ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠢᠨ 2025 ᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠬᠦᠴᠦᠯᠡᠨ ᠠᠬᠢᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-04-02

ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠣᠪᠴᠢᠶ᠎ᠠ᠂  ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠎ᠳᠤ᠄

      《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠢᠨ ᠠᠯᠪᠠᠨ ᠭᠡᠷ᠎ᠤᠨ 2025 ᠣᠨ᠎ᠤ ᠲᠠᠷᠢᠶᠠᠯᠠᠩ᠎ᠤᠨ ᠮᠠᠰᠢᠨ ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠵᠢᠭᠦᠯᠬᠦ ᠲᠤᠬᠠᠢ ᠮᠡᠳᠡᠭᠳᠡᠯ》 (ᠲᠠᠷᠢᠶᠠᠯᠠᠩ ᠠᠯᠪᠠᠨ [2025] 3 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠤᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ᠎ᠳᠤ ᠨᠥᠬᠥᠪᠦᠷᠢ ᠥᠭᠬᠦ ᠠᠵᠢᠯ᠎ᠤᠨ ᠬᠡᠷᠡᠭᠵᠢᠭᠦᠯᠬᠦ ᠲᠥᠰᠥᠯ〉᠎ᠢ ᠳᠠᠷᠤᠮᠠᠯᠯᠠᠨ  ᠲᠠᠷᠬᠠᠭ᠋ᠠᠬᠤ ᠲᠤᠬᠠᠢ  ᠮᠡᠳᠡᠭᠳᠡᠯ》 (ᠥᠪᠥᠷ ᠲᠠᠷᠢᠶᠠᠯᠠᠩ ᠮᠠᠯ ᠠᠵᠤ ᠠᠬᠤᠢ  ᠮᠠᠰᠢᠨ ᠲᠠᠷᠬᠠᠭ᠋ᠠᠭᠰᠠᠨ [2024] 501  ᠳ᠋ᠦ᠍ᠭᠡᠷ ᠲᠣᠭ᠋ᠠᠲᠤ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠎ᠤᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠦᠷᠢ ᠵᠢᠨ ᠠᠵᠢᠯ᠎ᠤᠨ ᠬᠡᠷᠡᠭᠵᠢᠭᠦᠯᠬᠦ

ᠲᠥᠰᠥᠯ〉᠎ᠤᠨ ᠲᠤᠬᠠᠢ  ᠨᠥᠬᠥᠪᠦᠷᠢ ᠮᠡᠳᠡᠭᠳᠡᠯ》 (ᠥᠪᠥᠷ ᠲᠠᠷᠢᠶᠠᠯᠠᠩ ᠮᠠᠯ ᠠᠵᠤ ᠠᠬᠤᠢ  ᠮᠠᠰᠢᠨ ᠲᠠᠷᠬᠠᠭ᠋ᠠᠭᠰᠠᠨ [2024] 652 ᠳ᠋ᠤᠭ᠋ᠠᠷ ᠲᠣᠭ᠋ᠠᠲᠤ᠂  ᠳᠣᠷᠣᠭᠰᠢ 《ᠨᠥᠬᠥᠪᠦᠷᠢ ᠮᠡᠳᠡᠭᠳᠡᠯ》  ᠭᠡᠵᠦ ᠲᠣᠪᠴᠢᠯᠠᠨ᠎ᠠ)᠎ᠤᠨ ᠰᠠᠭᠤᠷᠢᠨ ᠳᠡᠭᠡᠷ᠎ᠡ᠂  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠎ᠲᠠᠢ ᠵᠥᠪᠳᠡᠯᠴᠡᠨ᠂ 2025 ᠣᠨ᠎ᠤ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠦᠷᠢ ᠵᠢᠨ ᠠᠵᠢᠯ᠎ᠢ ᠬᠦᠴᠦᠯᠡᠨ ᠰᠠᠢ᠌ᠲᠤᠷ ᠬᠢᠬᠦ ᠲᠤᠬᠠᠢ ᠳᠣᠣᠷᠠᠬᠢ ᠮᠡᠲᠦ  ᠮᠡᠳᠡᠭᠳᠡᠶ᠎ᠡ᠃

      ᠨᠢᠭᠡ᠂  ᠨᠥᠬᠥᠪᠦᠷᠢ ᠥᠭᠬᠦ ᠬᠡᠪᠴᠢᠶ᠎ᠡ ᠵᠢ ᠥᠷᠭᠡᠳᠬᠡᠨ᠎ᠡ

      ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ᠎ᠳᠤ ᠨᠥᠬᠥᠪᠦᠷᠢ ᠥᠭᠬᠦ  ᠮᠠᠰᠢᠨ  ᠪᠠᠭ᠋ᠠᠵᠢ ᠵᠢ 27 ᠲᠦᠷᠦᠯ᠎ᠳᠤ ᠬᠦᠷᠲᠡᠯ᠎ᠡ  ᠥᠷᠭᠡᠳᠬᠡᠨ᠎ᠡ᠃ 《ᠨᠥᠬᠥᠪᠦᠷᠢ ᠮᠡᠳᠡᠭᠳᠡᠯ》᠎ᠳᠤ ᠲᠣᠳᠣᠷᠬᠠᠢ ᠲᠣᠭᠲᠠᠭ᠋ᠠᠭᠰᠠᠨ 15 ᠲᠥᠷᠥᠯ᠎ᠤᠨ ᠰᠠᠭᠤᠷᠢᠨ ᠳᠡᠭᠡᠷ᠎ᠡ᠂  ᠤᠰᠤᠨ ᠲᠤᠲᠤᠷᠭ᠎ᠠ ᠵᠢᠨ ᠴᠢᠬᠢ ᠬᠠᠶᠠᠬᠤ ᠮᠠᠰᠢᠨ᠂  ᠲᠠᠷᠢᠶᠠᠨ ᠠᠵᠢᠯ᠎ᠤᠨ ᠬᠢᠨᠠᠨ ᠬᠡᠮᠵᠢᠬᠦ ᠦᠵᠦᠭᠦᠷ᠂  ᠤᠷᠭᠤᠮᠠᠯ᠎ᠤᠨ ᠬᠠᠮᠠᠭ᠋ᠠᠯᠠᠯᠲᠠ ᠵᠢᠨ ᠵᠢᠯᠣᠭᠣᠴᠢ ᠦᠭᠡᠢ ᠨᠢᠰᠬᠡᠯ (ᠤᠷᠭᠤᠮᠠᠯ᠎ᠤᠨ ᠬᠠᠮᠠᠭ᠋ᠠᠯᠠᠯᠲᠠ ᠵᠢᠨ ᠵᠢᠯᠣᠭᠣᠴᠢ ᠦᠭᠡᠢ ᠠᠭ᠋ᠠᠷ᠎ᠤᠨ ᠨᠢᠰᠦᠭᠦᠷ)᠂  ᠠᠮᠤ ᠪᠤᠳᠠᠭ᠎ᠠ ᠬᠠᠳᠠᠭ᠋ᠠᠬᠤ ᠮᠠᠰᠢᠨ (ᠬᠠᠲᠠᠭ᠋ᠠᠬᠤ ᠮᠠᠰᠢᠨ)᠂  ᠥᠩᠭᠡ ᠰᠢᠯᠢᠬᠦ ᠮᠠᠰᠢᠨ᠂  ᠨᠤᠨᠳᠠᠭᠯᠠᠬᠤ ᠮᠠᠰᠢᠨ᠂  ᠠᠨᠵᠢᠰᠤ᠂  ᠳᠤᠮᠳᠠ ᠵᠡᠷᠭᠡ ᠵᠢᠨ ᠲᠠᠷᠢᠶᠠᠯᠠᠭ᠎ᠠ ᠵᠢᠨ ᠮᠠᠰᠢᠨ᠂  ᠡᠪᠡᠰᠦ ᠬᠠᠳᠤᠬᠤ (ᠬᠠᠪᠲᠠᠭ᠋ᠠᠢ᠌ᠯᠠᠬᠤ)  ᠮᠠᠰᠢᠨ᠂  ᠡᠷᠭᠢᠯᠳᠦᠭᠦᠯᠦᠨ ᠬᠠᠭ᠋ᠠᠯᠪᠤᠷᠢᠯᠠᠬᠤ ᠮᠠᠰᠢᠨ᠂  ᠨᠠᠷᠬ᠎ᠠ (ᠲᠣᠭᠣᠷᠢᠭ ᠲᠠᠪᠠᠭᠲᠤ ᠨᠠᠷᠬ᠎ᠠ᠂  ᠬᠥᠳᠡᠯᠭᠡᠭᠦᠷ ᠨᠠᠷᠬ᠎ᠠ)᠂  ᠠᠮᠤ ᠪᠤᠳᠠᠭ᠎ᠠ ᠳᠠᠮᠵᠢᠭᠤᠯᠬᠤ (ᠳᠡᠭᠡᠭᠰᠢᠯᠡᠭᠦᠯᠬᠦ)  ᠮᠠᠰᠢᠨ ᠵᠡᠷᠭᠡ 12 ᠲᠥᠷᠥᠯ᠎ᠢ ᠰᠢᠨ᠎ᠡ᠎ᠪᠠᠷ ᠨᠡᠮᠡᠭᠳᠡᠭᠦᠯᠦᠨ᠎ᠡ᠃

