ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠪᠠᠶᠠᠨᠨᠠᠭᠤᠷ ᠬᠣᠲᠠ ᠵᠢᠨ ᠠᠲᠠᠷ ᠬᠠᠭ᠋ᠠᠯᠪᠤᠷᠢᠯᠠᠯᠲᠠ (ᠪᠦᠯᠦᠭᠯᠡᠯ) ᠵᠢᠨ ᠬᠢᠵᠠᠭ᠋ᠠᠷᠲᠤ ᠺᠣᠮᠫᠠᠨᠢ᠂ ᠬᠥᠯᠥᠨ ᠪᠣᠶ᠋ᠢᠷ᠎ᠤᠨ ᠠᠲᠠᠷ ᠬᠠᠭ᠋ᠠᠯᠪᠤᠷᠢᠯᠠᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠬᠢᠩᠭ᠋ᠠᠨ ᠠᠢ᠌ᠮᠠᠭ᠎ᠤᠨ ᠠᠲᠠᠷ ᠬᠠᠭ᠋ᠠᠯᠪᠤᠷᠢᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ᠄
《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ 2025 ᠣᠨ᠎ᠤ ᠡᠭᠡᠯᠵᠢᠯᠡᠨ ᠳᠠᠷᠢᠬᠤ ᠪᠠ ᠥᠨᠵᠢᠭᠦᠯᠦᠨ ᠳᠠᠷᠢᠬᠤ᠂ ᠰᠢᠯᠢᠮᠳᠡᠭ᠎ᠤᠨ ᠦᠢ᠍ᠯᠡᠳᠪᠦᠷᠢᠯᠡᠯ ᠪᠠ ᠪᠦᠰᠡᠯᠢᠭ ᠨᠡᠢ᠌ᠯᠡᠮᠡᠯ ᠳᠠᠷᠢᠵᠤ ᠳᠡᠯᠭᠡᠷᠡᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠲᠠᠷᠢᠶᠠᠯᠠᠩ ᠠᠯᠪᠠᠨ ᠲᠠᠷᠢᠶᠠᠯᠠᠩ [2025]
13 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠤᠨ ᠡᠭᠡᠯᠵᠢᠯᠡᠨ ᠳᠠᠷᠢᠬᠤ ᠠᠵᠢᠯ᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠪᠠ᠂ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠰᠠᠢ᠌ᠲᠤᠷ ᠠᠳᠬᠤᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠳᠤᠭ᠋ᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
2025 ᠣᠨ᠎ᠤ 5 ᠰᠠᠷ᠎ᠠ ᠵᠢᠨ 14᠎ᠤ ᠡᠳᠦᠷ