ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ ᠲᠤᠰᠬᠠᠢ ᠮᠡᠷᠭᠡᠵᠢᠯᠲᠡᠨ᠎ᠢ ᠡᠯᠰᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-06-10

ᠡᠯ᠎ᠡ ᠬᠠᠮᠢᠶ᠎ᠠ ᠪᠦᠬᠦᠢ ᠨᠢᠭᠡᠴᠡ᠎ᠳᠤ᠄

      ᠲᠠᠷᠢᠶᠠᠨ  ᠭᠠᠵᠠᠷ᠎ᠤᠨ  ᠬᠠᠮᠠᠭ᠋ᠠᠯᠠᠯᠲᠠ ᠵᠢ  ᠴᠢᠩᠭ᠋ᠠᠳᠬᠠᠬᠤ ᠵᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂  ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂  ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠵᠢᠴᠢ  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ  ᠰᠢᠯᠭ᠋ᠠᠨ ᠠᠪᠬᠤ  ᠵᠡᠷᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠲᠡᠭᠦᠯᠳᠡᠷᠵᠢᠭᠦᠯᠵᠦ᠂  ᠲᠤᠰᠬᠠᠢ ᠮᠡᠷᠭᠡᠵᠢᠯᠲᠡᠨ᠎ᠤ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂  ᠨᠥᠬᠥᠪᠦᠷᠢ ᠲᠠᠷᠢᠶᠠᠨ ᠭᠠᠵᠠᠷ᠎ᠤᠨ  ᠶᠠᠰᠤ ᠴᠢᠨᠠᠷ᠎ᠢ  ᠰᠢᠯᠭ᠋ᠠᠨ ᠠᠪᠬᠤ ᠵᠢ  ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠤᠨ  ᠥᠷᠨᠢᠭᠦᠯᠬᠦ ᠵᠢᠨ ᠲᠤᠰᠠᠳᠠ᠂  ᠪᠥᠬᠥ ᠨᠡᠢ᠌ᠭᠡᠮ᠎ᠠᠴᠠ ᠨᠢᠭᠡ ᠪᠦᠯᠦᠭ  ᠨᠥᠬᠥᠪᠦᠷᠢ ᠲᠠᠷᠢᠶᠠᠨ ᠭᠠᠵᠠᠷ᠎ᠤᠨ  ᠶᠠᠰᠤ ᠴᠢᠨᠠᠷ᠎ᠢ ᠰᠢᠯᠭ᠋ᠠᠨ ᠠᠪᠬᠤ  ᠥᠪᠡᠷᠲᠡᠭᠡᠨ ᠵᠠᠰᠠᠬᠤ ᠣᠷᠣᠨ᠎ᠤ  ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠢ ᠢᠯᠡ᠎ᠪᠠᠷ  ᠡᠯᠰᠡᠬᠦ᠎ᠪᠠᠷ  ᠲᠤᠭᠳᠠᠪᠠ᠃  ᠬᠠᠮᠢᠶ᠎ᠠ ᠪᠦᠬᠦᠢ ᠨᠢᠭᠡᠴᠡ᠎ᠨᠦᠭᠦᠳ  ᠲᠣᠰ ᠨᠢᠭᠡᠴᠡ ᠪᠤᠶᠤ ᠲᠣᠰ ᠰᠢᠰᠲ᠋ᠧᠮ᠎ᠤᠨ ᠵᠶ᠋ᠡᠨ ᠨᠥᠬᠥᠴᠡᠯ᠎ᠳᠤ ᠨᠡᠢ᠌ᠴᠡᠬᠦ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠢᠳᠡᠪᠬᠢᠲᠡᠢ ᠭᠤᠶᠤᠴᠢᠯᠠᠨ  ᠮᠡᠳᠡᠭᠦᠯᠦᠭᠡᠷᠡᠢ᠂  ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃ 

      ᠨᠢᠭᠡ᠂  ᠲᠤᠰᠬᠠᠢ ᠮᠡᠷᠭᠡᠵᠢᠯᠲᠡᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ

      (ᠨᠢᠭᠡ)  ᠥᠪᠡᠷᠲᠡᠭᠡᠨ ᠵᠠᠰᠠᠬᠤ ᠣᠷᠣᠨ᠎ᠤ  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ᠎ᠳᠤ  ᠬᠡᠷᠡᠭᠵᠢᠭᠦᠯᠬᠦ ᠨᠠᠷᠢᠨ ᠳᠦᠷᠢᠮ᠂  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠮᠡᠷᠭᠡᠵᠢᠯ᠎ᠤᠨ ᠳᠦᠷᠢᠮ ᠵᠡᠷᠭᠡ ᠵᠢ ᠲᠣᠭᠲᠠᠭ᠋ᠠᠬᠤ᠎ᠳᠤ ᠣᠷᠣᠯᠴᠠᠵᠤ᠂  ᠮᠤᠵᠢ ᠵᠢᠨ ᠱᠠᠲᠤᠨ᠎ᠤ ᠲᠠᠰ᠎ᠤᠨ  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠳᠦᠷᠢᠮ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠭ᠎ᠠ ᠵᠢᠨ ᠦᠢ᠍ᠯᠡᠴᠢᠯᠡᠭᠡ  ᠬᠠᠩᠭ᠋ᠠᠨ᠎ᠠ᠃ 