      ᠬᠣᠶᠠᠷ᠂  ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ

      《ᠨᠥᠬᠥᠪᠦᠷᠢ ᠮᠡᠳᠡᠭᠳᠡᠯ》᠎ᠤᠨ  ᠬᠡᠷᠡᠭᠯᠡᠭᠡᠨ᠎ᠠᠴᠠ ᠭᠠᠷᠭ᠋ᠠᠬᠤ ᠵᠢᠨ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠲᠤᠬᠠᠢ  ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠤᠰᠤᠨ ᠲᠤᠲᠤᠷᠭ᠎ᠠ ᠵᠢᠨ ᠴᠢᠬᠢ ᠬᠠᠶᠠᠬᠤ ᠮᠠᠰᠢᠨ᠎ᠢ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ ᠠᠳᠠᠯᠢ ᠲᠥᠷᠥᠯ᠎ᠤᠨ ᠮᠠᠰᠢᠨ ᠪᠠᠭ᠋ᠠᠵᠢ ᠵᠢ ᠰᠢᠨ᠎ᠡ᠎ᠪᠠᠷ ᠬᠤᠳᠠᠯᠳᠤᠨ ᠠᠪᠬᠤ᠎ᠳᠤ ᠬᠡᠷᠡᠭᠯᠡᠭᠡᠨ᠎ᠠᠴᠠ ᠭᠠᠷᠭ᠋ᠠᠬᠤ ᠵᠢᠨ ᠨᠥᠬᠥᠪᠦᠷᠢ ᠵᠢᠨ ᠪᠠᠷᠢᠮᠵᠢᠶ᠎ᠠ ᠵᠢ 50%᠎ᠪᠠᠷ ᠳᠡᠭᠡᠭᠰᠢᠯᠡᠭᠦᠯᠵᠦ᠂  ᠭᠠᠭᠴᠠ ᠰᠠᠤᠷᠢ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠤᠭ᠎ᠤᠨ ᠥᠨᠳᠥᠷ ᠨᠥᠬᠥᠪᠦᠷᠢ ᠵᠢᠨ ᠲᠣᠭ᠎ᠠ ᠵᠢ 3 ᠲᠦᠮᠡᠨ ᠲᠥᠭᠥᠷᠢᠭ᠎ᠠᠴᠠ ᠳᠠᠪᠠᠭᠤᠯᠬᠤ ᠦᠭᠡᠢ᠃ ᠲᠠᠷᠢᠶᠠᠯᠠᠩ᠎ᠳᠤ ᠬᠡᠷᠡᠭᠯᠡᠬᠦ ᠳᠣᠬᠢᠭᠤᠷ ᠲᠤᠯᠤᠭ᠋ᠠᠨ ᠣᠲᠣ ᠬᠠᠪᠰᠤᠷᠤᠨ ᠵᠢᠯᠤᠭᠣᠳᠬᠤ ᠰᠢᠰᠲ᠋ᠧᠮ᠂  ᠲᠠᠷᠢᠶᠠᠨ ᠠᠵᠢᠯ᠎ᠤᠨ ᠬᠢᠨᠠᠨ ᠬᠡᠮᠵᠢᠬᠦ ᠦᠵᠦᠭᠦᠷ᠂  ᠤᠷᠭᠤᠮᠠᠯ᠎ᠤᠨ ᠬᠠᠮᠠᠭ᠋ᠠᠯᠠᠯᠲᠠ ᠵᠢᠨ ᠵᠢᠯᠣᠭᠣᠴᠢ ᠦᠭᠡᠢ ᠨᠢᠰᠬᠡᠯ᠎ᠢ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ ᠰᠢᠨᠡᠳᠬᠡᠬᠦ᠎ᠳᠤ ᠬᠡᠷᠡᠭᠯᠡᠭᠡᠨ᠎ᠠᠴᠠ ᠭᠠᠷᠭ᠋ᠠᠬᠤ ᠨᠥᠬᠥᠪᠦᠷᠢ ᠵᠢᠨ ᠪᠠᠷᠢᠮᠵᠢᠶ᠎ᠠ ᠵᠢ 50%᠎ᠪᠠᠷ ᠳᠡᠭᠡᠭᠰᠢᠯᠡᠭᠦᠯᠵᠦ᠂  ᠳᠡᠭᠡᠷᠡᠬᠢ 3 ᠲᠥᠷᠥᠯ᠎ᠤᠨ ᠮᠠᠰᠢᠨ ᠪᠠᠭ᠋ᠠᠵᠢ ᠲᠥᠬᠦᠭᠡᠷᠦᠮᠵᠢ ᠵᠢ ᠬᠡᠷᠡᠭᠯᠡᠭᠡᠨ᠎ᠠᠴᠠ ᠭᠠᠷᠭ᠋ᠠᠬᠤ ᠨᠥᠬᠥᠪᠦᠷᠢ ᠵᠢ ᠭᠤᠶᠤᠴᠢᠯᠠᠨ ᠠᠪᠬᠤ᠎ᠳᠤ ᠠᠳᠠᠯᠢ ᠲᠥᠷᠥᠯ᠎ᠤᠨ ᠰᠢᠨ᠎ᠡ ᠮᠠᠰᠢᠨ ᠪᠠᠭ᠋ᠠᠵᠢ ᠵᠢᠨ ᠲᠥᠬᠦᠭᠡᠷᠦᠮᠵᠢ ᠬᠤᠳᠠᠯᠳᠤᠨ ᠠᠪᠬᠤ᠎ᠪᠠᠷ ᠤᠷᠢᠲᠠᠯ ᠪᠣᠯᠭ᠋ᠠᠬᠤ ᠬᠡᠷᠡᠭᠲᠡᠢ᠃ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠥᠪᠦᠷᠢ ᠵᠢᠨ ᠬᠡᠪᠴᠢᠶᠡᠨ᠎ᠳᠤ ᠬᠠᠷᠠᠬᠠᠨ ᠣᠷᠣᠭᠤᠯᠤᠭ᠋ᠠᠳᠤᠢ ᠲᠠᠷᠢᠶᠠᠨ ᠠᠵᠢᠯ᠎ᠤᠨ ᠬᠢᠨᠠᠨ ᠬᠡᠮᠵᠢᠬᠦ ᠦᠵᠦᠭᠦᠷ᠎ᠲᠤ ᠳᠡᠭᠡᠷ᠎ᠡ ᠵᠢᠯ᠎ᠤᠨ ᠠᠳᠠᠯᠢ ᠲᠠᠰ᠎ᠤᠨ ᠦᠢ᠍ᠯᠡᠳᠬᠦᠨ᠎ᠤ ᠵᠠᠬ᠎ᠠ ᠳᠡᠯᠭᠡᠭᠦᠷ᠎ᠤᠨ ᠪᠣᠷᠣᠯᠠᠭᠤᠯᠤᠯᠲᠠ ᠵᠢᠨ ᠳᠤᠮᠳᠠᠴᠢ ᠦᠨ᠎ᠡ ᠵᠢᠨ 30%᠎ᠠᠴᠠ ᠬᠡᠲᠦᠷᠡᠭᠦᠯᠬᠦ ᠦᠭᠡᠢ᠎ᠪᠠᠷ ᠰᠢᠨᠡᠳᠬᠡᠬᠦ ᠨᠥᠬᠥᠪᠦᠷᠢ ᠵᠢᠨ ᠪᠠᠷᠢᠮᠵᠢᠶ᠎ᠠ ᠵᠢ ᠲᠣᠭᠲᠠᠭ᠋ᠠᠨ᠎ᠠ᠃ ᠡᠯ᠎ᠡ ᠲᠦᠷᠦᠯ᠎ᠤᠨ ᠮᠠᠰᠢᠨ ᠪᠠᠭ᠋ᠠᠵᠢ ᠵᠢᠨ ᠨᠥᠬᠥᠪᠦᠷᠢ ᠵᠢᠨ ᠪᠠᠷᠢᠮᠵᠢᠶ᠎ᠠ ᠵᠢ ᠳᠠᠭ᠋ᠠᠯᠳᠤᠭᠤᠯᠤᠯ᠎ᠳᠤ ᠨᠠᠷᠢᠪᠴᠢᠯᠠᠨ ᠦᠵᠡᠭᠡᠷᠡᠢ᠃

