ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ᠄
ᠪᠦᠬᠦ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠪᠠ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠨ ᠠᠬᠢᠭᠤᠯᠬᠤ ᠵᠢᠨ ᠲᠥᠯᠥᠭᠡ᠂ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠶᠤᠨᠴᠢ ᠲᠠᠷᠢᠶᠠᠯᠠᠩ᠎ᠤᠨ ᠬᠥᠭᠵᠢᠯᠲᠡ ᠵᠢ ᠶᠡᠬᠡᠪᠡᠷ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠦᠨᠳᠦᠰᠦᠯᠡᠵᠦ᠂ 《ᠪᠥᠬᠥ ᠤᠯᠤᠰ᠎ᠤᠨ ᠣᠶᠤᠨᠴᠢ ᠲᠠᠷᠢᠶᠠᠯᠠᠩ᠎ᠤᠨ ᠠᠵᠢᠯᠯᠠᠭ᠋ᠠᠨ᠎ᠤ ᠲᠥᠯᠥᠪᠯᠡᠭᠡ (2024—2028 ᠣᠨ)》᠂ 《ᠲᠣᠭ᠋ᠠᠴᠢᠯᠠᠭᠰᠠᠨ ᠬᠥᠳᠡᠭᠡ ᠲᠣᠰᠬᠣᠨ᠎ᠢ ᠬᠦᠭᠵᠢᠭᠦᠯᠬᠦ ᠠᠵᠢᠯᠯᠠᠭ᠋ᠠᠨ᠎ᠤ ᠲᠥᠯᠥᠪᠯᠡᠭᠡ (2022—2025 ᠣᠨ)》᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠠᠯᠪᠠᠨ ᠭᠡᠷ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ (2025—2027 ᠣᠨ)》᠎ᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠬᠣᠷᠢᠶᠠᠨ᠎ᠤ ᠰᠦᠯᠵᠢᠶᠡᠨ᠎ᠤ ᠠᠮᠤᠷ
ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠠᠯᠪᠠᠨ ᠭᠡᠷ
2025 ᠣᠨ᠎ᠤ 4 ᠰᠠᠷ᠎ᠠ ᠵᠢᠨ 11᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ (2025—2027 ᠣᠨ)
ᠣᠶᠤᠨᠴᠢ ᠲᠠᠷᠢᠶᠠᠯᠠᠩ ᠪᠣᠯ ᠤᠳᠤ ᠦᠶ᠎ᠡ ᠵᠢᠨ ᠲᠠᠷᠢᠶᠠᠯᠠᠩ᠎ᠢ ᠬᠥᠭᠵᠢᠭᠦᠯᠬᠦ ᠵᠢᠨ ᠴᠢᠬᠤᠯᠠ ᠬᠦᠴᠦᠯᠡᠬᠦ ᠴᠡᠭ ᠮᠥᠨ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠵᠢᠨ ᠪᠠᠢ᠌ᠯᠳᠤᠬᠤ ᠪᠣᠳᠣᠯᠭ᠎ᠠ ᠵᠢᠨ ᠠᠰᠢᠭᠲᠠᠢ ᠴᠡᠭ ᠮᠥᠨ᠃ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠣᠶᠤᠨᠴᠢ ᠲᠠᠷᠢᠶᠠᠯᠠᠩ᠎ᠤᠨ ᠬᠥᠭᠵᠢᠯᠲᠡ ᠵᠢ ᠶᠡᠬᠡᠪᠡᠷ ᠠᠬᠢᠭᠤᠯᠬᠤ ᠲᠤᠬᠠᠢ ᠵᠢᠯᠤᠭᠣᠳᠬᠤ ᠰᠠᠨᠠᠯ》᠂ 《ᠪᠥᠬᠥ ᠤᠯᠤᠰ᠎ᠤᠨ ᠣᠶᠤᠨᠴᠢ ᠲᠠᠷᠢᠶᠠᠯᠠᠩ᠎ᠤᠨ ᠠᠵᠢᠯᠯᠠᠭ᠋ᠠᠨ᠎ᠤ ᠲᠥᠯᠥᠪᠯᠡᠭᠡ (2024—2028 ᠣᠨ)》 ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠠ ᠪᠣᠯᠣᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ ᠲᠠᠷᠢᠶᠠᠯᠠᠩ ᠮᠠᠯ ᠠᠵᠤ ᠠᠬᠤᠢ ᠵᠢᠨ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠣᠷᠮ᠎ᠠ ᠪᠠ ᠮᠠᠯᠵᠢᠬᠤ ᠲᠠᠷᠢᠶᠠᠯᠠᠬᠤ ᠣᠷᠣᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠲᠣᠮᠣ ᠳ᠋ᠠᠢ᠌ᠲ᠋ᠠ᠂ ᠣᠷᠣᠨ ᠬᠡᠰᠡᠭ᠎ᠤᠨ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ᠂ ᠮᠠᠰᠢᠨ ᠬᠥᠮᠥᠨ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠢ ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠨ᠎ᠳᠤ ᠲᠦᠭᠡᠮᠡᠯᠵᠢᠭᠦᠯᠦᠨ ᠬᠡᠷᠡᠭᠯᠡᠬᠦ ᠵᠢ ᠲᠦᠷᠭᠡᠳᠬᠡᠨ ᠠᠬᠢᠭᠤᠯᠵᠤ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠤᠶᠤᠨᠵᠢᠭᠤᠯᠬᠤ ᠠᠬᠢᠴᠠ ᠵᠢ ᠲᠦᠷᠭᠡᠳᠬᠡᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠤᠯᠭ᠋ᠠᠭᠤᠷᠢᠯᠠᠵᠤ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠪᠠ ᠬᠥᠳᠡᠭᠡ ᠲᠣᠰᠬᠣᠨ᠎ᠤ ᠪᠥᠬᠥ ᠲᠠᠯ᠎ᠠ ᠵᠢᠨ ᠬᠥᠭᠵᠢᠯ ᠮᠠᠨᠳᠤᠯ᠎ᠳᠤ ᠬᠦᠴᠦᠨ ᠨᠡᠮᠡᠷᠢᠯᠡᠬᠦ ᠬᠡᠷᠡᠭᠲᠡᠢ᠃
2025 ᠣᠨ᠎ᠤ ᠰᠡᠭᠦᠯᠴᠢ ᠪᠣᠯᠬᠤ᠎ᠳᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠮᠣ ᠳ᠋ᠠᠢ᠌ᠲ᠋ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠠᠩᠬ᠎ᠠ ᠠᠯᠬᠤᠮ ᠪᠦᠷᠢᠳᠦᠭᠦᠯᠬᠦ ᠬᠡᠷᠡᠭᠲᠡᠢ᠃ 2026 ᠣᠨ᠎ᠤ ᠰᠡᠭᠦᠯᠴᠢ ᠪᠣᠯᠬᠤ᠎ᠳᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠲᠥᠯᠥᠨ ᠳᠠᠭ᠋ᠠᠭᠤᠯᠬᠤ ᠣᠷᠣᠨ᠂ ᠣᠶᠤᠨᠴᠢ ᠲᠠᠷᠢᠶᠠᠯᠠᠩ (ᠮᠠᠯ ᠠᠵᠤ ᠠᠬᠤᠢ)᠎ᠤᠨ ᠲᠠᠯᠠᠪᠠᠶ ᠵᠢ ᠠᠩᠬ᠎ᠠ ᠠᠯᠬᠤᠮ ᠬᠡᠪᠴᠢᠶᠡᠵᠢᠭᠦᠯᠵᠦ᠂ ᠨᠢᠭᠡ ᠪᠦᠯᠦᠭ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠰᠢᠢ᠍ᠳᠪᠦᠷᠢᠯᠡᠬᠦ ᠲᠥᠰᠥᠯ ᠪᠠ ᠮᠡᠷᠭᠡᠵᠢᠯ᠎ᠤᠨ ᠵᠠᠭᠪᠤᠷ᠎ᠢ ᠪᠣᠶ ᠪᠣᠯᠭ᠋ᠠᠵᠤ᠂ ᠪᠥᠬᠥ ᠣᠷᠣᠨ᠎ᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠮᠡᠳᠡᠭᠡ ᠵᠠᠩᠭᠢᠴᠢᠯᠠᠯᠲᠠ ᠵᠢᠨ ᠨᠣᠷᠮ᠎ᠠ ᠵᠢ
30%᠎ᠠᠴᠠ ᠳᠡᠭᠡᠭᠰᠢ᠎ᠳᠤ ᠬᠦᠷᠭᠡᠨ᠎ᠡ᠃ 2027 ᠣᠨ᠎ᠤ ᠰᠡᠭᠦᠯᠴᠢ ᠪᠣᠯᠬᠤ᠎ᠳᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠮᠣ ᠳ᠋ᠠᠢ᠌ᠲ᠋ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠵᠦ᠂ ᠮᠡᠳᠡᠭᠡ ᠵᠠᠩᠭᠢ ᠵᠢᠨ ᠮᠡᠷᠭᠡᠵᠢᠯ ᠵᠶ᠋ᠡᠷ ᠲᠠᠷᠢᠶᠠᠯᠠᠩ ᠮᠠᠯ ᠠᠵᠤ ᠠᠬᠤᠢ ᠵᠢᠨ ᠭᠣᠣᠯᠯᠠᠬᠤ ᠳᠠᠪᠠᠭᠤᠯᠢᠭ ᠠᠵᠤ ᠦᠢ᠍ᠯᠡᠰ᠎ᠤᠨ ᠥᠪᠡᠷ᠎ᠤᠨ ᠥᠷᠲᠡᠭ᠎ᠢ ᠠᠷᠪᠢᠯᠠᠨ ᠦᠷ᠎ᠡ ᠪᠦᠲᠦᠮᠵᠢ ᠵᠢ ᠳᠡᠭᠡᠭᠰᠢᠯᠡᠭᠦᠯᠵᠦ ᠤᠨᠠᠯᠲᠠ ᠵᠢ ᠨᠡᠮᠡᠭᠳᠡᠭᠦᠯᠬᠦ᠎ᠳᠤ ᠬᠦᠴᠦᠨ ᠨᠡᠮᠡᠷᠢᠯᠡᠬᠦ ᠦᠢ᠍ᠯᠡᠳᠦᠯ᠎ᠢ ᠪᠥᠬᠥ ᠲᠠᠯ᠎ᠠ᠎ᠪᠠᠷ ᠢᠯᠡᠷᠡᠭᠦᠯᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠭᠠᠵᠠᠷ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶᠡᠵᠢᠯ᠎ᠤᠨ ᠲᠣᠭ᠋ᠠᠵᠢᠭᠤᠯᠬᠤ ᠥᠭᠡᠷᠡᠴᠢᠯᠡᠯᠲᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠲᠣᠭᠲᠠᠴᠠ ᠠᠷᠭ᠎ᠠ ᠵᠠᠮ᠎ᠢ ᠦᠨᠳᠦᠰᠦᠨ᠎ᠳᠡᠭᠡᠨ ᠪᠣᠯᠪᠠᠰᠤᠷᠠᠩᠭᠤᠢ ᠪᠣᠯᠭ᠋ᠠᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠮᠡᠳᠡᠭᠡ ᠵᠠᠩᠭᠢᠴᠢᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠦᠨ 31%᠎ᠠᠴᠠ ᠳᠡᠭᠡᠭᠰᠢ ᠪᠣᠯᠭ᠋ᠠᠨ᠎ᠠ᠃
ᠬᠣᠶᠠᠷ᠂ ᠭᠣᠣᠯᠳᠠᠯᠭ᠎ᠠ᠎ᠲᠠᠢ ᠡᠭᠦᠷᠭᠡ
(ᠨᠢᠭᠡ) ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠮᠣ ᠳ᠋ᠠᠢ᠌ᠲ᠋ᠠ ᠵᠢᠨ ᠰᠢᠰᠲ᠋ᠧᠮᠵᠢ ᠵᠢ ᠪᠠᠢ᠌ᠭᠤᠯᠤᠨ᠎ᠠ
1. ᠳ᠋ᠠᠢ᠌ᠲ᠋ᠠ ᠵᠢᠨ ᠡᠬᠢ ᠪᠠᠶᠠᠯᠢᠭ᠎ᠤᠨ ᠰᠢᠰᠲ᠋ᠧᠮᠵᠢ ᠵᠢ ᠪᠠᠢ᠌ᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ᠎ᠢ ᠥᠷᠭᠡᠳᠬᠡᠵᠦ᠂ ᠠᠯᠤᠰ ᠰᠡᠷᠡᠯ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ᠂ ᠮᠡᠳᠡᠭᠡ ᠵᠠᠩᠭᠢ ᠴᠤᠭᠯᠠᠭᠤᠯᠬᠤ ᠵᠢᠨ ᠥᠷᠭᠡᠴᠡ᠂ ᠭᠦᠨᠴᠡ ᠵᠢᠴᠢ ᠬᠤᠭᠤᠴᠠᠭ᠋ᠠᠲᠤ ᠴᠢᠨᠠᠷ ᠪᠠ ᠨᠠᠢ᠌ᠳᠠᠪᠤᠷᠢᠲᠤ ᠴᠢᠨᠠᠷ᠎ᠢ ᠳᠡᠭᠡᠭᠰᠢᠯᠡᠭᠦᠯᠦᠨ᠎ᠡ᠃ ᠨᠠᠢ᠌ᠷᠠᠭᠤᠯᠬᠤ ᠶᠣᠰᠣᠲᠠᠢ ᠵᠢ᠎ᠨᠢ ᠪᠦᠬᠦᠨ᠎ᠢ ᠨᠠᠢ᠌ᠷᠠᠭᠤᠯᠬᠤ ᠵᠠᠷᠴᠢᠮ ᠶᠣᠰᠣᠭ᠋ᠠᠷ᠂ ᠪᠥᠬᠥ ᠬᠡᠮᠵᠢᠶ᠎ᠡ᠎ᠪᠠᠷ ᠬᠠᠮᠤᠷᠤᠭᠰᠠᠨ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠭᠰᠡᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠭᠠᠷᠴᠠᠭ᠎ᠢ ᠪᠠᠢ᠌ᠭᠤᠯᠵᠤ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠲᠣᠭ᠎ᠠ ᠪᠠᠷᠢᠮᠲᠠ ᠵᠢᠨ 《ᠨᠢᠭᠡ ᠲᠠᠩᠰᠠ》 ᠵᠢᠨ ᠬᠠᠮᠢᠶᠠᠷᠤᠯᠲᠠ ᠵᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠮᠥᠨ ᠠᠮᠠ᠂ ᠬᠠᠤᠯᠢ ᠵᠢᠨ ᠡᠷᠬᠡᠲᠡᠨ᠂ ᠪᠠᠢ᠌ᠭ᠋ᠠᠯᠢ ᠵᠢᠨ ᠡᠬᠢ ᠪᠠᠶᠠᠯᠢᠭ ᠪᠠ ᠣᠷᠣᠨ ᠵᠠᠢ ᠵᠢᠨ ᠭᠠᠵᠠᠷ ᠵᠦᠢ ᠵᠡᠷᠭᠡ ᠰᠠᠭᠤᠷᠢ ᠬᠥᠮᠥᠷᠭᠡ ᠵᠢ ᠭᠦᠢ᠍ᠴᠡᠳ ᠠᠰᠢᠭᠯᠠᠨ᠂ ᠲᠠᠷᠢᠶᠠᠨ ᠭᠠᠵᠠᠷ᠂ ᠲᠠᠷᠢᠮᠠᠯ᠂ ᠮᠠᠯ ᠠᠵᠤ ᠠᠬᠤᠢ᠂ ᠡᠭᠦᠯᠳᠡᠷ᠎ᠤᠨ ᠦᠢ᠍ᠯᠡᠰ ᠪᠠ ᠳᠠᠭ᠋ᠠᠭ᠋ᠠᠴᠢᠯᠠᠭᠰᠠᠨ ᠭᠠᠵᠠᠷ᠂ ᠣᠷᠣᠨ ᠰᠠᠭᠤᠴᠠ ᠵᠢᠨ ᠰᠠᠭᠤᠷᠢ ᠭᠠᠵᠠᠷ ᠵᠡᠷᠭᠡ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠬᠠᠮᠢᠶ᠎ᠠ ᠪᠦᠬᠦᠢ ᠲᠤᠰᠬᠠᠢ ᠰᠡᠳᠦᠪᠲᠦ ᠬᠥᠮᠥᠷᠭᠡ ᠪᠠᠢ᠌ᠭᠤᠯᠵᠤ᠂ ᠲᠣᠭ᠎ᠠ ᠪᠠᠷᠢᠮᠲᠠ ᠵᠢ 《ᠬᠡᠷᠡᠭᠴᠡᠭᠡ ᠶᠣᠰᠣᠭ᠋ᠠᠷ ᠴᠤᠭᠯᠠᠭᠤᠯᠵᠤ᠂ ᠬᠠᠷᠢᠶᠠᠯᠠᠭᠤᠯᠪᠠᠯ ᠵᠣᠬᠢᠬᠤ ᠵᠢ᠎ᠨᠢ ᠪᠦᠬᠦᠨ᠎ᠢ
