ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠳ᠋᠎ᠤᠨ ᠵᠠᠰᠠᠭ᠎ᠤᠨ ᠬᠦᠷᠢᠶᠡᠨ᠎ᠳᠤ ᠤᠯᠠᠮ ᠨᠢᠭᠡ ᠠᠯᠬᠤᠮ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠢᠨᠠᠨ ᠬᠡᠮᠵᠢᠵᠦ ᠦᠨᠡᠯᠡᠬᠦ ᠳᠦᠷᠢᠮ᠎ᠢ ᠲᠡᠭᠦᠯᠳᠡᠷᠵᠢᠭᠦᠯᠦᠨ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠣᠨᠣᠪᠴᠢᠲᠠᠶ ᠦᠨᠡᠯᠡᠬᠦ ᠵᠢᠨ ᠲᠤᠰᠠᠳᠠ᠂ ᠡᠳᠦᠭᠡ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠤᠭᠣᠳᠬᠤ ᠰᠠᠨᠠᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠬᠢᠨᠠᠨ ᠬᠡᠮᠵᠢᠵᠦ ᠦᠨᠡᠯᠡᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠯ᠎ᠠ᠂ ᠵᠢᠷᠤᠮᠯᠠᠨ ᠬᠡᠷᠡᠭᠵᠢᠭᠦᠯᠲᠦᠭᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
2025 ᠣᠨ᠎ᠤ 3 ᠰᠠᠷ᠎ᠠ ᠵᠢᠨ 12᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠤᠭᠣᠳᠬᠤ ᠰᠠᠨᠠᠯ
ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠪᠣᠯ ᠨᠠᠩ ᠣᠯᠠᠨ ᠡᠬᠢ ᠪᠠᠶᠠᠯᠢᠭ᠎ᠤᠨ ᠬᠦᠴᠦᠨ ᠵᠦᠢ᠍ᠯ᠎ᠢ ᠬᠥᠳᠡᠭᠡ ᠲᠣᠰᠬᠣᠨ᠎ᠳᠤ ᠴᠤᠭᠯᠠᠷᠠᠭᠤᠯᠬᠤ ᠵᠢ ᠬᠥᠲᠥᠯᠥᠨ ᠵᠢᠯᠤᠭᠣᠳᠬᠤ ᠪᠠ ᠳᠠᠶ᠋ᠢᠴᠢᠯᠠᠵᠤ᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠭᠰᠠᠨ ᠬᠥᠭᠵᠢᠯᠲᠡ ᠵᠢᠨ ᠠᠷᠭ᠎ᠠ ᠵᠠᠮ᠎ᠢ ᠬᠠᠢ᠌ᠨ ᠰᠦᠪᠡᠭᠴᠢᠯᠡᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠪᠥᠬᠥ ᠬᠡᠯᠬᠢᠶ᠎ᠡ ᠵᠢᠨ ᠲᠠᠰ ᠳᠡᠪᠰᠢᠬᠦ ᠵᠢ ᠠᠬᠢᠭᠤᠯᠤᠨ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠦᠲᠦᠮᠵᠢᠲᠡᠶ ᠭᠠᠷᠳᠠᠴᠠ ᠮᠥᠨ᠃ ᠮᠠᠨ᠎ᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠵᠢᠷᠤᠮᠵᠢᠭᠤᠯᠬᠤ ᠵᠢᠨ ᠲᠤᠰᠠᠳᠠ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠤᠭᠣᠳᠬᠤ ᠰᠠᠨᠠᠯ᠎ᠢ ᠲᠣᠭᠲᠠᠭ᠋ᠠᠪᠠ᠃
ᠨᠢᠭᠡ᠂ ᠦᠨᠳᠦᠰᠦᠨ ᠵᠠᠷᠴᠢᠮ
ᠲᠠᠷᠢᠶᠠᠴᠢᠨ ᠪᠣᠯᠬᠤ᠂ ᠲᠠᠷᠢᠶᠠᠯᠠᠩ᠎ᠤᠨ ᠠᠵᠢᠯ ᠬᠢᠬᠦ᠂ ᠲᠠᠷᠢᠶᠠᠯᠠᠩ᠎ᠤᠨ ᠲᠥᠯᠥᠭᠡ ᠦᠢ᠍ᠯᠡᠴᠢᠯᠡᠬᠦ᠂ ᠲᠠᠷᠢᠶᠠᠯᠠᠩ᠎ᠢ ᠬᠥᠭᠵᠢᠭᠦᠯᠬᠦ ᠦᠨᠳᠦᠰᠦᠨ ᠵᠣᠷᠢᠯᠲᠠ ᠵᠢ ᠪᠠᠷᠢᠮᠲᠠᠯᠠᠬᠤ ᠲᠠᠯ᠎ᠠ᠎ᠪᠠᠷ᠂ ᠮᠠᠨ᠎ᠤ ᠣᠷᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠲᠤ ᠰᠠᠭᠤᠷᠢᠯᠠᠵᠤ᠂ ᠲᠠᠷᠢᠶᠠᠯᠠᠩ ᠮᠠᠯ ᠠᠵᠤ ᠠᠬᠤᠢ ᠵᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ᠎ᠤᠨ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠰᠢᠭ ᠲᠤᠰᠠ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠬᠤ ᠪᠠᠷ ᠭᠣᠣᠯ ᠡᠭᠦᠷᠭᠡ ᠪᠣᠯᠭ᠋ᠠᠵᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠢ ᠠᠬᠢᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ᠎ᠤᠨ ᠵᠠᠭᠪᠤᠷ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ (ᠳᠣᠷᠣᠭᠰᠢ ᠠᠵᠤ ᠦᠢ᠍ᠯᠡᠰ᠎ᠤᠨ ᠬᠦᠷᠢᠶᠡᠯᠡᠩ ᠭᠡᠵᠦ ᠲᠣᠪᠴᠢᠯᠠᠨ᠎ᠠ) ᠵᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠬᠡᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
(ᠨᠢᠭᠡ) ᠭᠣᠣᠯᠯᠠᠬᠤ ᠠᠵᠤ ᠦᠢ᠍ᠯᠡᠰ᠎ᠢ ᠳᠣᠪᠣᠶ᠋ᠢᠯᠭ᠋ᠠᠵᠤ᠂ ᠥᠨᠳᠥᠷ ᠪᠠᠷᠢᠮᠵᠢᠶᠠᠲᠤ ᠠᠵᠤ ᠦᠢ᠍ᠯᠡᠰ᠎ᠤᠨ ᠬᠦᠷᠢᠶᠡᠯᠡᠩ᠎ᠢ ᠪᠠᠢ᠌ᠭᠤᠯᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠭᠣᠣᠯᠳᠠᠭᠤ ᠡᠷᠳᠡᠨᠢ ᠰᠢᠰᠢ᠂ ᠪᠤᠭᠤᠳᠠᠢ᠂ ᠲᠥᠮᠥᠰᠥ᠂ ᠰᠢᠷ᠎ᠠ ᠪᠤᠷᠴᠠᠭ᠂ ᠲᠤᠲᠤᠷᠭ᠎ᠠ᠂ ᠨᠠᠷᠢᠮᠤ᠂ ᠶᠤᠤᠮᠠᠢ᠂ ᠨᠡᠷᠡᠨ ᠬᠤᠸᠠᠷ᠂ ᠰᠢᠬᠢᠷ ᠯᠤᠤᠪᠠᠩ᠂ ᠲᠥᠬᠥᠭᠡᠷᠥᠮᠵᠢ᠎ᠲᠦ ᠢᠳᠡᠰᠢᠨ ᠨᠣᠭᠣᠭ᠎ᠠ᠂ ᠡᠯᠳᠡᠪ ᠠᠮᠤ ᠡᠯᠳᠡᠪ ᠪᠤᠷᠴᠠᠭ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠣᠨᠢ᠂ ᠢᠮᠠᠭ᠋ᠠᠨ ᠨᠣᠣᠯᠣᠭᠤᠷ᠂ ᠭᠠᠬᠠᠢ᠂ ᠵᠢᠭᠦᠷᠲᠡᠨ᠂ ᠮᠣᠷᠢ᠂ ᠬᠣᠣᠰ ᠪᠥᠬᠥᠲᠦ ᠲᠡᠮᠡᠭᠡ᠂ ᠲᠡᠵᠢᠭᠡᠯ ᠡᠪᠡᠰᠦ᠂ ᠤᠰᠤᠨ ᠭᠠᠷᠤᠯᠲᠠ ᠵᠡᠷᠭᠡ ᠳᠠᠪᠠᠭᠤᠯᠢᠭ ᠭᠣᠣᠯ ᠠᠵᠤ ᠦᠢ᠍ᠯᠡᠰ᠎ᠤᠨ ᠭᠣᠣᠯᠳᠠᠯᠭ᠎ᠠ ᠵᠢᠨ ᠲᠣᠭᠣᠷᠢᠨ᠎ᠳᠤ ᠬᠡᠪᠴᠢᠶᠡᠵᠢᠭᠦᠯᠦᠭᠰᠡᠨ ᠲᠦᠭᠦᠬᠡᠢ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠡᠬᠢᠵᠢᠭᠦᠯᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠪᠣᠯᠪᠠᠰᠤᠷᠠᠭᠤᠯᠬᠤ ᠵᠢ ᠰᠠᠢ᠌ᠲᠤᠷ ᠬᠥᠭᠵᠢᠭᠦᠯᠦᠨ ᠪᠦᠲᠦᠭᠡᠨ ᠪᠠᠢ᠌ᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠯᠠᠮ ᠨᠢᠭᠡ ᠠᠯᠬᠤᠮ ᠥᠷᠭᠡᠳᠬᠡᠨ᠂ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠬᠤ ᠵᠢ ᠠᠬᠢᠭᠤᠯᠤᠨ᠂ ᠳᠠᠪᠠᠭᠤᠯᠢᠭ ᠭᠣᠣᠯᠯᠠᠬᠤ ᠠᠵᠤ ᠦᠢ᠍ᠯᠡᠰ ᠵᠶ᠋ᠡᠷ ᠭᠣᠣᠯ ᠪᠣᠯᠭ᠋ᠠᠭᠰᠠᠨ ᠥᠨᠳᠥᠷ ᠪᠠᠷᠢᠮᠵᠢᠶᠠᠲᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠪᠦᠲᠦᠭᠡᠨ ᠪᠠᠢ᠌ᠭᠤᠯᠬᠤ ᠬᠡᠷᠡᠭᠲᠡᠢ᠃
(ᠬᠣᠶᠠᠷ) ᠵᠠᠬ᠎ᠠ ᠳᠡᠯᠭᠡᠭᠦᠷ ᠵᠶ᠋ᠡᠷ ᠭᠣᠣᠯᠯᠠᠭᠤᠯᠬᠤ ᠵᠢ ᠳᠣᠪᠣᠶ᠋ᠢᠯᠭ᠋ᠠᠵᠤ᠂ ᠵᠠᠰᠠᠭ᠎ᠤᠨ ᠣᠷᠳᠣᠨ᠎ᠤ ᠬᠥᠲᠥᠯᠥᠨ ᠵᠢᠯᠤᠭᠣᠳᠬᠤ ᠵᠢ ᠴᠢᠩᠭ᠋ᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠵᠤ ᠦᠢ᠍ᠯᠡᠰ᠎ᠤᠨ ᠬᠥᠭᠵᠢᠯᠲᠡ᠂ ᠪᠡᠯᠡ ᠣᠷᠣᠭᠤᠯᠤᠯᠲᠠ ᠵᠢᠨ ᠪᠦᠲᠦᠭᠡᠨ ᠪᠠᠢ᠌ᠭᠤᠯᠤᠯᠲᠠ᠂ ᠦᠢ᠍ᠯᠡᠳᠬᠦᠨ᠎ᠤ ᠡᠵᠡᠩᠨᠡᠯᠲᠡ ᠪᠣᠷᠣᠯᠠᠭᠤᠯᠤᠯᠲᠠ ᠵᠡᠷᠭᠡ ᠲᠠᠯ᠎ᠠ᠎ᠪᠠᠷ᠎ᠬᠢ ᠭᠣᠣᠯᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠠᠨ ᠵᠦᠢ᠍ᠯ᠎ᠤᠨ ᠪᠦᠲᠦᠮᠵᠢᠲᠡᠶ ᠪᠦᠲᠦᠭᠡᠨ ᠪᠠᠢ᠌ᠭᠤᠯᠤᠯᠲᠠ ᠵᠢᠨ ᠵᠠᠭᠪᠤᠷ᠎ᠢ ᠪᠤᠢ ᠪᠣᠯᠭ᠋ᠠᠬᠤ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠳᠡᠭᠡᠭᠰᠢᠯᠡᠯᠲᠡ ᠵᠢ ᠴᠢᠩᠭ᠋ᠠᠳᠬᠠᠵᠤ᠂ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ᠂ ᠨᠢᠭᠡᠳᠦᠯᠲᠡᠢ ᠲᠥᠯᠥᠪᠯᠡᠨ
ᠨᠡᠶ᠋ᠢᠲᠡᠳᠤᠨᠢ ᠬᠠᠷᠠᠭ᠋ᠠᠯᠵᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠡᠶᠡᠯᠡᠭᠦᠯᠬᠦ ᠬᠡᠷᠡᠭᠲᠡᠢ᠃
(ᠭᠤᠷᠪᠠ) ᠣᠯᠠᠨ ᠲᠠᠯ᠎ᠠ ᠵᠢᠨ᠎ᠬᠢᠨ᠎ᠤ ᠣᠷᠣᠯᠴᠠᠬᠤ ᠵᠢ ᠳᠣᠪᠣᠶ᠋ᠢᠯᠭ᠋ᠠᠵᠤ᠂ ᠮᠠᠯᠴᠢᠨ ᠲᠠᠷᠢᠶᠠᠴᠢᠳ᠎ᠤᠨ ᠠᠰᠢᠭ ᠭᠥᠷᠳᠡᠬᠦ ᠵᠢ ᠪᠠᠲᠤᠯᠠᠬᠤ ᠬᠡᠷᠡᠭᠲᠡᠢ᠃ ᠲᠠᠷᠢᠶᠠᠯᠠᠩ᠎ᠳᠤ ᠦᠢ᠍ᠯᠡᠴᠢᠯᠡᠬᠦ᠂ ᠲᠠᠷᠢᠶᠠᠯᠠᠩ᠎ᠢ ᠳᠡᠮᠵᠢᠬᠦ᠂ ᠲᠠᠷᠢᠶᠠᠴᠢᠳ᠎ᠲᠤ ᠠᠰᠢᠭ ᠬᠦᠷᠲᠡᠭᠡᠬᠦ ᠵᠠᠷᠴᠢᠮ᠎ᠢ ᠢᠮᠠᠭᠲᠠ ᠪᠠᠷᠢᠮᠲᠠᠯᠠᠵᠤ᠂ ᠠᠰᠢᠭ ᠲᠤᠰᠠ ᠵᠢᠨ ᠬᠣᠯᠪᠣᠯᠳᠤᠯ᠎ᠤᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠠᠭᠤᠰᠤᠯᠴᠠᠯ᠂ ᠦᠢ᠍ᠯᠡᠴᠢᠯᠡᠭᠡᠨ᠎ᠤ ᠠᠭᠤᠰᠤᠯᠴᠠᠯ᠂ ᠪᠦᠲᠦᠭᠡᠨ ᠪᠠᠢ᠌ᠭᠤᠯᠤᠯᠲᠠ ᠵᠢᠨ ᠠᠭᠤᠰᠤᠯᠴᠠᠯ᠎ᠢ ᠴᠢᠬᠤᠯᠠᠴᠢᠯᠠᠵᠤ᠂ ᠤᠯᠠᠨ ᠡᠰᠢᠴᠢᠯᠡᠭᠰᠡᠨ ᠨᠡᠢ᠌ᠭᠡᠮ᠎ᠤᠨ ᠬᠦᠴᠦᠨ᠎ᠢ ᠲᠠᠲᠠᠵᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠤ᠂ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠲᠠᠢ᠍ᠢ᠍ᠴᠢᠯᠠᠵᠤ᠂ ᠮᠠᠯᠴᠢᠨ ᠲᠠᠷᠢᠶᠠᠴᠢᠨ᠎ᠳᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠪᠠ ᠬᠥᠭᠵᠢᠯᠲᠡ ᠵᠢᠨ ᠦᠷ᠎ᠡ ᠪᠦᠲᠦᠭᠡᠯ᠎ᠢ ᠬᠤᠪᠢᠶᠠᠨ ᠡᠳ᠋ᠯᠡᠭᠦᠯᠬᠦ ᠬᠡᠷᠡᠭᠲᠡᠢ᠃
(ᠳᠥᠷᠪᠡ) ᠪᠣᠬᠢᠷᠲᠤᠯ ᠦᠭᠡᠢ ᠬᠥᠭᠵᠢᠯᠲᠡ ᠵᠢ ᠳᠣᠪᠣᠶ᠋ᠢᠯᠭ᠋ᠠᠵᠤ᠂ ᠠᠮᠢ ᠠᠬᠤᠢ ᠵᠢᠨ ᠨᠥᠬᠥᠷᠰᠡᠭ ᠪᠠᠢ᠌ᠬᠤ ᠵᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠠᠮᠢ ᠠᠬᠤᠢ ᠵᠢᠨ ᠣᠷᠴᠢᠯ ᠵᠶ᠋ᠠᠷ ᠤᠳᠤᠷᠢᠳᠤᠮᠵᠢ ᠪᠣᠯᠭ᠋ᠠᠵᠤ᠂ ᠲᠠᠷᠢᠶᠠᠯᠠᠩ᠎ᠤᠨ ᠤᠰᠤ ᠠᠷᠪᠢᠯᠠᠬᠤ᠂ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠮᠵᠢᠶ᠎ᠡ ᠵᠢ ᠬᠢᠵᠠᠭ᠋ᠠᠷᠯᠠᠬᠤ ᠣᠷᠣᠭᠤᠯᠬᠤ ᠵᠢ ᠪᠠᠭ᠋ᠠᠰᠬᠠᠬᠤ᠂ ᠰᠦᠯᠢᠶᠥᠦ ᠪᠦᠷᠬᠦᠪᠴᠢ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠵᠦ ᠡᠭᠡᠭᠦᠯᠦᠨ ᠬᠤᠷᠢᠶᠠᠬᠤ᠂ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ᠂ ᠪᠠᠭ᠋ᠠᠰᠤᠨ ᠪᠣᠬᠢᠷᠲᠤᠯ᠎ᠤᠨ ᠡᠬᠢ ᠪᠠᠶᠠᠯᠢᠭ᠎ᠢ ᠠᠰᠢᠭᠯᠠᠬᠤ ᠵᠢ ᠬᠡᠷᠡᠭᠵᠢᠭᠦᠯᠦᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠭᠢᠯᠲᠡᠲᠦ ᠬᠥᠭᠵᠢᠯᠲᠡ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ 《ᠨᠢᠭᠡ ᠵᠢ ᠬᠢᠵᠠᠭ᠋ᠠᠷᠯᠠᠵᠤ ᠬᠣᠶᠠᠷ᠎ᠢ ᠪᠠᠭ᠋ᠠᠰᠬᠠᠵᠤ ᠭᠤᠷᠪᠠ ᠵᠢ ᠦᠨᠳᠦᠰᠦᠨ᠎ᠳᠡᠭᠡᠨ ᠪᠠᠢ᠌ᠯᠭ᠋ᠠᠬᠤ》᠂ ᠪᠣᠬᠢᠷ ᠤᠰᠤ᠂ ᠬᠠᠶᠠᠭᠳᠠᠮᠠᠯ ᠬᠡᠢ ᠵᠢᠨ ᠭᠠᠳᠠᠭᠰᠢᠯᠠᠭᠤᠯᠤᠯᠲᠠ ᠵᠢ ᠪᠠᠷᠢᠮᠵᠢᠶ᠎ᠠ᠎ᠳᠤ ᠬᠦᠷᠦᠭᠦᠯᠬᠦ᠂ ᠬᠣᠭ ᠨᠣᠪᠰᠢ ᠵᠢ ᠪᠦᠲᠦᠮᠵᠢᠲᠡᠶ ᠰᠢᠢ᠍ᠳᠪᠦᠷᠢᠯᠡᠬᠦ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠣᠬᠢᠷᠲᠤᠯ ᠦᠭᠡᠢ ᠬᠥᠭᠵᠢᠯᠲᠡ ᠵᠢᠨ ᠵᠠᠭᠪᠤᠷ᠎ᠢ ᠤᠷᠢᠳᠠᠪᠠᠷ ᠪᠡᠶᠡᠯᠡᠭᠦᠯᠬᠦ ᠬᠡᠷᠡᠭᠲᠡᠢ᠃
ᠬᠣᠶᠠᠷ᠂ ᠭᠣᠣᠯ ᠡᠭᠦᠷᠭᠡ
(ᠨᠢᠭᠡ) ᠭᠣᠣᠯᠯᠠᠬᠤ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠨ ᠮᠠᠨᠳᠤᠬᠤ ᠵᠢ ᠬᠥᠲᠥᠯᠥᠨ ᠳᠠᠭ᠋ᠠᠭᠤᠯᠬᠤ ᠣᠷᠣᠨ᠎ᠢ ᠪᠦᠲᠦᠭᠡᠨ ᠪᠠᠢ᠌ᠭᠤᠯᠤᠨ᠎ᠠ᠃ ᠲᠤᠬᠠᠢ ᠵᠢᠨ ᠭᠠᠵᠠᠷ᠎ᠤᠨ ᠳᠠᠪᠠᠭᠤᠯᠢᠭ ᠭᠣᠣᠯᠯᠠᠬᠤ ᠠᠵᠤ ᠦᠢ᠍ᠯᠡᠰ (2᠎ᠠᠴᠠ ᠬᠡᠲᠦᠷᠡᠬᠦ ᠦᠭᠡᠢ)᠎ᠲᠤ ᠲᠦᠰᠢᠭᠯᠡᠨ᠂ ᠠᠮᠢ ᠠᠬᠤᠢ ᠵᠢᠨ ᠳᠠᠪᠠᠭᠤᠯᠢᠭ᠎ᠢ ᠪᠠᠳᠠᠷᠠᠭᠤᠯᠵᠤ᠂ ᠨᠢᠭᠡ ᠪᠦᠯᠦᠭ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠦᠭᠦᠬᠡᠢ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠠᠢ᠌ᠭᠤᠯᠤᠨ ᠪᠦᠲᠦᠭᠡᠵᠦ᠂ ᠳᠠᠷᠢᠵᠤ ᠲᠡᠵᠢᠭᠡᠬᠦ ᠵᠢ ᠤᠶᠠᠯᠳᠤᠭᠤᠯᠤᠭᠰᠠᠨ ᠠᠮᠢ ᠠᠬᠤᠢ ᠵᠢᠨ ᠣᠷᠴᠢᠯᠳᠤᠭᠤᠯᠤᠨ ᠠᠰᠢᠭᠯᠠᠬᠤ ᠵᠠᠭᠪᠤᠷ᠎ᠢ ᠳᠡᠯᠭᠡᠷᠡᠭᠦᠯᠦᠨ᠂ ᠠᠮᠢ ᠠᠬᠤᠢ ᠵᠢᠨ ᠣᠷᠴᠢᠯᠲᠤ ᠲᠠᠷᠢᠶᠠᠯᠠᠩ ᠮᠠᠯ ᠠᠵᠤ ᠠᠬᠤᠢ ᠵᠢ ᠪᠠᠢ᠌ᠭᠤᠯᠵᠤ᠂ ᠪᠥᠬᠥ ᠤᠯᠤᠰ᠎ᠲᠤ ᠨᠠᠷᠠᠲᠠᠢ ᠪᠣᠬᠢᠷᠲᠤᠯ ᠦᠭᠡᠢ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠢ ᠪᠣᠶ ᠪᠣᠯᠭ᠋ᠠᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠎ᠤᠨ ᠪᠥᠭᠡᠮᠨᠡᠷᠡᠯ᠎ᠤᠨ ᠮᠠᠶᠢᠭ᠎ᠤᠨ ᠬᠥᠭᠵᠢᠯᠲᠡ ᠪᠠ ᠨᠠᠷᠠᠲᠤ ᠲᠥᠷᠥᠯ ᠲᠡᠮᠳᠡᠭᠵᠢᠭᠦᠯᠦᠨ ᠡᠵᠡᠩᠨᠡᠨ ᠪᠣᠷᠣᠯᠠᠭᠤᠯᠬᠤ ᠵᠢ ᠠᠬᠢᠭᠤᠯᠵᠤ᠂ ᠠᠵᠤ ᠦᠢ᠍ᠯᠡᠰ᠎ᠤᠨ ᠬᠦᠷᠢᠶᠡᠯᠡᠩ᠎ᠢ ᠨᠠᠷᠠᠲᠤ ᠲᠥᠷᠥᠯ ᠲᠡᠮᠳᠡᠭᠲᠦ᠎ᠪᠠᠷ ᠲᠣᠪᠣᠢ᠌ᠮ᠎ᠠ᠂ ᠡᠵᠡᠩᠨᠡᠯᠲᠡ ᠵᠢᠨ ᠬᠡᠯᠪᠡᠷᠢ ᠪᠠᠢ᠌ᠳᠠᠯ ᠵᠦᠢ ᠵᠣᠬᠢᠰᠲᠠᠢ᠂ ᠦᠷ᠎ᠡ ᠠᠰᠢᠭ ᠵᠶ᠋ᠠᠷ ᠢᠯᠡᠷᠬᠡᠢ᠂ ᠠᠮᠢ ᠠᠬᠤᠢ᠎ᠪᠠᠷ ᠰᠠᠢ᠌ᠨ ᠠᠵᠤ ᠦᠢ᠍ᠯᠡᠰ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠬᠤ ᠣᠷᠣᠨ ᠪᠣᠯᠭ᠋ᠠᠨ ᠪᠠᠢ᠌ᠭᠤᠯᠤᠨ᠎ᠠ᠃