      ᠭᠤᠷᠪᠠ᠂  ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢ ᠴᠢᠩᠭ᠋ᠠᠳᠬᠠᠨ᠎ᠠ  

      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠎ᠨᠢ ᠤᠯᠤᠰ᠎ᠤᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠎ᠤᠨ  ᠥᠪᠡᠷᠲᠡᠭᠡᠨ ᠵᠠᠰᠠᠬᠤ ᠣᠷᠣᠨ᠎ᠤ 2025 ᠣᠨ᠎ᠳᠤ ᠶᠡᠬᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠡᠳ᠋᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠲᠤᠬᠠᠢ  ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠣᠷᠢᠨ  ᠥᠰᠥᠭ [2025] 279  ᠳ᠋ᠦ᠍ᠭᠡᠷ ᠲᠣᠭ᠋ᠠᠲᠤ)  ᠵᠡᠷᠭᠡ ᠱᠠᠭ᠋ᠠᠷᠳᠠᠯᠭ᠎ᠠ ᠶᠣᠰᠣᠭ᠋ᠠᠷ᠂  ᠣᠷᠳᠣ ᠬᠤᠭᠤᠴᠠᠭ᠋ᠠᠨ᠎ᠤ  ᠣᠨᠴᠣᠭᠤᠢ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢᠴᠢ ᠢᠵᠢ ᠪᠦᠷᠢᠳᠦᠭᠦᠯᠬᠦ ᠪᠡᠯᠡ ᠮᠥᠩᠭᠥ ᠵᠢ ᠡᠯ᠎ᠡ ᠠᠢ᠌ᠮᠠᠭ ᠬᠣᠲᠠ᠎ᠳᠤ ᠪᠠᠭᠤᠯᠭ᠋ᠠᠵᠤ᠂  ᠲᠠᠷᠢᠶᠠᠯᠠᠩ ᠮᠠᠯ ᠠᠵᠤ ᠠᠬᠤᠢ ᠵᠢᠨ ᠬᠠᠭᠤᠴᠢᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠬᠤ ᠨᠥᠬᠥᠪᠦᠷᠢ ᠪᠠ ᠬᠡᠷᠡᠭᠯᠡᠭᠡᠨ᠎ᠠᠴᠠ ᠭᠠᠷᠭ᠋ᠠᠬᠤ ᠵᠢ ᠳᠡᠮᠵᠢᠬᠦ ᠵᠢᠨ ᠬᠠᠮᠲᠤ ᠰᠢᠨ᠎ᠡ᠎ᠪᠠᠷ ᠬᠤᠳᠠᠯᠳᠤᠨ ᠠᠪᠤᠭᠰᠠᠨ ᠠᠳᠠᠯᠢ ᠲᠥᠷᠥᠯ᠎ᠤᠨ ᠮᠠᠰᠢᠨ ᠪᠠᠭ᠋ᠠᠵᠢ ᠵᠢ ᠰᠢᠨᠡᠳᠬᠡᠬᠦ ᠨᠥᠬᠥᠪᠦᠷᠢ ᠣᠯᠭᠣᠬᠤ ᠵᠢᠴᠢ ᠲᠠᠷᠢᠶᠠᠨ ᠠᠵᠢᠯ᠎ᠤᠨ ᠬᠢᠨᠠᠨ ᠬᠡᠮᠵᠢᠬᠦ ᠦᠵᠦᠭᠦᠷ᠂  ᠲᠠᠷᠢᠶᠠᠯᠠᠩ᠎ᠳᠤ ᠬᠡᠷᠡᠭᠯᠡᠬᠦ ᠳᠣᠬᠢᠭᠤᠷ ᠲᠤᠯᠤᠭ᠋ᠠᠨ ᠣᠲᠣ ᠬᠠᠪᠰᠤᠷᠤᠨ ᠵᠢᠯᠤᠭᠣᠳᠬᠤ ᠰᠢᠰᠲ᠋ᠧᠮ᠂  ᠤᠷᠭᠤᠮᠠᠯ᠎ᠤᠨ ᠬᠠᠮᠠᠭ᠋ᠠᠯᠠᠯᠲᠠ ᠵᠢᠨ ᠵᠢᠯᠣᠭᠣᠴᠢ ᠦᠭᠡᠢ ᠨᠢᠰᠬᠡᠯ᠎ᠢ ᠰᠢᠨ᠎ᠡ᠎ᠪᠠᠷ ᠬᠤᠳᠠᠯᠳᠤᠨ ᠠᠪᠬᠤ ᠨᠥᠬᠥᠪᠦᠷᠢ ᠣᠯᠭᠣᠬᠤ᠎ᠳᠤ  ᠬᠡᠷᠡᠭᠯᠡᠬᠦ ᠬᠡᠷᠡᠭᠲᠡᠢ᠃