      (ᠬᠣᠶᠠᠷ)  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠬᠣᠰᠢᠭᠤ ᠰᠢᠶᠠᠨ᠎ᠤ ᠠᠩᠬᠠᠨ᠎ᠤ ᠰᠢᠯᠭ᠋ᠠᠯᠲᠠ᠂  ᠠᠢ᠌ᠮᠠᠭ ᠬᠣᠲᠠ ᠵᠢᠨ ᠰᠢᠯᠭ᠋ᠠᠨ ᠠᠪᠬᠤ᠂  ᠥᠪᠡᠷᠲᠡᠭᠡᠨ ᠵᠠᠰᠠᠬᠤ ᠣᠷᠣᠨ᠎ᠤ ᠳᠠᠬᠢᠨ ᠬᠢᠨᠠᠬᠤ ᠳᠤᠮᠳᠠᠬᠢ ᠲᠤᠬᠠᠢ ᠵᠢᠨ ᠲᠠᠯᠠᠪᠤᠷ᠎ᠲᠤ ᠬᠠᠢ᠌ᠨ ᠰᠢᠨᠵᠢᠬᠦ᠂  ᠶᠠᠰᠤ ᠴᠢᠨᠠᠷ᠎ᠢ ᠦᠨᠡᠯᠡᠬᠦ ᠪᠠ ᠮᠡᠳᠡᠭᠦᠯᠦᠯᠲᠡ ᠵᠢ ᠬᠢᠨᠠᠨ ᠬᠠᠷᠭᠤᠭᠤᠯᠬᠤ ᠵᠡᠷᠭᠡ ᠠᠵᠢᠯ᠎ᠢ ᠡᠭᠦᠷᠭᠡᠯᠡᠨ᠎ᠡ᠃ 

      (ᠭᠤᠷᠪᠠ)  ᠥᠪᠡᠷᠲᠡᠭᠡᠨ ᠵᠠᠰᠠᠬᠤ ᠣᠷᠣᠨ᠎ᠤ  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠠᠵᠢᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠂  ᠮᠡᠷᠭᠡᠵᠢᠯ᠎ᠤᠨ  ᠪᠣᠯᠪᠠᠰᠤᠷᠠᠯ ᠬᠢᠬᠦ ᠪᠠ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠬᠢᠬᠦ᠎ᠳᠤ ᠣᠷᠣᠯᠴᠠᠨ᠎ᠠ᠃ 

      (ᠳᠥᠷᠪᠡ)  ᠥᠪᠡᠷᠲᠡᠭᠡᠨ ᠵᠠᠰᠠᠬᠤ ᠣᠷᠣᠨ᠎ᠤ  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ 

      ᠬᠣᠶᠠᠷ᠂  ᠲᠤᠰᠬᠠᠢ ᠮᠡᠷᠭᠡᠵᠢᠯᠲᠡᠨ᠎ᠤ ᠲᠠᠨᠢᠯᠴᠠᠭᠤᠯᠬᠤ ᠨᠥᠬᠥᠴᠡᠯ

      (ᠨᠢᠭᠡ)  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂  ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠵᠤ᠂  ᠰᠠᠢ᠌ᠨ ᠰᠠᠢ᠌ᠬᠠᠨ ᠲᠤᠬᠠᠢ᠌ᠯᠠᠭᠰᠠᠨ ᠠᠵᠢᠯ᠎ᠤᠨ ᠶᠣᠰᠣ ᠮᠣᠷᠠᠯ᠎ᠲᠠᠢ ᠪᠠᠢ᠌ᠵᠤ᠂  ᠵᠠᠷᠴᠢᠮ᠎ᠢ ᠪᠠᠷᠢᠮᠲᠠᠯᠠᠨ᠂  ᠠᠵᠢᠯ ᠶᠠᠪᠤᠳᠠᠯ ᠰᠢᠢ᠍ᠳᠪᠦᠷᠢᠯᠡᠬᠦ᠎ᠳᠡᠭᠡᠨ ᠲᠥᠪ ᠭᠣᠣᠯᠴᠢ᠂  ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂  ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠬᠡᠷᠡᠭᠲᠡᠢ᠃ 

