ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠶᠤᠨᠲᠤ ᠲᠠᠷᠢᠶᠠᠯᠠᠩ᠎ᠤᠨ ᠮᠡᠷᠭᠡᠵᠢᠯ᠎ᠤᠨ ᠲᠣᠨᠣᠭᠯᠠᠯ᠎ᠤᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠬᠦ ᠲᠥᠪ᠎ᠢ ᠦᠨᠡᠯᠡᠨ ᠵᠢᠱ᠌ᠢᠵᠦ ᠰᠢᠯᠢᠨ ᠰᠣᠩᠭᠣᠬᠤ ᠠᠵᠢᠯ᠎ᠢ ᠥᠷᠨᠢᠭᠦᠯᠬᠦ ᠲᠤᠬᠠᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-02-28

ᠬᠣᠯᠪᠣᠭᠳᠠᠯ ᠪᠦᠬᠦᠢ ᠨᠢᠭᠡᠴᠡ᠎ᠳᠤ᠄

      《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠶᠤᠨᠲᠤ ᠲᠠᠷᠢᠶᠠᠯᠠᠩ᠎ᠤᠨ ᠮᠡᠷᠭᠡᠵᠢᠯ᠎ᠤᠨ ᠲᠣᠨᠣᠭᠯᠠᠯ᠎ᠤᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠬᠦ ᠲᠥᠪ᠎ᠢ  ᠦᠨᠡᠯᠡᠨ ᠵᠢᠱ᠌ᠢᠵᠦ ᠰᠢᠯᠢᠨ ᠰᠣᠩᠭᠣᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 (ᠲᠠᠷᠢᠶᠠᠯᠠᠩ ᠠᠯᠪᠠᠨ ᠲᠢᠩᠬᠢᠮ [2025] 5 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂  ᠲᠠᠷᠢᠶᠠᠯᠠᠩ ᠬᠥᠳᠡᠭᠡ ᠲᠣᠰᠬᠣᠨ᠎ᠤ ᠶᠠᠮᠤᠨ  ᠰᠢᠯᠢᠳᠡᠭ᠎ᠢ ᠰᠣᠩᠭᠣᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠶᠤᠨᠲᠤ ᠲᠠᠷᠢᠶᠠᠯᠠᠩ᠎ᠤᠨ ᠮᠡᠷᠭᠡᠵᠢᠯ᠎ᠤᠨ ᠲᠣᠨᠣᠭᠯᠠᠯ᠎ᠤᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠬᠦ ᠲᠥᠪ᠎ᠢ ᠰᠢᠯᠢᠨ ᠰᠣᠩᠭᠣᠬᠤ᠎ᠪᠠᠷ ᠪᠣᠶ᠂  ᠬᠠᠮᠢᠶ᠎ᠠ ᠪᠦᠬᠦᠢ ᠪᠠᠢ᠌ᠭᠤᠯᠤᠮᠵᠢ ᠢᠳᠡᠪᠬᠢᠲᠡᠢ᠎ᠪᠠᠷ  ᠮᠡᠳᠡᠭᠦᠯᠦᠭᠡᠷᠡᠢ᠂  ᠪᠣᠳᠠᠲᠠᠢ ᠱᠠᠭ᠋ᠠᠷᠳᠠᠯᠭ᠎ᠠ᠎ᠨᠢ ᠳᠣᠣᠷᠠᠬᠢ ᠮᠡᠲᠦ᠄

