ᠠᠷᠠᠳ᠎ᠤᠨ ᠪᠠᠩᠬᠢ ᠵᠢᠨ ᠰᠦᠯᠵᠢᠶᠡᠨ ᠥᠷᠲᠡᠭᠡᠨ᠎ᠤ 2 ᠳ᠋ᠤᠭ᠋ᠠᠷ ᠰᠠᠷ᠎ᠠ ᠵᠢᠨ 13᠎ᠤ ᠡᠳᠦᠷ ᠨᠡᠶ᠋ᠢᠲᠡᠯᠡᠭᠰᠡᠨ 2024 ᠣᠨ᠎ᠤ ᠳᠥᠷᠪᠡᠳᠦᠭᠡᠷ ᠤᠯᠠᠷᠢᠯ᠎ᠳᠠᠬᠢ ᠳᠤᠮᠳᠠᠳᠤ ᠤᠯᠤᠰ᠎ᠤᠨ ᠵᠣᠭᠤᠰᠣᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠮᠡᠳᠡᠭᠦᠯᠦᠯᠲᠡ᠎ᠳᠤ ᠳᠤᠷᠠᠳᠬᠤ᠎ᠳᠤ᠎ᠪᠠᠨ᠂ ᠵᠣᠬᠢᠰᠲᠠᠶ ᠮᠥᠷᠲᠡᠭᠡᠨ ᠠᠭᠤᠵᠢᠭᠤ ᠪᠠᠢ᠌ᠯᠭ᠋ᠠᠬᠤ ᠵᠣᠭᠤᠰᠣᠨ᠎ᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠦᠨ᠎ᠡ ᠭᠡᠵᠡᠢ᠃ ᠵᠣᠭᠣᠰᠣᠨ᠎ᠤ ᠲᠥᠷᠥ ᠵᠢᠨ ᠪᠣᠳᠣᠯᠭ᠎ᠠ ᠵᠢᠨ ᠣᠯᠠᠨ ᠪᠠᠭ᠋ᠠᠵᠢ ᠵᠢ ᠶᠡᠷᠦᠩᠬᠡᠶ᠋ᠢᠯᠡᠨ ᠬᠡᠷᠡᠭᠯᠡᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠶ ᠮᠥᠩᠭᠥᠨ ᠭᠦᠢ᠍ᠯᠭᠡᠭᠡᠨ᠎ᠤ ᠪᠠᠶ᠋ᠢᠳᠠᠯ ᠪᠠ ᠮᠥᠩᠭᠥᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠪᠠᠶ᠋ᠢᠳᠠᠯ᠎ᠢ ᠦᠨᠳᠦᠰᠦᠯᠡᠨ᠂ ᠲᠣᠬᠢᠶᠠᠯᠳᠤ ᠨᠡᠢ᠌ᠴᠡᠭᠦᠯᠦᠨ ᠲᠥᠷᠥ ᠵᠢᠨ ᠪᠣᠳᠣᠯᠭ᠎ᠠ ᠵᠢᠨ ᠡᠷᠴᠢᠮ ᠪᠠ ᠠᠶ᠋ᠢᠵᠠᠮ᠎ᠢ ᠲᠣᠬᠢᠷᠠᠭᠤᠯᠤᠨ ᠰᠢᠯᠢᠳᠡᠭᠵᠢᠭᠦᠯᠵᠦ᠂ ᠬᠥᠳᠡᠯᠦᠩᠭᠦᠶ ᠴᠢᠨᠠᠷ ᠵᠶ᠋ᠠᠷ ᠭᠦᠢ᠍ᠴᠡᠳ ᠪᠠᠶ᠋ᠢᠬᠤ ᠵᠢ ᠪᠠᠲᠤᠯᠠᠵᠤ᠂ ᠨᠡᠶ᠋ᠢᠭᠡᠮ᠎ᠤᠨ ᠪᠡᠯᠡ ᠲᠣᠬᠢᠷᠠᠭᠤᠯᠬᠤ ᠬᠡᠪᠴᠢᠶᠡᠵᠢᠯ᠂ ᠵᠣᠭᠣᠰᠣᠨ᠎ᠤ ᠬᠠᠩᠭ᠋ᠠᠯᠭ᠎ᠠ ᠵᠢᠨ ᠬᠡᠮᠵᠢᠶᠡᠨ᠎ᠤ ᠨᠡᠮᠡᠭᠳᠡᠯ᠎ᠢ ᠠᠵᠤ ᠠᠬᠤᠶ ᠵᠢᠨ ᠨᠡᠮᠡᠭᠳᠡᠯ᠂ ᠦᠨ᠎ᠡ ᠬᠠᠩᠰᠢ ᠵᠢᠨ ᠶᠡᠷᠦᠩᠬᠡᠶ ᠬᠢᠷᠢ ᠲᠦᠪᠰᠢᠨ᠎ᠤ ᠵᠢᠱ᠌ᠢᠭᠰᠡᠨ ᠬᠠᠷᠠᠯᠲᠠ᠎ᠯᠤᠭ᠎ᠠ ᠵᠣᠬᠢᠴᠠᠯᠳᠤᠭᠤᠯᠬᠤ ᠬᠡᠷᠡᠭᠲᠡᠶ᠃
ᠴᠢᠬᠤᠯᠠ ᠠᠭᠤᠯᠭ᠎ᠠ᠎ᠨᠢ᠄