      (ᠬᠣᠶᠠᠷ)  ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠠᠬᠤᠢ ᠪᠠᠢ᠌ᠳᠠᠯ (ᠬᠥᠷᠥᠰᠥ ᠰᠢᠷᠣᠢ ᠵᠢᠨ ᠤᠬᠠᠭ᠋ᠠᠨ᠂  ᠠᠮᠢ ᠠᠬᠤᠢ ᠵᠢᠨ ᠤᠬᠠᠭ᠋ᠠᠨ᠂  ᠤᠷᠭᠤᠮᠠᠯ᠎ᠤᠨ ᠰᠢᠮ᠎ᠡ ᠲᠡᠵᠢᠭᠡᠯ᠎ᠤᠨ ᠤᠬᠠᠭ᠋ᠠᠨ᠂  ᠭᠠᠵᠠᠷ ᠰᠢᠷᠣᠢ ᠵᠢᠨ ᠡᠬᠢ ᠪᠠᠶᠠᠯᠢᠭ᠎ᠤᠨ ᠬᠠᠮᠢᠶᠠᠷᠤᠯᠲᠠ᠂  ᠭᠠᠵᠠᠷ ᠵᠦᠢ ᠵᠢᠨ ᠮᠡᠳᠡᠭᠡ ᠵᠠᠩᠭᠢ ᠵᠢᠨ ᠰᠢᠰᠲ᠋ᠧᠮ᠂  ᠭᠠᠵᠠᠷ ᠰᠢᠷᠣᠢ ᠵᠢ ᠴᠡᠭᠴᠡᠯᠡᠨ ᠵᠠᠰᠠᠬᠤ ᠢᠨᠵᠧᠨᠧᠷᠢᠩ᠂  ᠲᠠᠷᠢᠶᠠᠯᠠᠩ᠎ᠤᠨ ᠡᠬᠢ ᠪᠠᠶᠠᠯᠢᠭ ᠬᠢᠭᠡᠳ ᠣᠷᠴᠢᠨ ᠲᠣᠭᠣᠷᠢᠨ᠂  ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠂  ᠭᠠᠵᠠᠷ ᠵᠦᠢ ᠵᠢᠨ ᠰᠢᠨᠵᠢᠯᠡᠬᠦ ᠤᠬᠠᠭ᠋ᠠᠨ᠂  ᠣᠷᠴᠢᠨ ᠲᠣᠭᠣᠷᠢᠨ᠎ᠤ ᠢᠨᠵᠧᠨᠧᠷᠢᠩ᠂  ᠵᠠᠳᠠᠯᠤᠯᠲᠠ ᠵᠢᠨ ᠬᠢᠮᠢ᠎ᠤᠨ  ᠤᠬᠠᠭ᠋ᠠᠨ ᠵᠡᠷᠭᠡ)᠎ᠢ ᠪᠦᠷᠢᠳᠦᠭᠦᠯᠦᠭᠰᠡᠨ ᠮᠥᠷᠲᠡᠭᠡᠨ ᠲᠣᠰ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ᠎ᠳᠤ 5 ᠵᠢᠯ᠎ᠠᠴᠠ ᠳᠡᠭᠡᠭᠰᠢ (ᠪᠠᠭᠲᠠᠨ᠎ᠠ)᠎ᠠᠴᠠ ᠳᠡᠭᠡᠭᠰᠢ  ᠵᠠᠯᠭ᠋ᠠᠪᠠᠷ  ᠠᠵᠢᠯᠯᠠᠵᠤ᠂  ᠳᠡᠭᠡᠳᠦ ᠵᠡᠷᠭᠡ ᠵᠢᠨ ᠪᠠ ᠲᠡᠭᠦᠨ᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ᠎ᠲᠠᠢ ᠪᠠᠢ᠌ᠬᠤ ᠬᠡᠷᠡᠭᠲᠡᠢ᠃ 

      (ᠭᠤᠷᠪᠠ)  ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂  ᠮᠡᠷᠭᠡᠵᠢᠯ᠎ᠤᠨ ᠪᠠᠷᠢᠮᠵᠢᠶ᠎ᠠ ᠵᠢ ᠰᠠᠢ᠌ᠨ ᠮᠡᠳᠡᠵᠦ᠂  ᠱᠠᠭ᠋ᠠᠷᠳᠠᠯᠭ᠎ᠠ ᠶᠣᠰᠣᠭ᠋ᠠᠷ ᠬᠢᠨᠠᠨ ᠲᠣᠭᠲᠠᠭ᠋ᠠᠬᠤ᠂  ᠠᠰᠠᠭᠤᠨ ᠯᠠᠪᠯᠠᠬᠤ᠂  ᠪᠠᠢ᠌ᠴᠠᠭ᠋ᠠᠬᠤ᠂  ᠰᠢᠯᠭ᠋ᠠᠨ ᠠᠪᠬᠤ ᠵᠡᠷᠭᠡ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂  ᠪᠡᠶ᠎ᠡ ᠮᠠᠬᠠᠪᠤᠳ ᠡᠷᠡᠭᠦᠯ ᠴᠢᠭᠢᠷᠠᠭ᠂  ᠬᠠᠮᠢᠶ᠎ᠠ ᠪᠦᠬᠦᠢ ᠠᠵᠢᠯ᠎ᠳᠤ ᠣᠷᠣᠯᠴᠠᠬᠤ ᠴᠠᠭ ᠪᠠ ᠣᠶᠤᠨ ᠴᠢᠳᠠᠯ᠎ᠲᠠᠢ ᠪᠠᠢ᠌ᠬᠤ ᠬᠡᠷᠡᠭᠲᠡᠢ᠃  