(ᠬᠣᠶᠠᠷ) ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠴᠤᠭᠯᠠᠷᠠᠯ᠎ᠢ ᠠᠬᠢᠭᠤᠯᠵᠤ᠂ ᠣᠲᠣ ᠦᠶ᠎ᠡ ᠵᠢᠨ ᠮᠡᠷᠭᠡᠵᠢᠯ ᠬᠢᠭᠡᠳ ᠲᠣᠨᠣᠭ ᠲᠥᠬᠦᠭᠡᠷᠦᠮᠵᠢ ᠵᠢᠨ ᠬᠤᠷᠠᠮᠠᠯ ᠣᠷᠣᠨ᠎ᠢ ᠪᠦᠲᠦᠭᠡᠨ ᠪᠠᠢ᠌ᠭᠤᠯᠤᠨ᠎ᠠ᠃ ᠵᠠᠬ᠎ᠠ ᠳᠡᠯᠭᠡᠭᠦᠷ᠂ ᠬᠥᠷᠥᠩᠭᠡ᠂ ᠮᠡᠳᠡᠭᠡ ᠵᠠᠩᠭᠢ᠂ ᠴᠢᠳᠠᠪᠤᠷᠢᠲᠠᠨ ᠵᠡᠷᠭᠡ ᠣᠳᠣ ᠦᠶ᠎ᠡ ᠵᠢᠨ ᠦᠢ᠍ᠯᠡᠳᠪᠦᠷᠢᠯᠡᠯ᠎ᠤᠨ ᠡᠯᠧᠮᠧᠨ᠋ᠲ᠎ᠢ ᠴᠤᠭᠯᠠᠭᠤᠯᠵᠤ᠂ ᠲᠠᠷᠢᠶᠠᠯᠠᠩ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠂ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠶᠡᠬᠡ ᠬᠣᠯᠪᠣᠭ᠋ᠠᠯᠠᠯ᠂ ᠶᠡᠬᠡ ᠬᠠᠮᠵᠢᠯᠴᠠᠭ᠎ᠠ ᠵᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠲᠣᠭ᠋ᠠᠴᠢᠯᠠᠯᠲᠠ᠂ ᠣᠶᠤᠨᠴᠢᠯᠠᠭᠰᠠᠨ ᠦᠷ᠎ᠡ ᠪᠦᠲᠦᠭᠡᠯ᠎ᠢ ᠳᠡᠯᠭᠡᠷᠡᠭᠦᠯᠦᠨ᠂ ᠲᠡᠷᠢᠭᠦᠨ᠎ᠤ ᠮᠡᠷᠭᠡᠵᠢᠯ ᠪᠠ ᠲᠣᠨᠣᠭ ᠲᠥᠬᠦᠭᠡᠷᠦᠮᠵᠢ ᠵᠢ ᠢᠵᠢ ᠪᠦᠷᠢᠳᠦᠭᠦᠯᠦᠨ ᠬᠡᠷᠡᠭᠯᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠪᠦᠲᠦᠮᠵᠢᠲᠡᠶ ᠲᠣᠭᠲᠠᠴᠠ ᠵᠢ ᠬᠠᠢ᠌ᠨ ᠰᠦᠪᠡᠭᠴᠢᠯᠡᠵᠦ᠂ ᠠᠵᠤ ᠦᠢ᠍ᠯᠡᠰ᠎ᠤᠨ ᠬᠦᠷᠢᠶᠡᠯᠡᠩ᠎ᠢ ᠲᠡᠷᠢᠭᠦᠨ᠎ᠤ ᠮᠡᠷᠭᠡᠵᠢᠯ᠎ᠤᠨ ᠬᠢᠷᠢ ᠬᠡᠮᠵᠢᠶ᠎ᠡ ᠲᠠᠢ᠂ ᠮᠥᠩᠭᠥᠨ ᠭᠦᠢ᠍ᠯᠭᠡᠭᠡᠨ᠎ᠤ ᠳᠡᠮᠵᠢᠯᠭᠡ᠎ᠪᠠᠷ ᠬᠦᠴᠦᠲᠡᠢ᠂ ᠪᠡᠯᠡᠳᠬᠡᠮᠵᠢ ᠲᠣᠨᠣᠭ ᠲᠥᠬᠦᠭᠡᠷᠦᠮᠵᠢ ᠵᠢ ᠢᠵᠢ ᠪᠦᠷᠢᠳᠦᠭᠦᠯᠦᠭᠰᠡᠨ ᠣᠲᠣ ᠦᠶ᠎ᠡ ᠵᠢᠨ ᠮᠡᠷᠭᠡᠵᠢᠯ᠎ᠤᠨ ᠬᠤᠷᠠᠮᠠᠯ ᠣᠷᠣᠨ ᠪᠣᠯᠭ᠋ᠠᠨ ᠪᠠᠢ᠌ᠭᠤᠯᠤᠨ᠎ᠠ᠃
(ᠭᠤᠷᠪᠠ) ᠦᠢ᠍ᠯᠡᠳᠪᠦᠷᠢᠯᠡᠬᠦ ᠪᠤᠯᠪᠠᠰᠤᠷᠠᠭᠤᠯᠬᠤ ᠪᠣᠷᠣᠯᠠᠭᠤᠯᠬᠤ ᠵᠢ ᠨᠢᠭᠡ ᠴᠣᠭᠴᠠᠵᠢᠭᠤᠯᠬᠤ ᠵᠢ ᠠᠬᠢᠭᠤᠯᠵᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠣᠷᠣᠨ᠎ᠢ ᠪᠦᠲᠦᠭᠡᠨ ᠪᠠᠢ᠌ᠭᠤᠯᠤᠨ᠎ᠠ᠃ ᠳᠠᠷᠢᠵᠤ ᠲᠡᠵᠢᠭᠡᠬᠦ ᠵᠢ ᠣᠷᠭ᠋ᠠᠨᠢᠭ ᠵᠶ᠋ᠠᠷ ᠤᠶᠠᠯᠳᠤᠭᠤᠯᠤᠭᠰᠠᠨ᠂ ᠦᠢ᠍ᠯᠡᠳᠪᠦᠷᠢᠯᠡᠬᠦ᠂ ᠪᠣᠯᠪᠠᠰᠤᠷᠠᠭᠤᠯᠬᠤ᠂ ᠬᠣᠷᠢᠶᠠᠨ ᠬᠠᠳᠠᠭ᠋ᠠᠯᠠᠬᠤ᠂ ᠪᠠᠷᠠᠭ᠋ᠠᠨ᠎ᠤ ᠭᠦᠢ᠍ᠯᠭᠡᠭᠡᠨ᠂ ᠪᠣᠷᠤᠯᠠᠭᠤᠯᠭ᠎ᠠ ᠵᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠠᠮᠢ ᠠᠬᠤᠢ ᠵᠢᠨ ᠦᠨ᠎ᠡ ᠥᠷᠲᠡᠭ᠂ ᠰᠣᠶᠣᠯ᠎ᠤᠨ ᠦᠨ᠎ᠡ ᠥᠷᠲᠡᠭ᠂ ᠰᠡᠯᠡᠭᠦᠴᠡᠯ᠎ᠤᠨ ᠦᠨ᠎ᠡ ᠥᠷᠲᠡᠭ᠎ᠢ ᠠᠭᠤᠳᠠᠯᠵᠤ᠂ 《ᠣᠶᠤᠨᠲᠤ ᠲᠠᠷᠢᠶᠠᠯᠠᠩ》᠎ᠤᠨ ᠠᠵᠢᠯᠯᠠᠭ᠎ᠠ ᠵᠢ ᠬᠡᠷᠡᠭᠵᠢᠭᠦᠯᠦᠨ᠂ ᠠᠵᠤ ᠦᠢ᠍ᠯᠡᠰ᠎ᠤᠨ ᠬᠦᠷᠢᠶᠡᠯᠡᠩ᠎ᠤᠨ ᠲᠣᠭ᠋ᠠᠴᠢᠯᠠᠭᠰᠠᠨ ᠲᠠᠪᠴᠠᠩ ᠵᠢᠴᠢ ᠢᠵᠢ ᠪᠦᠷᠢᠳᠦᠭᠦᠯᠬᠦ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ᠂ ᠥᠷᠲᠡᠭ᠎ᠤᠨ ᠬᠡᠯᠬᠢᠶ᠎ᠡ ᠵᠢ ᠳᠠᠬᠢᠨ ᠪᠠᠶ᠋ᠢᠭᠤᠯᠬᠤ ᠪᠠ ᠲᠠᠰ ᠳᠡᠪᠰᠢᠭᠦᠯᠬᠦ ᠵᠢ ᠠᠬᠢᠭᠤᠯᠵᠤ᠂ ᠠᠵᠤ ᠦᠢ᠍ᠯᠡᠰ᠎ᠤᠨ ᠬᠦᠷᠢᠶᠡᠯᠡᠩ᠎ᠢ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠨ ᠬᠥᠭᠵᠢᠬᠦ ᠣᠷᠣᠨ ᠪᠣᠯᠭ᠋ᠠᠨ ᠪᠠᠢ᠌ᠭᠤᠯᠤᠨ᠎ᠠ᠃
(ᠳᠥᠷᠪᠡ) ᠡᠵᠡᠩᠨᠡᠯᠲᠡ ᠵᠢᠨ ᠭᠣᠣᠯ ᠴᠣᠭᠴᠠ ᠵᠢᠨ ᠬᠦᠷᠢᠶᠡᠯᠡᠩ᠎ᠳᠤ ᠣᠷᠣᠵᠤ ᠡᠵᠡᠩᠨᠡᠬᠦ ᠵᠢ ᠵᠣᠷᠢᠭᠵᠢᠭᠤᠯᠵᠤ᠂ ᠲᠠᠷᠢᠶᠠᠯᠠᠩ᠎ᠲᠠᠢ ᠬᠣᠯᠪᠤᠭ᠋ᠠᠯᠠᠨ ᠲᠠᠷᠢᠶᠠᠯᠠᠩ᠎ᠢ ᠳᠠᠢ᠌ᠴᠢᠯᠠᠭᠰᠠᠨ ᠦᠷ᠎ᠡ ᠪᠦᠲᠦᠮᠵᠢ ᠵᠢᠨ ᠣᠷᠣᠨ᠎ᠢ ᠪᠦᠲᠦᠭᠡᠨ ᠪᠠᠢ᠌ᠭᠤᠯᠤᠨ᠎ᠠ᠃ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ᠂ ᠮᠠᠯᠴᠢᠨ ᠲᠠᠷᠢᠶᠠᠴᠢᠨ᠎ᠤ ᠬᠣᠷᠰᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠲᠣᠯᠣᠭ᠋ᠠᠢ᠌ᠯᠠᠭᠴᠢ ᠠᠵᠤ ᠠᠬᠤᠢ᠌ᠯᠠᠯ᠂ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠬᠦᠷᠢᠶᠡᠯᠡᠩ᠎ᠳᠤ ᠣᠷᠣᠵᠤ ᠬᠥᠭᠵᠢᠬᠦ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠵᠠᠬᠢᠶᠠᠯᠠᠭ᠎ᠠ ᠵᠢᠨ ᠲᠠᠷᠢᠶᠠᠯᠠᠩ᠂ ᠬᠤᠪᠢ ᠣᠷᠣᠭᠤᠯᠤᠨ ᠬᠤᠷᠰᠢᠬᠤ᠂ ᠬᠤᠪᠢ ᠨᠤᠭᠤᠯᠤᠨ ᠪᠤᠳᠤᠵᠤ ᠬᠡᠮᠵᠢᠶᠡᠵᠢᠭᠦᠯᠬᠦ᠂ ᠨᠡᠢ᠌ᠭᠡᠮᠴᠢᠯᠡᠭᠰᠡᠨ ᠦᠢ᠍ᠯᠡᠴᠢᠯᠡᠭᠡ᠂ ᠬᠥᠳᠡᠯᠮᠦᠷᠢ ᠠᠵᠢᠯ ᠣᠯᠭᠣᠯᠲᠠ ᠵᠡᠷᠭᠡ ᠬᠡᠯᠪᠡᠷᠢ᠎ᠪᠠᠷ ᠣᠯᠠᠨ ᠡᠰᠢᠵᠢᠭᠰᠡᠨ ᠲᠠᠷᠢᠶᠠᠯᠠᠩ᠎ᠲᠠᠢ ᠬᠣᠯᠪᠣᠭ᠋ᠠᠯᠠᠵᠤ ᠲᠠᠷᠢᠶᠠᠯᠠᠩ᠎ᠢ ᠳᠠᠢ᠌ᠴᠢᠯᠠᠬᠤ ᠵᠠᠭᠪᠤᠷ᠎ᠢ ᠭᠣᠣᠯᠳᠠᠯᠭ᠎ᠠ᠎ᠲᠠᠢ ᠪᠠᠢ᠌ᠭᠤᠯᠵᠤ᠂ ᠲᠣᠭᠲᠠᠭᠤᠨ ᠵᠶ᠋ᠠᠷ ᠠᠵᠢᠯᠯᠠᠵᠤ ᠳᠡᠶ᠋ᠢᠯᠬᠦ᠂ ᠦᠷᠭᠦᠯᠵᠢᠯᠡᠬᠦ᠂ ᠬᠥᠭᠵᠢᠵᠦ ᠳᠡᠶ᠋ᠢᠯᠬᠦ ᠲᠠᠷᠢᠶᠠᠯᠠᠩ᠎ᠲᠠᠢ ᠬᠣᠯᠪᠣᠭ᠋ᠠᠯᠠᠵᠤ ᠲᠠᠷᠢᠶᠠᠯᠠᠩ᠎ᠢ ᠳᠠᠢ᠌ᠴᠢᠯᠠᠬᠤ ᠲᠣᠭᠲᠠᠴᠠ ᠵᠢ ᠪᠠᠢ᠌ᠭᠤᠯᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠤᠨ ᠲᠦᠭᠡᠮᠡᠯ ᠬᠠᠷᠠᠭ᠋ᠠᠯᠵᠠᠯ᠎ᠤᠨ ᠬᠦᠷᠢᠶᠡᠯᠡᠩ᠎ᠤᠨ ᠳᠣᠲᠣᠷᠠᠬᠢ ᠮᠠᠯᠴᠢᠨ ᠲᠠᠷᠢᠶᠠᠴᠢᠨ᠎ᠢ ᠦᠨᠡᠨᠬᠦ ᠪᠠᠲᠤᠯᠠᠨ᠎ᠠ᠃
(ᠲᠠᠪᠤ) ᠲᠠᠷᠢᠶᠠᠯᠠᠩ ᠮᠠᠯ ᠠᠵᠤ ᠠᠬᠤᠢ ᠵᠢᠨ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠴᠢᠨᠠᠷ ᠰᠠᠢ᠌ᠲᠠᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠢ᠌ᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠰᠢᠰᠲ᠋ᠧᠮ᠂ ᠦᠢ᠍ᠯᠡᠳᠪᠦᠷᠢᠯᠡᠯ᠎ᠤᠨ ᠰᠢᠰᠲ᠋ᠧᠮ᠂ ᠠᠵᠤ ᠦᠢ᠍ᠯᠡᠰ᠎ᠤᠨ ᠰᠢᠰᠲ᠋ᠧᠮ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠷᠭᠡᠳᠬᠡᠵᠦ᠂ ᠲᠥᠷᠥᠯ ᠵᠦᠢ᠍ᠯ ᠵᠶ᠋ᠡᠷ ᠰᠢᠯᠢᠳᠡᠭ᠎ᠢ ᠪᠣᠢ᠌ᠵᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠪᠠ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠵᠢ ᠠᠬᠢᠭᠤᠯᠵᠤ᠂ ᠭᠡᠷᠡᠴᠢᠯᠡᠯ᠎ᠤᠨ ᠪᠣᠬᠢᠷᠲᠤᠯ ᠦᠭᠡᠢ ᠢᠳᠡᠭᠡᠨ᠂ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ ᠪᠠ ᠭᠠᠵᠠᠷ ᠵᠦᠢ ᠵᠢᠨ ᠲᠡᠮᠳᠡᠭᠲᠦ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠢ᠌ᠵᠢᠭᠤᠯᠵᠤ᠂ ᠠᠮᠠᠯᠠᠯᠲᠠ ᠵᠢᠨ ᠪᠠᠷᠢᠮᠵᠢᠶ᠎ᠠ᠎ᠳᠤ ᠬᠦᠷᠦᠭᠦᠯᠵᠦ ᠬᠢᠷᠢ ᠲᠡᠩᠴᠡᠭᠰᠡᠨ ᠦᠨᠡᠮᠯᠡᠯ᠎ᠤᠨ ᠳᠦᠷᠢᠮ᠎ᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠬᠡᠪ ᠳᠠᠭᠤᠷᠢᠶᠠᠯ᠎ᠢ ᠪᠣᠶ ᠪᠣᠯᠭ᠋ᠠᠵᠤ᠂ ᠠᠵᠤ ᠦᠢ᠍ᠯᠡᠰ᠎ᠤᠨ ᠬᠦᠷᠢᠶᠡᠯᠡᠩ᠎ᠢ ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ ᠪᠣᠯᠭ᠋ᠠᠨ᠎ᠠ᠃
ᠭᠤᠷᠪᠠ᠂ ᠦᠨᠳᠦᠰᠦᠨ ᠨᠥᠬᠥᠴᠡᠯ
(ᠨᠢᠭᠡ) ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ᠎ᠨᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠪᠠᠢ᠌ᠬᠤ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ᠎ᠳᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠲᠤᠰᠬᠠᠢ ᠵᠦᠢ᠍ᠯ᠎ᠤᠨ ᠲᠥᠯᠦᠪᠵᠢᠭᠦᠯᠭᠡ ᠪᠠ ᠪᠦᠲᠦᠭᠡᠨ ᠪᠠᠢ᠌ᠭᠤᠯᠤᠯᠲᠠ ᠵᠢᠨ ᠲᠥᠰᠥᠯ ᠪᠠᠢ᠌ᠬᠤ ᠬᠡᠷᠡᠭᠲᠡᠢ᠂ ᠲᠤᠬᠠᠢ ᠵᠢᠨ ᠭᠠᠵᠠᠷ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠵᠢᠨ ᠶᠡᠷᠦᠩᠬᠡᠢ ᠱᠠᠭ᠋ᠠᠷᠳᠠᠯᠭ᠎ᠠ᠎ᠳᠤ ᠨᠡᠢ᠌ᠴᠡᠵᠦ᠂ ᠠᠵᠤ ᠦᠢ᠍ᠯᠡᠰ᠎ᠤᠨ ᠪᠠᠢ᠌ᠷᠢᠰᠢᠯ᠎ᠢ ᠰᠢᠶᠠᠨ᠎ᠤ ᠬᠡᠪᠴᠢᠶᠡᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠭᠣᠣᠯ ᠣᠷᠣᠨ ᠵᠶ᠋ᠠᠷ ᠭᠣᠣᠯ ᠪᠣᠯᠭ᠋ᠠᠵᠤ᠂ ᠪᠠᠢ᠌ᠭ᠋ᠠᠯᠢ ᠵᠢᠨ ᠭᠠᠵᠠᠷ ᠵᠦᠢ ᠵᠢᠨ ᠵᠠᠭ᠋ᠠᠭ ᠱᠤᠭᠤᠮ᠎ᠢ ᠲᠣᠳᠣᠷᠬᠠᠢ ᠵᠠᠭ᠋ᠠᠭᠯᠠᠨ ᠲᠣᠭᠲᠠᠭ᠋ᠠᠵᠤ᠂ ᠬᠡᠪᠴᠢᠶᠡᠵᠢᠭᠰᠡᠨ ᠪᠠᠷᠢᠮᠵᠢᠶᠠᠵᠢᠭᠰᠠᠨ ᠳᠠᠷᠢᠵᠤ ᠲᠡᠵᠢᠭᠡᠬᠦ ᠰᠠᠭᠤᠷᠢᠨ ᠭᠠᠵᠠᠷ ᠵᠶ᠋ᠠᠷ ᠲᠦᠰᠢᠭ ᠪᠣᠯᠭ᠋ᠠᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠪᠣᠯᠪᠠᠰᠤᠷᠠᠭᠤᠯᠬᠤ᠂ ᠬᠦᠯᠳᠡᠭᠡᠭᠰᠡᠨ ᠪᠠᠷᠠᠭ᠋ᠠᠨ᠎ᠤ ᠬᠦᠢ᠍ᠯᠭᠡᠭᠡ᠂ ᠨᠡᠢ᠌ᠭᠡᠮᠴᠢᠯᠡᠭᠰᠡᠨ ᠦᠢ᠍ᠯᠡᠴᠢᠯᠡᠭᠡ᠎ᠪᠠᠷ ᠲᠤᠯᠭ᠋ᠠᠭᠤᠷᠢᠯᠠᠯ ᠪᠣᠯᠭ᠋ᠠᠨ᠂ ᠠᠰᠢᠭ ᠲᠤᠰᠠ ᠵᠢ ᠬᠣᠯᠪᠣᠭᠳᠠᠭᠤᠯᠬᠤ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ᠂ ᠵᠠᠮ ᠬᠠᠷᠢᠯᠴᠠᠭ᠎ᠠ ᠵᠢ ᠬᠣᠯᠪᠣᠬᠤ᠎ᠪᠠᠷ ᠰᠠᠭᠤᠷᠢ ᠪᠣᠯᠭ᠋ᠠᠨ᠂ ᠰᠤᠮᠤ ᠰᠢᠶᠠᠩ ᠪᠠᠯᠭ᠋ᠠᠰᠤ ᠠᠯᠤᠰᠯᠠᠨ ᠪᠦᠲᠦᠭᠡᠨ ᠪᠠᠶ᠋ᠢᠭᠤᠯᠬᠤ ᠵᠢ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ᠂ ᠣᠷᠣᠨ ᠪᠦᠰᠡ ᠵᠢᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠡᠵᠡᠮᠳᠡᠵᠦ᠂ ᠴᠢᠳᠠᠮᠵᠢ ᠵᠢᠨ ᠪᠠᠢ᠌ᠷᠢᠰᠢᠭᠤᠯᠤᠯ᠎ᠢ ᠨᠢᠭᠡᠳᠦᠯᠲᠡᠢ ᠲᠥᠯᠥᠪᠯᠡᠨ᠂ ᠬᠠᠪᠲᠠᠭ᠋ᠠᠢ ᠬᠡᠰᠡᠭ᠎ᠤᠨ ᠴᠢᠳᠠᠮᠵᠢ᠎ᠨᠢ ᠲᠣᠳᠣᠷᠬᠠᠢ᠂ ᠡᠷᠬᠢᠨ ᠲᠣᠭᠣᠷᠢᠨ᠎ᠤ ᠠᠵᠤ ᠦᠢ᠍ᠯᠡᠰ᠎ᠤᠨ ᠳᠠᠢ᠌ᠴᠢᠯᠠᠯᠲᠠ᠎ᠨᠢ ᠢᠯᠡᠷᠬᠡᠢ᠂ ᠲᠠᠷᠢᠶᠠᠴᠢᠨ ᠮᠠᠯᠴᠢᠳ ᠤᠨ ᠣᠷᠣᠯᠭ᠎ᠠ ᠵᠢᠨ ᠨᠡᠮᠡᠭᠳᠡᠯ᠎ᠨᠢ ᠢᠯᠡᠷᠬᠡᠢ ᠦᠷ᠎ᠡ ᠪᠦᠲᠦᠮᠵᠢ᠎ᠲᠠᠢ ᠰᠠᠴᠤᠷᠠᠭ ᠣᠷᠣᠨ᠎ᠢ ᠪᠤᠢ ᠪᠣᠯᠭ᠋ᠠᠨ᠎ᠠ᠃
