ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠳᠤ ᠲᠤᠷᠰᠢᠯᠲᠠ ᠵᠢᠨ ᠬᠢᠨᠠᠨ ᠲᠣᠭᠲᠠᠭ᠋ᠠᠯᠲᠠ ᠵᠢᠨ ᠦᠨᠡᠮᠯᠡᠯ ᠣᠯᠣᠭᠰᠠᠨ ᠬᠡᠰᠡᠭ ᠦᠢ᠍ᠯᠡᠳᠬᠦᠨ᠎ᠤ ᠬᠠᠮᠢᠶ᠎ᠠ ᠪᠦᠬᠦᠢ ᠦᠨᠡᠮᠯᠡᠯ᠎ᠢ ᠬᠦᠴᠦᠨ ᠦᠭᠡᠢ ᠪᠣᠯᠭ᠋ᠠᠬᠤ ᠵᠢ ᠬᠡᠷᠡᠭᠵᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-03-03

ᠬᠣᠯᠪᠣᠭᠳᠠᠯ ᠪᠦᠬᠦᠢ ᠨᠢᠭᠡᠴᠡ᠎ᠳᠤ᠄

      ᠮᠠᠨ᠎ᠤ ᠥᠷᠲᠡᠭᠡ ᠤᠯᠤᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠵᠠᠷᠯᠠᠨ ᠨᠡᠢ᠌ᠲᠡᠯᠡᠬᠦ ᠰᠢᠰᠲ᠋ᠧᠮ ᠵᠶ᠋ᠡᠷ ᠳᠡᠮᠵᠢᠨ ᠬᠢᠨᠠᠨ ᠪᠠᠢ᠌ᠴᠠᠭ᠋ᠠᠭ᠋ᠠᠳ᠂  ᠬᠡᠰᠡᠭ ᠦᠢ᠍ᠯᠡᠳᠬᠦᠨ᠎ᠤ ᠦᠢ᠍ᠯᠡᠳᠪᠦᠷᠢᠯᠡᠭᠴᠢᠳ  ᠳᠠᠩᠰᠠᠯᠠᠯᠲᠠ ᠵᠢ ᠬᠦᠴᠦᠨ ᠦᠭᠡᠢ ᠪᠣᠯᠭ᠋ᠠᠬᠤ ᠭᠠᠷ ᠭᠦᠢ᠍ᠴᠡᠳᠬᠡᠯ ᠬᠢᠭᠰᠡᠨ᠎ᠢ ᠣᠯᠵᠤ ᠮᠠᠲᠠᠵᠠᠢ᠃ 

      《ᠲᠠᠷᠢᠶᠠᠯᠠᠩ᠎ᠤᠨ  ᠮᠠᠰᠢᠨ᠎ᠤ ᠲᠤᠷᠰᠢᠯᠲᠠ ᠵᠢᠨ ᠬᠢᠨᠠᠨ ᠲᠣᠭᠲᠠᠭ᠋ᠠᠬᠤ ᠠᠷᠭ᠎ᠠ》 ᠵᠢᠨ ᠬᠣᠷᠢᠨ ᠵᠢᠷᠭᠤᠳᠤᠭ᠋ᠠᠷ  ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂  ᠬᠢᠨᠠᠨ ᠬᠠᠷᠭᠤᠭᠤᠯᠤᠭ᠋ᠠᠳ ᠬᠣᠶᠠᠷ ᠠᠵᠤ ᠠᠬᠤᠢ᠌ᠯᠠᠯ᠎ᠤᠨ ᠦᠢ᠍ᠯᠡᠳᠪᠦᠷᠢᠯᠡᠭᠰᠡᠨ 24 ᠵᠦᠢ᠍ᠯ᠎ᠤᠨ ᠦᠢ᠍ᠯᠡᠳᠬᠦᠨ᠎ᠤ ᠲᠠᠷᠢᠶᠠᠯᠠᠩ᠎ᠤᠨ  ᠮᠠᠰᠢᠨ᠎ᠤ  ᠲᠤᠷᠰᠢᠯᠲᠠ ᠵᠢᠨ ᠬᠢᠨᠠᠨ  ᠲᠣᠭᠲᠠᠭ᠋ᠠᠯᠲᠠ ᠵᠢᠨ ᠦᠨᠡᠮᠯᠡᠯ᠎ᠢ ᠬᠦᠴᠦᠨ ᠦᠭᠡᠢ ᠪᠣᠯᠭ᠋ᠠᠬᠤ᠎ᠪᠠᠷ ᠲᠣᠭᠲᠠᠭ᠋ᠠᠪᠠ᠃ 

      ᠳᠠᠭ᠋ᠠᠯᠳᠤᠭᠤᠯᠤᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠮᠠᠰᠢᠨ ᠳᠡᠯᠭᠡᠷᠡᠭᠦᠯᠬᠦ ᠵᠢ ᠬᠢᠨᠠᠨ ᠲᠣᠭᠲᠠᠭ᠋ᠠᠵᠤ ᠬᠦᠴᠦᠨ ᠦᠭᠡᠢ ᠪᠣᠯᠭ᠋ᠠᠭᠰᠠᠨ ᠦᠨᠡᠮᠯᠡᠯ᠎ᠤᠨ ᠦᠢ᠍ᠯᠡᠳᠬᠦᠨ ᠵᠢᠴᠢ ᠦᠢ᠍ᠯᠡᠳᠪᠦᠷᠢᠯᠡᠭᠰᠡᠨ ᠠᠵᠤ ᠠᠬᠤᠢ᠌ᠯᠠᠯ᠎ᠤᠨ  ᠭᠠᠷᠴᠠᠭᠯᠠᠯ


                               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ     

                               ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠲᠠᠷᠢᠶᠠᠯᠠᠩ 

                               ᠮᠠᠯ  ᠠᠵᠤ ᠠᠬᠤᠢ ᠵᠢᠨ  ᠮᠠᠰᠢᠨᠴᠢᠯᠠᠯᠲᠠ ᠵᠢᠨ ᠭᠠᠵᠠᠷ

                               (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ    

                               ᠮᠠᠯ ᠠᠵᠤ ᠠᠬᠤᠢ ᠵᠢᠨ ᠮᠠᠰᠢᠨ᠎ᠤ  ᠲᠤᠷᠰᠢᠯᠲᠠ ᠵᠢᠨ ᠬᠢᠨᠠᠨ

                               ᠲᠣᠭᠲᠠᠭ᠋ᠠᠬᠤ ᠥᠷᠲᠡᠭᠡ)

                                           2025 ᠣᠨ᠎ᠤ 3 ᠰᠠᠷ᠎ᠠ ᠵᠢᠨ 3᠎ᠤ  ᠡᠳᠦᠷ

ᠢᠷᠡᠯᠲᠡ᠄ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ
          
ᠬᠠᠮᠢᠶ᠎ᠡ ᠪᠦᠬᠦᠢ ᠰᠣᠨᠢᠨ
 
            