      (ᠳᠥᠷᠪᠡ)  ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ ᠵᠢᠨ ᠲᠡᠮᠳᠡᠭᠯᠡᠯ  ᠦᠭᠡᠢ᠂  ᠬᠠᠤᠯᠢ ᠵᠢ ᠵᠥᠷᠢᠴᠡᠭᠰᠡᠨ ᠠᠵᠢᠯᠯᠠᠭ᠎ᠠ᠎ᠠᠴᠠ ᠪᠣᠯᠵᠤ ᠵᠠᠰᠠᠭ ᠵᠠᠬᠢᠷᠭ᠋ᠠᠨ᠎ᠤ  ᠰᠢᠢ᠍ᠳᠬᠡᠯ ᠣᠯᠣᠭᠰᠠᠨ ᠦᠭᠡᠢ; ᠤᠯᠤᠰ᠎ᠤᠨ ᠡᠯ᠎ᠡ ᠰᠠᠯᠠᠭ᠎ᠠ ᠮᠥᠴᠢᠷ ᠪᠤᠶᠤ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠠᠭ᠋ᠠᠭ᠋ᠠᠴᠢᠯᠠᠯᠲᠠ ᠰᠢᠯᠭ᠋ᠠᠷᠠᠭᠤᠯᠬᠤ (ᠬᠢᠨᠠᠨ ᠲᠣᠭᠲᠠᠭ᠋ᠠᠬᠤ)  ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠨᠡᠷ᠎ᠡ ᠵᠢ᠎ᠨᠢ ᠬᠠᠰᠤᠭᠰᠠᠨ ᠦᠭᠡᠢ᠂  ᠤᠷᠢᠬᠤ᠎ᠪᠠᠨ ᠪᠣᠯᠢᠭᠰᠠᠨ ᠪᠤᠶᠤ ᠢᠯᠭ᠋ᠠᠷᠠᠭᠤᠯᠤᠨ ᠪᠤᠴᠠᠭ᠋ᠠᠭᠰᠠᠨ ᠦᠭᠡᠢ; ᠨᠠᠮ ᠵᠠᠰᠠᠭ᠎ᠤᠨ ᠪᠠᠢ᠌ᠭᠤᠯᠭ᠎ᠠ᠂  ᠠᠵᠢᠯ ᠦᠢ᠍ᠯᠡᠰ᠎ᠤᠨ  ᠨᠢᠭᠡᠴᠡ᠂  ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠪᠤᠶᠤ ᠡᠷᠳᠡᠮ ᠰᠢᠨᠵᠢᠯᠡᠭᠡᠨ᠎ᠤ ᠪᠠᠢ᠌ᠭᠤᠯᠤᠮᠵᠢ᠎ᠳᠤ ᠲᠤᠰᠢᠶᠠᠯ ᠡᠭᠦᠷᠭᠡᠯᠡᠵᠦ ᠪᠠᠢ᠌ᠬᠤ ᠬᠤᠭᠤᠴᠠᠭ᠋ᠠᠨ᠎ᠳᠠᠭᠠᠨ ᠰᠠᠬᠢᠯᠭ᠎ᠠ ᠪᠠᠲᠤ ᠳᠦᠷᠢᠮ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠤ ᠨᠠᠮ᠎ᠤᠨ ᠰᠠᠬᠢᠯᠭ᠎ᠠ ᠪᠠᠲᠤ᠂  ᠵᠠᠰᠠᠭ᠎ᠤᠨ ᠰᠠᠬᠢᠯᠭ᠎ᠠ ᠪᠠᠲᠤ ᠵᠢᠨ  ᠰᠢᠢ᠍ᠳᠬᠡᠯ (ᠵᠢᠱ᠌ᠢᠶᠡᠯᠡᠪᠡᠯ ᠣᠰᠣᠯ ᠲᠡᠮᠳᠡᠭᠯᠡᠬᠦ᠂  ᠲᠠᠰ ᠪᠠᠭᠤᠷᠠᠭᠤᠯᠬᠤ᠂  ᠲᠤᠰᠢᠶᠠᠯ᠎ᠠᠴᠠ᠎ᠨᠢ ᠤᠭᠴᠠᠷᠠᠭᠤᠯᠬᠤ ᠵᠡᠷᠭᠡ)  ᠣᠯᠣᠭᠰᠠᠨ ᠦᠭᠡᠢ; ᠡᠷᠳᠡᠮ ᠰᠢᠨᠵᠢᠯᠡᠭᠡᠨ᠎ᠤ ᠬᠦᠷᠢᠶᠡᠨ᠎ᠳᠤ ᠡᠷᠳᠡᠮ ᠰᠢᠨᠵᠢᠯᠡᠭᠡᠨ᠎ᠤ ᠲᠥᠪ ᠪᠤᠰᠤ ᠠᠵᠢᠯᠯᠠᠭ᠎ᠠ (ᠵᠢᠱ᠌ᠢᠶᠡᠯᠡᠪᠡᠯ ᠬᠠᠭᠤᠯᠬᠤ᠂  ᠬᠠᠭᠤᠷᠮᠠᠭᠯᠠᠬᠤ᠂  ᠬᠤᠯᠠᠭ᠋ᠠᠢ᠌ᠯᠠᠬᠤ ᠵᠡᠷᠭᠡ)  ᠪᠠᠢ᠌ᠬᠤ ᠦᠭᠡᠢ; ᠢᠲᠡᠭᠡᠯ ᠠᠯᠳᠠᠭᠰᠠᠨ ᠭᠦᠢ᠍ᠴᠡᠳᠬᠡᠭᠳᠡᠭᠴᠢ᠎ᠳᠤ ᠵᠢᠭᠰᠠᠭ᠋ᠠᠭᠳᠠᠭᠰᠠᠨ ᠦᠭᠡᠢ ᠪᠤᠶᠤ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ᠎ᠲᠤ ᠵᠢᠭᠰᠠᠭ᠋ᠠᠭᠳᠠᠭᠰᠠᠨ ᠦᠭᠡᠢ  ᠪᠠᠢ᠌ᠬᠤ ᠬᠡᠷᠡᠭᠲᠡᠢ᠃ 