(ᠬᠣᠶᠠᠷ) ᠭᠣᠣᠯᠯᠠᠬᠤ ᠠᠵᠤ ᠦᠢ᠍ᠯᠡᠰ᠎ᠤᠨ ᠳᠠᠪᠠᠭᠤᠯᠢᠭ᠎ᠨᠢ ᠢᠯᠡᠷᠬᠡᠢ ᠪᠠᠢ᠌ᠬᠤ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ᠎ᠤᠨ ᠭᠣᠣᠯᠯᠠᠬᠤ ᠠᠵᠤ ᠦᠢ᠍ᠯᠡᠰ᠎ᠢ ᠡᠩ᠎ᠤᠨ ᠪᠠᠢ᠌ᠳᠠᠯ᠎ᠳᠤ 2᠎ᠠᠴᠠ ᠬᠡᠲᠦᠷᠡᠭᠦᠯᠵᠦ ᠪᠣᠯᠬᠤ ᠦᠭᠡᠢ᠂ ᠭᠣᠣᠯᠯᠠᠬᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ ᠠᠵᠤ ᠦᠢ᠍ᠯᠡᠰ᠎ᠤᠨ ᠬᠦᠷᠢᠶᠡᠯᠡᠩ᠎ᠤᠨ ᠦᠢ᠍ᠯᠡᠳᠬᠦᠨ᠎ᠤ ᠶᠡᠷᠦᠩᠬᠡᠢ ᠥᠷᠲᠡᠭ᠎ᠤᠨ 50%᠎ᠠᠴᠠ ᠳᠣᠷᠣᠭᠰᠢ ᠪᠠᠢ᠌ᠯᠭ᠋ᠠᠵᠤ ᠪᠣᠯᠬᠤ ᠦᠭᠡᠢ; ᠠᠵᠤ ᠦᠢ᠍ᠯᠡᠰ᠎ᠤᠨ ᠬᠦᠷᠢᠶᠡᠯᠡᠩ᠎ᠤᠨ ᠦᠢ᠍ᠯᠡᠳᠬᠦᠨ᠎ᠤ ᠶᠡᠷᠦᠩᠬᠡᠢ ᠥᠷᠳᠡᠭ᠎ᠢ 20 ᠳ᠋ᠥᠢ᠍ᠨᠭᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠢ᠃ ᠭᠣᠣᠯᠯᠠᠬᠤ ᠠᠵᠤ ᠦᠢ᠍ᠯᠡᠰ᠎ᠨᠢ 《ᠦᠢ᠍ᠯᠡᠳᠪᠦᠷᠢᠯᠡᠬᠦ + ᠪᠣᠯᠪᠠᠰᠤᠷᠠᠭᠤᠯᠬᠤ + ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ》᠎ᠤᠨ ᠬᠥᠭᠵᠢᠯᠲᠡ ᠵᠢᠨ ᠣᠨᠣᠯᠵᠢᠬᠤᠨ᠎ᠳᠤ ᠨᠡᠢ᠌ᠴᠡᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠎ᠤᠨ ᠲᠥᠪᠯᠡᠷᠡᠭᠰᠡᠨ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠬᠥᠭᠵᠢᠯᠲᠡ᠎ᠪᠠᠷ ᠰᠠᠢ᠌ᠨ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠤᠨ ᠳᠠᠪᠠᠭᠤᠯᠢᠭ ᠵᠶ᠋ᠠᠷ ᠢᠯᠡᠷᠬᠡᠢ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠪᠣᠶ ᠪᠣᠯᠭ᠋ᠠᠬᠤ ᠬᠡᠷᠡᠭᠲᠡᠢ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ᠎ᠪᠠᠷ ᠭᠣᠣᠯ ᠤᠳᠤᠷᠢᠳᠤᠮᠵᠢ ᠪᠣᠯᠭ᠋ᠠᠭᠰᠠᠨ ᠠᠵᠤ ᠦᠢ᠍ᠯᠡᠰ᠎ᠤᠨ ᠬᠦᠷᠢᠶᠡᠯᠡᠩ᠎ᠨᠢ ᠭᠣᠣᠯ ᠤᠳᠤᠷᠢᠳᠤᠮᠵᠢ ᠪᠣᠯᠬᠤ ᠠᠵᠤ ᠦᠢ᠍ᠯᠡᠰ᠎ᠢ ᠲᠤᠪᠤᠢ᠍ᠢ᠍ᠯᠭ᠋ᠠᠭᠰᠠᠨ ᠰᠠᠭᠤᠷᠢᠨ ᠳᠡᠭᠡᠷ᠎ᠡ᠂ ᠪᠤᠰᠤᠳ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠬᠠᠮᠲᠤᠳᠤᠨᠢ ᠬᠠᠷᠠᠭ᠋ᠠᠯᠵᠠᠵᠤ᠂ ᠲᠤᠰᠠᠭ᠋ᠠᠷ ᠬᠦᠷᠢᠶᠡᠯᠡᠩ ᠲᠣᠭᠣᠷᠢᠭ (ᠡᠰᠡᠬᠦᠯ᠎ᠡ ᠮᠠᠯ ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠣᠷᠣᠨ ᠬᠡᠰᠡᠭ) ᠤᠨ ᠶᠡᠷᠦᠩᠬᠡᠢ ᠥᠷᠳᠡᠭ᠎ᠢ 30 ᠳ᠋ᠦ᠍ᠢ᠍ᠨᠭᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠢ᠂ ᠡᠭᠦᠨ᠎ᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠳᠡᠭ᠎ᠤᠨ ᠬᠤᠪᠢ ᠵᠢᠨ ᠵᠢᠩ᠎ᠢ 50%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠃ ᠰᠣᠩᠭᠣᠭᠰᠠᠨ ᠣᠨᠴᠠᠯᠢᠭᠲᠤ ᠠᠵᠤ ᠦᠢ᠍ᠯᠡᠰ ᠪᠤᠶᠤ ᠲᠤᠯᠭ᠋ᠠᠭᠤᠷᠢ ᠠᠵᠤ ᠦᠢ᠍ᠯᠡᠰ᠎ᠨᠢ ᠥᠪᠡᠷᠲᠡᠭᠡᠨ ᠵᠠᠰᠠᠬᠤ ᠣᠷᠣᠨ ᠪᠤᠶᠤ ᠪᠥᠬᠥ ᠤᠯᠤᠰ᠎ᠲᠤ ᠨᠡᠯᠢᠶᠡᠳ ᠴᠢᠩᠭ᠎ᠠ ᠥᠷᠢᠰᠦᠯᠳᠦᠭᠡᠨ᠎ᠤ ᠳᠠᠪᠠᠭᠤᠯᠢᠭ᠎ᠲᠠᠢ ᠪᠠᠢ᠌ᠵᠤ᠂ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢᠨ ᠣᠷᠣᠨ ᠪᠦᠰᠡ ᠵᠢᠨ ᠲᠡᠷᠢᠭᠦᠨ᠎ᠤ ᠪᠠᠢ᠌ᠬᠤ ᠬᠡᠷᠡᠭᠲᠡᠢ᠃
(ᠭᠤᠷᠪᠠ) ᠤᠳᠤ ᠦᠶ᠎ᠡ ᠵᠢᠨ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠴᠤᠭᠯᠠᠷᠠᠯ ᠪᠠᠢ᠌ᠬᠤ ᠬᠡᠷᠡᠭᠲᠡᠢ᠃ ᠭᠣᠣᠯᠯᠠᠬᠤ ᠠᠵᠤ ᠦᠢ᠍ᠯᠡᠰ᠎ᠢ ᠣᠷᠣᠭᠤᠯᠤᠨ ᠠᠪᠴᠢᠷᠠᠬᠤ ᠪᠠ ᠶᠡᠬᠡ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠬᠤ ᠵᠢᠨ ᠲᠣᠭᠣᠷᠢᠨ᠎ᠳᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠠᠪᠴᠠᠩ ᠪᠠᠢ᠌ᠭᠤᠯᠵᠤ᠂ ᠲᠤᠰᠬᠠᠢ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠴᠦᠨ᠎ᠢ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ᠂ ᠡᠵᠡᠩᠨᠡᠯᠲᠡ᠎ᠳᠤ ᠣᠷᠣᠯᠴᠠᠭᠤᠯᠵᠤ᠂ ᠬᠥᠲᠥᠴᠢ ᠠᠵᠤ ᠠᠬᠤᠢ᠌ᠯᠠᠯ᠂ ᠮᠠᠯᠴᠢᠨ ᠲᠠᠷᠢᠶᠠᠴᠢᠨ᠎ᠤ ᠬᠣᠷᠰᠢᠶ᠎ᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠬᠦᠴᠦᠨ ᠪᠣᠯᠭ᠋ᠠᠨ᠎ᠠ᠃ ᠬᠦᠷᠢᠶᠡᠯᠡᠩ᠎ᠤᠨ ᠳᠣᠲᠣᠷᠠᠬᠢ ᠥᠪᠡᠷᠲᠡᠭᠡᠨ ᠵᠠᠰᠠᠬᠤ ᠣᠷᠣᠨ᠎ᠤ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ ᠬᠥᠲᠥᠴᠢ ᠠᠵᠤ ᠠᠬᠤᠢ᠌ᠯᠠᠯ᠎ᠢ 3 ᠡᠷᠦᠬᠡ᠎ᠠᠴᠠ ᠳᠤᠲᠠᠭᠤ ᠦᠭᠡᠢ ᠪᠠᠢ᠌ᠯᠭ᠋ᠠᠵᠤ᠂ ᠠᠢ᠌ᠮᠠᠭ ᠬᠣᠲᠠ ᠵᠢᠨ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ ᠬᠥᠲᠥᠴᠢ ᠠᠵᠤ ᠠᠬᠤᠢ᠌ᠯᠠᠯ᠎ᠢ 5 ᠡᠷᠦᠬᠡ᠎ᠠᠴᠠ ᠳᠤᠲᠠᠭᠤ ᠦᠭᠡᠢ ᠪᠠᠢ᠌ᠯᠭ᠋ᠠᠵᠤ᠂ ᠲᠠᠷᠢᠶᠠᠯᠠᠩ᠎ᠲᠠᠢ ᠬᠣᠯᠪᠤᠭ᠋ᠠᠯᠠᠨ ᠲᠠᠷᠢᠶᠠᠯᠠᠩ᠎ᠢ ᠳᠠᠢ᠌ᠴᠢᠯᠠᠬᠤ ᠦᠷ᠎ᠡ ᠪᠦᠲᠦᠮᠵᠢ᠎ᠨᠢ ᠢᠯᠡᠷᠬᠡᠢ᠂ ᠦᠢ᠍ᠯᠡᠳᠪᠦᠷᠢᠯᠡᠯ ᠡᠵᠡᠩᠨᠡᠯᠲᠡ ᠵᠢᠨ ᠰᠢᠰᠲ᠋ᠧᠮᠵᠢ᠎ᠨᠢ ᠪᠦᠷᠢᠨ ᠲᠡᠭᠦᠯᠳᠡᠷ᠂ ᠬᠡᠪᠴᠢᠶᠡᠲᠦ ᠡᠵᠡᠩᠨᠡᠯᠲᠡ᠎ᠨᠢ ᠢᠯᠡᠷᠬᠡᠢ ᠪᠠᠢ᠌ᠵᠤ᠂ ᠰᠠᠢ᠌ᠨ ᠡᠭᠦᠯᠳᠡᠷ ᠰᠠᠢ᠌ᠨ ᠠᠷᠭ᠎ᠠ ᠰᠠᠢ᠌ᠨ ᠲᠣᠬᠢᠶᠠᠯ᠎ᠢ ᠢᠵᠢ ᠪᠦᠷᠢᠳᠦᠭᠦᠯᠵᠦ᠂ ᠮᠠᠰᠢᠨᠴᠢᠯᠠᠯᠲᠠ᠂ ᠮᠡᠳᠡᠭᠡ ᠵᠠᠩᠭᠢᠴᠢᠯᠠᠯᠲᠠ᠂ ᠲᠣᠭ᠋ᠠᠴᠢᠯᠠᠯᠲᠠ ᠵᠢᠨ ᠬᠢᠷᠢ ᠬᠡᠮᠵᠢᠶ᠎ᠡ᠎ᠨᠢ ᠨᠡᠯᠢᠶᠡᠳ ᠥᠨᠳᠥᠷ ᠪᠠᠢ᠌ᠬᠤ ᠬᠡᠷᠡᠭᠲᠡᠢ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ᠎ᠪᠠᠷ ᠭᠣᠣᠯᠯᠠᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ᠎ᠳᠤ᠂ ᠵᠢᠯ᠎ᠤᠨ ᠪᠣᠷᠤᠯᠠᠭᠤᠯᠭ᠎ᠠ ᠵᠢᠨ ᠣᠷᠣᠯᠭ᠎ᠠ᠎ᠨᠢ 2000 ᠲᠦᠮᠡᠨ ᠲᠥᠭᠥᠷᠢᠭ᠎ᠠᠴᠠ ᠳᠡᠭᠡᠭᠰᠢᠬᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠠᠵᠤ ᠠᠬᠤᠢ᠌ᠯᠠᠯ᠎ᠢ 10 ᠡᠷᠦᠬᠡ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ (ᠡᠭᠦᠨ᠎ᠳᠤ ᠵᠢᠯ᠎ᠤᠨ ᠪᠣᠷᠤᠯᠠᠭᠤᠯᠭ᠎ᠠ ᠵᠢᠨ ᠣᠷᠣᠯᠭ᠎ᠠ᠎ᠨᠢ 3 ᠳ᠋ᠦᠩᠰᠢᠭᠤᠷ ᠲᠥᠭᠥᠷᠢᠭ᠎ᠠᠴᠠ ᠳᠡᠭᠡᠭᠰᠢ)᠂ ᠡᠰᠡᠬᠦᠯ᠎ᠡ ᠠᠵᠢᠯ ᠲᠥᠷᠥᠯ᠎ᠤᠨ ᠳᠠᠪᠠᠭᠤᠯᠢᠭ᠎ᠲᠠᠢ ᠪᠣᠯᠪᠠᠰᠤᠷᠠᠭᠤᠯᠬᠤ ᠠᠵᠤ ᠠᠬᠤᠢ᠌ᠯᠠᠯ 2᠎ᠠᠴᠠ ᠳᠡᠭᠡᠭᠰᠢ (ᠵᠢᠯ᠎ᠤᠨ ᠪᠣᠷᠤᠯᠠᠭᠤᠯᠭ᠎ᠠ ᠵᠢᠨ ᠣᠷᠣᠯᠭ᠎ᠠ᠎ᠨᠢ 5 ᠳ᠋ᠦᠩᠰᠢᠭᠤᠷ ᠲᠥᠭᠥᠷᠢᠭ᠎ᠢ ᠳᠠᠪᠠᠭᠰᠠᠨ) ᠴᠤᠭᠯᠠᠷᠠᠭᠰᠠᠨ ᠪᠠᠢ᠌ᠬᠤ ᠬᠡᠷᠡᠭᠲᠡᠢ᠃
(ᠳᠥᠷᠪᠡ) ᠪᠣᠬᠢᠷᠲᠤᠯ ᠦᠭᠡᠢ ᠬᠥᠭᠵᠢᠯᠲᠡ ᠵᠢᠨ ᠦᠷ᠎ᠡ ᠪᠦᠲᠦᠮᠵᠢ ᠲᠣᠪᠣᠢ᠌ᠮ᠎ᠠ ᠪᠠᠢ᠌ᠬᠤ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ᠎ᠤᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠬᠠᠶᠠᠭᠳᠠᠮᠠᠯ ᠪᠣᠳᠠᠰ᠎ᠢ ᠨᠡᠢ᠌ᠳᠡᠮ ᠡᠬᠢ ᠪᠠᠶᠠᠯᠢᠭᠵᠢᠭᠤᠯᠤᠨ ᠠᠰᠢᠭᠯᠠᠬᠤ ᠵᠢ ᠪᠡᠶᠡᠯᠡᠭᠦᠯᠵᠦ᠂ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 80%᠎ᠠᠴᠠ ᠳᠡᠭᠡᠭᠰᠢ᠎ᠳᠤ ᠬᠦᠷᠦᠭᠦᠯᠦᠨ᠎ᠡ; ᠥᠨᠳᠥᠷ ᠪᠦᠲᠦᠮᠵᠢᠲᠡᠶ ᠪᠣᠬᠢᠷᠲᠤᠯ ᠦᠭᠡᠢ ᠲᠡᠵᠢᠭᠡᠨ ᠦᠷᠡᠵᠢᠭᠦᠯᠵᠦ ᠳᠠᠷᠢᠬᠤ ᠮᠡᠷᠭᠡᠵᠢᠯ ᠪᠠ ᠪᠡᠯᠡᠳᠬᠡᠮᠵᠢ ᠲᠣᠨᠣᠭ ᠲᠥᠬᠦᠭᠡᠷᠦᠮᠵᠢ ᠪᠦᠷᠢᠨ ᠲᠡᠭᠦᠯᠳᠡᠷ ᠪᠠᠢ᠌ᠵᠤ᠂ ᠡᠰᠢ ᠰᠦᠷᠡᠯ᠂ ᠲᠠᠷᠢᠶᠠᠯᠠᠩ᠎ᠤᠨ ᠵᠤᠯᠤᠮ᠎ᠠ ᠪᠦᠷᠬᠦᠪᠴᠢ ᠵᠢ ᠪᠦᠲᠦᠮᠵᠢᠲᠡᠶ ᠰᠢᠢ᠍ᠳᠪᠦᠷᠢᠯᠡᠬᠦ ᠪᠤᠶᠤ ᠠᠰᠢᠭᠯᠠᠵᠤ᠂ ᠬᠦᠷᠢᠶᠡᠯᠡᠩ᠎ᠤᠨ ᠳᠣᠲᠣᠷᠠᠬᠢ ᠪᠣᠶ ᠪᠦᠬᠦᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠢᠷᠡᠯᠲᠡ ᠵᠢ ᠡᠷᠢᠬᠦ ᠵᠢ ᠪᠡᠶᠡᠯᠡᠭᠦᠯᠵᠦ᠂ ᠲᠣᠭᠲᠠᠭᠰᠠᠨ ᠬᠡᠮᠵᠢᠶ᠎ᠡ᠎ᠪᠠᠷ ᠰᠤᠭᠤᠴᠢᠨ ᠪᠠᠢ᠌ᠴᠠᠭ᠋ᠠᠬᠤ᠎ᠳᠤ ᠬᠢᠷᠢ ᠲᠡᠩᠴᠡᠭᠰᠡᠨ ᠨᠣᠷᠮ᠎ᠠ ᠵᠢ 98%᠎ᠠᠴᠠ ᠳᠡᠭᠡᠭᠰᠢ᠎ᠳᠤ ᠬᠦᠷᠦᠭᠦᠯᠦᠨ᠎ᠡ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ ᠵᠶ᠋ᠡᠷ ᠭᠣᠣᠯᠯᠠᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ᠎ᠳᠤ ᠣᠷᠣᠵᠤ ᠰᠠᠭᠤᠭᠰᠠᠨ ᠠᠵᠤ ᠠᠬᠤᠢ᠌ᠯᠠᠯ᠎ᠨᠢ ᠪᠦᠷᠢᠨ ᠲᠡᠭᠦᠯᠳᠡᠷ ᠶᠠᠰᠤ ᠴᠢᠨᠠᠷ᠎ᠤᠨ ᠬᠠᠮᠢᠶᠠᠷᠤᠯᠲᠠ ᠬᠢᠭᠡᠳ ᠶᠠᠰᠤ ᠴᠢᠨᠠᠷ᠎ᠤᠨ ᠡᠵᠡᠮᠳᠡᠯ᠎ᠤᠨ ᠰᠢᠰᠲ᠋ᠧᠮᠵᠢ ᠵᠢ ᠪᠦᠷᠢᠳᠦᠭᠦᠯᠵᠦ᠂ ISO9001 ᠶᠠᠰᠤ ᠴᠢᠨᠠᠷ᠎ᠤᠨ ᠰᠢᠰᠲ᠋ᠧᠮᠵᠢ ᠵᠢᠨ ᠭᠡᠷᠡᠴᠢᠯᠡᠯ᠂ HACCP ᠭᠡᠷᠡᠴᠢᠯᠡᠯ ᠵᠡᠷᠭᠡ ᠵᠢᠨ ᠬᠢᠨᠠᠨ ᠲᠣᠭᠲᠠᠭ᠋ᠠᠯᠲᠠ ᠵᠢ ᠥᠩᠭᠡᠷᠡᠭᠦᠯᠦᠭᠰᠡᠨ ᠪᠠᠢ᠌ᠬᠤ ᠬᠡᠷᠡᠭᠲᠡᠢ᠃
(ᠲᠠᠪᠤ) ᠲᠠᠷᠢᠶᠠᠯᠠᠩ᠎ᠲᠠᠢ ᠬᠣᠯᠪᠣᠭ᠋ᠠᠯᠠᠵᠤ ᠲᠠᠷᠢᠶᠠᠯᠠᠩ᠎ᠢ ᠳᠠᠢ᠌ᠴᠢᠯᠠᠬᠤ ᠠᠵᠢᠯ ᠢᠯᠡᠳᠲᠡ ᠦᠷ᠎ᠡ
ᠪᠦᠲᠦᠮᠵᠢ ᠲᠠᠢ ᠪᠠᠢ᠌ᠬᠤ ᠬᠡᠷᠡᠭᠲᠡᠢ᠃ ᠨᠢᠭᠲᠠ ᠬᠡᠯᠪᠡᠷᠢ ᠵᠢᠨ ᠲᠠᠷᠢᠶᠠᠯᠠᠩ ᠤᠨ ᠠᠵᠤ ᠠᠬᠤᠢ᠌ᠯᠠᠯ᠎ᠤᠨ ᠠᠰᠢᠭ ᠲᠤᠰᠠ ᠵᠢ ᠬᠣᠯᠪᠣᠬᠤ ᠲᠣᠭᠲᠠᠴᠠ ᠵᠢ ᠪᠠᠢ᠌ᠭᠤᠯᠵᠤ᠂ 《ᠮᠠᠯᠵᠢᠬᠤ ᠲᠠᠷᠢᠶᠠᠯᠠᠬᠤ ᠡᠷᠦᠬᠡ + ᠬᠣᠷᠰᠢᠶ᠎ᠠ + ᠬᠥᠲᠥᠴᠢ ᠠᠵᠤ ᠠᠬᠤᠢ᠌ᠯᠠᠯ》 《ᠮᠠᠯᠵᠢᠬᠤ ᠲᠠᠷᠢᠶᠠᠯᠠᠬᠤ ᠡᠷᠦᠬᠡ + ᠬᠥᠲᠥᠴᠢ ᠠᠵᠤ ᠠᠬᠤᠢ᠌ᠯᠠᠯ》 ᠵᠡᠷᠭᠡ ᠬᠥᠭᠵᠢᠯᠲᠡ ᠵᠢᠨ ᠵᠠᠭᠪᠤᠷ ᠵᠶ᠋ᠠᠷ ᠳᠠᠮᠵᠢᠭᠤᠯᠤᠨ᠂ ᠬᠤᠪᠢ ᠣᠷᠣᠭᠤᠯᠤᠨ ᠬᠤᠷᠰᠢᠬᠤ᠂ ᠵᠠᠬᠢᠶᠠᠯᠠᠭ᠎ᠠ ᠵᠢᠨ ᠭᠡᠷ᠎ᠡ ᠲᠣᠭᠲᠠᠬᠤ᠂ ᠦᠢ᠍ᠯᠡᠴᠢᠯᠡᠭᠡᠨ᠎ᠤ ᠬᠠᠮᠵᠢᠯᠴᠠᠭ᠎ᠠ ᠬᠢᠬᠦ᠂ ᠰᠢᠯᠵᠢᠭᠦᠯᠦᠨ ᠤᠷᠢᠨ ᠬᠡᠷᠡᠭᠯᠡᠬᠦ᠂ ᠠᠵᠤ ᠦᠶ᠋ᠢᠯᠡᠰᠵᠢᠭᠰᠡᠨ ᠬᠣᠯᠪᠣᠭ᠋ᠠᠲᠤ ᠴᠣᠭᠴᠠ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠠᠪᠴᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠠᠵᠤ ᠦᠢ᠍ᠯᠡᠰ᠎ᠤᠨ ᠬᠥᠭᠵᠢᠯᠲᠡ ᠵᠢᠨ ᠬᠡᠯᠬᠢᠶ᠎ᠡ᠎ᠳᠤ ᠣᠷᠣᠭᠤᠯᠵᠤ ᠥᠷᠲᠡᠭ ᠨᠡᠮᠡᠭᠳᠡᠯ᠎ᠤᠨ ᠠᠰᠢᠭ ᠣᠷᠣᠯᠭ᠎ᠠ ᠵᠢ ᠪᠡᠶᠡᠯᠡᠭᠦᠯᠦᠨ᠎ᠡ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ ᠵᠶ᠋ᠡᠷ ᠭᠣᠣᠯᠯᠠᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ᠎ᠨᠢ 《ᠬᠥᠲᠥᠴᠢ ᠠᠵᠤ ᠠᠬᠤᠢ᠌ᠯᠠᠯ + ᠰᠠᠭᠤᠷᠢᠨ ᠭᠠᠵᠠᠷ + ᠬᠣᠷᠰᠢᠶ᠎ᠠ + ᠮᠠᠯᠵᠢᠬᠤ ᠲᠠᠷᠢᠶᠠᠯᠠᠬᠤ ᠡᠷᠦᠬᠡ》 《ᠬᠦᠷᠢᠶᠡᠯᠡᠩ ᠲᠣᠭᠣᠷᠢᠭ + ᠬᠠᠮᠲᠤ ᠵᠢᠨ ᠠᠵᠤ ᠠᠬᠤᠢ + ᠮᠠᠯᠵᠢᠬᠤ ᠲᠠᠷᠢᠶᠠᠯᠠᠬᠤ ᠡᠷᠦᠬᠡ》 ᠵᠡᠷᠭᠡ ᠠᠰᠢᠭ ᠲᠤᠰᠠ᠎ᠪᠠᠨ ᠬᠣᠯᠪᠣᠬᠤ ᠲᠣᠭᠲᠠᠴᠠ ᠵᠢ ᠦᠨᠳᠦᠰᠦᠨ᠎ᠳᠡᠭᠡᠨ ᠪᠣᠶ ᠪᠣᠯᠭ᠋ᠠᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠲᠦᠭᠦᠬᠡᠢ ᠮᠠᠲ᠋ᠧᠷᠢᠶᠠᠯ᠎ᠤᠨ ᠵᠠᠬᠢᠶᠠᠯᠠᠭ᠎ᠠ ᠵᠢᠨ ᠬᠠᠭᠤᠳᠠᠰᠤ᠎ᠪᠠᠷ ᠬᠤᠳᠠᠯᠳᠤᠨ ᠠᠪᠬᠤ ᠬᠠᠷᠢᠴᠠᠯ᠎ᠢ 60% ᠠᠴᠠ ᠳᠠᠪᠠᠭᠤᠯᠤᠨ᠎ᠠ᠃ ᠬᠦᠷᠢᠶᠡᠯᠡᠩ᠎ᠤᠨ ᠳᠣᠲᠣᠷᠠᠬᠢ ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ ᠵᠢᠨ ᠲᠤᠬᠢᠷᠠᠭᠤᠯᠵᠤ ᠪᠤᠯᠬᠤᠢ᠌ᠴᠠ ᠣᠷᠣᠯᠭ᠎ᠠ ᠵᠢ ᠲᠤᠬᠠᠢ ᠵᠢᠨ ᠭᠠᠵᠠᠷ᠎ᠤᠨ ᠳᠤᠮᠳᠠᠴᠢ ᠬᠢᠷᠢ ᠬᠡᠮᠵᠢᠶ᠎ᠡ ᠵᠢᠨ 25%᠎ᠠᠴᠠ ᠳᠡᠭᠡᠭᠰᠢ ᠪᠠᠢ᠌ᠯᠭ᠋ᠠᠨ᠎ᠠ᠃