ᠪᠠᠷᠠᠭ᠋ᠠᠨ᠎ᠤ ᠦᠨ᠎ᠡ ᠵᠢᠨ ᠵᠦᠢ ᠵᠣᠬᠢᠰᠲᠠᠢ᠎ᠪᠠᠷ ᠥᠰᠬᠦ ᠵᠢ ᠠᠬᠢᠭᠤᠯᠬᠤ ᠶᠠᠪᠤᠳᠠᠯ᠎ᠢ ᠵᠣᠭᠤᠰᠤᠨ᠎ᠤ ᠲᠦᠷᠦ ᠵᠢᠨ ᠪᠣᠳᠣᠯᠭ᠎ᠠ ᠵᠢ ᠡᠵᠡᠮᠰᠢᠬᠦ ᠵᠢᠨ ᠴᠢᠬᠤᠯᠠ ᠪᠣᠳᠣᠯᠬᠢᠯᠠᠯ ᠪᠣᠯᠭ᠋ᠠᠵᠤ᠂ ᠪᠠᠷᠠᠭ᠋ᠠᠨ᠎ᠤ ᠦᠨ᠎ᠡ ᠵᠢ ᠵᠦᠢ ᠵᠣᠬᠢᠰᠲᠠᠢ ᠬᠡᠮᠵᠢᠶᠡᠨ᠎ᠳᠤ ᠪᠠᠶ᠋ᠢᠯᠭ᠋ᠠᠬᠤ ᠵᠢ ᠠᠬᠢᠭᠤᠯᠤᠨ᠎ᠠ;
ᠵᠣᠭᠣᠰᠤᠨ᠎ᠤ ᠲᠥᠷᠥ ᠵᠢᠨ ᠪᠣᠳᠣᠯᠭ᠎ᠠ ᠵᠢᠨ ᠳᠠᠮᠵᠢᠭᠤᠯᠬᠤ ᠲᠣᠭᠲᠠᠴᠠ ᠵᠢ ᠰᠢᠯᠤᠭᠤᠳᠬᠠᠨ᠂ ᠦᠯᠡᠳᠡᠭᠡᠯ ᠬᠢᠭᠡᠳ ᠨᠡᠮᠡᠭᠳᠡᠯ᠎ᠤᠨ ᠬᠠᠷᠢᠴᠠᠭ᠎ᠠ ᠵᠢ ᠨᠡᠩ ᠰᠠᠢ᠍ᠲᠤᠷ ᠡᠵᠡᠮᠰᠢᠵᠦ᠂ ᠮᠥᠩᠭᠥᠨ ᠭᠦᠢ᠍ᠯᠭᠡᠭᠡᠨ᠎ᠤ ᠦᠯᠡᠳᠡᠭᠡᠯ ᠡᠬᠢ ᠪᠠᠶᠠᠯᠢᠭ᠎ᠢ ᠰᠡᠷᠭᠦᠭᠡᠬᠦ ᠵᠢ ᠴᠢᠬᠤᠯᠠᠴᠢᠯᠠᠨ᠂ ᠪᠡᠯᠡ ᠮᠥᠩᠭᠥᠨ᠎ᠤ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ;
ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ ᠵᠢᠨ ᠪᠠ ᠰᠠᠭᠤᠭ᠋ᠠᠯᠢ ᠠᠷᠠᠳ᠎ᠤᠨ ᠵᠢᠭᠡᠯᠡᠯᠭᠡ ᠵᠢᠨ ᠥᠪᠡᠷ᠎ᠤᠨ ᠦᠷᠲᠡᠭ᠎ᠢ ᠪᠠᠭᠤᠷᠠᠭᠤᠯᠬᠤ ᠵᠢ ᠠᠬᠢᠭᠤᠯᠤᠨ᠎ᠠ;
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠬᠡᠷᠡᠭᠯᠡᠭᠡ ᠵᠢ ᠠᠬᠢᠭᠤᠯᠬᠤ ᠮᠣᠩᠭᠦᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ;
ᠭᠤᠪᠢᠭᠤᠯᠭ᠎ᠠ ᠵᠢᠨ ᠨᠣᠷᠮ᠎ᠠ᠎ᠳᠤ ᠬᠡᠳᠦ ᠲᠣᠬᠢᠷᠠᠭᠤᠯᠭ᠎ᠠ ᠬᠢᠬᠦ ᠵᠢᠨ ᠲᠦᠭᠰᠢᠭᠦᠷᠢ ᠵᠢ ᠡᠷᠡᠰ ᠰᠡᠷᠭᠡᠢ᠌ᠯᠡᠵᠦ᠂ ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠣᠷᠮ᠎ᠠ ᠵᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ᠎ᠳᠤ ᠦᠨᠳᠦᠰᠦᠨ᠎ᠳᠤ᠎ᠪᠠᠨ ᠲᠣᠭᠲᠠᠭᠤᠨ ᠪᠠᠢ᠌ᠯᠭ᠋ᠠᠬᠤ ᠵᠢ ᠪᠠᠲᠤᠯᠠᠨ᠎ᠠ᠃