ᠬᠠᠷᠢᠶᠠᠯᠠᠭᠤᠯᠬᠤ》 ᠵᠢ ᠠᠬᠢᠭᠤᠯᠤᠨ᠎ᠠ᠃ ᠨᠢᠭᠡᠳᠦᠯᠲᠡᠢ ᠲᠣᠭ᠎ᠠ ᠪᠠᠷᠢᠮᠲᠠ ᠵᠢ ᠬᠠᠮᠲᠤ᠎ᠪᠠᠷ ᠭᠥᠷᠳᠡᠵᠦ ᠰᠣᠯᠢᠯᠴᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠣᠭ᠎ᠠ ᠪᠠᠷᠢᠮᠲᠠ ᠵᠢ ᠵᠠᠳᠠᠯᠤᠨ ᠵᠠᠰᠠᠬᠤ ᠪᠠ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢ ᠠᠬᠢᠭᠤᠯᠤᠨ᠂ ᠰᠦᠯᠵᠢᠶᠡᠨ᠎ᠤ ᠠᠮᠤᠷ ᠲᠦᠪᠰᠢᠨ ᠪᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠲᠠᠷᠬᠠᠯᠲᠠ ᠵᠦᠢ ᠵᠣᠬᠢᠰᠲᠠᠢ᠂ ᠠᠮᠤᠷ ᠲᠦᠪᠰᠢᠨ ᠨᠠᠢ᠌ᠳᠠᠪᠤᠷᠢᠲᠠᠢ᠂ ᠠᠰᠢᠭᠯᠠᠯᠲᠠ ᠥᠨᠳᠥᠷ ᠪᠦᠲᠦᠮᠵᠢᠲᠡᠶ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠰᠢᠰᠲ᠋ᠧᠮᠵᠢ ᠵᠢ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
2. ᠲᠣᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠤᠨ᠎ᠠ᠃ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠢ᠌ᠲ᠋ᠠ ᠵᠢᠨ ᠰᠢᠰᠲ᠋ᠧᠮᠵᠢ᠎ᠳᠤ ᠲᠦᠰᠢᠭᠯᠡᠨ᠂ ᠲᠣᠭ᠎ᠠ ᠪᠠᠷᠢᠮᠲᠠ ᠬᠠᠳᠠᠭ᠋ᠠᠯᠠᠬᠤ᠂ ᠪᠤᠳᠤᠬᠤ᠂ ᠵᠠᠰᠠᠬᠤ᠂ ᠵᠠᠳᠠᠯᠬᠤ ᠵᠡᠷᠭᠡ ᠰᠠᠭᠤᠷᠢ ᠦᠢ᠍ᠯᠡᠴᠢᠯᠡᠭᠡᠨ᠎ᠢ ᠪᠠᠢ᠌ᠭᠤᠯᠤᠨ᠎ᠠ᠃ ᠦᠢ᠍ᠯᠡᠳᠪᠦᠷᠢᠯᠡᠯ᠎ᠤᠨ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠡᠵᠡᠩᠨᠡᠯᠲᠡ ᠪᠣᠷᠣᠯᠠᠭᠤᠯᠤᠯᠲᠠ᠂ ᠮᠥᠩᠭᠥᠨ ᠭᠦᠢ᠍ᠯᠭᠡᠭᠡᠨ ᠳᠠᠭ᠋ᠠᠳᠬᠠᠯ᠂ ᠮᠡᠳᠡᠭᠡ ᠵᠠᠩᠭᠢ ᠵᠢᠨ ᠦᠢ᠍ᠯᠡᠴᠢᠯᠡᠭᠡᠨ ᠵᠡᠷᠭᠡ ᠠᠬᠤᠢ ᠪᠠᠢ᠌ᠳᠠᠯ᠎ᠤᠨ ᠲᠣᠭᠣᠷᠢᠨ᠎ᠳᠤ᠂ ᠲᠣᠮᠣ ᠳ᠋ᠠᠢ᠌ᠲ᠋ᠠ ᠵᠢᠨ ᠥᠨᠳᠥᠷ ᠴᠢᠳᠠᠮᠵᠢ᠎ᠲᠠᠢ᠂ ᠬᠡᠷᠡᠭᠯᠡᠵᠦ ᠪᠣᠯᠬᠤ ᠵᠠᠳᠠᠯᠤᠨ ᠰᠢᠨᠵᠢᠯᠡᠵᠦ ᠬᠠᠮᠲᠤ᠎ᠪᠠᠷ ᠭᠥᠷᠳᠡᠬᠦ ᠴᠢᠳᠠᠪᠤᠷᠢ ᠵᠢ ᠬᠡᠷᠡᠭᠯᠡᠨ᠂ ᠪᠠᠢ᠌ᠭ᠋ᠠᠯᠢ ᠬᠡᠯᠡᠨ᠎ᠤ ᠰᠢᠢ᠍ᠳᠪᠦᠷᠢᠯᠡᠯᠲᠡ᠂ ᠲᠣᠮᠣ ᠳ᠋ᠠᠢ᠌ᠲ᠋ᠠ ᠵᠢᠨ ᠵᠠᠳᠠᠯᠤᠯᠲᠠ᠂ ᠸᠢᠳᠢᠤ᠋ ᠵᠢᠷᠤᠭ ᠳᠦᠷᠰᠦ ᠵᠢᠨ ᠵᠠᠳᠠᠯᠤᠯᠲᠠ ᠵᠡᠷᠭᠡ ᠵᠣᠬᠢᠶᠠᠮᠠᠯ ᠣᠶᠤᠨᠯᠢᠭ᠎ᠤᠨ ᠮᠡᠷᠭᠡᠵᠢᠯ᠎ᠢ ᠠᠭᠤᠰᠤᠯᠴᠠᠭᠤᠯᠤᠨ᠂ ᠨᠡᠢ᠌ᠳᠡᠮ ᠬᠡᠷᠡᠭᠯᠡᠭᠡᠨ᠎ᠤ ᠪᠤᠳᠤᠬᠤ ᠠᠷᠭ᠎ᠠ ᠵᠢᠨ ᠵᠠᠭᠪᠤᠷ ᠪᠠ ᠡᠵᠡᠮᠰᠢᠭᠦᠷ᠎ᠤᠨ ᠬᠥᠮᠥᠷᠭᠡ ᠵᠢ ᠪᠠᠢ᠌ᠭᠤᠯᠵᠤ᠂ ᠪᠠᠷᠢᠮᠵᠢᠶᠠᠵᠢᠭᠰᠠᠨ᠂ ᠣᠶᠤᠨᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ ᠣᠯᠠᠨ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠴᠢᠯᠡᠭᠡ ᠵᠢ ᠪᠠᠢ᠌ᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ ᠡᠮᠬᠢ ᠵᠢᠷᠤᠮ᠎ᠲᠠᠢ ᠨᠡᠭᠡᠭᠡᠯᠲᠡ ᠬᠢᠬᠦ ᠪᠠ ᠨᠡᠭᠡᠭᠡᠨ ᠠᠰᠢᠭᠯᠠᠬᠤ ᠵᠢ ᠠᠬᠢᠭᠤᠯᠵᠤ᠂ 《ᠬᠡᠷᠡᠭᠯᠡᠵᠦ ᠪᠣᠯᠬᠤ ᠥᠯᠥ ᠦᠵᠡᠭᠳᠡᠬᠦ》 ᠲᠣᠭ᠎ᠠ ᠪᠠᠷᠢᠮᠲᠠ ᠵᠢᠨ ᠨᠡᠭᠡᠭᠡᠯᠲᠡ ᠵᠢᠨ ᠲᠣᠭᠲᠠᠴᠠ ᠵᠢ ᠬᠠᠢ᠌ᠨ ᠰᠦᠪᠡᠭᠴᠢᠯᠡᠨ᠎ᠡ᠃ ᠲᠠᠷᠢᠶᠠᠯᠠᠩ ᠮᠠᠯ ᠠᠵᠤ ᠠᠬᠤᠢ ᠵᠢᠨ ᠲᠣᠭ᠎ᠠ ᠪᠠᠷᠢᠮᠲᠠ ᠵᠢᠨ ᠬᠦᠴᠦᠨ ᠵᠦᠢ᠍ᠯ᠎ᠤᠨ ᠵᠠᠬ᠎ᠠ ᠳᠡᠯᠭᠡᠭᠦᠷ᠎ᠢ ᠪᠣᠢ᠌ᠵᠢᠭᠤᠯᠵᠤ᠂ ᠡᠯ᠎ᠡ ᠲᠥᠷᠥᠯ᠎ᠤᠨ ᠭᠣᠣᠯ ᠴᠣᠭᠴᠠ ᠵᠢᠨ ᠬᠣᠭᠣᠷᠣᠨᠳᠣᠬᠢ ᠲᠣᠭ᠎ᠠ ᠪᠠᠷᠢᠮᠲᠠ ᠵᠢᠨ ᠬᠠᠮᠲᠤᠷᠠᠯᠴᠠᠭ᠎ᠠ ᠵᠢ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
3. ᠲᠣᠭ᠎ᠠ ᠪᠠᠷᠢᠮᠲᠠ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠪᠠᠢ᠌ᠭᠤᠯᠤᠨ᠎ᠠ᠃ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠵᠠᠩᠭᠢᠯᠠᠭ᠎ᠠ ᠵᠢᠨ ᠬᠦᠷᠢᠶᠡᠨ᠎ᠳᠠᠬᠢ ᠲᠣᠭ᠎ᠠ ᠪᠠᠷᠢᠮᠲᠠ ᠵᠢᠨ ᠪᠠᠷᠢᠮᠵᠢᠶ᠎ᠠ ᠵᠢ ᠵᠢᠷᠤᠮᠵᠢᠭᠤᠯᠤᠨ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠵᠢ ᠠᠬᠢᠭᠤᠯᠵᠤ᠂ ᠤᠯᠤᠰ᠎ᠤᠨ ᠪᠠᠷᠢᠮᠵᠢᠶ᠎ᠠ᠎ᠪᠠᠷ ᠭᠣᠣᠯ ᠰᠠᠭᠤᠷᠢ ᠪᠣᠯᠭ᠋ᠠᠭᠰᠠᠨ᠂ ᠣᠷᠣᠨ ᠨᠤᠲᠤᠭ᠎ᠤᠨ ᠪᠠᠷᠢᠮᠵᠢᠶ᠎ᠠ᠂ ᠪᠦᠯᠬᠦᠮ ᠨᠡᠶ᠋ᠢᠲᠡ ᠵᠢᠨ ᠪᠠᠷᠢᠮᠵᠢᠶ᠎ᠠ᠎ᠪᠠᠷ ᠪᠦᠲᠦᠮᠵᠢᠲᠡᠶ ᠨᠥᠬᠥᠪᠦᠷᠢ ᠪᠣᠯᠭ᠋ᠠᠭᠰᠠᠨ᠂ ᠵᠢᠷᠤᠮᠵᠢᠯ᠎ᠲᠠᠢ ᠨᠢᠭᠡᠳᠦᠯᠲᠡᠢ᠂ ᠥᠨᠳᠥᠷ ᠪᠦᠲᠦᠮᠵᠢᠲᠡᠶ ᠬᠠᠮᠵᠢᠯᠴᠠᠭᠰᠠᠨ᠂ ᠲᠤᠯᠭ᠋ᠠᠭᠤᠷᠢᠯᠠᠯ ᠵᠶ᠋ᠠᠷ ᠬᠦᠴᠦᠲᠡᠢ ᠥᠪᠡᠷᠲᠡᠭᠡᠨ ᠵᠠᠰᠠᠬᠤ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠭ᠎ᠠ ᠪᠠᠷᠢᠮᠲᠠ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠪᠠᠢ᠌ᠭᠤᠯᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠪᠠᠲᠤᠯᠠᠨ᠎ᠠ᠃ ᠪᠠᠷᠢᠮᠵᠢᠶᠠᠵᠢᠭᠤᠯᠤᠯᠲᠠ ᠵᠢᠨ ᠠᠵᠢᠯ᠎ᠳᠠᠬᠢ ᠠᠵᠤ ᠠᠬᠤᠢ᠌ᠯᠠᠯ᠂ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠡᠯ᠎ᠡ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠤᠨ᠂ ᠠᠵᠤ ᠦᠢ᠍ᠯᠡᠰ᠎ᠤᠨ ᠳᠡᠭᠡᠳᠦ ᠳᠣᠣᠷᠠᠳᠤ ᠤᠷᠤᠰᠬᠠᠯ᠂ ᠢᠵᠢ ᠪᠦᠷᠢᠨ ᠲᠣᠨᠣᠭ ᠲᠥᠬᠦᠭᠡᠷᠦᠮᠵᠢ ᠵᠢᠨ ᠪᠠᠷᠢᠮᠵᠢᠶᠠᠵᠢᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠭᠤᠷᠪᠠᠳᠠᠭᠢ ᠡᠲᠡᠭᠡᠳ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠭ᠎ᠠ ᠪᠠᠷᠢᠮᠲᠠ ᠵᠢᠨ ᠪᠠᠷᠢᠮᠵᠢᠶ᠎ᠠ ᠵᠢᠨ ᠵᠢᠷᠤᠮᠵᠢᠯ᠎ᠤᠨ ᠯᠠᠪᠯᠠᠭ᠎ᠠ᠂ ᠪᠠᠢ᠌ᠴᠠᠭ᠋ᠠᠨ ᠬᠡᠮᠵᠢᠯᠲᠡ᠂ ᠭᠡᠷᠡᠴᠢᠯᠡᠭᠡ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ᠃ ᠪᠠᠷᠢᠮᠵᠢᠶ᠎ᠠ ᠵᠢᠨ ᠰᠢᠰᠲ᠋ᠧᠮᠵᠢ ᠵᠢᠨ ᠲᠤᠯᠭ᠋ᠠᠭᠤᠷᠢᠯᠠᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠬᠤ ᠵᠢ ᠴᠢᠩᠭ᠋ᠠᠳᠬᠠᠨ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠤ᠂ ᠪᠠᠷᠢᠮᠵᠢᠶ᠎ᠠ ᠶᠣᠰᠣᠭ᠋ᠠᠷ ᠦᠢ᠍ᠯᠡᠳᠪᠦᠷᠢᠯᠡᠬᠦ ᠵᠢ ᠴᠢᠩᠭ᠋ᠠᠳᠬᠠᠨ᠂ ᠨᠢᠭᠡ ᠪᠦᠯᠦᠭ ᠪᠠᠷᠢᠮᠵᠢᠶ᠎ᠠ᠎ᠳᠤ ᠨᠡᠢ᠌ᠴᠡᠬᠦ ᠣᠶᠤᠨᠴᠢ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠪᠣᠢ᠌ᠵᠢᠭᠤᠯᠤᠨ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
ᠲᠤᠰᠬᠠᠢ ᠪᠤᠯᠤᠩ 1 ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠮᠣ ᠳ᠋ᠠᠢ᠌ᠲ᠋ᠠ ᠵᠢᠨ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ
2025 ᠣᠨ᠎ᠤ ᠰᠡᠭᠦᠯᠴᠢ ᠪᠣᠯᠲᠠᠯ᠎ᠠ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠮᠣ ᠳ᠋ᠠᠢ᠌ᠲ᠋ᠠ ᠵᠢᠨ ᠲᠠᠪᠴᠠᠩ ᠪᠠ ᠠᠵᠤ ᠦᠢ᠍ᠯᠡᠰ᠎ᠤᠨ ᠦᠢ᠍ᠯᠡᠴᠢᠯᠡᠭᠡᠨ᠎ᠤ ᠲᠣᠮᠣ ᠳ᠋ᠠᠢ᠌ᠲ᠋ᠠ ᠵᠢᠨ ᠲᠠᠪᠴᠠᠩ᠎ᠢ ᠪᠠᠢ᠌ᠭᠤᠯᠵᠤ᠂ ᠪᠥᠬᠥ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠳᠦᠷᠢᠮ᠂ ᠪᠠᠷᠢᠮᠵᠢᠶ᠎ᠠ ᠵᠢᠨ ᠵᠢᠷᠤᠮᠵᠢᠯ᠂ ᠳ᠋ᠠᠢ᠌ᠲ᠋ᠠ ᠵᠢᠨ ᠡᠬᠢ ᠪᠠᠶᠠᠯᠢᠭ᠎ᠤᠨ
ᠭᠠᠷᠴᠠᠭ ᠢ ᠠᠩᠬ᠎ᠠ ᠠᠯᠬᠤᠮ ᠪᠠᠢ᠌ᠭᠤᠯᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠣᠮᠣ ᠳ᠋ᠠᠢ᠌ᠲ᠋ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
1. ᠲᠠᠷᠢᠶᠠᠯᠠᠩ ᠮᠠᠯ ᠠᠵᠤ ᠠᠬᠤᠢ ᠵᠢᠨ ᠵᠠᠰᠠᠭ ᠤᠨ ᠶᠠᠪᠤᠳᠠᠯ ᠤᠨ ᠦᠢ᠍ᠯᠡᠴᠢᠯᠡᠭᠡᠨ ᠤ ᠲᠣᠮᠣ ᠳ᠋ᠠᠢ᠌ᠲ᠋ᠠ ᠵᠢᠨ ᠲᠠᠪᠴᠠᠩ
ᠲᠠᠷᠢᠶᠠᠯᠠᠩ ᠮᠠᠯ ᠠᠵᠤ ᠠᠬᠤᠢ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠮᠣ ᠳ᠋ᠠᠢ᠌ᠲ᠋ᠠ ᠵᠢᠨ ᠲᠠᠪᠴᠠᠩ᠎ᠢ ᠪᠠᠢ᠌ᠭᠤᠯᠵᠤ᠂ ᠲᠤᠬᠠᠢ᠌ᠯᠠᠭᠰᠠᠨ ᠠᠵᠢᠯ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠭᠥᠷᠳᠡᠬᠦ᠂ ᠳ᠋ᠠᠢ᠌ᠲ᠋ᠠ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠲᠤᠬᠠᠢ᠌ᠯᠠᠭᠰᠠᠨ ᠠᠵᠢᠯ᠎ᠤᠨ ᠬᠠᠮᠵᠢᠯᠴᠠᠨ ᠬᠠᠮᠵᠢᠯᠴᠠᠬᠤ ᠵᠢ ᠠᠬᠢᠭᠤᠯᠤᠨ᠎ᠠ᠃ ᠤᠯᠤᠰ᠎ᠤᠨ ᠲᠠᠷᠢᠶᠠᠯᠠᠩ ᠬᠥᠳᠡᠭᠡ ᠲᠣᠰᠬᠣᠨ᠎ᠤ ᠲᠣᠮᠣ ᠳ᠋ᠠᠢ᠌ᠲ᠋ᠠ ᠵᠢᠨ ᠲᠠᠪᠴᠠᠩ᠂ ᠠᠢ᠌ᠮᠠᠭ ᠬᠣᠲᠠ ᠵᠢᠨ ᠳ᠋ᠠᠢ᠌ᠲ᠋ᠠ ᠵᠢᠨ ᠲᠠᠪᠴᠠᠩ᠎ᠯᠤᠭ᠎ᠠ ᠵᠢᠨ ᠭᠤᠯᠳᠤ᠎ᠪᠠᠷ ᠨᠡᠪᠲᠡᠷᠡᠬᠦ ᠵᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠳ᠋ᠠᠢ᠌ᠲ᠋ᠠ ᠵᠢᠨ