(ᠵᠢᠷᠭᠤᠭ᠎ᠠ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠠᠷᠭ᠎ᠠ ᠬᠡᠮᠵᠢᠶ᠎ᠡ᠎ᠨᠢ ᠬᠦᠴᠦᠲᠡᠢ ᠪᠠᠢ᠌ᠬᠤ ᠬᠡᠷᠡᠭᠲᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ ᠠᠵᠤ ᠦᠢ᠍ᠯᠡᠰ᠎ᠤᠨ ᠬᠦᠷᠢᠶᠡᠯᠡᠩ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠰᠠᠢ᠌ᠲᠤᠷ ᠠᠰᠢᠭᠯᠠᠵᠤ ᠪᠠᠢ᠌ᠭ᠋ᠠᠳ ᠠᠵᠤ ᠦᠢ᠍ᠯᠡᠰ᠎ᠤᠨ ᠬᠦᠷᠢᠶᠡᠯᠡᠩ᠎ᠤᠨ ᠰᠠᠭᠤᠷᠢ ᠪᠦᠲᠦᠭᠡᠨ ᠪᠠᠢ᠌ᠭᠤᠯᠤᠯᠲᠠ᠎ᠳᠤ ᠤᠷᠢᠳᠠᠪᠠᠷ ᠬᠡᠷᠡᠭᠯᠡᠵᠦ᠂ ᠭᠠᠵᠠᠷ ᠬᠡᠷᠡᠭᠯᠡᠬᠦ ᠴᠠᠬᠢᠯᠭ᠋ᠠᠨ ᠬᠡᠷᠡᠭᠯᠡᠬᠦ᠂ ᠡᠳ᠋᠎ᠤᠨ ᠵᠠᠰᠠᠭ᠎ᠤᠨ ᠳᠡᠮᠵᠢᠯᠭᠡ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠡᠷᠡᠭᠯᠡᠭᠡ᠂ ᠴᠢᠳᠠᠪᠤᠷᠢᠲᠠᠨ᠎ᠤ ᠲᠤᠯᠭ᠋ᠠᠭᠤᠷᠢᠯᠠᠯ ᠵᠡᠷᠭᠡ ᠲᠠᠯ᠎ᠠ᠎ᠪᠠᠷ ᠲᠣᠳᠣᠷᠬᠠᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠲᠠᠢ ᠪᠠᠢ᠌ᠬᠤ ᠬᠡᠷᠡᠭᠲᠡᠢ᠃ ᠬᠦᠷᠢᠶᠡᠯᠡᠩ᠎ᠤᠨ ᠳᠣᠲᠣᠷᠠᠬᠢ ᠤᠰᠤ᠂ ᠴᠠᠬᠢᠯᠭ᠋ᠠᠨ᠂ ᠵᠠᠮ᠂ ᠳᠤᠯᠠᠭ᠋ᠠᠯᠠᠭ᠎ᠠ᠂ ᠮᠡᠳᠡᠭᠡ᠂ ᠲᠣᠣᠷ ᠰᠦᠯᠵᠢᠶ᠎ᠡ ᠵᠡᠷᠭᠡ ᠰᠠᠭᠤᠷᠢ ᠲᠥᠬᠥᠭᠡᠷᠦᠮᠵᠢ᠎ᠨᠢ ᠦᠢ᠍ᠯᠡᠳᠪᠦᠷᠢᠯᠡᠯ ᠡᠵᠡᠩᠨᠡᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠪᠣᠯᠪᠠᠰᠤᠷᠠᠭᠤᠯᠬᠤ᠂ ᠭᠦᠢ᠍ᠯᠭᠡᠭᠡᠨ᠎ᠳᠤ ᠬᠠᠳᠠᠭ᠋ᠠᠯᠠᠵᠤ ᠲᠡᠭᠡᠭᠡᠪᠦᠷᠢᠯᠡᠬᠦ ᠵᠡᠷᠭᠡ ᠲᠣᠨᠣᠭ ᠲᠥᠬᠥᠭᠡᠷᠦᠮᠵᠢ᠎ᠨᠢ ᠦᠨᠳᠦᠰᠦᠨ᠎ᠳᠡᠭᠡᠨ ᠢᠵᠢ ᠪᠦᠷᠢᠳᠦᠭᠦᠯᠦᠨ᠎ᠡ᠃
(ᠳᠣᠯᠣᠭ᠎ᠠ) ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠬᠠᠷᠢᠶᠠᠲᠤ ᠣᠷᠣᠨ᠎ᠤ ᠵᠠᠰᠠᠭ᠎ᠤᠨ ᠣᠷᠳᠣᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠦᠲᠦᠮᠵᠢᠲᠡᠶ ᠠᠵᠢᠯ᠎ᠢ ᠵᠣᠬᠢᠴᠠᠭᠤᠯᠤᠨ ᠠᠬᠢᠭᠤᠯᠬᠤ ᠲᠣᠭᠲᠠᠴᠠ ᠵᠢ ᠪᠠᠢ᠌ᠭᠤᠯᠵᠤ᠂ ᠮᠥᠩᠭᠥᠨ ᠭᠦᠢ᠍ᠯᠭᠡᠭᠡᠨ ᠪᠠ ᠨᠡᠢ᠌ᠭᠡᠮ᠎ᠤᠨ ᠬᠥᠷᠥᠩᠭᠡ ᠵᠢᠨ ᠬᠦᠷᠢᠶᠡᠯᠡᠩ᠎ᠳᠤ ᠣᠷᠣᠵᠤ ᠪᠡᠯᠡ ᠣᠷᠣᠭᠤᠯᠤᠨ ᠪᠦᠲᠦᠭᠡᠨ ᠪᠠᠶ᠋ᠢᠭᠤᠯᠬᠤ ᠵᠢ ᠬᠥᠲᠥᠯᠥᠨ ᠵᠢᠯᠤᠭᠣᠳᠴᠤ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠢ᠌ᠭ᠋ᠠᠳ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠠᠵᠤ ᠦᠢ᠍ᠯᠡᠰ᠎ᠤᠨ ᠬᠦᠷᠢᠶᠡᠯᠡᠩ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ᠂ ᠲᠥᠷᠥᠯ ᠵᠦᠢ᠍ᠯ᠎ᠤᠨ ᠠᠬᠢᠴᠠ ᠵᠢ ᠲᠤᠰᠬᠠᠢ ᠲᠤᠰᠢᠶᠠᠯ ᠵᠶ᠋ᠠᠷ ᠲᠣᠬᠢᠷᠠᠭᠤᠯᠤᠨ᠂ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠪᠦᠷᠢᠳᠬᠡᠨ ᠵᠠᠳᠠᠯᠵᠤ᠂ ᠲᠤᠷᠰᠢᠯᠭ᠎ᠠ᠎ᠪᠠᠨ ᠳ᠋ᠦᠩᠨᠡᠬᠦ ᠵᠠᠭᠪᠤᠷ᠎ᠢ ᠪᠦᠷᠢᠳᠬᠡᠨ ᠵᠠᠳᠠᠯᠵᠤ᠂ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠣᠭᠲᠠᠴᠠ ᠵᠢ ᠪᠣᠶ ᠪᠣᠯᠭ᠋ᠠᠨ᠎ᠠ᠃
ᠳᠥᠷᠪᠡ᠂ ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ
ᠨᠢᠭᠡ᠎ᠳᠤ ᠵᠤᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠪᠣᠯ ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠣᠯᠣᠨ᠎ᠠ᠂ ᠪᠦᠲᠦᠭᠡᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠦᠴᠦᠨ᠎ᠢ ᠰᠠᠢ᠌ᠲᠤᠷ ᠨᠢᠭᠡᠳᠦᠯᠲᠡᠢ ᠲᠥᠯᠥᠪᠯᠡᠨ᠂ ᠵᠠᠰᠠᠭ᠎ᠤᠨ ᠣᠷᠳᠣᠨ ᠲᠦᠷᠦᠭᠦᠯᠡᠨ ᠤᠳᠤᠷᠢᠳᠬᠤ᠂ ᠰᠠᠯᠠᠭ᠎ᠠ ᠮᠥᠴᠢᠷ᠎ᠤᠳ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠬᠤ᠂ ᠨᠡᠢ᠌ᠭᠡᠮ ᠨᠡᠶ᠋ᠢᠲᠡ᠎ᠪᠠᠷ ᠵᠶ᠋ᠡᠨ ᠥᠷᠭᠡᠨ ᠵᠶ᠋ᠡᠷ ᠣᠷᠣᠯᠴᠠᠬᠤ ᠠᠵᠢᠯ᠎ᠤᠨ ᠲᠣᠭᠲᠠᠴᠠ ᠵᠢ ᠪᠣᠶ ᠪᠣᠯᠭ᠋ᠠᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠶᠠᠪᠤᠳᠠᠯ᠎ᠢ ᠵᠣᠬᠢᠴᠠᠭᠤᠯᠤᠨ ᠠᠬᠢᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠳᠤᠮᠳᠠ ᠲᠤᠯᠭ᠋ᠠᠷᠠᠭᠰᠠᠨ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠬᠣᠶᠠᠷ᠎ᠲᠤ ᠪᠦᠲᠦᠭᠡᠨ ᠪᠠᠢ᠌ᠭᠤᠯᠤᠯᠲᠠ ᠵᠢᠨ ᠲᠥᠰᠥᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠢ᠃ ᠨᠢᠭᠡᠨᠲᠡ ᠪᠠᠢ᠌ᠭᠤᠯᠬᠤ ᠵᠢ ᠵᠦᠪᠰᠢᠶᠡᠷᠡᠭᠰᠡᠨ ᠠᠵᠤ ᠦᠢ᠍ᠯᠡᠰ᠎ᠤᠨ ᠬᠦᠷᠢᠶᠡᠯᠡᠩ᠎ᠨᠢ ᠠᠵᠤ ᠦᠢ᠍ᠯᠡᠰ᠎ᠤᠨ ᠰᠠᠭᠤᠷᠢ᠎ᠲᠠᠢ᠎ᠪᠠᠨ ᠤᠶᠠᠯᠳᠤᠭᠤᠯᠤᠨ᠂ ᠠᠵᠤ ᠦᠢ᠍ᠯᠡᠰ᠎ᠤᠨ ᠬᠥᠭᠵᠢᠯᠲᠡ ᠵᠢᠨ ᠳᠤᠲᠠᠭᠤᠳᠠᠯ ᠪᠠᠭᠤᠷᠠᠢ ᠲᠠᠯ᠎ᠠ ᠵᠢ ᠣᠨᠣᠪᠴᠢᠲᠠᠶ ᠡᠷᠢᠵᠦ᠂ ᠭᠣᠣᠯᠯᠠᠬᠤ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠢ ᠲᠣᠳᠣᠷᠬᠠᠢ᠌ᠯᠠᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠴᠢᠳᠠᠮᠵᠢ ᠵᠢᠨ ᠪᠠᠢ᠌ᠷᠢᠰᠢᠭᠤᠯᠤᠯᠲᠠ ᠵᠢ ᠨᠢᠭᠡᠳᠦᠯᠲᠡᠢ ᠰᠠᠢ᠌ᠲᠤᠷ ᠲᠥᠯᠥᠪᠵᠢᠭᠦᠯᠵᠦ᠂ ᠪᠦᠲᠦᠭᠡᠨ ᠪᠠᠶ᠋ᠢᠭᠤᠯᠬᠤ ᠬᠡᠪᠴᠢᠶ᠎ᠡ ᠵᠢ ᠵᠦᠢ ᠵᠣᠬᠢᠰᠲᠠᠢ ᠲᠣᠭᠲᠠᠭ᠋ᠠᠨ᠂ ᠭᠦᠢ᠍ᠴᠡᠳ ᠪᠠᠢ᠌ᠴᠠᠭ᠋ᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠰᠥᠯ᠎ᠢ ᠰᠠᠢ᠌ᠲᠤᠷ ᠲᠣᠭᠲᠠᠭ᠋ᠠᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠠᠯᠭ᠋ᠠᠯᠳᠤᠬᠤ ᠴᠢᠨᠠᠷ ᠪᠠ ᠦᠷᠬᠦᠯᠵᠢᠯᠡᠬᠦᠢ᠌ᠴᠡ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠢ᠃ ᠲᠥᠰᠥᠯ᠎ᠢ ᠳᠠᠩᠰᠠᠯᠠᠭᠤᠯᠤᠭᠰᠠᠨ᠎ᠤ ᠳᠠᠷᠠᠭ᠎ᠠ ᠵᠠᠷᠴᠢᠮ ᠳᠡᠭᠡᠷ᠎ᠡ᠎ᠪᠠᠨ ᠵᠠᠰᠠᠪᠤᠷᠢ ᠣᠷᠣᠭᠤᠯᠵᠤ ᠪᠣᠯᠬᠤ ᠦᠭᠡᠢ᠃ ᠭᠤᠷᠪᠠ᠎ᠳᠤ᠂ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠨᠡᠮᠡᠭᠳᠡᠭᠦᠯᠬᠦ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ᠎ᠤᠨ ᠬᠠᠷᠢᠶ᠎ᠠ ᠭᠠᠵᠠᠷ᠎ᠨᠢ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠪᠠ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠡᠮᠬᠢᠯᠡᠨ ᠨᠡᠢ᠌ᠯᠡᠭᠦᠯᠵᠦ᠂ ᠴᠢᠭᠯᠡᠭᠦᠯᠬᠦ ᠴᠢᠨᠠᠷᠲᠠᠢ ᠲᠡᠳᠬᠦᠬᠦ ᠲᠥᠷᠥ ᠵᠢᠨ ᠪᠣᠳᠣᠯᠭ᠎ᠠ ᠵᠢ ᠨᠡᠢ᠌ᠲᠡᠯᠡᠨ ᠬᠡᠷᠡᠭᠵᠢᠭᠦᠯᠵᠦ᠂ ᠨᠡᠢ᠌ᠭᠡᠮ᠎ᠤᠨ ᠬᠥᠷᠥᠩᠭᠡ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ ᠪᠠᠢ᠌ᠭ᠋ᠠᠳ ᠬᠡᠯᠬᠢᠶᠡᠰᠦ ᠵᠢ ᠨᠥᠬᠥᠪᠦᠷᠢᠯᠡᠵᠦ ᠬᠡᠯᠬᠢᠶᠡᠰᠦ ᠵᠢ ᠤᠷᠲᠤᠳᠬᠠᠬᠤ ᠵᠢ ᠴᠢᠩᠭ᠋ᠠᠳᠬᠠᠬᠤ ᠬᠡᠷᠡᠭᠲᠡᠢ᠃ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠂ ᠪᠡᠯᠡ ᠮᠥᠩᠭᠥ ᠵᠢ ᠵᠣᠯᠭ᠋ᠠᠭᠤᠯᠬᠤ᠂ ᠬᠠᠪᠰᠤᠷᠤᠨ ᠲᠡᠳᠬᠦᠬᠦ ᠪᠡᠯᠡ ᠮᠥᠩᠭᠥ ᠪᠠ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠪᠡᠯᠡ ᠮᠥᠩᠭᠥ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ᠎ᠳᠠᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠠᠷᠭ᠎ᠠ ᠵᠠᠮ᠎ᠢ ᠰᠠᠮᠠᠭᠤᠷᠠᠭᠤᠯᠬᠤ ᠦᠭᠡᠢ᠂ ᠬᠡᠷᠡᠭᠴᠡᠭᠡ ᠵᠢ ᠬᠤᠪᠢᠷᠠᠭᠤᠯᠬᠤ ᠦᠭᠡᠢ》 ᠪᠠᠢ᠌ᠬᠤ ᠵᠠᠷᠴᠢᠮ ᠶᠣᠰᠣᠭ᠋ᠠᠷ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠣᠷᠣᠭᠤᠯᠤᠯᠲᠠ ᠵᠢᠨ ᠲᠣᠭᠲᠠᠴᠠ ᠵᠢ ᠢᠳᠡᠪᠬᠢᠲᠡᠢ ᠰᠦᠪᠡᠭᠴᠢᠯᠡᠨ ᠪᠠᠢ᠌ᠭᠤᠯᠵᠤ᠂ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠵᠢᠨ ᠪᠣᠭᠣᠮᠢ ᠵᠢ ᠠᠷᠢᠯᠭ᠋ᠠᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠢ᠃ ᠳᠥᠷᠪᠡ᠎ᠳᠤ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ᠎ᠨᠢ ᠲᠠᠷᠢᠶᠠᠯᠠᠩ ᠵᠶ᠋ᠠᠷ ᠦᠨᠳᠦᠰᠦ ᠪᠣᠯᠭ᠋ᠠᠬᠤ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠢᠯᠡᠷᠡᠭᠦᠯᠵᠦ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠬᠦᠭᠡᠷᠦᠮᠵᠢ ᠵᠢᠨ ᠢᠵᠢ ᠪᠦᠷᠢᠳᠦᠭᠦᠯᠬᠦ᠂ ᠡᠯᠧᠮᠧᠨ᠋ᠲ᠎ᠤᠨ ᠪᠠᠲᠤᠯᠠᠭ᠎ᠠ᠂ ᠠᠮᠢ ᠠᠬᠤᠢ ᠵᠢᠨ ᠬᠠᠮᠠᠭ᠋ᠠᠯᠠᠯᠲᠠ᠂ ᠠᠶᠤᠯ ᠦᠭᠡᠢ ᠦᠢ᠍ᠯᠡᠳᠪᠦᠷᠢᠯᠡᠯ ᠵᠡᠷᠭᠡ ᠲᠠᠯ᠎ᠠ᠎ᠪᠠᠷ᠎ᠬᠢ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠳᠬᠠᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠴᠢᠭᠯᠡᠭᠦᠯᠬᠦ ᠴᠢᠨᠠᠷᠲᠠᠢ᠎ᠪᠠᠷ ᠡᠳ᠋᠎ᠤᠨ ᠵᠠᠰᠠᠭ᠂ ᠢᠲᠡᠭᠡᠮᠵᠢᠲᠦ ᠵᠢᠭᠡᠯᠡᠯᠭᠡ᠂ ᠳᠠᠭ᠋ᠠᠳᠬᠠᠯ᠂ ᠴᠢᠳᠠᠪᠤᠷᠢᠲᠠᠨ᠂ ᠭᠠᠵᠠᠷ ᠬᠡᠷᠡᠭᠯᠡᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠰᠠᠭᠤᠷᠢ ᠲᠥᠬᠥᠭᠡᠷᠦᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠨᠥᠬᠥᠴᠡᠯ᠎ᠢ ᠰᠠᠢ᠌ᠵᠢᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠠᠵᠤ ᠦᠢ᠍ᠯᠡᠰ᠎ᠤᠨ ᠬᠦᠷᠢᠶᠡᠯᠡᠩ᠎ᠤᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠬᠥᠭᠵᠢᠭᠡᠵᠦ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠣᠯᠠᠨ ᠬᠦᠷᠢᠶᠡᠯᠡᠩ᠎ᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠤᠨ᠎ᠠ᠃ ᠲᠠᠪᠤ᠎ᠳᠤ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠠᠵᠤ ᠦᠢ᠍ᠯᠡᠰ᠎ᠤᠨ ᠬᠦᠷᠢᠶᠡᠯᠡᠩ᠎ᠳᠤ 《ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ᠂ ᠬᠥᠳᠡᠯᠦᠩᠭᠦᠢ᠎ᠪᠠᠷ ᠬᠠᠮᠢᠶᠠᠷᠬᠤ᠂ ᠰᠢᠯᠢᠳᠡᠭ᠎ᠨᠢ ᠰᠢᠯᠢᠭᠳᠡᠵᠦ ᠰᠢᠭ᠋ᠠᠷᠤ᠎ᠨᠢ ᠰᠢᠭᠰᠢᠭᠳᠡᠬᠦ》 ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠵᠦ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠲᠠᠷᠢᠶᠠᠯᠠᠩ᠎ᠲᠠᠢ ᠬᠣᠯᠪᠤᠭ᠋ᠠᠯᠠᠨ ᠲᠠᠷᠢᠶᠠᠯᠠᠩ᠎ᠢ ᠳᠠᠢ᠌ᠴᠢᠯᠠᠬᠤ ᠦᠷ᠎ᠡ ᠪᠦᠲᠦᠮᠵᠢ᠎ᠪᠠᠷ ᠢᠯᠡᠷᠬᠡᠢ᠂ ᠪᠡᠯᠡ ᠮᠥᠩᠭᠥ ᠵᠢ ᠰᠠᠯᠭ᠋ᠠᠨ ᠥᠭᠬᠦ ᠵᠢ ᠴᠠᠭ ᠲᠤᠬᠠᠢᠳᠤᠨᠢ ᠪᠣᠳᠠᠲᠠᠢ᠌ᠵᠢᠭᠤᠯᠵᠤ᠂ ᠣᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠬᠢᠷᠢ ᠲᠡᠩᠴᠡᠭᠰᠡᠨ ᠠᠵᠤ ᠦᠢ᠍ᠯᠡᠰ᠎ᠤᠨ ᠬᠦᠷᠢᠶᠡᠯᠡᠩ᠎ᠤᠨ ᠰᠢᠯᠢᠳᠡᠭ᠎ᠢ᠎ᠨᠢ ᠰᠣᠩᠭᠣᠨ ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠮᠡᠳᠡᠭᠦᠯᠦᠨ᠎ᠡ᠃ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢᠨ ᠦᠷ᠎ᠡ ᠪᠦᠲᠦᠮᠵᠢ᠎ᠨᠢ ᠢᠯᠡᠷᠬᠡᠢ ᠪᠤᠰᠤ᠂ ᠠᠮᠵᠢᠯᠲᠠ ᠪᠦᠲᠦᠮᠵᠢ ᠵᠢᠨ ᠦᠨᠡᠯᠡᠯᠲᠡ᠎ᠨᠢ ᠬᠢᠷᠢ ᠲᠡᠩᠴᠡᠭᠰᠡᠨ ᠦᠭᠡᠢ ᠪᠣᠯ ᠪᠦᠲᠦᠭᠡᠨ ᠪᠠᠶ᠋ᠢᠭᠤᠯᠬᠤ ᠬᠢᠷᠢ ᠬᠡᠮ᠎ᠢ᠎ᠨᠢ ᠬᠠᠰᠤᠵᠤ᠂ ᠲᠤᠰᠬᠠᠢ ᠵᠦᠢ᠍ᠯ᠎ᠤᠨ ᠱᠠᠩᠨᠠᠵᠤ ᠲᠤᠰᠠᠯᠠᠬᠤ ᠪᠡᠯᠡ ᠮᠥᠩᠭᠥ ᠵᠢ᠎ᠨᠢ ᠡᠭᠡᠭᠦᠯᠦᠨ ᠬᠤᠷᠢᠶᠠᠵᠤ᠂ ᠬᠣᠬᠢᠷᠠᠯ ᠪᠠ ᠨᠥᠯᠥᠭᠡ ᠤᠴᠠᠷᠠᠭᠤᠯᠤᠭᠰᠠᠨ ᠪᠣᠯ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠲᠡᠢ᠃ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠨᠢ 《ᠡᠮᠦᠨ᠎ᠡ ᠵᠠᠬ᠎ᠠ ᠵᠢᠨ ᠵᠢᠯᠤᠭᠣᠳᠬᠤ ᠭᠠᠵᠠᠷ》᠎ᠤᠨ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠮᠥᠷᠳᠡᠨ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠰᠢᠮᠳᠠᠭᠤᠯᠬᠤ᠎ᠪᠠᠷ ᠪᠠᠷᠠᠬᠤ ᠦᠭᠡᠢ ᠪᠠᠰᠠ ᠲᠥᠷᠥᠯ ᠵᠦᠢ᠍ᠯ᠎ᠤᠨ ᠠᠵᠢᠯ ᠳᠠᠭᠤᠰᠤᠭᠰᠠᠨ᠎ᠢ ᠬᠢᠨᠠᠨ ᠬᠠᠷᠭᠤᠭᠤᠯᠵᠤ ᠰᠢᠯᠭ᠋ᠠᠨ ᠠᠪᠬᠤ ᠵᠢ ᠬᠠᠷᠢᠭᠤᠴᠠᠬᠤ ᠬᠡᠷᠡᠭᠲᠡᠢ᠂ ᠪᠠᠰᠠ ᠬᠠᠷᠢᠶ᠎ᠠ ᠪᠦᠬᠦᠢ ᠠᠵᠤ ᠦᠢ᠍ᠯᠡᠰ᠎ᠤᠨ ᠬᠦᠷᠢᠶᠡᠯᠡᠩ᠎ᠢ ᠬᠠᠪᠰᠤᠷᠤᠨ ᠲᠤᠷᠰᠢᠯᠭ᠎ᠠ ᠵᠢᠨ ᠵᠠᠭᠪᠤᠷ᠎ᠢ ᠳ᠋ᠦᠩᠨᠡᠨ ᠡᠮᠬᠢᠯᠡᠵᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠤᠬᠠᠭᠤᠯᠤᠨ ᠥᠷᠭᠡᠳᠬᠡᠬᠦ ᠬᠡᠷᠡᠭᠲᠡᠢ᠃
