ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠮᠠᠨᠵᠤᠤᠷ ᠬᠣᠲᠠ ᠵᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠷᠢᠶᠡᠨ ᠬᠣᠲᠠ ᠵᠢᠨ ᠲᠠᠷᠢᠶᠠᠯᠠᠩ ᠮᠠᠯ ᠠᠵᠤ ᠠᠬᠤᠢ ᠪᠠ ᠤᠰᠤᠨ᠎ᠤ ᠶᠠᠪᠤᠳᠠᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ᠄
ᠲᠡᠵᠢᠭᠡᠨ ᠦᠷᠡᠵᠢᠭᠦᠯᠬᠦ ᠭᠣᠣᠯ ᠴᠣᠭᠴᠠ ᠵᠢᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠵᠤ᠂ ᠦᠢ᠍ᠯᠡᠴᠢᠯᠡᠭᠡᠨ᠎ᠤ ᠭᠣᠣᠯ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠡᠷᠡᠭᠦᠯ ᠵᠶ᠋ᠡᠷ ᠦᠷᠭᠦᠯᠵᠢᠯᠡᠨ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠡᠳᠦᠭᠡ 《ᠪᠥᠬᠥ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠂ ᠡᠯ᠎ᠡ ᠠᠢ᠌ᠮᠠᠭ ᠬᠣᠲᠠ ᠨᠠᠷᠢᠨ ᠬᠢᠨᠠᠮᠠᠭ᠋ᠠᠢ ᠰᠠᠢ᠌ᠲᠤᠷ ᠠᠳᠬᠤᠵᠤ ᠨᠠᠢ᠌ᠳᠠᠪᠤᠷᠢᠵᠢᠭᠤᠯᠲᠤᠭ᠋ᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ
ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ
2025 ᠣᠨ᠎ᠤ 5 ᠰᠠᠷ᠎ᠠ ᠵᠢᠨ 26᠎ᠤ ᠡᠳᠦᠷ
ᠪᠥᠬᠥ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠵᠢᠯᠤᠭᠣᠳᠬᠤ ᠰᠠᠨᠠᠯ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠯ ᠡᠮᠨᠡᠯᠭᠡ ᠵᠢᠨ ᠬᠦᠷᠢᠶᠡᠨ᠎ᠤ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠴᠢᠨᠠᠭᠰᠢᠳᠠ ᠭᠦᠨᠵᠡᠭᠡᠢ᠌ᠷᠡᠭᠦᠯᠵᠦ᠂ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠣᠳᠬᠤ ᠰᠠᠨᠠᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠢᠲᠠᠨ᠎ᠤ ᠬᠢᠵᠢᠭ ᠡᠪᠡᠳᠴᠢᠨ᠎ᠢ ᠤᠷᠢᠳᠴᠢᠯᠠᠨ ᠰᠡᠷᠭᠡᠢ᠌ᠯᠡᠨ ᠡᠵᠡᠮᠳᠡᠬᠦ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠬᠠᠢ
ᠰᠠᠨᠠᠯ》᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠳᠦᠷᠢᠮ᠎ᠤᠨ ᠪᠠᠢ᠌ᠭᠤᠯᠤᠯᠲᠠ᠂ ᠪᠠᠷᠢᠮᠵᠢᠶ᠎ᠠ ᠲᠣᠭᠲᠠᠭ᠋ᠠᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠵᠢᠨ ᠡᠭᠦᠷᠭᠡ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠵᠦ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠲᠥᠯᠥᠪᠦᠷᠢ᠎ᠲᠠᠢ ᠦᠢ᠍ᠯᠡᠴᠢᠯᠡᠭᠡᠨ᠎ᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ ᠨᠡᠶ᠋ᠢᠲᠡ ᠵᠢᠨ ᠠᠰᠠᠷᠠᠮᠵᠢ ᠵᠢᠨ ᠴᠢᠨᠠᠷ ᠪᠠ ᠵᠠᠬ᠎ᠠ ᠳᠡᠯᠭᠡᠭᠦᠷ ᠵᠶ᠋ᠡᠷ ᠭᠣᠣᠯᠯᠠᠭᠤᠯᠤᠭᠰᠠᠨ ᠡᠵᠡᠩᠨᠡᠯᠲᠡ ᠵᠢᠨ ᠴᠢᠨᠠᠷ᠎ᠢ ᠬᠠᠷᠢᠯᠴᠠᠨ ᠤᠶᠠᠯᠳᠤᠭᠤᠯᠤᠭᠰᠠᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠨ᠎ᠡ ᠪᠠᠢ᠌ᠷᠢᠰᠢᠯ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠵᠤ᠂ ᠮᠠᠨ᠎ᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠢ᠌ᠲᠠᠢ ᠪᠦᠲᠦᠭᠡᠨ ᠪᠠᠢ᠌ᠭᠤᠯᠤᠯᠳᠠ ᠵᠢ ᠪᠠᠳᠤᠯᠠᠬᠤ ᠭᠡᠷᠡᠭᠳᠡᠢ᠃ ᠤᠳᠤ ᠳᠣᠣᠷᠠᠬᠢ ᠮᠡᠲᠦ ᠰᠠᠨᠠᠯ᠎ᠢ ᠳᠤᠷᠠᠳᠤᠶ᠎ᠠ᠃
ᠨᠢᠭᠡ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ
ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠠᠬᠢᠭᠤᠯᠬᠤ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠳᠤᠷᠠᠳᠤᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠂ ᠰᠢᠨ᠎ᠡ ᠬᠡᠯᠪᠡᠷᠢ ᠵᠢᠨ ᠬᠥᠳᠡᠭᠡ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠪᠣᠯᠣᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠬᠥᠭᠵᠢᠭᠦᠯᠬᠦ ᠵᠢ ᠨᠠᠢ᠌ᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠣᠨ᠎ᠠ᠃ ᠮᠠᠨ᠎ᠤ ᠣᠷᠣᠨ 2022 ᠣᠨ᠎ᠠᠴᠠ ᠡᠬᠢᠯᠡᠨ᠂ 《ᠨᠢᠭᠡ ᠵᠢᠯ᠎ᠳᠤ ᠲᠤᠷᠰᠢᠯᠲᠠ ᠬᠢᠵᠦ᠂ ᠬᠣᠶᠠᠷ ᠵᠢᠯ᠎ᠳᠤ ᠬᠡᠪᠴᠢᠶ᠎ᠡ ᠵᠢ ᠥᠷᠭᠡᠳᠬᠡᠵᠦ᠂ ᠭᠤᠷᠪᠠᠨ ᠵᠢᠯ᠎ᠳᠤ ᠶᠠᠰᠤ ᠴᠢᠨᠠᠷ᠎ᠢ ᠳᠡᠭᠡᠭᠰᠢᠯᠡᠭᠦᠯᠬᠦ》 ᠶᠡᠷᠦᠩᠬᠡᠢ ᠪᠠᠢ᠌ᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ ᠣᠳᠣ ᠪᠠᠢ᠌ᠭ᠎ᠠ ᠡᠬᠢ ᠪᠠᠶᠠᠯᠢᠭ᠎ᠤᠨ ᠡᠯᠧᠮᠧᠨ᠋ᠲ᠎ᠢ ᠡᠮᠬᠢᠯᠡᠨ ᠨᠡᠢ᠌ᠯᠡᠭᠦᠯᠵᠦ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠡᠷᠴᠢᠮ ᠵᠶ᠋ᠡᠨ ᠱᠠᠲᠤ ᠦᠶ᠎ᠡ ᠬᠤᠪᠢᠶᠠᠨ᠂ ᠣᠷᠣᠨ ᠪᠦᠰᠡ ᠬᠤᠪᠢᠶᠠᠨ᠂ ᠠᠯᠬᠤᠮ ᠳᠠᠷᠠᠭ᠎ᠠ ᠬᠤᠪᠢᠶᠠᠨ ᠯᠠᠪᠳᠠᠭᠤᠨ ᠪᠣᠯᠭᠣᠮᠵᠢᠲᠠᠢ᠎ᠪᠠᠷ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠠᠬᠢᠭᠤᠯᠵᠤ᠂ ᠬᠥᠬᠡᠬᠣᠲᠠ ᠵᠡᠷᠭᠡ 6 ᠠᠢ᠌ᠮᠠᠭ ᠬᠣᠲᠠ ᠵᠢᠨ ᠪᠦᠬᠦ ᠬᠡᠪᠴᠢᠶ᠎ᠡ ᠪᠣᠯᠣᠨ 25 ᠦᠬᠡᠷ ᠬᠣᠨᠢ ᠲᠡᠵᠢᠭᠡᠨ ᠦᠷᠡᠵᠢᠭᠦᠯᠬᠦ ᠲᠣᠮᠣ ᠰᠢᠶᠠᠨ᠎ᠳᠤ ᠠᠵᠢᠯ ᠲᠥᠷᠥᠯ᠎ᠢ᠎ᠨᠢ ᠲᠦᠷᠭᠡᠳᠬᠡᠨ ᠠᠬᠢᠭᠤᠯᠵᠤ᠂ 20 ᠭᠠᠷᠤᠢ ᠬᠣᠰᠢᠭᠤ ᠰᠢᠶᠠᠨ᠎ᠤ ᠪᠡᠶ᠎ᠡ᠎ᠪᠠᠨ ᠳᠠᠭ᠋ᠠᠭ᠋ᠠᠨ ᠬᠡᠷᠡᠭᠵᠢᠭᠦᠯᠬᠦ ᠵᠢ ᠨᠥᠯᠥᠭᠡᠯᠡᠨ ᠳᠠᠶ᠋ᠢᠴᠢᠯᠠᠵᠤ᠂ 137 ᠣᠯᠠᠨ ᠡᠰᠢᠲᠦ ᠦᠢ᠍ᠯᠡᠴᠢᠯᠡᠭᠡᠨ᠎ᠤ ᠭᠣᠣᠯ ᠴᠣᠭᠴᠠ ᠵᠢ ᠪᠣᠢ᠌ᠵᠢᠭᠤᠯᠤᠨ᠂ 100 ᠭᠠᠷᠤᠢ ᠲᠦᠮᠡᠨ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ᠎ᠳᠤ ᠠᠰᠢᠭ ᠬᠦᠷᠲᠡᠭᠡᠵᠦ᠂ ᠪᠥᠬᠥ ᠣᠷᠣᠨ᠎ᠤ 70% ᠵᠢᠨ ᠦᠬᠡᠷ ᠬᠣᠨᠢ ᠲᠡᠵᠢᠭᠡᠨ ᠦᠷᠡᠵᠢᠭᠦᠯᠬᠦ ᠵᠢ ᠬᠠᠮᠤᠷᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠯᠭ᠋ᠠᠨ ᠦᠨᠡᠯᠡᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠵᠤ᠂ 4 ᠵᠦᠢ᠍ᠯ᠎ᠤᠨ ᠨᠡᠢ᠌ᠲᠡᠯᠢᠭ ᠦᠢ᠍ᠯᠡᠴᠢᠯᠡᠭᠡᠨ᠎ᠤ ᠵᠠᠭᠪᠤᠷ᠎ᠢ ᠳ᠋ᠦᠩᠨᠡᠨ ᠪᠣᠯᠪᠠᠰᠤᠷᠠᠭᠤᠯᠵᠤ᠂ 《ᠵᠠᠰᠠᠭ᠎ᠤᠨ ᠣᠷᠳᠣᠨ ᠬᠥᠲᠥᠯᠥᠨ ᠵᠢᠯᠤᠭᠣᠳᠬᠤ᠂ ᠵᠠᠬ᠎ᠠ ᠳᠡᠯᠭᠡᠭᠦᠷ ᠵᠶ᠋ᠡᠷ ᠠᠵᠢᠯᠯᠠᠭᠤᠯᠬᠤ᠂ ᠣᠯᠠᠨ ᠡᠰᠢᠴᠢᠯᠡᠨ ᠣᠷᠣᠯᠴᠠᠬᠤ》 ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠰᠢᠨ᠎ᠡ ᠪᠠᠢ᠌ᠷᠢᠰᠢᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠪᠡ᠃ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠪᠣᠯ ᠦᠨᠳᠦᠰᠦᠨ ᠱᠠᠲᠤᠨ᠎ᠤ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠭᠠᠷᠳᠠᠴᠠ ᠪᠣᠯᠣᠨ᠎ᠠ᠃ ᠣᠳᠣᠬᠠᠨ᠎ᠳᠤ ᠮᠠᠨ᠎ᠤ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠳᠤ ᠮᠥᠨ ᠬᠦ᠌ ᠣᠷᠣᠨ ᠪᠦᠰᠡ ᠵᠢᠨ ᠬᠣᠭᠣᠷᠣᠨᠳᠣᠬᠢ ᠬᠥᠭᠵᠢᠯᠲᠡ ᠲᠡᠩᠴᠡᠭᠦᠷᠢ ᠦᠭᠡᠢ᠂ ᠭᠦᠢ᠍ᠴᠡᠳ ᠪᠤᠰᠤ᠂ ᠵᠣᠬᠢᠶᠠᠨ ᠪᠠᠢ᠌ᠭᠤᠯᠤᠯᠴᠠᠭᠰᠠᠨ ᠬᠡᠮᠵᠢᠶ᠎ᠡ ᠳᠣᠣᠷ᠎ᠠ᠂ ᠠᠵᠢᠯᠲᠠᠨ᠎ᠤ ᠬᠡᠪ ᠴᠢᠨᠠᠷ ᠥᠨᠳᠥᠷ ᠪᠤᠰᠤ᠂ ᠦᠢ᠍ᠯᠡᠴᠢᠯᠡᠭᠡᠨ᠎ᠤ ᠠᠷᠭ᠎ᠠ ᠮᠠᠶᠢᠭ ᠲᠠᠩ ᠴᠤᠯᠭᠤᠢ᠂ ᠡᠵᠡᠩᠨᠡᠯᠲᠡ ᠵᠢᠨ ᠴᠢᠨᠠᠷᠲᠠᠢ ᠦᠢ᠍ᠯᠡᠴᠢᠯᠡᠭᠡᠨ᠎ᠤ ᠲᠥᠷᠥᠯ ᠵᠦᠢ᠍ᠯ ᠲᠣᠳᠣᠷᠬᠠᠢ ᠦᠭᠡᠢ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢᠷᠤᠮᠵᠢᠯ ᠦᠭᠡᠢ᠂ ᠳᠣᠲᠣᠭ᠋ᠠᠳᠤ ᠵᠢᠨ ᠬᠥᠳᠡᠯᠭᠡᠬᠦ ᠬᠦᠴᠦᠨ ᠬᠠᠷᠢᠴᠠᠩᠭᠤᠢ ᠳᠤᠲᠠᠮᠠᠭ ᠵᠡᠷᠭᠡ ᠲᠣᠪᠣᠢ᠌ᠮ᠎ᠠ ᠠᠰᠠᠭᠤᠳᠠᠯ ᠣᠷᠣᠰᠢᠵᠤ ᠪᠠᠢ᠌ᠨ᠎ᠠ᠃ ᠡᠳᠡᠭᠡᠷ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠵᠠᠬ᠎ᠠ ᠳᠡᠯᠭᠡᠭᠦᠷᠴᠢᠯᠡᠬᠦ᠂ ᠵᠢᠷᠤᠮᠵᠢᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠪᠡᠯ ᠰᠠᠶᠢ ᠣᠳᠣᠬᠠᠨ᠎ᠤ ᠮᠠᠯ ᠡᠮᠨᠡᠯᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ ᠴᠢᠳᠠᠨ᠎ᠠ᠃ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠪᠣᠯ ᠣᠳᠣᠬᠠᠨ᠎ᠤ ᠲᠡᠵᠢᠭᠡᠨ ᠦᠷᠡᠵᠢᠭᠦᠯᠬᠦ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢᠨ ᠲᠤᠯᠭ᠋ᠠᠮ᠎ᠠ ᠬᠡᠷᠡᠭᠴᠡᠭᠡ ᠵᠢ ᠬᠠᠩᠭ᠋ᠠᠬᠤ ᠶᠠᠪᠤᠳᠠᠯ ᠪᠣᠯᠣᠨ᠎ᠠ᠃ ᠡᠯ᠎ᠡ
ᠭᠠᠵᠠᠷ᠎ᠤᠨ᠎ᠬᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠠᠢ᠌ᠯᠳᠤᠬᠤ ᠪᠣᠳᠣᠯᠭ᠎ᠠ ᠪᠠ ᠪᠥᠬᠥ ᠲᠠᠯ᠎ᠠ ᠵᠢᠨ ᠳᠡᠭᠡᠳᠦ ᠬᠡᠮᠵᠢᠶᠡᠨ᠎ᠠᠴᠠ ᠣᠲᠣ ᠵᠢᠨ ᠬᠡᠷᠡᠭᠵᠢᠭᠦᠯᠵᠦ ᠪᠠᠢ᠌ᠭ᠎ᠠ ᠪᠦᠲᠦᠮᠵᠢᠲᠡᠶ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠵᠠᠭᠪᠤᠷ᠎ᠢ ᠤᠯᠠᠮ ᠨᠢᠭᠡ ᠠᠯᠬᠤᠮ ᠪᠡᠬᠢᠵᠢᠭᠦᠯᠦᠨ ᠥᠷᠭᠡᠳᠬᠡᠵᠦ᠂ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠬᠦ᠂ ᠴᠢᠬᠤᠯᠠ ᠬᠦᠴᠦᠨ ᠵᠦᠢ᠍ᠯ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ ᠪᠠ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠴᠢᠩᠭ᠋ᠠᠷᠠᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠳᠣᠬᠢᠴᠢᠯᠠᠭᠰᠠᠨ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠬᠤ ᠬᠡᠷᠡᠭᠲᠡᠢ ᠭᠡᠳᠡᠭ᠎ᠢ ᠭᠦᠢ᠍ᠴᠡᠳ ᠣᠢ᠌ᠯᠠᠭ᠋ᠠᠬᠤ ᠬᠡᠷᠡᠭᠲᠡᠢ᠃
