ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠵᠢᠭ᠋ᠠᠰᠤ ᠠᠩᠨᠠᠬᠤ ᠵᠢ ᠴᠠᠭ᠋ᠠᠵᠠᠯᠠᠬᠤ ᠬᠤᠭᠤᠴᠠᠭ᠋ᠠᠨ᠎ᠳᠠᠬᠢ ᠵᠢᠭ᠋ᠠᠰᠤ ᠠᠩᠨᠠᠬᠤ ᠵᠢ ᠴᠠᠭ᠋ᠠᠵᠠᠯᠠᠬᠤ ᠣᠷᠣᠨ᠎ᠤ ᠵᠢᠭ᠋ᠠᠰᠤᠨ᠎ᠤ ᠶᠠᠪᠤᠳᠠᠯ᠎ᠤᠨ ᠬᠠᠮᠢᠶᠠᠷᠤᠯᠲᠠ ᠵᠢᠨ ᠲᠤᠬᠠᠶ ᠵᠠᠷᠯᠠᠯ
ᠨᠡᠶ᠋ᠢᠲᠡᠯᠡᠭᠰᠡᠨ ᠴᠠᠭ᠄ 2025-03-21

      ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠢ ᠠᠷᠠᠴᠢᠯᠠᠨ ᠬᠠᠮᠠᠭ᠋ᠠᠯᠠᠵᠤ᠂  ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠨ᠂  ᠵᠢᠭ᠋ᠠᠰᠤᠨ ᠠᠵᠤ ᠠᠬᠤᠶ ᠵᠢᠨ ᠪᠣᠬᠢᠷᠲᠤᠯ ᠥᠬᠡᠶ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠢᠭ᠋ᠠᠰᠤᠨ ᠠᠵᠤ ᠠᠬᠤᠶ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》᠂ 《ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ  ᠬᠠᠶ᠋ᠢᠯᠠᠷ ᠭᠤᠤᠯ᠂  ᠰᠤᠩᠭ᠋ᠠᠷᠢ ᠮᠥᠷᠡᠨ ᠪᠠ ᠴᠢᠶᠠᠨ ᠲᠠᠩ ᠵᠢᠶᠠᠩ ᠵᠡᠷᠭᠡ 4 ᠰᠠᠪᠠ ᠭᠠᠵᠠᠷ᠎ᠤᠨ ᠵᠢᠭ᠋ᠠᠰᠤ ᠠᠩᠨᠠᠬᠤ ᠬᠤᠭᠤᠴᠠᠭ᠎ᠠ ᠵᠢ ᠴᠠᠭ᠋ᠠᠵᠠᠯᠠᠬᠤ ᠲᠦᠷᠢᠮ᠎ᠢ ᠬᠡᠷᠡᠭᠵᠢᠭᠦᠯᠬᠦ ᠲᠤᠬᠠᠶ  ᠵᠠᠷᠯᠠᠯ》 (ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠵᠠᠷᠯᠠᠯ [2019] 1 ᠳ᠋ᠦ᠍ᠭᠡᠷ ᠲᠣᠭ᠋ᠠᠲᠤ)᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠢᠭ᠋ᠠᠰᠤᠨ ᠠᠵᠤ ᠠᠬᠤᠶ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》  ᠵᠡᠷᠭᠡ ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠂  ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠨ᠂  ᠮᠠᠨ᠎ᠤ ᠣᠷᠣᠨ᠎ᠤ 2025 ᠣᠨ᠎ᠤ ᠵᠢᠭ᠋ᠠᠰᠤ ᠠᠩᠨᠠᠬᠤ ᠵᠢ ᠴᠠᠭ᠋ᠠᠵᠠᠯᠠᠬᠤ ᠬᠤᠭᠤᠴᠠᠭ᠎ᠠ᠂  ᠵᠢᠭ᠋ᠠᠰᠤ ᠠᠩᠨᠠᠬᠤ  ᠵᠢ ᠴᠠᠭ᠋ᠠᠵᠠᠯᠠᠬᠤ ᠣᠷᠣᠨ᠎ᠤ ᠵᠣᠬᠢᠴᠠᠩᠭᠤᠶ ᠴᠠᠭ ᠪᠠ ᠬᠦᠷᠢᠶ᠎ᠡ ᠬᠡᠪᠴᠢᠶ᠎ᠡ ᠵᠢ ᠳᠣᠤᠷᠠᠬᠢ ᠮᠡᠲᠦ ᠵᠠᠷᠯᠠᠶ᠎ᠠ᠄