      ᠨᠥᠬᠥᠪᠦᠷᠢ ᠵᠢᠨ ᠪᠡᠯᠡ ᠮᠥᠩᠭᠥ ᠵᠢ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠠᠴᠠ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠬᠡᠷᠡᠭᠴᠡᠭᠡ ᠶᠣᠰᠣᠭ᠋ᠠᠷ ᠭᠤᠶᠤᠴᠢᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ  ᠮᠠᠯᠴᠢᠨ  ᠲᠠᠷᠢᠶᠠᠴᠢᠳ᠎ᠲᠤ ᠠᠰᠢᠭ ᠬᠦᠷᠲᠡᠭᠡᠬᠦ ᠡᠳ᠋᠎ᠤᠨ ᠵᠠᠰᠠᠭ᠎ᠤᠨ ᠨᠥᠬᠥᠪᠦᠷᠢ ᠵᠢᠨ ᠪᠡᠯᠡ ᠮᠥᠩᠭᠥ ᠵᠢ ᠰᠢᠭᠤᠳ  ᠤᠯᠭᠤᠬᠤ  ᠲᠣᠭᠲᠠᠴᠠ ᠵᠢ ᠰᠢᠯᠢᠳᠡᠭᠵᠢᠭᠦᠯᠬᠦ ᠲᠤᠬᠠᠢ  ᠮᠡᠳᠡᠭᠳᠡᠯ》 (ᠥᠪᠥᠷ ᠡᠳ᠋᠎ᠤᠨ ᠵᠠᠰᠠᠭ ᠲᠠᠷᠢᠶᠠᠯᠠᠩ [2025] 82 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂  ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠲᠠᠰ ᠳᠡᠪᠰᠢᠭᠦᠯᠦᠨ ᠣᠯᠭᠣᠬᠤ ᠵᠢ ᠡᠷᠦᠬᠡ ᠵᠢᠨ  ᠺᠠᠷᠲ᠎ᠲᠤ ᠤᠷᠤᠭᠤᠯᠬᠤ  ᠬᠡᠷᠡᠭᠲᠡᠢ᠃