ᠲᠠᠪᠤ᠂ ᠪᠡᠯᠡ ᠮᠥᠩᠭᠥ ᠵᠢᠨ ᠬᠡᠷᠡᠭᠯᠡᠯᠲᠡ
(ᠨᠢᠭᠡ) ᠵᠢᠷᠤᠮᠵᠢᠭᠰᠠᠨ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠠᠴᠠ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠨᠡᠷᠡᠰ᠎ᠲᠤ ᠵᠢᠭᠰᠠᠭ᠋ᠠᠭᠳᠠᠭᠰᠠᠨ ᠬᠣᠰᠢᠭᠤ ᠰᠢᠶᠠᠨ (ᠬᠣᠲᠠ᠂ ᠲᠣᠭᠣᠷᠢᠭ)᠎ᠳᠤ ᠲᠤᠰᠬᠠᠢ ᠵᠦᠢ᠍ᠯ᠎ᠤᠨ ᠡᠳ᠋᠎ᠤᠨ ᠵᠠᠰᠠᠭ᠎ᠤᠨ ᠱᠠᠩᠨᠠᠵᠤ ᠲᠤᠰᠠᠯᠠᠬᠤ ᠪᠡᠯᠡ ᠮᠥᠩᠭᠥ ᠲᠣᠬᠢᠷᠠᠭᠤᠯᠤᠨ᠎ᠠ᠃ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠱᠠᠩᠨᠠᠵᠤ ᠲᠤᠰᠠᠯᠠᠬᠤ ᠪᠡᠯᠡ ᠮᠥᠩᠭᠥ ᠵᠢᠨ ᠪᠣᠳᠠᠲᠠᠢ ᠳᠡᠮᠵᠢᠬᠦ ᠲᠥᠷᠥᠯ ᠵᠦᠢ᠍ᠯ᠎ᠤᠨ ᠠᠭᠤᠯᠭ᠎ᠠ᠂ ᠳᠡᠮᠵᠢᠬᠦ ᠠᠷᠭ᠎ᠠ ᠮᠠᠶᠢᠭ᠂ ᠳᠡᠮᠵᠢᠬᠦ ᠡᠲᠡᠭᠡᠳ᠎ᠢ ᠲᠣᠳᠣᠷᠬᠠᠢ᠌ᠯᠠᠵᠤ᠂ ᠣᠨ᠎ᠤ ᠪᠡᠯᠡ ᠮᠥᠩᠭᠥ ᠬᠡᠷᠡᠭᠯᠡᠬᠦ ᠲᠥᠯᠥᠪᠯᠡᠭᠡ ᠵᠢ ᠨᠠᠷᠢᠯᠢᠭᠵᠢᠭᠤᠯᠬᠤ ᠬᠡᠷᠡᠭᠲᠡᠢ᠃ ᠪᠤᠰᠤᠳ ᠢᠵᠢ ᠪᠦᠷᠢᠳᠦᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠴᠤ᠌ ᠲᠥᠷᠥᠯ ᠵᠦᠢ᠍ᠯ᠎ᠤᠨ ᠠᠭᠤᠯᠭ᠎ᠠ᠂ ᠪᠦᠲᠦᠭᠡᠨ ᠪᠠᠢ᠌ᠭᠤᠯᠤᠯᠲᠠ ᠵᠢᠨ ᠠᠬᠢᠴᠠ᠂ ᠪᠡᠯᠡ ᠮᠥᠩᠭᠥ ᠵᠢᠨ ᠠᠷᠭ᠎ᠠ ᠵᠠᠮ᠎ᠢ ᠲᠣᠳᠣᠷᠬᠠᠢ᠌ᠯᠠᠵᠤ᠂ ᠬᠡᠷᠡᠭᠵᠢᠭᠦᠯᠬᠦ ᠲᠥᠰᠥᠯ᠎ᠢ ᠬᠡᠷᠡᠭᠵᠢᠭᠦᠯᠬᠦ᠎ᠳᠤ ᠬᠢᠯᠪᠠᠷ᠂ ᠨᠠᠢ᠌ᠳᠠᠪᠤᠷᠢᠵᠢᠭᠤᠯᠵᠤ ᠪᠣᠯᠬᠤ᠂ ᠰᠢᠯᠭ᠋ᠠᠨ ᠦᠨᠡᠯᠡᠵᠦ ᠪᠣᠯᠬᠤ ᠵᠢ ᠦᠨᠡᠨᠬᠦ ᠪᠠᠲᠤᠯᠠᠬᠤ ᠬᠡᠷᠡᠭᠲᠡᠢ᠃
(ᠬᠣᠶᠠᠷ) ᠳᠡᠮᠵᠢᠬᠦ ᠠᠷᠭ᠎ᠠ ᠮᠠᠶᠢᠭ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠱᠠᠩᠨᠠᠯ ᠨᠥᠬᠥᠪᠦᠷᠢ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠬᠡᠷᠡᠭᠯᠡᠬᠦ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠰᠠᠭᠤᠷᠢ ᠲᠥᠬᠥᠭᠡᠷᠦᠮᠵᠢ ᠵᠢᠨ ᠨᠥᠬᠥᠴᠡᠯ᠎ᠢ ᠰᠠᠢ᠌ᠵᠢᠷᠠᠭᠤᠯᠬᠤ᠂ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠂ ᠲᠠᠷᠢᠶᠠᠯᠠᠩ᠎ᠲᠠᠢ ᠬᠣᠯᠪᠤᠭ᠋ᠠᠯᠠᠨ ᠲᠠᠷᠢᠶᠠᠯᠠᠩ᠎ᠢ ᠳᠠᠢ᠌ᠴᠢᠯᠠᠬᠤ ᠴᠢᠳᠠᠪᠤᠷᠢ᠂ ᠠᠵᠤ ᠦᠢ᠍ᠯᠡᠰ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠠᠵᠤ ᠦᠢ᠍ᠯᠡᠰ᠎ᠤᠨ ᠬᠡᠯᠬᠢᠶᠡᠰᠦ ᠵᠢ ᠤᠷᠲᠤᠳᠬᠠᠬᠤ᠂ ᠭᠣᠣᠯᠯᠠᠬᠤ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠬᠤ᠎ᠳᠤ ᠭᠣᠣᠯᠳᠠᠯᠭ᠎ᠠ᠎ᠲᠠᠢ ᠬᠡᠷᠡᠭᠯᠡᠵᠦ᠂ ᠭᠣᠣᠯᠳᠠᠯᠭ᠎ᠠ ᠵᠢ ᠳᠣᠪᠣᠶ᠋ᠢᠯᠭ᠋ᠠᠬᠤ᠂ ᠲᠥᠪᠯᠡᠷᠡᠭᠦᠯᠦᠨ ᠬᠡᠷᠡᠭᠯᠡᠬᠦ᠂ ᠰᠢᠨ᠎ᠡ ᠵᠢ ᠡᠭᠦᠳᠬᠦ ᠠᠷᠭ᠎ᠠ ᠮᠠᠶᠢᠭ᠂ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠬᠦ ᠵᠠᠷᠴᠢᠮ ᠶᠣᠰᠣᠭ᠋ᠠᠷ᠂ ᠰᠢᠭᠤᠳ ᠨᠥᠬᠥᠪᠦᠷᠢᠯᠡᠬᠦ᠂ ᠤᠷᠢᠳᠠᠪᠠᠷ ᠪᠠᠢ᠌ᠭᠤᠯᠵᠤ ᠳᠠᠷᠠᠭ᠎ᠠ᠎ᠨᠢ ᠨᠥᠬᠥᠪᠦᠷᠢᠯᠡᠬᠦ᠂ ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠲᠣᠬᠢᠷᠠᠭᠤᠯᠵᠤ ᠪᠣᠯᠣᠨ᠎ᠠ᠃
(ᠭᠤᠷᠪᠠ) ᠬᠡᠷᠡᠭᠯᠡᠬᠦ ᠬᠡᠪᠴᠢᠶ᠎ᠡ᠃ ᠲᠤᠰᠬᠠᠢ ᠪᠡᠯᠡ ᠮᠥᠩᠭᠥ ᠵᠢᠨ ᠬᠡᠷᠡᠭᠯᠡᠯᠲᠡ᠎ᠳᠤ 《ᠲᠠᠷᠢᠶᠠᠯᠠᠩ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠴᠢᠩᠭ᠎ᠠ ᠬᠡᠷᠡᠭᠵᠢᠭᠦᠯᠵᠦ᠂ ᠠᠵᠤ ᠦᠢ᠍ᠯᠡᠰ᠎ᠤᠨ ᠬᠦᠷᠢᠶᠡᠯᠡᠩ᠎ᠤᠨ ᠬᠡᠪᠴᠢᠶᠡᠵᠢᠭᠦᠯᠦᠨ ᠳᠠᠷᠢᠵᠤ ᠲᠡᠵᠢᠭᠡᠬᠦ ᠰᠠᠭᠤᠷᠢᠨ ᠭᠠᠵᠠᠷ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭ᠋ᠠᠯᠠᠬᠤ ᠰᠢᠨ᠎ᠡ ᠰᠣᠷᠭᠣᠭ ᠪᠠᠢ᠌ᠯᠭ᠋ᠠᠬᠤ ᠬᠦᠯᠳᠡᠭᠡᠭᠰᠡᠨ ᠪᠠᠷᠠᠭ᠋ᠠᠨ᠎ᠤ ᠭᠦᠢ᠍ᠯᠭᠡᠭᠡᠨ᠂ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠳᠡᠮᠵᠢᠵᠦ᠂ ᠪᠠᠰᠠ ᠲᠣᠭ᠋ᠠᠴᠢᠯᠠᠭᠰᠠᠨ ᠬᠠᠮᠢᠶᠠᠷᠤᠯᠲᠠ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠵᠢᠯᠴᠠᠨ ᠰᠢᠨ᠎ᠡ ᠵᠢ ᠡᠭᠦᠳᠬᠦ ᠲᠠᠪᠴᠠᠩ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠠᠷᠠᠲᠤ ᠲᠥᠷᠥᠯ ᠲᠡᠮᠳᠡᠭᠲᠦ ᠵᠢ ᠪᠣᠢ᠌ᠵᠢᠭᠤᠯᠬᠤ ᠪᠠ ᠤᠬᠠᠭᠤᠯᠤᠨ ᠳᠡᠯᠭᠡᠷᠡᠭᠦᠯᠬᠦ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠵᠦ ᠪᠣᠯᠣᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢ᠍ᠯᠡᠰ ᠵᠶ᠋ᠡᠷ ᠭᠣᠣᠯᠯᠠᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ᠎ᠨᠢ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠦᠢ᠍ᠯᠡᠳᠪᠦᠷᠢᠯᠡᠯ᠎ᠤᠨ ᠱᠤᠭᠤᠮ᠎ᠢ ᠰᠢᠨ᠎ᠡ᠎ᠪᠠᠷ ᠪᠠᠶ᠋ᠢᠭᠤᠯᠬᠤ ᠪᠤᠶᠤ ᠥᠷᠭᠡᠳᠬᠡᠨ ᠪᠠᠶ᠋ᠢᠭᠤᠯᠬᠤ ᠵᠢ ᠲᠡᠮᠵᠢᠵᠤ᠂ ᠤᠶᠤᠯᠢᠭ ᠦᠢ᠍ᠯᠡᠳᠬᠦ᠂ ᠠᠮᠢᠳᠤ ᠪᠣᠳᠠᠰ᠎ᠤᠨ ᠨᠡᠢ᠌ᠯᠡᠯᠭᠡ᠂ ᠬᠣᠬᠢᠷᠠᠯ᠎ᠢ ᠪᠠᠭ᠋ᠠᠰᠬᠠᠵᠤ ᠦᠷ᠎ᠡ ᠠᠰᠢᠭ᠎ᠢ ᠨᠡᠮᠡᠭᠳᠡᠭᠦᠯᠬᠦ ᠵᠡᠷᠭᠡ ᠰᠢᠨ᠎ᠡ ᠮᠡᠷᠭᠡᠵᠢᠯ᠎ᠤᠨ ᠲᠤᠨᠤᠭ ᠲᠥᠬᠦᠭᠡᠷᠦᠮᠵᠢ ᠵᠢ ᠬᠡᠷᠡᠭᠯᠡᠨ ᠰᠢᠨᠡᠳᠬᠡᠨ ᠥᠭᠡᠷᠡᠴᠢᠯᠡᠵᠦ᠂ ᠬᠡᠷᠡᠭᠯᠡᠬᠦ ᠪᠡᠯᠡ ᠮᠥᠩᠭᠥ ᠵᠢᠨ ᠡᠵᠡᠯᠡᠬᠦ ᠬᠠᠷᠢᠴᠠᠯ᠎ᠢ 70% ᠵᠢᠨ ᠳᠣᠲᠣᠷ᠎ᠠ ᠬᠢᠵᠠᠭ᠋ᠠᠷᠯᠠᠵᠤ᠂ ᠲᠥᠷᠥᠯ ᠵᠦᠢ᠍ᠯ ᠨᠢᠭᠡᠪᠦᠷᠢ᠎ᠳᠤ ᠭᠣᠣᠯ ᠴᠣᠭᠴᠠ ᠵᠢᠨ ᠪᠣᠳᠠᠲᠠᠢ ᠣᠷᠣᠭᠤᠯᠤᠭᠰᠠᠨ 30% ᠵᠢᠨ ᠬᠢᠵᠠᠭ᠋ᠠᠷ ᠲᠣᠭ᠎ᠠ ᠵᠢ ᠦᠨᠳᠦᠰᠦᠯᠡᠨ ᠱᠠᠩᠨᠠᠵᠤ ᠨᠥᠬᠥᠪᠦᠷᠢᠯᠡᠵᠦ ᠪᠣᠯᠣᠨ᠎ᠠ᠂ ᠬᠠᠮᠤᠭ᠎ᠤᠨ ᠥᠨᠳᠥᠷ᠎ᠲᠡᠭᠡᠨ 300 ᠲᠦᠮᠡᠨ ᠲᠥᠭᠥᠷᠢᠭ᠎ᠠᠴᠠ ᠳᠠᠪᠠᠭᠤᠯᠬᠤ ᠦᠭᠡᠢ᠃ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠣᠷᠣᠭᠤᠯᠤᠯᠲᠠ᠎ᠠᠴᠠ ᠪᠣᠶ ᠪᠣᠯᠤᠭᠰᠠᠨ ᠡᠳ᠋ ᠬᠥᠷᠥᠩᠭᠡ᠎ᠨᠢ ᠨᠥᠬᠥᠴᠡᠯ ᠪᠦᠷᠢᠳᠦᠭᠰᠡᠨᠢ ᠨᠢ ᠭᠠᠴᠠᠭ᠎ᠠ (ᠲᠣᠰᠬᠣᠨ) ᠵᠢᠨ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠳᠤ ᠬᠤᠪᠢ ᠪᠣᠯᠭ᠋ᠠᠨ ᠨᠤᠭᠤᠯᠤᠨ ᠪᠤᠳᠤᠵᠤ ᠬᠡᠮᠵᠢᠶᠡᠵᠢᠭᠦᠯᠦᠨ ᠥᠭᠴᠦ᠂ ᠭᠠᠴᠠᠭ᠎ᠠ (ᠲᠣᠰᠬᠣᠨ) ᠵᠢᠨ ᠬᠠᠮᠲᠤ ᠵᠢᠨ ᠠᠵᠤ ᠠᠬᠤᠢ ᠵᠢ ᠬᠥᠭᠵᠢᠭᠦᠯᠬᠦ᠎ᠳᠤ ᠬᠡᠷᠡᠭᠯᠡᠵᠦ᠂ ᠮᠠᠯᠴᠢᠨ ᠲᠠᠷᠢᠶᠠᠴᠢᠳ᠎ᠲᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠠᠰᠢᠭ ᠣᠯᠵᠠᠪᠤᠷᠢ ᠵᠢ ᠣᠷᠳᠣ ᠬᠤᠭᠤᠴᠠᠭ᠎ᠠ᠎ᠪᠠᠷ ᠬᠤᠪᠢᠶᠠᠨ ᠡᠳ᠋ᠯᠡᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠬᠢᠨᠠᠨ ᠬᠡᠮᠵᠢᠵᠦ ᠦᠨᠡᠯᠡᠬᠦ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠶᠡᠷᠦᠩᠬᠡᠢ ᠱᠦᠵᠢ ᠰᠢ ᠵᠢᠨ ᠫᠢᠩ᠎ᠤᠨ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠰᠠᠢ᠌ᠲᠤᠷ ᠪᠡᠶᠡᠯᠡᠭᠦᠯᠦᠨ᠎ᠡ᠃ ᠲᠠᠷᠢᠶᠠᠴᠢᠨ ᠪᠣᠯᠬᠤ᠂ ᠲᠠᠷᠢᠶᠠᠯᠠᠩ᠎ᠤᠨ ᠠᠵᠢᠯ ᠬᠢᠬᠦ᠂ ᠲᠠᠷᠢᠶᠠᠯᠠᠩ᠎ᠤᠨ ᠲᠥᠯᠥᠭᠡ ᠵᠢᠳᠬᠦᠬᠦ᠂ ᠲᠠᠷᠢᠶᠠᠯᠠᠩ᠎ᠢ ᠬᠥᠭᠵᠢᠭᠦᠯᠬᠦ ᠦᠨᠳᠦᠰᠦᠨ ᠵᠣᠷᠢᠯᠲᠠ ᠵᠢ ᠪᠠᠷᠢᠮᠲᠠᠯᠠᠬᠤ ᠲᠠᠯ᠎ᠠ᠎ᠪᠠᠷ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠳ᠎ᠤᠨ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠰᠢᠭ ᠲᠤᠰᠠ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠤᠨ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ᠎ᠤᠨ ᠵᠠᠭᠪᠤᠷ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ (ᠳᠣᠷᠣᠭᠰᠢ ᠠᠵᠤ ᠦᠢ᠍ᠯᠡᠰ᠎ᠤᠨ ᠬᠦᠷᠢᠶᠡᠯᠡᠩ ᠭᠡᠵᠦ ᠲᠣᠪᠴᠢᠯᠠᠨ᠎ᠠ) ᠵᠢ ᠬᠦᠴᠦᠯᠡᠨ ᠠᠬᠢᠭᠤᠯᠤᠨ᠎ᠠ᠃ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠪᠠᠢ᠌ᠳᠠᠯ᠎ᠢ ᠴᠠᠭ ᠲᠤᠬᠠᠢᠳᠤᠨᠢ ᠲᠤᠰᠬᠠᠵᠤ᠂ ᠣᠨᠣᠪᠴᠢᠲᠠᠶ ᠦᠨᠡᠯᠡᠵᠦ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠬᠠᠷᠠᠭᠤᠯ᠎ᠤᠨ᠂ ᠬᠢᠨᠠᠨ ᠬᠡᠮᠵᠢᠵᠦ ᠦᠨᠡᠯᠡᠬᠦ ᠳᠦᠷᠢᠮ᠎ᠢ ᠲᠡᠭᠦᠯᠳᠡᠷᠵᠢᠭᠦᠯᠬᠦ ᠵᠢᠨ ᠲᠤᠰᠠᠳᠠ᠂ 《ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ ᠦᠨᠡᠯᠡᠬᠦ ᠠᠷᠭ᠎ᠠ》᠎ᠪᠠᠷ ᠯᠠᠪᠯᠠᠯᠲᠠ ᠪᠣᠯᠭ᠋ᠠᠵᠤ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ᠎ᠳᠤ 《ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ》 ᠤᠳᠤᠷᠢᠳᠤᠮᠵᠢ ᠵᠢ ᠪᠠᠷᠢᠮᠲᠠᠯᠠᠵᠤ᠂ 《ᠦᠢ᠍ᠯᠡᠳᠪᠦᠷᠢᠯᠡᠬᠦ + ᠪᠣᠯᠪᠠᠰᠤᠷᠠᠭᠤᠯᠬᠤ + ᠭᠠᠳᠠᠭᠰᠢ ᠭᠠᠷᠭ᠋ᠠᠬᠤ + ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ》᠎ᠢ ᠪᠦᠲᠦᠭᠡᠨ ᠪᠠᠶ᠋ᠢᠭᠤᠯᠬᠤ ᠣᠳᠣ ᠦᠶ᠎ᠡ ᠵᠢᠨ ᠬᠥᠭᠵᠢᠯᠲᠡ ᠵᠢᠨ ᠣᠢ᠌ᠯᠠᠭ᠋ᠠᠭᠳᠠᠬᠤᠨ ᠶᠣᠰᠣᠭ᠋ᠠᠷ᠂ ᠲᠠᠷᠢᠶᠠᠯᠠᠩ ᠮᠠᠯ ᠠᠵᠤ ᠠᠬᠤᠢ ᠵᠢᠨ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠭᠣᠣᠯᠳᠠᠭᠤ ᠡᠷᠳᠡᠨᠢ ᠰᠢᠰᠢ᠂ ᠪᠤᠭᠤᠳᠠᠢ᠂ ᠲᠥᠮᠥᠰᠥ᠂ ᠰᠢᠷ᠎ᠠ ᠪᠤᠷᠴᠠᠭ᠂ ᠲᠤᠲᠤᠷᠭ᠎ᠠ᠂ ᠨᠠᠷᠢᠮᠤ᠂ ᠶᠤᠤᠮᠠᠢ᠂ ᠨᠡᠷᠡᠨ ᠬᠤᠸᠠᠷ᠂ ᠰᠢᠬᠢᠷ ᠯᠤᠤᠪᠠᠩ᠂ ᠲᠥᠬᠥᠭᠡᠷᠥᠮᠵᠢ᠎ᠲᠦ ᠢᠳᠡᠰᠢᠨ ᠨᠣᠭᠣᠭ᠎ᠠ᠂ ᠡᠯᠳᠡᠪ ᠠᠮᠤ ᠡᠯᠳᠡᠪ ᠪᠤᠷᠴᠠᠭ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠣᠨᠢ᠂ ᠢᠮᠠᠭ᠋ᠠᠨ ᠨᠣᠣᠯᠣᠭᠤᠷ᠂ ᠬᠣᠣᠰ ᠪᠥᠬᠥᠲᠦ ᠲᠡᠮᠡᠭᠡ᠂ ᠭᠠᠬᠠᠢ᠂ ᠮᠣᠷᠢ᠂ ᠵᠢᠭᠦᠷᠲᠡᠨ᠂ ᠲᠡᠵᠢᠭᠡᠯ ᠡᠪᠡᠰᠦ᠂ ᠤᠰᠤᠨ ᠭᠠᠷᠤᠯᠲᠠ ᠵᠡᠷᠭᠡ ᠳᠠᠪᠠᠭᠤᠯᠢᠭ ᠣᠨᠴᠠᠯᠢᠭᠲᠤ ᠭᠣᠣᠯᠯᠠᠬᠤ ᠠᠵᠤ ᠦᠢ᠍ᠯᠡᠰ᠎ᠤᠨ ᠲᠣᠭᠣᠷᠢᠨ᠎ᠳᠤ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠬᠦᠷᠢᠶᠡᠯᠡᠩ ᠲᠣᠭᠣᠷᠢᠭ ᠳᠠᠰᠢ ᠲᠥᠪᠯᠡᠷᠡᠭᠦᠯᠬᠦ᠂ ᠳᠠᠪᠠᠭᠤᠯᠢᠭ ᠠᠵᠤ ᠦᠢ᠍ᠯᠡᠰ᠎ᠢ ᠬᠦᠷᠢᠶᠡᠯᠡᠩ ᠲᠣᠭᠣᠷᠢᠭ ᠳᠠᠰᠢ ᠲᠥᠪᠯᠡᠷᠡᠭᠦᠯᠬᠦ᠂ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠵᠢ ᠬᠦᠷᠢᠶᠡᠯᠡᠩ ᠲᠣᠭᠣᠷᠢᠭ ᠳᠠᠰᠢ ᠬᠡᠯᠪᠡᠢ᠌ᠯᠭᠡᠬᠦ ᠵᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠭᠰᠠᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠣᠶ ᠪᠣᠯᠭ᠋ᠠᠨ᠎ᠠ᠃