      ᠨᠢᠭᠡ᠂  ᠵᠢᠭ᠋ᠠᠰᠤ ᠠᠩᠨᠠᠬᠤ ᠵᠢ  ᠴᠠᠭ᠋ᠠᠵᠠᠯᠠᠬᠤ ᠬᠤᠭᠤᠴᠠᠭ᠎ᠠ᠂  ᠵᠢᠭ᠋ᠠᠰᠤ ᠠᠩᠨᠠᠬᠤ ᠵᠢ ᠴᠠᠭ᠋ᠠᠵᠠᠯᠠᠬᠤ ᠣᠷᠣᠨ᠎ᠢ ᠵᠠᠭ᠋ᠠᠭᠯᠠᠨ ᠲᠣᠭᠲᠠᠭ᠋ᠠᠬᠤ

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠭᠤᠣᠯ ᠮᠥᠷᠡᠨ᠂  ᠨᠠᠭᠤᠷ ᠴᠥᠭᠦᠷᠥᠮ ᠪᠠ ᠲᠣᠮᠣ ᠳᠤᠮᠳᠠ ᠬᠡᠯᠪᠡᠷᠢ ᠵᠢᠨ ᠤᠰᠤᠨ ᠴᠥᠭᠦᠷᠥᠮ (ᠴᠥᠭᠦᠷᠥᠮ᠎ᠤᠨ ᠪᠠᠭᠲᠠᠭ᠋ᠠᠮᠵᠢ᠎ᠨᠢ 1000 ᠲᠦᠮᠡᠨ ᠪᠣᠰᠤᠭ᠎ᠠ ᠳᠥᠷᠪᠡᠯᠵᠢᠨ  ᠮᠧᠲᠷ᠎ᠠᠴᠠ ᠶᠡᠭᠡ)  ᠵᠡᠷᠭᠡ ᠵᠢᠭ᠋ᠠᠰᠤᠨ ᠠᠵᠤ ᠠᠬᠤᠶ ᠵᠢᠨ

ᠤᠰᠤᠨ ᠎ᠤ  ᠬᠡᠪᠴᠢᠶᠡᠨ᠎ᠤ ᠵᠢᠭ᠋ᠠᠰᠤ ᠠᠩᠨᠠᠬᠤ ᠵᠢ ᠴᠠᠭ᠋ᠠᠵᠠᠯᠠᠬᠤ ᠬᠤᠭᠤᠴᠠᠭ᠎ᠠ᠎ᠨᠢ 5  ᠰᠠᠷ᠎ᠠ ᠵᠢᠨ 1᠎ᠤ ᠡᠳᠦᠷ᠎ᠠᠴᠠ 7  ᠰᠠᠷ᠎ᠠ ᠵᠢᠨ 31᠎ᠤ ᠡᠳᠦᠷ ᠪᠣᠯᠤᠨ᠎ᠠ᠂  ᠬᠢᠯᠢ ᠵᠢᠨ ᠤᠰᠤᠨ᠎ᠤ  ᠬᠡᠪᠴᠢᠶᠡᠨ᠎ᠳᠤ ᠣᠨᠴᠠᠭ᠋ᠠᠶ ᠲᠣᠭᠲᠠᠭ᠋ᠠᠯ᠎ᠲᠠᠢ ᠪᠣᠯ ᠡᠭᠦᠨ᠎ᠳᠤ ᠪᠠᠭᠲᠠᠬᠤ ᠥᠬᠡᠶ; ᠪᠠᠶ᠋ᠢᠭ᠋ᠠᠯᠢ ᠵᠢᠨ (ᠬᠥᠮᠦᠨ᠎ᠤ ᠬᠦᠴᠦ᠎ᠪᠠᠷ ᠪᠣᠶ ᠪᠣᠯᠤᠭᠰᠠᠨ ᠪᠤᠰᠤ)  ᠤᠰᠤᠨ᠎ᠤ  ᠬᠡᠪᠴᠢᠶᠡᠨ᠎ᠤ ᠵᠢᠭ᠋ᠠᠰᠤᠨ᠎ᠤ ᠲᠥᠷᠥᠯ᠎ᠤᠨ ᠥᠨᠳᠡᠭᠡᠯᠡᠬᠦ ᠲᠠᠯᠠᠪᠠᠶ ᠪᠠ ᠨᠡᠭᠦᠳᠡᠯ ᠭᠤᠤᠯ᠎ᠤᠨ ᠵᠠᠮ᠎ᠢ ᠪᠠᠶ᠋ᠢᠩᠭᠤ ᠵᠢᠨ ᠴᠢᠨᠠᠷᠲᠠᠶ  ᠵᠢᠭ᠋ᠠᠰᠤ ᠠᠩᠨᠠᠬᠤ ᠵᠢ ᠴᠠᠭ᠋ᠠᠵᠠᠯᠠᠬᠤ ᠣᠷᠣᠨ ᠵᠶ᠋ᠠᠷ ᠬᠤᠪᠢᠶᠠᠷᠢᠯᠠᠨ ᠲᠣᠭᠲᠠᠭ᠋ᠠᠨ᠎ᠠ᠃