      (ᠲᠠᠪᠤ)  ᠡᠩ᠎ᠤᠨ ᠪᠠᠢ᠌ᠳᠠᠯ᠎ᠳᠤ ᠪᠦᠬᠦᠯᠢ 65 ᠨᠠᠰᠤᠨ᠎ᠠᠴᠠ ᠬᠡᠲᠦᠷᠡᠬᠦ ᠦᠭᠡᠢ᠂  ᠡᠷᠡᠭᠦᠯ ᠮᠡᠨᠳᠦ ᠵᠢᠨ

ᠪᠠᠢ᠌ᠳᠠᠯ᠎ᠨᠢ ᠰᠠᠢ᠌ᠨ ᠪᠠᠢ᠌ᠵᠤ᠂  ᠰᠢᠯᠭ᠋ᠠᠨ ᠬᠤᠷᠢᠶᠠᠵᠤ ᠦᠨᠡᠯᠡᠬᠦ ᠠᠵᠢᠯ᠎ᠳᠤ ᠬᠡᠪ᠎ᠤᠨ ᠪᠠᠢ᠌ᠳᠠᠯ ᠵᠶ᠋ᠠᠷ ᠣᠷᠣᠯᠴᠠᠬᠤ ᠵᠢ ᠪᠠᠲᠤᠯᠠᠵᠤ  ᠳᠡᠢ᠌ᠯᠬᠦ ᠬᠡᠷᠡᠭᠲᠡᠢ᠃ 

      (ᠵᠢᠷᠭᠤᠭ᠎ᠠ)  ᠠᠯᠪᠠᠲᠠᠨ ᠪᠤᠰᠤ᠃ 

      ᠭᠤᠷᠪᠠ᠂  ᠲᠠᠨᠢᠯᠴᠠᠭᠤᠯᠬᠤ ᠲᠠᠰ ᠳᠠᠷᠠᠭ᠋ᠠᠯᠠᠯ ᠵᠢᠴᠢ ᠬᠠᠮᠢᠶᠠᠷᠤᠯᠲᠠ

      ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠶ᠋ᠢᠭᠤᠯᠬᠤ᠎ᠳᠤ 《ᠬᠤᠪᠢ ᠬᠥᠮᠥᠨ ᠭᠤᠶᠤᠴᠢᠯᠠᠬᠤ᠂  ᠨᠢᠭᠡᠴᠡ᠎ᠠᠴᠠ ᠲᠠᠨᠢᠯᠴᠠᠭᠤᠯᠬᠤ᠂  ᠠᠳᠠᠯᠢᠳᠬᠠᠨ ᠰᠣᠩᠭᠣᠵᠤ ᠲᠣᠭᠲᠠᠭ᠋ᠠᠬᠤ᠂  ᠬᠥᠳᠡᠯᠦᠩᠭᠦᠢ᠎ᠪᠠᠷ ᠬᠠᠮᠢᠶᠠᠷᠬᠤ》  ᠵᠠᠷᠴᠢᠮ ᠶᠣᠰᠣᠭ᠋ᠠᠷ ᠥᠷᠨᠢᠭᠦᠯᠦᠨ᠎ᠡ᠃ 