ᠬᠣᠶᠠᠷ᠂ ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠯᠠᠨ ᠡᠰᠢᠲᠦ ᠠᠭᠤᠰᠤᠯᠴᠠᠭᠰᠠᠨ ᠦᠢ᠍ᠯᠡᠴᠢᠯᠡᠭᠡᠨ᠎ᠤ ᠵᠠᠭᠪᠤᠷ᠎ᠢ ᠶᠡᠬᠡᠪᠡᠷ ᠳᠡᠯᠭᠡᠷᠡᠭᠦᠯᠬᠦ ᠬᠡᠷᠡᠭᠲᠡᠢ
ᠲᠤᠰᠬᠠᠢ᠌ᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠤᠯᠠᠨ ᠡᠰᠢᠵᠢᠭᠦᠯᠬᠦ ᠵᠠᠷᠴᠢᠮ᠎ᠤᠨ ᠶᠣᠰᠣᠭ᠋ᠠᠷ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠬᠤ᠎ᠶᠢ ᠪᠠᠷᠢᠮᠲᠠᠯᠠᠨ᠂ ᠨᠡᠢ᠌ᠭᠡᠮ᠎ᠤᠨ ᠤᠯᠠᠨ ᠲᠠᠯ᠎ᠠ ᠵᠢᠨ ᠬᠦᠴᠦᠨ᠎ᠢ ᠭᠦᠢ᠍ᠴᠡᠳ ᠬᠥᠭᠵᠢᠭᠡᠨ ᠲᠠᠢ᠍ᠢ᠍ᠴᠢᠯᠠᠵᠤ᠂ ᠡᠯ᠎ᠡ ᠲᠦᠷᠦᠯ᠎ᠤᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠬᠥᠭᠵᠢᠨ ᠪᠤᠵᠠᠭ᠋ᠠᠢ᠌ᠷᠠᠬᠤ᠎ᠶᠢ ᠲᠦᠯᠬᠢᠨ ᠠᠬᠢᠭᠤᠯᠵᠤ᠂ ᠠᠮᠢᠳᠤᠯᠢᠭ ᠪᠥᠭᠡᠳ ᠤᠯᠠᠨ ᠶᠠᠩᠵᠤ ᠵᠢᠨ᠂ ᠲᠤᠰᠬᠠᠢ ᠮᠡᠷᠭᠡᠵᠢᠯ᠎ᠳᠤ ᠴᠠᠭ᠋ᠠᠷᠠᠭᠰᠠᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠬᠥᠭᠵᠢᠯᠲᠡ ᠵᠢᠨ ᠦᠢ᠍ᠯᠡᠴᠢᠯᠡᠭᠡᠨ᠎ᠤ ᠵᠠᠭᠪᠤᠷ᠎ᠢ ᠡᠭᠦᠳᠦᠨ ᠪᠠᠶ᠋ᠢᠭᠤᠯᠬᠤ ᠬᠡᠷᠡᠭᠲᠡᠢ᠃
(ᠨᠢᠭᠡ) 《1+N》 ᠲᠣᠪᠶᠣᠭ᠎ᠤᠨ ᠬᠡᠯᠪᠡᠷᠢ᠃ ᠮᠠᠯ ᠵᠢᠭᠦᠷᠲᠡᠨ᠎ᠢ ᠰᠤᠯᠠ ᠲᠡᠵᠢᠭᠡᠬᠦ᠎ᠪᠠᠷ ᠭᠣᠣᠯ ᠪᠣᠯᠭ᠋ᠠᠭᠰᠠᠨ ᠭᠠᠵᠠᠷ ᠣᠷᠣᠨ᠎ᠳᠤ᠂ 《1+N》 ᠲᠣᠪᠶᠣᠭ᠎ᠤᠨ ᠮᠠᠶᠢᠭ᠎ᠤᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠵᠦ᠂ ᠣᠳᠣ ᠪᠠᠢ᠌ᠭ᠎ᠠ ᠭᠠᠴᠠᠭ᠎ᠠ ᠲᠣᠰᠬᠣᠨ᠎ᠤ ᠳᠡᠰ᠎ᠤᠨ ᠬᠢᠵᠢᠭ᠎ᠢ ᠰᠡᠷᠭᠡᠢ᠌ᠯᠡᠭᠴᠢ᠂ ᠬᠥᠳᠡᠭᠡ ᠲᠣᠰᠬᠣᠨ᠎ᠤ ᠮᠠᠯ ᠡᠮᠨᠡᠯᠭᠡ ᠵᠢᠨ ᠢᠯᠡ᠎ᠪᠠᠷ ᠥᠷᠢᠰᠦᠯᠳᠦᠨ ᠤᠷᠢᠭᠳᠠᠵᠤ ᠪᠣᠯᠤᠭᠰᠠᠨ ᠳᠠᠭ᠋ᠠᠭᠤᠯᠤᠭᠴᠢ ᠪᠤᠶᠤ ᠬᠣᠷᠰᠢᠶᠠᠨ᠎ᠤ ᠬᠠᠷᠢᠭᠤᠴᠠᠯᠭ᠋ᠠᠲᠠᠨ᠂ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ ᠵᠢᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠣᠷᠰᠢᠶ᠎ᠠ ᠵᠢ ᠵᠣᠬᠢᠶᠠᠨ ᠪᠠᠢ᠌ᠭᠤᠯᠵᠤ᠂ ᠭᠠᠴᠠᠭ᠎ᠠ ᠲᠣᠰᠬᠣᠨ᠎ᠤ ᠱᠠᠲᠤᠨ᠎ᠤ ᠬᠢᠵᠢᠭ᠎ᠢ ᠰᠡᠷᠭᠡᠢ᠌ᠯᠡᠬᠦ ᠠᠵᠢᠯᠲᠠᠨ ᠬᠣᠶᠠᠷ ᠲᠠᠯ᠎ᠠ᠎ᠪᠠᠷ ᠵᠶ᠋ᠠᠨ ᠰᠣᠩᠭᠣᠬᠤ᠂ ᠰᠢᠯᠢᠳᠡᠭ᠎ᠨᠢ ᠰᠣᠩᠭᠣᠭᠳᠠᠵᠤ ᠰᠢᠭ᠋ᠠᠷᠤ᠎ᠨᠢ ᠰᠢᠭᠰᠢᠭᠳᠡᠬᠦ ᠵᠠᠷᠴᠢᠮ ᠶᠣᠰᠣᠭ᠋ᠠᠷ ᠬᠣᠷᠰᠢᠶ᠎ᠠ᠎ᠳᠤ ᠣᠷᠣᠵᠤ᠂ ᠣᠲᠣ ᠵᠢᠨ ᠪᠠᠢ᠌ᠭ᠎ᠠ ᠬᠢᠵᠢᠭ᠎ᠢ ᠰᠡᠷᠭᠡᠢ᠌ᠯᠡᠬᠦ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ᠎ᠳᠤ ᠥᠯᠥ ᠬᠠᠯᠳᠠᠭ᠋ᠠᠬᠤ᠂ ᠠᠷᠢᠭᠤᠳᠬᠠᠬᠤ᠂ ᠡᠮᠲᠦ ᠤᠬᠢᠶᠠᠯᠭ᠎ᠠ᠂ ᠮᠠᠯ᠎ᠤᠨ ᠡᠮ᠂ ᠲᠡᠵᠢᠭᠡᠯ ᠪᠣᠷᠳᠣᠭ᠎ᠠ ᠵᠡᠷᠭᠡ ᠵᠠᠬᠢᠶᠠᠯᠠᠭ᠎ᠠ ᠵᠢᠨ ᠮᠠᠶᠢᠭ᠎ᠤᠨ ᠮᠠᠯ ᠡᠮᠨᠡᠯᠭᠡ ᠵᠢᠨ ᠦᠢ᠍ᠯᠡᠴᠢᠯᠡᠭᠡᠨ᠎ᠢ ᠬᠠᠩᠭ᠋ᠠᠬᠤ ᠬᠡᠷᠡᠭᠲᠡᠢ᠃
(ᠬᠣᠶᠠᠷ) 《ᠺᠣᠮᠫᠠᠨᠢ + ᠲᠠᠷᠢᠶᠠᠴᠢᠨ ᠡᠷᠦᠬᠡ》 ᠵᠢᠨ ᠪᠣᠭᠣᠳᠠᠯᠯᠠᠬᠤ ᠬᠡᠯᠪᠡᠷᠢ᠃ ᠦᠬᠡᠷ ᠬᠣᠨᠢᠨ᠎ᠤ ᠲᠡᠵᠢᠭᠡᠪᠦᠷᠢ ᠲᠥᠪᠯᠡᠷᠡᠭᠰᠡᠨ ᠭᠠᠵᠠᠷ ᠣᠷᠣᠨ᠎ᠳᠤ᠂ 《ᠺᠣᠮᠫᠠᠨᠢ + ᠲᠠᠷᠢᠶᠠᠴᠢᠨ ᠡᠷᠦᠬᠡ》 ᠵᠢᠨ ᠪᠣᠭᠣᠳᠠᠯᠯᠠᠬᠤ ᠮᠠᠶᠢᠭ᠎ᠤᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠰᠦᠪᠡᠭᠴᠢᠯᠡᠨ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ᠂ ᠲᠡᠵᠢᠭᠡᠯ ᠪᠣᠷᠳᠣᠭ᠎ᠠ ᠮᠠᠯ᠎ᠤᠨ ᠡᠮ᠎ᠤᠨ ᠲᠣᠯᠣᠭ᠋ᠠᠢ᠌ᠯᠠᠭᠴᠢ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠢᠯ ᠲᠥᠷᠥᠯ᠎ᠤᠨ ᠨᠡᠢ᠌ᠭᠡᠮᠯᠢᠭ ᠵᠡᠷᠭᠡ ᠨᠡᠢ᠌ᠭᠡᠮ᠎ᠤᠨ ᠬᠦᠴᠦᠨ᠎ᠢ ᠳᠡᠮᠵᠢᠵᠦ᠂ ᠰᠤᠮᠤ ᠰᠢᠶᠠᠩ ᠪᠠᠯᠭ᠋ᠠᠰᠤ᠂ ᠬᠣᠰᠢᠭᠤ ᠰᠢᠶᠠᠨ ᠪᠤᠶᠤ ᠠᠢ᠌ᠮᠠᠭ ᠬᠣᠲᠠ᠎ᠪᠠᠷ ᠨᠢᠭᠡᠴᠢ ᠪᠣᠯᠭ᠋ᠠᠨ ᠣᠲᠣ ᠵᠢᠨ ᠪᠠᠢ᠌ᠭ᠎ᠠ ᠭᠠᠴᠠᠭ᠎ᠠ ᠲᠣᠰᠬᠣᠨ᠎ᠤ ᠱᠠᠲᠤᠨ᠎ᠤ ᠬᠢᠵᠢᠭ ᠰᠡᠷᠭᠡᠢ᠌ᠯᠡᠭᠴᠢ ᠵᠢ ᠪᠦᠬᠦᠨ᠎ᠢ ᠭᠥᠯᠢᠶᠡᠨ ᠠᠪᠴᠤ ᠬᠠᠮᠢᠶᠠᠷᠴᠤ᠂ ᠠᠵᠤ ᠠᠬᠤᠢ᠌ᠯᠠᠯ᠎ᠤᠨ ᠮᠡᠷᠭᠡᠵᠢᠯ᠂ ᠴᠢᠳᠠᠪᠤᠷᠢᠲᠠᠨ᠂ ᠵᠠᠬ᠎ᠠ ᠳᠡᠯᠭᠡᠭᠦᠷ᠂ ᠬᠥᠷᠥᠩᠭᠡ ᠵᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ᠂ ᠲᠡᠷᠢᠭᠦᠨ᠎ᠤ ᠬᠠᠮᠢᠶᠠᠷᠤᠯᠲᠠ ᠵᠢᠨ ᠣᠨᠣᠯᠵᠢᠬᠤᠨ᠎ᠢ ᠬᠡᠷᠡᠭᠯᠡᠨ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠺᠣᠮᠫᠠᠨᠢ ᠵᠢ ᠵᠣᠬᠢᠶᠠᠨ ᠪᠠᠢ᠌ᠭᠤᠯᠵᠤ᠂ ᠲᠡᠵᠢᠭᠡᠨ ᠦᠷᠡᠵᠢᠭᠦᠯᠬᠦ ᠦᠢ᠍ᠯᠡᠰ᠎ᠤᠨ ᠦᠢ᠍ᠯᠡᠳᠪᠦᠷᠢᠯᠡᠯ᠎ᠤᠨ ᠡᠮᠦᠨ᠎ᠡ᠂ ᠦᠢ᠍ᠯᠡᠳᠪᠦᠷᠢᠯᠡᠯ᠎ᠤᠨ ᠳᠤᠮᠳᠠ᠂ ᠦᠢ᠍ᠯᠡᠳᠪᠦᠷᠢᠯᠡᠯ᠎ᠤᠨ ᠳᠠᠷᠠᠭ᠋ᠠᠬᠢ ᠡᠯ᠎ᠡ ᠭᠣᠭᠴᠣᠭ᠎ᠠ ᠵᠢ ᠬᠠᠮᠤᠷᠴᠤ᠂ ᠪᠣᠭᠣᠳᠠᠯᠯᠠᠬᠤ ᠮᠠᠶᠢᠭ᠎ᠤᠨ ᠮᠠᠯ ᠡᠮᠨᠡᠯᠭᠡ ᠵᠢᠨ ᠦᠢ᠍ᠯᠡᠴᠢᠯᠡᠭᠡᠨ᠎ᠢ ᠬᠡᠷᠡᠭᠵᠢᠭᠦᠯᠬᠦ ᠬᠡᠷᠡᠭᠲᠡᠢ᠃
