣᠭᠴᠣᠭ᠎ᠠ᠎ᠳᠤ᠂ ᠲᠥᠷᠥᠯ ᠵᠦᠢ᠍ᠯ᠎ᠢ ᠮᠡᠳᠡᠭᠦᠯᠬᠦ ᠵᠢᠴᠢ ᠬᠢᠨᠠᠨ ᠲᠣᠭᠲᠠᠭ᠋ᠠᠬᠤ ᠦᠶ᠎ᠡ᠎ᠳᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠵᠶ᠋ᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ ᠡᠳ᠋᠎ᠤᠨ ᠵᠠᠰᠠᠭ᠎ᠤᠨ ᠱᠠᠩᠨᠠᠯ᠎ᠤᠨ ᠪᠡᠯᠡ ᠮᠥᠩᠭᠥ ᠵᠢ ᠤᠬᠠᠭ᠋ᠠᠯᠠᠨ ᠠᠪᠤᠭᠰᠠᠨ ᠪᠠᠢ᠌ᠳᠠᠯ᠎ᠢ ᠣᠯᠵᠤ ᠮᠡᠳᠡᠪᠡᠯ᠂ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ ᠨᠢᠭᠡᠨᠲᠡ ᠪᠠᠭᠤᠯᠭ᠋ᠠᠭᠰᠠᠨ ᠪᠡᠯᠡ ᠮᠥᠩᠭᠥ ᠵᠢ ᠬᠣᠷᠢᠶᠠᠨ ᠠᠪᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠵᠦ ᠰᠢᠢ᠍ᠳᠪᠦᠷᠢᠯᠡᠨ᠂ ᠲᠣᠭᠲᠠᠭ᠋ᠠᠯ ᠠᠴᠠ ᠵᠥᠷᠢᠴᠡᠨ ᠮᠡᠳᠡᠭᠦᠯᠦᠭᠰᠡᠨ ᠭᠣᠣᠯ ᠴᠣᠭᠴᠠ ᠵᠢ ᠮᠠᠭᠤ ᠦᠢᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠲᠤ ᠵᠡᠷᠭᠡ᠎ᠪᠡᠷ ᠣᠷᠣᠭᠤᠯᠵᠤ᠂ ᠬᠣᠢ᠌ᠰᠢᠳᠠ ᠵᠢᠨ ᠣᠨ᠎ᠤ ᠬᠣᠯᠪᠣᠭᠳᠠᠯ ᠪᠦᠬᠦᠢ ᠲᠠᠷᠢᠶᠠᠯᠠᠩ᠎ᠳᠤ ᠬᠣᠯᠪᠣᠭᠳᠠᠬᠤ ᠲᠥᠷᠥᠯ ᠵᠦᠢ᠍ᠯ᠎ᠢ ᠮᠡᠳᠡᠭᠦᠯᠬᠦ ᠬᠢᠷᠢ ᠬᠡᠮ᠎ᠢ ᠬᠦᠴᠦᠨ ᠦᠭᠡᠢ ᠪᠣᠯᠭ᠋ᠠᠬᠤ ᠬᠡᠷᠡᠭᠲᠡᠢ᠃
ᠲᠠᠷᠢᠶᠠᠯᠠᠩ᠎ᠤᠨ ᠠᠵᠤ ᠦᠢ᠍ᠯᠡᠰᠵᠢᠯᠲᠡ ᠵᠢ ᠳᠡᠮᠵᠢᠬᠦ ᠤᠯᠤᠰ᠎ᠤᠨ ᠭᠣᠣᠯᠳᠠᠯᠭ᠎ᠠ᠎ᠲᠠᠢ ᠲᠣᠯᠣᠭ᠋ᠠᠢ᠌ᠯᠠᠭᠴᠢ ᠠᠵᠤ ᠠᠬᠤᠢ᠌ᠯᠠᠯ᠎ᠢ ᠱᠠᠩᠨᠠᠬᠤ ᠲᠥᠷᠥ ᠵᠢᠨ ᠪᠣᠳᠣᠯᠭ᠎ᠠ ᠵᠢᠨ ᠨᠠᠷᠢᠨ ᠬᠡᠷᠡᠭᠵᠢᠭᠦᠯᠬᠦ ᠲᠦᠷᠢᠮ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠲᠠᠷᠬᠠᠭ᠋ᠠᠬᠤ ᠮᠡᠳᠡᠭᠳᠡᠯ》 (ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ᠂ ᠥᠪᠥᠷ ᠵᠠᠰᠠᠭ ᠠᠯᠪᠠᠨ ᠲᠠᠷᠬᠠᠭ᠋ᠠᠭᠰᠠᠨ [2024] 61 ᠳ᠋ᠦ᠍ᠭᠡᠷ ᠲᠣᠭ᠋ᠠᠲᠤ)᠎ᠤᠨ ᠲᠠᠷᠢᠶᠠᠯᠠᠩ᠎ᠤᠨ ᠠᠵᠤ ᠦᠶ᠋ᠢᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ ᠱᠠᠩᠨᠠᠨ ᠬᠥᠬᠢᠭᠦᠯᠬᠦ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠰᠢᠭᠦᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠂ ᠲᠣᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ᠃
ᠨᠢᠭᠡ᠂ ᠱᠠᠩᠨᠠᠬᠤ ᠬᠡᠪᠴᠢᠶ᠎ᠡ
ᠰᠢᠨ᠎ᠡ᠎ᠪᠠᠷ ᠮᠠᠭ᠋ᠠᠳᠯᠠᠨ ᠲᠣᠭᠲᠠᠭ᠋ᠠᠭᠰᠠᠨ ᠲᠠᠷᠢᠶᠠᠯᠠᠩ᠎ᠤᠨ ᠠᠵᠤ ᠦᠶ᠋ᠢᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠳᠤ ᠨᠢᠭᠡ ᠤᠳᠠᠭ᠎ᠠ ᠵᠢᠨ ᠴᠢᠨᠠᠷᠲᠠᠢ᠎ᠪᠠᠷ 50 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ᠃
ᠡᠭᠦᠨ᠎ᠳᠤ᠄ ᠰᠢᠨ᠎ᠡ᠎ᠪᠠᠷ ᠮᠠᠭ᠋ᠠᠳᠯᠠᠨ ᠲᠣᠭᠲᠠᠭ᠋ᠠᠭᠰᠠᠨ ᠲᠠᠷᠢᠶᠠᠯᠠᠩ᠎ᠤᠨ ᠠᠵᠤ ᠦᠶ᠋ᠢᠯᠡᠰᠵᠢᠯᠲᠡ ᠵᠢᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ ᠭᠡᠳᠡᠭ᠎ᠨᠢ 2024 ᠣᠨ ᠵᠢᠴᠢ ᠬᠣᠢ᠌ᠰᠢᠳᠠ ᠵᠢᠨ ᠣᠨ᠎ᠳᠤ ᠪᠥᠬᠥ ᠤᠯᠤᠰ᠎ᠤᠨ ᠲᠠᠷᠢᠶᠠᠯᠠᠩ᠎ᠤᠨ ᠠᠵᠤ ᠦᠶ᠋ᠢᠯᠡᠰᠵᠢᠯᠲᠡ ᠵᠢᠨ ᠬᠠᠮᠲᠤᠷᠠᠭᠰᠠᠨ ᠬᠤᠷᠠᠯᠳᠤᠭ᠋ᠠᠨ ᠠᠴᠠ ᠮᠠᠭ᠋ᠠᠳᠯᠠᠨ ᠲᠣᠭᠲᠠᠭ᠋ᠠᠭᠰᠠᠨ ᠰᠢᠨ᠎ᠡ᠎ᠪᠠᠷ ᠭᠤᠶᠤᠴᠢᠯᠠᠨ ᠮᠡᠳᠡᠭᠦᠯᠦᠭᠰᠡᠨ ᠪᠠ ᠳᠠᠷᠠᠭ᠋ᠠᠯᠠᠨ ᠨᠥᠬᠥᠪᠦᠷᠢᠯᠡᠭᠰᠡᠨ ᠲᠠᠷᠢᠶᠠᠯᠠᠩ᠎ᠤᠨ ᠠᠵᠤ ᠦᠶ᠋ᠢᠯᠡᠰᠵᠢᠯᠲᠡ ᠵᠢᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ ᠵᠢᠭ᠋ᠠᠵᠤ ᠪᠣᠶ᠃ ᠠᠵᠤ ᠠᠬᠤᠢ᠌ᠯᠠᠯ ᠨᠢᠭᠡᠪᠦᠷᠢ ᠨᠢᠭᠡ ᠯᠡ ᠤᠳᠠᠭ᠎ᠠ ᠱᠠᠩᠨᠠᠨ ᠬᠥᠬᠢᠭᠦᠯᠬᠦ ᠲᠥᠷᠥ ᠵᠢᠨ ᠪᠣᠳᠣᠯᠭ᠎ᠠ ᠵᠢ ᠭᠥᠷᠳᠡᠨ᠎ᠡ᠂ ᠳᠠᠪᠬᠤᠷᠳᠠᠭᠤᠯᠤᠨ ᠱᠠᠩᠨᠠᠨ ᠬᠥᠬᠢᠭᠦᠯᠬᠦ ᠦᠭᠡᠢ᠃