      (ᠨᠢᠭᠡ)  ᠨᠥᠬᠥᠴᠡᠯ᠎ᠳᠤ ᠨᠡᠢ᠌ᠴᠡᠬᠦ ᠮᠥᠷᠲᠡᠭᠡᠨ ᠣᠷᠣᠯᠴᠠᠬᠤ ᠰᠠᠨᠠᠭ᠎ᠠ᠎ᠲᠠᠢ ᠲᠤᠰᠬᠠᠢ ᠮᠡᠷᠭᠡᠵᠢᠯᠲᠡᠨ ᠪᠦᠬᠦᠨ ᠴᠥᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠮᠤᠵᠢ ᠵᠢᠨ  ᠳᠡᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠬᠤ᠎ᠪᠠᠷ ᠨᠡᠷ᠎ᠡ ᠮᠡᠳᠡᠭᠦᠯᠦᠨ ᠭᠤᠶᠤᠴᠢᠯᠠᠵᠤ ᠪᠣᠯᠬᠤ ᠪᠥᠭᠡᠳ 《ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠎ᠳᠤ  ᠣᠷᠣᠭᠤᠯᠬᠤ  ᠲᠤᠰᠬᠠᠢ ᠮᠡᠷᠭᠡᠵᠢᠯᠲᠡᠨ᠎ᠤ ᠭᠤᠶᠤᠴᠢᠯᠠᠯ᠎ᠤᠨ ᠬᠦᠰᠦᠨᠦᠭᠲᠦ》 (ᠳᠠᠭ᠋ᠠᠯᠳᠤᠭᠤᠯᠤᠯ 1) ᠵᠢ ᠦᠨᠡᠨ ᠮᠥᠨ ᠵᠶ᠋ᠡᠷ ᠲᠠᠭᠯᠠᠨ ᠮᠡᠳᠡᠭᠦᠯᠵᠦ᠂  ᠪᠠᠢ᠌ᠭ᠎ᠠ ᠨᠢᠭᠡᠴᠡ᠎ᠳᠡᠭᠡᠨ ᠲᠤᠰᠢᠶᠠᠨ᠎ᠠ᠃ 

      (ᠬᠣᠶᠠᠷ)  ᠡᠯ᠎ᠡ ᠨᠢᠭᠡᠴᠡ ᠵᠢᠨ᠎ᠬᠢᠨ ᠲᠤᠰᠬᠠᠢ ᠮᠡᠷᠭᠡᠵᠢᠯᠲᠡᠨ᠎ᠤ ᠲᠠᠨᠢᠯᠴᠠᠭᠤᠯᠤᠭᠰᠠᠨ ᠨᠥᠬᠥᠴᠡᠯ᠎ᠲᠠᠢ ᠬᠠᠷᠢᠴᠠᠭᠤᠯᠤᠨ᠂  ᠲᠤᠰ ᠨᠢᠭᠡᠴᠡ ᠵᠢᠨ ᠲᠤᠰᠬᠠᠢ ᠮᠡᠷᠭᠡᠵᠢᠯᠲᠡᠨ᠎ᠤ ᠲᠤᠰᠢᠶᠠᠭᠰᠠᠨ 《ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ ᠲᠤᠰᠬᠠᠢ ᠮᠡᠷᠭᠡᠵᠢᠯᠲᠡᠨ᠎ᠤ ᠭᠤᠶᠤᠴᠢᠯᠠᠯ᠎ᠤᠨ ᠬᠦᠰᠦᠨᠦᠭᠲᠦ》 ᠵᠢ ᠬᠢᠨᠠᠨ ᠬᠠᠷᠭᠤᠭᠤᠯᠵᠤ᠂ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠵᠢᠨ ᠬᠠᠮᠲᠤ᠂ 《ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ  ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ  ᠣᠷᠣᠭᠤᠯᠬᠤ ᠲᠤᠰᠬᠠᠢ ᠮᠡᠷᠭᠡᠵᠢᠯᠲᠡᠨ᠎ᠤ ᠲᠠᠨᠢᠯᠴᠠᠭᠤᠯᠤᠭᠰᠠᠨ ᠬᠤᠷᠢᠶᠠᠩᠭᠤᠢ ᠬᠦᠰᠦᠨᠦᠭᠲᠦ》 (ᠳᠠᠭ᠋ᠠᠯᠳᠤᠭᠤᠯᠤᠯ 2) ᠵᠢ ᠲᠠᠭᠯᠠᠨ ᠪᠢᠴᠢᠬᠦ ᠵᠢᠨ ᠬᠠᠮᠲᠤ 6 ᠰᠠᠷ᠎ᠠ ᠵᠢᠨ 20᠎ᠤ ᠡᠳᠦᠷ᠎ᠠᠴᠠ ᠡᠮᠦᠨ᠎ᠡ ᠳᠠᠭ᠋ᠠᠯᠳᠤᠭᠤᠯᠤᠯ 1᠂  ᠳᠠᠭ᠋ᠠᠯᠳᠤᠭᠤᠯᠤᠯ 2 (ᠲᠠᠮᠠᠭ᠎ᠠ᠎ᠲᠠᠢ ᠡᠯᠧᠺᠲᠷᠣᠨ ᠬᠡᠪᠯᠡᠯ ᠵᠢᠴᠢ word ᠬᠡᠪᠯᠡᠯ)᠎ᠢ