(ᠭᠤᠷᠪᠠ) 《ᠣᠨᠣᠰᠢᠯᠠᠨ ᠡᠮᠨᠡᠬᠦ + ᠬᠢᠵᠢᠭ᠎ᠢ ᠰᠡᠷᠭᠡᠢ᠌ᠯᠡᠬᠦ》 ᠵᠢ ᠥᠷᠭᠡᠳᠬᠡᠬᠦ ᠬᠡᠯᠪᠡᠷᠢ᠃ ᠲᠠᠯ᠎ᠠ ᠨᠤᠲᠤᠭ᠎ᠤᠨ ᠮᠠᠯ ᠠᠵᠤ ᠠᠬᠤᠢ᠎ᠪᠠᠷ ᠭᠣᠣᠯ ᠪᠣᠯᠭ᠋ᠠᠭᠰᠠᠨ ᠭᠠᠵᠠᠷ ᠣᠷᠣᠨ᠎ᠳᠤ᠂ 《ᠣᠨᠣᠰᠢᠯᠠᠨ ᠡᠮᠨᠡᠬᠦ + ᠬᠢᠵᠢᠭ᠎ᠢ
ᠰᠡᠷᠭᠡᠢ᠌ᠯᠡᠬᠦ》 ᠵᠢ ᠥᠷᠭᠡᠳᠬᠡᠬᠦ ᠮᠠᠶᠢᠭ᠎ᠤᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠬᠦ ᠵᠢ ᠵᠣᠷᠢᠭᠵᠢᠭᠤᠯᠵᠤ᠂ ᠠᠮᠢᠲᠠᠨ᠎ᠢ ᠣᠨᠣᠰᠢᠯᠠᠨ ᠡᠮᠨᠡᠬᠦ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠠᠰᠢᠭᠯᠠᠵᠤ᠂ ᠬᠣᠰᠢᠭᠤ ᠰᠢᠶᠠᠨ᠎ᠤ ᠠᠮᠢᠲᠠᠨ᠎ᠤ ᠡᠮᠨᠡᠯᠭᠡ ᠵᠢᠨ ᠬᠣᠷᠢᠶ᠎ᠠ᠂ ᠰᠤᠮᠤ ᠰᠢᠶᠠᠩ ᠪᠠᠯᠭ᠋ᠠᠰᠤ ᠵᠢᠨ ᠠᠮᠢᠲᠠᠨ᠎ᠤ ᠡᠮᠴᠢᠯᠡᠭᠡᠨ᠎ᠤ ᠭᠠᠵᠠᠷ᠂ ᠭᠠᠴᠠᠭ᠎ᠠ ᠲᠣᠰᠬᠣᠨ᠎ᠤ ᠮᠠᠯ ᠡᠮᠨᠡᠯᠭᠡ ᠵᠢᠨ ᠲᠠᠰᠤᠭ ᠪᠠᠶ᠋ᠢᠭᠤᠯᠬᠤ ᠵᠢ ᠳᠡᠮᠵᠢᠵᠦ᠂ ᠮᠠᠯ ᠠᠵᠤ ᠠᠬᠤᠢ ᠵᠢ ᠰᠠᠢ᠌ᠵᠢᠷᠠᠭᠤᠯᠬᠤ᠂ ᠬᠢᠵᠢᠭ ᠡᠪᠡᠳᠴᠢᠨ᠎ᠢ ᠣᠨᠣᠰᠢᠯᠠᠬᠤ᠂ ᠠᠮᠢᠲᠠᠨ᠎ᠤ ᠡᠷᠡᠭᠦᠯᠵᠢᠯ ᠵᠡᠷᠭᠡ ᠲᠤᠬᠠᠢ᠌ᠯᠠᠭᠰᠠᠨ ᠠᠵᠢᠯ᠎ᠢ ᠢᠳᠡᠪᠬᠢᠲᠡᠢ ᠥᠷᠭᠡᠳᠬᠡᠨ᠂ ᠵᠠᠰᠠᠭ᠎ᠤᠨ ᠣᠷᠳᠣᠨ᠎ᠤ ᠬᠤᠳᠠᠯᠳᠤᠨ ᠠᠪᠤᠭᠰᠠᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠦᠢ᠍ᠯᠡᠴᠢᠯᠡᠭᠡᠨ᠎ᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠨ ᠠᠪᠴᠤ᠂ 《ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ》 ᠣᠨᠣᠰᠢᠯᠠᠨ ᠡᠮᠨᠡᠬᠦ ᠦᠢ᠍ᠯᠡᠴᠢᠯᠡᠭᠡᠨ᠎ᠢ ᠥᠷᠨᠢᠭᠦᠯᠵᠦ᠂ 《ᠶᠡᠷᠦᠩᠬᠡᠢ ᠬᠡᠯᠲᠡᠰ + ᠬᠤᠪᠢᠶᠠᠷᠢ ᠲᠥᠪ + ᠭᠠᠴᠠᠭ᠎ᠠ ᠲᠣᠰᠬᠣᠨ᠎ᠤ ᠦᠢ᠍ᠯᠡᠴᠢᠯᠡᠭᠡᠨ᠎ᠤ ᠥᠷᠲᠡᠭᠡ》 ᠵᠢᠨ ᠭᠤᠷᠪᠠᠨ ᠱᠠᠲᠤᠨ᠎ᠤ ᠬᠣᠯᠪᠤᠭ᠋ᠠᠯᠠᠨ ᠬᠥᠳᠡᠯᠦᠯᠴᠡᠭᠰᠡᠨ ᠮᠠᠯ ᠡᠮᠨᠡᠯᠭᠡ ᠵᠢᠨ ᠦᠢ᠍ᠯᠡᠴᠢᠯᠡᠭᠡᠨ᠎ᠢ ᠪᠡᠶᠡᠯᠡᠭᠦᠯᠬᠦ ᠬᠡᠷᠡᠭᠲᠡᠢ᠃
(ᠳᠥᠷᠪᠡ) 《ᠭᠤᠷᠮᠤᠰᠤᠨ ᠴᠣᠭᠴᠠ》 ᠵᠢᠨ ᠵᠡᠷᠭᠡᠴᠡᠯ ᠬᠡᠯᠪᠡᠷᠢ᠃ ᠠᠵᠤ ᠠᠬᠤᠢ ᠬᠥᠭᠵᠢᠭᠰᠡᠨ᠂ ᠲᠠᠷᠢᠶᠠᠯᠠᠩ ᠮᠠᠯ ᠠᠵᠤ ᠠᠬᠤᠢ ᠵᠢᠨ ᠨᠡᠢ᠌ᠭᠡᠮᠴᠢᠯᠡᠯᠲᠡ ᠵᠢ ᠨᠡᠯᠢᠶᠡᠳ ᠰᠠᠢ᠌ᠨ ᠬᠡᠷᠡᠭᠵᠢᠭᠦᠯᠦᠭᠰᠡᠨ ᠭᠠᠵᠠᠷ ᠣᠷᠣᠨ᠎ᠳᠤ᠂ ᠵᠣᠬᠢᠬᠤ ᠲᠤᠰᠬᠠᠢ ᠮᠡᠷᠭᠡᠵᠢᠯ᠎ᠤᠨ ᠬᠢᠷᠢ ᠴᠢᠳᠠᠮᠵᠢ ᠵᠢᠴᠢ ᠴᠢᠳᠠᠪᠤᠷᠢ᠎ᠲᠠᠢ ᠠᠵᠤ ᠠᠬᠤᠢ᠌ᠯᠠᠯ᠎ᠢ ᠰᠣᠩᠭᠣᠵᠤ᠂ 《ᠡᠪᠡᠳᠴᠢᠨ ᠵᠶ᠋ᠡᠷ ᠦᠬᠦᠭᠰᠡᠨ ᠮᠠᠯ᠎ᠢ ᠰᠢᠢ᠍ᠳᠪᠦᠷᠢᠯᠡᠬᠦ + ᠣᠷᠭ᠋ᠠᠨᠢᠭ ᠪᠣᠷᠳᠣᠭᠤᠷ ᠦᠢ᠍ᠯᠡᠳᠪᠦᠷᠢᠯᠡᠬᠦ + ᠠᠮᠢᠲᠠᠨ᠎ᠤ ᠬᠢᠵᠢᠭ᠎ᠢ ᠰᠡᠷᠭᠡᠢ᠌ᠯᠡᠬᠦ》 ᠭᠤᠷᠪᠠ ᠵᠢ ᠨᠢᠭᠡ ᠴᠣᠭᠴᠠᠵᠢᠭᠤᠯᠤᠭᠰᠠᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ᠎ᠪᠠᠷ ᠬᠡᠷᠡᠭᠵᠢᠭᠦᠯᠵᠦ᠂ ᠡᠪᠡᠳᠴᠢᠨ ᠵᠶ᠋ᠡᠷ ᠦᠬᠦᠭᠰᠡᠨ ᠮᠠᠯ᠎ᠢ ᠬᠣᠣᠷ ᠦᠭᠡᠢ᠌ᠵᠢᠭᠦᠯᠬᠦ᠂ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠵᠢ ᠨᠡᠢ᠌ᠭᠡᠮᠴᠢᠯᠡᠬᠦ᠂ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠬᠤ᠂ ᠡᠵᠡᠩᠨᠡᠯᠲᠡ ᠵᠢ ᠵᠠᠬ᠎ᠠ ᠳᠡᠯᠭᠡᠭᠦᠷᠴᠢᠯᠡᠬᠦ 《ᠳᠥᠷᠪᠡᠨ ᠣᠳᠣᠬᠢᠴᠢᠯᠠᠯᠲᠠ ᠵᠢ ᠵᠡᠷᠭᠡ᠎ᠳᠤ᠎ᠨᠢ ᠶᠠᠪᠤᠭᠳᠠᠭᠤᠯᠬᠤ》 ᠬᠠᠷᠠᠯᠲᠠ ᠵᠢ ᠪᠡᠶᠡᠯᠡᠭᠦᠯᠬᠦ ᠬᠡᠷᠡᠭᠲᠡᠢ᠃
(ᠲᠠᠪᠤ) 《ᠲᠤᠭ᠋ᠠᠴᠢᠯᠠᠯᠳᠠ ᠪᠠ ᠤᠶᠤᠨᠴᠢᠯᠠᠯᠳᠠ᠎ᠪᠠᠷ ᠴᠢᠳᠠᠪᠤᠷᠢ ᠣᠯᠭᠣᠬᠤ》 ᠰᠢᠨ᠎ᠡ ᠵᠢ ᠡᠭᠦᠳᠬᠦ ᠬᠡᠯᠪᠡᠷᠢ᠃ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠨᠡᠢ᠌ᠲᠡᠯᠢᠭ ᠵᠢᠱ᠌ᠢᠶ᠎ᠡ ᠦᠵᠡᠭᠦᠯᠬᠦ ᠭᠠᠵᠠᠷ ᠣᠷᠣᠨ᠎ᠳᠤ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠢ᠌ᠲ᠋ᠠ᠂ ᠣᠷᠣᠨ ᠬᠡᠰᠡᠭ᠎ᠤᠨ ᠬᠡᠯᠬᠢᠶ᠎ᠡ᠂ 5G ᠵᠢᠴᠢ AI ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠠᠰᠢᠭᠯᠠᠨ᠂ ᠠᠵᠢᠯ᠎ᠤᠨ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ᠎ᠲᠠᠢ ᠬᠣᠯᠪᠤᠭ᠋ᠠᠯᠠᠨ ᠣᠨᠣᠰᠢᠯᠠᠬᠤ ᠰᠢᠨ᠎ᠡ ᠮᠡᠷᠭᠡᠵᠢᠯ᠂ ᠡᠮᠨᠡᠨ ᠵᠠᠰᠠᠬᠤ ᠰᠢᠨ᠎ᠡ ᠠᠷᠭ᠎ᠠ᠂ ᠤᠷᠢᠳᠴᠢᠯᠠᠨ ᠰᠡᠷᠭᠡᠢ᠌ᠯᠡᠬᠦ ᠡᠷᠡᠭᠦᠯᠵᠢᠯ᠎ᠤᠨ ᠰᠢᠨ᠎ᠡ ᠠᠷᠭ᠎ᠠ ᠪᠣᠳᠣᠯᠭ᠎ᠠ ᠵᠢᠴᠢ ᠮᠠᠯ ᠡᠮᠨᠡᠯᠭᠡ ᠵᠢᠨ ᠲᠤᠰᠬᠠᠢ᠌ᠵᠢᠭᠰᠠᠨ ᠪᠣᠯᠪᠠᠰᠤᠷᠠᠯ ᠵᠡᠷᠭᠡ ᠲᠠᠯ᠎ᠠ ᠵᠢᠨ ᠰᠤᠳᠤᠯᠭ᠋ᠠᠨ᠎ᠢ ᠥᠷᠨᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠠᠭ᠎ᠠ ᠬᠦᠷᠢᠶᠡᠯᠡᠩ᠂ ᠲᠤᠰᠬᠠᠢ ᠮᠡᠷᠭᠡᠵᠢᠯᠲᠡᠨ᠎ᠤ ᠶᠡᠬᠡ ᠬᠦᠷᠢᠶᠡᠯᠡᠩ᠂ ᠬᠦᠷᠢᠶᠡᠯᠡᠩ ᠪᠠ ᠭᠠᠵᠠᠷ ᠣᠷᠣᠨ᠎ᠢ ᠬᠠᠮᠲᠤ᠎ᠪᠠᠷ ᠪᠠᠶ᠋ᠢᠭᠤᠯᠬᠤ ᠵᠡᠷᠭᠡ ᠰᠢᠨ᠎ᠡ ᠵᠢ ᠡᠭᠦᠳᠬᠦ ᠵᠠᠭᠪᠤᠷ᠎ᠢ ᠳᠡᠯᠭᠡᠷᠡᠭᠦᠯᠵᠦ᠂ ᠪᠥᠬᠥ ᠴᠤᠪᠤᠷᠠᠯ᠂ ᠪᠥᠬᠥ ᠦᠶᠡᠯᠡᠯ᠎ᠤᠨ ᠬᠤᠭᠤᠴᠠᠭ᠎ᠠ᠂ ᠪᠥᠬᠥ ᠪᠢᠲᠡᠭᠦᠦ ᠴᠠᠭ᠋ᠠᠷᠢᠭ᠎ᠤᠨ ᠲᠣᠭ᠋ᠠᠴᠢᠯᠠᠭᠰᠠᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ᠂ ᠮᠠᠯ ᠡᠮᠨᠡᠯᠭᠡ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ 《ᠲᠤᠭ᠋ᠠᠴᠢᠯᠠᠯᠳᠠ ᠪᠠ ᠤᠶᠤᠨᠴᠢᠯᠠᠯᠳᠠ᠎ᠪᠠᠷ ᠴᠢᠳᠠᠪᠤᠷᠢ ᠣᠯᠭᠣᠬᠤ》 ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠠᠰ ᠳᠡᠪᠰᠢᠭᠰᠡᠨ ᠵᠠᠭᠪᠤᠷ᠎ᠢ ᠪᠣᠶ ᠪᠣᠯᠭ᠋ᠠᠬᠤ ᠬᠡᠷᠡᠭᠲᠡᠢ᠃