      ᠠᠢ᠌ᠮᠠᠭ ᠬᠣᠲᠠ  ᠲᠠᠷᠢᠶᠠᠯᠠᠩ ᠮᠠᠯ ᠠᠵᠤ ᠠᠬᠤᠢ ᠵᠢᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠳᠡᠮᠵᠢᠬᠦ ᠤᠷᠲᠤ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢ ᠰᠠᠢ᠌ᠲᠤᠷ ᠬᠠᠮᠢᠶᠠᠷᠤᠨ ᠰᠠᠢ᠌ᠲᠤᠷ ᠬᠡᠷᠡᠭᠯᠡᠵᠦ᠂ 《ᠨᠢᠭᠡ ᠲᠠᠯ᠎ᠠ᠎ᠪᠠᠷ ᠭᠤᠶᠤᠴᠢᠯᠠᠬᠤ᠂  ᠨᠢᠭᠡ ᠲᠠᠯ᠎ᠠ᠎ᠪᠠᠷ ᠭᠦᠢ᠍ᠴᠡᠳᠬᠡᠬᠦ᠂  ᠨᠢᠭᠡ ᠲᠠᠯ᠎ᠠ᠎ᠪᠠᠷ ᠵᠠᠳᠠᠯᠬᠤ᠂  ᠨᠢᠭᠡ ᠲᠠᠯ᠎ᠠ᠎ᠪᠠᠷ ᠳ᠋ᠦᠩᠨᠡᠨ ᠪᠤᠳᠤᠬᠤ》  ᠠᠵᠢᠯ᠎ᠤᠨ ᠲᠣᠭᠲᠠᠴᠠ ᠵᠢ ᠪᠠᠷᠢᠮᠲᠠᠯᠠᠨ᠂ 7 ᠠᠵᠢᠯᠯᠠᠬᠤ ᠡᠳᠦᠷ᠎ᠤᠨ ᠳᠣᠲᠣᠷ᠎ᠠ ᠮᠠᠰᠢᠨ ᠪᠠᠭ᠋ᠠᠵᠢ ᠵᠢ ᠬᠠᠷᠭᠤᠭᠤᠯᠤᠨ ᠪᠠᠢ᠌ᠴᠠᠭ᠋ᠠᠬᠤ᠂  ᠨᠥᠬᠥᠪᠦᠷᠢ ᠭᠤᠶᠤᠴᠢᠯᠠᠨ ᠠᠪᠬᠤ ᠠᠵᠢᠯ᠎ᠢ 《ᠳᠠᠷᠤᠢ᠌ᠬᠠᠨ ᠭᠥᠯᠢᠶᠡᠨ ᠠᠪᠴᠤ ᠳᠠᠷᠤᠢ᠌ᠬᠠᠨ ᠬᠦᠢ᠍ᠴᠡᠳᠭᠡᠨ》᠂  ᠮᠠᠯᠴᠢᠨ ᠲᠠᠷᠢᠶᠠᠴᠢᠨ᠎ᠤ ᠬᠡᠷᠡᠭᠯᠡᠭᠡᠨ᠎ᠠᠴᠠ ᠭᠠᠷᠭ᠋ᠠᠬᠤ  ᠨᠥᠬᠥᠪᠦᠷᠢ ᠭᠤᠶᠤᠴᠢᠯᠠᠨ ᠠᠪᠬᠤ ᠵᠢ 《ᠨᠢᠭᠡ ᠯᠡ ᠤᠳᠠᠭ᠎ᠠ᠎ᠳᠤ》  ᠭᠦᠢ᠍ᠴᠡᠳᠬᠡᠵᠦ ᠳᠠᠭᠤᠰᠬᠠᠬᠤ ᠵᠢ ᠴᠢᠷᠮᠠᠢ᠌ᠨ ᠪᠡᠶᠡᠯᠡᠭᠦᠯᠵᠦ᠂  ᠡᠯ᠎ᠡ ᠭᠠᠵᠠᠷ ᠣᠷᠣᠨ  ᠡᠭᠦᠨ᠎ᠤ ᠰᠠᠭᠤᠷᠢᠨ ᠳᠡᠭᠡᠷ᠎ᠡ ᠨᠥᠬᠥᠪᠦᠷᠢ ᠭᠤᠶᠤᠴᠢᠯᠠᠨ ᠠᠪᠬᠤ ᠪᠠ ᠪᠡᠯᠡ ᠮᠥᠩᠭᠥ ᠣᠯᠭᠣᠬᠤ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ 《〈ᠲᠠᠷᠢᠶᠠᠯᠠᠩ᠎ᠤᠨ ᠮᠠᠰᠢᠨ᠎ᠤ ᠳᠥᠷᠪᠡᠨ ᠵᠦᠢ᠍ᠯ᠎ᠤᠨ ᠨᠥᠬᠥᠪᠦᠷᠢ〉 ᠵᠢᠨ ᠳᠡᠰ ᠳᠠᠷᠠᠭ᠋ᠠᠯᠠᠯ᠎ᠢ ᠬᠡᠷᠡᠭᠵᠢᠭᠦᠯᠬᠦ ᠪᠠ ᠳ᠋ᠦᠩᠨᠡᠨ ᠪᠤᠳᠤᠵᠤ ᠣᠯᠭᠣᠬᠤ ᠠᠵᠢᠯ᠎ᠤᠨ ᠲᠤᠬᠠᠢ ᠮᠡᠳᠡᠭᠳᠡᠯ》 (ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭ᠋ᠠᠭᠰᠠᠨ [2025] 153 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂  ᠴᠠᠭ ᠳᠠᠷᠠᠭ᠋ᠠᠯᠠᠭᠤᠯᠤᠨ ᠬᠡᠷᠡᠭᠵᠢᠭᠦᠯᠬᠦ ᠪᠠ ᠳ᠋ᠦᠩᠨᠡᠨ ᠪᠤᠳᠤᠵᠤ ᠰᠣᠯᠢᠵᠤ ᠥᠭᠬᠦ ᠲᠣᠭᠲᠠᠴᠠ ᠵᠢ ᠪᠠᠢ᠌ᠭᠤᠯᠵᠤ᠂  ᠳ᠋ᠦᠩᠨᠡᠨ ᠪᠤᠳᠤᠬᠤ  ᠲᠠᠪᠳᠠᠮᠵᠢ  ᠤᠳᠠᠭ᠎ᠠ ᠵᠢ ᠲᠦᠷᠭᠡᠳᠬᠡᠨ᠂  ᠳ᠋ᠦᠩᠨᠡᠨ ᠪᠤᠳᠤᠵᠤ ᠰᠣᠯᠢᠵᠤ ᠥᠭᠬᠦ ᠪᠡᠯᠡ ᠮᠥᠩᠭᠥ ᠵᠢᠨ ᠲᠣᠭ᠎ᠠ ᠬᠡᠮᠵᠢᠶ᠎ᠡ ᠵᠢ ᠬᠡᠷᠡᠭᠵᠢᠭᠦᠯᠬᠦ ᠪᠡᠯᠡ ᠮᠥᠩᠭᠥ ᠵᠢᠨ ᠴᠠᠭ ᠳᠠᠷᠠᠭ᠋ᠠᠯᠠᠯ᠎ᠲᠠᠢ ᠬᠠᠷᠢᠴᠠᠭᠤᠯᠪᠠᠯ 60%᠎ᠠᠴᠠ ᠳᠡᠭᠡᠭᠰᠢ (5 ᠰᠠᠷ᠎ᠠ ᠵᠢᠨ ᠰᠡᠭᠦᠯᠴᠢ)᠂ 70%᠎ᠠᠴᠠ ᠳᠡᠭᠡᠭᠰᠢ (6 