      ᠨᠢᠭᠡ᠂  ᠰᠢᠯᠢᠨ ᠰᠣᠩᠭᠣᠬᠤ ᠬᠦᠷᠢᠶ᠎ᠡ ᠬᠡᠪᠴᠢᠶ᠎ᠡ᠃  ᠲᠣᠰ ᠤᠳᠠᠭ᠎ᠠ ᠵᠢᠨ ᠰᠢᠯᠢᠨ ᠰᠣᠩᠭᠣᠬᠤ ᠬᠡᠪᠴᠢᠶ᠎ᠡ᠎ᠨᠢ ᠭᠣᠣᠯᠳᠠᠭᠤ ᠣᠶᠤᠨᠲᠤ ᠲᠠᠷᠢᠶᠠᠯᠠᠩ᠎ᠤᠨ ᠪᠦᠬᠦᠯᠢ ᠮᠠᠰᠢᠨ᠎ᠤ ᠲᠣᠨᠣᠭᠯᠠᠯ᠂  ᠵᠠᠩᠭᠢᠯᠠᠭ᠎ᠠ ᠵᠢᠨ ᠰᠡᠯᠪᠢᠭ ᠲᠣᠨᠣᠭ᠂  ᠵᠥᠭᠡᠯᠡᠨ ᠲᠣᠨᠣᠭ᠎ᠤᠨ ᠦᠢ᠍ᠯᠡᠳᠬᠦᠨ ᠵᠡᠷᠭᠡ ᠮᠡᠷᠭᠡᠵᠢᠯ᠎ᠤᠨ ᠲᠣᠨᠣᠭᠯᠠᠯ᠎ᠤᠨ ᠬᠦᠷᠢᠶᠡᠨ᠎ᠳᠠᠬᠢ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠪᠣᠯᠣᠨ᠎ᠠ᠂  ᠪᠠᠢ᠌ᠴᠠᠭ᠋ᠠᠨ ᠰᠢᠯᠭ᠋ᠠᠬᠤ ᠠᠭᠤᠯᠭ᠎ᠠ᠎ᠳᠤ ᠲᠠᠷᠢᠶᠠᠯᠠᠩ᠎ᠤᠨ ᠨᠦᠯᠦᠭᠡᠯᠡᠬᠦᠷ ᠪᠠ ᠲᠤᠰᠬᠠᠢ ᠬᠡᠷᠡᠭᠯᠡᠬᠦ ᠴᠠᠬᠢᠮ᠂  ᠲᠠᠷᠢᠶᠠᠯᠠᠩ᠎ᠤᠨ ᠮᠠᠰᠢᠨ ᠬᠥᠮᠥᠨ᠂  ᠣᠶᠤᠨᠲᠤ ᠲᠠᠷᠢᠶᠠᠯᠠᠩ᠎ᠤᠨ ᠮᠠᠰᠢᠨ᠎ᠤ ᠲᠣᠨᠣᠭᠯᠠᠯ᠂  ᠣᠶᠤᠨᠲᠤ ᠦᠵᠦᠭᠦᠷ᠂  ᠲᠠᠷᠢᠶᠠᠯᠠᠩ᠎ᠤᠨ ᠵᠥᠭᠡᠯᠡᠨ ᠲᠣᠨᠣᠭ᠎ᠤᠨ ᠵᠠᠭᠪᠤᠷ ᠵᠡᠷᠭᠡ ᠵᠢ ᠪᠠᠭᠲᠠᠭ᠋ᠠᠬᠤ ᠪᠣᠯᠪᠠᠴᠤ ᠬᠢᠵᠠᠭ᠋ᠠᠷᠯᠠᠬᠤ

ᠦᠭᠡᠢ᠃ 

      ᠬᠣᠶᠠᠷ᠂  ᠢᠳᠡᠪᠬᠢᠲᠡᠢ᠎ᠪᠠᠷ ᠮᠡᠳᠡᠭᠦᠯᠬᠦ ᠬᠡᠷᠡᠭᠲᠡᠢ᠃  ᠲᠣᠰ ᠤᠳᠠᠭ᠎ᠠ ᠨᠥᠬᠥᠴᠡᠯ᠎ᠳᠤ ᠨᠡᠢ᠌ᠴᠡᠬᠦ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢ ᠰᠢᠯᠢᠨ ᠰᠣᠩᠭᠣᠬᠤ᠎ᠳᠤ᠂  ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠵᠢᠷᠤᠮ ᠶᠣᠰᠣᠭ᠋ᠠᠷ ᠪᠢᠴᠢᠭ ᠮᠠᠲ᠋ᠧᠷᠢᠶᠠᠯ ᠪᠠᠭᠤᠯᠭ᠋ᠠᠵᠤ ᠨᠡᠷᠡᠢ᠌ᠳᠬᠦ ᠵᠢᠨ ᠬᠠᠮᠲᠤ  ᠨᠡᠢ᠌ᠲᠡᠯᠡᠵᠦ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠲᠥᠪ᠎ᠤᠨ ᠪᠠᠢ᠌ᠴᠠᠭ᠋ᠠᠨ ᠰᠢᠯᠭ᠋ᠠᠬᠤ ᠲᠤᠬᠠᠢ᠌ᠯᠠᠭᠰᠠᠨ ᠠᠵᠢᠯ᠎ᠤᠨ ᠲᠤᠰᠬᠠᠢ ᠲᠠᠮᠠᠭ᠎ᠠ ᠵᠢ ᠬᠡᠷᠡᠭᠯᠡᠬᠦ ᠵᠢ ᠵᠥᠪᠰᠢᠶᠡᠷᠡᠨ᠎ᠡ᠃  ᠬᠣᠯᠪᠣᠭᠳᠠᠯ ᠪᠦᠬᠦᠢ ᠰᠠᠯᠠᠭ᠎ᠠ ᠮᠥᠴᠢᠷ  ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂  ᠭᠤᠶᠤᠴᠢᠯᠠᠨ ᠮᠡᠳᠡᠭᠦᠯᠬᠦ ᠵᠢ ᠢᠳᠡᠪᠬᠢᠲᠡᠢ ᠲᠠᠨᠢᠯᠴᠠᠭᠤᠯᠬᠤ ᠵᠢᠨ ᠬᠠᠮᠲᠤ ᠭᠤᠶᠤᠴᠢᠯᠠᠨ ᠮᠡᠳᠡᠭᠦᠯᠬᠦ ᠨᠥᠬᠥᠴᠡᠯ ᠶᠣᠰᠣᠭ᠋ᠠᠷ ᠬᠢᠨᠠᠨ ᠬᠠᠷᠭᠤᠭᠤᠯᠬᠤ ᠠᠵᠢᠯ᠎ᠢ ᠰᠠᠢ᠌ᠲᠤᠷ ᠬᠢᠬᠦ ᠵᠢ ᠬᠦᠰᠡᠵᠦ ᠪᠠᠢ᠌ᠨ᠎ᠠ᠃ 