ᠲᠠᠪᠴᠠᠩ᠎ᠯᠤᠭ᠎ᠠ ᠵᠢᠨ ᠬᠥᠨᠳᠡᠯᠡᠨ ᠵᠶ᠋ᠡᠷ ᠬᠣᠯᠪᠣᠬᠤ ᠵᠢ ᠪᠡᠶᠡᠯᠡᠭᠦᠯᠦᠨ᠎ᠡ᠃ ᠤᠯᠤᠰ᠎ᠤᠨ ᠲᠠᠷᠢᠶᠠᠯᠠᠩ ᠬᠥᠳᠡᠭᠡ ᠲᠣᠰᠬᠣᠨ᠎ᠤ ᠲᠣᠭ᠎ᠠ ᠪᠠᠷᠢᠮᠲᠠ ᠵᠢᠨ ᠰᠠᠭᠤᠷᠢ ᠵᠢᠷᠤᠭᠲᠤ ᠲᠦᠰᠢᠭᠯᠡᠨ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ᠎ᠳᠤ ᠬᠡᠷᠡᠭᠯᠡᠬᠦ ᠭᠠᠵᠠᠷ᠎ᠤᠨ 《ᠨᠢᠭᠡ ᠯᠡ ᠬᠠᠭᠤᠳᠠᠰᠤ ᠵᠢᠷᠤᠭ》᠎ᠢ ᠪᠠᠢ᠌ᠭᠤᠯᠵᠤ᠂ ᠭᠠᠵᠠᠷ ᠰᠢᠷᠣᠢ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠡᠷᠬᠡ ᠵᠢ ᠨᠤᠲᠠᠯᠠᠨ ᠳᠡᠩᠰᠡᠯᠡᠵᠦ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭᠲᠠᠭ᠋ᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠨ ᠭᠠᠵᠠᠷ᠎ᠤᠨ ᠲᠠᠷᠢᠮᠠᠯ᠎ᠤᠨ ᠬᠡᠷᠡᠭᠴᠡᠭᠡ ᠵᠡᠷᠭᠡ ᠲᠣᠭ᠎ᠠ ᠪᠠᠷᠢᠮᠲᠠ ᠵᠢ ᠬᠥᠮᠥᠷᠭᠡ᠎ᠳᠤ ᠣᠷᠣᠭᠤᠯᠵᠤ ᠵᠢᠷᠤᠭᠲᠤ ᠣᠷᠣᠭᠤᠯᠬᠤ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠰᠢᠢ᠍ᠳᠪᠦᠷᠢᠲᠦ ᠪᠣᠳᠣᠯᠭ᠎ᠠ ᠵᠢᠨ ᠵᠢᠯᠣᠭᠣᠳᠤᠯᠭ᠎ᠠ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ᠂ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ᠂ ᠲᠠᠷᠢᠮᠠᠯ᠎ᠤᠨ ᠦᠢ᠍ᠯᠡᠰ᠎ᠤᠨ ᠲᠣᠮᠣ ᠳ᠋ᠠᠢ᠌ᠲ᠋ᠠ ᠵᠡᠷᠭᠡ ᠵᠢᠨ ᠬᠡᠷᠡᠭᠯᠡᠯᠲᠡ ᠵᠢ ᠪᠠᠢ᠌ᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠪᠠ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠂ ᠡᠯ᠎ᠡ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ)
2. ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠦᠢ᠍ᠯᠡᠴᠢᠯᠡᠭᠡᠨ᠎ᠤ ᠲᠣᠮᠣ ᠳ᠋ᠠᠢ᠌ᠲ᠋ᠠ ᠵᠢᠨ ᠲᠠᠪᠴᠠᠩ
ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠨᠡᠢ᠌ᠭᠡᠮ᠎ᠤᠨ ᠬᠥᠷᠥᠩᠭᠡ ᠵᠢᠨ ᠪᠡᠯᠡ ᠣᠷᠣᠭᠤᠯᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠦᠢ᠍ᠯᠡᠴᠢᠯᠡᠭᠡᠨ᠎ᠤ ᠲᠣᠮᠣ ᠳ᠋ᠠᠢ᠌ᠲ᠋ᠠ ᠵᠢᠨ ᠲᠠᠪᠴᠠᠩ᠎ᠢ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ SaaS ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠪᠠᠢ᠌ᠭᠤᠯᠤᠨ᠂ ᠵᠠᠬ᠎ᠠ ᠳᠡᠯᠭᠡᠭᠦᠷ᠎ᠲᠠᠬᠢ ᠪᠣᠯᠪᠠᠰᠤᠷᠠᠩᠭᠤᠢ ᠪᠥᠭᠡᠳ ᠬᠡᠷᠡᠭᠯᠡᠬᠦ᠎ᠳᠤ ᠬᠢᠯᠪᠠᠷ ᠲᠠᠷᠢᠶᠠᠯᠠᠩ ᠮᠠᠯ ᠠᠵᠤ ᠠᠬᠤᠢ ᠵᠢᠨ ᠵᠥᠭᠡᠯᠡᠨ ᠲᠣᠨᠣᠭ᠎ᠤᠨ ᠦᠢ᠍ᠯᠡᠴᠢᠯᠡᠭᠡᠨ᠎ᠤ ᠦᠢ᠍ᠯᠡᠳᠬᠦᠨ᠎ᠤ ᠣᠷᠣᠵᠤ ᠰᠠᠭᠤᠬᠤ ᠲᠠᠪᠴᠠᠩ᠎ᠢ ᠬᠥᠲᠥᠯᠥᠨ ᠵᠢᠯᠤᠭᠣᠳᠴᠤ᠂ ᠮᠠᠯᠴᠢᠨ ᠲᠠᠷᠢᠶᠠᠴᠢᠨ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠬᠠᠨᠳᠤᠭᠤᠯᠤᠨ᠂ ᠲᠠᠷᠢᠶᠠᠯᠠᠩ ᠮᠠᠯᠵᠢᠯ᠎ᠤᠨ ᠲᠠᠯᠠᠪᠠᠶ ᠵᠢᠨ ᠬᠠᠮᠢᠶᠠᠷᠤᠯᠲᠠ᠂ ᠮᠥᠩᠭᠥᠨ ᠭᠦᠢ᠍ᠯᠭᠡᠭᠡ ᠳᠠᠭ᠋ᠠᠳᠬᠠᠯ᠂ ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ᠂ ᠭᠠᠢ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ᠂ ᠶᠠᠰᠤ ᠴᠢᠨᠠᠷ᠎ᠤᠨ ᠠᠮᠤᠷ ᠲᠦᠪᠰᠢᠨ᠎ᠤ ᠮᠥᠷᠳᠡᠯᠲᠡ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠩᠭ᠋ᠠᠨ᠎ᠠ᠃ ᠵᠠᠬ᠎ᠠ ᠳᠡᠯᠭᠡᠭᠦᠷ᠎ᠤᠨ ᠭᠣᠣᠯ ᠴᠣᠭᠴᠠ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ SaaS ᠵᠥᠭᠡᠯᠡᠨ ᠲᠣᠨᠣᠭ᠎ᠢ ᠰᠤᠳᠤᠯᠤᠨ ᠨᠡᠭᠡᠭᠡᠬᠦ᠎ᠳᠤ ᠣᠷᠣᠯᠴᠠᠬᠤ ᠵᠢ ᠵᠣᠷᠢᠭᠵᠢᠭᠤᠯᠵᠤ᠂ ᠵᠠᠬ᠎ᠠ ᠳᠡᠯᠭᠡᠭᠦᠷ᠎ᠤᠨ ᠦᠢ᠍ᠯᠡᠳᠬᠦᠨ᠎ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠡᠷᠡᠭᠯᠡᠨ᠎ᠡ᠃ ᠲᠠᠷᠢᠶᠠᠯᠠᠩ ᠮᠠᠯ ᠠᠵᠤ ᠠᠬᠤᠢ ᠵᠢᠨ ᠣᠶᠤᠨᠴᠢ ᠵᠠᠭᠪᠤᠷ᠎ᠤᠨ ᠪᠤᠳᠤᠬᠤ ᠠᠷᠭ᠎ᠠ ᠵᠢᠨ ᠵᠥᠭᠡᠯᠡᠨ ᠲᠣᠨᠣᠭ᠎ᠤᠨ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠪᠴᠠᠩ᠎ᠢ ᠪᠠᠢ᠌ᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠨ᠎ᠳᠤ ᠵᠣᠬᠢᠶᠠᠮᠠᠯ ᠤᠶᠤᠨᠴᠢ ᠮᠡᠷᠭᠡᠵᠢᠯ᠎ᠢ ᠥᠷᠭᠡᠨ ᠵᠶ᠋ᠡᠷ ᠬᠡᠷᠡᠭᠯᠡᠭᠳᠡᠬᠦ ᠵᠢ ᠠᠬᠢᠭᠤᠯᠤᠨ᠎ᠠ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ)
(ᠬᠣᠶᠠᠷ) ᠭᠣᠣᠯᠳᠠᠯᠭ᠎ᠠ᠎ᠲᠠᠢ ᠬᠦᠷᠢᠶᠡᠨ᠎ᠳᠠᠬᠢ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠡᠷᠡᠭᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ
1. ᠠᠮᠤ ᠪᠤᠳᠠᠭ᠎ᠠ ᠲᠣᠰᠣᠨ᠎ᠤ ᠲᠠᠷᠢᠮᠠᠯ ᠳᠠᠷᠢᠬᠤ ᠵᠢ ᠨᠠᠷᠢᠯᠢᠭ ᠣᠨᠣᠴᠠᠲᠠᠢ ᠪᠣᠯᠭ᠋ᠠᠬᠤ ᠵᠢ ᠠᠬᠢᠭᠤᠯᠤᠨ᠎ᠠ᠃ ᠭᠣᠣᠯ ᠪᠣᠯᠬᠤ ᠠᠮᠤ ᠳᠤᠰᠤᠨ᠎ᠤ ᠲᠠᠷᠢᠮᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠢ᠌ᠨ ᠲᠠᠷᠢᠶ᠎ᠠ ᠰᠠᠢ᠌ᠨ ᠡᠭᠦᠯᠳᠡᠷ ᠰᠠᠢ᠌ᠨ ᠲᠣᠬᠢᠶᠠᠯ ᠰᠠᠢ᠌ᠨ ᠠᠷᠭ᠎ᠠ ᠪᠣᠯᠣᠨ ᠲᠣᠭ᠋ᠠᠴᠢᠯᠠᠭᠰᠠᠨ ᠮᠡᠷᠭᠡᠵᠢᠯ᠎ᠢ ᠣᠷᠭ᠋ᠠᠨᠢᠭ ᠵᠶ᠋ᠠᠷ ᠠᠭᠤᠰᠤᠯᠴᠠᠭᠤᠯᠬᠤ ᠵᠢ ᠠᠬᠢᠭᠤᠯᠵᠤ᠂ ᠭᠣᠣᠯ ᠪᠣᠯᠬᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠦᠭᠰᠡᠨ ᠲᠣᠭ᠋ᠠᠴᠢᠯᠠᠭᠰᠠᠨ ᠲᠠᠷᠢᠮᠠᠯ᠎ᠤᠨ ᠮᠡᠷᠭᠡᠵᠢᠯ᠎ᠤᠨ ᠰᠢᠰᠲ᠋ᠧᠮ᠎ᠢ ᠪᠠᠢ᠌ᠭᠤᠯᠤᠨ᠎ᠠ᠃ ᠣᠶᠤᠨᠴᠢ ᠲᠠᠷᠢᠶᠠᠯᠠᠩ᠎ᠤᠨ ᠮᠠᠰᠢᠨ᠎ᠢ ᠶᠡᠬᠡᠪᠡᠷ ᠬᠥᠭᠵᠢᠭᠦᠯᠵᠦ᠂ ᠲᠠᠷᠢᠶᠠᠯᠠᠩ᠎ᠤᠨ ᠮᠠᠰᠢᠨ᠎ᠤ ᠲᠣᠨᠣᠭ ᠲᠥᠬᠦᠭᠡᠷᠦᠮᠵᠢ᠎ᠳᠤ ᠳᠣᠬᠢᠭᠤᠷ ᠲᠤᠯᠤᠭ᠋ᠠᠨ ᠣᠲᠣ ᠬᠠᠪᠰᠤᠷᠤᠨ ᠵᠢᠯᠤᠭᠣᠳᠬᠤ ᠵᠡᠷᠭᠡ ᠰᠢᠰᠲ᠋ᠧᠮ᠎ᠤᠨ ᠲᠥᠬᠦᠭᠡᠷᠦᠮᠵᠢ ᠵᠢᠨ ᠦᠵᠦᠭᠦᠷ᠎ᠢ ᠲᠣᠬᠢᠷᠠᠭᠤᠯᠬᠤ ᠵᠢ ᠬᠥᠲᠥᠯᠦᠨ ᠵᠢᠯᠣᠭᠣᠳᠴᠤ᠂ ᠨᠠᠷᠢᠯᠢᠭ ᠣᠨᠣᠴᠠᠲᠠᠢ᠎ᠪᠠᠷ ᠠᠵᠢᠯᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠷᠭᠤᠮᠠᠯ᠎ᠤᠨ ᠬᠠᠮᠠᠭ᠋ᠠᠯᠠᠯᠲᠠ ᠵᠢᠨ ᠵᠢᠯᠣᠭᠣᠴᠢ ᠦᠭᠡᠢ ᠨᠢᠰᠬᠡᠯ ᠬᠤᠳᠠᠯᠳᠤᠨ ᠠᠪᠬᠤ ᠨᠥᠬᠥᠪᠦᠷᠢ ᠵᠢ ᠥᠷᠨᠢᠭᠦᠯᠵᠦ᠂ ᠵᠢᠯᠣᠭᠣᠴᠢ ᠦᠭᠡᠢ ᠨᠢᠰᠬᠡᠯ᠎ᠤᠨ ᠡᠮ ᠰᠦᠷᠴᠢᠬᠦ᠂ ᠪᠣᠷᠳᠣᠭᠤᠷ ᠣᠷᠣᠭᠤᠯᠬᠤ᠂ ᠲᠣᠭᠣᠷᠢᠨ ᠲᠠᠷᠢᠶᠠᠨ ᠳᠡᠭᠡᠷ᠎ᠡ ᠬᠡᠷᠡᠭᠯᠡᠬᠦ ᠵᠢ ᠳᠡᠯᠭᠡᠷᠡᠭᠦᠯᠦᠨ᠎ᠡ᠃ ᠲᠠᠷᠢᠶᠠᠨ ᠭᠠᠵᠠᠷ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠨ ᠲᠠᠰ ᠳᠡᠪᠰᠢᠭᠦᠯᠬᠦ ᠵᠢ ᠴᠢᠩᠭ᠋ᠠᠳᠬᠠᠵᠤ᠂ ᠭᠠᠵᠠᠷ ᠣᠷᠣᠨ᠎ᠤ
ᠪᠠᠢ᠌ᠳᠠᠯᠳᠤᠨᠢ ᠲᠣᠬᠢᠷᠠᠭᠤᠯᠤᠨ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠣᠶᠤᠨᠴᠢ ᠬᠠᠮᠢᠶᠠᠷᠤᠨ ᠡᠵᠡᠮᠳᠡᠬᠦ ᠮᠡᠷᠭᠡᠵᠢᠯ ᠲᠣᠨᠣᠭᠯᠠᠯ᠎ᠤᠨ ᠬᠡᠷᠡᠭᠯᠡᠯᠲᠡ ᠵᠢ ᠠᠬᠢᠭᠤᠯᠵᠤ᠂ ᠤᠰᠤ ᠪᠣᠷᠳᠣᠭᠤᠷ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠥᠨᠳᠥᠷ ᠦᠷ᠎ᠡ ᠠᠰᠢᠭᠲᠠᠢᠪᠠᠷ ᠤᠰᠤ ᠠᠷᠪᠢᠯᠠᠬᠤ ᠵᠢ ᠪᠡᠶᠡᠯᠡᠭᠦᠯᠵᠦ᠂ ᠲᠠᠷᠢᠶᠠᠨ ᠭᠠᠵᠠᠷ᠎ᠤᠨ ᠬᠥᠷᠥᠰᠥ ᠰᠢᠷᠣᠢ ᠵᠢᠨ ᠬᠦᠴᠦ ᠰᠢᠮ᠎ᠡ᠂ ᠬᠦᠴᠢᠯ ᠱᠦᠯᠲᠦ ᠵᠢᠨ ᠬᠡᠮᠵᠢᠶ᠎ᠡ᠂ ᠲᠡᠭᠰᠢᠯᠡᠯᠲᠡ ᠵᠢᠨ ᠬᠡᠮᠵᠢᠶ᠎ᠡ ᠵᠡᠷᠭᠡ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ ᠵᠢ ᠲᠣᠭ᠋ᠠᠴᠢᠯᠠᠬᠤ᠂ ᠣᠶᠤᠨᠴᠢᠯᠠᠨ ᠴᠤᠭᠯᠠᠭᠤᠯᠬᠤ ᠲᠣᠭᠲᠠᠴᠠ ᠵᠢ ᠪᠠᠢ᠌ᠭᠤᠯᠤᠨ᠎ᠠ᠃ ᠳᠠᠭ᠋ᠠᠭᠤᠯᠢ ᠣᠳᠣᠨ᠎ᠤ ᠠᠯᠤᠰ ᠰᠡᠷᠡᠯ᠂ ᠠᠭ᠋ᠠᠷ᠎ᠤᠨ ᠠᠯᠤᠰ ᠰᠡᠷᠡᠯ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠢᠨ ᠬᠢᠨᠠᠨ ᠡᠵᠡᠮᠳᠡᠬᠦ ᠲᠣᠣᠷ ᠴᠡᠭ ᠵᠡᠷᠭᠡ 《ᠣᠭᠲᠠᠷᠭᠤᠢ ᠭᠠᠵᠠᠷ》᠎ᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠬᠦ ᠮᠡᠷᠭᠡᠵᠢᠯ᠎ᠢ ᠠᠰᠢᠭᠯᠠᠨ᠂ 《ᠳᠥᠷᠪᠡᠨ ᠪᠠᠢ᠌ᠳᠠᠯ》᠎ᠤᠨ ᠬᠥᠳᠡᠯᠦᠩᠭᠦᠢ ᠬᠢᠨᠠᠨ ᠬᠡᠮᠵᠢᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠤᠨ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠵᠢᠨ ᠮᠠᠰᠢᠨᠴᠢᠯᠠᠯᠲᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠭᠠᠵᠠᠷ᠂ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ᠂ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠂ ᠡᠯ᠎ᠡ ᠠᠢ᠌ᠮᠠᠭ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