ᠭᠤᠷᠪᠠᠳᠤᠭ᠋ᠠᠷ ᠵᠦᠢ᠍ᠯ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠬᠤᠭᠤᠴᠠᠭ᠎ᠠ ᠵᠢᠨ ᠬᠢᠵᠠᠭ᠋ᠠᠷᠯᠠᠯ᠎ᠨᠢ 2 ᠵᠢᠯ ᠪᠠᠢ᠌ᠵᠤ᠂ 《ᠣᠨ᠎ᠤ ᠬᠢᠨᠠᠨ ᠬᠡᠮᠵᠢᠬᠦ᠂ ᠰᠢᠯᠢᠳᠡᠭ᠎ᠨᠢ ᠰᠢᠯᠢᠭᠳᠡᠵᠦ
ᠰᠢᠭ᠋ᠠᠷᠤ ᠨᠢ ᠰᠢᠭᠰᠢᠭᠳᠡᠬᠦ》 ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠦᠨ᠂ ᠪᠠᠶ᠋ᠢᠭᠤᠯᠬᠤ ᠵᠢ ᠵᠥᠪᠰᠢᠶᠡᠷᠡᠭᠰᠡᠨ ᠠᠵᠤ ᠦᠢ᠍ᠯᠡᠰ᠎ᠤᠨ ᠬᠦᠷᠢᠶᠡᠯᠡᠩ᠎ᠳᠤ ᠬᠣᠶᠠᠳᠤᠭ᠋ᠠᠷ ᠵᠢᠯ᠎ᠤᠨ ᠡᠬᠢᠨ᠎ᠳᠤ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠬᠢᠨ᠎ᠡ; ᠪᠦᠲᠦᠭᠡᠨ ᠪᠠᠶ᠋ᠢᠭᠤᠯᠬᠤ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ ᠬᠠᠷᠠᠯᠲᠠᠲᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠵᠤ᠂ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠥᠩᠭᠡᠷᠡᠭᠡᠭᠰᠡᠨ ᠠᠵᠤ ᠦᠢ᠍ᠯᠡᠰ᠎ᠤᠨ ᠬᠦᠷᠢᠶᠡᠯᠡᠩ᠎ᠢ ᠮᠠᠭ᠋ᠠᠳᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠪᠡᠯᠡ ᠮᠥᠩᠭᠥ ᠵᠢ ᠤᠷᠢᠳᠠᠪᠠᠷ ᠬᠡᠯᠪᠡᠢ᠌ᠯᠭᠡᠵᠦ᠂ ᠰᠢᠯᠢᠳᠡᠭ᠎ᠢ᠎ᠨᠢ ᠰᠣᠩᠭᠣᠨ ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠮᠡᠳᠡᠭᠦᠯᠦᠨ᠎ᠡ᠃
ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠠᠵᠤ ᠦᠢ᠍ᠯᠡᠰ᠎ᠤᠨ ᠬᠦᠷᠢᠶᠡᠯᠡᠩ᠎ᠤᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠪᠦᠲᠦᠭᠡᠨ ᠪᠠᠶ᠋ᠢᠭᠤᠯᠬᠤ ᠵᠢ ᠵᠦᠪᠰᠢᠶᠡᠷᠡᠬᠦ ᠠᠵᠢᠯ ᠢ ᠵᠣᠬᠢᠶᠠᠨ ᠪᠠᠶ᠋ᠢᠭᠤᠯᠬᠤ ᠵᠢ ᠬᠠᠷᠢᠭᠤᠴᠠᠵᠤ᠂ ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠬᠠᠷᠢᠭᠤᠴᠠᠨ ᠵᠢᠯᠤᠭᠣᠳᠴᠤ᠂ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠪᠠ ᠮᠠᠭ᠋ᠠᠳᠯᠠᠨ ᠳᠤᠭᠳᠠᠭ᠋ᠠᠬᠤ ᠵᠡᠷᠭᠡ ᠠᠵᠢᠯ᠎ᠢ ᠥᠷᠨᠢᠭᠦᠯᠦᠨ᠎ᠡ; ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠨᠢ 《ᠡᠮᠦᠨ᠎ᠡ ᠵᠠᠬ᠎ᠠ ᠵᠢᠨ ᠵᠢᠯᠤᠭᠣᠳᠬᠤ ᠭᠠᠵᠠᠷ》᠎ᠤᠨ ᠦᠢ᠍ᠯᠡᠳᠦᠯ᠎ᠢ ᠪᠠᠳᠠᠷᠠᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠮᠥᠷᠳᠡᠨ ᠬᠢᠨᠠᠨ ᠬᠠᠮᠢᠶᠠᠷᠬᠤ ᠵᠢ ᠬᠠᠷᠢᠭᠤᠴᠠᠨ᠂ ᠲᠥᠷᠥᠯ ᠵᠦᠢ᠍ᠯ᠎ᠤᠨ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠪᠠ ᠪᠡᠯᠡ ᠮᠥᠩᠭᠥ ᠰᠣᠯᠢᠵᠤ ᠥᠭᠬᠦ ᠵᠢ ᠬᠢᠨᠠᠨ ᠵᠢᠯᠤᠭᠣᠳᠴᠤ᠂ ᠲᠥᠷᠥᠯ ᠵᠦᠢ᠍ᠯ᠎ᠤᠨ ᠬᠢᠨᠠᠨ ᠬᠠᠷᠭᠤᠭᠤᠯᠵᠤ ᠰᠢᠯᠭ᠋ᠠᠨ ᠠᠪᠬᠤ ᠰᠠᠨᠠᠯ᠎ᠢ ᠳᠤᠷᠠᠳᠬᠤ ᠵᠢᠨ ᠬᠠᠮᠲᠤ᠂ ᠠᠵᠤ ᠦᠢ᠍ᠯᠡᠰ᠎ᠤᠨ ᠬᠦᠷᠢᠶᠡᠯᠡᠩ᠎ᠢ ᠬᠠᠪᠰᠤᠷᠤᠨ ᠲᠤᠷᠰᠢᠯᠭ᠎ᠠ ᠵᠢᠨ ᠵᠠᠭᠪᠤᠷ᠎ᠢ ᠳ᠋ᠦᠩᠨᠡᠨ ᠡᠮᠬᠢᠯᠡᠵᠦ᠂ ᠤᠬᠠᠭᠤᠯᠭ᠎ᠠ ᠵᠢᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ; ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠪᠣᠯ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠪᠣᠯᠣᠨ᠎ᠠ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠪᠠᠷ ᠲᠦᠷᠦᠭᠦᠯᠡᠭᠦᠯᠦᠭᠰᠡᠨ ᠠᠵᠤ ᠦᠢ᠍ᠯᠡᠰ᠎ᠤᠨ ᠬᠦᠷᠢᠶᠡᠯᠡᠩ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠢ᠌ᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠂ ᠪᠦᠷᠢᠳᠬᠡᠬᠦ ᠳᠦᠷᠢᠮ᠎ᠢ ᠪᠠᠢ᠌ᠭᠤᠯᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠴᠤᠭᠯᠠᠭᠤᠯᠬᠤ ᠪᠠ ᠲᠠᠭᠯᠠᠨ ᠮᠡᠳᠡᠭᠦᠯᠵᠦ᠂ ᠥᠪᠡᠷ᠎ᠢ᠎ᠪᠠᠨ ᠦᠨᠡᠯᠡᠬᠦ ᠵᠢ ᠥᠷᠨᠢᠭᠦᠯᠦᠨ᠂ ᠬᠠᠮᠢᠶ᠎ᠠ ᠪᠦᠬᠦᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠴᠠᠭ ᠲᠤᠬᠠᠢᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ ᠦᠨᠡᠯᠡᠬᠦ ᠠᠵᠢᠯ᠎ᠢ ᠥᠷᠨᠢᠭᠦᠯᠬᠦ᠎ᠳᠤ ᠲᠣᠭ᠎ᠠ ᠪᠠᠷᠢᠮᠲᠠ ᠵᠢᠨ ᠦᠨᠡᠨ ᠪᠣᠳᠠᠲᠠᠢ ᠪᠥᠭᠡᠳ ᠨᠠᠢ᠌ᠳᠠᠪᠤᠷᠢᠲᠠᠢ ᠪᠠᠢ᠌ᠬᠤ ᠵᠢ ᠦᠨᠡᠨᠬᠦ ᠪᠠᠲᠤᠯᠠᠵᠤ᠂ ᠠᠷᠭ᠎ᠠ ᠪᠠᠷᠢᠯ᠎ᠨᠢ ᠳᠥᠭᠥᠮ ᠳᠥᠲᠡ ᠪᠥᠭᠡᠳ ᠬᠡᠷᠡᠭᠵᠢᠭᠦᠯᠬᠦ᠎ᠳᠤ ᠬᠢᠯᠪᠠᠷ᠂ ᠦᠷ᠎ᠡ ᠳ᠋ᠦᠩ᠎ᠨᠢ ᠪᠤᠰᠤᠳᠴᠢ ᠪᠥᠭᠡᠳ ᠲᠥᠪ ᠭᠣᠥᠯᠴᠢ ᠪᠠᠢ᠌ᠬᠤ ᠬᠡᠷᠡᠭᠲᠡᠢ᠃
ᠬᠣᠶᠠᠳᠤᠭ᠋ᠠᠷ ᠪᠦᠯᠦᠭ ᠬᠢᠨᠠᠨ ᠬᠡᠮᠵᠢᠵᠦ ᠦᠨᠡᠯᠡᠬᠦ ᠭᠦᠢ᠍ᠴᠡᠳᠬᠡᠯ ᠲᠣᠭ᠎ᠠ
ᠲᠠᠪᠤᠳᠤᠭ᠋ᠠᠷ ᠵᠦᠢ᠍ᠯ ᠭᠣᠣᠯᠯᠠᠬᠤ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠴᠤᠭᠯᠠᠷᠠᠯ᠎ᠢ ᠠᠬᠢᠭᠤᠯᠬᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ᠂ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠳᠠᠢ᠌ᠴᠢᠯᠠᠬᠤ᠂ ᠠᠵᠤ ᠦᠢ᠍ᠯᠡᠰ᠎ᠤᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠪᠠ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠡᠷᠭᠡ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢᠨ ᠲᠣᠭᠣᠷᠢᠨ᠎ᠳᠤ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠳᠤ ᠬᠢᠨᠠᠨ ᠬᠡᠮᠵᠢᠵᠦ ᠦᠨᠡᠯᠡᠯᠲᠡ ᠬᠢᠨ᠎ᠡ᠃
ᠵᠢᠷᠭᠤᠳᠤᠭ᠋ᠠᠷ ᠵᠦᠢ᠍ᠯ ᠬᠢᠨᠠᠨ ᠬᠡᠮᠵᠢᠬᠦ ᠭᠦᠢ᠍ᠴᠡᠳᠬᠡᠯ ᠲᠣᠭ᠎ᠠ᠎ᠳᠤ 6 ᠲᠠᠯ᠎ᠠ ᠵᠢ ᠪᠠᠭᠲᠠᠭ᠋ᠠᠨ᠎ᠠ᠃
(ᠨᠢᠭᠡ) ᠰᠠᠭᠤᠷᠢ ᠪᠠᠢ᠌ᠳᠠᠯ᠃ ᠡᠭᠦᠨ᠎ᠳᠤ ᠠᠵᠤ ᠦᠢ᠍ᠯᠡᠰ᠎ᠤᠨ ᠬᠦᠷᠢᠶᠡᠯᠡᠩ᠎ᠤᠨ ᠡᠵᠡᠯᠡᠬᠦ ᠲᠠᠯᠠᠪᠠᠶ᠂ ᠠᠵᠤ ᠦᠢ᠍ᠯᠡᠰ᠎ᠤᠨ ᠬᠦᠷᠢᠶᠡᠯᠡᠩ᠎ᠤᠨ ᠦᠢ᠍ᠯᠡᠳᠪᠦᠷᠢᠯᠡᠯ᠎ᠤᠨ ᠴᠢᠨᠠᠷᠲᠠᠢ ᠬᠡᠷᠡᠭᠯᠡᠬᠦ ᠭᠠᠵᠠᠷ᠎ᠤᠨ ᠲᠠᠯᠠᠪᠠᠶ (ᠲᠠᠷᠢᠶᠠᠨ ᠭᠠᠵᠠᠷ ᠪᠤᠶᠤ ᠲᠡᠵᠢᠭᠡᠨ ᠦᠷᠡᠵᠢᠭᠦᠯᠬᠦ ᠦᠢ᠍ᠯᠡᠰ᠎ᠲᠤ ᠬᠡᠷᠡᠭᠯᠡᠬᠦ ᠭᠠᠵᠠᠷ᠎ᠤᠨ ᠲᠠᠯᠠᠪᠠᠶ)᠂ ᠦᠢ᠍ᠯᠡᠳᠬᠦᠨ᠎ᠤ ᠶᠡᠷᠦᠩᠬᠡᠢ ᠥᠷᠲᠡᠭ (ᠬᠣᠶᠠᠳᠤᠭ᠋ᠠᠷ ᠠᠵᠤ ᠦᠢ᠍ᠯᠡᠰ᠂ ᠭᠤᠷᠪᠠᠳᠤᠭ᠋ᠠᠷ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ ᠲᠣᠰ ᠲᠣᠰ ᠪᠦᠷᠢᠳᠬᠡᠨ᠎ᠡ)᠂ ᠬᠦᠷᠢᠶᠡᠯᠡᠩ᠎ᠤᠨ ᠳᠣᠲᠣᠷᠠᠬᠢ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠠᠵᠤ ᠠᠬᠤᠢ᠌ᠯᠠᠯ᠎ᠤᠨ ᠪᠥᠬᠥ ᠵᠢᠯ᠎ᠤᠨ ᠭᠠᠢ᠌ᠯᠢ ᠲᠤᠰᠢᠶᠠᠬᠤ ᠶᠡᠷᠦᠩᠬᠡᠢ ᠲᠣᠭ᠎ᠠ᠂ ᠬᠠᠮᠤᠷᠬᠤ ᠵᠠᠰᠠᠭ ᠵᠠᠬᠢᠷᠭ᠋ᠠᠨ᠎ᠤ ᠲᠣᠰᠬᠣᠨ᠎ᠤ ᠲᠣᠭ᠎ᠠ ᠬᠡᠮᠵᠢᠶ᠎ᠡ᠂ ᠬᠦᠷᠢᠶᠡᠯᠡᠩ᠎ᠤᠨ ᠳᠣᠲᠣᠷᠠᠬᠢ ᠲᠠᠷᠢᠶᠠᠯᠠᠬᠤ ᠮᠠᠯᠵᠢᠬᠤ ᠡᠷᠦᠬᠡ ᠵᠢᠨ ᠲᠣᠭ᠎ᠠ ᠬᠡᠮᠵᠢᠶ᠎ᠡ᠂ ᠪᠥᠬᠥ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠥᠬᠥ ᠥᠷᠲᠡᠭ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠬᠣᠶᠠᠷ) ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠃ ᠡᠭᠦᠨ᠎ᠳᠤ ᠠᠵᠤ ᠦᠢ᠍ᠯᠡᠰ᠎ᠤᠨ ᠬᠦᠷᠢᠶᠡᠯᠡᠩ᠎ᠤᠨ ᠭᠣᠣᠯᠯᠠᠬᠤ ᠠᠵᠤ ᠦᠢ᠍ᠯᠡᠰ᠎ᠲᠤ ᠬᠡᠷᠡᠭᠯᠡᠬᠦ ᠭᠠᠵᠠᠷ᠎ᠤᠨ ᠶᠡᠷᠦᠩᠬᠡᠢ ᠲᠠᠯᠠᠪᠠᠶ ᠭᠣᠣᠯᠯᠠᠬᠤ ᠠᠵᠤ ᠦᠢ᠍ᠯᠡᠰ᠎ᠤᠨ ᠬᠡᠪᠴᠢᠶᠡᠵᠢᠭᠦᠯᠦᠨ ᠳᠠᠷᠢᠵᠤ ᠲᠡᠵᠢᠭᠡᠨ ᠦᠷᠡᠵᠢᠭᠦᠯᠬᠦ ᠲᠠᠯᠠᠪᠠᠶ᠂ ᠭᠣᠣᠯᠯᠠᠬᠤ ᠠᠵᠤ ᠦᠢ᠍ᠯᠡᠰ᠎ᠤᠨ ᠦᠢ᠍ᠯᠡᠳᠬᠦᠨ᠎ᠤ ᠶᠡᠷᠦᠩᠬᠡᠢ ᠥᠷᠲᠡᠭ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠤᠯᠲᠠ ᠵᠢᠨ ᠶᠡᠷᠦᠩᠬᠡᠢ ᠬᠡᠮᠵᠢᠶ᠎ᠡ᠂ ᠰᠡᠯᠡᠭᠦᠴᠡᠯ᠎ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤᠨ ᠡᠵᠡᠩᠨᠡᠯᠲᠡ ᠵᠢᠨ ᠣᠷᠣᠯᠭ᠎ᠠ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ ᠬᠥᠲᠥᠴᠢ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ ᠬᠣᠯᠪᠣᠭ᠋ᠠᠲᠤ ᠴᠣᠭᠴᠠ ᠵᠢᠨ ᠲᠣᠭ᠎ᠠ ᠬᠡᠮᠵᠢᠶ᠎ᠡ᠂ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠲᠣᠭ᠎ᠠ ᠬᠡᠮᠵᠢᠶ᠎ᠡ᠂ ᠮᠠᠯᠴᠢᠨ ᠲᠠᠷᠢᠶᠠᠴᠢᠨ᠎ᠤ ᠬᠣᠷᠰᠢᠶ᠎ᠠ ᠵᠢᠨ ᠲᠣᠭ᠎ᠠ ᠬᠡᠮᠵᠢᠶ᠎ᠡ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠵᠢᠨ ᠲᠣᠭ᠎ᠠ ᠬᠡᠮᠵᠢᠶ᠎ᠡ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠭᠤᠷᠪᠠ) ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠢ᠌ᠳᠠᠯ᠃ ᠡᠭᠦᠨ᠎ᠳᠤ ᠭᠣᠣᠯᠯᠠᠬᠤ ᠠᠵᠤ ᠦᠢ᠍ᠯᠡᠰ᠎ᠤᠨ ᠲᠤᠰᠬᠠᠢ ᠮᠡᠷᠭᠡᠵᠢᠯᠲᠡᠨ᠎ᠤ ᠪᠦᠯᠬᠦᠮ ᠨᠡᠶ᠋ᠢᠲᠡ ᠵᠢᠨ ᠲᠣᠭ᠎ᠠ ᠬᠡᠮᠵᠢᠶ᠎ᠡ᠂ ᠲᠠᠷᠢᠮᠠᠯ᠎ᠤᠨ ᠵᠦᠢ᠍ᠯ᠎ᠤᠨ ᠲᠠᠷᠢᠶᠠᠯᠠᠵᠤ ᠬᠤᠷᠢᠶᠠᠬᠤ ᠶᠡᠷᠦᠩᠬᠡᠢ᠌ᠯᠡᠭᠰᠡᠨ ᠮᠠᠰᠢᠨᠴᠢᠯᠠᠯᠲᠠ ᠵᠢᠨ ᠨᠣᠷᠮ᠎ᠠ᠂ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠮᠠᠰᠢᠨᠴᠢᠯᠠᠯᠲᠠ ᠵᠢᠨ ᠨᠣᠷᠮ᠎ᠠ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠦᠢ᠍ᠲᠡᠨ ᠬᠥᠮᠥᠷᠭᠡ ᠵᠢᠨ ᠶᠡᠷᠦᠩᠬᠡᠢ ᠪᠠᠭᠲᠠᠭ᠋ᠠᠮᠵᠢ᠂ ᠣᠶᠤᠨᠲᠤ ᠲᠠᠷᠢᠶᠠᠯᠠᠩ᠎ᠤᠨ ᠮᠠᠰᠢᠨ᠎ᠤ ᠨᠠᠷᠢᠯᠢᠭ ᠣᠨᠣᠴᠠᠲᠠᠢ᠎ᠪᠠᠷ ᠠᠵᠢᠯᠯᠠᠬᠤ ᠲᠠᠯᠠᠪᠠᠶ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠳᠥᠷᠪᠡ) ᠪᠣᠬᠢᠷᠲᠤᠯ ᠦᠭᠡᠢ ᠬᠥᠭᠵᠢᠯᠲᠡ ᠵᠢᠨ ᠪᠠᠢ᠌ᠳᠠᠯ᠃ ᠡᠭᠦᠨ᠎ᠳᠤ ᠠᠵᠤ ᠦᠢ᠍ᠯᠡᠰ᠎ᠤᠨ ᠬᠦᠷᠢᠶᠡᠯᠡᠩ᠎ᠤᠨ ᠤᠰᠤ ᠠᠷᠪᠢᠯᠠᠬᠤ ᠤᠰᠤᠯᠠᠯᠲᠠ ᠵᠢᠨ ᠪᠦᠷᠬᠦᠴᠡ ᠵᠢᠨ ᠲᠠᠯᠠᠪᠠᠶ᠂ ᠬᠢᠮᠢ ᠵᠢᠨ ᠪᠣᠷᠳᠣᠭᠤᠷ ᠬᠡᠷᠡᠭᠯᠡᠬᠦ ᠬᠡᠮᠵᠢᠶ᠎ᠡ᠂ ᠲᠠᠷᠢᠶᠠᠨ ᠡᠮ ᠬᠡᠷᠡᠭᠯᠡᠬᠦ ᠬᠡᠮᠵᠢᠶ᠎ᠡ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ᠂ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ᠂ ᠲᠠᠷᠢᠶᠠᠯᠠᠩ᠎ᠤᠨ ᠰᠦᠯᠢᠶᠥᠦ ᠪᠦᠷᠬᠦᠪᠴᠢ ᠵᠢ ᠬᠣᠷᠢᠶᠠᠨ ᠠᠪᠴᠤ ᠰᠢᠢ᠍ᠳᠪᠦᠷᠢᠯᠡᠬᠦ ᠨᠣᠷᠮ᠎ᠠ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠰᠤᠭᠤᠴᠢᠨ ᠪᠠᠢ᠌ᠴᠠᠭ᠋ᠠᠬᠤ ᠪᠦᠯᠦᠭ ᠤᠳᠠᠭ᠎ᠠ᠂ ᠬᠢᠷᠢ ᠲᠡᠩᠴᠡᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠯᠦᠭ ᠤᠳᠠᠭ᠎ᠠ᠂ ᠬᠦᠷᠢᠶᠡᠯᠡᠩ᠎ᠤᠨ ᠳᠣᠲᠣᠷᠠᠬᠢ ᠪᠣᠬᠢᠷᠲᠤᠯ ᠦᠭᠡᠢ ᠢᠳᠡᠭᠡᠨ᠂ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ᠎ᠢ ᠭᠡᠷᠡᠴᠢᠯᠡᠬᠦ ᠲᠣᠭ᠎ᠠ ᠬᠡᠮᠵᠢᠶ᠎ᠡ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠲᠠᠪᠤ) ᠲᠠᠷᠢᠶᠠᠴᠢᠨ᠎ᠲᠠᠢ ᠬᠣᠯᠪᠣᠭ᠋ᠠᠯᠠᠵᠤ ᠲᠠᠷᠢᠶᠠᠴᠢᠨ᠎ᠢ ᠳᠠᠢ᠌ᠴᠢᠯᠠᠭᠰᠠᠨ ᠪᠠᠢ᠌ᠳᠠᠯ᠃ ᠡᠭᠦᠨ᠎ᠳᠤ ᠬᠦᠷᠢᠶᠡᠯᠡᠩ᠎ᠤᠨ ᠳᠣᠲᠣᠷᠠᠬᠢ ᠮᠠᠯᠵᠢᠬᠤ ᠲᠠᠷᠢᠶᠠᠯᠠᠬᠤ ᠡᠷᠦᠬᠡ ᠬᠢᠭᠡᠳ ᠡᠵᠡᠩᠨᠡᠯᠲᠡ ᠵᠢᠨ ᠭᠣᠣᠯ ᠴᠣᠭᠴᠠ ᠵᠢᠨ ᠪᠠᠢ᠌ᠭᠤᠯᠤᠭᠰᠠᠨ ᠠᠰᠢᠭ ᠲᠤᠰᠠ ᠵᠢᠨ ᠬᠣᠯᠪᠣᠯᠳᠤᠭᠰᠠᠨ ᠡᠷᠦᠬᠡ ᠵᠢᠨ ᠲᠣᠭ᠎ᠠ (ᠳᠠᠢ᠌ᠴᠢᠯᠠᠬᠤ ᠠᠷᠭ᠎ᠠ ᠮᠠᠶᠢᠭ᠄ ᠬᠤᠪᠢ ᠣᠷᠣᠭᠤᠯᠤᠨ ᠬᠤᠷᠰᠢᠬᠤ᠂ ᠵᠠᠬᠢᠶᠠᠯᠠᠭ᠎ᠠ ᠵᠢᠨ ᠲᠠᠷᠢᠶᠠᠯᠠᠩ ᠮᠠᠯ ᠠᠵᠤ ᠠᠬᠤᠢ᠂ 《ᠭᠠᠵᠠᠷ ᠰᠢᠷᠣᠢ ᠵᠢᠨ ᠡᠷᠭᠢᠯᠲᠡ + ᠰᠠᠭᠤᠷᠢ ᠵᠢ ᠪᠠᠲᠤᠯᠠᠨ ᠠᠰᠢᠭ ᠬᠤᠪᠢᠶᠠᠬᠤ》 ᠵᠡᠷᠭᠡ ᠠᠷᠭ᠎ᠠ ᠮᠠᠶᠢᠭ ᠵᠶ᠋ᠠᠷ ᠮᠠᠯᠵᠢᠬᠤ ᠲᠠᠷᠢᠶᠠᠯᠠᠬᠤ ᠡᠷᠦᠬᠡ ᠵᠢᠨ ᠲᠣᠭ᠎ᠠ ᠬᠡᠮᠵᠢᠶ᠎ᠡ ᠵᠢ ᠳᠠᠢ᠌ᠴᠢᠯᠠᠬᠤ ᠭᠡᠵᠦ ᠬᠤᠪᠢᠶᠠᠨ᠎ᠠ) ᠪᠠᠭᠲᠠᠨ᠎ᠠ᠃ ᠬᠠᠮᠲᠤ ᠵᠢᠨ ᠡᠳ᠋ ᠬᠥᠷᠥᠩᠭᠡ ᠵᠢ ᠬᠡᠮᠵᠢᠶᠡᠵᠢᠭᠦᠯᠦᠨ ᠬᠤᠪᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠲᠣᠰᠬᠣᠨ᠎ᠤ ᠲᠣᠭ᠎ᠠ ᠬᠡᠮᠵᠢᠶ᠎ᠡ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠳᠤᠮᠳᠠᠴᠢ ᠣᠷᠣᠯᠭ᠎ᠠ᠂ ᠬᠦᠷᠢᠶᠡᠯᠡᠩ᠎ᠲᠤ ᠣᠷᠣᠵᠤ ᠠᠵᠢᠯ ᠣᠯᠣᠭᠰᠠᠨ ᠮᠠᠯᠴᠢᠨ ᠲᠠᠷᠢᠶᠠᠴᠢᠨ᠎ᠤ ᠲᠣᠭ᠎ᠠ᠂ ᠬᠦᠷᠢᠶᠡᠯᠡᠩ᠎ᠤᠨ ᠳᠣᠲᠣᠷᠠᠬᠢ ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠂ ᠪᠠᠢ᠌ᠭ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠵᠢᠷᠭᠤᠭ᠎ᠠ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠪᠠᠢ᠌ᠳᠠᠯ᠃ ᠡᠭᠦᠨ᠎ᠳᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠥᠷᠥᠯ ᠵᠦᠢ᠍ᠯ᠎ᠤᠨ ᠣᠷᠣᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢᠨ ᠲᠣᠭ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠱᠠᠩᠨᠠᠵᠤ ᠲᠤᠰᠠᠯᠠᠬᠤ ᠪᠡᠯᠡ ᠮᠥᠩᠭᠥ ᠵᠢᠨ ᠬᠡᠷᠡᠭᠯᠡᠯᠲᠡ ᠵᠢᠨ ᠠᠬᠢᠴᠠ᠂ ᠨᠡᠢ᠌ᠭᠡᠮ᠎ᠤᠨ ᠬᠥᠷᠥᠩᠭᠡ ᠵᠢᠨ ᠣᠷᠣᠭᠤᠯᠤᠯᠲᠠ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠵᠢᠭᠡᠯᠡᠯᠭᠡ ᠵᠢᠨ ᠣᠷᠣᠭᠤᠯᠤᠯᠲᠠ᠂ ᠠᠵᠢᠯ ᠡᠬᠢᠯᠡᠭᠦᠯᠬᠦ ᠲᠥᠷᠥᠯ ᠵᠦᠢ᠍ᠯ᠎ᠤᠨ ᠲᠣᠭ᠎ᠠ᠂ ᠠᠰᠢᠭᠯᠠᠯᠲᠠ᠎ᠳᠤ ᠣᠷᠣᠭᠤᠯᠬᠤ ᠲᠥᠷᠥᠯ ᠵᠦᠢ᠍ᠯ᠎ᠤᠨ ᠲᠣᠭ᠎ᠠ ᠪᠠᠭᠲᠠᠨ᠎ᠠ᠃
ᠳᠣᠯᠣᠳᠤᠭ᠋ᠠᠷ ᠵᠦᠢ᠍ᠯ ᠡᠯ᠎ᠡ ᠠᠵᠤ ᠦᠢ᠍ᠯᠡᠰ᠎ᠤᠨ ᠬᠦᠷᠢᠶᠡᠯᠡᠩ ᠬᠢᠨᠠᠨ ᠬᠡᠮᠵᠢᠵᠦ ᠪᠦᠷᠢᠳᠬᠡᠬᠦ ᠳᠦᠷᠢᠮ᠎ᠢ ᠪᠠᠢ᠌ᠭᠤᠯᠵᠤ᠂ ᠮᠡᠳᠡᠭᠡ ᠵᠠᠩᠭᠢᠴᠢ ᠲᠤᠮᠢᠯᠠᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠴᠤᠭᠯᠠᠭᠤᠯᠬᠤ ᠪᠠ ᠲᠠᠭᠯᠠᠨ ᠮᠡᠳᠡᠭᠦᠯᠬᠦ ᠵᠢ ᠬᠠᠷᠢᠭᠤᠴᠠᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠥᠪᠡᠷ᠎ᠢ᠎ᠪᠠᠨ ᠦᠨᠡᠯᠡᠬᠦ ᠵᠢ ᠥᠷᠨᠢᠭᠦᠯᠬᠦ ᠵᠢᠨ ᠬᠠᠮᠲᠤ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠬᠢᠨᠠᠭᠤᠯᠤᠭᠰᠠᠨᠤ ᠳᠠᠷᠠᠭ᠎ᠠ᠂ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠬᠢᠨᠠᠨ ᠬᠡᠮᠵᠢᠵᠦ ᠦᠨᠡᠯᠡᠭᠰᠡᠨ ᠲᠣᠭ᠎ᠠ ᠪᠠᠷᠢᠮᠲᠠ᠎ᠪᠠᠨ ᠮᠡᠳᠡᠭᠦᠯᠦᠨ ᠬᠦᠷᠭᠡᠬᠦ ᠬᠡᠷᠡᠭᠲᠡᠢ᠃
ᠨᠠᠢ᠍ᠮᠠᠳᠤᠭ᠋ᠠᠷ ᠵᠦᠢ᠍ᠯ ᠭᠣᠣᠯᠯᠠᠬᠤ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠨᠢ ᠪᠥᠬᠥ ᠣᠷᠣᠨ᠎ᠳᠤ ᠲᠡᠷᠢᠭᠦᠨ᠎ᠤ᠂ ᠮᠡᠷᠭᠡᠵᠢᠯ ᠲᠣᠨᠣᠭᠯᠠᠯ᠎ᠤᠨ ᠬᠢᠷᠢ ᠬᠡᠮᠵᠢᠶ᠎ᠡ᠎ᠨᠢ ᠣᠷᠣᠨ ᠪᠦᠰᠡ᠎ᠳᠤ ᠲᠡᠷᠢᠭᠦᠨ᠎ᠤ᠂ ᠪᠣᠬᠢᠷᠲᠤᠯ ᠦᠭᠡᠢ ᠬᠥᠭᠵᠢᠯᠲᠡ ᠵᠢᠨ ᠦᠷ᠎ᠡ ᠪᠦᠲᠦᠮᠵᠢ᠎ᠨᠢ ᠲᠣᠪᠣᠢ᠌ᠮ᠎ᠠ᠂ ᠮᠠᠯᠴᠢᠨ ᠲᠠᠷᠢᠶᠠᠴᠢᠨ᠎ᠢ ᠳᠠᠢ᠌ᠴᠢᠯᠠᠬᠤ ᠦᠢ᠍ᠯᠡᠳᠦᠯ᠎ᠨᠢ ᠢᠯᠡᠷᠬᠡᠢ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠠᠷᠭ᠎ᠠ ᠬᠡᠮᠵᠢᠶ᠎ᠡ᠎ᠨᠢ ᠬᠦᠴᠦᠲᠡᠢ᠂ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ᠎ᠨᠢ ᠪᠦᠷᠢᠨ ᠲᠡᠭᠦᠯᠳᠡᠷ᠂ ᠪᠡᠯᠡ ᠮᠥᠩᠭᠥ ᠵᠢᠨ ᠬᠡᠷᠡᠭᠯᠡᠯᠲᠡ᠎ᠨᠢ ᠥᠨᠳᠥᠷ ᠦᠷ᠎ᠡ ᠪᠦᠲᠦᠮᠵᠢ᠎ᠲᠠᠢ ᠵᠢᠷᠤᠮᠵᠢᠯ᠎ᠲᠠᠢ ᠵᠡᠷᠭᠡ ᠦᠨᠡᠯᠡᠬᠦ ᠨᠥᠬᠥᠴᠡᠯ ᠶᠣᠰᠣᠭ᠋ᠠᠷ᠂ ᠠᠵᠤ ᠦᠢ᠍ᠯᠡᠰ᠎ᠤᠨ ᠬᠦᠷᠢᠶᠡᠯᠡᠩ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠳᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠬᠢᠨ᠎ᠡ᠃
ᠶᠢᠰᠦᠳᠦᠭᠡᠷ ᠵᠦᠢ᠍ᠯ ᠠᠮᠵᠢᠯᠲᠠ ᠪᠦᠲᠦᠮᠵᠢ ᠵᠢ ᠦᠨᠡᠯᠡᠬᠦ ᠭᠦᠢ᠍ᠴᠡᠳᠬᠡᠯ ᠲᠣᠭ᠎ᠠ ᠵᠢᠨ ᠰᠢᠰᠲ᠋ᠧᠮᠵᠢ᠎ᠳᠤ 6 ᠲᠠᠯ᠎ᠠ ᠵᠢ ᠪᠠᠭᠲᠠᠭ᠋ᠠᠨ᠎ᠠ᠃
(ᠨᠢᠭᠡ) ᠭᠣᠣᠯᠯᠠᠬᠤ ᠠᠵᠤ ᠦᠢ᠍ᠯᠡᠰ᠎ᠤᠨ ᠶᠡᠷᠦᠩᠬᠡᠢ᠌ᠯᠡᠭᠰᠡᠨ ᠦᠷ᠎ᠡ ᠠᠰᠢᠭ᠃ ᠡᠭᠦᠨ᠎ᠳᠤ ᠬᠥᠳᠡᠯᠮᠦᠷᠢ ᠦᠢ᠍ᠯᠡᠳᠪᠦᠷᠢᠯᠡᠯ᠎ᠤᠨ ᠨᠤᠷᠮ᠎ᠠ᠂ ᠭᠠᠵᠠᠷ ᠰᠢᠷᠣᠢ ᠵᠢᠨ ᠭᠠᠷᠤᠯᠲᠠ ᠵᠢᠨ ᠨᠤᠷᠮ᠎ᠠ᠂ ᠭᠣᠣᠯᠯᠠᠬᠤ ᠠᠵᠤ ᠦᠢ᠍ᠯᠡᠰ᠎ᠤᠨ ᠦᠢ᠍ᠯᠡᠳᠬᠦᠨ᠎ᠤ ᠦᠷᠳᠡᠭ ᠬᠢᠭᠡᠳ ᠦᠢ᠍ᠯᠡᠳᠬᠦᠨ᠎ᠤ ᠶᠡᠷᠦᠩᠬᠡᠢ ᠦᠷᠳᠡᠭ᠎ᠤᠨ ᠬᠠᠷᠢᠴᠠᠯ ᠬᠡᠮᠵᠢᠭᠳᠡᠯ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠬᠣᠶᠠᠷ) ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠬᠢᠷᠢ ᠲᠦᠪᠰᠢᠨ᠃ ᠡᠭᠦᠨ᠎ᠳᠤ ᠵᠣᠬᠢᠬᠤ ᠬᠡᠪᠴᠢᠶᠡᠲᠦ ᠡᠵᠡᠩᠨᠡᠯᠲᠡ ᠵᠢᠨ ᠨᠣᠷᠮ᠎ᠠ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠎ᠤᠨ ᠦᠢ᠍ᠯᠡᠳᠬᠦᠨ᠎ᠤ ᠥᠷᠲᠡᠭ ᠬᠢᠭᠡᠳ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠬᠦᠨ᠎ᠤ ᠶᠡᠷᠦᠩᠬᠡᠢ ᠥᠷᠲᠡᠭ᠎ᠤᠨ ᠬᠠᠷᠢᠴᠠᠯ᠂ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ ᠬᠢᠭᠡᠳ ᠦᠢ᠍ᠯᠡᠳᠬᠦᠨ᠎ᠤ ᠶᠡᠷᠦᠩᠬᠡᠢ ᠥᠷᠳᠡᠭ᠎ᠤᠨ ᠬᠠᠷᠢᠴᠠᠯ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠭᠤᠷᠪᠠ) ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢᠨ ᠲᠤᠯᠭ᠋ᠠᠭᠤᠷᠢᠯᠠᠬᠤ ᠬᠢᠷᠢ ᠲᠦᠪᠰᠢᠨ᠃ ᠡᠭᠦᠨ᠎ᠳᠤ ᠲᠠᠷᠢᠮᠠᠯ ᠳᠠᠷᠢᠵᠤ ᠬᠤᠷᠢᠶᠠᠬᠤ ᠵᠢᠨ ᠶᠡᠷᠦᠩᠬᠡᠢ᠌ᠯᠡᠭᠰᠡᠨ ᠮᠠᠰᠢᠨᠴᠢᠯᠠᠯᠲᠠ ᠵᠢᠨ ᠨᠣᠷᠮ᠎ᠠ᠂ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠵᠢᠨ ᠮᠠᠰᠢᠨᠴᠢᠯᠠᠯᠲᠠ ᠵᠢᠨ ᠨᠣᠷᠮ᠎ᠠ᠂ ᠲᠠᠷᠢᠶᠠᠯᠠᠩ ᠮᠠᠯ ᠠᠵᠤ ᠠᠬᠤᠢ ᠵᠢᠨ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠳᠥᠷᠪᠡ) ᠪᠣᠬᠢᠷᠲᠤᠯ ᠦᠭᠡᠢ ᠬᠥᠭᠵᠢᠯᠲᠡ ᠵᠢᠨ ᠬᠢᠷᠢ ᠲᠦᠪᠰᠢᠨ᠃ ᠡᠭᠦᠨ᠎ᠳᠤ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ᠂ ᠲᠠᠷᠢᠶᠠᠯᠠᠩ᠎ᠤᠨ ᠵᠤᠯᠤᠮ᠎ᠠ ᠪᠦᠷᠬᠦᠪᠴᠢ ᠵᠢ ᠬᠣᠷᠢᠶᠠᠨ ᠠᠪᠴᠤ ᠰᠢᠢ᠍ᠳᠪᠦᠷᠢᠯᠡᠬᠦ ᠨᠣᠷᠮ᠎ᠠ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠲᠠᠪᠤ) ᠲᠠᠷᠢᠶᠠᠯᠠᠩ᠎ᠲᠠᠢ ᠬᠣᠯᠪᠣᠭ᠋ᠠᠯᠠᠵᠤ ᠲᠠᠷᠢᠶᠠᠯᠠᠩ᠎ᠢ ᠳᠠᠢ᠌ᠴᠢᠯᠠᠬᠤ ᠬᠢᠷᠢ ᠬᠡᠮᠵᠢᠶ᠎ᠡ᠃ ᠡᠭᠦᠨ᠎ᠳᠤ ᠡᠵᠡᠩᠨᠡᠯᠲᠡ ᠵᠢᠨ ᠭᠣᠣᠯ ᠴᠣᠭᠴᠠ᠎ᠯᠤᠭ᠎ᠠ ᠠᠰᠢᠭ ᠲᠤᠰᠠ ᠵᠢᠨ ᠬᠣᠯᠪᠣᠭ᠎ᠠ ᠵᠢᠨ ᠬᠠᠷᠢᠴᠠᠭ᠎ᠠ ᠪᠠᠢ᠌ᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ ᠵᠢᠨ ᠬᠤᠪᠢ ᠵᠢᠨ ᠵᠢᠩ᠂ ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠎ᠨᠢ ᠪᠠᠢ᠌ᠭ᠎ᠠ ᠬᠣᠰᠢᠭᠤ ᠰᠢᠶᠠᠨ (ᠬᠣᠲᠠ᠂ ᠲᠣᠭᠣᠷᠢᠭ)᠎ᠳᠠᠬᠢ ᠳᠤᠮᠳᠠᠴᠢ ᠬᠢᠷᠢ ᠬᠡᠮᠵᠢᠶ᠎ᠡ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠣᠷᠣᠯᠭ᠎ᠠ ᠵᠢᠨ ᠨᠡᠮᠡᠭᠳᠡᠯ᠎ᠤᠨ ᠬᠡᠮᠵᠢᠶ᠎ᠡ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
(ᠵᠢᠷᠭᠤᠭ᠎ᠠ) ᠳᠡᠮᠵᠢᠵᠦ ᠪᠠᠲᠤᠯᠠᠬᠤ ᠬᠢᠷᠢ ᠲᠦᠪᠰᠢᠨ᠃ ᠡᠭᠦᠨ᠎ᠳᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠨᠢᠭᠡᠳᠦᠯᠲᠡᠢ ᠲᠥᠯᠥᠪᠯᠡᠨ ᠡᠮᠬᠢᠯᠡᠨ ᠨᠡᠢ᠌ᠯᠡᠭᠦᠯᠬᠦ ᠪᠡᠯᠡ ᠮᠥᠩᠭᠥ ᠵᠢᠨ ᠣᠷᠣᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ᠎ᠤ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠣᠷᠣᠭᠤᠯᠤᠯᠲᠠ ᠵᠢᠨ ᠬᠠᠷᠢᠴᠠᠯ ᠬᠡᠮᠵᠢᠭᠳᠡᠯ᠂ ᠮᠥᠩᠭᠥᠨ ᠭᠦᠢ᠍ᠯᠭᠡᠭᠡ ᠵᠢᠨ ᠨᠡᠢ᠌ᠭᠡᠮ᠎ᠤᠨ ᠬᠥᠷᠥᠩᠭᠡ ᠵᠢᠨ ᠣᠷᠣᠭᠤᠯᠤᠯᠲᠠ ᠬᠢᠭᠡᠳ ᠡᠯ᠎ᠡ ᠱᠠᠲᠤᠨ᠎ᠤ ᠨᠢᠭᠡᠳᠦᠯᠲᠡᠢ ᠲᠥᠯᠥᠪᠯᠡᠨ ᠡᠮᠬᠢᠯᠡᠨ ᠨᠡᠢ᠌ᠯᠡᠭᠦᠯᠬᠦ ᠪᠡᠯᠡ ᠮᠥᠩᠭᠥ ᠵᠢᠨ ᠣᠷᠣᠭᠤᠯᠤᠯᠲᠠ ᠵᠢᠨ ᠬᠠᠷᠢᠴᠠᠯ ᠬᠡᠮᠵᠢᠭᠳᠡᠯ ᠵᠡᠷᠭᠡ ᠭᠦᠢ᠍ᠴᠡᠳᠬᠡᠯ ᠲᠣᠭ᠎ᠠ ᠪᠠᠭᠲᠠᠨ᠎ᠠ᠃
ᠠᠷᠪᠠᠳᠤᠭ᠋ᠠᠷ ᠵᠦᠢ᠍ᠯ ᠬᠢᠨᠠᠨ ᠬᠡᠮᠵᠢᠵᠦ ᠦᠨᠡᠯᠡᠬᠦ ᠵᠢ ᠡᠯ᠎ᠡ ᠵᠦᠢ᠍ᠯ᠎ᠤᠨ ᠦᠨᠡᠯᠡᠬᠦ ᠭᠦᠢ᠍ᠴᠡᠳᠬᠡᠯ ᠲᠣᠭ᠎ᠠ ᠵᠢᠨ ᠣᠯᠣᠭᠰᠠᠨ ᠬᠤᠪᠢ ᠵᠢᠨ ᠨᠡᠮᠡᠭᠦᠷᠢ ᠵᠢᠨ ᠨᠡᠢ᠌ᠯᠡᠪᠦᠷᠢ᠎ᠪᠠᠷ ᠬᠤᠪᠢᠶᠠᠵᠤ᠂ ᠪᠦᠷᠢᠨ ᠬᠤᠪᠢ᠎ᠨᠢ 100 ᠬᠤᠪᠢ ᠪᠣᠯᠣᠨ᠎ᠠ᠃ ᠡᠭᠦᠨ᠎ᠤ ᠰᠠᠭᠤᠷᠢᠨ ᠳᠡᠭᠡᠷ᠎ᠡ᠂ ᠲᠤᠷᠰᠢᠯᠭ᠎ᠠ ᠵᠢᠨ ᠵᠠᠭᠪᠤᠷ᠎ᠤᠨ ᠳ᠋ᠦᠩᠨᠡᠯᠲᠡ ᠲᠣᠪᠣᠢ᠌ᠮ᠎ᠠ᠂ ᠵᠢᠱ᠌ᠢᠶ᠎ᠡ ᠦᠵᠡᠭᠦᠯᠦᠨ ᠤᠬᠠᠭᠤᠯᠵᠤ ᠳᠡᠯᠭᠡᠷᠡᠭᠦᠯᠦᠭᠰᠡᠨ ᠦᠷ᠎ᠡ ᠪᠦᠲᠦᠮᠵᠢ᠎ᠪᠠᠷ ᠢᠯᠡᠷᠬᠡᠢ ᠠᠵᠤ ᠦᠢ᠍ᠯᠡᠰ᠎ᠤᠨ ᠬᠦᠷᠢᠶᠡᠯᠡᠩ᠎ᠳᠤ ᠠᠰᠲᠤᠨᠢ 10 ᠬᠤᠪᠢ ᠨᠡᠮᠡᠵᠦ ᠪᠣᠯᠣᠨ᠎ᠠ᠃
ᠭᠤᠷᠪᠠᠳᠤᠭ᠋ᠠᠷ ᠪᠦᠯᠦᠭ ᠬᠥᠳᠡᠯᠦᠩᠭᠦᠢ ᠬᠠᠮᠢᠶᠠᠷᠤᠯᠲᠠ
ᠠᠷᠪᠠᠨ ᠨᠢᠭᠡᠳᠦᠭᠡᠷ ᠵᠦᠢ᠍ᠯ ᠵᠥᠪᠰᠢᠶᠡᠷᠡᠨ ᠪᠠᠢ᠌ᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ᠎ᠳᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ ᠬᠢᠨᠠᠨ ᠬᠡᠮᠵᠢᠵᠦ ᠦᠨᠡᠯᠡᠬᠦ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠵᠢᠨ ᠬᠠᠮᠲᠤ ᠲᠣᠭ᠎ᠠ ᠪᠠᠷᠢᠮᠲᠠ ᠵᠢᠨ ᠵᠠᠳᠠᠯᠤᠯᠲᠠ ᠬᠢᠨ᠎ᠡ᠃