ᠰᠠᠷ᠎ᠠ ᠵᠢᠨ ᠰᠡᠭᠦᠯᠴᠢ)᠂ 80%᠎ᠠᠴᠠ ᠳᠡᠭᠡᠭᠰᠢ (7  ᠰᠠᠷ᠎ᠠ ᠵᠢᠨ ᠰᠡᠭᠦᠯᠴᠢ)᠂ 90%᠎ᠠᠴᠠ ᠳᠡᠭᠡᠭᠰᠢ (8  ᠰᠠᠷ᠎ᠠ ᠵᠢᠨ ᠰᠡᠭᠦᠯᠴᠢ)᠂ 11 ᠰᠠᠷ᠎ᠠ ᠵᠢᠨ ᠰᠡᠭᠦᠯᠴᠢ᠎ᠪᠠᠷ 95%᠎ᠠᠴᠠ ᠳᠡᠭᠡᠭᠰᠢ᠎ᠳᠤ ᠬᠦᠷᠦᠭᠦᠯᠵᠦ᠂ 12 ᠰᠠᠷ᠎ᠠ᠎ᠳᠤ ᠲᠠᠩᠰᠠ ᠪᠢᠲᠡᠭᠦᠮᠵᠢᠯᠡᠬᠦ᠎ᠠᠴᠠ ᠡᠮᠦᠨ᠎ᠡ ᠦᠨᠳᠦᠰᠦᠨ᠎ᠳᠡᠭᠡᠨ 100%᠎ᠳᠤ ᠬᠦᠷᠦᠭᠦᠯᠬᠦ ᠬᠡᠷᠡᠭᠲᠡᠢ᠃ ᠡᠯ᠎ᠡ ᠱᠠᠲᠤᠨ᠎ᠤ᠎ᠬᠢᠨ ᠨᠥᠬᠥᠪᠦᠷᠢ ᠵᠢᠨ ᠪᠡᠯᠡ ᠮᠥᠩᠭᠥ ᠵᠢᠨ ᠰᠣᠯᠢᠵᠤ ᠥᠭᠭᠦᠭᠰᠡᠨ ᠪᠠᠢ᠌ᠳᠠᠯ᠎ᠢ ᠴᠢᠩᠭ᠎ᠠ ᠠᠩᠬᠠᠷᠴᠤ᠂  ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭᠰᠠᠨ ᠬᠤᠭᠤᠴᠠᠭ᠎ᠠ᠎ᠲᠠᠢ᠎ᠪᠠᠷ ᠲᠣᠬᠢᠷᠠᠭᠤᠯᠬᠤ ᠵᠢ ᠴᠠᠭ᠎ᠲᠤᠨᠢ ᠲᠣᠬᠢᠷᠠᠭᠤᠯᠤᠨ ᠡᠬᠢᠯᠡᠭᠦᠯᠵᠦ᠂  ᠠᠬᠢᠭᠤᠯᠤᠭᠰᠠᠨ᠎ᠨᠢ  ᠬᠦᠴᠦᠨ ᠦᠭᠡᠢ᠂  ᠳ᠋ᠦᠩᠨᠡᠨ ᠪᠤᠳᠤᠵᠤ ᠰᠣᠯᠢᠵᠤ ᠥᠭᠬᠦ᠎ᠨᠢ ᠤᠳᠠᠭ᠋ᠠᠨ ᠪᠠᠢ᠌ᠭ᠎ᠠ ᠭᠠᠵᠠᠷ ᠣᠷᠣᠨ᠎ᠢ  ᠢᠯᠡ ᠨᠡᠢ᠌ᠳᠡᠯᠡᠨ ᠰᠢᠭᠦᠮᠵᠢᠯᠡᠨ᠎ᠡ᠃

      ᠳᠥᠷᠪᠡ᠂  ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢᠨ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠵᠢ  ᠴᠢᠩᠭ᠋ᠠᠳᠬᠠᠨ᠎ᠠ

      ᠡᠯ᠎ᠡ ᠠᠢ᠌ᠮᠠᠭ ᠬᠣᠲᠠ  ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠨ᠂ ᠯᠠᠪᠳᠠᠭᠤᠨ ᠵᠶ᠋ᠠᠷ ᠠᠬᠢᠭᠤᠯᠵᠤ᠂  ᠲᠣᠰ ᠮᠡᠳᠡᠭᠳᠡᠯ᠎ᠢ ᠳᠠᠷᠤᠢ᠌ᠬᠠᠨ ᠤᠯᠠᠮᠵᠢᠯᠠᠨ ᠲᠠᠷᠬᠠᠭ᠋ᠠᠵᠤ᠂  ᠬᠣᠰᠢᠭᠤ ᠰᠢᠶᠠᠨ᠎ᠢ ᠵᠢᠯᠣᠭᠣᠳᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ᠃ ᠨᠢᠭᠡ᠎ᠳᠤ 《ᠪᠥᠬᠥ ᠣᠷᠣᠨ᠎ᠤ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠎ᠳᠤ ᠨᠥᠬᠥᠪᠦᠷᠢ ᠥᠭᠬᠦ ᠠᠵᠢᠯ᠎ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ》 (ᠥᠪᠥᠷ ᠲᠠᠷᠢᠶᠠᠯᠠᠩ ᠮᠠᠯ ᠠᠵᠤ ᠠᠬᠤᠢ ᠵᠢᠨ ᠮᠠᠰᠢᠨ ᠲᠠᠷᠬᠠᠭ᠋ᠠᠭᠰᠠᠨ [2024] 711 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂  ᠠᠷᠠᠳ᠎ᠳᠤ ᠲᠥᠭᠥᠮ ᠦᠵᠡᠭᠦᠯᠵᠦ ᠠᠷᠠᠳ᠎ᠳᠤ ᠠᠰᠢᠭ ᠬᠦᠷᠲᠡᠭᠡᠬᠦ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠰᠠᠭᠤᠷᠢᠯᠠᠨ᠂ 《ᠬᠡᠷᠡᠭᠯᠡᠭᠡᠨ᠎ᠠᠴᠠ ᠭᠠᠷᠭ᠋ᠠᠬᠤ

ᠶᠣᠰᠣᠲᠠᠢ ᠵᠢ᠎ᠨᠢ ᠭᠦᠢ᠍ᠴᠡᠳ ᠨᠥᠬᠥᠪᠦᠷᠢᠯᠡᠬᠦ》 ᠵᠢ ᠪᠡᠶᠡᠯᠡᠭᠦᠯᠦᠨ᠎ᠡ᠃ ᠬᠣᠶᠠᠷ᠎ᠲᠤ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠬᠣᠷᠢᠶᠠᠨ ᠠᠪᠬᠤ ᠪᠠ ᠵᠠᠳᠠᠯᠵᠤ ᠰᠠᠯᠭ᠋ᠠᠬᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂  ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠬᠣᠷᠢᠶᠠᠨ ᠠᠪᠬᠤ ᠪᠠ ᠵᠠᠳᠠᠯᠵᠤ ᠰᠠᠯᠭ᠋ᠠᠬᠤ ᠠᠵᠤ ᠠᠬᠤᠢ᠌ᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠵᠢ ᠲᠦᠷᠭᠡᠳᠬᠡᠬᠦ ᠵᠢᠨ ᠬᠠᠮᠲᠤ ᠨᠡᠢ᠌ᠲᠡᠯᠡᠵᠦ᠂  ᠬᠠᠭᠤᠴᠢᠨ ᠲᠠᠷᠢᠶᠠᠯᠠᠩ᠎ᠤᠨ ᠮᠠᠰᠢᠨ᠎ᠤ 《ᠨᠢᠭᠡ ᠪᠠᠯᠭ᠋ᠠᠰᠤ ᠨᠢᠭᠡ ᠦᠷᠳᠡᠭᠡ》 ᠵᠢᠨ ᠬᠣᠷᠢᠶᠠᠨ ᠠᠪᠬᠤ ᠴᠡᠭ ᠪᠠᠶ᠋ᠢᠭᠤᠯᠬᠤ ᠵᠢ ᠵᠣᠷᠢᠭᠵᠢᠭᠤᠯᠤᠨ᠎ᠠ᠃  ᠬᠡᠷᠡᠭᠯᠡᠭᠡᠨ᠎ᠠᠴᠠ ᠭᠠᠷᠭ᠋ᠠᠭᠰᠠᠨ ᠲᠠᠷᠢᠶᠠᠯᠠᠩ᠎ᠤᠨ ᠮᠠᠰᠢᠨ᠎ᠢ ᠡᠭᠡᠭᠦᠯᠦᠨ ᠬᠤᠷᠢᠶᠠᠬᠤ ᠪᠠ ᠵᠠᠳᠠᠯᠬᠤ ᠪᠠᠢ᠌ᠭᠤᠯᠤᠮᠵᠢ ᠦᠭᠡᠢ ᠬᠣᠰᠢᠭᠤ ᠰᠢᠶᠠᠨ᠎ᠳᠤ᠂  ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠠᠴᠠ ᠲᠤᠰᠬᠠᠢ ᠰᠡᠳᠦᠪ ᠵᠶ᠋ᠡᠷ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠮᠡᠳᠡᠭᠦᠯᠵᠦ᠂  ᠡᠭᠡᠭᠦᠯᠦᠨ ᠬᠤᠷᠢᠶᠠᠬᠤ ᠪᠠ ᠵᠠᠳᠠᠯᠬᠤ ᠲᠣᠣᠷ  ᠴᠡᠭ᠎ᠤᠨ ᠪᠠᠢ᠌ᠷᠢᠰᠢᠭᠤᠯᠤᠯᠲᠠ ᠵᠢ ᠲᠦᠷᠭᠡᠳᠬᠡᠨ ᠪᠣᠢ᠌ᠵᠢᠭᠤᠯᠬᠤ ᠬᠡᠷᠡᠭᠲᠡᠢ᠃ ᠭᠤᠷᠪᠠ᠎ᠳᠤ᠂  ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠭᠰᠠᠨ ᠡᠭᠡᠭᠦᠯᠦᠨ ᠬᠤᠷᠢᠶᠠᠵᠤ ᠵᠠᠳᠠᠯᠬᠤ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂  ᠡᠭᠡᠭᠦᠯᠦᠨ ᠬᠤᠷᠢᠶᠠᠬᠤ ᠪᠠ ᠵᠠᠳᠠᠯᠬᠤ ᠭᠣᠭᠴᠣᠭ᠎ᠠ ᠵᠢ ᠰᠠᠯᠭ᠋ᠠᠬᠤ ᠵᠢ ᠬᠡᠷᠡᠭᠵᠢᠭᠦᠯᠦᠨ᠂  ᠬᠡᠷᠡᠭᠯᠡᠭᠡᠨ᠎ᠠᠴᠠ ᠭᠠᠷᠭ᠋ᠠᠭᠰᠠᠨ ᠲᠠᠷᠢᠶᠠᠯᠠᠩ᠎ᠤᠨ ᠮᠠᠰᠢᠨ᠎ᠢ ᠡᠭᠡᠭᠦᠯᠦᠨ ᠬᠤᠷᠢᠶᠠᠬᠤ ᠪᠠᠢ᠌ᠭᠤᠯᠤᠮᠵᠢ ᠵᠢᠨ ᠰᠢᠲᠠᠭ᠋ᠠᠯᠭ᠎ᠠ ᠵᠢᠨ ᠲᠣᠰᠣᠨ᠎ᠤ ᠪᠤᠰᠤ ᠬᠥᠳᠡᠯᠭᠡᠬᠦ ᠬᠦᠴᠦᠨ᠎ᠤ ᠬᠠᠭᠤᠴᠢᠨ ᠲᠠᠷᠢᠶᠠᠯᠠᠩ᠎ᠤᠨ ᠮᠠᠰᠢᠨ᠎ᠢ ᠵᠠᠳᠠᠯᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠬᠦᠰᠡᠯ ᠰᠠᠨᠠᠭ᠎ᠠ᠎ᠲᠠᠢ ᠭᠠᠵᠠᠷ ᠣᠷᠣᠨ᠎ᠳᠤ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠠᠴᠠ ᠲᠥᠰᠥᠯ ᠲᠣᠭᠲᠠᠭ᠋ᠠᠵᠤ᠂  ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ ᠵᠶ᠋ᠡᠷ ᠬᠢᠨᠠᠨ ᠲᠣᠭᠲᠠᠭ᠋ᠠᠯᠭ᠋ᠠᠵᠤ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠦᠨ ᠳᠠᠩᠰᠠᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠦᠨ᠎ᠡ᠃ ᠳᠥᠷᠪᠡ᠎ᠳᠤ᠂  ᠬᠢᠨᠠᠨ ᠬᠠᠮᠢᠶᠠᠷᠬᠤ ᠪᠠ ᠠᠶᠤᠯ ᠲᠦᠭᠰᠢᠭᠦᠷᠢ ᠵᠢ ᠰᠡᠷᠭᠡᠢ᠌ᠯᠡᠬᠦ ᠵᠢ ᠴᠢᠩᠭ᠋ᠠᠳᠬᠠᠵᠤ᠂  ᠮᠠᠰᠢᠨ ᠪᠠᠭ᠋ᠠᠵᠢ ᠵᠢ ᠡᠭᠡᠭᠦᠯᠦᠨ ᠬᠤᠷᠢᠶᠠᠬᠤ᠂  ᠮᠠᠰᠢᠨ ᠪᠠᠭ᠋ᠠᠵᠢ ᠵᠢ ᠬᠢᠨᠠᠨ ᠪᠠᠢ᠌ᠴᠠᠭ᠋ᠠᠬᠤ᠂  ᠬᠡᠷᠡᠭᠯᠡᠭᠡᠨ᠎ᠠᠴᠠ ᠭᠠᠷᠭ᠋ᠠᠵᠤ ᠵᠠᠳᠠᠯᠬᠤ᠂  ᠪᠡᠯᠡ ᠮᠥᠩᠭᠥ ᠰᠣᠯᠢᠵᠤ ᠥᠭᠬᠦ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ᠂  ᠮᠡᠳᠡᠭᠡ ᠵᠠᠩᠭᠢ ᠵᠢ ᠬᠠᠭᠤᠷᠮᠠᠭ ᠵᠶ᠋ᠠᠷ ᠵᠣᠬᠢᠶᠠᠬᠤ᠂  ᠪᠠᠭ᠎ᠠ᠎ᠪᠠᠷ ᠶᠡᠬᠡ ᠵᠢ ᠣᠷᠣᠯᠠᠭᠤᠯᠵᠤ ᠬᠡᠷᠡᠭᠯᠡᠭᠡᠨ᠎ᠠᠴᠠ ᠭᠠᠷᠭ᠋ᠠᠬᠤ᠂  ᠨᠢᠭᠡ ᠮᠠᠰᠢᠨ ᠤᠯᠠᠨ ᠭᠠᠵᠠᠷ᠎ᠲᠤ ᠬᠡᠷᠡᠭᠯᠡᠭᠡᠨ᠎ᠠᠴᠠ ᠭᠠᠷᠭ᠋ᠠᠬᠤ᠂  ᠲᠠᠩ ᠮᠠᠰᠢᠨ᠎ᠢ ᠤᠯᠠᠨ ᠤᠳᠠᠭ᠎ᠠ ᠬᠡᠷᠡᠭᠯᠡᠭᠡᠨ᠎ᠠᠴᠠ ᠭᠠᠷᠭ᠋ᠠᠬᠤ᠂  ᠬᠠᠶᠠᠭᠳᠠᠮᠠᠯ ᠲᠤᠨᠤᠭ ᠤᠭᠰᠠᠷᠠᠭᠤᠯᠤᠨ ᠬᠡᠷᠡᠭᠯᠡᠭᠡᠨ᠎ᠠᠴᠠ ᠭᠠᠷᠭ᠋ᠠᠬᠤ ᠵᠡᠷᠭᠡ ᠮᠡᠬᠡᠯᠡᠨ ᠨᠥᠬᠥᠪᠦᠷᠢᠯᠡᠬᠦ ᠢᠵᠢ ᠨᠥᠬᠥᠪᠦᠷᠢᠯᠡᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ 《ᠬᠠᠷᠢᠶ᠎ᠠ ᠭᠠᠵᠠᠷ᠎ᠠᠴᠠ ᠬᠡᠷᠡᠭᠯᠡᠭᠡᠨ᠎ᠠᠴᠠ ᠭᠠᠷᠭ᠋ᠠᠬᠤ᠂  ᠣᠨᠳᠣᠣ ᠭᠠᠵᠠᠷ᠎ᠲᠤ ᠵᠠᠳᠠᠯᠬᠤ᠂  ᠬᠠᠷᠢᠶ᠎ᠠ ᠭᠠᠵᠠᠷ᠎ᠠᠴᠠ ᠬᠦᠴᠦᠨ ᠦᠭᠡᠢ ᠪᠣᠯᠭ᠋ᠠᠬᠤ》  ᠬᠠᠮᠲᠤᠷᠠᠨ ᠬᠢᠨᠠᠯᠲᠠ ᠲᠠᠯᠪᠢᠬᠤ ᠲᠣᠭᠲᠠᠴᠠ ᠵᠢ ᠬᠡᠷᠡᠭᠵᠢᠭᠦᠯᠬᠦ ᠵᠢ ᠵᠣᠷᠢᠭᠵᠢᠭᠤᠯᠤᠨ᠎ᠠ᠃ ᠲᠠᠪᠤ᠎ᠳᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠲᠠᠢ᠌ᠯᠤᠮᠵᠢ ᠵᠢ ᠴᠢᠩᠭ᠋ᠠᠳᠬᠠᠵᠤ᠂  ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠬᠡᠮᠵᠢᠶ᠎ᠡ ᠪᠠ ᠬᠡᠷᠡᠭᠵᠢᠭᠦᠯᠬᠦ ᠢᠯᠡ ᠲᠣᠳᠣ ᠵᠢᠨ ᠬᠡᠮᠵᠢᠶ᠎ᠡ ᠵᠢ ᠦᠨᠡᠨ ᠬᠦ᠌  ᠳᠡᠭᠡᠭᠰᠢᠯᠡᠭᠦᠯᠬᠦ ᠬᠡᠷᠡᠭᠲᠡᠢ᠃ ᠵᠢᠷᠭᠤᠭ᠎ᠠ᠎ᠳᠤ᠂  ᠮᠥᠷᠳᠡᠨ ᠦᠨᠡᠯᠡᠬᠦ ᠵᠢ ᠴᠢᠩᠭ᠋ᠠᠳᠬᠠᠵᠤ᠂  ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂  ᠠᠰᠠᠭᠤᠳᠠᠯ᠎ᠢ ᠣᠯᠵᠤ ᠮᠡᠳᠡᠪᠡᠯ ᠴᠠᠭ

ᠲᠤᠬᠠᠢ᠎ᠳᠤᠨᠢ ᠬᠠᠷᠢᠭᠤ ᠲᠤᠰᠬᠠᠵᠤ ᠴᠠᠭ ᠲᠤᠬᠠᠢ᠎ᠳᠤᠨᠢ ᠰᠢᠢ᠍ᠳᠪᠦᠷᠢᠯᠡᠵᠦ᠂  ᠲᠡᠷᠢᠭᠦᠨ᠎ᠤ ᠲᠤᠷᠰᠢᠯᠭ᠎ᠠ ᠪᠣᠯᠣᠨ ᠨᠡᠢ᠌ᠲᠡᠯᠢᠭ ᠠᠷᠭ᠎ᠠ ᠬᠢᠳᠡᠯ᠎ᠢ ᠴᠠᠭ᠎ᠲᠤᠨᠢ ᠲᠣᠬᠢᠷᠠᠭᠤᠯᠤᠨ ᠳ᠋ᠦᠩᠨᠡᠨ ᠳᠡᠯᠭᠡᠷᠡᠭᠦᠯᠬᠦ ᠬᠡᠷᠡᠭᠲᠡᠢ᠃

      ᠲᠠᠪᠤ᠂  ᠠᠵᠢᠯ᠎ᠤᠨ ᠱᠠᠭ᠋ᠠᠷᠳᠠᠯᠭ᠎ᠠ

      ᠲᠣᠰ ᠮᠡᠳᠡᠭᠳᠡᠯ᠎ᠳᠤ ᠲᠣᠳᠣᠷᠬᠠᠢ ᠲᠣᠭᠲᠠᠭ᠋ᠠᠭᠰᠠᠨ ᠬᠡᠷᠡᠭᠯᠡᠭᠡᠨ᠎ᠠᠴᠠ ᠭᠠᠷᠭ᠋ᠠᠬᠤ ᠨᠥᠬᠥᠪᠦᠷᠢ ᠵᠢᠨ ᠬᠡᠪᠴᠢᠶ᠎ᠡ ᠵᠢ ᠥᠷᠭᠡᠳᠬᠡᠵᠦ᠂  ᠬᠡᠷᠡᠭᠯᠡᠭᠡᠨ᠎ᠠᠴᠠ ᠭᠠᠷᠭ᠋ᠠᠬᠤ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ ᠵᠢ 2025 ᠣᠨ᠎ᠤ 12 ᠰᠠᠷ᠎ᠠ ᠵᠢᠨ 31᠎ᠤ ᠡᠳᠦᠷ ᠪᠣᠯᠲᠠᠯ᠎ᠠ ᠬᠡᠷᠡᠭᠵᠢᠭᠦᠯᠦᠨ᠎ᠡ᠂  ᠬᠡᠷᠪᠡ ᠬᠤᠪᠢᠷᠠᠯᠲᠠ ᠭᠠᠷᠪᠠᠯ ᠠᠰ᠎ᠲᠤᠨᠢ ᠮᠡᠳᠡᠭᠳᠡᠨ᠎ᠡ᠃ ᠡᠯ᠎ᠡ ᠠᠢ᠌ᠮᠠᠭ ᠬᠣᠲᠠ  ᠡᠷᠬᠡᠪᠰᠢ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠠᠵᠢᠯ᠎ᠤᠨ ᠠᠬᠢᠴᠠ᠂  ᠪᠡᠯᠡ ᠮᠥᠩᠭᠥ ᠵᠢᠨ ᠬᠡᠷᠡᠭᠯᠡᠯᠲᠡ ᠵᠢᠨ ᠪᠠᠢ᠌ᠳᠠᠯ ᠵᠡᠷᠭᠡ᠎ᠪᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠢ᠃ 2026 ᠣᠨ᠎ᠤ 1 ᠰᠠᠷ᠎ᠠ ᠵᠢᠨ 5᠎ᠤ ᠡᠳᠦᠷ᠎ᠠᠴᠠ ᠡᠮᠦᠨ᠎ᠡ᠂  ᠲᠤᠰ ᠭᠠᠵᠠᠷ ᠣᠷᠣᠨ᠎ᠤ ᠤᠷᠲᠤ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢ ᠲᠣᠬᠢᠷᠠᠭᠤᠯᠵᠤ ᠲᠠᠷᠢᠶᠠᠯᠠᠩ ᠮᠠᠯ ᠠᠵᠤ ᠠᠬᠤᠢ ᠵᠢᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠦᠷᠢ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ (ᠪᠡᠯᠡ ᠮᠥᠩᠭᠥ ᠵᠢ ᠲᠣᠬᠢᠷᠠᠭᠤᠯᠤᠭᠰᠠᠨ ᠲᠣᠭ᠎ᠠ᠂  ᠣᠷᠣᠭᠤᠯᠬᠤ᠎ᠪᠠᠷ ᠭᠤᠶᠤᠴᠢᠯᠠᠭᠰᠠᠨ ᠲᠣᠭ᠎ᠠ᠂  ᠪᠣᠳᠠᠲᠠᠢ ᠰᠣᠯᠢᠵᠤ ᠥᠭᠭᠦᠭᠰᠡᠨ ᠲᠣᠭ᠎ᠠ᠂  ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠲᠠᠪᠴᠠᠩ᠎ᠤᠨ ᠢᠵᠢ ᠲᠣᠭ᠎ᠠ ᠵᠡᠷᠭᠡ ᠵᠢ ᠪᠠᠭᠲᠠᠭ᠋ᠠᠨ᠎ᠠ)᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ  ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠶᠠᠯᠠᠩ ᠮᠠᠯ ᠠᠵᠤ ᠠᠬᠤᠢ ᠵᠢᠨ ᠮᠠᠰᠢᠨᠴᠢᠯᠠᠯᠲᠠ ᠵᠢᠨ ᠬᠠᠮᠢᠶᠠᠷᠤᠯᠲᠠ ᠵᠢᠨ ᠲᠣᠪᠴᠢᠶ᠎ᠠ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠬᠢ ᠪᠠᠶᠠᠯᠢᠭ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠭᠠᠵᠠᠷ᠂ ᠡᠳ᠋᠎ᠤᠨ ᠵᠠᠰᠠᠭ᠎ᠤᠨ ᠲᠢᠩᠬᠢᠮ᠎ᠤᠨ ᠲᠠᠷᠢᠶᠠᠯᠠᠩ ᠮᠠᠯ ᠠᠵᠤ ᠠᠬᠤᠢ ᠵᠢᠨ ᠭᠠᠵᠠᠷ᠎ᠲᠤ ᠮᠡᠳᠡᠭᠦᠯᠦᠨ  ᠬᠦᠷᠭᠡᠬᠦ ᠬᠡᠷᠡᠭᠳᠡᠢ᠃

      ᠬᠠᠷᠢᠯᠴᠠᠬᠤ ᠬᠥᠮᠥᠨ᠄

      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ    ᠲᠢᠶᠠᠨ ᠸᠸᠨ ᠬᠤᠤ  0471—6652284

      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ    ᠵᠦ᠍ ᠳ᠋ᠡ ᠸᠧᠢ 0471—6659279

      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ   ᠮᠧᠩ ᠺᠧ 0471—4193189

      ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ   ᠯᠢᠦ ᠯᠢ ᠵᠢᠶᠦ᠋ᠨ 0471—6946449

      ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠬᠤ  ᠨᠥᠬᠥᠪᠦᠷᠢ ᠵᠢᠨ ᠲᠣᠭ᠎ᠠ ᠵᠢᠨ ᠨᠠᠷᠢᠨ ᠬᠦᠰᠦᠨᠦᠭᠲᠦ (2025 ᠣᠨ᠎ᠳᠤ ᠰᠢᠨ᠎ᠡ᠎ᠪᠠᠷ  ᠨᠡᠮᠡᠭᠳᠡᠭᠰᠡᠨ) 

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠮᠠᠰᠢᠨ᠎ᠤ ᠬᠡᠷᠡᠭᠯᠡᠭᠡᠨ᠎ᠠᠴᠠ  ᠭᠠᠷᠭ᠋ᠠᠬᠤ  ᠨᠥᠬᠥᠪᠦᠷᠢ ᠵᠢᠨ ᠲᠣᠭ᠎ᠠ ᠵᠢᠨ ᠨᠠᠷᠢᠨ ᠬᠦᠰᠦᠨᠦᠭᠲᠦ (ᠰᠢᠨ᠎ᠡ᠎ᠪᠠᠷ ᠨᠡᠮᠡᠭᠳᠡᠭᠰᠡᠨ) ᠵᠢᠨ ᠬᠡᠰᠡᠭ ᠮᠠᠰᠢᠨ᠎ᠤ ᠬᠡᠯᠪᠡᠷᠢ ᠵᠢᠨ ᠰᠢᠨ᠎ᠡ᠎ᠪᠠᠷ ᠨᠡᠮᠡᠭᠳᠡᠭᠰᠡᠨ ᠲᠠᠰ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            