2. ᠲᠥᠬᠥᠭᠡᠷᠥᠮᠵᠢ᠎ᠲᠦ ᠲᠠᠷᠢᠮᠠᠯ᠎ᠤᠨ ᠲᠣᠭ᠋ᠠᠴᠢᠯᠠᠯᠲᠠ ᠵᠢ ᠠᠬᠢᠭᠤᠯᠤᠨ᠎ᠠ᠃ ᠲᠥᠪᠯᠡᠷᠡᠨ ᠵᠠᠯᠭ᠋ᠠᠯᠳᠤᠭᠰᠠᠨ᠂ ᠬᠠᠭᠤᠴᠢᠷᠠᠭᠰᠠᠨ ᠦᠷ᠎ᠡ ᠠᠰᠢᠭ ᠵᠶ᠋ᠠᠷ ᠳᠣᠣᠷ᠎ᠠ ᠲᠥᠬᠥᠭᠡᠷᠦᠮᠵᠢ ᠵᠢᠨ ᠰᠠᠷᠠᠪᠴᠢ ᠵᠢ ᠲᠣᠭ᠋ᠠᠴᠢᠯᠠᠨ ᠲᠠᠰ ᠳᠡᠪᠰᠢᠭᠦᠯᠦᠨ ᠥᠭᠡᠷᠡᠴᠢᠯᠡᠬᠦ ᠵᠢ ᠠᠬᠢᠭᠤᠯᠵᠤ᠂ ᠠᠯᠬᠤᠮ ᠠᠯᠬᠤᠮ ᠵᠶ᠋ᠠᠷ ᠮᠠᠰᠢᠨᠴᠢᠯᠠᠯᠳᠠ᠂ ᠤᠶᠤᠨᠴᠢᠯᠠᠯᠳᠠ ᠳᠠᠰᠢ ᠬᠡᠯᠪᠡᠷᠢ ᠵᠢ᠎ᠨᠢ ᠬᠤᠪᠢᠷᠠᠭᠤᠯᠤᠨ᠎ᠠ᠃ ᠬᠤᠳᠠ ᠵᠢᠨ ᠲᠡᠭᠦᠷᠭᠡ ᠵᠢᠴᠢ ᠡᠷᠬᠢᠨ ᠲᠣᠭᠣᠷᠢᠨ᠎ᠤ ᠣᠷᠣᠨ ᠪᠦᠰᠡ᠎ᠪᠠᠷ ᠭᠣᠣᠯᠳᠠᠯᠭ᠎ᠠ ᠪᠣᠯᠭ᠋ᠠᠨ᠂ ᠵᠠᠯᠭ᠋ᠠᠯᠳᠤᠭᠰᠠᠨ ᠬᠦᠯᠡᠮᠵᠢ᠂ ᠤᠷᠭᠤᠮᠠᠯ᠎ᠤᠨ ᠦᠢ᠍ᠯᠡᠳᠪᠦᠷᠢ ᠵᠡᠷᠭᠡ ᠣᠳᠣᠬᠢᠴᠢᠯᠠᠭᠰᠠᠨ ᠦᠢ᠍ᠯᠡᠳᠪᠦᠷᠢᠯᠡᠯ᠎ᠤᠨ ᠲᠥᠬᠦᠭᠡᠷᠦᠮᠵᠢ ᠵᠢ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠬᠥᠭᠵᠢᠭᠦᠯᠵᠦ᠂ ᠤᠯᠤᠰ᠎ᠲᠠᠭᠠᠨ ᠦᠢ᠍ᠯᠡᠳᠪᠦᠷᠢᠯᠡᠬᠦ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ᠎ᠢ ᠳᠡᠯᠭᠡᠷᠡᠭᠦᠯᠵᠦ᠂ ᠲᠠᠷᠢᠮᠠᠯ᠎ᠤᠨ ᠤᠷᠭᠤᠯᠲᠠ ᠵᠢᠨ ᠪᠠᠢ᠌ᠳᠠᠯ᠎ᠢ ᠬᠢᠨᠠᠨ ᠬᠡᠮᠵᠢᠬᠦ᠂ ᠣᠷᠴᠢᠨ ᠠᠬᠤᠢ ᠵᠢ ᠨᠠᠷᠢᠯᠢᠭ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ᠂ ᠤᠰᠤ ᠪᠣᠷᠳᠣᠭᠤᠷ᠎ᠢ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ᠂ ᠠᠵᠢᠯᠯᠠᠬᠤ ᠮᠠᠰᠢᠨ ᠬᠥᠮᠥᠨ ᠵᠡᠷᠭᠡ ᠮᠡᠷᠭᠡᠵᠢᠯ᠎ᠤᠨ ᠲᠤᠨᠤᠭ ᠲᠥᠬᠦᠭᠡᠷᠦᠮᠵᠢ ᠵᠢ ᠲᠥᠪᠯᠡᠷᠡᠭᠦᠯᠦᠨ ᠬᠡᠷᠡᠭᠯᠡᠨ᠎ᠡ᠃ ᠦᠷ᠎ᠡ ᠪᠠ ᠴᠢᠬᠢ ᠵᠢᠨ ᠳᠠᠪᠠᠭᠤᠯᠢᠭ ᠭᠠᠷᠤᠯᠲᠠ ᠵᠢᠨ ᠣᠷᠣᠨ᠎ᠳᠤ ᠡᠷᠴᠢᠮᠵᠢᠭᠦᠯᠦᠭᠰᠡᠨ᠂ ᠲᠣᠭ᠋ᠠᠴᠢᠯᠠᠭᠰᠠᠨ ᠦᠷ᠎ᠡ ᠪᠠ ᠴᠢᠬᠢ ᠵᠢᠨ ᠦᠢ᠍ᠯᠡᠳᠪᠦᠷᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠦᠢ᠍ᠯᠡᠳᠪᠦᠷᠢᠵᠢᠭᠰᠡᠨ ᠴᠢᠬᠢ ᠪᠣᠢ᠌ᠵᠢᠭᠤᠯᠬᠤ ᠲᠣᠨᠣᠭ ᠲᠥᠬᠦᠭᠡᠷᠦᠮᠵᠢ᠂ ᠲᠣᠭ᠎ᠠ ᠪᠠᠷᠢᠮᠲᠠ ᠴᠤᠭᠯᠠᠭᠤᠯᠬᠤ ᠲᠥᠬᠦᠭᠡᠷᠦᠮᠵᠢ᠂ ᠣᠷᠴᠢᠨ ᠲᠣᠭᠣᠷᠢᠨ᠎ᠤ ᠡᠵᠡᠮᠳᠡᠬᠦ ᠰᠢᠰᠲ᠋ᠧᠮ᠎ᠢ ᠲᠥᠪᠯᠡᠷᠡᠭᠦᠯᠦᠨ ᠬᠡᠷᠡᠭᠯᠡᠵᠦ᠂ ᠴᠢᠬᠢ ᠪᠣᠢ᠌ᠵᠢᠭᠤᠯᠬᠤ ᠪᠥᠬᠥ ᠶᠠᠪᠤᠴᠠ ᠵᠢᠨ ᠠᠦ᠋ᠲ᠋ᠣᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ᠃ ᠬᠡᠪᠴᠢᠶᠡᠵᠢᠭᠦᠯᠦᠭᠰᠡᠨ ᠲᠦᠬᠦᠭᠡᠷᠦᠮᠵᠢᠳᠦ ᠲᠠᠷᠢᠮᠠᠯ᠎ᠤᠨ ᠭᠣᠣᠯ ᠴᠣᠭᠴᠠ ᠵᠢ ᠵᠣᠷᠢᠭᠵᠢᠭᠤᠯᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠪᠥᠬᠥ ᠶᠠᠪᠤᠴᠠ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠬᠡᠷᠡᠭᠯᠡᠨ ᠲᠠᠷᠢᠮᠠᠯ᠎ᠤᠨ ᠲᠥᠯᠥᠪᠯᠡᠭᠡ ᠲᠣᠭᠲᠠᠭ᠋ᠠᠵᠤ᠂ ᠲᠥᠷᠥᠯ ᠵᠦᠢ᠍ᠯ᠎ᠤᠨ ᠪᠦᠲᠦᠴᠡ ᠪᠠ ᠵᠠᠬ᠎ᠠ ᠳᠡᠯᠭᠡᠭᠦᠷ᠎ᠲᠤ ᠭᠠᠷᠭ᠋ᠠᠬᠤ ᠲᠠᠩᠰᠠ ᠡᠪᠬᠡᠮᠡᠯ᠎ᠤᠨ ᠬᠤᠭᠤᠴᠠᠭ᠎ᠠ ᠵᠢ ᠬᠥᠳᠡᠯᠦᠩᠭᠦᠢ᠎ᠪᠠᠷ ᠲᠣᠬᠢᠷᠠᠭᠤᠯᠤᠨ ᠰᠢᠯᠢᠳᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠂ ᠡᠯ᠎ᠡ ᠠᠢ᠌ᠮᠠᠭ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
3. ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠵᠢᠨ ᠤᠶᠤᠨᠴᠢᠯᠠᠯᠳᠠ ᠵᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠵᠢ ᠬᠥᠲᠥᠯᠥᠨ ᠵᠢᠯᠤᠭᠣᠳᠴᠤ ᠪᠠᠢ᠌ᠭ᠋ᠠᠳ ᠣᠶᠤᠨᠴᠢ ᠮᠠᠯᠵᠢᠯ᠎ᠤᠨ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠬᠡᠷᠡᠭᠯᠡᠭᠡᠨ᠎ᠤ ᠣᠷᠴᠢᠨ ᠲᠣᠭᠣᠷᠢᠨ᠎ᠢ ᠮᠡᠳᠡᠷᠡᠬᠦ᠂ ᠡᠯᠧᠺᠲᠷᠣᠨ ᠢᠯᠭ᠋ᠠᠬᠤ ᠲᠡᠮᠳᠡᠭ᠂ ᠨᠠᠷᠢᠯᠢᠭ ᠣᠨᠣᠴᠠᠲᠠᠢ᠎ᠪᠠᠷ ᠮᠠᠲ᠋ᠧᠷᠢᠶᠠᠯ ᠣᠷᠣᠭᠤᠯᠬᠤ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠰᠢᠢ᠍ᠳᠪᠦᠷᠢᠯᠡᠬᠦ ᠵᠡᠷᠭᠡ ᠣᠶᠤᠨᠴᠢᠯᠠᠭᠰᠠᠨ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠬᠤᠷᠠᠮᠳᠤᠭᠤᠯᠤᠨ ᠬᠡᠷᠡᠭᠯᠡᠵᠦ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠣᠷᠴᠢᠨ ᠲᠣᠭᠣᠷᠢᠨ᠎ᠢ ᠣᠶᠤᠨᠴᠢ᠎ᠪᠠᠷ ᠲᠣᠬᠢᠷᠠᠭᠤᠯᠤᠨ ᠡᠵᠡᠮᠳᠡᠬᠦ ᠪᠠ ᠨᠠᠷᠢᠯᠢᠭ ᠣᠨᠣᠴᠠᠲᠠᠢ᠎ᠪᠠᠷ ᠲᠡᠵᠢᠭᠡᠬᠦ ᠵᠢ ᠪᠡᠶᠡᠯᠡᠭᠦᠯᠦᠨ᠎ᠡ᠃ ᠠᠮᠢᠳᠤ ᠪᠣᠳᠠᠰ᠎ᠤᠨ ᠪᠣᠳᠠᠭ᠋ᠠᠯᠢ ᠪᠡᠶ᠎ᠡ ᠵᠢᠨ ᠪᠡᠶ᠎ᠡ ᠵᠢᠨ ᠢᠯᠡᠷᠡᠯ᠎ᠢ ᠬᠢᠨᠠᠨ ᠬᠡᠮᠵᠢᠬᠦ ᠮᠡᠷᠭᠡᠵᠢᠯ᠎ᠢ ᠬᠡᠷᠡᠭᠯᠡᠨ᠂ ᠠᠮᠢᠲᠠᠨ᠎ᠤ ᠬᠢᠵᠢᠭ ᠡᠪᠡᠳᠴᠢᠨ᠎ᠤ ᠬᠢᠵᠢᠭ᠎ᠤᠨ ᠪᠠᠢ᠌ᠳᠠᠯ᠎ᠢ ᠨᠠᠷᠢᠯᠢᠭ ᠣᠨᠣᠴᠠᠲᠠᠢ ᠣᠨᠣᠰᠢᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠢ᠌ᠯᠡᠨ ᠡᠵᠡᠮᠳᠡᠬᠦ ᠠᠵᠢᠯ᠎ᠢ ᠴᠢᠩᠭ᠋ᠠᠳᠬᠠᠨ᠎ᠠ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠵᠢᠨ ᠡᠯᠧᠺᠲᠷᠣᠨ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠪᠠᠶ᠋ᠢᠭᠤᠯᠬᠤ ᠵᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ᠂ ᠨᠢᠲᠤᠯᠬᠤ᠂ ᠲᠡᠵᠢᠭᠡᠯ ᠪᠣᠷᠳᠣᠭ᠎ᠠ᠂ ᠮᠠᠯ᠎ᠤᠨ ᠡᠮ᠎ᠤᠨ ᠠᠵᠤ ᠠᠬᠤᠢ᠌ᠯᠠᠯ ᠵᠡᠷᠭᠡ ᠵᠢᠨ ᠲᠣᠭ᠎ᠠ ᠪᠠᠷᠢᠮᠲᠠ ᠵᠢ ᠰᠢᠭᠤᠳ ᠬᠣᠯᠪᠣᠯᠳᠤᠭᠤᠯᠤᠨ ᠰᠢᠭᠤᠳ ᠮᠡᠳᠡᠭᠦᠯᠬᠦ ᠵᠢ ᠠᠬᠢᠭᠤᠯᠵᠤ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠢᠨᠠᠨ ᠬᠡᠮᠵᠢᠬᠦ ᠴᠡᠭ᠂ ᠮᠠᠯ᠎ᠤᠨ ᠠᠰᠢᠭ ᠰᠢᠮ᠎ᠡ ᠵᠢᠨ ᠦᠨ᠎ᠡ ᠬᠠᠩᠰᠢ ᠵᠢᠨ ᠬᠢᠨᠠᠨ ᠬᠡᠮᠵᠢᠬᠦ ᠴᠡᠭ᠎ᠤᠨ ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢᠨ ᠠᠷᠭ᠎ᠠ ᠪᠠᠷᠢᠯ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠵᠢᠨ ᠦᠢ᠍ᠯᠡᠳᠪᠦᠷᠢᠯᠡᠯ᠂ ᠭᠦᠢ᠍ᠯᠭᠡᠭᠡ᠂ ᠠᠯᠠᠵᠤ ᠨᠢᠲᠤᠯᠬᠤ ᠡᠯ᠎ᠡ ᠭᠣᠭᠴᠣᠭ᠎ᠠ ᠵᠢᠨ ᠲᠣᠭ᠎ᠠ ᠪᠠᠷᠢᠮᠲᠠ ᠵᠢ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠪᠠ ᠬᠠᠮᠲᠤ᠎ᠪᠠᠷ ᠭᠥᠷᠳᠡᠵᠦ ᠠᠰᠢᠭᠯᠠᠬᠤ ᠵᠢ ᠠᠬᠢᠭᠤᠯᠵᠤ᠂ ᠮᠠᠯ᠎ᠤᠨ ᠠᠰᠢᠭ ᠰᠢᠮ᠎ᠡ ᠵᠢᠨ ᠪᠥᠬᠥ ᠶᠠᠪᠤᠴᠠ ᠵᠢ ᠮᠥᠷᠳᠡᠬᠦ᠂ ᠮᠠᠯ ᠠᠵᠤ ᠠᠬᠤᠢ ᠵᠢᠨ ᠮᠥᠩᠭᠥᠨ ᠭᠦᠢ᠍ᠯᠭᠡᠭᠡᠨ᠎ᠤ ᠳᠠᠭ᠋ᠠᠳᠬᠠᠯ᠎ᠤᠨ ᠲᠣᠮᠣ ᠲᠣᠭ᠎ᠠ ᠪᠠᠷᠢᠮᠲᠠ ᠵᠢᠨ ᠢᠲᠡᠭᠡᠮᠵᠢ ᠣᠯᠭᠣᠬᠤ᠂ ᠵᠠᠰᠠᠭ᠎ᠤᠨ ᠣᠷᠳᠣᠨ᠎ᠤ ᠬᠢᠨᠠᠨ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠲᠤᠯᠭ᠋ᠠᠭᠤᠷᠢᠯᠠᠯ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠦ ᠵᠢᠨ ᠦᠢ᠍ᠯᠡᠰ᠎ᠤᠨ ᠲᠣᠮᠣ ᠳ᠋ᠠᠢ᠌ᠲ᠋ᠠ ᠵᠢᠨ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ ᠰᠦ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠬᠢᠨᠠᠨ ᠬᠡᠮᠵᠢᠬᠦ ᠪᠠ ᠠᠵᠢᠯ ᠲᠥᠷᠥᠯ᠎ᠤᠨ ᠠᠵᠢᠯᠯᠠᠭ᠋ᠠᠨ᠎ᠤ ᠪᠠᠢ᠌ᠳᠠᠯ᠎ᠢ ᠵᠠᠳᠠᠯᠤᠨ ᠰᠡᠷᠡᠮᠵᠢᠯᠡᠭᠦᠯᠬᠦ ᠵᠢ ᠴᠢᠩᠭ᠋ᠠᠳᠬᠠᠨ᠎ᠠ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠮᠠᠯ ᠠᠵᠤ ᠠᠬᠤᠢ ᠵᠢᠨ ᠲᠣᠪᠴᠢᠶ᠎ᠠ᠂ ᠰᠦ ᠵᠢᠨ ᠦᠢ᠍ᠯᠡᠰ᠎ᠤᠨ ᠭᠠᠵᠠᠷ᠂ ᠮᠠᠯ ᠡᠮᠨᠡᠯᠭᠡ ᠵᠢᠨ ᠲᠣᠪᠴᠢᠶ᠎ᠠ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠪᠠ ᠠᠲᠠᠷ ᠬᠠᠭ᠋ᠠᠯᠪᠤᠷᠢᠯᠠᠯᠲᠠ ᠵᠢᠨ ᠭᠠᠵᠠᠷ᠂ ᠲᠡᠵᠢᠭᠡᠯ ᠪᠣᠷᠳᠣᠭ᠎ᠠ ᠡᠪᠡᠰᠦ ᠪᠣᠷᠳᠣᠭ᠋ᠠᠨ᠎ᠤ ᠭᠠᠵᠠᠷ᠂ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠭᠡᠢ᠌ᠯᠡᠵᠦ ᠬᠢᠵᠠᠭ᠋ᠠᠷᠯᠠᠬᠤ ᠲᠥᠪ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
4. ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠲᠣᠭ᠋ᠠᠴᠢᠯᠠᠯᠲᠠ ᠵᠢ ᠠᠬᠢᠭᠤᠯᠤᠨ᠎ᠠ᠃ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠂ 《ᠬᠡᠯᠬᠢᠶᠡᠵᠢᠯ᠎ᠤᠨ ᠡᠵᠡᠨ》᠎ᠤ ᠠᠵᠤ ᠠᠬᠤᠢ᠌ᠯᠠᠯ᠂ ᠬᠥᠲᠥᠴᠢ ᠠᠵᠤ ᠠᠬᠤᠢ᠌ᠯᠠᠯ᠎ᠤᠨ ᠤᠷᠢᠳᠠᠪᠠᠷ ᠲᠣᠭ᠋ᠠᠵᠢᠭᠤᠯᠬᠤ ᠥᠭᠡᠷᠡᠴᠢᠯᠡᠯᠲᠡ ᠵᠢ ᠥᠷᠨᠢᠭᠦᠯᠬᠦ ᠵᠢ ᠵᠣᠷᠢᠭᠵᠢᠭᠤᠯᠵᠤ᠂ ᠠᠵᠤ ᠦᠢ᠍ᠯᠡᠰ᠎ᠤᠨ ᠬᠡᠯᠬᠢᠶᠡᠵᠢᠯ᠎ᠤᠨ ᠳᠡᠭᠡᠳᠦ ᠳᠣᠣᠷᠠᠳᠤ ᠤᠷᠤᠰᠬᠠᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠲᠣᠭ᠋ᠠᠵᠢᠭᠤᠯᠬᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠳᠠᠶ᠋ᠢᠴᠢᠯᠠᠨ᠂ ᠪᠥᠬᠥ ᠠᠵᠤ ᠦᠢ᠍ᠯᠡᠰ᠎ᠤᠨ ᠬᠡᠯᠬᠢᠶᠡᠵᠢᠯ᠎ᠤᠨ ᠬᠠᠮᠵᠢᠯᠴᠠᠨ ᠬᠠᠮᠵᠢᠯᠴᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ 《ᠢᠨᠲ᠋ᠧᠷ ᠰᠦᠯᠵᠢᠶ᠎ᠡ +》 ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠰᠬᠣᠨ᠎ᠠᠴᠠ ᠭᠠᠷᠭ᠋ᠠᠵᠤ ᠬᠣᠲᠠ᠎ᠳᠤ ᠣᠷᠣᠭᠤᠯᠬᠤ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠣᠷ ᠰᠦᠯᠵᠢᠶ᠎ᠡ᠎ᠪᠠᠷ ᠪᠣᠷᠣᠯᠠᠭᠤᠯᠬᠤ ᠵᠠᠭᠪᠤᠷ᠎ᠲᠤ ᠰᠢᠨ᠎ᠡ ᠵᠢ ᠡᠭᠦᠳᠴᠦ᠂ ᠲᠣᠣᠷ ᠰᠦᠯᠵᠢᠶ᠎ᠡ᠎ᠪᠠᠷ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠨ᠎ᠡ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠵᠠᠬ᠎ᠠ ᠳᠡᠯᠭᠡᠭᠦᠷ ᠪᠠ ᠪᠣᠯᠪᠠᠰᠤᠷᠠᠭᠤᠯᠤᠯᠲᠠ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠲᠣᠭ᠋ᠠᠵᠢᠭᠤᠯᠬᠤ ᠥᠭᠡᠷᠡᠴᠢᠯᠡᠯᠲᠡ ᠵᠢ ᠠᠬᠢᠭᠤᠯᠵᠤ᠂ ᠢᠯᠭ᠋ᠠᠨ ᠰᠣᠩᠭᠣᠵᠤ ᠲᠠᠰ ᠬᠤᠪᠢᠶᠠᠬᠤ᠂ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ᠂ ᠪᠣᠯᠪᠠᠰᠤᠷᠠᠭᠤᠯᠤᠨ ᠪᠣᠭᠣᠳᠠᠯᠯᠠᠬᠤ᠂ ᠬᠥᠯᠳᠡᠭᠡᠵᠦ ᠰᠢᠨ᠎ᠡ ᠰᠣᠷᠭᠣᠭ ᠪᠠᠢ᠌ᠯᠭ᠋ᠠᠬᠤ ᠵᠡᠷᠭᠡ ᠣᠶᠤᠨᠴᠢ ᠪᠡᠯᠡᠳᠬᠡᠮᠵᠢ ᠲᠥᠬᠦᠭᠡᠷᠦᠮᠵᠢ ᠵᠢ ᠲᠥᠪᠯᠡᠷᠡᠭᠦᠯᠦᠨ ᠬᠡᠷᠡᠭᠯᠡᠵᠦ᠂ ᠣᠶᠤᠨᠴᠢᠯᠠᠭᠰᠠᠨ᠂ ᠳᠡᠭᠡᠳᠦ ᠦᠵᠦᠭᠦᠷᠵᠢᠭᠰᠡᠨ ᠣᠲᠣ ᠦᠶ᠎ᠡ ᠵᠢᠨ ᠡᠳ᠋ᠰᠢᠭᠦᠯᠦᠨ ᠬᠥᠮᠥᠷᠭᠡᠯᠡᠨ ᠬᠠᠳᠠᠭ᠋ᠠᠯᠠᠬᠤ ᠵᠠᠭᠪᠤᠷ᠎ᠢ ᠪᠣᠢ᠌ᠵᠢᠭᠤᠯᠤᠨ ᠬᠥᠭᠵᠢᠭᠦᠯᠦᠨ᠎ᠡ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠲᠣᠮᠣ ᠳ᠋ᠠᠢ᠌ᠲ᠋ᠠ ᠵᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠲᠠᠪᠴᠠᠩ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ 《ᠠᠮᠠᠯᠠᠯᠲᠠ ᠵᠢᠨ ᠪᠠᠷᠢᠮᠵᠢᠶ᠎ᠠ᠎ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ + ᠨᠡᠬᠡᠮᠵᠢᠯᠡᠬᠦ ᠺᠣᠳ᠋》᠎ᠤᠨ ᠵᠠᠭᠪᠤᠷ᠎ᠢ ᠳᠡᠯᠭᠡᠷᠡᠭᠦᠯᠦᠨ ᠬᠡᠷᠡᠭᠯᠡᠵᠦ᠂ ᠭᠣᠣᠯ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠠᠷᠢᠶᠠᠨ ᠭᠠᠵᠠᠷ᠎ᠠᠴᠠ ᠬᠣᠭᠣᠯᠠᠨ ᠰᠢᠷᠡᠭᠡ ᠬᠦᠷᠲᠡᠯᠡᠬᠢ ᠪᠥᠬᠥ ᠶᠠᠪᠤᠴᠠ᠎ᠳᠤ ᠮᠥᠷᠳᠡᠵᠦ ᠪᠣᠯᠬᠤ ᠵᠢ ᠴᠢᠷᠮᠠᠢ᠌ᠨ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠯᠪᠠᠰᠤᠷᠠᠭᠤᠯᠤᠯᠲᠠ ᠵᠢᠨ ᠵᠢᠯᠤᠭᠣᠳᠬᠤ ᠭᠠᠵᠠᠷ᠂ ᠵᠠᠬ᠎ᠠ ᠳᠡᠯᠭᠡᠭᠦᠷ ᠬᠢᠭᠡᠳ ᠭᠠᠳᠠᠭ᠋ᠠᠳᠤ ᠬᠠᠮᠲᠤᠷᠠᠯᠴᠠᠭ᠋ᠠᠨ᠎ᠤ ᠭᠠᠵᠠᠷ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠲᠥᠪ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
ᠲᠤᠰᠬᠠᠢ ᠪᠤᠯᠤᠩ 2 ᠣᠶᠤᠨᠴᠢ ᠲᠠᠷᠢᠶᠠᠯᠠᠩ (ᠮᠠᠯ ᠠᠵᠤ ᠠᠬᠤᠢ)᠎ᠤᠨ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ
ᠡᠯ᠎ᠡ ᠭᠠᠵᠠᠷ᠎ᠤᠨ ᠳᠠᠷᠢᠵᠤ ᠲᠡᠵᠢᠭᠡᠨ ᠦᠷᠡᠵᠢᠭᠦᠯᠬᠦ ᠲᠥᠷᠥᠯ ᠵᠦᠢ᠍ᠯ ᠪᠠ ᠦᠢ᠍ᠯᠡᠳᠪᠦᠷᠢᠯᠡᠯ᠎ᠤᠨ ᠨᠥᠬᠥᠴᠡᠯ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠲᠣᠬᠢᠷᠠᠮᠵᠢᠲᠠᠢ ᠮᠡᠳᠡᠭᠡ ᠵᠠᠩᠭᠢ ᠵᠢᠨ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠲᠥᠪᠯᠡᠷᠡᠭᠦᠯᠦᠨ ᠬᠡᠷᠡᠭᠯᠡᠵᠦ᠂ ᠣᠯᠠᠨ ᠶᠠᠩᠵᠤ ᠵᠢᠨ ᠣᠶᠤᠨᠴᠢ ᠲᠠᠷᠢᠶᠠᠯᠠᠩ (ᠮᠠᠯ ᠠᠵᠤ ᠠᠬᠤᠢ)᠎ᠤᠨ ᠲᠠᠯᠠᠪᠠᠶ ᠵᠢ ᠪᠦᠲᠦᠭᠡᠨ ᠪᠠᠢ᠌ᠭᠤᠯᠵᠤ᠂ 2027 ᠣᠨ᠎ᠤ ᠡᠴᠦᠰ ᠪᠣᠯᠬᠤ᠎ᠳᠤ᠂ 1000 ᠣᠶᠤᠨᠴᠢ ᠲᠠᠷᠢᠶᠠᠯᠠᠩ᠎ᠤᠨ ᠲᠠᠯᠠᠪᠠᠶ᠂ 1000 ᠣᠶᠤᠨᠴᠢ ᠮᠠᠯᠵᠢᠯ᠎ᠤᠨ ᠲᠠᠯᠠᠪᠠᠶ ᠵᠢ ᠪᠣᠢ᠌ᠵᠢᠭᠤᠯᠤᠨ ᠪᠦᠷᠢᠯᠳᠦᠭᠦᠯᠦᠨ᠎ᠡ᠃ ᠣᠶᠤᠨᠴᠢ ᠲᠠᠷᠢᠶᠠᠯᠠᠩ᠎ᠤᠨ ᠲᠠᠯᠠᠪᠠᠢ᠎ᠳᠤ᠂ ᠣᠶᠤᠨᠴᠢ ᠤᠷᠭᠤᠮᠠᠯ᠎ᠤᠨ ᠬᠠᠮᠠᠭ᠋ᠠᠯᠠᠯᠲᠠ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠬᠢᠷᠠᠭᠤᠯᠤᠯ ᠡᠵᠡᠮᠳᠡᠯ᠂ ᠤᠰᠤ ᠪᠣᠷᠳᠣᠭᠤᠷ᠎ᠤᠨ ᠡᠮ᠎ᠢ ᠨᠠᠷᠢᠯᠢᠭ ᠣᠨᠣᠪᠴᠢᠲᠠᠢ ᠬᠠᠮᠢᠶᠠᠷᠬᠤ᠂ ᠬᠥᠮᠥᠨ ᠦᠭᠡᠢ ᠲᠣᠭᠣᠷᠢᠨ ᠪᠠᠢ᠌ᠴᠠᠭ᠋ᠠᠵᠤ ᠵᠥᠭᠡᠭᠡᠪᠦᠷᠢᠯᠡᠬᠦ᠂ ᠣᠶᠤᠨᠴᠢ ᠲᠠᠷᠢᠶᠠᠯᠠᠩ᠎ᠤᠨ ᠮᠠᠰᠢᠨ ᠵᠡᠷᠭᠡ ᠮᠡᠷᠭᠡᠵᠢᠯ᠎ᠤᠨ ᠲᠤᠨᠤᠭ ᠲᠥᠬᠦᠭᠡᠷᠦᠮᠵᠢ ᠵᠢ ᠭᠣᠣᠯᠳᠠᠯᠭ᠎ᠠ᠎ᠲᠠᠢ ᠬᠡᠷᠡᠭᠯᠡᠨ᠎ᠡ; ᠣᠶᠤᠨᠴᠢ ᠮᠠᠯᠵᠢᠯ᠎ᠤᠨ ᠲᠠᠯᠠᠪᠠᠶ᠎ᠳᠤ᠂ ᠣᠷᠴᠢᠨ ᠲᠣᠭᠣᠷᠢᠨ᠎ᠢ ᠨᠠᠷᠢᠯᠢᠭ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ᠂ ᠪᠣᠳᠠᠭ᠋ᠠᠯᠢ ᠪᠡᠶ᠎ᠡ ᠵᠢᠨ ᠢᠯᠡᠷᠡᠯ᠎ᠢ ᠬᠢᠨᠠᠨ ᠬᠡᠮᠵᠢᠬᠦ ᠬᠠᠮᠢᠶᠠᠷᠤᠯᠲᠠ᠂ ᠡᠪᠡᠳᠴᠢᠨ ᠡᠮᠭᠡᠭ᠎ᠢ ᠣᠶᠤᠨᠴᠢ᠎ᠪᠠᠷ ᠣᠨᠣᠰᠢᠯᠠᠬᠤ᠂ ᠨᠠᠷᠢᠯᠢᠭ ᠣᠨᠣᠴᠠᠲᠠᠢ᠎ᠪᠠᠷ ᠨᠠᠢ᠌ᠷᠠᠯᠭ᠎ᠠ᠎ᠲᠠᠢ ᠲᠡᠵᠢᠭᠡᠬᠦ᠂ ᠠᠦ᠋ᠲ᠋ᠣ᠋᠎ᠪᠠᠷ ᠲᠣᠭᠣᠷᠢᠨ ᠪᠠᠢ᠌ᠴᠠᠭ᠋ᠠᠵᠤ ᠠᠷᠢᠭᠤᠳᠬᠠᠬᠤ᠂ ᠠᠦ᠋ᠲ᠋ᠣ᠋᠎ᠪᠠᠷ ᠴᠤᠭᠯᠠᠭᠤᠯᠵᠤ ᠪᠣᠬᠢᠷᠲᠤᠯ ᠠᠷᠢᠯᠭ᠋ᠠᠬᠤ᠂ ᠬᠠᠶᠠᠭᠳᠠᠮᠠᠯ ᠪᠣᠳᠠᠰ᠎ᠢ ᠬᠣᠣᠷ ᠦᠭᠡᠢ᠌ᠵᠢᠭᠦᠯᠦᠨ ᠰᠢᠢ᠍ᠳᠪᠦᠷᠢᠯᠡᠬᠦ ᠵᠡᠷᠭᠡ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠭᠣᠣᠯᠳᠠᠯᠭ᠎ᠠ᠎ᠲᠠᠢ ᠬᠡᠷᠡᠭᠯᠡᠨ᠎ᠡ; ᠲᠠᠷᠢᠶᠠᠯᠠᠩ (ᠮᠠᠯ ᠠᠵᠤ ᠠᠬᠤᠢ)᠎ᠤᠨ ᠲᠠᠯᠠᠪᠠᠶ ᠵᠢᠨ ᠣᠶᠤᠨᠴᠢ᠎ᠪᠠᠷ ᠡᠨᠧᠷᠭᠢ ᠣᠯᠭᠣᠬᠤ ᠲᠥᠯᠥᠪᠯᠡᠭᠡ ᠵᠢ ᠬᠡᠷᠡᠭᠵᠢᠭᠦᠯᠵᠦ᠂ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠡᠷᠭᠡ ᠣᠯᠠᠨ ᠲᠠᠯ᠎ᠠ ᠵᠢᠨ ᠡᠬᠢ ᠪᠠᠶᠠᠯᠢᠭ᠎ᠤᠨ ᠬᠦᠴᠦᠨ᠎ᠢ ᠬᠤᠷᠠᠮᠳᠤᠭᠤᠯᠤᠨ᠂ ᠬᠦᠰᠡᠯ ᠰᠠᠨᠠᠭ᠎ᠠ᠎ᠲᠠᠢ ᠨᠥᠬᠥᠴᠡᠯ᠎ᠲᠠᠢ ᠮᠠᠯᠴᠢᠨ ᠲᠠᠷᠢᠶᠠᠴᠢᠳ᠎ᠤᠨ ᠬᠣᠷᠰᠢᠶ᠎ᠠ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ ᠵᠡᠷᠭᠡ ᠭᠣᠣᠯ ᠴᠣᠭᠴᠠ᠎ᠳᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠨᠡᠢ᠌ᠳᠡᠮ ᠬᠡᠷᠡᠭᠯᠡᠭᠡᠨ᠎ᠤ ᠵᠥᠭᠡᠯᠡᠨ ᠬᠡᠷᠡᠭᠰᠡᠯ᠎ᠤᠨ ᠪᠠᠭ᠋ᠠᠵᠢ᠂ ᠮᠡᠳᠡᠭᠡ ᠵᠠᠩᠭᠢ ᠵᠢᠨ ᠮᠡᠷᠭᠡᠵᠢᠯ᠎ᠤᠨ ᠪᠣᠯᠪᠠᠰᠤᠷᠠᠯ᠂ ᠲᠠᠷᠢᠶᠠᠯᠠᠩ᠎ᠤᠨ ᠮᠡᠷᠭᠡᠵᠢᠯ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡ᠂ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠂ ᠮᠠᠯ ᠠᠵᠤ ᠠᠬᠤᠢ ᠵᠢᠨ ᠲᠣᠪᠴᠢᠶ᠎ᠠ᠂ ᠰᠦ ᠵᠢᠨ ᠦᠢ᠍ᠯᠡᠰ᠎ᠤᠨ ᠭᠠᠵᠠᠷ᠂ ᠬᠢᠨᠠᠨ ᠪᠠᠢ᠌ᠴᠠᠭ᠋ᠠᠬᠤ ᠭᠠᠵᠠᠷ)
(ᠭᠤᠷᠪᠠ) ᠮᠡᠳᠡᠭᠡ ᠵᠠᠩᠭᠢ ᠵᠢᠨ ᠮᠡᠷᠭᠡᠵᠢᠯ᠎ᠤᠨ ᠰᠢᠨ᠎ᠡ ᠵᠢ ᠡᠭᠦᠳᠦᠨ ᠬᠡᠷᠡᠭᠯᠡᠬᠦ ᠪᠠ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠠᠬᠢᠭᠤᠯᠤᠨ᠎ᠠ
1. ᠮᠡᠳᠡᠭᠡ ᠵᠠᠩᠭᠢ ᠵᠢᠨ ᠮᠡᠷᠭᠡᠵᠢᠯ᠎ᠤᠨ ᠰᠢᠨ᠎ᠡ ᠵᠢ ᠡᠭᠦᠳᠦᠨ ᠬᠡᠷᠡᠭᠯᠡᠬᠦ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠨ᠎ᠳᠤ ᠵᠣᠬᠢᠶᠠᠮᠠᠯ ᠣᠶᠤᠨᠴᠢ ᠴᠢᠳᠠᠪᠤᠷᠢ᠂ ᠲᠣᠮᠣ ᠳ᠋ᠠᠢ᠌ᠲ᠋ᠠ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠡᠷᠭᠡ ᠮᠡᠷᠭᠡᠵᠢᠯ᠎ᠤᠨ ᠰᠢᠨ᠎ᠡ ᠵᠢ ᠡᠭᠦᠳᠦᠨ ᠬᠡᠷᠡᠭᠯᠡᠬᠦ ᠵᠢ ᠲᠦᠷᠭᠡᠳᠬᠡᠵᠦ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ ᠠᠬᠤᠢ ᠵᠢᠨ ᠮᠡᠳᠡᠭᠡ ᠵᠠᠩᠭᠢᠴᠢᠯᠠᠯᠲᠠ ᠵᠢᠨ ᠠᠵᠤ ᠠᠬᠤᠢ᠌ᠯᠠᠯ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠠᠵᠢᠯ ᠲᠥᠷᠥᠯ᠎ᠤᠨ ᠨᠡᠢ᠌ᠭᠡᠮᠯᠢᠭ᠎ᠤᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠨᠢᠭᠡ ᠪᠦᠯᠦᠭ ᠰᠢᠨ᠎ᠡ ᠵᠢ ᠡᠭᠦᠳᠬᠦ ᠴᠢᠳᠠᠪᠤᠷᠢ᠎ᠪᠠᠷ ᠲᠣᠪᠣᠢ᠌ᠮ᠎ᠠ᠂ ᠳᠠᠢ᠌ᠴᠢᠯᠠᠬᠤ ᠦᠢ᠍ᠯᠡᠳᠦᠯ ᠵᠶ᠋ᠡᠷ ᠢᠯᠡᠷᠬᠡᠢ ᠲᠠᠷᠢᠶᠠᠯᠠᠩ ᠮᠠᠯ ᠠᠵᠤ ᠠᠬᠤᠢ ᠵᠢᠨ ᠮᠡᠳᠡᠭᠡ ᠵᠠᠩᠭᠢᠴᠢᠯᠠᠯᠲᠠ ᠵᠢᠨ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠵᠤ᠂ ᠰᠠᠭᠤᠷᠢ ᠰᠤᠳᠤᠯᠤᠯ᠂ ᠬᠡᠷᠡᠭᠯᠡᠭᠡᠨ᠎ᠤ ᠰᠤᠳᠤᠯᠤᠯ᠂ ᠰᠤᠳᠤᠯᠤᠨ ᠨᠡᠭᠡᠭᠡᠵᠦ ᠦᠢ᠍ᠯᠡᠳᠬᠦ᠂ ᠬᠡᠷᠡᠭᠯᠡᠵᠦ ᠳᠡᠯᠭᠡᠷᠡᠭᠦᠯᠬᠦ ᠵᠢ ᠬᠠᠷᠢᠯᠴᠠᠨ ᠵᠣᠯᠭ᠋ᠠᠭᠤᠯᠤᠭᠰᠠᠨ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢ ᠠᠯᠬᠤᠮ ᠠᠯᠬᠤᠮ ᠵᠶ᠋ᠠᠷ ᠪᠣᠶ ᠪᠣᠯᠭ᠋ᠠᠨ᠎ᠠ᠃ ᠲᠣᠭ᠎ᠠ ᠪᠠᠷᠢᠮᠲᠠ ᠪᠠ ᠵᠣᠬᠢᠶᠠᠮᠠᠯ ᠣᠶᠤᠨᠯᠢᠭ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠮᠠᠰᠢᠨ ᠵᠶ᠋ᠠᠷ ᠰᠤᠷᠤᠯᠴᠠᠬᠤ᠂ ᠺᠣᠮᠫᠢᠦ᠋ᠲ᠋ᠧᠷ᠎ᠤᠨ ᠬᠠᠷᠠᠭ᠋ᠠᠨ ᠰᠡᠷᠡᠯ᠂ ᠪᠠᠢ᠌ᠭ᠋ᠠᠯᠢ ᠵᠢᠨ ᠬᠡᠯᠡ᠎ᠪᠠᠷ ᠰᠢᠢ᠍ᠳᠪᠦᠷᠢᠯᠡᠬᠦ ᠵᠡᠷᠭᠡ ᠵᠣᠬᠢᠶᠠᠮᠠᠯ ᠣᠶᠤᠨᠯᠢᠭ᠎ᠤᠨ ᠮᠡᠷᠭᠡᠵᠢᠯ᠎ᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠭᠠᠷᠤᠯᠲᠠ ᠵᠢᠨ ᠬᠡᠮᠵᠢᠶ᠎ᠡ ᠵᠢ ᠲᠥᠰᠥᠭᠡᠯᠡᠬᠦ᠂ ᠪᠣᠷᠤᠯᠠᠭᠤᠯᠭ᠎ᠠ ᠵᠢ ᠵᠠᠳᠠᠯᠬᠤ᠂ ᠬᠢᠵᠢᠭ ᠡᠪᠡᠳᠴᠢᠨ᠎ᠢ ᠣᠨᠣᠰᠢᠯᠠᠬᠤ᠂ ᠭᠠᠢ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠬᠦᠷᠢᠶ᠎ᠡ ᠴᠠᠷᠠᠭ᠎ᠠ᠎ᠳᠤ ᠬᠡᠷᠡᠭᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠭᠠᠵᠠᠷ᠂ ᠡᠯ᠎ᠡ ᠠᠢ᠌ᠮᠠᠭ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