      ᠬᠠᠲᠤᠨ ᠭᠣᠤᠯ᠎ᠤᠨ ᠥᠪᠥᠷ ᠮᠣᠩᠭᠣᠯ᠎ᠳᠠᠬᠢ ᠬᠡᠰᠡᠭ᠎ᠤᠨ ᠵᠢᠭ᠋ᠠᠰᠤ ᠠᠩᠨᠠᠬᠤ ᠵᠢ  ᠴᠠᠭ᠋ᠠᠵᠠᠯᠠᠬᠤ ᠬᠤᠭᠤᠴᠠᠭ᠎ᠠ᠎ᠨᠢ 4  ᠰᠠᠷ᠎ᠠ ᠵᠢᠨ 1᠎ᠤ ᠡᠳᠦᠷ᠎ᠠᠴᠠ 7  ᠰᠠᠷ᠎ᠠ ᠵᠢᠨ 31᠎ᠤ ᠡᠳᠦᠷ ᠪᠣᠯᠲᠠᠯ᠎ᠠ; ᠬᠠᠲᠤᠨ ᠭᠣᠤᠯ᠎ᠤᠨ ᠭᠣᠤᠯ ᠤᠷᠤᠰᠬᠠᠯ᠎ᠤᠨ ᠥᠪᠥᠷ ᠮᠣᠩᠭᠣᠯ ᠎ᠳᠠᠬᠢ ᠬᠡᠰᠡᠭ᠂  ᠬᠠᠲᠤᠨ ᠭᠣᠤᠯ᠎ᠤᠨ ᠭᠣᠤᠯ ᠤᠷᠤᠰᠬᠠᠯ᠎ᠤᠨ ᠥᠪᠥᠷ ᠮᠣᠩᠭᠣᠯ᠎ᠤᠨ ᠬᠡᠰᠡᠭ ᠎ᠳᠠᠬᠢ ᠨᠢᠭᠡᠳᠦᠭᠡᠷ ᠲᠠᠰ᠎ᠤᠨ ᠰᠠᠯᠪᠤᠷᠢ ᠤᠷᠤᠰᠬᠠᠯ ᠵᠢᠴᠢ ᠬᠠᠷᠢᠶ᠎ᠠ ᠨᠠᠭᠤᠷ᠂  ᠲᠣᠮᠣ ᠳᠤᠮᠳᠠ ᠬᠡᠯᠪᠡᠷᠢ ᠵᠢᠨ ᠴᠥᠭᠥᠷᠥᠮ᠎ᠤᠨ ᠵᠢᠭ᠋ᠠᠰᠤ ᠠᠩᠨᠠᠬᠤ ᠵᠢ ᠴᠠᠭ᠋ᠠᠵᠠᠯᠠᠬᠤ ᠣᠷᠣᠨ ᠪᠣᠯᠤᠨ᠎ᠠ᠃