(ᠨᠢᠭᠡ) ᠣᠨ᠎ᠤ ᠬᠢᠨᠠᠨ ᠬᠡᠮᠵᠢᠵᠦ ᠦᠨᠡᠯᠡᠬᠦ ᠳᠦᠷᠢᠮ᠎ᠢ ᠪᠠᠢ᠌ᠭᠤᠯᠵᠤ᠂ 2 ᠰᠠᠷ᠎ᠠ᠎ᠳᠤ ᠨᠢᠭᠡ ᠤᠳᠠᠭ᠎ᠠ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢᠨ ᠪᠠᠢ᠌ᠳᠠᠯ᠎ᠤᠨ ᠲᠣᠬᠢᠷᠠᠭᠤᠯᠤᠯᠲᠠ ᠵᠢ ᠥᠷᠨᠢᠭᠦᠯᠵᠦ᠂ ᠵᠢᠯ ᠪᠦᠷᠢ ᠵᠢᠨ 6 ᠰᠠᠷ᠎ᠠ᠎ᠳᠤ ᠨᠢᠭᠡ ᠤᠳᠠᠭ᠎ᠠ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠲᠣᠬᠢᠷᠠᠭᠤᠯᠤᠯᠲᠠ ᠵᠢᠨ ᠪᠦᠷᠢᠳᠬᠡᠯ᠎ᠢ ᠥᠷᠨᠢᠭᠦᠯᠵᠦ᠂ ᠵᠢᠯ ᠪᠦᠷᠢ ᠵᠢᠨ 1 ᠰᠠᠷ᠎ᠠ᠎ᠳᠤ ᠣᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠥᠷᠨᠢᠭᠦᠯᠦᠨ᠎ᠡ᠃ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ᠂ ᠦᠨᠡᠯᠡᠭᠰᠡᠨ ᠮᠡᠳᠡᠭᠦᠯᠦᠯᠲᠡ ᠪᠠ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ᠎ᠢ ᠵᠢᠯ ᠪᠦᠷᠢ ᠵᠢᠨ 1 ᠰᠠᠷ᠎ᠠ ᠵᠢᠨ ᠳᠤᠮᠳᠠᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠢ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠬᠢᠷᠢ ᠴᠢᠳᠠᠮᠵᠢ᠎ᠲᠠᠢ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ ᠵᠢ ᠤᠷᠢᠵᠤ ᠬᠢᠨᠠᠨ ᠬᠡᠮᠵᠢᠵᠦ ᠦᠨᠡᠯᠡᠬᠦ ᠵᠢ ᠥᠷᠨᠢᠭᠦᠯᠵᠦ᠂ ᠪᠢᠴᠢᠭ ᠵᠶ᠋ᠡᠷ ᠬᠢᠨᠠᠨ ᠲᠣᠭᠲᠠᠭ᠋ᠠᠬᠤ ᠪᠠ ᠲᠤᠬᠠᠢ ᠵᠢᠨ ᠭᠠᠵᠠᠷ᠎ᠲᠤᠨᠢ ᠰᠤᠭᠤᠴᠢᠨ ᠪᠠᠢ᠌ᠴᠠᠭ᠋ᠠᠵᠤ ᠬᠠᠷᠭᠤᠭᠤᠯᠤᠨ ᠪᠠᠢ᠌ᠴᠠᠭ᠋ᠠᠬᠤ ᠠᠷᠭ᠎ᠠ ᠮᠠᠶᠢᠭ᠎ᠢ ᠠᠪᠴᠤ ᠪᠠᠢ᠌ᠭ᠋ᠠᠳ ᠡᠯ᠎ᠡ ᠠᠵᠤ ᠦᠢ᠍ᠯᠡᠰ᠎ᠤᠨ ᠬᠦᠷᠢᠶᠡᠯᠡᠩ᠎ᠤᠨ ᠠᠵᠢᠯᠯᠠᠭ᠋ᠠᠨ᠎ᠤ ᠪᠠᠢ᠌ᠳᠠᠯ᠎ᠳᠤ ᠬᠢᠨᠠᠨ ᠬᠡᠮᠵᠢᠵᠦ ᠵᠠᠳᠠᠯᠤᠯᠲᠠ ᠬᠢᠵᠦ᠂ ᠬᠢᠨᠠᠨ ᠬᠡᠮᠵᠢᠵᠦ ᠦᠨᠡᠯᠡᠭᠰᠡᠨ ᠰᠠᠨᠠᠯ ᠵᠶ᠋ᠠᠨ ᠳᠤᠷᠠᠳᠬᠤ ᠵᠢᠨ ᠬᠠᠮᠲᠤ᠂ ᠪᠥᠬᠥ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠣᠨ᠎ᠤ ᠬᠢᠨᠠᠨ ᠬᠡᠮᠵᠢᠭᠰᠡᠨ ᠮᠡᠳᠡᠭᠦᠯᠦᠯᠲᠡ ᠵᠢ ᠲᠤᠭᠤᠷᠪᠢᠨ ᠪᠢᠴᠢᠵᠦ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ᠎ᠳᠤ ᠶᠡᠷᠦᠩᠬᠡᠢ᠌ᠯᠡᠭᠰᠡᠨ ᠨᠡᠷᠡᠰ᠎ᠤᠨ ᠵᠢᠭᠰᠠᠭ᠋ᠠᠯᠲᠠ ᠬᠢᠨ᠎ᠡ᠃
ᠠᠷᠪᠠᠨ ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠬᠢᠨᠠᠨ ᠬᠡᠮᠵᠢᠵᠦ ᠦᠨᠡᠯᠡᠭᠰᠡᠨ ᠦᠷ᠎ᠡ ᠳ᠋ᠦᠩ᠎ᠢ ᠴᠠᠭ ᠲᠤᠬᠠᠢᠳᠤᠨᠢ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠢᠴᠢ ᠠᠵᠤ ᠦᠢ᠍ᠯᠡᠰ᠎ᠤᠨ ᠬᠦᠷᠢᠶᠡᠯᠡᠩ᠎ᠳᠤ ᠬᠠᠷᠢᠭᠤ ᠲᠤᠰᠬᠠᠵᠤ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠢᠮᠳᠠᠭᠤᠯᠬᠤ ᠵᠢᠨ ᠬᠠᠮᠲᠤ ᠪᠠᠢ᠌ᠳᠠᠯ᠎ᠢ ᠦᠵᠡᠵᠦ ᠪᠠᠢ᠌ᠭ᠋ᠠᠳ ᠰᠢᠭᠰᠢᠭᠳᠡᠭᠦᠯᠬᠦ ᠰᠠᠨᠠᠯ ᠵᠶ᠋ᠠᠨ ᠳᠤᠷᠠᠳᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠠᠵᠤ ᠦᠢ᠍ᠯᠡᠰ᠎ᠤᠨ ᠬᠦᠷᠢᠶᠡᠯᠡᠩ ᠡᠳᠦᠷ ᠲᠤᠲᠤᠮ᠎ᠤᠨ ᠬᠢᠨᠠᠨ ᠬᠡᠮᠵᠢᠬᠦ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠦᠲᠦᠭᠡᠨ ᠪᠠᠢ᠌ᠭᠤᠯᠵᠤ ᠠᠵᠢᠯᠯᠠᠭᠤᠯᠤᠭᠰᠠᠨ ᠪᠠᠢ᠌ᠳᠠᠯ᠎ᠢ ᠴᠠᠭ ᠲᠤᠬᠠᠢᠳᠤᠨᠢ ᠡᠵᠡᠮᠰᠢᠨ᠂ ᠬᠠᠮᠢᠶ᠎ᠠ ᠪᠦᠬᠦᠢ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠨ ᠴᠠᠭ ᠲᠤᠬᠠᠢᠳᠤᠨᠢ ᠮᠡᠳᠡᠭᠦᠯᠦᠨ ᠬᠦᠷᠭᠡᠬᠦ ᠵᠢᠨ ᠬᠠᠮᠲᠤ ᠮᠡᠳᠡᠭᠦᠯᠦᠨ ᠬᠦᠷᠭᠡᠭᠰᠡᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃ ᠬᠤᠳᠠᠯ ᠬᠠᠭᠤᠷᠮᠠᠭ ᠲᠣᠭ᠎ᠠ ᠪᠠᠷᠢᠮᠲᠠ ᠮᠡᠳᠡᠭᠦᠯᠦᠨ ᠬᠦᠷᠭᠡᠭᠰᠡᠨ ᠠᠵᠤ ᠦᠢ᠍ᠯᠡᠰ᠎ᠤᠨ ᠬᠦᠷᠢᠶᠡᠯᠡᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠷᠢ ᠬᠡᠮ᠎ᠢ ᠬᠠᠰᠤᠨ᠎ᠠ᠃
ᠳᠥᠷᠪᠡᠳᠦᠭᠡᠷ ᠪᠦᠯᠦᠭ ᠬᠢᠨᠠᠨ ᠰᠢᠯᠭ᠋ᠠᠵᠤ ᠮᠠᠭ᠋ᠠᠳᠯᠠᠨ ᠲᠣᠭᠲᠠᠭ᠋ᠠᠬᠤ ᠵᠢᠷᠤᠮ
ᠠᠷᠪᠠᠨ ᠳᠥᠷᠪᠡᠳᠦᠭᠡᠷ ᠵᠦᠢ᠍ᠯ ᠰᠢᠯᠭ᠋ᠠᠨ ᠬᠢᠨᠠᠵᠤ ᠮᠠᠭ᠋ᠠᠳᠯᠠᠨ ᠲᠣᠭᠲᠠᠭ᠋ᠠᠬᠤ᠎ᠳᠤ ᠪᠢᠴᠢᠭ ᠵᠶ᠋ᠡᠷ ᠥᠪᠡᠷ᠎ᠢ᠎ᠪᠠᠨ ᠦᠨᠡᠯᠡᠨ ᠬᠢᠨᠠᠬᠤ ᠪᠠ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ ᠳᠠᠬᠢᠨ ᠬᠢᠨᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠤᠨ᠎ᠠ᠃ ᠪᠣᠳᠠᠲᠠᠢ ᠵᠢᠷᠤᠮ᠎ᠨᠢ᠄
(ᠨᠢᠭᠡ) ᠪᠢᠴᠢᠭ ᠵᠶ᠋ᠡᠷ ᠥᠪᠡᠷ᠎ᠢ᠎ᠪᠠᠨ ᠦᠨᠡᠯᠡᠨ᠎ᠡ᠃ ᠪᠦᠲᠦᠭᠡᠨ ᠪᠠᠶ᠋ᠢᠭᠤᠯᠬᠤ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ᠂ ᠠᠵᠤ ᠦᠢ᠍ᠯᠡᠰ᠎ᠤᠨ ᠬᠦᠷᠢᠶᠡᠯᠡᠩ᠎ᠤᠨ ᠪᠠᠢ᠌ᠭ᠎ᠠ ᠬᠣᠰᠢᠭᠤ ᠰᠢᠶᠠᠨ (ᠬᠣᠲᠠ᠂ ᠲᠣᠭᠣᠷᠢᠭ) ᠨᠢ ᠬᠢᠨᠠᠨ ᠬᠡᠮᠵᠢᠵᠦ ᠦᠨᠡᠯᠡᠬᠦ ᠭᠦᠢ᠍ᠴᠡᠳᠬᠡᠯ ᠲᠣᠭ᠎ᠠ ᠵᠢ ᠦᠨᠳᠦᠰᠦᠯᠡᠨ᠂ ᠥᠪᠡᠷ ᠵᠶ᠋ᠡᠨ ᠦᠨᠡᠯᠡᠭᠰᠡᠨ ᠮᠡᠳᠡᠭᠦᠯᠦᠯᠲᠡ ᠪᠢᠴᠢᠵᠦ᠂ ᠥᠪᠡᠷ ᠵᠶ᠋ᠡᠨ ᠦᠨᠡᠯᠡᠭᠰᠡᠨ ᠬᠦᠰᠦᠨᠦᠭᠲᠦ ᠵᠢ ᠲᠠᠭᠯᠠᠨ᠂ ᠵᠣᠬᠢᠬᠤ ᠭᠡᠷᠡᠴᠢᠯᠡᠬᠦ ᠮᠠᠲ᠋ᠧᠷᠢᠶᠠᠯ᠎ᠢ ᠪᠡᠯᠡᠳᠬᠡᠵᠦ᠂ ᠰᠢᠯᠭ᠋ᠠᠨ ᠬᠤᠷᠢᠶᠠᠵᠤ ᠦᠨᠡᠮᠰᠢᠭᠦᠯᠬᠦ ᠭᠤᠶᠤᠴᠢᠯᠠᠯ ᠵᠶ᠋ᠠᠨ ᠳᠤᠷᠠᠳᠴᠤ᠂ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠪᠠᠷ ᠬᠢᠨᠠᠭᠤᠯᠤᠭᠰᠠᠨᠤ ᠳᠠᠷᠠᠭ᠎ᠠ ᠵᠣᠬᠢᠶᠠᠨ ᠪᠠᠢ᠌ᠭᠤᠯᠤᠨ ᠬᠢᠨᠠᠨ ᠬᠠᠷᠭᠤᠭᠤᠯᠵᠤ ᠰᠢᠯᠭ᠋ᠠᠨ ᠠᠪᠬᠤ ᠬᠡᠷᠡᠭᠲᠡᠢ᠃
(ᠬᠣᠶᠠᠷ) ᠲᠥᠷᠥᠯ ᠵᠦᠢ᠍ᠯ᠎ᠢ ᠬᠢᠨᠠᠨ ᠬᠠᠷᠭᠤᠭᠤᠯᠵᠤ ᠰᠢᠯᠭ᠋ᠠᠨ ᠠᠪᠤᠨ᠎ᠠ᠃ ᠠᠵᠤ ᠦᠢ᠍ᠯᠡᠰ ᠤᠨ ᠬᠦᠷᠢᠶᠡᠯᠡᠩ᠎ᠤᠨ ᠪᠠᠢ᠌ᠭ᠎ᠠ ᠬᠣᠰᠢᠭᠤ ᠰᠢᠶᠠᠨ ᠪᠦᠲᠦᠭᠡᠨ ᠪᠠᠶ᠋ᠢᠭᠤᠯᠬᠤ ᠡᠭᠦᠷᠭᠡ᠎ᠪᠠᠨ ᠪᠡᠶᠡᠯᠡᠭᠦᠯᠦᠭᠰᠡᠨ᠎ᠤ ᠲᠠᠷᠠᠭ᠎ᠠ ᠰᠢᠯᠭ᠋ᠠᠨ ᠠᠪᠬᠤ ᠭᠤᠶᠤᠴᠢᠯᠠᠯ ᠵᠢᠡᠨ ᠳᠤᠷᠠᠳᠴᠤ᠂ ᠠᠢ᠌ᠮᠠᠭ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ ᠰᠢᠯᠭ᠋ᠠᠨ ᠠᠪᠬᠤ ᠳᠤᠭᠤᠢ᠌ᠯᠠᠩ ᠪᠠᠢ᠌ᠭᠤᠯᠵᠤ᠂ ᠲᠤᠰᠬᠠᠢ ᠵᠦᠢ᠍ᠯ᠎ᠤᠨ ᠱᠠᠩᠨᠠᠵᠤ ᠲᠤᠰᠠᠯᠠᠬᠤ ᠪᠡᠯᠡ ᠮᠥᠩᠭᠥ ᠵᠢ ᠬᠡᠷᠡᠭᠯᠡᠭᠰᠡᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠨᠢᠭᠡ ᠨᠢᠭᠡ᠎ᠪᠠᠷ ᠬᠢᠨᠠᠨ ᠰᠢᠯᠭ᠋ᠠᠵᠤ ᠠᠪᠬᠤ ᠵᠢᠨ ᠵᠡᠷᠭᠡᠴᠡᠪᠡᠷ ᠠᠵᠤ ᠦᠢ᠍ᠯᠡᠰ᠎ᠤᠨ ᠬᠦᠷᠢᠶᠡᠯᠡᠩ᠎ᠤᠨ ᠢᠵᠢ ᠪᠦᠷᠢᠳᠦᠭᠦᠯᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠪᠠᠢ᠌ᠴᠠᠭ᠋ᠠᠨ ᠰᠢᠯᠭ᠋ᠠᠵᠤ ᠰᠢᠯᠭ᠋ᠠᠨ ᠠᠪᠴᠤ᠂ ᠰᠢᠯᠭ᠋ᠠᠨ ᠠᠪᠬᠤ ᠪᠠᠷᠢᠮᠵᠢᠶ᠎ᠠ᠎ᠳᠤ ᠨᠡᠢ᠌ᠴᠡᠭᠰᠡᠨ ᠪᠣᠯ ᠬᠢᠨᠠᠨ ᠬᠠᠷᠭᠤᠭᠤᠯᠵᠤ ᠰᠢᠯᠭ᠋ᠠᠨ ᠠᠪᠤᠭᠰᠠᠨ ᠰᠠᠨᠠᠯ ᠵᠶ᠋ᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠲ᠋ᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠳᠤ ᠮᠡᠳᠡᠭᠦᠯᠬᠦ ᠬᠡᠷᠡᠭᠲᠡᠢ᠃
(ᠭᠤᠷᠪᠠ) ᠲᠤᠬᠠᠢ ᠵᠢᠨ ᠭᠠᠵᠠᠷ᠎ᠲᠤᠨᠢ ᠬᠠᠷᠭᠤᠭᠤᠯᠤᠨ ᠪᠠᠢ᠌ᠴᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ ᠭᠤᠷᠪᠠᠳᠠᠭᠢ ᠡᠲᠡᠭᠡᠳ᠎ᠤᠨ ᠬᠢᠨᠠᠨ ᠬᠡᠮᠵᠢᠬᠦ ᠪᠠᠢ᠌ᠭᠤᠯᠤᠮᠵᠢ ᠵᠢ ᠵᠣᠬᠢᠶᠠᠨ ᠪᠠᠢ᠌ᠭᠤᠯᠤᠨ ᠠᠵᠤ ᠦᠢ᠍ᠯᠡᠰ᠎ᠤᠨ ᠬᠦᠷᠢᠶᠡᠯᠡᠩ᠎ᠤᠨ ᠥᠪᠡᠰᠦᠪᠡᠨ ᠦᠨᠡᠯᠡᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠠᠢ᠌ᠮᠠᠭ ᠬᠣᠲᠠ ᠵᠢᠨ ᠬᠢᠨᠠᠨ ᠬᠠᠷᠭᠤᠭᠤᠯᠵᠤ ᠰᠢᠯᠭ᠋ᠠᠨ ᠬᠤᠷᠢᠶᠠᠭᠰᠠᠨ ᠰᠠᠨᠠᠯ᠎ᠢ ᠦᠨᠳᠦᠰᠦᠯᠡᠨ᠂ ᠠᠵᠤ ᠦᠢ᠍ᠯᠡᠰ᠎ᠤᠨ ᠬᠦᠷᠢᠶᠡᠯᠡᠩ᠎ᠢ ᠲᠤᠬᠠᠢ ᠵᠢᠨ ᠲᠠᠯᠠᠪᠤᠷᠲᠤᠨᠢ ᠬᠢᠨᠠᠨ ᠰᠢᠯᠭ᠋ᠠᠵᠤ᠂ ᠶᠡᠷᠦᠩᠬᠡᠢ᠌ᠯᠡᠭᠰᠡᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢᠨ ᠳᠠᠷᠠᠭ᠎ᠠ ᠬᠢᠨᠠᠨ ᠰᠢᠯᠭ᠋ᠠᠵᠤ ᠦᠨᠡᠯᠡᠭᠰᠡᠨ ᠰᠠᠨᠠᠯ᠎ᠢ ᠪᠣᠶ ᠪᠣᠯᠭ᠋ᠠᠨ᠎ᠠ᠃
ᠠᠷᠪᠠᠨ ᠲᠠᠪᠤᠳᠤᠭ᠋ᠠᠷ ᠵᠦᠢ᠍ᠯ ᠰᠢᠯᠭ᠋ᠠᠨ ᠬᠢᠨᠠᠵᠤ ᠦᠨᠡᠯᠡᠬᠦ᠎ᠳᠤ ᠡᠳᠦᠷ ᠲᠤᠲᠤᠮ᠎ᠤᠨ ᠬᠢᠨᠠᠨ ᠬᠡᠮᠵᠢᠯᠲᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠪᠡᠯᠡ ᠮᠥᠩᠭᠥ ᠰᠣᠯᠢᠵᠤ ᠥᠭᠭᠦᠭᠰᠡᠨ ᠪᠠᠢ᠌ᠳᠠᠯ᠎ᠢ ᠦᠨᠳᠦᠰᠦᠯᠡᠨ ᠪᠣᠳᠠᠲᠠᠢ᠎ᠪᠠᠷ ᠬᠤᠪᠢ ᠣᠯᠭᠣᠨ᠎ᠠ᠃ ᠦᠨᠡᠯᠡᠭᠰᠡᠨ ᠬᠤᠪᠢ᠎ᠨᠢ 70 ᠬᠤᠪᠢ (ᠪᠠᠭᠲᠠᠨ᠎ᠠ) ᠠᠴᠠ ᠳᠡᠭᠡᠭᠰᠢ ᠪᠠᠢ᠌ᠪᠠᠯ 《ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ》᠎ᠤᠨ ᠴᠣᠯᠠ ᠣᠯᠭᠣᠵᠤ᠂ ᠰᠢᠯᠭ᠋ᠠᠨ ᠬᠢᠨᠠᠵᠤ ᠦᠨᠡᠯᠡᠬᠦ᠎ᠳᠤ ᠰᠢᠯᠢᠳᠡᠭ᠎ᠢ᠎ᠨᠢ ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠪᠡᠯᠡᠳᠬᠡᠯ ᠡᠩᠨᠡᠭᠡ᠎ᠳᠤ ᠣᠷᠣᠭᠤᠯᠤᠨ᠎ᠠ; ᠦᠨᠡᠯᠡᠭᠰᠡᠨ ᠬᠤᠪᠢ᠎ᠨᠢ 70 ᠬᠤᠪᠢ᠎ᠠᠴᠠ ᠳᠣᠣᠷ᠎ᠠ ᠪᠠᠢ᠌ᠪᠠᠯ ᠬᠢᠷᠢ ᠲᠡᠩᠴᠡᠭᠰᠡᠨ ᠦᠭᠡᠢ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠵᠢ ᠬᠡᠷᠡᠭᠵᠢᠭᠦᠯᠵᠦ᠂ ᠴᠡᠭᠴᠡᠯᠡᠨ ᠰᠠᠢ᠌ᠵᠢᠷᠠᠭᠤᠯᠬᠤ ᠬᠤᠭᠤᠴᠠᠭ᠋ᠠᠨ᠎ᠳᠤ ᠰᠢᠯᠭ᠋ᠠᠨ ᠬᠢᠨᠠᠵᠤ ᠦᠨᠡᠯᠡᠬᠦ᠎ᠳᠤ ᠮᠥᠨ ᠬᠢᠷᠢ ᠲᠡᠩᠴᠡᠭᠰᠡᠨ ᠦᠭᠡᠢ ᠪᠠᠢ᠌ᠪᠠᠯ 《ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ》᠎ᠤᠨ ᠬᠢᠷᠢ ᠬᠡᠮ᠎ᠢ ᠬᠦᠴᠦᠨ ᠦᠭᠡᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠱᠠᠩᠨᠠᠵᠤ ᠲᠤᠰᠠᠯᠠᠬᠤ ᠪᠡᠯᠡ ᠮᠥᠩᠭᠥ ᠵᠢ ᠬᠣᠷᠢᠶᠠᠨ ᠠᠪᠤᠨ᠎ᠠ; ᠵᠥᠪᠰᠢᠶᠡᠷᠡᠭᠦᠯᠦᠭᠡᠳ ᠪᠦᠬᠦᠯᠢ 2 ᠵᠢᠯ ᠪᠣᠯᠤᠭᠰᠠᠨ᠎ᠤ ᠲᠠᠷᠠᠭ᠎ᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠨᠢ ᠤᠳᠠᠭ᠋ᠠᠨ᠂ ᠲᠤᠰᠬᠠᠢ ᠵᠦᠢ᠍ᠯ᠎ᠤᠨ ᠪᠡᠯᠡ ᠮᠥᠩᠭᠥ᠎ᠨᠢ ᠦᠷ᠎ᠡ ᠠᠰᠢᠭ᠎ᠢ᠎ᠨᠢ ᠪᠠᠳᠠᠷᠠᠭᠤᠯᠵᠤ ᠳᠡᠶ᠋ᠢᠯᠬᠦ ᠦᠭᠡᠢ ᠠᠵᠤ ᠦᠢ᠍ᠯᠡᠰ ᠤᠨ ᠬᠦᠷᠢᠶᠡᠯᠡᠩ᠎ᠢ ᠪᠦᠲᠦᠭᠡᠨ ᠪᠠᠶ᠋ᠢᠭᠤᠯᠬᠤ ᠬᠢᠷᠢ ᠬᠡᠮ᠎ᠢ᠎ᠨᠢ ᠰᠢᠭᠤᠳ ᠬᠦᠴᠦᠨ ᠦᠭᠡᠢ ᠪᠣᠯᠭ᠋ᠠᠵᠤ᠂ ᠡᠳ᠋᠎ᠤᠨ ᠵᠠᠰᠠᠭ᠎ᠤᠨ ᠲᠤᠰᠬᠠᠢ ᠵᠦᠢ᠍ᠯ᠎ᠤᠨ ᠱᠠᠩᠨᠠᠵᠤ ᠲᠤᠰᠠᠯᠠᠬᠤ ᠪᠡᠯᠡ ᠮᠥᠩᠭᠥ ᠵᠢ᠎ᠨᠢ ᠪᠤᠴᠠᠭ᠋ᠠᠨ ᠠᠪᠴᠤ᠂ ᠨᠥᠬᠥᠴᠡᠯ ᠳᠤ ᠨᠡᠢ᠌ᠴᠡᠬᠦ ᠬᠣᠰᠢᠭᠤ ᠰᠢᠶᠠᠨ ᠲᠣᠭᠣᠷᠢᠭ᠎ᠤᠨ ᠪᠦᠲᠦᠭᠡᠨ ᠪᠠᠶ᠋ᠢᠭᠤᠯᠬᠤ ᠠᠵᠤ ᠦᠢ᠍ᠯᠡᠰ᠎ᠤᠨ ᠬᠦᠷᠢᠶᠡᠯᠡᠩ᠎ᠢ ᠳᠠᠷᠠᠭ᠋ᠠᠯᠠᠨ ᠨᠥᠬᠥᠪᠦᠷᠢᠯᠡᠬᠦ᠎ᠳᠤ ᠬᠡᠷᠡᠭᠯᠡᠨ᠎ᠡ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠠᠷᠪᠠᠨ ᠵᠢᠷᠭᠤᠳᠤᠭ᠋ᠠᠷ ᠵᠦᠢ᠍ᠯ ᠲᠣᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃
ᠠᠷᠪᠠᠨ ᠳᠣᠯᠣᠳᠤᠭ᠋ᠠᠷ ᠵᠦᠢ᠍ᠯ ᠲᠤᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