2. ᠣᠶᠤᠨᠴᠢ ᠲᠠᠷᠢᠶᠠᠯᠠᠩ ᠮᠠᠯ ᠠᠵᠤ ᠠᠬᠤᠢ ᠵᠢ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠵᠢ ᠠᠬᠢᠭᠤᠯᠤᠨ᠎ᠠ᠃ ᠨᠥᠬᠥᠴᠡᠯ᠎ᠲᠠᠢ ᠭᠠᠵᠠᠷ ᠣᠷᠣᠨ᠎ᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠵᠢ ᠵᠣᠷᠢᠭᠵᠢᠭᠤᠯᠤᠨ᠂ ᠣᠲᠣ ᠵᠢᠨ ᠪᠠᠢ᠌ᠭ᠎ᠠ ᠪᠡᠯᠡ ᠮᠥᠩᠭᠥ ᠪᠠ ᠲᠥᠷᠥ ᠵᠢᠨ ᠪᠣᠳᠣᠯᠭ᠎ᠠ ᠵᠢ ᠲᠥᠪᠯᠡᠷᠡᠭᠦᠯᠦᠨ ᠰᠠᠢ᠌ᠲᠤᠷ ᠬᠡᠷᠡᠭᠯᠡᠵᠦ᠂ ᠭᠣᠣᠯᠯᠠᠬᠤ ᠠᠵᠤ ᠦᠢ᠍ᠯᠡᠰ ᠲᠣᠪᠣᠢ᠌ᠮ᠎ᠠ᠂ ᠲᠣᠭ᠋ᠠᠴᠢᠯᠠᠭᠰᠠᠨ ᠲᠣᠨᠣᠭ ᠲᠥᠬᠦᠭᠡᠷᠦᠮᠵᠢ ᠲᠡᠷᠢᠭᠦᠨ᠎ᠤ᠂ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠨᠢ ᠪᠣᠬᠢᠷᠲᠤᠯ ᠦᠭᠡᠢ᠂ ᠢᠷᠡᠭᠡᠳᠦᠢ ᠵᠢᠨ ᠴᠢᠭᠯᠡᠯ᠎ᠢ ᠬᠠᠷᠠᠭᠤᠯᠤᠭᠰᠠᠨ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠲᠥᠯᠥᠨ ᠳᠠᠭ᠋ᠠᠭᠤᠯᠬᠤ ᠣᠷᠣᠨ᠎ᠢ ᠪᠦᠲᠦᠭᠡᠨ ᠪᠠᠢ᠌ᠭᠤᠯᠵᠤ᠂ ᠪᠥᠬᠥ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠥᠨᠳᠥᠷᠯᠢᠭ ᠭᠠᠵᠠᠷ᠎ᠢ ᠴᠣᠭᠴᠠᠯᠠᠨ ᠪᠠᠢ᠌ᠭᠤᠯᠤᠨ᠎ᠠ᠃ ᠨᠢᠭᠡ ᠪᠦᠯᠦᠭ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠢ ᠰᠤᠳᠤᠯᠤᠨ ᠨᠡᠭᠡᠭᠡᠬᠦ᠂ ᠲᠣᠨᠣᠭ ᠲᠥᠬᠦᠭᠡᠷᠦᠮᠵᠢ ᠦᠢ᠍ᠯᠡᠳᠬᠦ᠂ ᠳᠡᠯᠭᠡᠷᠡᠭᠦᠯᠬᠦ ᠦᠢ᠍ᠯᠡᠴᠢᠯᠡᠭᠡ ᠵᠡᠷᠭᠡ ᠭᠣᠣᠯ ᠴᠣᠭᠴᠠ ᠵᠢ ᠣᠷᠣᠭᠤᠯᠤᠨ ᠠᠪᠴᠢᠷᠠᠵᠤ ᠪᠣᠢ᠌ᠵᠢᠭᠤᠯᠤᠨ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠰᠤᠳᠤᠯᠤᠨ ᠨᠡᠭᠡᠭᠡᠬᠦ᠎ᠠᠴᠠ ᠦᠢ᠍ᠯᠡᠳᠦᠨ ᠬᠡᠷᠡᠭᠯᠡᠬᠦ ᠬᠦᠷᠲᠡᠯᠡᠬᠢ ᠲᠦᠭᠵᠢᠷᠡᠯ᠎ᠤᠨ ᠴᠡᠭ᠎ᠢ ᠨᠠᠪᠲᠠᠷᠡᠭᠦᠯᠵᠦ᠂ ᠪᠣᠯᠪᠠᠰᠤᠷᠠᠩᠭᠤᠢ ᠪᠥᠭᠡᠳ ᠲᠣᠬᠢᠷᠠᠨ ᠲᠣᠬᠢᠷᠠᠭᠰᠠᠨ ᠪᠠᠷᠢᠮᠵᠢᠶᠠᠵᠢᠭᠰᠠᠨ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠵᠥᠭᠡᠯᠡᠨ ᠬᠠᠲᠠᠭᠤ ᠬᠡᠷᠡᠭᠰᠡᠯ᠎ᠤᠨ ᠦᠢ᠍ᠯᠡᠳᠬᠦᠨ᠎ᠢ ᠳᠡᠯᠭᠡᠷᠡᠭᠦᠯᠦᠨ᠎ᠡ᠃ ᠣᠷᠣᠨ ᠪᠦᠰᠡ ᠵᠢᠨ ᠴᠢᠨᠠᠷᠲᠠᠢ ᠪᠦᠬᠦᠯᠢ ᠴᠣᠭᠴᠠ ᠵᠢᠨ ᠰᠢᠢ᠍ᠳᠪᠦᠷᠢᠯᠡᠬᠦ ᠲᠥᠰᠥᠯ᠎ᠢ ᠬᠠᠢ᠌ᠨ ᠰᠦᠪᠡᠭᠴᠢᠯᠡᠵᠦ᠂ ᠬᠡᠪᠴᠢᠶᠡᠵᠢᠭᠰᠡᠨ ᠦᠢ᠍ᠯᠡᠳᠪᠦᠷᠢᠯᠡᠯ ᠡᠵᠡᠩᠨᠡᠯᠲᠡ ᠵᠢᠨ ᠭᠣᠣᠯ ᠴᠣᠭᠴᠠ᠂ ᠲᠠᠷᠢᠶᠠᠯᠠᠩ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠤᠯᠤᠰ᠎ᠤᠨ ᠥᠮᠴᠢᠯᠡᠯᠲᠦ ᠲᠠᠷᠢᠶᠠᠯᠠᠩ᠎ᠤᠨ ᠲᠠᠯᠠᠪᠠᠶ ᠵᠡᠷᠭᠡ ᠵᠢᠨ ᠤᠷᠢᠳᠠᠪᠠᠷ ᠵᠢᠱ᠌ᠢᠶ᠎ᠡ ᠦᠵᠡᠭᠦᠯᠦᠨ ᠬᠡᠷᠡᠭᠯᠡᠬᠦ ᠵᠢ ᠲᠦᠯᠬᠢᠨ ᠠᠬᠢᠭᠤᠯᠵᠤ᠂ ᠪᠥᠬᠥ ᠣᠷᠣᠨ ᠪᠦᠰᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠡᠯ᠎ᠡ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
ᠲᠤᠰᠬᠠᠢ ᠪᠤᠯᠤᠩ 3 ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠲᠥᠯᠥᠨ ᠳᠠᠭ᠋ᠠᠭᠤᠯᠬᠤ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ
2027 ᠣᠨ᠎ᠤ ᠰᠡᠭᠦᠯᠴᠢ ᠪᠣᠯᠬᠤ᠎ᠳᠤ᠂ ᠬᠣᠲᠠ ᠵᠢᠨ ᠬᠡᠪᠴᠢᠶ᠎ᠡ᠎ᠪᠠᠷ ᠨᠢᠭᠡᠴᠢ ᠪᠣᠯᠭ᠋ᠠᠨ 2 ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠲᠥᠯᠥᠨ ᠳᠠᠭ᠋ᠠᠭᠤᠯᠬᠤ ᠣᠷᠣᠨ᠎ᠢ ᠪᠠᠢ᠌ᠭᠤᠯᠵᠤ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠲᠣᠮᠣ ᠳ᠋ᠠᠢ᠌ᠲ᠋ᠠ᠂ ᠵᠣᠬᠢᠶᠠᠮᠠᠯ ᠤᠶᠤᠨᠴᠢ ᠮᠡᠷᠭᠡᠵᠢᠯ ᠵᠡᠷᠭᠡ ᠬᠣᠰᠢᠭᠤᠷᠠᠯ ᠮᠡᠷᠭᠡᠵᠢᠯ᠎ᠤᠨ ᠬᠤᠷᠠᠮᠠᠯ ᠬᠡᠷᠡᠭᠯᠡᠭᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠪᠦᠯᠦᠭ ᠪᠠᠷᠢᠮᠵᠢᠶᠠᠵᠢᠭᠰᠠᠨ ᠬᠢᠷᠢ ᠬᠡᠮᠵᠢᠶ᠎ᠡ᠎ᠪᠠᠷ ᠥᠨᠳᠥᠷ᠂ ᠵᠢᠱ᠌ᠢᠶ᠎ᠡ ᠦᠵᠡᠭᠦᠯᠬᠦ ᠳᠠᠢ᠌ᠴᠢᠯᠠᠬᠤ ᠬᠦᠴᠦᠨ ᠵᠶ᠋ᠡᠷ ᠴᠢᠩᠭ᠎ᠠ ᠲᠣᠭ᠋ᠠᠴᠢᠯᠠᠭᠰᠠᠨ ᠲᠠᠷᠢᠶᠠᠯᠠᠩ᠎ᠤᠨ ᠲᠠᠯᠠᠪᠠᠶ᠂ ᠢᠷᠡᠭᠡᠳᠦᠢ ᠵᠢᠨ ᠮᠠᠯᠵᠢᠯ᠎ᠤᠨ ᠲᠠᠯᠠᠪᠠᠶ ᠵᠢ ᠪᠦᠲᠦᠭᠡᠨ ᠪᠠᠶ᠋ᠢᠭᠤᠯᠬᠤ ᠵᠢ ᠠᠬᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠦᠢ᠍ᠯᠡᠴᠢᠯᠡᠭᠡᠨ ᠪᠠ ᠵᠠᠬ᠎ᠠ ᠳᠡᠯᠭᠡᠭᠦᠷᠴᠢᠯᠡᠭᠰᠡᠨ ᠦᠢ᠍ᠯᠡᠴᠢᠯᠡᠭᠡᠨ᠎ᠤ ᠵᠥᠷᠢᠶᠡᠲᠦ ᠴᠢᠨᠠᠷᠲᠠᠢ ᠬᠡᠷᠡᠭᠴᠡᠭᠡ ᠱᠠᠭ᠋ᠠᠷᠳᠠᠯᠭ᠎ᠠ ᠵᠢ ᠨᠢᠭᠡᠳᠦᠯᠲᠡᠢ ᠲᠥᠯᠥᠪᠯᠡᠨ᠂ ᠨᠢᠭᠡ ᠪᠦᠯᠦᠭ ᠣᠷᠣᠨ ᠪᠦᠰᠡ ᠵᠢᠨ ᠴᠢᠨᠠᠷᠲᠠᠢ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠢ ᠪᠦᠲᠦᠭᠡᠨ ᠪᠠᠢ᠌ᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠮᠡᠷᠭᠡᠵᠢᠯ ᠰᠢᠨ᠎ᠡ ᠲᠣᠨᠣᠭ ᠲᠥᠬᠦᠭᠡᠷᠦᠮᠵᠢ ᠰᠢᠨ᠎ᠡ ᠵᠠᠭᠪᠤᠷ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠠᠩᠭ᠋ᠠᠨ᠎ᠠ᠃ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠤᠷᠢᠳᠠᠪᠠᠷ ᠬᠡᠷᠡᠭᠵᠢᠭᠦᠯᠦᠭᠰᠡᠨ 10 ᠬᠣᠰᠢᠭᠤ ᠰᠢᠶᠠᠨ᠎ᠢ ᠡᠭᠦᠳᠦᠨ ᠪᠠᠢ᠌ᠭᠤᠯᠵᠤ᠂ ᠡᠯ᠎ᠡ ᠭᠠᠵᠠᠷ᠎ᠤᠨ ᠡᠬᠢ ᠪᠠᠶᠠᠯᠢᠭ᠎ᠤᠨ ᠲᠥᠷᠥᠯᠬᠢ ᠠᠪᠢᠶᠠᠰ ᠪᠠ ᠠᠵᠤ ᠦᠢ᠍ᠯᠡᠰ᠎ᠤᠨ ᠣᠨᠴᠠᠯᠢᠭᠲᠤ ᠰᠠᠭᠤᠷᠢᠯᠠᠨ᠂ ᠦᠢ᠍ᠯᠡᠳᠪᠦᠷᠢᠯᠡᠯ᠂ ᠬᠠᠮᠢᠶᠠᠷᠤᠯᠲᠠ᠂ ᠦᠢ᠍ᠯᠡᠴᠢᠯᠡᠭᠡᠨ᠎ᠤ ᠪᠥᠬᠥ ᠬᠡᠯᠬᠢᠶ᠎ᠡ ᠵᠢᠨ ᠣᠶᠤᠨᠴᠢᠯᠠᠭᠰᠠᠨ ᠲᠤᠷᠰᠢᠯᠲᠠ ᠵᠢᠨ ᠴᠡᠭ᠎ᠢ ᠥᠷᠨᠢᠭᠦᠯᠬᠦ ᠵᠢ ᠠᠬᠢᠭᠤᠯᠵᠤ᠂ ᠪᠥᠬᠥ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠭᠦᠯᠦᠨ ᠬᠥᠭᠵᠢᠭᠦᠯᠬᠦ᠎ᠳᠤ ᠦᠢ᠍ᠯᠡᠳᠦᠯᠭᠡ ᠵᠢᠨ ᠲᠤᠷᠰᠢᠯᠭ᠎ᠠ ᠪᠠ ᠰᠠᠭᠤᠷᠢ ᠲᠤᠯᠭ᠋ᠠᠭᠤᠷᠢᠯᠠᠯ ᠬᠠᠩᠭ᠋ᠠᠨ᠎ᠠ᠃ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠦᠢ᠍ᠯᠡᠳᠬᠦᠨ᠎ᠢ ᠤᠷᠢᠳᠠᠪᠠᠷ ᠬᠥᠲᠥᠯᠥᠨ ᠳᠠᠭ᠋ᠠᠭᠤᠯᠬᠤ ᠣᠷᠣᠨ᠂ ᠤᠷᠢᠳᠠᠪᠠᠷ ᠬᠡᠷᠡᠭᠵᠢᠭᠦᠯᠦᠭᠰᠡᠨ ᠰᠢᠶᠠᠨ᠎ᠳᠤ ᠨᠠᠢ᠌ᠳᠠᠪᠤᠷᠢᠵᠢᠭᠤᠯᠤᠨ ᠬᠡᠷᠡᠭᠯᠡᠬᠦ ᠵᠢ ᠳᠡᠮᠵᠢᠵᠦ᠂ ᠡᠯ᠎ᠡ ᠲᠥᠷᠥᠯ᠎ᠤᠨ ᠣᠲᠣ ᠦᠶ᠎ᠡ ᠵᠢᠨ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠭᠣᠣᠯ ᠴᠣᠭᠴᠠ ᠵᠢ ᠲᠦᠷᠭᠡᠨ ᠬᠠᠮᠤᠷᠬᠤ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠡᠯ᠎ᠡ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ)
(ᠳᠥᠷᠪᠡ) ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ
1. ᠬᠥᠳᠡᠭᠡ ᠲᠣᠰᠬᠣᠨ᠎ᠤ ᠵᠠᠰᠠᠯᠲᠠ ᠵᠢᠨ ᠲᠣᠭ᠋ᠠᠴᠢᠯᠠᠯᠲᠠ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ᠎ᠳᠠᠬᠢ ᠲᠣᠭ᠋ᠠᠴᠢᠯᠠᠭᠰᠠᠨ ᠮᠡᠷᠭᠡᠵᠢᠯ᠎ᠤᠨ ᠰᠠᠭᠤᠷᠢ ᠲᠤᠯᠭ᠋ᠠᠭᠤᠷᠢᠯᠠᠬᠤ ᠦᠢ᠍ᠯᠡᠳᠦᠯ᠎ᠢ ᠪᠠᠳᠠᠷᠠᠭᠤᠯᠵᠤ᠂ ᠭᠠᠴᠠᠭ᠎ᠠ ᠲᠣᠰᠬᠣᠨ᠎ᠤ ᠲᠣᠭ᠋ᠠᠴᠢᠯᠠᠭᠰᠠᠨ ᠵᠠᠰᠠᠯᠲᠠ ᠵᠢᠨ ᠰᠢᠰᠲ᠋ᠧᠮᠵᠢ ᠵᠢ ᠪᠠᠢ᠌ᠭᠤᠯᠤᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠮᠠᠯᠵᠢᠬᠤ ᠲᠠᠷᠢᠶᠠᠯᠠᠬᠤ ᠣᠷᠣᠨ ᠳᠠᠰᠢ ᠤᠷᠲᠤᠳᠬᠠᠬᠤ ᠵᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠦᠢ᠍ᠯᠡᠴᠢᠯᠡᠭᠡᠨ᠎ᠤ ᠵᠦᠢ᠍ᠯᠡᠰ᠎ᠤᠨ ᠪᠥᠬᠥ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠬᠠᠷᠢᠴᠠᠯ᠎ᠢ ᠳᠡᠭᠡᠭᠰᠢᠯᠡᠭᠦᠯᠦᠨ᠎ᠡ᠃ 《ᠢᠨᠲ᠋ᠧᠷ ᠰᠦᠯᠵᠢᠶ᠎ᠡ + ᠨᠠᠮ᠎ᠤᠨ ᠠᠵᠢᠯ + ᠲᠣᠰᠬᠣᠨ᠎ᠤ ᠶᠠᠪᠤᠳᠠᠯ》᠎ᠢ ᠠᠬᠢᠭᠤᠯᠵᠤ᠂ ᠣᠶᠤᠨᠴᠢ ᠤᠯᠠᠨ ᠲᠦᠮᠡᠨ᠎ᠤ ᠪᠦᠯᠬᠦᠮ᠎ᠤᠨ ᠪᠠᠢ᠌ᠭᠤᠯᠤᠯᠲᠠ ᠵᠢ ᠠᠬᠢᠭᠤᠯᠵᠤ᠂ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠰᠢᠯᠤᠭᠤᠳᠬᠠᠨ᠎ᠠ᠃ ᠬᠥᠳᠡᠭᠡ ᠲᠣᠰᠬᠣᠨ᠎ᠤ ᠨᠡᠢ᠌ᠭᠡᠮ᠎ᠤᠨ ᠮᠡᠳᠡᠭᠡ ᠵᠠᠩᠭᠢ ᠵᠢᠨ ᠵᠠᠰᠠᠯᠲᠠ ᠵᠢᠨ ᠣᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ 《ᠢᠨᠲ᠋ᠧᠷ ᠰᠦᠯᠵᠢᠶ᠎ᠡ + ᠰᠦᠯᠵᠢᠶᠡᠨ᠎ᠤ ᠵᠠᠰᠠᠯᠲᠠ》 ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠵᠠᠭᠪᠤᠷ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠤ ᠰᠦᠯᠵᠢᠶᠡᠨ᠎ᠤ ᠰᠣᠶᠣᠯ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠰᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠎ᠤᠨ ᠴᠢᠳᠠᠮᠵᠢ ᠵᠢ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠴᠢᠳᠠᠮᠵᠢ ᠵᠢ ᠥᠷᠭᠡᠳᠬᠡᠨ᠎ᠡ᠃ ᠬᠥᠳᠡᠭᠡ ᠲᠣᠰᠬᠣᠨ᠎ᠤ ᠰᠦᠯᠵᠢᠶᠡᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠰᠣᠶᠣᠯ᠎ᠤᠨ ᠡᠬᠢ ᠪᠠᠶᠠᠯᠢᠭ᠎ᠤᠨ ᠲᠣᠭ᠋ᠠᠴᠢᠯᠠᠯᠲᠠ ᠵᠢ ᠠᠬᠢᠭᠤᠯᠤᠨ᠎ᠠ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠣᠷᠢᠶᠠᠨ᠎ᠤ ᠠᠯᠪᠠᠨ ᠭᠡᠷ ᠵᠢᠨ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠨᠡᠢ᠌ᠭᠡᠮ᠎ᠤᠨ ᠦᠢ᠍ᠯᠡᠰ᠎ᠢ ᠠᠬᠢᠭᠤᠯᠬᠤ ᠭᠠᠵᠠᠷ᠂ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
2. ᠬᠥᠳᠡᠭᠡ ᠲᠣᠰᠬᠣᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠣᠲᠣ ᠵᠢᠨ ᠪᠠᠢ᠌ᠭ᠎ᠠ ᠡᠯ᠎ᠡ ᠲᠥᠷᠥᠯ᠎ᠤᠨ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢᠨ ᠰᠢᠰᠲ᠋ᠧᠮᠵᠢ᠎ᠳᠤ ᠲᠦᠰᠢᠭᠯᠡᠨ᠂ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠦᠢ᠍ᠯᠡᠴᠢᠯᠡᠭᠡᠨ᠎ᠤ ᠡᠬᠢ ᠪᠠᠶᠠᠯᠢᠭ᠎ᠢ ᠦᠷᠭᠦᠯᠵᠢᠯᠡᠨ ᠬᠤᠷᠠᠮᠳᠤᠭᠤᠯᠵᠤ᠂ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠬᠠᠮᠲᠤ᠎ᠪᠠᠷ ᠭᠥᠷᠳᠡᠬᠦ ᠵᠢ ᠠᠬᠢᠭᠤᠯᠤᠨ᠎ᠠ᠃ 《ᠢᠨᠲ᠋ᠧᠷ ᠰᠦᠯᠵᠢᠶ᠎ᠡ +》 ᠰᠤᠷᠭ᠋ᠠᠨ ᠬᠥᠮᠦᠵᠢᠯ᠂ ᠡᠮᠴᠢᠯᠡᠭᠡ᠂ ᠬᠠᠤᠯᠢ ᠴᠠᠭ᠋ᠠᠵᠠ᠂ ᠮᠥᠩᠭᠥᠨ ᠭᠦᠢ᠍ᠯᠭᠡᠭᠡ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠰᠣᠶᠣᠯ ᠵᠡᠷᠭᠡ ᠵᠢ ᠭᠠᠴᠠᠭ᠎ᠠ ᠲᠣᠰᠬᠣᠨ ᠳᠠᠰᠢ ᠤᠷᠲᠤᠳᠬᠠᠬᠤ ᠵᠢ ᠠᠬᠢᠭᠤᠯᠵᠤ᠂ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠣᠨᠴᠠᠯᠢᠭᠲᠤ ᠲᠣᠬᠢᠷᠠᠭᠰᠠᠨ ᠪᠠᠢ᠌ᠷᠢ ᠲᠣᠭᠲᠠᠭ᠋ᠠᠬᠤ ᠦᠵᠦᠭᠦᠷ᠂ ᠮᠡᠳᠡᠭᠡ ᠵᠠᠩᠭᠢ ᠵᠢᠨ ᠦᠵᠦᠭᠦᠷ᠂ ᠮᠡᠷᠭᠡᠵᠢᠯ᠎ᠤᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠵᠤ᠂ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠵᠣᠷᠯᠣᠩ᠎ᠤᠨ ᠬᠤᠪᠢᠰᠬᠠᠯ᠂ ᠠᠮᠢᠳᠤᠷᠠᠯ᠎ᠤᠨ ᠪᠣᠬᠢᠷ ᠤᠰᠤ ᠬᠣᠭ ᠨᠣᠪᠰᠢ ᠵᠢ ᠵᠠᠰᠠᠬᠤ ᠵᠡᠷᠭᠡ᠎ᠳᠤ ᠰᠦᠯᠵᠢᠶᠡᠨ ᠳᠡᠭᠡᠷᠡᠬᠢ ᠬᠢᠨᠠᠯᠲᠠ ᠲᠠᠯᠪᠢᠯᠲᠠ ᠵᠢ ᠴᠢᠩᠭ᠋ᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠣᠶᠤᠨᠴᠢ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠵᠤ᠂ ᠬᠥᠳᠡᠭᠡ ᠲᠣᠰᠬᠣᠨ᠎ᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠣᠷᠢᠶᠠᠨ᠎ᠤ ᠠᠯᠪᠠᠨ ᠭᠡᠷ ᠵᠢᠨ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠨᠡᠢ᠌ᠭᠡᠮ᠎ᠤᠨ ᠦᠢ᠍ᠯᠡᠰ᠎ᠢ ᠠᠬᠢᠭᠤᠯᠬᠤ ᠭᠠᠵᠠᠷ᠂ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
3. ᠬᠥᠳᠡᠭᠡ ᠲᠣᠰᠬᠣᠨ᠎ᠤ ᠲᠣᠭ᠋ᠠᠴᠢᠯᠠᠭᠰᠠᠨ ᠠᠵᠤ ᠠᠬᠤᠢ ᠵᠢᠨ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠪᠣᠢ᠌ᠵᠢᠭᠤᠯᠤᠨ᠎ᠠ᠃ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠬᠢᠭᠡᠳ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠲᠣᠭᠲᠠᠭ᠋ᠠᠭᠰᠠᠨ ᠲᠠᠷᠢᠶᠠᠯᠠᠩ ᠮᠠᠯ ᠠᠵᠤ ᠠᠬᠤᠢ᠂ ᠪᠦᠲᠦᠭᠡᠯᠴᠢ ᠲᠠᠷᠢᠶᠠᠯᠠᠩ ᠮᠠᠯ ᠠᠵᠤ ᠠᠬᠤᠢ᠂ ᠬᠠᠮᠲᠤ᠎ᠪᠠᠷ ᠡᠳ᠋ᠯᠡᠬᠦ ᠲᠠᠷᠢᠶᠠᠯᠠᠩ ᠮᠠᠯ ᠠᠵᠤ ᠠᠬᠤᠢ᠂ ᠲᠠᠨᠢᠨ ᠲᠡᠵᠢᠭᠡᠬᠦ ᠲᠠᠷᠢᠶᠠᠯᠠᠩ ᠮᠠᠯ ᠠᠵᠤ ᠠᠬᠤᠢ᠂ ᠡᠭᠦᠯᠡᠨ ᠲᠠᠷᠢᠶᠠᠯᠠᠩ᠎ᠤᠨ ᠲᠠᠯᠠᠪᠠᠶ᠂ ᠡᠭᠦᠯᠡᠨ ᠮᠠᠯᠵᠢᠯ᠎ᠤᠨ ᠲᠠᠯᠠᠪᠠᠶ ᠵᠡᠷᠭᠡ ᠰᠢᠨ᠎ᠡ ᠬᠡᠪ ᠵᠠᠭᠪᠤᠷ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠰᠢᠨ᠎ᠡ᠎ᠪᠠᠷ ᠡᠭᠦᠳᠦᠨ ᠬᠥᠭᠵᠢᠭᠦᠯᠦᠨ᠎ᠡ᠃ ᠣᠶᠤᠨᠴᠢ ᠰᠡᠯᠡᠭᠦᠴᠡᠯ᠎ᠤᠨ ᠲᠠᠷᠢᠶᠠᠯᠠᠩ ᠮᠠᠯ ᠠᠵᠤ ᠠᠬᠤᠢ ᠵᠢ ᠬᠥᠭᠵᠢᠭᠦᠯᠬᠦ ᠵᠢ ᠵᠣᠷᠢᠭᠵᠢᠭᠤᠯᠵᠤ᠂ ᠰᠦᠯᠵᠢᠶᠡᠨ ᠳᠡᠭᠡᠷᠡᠬᠢ ᠡᠵᠡᠩᠨᠡᠯᠲᠡ ᠥᠷᠨᠢᠭᠦᠯᠬᠦ ᠵᠢ ᠬᠥᠲᠥᠯᠥᠨ ᠵᠢᠯᠤᠭᠣᠳᠴᠤ᠂ ᠣᠯᠠᠨ ᠨᠡᠶ᠋ᠢᠲᠡ᠎ᠪᠠᠷ ᠵᠶ᠋ᠡᠨ ᠣᠷᠣᠯᠴᠠᠬᠤ ᠮᠠᠶᠢᠭ᠎ᠤᠨ ᠦᠨᠡᠯᠡᠯᠲᠡ᠂ ᠲᠣᠭ᠋ᠠᠴᠢᠯᠠᠭᠰᠠᠨ ᠪᠦᠲᠦᠭᠡᠯᠴᠢ ᠲᠥᠰᠥᠪᠯᠡᠯ᠎ᠤᠨ ᠵᠢᠭᠤᠯᠴᠢᠯᠠᠯ᠂ ᠪᠠᠬᠠᠷᠬᠠᠯ ᠮᠠᠶᠢᠭ᠎ᠤᠨ ᠪᠡᠶᠡᠴᠢᠯᠡᠨ ᠣᠢ᠌ᠯᠠᠭ᠋ᠠᠬᠤ ᠵᠡᠷᠭᠡ ᠡᠵᠡᠩᠨᠡᠯᠲᠡ ᠵᠢᠨ ᠰᠢᠨ᠎ᠡ ᠵᠠᠭᠪᠤᠷ᠎ᠢ ᠳᠡᠯᠭᠡᠷᠡᠭᠦᠯᠦᠨ᠎ᠡ᠃ ᠬᠥᠳᠡᠭᠡ ᠲᠣᠰᠬᠣᠨ᠎ᠤ ᠣᠨᠴᠠᠯᠢᠭᠲᠤ ᠲᠣᠬᠢᠷᠠᠭᠰᠠᠨ᠂ ᠮᠠᠯᠴᠢᠨ ᠲᠠᠷᠢᠶᠠᠴᠢᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠮᠡᠳᠡᠭᠡ ᠵᠠᠩᠭᠢ ᠵᠢᠨ ᠦᠢ᠍ᠯᠡᠳᠬᠦᠨ ᠪᠠ ᠦᠢ᠍ᠯᠡᠴᠢᠯᠡᠭᠡ ᠵᠢ ᠬᠥᠭᠵᠢᠭᠦᠯᠵᠦ᠂ ᠬᠥᠳᠡᠭᠡ ᠲᠣᠰᠬᠣᠨ᠎ᠤ ᠮᠡᠳᠡᠭᠡ ᠵᠠᠩᠭᠢ ᠵᠢᠨ ᠬᠡᠷᠡᠭᠯᠡᠭᠡ ᠵᠢ ᠠᠬᠢᠭᠤᠯᠤᠨ᠂ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠲᠣᠭ᠋ᠠᠴᠢᠯᠠᠭᠰᠠᠨ ᠠᠮᠢᠳᠤᠷᠠᠯ᠎ᠢ ᠪᠣᠶ ᠪᠣᠯᠭ᠋ᠠᠨ᠎ᠠ᠃ ᠬᠥᠳᠡᠭᠡ ᠲᠣᠰᠬᠣᠨ᠎ᠤ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠢᠨᠲᠸᠷ ᠰᠦᠯᠵᠢᠶᠡᠨ᠎ᠤ ᠠᠵᠤ ᠠᠬᠤᠢ᠌ᠯᠠᠯ᠎ᠤᠨ ᠬᠥᠳᠡᠭᠡ ᠲᠣᠰᠬᠣᠨ ᠲᠡᠰᠢ ᠲᠤᠬᠠᠢ᠌ᠯᠠᠭᠰᠠᠨ ᠠᠵᠢᠯ ᠵᠶ᠋ᠠᠨ ᠥᠷᠭᠡᠳᠬᠡᠬᠦ ᠵᠢ ᠵᠣᠷᠢᠭᠵᠢᠭᠤᠯᠤᠨ᠎ᠠ᠃ ᠲᠣᠭ᠋ᠠᠴᠢᠯᠠᠭᠰᠠᠨ ᠬᠥᠳᠡᠭᠡ ᠲᠣᠰᠬᠣᠨ᠎ᠤ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠤᠰᠬᠠᠢ ᠠᠵᠢᠯᠯᠠᠭ᠎ᠠ ᠵᠢ ᠰᠦᠪᠡᠭᠴᠢᠯᠡᠨ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠣᠷᠢᠶᠠᠨ᠎ᠤ ᠠᠯᠪᠠᠨ ᠭᠡᠷ ᠵᠢᠨ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ᠂ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
ᠲᠤᠰᠬᠠᠢ ᠪᠤᠯᠤᠩ 4 ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠬᠥᠳᠡᠭᠡ ᠲᠣᠰᠬᠣᠨ᠎ᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ
ᠲᠣᠭ᠋ᠠᠴᠢᠯᠠᠭᠰᠠᠨ ᠬᠥᠳᠡᠭᠡ ᠲᠣᠰᠬᠣᠨ᠎ᠤ ᠲᠤᠷᠰᠢᠯᠲᠠ ᠵᠢᠨ ᠴᠡᠭ᠎ᠤᠨ ᠳᠠᠭ᠋ᠠᠭᠤᠯᠤᠭᠴᠢ ᠦᠢ᠍ᠯᠡᠳᠦᠯ᠎ᠢ ᠦᠷᠬᠦᠯᠵᠢᠯᠡᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ 9 ᠲᠣᠭ᠋ᠠᠴᠢᠯᠠᠭᠰᠠᠨ ᠬᠥᠳᠡᠭᠡ ᠲᠣᠰᠬᠣᠨ᠎ᠤ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠶᠡᠬᠡᠪᠡᠷ ᠠᠬᠢᠭᠤᠯᠵᠤ᠂ ᠲᠤᠷᠰᠢᠯᠲᠠ ᠵᠢᠨ ᠭᠠᠵᠠᠷ ᠣᠷᠣᠨ᠎ᠤ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠱᠠᠯᠠᠪᠳᠠᠭᠤᠯᠬᠤ ᠪᠠ ᠵᠢᠯᠤᠭᠣᠳᠬᠤ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠬᠥᠳᠡᠭᠡ ᠲᠣᠰᠬᠣᠨ᠎ᠤ ᠲᠤᠷᠰᠢᠯᠲᠠ ᠵᠢᠨ ᠴᠡᠭ᠎ᠤᠨ ᠦᠨᠡᠯᠡᠯᠲᠡ ᠵᠢ ᠥᠷᠨᠢᠭᠦᠯᠵᠦ᠂ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠳ᠋ᠦᠩᠨᠡᠵᠦ᠂ ᠨᠢᠭᠡ ᠪᠦᠯᠦᠭ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠠᠢ᠌ᠭᠤᠯᠤᠯᠲᠠ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠪᠠ ᠬᠡᠷᠡᠭᠯᠡᠭᠡᠨ᠎ᠤ ᠦᠵᠡᠭᠳᠡᠯ᠎ᠢ ᠠᠭᠤᠳᠠᠯᠤᠨ ᠳᠡᠯᠭᠡᠷᠡᠭᠦᠯᠵᠦ᠂ ᠭᠣᠣᠯ ᠵᠠᠭᠤᠴᠢᠯᠠᠭᠤᠷ ᠪᠠ ᠭᠣᠣᠯᠳᠠᠯᠭ᠎ᠠ᠎ᠲᠠᠢ ᠰᠣᠨᠢᠨ ᠮᠡᠳᠡᠭᠡᠨ᠎ᠤ ᠰᠦᠯᠵᠢᠶ᠎ᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠥᠯᠢᠭᠡᠷ᠎ᠢ ᠰᠠᠢ᠌ᠲᠤᠷ ᠶᠠᠷᠢᠵᠤ᠂ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠤ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠪᠠ ᠠᠷᠭ᠎ᠠ ᠬᠢᠳᠡᠯ ᠲᠤᠷᠰᠢᠯᠭ᠎ᠠ ᠵᠢ ᠤᠬᠠᠭᠤᠯᠤᠨ ᠳᠡᠯᠭᠡᠷᠡᠭᠦᠯᠵᠦ᠂ ᠪᠥᠬᠥ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠲᠣᠭ᠋ᠠᠴᠢᠯᠠᠭᠰᠠᠨ ᠬᠥᠳᠡᠭᠡ ᠲᠣᠰᠬᠣᠨ᠎ᠤ ᠬᠥᠭᠵᠢᠯᠲᠡ᠎ᠳᠤ ᠣᠷᠣᠯᠴᠠᠬᠤ ᠪᠠ ᠠᠬᠢᠭᠤᠯᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠲᠣᠭ᠋ᠠᠴᠢᠯᠠᠭᠰᠠᠨ ᠬᠥᠳᠡᠭᠡ ᠲᠣᠰᠬᠣᠨ᠎ᠤ ᠲᠤᠷᠰᠢᠯᠲᠠ ᠵᠢᠨ ᠴᠡᠭ᠎ᠢ ᠢᠳᠡᠪᠬᠢᠲᠡᠢ ᠥᠷᠨᠢᠭᠦᠯᠵᠦ᠂ 2027 ᠣᠨ᠎ᠤ ᠰᠡᠭᠦᠯᠴᠢ ᠪᠣᠯᠬᠤ᠎ᠳᠤ 15 ᠲᠣᠭ᠋ᠠᠴᠢᠯᠠᠭᠰᠠᠨ ᠬᠥᠳᠡᠭᠡ ᠲᠣᠰᠬᠣᠨ᠎ᠤ ᠲᠤᠷᠰᠢᠯᠲᠠ ᠵᠢᠨ ᠴᠡᠭ᠎ᠢ ᠡᠭᠦᠳᠦᠨ ᠪᠠᠶ᠋ᠢᠭᠤᠯᠬᠤ᠎ᠪᠠᠷ ᠴᠢᠷᠮᠠᠢ᠌ᠵᠤ᠂ ᠲᠤᠷᠰᠢᠯᠲᠠ ᠵᠢᠨ ᠭᠠᠵᠠᠷ ᠣᠷᠣᠨ᠎ᠤ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠬᠣᠲᠠ ᠬᠥᠳᠡᠭᠡ ᠵᠢᠨ ᠲᠣᠭ᠋ᠠᠴᠢᠯᠠᠭᠰᠠᠨ ᠵᠠᠭ᠋ᠠᠭ᠎ᠢ ᠢᠯᠡᠳᠲᠡ ᠪᠠᠭ᠋ᠠᠰᠬᠠᠵᠤ᠂ ᠬᠥᠳᠡᠭᠡ ᠲᠣᠰᠬᠣᠨ᠎ᠤ ᠲᠣᠭ᠋ᠠᠴᠢᠯᠠᠭᠰᠠᠨ ᠠᠵᠤ ᠠᠬᠤᠢ ᠵᠢ ᠲᠦᠷᠭᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠣᠶᠤᠨᠴᠢᠯᠠᠯᠲᠠ᠂ ᠡᠵᠡᠩᠨᠡᠯᠲᠡ ᠵᠢᠨ ᠰᠦᠯᠵᠢᠶᠡᠵᠢᠯᠲᠡ ᠵᠢᠨ ᠬᠢᠷᠢ ᠬᠡᠮᠵᠢᠶ᠎ᠡ ᠵᠢ ᠶᠡᠬᠡᠪᠡᠷ ᠳᠡᠭᠡᠭᠰᠢᠯᠡᠭᠦᠯᠦᠨ᠂ ᠢᠨᠲ᠋ᠧᠷ ᠰᠦᠯᠵᠢᠶ᠎ᠡ᠎ᠳᠤ ᠲᠦᠰᠢᠭᠯᠡᠨ ᠥᠷᠨᠢᠭᠦᠯᠦᠭᠰᠡᠨ ᠮᠠᠯᠵᠢᠬᠤ ᠲᠠᠷᠢᠶᠠᠯᠠᠬᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠠᠵᠢᠯ ᠥᠷᠨᠢᠩᠭᠦᠢ ᠬᠥᠭᠵᠢᠵᠦ᠂ ᠬᠥᠳᠡᠭᠡ ᠲᠣᠰᠬᠣᠨ᠎ᠤ ᠲᠣᠭ᠋ᠠᠴᠢᠯᠠᠭᠰᠠᠨ ᠵᠠᠰᠠᠯᠲᠠ ᠵᠢᠨ ᠰᠢᠰᠲ᠋ᠧᠮᠵᠢ ᠵᠢ ᠦᠨᠳᠦᠰᠦᠨ᠎ᠳᠡᠭᠡᠨ ᠲᠡᠭᠦᠯᠳᠡᠷᠵᠢᠭᠦᠯᠦᠨ᠂ ᠬᠥᠳᠡᠭᠡ ᠲᠣᠰᠬᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠦᠨᠳᠦᠰᠦᠨ᠎ᠳᠡᠭᠡᠨ ᠪᠠᠢ᠌ᠭᠤᠯᠵᠤ᠂ ᠬᠥᠳᠡᠭᠡ ᠲᠣᠰᠬᠣᠨ᠎ᠤ ᠰᠦᠯᠵᠢᠶᠡᠨ᠎ᠤ ᠰᠣᠶᠣᠯ᠎ᠢ ᠴᠡᠴᠡᠭᠯᠡᠭᠦᠯᠦᠨ ᠬᠥᠭᠵᠢᠭᠦᠯᠦᠨ᠎ᠡ᠃ ᠲᠤᠷᠰᠢᠯᠲᠠ ᠵᠢᠨ ᠭᠠᠵᠠᠷ ᠣᠷᠣᠨ ᠵᠶ᠋ᠠᠷ ᠳᠠᠮᠵᠢᠭᠤᠯᠤᠨ ᠪᠦᠬᠦᠯᠢ ᠴᠣᠭᠴᠠ ᠵᠢᠨ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ᠂ ᠳᠦᠷᠢᠮ ᠲᠣᠭᠲᠠᠴᠠ ᠵᠢᠨ ᠰᠢᠨ᠎ᠡ ᠵᠢ ᠡᠭᠦᠳᠬᠦ᠂ ᠮᠡᠷᠭᠡᠵᠢᠯ᠎ᠢ ᠠᠭᠤᠰᠤᠯᠴᠠᠭᠤᠯᠤᠨ ᠬᠡᠷᠡᠭᠯᠡᠬᠦ᠂ ᠬᠥᠭᠵᠢᠯᠲᠡ ᠵᠢᠨ ᠣᠷᠴᠢᠨ ᠲᠣᠭᠣᠷᠢᠨ᠎ᠢ ᠪᠣᠶ ᠪᠣᠯᠭ᠋ᠠᠬᠤ ᠵᠡᠷᠭᠡ ᠲᠠᠯ᠎ᠠ᠎ᠪᠠᠷ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠷᠭ᠎ᠠ ᠬᠢᠳᠡᠯ ᠲᠤᠷᠰᠢᠯᠭ᠎ᠠ ᠵᠢ ᠪᠣᠶ ᠪᠣᠯᠭ᠋ᠠᠵᠤ᠂ ᠲᠣᠭ᠋ᠠᠴᠢᠯᠠᠭᠰᠠᠨ ᠬᠥᠳᠡᠭᠡ ᠲᠣᠰᠬᠣᠨ᠎ᠤ ᠬᠥᠭᠵᠢᠯᠲᠡ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠰᠠᠢ᠌ᠨ ᠰᠠᠭᠤᠷᠢ ᠲᠠᠯᠪᠢᠵᠤ ᠥᠭᠭᠦᠨ᠎ᠡ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠣᠷᠢᠶᠠᠨ᠎ᠤ ᠠᠯᠪᠠᠨ ᠭᠡᠷ ᠵᠢᠨ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠢᠨᠠᠨ ᠪᠠᠢ᠌ᠴᠠᠭ᠋ᠠᠬᠤ ᠭᠠᠵᠠᠷ)
ᠭᠤᠷᠪᠠ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ
ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢᠴᠢᠯᠠᠯᠲᠠ ᠵᠢᠨ ᠰᠠᠯᠠᠭ᠎ᠠ ᠮᠥᠴᠢᠷ ᠣᠶᠤᠨᠴᠢ ᠲᠠᠷᠢᠶᠠᠯᠠᠩ ᠮᠠᠯ ᠠᠵᠤ ᠠᠬᠤᠢ ᠵᠢ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠭᠰᠠᠨ ᠬᠥᠭᠵᠢᠯᠲᠡ ᠪᠠ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ᠃ ᠲᠤᠰ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠵᠤ᠂ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠵᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠲᠦᠷᠦ ᠵᠢᠨ ᠪᠣᠳᠣᠯᠭ᠎ᠠ ᠵᠢ ᠢᠵᠢ ᠪᠦᠷᠢᠳᠦᠭᠦᠯᠬᠦ ᠵᠢ ᠴᠢᠩᠭ᠋ᠠᠳᠬᠠᠵᠤ᠂ ᠬᠠᠷᠢᠴᠠᠩᠭᠤᠢ ᠲᠣᠭᠲᠠᠭᠤᠨ ᠠᠵᠢᠯ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠵᠤ᠂ ᠡᠭᠦᠷᠭᠡ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠨᠢᠭᠡᠨᠲᠡ ᠪᠠᠢ᠌ᠭ᠎ᠠ ᠲᠥᠷᠥᠯ ᠵᠦᠢ᠍ᠯ ᠪᠠ ᠲᠥᠷᠥ ᠵᠢᠨ ᠪᠣᠳᠣᠯᠭ᠎ᠠ ᠵᠢ ᠣᠶᠤᠨᠴᠢ ᠲᠠᠷᠢᠶᠠᠯᠠᠩ ᠮᠠᠯ ᠠᠵᠤ ᠠᠬᠤᠢ ᠳᠠᠰᠢ ᠬᠡᠯᠪᠡᠢ᠌ᠯᠭᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠥᠷᠥᠯ ᠵᠦᠢ᠍ᠯ᠂ ᠲᠣᠭ᠋ᠠᠴᠢᠯᠠᠭᠰᠠᠨ ᠠᠵᠤ ᠠᠬᠤᠢ ᠵᠢᠨ ᠲᠥᠷᠥᠯ ᠵᠦᠢ᠍ᠯ᠂ ᠶᠡᠬᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠵᠢᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥ ᠵᠡᠷᠭᠡ ᠣᠯᠠᠨ ᠵᠦᠢ᠍ᠯ᠎ᠤᠨ ᠪᠡᠯᠡ ᠮᠥᠩᠭᠥ ᠵᠢᠨ ᠠᠷᠭ᠎ᠠ ᠵᠠᠮ᠎ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ᠂ ᠵᠢᠭᠡᠯᠡᠯᠭᠡ ᠵᠢᠨ ᠳᠠᠮ ᠬᠦᠦ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠂ ᠨᠡᠢ᠌ᠭᠡᠮ᠎ᠤᠨ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠣᠶᠤᠨᠴᠢ ᠲᠠᠷᠢᠶᠠᠯᠠᠩ ᠮᠠᠯ ᠠᠵᠤ ᠠᠬᠤᠢ ᠪᠠ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠵᠢ ᠵᠣᠷᠢᠭᠵᠢᠭᠤᠯᠤᠨ᠎ᠠ᠃ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠤᠰᠬᠠᠢ ᠵᠦᠢ᠍ᠯ᠎ᠤᠨ ᠨᠥᠬᠥᠪᠦᠷᠢ ᠵᠡᠷᠭᠡ ᠰᠢᠨ᠎ᠡ ᠲᠥᠷᠥ ᠵᠢᠨ ᠪᠣᠳᠣᠯᠭ᠎ᠠ ᠵᠢ ᠬᠠᠢ᠌ᠨ ᠰᠦᠪᠡᠭᠴᠢᠯᠡᠵᠦ᠂ ᠮᠡᠷᠭᠡᠵᠢᠯ᠂ ᠦᠢ᠍ᠯᠡᠴᠢᠯᠡᠭᠡ᠂ ᠮᠥᠩᠭᠥᠨ ᠭᠦᠢ᠍ᠯᠭᠡᠭᠡ ᠵᠡᠷᠭᠡ ᠣᠯᠠᠨ ᠶᠠᠩᠵᠤᠴᠢᠯᠠᠭᠰᠠᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠰᠢᠰᠲ᠋ᠧᠮᠵᠢ ᠵᠢ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠪᠥᠬᠥ ᠣᠷᠣᠨ᠎ᠤ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ᠎ᠳᠤ ᠲᠥᠷᠥ ᠵᠢᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠬᠢᠭᠡᠳ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠠᠮ ᠬᠡᠯᠪᠡᠷᠢ ᠵᠢᠨ ᠴᠢᠳᠠᠪᠤᠷᠢᠲᠠᠨ᠎ᠢ ᠬᠥᠮᠥᠵᠢᠭᠦᠯᠦᠨ᠎ᠡ᠃ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠤᠨ ᠵᠢᠯᠣᠭᠣᠳᠤᠯᠭ᠎ᠠ ᠪᠠ ᠳᠡᠯᠭᠡᠷᠡᠭᠦᠯᠦᠯᠲᠡ ᠵᠢ ᠴᠢᠩᠭ᠋ᠠᠷᠠᠭᠤᠯᠤᠨ᠎ᠠ᠃ ᠥᠨᠳᠥᠷ ᠬᠡᠪ ᠪᠣᠯᠪᠠᠰᠤᠷᠠᠯ᠎ᠲᠠᠢ ᠲᠠᠷᠢᠶᠠᠴᠢᠨ᠎ᠢ ᠪᠣᠢ᠌ᠵᠢᠭᠤᠯᠬᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠳᠠᠭ᠋ᠠᠭᠤᠯᠤᠭᠴᠢ (ᠲᠦᠷᠦᠭᠦᠴᠢ ᠭᠠᠯᠠᠭᠤ) ᠵᠢ ᠪᠣᠢ᠌ᠵᠢᠭᠤᠯᠬᠤ ᠵᠡᠷᠭᠡ ᠲᠥᠷᠥᠯ ᠵᠦᠢ᠍ᠯ᠎ᠲᠠᠢ ᠤᠶᠠᠯᠳᠤᠭᠤᠯᠤᠨ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠤᠨ ᠮᠡᠳᠡᠯᠭᠡ ᠪᠠ ᠪᠣᠳᠠᠲᠠᠢ ᠪᠣᠯᠪᠠᠰᠤᠷᠠᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠨ᠎ᠠ᠃ ᠣᠶᠤᠨᠴᠢ ᠲᠠᠷᠢᠶᠠᠯᠠᠩ ᠮᠠᠯ ᠠᠵᠤ ᠠᠬᠤᠢ ᠵᠢ ᠮᠥᠷᠳᠡᠨ ᠬᠢᠨᠠᠨ ᠬᠡᠮᠵᠢᠬᠦ ᠪᠠ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠦᠷᠭᠦᠯᠵᠢᠯᠡᠨ ᠥᠷᠨᠢᠭᠦᠯᠵᠦ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠲᠥᠷᠥ ᠵᠢᠨ ᠪᠣᠳᠣᠯᠭ᠎ᠠ ᠲᠣᠭᠲᠠᠭ᠋ᠠᠨ ᠲᠣᠬᠢᠷᠠᠭᠤᠯᠬᠤ᠂ ᠪᠡᠯᠡ ᠮᠥᠩᠭᠥ ᠵᠢᠨ ᠲᠥᠷᠥᠯ ᠵᠦᠢ᠍ᠯ ᠵᠶ᠋ᠡᠷ ᠳᠡᠮᠵᠢᠬᠦ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠭᠠᠵᠠᠷ ᠣᠷᠣᠨ᠂ ᠠᠵᠤ ᠠᠬᠤᠢ᠌ᠯᠠᠯ ᠪᠠ ᠬᠤᠪᠢ ᠬᠥᠮᠥᠨ᠎ᠢ ᠱᠠᠩᠨᠠᠨ ᠬᠥᠬᠢᠭᠦᠯᠦᠨ᠎ᠡ᠃ ᠡᠯ᠎ᠡ ᠭᠠᠵᠠᠷ᠎ᠤᠨ ᠣᠶᠤᠨᠴᠢ ᠲᠠᠷᠢᠶᠠᠯᠠᠩ ᠮᠠᠯ ᠠᠵᠤ ᠠᠬᠤᠢ ᠵᠢ ᠲᠦᠯᠬᠢᠨ ᠠᠬᠢᠭᠤᠯᠤᠭᠰᠠᠨ ᠨᠡᠢ᠌ᠲᠡᠯᠢᠭ ᠲᠤᠷᠰᠢᠯᠭ᠎ᠠ ᠪᠠ ᠰᠢᠨ᠎ᠡ ᠵᠢ ᠡᠭᠦᠳᠦᠭᠰᠡᠨ ᠠᠷᠭ᠎ᠠ ᠬᠢᠳᠡᠯ᠎ᠢ ᠴᠠᠭ ᠲᠤᠬᠠᠢᠳᠤᠨᠢ ᠳ᠋ᠦᠩᠨᠡᠨ ᠤᠬᠠᠭᠤᠯᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠭᠣᠣᠯ ᠳᠡᠯᠭᠡᠷᠡᠭᠦᠯᠬᠦ ᠮᠡᠷᠭᠡᠵᠢᠯ᠎ᠤᠨ ᠭᠠᠷᠴᠠᠭ ᠪᠠ ᠮᠡᠳᠡᠭᠡ ᠵᠠᠩᠭᠢ ᠨᠡᠢ᠌ᠲᠡᠯᠡᠬᠦ ᠳᠦᠷᠢᠮ᠎ᠢ ᠪᠠᠢ᠌ᠭᠤᠯᠤᠨ᠂ ᠮᠡᠷᠭᠡᠵᠢᠯ᠎ᠤᠨ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠢ ᠴᠢᠩᠭ᠋ᠠᠳᠬᠠᠵᠤ᠂ ᠣᠶᠤᠨᠴᠢ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠣᠷᠢᠶᠠᠨ᠎ᠤ ᠠᠯᠪᠠᠨ ᠭᠡᠷ ᠵᠢᠨ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠭᠠᠵᠠᠷ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠠᠯᠪᠠᠨ ᠭᠡᠷ)