ᠬᠠᠮᠲᠤ᠎ᠳᠤᠨᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠬᠦ ᠬᠡᠷᠡᠭᠲᠡᠢ᠃ 

      (ᠭᠤᠷᠪᠠ)  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠬᠠᠮᠢᠶ᠎ᠠ ᠪᠦᠬᠦᠢ ᠨᠢᠭᠡᠴᠡ᠎ᠠᠴᠠ ᠲᠤᠰᠬᠠᠢ ᠮᠡᠷᠭᠡᠵᠢᠯᠲᠡᠨ ᠰᠣᠩᠭᠣᠵᠤ᠂  ᠠᠳᠠᠯᠢᠳᠬᠠᠨ ᠰᠣᠩᠭᠣᠬᠤ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂  ᠡᠯ᠎ᠡ ᠨᠢᠭᠡᠴᠡ ᠵᠢᠨ ᠲᠠᠨᠢᠯᠴᠠᠭᠤᠯᠤᠭᠰᠠᠨ ᠲᠤᠰᠬᠠᠢ ᠮᠡᠷᠭᠡᠵᠢᠯᠲᠡᠨ᠎ᠢ ᠨᠠᠷᠢᠨ ᠬᠢᠨᠠᠮᠠᠭ᠋ᠠᠢ ᠠᠳᠠᠯᠢᠳᠬᠠᠨ ᠰᠣᠩᠭᠣᠬᠤ (ᠠᠳᠠᠯᠢᠳᠬᠠᠨ ᠰᠣᠩᠭᠣᠬᠤ ᠳᠦᠷᠢᠮ ᠵᠢᠴᠢ ᠬᠥᠮᠥᠷᠭᠡ᠎ᠳᠤ ᠣᠷᠣᠭᠤᠯᠬᠤ ᠣᠷᠣᠨ ᠲᠣᠭ᠎ᠠ ᠵᠢ ᠠᠳᠠᠯᠢᠳᠬᠠᠨ ᠰᠣᠩᠭᠣᠬᠤ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠠᠴᠠ ᠨᠡᠷ᠎ᠡ ᠮᠡᠳᠡᠭᠦᠯᠦᠭᠰᠡᠨ ᠪᠠᠢ᠌ᠳᠠᠯ᠎ᠢ ᠦᠨᠳᠦᠰᠦᠯᠡᠨ ᠠᠰ᠎ᠲᠤᠨᠢ ᠲᠣᠭᠲᠠᠭ᠋ᠠᠨ᠎ᠠ)᠂  ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠤ ᠠᠩᠬᠠᠨ᠎ᠤ ᠨᠡᠷᠡᠰ᠎ᠢ ᠳᠤᠷᠠᠳᠬᠤ ᠵᠢᠨ ᠬᠠᠮᠲᠤ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠰᠦᠯᠵᠢᠶᠡᠨ ᠥᠷᠲᠡᠭᠡ᠎ᠳᠤ 5 ᠡᠳᠦᠷ ᠢᠯᠡ ᠨᠡᠢ᠌ᠲᠡᠯᠡᠵᠦ᠂  ᠢᠯᠡ ᠨᠡᠢ᠌ᠲᠡᠯᠡᠵᠦ ᠳᠠᠭᠤᠰᠤᠭᠰᠠᠨ᠎ᠤ ᠳᠠᠷᠠᠭ᠎ᠠ᠂  ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠤ ᠡᠴᠦᠰ᠎ᠤᠨ ᠨᠡᠷᠡᠰ᠎ᠢ ᠲᠣᠭᠲᠠᠭ᠋ᠠᠬᠤ ᠵᠢᠨ ᠬᠠᠮᠲᠤ ᠠᠯᠪᠠᠨ ᠪᠢᠴᠢᠭ ᠵᠶ᠋ᠠᠷ  ᠨᠡᠢ᠌ᠲᠡᠯᠡᠨ᠎ᠡ᠃ 