      ᠬᠤᠶᠠᠷ᠂  ᠵᠢᠭ᠋ᠠᠰᠤ ᠠᠩᠨᠠᠬᠤ ᠵᠢ  ᠴᠠᠭ᠋ᠠᠵᠠᠯᠠᠬᠤ ᠬᠠᠮᠢᠶᠠᠷᠤᠯᠲᠠ

      (ᠨᠢᠭᠡ)  ᠵᠢᠭ᠋ᠠᠰᠤᠨ  ᠠᠩᠨᠠᠬᠤ ᠵᠢ ᠴᠠᠭ᠋ᠠᠵᠠᠯᠠᠬᠤ ᠬᠤᠭᠤᠴᠠᠭ᠋ᠠᠨ᠎ᠳᠤ᠂  ᠵᠢᠭ᠋ᠠᠰᠤ ᠠᠩᠨᠠᠬᠤ ᠵᠢ ᠴᠠᠭ᠋ᠠᠵᠠᠯᠠᠬᠤ ᠣᠷᠣᠨ᠎ᠳᠤ  ᠰᠤᠯᠠ ᠰᠡᠯᠡᠭᠦᠴᠡᠬᠦ ᠬᠡᠯᠪᠡᠷᠢ ᠵᠢᠨ ᠵᠢᠭ᠋ᠠᠰᠤ ᠭᠥᠬᠢᠳᠡᠬᠦ᠎ᠠᠴᠠ ᠪᠤᠰᠤᠳ ᠪᠤᠶ ᠪᠦᠬᠦᠢ ᠠᠩᠨᠠᠵᠤ ᠱᠦᠭᠦᠬᠦ ᠠᠵᠢᠯ᠎ᠤᠨ ᠲᠥᠷᠥᠯ ᠬᠡᠯᠪᠡᠷᠢ ᠵᠢ  ᠴᠠᠭ᠋ᠠᠵᠠᠯᠠᠨ᠎ᠠ᠂  ᠬᠠᠤᠯᠢ ᠪᠤᠰᠤ᠎ᠪᠠᠷ ᠠᠩᠨᠠᠵᠤ ᠱᠦᠭᠦᠭᠰᠡᠨ ᠵᠢᠭ᠋ᠠᠰᠤ ᠵᠢ ᠬᠤᠳᠠᠯᠳᠤᠨ ᠠᠪᠬᠤ᠂  ᠵᠥᠭᠡᠭᠡᠪᠦᠷᠢᠯᠡᠬᠦ᠂  ᠬᠠᠳᠠᠭ᠋ᠠᠯᠠᠬᠤ᠂  ᠪᠣᠷᠣᠯᠠᠭᠤᠯᠬᠤ ᠵᠢ ᠴᠠᠭ᠋ᠠᠵᠠᠯᠠᠬᠤ ᠬᠡᠷᠡᠭᠲᠡᠶ᠃

     (ᠬᠤᠶᠠᠷ)  ᠵᠢᠭ᠋ᠠᠰᠤ ᠠᠩᠨᠠᠬᠤ ᠵᠢ ᠴᠠᠭ᠋ᠠᠵᠠᠯᠠᠬᠤ ᠣᠷᠣᠨ ᠪᠣᠯᠤᠨ ᠵᠢᠭ᠋ᠠᠰᠤ ᠠᠩᠨᠠᠬᠤ ᠵᠢ ᠴᠠᠭ᠋ᠠᠵᠠᠯᠠᠬᠤ ᠬᠤᠭᠤᠴᠠᠭ᠋ᠠᠨ ᠳᠣᠲᠣᠷ᠎ᠠ᠂  ᠵᠢᠭ᠋ᠠᠨ  ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠤᠯ᠂  ᠳᠠᠰᠬᠠᠨ ᠲᠡᠵᠢᠭᠡᠵᠦ ᠦᠷᠡᠵᠢᠭᠦᠯᠬᠦ ᠵᠡᠷᠭᠡ ᠣᠨᠴᠣᠭᠣᠶ ᠬᠡᠷᠡᠭᠴᠡᠭᠡ᠎ᠠᠴᠠ ᠪᠣᠯᠵᠤ᠂  ᠠᠩᠨᠠᠵᠤ ᠱᠦᠭᠦᠬᠦ ᠠᠵᠢᠯ᠎ᠢ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠶ᠋ᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃

     (ᠭᠤᠷᠪᠠ)  ᠡᠯ᠎ᠡ ᠱᠠᠲᠤᠨ᠎ᠤ ᠵᠢᠭ᠋ᠠᠰᠤᠨ ᠠᠵᠤ ᠠᠬᠤᠶ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂  ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠎ᠨᠢ  ᠪᠠᠶ᠋ᠢᠭ᠋ᠠᠯᠢ ᠵᠢᠨ ᠡᠬᠢ ᠪᠠᠶᠠᠯᠢᠭ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠤᠯ᠎ᠤᠨ ᠬᠠᠮᠠᠭ᠋ᠠᠯᠠᠯᠲᠠ ᠵᠢᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠢᠭ᠋ᠠᠰᠤᠨ ᠠᠵᠤ ᠠᠬᠤᠶ ᠵᠢᠨ ᠬᠠᠤᠯᠢ〉  ᠵᠢ ᠬᠡᠷᠡᠭᠵᠢᠭᠦᠯᠬᠦ ᠠᠷᠭ᠎ᠠ》 ᠵᠢᠨ ᠲᠣᠭᠲᠠᠭ᠋ᠠᠯ ᠶᠣᠰᠣᠭ᠋ᠠᠷ᠂  ᠴᠠᠬᠢᠯᠭ᠋ᠠᠨᠲᠤ ᠵᠢᠭ᠋ᠠᠰᠤ᠂  ᠬᠣᠤᠷᠠᠲᠤ ᠵᠢᠭ᠋ᠠᠰᠤ᠂  ᠲᠣᠰᠣᠨ᠎ᠳᠤ ᠪᠤᠴᠠᠯᠭ᠋ᠠᠭᠰᠠᠨ ᠵᠢᠭ᠋ᠠᠰᠤ ᠵᠢᠴᠢ ᠳᠤᠷ᠎ᠠ᠎ᠪᠠᠷ ᠵᠶ᠋ᠠᠨ ᠠᠩᠨᠠᠵᠤ ᠱᠦᠭᠦᠬᠦ ᠵᠡᠷᠭᠡ ᠵᠢᠭ᠋ᠠᠰᠤᠨ ᠠᠵᠤ ᠠᠬᠤᠶ ᠵᠢᠨ ᠡᠬᠢ ᠪᠠᠶᠠᠯᠢᠭ ᠪᠣᠯᠤᠨ ᠵᠢᠭ᠋ᠠᠰᠤᠨ ᠠᠵᠤ ᠠᠬᠤᠶ ᠵᠢᠨ ᠤᠰᠤᠨ ᠣᠷᠣᠨ᠎ᠤ ᠣᠷᠴᠢᠨ ᠲᠣᠭᠣᠷᠢᠨ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃  ᠵᠣᠬᠢᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂  ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ; ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ᠂  ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

      (ᠲᠦᠷᠪᠡ)  ᠥᠷᠭᠡᠨ ᠣᠯᠠᠨ ᠠᠷᠠᠳ ᠲᠦᠮᠡᠨ  ᠬᠡᠷᠪᠡ ᠵᠢᠭ᠋ᠠᠰᠤ ᠠᠩᠨᠠᠬᠤ ᠵᠢ ᠴᠠᠭ᠋ᠠᠵᠠᠯᠠᠬᠤ ᠣᠷᠣᠨ᠂  ᠵᠢᠭ᠋ᠠᠰᠤ ᠠᠩᠨᠠᠬᠤ ᠵᠢ ᠴᠠᠭ᠋ᠠᠵᠠᠯᠠᠬᠤ ᠬᠤᠭᠤᠴᠠᠭ᠎ᠠ ᠪᠤᠶᠤ ᠤᠰᠤᠨ ᠭᠠᠷᠤᠯᠲᠠ ᠵᠢ ᠬᠡᠷᠡᠭᠯᠡᠬᠦ ᠵᠢ ᠴᠠᠭ᠋ᠠᠵᠠᠯᠠᠬᠤ ᠪᠠᠭ᠋ᠠᠵᠢ  ᠵᠢᠴᠢ ᠪᠤᠰᠤᠳ ᠬᠠᠤᠯᠢ ᠪᠤᠰᠤ᠎ᠪᠠᠷ ᠠᠩᠨᠠᠵᠤ ᠱᠦᠭᠦᠬᠦ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠣᠯᠵᠤ ᠮᠡᠳᠡᠪᠡᠯ᠂  ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠢᠯᠡᠴᠢᠯᠡᠨ ᠮᠡᠳᠡᠭᠦᠯᠦᠭᠡᠷᠡᠶ᠃

      ᠭᠤᠷᠪᠠ᠂  ᠬᠡᠷᠡᠭᠵᠢᠭᠦᠯᠬᠦ ᠴᠠᠭ ᠬᠤᠭᠤᠴᠠᠭ᠎ᠠ

      ᠳᠡᠭᠡᠷᠡᠬᠢ ᠲᠣᠭᠲᠠᠭ᠋ᠠᠯ᠎ᠢ ᠲᠣᠰ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

      ᠬᠢᠨᠠᠯᠲᠠ ᠲᠠᠯᠪᠢᠬᠤ ᠤᠲᠠᠰᠤ᠄ 12345

                            ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                            ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ

                            ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ

                            ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ

                                              2025 ᠣᠨ᠎ᠤ 3 ᠰᠠᠷ᠎ᠠ ᠵᠢᠨ 21᠎ᠤ ᠡᠳᠦᠷ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            