ᠬᠣᠶᠠᠷ᠂ ᠲᠥᠰᠥᠪ᠎ᠤᠨ ᠲᠣᠬᠢᠷᠠᠭᠤᠯᠤᠯᠲᠠ ᠵᠢᠴᠢ ᠪᠡᠯᠡ ᠮᠥᠩᠭᠥ ᠰᠣᠯᠢᠵᠤ ᠥᠭᠬᠦ ᠶᠠᠪᠤᠴᠠ ᠪᠠ ᠴᠠᠭ᠎ᠤᠨ ᠬᠢᠵᠠᠭ᠋ᠠᠷ
ᠲᠤᠬᠠᠢ ᠵᠢᠨ ᠵᠢᠯ᠎ᠳᠤ ᠠᠵᠤ ᠠᠬᠤᠢ᠌ᠯᠠᠯ᠎ᠨᠢ ᠤᠯᠤᠰ᠎ᠤᠨ ᠮᠠᠭ᠋ᠠᠳᠯᠠᠨ ᠲᠣᠭᠲᠠᠭ᠋ᠠᠯᠲᠠ ᠵᠢ ᠥᠩᠭᠡᠷᠡᠭᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠵᠢᠯ ᠪᠦᠷᠢ ᠵᠢᠨ 10 ᠰᠠᠷ᠎ᠠ ᠵᠢᠨ ᠰᠡᠭᠦᠯᠴᠢ᠎ᠠᠴᠠ ᠡᠮᠦᠨ᠎ᠡ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ ᠳᠠᠷᠠᠭ᠎ᠠ ᠵᠢᠯ᠎ᠤᠨ ᠲᠥᠰᠥᠪ᠎ᠲᠤ ᠵᠢᠭᠰᠠᠭ᠋ᠠᠨ ᠣᠷᠣᠭᠤᠯᠬᠤ ᠪᠡᠯᠡ ᠮᠥᠩᠭᠥ ᠵᠢᠨ ᠲᠣᠭ᠎ᠠ ᠬᠡᠮᠵᠢᠶ᠎ᠡ ᠵᠢ ᠣᠨᠣᠪᠴᠢᠲᠠᠶ ᠳᠤᠷᠠᠳᠬᠤ ᠬᠡᠷᠡᠭᠲᠡᠢ᠃ ᠲᠥᠰᠥᠪ᠎ᠤᠨ ᠲᠣᠭ᠎ᠠ ᠬᠡᠮᠵᠢᠶ᠎ᠡ ᠵᠢ ᠲᠣᠭᠲᠠᠭ᠋ᠠᠭᠰᠠᠨ᠎ᠤ ᠳᠠᠷᠠᠭ᠎ᠠ᠂ ᠲᠥᠰᠥᠪ᠎ᠤᠨ ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ᠂ ᠪᠡᠯᠡ ᠮᠥᠩᠭᠥ ᠬᠤᠪᠢᠶᠠᠷᠢᠯᠠᠬᠤ ᠲᠥᠰᠥᠯ᠎ᠢ ᠴᠠᠭ ᠲᠤᠬᠠᠢᠳᠤᠨᠢ ᠳᠤᠷᠠᠳᠤᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠤᠰᠢᠶᠠᠭᠰᠠᠨ ᠬᠤᠪᠢᠶᠠᠷᠢᠯᠠᠬᠤ ᠲᠥᠰᠥᠯ᠎ᠢ ᠦᠨᠳᠦᠰᠦᠯᠡᠨ ᠪᠡᠯᠡ ᠮᠥᠩᠭᠥ ᠪᠠᠭᠤᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠨᠢ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠭᠥᠷᠳᠡᠵᠦ ᠪᠠᠢ᠌ᠭ᠎ᠠ ᠠᠵᠤ ᠠᠬᠤᠢ᠌ᠯᠠᠯ᠎ᠤᠨ ᠠᠵᠢᠯᠯᠠᠭ᠋ᠠᠨ᠎ᠤ ᠪᠠᠢ᠌ᠳᠠᠯ᠎ᠢ ᠬᠢᠨᠠᠨ ᠬᠡᠮᠵᠢᠵᠦ᠂ ᠦᠨᠡᠮᠰᠢᠬᠦ᠎ᠪᠠᠷ ᠳᠠᠮᠵᠢᠭᠰᠠᠨ ᠠᠵᠤ ᠠᠬᠤᠢ᠌ᠯᠠᠯ᠎ᠤᠨ ᠱᠠᠩᠨᠠᠯ᠎ᠤᠨ ᠪᠡᠯᠡ ᠮᠥᠩᠭᠥ ᠵᠢ ᠰᠣᠯᠢᠵᠤ ᠥᠭᠬᠦ᠎ᠠᠴᠠ ᠡᠮᠦᠨ᠎ᠡ ᠬᠡᠪ᠎ᠤᠨ ᠶᠣᠰᠣᠭ᠋ᠠᠷ ᠠᠵᠢᠯᠯᠠᠬᠤ ᠵᠢ ᠦᠨᠡᠨᠬᠦ ᠪᠠᠲᠤᠯᠠᠵᠤ᠂ ᠬᠢᠨᠠᠨ ᠬᠡᠮᠵᠢᠬᠦ ᠱᠠᠭ᠋ᠠᠷᠳᠠᠯᠭ᠎ᠠ᠎ᠳᠤ ᠬᠦᠷᠦᠭᠦᠯᠬᠦ ᠬᠡᠷᠡᠭᠲᠡᠢ᠃
ᠱᠠᠩᠨᠠᠯ᠎ᠤᠨ ᠪᠡᠯᠡ ᠮᠥᠩᠭᠥ ᠵᠢ 《ᠱᠠᠲᠤ ᠬᠤᠪᠢᠶᠠᠨ ᠡᠭᠦᠷᠭᠡᠯᠡᠬᠦ》 ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠠᠴᠠ 80% ᠵᠢ ᠡᠭᠦᠷᠭᠡᠯᠡᠨ᠎ᠡ᠂ (ᠳᠠᠷᠤᠢ ᠰᠢᠨ᠎ᠡ᠎ᠪᠠᠷ ᠦᠨᠡᠮᠰᠢᠭᠰᠡᠨ ᠬᠥᠲᠥᠴᠢ ᠠᠵᠤ ᠠᠬᠤᠢ᠌ᠯᠠᠯ ᠨᠢᠭᠡᠪᠦᠷᠢ᠎ᠳᠤ ᠥᠪᠡᠷᠲᠡᠭᠡᠨ ᠵᠠᠰᠠᠬᠤ ᠣᠷᠣᠨ ᠠᠴᠠ 40 ᠲᠦᠮᠡᠨ ᠲᠥᠭᠥᠷᠢᠭ᠎ᠤᠨ ᠱᠠᠩᠨᠠᠯ᠎ᠤᠨ ᠪᠡᠯᠡ ᠮᠥᠩᠭᠥ ᠵᠢ ᠡᠭᠦᠷᠭᠡᠯᠡᠨ᠎ᠡ)᠂ ᠦᠯᠡᠳᠡᠭᠰᠡᠨ ᠬᠡᠰᠡᠭ᠎ᠢ ᠠᠢ᠌ᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ ᠡᠳ᠋᠎ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ᠃ ᠠᠢ᠌ᠮᠠᠭ ᠬᠣᠲᠠ ᠬᠣᠰᠢᠭᠤ ᠰᠢᠶᠠᠨ᠎ᠨᠢ ᠳᠡᠭᠡᠳᠦ ᠱᠠᠲᠤᠨ᠎ᠤ ᠪᠠᠭᠤᠯᠭ᠋ᠠᠭᠰᠠᠨ ᠪᠡᠯᠡ ᠮᠥᠩᠭᠥ ᠵᠢ ᠭᠥᠯᠢᠶᠡᠨ ᠠᠪᠤᠭᠰᠠᠨ᠎ᠤ ᠳᠠᠷᠠᠭ᠎ᠠ᠂ ᠲᠣᠭᠲᠠᠭ᠋ᠠᠯ ᠶᠣᠰᠣᠭ᠋ᠠᠷ ᠢᠵᠢ ᠪᠦᠷᠢᠳᠦᠭᠦᠯᠬᠦ ᠬᠠᠷᠢᠭᠤᠴᠠᠯᠭ᠎ᠠ ᠵᠢ ᠭᠦᠢ᠍ᠴᠡᠳᠬᠡᠵᠦ᠂ ᠬᠠᠤᠯᠢ᠎ᠪᠠᠷ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠪᠡᠯᠡ ᠮᠥᠩᠭᠥ ᠵᠢ ᠳᠠᠷᠤᠢ᠌ᠬᠠᠨ ᠰᠠᠯᠭ᠋ᠠᠨ ᠥᠭᠴᠦ᠂ ᠨᠥᠬᠥᠴᠡᠯ᠎ᠳᠤ ᠨᠡᠢ᠌ᠴᠡᠬᠦ ᠱᠠᠩᠨᠠᠬᠤ ᠡᠲᠡᠭᠡᠳ᠎ᠤᠨ ᠱᠠᠩᠨᠠᠯ᠎ᠤᠨ ᠪᠡᠯᠡ ᠮᠥᠩᠭᠥ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠭᠦᠢ᠍ᠴᠡᠳ ᠣᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠡᠭᠦᠨ᠎ᠤ ᠬᠠᠮᠲᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠂ ᠵᠢᠱ᠌ᠢᠶᠡᠯᠡᠪᠡᠯ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠭᠴᠢ ᠵᠢᠨ ᠬᠢᠨᠠᠯᠲᠠ ᠲᠠᠯᠪᠢᠵᠤ ᠪᠠᠢ᠌ᠴᠠᠭ᠋ᠠᠬᠤ᠂ ᠬᠢᠨᠠᠨ ᠪᠤᠳᠤᠵᠤ ᠲᠣᠭᠣᠷᠢᠨ ᠪᠠᠢ᠌ᠴᠠᠭ᠋ᠠᠬᠤ ᠵᠡᠷᠭᠡ ᠭᠣᠭᠴᠣᠭ᠎ᠠ᠎ᠳᠤ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠡᠳ᠋᠎ᠤᠨ ᠵᠠᠰᠠᠭ᠎ᠤᠨ ᠱᠠᠩᠨᠠᠯ᠎ᠤᠨ ᠪᠡᠯᠡ ᠮᠥᠩᠭᠥ ᠵᠢ ᠮᠡᠬᠡᠯᠡᠨ ᠠᠪᠴᠤ ᠮᠡᠬᠡᠯᠡᠨ ᠠᠪᠤᠭᠰᠠᠨ ᠪᠠᠢ᠌ᠳᠠᠯ᠎ᠢ ᠣᠯᠵᠤ ᠮᠡᠳᠡᠪᠡᠯ᠂ ᠨᠢᠭᠡᠨᠲᠡ ᠪᠠᠭᠤᠯᠭ᠋ᠠᠭᠰᠠᠨ ᠪᠡᠯᠡ ᠮᠥᠩᠭᠥ ᠵᠢ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ ᠬᠣᠷᠢᠶᠠᠨ ᠠᠪᠬᠤ ᠵᠢᠨ ᠬᠠᠮᠲᠤ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠵᠦ ᠰᠢᠢ᠍ᠳᠪᠦᠷᠢᠯᠡᠨ᠎ᠡ᠃
ᠲᠣᠰ 《ᠬᠡᠷᠡᠭᠵᠢᠭᠦᠯᠬᠦ ᠨᠠᠷᠢᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ ᠲᠠᠢ᠌ᠯᠪᠤᠷᠢᠯᠠᠨ᠎ᠠ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠲᠣᠰ ᠨᠠᠷᠢᠨ ᠳᠦᠷᠢᠮ᠎ᠢ ᠦᠨᠳᠦᠰᠦᠯᠡᠨ᠂ ᠲᠤᠬᠠᠢ ᠵᠢᠨ ᠭᠠᠵᠠᠷ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠨᠥᠬᠥᠪᠦᠷᠢ ᠲᠣᠭᠲᠠᠭ᠋ᠠᠯ ᠭᠠᠷᠭ᠋ᠠᠬᠤ ᠪᠤᠶᠤ ᠪᠣᠳᠠᠲᠠᠢ ᠠᠵᠢᠯᠯᠠᠬᠤ ᠠᠷᠭ᠎ᠠ ᠵᠢ ᠲᠣᠭᠲᠠᠭ᠋ᠠᠵᠤ
ᠪᠣᠯᠣᠨ᠎ᠠ᠃