      (ᠳᠥᠷᠪᠡ)  ᠨᠥᠬᠥᠪᠦᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠳᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠨ ᠬᠠᠷᠢᠭᠤᠴᠠᠯᠭ᠎ᠠ ᠨᠡᠬᠡᠮᠵᠢᠯᠡᠭᠰᠡᠨ᠂  ᠲᠠᠷᠢᠶᠠᠨ ᠭᠠᠵᠠᠷ᠎ᠤᠨ ᠶᠠᠰᠤ ᠴᠢᠨᠠᠷ᠎ᠢ ᠨᠥᠬᠥᠪᠦᠷᠢᠯᠡᠬᠦ ᠶᠠᠪᠤᠴᠠ᠎ᠳᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠠ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠭᠰᠡᠨ᠂  ᠪᠡᠶ᠎ᠡ ᠮᠠᠬᠠᠪᠤᠳ᠎ᠤᠨ ᠰᠢᠯᠲᠠᠭ᠋ᠠᠨ᠎ᠠᠴᠠ ᠪᠣᠯᠵᠤ ᠲᠤᠰᠢᠶᠠᠯ ᠵᠶ᠋ᠠᠨ ᠭᠦᠢ᠍ᠴᠡᠳᠬᠡᠵᠦ ᠳᠡᠶ᠋ᠢᠯᠬᠦ ᠦᠭᠡᠢ ᠪᠣᠯᠤᠭᠰᠠᠨ᠂  ᠰᠠᠨᠠᠭ᠋ᠠᠴᠢᠯᠠᠭ᠎ᠠ᠎ᠠᠴᠠ᠎ᠪᠠᠨ ᠤᠬᠤᠷᠢᠨ ᠭᠠᠷᠤᠭᠰᠠᠨ ᠵᠡᠷᠭᠡ ᠰᠢᠯᠲᠠᠭ᠋ᠠᠨ  ᠪᠠ ᠪᠤᠰᠤᠳ ᠰᠢᠯᠲᠠᠭ᠋ᠠᠨ᠎ᠠᠴᠠ ᠪᠣᠯᠵᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠲᠤᠰᠢᠶᠠᠯ᠎ᠢ ᠦᠷᠭᠦᠯᠵᠢᠯᠡᠨ ᠡᠭᠦᠷᠭᠡᠯᠡᠬᠦ᠎ᠳᠤ ᠲᠣᠬᠢᠷᠠᠮᠵᠢ ᠦᠭᠡᠢ ᠪᠠᠢ᠌ᠪᠠᠯ᠂  ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠬᠢᠷᠢ ᠬᠡᠮ᠎ᠢ ᠬᠦᠴᠦᠨ ᠦᠭᠡᠢ ᠪᠣᠯᠭ᠋ᠠᠬᠤ ᠵᠢᠨ ᠬᠠᠮᠲᠤ ᠨᠥᠬᠥᠴᠡᠯ᠎ᠳᠤ ᠨᠡᠢ᠌ᠴᠡᠬᠦ ᠪᠤᠰᠤᠳ ᠲᠤᠰᠬᠠᠢ ᠮᠡᠷᠭᠡᠵᠢᠯᠲᠡᠨ᠎ᠢ ᠴᠠᠭ᠎ᠲᠤᠨᠢ ᠲᠣᠬᠢᠷᠠᠭᠤᠯᠤᠨ ᠨᠥᠬᠥᠪᠦᠷᠢᠯᠡᠵᠦ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠤᠨ᠎ᠠ᠃ 

      ᠬᠠᠷᠢᠯᠴᠠᠬᠤ ᠬᠥᠮᠥᠨ᠄ ᠦ᠋ ᠶᠠᠨ

      ᠬᠠᠷᠢᠯᠴᠠᠬᠤ ᠤᠲᠠᠰᠤ᠄ 18648128238

      ᠢᠮᠸᠯ᠄ nmggdjc@163.com

      ᠳᠠᠭ᠋ᠠᠯᠳᠤᠭᠤᠯᠤᠯ 1

      ᠳᠠᠭ᠋ᠠᠯᠳᠤᠭᠤᠯᠤᠯ 2

 

                             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                             ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ  ᠲᠢᠩᠬᠢᠮ

                                                 2025 ᠣᠨ᠎ᠤ 6 ᠰᠠᠷ᠎ᠠ ᠵᠢᠨ 6᠎ᠤ  ᠡᠳᠦᠷ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            