ᠭᠤᠷᠪᠠ᠂ ᠦᠢ᠍ᠯᠡᠴᠢᠯᠡᠭᠡᠨ᠎ᠤ ᠬᠦᠷᠢᠶ᠎ᠡ᠎ᠪᠠᠨ ᠥᠷᠭᠡᠳᠬᠡᠨ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ
ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠪᠥᠬᠥ ᠲᠠᠯ᠎ᠠ᠎ᠪᠠᠷ ᠬᠥᠭᠵᠢᠭᠡᠵᠦ᠂ ᠬᠤᠳᠠᠯᠳᠤᠨ ᠠᠪᠬᠤ ᠠᠭᠤᠯᠭ᠎ᠠ᠂ ᠦᠢ᠍ᠯᠡᠴᠢᠯᠡᠭᠡᠨ᠎ᠤ ᠱᠠᠭ᠋ᠠᠷᠳᠠᠯᠭ᠎ᠠ ᠪᠠ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠪᠠᠷᠢᠮᠵᠢᠶ᠎ᠠ ᠵᠡᠷᠭᠡ ᠮᠡᠳᠡᠭᠡ ᠵᠠᠩᠭᠢ ᠵᠢ ᠴᠠᠭ ᠲᠤᠬᠠᠢᠳᠤᠨᠢ ᠨᠡᠢ᠌ᠭᠡᠮ᠎ᠳᠤ ᠢᠯᠡ ᠪᠣᠯᠭ᠋ᠠᠵᠤ᠂ ᠬᠥᠳᠡᠯᠦᠩᠭᠦᠢ ᠲᠣᠬᠢᠷᠠᠭᠤᠯᠤᠯᠲᠠ ᠵᠢ ᠬᠡᠷᠡᠭᠵᠢᠭᠦᠯᠦᠨ᠂ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ᠎ᠠᠴᠠ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠢᠨ ᠡᠵᠡᠨ ᠮᠡᠳᠡᠵᠦ ᠦᠢ᠍ᠯᠡᠴᠢᠯᠡᠭᠡ ᠬᠤᠳᠠᠯᠳᠤᠨ ᠠᠪᠬᠤ ᠳᠠᠰᠢ ᠠᠯᠬᠤᠮ ᠠᠯᠬᠤᠮ ᠵᠶ᠋ᠠᠷ ᠬᠤᠪᠢᠷᠠᠭᠤᠯᠵᠤ᠂ ᠠᠮᠢᠲᠠᠨ᠎ᠤ ᠬᠢᠵᠢᠭ᠎ᠢ ᠰᠡᠷᠭᠡᠢ᠌ᠯᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃
(ᠵᠢᠷᠭᠤᠭ᠎ᠠ) ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠮᠠᠯ ᠡᠮᠨᠡᠯᠭᠡ ᠵᠢᠨ ᠦᠢ᠍ᠯᠡᠴᠢᠯᠡᠭᠡ᠃ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠵᠣᠬᠢᠶᠠᠨ ᠪᠠᠢ᠌ᠭᠤᠯᠤᠯᠲᠠ ᠵᠢᠨ ᠮᠠᠯ ᠡᠮᠨᠡᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠦᠢ᠍ᠯᠡᠴᠢᠯᠡᠭᠡ᠎ᠳᠤ ᠬᠦᠨᠳᠦ ᠶᠡᠬᠡ ᠠᠮᠢᠲᠠᠨ᠎ᠤ ᠬᠢᠵᠢᠭ ᠡᠪᠡᠳᠴᠢᠨ᠎ᠢ ᠣᠨᠣᠰᠢᠯᠠᠬᠤ᠂ ᠭᠡᠨᠡᠳᠲᠡ ᠡᠭᠦᠰᠦᠭᠰᠡᠨ ᠬᠦᠨᠳᠦ ᠶᠡᠬᠡ ᠠᠮᠢᠲᠠᠨ᠎ᠤ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠬᠦ᠂ ᠠᠮᠢᠲᠠᠨ ᠪᠠ ᠠᠮᠢᠲᠠᠨ᠎ᠤ ᠠᠰᠢᠭ ᠰᠢᠮ᠎ᠡ ᠵᠢᠨ ᠬᠢᠵᠢᠭ᠎ᠢ ᠪᠠᠢ᠌ᠴᠠᠭ᠋ᠠᠬᠤ ᠵᠡᠷᠭᠡ᠎ᠳᠤ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠷ ᠬᠡᠷᠡᠭᠵᠢᠭᠦᠯᠬᠦ ᠦᠭᠡᠢ᠎ᠠᠴᠠ ᠭᠠᠳᠠᠨ᠎ᠠ᠂ ᠠᠮᠢᠲᠠᠨ᠎ᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠴᠠᠷᠤᠯᠲᠠ ᠬᠢᠯᠭᠡᠬᠦ᠂ ᠣᠷᠴᠢᠨ ᠲᠣᠭᠣᠷᠢᠨ᠎ᠢ ᠠᠷᠢᠭᠤᠳᠬᠠᠬᠤ᠂ ᠦᠯᠢᠭᠡᠷ ᠡᠳ᠋ ᠴᠤᠭᠯᠠᠭᠤᠯᠬᠤ᠂ ᠬᠠᠮᠵᠢᠨ ᠬᠢᠵᠢᠭ ᠪᠠᠢ᠌ᠴᠠᠭ᠋ᠠᠬᠤ᠂ ᠰᠢᠯᠭ᠋ᠠᠨ ᠪᠠᠢ᠌ᠴᠠᠭ᠋ᠠᠵᠤ ᠪᠠᠢ᠌ᠴᠠᠭ᠋ᠠᠨ ᠬᠡᠮᠵᠢᠬᠦ᠂ ᠡᠪᠡᠳᠴᠢᠨ ᠵᠶ᠋ᠡᠷ ᠦᠬᠦᠭᠰᠡᠨ ᠠᠮᠢᠲᠠᠨ ᠵᠢᠴᠢ ᠡᠪᠡᠳᠴᠢᠨ᠎ᠤ ᠬᠥᠨᠥᠭᠡᠯ᠎ᠤᠨ ᠪᠦᠲᠦᠭᠡᠭᠳᠡᠬᠦᠨ ᠪᠠ ᠬᠠᠶᠠᠭᠳᠠᠮᠠᠯ ᠮᠠᠯ᠎ᠤᠨ ᠡᠮ᠎ᠢ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠬᠦ᠂ ᠠᠮᠢᠲᠠᠨ᠎ᠤ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡ᠂ ᠮᠠᠯ ᠡᠮᠨᠡᠯᠭᠡ ᠵᠢᠨ ᠦᠷᠭᠦᠯᠵᠢᠯᠡᠯ ᠰᠤᠷᠭ᠋ᠠᠨ ᠬᠥᠮᠦᠵᠢᠯ ᠵᠡᠷᠭᠡ ᠵᠦᠢ᠍ᠯᠡᠰ᠎ᠢ ᠦᠢ᠍ᠯᠡᠴᠢᠯᠡᠭᠡᠨ᠎ᠤ ᠠᠭᠤᠯᠭ᠎ᠠ᠎ᠳᠠᠭᠠᠨ ᠣᠷᠣᠭᠤᠯᠬᠤ ᠵᠢ ᠵᠣᠷᠢᠭᠵᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠡᠷᠡᠭᠵᠢᠭᠦᠯᠬᠦ᠎ᠳᠤ ᠲᠣᠬᠢᠷᠠᠮᠵᠢ ᠦᠭᠡᠢ ᠪᠠᠢ᠌ᠪᠠᠯ᠂ ᠲᠣᠭᠲᠠᠭᠰᠠᠨ ᠨᠤᠷᠮ᠎ᠠ᠎ᠪᠠᠷ ᠨᠥᠬᠥᠪᠦᠷᠢᠯᠡᠬᠦ᠂ ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ ᠵᠡᠷᠭᠡ ᠪᠤᠰᠤᠳ ᠬᠡᠯᠪᠡᠷᠢ ᠵᠢ ᠰᠦᠪᠡᠭᠴᠢᠯᠡᠵᠦ᠂ ᠨᠡᠢ᠌ᠭᠡᠮᠴᠢᠯᠡᠭᠰᠡᠨ ᠵᠣᠬᠢᠶᠠᠨ ᠪᠠᠢ᠌ᠭᠤᠯᠤᠯᠲᠠ᠎ᠳᠤ ᠲᠤᠰᠢᠶᠠᠨ ᠥᠭᠴᠦ ᠡᠭᠦᠷᠭᠡᠯᠡᠭᠦᠯᠵᠦ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠪᠦᠬᠦᠨ᠎ᠢ ᠳᠠᠭ᠋ᠠᠭ᠋ᠠᠵᠤ ᠪᠦᠬᠦᠨ᠎ᠢ ᠠᠳᠬᠤᠬᠤ᠂ ᠬᠥᠮᠥᠨ ᠴᠥᠭᠡᠨ ᠠᠵᠢᠯ ᠤᠯᠠᠨ ᠪᠠᠢ᠌ᠬᠤ ᠵᠡᠷᠭᠡ ᠲᠣᠪᠣᠢ᠌ᠮ᠎ᠠ ᠵᠥᠷᠢᠴᠡᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠬᠦ ᠬᠡᠷᠡᠭᠲᠡᠢ᠃