      ᠭᠤᠷᠪᠠ᠂  ᠮᠡᠳᠡᠭᠦᠯᠬᠦ ᠱᠠᠭ᠋ᠠᠷᠳᠠᠯᠭ᠎ᠠ᠃  ᠮᠡᠳᠡᠭᠦᠯᠬᠦ ᠨᠢᠭᠡᠴᠡ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠯ᠎ᠤᠨ ᠪᠢᠴᠢᠭ᠎ᠢ ᠲᠠᠭᠯᠠᠬᠤ ᠵᠢᠨ ᠬᠠᠮᠲᠤ ᠭᠤᠶᠤᠴᠢᠯᠠᠭᠰᠠᠨ ᠨᠢᠭᠡᠴᠡ ᠪᠣᠯᠣᠨ ᠳᠡᠭᠡᠳᠦ ᠱᠠᠲᠤᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠯᠪᠠᠨ ᠲᠠᠮᠠᠭ᠎ᠠ ᠵᠢ ᠳᠠᠷᠤᠵᠤ᠂  ᠪᠤᠳᠤᠭᠲᠤ ᠡᠯᠧᠺᠲᠷᠣᠨ ᠬᠡᠪᠯᠡᠯ᠎ᠢ PDF ᠬᠡᠯᠪᠡᠷᠢ ᠪᠣᠯᠭ᠋ᠠᠨ ᠰᠢᠷᠪᠢᠭᠡᠳ  ᠢᠮᠧᠯ nmgnmtjgc@163.com ᠎ᠲᠤ ᠶᠠᠪᠤᠭᠤᠯᠤᠭ᠋ᠠᠷᠠᠢ᠃  ᠨᠡᠷ᠎ᠡ ᠮᠡᠳᠡᠭᠦᠯᠬᠦ ᠴᠠᠭ᠎ᠨᠢ 2025 ᠣᠨ᠎ᠤ 3 ᠰᠠᠷ᠎ᠠ ᠵᠢᠨ 5᠎ᠤ ᠡᠳᠦᠷ ᠳᠠᠭᠤᠰᠤᠨ᠎ᠠ᠂  ᠬᠤᠭᠤᠴᠠᠭ᠎ᠠ ᠥᠩᠭᠡᠷᠡᠪᠡᠯ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃ 

      ᠬᠠᠷᠢᠯᠴᠠᠬᠤ ᠬᠥᠮᠥᠨ᠄ ᠬᠤᠤ ᡁᠢ ᠴᠢᠶᠠᠩ᠂  ᠬᠠᠷᠢᠯᠴᠠᠬᠤ ᠤᠲᠠᠰᠤ᠄ 0471—6652121

      ᠳᠠᠭ᠋ᠠᠯᠳᠤᠭᠤᠯᠤᠯ᠄ 1. ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠪᠦᠲᠦᠭᠡᠭᠳᠡᠬᠦᠨ᠎ᠤ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠬᠦ ᠲᠥᠪ᠎ᠤᠨ ᠦᠨᠡᠯᠡᠨ ᠵᠢᠱ᠌ᠢᠵᠦ ᠰᠢᠯᠢᠨ ᠰᠣᠩᠭᠣᠬᠤ ᠭᠤᠶᠤᠴᠢᠯᠠᠯ᠎ᠤᠨ ᠪᠢᠴᠢᠭ᠃ 

      2. ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ  ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠶᠤᠨᠲᠤ ᠲᠠᠷᠢᠶᠠᠯᠠᠩ᠎ᠤᠨ ᠮᠡᠷᠭᠡᠵᠢᠯ᠎ᠤᠨ ᠲᠣᠨᠣᠭᠯᠠᠯ᠎ᠤᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠬᠦ ᠲᠥᠪ᠎ᠢ ᠦᠨᠡᠯᠡᠨ ᠵᠢᠱ᠌ᠢᠵᠦ ᠰᠢᠯᠢᠨ ᠰᠣᠩᠭᠣᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ᠃ 

                                

                                 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                                 ᠮᠠᠯ ᠠᠵᠤ ᠠᠬᠤᠢ  ᠪᠠ  ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ

                                                  2025 ᠣᠨ᠎ᠤ 2 ᠰᠠᠷ᠎ᠠ ᠵᠢᠨ 28᠎ᠤ  ᠡᠳᠦᠷ 

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            