(ᠲᠤᠯᠤᠭ᠎ᠠ) ᠡᠵᠡᠩᠨᠡᠯᠲᠡ ᠵᠢᠨ ᠴᠢᠨᠠᠷᠲᠠᠢ ᠮᠠᠯ ᠡᠮᠨᠡᠯᠭᠡ ᠵᠢᠨ ᠦᠢ᠍ᠯᠡᠴᠢᠯᠡᠭᠡ᠃ ᠠᠮᠢᠲᠠᠨ᠎ᠢ ᠣᠨᠣᠰᠢᠯᠠᠨ ᠡᠮᠨᠡᠬᠦ ᠪᠠᠢ᠌ᠭᠤᠯᠤᠮᠵᠢ᠂ ᠮᠠᠯ᠎ᠤᠨ ᠡᠮ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠢ᠌ᠯᠠᠯ᠂ ᠭᠤᠷᠪᠠᠳᠠᠭᠢ ᠡᠲᠡᠭᠡᠳ᠎ᠤᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠵᠢᠴᠢ ᠪᠤᠰᠤᠳ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠣᠯᠪᠣᠯᠳᠤᠭᠰᠠᠨ ᠡᠵᠡᠩᠨᠡᠯᠲᠡ᠂ ᠨᠠᠷᠠᠲᠤ ᠲᠥᠷᠥᠯ ᠲᠡᠮᠳᠡᠭᠴᠢᠯᠡᠭᠰᠡᠨ ᠠᠵᠢᠯᠯᠠᠭ᠋ᠠᠨ᠎ᠢ ᠬᠡᠷᠡᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ᠃ ᠮᠠᠯ ᠡᠮᠨᠡᠯᠭᠡ ᠵᠢ ᠨᠠᠢ᠌ᠳᠠᠨ ᠬᠠᠮᠢᠶᠠᠷᠤᠭᠤᠯᠬᠤ᠂ ᠭᠡᠷ᠎ᠡ ᠲᠣᠭᠲᠠᠨ ᠦᠢ᠍ᠯᠡᠴᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠢᠵᠢᠭ ᠡᠪᠡᠳᠴᠢᠨ᠎ᠢ ᠣᠨᠣᠰᠢᠯᠠᠨ ᠡᠮᠨᠡᠬᠦ᠂ ᠡᠭᠦᠯᠳᠡᠷ ᠰᠠᠢ᠌ᠵᠢᠷᠠᠭᠤᠯᠬᠤ᠂ ᠬᠣᠷᠣᠬᠠᠢ ᠬᠥᠭᠡᠭᠡᠬᠦ ᠡᠮ᠎ᠤᠨ ᠤᠬᠢᠶᠠᠯᠭ᠎ᠠ᠂ ᠠᠰᠠᠭᠤᠨ ᠯᠠᠪᠯᠠᠵᠤ ᠨᠤᠲᠠᠯᠠᠬᠤ ᠵᠡᠷᠭᠡ ᠲᠥᠯᠥᠪᠦᠷᠢ᠎ᠲᠠᠢ ᠮᠠᠯ ᠡᠮᠨᠡᠯᠭᠡ ᠵᠢᠨ ᠦᠢ᠍ᠯᠡᠴᠢᠯᠡᠭᠡᠨ᠎ᠢ ᠥᠷᠨᠢᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ ᠪᠠ ᠠᠵᠤ ᠠᠬᠤᠢ ᠵᠢᠨ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠵᠢᠨ ᠡᠷᠦᠬᠡ ᠢᠯᠠᠩᠭᠤᠶ᠎ᠠ ᠳᠤᠮᠳᠠ ᠵᠢᠵᠢᠭ ᠬᠡᠪᠴᠢᠶᠡᠨ᠎ᠤ ᠲᠡᠵᠢᠭᠡᠨ ᠦᠷᠡᠵᠢᠭᠦᠯᠬᠦ ᠲᠠᠯᠠᠪᠠᠶ ᠪᠤᠶᠤ ᠲᠣᠮᠣ ᠬᠡᠯᠪᠡᠷᠢ ᠵᠢᠨ ᠲᠠᠷᠠᠬᠠᠢ ᠡᠷᠦᠬᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠥᠯᠥᠪᠯᠡᠭᠡᠲᠦ ᠴᠠᠷᠤᠯᠲᠠ᠂ ᠬᠢᠵᠢᠭ ᠡᠪᠡᠳᠴᠢᠨ᠎ᠢ ᠴᠡᠪᠡᠷᠰᠢᠭᠦᠯᠬᠦ᠂ ᠰᠢᠯᠭ᠋ᠠᠨ ᠪᠠᠢ᠌ᠴᠠᠭ᠋ᠠᠵᠤ ᠪᠠᠢ᠌ᠴᠠᠭ᠋ᠠᠨ ᠬᠡᠮᠵᠢᠬᠦ᠂ ᠲᠡᠷᠭᠡ ᠬᠥᠰᠬᠡ ᠵᠢ ᠤᠬᠢᠶᠠᠵᠤ ᠠᠷᠢᠯᠭ᠋ᠠᠬᠤ᠂ ᠬᠣᠨᠢᠨ ᠨᠣᠣᠰᠣ ᠬᠠᠢ᠌ᠴᠢᠯᠠᠬᠤ᠂ ᠪᠠᠭ᠋ᠠᠰᠤᠨ ᠪᠣᠬᠢᠷᠲᠤᠯ᠎ᠢ ᠰᠢᠢ᠍ᠳᠪᠦᠷᠢᠯᠡᠬᠦ᠂ ᠲᠡᠵᠢᠭᠡᠯ ᠪᠣᠷᠳᠣᠭ᠎ᠠ ᠮᠠᠯ᠎ᠤᠨ ᠡᠮ ᠵᠡᠷᠭᠡ ᠡᠵᠡᠩᠨᠡᠯᠲᠡ ᠵᠢᠨ ᠴᠢᠨᠠᠷᠲᠠᠢ ᠮᠠᠯ ᠡᠮᠨᠡᠯᠭᠡ ᠵᠢᠨ ᠦᠢ᠍ᠯᠡᠴᠢᠯᠡᠭᠡᠨ᠎ᠢ ᠰᠠᠨᠠᠭ᠋ᠠᠴᠢᠯᠠᠭ᠎ᠠ᠎ᠠᠴᠠ᠎ᠪᠠᠨ ᠬᠤᠳᠠᠯᠳᠤᠨ ᠠᠪᠤᠭᠤᠯᠵᠤ᠂ ᠥᠪᠡᠷ ᠵᠶ᠋ᠡᠨ ᠡᠷᠭᠢᠯᠡᠵᠦ ᠳᠡᠶ᠋ᠢᠯᠬᠦ ᠦᠭᠡᠢ᠂ ᠰᠠᠢ᠌ᠲᠤᠷ ᠡᠷᠭᠢᠯᠡᠵᠦ ᠳᠡᠶ᠋ᠢᠯᠬᠦ ᠦᠭᠡᠢ᠂ ᠡᠷᠭᠢᠯᠡᠬᠦ᠎ᠳᠤ ᠠᠰᠢᠭ ᠦᠭᠡᠢ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃
ᠳᠥᠷᠪᠡ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠵᠶ᠋ᠡᠷ ᠲᠣᠬᠢᠷᠠᠭᠤᠯᠬᠤ ᠪᠠ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠷᠢᠰᠢᠯ᠎ᠢ ᠪᠠᠶ᠋ᠢᠭᠤᠯᠬᠤ ᠬᠡᠷᠡᠭᠲᠡᠢ
ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠲᠣᠬᠢᠷᠠᠭᠤᠯᠬᠤ ᠦᠨ᠎ᠡ ᠵᠢᠨ ᠬᠠᠮᠢᠶᠠᠷᠤᠯᠲᠠ ᠪᠠ ᠵᠠᠰᠠᠭ᠎ᠤᠨ ᠣᠷᠳᠣᠨ᠎ᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠵᠦ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠦᠢ᠍ᠯᠡᠴᠢᠯᠡᠭᠡᠨ᠎ᠤ ᠪᠠᠢ᠌ᠭᠤᠯᠤᠮᠵᠢ᠎ᠠᠴᠠ ᠬᠡᠷᠡᠭᠯᠡᠭᠴᠢᠳᠯᠦᠭᠡ ᠵᠥᠪᠳᠡᠯᠴᠡᠨ ᠲᠣᠭᠲᠠᠭ᠋ᠠᠵᠤ᠂ ᠴᠢᠨᠠᠷ ᠰᠠᠢ᠌ᠲᠠᠢ ᠪᠥᠭᠡᠳ ᠦᠨ᠎ᠡ ᠰᠠᠢ᠌ᠲᠠᠢ᠂ ᠲᠥᠪ ᠭᠣᠥᠯᠴᠢ ᠡᠮᠬᠢ ᠵᠢᠷᠤᠮ᠎ᠲᠠᠢ ᠲᠥᠯᠥᠪᠦᠷᠢ᠎ᠲᠠᠢ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠢ᠃
(ᠨᠠᠢ᠍ᠮᠠ) ᠵᠠᠬ᠎ᠠ ᠳᠡᠯᠭᠡᠭᠦᠷ᠎ᠤᠨ ᠲᠣᠬᠢᠷᠠᠭᠤᠯᠬᠤ ᠦᠨ᠎ᠡ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ᠃ 《ᠬᠡᠨ ᠠᠰᠢᠭ ᠬᠦᠷᠲᠡᠪᠡᠯ ᠬᠡᠨ ᠵᠠᠷᠤᠳᠠᠯ ᠲᠤᠰᠢᠶᠠᠬᠤ》 ᠵᠠᠷᠴᠢᠮ ᠶᠣᠰᠣᠭ᠋ᠠᠷ᠂ ᠮᠠᠯ ᠡᠮᠨᠡᠯᠭᠡ ᠵᠢᠨ ᠡᠵᠡᠩᠨᠡᠯᠲᠡ ᠵᠢᠨ ᠴᠢᠨᠠᠷᠲᠠᠢ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠦᠨᠳᠦᠰᠦᠯᠡᠨ᠂ ᠲᠡᠵᠢᠭᠡᠨ ᠦᠷᠡᠵᠢᠭᠦᠯᠬᠦ ᠲᠠᠯᠠᠪᠠᠢ ᠵᠢᠨ ᠡᠷᠥᠭᠡ᠎ᠠᠴᠠ ᠦᠢ᠍ᠯᠡᠴᠢᠯᠡᠭᠡᠨ᠎ᠤ ᠭᠣᠣᠯ ᠴᠣᠭᠴᠠ᠎ᠳᠤ ᠲᠥᠯᠥᠪᠦᠷᠢ᠎ᠲᠠᠢ ᠦᠢ᠍ᠯᠡᠴᠢᠯᠡᠭᠡᠨ᠎ᠤ ᠵᠠᠷᠤᠳᠠᠯ ᠥᠭᠬᠦ ᠬᠡᠷᠡᠭᠲᠡᠢ᠃ ᠡᠯ᠎ᠡ ᠭᠠᠵᠠᠷ᠎ᠤᠨ᠎ᠬᠢᠨ᠎ᠢ ᠪᠣᠳᠠᠲᠤ ᠪᠠᠢ᠌ᠳᠠᠯ᠎ᠲᠠᠢ᠎ᠪᠠᠨ ᠤᠯᠤᠰ᠎ᠤᠨ ᠳᠣᠲᠣᠭ᠋ᠠᠳᠤ ᠵᠢᠨ ᠠᠳᠠᠯᠢ ᠠᠵᠢᠯ ᠲᠥᠷᠥᠯ᠎ᠤᠨ ᠰᠦᠢ᠍ᠳᠬᠡᠯ ᠬᠤᠷᠢᠶᠠᠬᠤ ᠬᠢᠷᠢ ᠬᠡᠮᠵᠢᠶ᠎ᠡ᠎ᠪᠠᠷ ᠯᠠᠪᠯᠠᠯᠲᠠ ᠪᠣᠯᠭ᠋ᠠᠵᠤ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠮᠠᠯ᠎ᠤᠨ ᠡᠭᠦᠯᠳᠡᠷ᠂ ᠠᠳᠠᠯᠢ ᠪᠤᠰᠤ ᠲᠥᠷᠥᠯ ᠵᠦᠢ᠍ᠯ᠎ᠤᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠥᠷᠢᠶᠡᠲᠦ ᠰᠦᠢ᠍ᠳᠬᠡᠯ ᠬᠤᠷᠢᠶᠠᠬᠤ ᠵᠢ ᠬᠡᠷᠡᠭᠵᠢᠭᠦᠯᠵᠦ᠂ ᠦᠢ᠍ᠯᠡᠴᠢᠯᠡᠭᠡᠨ᠎ᠤ ᠭᠣᠣᠯ ᠴᠣᠭᠴᠠ ᠨᠢ ᠡᠵᠡᠩᠨᠡᠯᠲᠡ ᠵᠢᠨ ᠲᠠᠯᠠᠪᠤᠷ ᠭᠠᠵᠠᠷ᠎ᠤᠨ ᠢᠯᠡ ᠭᠠᠵᠠᠷ᠎ᠲᠤ ᠨᠢᠭᠡᠳᠦᠯᠲᠡᠢ ᠦᠨ᠎ᠡ ᠬᠠᠳᠠᠬᠤ ᠫᠠᠢ᠌ᠰᠠ ᠪᠠᠢ᠌ᠷᠢᠯᠠᠭᠤᠯᠬᠤ ᠵᠢ ᠵᠣᠷᠢᠭᠵᠢᠭᠤᠯᠵᠤ᠂ ᠦᠨ᠎ᠡ ᠬᠠᠩᠰᠢ ᠵᠢᠨ ᠬᠦᠰᠦᠨᠦᠭᠲᠦ᠂ ᠦᠨ᠎ᠡ ᠬᠠᠳᠠᠬᠤ ᠫᠠᠢ᠌ᠰᠠ ᠵᠡᠷᠭᠡ ᠬᠡᠯᠪᠡᠷᠢ᠎ᠪᠠᠷ ᠰᠦᠢ᠍ᠳᠬᠡᠯ ᠬᠤᠷᠢᠶᠠᠬᠤ ᠲᠥᠷᠥᠯ ᠵᠦᠢ᠍ᠯ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠦᠢ᠍ᠯᠡᠴᠢᠯᠡᠭᠡᠨ᠎ᠤ ᠠᠭᠤᠯᠭ᠎ᠠ᠂ ᠲᠥᠷᠥ ᠵᠢᠨ ᠪᠣᠳᠣᠯᠭ᠎ᠠ ᠵᠢᠨ ᠦᠨᠳᠦᠰᠦᠯᠡᠯ᠂ ᠰᠦᠢ᠍ᠳᠬᠡᠯ ᠪᠤᠳᠤᠬᠤ ᠠᠷᠭ᠎ᠠ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠤᠲᠠᠰᠤ ᠵᠡᠷᠭᠡ ᠠᠭᠤᠯᠭ᠎ᠠ ᠵᠢ ᠢᠯᠡ ᠨᠡᠢ᠌ᠲᠡᠯᠡᠵᠦ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠲᠠᠢ ᠦᠨ᠎ᠡ ᠬᠠᠩᠰᠢ ᠵᠢ ᠲᠣᠭᠲᠠᠭ᠋ᠠᠬᠤ ᠵᠢᠨ ᠬᠠᠮᠲᠤ ᠨᠡᠢ᠌ᠭᠡᠮ᠎ᠤᠨ ᠬᠢᠨᠠᠯᠲᠠ ᠵᠢ ᠥᠷᠭᠡᠨ ᠵᠶ᠋ᠡᠷ ᠬᠦᠯᠢᠶᠡᠬᠦ ᠬᠡᠷᠡᠭᠲᠡᠢ᠃
(ᠶᠢᠰᠦ) ᠲᠥᠯᠥᠪᠦᠷᠢ᠎ᠲᠠᠢ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ᠃ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠵᠣᠬᠢᠶᠠᠨ ᠪᠠᠢ᠌ᠭᠤᠯᠤᠯᠲᠠ᠎ᠨᠢ ᠪᠦᠷᠢᠨ ᠲᠡᠭᠦᠯᠳᠡᠷ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ᠂ ᠰᠦᠢ᠍ᠳᠬᠡᠯ ᠬᠤᠷᠢᠶᠠᠬᠤ ᠴᠤᠪᠤᠷᠠᠯ᠎ᠢ ᠵᠢᠷᠤᠮᠵᠢᠭᠤᠯᠤᠨ᠂ ᠬᠠᠮᠢᠶ᠎ᠠ ᠪᠦᠬᠦᠢ ᠦᠨ᠎ᠡ ᠬᠠᠩᠰᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠵᠢᠯ ᠲᠥᠷᠥᠯ᠎ᠤᠨ ᠵᠢᠷᠤᠮᠵᠢᠯ᠎ᠢ ᠵᠢᠷᠤᠮᠯᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢᠳᠤᠨᠢ ᠨᠡᠢ᠌ᠭᠡᠮ᠎ᠳᠤ ᠢᠯᠡ ᠪᠣᠯᠭ᠋ᠠᠬᠤ ᠬᠡᠷᠡᠭᠲᠡᠢ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠪᠠᠷᠠᠭ᠋ᠠᠨ᠎ᠤ ᠦᠨ᠎ᠡ ᠵᠢᠨ ᠰᠠᠯᠠᠭ᠎ᠠ ᠮᠥᠴᠢᠷ᠂ ᠠᠵᠢᠯ ᠲᠦᠷᠦᠯ᠎ᠤᠨ ᠨᠡᠢ᠌ᠭᠡᠮᠯᠢᠭ ᠵᠡᠷᠭᠡ ᠵᠢᠨ ᠬᠢᠨᠠᠯᠲᠠ ᠪᠠᠢ᠌ᠴᠠᠭ᠋ᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠪᠤᠷᠤᠭᠤ ᠰᠦᠢ᠍ᠳᠬᠡᠯ ᠬᠤᠷᠢᠶᠠᠬᠤ ᠵᠡᠷᠭᠡ ᠦᠵᠡᠭᠳᠡᠯ ᠭᠠᠷᠬᠤ ᠵᠢ ᠰᠡᠷᠭᠡᠢ᠌ᠯᠡᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠲᠣᠭᠣᠷᠢᠨ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠦᠨ᠎ᠡ ᠬᠠᠳᠠᠬᠤ᠎ᠠᠴᠠ ᠭᠠᠳᠠᠨ᠎ᠠ ᠶᠠᠮᠠᠷᠪᠠ ᠲᠣᠳᠣᠷᠬᠠᠢ᠌ᠯᠠᠭᠰᠠᠨ ᠦᠭᠡᠢ ᠰᠦᠢ᠍ᠳᠬᠡᠯ ᠬᠤᠷᠢᠶᠠᠬᠤ᠂ ᠰᠥᠯᠪᠡᠭᠡᠯᠳᠦᠨ ᠦᠨ᠎ᠡ ᠥᠰᠬᠡᠬᠦ᠂ ᠦᠨ᠎ᠡ ᠬᠠᠩᠰᠢ᠎ᠪᠠᠷ ᠮᠡᠬᠡᠯᠡᠬᠦ ᠵᠡᠷᠭᠡ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠵᠠᠭ᠋ᠠᠯᠳᠤᠬᠤ ᠠᠷᠭ᠎ᠠ ᠵᠠᠮ᠎ᠢ ᠰᠢᠯᠤᠭᠤᠳᠬᠠᠵᠤ᠂ ᠵᠠᠭ᠋ᠠᠯᠳᠤᠯᠭ᠎ᠠ ᠪᠠ ᠵᠢᠭᠤᠷᠠᠯᠳᠤᠭ᠋ᠠᠨ᠎ᠢ ᠴᠠᠭ ᠲᠤᠬᠠᠢᠳᠤᠨᠢ ᠰᠢᠢ᠍ᠳᠪᠦᠷᠢᠯᠡᠵᠦ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃
ᠲᠠᠪᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠮᠠᠯ ᠡᠮᠨᠡᠯᠭᠡ ᠵᠢᠨ ᠬᠦᠷᠢᠶ᠎ᠡ ᠴᠠᠷᠠᠭ᠎ᠠ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠵᠠᠰᠠᠭ᠎ᠤᠨ ᠣᠷᠳᠣᠨ᠂ ᠰᠠᠯᠠᠭ᠎ᠠ ᠮᠥᠴᠢᠷ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠢᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠣᠲᠣ ᠵᠢᠨ ᠪᠠᠢ᠌ᠭ᠎ᠠ ᠴᠢᠨᠠᠷ ᠰᠠᠢ᠌ᠲᠠᠢ ᠡᠬᠢ ᠪᠠᠶᠠᠯᠢᠭ᠎ᠢ ᠢᠳᠡᠪᠬᠢᠲᠡᠢ᠎ᠪᠠᠷ ᠳᠠᠶ᠋ᠢᠴᠢᠯᠠᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠥ ᠨᠡᠢ᠌ᠭᠡᠮ ᠵᠶ᠋ᠡᠷ ᠵᠶ᠋ᠡᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠬᠥᠭᠵᠢᠯᠲᠡ᠎ᠳᠤ ᠣᠷᠣᠯᠴᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃
(ᠠᠷᠪᠠ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ᠎ᠤᠨ᠎ᠬᠢᠨ᠎ᠤ ᠵᠠᠰᠠᠭ᠎ᠤᠨ ᠣᠷᠳᠣᠨ᠎ᠤ ᠨᠡᠢ᠌ᠭᠡᠮ᠎ᠤᠨ ᠬᠦᠴᠦᠨ᠎ᠠᠴᠠ ᠦᠢ᠍ᠯᠡᠴᠢᠯᠡᠭᠡ ᠬᠤᠳᠠᠯᠳᠤᠨ ᠠᠪᠬᠤ ᠵᠢᠯᠣᠭᠣᠳᠤᠯᠭ᠎ᠠ ᠵᠢᠨ ᠴᠢᠨᠠᠷᠲᠠᠢ ᠭᠠᠷᠴᠠᠭ᠎ᠢ ᠰᠤᠳᠤᠯᠤᠨ ᠲᠣᠭᠲᠠᠭ᠋ᠠᠬᠤ ᠵᠢ ᠵᠣᠷᠢᠭᠵᠢᠭᠤᠯᠵᠤ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠥᠷᠥ ᠵᠢᠨ ᠪᠣᠳᠣᠯᠭ᠎ᠠ ᠵᠢᠨ ᠬᠠᠮᠤᠷᠬᠤ ᠬᠡᠪᠴᠢᠶᠡᠨ᠎ᠳᠤ ᠣᠷᠣᠭᠤᠯᠵᠤ᠂ ᠦᠢ᠍ᠯᠡᠴᠢᠯᠡᠭᠡᠨ᠎ᠤ ᠲᠥᠷᠥᠯ ᠵᠦᠢ᠍ᠯ᠂ ᠰᠢᠨᠵᠢ ᠴᠢᠨᠠᠷ ᠪᠠ ᠠᠭᠤᠯᠭ᠎ᠠ ᠵᠢ ᠲᠣᠳᠣᠷᠬᠠᠢ᠌ᠯᠠᠨ᠂ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠬᠦ ᠬᠡᠷᠡᠭᠲᠡᠢ᠃ ᠡᠳ᠋᠎ᠤᠨ ᠵᠠᠰᠠᠭ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠶᠡᠷᠦᠩᠬᠡᠢ᠌ᠯᠡᠨ ᠬᠡᠷᠡᠭᠯᠡᠵᠦ᠂ ᠬᠡᠷᠡᠭᠰᠡᠬᠦ ᠵᠠᠷᠤᠳᠠᠯ᠎ᠢ ᠳᠡᠭᠡᠳᠦ ᠱᠠᠲᠤᠨ᠎ᠤ ᠰᠢᠯᠵᠢᠭᠦᠯᠦᠨ ᠥᠭᠭᠦᠭᠰᠡᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠪᠡᠯᠡ ᠮᠥᠩᠭᠥ ᠵᠢᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠲᠥᠷᠥᠯ ᠵᠦᠢ᠍ᠯ᠎ᠤᠨ ᠳᠣᠲᠣᠷ᠎ᠠ᠎ᠠᠴᠠ ᠭᠠᠷᠭ᠋ᠠᠵᠤ᠂ ᠲᠣᠭᠲᠠᠭ᠋ᠠᠭᠰᠠᠨ ᠬᠡᠷᠡᠭᠴᠡᠭᠡ ᠪᠠ ᠬᠡᠪᠴᠢᠶᠡᠨ ᠳᠣᠲᠣᠷ᠎ᠠ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠬᠤᠳᠠᠯᠳᠤᠨ ᠠᠪᠬᠤ ᠵᠢ ᠤᠷᠢᠳᠠᠪᠠᠷ ᠪᠣᠳᠣᠯᠬᠢᠯᠠᠬᠤ ᠬᠡᠷᠡᠭᠲᠡᠢ᠃ ᠪᠠᠩᠬᠢ᠂ ᠳᠠᠭ᠋ᠠᠳᠬᠠᠯ᠂ ᠮᠥᠩᠭᠥᠨ ᠭᠦᠢ᠍ᠯᠭᠡᠭᠡᠨ ᠵᠡᠷᠭᠡ ᠪᠠᠢ᠌ᠭᠤᠯᠤᠮᠵᠢ ᠵᠢᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠳᠤ ᠣᠷᠣᠯᠴᠠᠬᠤ ᠵᠢ ᠵᠣᠷᠢᠭᠵᠢᠭᠤᠯᠵᠤ᠂ ᠬᠥᠭᠵᠢᠯᠲᠡ ᠵᠢᠨ ᠶᠠᠪᠤᠴᠠ᠎ᠳᠠᠬᠢ ᠪᠡᠯᠡ ᠲᠣᠬᠢᠷᠠᠭᠤᠯᠭ᠎ᠠ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃
(ᠠᠷᠪᠠᠨ ᠨᠢᠭᠡ) ᠴᠢᠳᠠᠪᠤᠷᠢᠲᠠᠨ᠎ᠢ ᠬᠥᠮᠥᠵᠢᠭᠦᠯᠬᠦ ᠵᠢ ᠪᠡᠬᠢᠵᠢᠭᠦᠯᠬᠦ ᠬᠡᠷᠡᠭᠲᠡᠢ᠃ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ᠎ᠢ ᠬᠥᠮᠥᠵᠢᠭᠦᠯᠬᠦ ᠪᠠ ᠬᠥᠳᠡᠭᠡ ᠲᠣᠰᠬᠣᠨ᠎ᠤ ᠬᠡᠷᠡᠭᠯᠡᠭᠡᠨ᠎ᠤ ᠴᠢᠳᠠᠪᠤᠷᠢᠲᠠᠨ᠎ᠤ ᠳᠠᠭ᠋ᠠᠭᠤᠯᠤᠭᠴᠢ ᠵᠢᠨ ᠪᠣᠯᠪᠠᠰᠤᠷᠠᠯ᠎ᠤᠨ ᠲᠥᠷᠥᠯ ᠵᠦᠢ᠍ᠯ ᠵᠡᠷᠭᠡ᠎ᠳᠤ ᠲᠦᠰᠢᠭᠯᠡᠨ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠳᠠᠭ᠋ᠠᠭᠤᠯᠤᠭᠴᠢ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠠᠵᠢᠯᠲᠠᠨ᠎ᠳᠤ ᠮᠡᠷᠭᠡᠵᠢᠯ᠎ᠤᠨ ᠪᠣᠯᠪᠠᠰᠤᠷᠠᠯ ᠥᠷᠨᠢᠭᠦᠯᠬᠦ ᠬᠡᠷᠡᠭᠲᠡᠢ᠃ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠢᠴᠢ ᠬᠠᠮᠢᠶ᠎ᠠ ᠪᠦᠬᠦᠢ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠠᠵᠤ ᠠᠬᠤᠢ᠌ᠯᠠᠯ᠂ ᠠᠮᠢᠲᠠᠨ᠎ᠢ ᠣᠨᠣᠰᠢᠯᠠᠨ ᠡᠮᠨᠡᠬᠦ ᠪᠠᠢ᠌ᠭᠤᠯᠤᠮᠵᠢ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠡᠷᠭᠡ᠎ᠳᠤ ᠬᠦᠷᠴᠦ ᠵᠢᠯᠣᠭᠣᠳᠤᠯᠭ᠎ᠠ ᠦᠢ᠍ᠯᠡᠴᠢᠯᠡᠭᠡ ᠬᠢᠬᠦ ᠵᠢ ᠵᠣᠷᠢᠭᠵᠢᠭᠤᠯᠵᠤ᠂ ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠳᠠᠯᠳᠠ ᠬᠦᠴᠦᠨ᠎ᠢ ᠭᠦᠢ᠍ᠴᠡᠳ ᠠᠭᠤᠳᠠᠯᠬᠤ ᠬᠡᠷᠡᠭᠲᠡᠢ᠃ ᠦᠨᠳᠦᠰᠦᠨ ᠱᠠᠲᠤᠨ᠎ᠤ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠳᠤ ᠢᠳᠡᠪᠬᠢᠲᠡᠢ ᠣᠷᠣᠯᠴᠠᠬᠤ ᠵᠢ ᠳᠡᠮᠵᠢᠬᠦ ᠵᠢᠨ ᠬᠠᠮᠲᠤ ᠬᠥᠳᠡᠭᠡ ᠲᠣᠰᠬᠣᠨ᠎ᠤ ᠮᠠᠯ᠎ᠤᠨ ᠡᠮᠴᠢ ᠪᠣᠯᠭ᠋ᠠᠨ ᠳᠡᠩᠰᠡᠯᠡᠵᠦ᠂ ᠲᠣᠰ ᠪᠡᠶ᠎ᠡ ᠵᠢᠨ ᠲᠤᠰᠬᠠᠢ ᠮᠡᠷᠭᠡᠵᠢᠯ᠎ᠤᠨ ᠴᠢᠳᠠᠪᠤᠷᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃
(ᠠᠷᠪᠠᠨ ᠬᠣᠶᠠᠷ) ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ᠃ ᠡᠯ᠎ᠡ ᠠᠢ᠌ᠮᠠᠭ ᠬᠤᠳᠠ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠢᠷᠤᠮᠵᠢᠯ ᠪᠣᠯᠣᠨ ᠪᠠᠷᠢᠮᠵᠢᠶ᠎ᠠ ᠵᠢ ᠲᠣᠭᠲᠠᠭ᠋ᠠᠨ᠂ ᠦᠢ᠍ᠯᠡᠴᠢᠯᠡᠭᠡᠨ᠎ᠤ ᠴᠤᠪᠤᠷᠠᠯ ᠪᠣᠯᠣᠨ ᠶᠠᠰᠤ ᠴᠢᠨᠠᠷ᠎ᠤᠨ ᠱᠠᠭ᠋ᠠᠷᠳᠠᠯᠭ᠎ᠠ ᠵᠢ ᠵᠢᠷᠤᠮᠵᠢᠭᠤᠯᠵᠤ᠂ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠳᠦᠷ ᠲᠤᠳᠤᠮ᠎ᠤᠨ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠢᠩᠭ᠋ᠠᠳᠬᠠᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠬᠦᠷᠢᠶᠡᠨ᠎ᠳᠠᠬᠢ ᠢᠲᠡᠭᠡᠮᠵᠢ ᠵᠢᠨ ᠲᠡᠮᠳᠡᠭᠯᠡᠯ ᠪᠠ ᠤᠬᠤᠷᠢᠨ ᠭᠠᠷᠬᠤ ᠲᠣᠭᠲᠠᠴᠠ ᠵᠢ ᠲᠡᠭᠦᠯᠳᠡᠷᠵᠢᠭᠦᠯᠵᠦ᠂ ᠭᠤᠷᠪᠠᠳᠠᠭᠢ ᠡᠲᠡᠭᠡᠳ᠎ᠤᠨ ᠦᠨᠡᠯᠡᠨ ᠵᠢᠱ᠌ᠢᠬᠦ ᠵᠢ ᠣᠷᠣᠭᠤᠯᠤᠨ ᠠᠪᠴᠢᠷᠠᠵᠤ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠢ ᠬᠡᠷᠡᠭᠵᠢᠭᠦᠯᠦᠨ᠂ ᠦᠢ᠍ᠯᠡᠴᠢᠯᠡᠭᠡᠨ᠎ᠤ ᠪᠠᠢ᠌ᠭᠤᠯᠤᠮᠵᠢ ᠪᠠ ᠠᠵᠢᠯ ᠡᠷᠬᠢᠯᠡᠭᠰᠡᠳ᠎ᠤᠨ ᠢᠲᠡᠭᠡᠮᠵᠢ ᠵᠢᠨ ᠲᠠᠩᠰᠠ ᠡᠪᠬᠡᠮᠡᠯ᠎ᠢ ᠪᠠᠢ᠌ᠭᠤᠯᠵᠤ᠂ ᠢᠲᠡᠭᠡᠮᠵᠢ ᠵᠢᠨ ᠦᠨᠡᠯᠡᠯᠲᠡ ᠵᠢ ᠥᠷᠨᠢᠭᠦᠯᠦᠨ᠂ ᠦᠨᠡᠯᠡᠭᠰᠡᠨ ᠦᠷ᠎ᠡ ᠳ᠋ᠦᠩ᠎ᠢ ᠲᠥᠷᠥ ᠵᠢᠨ ᠪᠣᠳᠣᠯᠭ᠎ᠠ᠎ᠪᠠᠷ ᠲᠡᠳᠬᠦᠬᠦ᠂ ᠲᠥᠷᠥᠯ ᠵᠦᠢ᠍ᠯ ᠵᠶ᠋ᠡᠷ ᠮᠡᠳᠡᠭᠦᠯᠬᠦ ᠵᠡᠷᠭᠡ᠎ᠯᠦᠭᠡ ᠬᠣᠯᠪᠣᠭᠳᠠᠭᠤᠯᠵᠤ᠂ ᠨᠡᠢ᠌ᠲᠡᠯᠢᠭ ᠲᠤᠷᠰᠢᠯᠭ᠎ᠠ ᠠᠷᠭ᠎ᠠ ᠬᠢᠳᠡᠯ᠎ᠢ ᠳ᠋ᠦᠩᠨᠡᠨ ᠳᠡᠯᠭᠡᠷᠡᠭᠦᠯᠵᠦ᠂ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠨ᠂ ᠪᠥᠬᠥ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